ᠠᠯᠠᠱᠠ ᠵᠡᠭᠦᠨ ᠬᠤᠰᠢᠭᠤᠨ ᠤ ᠪᠡᠶ᠎ᠡ ᠴᠢᠭᠢᠷᠠᠭᠵᠢᠭᠤᠯᠬᠤ ᠲᠥᠪ ᠡᠭᠦᠳᠡ ᠪᠠᠨ ᠨᠡᠭᠡᠭᠡᠵᠦ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2021/10/9
    9 ᠳ᠋ᠦ᠋ᠭᠡᠷ ᠰᠠᠷ᠎ᠠ ᠶᠢᠨ 30᠎ ᠤ ᠡᠳᠦᠷ᠂ ᠠᠯᠠᠱᠠ ᠵᠡᠭᠦᠨ ᠬᠤᠰᠢᠭᠤᠨ ᠤ ᠪᠡᠶ᠎ᠡ ᠴᠢᠭᠢᠷᠠᠭᠵᠢᠭᠤᠯᠬᠤ ᠲᠥᠪ ᠤᠨ ︽ᠤᠯᠤᠰ ᠤᠨ ᠪᠠᠶᠠᠷ ᠢ ᠤᠭᠲᠤᠬᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ︾᠎ ᠶᠢᠨ ᠡᠬᠢᠯᠡᠯᠲᠡ ᠶᠢᠨ ᠶᠣᠰᠣᠯᠠᠯ ᠪᠠᠶᠠᠨᠬᠤᠲᠠ ᠶᠢᠨ ᠣᠯᠠᠨ ᠴᠢᠳᠠᠮᠵᠢᠳᠤ ᠪᠡᠶ᠎ᠡ ᠶᠢᠨ ᠲᠠᠮᠢᠷ ᠤᠨ ᠲᠠᠯᠠᠪᠠᠶ ᠳᠤ ᠶᠠᠪᠤᠭᠳᠠᠪᠠ᠃ ᠠᠯᠠᠱᠠ ᠵᠡᠭᠦᠨ ᠬᠤᠰᠢᠭᠤᠨ ᠤ ᠪᠡᠶ᠎ᠡ ᠴᠢᠭᠢᠷᠠᠭᠵᠢᠭᠤᠯᠬᠤ ᠲᠥᠪ ᠨᠢ ᠪᠠᠶᠠᠨᠬᠤᠲᠠ ᠶᠢᠨ ᠣᠯᠠᠨ ᠴᠢᠳᠠᠮᠵᠢᠳᠣ ᠪᠡᠶ᠎ᠡ ᠶᠢᠨ ᠲᠠᠮᠢᠷ ᠤᠨ ᠲᠠᠯᠠᠪᠠᠶ ᠶᠢᠨ ᠵᠡᠭᠦᠨ ᠡᠭᠦᠳᠡᠨ ᠳᠤ ᠪᠠᠶᠢᠷᠢᠯᠠᠵᠤ᠂ ᠲᠥᠪ ᠲᠤ ᠲᠥᠬᠦᠭᠡᠷᠦᠮᠵᠢ ᠪᠦᠷᠢᠨ᠂ ᠬᠥᠳᠡᠯᠭᠡᠭᠡᠨᠲᠦ ᠳᠤᠭᠤᠶ ᠲᠡᠷᠭᠡ᠂ ᠶᠡᠷᠦᠩᠬᠡᠶᠢᠯᠡᠭᠰᠡᠨ ᠪᠡᠶ᠎ᠡ ᠴᠢᠭᠢᠷᠠᠭᠵᠢᠭᠤᠯᠬᠤ᠂ ᠲᠠᠮᠢᠷ ᠤᠨ ᠥᠷᠥᠭᠡ᠂ ᠥᠳᠥᠨ ᠪᠥᠮᠪᠦᠭᠡ᠂ ᠫᠢᠩᠫᠠᠩ ᠪᠥᠮᠪᠦᠭᠡ᠂ ᠴᠢᠴᠢᠭᠦᠷ ᠪᠥᠮᠪᠦᠭᠡ᠂ ᠰᠤᠷ ᠬᠠᠷᠪᠤᠯᠲᠠ  ᠵᠡᠷᠭᠡ ᠣᠯᠠᠨ ᠲᠥᠷᠥᠯ ᠵᠦᠶᠯ ᠪᠠᠶᠢᠵᠤ ᠂ ᠠᠯᠠᠱᠠ ᠵᠡᠭᠦᠨ ᠬᠤᠰᠢᠭᠤᠨ ᠤ ᠬᠡᠪᠴᠢᠶ᠎ᠡ ᠪᠠᠷ ᠬᠠᠮᠤᠭ ᠤᠨ ᠶᠡᠭᠡ᠂ ᠲᠥᠷᠥᠯ ᠵᠦᠶᠯ ᠢᠶᠠᠷ ᠬᠠᠮᠤᠭ ᠤᠨ ᠪᠦᠷᠢᠨ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠴᠢᠭᠢᠷᠠᠭᠵᠢᠭᠤᠯᠬᠤ ᠲᠠᠯᠠᠪᠠᠶ ᠣᠷᠳᠣᠨ ᠪᠣᠯᠬᠤ ᠶᠢᠨ ᠬᠠᠮᠲᠤ ᠠᠯᠠᠱᠠ ᠵᠡᠭᠦᠨ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠦᠶᠳᠬᠡᠯ ᠪᠠᠭ᠎ᠠ ᠬᠤᠷᠢᠶᠠᠬᠤ ᠨᠡᠭᠡᠭᠡᠯᠲᠡᠲᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠤᠨ᠎ᠠ᠃
ᠪᠡᠯᠡᠳᠬᠡᠭᠰᠡᠨ ᠨᠢ᠄ ᠡᠷᠳᠡᠨᠢᠬᠦᠦ
ᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号