10 ᠳ᠋ᠤᠭᠠᠷ ᠰᠠᠷ᠎ᠠ ᠶᠢᠨ 7 ᠤ ᠡᠳᠦᠷ᠂ ᠠᠯᠠᠱᠠ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠠᠶᠢᠮᠠᠭ ᠤᠨ ᠳᠠᠷᠤᠭ᠎ᠠ ᠯᠢ ᠵᠥᠩ ᠽᠧᠩ ᠬᠠᠯᠠᠭᠤᠨ ᠡᠨᠧᠷᠭᠢ ᠶᠢᠨ ᠪᠦᠯᠦᠭᠯᠡᠯ ᠳᠤ ᠭᠦᠨᠵᠡᠭᠡᠶᠢᠷᠡᠨ ᠡᠪᠦᠯ ᠤᠨ | ᠤᠯᠠᠷᠢᠯ ᠤᠨ ᠲᠥᠪᠯᠡᠷᠡᠭᠦᠯᠦᠨ ᠢᠯᠴᠢ ᠬᠠᠩᠭᠠᠬᠤ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ᠃ | ᠯᠢ ᠵᠦᠩ ᠽᠧᠩ ᠨᠠᠷ ᠤᠷᠢᠳ ᠬᠤᠵᠢᠳ ᠬᠠᠯᠠᠭᠤᠨᠡᠨᠧᠷᠭᠢ ᠶᠢᠨ ᠪᠦᠯᠦᠭᠯᠡᠯ ᠤᠨ ᠲᠥᠬᠦᠭᠡᠷᠦᠮᠵᠢ ᠶᠢᠨ | ᠦᠢᠯᠡᠳᠪᠦᠷᠢ ᠶᠢᠨ ᠲᠠᠰᠤᠭ᠂ ᠲᠥᠪ ᠤᠨ ᠡᠵᠡᠮᠳᠡᠯ ᠤᠨ ᠲᠠᠰᠤᠭ᠂ ᠨᠠᠮ ᠤᠨ ᠪᠠᠶᠢᠭᠤᠯᠤᠯᠲᠠ ᠶᠢᠨ ᠰᠣᠶᠣᠯ ᠤᠨ ᠲᠥᠪ | ᠵᠡᠷᠭᠡ ᠭᠠᠵᠠᠷ ᠲᠤ ᠬᠦᠷᠴᠦ᠂ ᠢᠯᠴᠢ ᠬᠠᠩᠭᠠᠬᠤ ᠪᠡᠯᠡᠳᠬᠡᠯ᠂ ᠲᠥᠬᠦᠭᠡᠷᠦᠮᠵᠢ ᠶᠢᠨ ᠠᠵᠢᠯᠯᠠᠭ᠎ᠠ᠂ ᠨᠡᠭᠦᠷᠡᠰᠦᠨ ᠤ | ᠨᠥᠭᠡᠴᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠡᠨᠡ ᠵᠢᠯ ᠤᠨ ᠨᠡᠭᠦᠷᠡᠰᠦᠨ ᠤ ᠬᠠᠩᠭᠠᠯᠭ᠎ᠠ ᠬᠡᠷᠡᠭᠴᠡᠭᠡ ᠶᠢᠨ | ᠵᠥᠷᠢᠴᠡᠯ ᠲᠣᠪᠤᠶᠢᠮ᠎ᠠ ᠪᠠᠶᠢᠬᠤ ᠶᠢ ᠣᠶᠢᠯᠠᠭᠠᠭᠰᠠᠨ ᠤ ᠳᠠᠷᠠᠭ᠎ᠠ᠂ ᠯᠢ ᠵᠥᠩ ᠽᠧᠩ ᠠᠴᠠ᠂ ᠢᠯᠴᠢ ᠬᠠᠩᠭᠠᠬᠤ ᠠᠵᠤ | ᠠᠬᠤᠶᠢᠯᠠᠯ ᠤᠨ ᠨᠡᠭᠦᠷᠡᠰᠦᠨ ᠤ ᠬᠡᠷᠡᠭᠴᠡᠭᠡ ᠶᠢ ᠪᠠᠲᠤᠯᠠᠬᠤ ᠪᠣᠯ ᠣᠳᠣᠬᠠᠨ ᠤ ᠬᠠᠮᠤᠭ ᠤᠨ ᠴᠢᠬᠤᠯᠠ ᠠᠷᠠᠳ ᠤᠨ | ᠠᠮᠢᠳᠤᠷᠠᠯ ᠤᠨ ᠶᠡᠭᠡ ᠶᠠᠪᠤᠳᠠᠯ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢ | ᠡᠷᠬᠢᠮᠯᠡᠨ᠂ ᠶᠡᠭᠡ ᠲᠠᠯ᠎ᠠ ᠶᠢ ᠬᠠᠷᠠᠭᠠᠯᠵᠠᠵᠤ᠂ ᠣᠯᠠᠨ ᠲᠦᠮᠡᠨ ᠤ ᠬᠦᠶᠲᠡᠨ ᠳᠤᠯᠠᠭᠠᠨ ᠢ ᠦᠨᠡᠨ ᠬᠦ ᠰᠡᠳᠬᠢᠯ ᠳᠡᠭᠡᠨ | ᠪᠤᠳᠤᠵᠤ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠠᠷᠭ᠎ᠠ ᠪᠦᠬᠦᠨ ᠢ ᠰᠦᠪᠡᠭᠴᠢᠯᠡᠵᠦ | ᠪᠠᠶᠢᠭᠠᠳ ᠢᠯᠴᠢ ᠬᠠᠩᠭᠠᠬᠤ ᠠᠵᠤ ᠠᠬᠤᠶᠢᠯᠠᠯ ᠤᠨ ᠪᠣᠳᠠᠲᠠᠶ ᠬᠦᠴᠢᠷᠳᠡᠯ ᠢ ᠰᠢᠶᠳᠪᠦᠷᠢᠯᠡᠵᠦ᠂ ᠢᠯᠴᠢ ᠬᠠᠩᠭᠠᠬᠤ | ᠠᠵᠢᠯ ᠤᠨ ᠲᠣᠭᠲᠠᠭᠤᠨ ᠢᠶᠠᠷ ᠶᠠᠪᠤᠭᠳᠠᠬᠤ ᠶᠢ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠯᠢ ᠵᠥᠩ ᠽᠧᠩ ᠠᠴᠠ᠂ ᠳᠤᠯᠠᠭᠠᠯᠭ᠎ᠠ ᠶᠢᠨ ᠪᠠᠲᠤᠯᠠᠭ᠎ᠠ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ | ᠣᠯᠠᠨ ᠲᠦᠮᠡᠨ ᠤ ᠬᠠᠯᠠᠭᠤᠨ ᠬᠦᠢᠲᠡᠨ ᠳᠤ ᠬᠤᠯᠪᠣᠭᠳᠠᠵᠤ ᠪᠠᠶᠢᠳᠠᠭ᠃ ᠨᠢᠭᠡ ᠳᠤ᠂ ᠡᠯ᠎ᠡ ᠬᠤᠰᠢᠭᠤ ᠣᠷᠣᠨ᠂ | ᠡᠯ᠎ᠡ ᠰᠠᠯᠠᠭ᠎ᠠ ᠮᠥᠴᠢᠷ ᠤᠳ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ | ᠪᠠᠬᠢ ᠪᠣᠶ ᠪᠣᠯᠭᠠᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠨ᠂ | ᠵᠣᠬᠢᠴᠠᠭᠤᠯᠤᠨ ᠦᠶᠯᠡᠴᠢᠯᠡᠬᠦ ᠪᠠᠨ ᠴᠢᠩᠭᠠᠳᠬᠠᠵᠤ᠂ ᠢᠯᠴᠢ ᠬᠠᠩᠭᠠᠬᠤ ᠪᠠᠷᠢᠮᠵᠢᠶ᠎ᠠ ᠶᠢ ᠴᠢᠩᠳᠠᠯᠠᠵᠤ᠂ ᠢᠯᠴᠢ | ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠦᠨ᠂ ᠢᠯᠴᠢ ᠬᠠᠩᠭᠠᠬᠤ ᠶᠢ ᠨᠠᠷᠢᠯᠢᠬᠵᠢᠭᠤᠯᠬᠤ ᠬᠠᠮᠢᠶᠠᠷᠤᠯᠲᠠ ᠶᠢᠨ | ᠴᠢᠳᠠᠪᠤᠷᠢ ᠪᠠᠨ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠬᠡᠷᠡᠭᠯᠡᠬᠦ ᠳᠤᠯᠠᠭᠠᠯᠠᠭ᠎ᠠ ᠶᠢᠨ ᠬᠡᠷᠡᠭᠴᠡᠭᠡ ᠶᠢ ᠪᠥᠬᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ︔ ᠬᠤᠶᠠᠷ ᠲᠤ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ | ᠪᠠᠲᠤᠳᠬᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ | ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠨᠠᠷᠢᠨ ᠬᠢᠨᠠᠮᠠᠭᠠᠢ ᠵᠠᠰᠠᠨ ᠲᠡᠭᠦᠯᠳᠡᠷᠵᠢᠭᠦᠯᠵᠦ᠂ ᠲᠦᠢᠯ ᠤᠨ ᠬᠦᠢᠳᠡᠨ | ᠠᠭᠤᠷ ᠠᠮᠢᠰᠬᠤᠯ ᠢ ᠠᠷᠭᠠᠴᠠᠬᠤ ᠴᠢᠳᠠᠪᠤᠷᠢ ᠪᠣᠯᠤᠨ ᠲᠦᠪᠰᠢᠨ ᠢ ᠳᠡᠭᠡᠭᠰᠢᠯᠡᠭᠦᠯᠵᠦ᠂ ᠡᠯ᠎ᠡ ᠲᠦᠷᠦᠯ ᠤᠨ ᠢᠯᠴᠢ | ᠬᠠᠩᠭᠠᠬᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠯᠢ ᠵᠥᠩ ᠽᠧᠩ᠂ ᠢᠯᠴᠢ ᠬᠠᠩᠭᠠᠬᠤ ᠠᠵᠤ ᠠᠬᠤᠶᠢᠯᠠᠯ ᠢ ᠵᠣᠷᠢᠭᠵᠢᠭᠤᠯᠬᠤ ᠶᠢᠨ ᠬᠠᠮᠲᠤ᠂ ᠨᠢᠭᠡ ᠳᠤ ᠭᠤᠤᠯ | ᠴᠣᠭᠴᠠ ᠶᠢᠨ ᠬᠠᠷᠢᠭᠤᠴᠠᠯᠭ᠎ᠠ᠂ ᠨᠡᠶᠢᠭᠡᠮ ᠤᠨ ᠬᠠᠷᠢᠭᠤᠴᠠᠯᠭ᠎ᠠ ᠪᠠᠨ ᠡᠷᠡᠰ ᠭᠦᠶᠴᠡᠳᠬᠡᠵᠦ᠂ ᠢᠯᠴᠢ | ᠬᠠᠩᠭᠠᠬᠤ ᠠᠴᠠ ᠡᠮᠦᠨᠡᠬᠢ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ᠂ ᠲᠣᠨᠤᠭ | ᠲᠥᠬᠦᠭᠡᠷᠦᠮᠵᠢ ᠶᠢ ᠪᠠᠶᠢᠴᠠᠭᠠᠨ ᠵᠠᠰᠠᠬᠤ᠂ ᠤᠰᠤ ᠣᠷᠣᠭᠤᠯᠵᠤ ᠳᠠᠷᠤᠯᠲᠠ ᠨᠡᠮᠡᠬᠦ᠂ ᠪᠠᠴᠢᠮ ᠪᠠᠶᠢᠳᠠᠯ ᠢ ᠠᠷᠭᠠᠴᠠᠬᠤ | ᠪᠠᠲᠤᠯᠠᠭ᠎ᠠ ᠵᠡᠷᠭᠡ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ︔ ᠬᠤᠶᠠᠷ ᠲᠤ | ᠣᠶᠢᠷ᠎ᠠ ᠶᠢᠨ ᠬᠤᠭᠤᠴᠠᠭᠠᠨ ᠤ ᠴᠠᠭ ᠠᠭᠤᠷ ᠤᠨ ᠬᠤᠪᠢᠷᠠᠯᠲᠠ ᠶᠢ ᠴᠠᠭ ᠲᠤᠬᠠᠶ ᠳᠤᠨᠢ ᠠᠩᠬᠠᠷᠴᠤ᠂ | ᠳᠤᠯᠠᠭᠠᠯᠭ᠎ᠠ ᠶᠢᠨ ᠲᠥᠯᠥᠪᠯᠡᠭᠡ ᠳᠤ ᠴᠠᠭ ᠲᠤᠨᠢ ᠳᠣᠭᠢᠷᠠᠭᠤᠯᠤᠨ ᠲᠣᠬᠢᠷᠠᠭᠤᠯᠤᠯᠲᠠ ᠬᠢᠵᠦ᠂ ᠠᠵᠢᠯ ᠤᠨ ᠪᠡᠯᠡᠳᠬᠡᠯ | ᠭᠦᠶᠴᠡᠳ᠂ ᠲᠣᠨᠤᠭ ᠲᠥᠬᠦᠭᠡᠷᠦᠮᠵᠢ ᠶᠢᠨ ᠠᠵᠢᠯᠯᠠᠭᠠᠨ ᠲᠣᠭᠲᠠᠭᠤᠨ᠂ ᠠᠷᠠᠳ ᠣᠯᠠᠨ ᠤ ᠰᠡᠳᠬᠢᠯ ᠢ | ᠳᠤᠯᠠᠭᠠᠴᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠣᠷᠢᠭᠵᠢᠭᠤᠯᠬᠤ ᠶᠢᠨ ᠬᠠᠮᠲᠤ ᠱᠠᠭᠠᠷᠳᠠᠪᠠ᠃ | | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | |