ᠢᠷᠭᠠᠢ ᠠᠴᠠ ᠪᠠᠶᠠᠨᠬᠤᠲᠠ ᠬᠥᠷᠬᠦ ᠰᠠᠯᠪᠤᠷᠢ ᠱᠤᠭᠤᠮ ᠤᠨ ᠲᠡᠮᠦᠷ ᠵᠠᠮ ᠤᠨ ᠲᠥᠷᠥᠯ ᠵᠦᠢᠯ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠬᠤᠶᠠᠳᠠᠬᠢ ᠤᠳᠠᠭ᠎ᠠ ᠬᠢᠨᠠᠨ ᠪᠠᠶᠢᠴᠠᠭᠠᠬᠤ ᠠᠵᠢᠯ ᠢ ᠨᠢᠬᠡᠨᠳᠡ ᠪᠡᠶᠡᠯᠡᠭᠦᠯᠪᠡ
ᠨᠡᠶᠢᠲᠡᠯᠡᠭᠰᠡᠨ ᠴᠠᠭ᠄
2021/11/14
     2021 ᠣᠨ ᠤ 11 ᠰᠠᠷ᠎ᠠ ᠶᠢᠨ 9᠎ ᠤ ᠡᠳᠦᠷ ᠠᠴᠠ 10᠎ ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠶᠡᠷᠦᠩᠬᠡᠶ ᠺᠣᠮᠫᠠᠨᠢ ᠶᠢᠨ ᠪᠠᠷᠢᠯᠭ᠎ᠠ ᠶᠢᠨ ᠬᠠᠮᠢᠶᠠᠷᠤᠯᠲᠠ ᠶᠢᠨ ᠲᠥᠪ ᠠᠴᠠ ᠰᠢᠨ᠎ᠡ ᠪᠠᠷ ᠪᠠᠶᠢᠭᠤᠯᠬᠤ ᠪᠠᠷ ᠪᠠᠶᠢᠭ᠎ᠠ ᠢᠷᠭᠠᠶ ᠠᠴᠠ ᠪᠠᠶᠠᠨᠬᠤᠲᠠ ᠬᠥᠷᠬᠦ ᠰᠠᠯᠪᠤᠷᠢ ᠱᠤᠭᠤᠮ ᠤᠨ ᠲᠡᠮᠦᠷ ᠵᠠᠮ ᠤᠨ ᠲᠥᠷᠥᠯ ᠵᠦᠢᠯ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠬᠤᠶᠠᠳᠤᠭᠠᠷ ᠤᠳᠠᠭ᠎ᠠ ᠬᠢᠨᠠᠨ ᠪᠠᠶᠢᠴᠠᠭᠠᠬᠤ ᠠᠵᠢᠯ ᠢ ᠪᠡᠭᠡᠵᠢᠩ ᠳᠤ ᠲᠸᠡᠭ ᠰᠢᠶᠦ᠋ᠨ ᠸᠢᠳᠢᠤ᠋ ᠬᠤᠷᠠᠯ ᠤᠨ ᠬᠡᠯᠪᠡᠷᠢ ᠪᠠᠷ ᠵᠣᠬᠢᠶᠠᠨ ᠪᠠᠶᠢᠭᠤᠯᠵᠤ ᠥᠷᠨᠢᠭᠦᠯᠪᠡ᠃    ᠢᠷᠭᠠᠢ ᠠᠴᠠ ᠪᠠᠶᠠᠨᠬᠤᠲᠠ ᠬᠥᠷᠬᠦ ᠰᠠᠯᠪᠤᠷᠢ ᠱᠤᠭᠤᠮ ᠤᠨ ᠲᠡᠮᠦᠷ ᠵᠠᠮ ᠢ ᠡᠷᠲᠡᠬᠡᠨ ᠠᠵᠢᠯ ᠡᠬᠢᠯᠡᠬᠦᠯᠦᠨ ᠪᠦᠲᠦᠭᠡᠨ ᠪᠠᠶᠢᠭᠤᠯᠬᠤ ᠶᠢ ᠲᠦᠷᠭᠡᠳᠬᠡᠬᠦ ᠶᠢᠨ ᠲᠥᠯᠥᠭᠡ᠂ ᠠᠯᠠᠱᠠ ᠠᠶᠢᠮᠠᠭ ᠤᠨ ᠪᠡᠯᠡ ᠣᠷᠣᠭᠤᠯᠤᠯᠲᠠ ᠶᠢ ᠠᠬᠢᠭᠤᠯᠬᠤ ᠲᠥᠪ ᠠᠴᠠ ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠪᠠᠷᠢᠯᠭ᠎ᠠ ᠶᠢᠨ ᠬᠠᠮᠢᠶᠠᠷᠤᠯᠲᠠ ᠶᠢᠨ ᠲᠥᠪ ᠲᠠᠢ ᠢᠳᠡᠪᠬᠢᠲᠡᠢ ᠵᠤᠬᠢᠴᠠᠭᠤᠯᠭ᠎ᠠ ᠬᠢᠵᠦ᠂ ᠤᠢᠢᠷ᠎ᠠ ᠶᠢᠨ ᠬᠤᠭᠤᠴᠠᠭᠠᠨ ᠤ ᠪᠦᠬᠦ ᠤᠯᠤᠰ ᠎ ᠲᠤ ᠲᠠᠷᠬᠠᠵᠦ ᠪᠠᠶᠢᠭ᠎ᠠ ᠬᠢᠵᠢᠭ ᠤᠨ ᠨᠦᠯᠦᠬᠡᠯᠡᠯ ᠠᠴᠠ ᠪᠤᠯᠤᠭᠰᠠᠨ ᠬᠥᠮᠦᠨ ᠬᠠᠷ᠎ᠠ ᠶᠠᠪᠤᠵᠤ ᠳᠡᠶᠢᠯᠬᠦ ᠦᠭᠡᠢ ᠪᠠᠶᠢᠬᠤ ᠬᠦᠴᠢᠷᠳᠡᠯ ᠢ ᠳᠠᠪᠠᠵᠤ᠂ ᠸᠢᠳᠢᠣ᠋ ᠬᠤᠷᠠᠯ ᠤᠨ ᠬᠡᠯᠪᠡᠷᠢ ᠪᠠᠷ ᠳᠤᠮᠳᠠᠳᠤ ᠤᠯᠤᠰ ᠤᠨ ᠲᠡᠮᠦᠷ ᠵᠠᠮ ᠤᠨ ᠨᠢᠭᠡᠳᠦᠭᠡᠷ ᠬᠠᠶᠢᠨ ᠪᠠᠶᠢᠴᠠᠭᠠᠬᠤ ᠵᠢᠷᠤᠭ ᠲᠥᠯᠥᠪᠯᠡᠭᠡᠨ ᠤ ᠬᠦᠷᠢᠶᠡᠯᠡᠩ᠂ ᠳᠤᠮᠳᠠᠳᠤ ᠤᠯᠤᠰ ᠤᠨ ᠲᠡᠮᠦᠷ ᠵᠠᠮ ᠤᠨ ᠳᠥᠷᠪᠡᠳᠦᠭᠡᠷ ᠬᠠᠶᠢᠨ ᠪᠠᠶᠢᠴᠠᠭᠠᠬᠤ ᠵᠢᠷᠤᠭ ᠲᠥᠯᠥᠪᠯᠡᠭᠡᠨ ᠤ ᠬᠦᠷᠢᠶᠡᠯᠡᠩ ᠪᠣᠯᠤᠨ ᠳᠤᠮᠳᠠᠳᠤ ᠤᠯᠤᠰ ᠤᠨ ᠲᠡᠮᠦᠷ ᠵᠠᠮ ᠤᠨ ᠯᠠᠨᠵᠧᠦ ᠶᠢᠨ ᠲᠣᠪᠴᠢᠶᠠᠨ ᠤ ᠪᠦᠯᠦᠭᠯᠡᠯ ᠬᠢᠵᠠᠭᠠᠷᠲᠤ ᠺᠣᠮᠫᠠᠨᠢ ᠶᠢ ᠵᠣᠬᠢᠶᠠᠨ ᠪᠠᠶᠢᠭᠤᠯᠵᠤ᠂ ᠲᠤᠰ ᠲᠤᠰ ᠰᠢ ᠠᠨ᠂ ᠦᠬᠠᠨ ᠪᠣᠯᠤᠨ ᠢᠷᠭᠠᠢ ᠳᠤ ᠬᠤᠪᠢᠶᠠᠷᠢ ᠬᠤᠷᠠᠯ ᠤᠨ ᠲᠠᠯᠠᠪᠠᠢ ᠭᠠᠷᠭᠠᠵᠤ᠂ ᠰᠢᠨ᠎ᠡ ᠪᠠᠷ ᠪᠠᠶᠢᠭᠤᠯᠤᠭᠰᠠᠨ ᠢᠷᠭᠠᠢ ᠠᠴᠠ ᠪᠠᠶᠠᠨᠬᠤᠲᠠ ᠬᠥᠷᠬᠦ ᠲᠡᠮᠦᠷ ᠵᠠᠮ ᠤᠨ ᠪᠠᠷᠢᠯᠭ᠎ᠠ ᠶᠢᠨ ᠵᠢᠷᠤᠭ ᠢ ᠬᠤᠶᠠᠳᠤᠭᠠᠷ ᠤᠳᠠᠭ᠎ᠠ ᠬᠢᠨᠠᠨ ᠪᠠᠶᠢᠴᠠᠭᠠᠬᠤ ᠠᠵᠢᠯ ᠢ ᠪᠡᠶᠡᠯᠡᠭᠦᠯᠪᠡ᠃ ᠳᠠᠷᠠᠭᠠᠴᠢ ᠪᠠᠷ ᠰᠢᠨ᠎ᠡ ᠪᠠᠷ ᠪᠠᠶᠢᠭᠤᠯᠬᠤ ᠪᠠᠷ ᠪᠠᠶᠢᠭ᠎ᠠ ᠪᠠᠶᠠᠨᠬᠤᠲᠠ ᠪᠣᠯᠤᠨ ᠪᠠᠷᠠᠭᠤᠨ ᠪᠠᠯ ᠬᠤᠶᠠᠷ ᠭᠠᠯᠲᠤ ᠲᠡᠷᠭᠡᠨ ᠥᠷᠲᠡᠭᠡᠨ ᠤ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠵᠦ ᠪᠠᠷᠠᠪᠠᠯ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠠᠵᠢᠯ ᠢ ᠦᠷᠨᠢᠬᠦᠯᠬᠦ ᠪᠤᠯᠤᠨ᠎ᠠ  ᠃     ᠲᠠᠷᠠᠭᠠᠴᠢ ᠶᠢᠨ ᠠᠯᠬᠤᠮ ᠳᠤ᠂ ᠠᠯᠠᠱᠠ ᠠᠶᠢᠮᠠᠭ  ᠎ ᠤᠨ ᠪᠡᠯᠡ ᠣᠷᠣᠭᠤᠯᠤᠯᠲᠠ ᠶᠢ ᠠᠬᠢᠭᠤᠯᠬᠤ ᠲᠥᠪ ᠠᠴᠠ ᠠᠯᠠᠱᠠ ᠵᠡᠭᠦᠨ ᠬᠤᠰᠢᠭᠤᠨ ᠤ ᠢᠷᠭᠠᠢ ᠠᠴᠠ ᠪᠠᠶᠠᠨᠬᠤᠲᠠ ᠬᠥᠷᠬᠦ ᠲᠡᠮᠦᠷ ᠵᠠᠮ ᠤᠨ ᠭᠠᠵᠠᠷ ᠰᠢᠷᠣᠶ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠤᠨ ᠠᠯᠪᠠᠨ ᠬᠡᠷ᠂ ᠢᠷᠭᠠᠶ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠵᠢᠯᠣᠭᠤᠳᠬᠤ ᠭᠠᠵᠠᠷ᠂ ᠳᠤᠮᠳᠠᠳᠤ ᠤᠯᠤᠰ ᠤᠨ ᠲᠡᠮᠦᠷ ᠵᠠᠮ ᠤᠨ ᠨᠢᠭᠡᠳᠦᠭᠡᠷ ᠬᠠᠶᠢᠨ ᠪᠠᠶᠢᠴᠠᠭᠠᠬᠤ ᠵᠢᠷᠤᠭ ᠲᠥᠯᠥᠪᠯᠡᠭᠡᠨ ᠤ ᠬᠦᠷᠢᠶᠡᠯᠡᠩ ᠵᠡᠷᠭᠡ ᠨᠢᠬᠡᠴᠢ ᠶᠢ ᠢᠳᠡᠪᠬᠢᠲᠡᠶ ᠵᠣᠬᠢᠴᠠᠭᠤᠯᠤᠨ  ᠱᠠᠯᠠᠪᠳᠠᠭᠤᠯᠵᠤ ᠪᠠᠶᠢᠭᠠᠳ ᠢᠷᠭᠠᠢ ᠠᠴᠠ ᠪᠠᠶᠠᠨᠬᠤᠲᠠ ᠬᠥᠷᠬᠦ ᠰᠠᠯᠪᠤᠷᠢ ᠱᠤᠭᠤᠮ ᠤᠨ ᠲᠡᠮᠦᠷ ᠵᠠᠮ ᠤᠨ ᠬᠠᠶᠢᠨ ᠬᠡᠮᠵᠢᠵᠦ ᠵᠠᠭᠠᠭ ᠲᠣᠭᠲᠠᠭᠠᠬᠤ᠂ ᠣᠶ ᠰᠢᠭᠤᠶ ᠶᠢᠨ ᠦᠨᠡᠯᠡᠯᠲᠡ ᠬᠢᠬᠦ ᠮᠡᠳᠡᠭᠦᠯᠦᠯᠲᠡ᠂ ᠪᠥᠬᠦ ᠱᠤᠭᠤᠮ ᠤᠨ ᠭᠠᠵᠠᠷ ᠰᠢᠷᠣᠶ ᠬᠡᠷᠡᠭᠯᠡᠬᠦ ᠠᠵᠢᠯ ᠤᠨ ᠲᠠᠩᠰᠠ ᠡᠪᠬᠡᠮᠡᠯ ᠢ ᠮᠡᠳᠡᠭᠦᠯᠦᠨ ᠵᠥᠪᠰᠢᠶᠡᠷᠡᠭᠦᠯᠬᠦ ᠪᠠ ᠭᠠᠵᠠᠷ ᠰᠢᠷᠣᠶ ᠲᠠᠲᠠᠪᠤᠷᠢᠯᠠᠨ ᠨᠤᠷᠠᠭᠠᠵᠤ ᠨᠡᠬᠦᠯᠬᠡᠨ ᠲᠥᠪᠬᠢᠨᠡᠭᠦᠯᠬᠦ ᠪᠣᠳᠠᠲᠠᠶ ᠠᠵᠢᠯ ᠢ ᠪᠥᠬᠦ ᠲᠠᠯ᠎ᠠ ᠪᠠᠷ ᠡᠬᠢᠯᠡᠭᠦᠯᠦᠨ᠎ᠡ︔ ᠡᠭᠦᠨ ᠤ ᠬᠠᠮᠲᠤ ᠥᠪᠥᠷ ᠮᠣᠩᠭᠤᠯ ᠤᠨ ᠳᠦᠷᠬᠡᠨ ᠤ ᠲᠡᠮᠦᠷ ᠵᠠᠮ ᠤᠨ ᠬᠢᠵᠠᠭᠠᠷᠲᠤ ᠺᠣᠮᠫᠠᠨᠢ ᠪᠣᠯᠤᠨ ᠯᠠᠨᠵᠧᠤ ᠶᠢᠨ ᠲᠡᠮᠦᠷ ᠵᠠᠮ ᠤᠨ ᠲᠣᠪᠴᠢᠶ᠎ᠠ ᠶᠢᠨ ᠢᠷᠭᠠᠶ ᠳᠠᠬᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠢᠯᠣᠭᠤᠳᠬᠤ ᠭᠠᠵᠠᠷ ᠲᠠᠢ ᠪᠦᠬᠦ ᠬᠦᠴᠦᠨ ᠢᠶᠠᠷ ᠢᠶᠠᠨ ᠬᠠᠮᠵᠢᠯᠴᠠᠵᠤ ᠪᠠᠶᠢᠭᠠᠳ ᠲᠥᠷᠥᠯ ᠵᠦᠢᠯ ᠤᠨ ᠪᠠᠷᠢᠯᠭ᠎ᠠ ᠪᠠᠷᠢᠬᠤ ᠳᠠᠭᠠᠭᠠᠴᠢᠯᠠᠯᠲᠠ ᠵᠠᠷᠯᠠᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ  ᠎ ᠪᠠᠷ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号