2021 ᠣᠨ ᠤ ᠠᠯᠠᠱᠠ ᠵᠡᠭᠦᠨ ᠬᠤᠰᠢᠭᠤᠨ ᠤ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠶ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/10/9
  ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ᠂ ᠮᠠᠨ ᠤ ᠬᠤᠰᠢᠭᠤᠨ ᠤ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠮᠠᠨ ᠤ ᠬᠤᠰᠢᠭᠤᠨ ᠤ ᠣᠷᠴᠢᠨ ᠲᠣᠭᠤᠷᠢᠨ ᠤ ᠵᠠᠰᠠᠯᠲᠠ ᠶᠢ ᠲᠠᠰᠤᠷᠠᠯᠲᠠ ᠦᠭᠡᠶ ᠰᠠᠶᠢᠵᠢᠷᠠᠭᠤᠯᠵᠤ᠂ ︽ᠠᠯᠠᠱᠠ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠠᠯᠠᠱᠠ ᠠᠶᠢᠮᠠᠭ ᠤᠨ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ︿ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ﹀᠎ ᠤᠨ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠲᠤᠬᠠᠶ ᠵᠠᠬᠢᠳᠠᠯ︾ ︵ ᠠᠯᠠᠱᠠ ᠠᠮᠢ ᠠᠬᠤᠢ ᠣᠷᠴᠢᠨ ᠲᠣᠭᠤᠷᠢᠨ ᠲᠠᠷᠬᠠᠭᠠᠭᠰᠠᠨ ︹ 2021 ︺ 45 ᠳ᠋ᠤᠭᠠᠷ ᠲᠣᠭᠠᠲᠤ︶᠂ ︽ᠠᠯᠠᠱᠠ ᠵᠡᠭᠦᠨ ᠬᠤᠰᠢᠭᠤᠨ ᠤ ︿ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ﹀᠎ ᠤᠨ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠠᠯᠠᠱᠠ ᠵᠡᠭᠦᠨ ᠵᠠᠰᠠᠭ ᠠᠯᠪᠠᠨ ᠲᠠᠷᠬᠠᠭᠠᠭᠰᠠᠨ ︹ 2020 ︺ 83 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤᠨ ᠤ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ ᠠᠯᠠᠱᠠ ᠵᠡᠭᠦᠨ ᠬᠤᠰᠢᠭᠤᠨ ᠤ 2021 ᠣᠨ ᠤ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠃ ᠨᠢᠭᠡ᠂ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠬᠡᠷ ᠨᠢ ᠬᠠᠷᠢᠶ᠎ᠠ ᠣᠷᠣᠨ ᠤ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠬᠠᠷᠢᠶ᠎ᠠ ᠣᠷᠣᠨ ᠤ ᠳᠣᠲᠣᠷᠠᠬᠢ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠵᠤ᠂ ᠬᠠᠷᠢᠶ᠎ᠠ ᠣᠷᠣᠨ ᠤ ᠳᠣᠲᠣᠷᠠᠬᠢ ︽ᠲᠠᠷᠠᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠤᠨ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ ᠪᠠᠶᠢᠬᠤ ᠶᠢ ᠦᠨᠡᠨᠬᠦ ᠪᠠᠲᠤᠯᠠᠵᠤ᠂ ᠬᠢᠨᠠᠯᠲᠠ ᠬᠠᠮᠢᠶᠠᠷᠤᠯᠲᠠ ᠶᠢᠨ ᠪᠠᠯᠠᠶ ᠣᠷᠣᠨ ᠢ ᠰᠢᠢᠳᠪᠦᠷᠢᠯᠡᠬᠦ ᠬᠡᠷᠡᠭᠲᠡᠶ᠃ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠬᠡᠷ ᠠᠴᠠ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠢ ᠢᠯᠡᠷᠡᠭᠦᠯᠦᠭᠰᠡᠨ ᠤ ᠳᠠᠷᠠᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠳᠠᠷᠤᠶ ᠲᠦᠷᠭᠡᠨ ᠨᠡᠪᠲᠡᠷᠡᠯᠴᠡᠵᠦ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠨᠢᠭᠡᠳᠦᠯᠲᠡᠶ ᠵᠢᠭᠰᠠᠭᠠᠨ ᠪᠠᠶᠢᠴᠠᠭᠠᠬᠤ ᠬᠡᠷᠡᠭᠲᠡᠶ᠃ ᠬᠤᠶᠠᠷ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢ ︽ᠬᠡᠨ ᠭᠤᠤᠯᠴᠢᠯᠠᠨ ᠬᠠᠮᠢᠶᠠᠷᠪᠠᠯ ᠬᠡᠨ ᠬᠠᠷᠢᠭᠤᠴᠠᠬᠤ︾ ︽ᠬᠡᠨ ᠵᠥᠪᠰᠢᠶᠡᠷᠡᠪᠡᠯ ᠬᠡᠨ ᠬᠠᠷᠢᠭᠤᠴᠠᠬᠤ︾ ︽ᠬᠡᠨ ᠬᠢᠨᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠲᠣᠰ ᠲᠣᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ ᠬᠠᠮᠲᠤ᠂ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠬᠡᠷ ᠤᠨ ᠬᠠᠷᠢᠭᠤ ᠲᠤᠰᠬᠠᠭᠰᠠᠨ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ ᠠᠵᠢᠯ ᠤᠨ ᠡᠬᠡ ᠲᠠᠩᠰᠠ ᠪᠠᠶᠢᠭᠤᠯᠵᠤ᠂ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠢ ᠲᠥᠷᠥᠯ ᠬᠤᠪᠢᠶᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠵᠤ᠂ ᠰᠠᠷ᠎ᠠ ᠪᠦᠷᠢ ᠶᠢᠨ 25᠎ ᠤ ᠡᠳᠦᠷ ᠠᠴᠠ ᠡᠮᠦᠨ᠎ᠡ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠪᠠ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠳᠤ ᠲᠥᠷᠥᠯ ᠬᠤᠪᠢᠶᠠᠨ ᠵᠠᠰᠠᠬᠤ ᠲᠣᠬᠢᠷᠠᠭᠤᠯᠤᠯᠲᠠ ᠶᠢᠨ ᠬᠦᠰᠦᠨᠦᠭᠲᠦ ᠶᠢ ᠲᠣᠰ ᠲᠣᠰ ᠮᠡᠳᠡᠭᠦᠯᠦᠨ ᠬᠦᠷᠭᠡᠬᠦ ᠬᠡᠷᠡᠭᠲᠡᠶ᠃ ᠬᠤᠭᠤᠴᠠᠭ᠎ᠠ ᠬᠡᠲᠦᠷᠡᠲᠡᠯ᠎ᠡ ᠮᠡᠳᠡᠭᠦᠯᠦᠭᠰᠡᠨ ᠥᠬᠡᠶ ᠪᠤᠶᠤ ᠵᠢᠭᠰᠠᠭᠠᠨ ᠪᠠᠶᠢᠴᠠᠭᠠᠭᠠᠳ ᠪᠠᠯᠠᠶ ᠭᠠᠵᠠᠷ ᠣᠷᠣᠰᠢᠵᠤ ᠪᠠᠶᠢᠪᠠᠯ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠨᠡᠪᠲᠡᠷᠡᠭᠦᠯᠬᠦ ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠨ᠎ᠡ᠃ ᠭᠤᠷᠪᠠ᠂ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠨᠢ ᠪᠤᠰᠤᠳ ᠨᠢᠭᠡᠴᠢ ᠶᠢᠨ ᠲᠥᠷᠥᠯ ᠬᠤᠪᠢᠶᠠᠨ ᠴᠡᠭᠴᠡᠯᠡᠨ ᠵᠠᠰᠠᠬᠤ ᠲᠣᠬᠢᠷᠠᠭᠤᠯᠤᠯᠲᠠ ᠶᠢᠨ ᠬᠦᠰᠦᠨᠦᠭᠲᠦ ᠶᠢ ᠨᠢᠭᠡᠳᠦᠯᠲᠡᠶ ᠬᠤᠷᠢᠶᠠᠩᠭᠤᠶᠢᠯᠠᠬᠤ ᠶᠢ ᠬᠠᠷᠢᠭᠤᠴᠠᠬᠤ ᠶᠢᠨ ᠬᠠᠮᠲᠤ᠂ ᠰᠠᠷ᠎ᠠ ᠪᠦᠷᠢ ᠶᠢᠨ 28᠎ ᠤ ᠡᠳᠦᠷ ᠠᠴᠠ ᠡᠮᠦᠨ᠎ᠡ ᠪᠥᠬᠦ ᠬᠤᠰᠢᠭᠤᠨ ᠤ ᠲᠥᠷᠥᠯ ᠬᠤᠪᠢᠶᠠᠨ ᠴᠡᠭᠴᠡᠯᠡᠨ ᠵᠠᠰᠠᠬᠤ ᠲᠣᠬᠢᠷᠠᠭᠤᠯᠤᠯᠲᠠ ᠶᠢᠨ ᠬᠦᠰᠦᠨᠦᠭᠲᠦ ᠶᠢ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠨ᠎ᠡ᠃ ᠬᠠᠷᠢᠯᠴᠠᠬᠤ ᠬᠥᠮᠦᠨ᠄ ᠵᠣᠣ ᠰᠢᠶᠤᠤ ᠴᠧᠩ ︵ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶ ᠬᠠᠷᠢᠯᠴᠠᠬᠤ ᠤᠲᠠᠰᠤ᠄ 13948053580 ᠢᠮᠧᠯ᠄ azqsthjbhj@163.com ᠬᠠᠷᠢᠯᠴᠠᠬᠤ ᠬᠥᠮᠦᠨ᠄ ᠵᠣᠣ ᠴᠦᠨ ᠰᠢᠶᠠ ︵ᠬᠤᠰᠢᠭᠤᠨ ᠤ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ ᠬᠠᠷᠢᠯᠴᠠᠬᠤ ᠤᠲᠠᠰᠤ᠄ 18904838819 ᠢᠮᠧᠯ᠄ azqjxj@126.com 2021 ᠣᠨ ᠤ 4 ᠰᠠᠷ᠎ᠠ ᠶᠢᠨ 14 ᠳᠠᠭᠠᠯᠳᠤᠭᠤᠯᠤᠯ᠄ 1. ᠠᠯᠠᠱᠠ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠠᠯᠠᠱᠠ ᠠᠶᠢᠮᠠᠭ ᠤᠨ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠬᠦ ᠲᠤᠬᠠᠶ 2. ᠠᠯᠠᠱᠠ ᠵᠡᠭᠦᠨ ᠬᠤᠰᠢᠭᠤᠨ ᠤ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ 3. ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ  ᠦᠢᠯᠡᠳᠪᠦᠷᠢ ᠶᠢᠨ ᠠᠵᠤ ᠠᠬᠤᠶᠢᠯᠠᠯ ᠤᠨ ᠴᠡᠭᠴᠡᠯᠡᠨ ᠵᠠᠰᠠᠬᠤ ᠨᠠᠷᠢᠨ ᠲᠠᠩᠰᠠ ︵ᠬᠡᠪ︶᠎  ᠠᠯᠠᠱᠠ ᠠᠶᠢᠮᠠᠭ ᠤᠨ ᠠᠮᠢ ᠠᠬᠤᠶ ᠶᠢᠨ ᠣᠷᠴᠢᠨ ᠨᠥᠬᠦᠴᠡᠯ ᠤᠨ ᠲᠣᠪᠴᠢᠶᠠᠨ ᠤ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶᠠᠨ ᠤ ︽ᠠᠯᠠᠱᠠ ᠵᠡᠭᠦᠨ ᠬᠤᠰᠢᠭᠤᠨ ᠤ ︿ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ﹀ ᠠᠵᠤ ᠠᠬᠤᠶᠢᠯᠠᠯ ᠢ ᠶᠡᠷᠦᠩᠬᠡᠶᠢᠯᠡᠨ ᠵᠠᠰᠠᠬᠤ ᠲᠤᠰᠬᠠᠶ ᠠᠵᠢᠯᠯᠠᠭᠠᠨ ᠤ ᠲᠥᠰᠦᠯ︾᠎ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号