ᠠᠯᠠᠱᠠ ᠵᠡᠭᠦᠨ ᠬᠤᠰᠢᠭᠤᠨ ᠤ ︽ᠤᠯᠤᠰ ᠤᠨ ᠪᠠᠶᠠᠷ︾᠎ ᠤᠨ ᠬᠤᠭᠤᠴᠠᠭᠠᠨ ᠳᠤ ᠭᠤᠤᠯ ᠪᠣᠯᠬᠤ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠶᠯ ᠤᠨ ᠬᠠᠩᠭᠠᠯᠭ᠎ᠠ ᠭᠦᠶᠴᠡᠳ ᠪᠠᠶᠢᠵᠤ᠂ ᠦᠨ᠎ᠡ ᠬᠠᠩᠰᠢ ᠦᠨᠳᠦᠰᠦᠨ ᠳᠡᠭᠡᠨ ᠲᠣᠭᠲᠠᠪᠤᠷᠢᠲᠠᠶ  ᠪᠠᠶᠢᠪᠠ
ᠨᠡᠶᠢᠲᠡᠯᠡᠭᠰᠡᠨ ᠴᠠᠭ᠄
2021/10/9
   10 ᠳ᠋ᠤᠭᠠᠷ ᠰᠠᠷ᠎ᠠ ᠶᠢᠨ 1᠎ ᠤ ᠡᠳᠦᠷ ᠠᠴᠠ 7᠎ ᠤ ᠡᠳᠦᠷ ᠪᠣᠯᠲᠠᠯ᠎ᠠ᠂ ᠠᠯᠠᠱᠠ ᠵᠡᠭᠦᠨ ᠬᠤᠰᠢᠭᠤᠨ ᠤ ᠠᠮᠤ ᠲᠣᠰᠣ᠂ ᠮᠢᠬ᠎ᠠ᠂ ᠥᠨᠳᠡᠭᠡ᠂ ᠨᠣᠭᠤᠭ᠎ᠠ᠂ ᠤᠰᠤᠨ ᠤ ᠭᠠᠷᠤᠯᠲᠠ ᠵᠡᠷᠭᠡ ᠬᠤᠯᠢᠰᠢᠨ ᠢᠳᠡᠭᠡᠨ ᠤ ᠵᠠᠬ᠎ᠠ ᠳᠡᠯᠭᠡᠭᠦᠷ ᠤᠨ ᠪᠠᠷᠠᠭᠠᠨ ᠤ ᠢᠷᠡᠯᠲᠡ ᠭᠦᠶᠴᠡᠳ᠂ ᠲᠥᠷᠥᠯ ᠵᠦᠶᠯ ᠪᠦᠷᠢᠨ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠡᠷᠦᠩᠬᠡᠶ ᠳᠡᠭᠡᠨ ᠲᠣᠭᠲᠠᠭᠤᠨ ᠪᠠᠶᠢᠪᠠ᠃     ᠤᠯᠤᠰ ᠤᠨ ᠪᠠᠶᠠᠷ ᠤᠨ ᠲᠦᠷᠦᠭᠦᠦ ᠡᠳᠦᠷ ᠲᠠᠢ ᠬᠠᠷᠢᠴᠠᠭᠤᠯᠪᠠᠯ᠂ ᠠᠮᠤ ᠪᠤᠳᠠᠭ᠎ᠠ᠂ ᠲᠣᠰᠣ᠂ ᠦᠬᠡᠷ ᠬᠤᠨᠢᠨ ᠮᠢᠬ᠎ᠠ᠂ ᠭᠠᠭ᠋ᠠᠶ ᠎ ᠶᠢᠨ ᠬᠠᠪᠢᠷᠭᠠᠨ ᠮᠢᠬ᠎ᠠ᠂ ᠭᠢᠶᠠᠯᠲᠤ ᠵᠢᠭᠠᠰᠤ᠂ ᠵᠢᠮᠢᠰ᠂ ᠦᠨᠢᠶᠡᠨ‌‍ᠰᠦ᠋ ᠎ ᠶᠢᠨ ᠦᠨ᠎ᠡ ᠲᠡᠩᠴᠡᠭᠦᠦ ᠪᠠᠶᠢᠵᠤ᠂ ᠭᠠᠭ᠋ᠠᠶ ᠎ ᠶᠢᠨ ᠠᠷᠠᠰᠤ᠂ ᠭᠤᠶ᠎ᠠ ᠎ ᠶᠢᠨ ᠮᠢᠬ᠎ᠠ᠂ ᠲᠠᠬᠢᠶᠠᠨ ᠮᠢᠬ᠎ᠠ᠂ ᠲᠠᠬᠢᠶᠠᠨ ᠥᠨᠳᠡᠭᠡ᠂ ᠮᠥᠷᠭᠦ ᠵᠢᠭᠠᠰᠤᠨ ᠤ ᠦᠨ᠎ᠡ ᠪᠠᠭᠤᠷᠠᠵᠤ᠂ ᠢᠳᠡᠰᠢᠨ ᠨᠣᠭᠤᠭ᠎ᠠ ᠎ ᠶᠢᠨ ᠦᠨ᠎ᠡ ᠥᠰᠴᠡᠶ᠃ ᠠᠯᠠᠱᠠ ᠵᠡᠭᠦᠨ ᠬᠤᠰᠢᠭᠤᠨ ᠤ ᠡᠯ᠎ᠡ ᠡᠮ ᠤᠨ ᠵᠦᠶᠯ ᠤᠨ ᠵᠢᠵᠢᠭᠯᠡᠨ ᠬᠤᠳᠠᠯᠳᠤᠬᠤ ᠳᠡᠯᠭᠡᠭᠦᠷ ᠤᠨ ᠠᠷᠢᠭᠤᠳᠬᠠᠬᠤ ᠰᠢᠩᠭᠡᠨ᠂ 75%᠎ ᠶᠢᠨ ᠰᠫᠢᠷᠲ᠂ ᠡᠯ᠎ᠡ ᠲᠥᠷᠥᠯ ᠤᠨ ᠠᠮᠠᠪᠴᠢ ᠶᠢ ᠴᠥᠮ ᠪᠣᠷᠣᠯᠠᠭᠤᠯᠵᠤ᠂ ᠶᠡᠷᠦᠩᠬᠡᠶ ᠳᠡᠭᠡᠨ ᠪᠠᠷᠠᠭᠠᠨ ᠤ ᠦᠨ᠎ᠡ ᠨᠢ ᠲᠣᠭᠲᠠᠪᠤᠷᠢᠲᠠᠶ᠂ ᠵᠠᠬ᠎ᠠ ᠳᠡᠯᠭᠡᠭᠦᠷ ᠤᠨ ᠬᠠᠩᠭᠠᠯᠭ᠎ᠠ ᠪᠣᠷᠣᠯᠠᠭᠤᠯᠭ᠎ᠠ ᠨᠢ ᠲᠣᠭᠲᠠᠭᠤᠨ ᠪᠥᠭᠡᠳ ᠡᠮᠬᠢ ᠵᠢᠷᠤᠮ ᠲᠠᠢ  ᠪᠠᠶᠢᠪᠠ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号