ᠠᠯᠠᠱᠠ ᠵᠡᠭᠦᠨ ᠬᠤᠰᠢᠭᠤᠨ ᠤ ︽ᠮᠥᠩᠬᠡ ᠰᠤᠪᠠᠭ · ᠴᠠᠬᠢᠮ ᠢᠶᠠᠷ ᠭᠦᠢᠴᠡᠳᠬᠡᠬᠦ︾ ᠠᠵᠢᠯ ᠤᠨ ᠬᠡᠷᠡᠭᠵᠢᠭᠦᠯᠬᠦ ᠲᠥᠰᠦᠯ ᠢ ᠲᠦᠷᠭᠡᠳᠬᠡᠨ ᠠᠬᠢᠭᠤᠯᠬᠤ ᠲᠤᠬᠠᠢ ᠲᠥᠰᠥᠯ
ᠨᠡᠶᠢᠲᠡᠯᠡᠭᠰᠡᠨ ᠴᠠᠭ᠄
2021/10/9
ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠬᠤ ᠶᠢᠨ ᠲᠥᠯᠥᠭᠡ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠪᠣᠳᠠᠲᠤ ᠬᠡᠷᠡᠭᠴᠡᠭᠡ ᠳᠤ ᠰᠠᠭᠤᠷᠢᠯᠠᠨ᠂ ᠨᠡᠭᠦᠳᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠴᠠᠬᠢᠮ ᠰᠦᠯᠵᠢᠶ᠎ᠡ ᠪᠠᠷ ᠦᠢᠯᠡᠴᠢᠯᠡᠬᠦ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠶᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠵᠤ᠂ ︽︿ᠮᠥᠩᠬᠡ ᠰᠤᠪᠠᠭ · ᠴᠠᠬᠢᠮ ᠢᠶᠠᠷ ᠭᠦᠢᠴᠡᠳᠬᠡᠬᠦ﹀ ︿ᠮᠥᠩᠬᠡ ᠰᠤᠪᠠᠭ · ᠨᠢᠭᠡ ᠤᠳᠠᠭ᠎ᠠ ᠪᠠᠷ ᠭᠦᠢᠴᠡᠳᠬᠡᠬᠦ ᠠᠯᠪᠠᠨ ᠭᠡᠷ﹀ ︿ᠮᠥᠩᠬᠡ ᠰᠤᠪᠠᠭ · ᠲᠠᠨ ᠢ ᠬᠠᠪᠰᠤᠷᠤᠨ ᠭᠦᠶᠴᠡᠳᠬᠡᠬᠦ﹀ ᠠᠵᠢᠯ ᠤᠨ ᠬᠡᠷᠡᠭᠵᠢᠭᠦᠯᠬᠦ ᠲᠥᠰᠦᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠮᠡᠳᠡᠭᠳᠡᠯ︾ ︵ᠠᠯᠠᠱᠠ ᠠᠶᠢᠮᠠᠭ ᠤᠨ ᠵᠠᠬᠢᠷᠭ᠎ᠠ ᠠᠯᠪᠠᠨ ᠲᠠᠷᠬᠠᠭᠠᠭᠰᠠᠨ ︹ 2021 ︺ 15 ᠳ᠋ᠤᠭᠠᠷ ᠲᠣᠭᠠᠲᠤ︶᠎ ᠢ ᠦᠨᠳᠦᠰᠦᠯᠡᠨ᠂ ᠠᠯᠠᠱᠠ ᠵᠡᠭᠦᠨ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃       ᠨᠢᠭᠡ᠂ ᠶᠡᠷᠦᠩᠬᠡᠶ ᠱᠠᠭᠠᠷᠳᠠᠯᠭ᠎ᠠ       ︵ᠨᠢᠭᠡ︶ ᠵᠢᠯᠣᠭᠤᠳᠬᠤ ᠦᠵᠡᠯ ᠰᠠᠨᠠᠭ᠎ᠠ       ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠡᠬᠢᠯᠡᠯᠲᠡ ᠪᠣᠯᠭᠠᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠯᠪᠠᠨ ᠬᠡᠷ ᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠮᠥᠩᠬᠡ ᠰᠤᠪᠠᠭ ᠴᠠᠬᠢᠮ ᠠᠯᠪᠠᠨ ᠭᠡᠷ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠠᠯᠠᠱᠠ ᠵᠡᠭᠦᠨ ᠬᠤᠰᠢᠭᠤᠨ ᠤ ᠠᠵᠤ ᠠᠬᠤᠶ ᠶᠢᠨ ᠴᠢᠨᠠᠷᠯᠢᠭ ᠬᠥᠭᠵᠢᠯᠲᠡ ᠳᠤ ᠬᠦᠴᠦᠨ ᠨᠡᠮᠡᠷᠢᠯᠡᠨ᠎ᠡ᠃       ︵ᠬᠤᠶᠠᠷ︶ ᠠᠵᠢᠯ ᠤᠨ ᠬᠠᠷᠠᠯᠲᠠ       ︽ᠨᠢᠭᠡ ᠲᠠᠪᠴᠠᠩ᠂ ᠣᠯᠠᠨ ᠠᠷᠭ᠎ᠠ ᠵᠠᠮ᠂ ᠥᠷᠭᠡᠨ ᠢᠶᠠᠷ ᠬᠠᠮᠤᠷᠬᠤ︾ ᠰᠡᠳᠬᠢᠮᠵᠢ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠵᠢᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ᠨᠢ ᠨᠡᠭᠦᠳᠡᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠢ ᠬᠠᠮᠲᠤᠪᠠᠷ ᠪᠠᠶᠢᠭᠤᠯᠵᠤ ᠬᠠᠮᠲᠤ ᠪᠠᠷ ᠬᠡᠷᠡᠭᠯᠡᠨ᠎ᠡ ︵︽ᠮᠥᠩᠬᠡ ᠰᠤᠪᠠᠭ︾᠎ ᠤᠨ APP ᠭᠡᠵᠦ ᠲᠣᠪᠴᠢᠯᠠᠨ᠎ᠠ︶᠎ ᠶᠢ ᠬᠠᠮᠲᠤᠪᠠᠷ ᠪᠠᠶᠢᠭᠤᠯᠤᠨ᠎ᠠ᠃ ︽ᠮᠥᠩᠬᠡ ᠰᠤᠪᠠᠭ · ᠴᠠᠬᠢᠮ ᠢᠶᠠᠷ ᠭᠦᠢᠴᠡᠳᠬᠡᠬᠦ︾ ᠠᠵᠢᠯ ᠢ ᠠᠬᠢᠭᠤᠯᠬᠤ ᠶᠢᠨ ᠵᠣᠷᠢᠯᠭ᠎ᠠ ᠨᠢ ᠥᠷᠭᠡᠨ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠶᠴᠡᠳᠬᠡᠬᠦ ᠳᠤ ︽ᠨᠢᠭᠡᠳ ᠢᠶᠠᠷ ᠭᠦᠢᠴᠡᠳᠬᠡᠬᠦ︾ ᠴᠠᠬᠢᠮ ᠢᠶᠠᠷ ᠪᠠᠶᠢᠴᠠᠭᠠᠨ ᠯᠠᠪᠯᠠᠬᠤ᠂ ᠴᠠᠬᠢᠮ ᠢᠶᠠᠷ ᠤᠷᠢᠳᠴᠢᠯᠠᠨ ᠪᠣᠯᠵᠣᠬᠤ᠂ ᠴᠠᠬᠢᠮ ᠢᠶᠠᠷ ᠭᠦᠶᠴᠡᠳᠬᠡᠬᠦ᠂ ᠴᠠᠬᠢᠮ ᠢᠶᠠᠷ ᠦᠨᠡᠯᠡᠯᠲᠡ ᠶᠢᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡ ᠬᠠᠩᠭᠠᠬᠤ ᠵᠣᠷᠢᠯᠭ᠎ᠠ ᠲᠠᠢ᠃ ᠡᠭᠦᠨ ᠤ ᠵᠡᠷᠭᠡ ᠳᠤ᠂ ︽ᠮᠥᠩᠬᠡ ᠰᠤᠪᠠᠭ︾᠎ ᠤᠨ APP᠎ ᠨᠢ ᠪᠠᠰᠠ ᠣᠯᠠᠨ ᠵᠦᠶᠯ ᠤᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ ᠬᠠᠩᠭᠠᠵᠤ᠂ 24 ᠴᠠᠭ ᠤᠨ ︽ᠴᠠᠬᠢᠮ ᠢᠶᠠᠷ︾ ᠵᠠᠰᠠᠭ ᠤᠨ ᠶᠠᠪᠤᠳᠠᠯ ᠤᠨ ᠦᠶᠯᠡᠴᠢᠯᠡᠭᠡ ᠬᠠᠩᠭᠠᠵᠤ᠂ ᠣᠯᠠᠨ ᠲᠦᠮᠡᠨ ᠳᠤ ᠬᠡᠷ ᠠᠴᠠ ᠪᠠᠨ ᠭᠠᠷᠬᠤ ᠥᠬᠡᠶ ᠪᠠᠷ ᠠᠮᠢᠳᠤᠷᠠᠯ ᠤᠨ ᠲᠥᠬᠦᠮ ᠨᠥᠬᠦᠴᠡᠯ ᠢ ᠡᠳ᠋ᠯᠡᠭᠦᠯᠵᠦ᠂ ︽ᠮᠥᠩᠬᠡ ᠰᠤᠪᠠᠭ︾᠎ ᠤᠨ ᠴᠠᠬᠢᠮ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠢ ᠠᠷᠠᠳ ᠣᠯᠠᠨ ᠤ ᠦᠷᠭᠦᠯᠵᠢ ᠦᠵᠡᠵᠦ ᠦᠷᠭᠦᠯᠵᠢ ᠬᠡᠷᠡᠭᠯᠡᠬᠦ᠂ ᠵᠠᠪᠠᠯ ᠦᠵᠡᠵᠦ ᠵᠠᠪᠠᠯ ᠬᠡᠷᠡᠭᠯᠡᠬᠦ ᠴᠠᠬᠢᠮ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠪᠣᠯᠭᠠᠨ᠎ᠠ᠃       ᠬᠤᠶᠠᠷ᠂ ᠭᠤᠣᠯ ᠡᠭᠦᠷᠭᠡ       ︵ᠨᠢᠭᠡ︶ ᠴᠠᠬᠢᠮ ᠦᠨᠡᠮᠯᠡᠯ ᠤᠨ ᠬᠡᠷᠡᠭᠯᠡᠯᠲᠡ ᠶᠢ ᠴᠢᠩᠭᠠᠷᠠᠭᠤᠯᠤᠨ᠎ᠠ       ᠴᠠᠬᠢᠮ ᠦᠨᠡᠮᠯᠡᠯ ᠢ ᠴᠤᠭᠯᠠᠭᠤᠯᠤᠨ ᠳᠡᠭᠡᠭᠰᠢ ᠳᠠᠮᠵᠢᠭᠤᠯᠬᠤ ᠶᠢ ᠦᠷᠭᠦᠯᠵᠢᠯᠡᠨ ᠥᠷᠨᠢᠭᠦᠯᠵᠦ᠂ ᠦᠨᠡᠮᠯᠡᠯ ᠤᠨ ᠲᠤᠭ᠎ᠠ ᠪᠠᠷᠢᠮᠲᠠ ᠶᠢ ᠰᠢᠨᠡᠳᠬᠡᠬᠦ ᠲᠣᠭᠲᠠᠴᠠ ᠶᠢ ᠪᠠᠶᠢᠭᠤᠯᠤᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠢᠨ᠎ᠡ ᠪᠠᠷ ᠦᠨᠡᠮᠯᠡᠯ ᠣᠯᠭᠤᠭᠰᠠᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠴᠠᠬᠢᠮ ᠦᠨᠡᠮᠯᠡᠯ ᠤᠨ ᠲᠠᠪᠴᠠᠩ ᠳᠤ ᠵᠡᠷᠭᠡᠪᠡᠷ ᠬᠦᠷᠭᠡᠬᠦ ᠶᠢ ᠦᠨᠡᠨᠬᠦ ᠪᠠᠲᠤᠯᠠᠬᠤ ᠬᠡᠷᠡᠭᠲᠡᠶ᠃ ︵ᠤᠳᠤᠷᠢᠳᠤᠨ ᠬᠠᠷᠢᠭᠤᠴᠠᠬᠤ ᠨᠢᠭᠡᠴᠢ᠄ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ 2021 ᠣᠨ ᠤ 4 ᠳ᠋ᠦ᠋ᠭᠡᠷ ᠰᠠᠷ᠎ᠠ ᠶᠢᠨ 15᠎ ᠤ ᠡᠳᠦᠷ ᠠᠴᠠ ᠡᠮᠦᠨ᠎ᠡ ᠪᠡᠶᠡᠯᠡᠭᠦᠯᠦᠨ᠎ᠡ︶       ︵ᠬᠤᠶᠠᠷ︶ ᠦᠶᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠪᠥᠬᠦ ᠲᠠᠯ᠎ᠠ ᠪᠠᠷ ᠥᠷᠨᠢᠭᠦᠯᠦᠨ᠎ᠡ       ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠨᠡᠶᠢᠭᠡᠮ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ︽ᠴᠠᠬᠢᠮ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠡᠷᠡᠭᠯᠡᠯᠲᠡ ᠶᠢ ᠡᠮᠬᠢᠯᠡᠨ ᠳᠢᠭᠯᠡᠬᠦ ᠬᠦᠰᠦᠨᠦᠭᠲᠦ︾ ︵ᠬᠠᠪᠰᠤᠷᠤᠯᠲᠠ 1︶ ᠶᠣᠰᠣᠭᠠᠷ ᠠᠵᠤ ᠠᠬᠤᠶᠢᠯᠠᠯ᠂ ᠣᠯᠠᠨ ᠲᠦᠮᠡᠨ ᠳᠤ ᠬᠠᠨᠳᠤᠭᠤᠯᠤᠭᠰᠠᠨ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠵᠢᠴᠢ ᠬᠠᠮᠢᠶ᠎ᠠ ᠪᠥᠬᠦᠶ ᠬᠡᠷᠡᠭᠯᠡᠭᠡᠨ ᠤ ᠰᠢᠰᠲ᠋ᠧᠮ ᠤᠨ ᠪᠠᠶᠢᠭᠤᠯᠤᠯᠲᠠ ᠠᠵᠢᠯᠯᠠᠭᠠᠨ ᠤ ᠪᠠᠶᠢᠳᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠡᠯ᠎ᠡ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠷᠥᠯ ᠤᠨ ᠴᠠᠬᠢᠮ ᠬᠡᠷᠡᠭᠯᠡᠯᠲᠡ᠂ ᠸᠢᠴᠠᠲ ᠤᠨ ᠴᠠᠬᠢᠮ ᠲᠠᠪᠴᠠᠩ ᠪᠠ ᠪᠢᠴᠢᠯ ᠫᠷᠣᠭ᠍ᠷᠠᠮ ᠢ ᠭᠤᠤᠯᠳᠠᠯᠭ᠎ᠠ ᠲᠠᠢ ᠡᠮᠬᠢᠯᠡᠨ ᠳᠢᠭᠯᠡᠵᠦ᠂ 2021 ᠣᠨ ᠤ 3 ᠳ᠋ᠤᠭᠠᠷ ᠰᠠᠷ᠎ᠠ ᠶᠢᠨ ᠰᠡᠭᠦᠯᠴᠢ ᠳᠤ ᠱᠠᠲᠤ ᠦᠶ᠎ᠡ ᠶᠢᠨ ᠴᠢᠨᠠᠷᠲᠠᠶ ᠡᠮᠬᠢᠯᠡᠨ ᠳᠢᠭᠯᠡᠬᠦ ᠠᠵᠢᠯ ᠢ ᠪᠡᠶᠡᠯᠡᠭᠦᠯᠦᠨ᠎ᠡ᠃ 2021 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠵᠠᠮ ᠬᠠᠷᠢᠯᠴᠠᠭ᠎ᠠ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠰᠤᠷᠭᠠᠨ ᠬᠥᠮᠦᠵᠢᠯ᠂ ᠤᠰᠤ ᠴᠠᠬᠢᠯᠭᠠᠨ ᠬᠡᠢ ᠳᠤᠯᠠᠭᠠᠯᠠᠭ᠎ᠠ᠂ ᠨᠡᠶᠢᠭᠡᠮ ᠤᠨ ᠵᠠᠰᠠᠯᠲᠠ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠠᠷᠠᠳ ᠤᠨ ᠠᠮᠢᠳᠤᠷᠠᠯ ᠤᠨ ᠦᠶᠯᠡᠴᠢᠯᠡᠭᠡᠨ ᠤ ᠥᠨᠳᠥᠷ ᠲᠠᠪᠳᠠᠮᠵᠢᠳᠤ ᠵᠦᠶᠯᠡᠰ ᠤᠨ ︽ᠬᠤᠷᠤᠭᠤᠨ ᠦᠵᠦᠭᠦᠷ ᠤᠨ ᠠᠯᠪᠠᠨ ᠬᠡᠷ︾᠎ ᠢ ᠳᠥᠯᠭᠢᠨ ᠠᠬᠢᠭᠤᠯᠤᠨ᠎ᠠ ︵ᠬᠠᠪᠰᠤᠷᠤᠯᠲᠠ 2᠎ ᠢ ᠦᠵᠡᠭᠡᠷᠡᠶ︶᠃ ︵ᠤᠳᠤᠷᠢᠳᠤᠨ ᠬᠠᠷᠢᠭᠤᠴᠠᠬᠤ ᠨᠢᠭᠡᠴᠢ᠄ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠵᠢᠴᠢ ᠨᠡᠶᠢᠭᠡᠮ ᠤᠨ ᠦᠶᠯᠡᠴᠢᠯᠡᠭᠡᠨ ᠤ ᠡᠭᠦᠷᠭᠡ ᠴᠢᠳᠠᠪᠤᠷᠢ ᠲᠠᠢ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ︶       ︵ᠭᠤᠷᠪᠠ︶ ᠪᠥᠬᠦ ᠲᠠᠯ᠎ᠠ ᠪᠠᠷ ᠤᠬᠠᠭᠤᠯᠤᠨ ᠳᠡᠯᠭᠡᠷᠡᠭᠦᠯᠬᠦ ᠶᠢ ᠢᠳᠡᠪᠬᠢᠲᠡᠶ ᠥᠷᠨᠢᠭᠦᠯᠬᠦ ᠬᠡᠷᠡᠭᠲᠡᠶ       ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠬᠢᠭᠡᠳ ᠨᠡᠶᠢᠭᠡᠮ ᠤᠨ ᠡᠬᠢ ᠪᠠᠶᠠᠯᠢᠭ ᠢ ᠠᠰᠢᠭᠯᠠᠨ᠂ ᠤᠯᠠᠮᠵᠢᠯᠠᠯᠲᠤ ᠵᠠᠭᠤᠴᠢᠯᠠᠭᠤᠷ ᠬᠢᠭᠡᠳ ᠰᠢᠨ᠎ᠡ ᠵᠠᠭᠤᠴᠢᠯᠠᠭᠤᠷ ᠤᠨ ᠪᠥᠬᠦ ᠲᠠᠯ᠎ᠠ ᠶᠢᠨ ᠤᠬᠠᠭᠤᠯᠭ᠎ᠠ ᠶᠢᠨ ᠠᠷᠭ᠎ᠠ ᠵᠠᠮ ᠢ ᠨᠡᠪᠲᠡᠷᠡᠭᠦᠯᠵᠦ᠂ ︽ᠮᠥᠩᠬᠡ ᠰᠤᠪᠠᠭ︾᠎ ᠲᠤ ᠵᠠᠭᠤᠴᠢᠯᠠᠭᠤᠷ ᠤᠨ ᠳᠡᠯᠭᠡᠷᠡᠭᠦᠯᠬᠦ ᠲᠣᠤᠷ ᠰᠦᠯᠵᠢᠶ᠎ᠡ ᠶᠢ ᠪᠠᠶᠢᠭᠤᠯᠤᠨ ᠥᠭᠴᠦ᠂ ᠨᠠᠷᠠᠲᠤ ᠲᠥᠷᠥᠯ ᠲᠡᠮᠳᠡᠭᠲᠦ ᠶᠢᠨ ᠡᠵᠡᠩᠨᠡᠯᠲᠡ ᠪᠠᠷ ᠭᠠᠷᠳᠠᠴᠠ ᠪᠣᠯᠭᠠᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠮᠥᠩᠬᠡ ᠰᠤᠪᠠᠭ︾᠎ ᠤᠨ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠣᠶ ᠪᠣᠯᠭᠠᠵᠤ᠂ ᠥᠷᠭᠡᠨ ᠣᠯᠠᠨ ᠲᠦᠮᠡᠨ ᠤ ︽ᠮᠥᠩᠬᠡ ᠰᠤᠪᠠᠭ︾᠎ ᠤᠨ ᠴᠠᠬᠢᠮ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠢ ᠬᠡᠷᠡᠭᠯᠡᠨ ᠠᠵᠢᠯ ᠶᠠᠪᠤᠳᠠᠯ ᠭᠦᠶᠴᠡᠳᠬᠡᠬᠦ ᠶᠢ ᠬᠥᠲᠥᠯᠦᠨ ᠵᠢᠯᠣᠭᠤᠳᠬᠤ ᠶᠢᠨ ᠬᠠᠮᠲᠤ ᠵᠣᠷᠢᠭᠵᠢᠭᠤᠯᠤᠨ᠎ᠠ᠃ ︵ᠤᠳᠤᠷᠢᠳᠤᠨ ᠬᠠᠷᠢᠭᠤᠴᠠᠬᠤ ᠨᠢᠭᠡᠴᠢ᠄ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠬᠡᠷ᠂ ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠦᠷᠭᠦᠯᠵᠢᠯᠡᠨ ᠠᠬᠢᠭᠤᠯᠤᠨ᠎ᠠ︶       ︵ᠳᠥᠷᠪᠡ︶ ︽ᠴᠠᠬᠢᠮ ᠢᠶᠠᠷ ᠭᠦᠢᠴᠡᠳᠬᠡᠬᠦ︾ ᠬᠠᠮᠢᠶᠠᠷᠤᠯᠲᠠ ᠶᠢᠨ ᠵᠢᠷᠤᠮᠵᠢᠯ ᠢ ᠨᠠᠶᠢᠳᠠᠪᠤᠷᠢᠵᠢᠭᠤᠯᠤᠨ᠎ᠠ       1. ︽ᠴᠠᠬᠢᠮ ᠢᠶᠠᠷ ᠭᠦᠢᠴᠡᠳᠬᠡᠬᠦ︾ ᠠᠵᠢᠯᠯᠠᠭᠠᠨ ᠤ ᠬᠠᠮᠢᠶᠠᠷᠤᠯᠲᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠡᠭᠡᠭᠡᠪᠦᠷᠢ ᠡᠩᠬᠡ ᠲᠠᠶᠢᠪᠤᠩ ᠢ ᠬᠠᠮᠠᠭᠠᠯᠠᠬᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮᠵᠢ ᠶᠢ ᠪᠦᠷᠢᠨᠰᠢᠬᠦᠯᠦᠨ ᠵᠢᠷᠤᠮᠵᠢᠭᠤᠯᠵᠤ᠂ ︽ᠮᠥᠩᠬᠡ ᠰᠤᠪᠠᠭ︾᠎ ᠤᠨ ᠨᠡᠭᠦᠳᠡᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠵᠢᠴᠢ ᠪᠤᠰᠤᠳ ᠨᠡᠭᠦᠳᠡᠯ ᠦᠶᠯᠡᠴᠢᠯᠡᠭᠡᠨ ᠤ ᠠᠷᠭ᠎ᠠ ᠵᠠᠮ ᠤᠨ ᠡᠯ᠎ᠡ ᠵᠦᠶᠯ ᠤᠨ ᠬᠡᠷᠡᠭᠯᠡᠭᠡᠨ ᠤ ᠦᠶᠯᠡᠴᠢᠯᠡᠭᠡᠨ ᠤ ᠪᠠᠭᠲᠠᠭᠠᠮᠵᠢᠲᠤ ᠴᠢᠨᠠᠷ᠂ ᠴᠢᠳᠠᠮᠵᠢ᠂ ᠴᠢᠳᠠᠮᠵᠢ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ᠂ ᠪᠠᠶᠢᠴᠠᠭᠠᠨ ᠬᠡᠮᠵᠢᠯᠲᠡ ᠪᠠ ᠦᠨᠡᠯᠡᠨ ᠵᠢᠱᠢᠯᠲᠡ ᠶᠢ ᠴᠢᠩᠭᠠᠳᠬᠠᠵᠤ᠂ ᠰᠠᠭᠠᠳ ᠤᠨ ᠠᠰᠠᠭᠤᠳᠠᠯ ᠢ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ︶       2. ︽ᠲᠤᠷᠰᠢᠨ ᠬᠡᠷᠡᠭᠯᠡᠬᠦ ᠠᠵᠢᠯᠲᠠᠨ︾᠎ ᠤ ︽ᠦ ᠡᠷᠢᠬᠦ︾ ᠲᠣᠭᠲᠠᠴᠠ ᠶᠢᠨ ᠪᠠᠶᠢᠭᠤᠯᠤᠯᠲᠠ ᠵᠢᠴᠢ ᠬᠡᠷᠡᠭᠯᠡᠭᠴᠢ ᠶᠢᠨ ᠪᠡᠶᠡᠴᠢᠯᠡᠨ ᠣᠶᠢᠯᠠᠭᠠᠭᠰᠠᠨ ᠪᠠᠶᠢᠳᠠᠯ ᠢ ᠮᠡᠳᠡᠭᠡᠯᠡᠬᠦ ᠲᠣᠭᠲᠠᠴᠠ ᠶᠢ ᠠᠬᠢᠭᠤᠯᠵᠤ᠂ ︽ᠮᠥᠩᠬᠡ ᠰᠤᠪᠠᠭ︾᠎ ᠤᠨ ᠴᠢᠳᠠᠮᠵᠢ ᠶᠢᠨ ᠲᠣᠬᠢᠷᠠᠭᠤᠯᠤᠯᠲᠠ ᠪᠠ ᠬᠡᠷᠡᠭᠯᠡᠭᠴᠢ ᠶᠢᠨ ᠪᠡᠶᠡᠴᠢᠯᠡᠨ ᠣᠶᠢᠯᠠᠭᠠᠬᠤ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ︶       3. ᠠᠮᠤᠷ ᠲᠦᠪᠰᠢᠨ ᠤ ᠬᠠᠮᠢᠶᠠᠷᠤᠯᠲᠠ ᠪᠠ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠠᠰᠠᠭᠤᠳᠠᠯ ᠢ ᠴᠠᠭ ᠲᠤᠬᠠᠶ ᠳᠤᠨᠢ ᠵᠠᠷᠯᠠᠨ ᠮᠡᠳᠡᠭᠳᠡᠵᠦ᠂ ᠴᠡᠭᠴᠡᠯᠡᠨ ᠰᠠᠶᠢᠵᠢᠷᠠᠭᠤᠯᠵᠤ᠂ ᠲᠠᠪᠴᠠᠩ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ︶       ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ       ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠬᠡᠷ᠂ ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ︽ᠮᠥᠩᠬᠡ ᠰᠤᠪᠠᠭ︾᠎ ᠤᠨ ᠨᠡᠭᠦᠳᠡᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭᠤᠯᠵᠤ ᠪᠠᠲᠤᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠤᠳ ᠭᠦᠨᠵᠡᠭᠡᠶ ᠣᠷᠣᠯᠴᠠᠵᠤ᠂ ︽ᠮᠥᠩᠬᠡ ᠰᠤᠪᠠᠭ︾᠎ ᠤᠨ ᠨᠡᠭᠦᠳᠡᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭᠤᠯᠵᠤ ᠪᠠᠲᠤᠯᠠᠬᠤ ᠠᠵᠢᠯ ᠢ ᠬᠠᠮᠵᠢᠯᠴᠠᠨ ᠠᠬᠢᠭᠤᠯᠬᠤ ᠶᠢ ᠪᠠᠲᠤᠯᠠᠨ᠎ᠠ᠃       ︵ᠬᠤᠶᠠᠷ︶ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠶ       ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠬᠡᠷ᠂ ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠲᠣᠰ ᠪᠡᠶ᠎ᠡ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠲᠠᠢ ᠪᠠᠨ ᠤᠶᠠᠯᠳᠤᠭᠤᠯᠤᠨ᠂ ᠥᠨᠳᠥᠷ ᠳᠠᠪᠲᠠᠮᠵᠢ ᠶᠢᠨ ᠬᠡᠷᠡᠭᠯᠡᠭᠡ ᠶᠢ ︽ᠮᠥᠩᠬᠡ ᠰᠤᠪᠠᠭ︾᠎ ᠤᠨ ᠴᠠᠬᠢᠮ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠳᠤ ᠵᠠᠯᠭᠠᠨ ᠣᠷᠣᠭᠤᠯᠬᠤ ᠶᠢ ᠢᠳᠡᠪᠬᠢᠲᠡᠶ ᠠᠬᠢᠭᠤᠯᠵᠤ᠂ ᠲᠠᠰ ᠳᠡᠪᠰᠢᠭᠦᠯᠦᠨ ᠥᠭᠡᠷᠡᠴᠢᠯᠡᠬᠦ ᠵᠠᠷᠤᠳᠠᠯ ᠵᠢᠴᠢ ᠡᠭᠦᠳᠡ ᠡᠷᠦᠬᠡ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠤᠨ ᠵᠠᠷᠤᠳᠠᠯ ᠢ ᠲᠣᠰ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠪᠠᠲᠤᠯᠠᠵᠤ ᠨᠠᠶᠢᠳᠠᠪᠤᠷᠢᠵᠢᠭᠤᠯᠤᠨ᠎ᠠ᠃       ︵ᠭᠤᠷᠪᠠ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠶ       ︽ᠮᠥᠩᠬᠡ ᠰᠤᠪᠠᠭ ᠠᠯᠠᠭᠠᠨ ᠤ ᠠᠯᠪᠠᠨ ᠬᠡᠷ︾᠎ ᠤᠨ ᠠᠵᠢᠯ ᠢ ᠣᠨ ᠤ ᠰᠠᠯᠠᠭ᠎ᠠ ᠮᠥᠴᠢᠷ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠭᠤᠤᠯᠳᠠᠯᠭ᠎ᠠ ᠲᠠᠢ ᠡᠭᠦᠷᠭᠡ ᠶᠢ ᠤᠯᠠᠮ ᠨᠢᠭᠡ ᠠᠯᠬᠤᠮ ᠳᠣᠪᠤᠶᠢᠯᠭᠠᠵᠤ᠂ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠂ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠴᠢᠩᠭ᠎ᠠ ᠨᠡᠬᠡᠮᠵᠢᠯᠡᠨ᠎ᠡ᠃             ᠬᠠᠪᠰᠤᠷᠤᠯᠲᠠ᠄       1. ᠴᠠᠬᠢᠮ ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠬᠡᠷᠡᠭᠯᠡᠭᠡᠨ ᠤ  ᠬᠦᠰᠦᠨᠦᠭ 2. ᠴᠠᠬᠢᠮ ᠰᠦᠯᠵᠢᠶᠡᠨ ᠤ ᠥᠨᠳᠥᠷ ᠳᠠᠪᠲᠠᠮᠵᠢ ᠶᠢᠨ ᠬᠡᠷᠡᠭᠯᠡᠯᠲᠡ ᠶᠢᠨ ᠵᠠᠯᠭᠠᠬᠤ ᠬᠦᠰᠦᠨᠦᠭ      ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ        ︽︿ᠮᠥᠩᠬᠡ ᠰᠤᠪᠠᠭ﹀᠎ ᠢ ᠲᠦᠷᠭᠡᠳᠬᠡᠨ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾᠎ ᠤᠨ  ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ       ᠠᠯᠠᠱᠠ ᠵᠡᠭᠦᠨ ᠬᠤᠰᠢᠭᠤᠨ ᠤ ︽ᠮᠥᠩᠬᠡ ᠰᠤᠪᠠᠭ ᠲᠠᠨ ᠤ ᠬᠠᠪᠰᠤᠷᠤᠮᠵᠢ︾ ᠲᠥᠰᠦᠯ ᠤᠨ ᠲᠤᠬᠠᠢ  ᠲᠥᠷᠥ ᠶᠢᠨ ᠪᠣᠳᠣᠯᠭ᠎ᠠ ᠶᠢᠨ ᠲᠠᠶᠢᠯᠤᠮᠵᠢ        ︽ᠮᠥᠩᠬᠡ ᠰᠤᠪᠠᠭ ᠨᠢᠭᠡ ᠰᠦᠯᠵᠢᠶ᠎ᠡ ᠪᠠᠷ ᠭᠦᠢᠴᠡᠳᠬᠡᠬᠦ︾ ᠠᠵᠢᠯ ᠤᠨ ᠬᠡᠷᠡᠭᠵᠢᠭᠦᠯᠬᠦ ᠲᠥᠰᠦᠯ ᠤᠨ  ᠲᠤᠬᠠᠢ ᠲᠦᠷᠦ ᠶᠢᠨ ᠪᠣᠳᠤᠯᠭ᠎ᠠ ᠶᠢᠨ ᠲᠠᠶᠢᠯᠤᠮᠵᠢ     ︽ᠮᠥᠩᠬᠡ ᠰᠤᠪᠠᠭ ᠴᠠᠬᠢᠮ ᠠᠯᠪᠠᠨ ᠭᠡᠷ︾᠎ ᠤᠨ ᠠᠵᠢᠯ ᠤᠨ ᠬᠡᠷᠡᠭᠵᠢᠭᠦᠯᠬᠦ ᠲᠥᠰᠦᠯ  ᠤᠨ ᠲᠤᠬᠠᠢ  ᠲᠥᠷᠥ ᠶᠢᠨ ᠪᠣᠳᠣᠯᠭ᠎ᠠ ᠶᠢᠨ ᠲᠠᠶᠢᠯᠤᠮᠵᠢ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号