ᠠᠯᠠᠱᠠ ᠵᠡᠭᠦᠨ ᠬᠤᠰᠢᠭᠤᠨ ᠤ ᠬᠦᠯᠢᠶᠡᠨ ᠠᠪᠤᠭᠰᠠᠨ ᠲᠦᠷᠦᠭᠦᠦ ᠪᠦᠯᠦᠭ ᠲᠡᠷᠭᠡ ᠵᠢᠯᠤᠭᠤᠳᠤᠨ ᠡᠵᠡᠨ᠎ᠡ ᠳᠤ ᠢᠷᠡᠭᠡᠳ ᠬᠤᠴᠤᠷᠤᠭᠳᠠᠭᠰᠠᠨ 128 ᠵᠤᠭᠠᠴᠠᠭᠴᠢ ᠪᠤᠴᠠᠬᠤ ᠵᠠᠮ ᠢᠶᠠᠨ ᠡᠯᠭᠦᠪᠡ
ᠨᠡᠶᠢᠲᠡᠯᠡᠭᠰᠡᠨ ᠴᠠᠭ᠄
2021/11/14
    11 ᠰᠠᠷ᠎ᠠ ᠶᠢᠨ 12᠎ ᠤᠨ ᠡᠳᠦᠷ᠂ ᠠᠯᠠᠱᠠ ᠵᠡᠭᠦᠨ ᠬᠤᠰᠢᠭᠤᠨ ᠤ ᠭᠥᠯᠢᠶᠡᠨ ᠠᠪᠤᠭᠰᠠᠨ ᠠᠩᠬᠠᠳᠤᠭᠠᠷ ᠪᠦᠯᠦᠭ ᠤᠨ ᠡᠵᠡᠨ᠎ᠡ ᠬᠤᠰᠢᠭᠤᠨ ᠳᠤ ᠬᠤᠴᠤᠷᠤᠭᠰᠠᠨ ᠬᠤᠪᠢ ᠪᠠᠷ ᠢᠶᠠᠨ ᠲᠡᠷᠭᠡ ᠵᠢᠯᠣᠭᠤᠳᠤᠭᠰᠠᠨ 128 ᠵᠤᠭᠠᠴᠠᠭᠴᠢ ᠶᠢ ᠲᠥᠪᠯᠡᠷᠡᠭᠦᠯᠦᠨ ᠲᠤᠰᠠᠭᠠᠷᠯᠠᠬᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠠᠴᠠ ᠭᠠᠷᠭᠠᠵᠤ᠂ ᠲᠡᠳᠡ ᠪᠤᠴᠠᠬᠤ ᠵᠠᠮ ᠢᠶᠠᠨ ᠡᠯᠭᠦᠪᠡ᠃   ᠡᠪᠦᠯ ᠤᠨ ᠠᠭᠤᠷ ᠰᠠᠶ᠋ᠢ ᠤᠷᠤᠵᠦ ᠪᠠᠶᠢᠭ᠎ᠠ ᠴᠦ ᠤᠯᠠᠨᠪᠤᠯᠠᠭ ᠪᠠᠯᠭᠠᠰᠤ ᠨᠢᠭᠡᠨᠲᠡ ᠬᠦᠢᠲᠡᠷᠡᠵᠦ᠂ ᠥᠷᠯᠥᠭᠡ ᠶᠢᠨ 5 ᠴᠠᠭ ᠲᠤ 14 ᠡᠳᠦᠷ ︽ᠬᠥᠯ ᠬᠤᠷᠢᠭᠰᠠᠨ︾ ᠵᠤᠭᠠᠴᠠᠭᠰᠠᠳ ᠲᠤᠬᠠᠢ ᠶᠢᠨ ᠭᠠᠵᠠᠷ ᠤᠨ ᠠᠵᠢᠯᠳᠠᠨ ᠤ ᠲᠤᠬᠢᠷᠠᠭᠤᠯᠭ᠎ᠠ ᠪᠠᠷ᠂ ᠲᠥᠪᠯᠡᠷᠡᠭᠦᠯᠦᠨ ᠲᠤᠰᠠᠭᠠᠷᠯᠠᠵᠦ ᠡᠷᠡᠭᠦᠯ ᠮᠡᠨᠳᠤ ᠶᠢᠨ ᠬᠢᠨᠠᠨ ᠭᠡᠮᠵᠢᠯᠳᠡ ᠬᠢᠭᠰᠡᠨ ᠪᠠᠭᠤᠳᠠᠯ ᠠᠴᠠ ᠪᠠᠨ ᠭᠠᠷᠴᠤ ᠶᠠᠪᠤᠪᠠ᠃ ᠲᠡᠳᠡᠨ ᠢ ᠥᠪᠡᠷᠰᠡᠳ ᠤᠨ ᠢᠶᠠᠨ ᠮᠠᠰᠢᠨ ᠲᠡᠷᠭᠡᠨ ᠤ ᠪᠠᠨ ᠲᠡᠷᠭᠡᠳᠡ ᠬᠦᠷᠭᠦ ᠳᠤ᠂ ︽ᠬᠠᠨ ᠲᠩᠷᠢ ᠠᠯᠠᠱᠠ︾ ᠭᠡᠬᠦ ᠢᠷᠠᠭᠤ ᠰᠠᠶᠢᠬᠠᠨ ᠳᠠᠭᠤᠤ ᠠᠶᠠᠯᠭᠤ ᠤᠶᠠᠩᠭᠠᠯᠠᠨ ᠴᠤᠤᠷᠢᠶᠠᠳᠤᠵᠦ᠂ ᠬᠠᠳᠠᠭ ᠪᠠᠷᠢᠵᠦ ᠰᠠᠷᠬᠤᠳ ᠡᠷᠭᠦᠭᠰᠡᠨ ᠠᠵᠢᠯᠲᠠᠳ ᠮᠤᠷᠳᠠᠬᠤ ᠶᠤᠰᠤᠯᠠᠯ ᠶᠠᠪᠤᠭᠳᠠᠭᠤᠯᠬᠤ ᠶᠢᠨ ᠬᠠᠮᠲᠤ ᠬᠡᠷ ᠲᠡᠭᠡᠨ ᠬᠠᠷᠢᠬᠤ ᠵᠠᠮ ᠳᠤ ᠬᠡᠷᠡᠭᠰᠡᠭᠦ ᠢᠳᠡᠭᠡᠨ ᠤᠮᠳᠠᠭᠠᠨ᠂ ᠤᠰᠤ ᠪᠣᠯᠤᠨ ᠬᠠᠮᠠᠭᠠᠯᠠᠯᠲᠠ ᠶᠢᠨ ᠬᠡᠷᠡᠭᠰᠡᠯ ᠵᠡᠷᠭᠡ ᠶᠢ ᠬᠦᠷᠭᠡᠵᠦ ᠥᠭᠭᠦᠯ᠎ᠡ᠃     ᠵᠧᠵᠢᠶᠠᠩ ᠮᠤᠵᠢ ᠶᠢᠨ ᠵᠤᠭᠠᠴᠠᠭᠴᠢ ᠬᠤᠸᠠᠩ ᠠᠪᠤᠭᠠᠶ᠄ ︽ᠬᠡᠯᠡᠶ᠎ᠡ ᠭᠡᠰᠡᠨ ᠦᠭᠡ ᠠᠷᠪᠢᠨ ᠪᠠᠶᠢᠪᠠᠴᠤ ᠭᠠᠭᠴᠠᠬᠠᠨ ᠳᠠᠯᠠᠷᠬᠠᠯ᠎ᠠ ᠭᠡᠳᠡᠭ ᠦᠭᠡᠨ ᠳᠤ ᠪᠠᠭᠳᠠᠭᠠᠶ᠎ᠠ᠂ ᠲᠤᠰ ᠭᠠᠵᠠᠷ ᠤᠨ ᠵᠠᠰᠠᠭ ᠤᠨ ᠣᠷᠳᠣᠨ ᠪᠣᠯᠤᠨ ᠬᠤᠶᠠᠷ ᠭᠠᠷᠠᠭ ᠲᠤ ᠲᠤᠷᠰᠢ ᠪᠢᠳᠡᠨ ᠳᠤ ᠦᠨᠡᠨ ᠰᠡᠳᠬᠢᠯ ᠠᠴᠠ ᠪᠠᠨ ᠬᠠᠨᠳᠤᠵᠤ᠂ ᠦᠢᠯᠡᠴᠢᠯᠡᠭᠰᠡᠭᠡᠷ ᠢᠷᠡᠭᠰᠡᠨ ᠠᠵᠢᠯᠲᠠᠨ ᠳᠤ ᠲᠠᠯᠠᠷᠬᠠᠵᠤ ᠪᠠᠶᠢᠨ᠎ᠠ︾ ᠭᠡᠵᠦ ᠶᠠᠷᠢᠨ᠎ᠠ᠃    ᠵᠧᠵᠢᠶᠠᠩ ᠤᠨ ᠵᠤᠭᠠᠴᠠᠭᠴᠢ ᠰᠦᠨ ᠠᠪᠤᠭᠠᠶ᠄ ︽ᠠᠳᠡᠬᠢ ᠵᠠᠰᠠᠭ ᠤᠨ ᠣᠷᠳᠣᠨ ᠤ ᠠᠵᠢᠯᠲᠠᠨ᠂ ᠡᠮᠨᠡᠯᠭᠡ ᠶᠢᠨ ᠠᠵᠢᠯᠲᠠᠨ ᠳᠤ ᠲᠠᠯᠠᠷᠬᠠᠵᠤ ᠪᠠᠶᠢᠨ᠎ᠠ᠂ ᠲᠠᠳᠠ ᠪᠣᠯ ᠵᠢᠩᠬᠢᠨᠢ ᠪᠠᠭᠠᠲᠤᠷ᠂ ᠲᠡᠳᠡᠨᠡᠷ ᠤᠨ ᠠᠴᠢ ᠪᠠᠷ ᠪᠢᠳ᠋ᠨ ᠠᠮᠤᠷ ᠲᠦᠪᠰᠢᠨ ᠬᠡᠷ ᠲᠡᠭᠡᠨ ᠬᠠᠷᠢᠬᠤ ᠪᠤᠯᠤᠯ᠎ᠠ︾ ᠭᠡᠵᠦ ᠶᠠᠷᠢᠨ᠎ᠠ᠃    ᠱᠠᠨᠰᠢ ᠶᠢᠨ ᠵᠤᠭᠠᠴᠠᠭᠴᠢ ᠯᠢᠦ ᠠᠪᠠᠭ᠋ᠠᠢ ᠤᠯᠠᠨᠪᠤᠯᠠᠭ ᠪᠠᠯᠭᠠᠰᠤᠨ ᠳᠤ ᠬᠦᠷᠴᠦ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠵᠦ ᠲᠥᠪᠯᠡᠷᠡᠭᠦᠯᠦᠨ ᠲᠤᠰᠠᠭᠠᠷᠯᠠᠭᠰᠠᠨ ᠠᠴᠠ ᠨᠠᠭᠠᠰᠢ᠂ ᠢᠮᠠᠭᠲᠠ ᠥᠭᠡᠳᠡᠷᠭᠡᠭ ᠪᠠᠶᠠᠰᠤᠩᠭᠤᠢ ᠰᠡᠳᠬᠢᠯ ᠢ ᠡᠪᠤᠷᠯᠡᠵᠦ᠂ ᠴᠤᠤᠷᠢᠶ᠎ᠠ ᠲᠠᠪᠴᠠᠩ ᠢᠶᠠᠷ ᠠᠯᠠᠱᠠ ᠵᠡᠭᠦᠨ ᠬᠤᠰᠢᠭᠤᠨ ᠳᠤ ᠪᠠᠶᠢᠭᠰᠠᠨ ᠡᠳᠦᠷ ᠪᠦᠷᠢ ᠪᠠᠨ ᠲᠡᠮᠳᠡᠭᠯᠡᠬᠦ ᠶᠢ ᠪᠠᠷᠢᠮᠲᠠᠯᠠᠪᠠ᠃ ᠡᠳᠦᠭᠡ ᠲᠡᠷᠡ᠂ ᠠᠯᠠᠱᠠ ᠵᠡᠭᠦᠨ ᠬᠤᠰᠢᠭᠤᠨ ᠤ ᠠᠷᠠᠳ ᠲᠦᠮᠡᠨ ᠤ ᠳᠣᠲᠣᠨᠣ ᠬᠠᠯᠠᠮᠵᠢᠯᠠᠯ ᠬᠠᠯᠠᠮᠵᠢᠯᠠᠯ ᠳᠤ ᠬᠠᠮᠤᠭ ᠠᠴᠠ ᠢᠯᠡᠭᠦᠦ ᠲᠠᠯᠠᠷᠬᠠᠵᠤ ᠪᠠᠶᠢᠨ᠎ᠠ ᠭᠡᠵᠦ ᠢᠯᠡᠷᠭᠡᠶᠢᠯᠡᠵᠦ ᠪᠠᠶᠢᠯ᠎ᠠ᠃    ᠱᠠᠨᠰᠢ ᠶᠢᠨ ᠵᠤᠭᠠᠴᠠᠭᠴᠢ ᠯᠢᠦ ᠠᠪᠠᠭ᠋ᠠᠶ᠄ ︽ᠰᠡᠳᠬᠢᠯ ᠮᠠᠰᠢ ᠲᠤᠭᠳᠤᠯᠵᠦ ᠪᠠᠶᠢᠨ᠎ᠠ᠂ ᠮᠠᠰᠢ ᠤᠯᠠᠨ ᠰᠡᠳᠬᠢᠯ ᠬᠥᠳᠡᠯᠭᠡᠭᠰᠡᠨ ᠤᠴᠢᠷ ᠲᠠᠭᠠᠷᠠᠯᠳᠤᠯ᠎ᠠ᠂ ᠪᠢᠳᠡᠨ ᠢ ᠶᠤᠰᠤᠳᠠᠢ ᠰᠠᠶᠢᠬᠠᠨ ᠠᠰᠠᠷᠠᠵᠦ ᠬᠠᠷᠠᠭᠠᠯᠵᠠᠭᠰᠠᠨ ᠰᠢᠦ᠂ ᠥᠪᠥᠷ ᠮᠤᠩᠭᠤᠯᠴᠤᠳ ᠭᠡᠭᠴᠢ ᠡᠶᠢᠮᠦ ᠬᠠᠯᠠᠭᠤᠮᠰᠤᠭ ᠬᠥᠮᠥᠰ ᠪᠠᠶᠢᠵᠠᠢ︾ ᠭᠡᠵᠦ ᠲᠥᠷᠥᠭᠳᠡᠯ ᠢᠶᠠᠨ ᠬᠤᠪᠢᠶᠠᠯᠴᠠᠨ᠎ᠠ᠃    ᠡᠶᠢᠮᠦ ᠤᠯᠠᠨ ᠬᠥᠮᠥᠨ ᠤ ︽ᠲᠠᠯᠠᠷᠬᠠᠵᠤ ᠪᠠᠶᠢᠨ᠎ᠠ︾ ᠭᠡᠬᠦ ᠦᠭᠡ ᠨᠢ ᠲᠡᠳᠡᠨ ᠤ ᠰᠡᠳᠬᠢᠯ ᠤᠨ ᠭᠦᠨ ᠠᠴᠠ ᠪᠠᠨ ᠶᠠᠷᠢᠭᠰᠠᠨ ᠦᠭᠡ ᠪᠠᠶᠢᠵᠦ᠂ ᠬᠢᠵᠢᠭ ᠢ ᠰᠡᠷᠭᠡᠶᠢᠯᠡᠬᠦ ᠡᠮᠦᠨ᠎ᠡ ᠹᠷᠣᠨᠲ ᠤᠨ ᠠᠵᠢᠯᠲᠠᠳ ᠲᠤ ᠲᠠᠯᠠᠷᠬᠠᠵᠤ ᠪᠠᠶᠢᠬᠤ ᠪᠠ ᠬᠥᠨᠳᠥᠳᠭᠡᠯ ᠢᠶᠠᠨ ᠲᠡᠪᠰᠢᠭᠦᠯᠵᠦ᠂ ᠬᠢᠵᠢᠭ ᠤᠨ ᠪᠠᠶᠢᠳᠠᠯ ᠨᠠᠮᠳᠠᠭᠰᠠᠨ ᠤ ᠳᠠᠷᠠᠭ᠎ᠠ ᠲᠡᠳᠡ ᠪᠠᠰᠠ ᠠᠯᠠᠱᠠ ᠨᠤᠲᠤᠭ ᠢᠶᠠᠷ ᠲᠤᠭᠤᠷᠢᠨ ᠵᠤᠭᠠᠴᠠᠨ᠎ᠠ ᠭᠡᠵᠦ ᠢᠯᠡᠳᠬᠡᠵᠡᠭᠡᠪᠡ᠃      ᠵᠤᠭᠠᠴᠠᠭᠴᠢ ᠯᠢ ᠠᠪᠠᠭ᠋ᠠᠶ᠄ ︽ᠮᠢᠨᠦ ᠪᠣᠳᠣᠬᠤ ᠪᠠᠷ ᠲᠠᠯᠠᠷᠬᠠᠬᠤ ᠰᠡᠳᠬᠢᠯ ᠢᠶᠠᠨ ᠬᠠᠮᠤᠭ ᠤᠨ ᠲᠥᠷᠥᠭᠦᠨ ᠎ ᠳᠤ ᠢᠯᠡᠷᠭᠡᠶᠢᠯᠡᠶ᠎ᠡ ᠭᠡᠵᠦ ᠪᠤᠳᠤᠵᠦ ᠪᠠᠶᠢᠨ᠎ᠠ᠂ ᠳᠠᠷᠠᠭᠠᠯᠠᠪᠠᠯ ᠭᠡᠳᠦᠶᠢᠪᠡᠷ ᠡᠨᠡ ᠭᠠᠵᠠᠷ ᠲᠤ ᠢᠷᠡᠭᠡᠳ ᠬᠥᠯ ᠬᠤᠷᠢᠭᠳᠠᠭᠰᠠᠨ ᠴᠦ ᠡᠳᠦᠷᠵᠢᠨ ᠪᠠᠶᠠᠷ ᠬᠥᠷ ᠲᠠᠢ᠂ ᠪᠠᠰᠠ ᠵᠢᠭᠠᠬᠠᠨ ᠰᠠᠯᠵᠤ ᠶᠠᠳᠠᠵᠤ ᠪᠠᠶᠢᠨ᠎ᠠ᠂ ᠡᠨᠡ ᠤᠳᠠᠭ᠎ᠠ ᠡᠨᠡ ᠵᠢᠵᠢᠭ ᠪᠠᠯᠭᠠᠰᠤ ᠶᠢ ᠰᠠᠶᠢᠬᠠᠨ ᠦᠵᠡᠵᠦ ᠴᠢᠳᠠᠭᠰᠠᠨ ᠦᠭᠡᠢ᠂ ᠳᠠᠷᠠᠭ᠎ᠠ ᠵᠢᠯ ᠯᠠᠪ ᠡᠷᠬᠢᠵᠦ ᠢᠷᠡᠨ᠎ᠡ︾ ᠭᠡᠵᠦ ᠶᠠᠷᠢᠨ᠎ᠠ᠃   ᠣᠶᠢᠯᠠᠭᠠᠭᠰᠠᠨ ᠢᠶᠠᠷ᠂ ᠣᠯᠠᠨᠪᠤᠯᠠᠭ ᠪᠠᠯᠭᠠᠰᠤᠨ ᠳᠤ ᠲᠤᠰᠴᠤ ᠠᠪᠤᠭᠰᠠᠨ ᠡᠵᠡᠨ᠎ᠡ ᠬᠤᠰᠢᠭᠤᠨ ᠳᠤ ᠬᠤᠴᠣᠷᠤᠭᠰᠠᠨ ᠥᠪᠡᠰᠦᠪᠡᠨ ᠲᠡᠷᠭᠡ ᠵᠢᠯᠣᠭᠤᠳᠤᠭᠰᠠᠨ ᠵᠤᠭᠠᠴᠠᠭᠰᠠᠳ ᠢ ᠴᠥᠮ ᠢ ᠲᠥᠪᠯᠡᠷᠡᠭᠦᠯᠦᠨ ᠲᠤᠰᠠᠭᠠᠷᠯᠠᠵᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠭᠡᠳ ᠪᠦᠬᠦᠯᠢ 14 ᠡᠳᠦᠷ ᠪᠣᠯᠤᠭᠰᠠᠨ ᠪᠥᠭᠡᠳ 14 ᠡᠳᠦᠷ ᠰᠢᠬᠠᠮ ᠤᠨ ᠳᠣᠲᠣᠷ᠎ᠠ ᠬᠠᠯᠠᠭᠤᠷᠠᠬᠤ᠂ ᠬᠠᠭᠤᠷᠠᠶ ᠪᠠᠷ ᠬᠠᠨᠢᠶᠠᠯᠭᠠᠬᠤ᠂ ᠦᠨᠦᠷᠯᠡᠬᠦ ᠰᠡᠷᠡᠯ ᠢᠶᠠᠨ ᠠᠯᠳᠠᠬᠤ᠂ ᠪᠤᠯᠴᠢᠩ ᠮᠢᠬ᠎ᠠ ᠡᠪᠡᠳᠬᠦ ᠵᠡᠷᠭᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠮᠴᠢᠯᠡᠭᠡᠨ ᠤ ᠡᠪᠡᠳᠴᠢᠨ ᠤ ᠢᠯᠡᠷᠡᠯ ᠭᠠᠷᠤᠭᠰᠠᠨ ᠥᠬᠡᠶ᠂ ᠲᠥᠪᠯᠡᠷᠡᠭᠦᠯᠦᠨ ᠲᠤᠰᠠᠭᠠᠷᠯᠠᠵᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠭᠰᠡᠨ ᠬᠤᠭᠤᠴᠠᠭᠠᠨ ᠳᠤ᠂ 7 ᠤᠳᠠᠭ᠎ᠠ ᠶᠢᠨ ᠪᠥᠭᠡᠮ ᠬᠦᠴᠢᠯ ᠤᠨ ᠬᠢᠨᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠶ ᠪᠠᠶᠢᠵᠤ᠂ ᠲᠤᠰᠠᠭᠠᠷᠯᠠᠬᠤ ᠠᠴᠠ ᠭᠠᠷᠭᠠᠬᠤ ᠨᠥᠬᠦᠴᠡᠯ ᠳᠤ ᠨᠡᠶᠢᠴᠡᠭᠰᠡᠨ ᠪᠠᠶᠢᠨ᠎ᠠ᠃    ᠠᠯᠠᠱᠠ ᠵᠡᠭᠦᠨ ᠬᠤᠰᠢᠭᠤᠨ ᠤ ᠤᠯᠠᠨᠪᠤᠯᠠᠭ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠧᠦ ᠶᠦᠩ ᠮᠢᠩ᠄ ︽ᠢᠳᠡᠵᠦ ᠤᠤᠭᠤᠬᠤ ᠬᠤᠨᠣᠵᠤ ᠬᠡᠪᠲᠡᠬᠦ᠂ ᠳᠤᠯᠠᠭᠠᠯᠠᠭ᠎ᠠ ᠬᠠᠩᠭᠠᠬᠤ ᠵᠡᠷᠭᠡ ᠪᠠᠲᠤᠯᠠᠭ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠳᠣᠲᠣᠨᠣ ᠦᠢᠯᠡᠴᠢᠯᠡᠭᠡ ᠪᠠᠷ ᠬᠠᠰᠢᠭᠳᠠᠭᠰᠠᠨ ᠵᠤᠭᠠᠴᠠᠭᠰᠠᠳ ᠲᠤ ᠭᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠭᠦ ᠪᠠᠷ ᠴᠢᠷᠮᠠᠶᠢᠵᠠᠢ᠃ ᠵᠤᠭᠠᠴᠠᠭᠰᠠᠳ ᠤᠨ ᠪᠤᠴᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠪᠢᠳᠡ ᠲᠥᠰᠦᠯ ᠲᠣᠭᠲᠠᠭᠠᠵᠤ᠂ ᠶᠠᠪᠤᠴᠠ ᠶᠢ ᠨᠠᠷᠢᠯᠢᠬᠵᠢᠭᠤᠯᠤᠨ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠤᠨ᠂ ᠲᠡᠳᠡᠨ ᠤ ᠨᠤᠳᠤᠭ ᠲᠤᠨᠢ ᠪᠤᠴᠠᠭᠠᠬᠤ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠳᠤᠯᠠᠬᠤ ᠳᠤ ᠭᠤᠤᠯ ᠬᠦᠴᠦ ᠪᠠᠨ ᠲᠠᠯᠪᠢᠵᠠᠢ᠃ ᠵᠤᠭᠠᠴᠠᠭᠰᠠᠳ ᠪᠤᠴᠠᠭᠰᠠᠨ ᠤ ᠳᠠᠷᠠᠭ᠎ᠠ᠂ ᠪᠢᠳᠡ ᠦᠷᠭᠦᠯᠵᠢᠯᠡᠨ ᠮᠥᠷᠳᠡᠨ ᠦᠢᠯᠡᠴᠢᠯᠡᠭᠡ ᠬᠠᠩᠭᠠᠵᠦ᠂ ᠵᠤᠭᠠᠴᠠᠭᠰᠠᠳ ᠤᠨ ᠠᠮᠤᠷ ᠲᠦᠪᠰᠢᠨ ᠢᠶᠠᠷ ᠭᠡᠷ ᠲᠡᠭᠡᠨ ᠪᠤᠴᠠᠬᠤ ᠠᠵᠢᠯ ᠢ ᠦᠨᠡᠨ ᠬᠦ ᠨᠠᠷᠢᠯᠢᠭ ᠪᠣᠳᠠᠲᠠᠶ ᠬᠢᠨ᠎ᠠ︾ ᠭᠡᠵᠦ ᠶᠠᠷᠢᠨ᠎ᠠ᠃    ᠣᠶᠢᠯᠠᠭᠠᠭᠰᠠᠨ ᠢᠶᠠᠷ᠂ ᠵᠤᠭᠠᠴᠠᠭᠰᠠᠳ ᠤᠨ ᠤᠷᠤᠭᠰᠢᠲᠠᠶ ᠪᠤᠴᠠᠬᠤ ᠶᠢ ᠪᠦᠲᠦᠮᠵᠢᠲᠡᠶ ᠪᠠᠲᠤᠯᠠᠬᠤ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠤᠯᠠᠨᠪᠤᠯᠠᠭ ᠪᠠᠯᠭᠠᠰᠤ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠡᠷᠦᠩᠬᠡᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ᠂ ᠦᠢᠯᠡᠴᠢᠯᠡᠭᠡᠨ ᠤ ᠪᠠᠲᠤᠯᠠᠭ᠎ᠠ ᠪᠠ ᠵᠤᠭᠠᠴᠠᠭᠰᠠᠳ ᠤᠨ ᠪᠤᠴᠠᠬᠤ ᠠᠵᠢᠯ ᠢ ᠲᠣᠬᠢᠲᠠᠢ ᠰᠠᠶᠢᠲᠤᠷ ᠬᠢᠵᠦ᠂ ᠲᠡᠳᠡᠨᠡᠷ ᠲᠤ ᠪᠥᠭᠡᠮ ᠬᠦᠴᠢᠯ ᠤᠨ ᠪᠠᠶᠢᠴᠠᠭᠠᠯᠲᠠ ᠶᠢᠨ ᠭᠡᠷᠡᠴᠢ ᠪᠠᠷᠢᠮᠳᠠ᠂ 7 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠮᠡᠳᠡᠭᠦᠯᠦᠯᠲᠡ᠂ ᠲᠥᠪᠯᠡᠷᠡᠭᠦᠯᠦᠨ ᠲᠤᠰᠠᠭᠠᠷᠯᠠᠬᠤ ᠶᠢ ᠬᠦᠴᠦᠨ ᠥᠬᠡᠶ ᠪᠣᠯᠭᠠᠭᠰᠠᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠪᠠᠶᠢᠳᠠᠯ ᠤᠨ ᠮᠡᠳᠡᠭᠦᠯᠦᠯᠲᠡ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢ ᠭᠠᠷᠭᠠᠵᠤ ᠥᠭᠪᠡ᠂ ᠠᠯᠠᠱᠠ ᠵᠡᠭᠦᠨ ᠬᠤᠰᠢᠭᠤᠨ ᠤ ᠭᠠᠵᠠᠷ ᠤᠨ ᠵᠢᠷᠤᠭ ᠢ ᠳᠠᠷᠤᠮᠠᠯᠯᠠᠭᠰᠠᠨ ᠠᠯᠠᠱᠠ ᠵᠡᠭᠦᠨ ᠬᠤᠰᠢᠭᠤᠨ ᠤ ᠬᠢᠯᠢ ᠳᠣᠲᠣᠷ᠎ᠠ ᠨᠡᠪᠲᠡᠷᠡᠬᠦ ᠦᠨᠡᠮᠯᠡᠯ ᠢ ᠭᠠᠷᠳᠠᠭᠤᠯᠵᠦ᠂ ᠠᠯᠠᠱᠠ ᠵᠡᠭᠦᠨ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠨᠡᠷ᠎ᠡ ᠪᠠᠷ ᠵᠤᠭᠠᠴᠠᠭᠴᠢ ᠎ ᠶᠢᠨ ᠬᠠᠷᠢᠶ᠎ᠠ ᠭᠠᠵᠠᠷ ᠤᠨ ᠬᠢᠵᠢᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠤ ᠮᠡᠳᠡᠭᠳᠡᠵᠦ᠂ ᠲᠡᠳᠡᠨ ᠢ ᠬᠠᠷᠢᠬᠤ ᠵᠠᠮ ᠳᠠᠭᠠᠨ ᠢᠯᠡᠭᠦᠦ ᠨᠢᠭᠡ ᠬᠤᠪᠢ ᠪᠠᠲᠤᠯᠠᠭ᠎ᠠ ᠲᠠᠢ ᠰᠠᠨᠠᠭ᠎ᠠ ᠠᠮᠤᠷ ᠪᠠᠶᠢᠯᠭᠠᠬᠤ ᠶᠢ ᠵᠤᠷᠢᠪᠠ᠃ ᠡᠭᠦᠨ ᠤ ᠵᠡᠷᠭᠡᠴᠡᠪᠡᠷ᠂ ᠪᠠᠯᠭᠠᠰᠤ ᠠᠴᠠ ᠭᠠᠷᠬᠤ ᠵᠠᠮ ᠱᠤᠭᠤᠮ ᠢ ᠵᠦᠢ ᠵᠣᠬᠢᠰᠲᠠᠢ ᠲᠥᠯᠥᠪᠵᠢᠭᠦᠯᠵᠦ᠂ ᠵᠠᠮ ᠤᠨ ᠲᠡᠮᠳᠡᠭ ᠪᠠᠶᠢᠷᠢᠯᠠᠭᠤᠯᠬᠤ᠂ ᠴᠠᠭᠳᠠᠭᠠᠨ ᠤ ᠲᠡᠷᠭᠡ ᠪᠠᠷ ᠵᠠᠮ ᠨᠡᠭᠡᠭᠡᠬᠦ ᠵᠡᠷᠭᠡ ᠠᠷᠭ᠎ᠠ ᠮᠠᠶ᠋ᠢᠭ ᠢ ᠠᠪᠴᠤ᠂ ᠵᠤᠭᠠᠴᠠᠭᠰᠠᠳ ᠤᠨ ᠪᠠᠯᠭᠠᠰᠤ ᠠᠴᠠ ᠭᠠᠷᠴᠤ ᠲᠦᠷᠭᠡᠨ ᠤ ᠵᠠᠮ ᠳᠤ ᠭᠠᠷᠬᠤ ᠶᠢ ᠡᠮᠬᠢ ᠵᠢᠷᠤᠮ ᠲᠠᠢ ᠪᠠᠷ ᠬᠥᠳᠥᠯᠥᠨ ᠵᠢᠯᠤᠭᠤᠳᠴᠠᠢ᠃ ᠠᠯᠠᠱᠠ ᠵᠡᠭᠦᠨ ᠬᠤᠰᠢᠭᠤᠨ ᠤ ᠠᠷᠠᠳ ᠲᠦᠮᠡᠨ ᠤ ᠰᠠᠶᠢᠨ ᠰᠠᠶᠢᠬᠠᠨ ᠬᠦᠰᠡᠯ ᠵᠥᠩᠨᠡᠯ ᠢ ᠡᠪᠦᠷᠯᠡᠨ᠂ ᠰᠡᠳᠬᠢᠯ ᠲᠤᠭᠳᠤᠯᠤᠭᠰᠠᠨ ᠵᠤᠭᠠᠴᠠᠭᠰᠠᠳ ᠬᠦᠰᠡᠨ ᠬᠦᠯᠢᠶᠡᠵᠦ ᠤᠳᠠᠭᠰᠠᠨ ᠭᠡᠷ ᠲᠡᠭᠡᠨ ᠬᠠᠷᠢᠬᠤ ᠠᠶᠠᠨ ᠵᠠᠮ ᠳᠠᠭᠠᠨ ᠭᠠᠷᠤᠯ᠎ᠠ᠃   ᠵᠠᠯᠭᠠᠭᠠᠳ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠲᠥᠪᠯᠡᠷᠡᠭᠦᠯᠦᠨ ᠲᠤᠰᠠᠭᠠᠷᠯᠠᠬᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠭᠰᠡᠨ ᠭᠤᠷᠪᠠᠨ ᠪᠠᠭᠤᠳᠠᠯ᠂ ᠵᠤᠭᠠᠴᠠᠭᠰᠠᠳ ᠲᠡᠷᠭᠡ ᠵᠤᠭᠰᠤᠭᠠᠭᠰᠠᠨ ᠵᠤᠭᠰᠤᠭᠠᠯ ᠲᠠᠯᠠᠪᠠᠶ ᠵᠢᠴᠢ ᠳᠠᠮᠵᠢᠭᠤᠯᠤᠨ ᠲᠡᠭᠡᠭᠡᠪᠦᠷᠢᠯᠡᠬᠦ ᠲᠡᠷᠭᠡ ᠬᠥᠰᠬᠡ ᠳᠤ ᠣᠷᠴᠢᠨ ᠲᠣᠭᠤᠷᠢᠨ ᠤ ᠰᠡᠭᠦᠯᠴᠢ ᠶᠢᠨ ᠤᠳᠠᠭᠠᠨ ᠤ ᠠᠷᠢᠭᠤᠳᠬᠠᠯ ᠬᠢᠵᠦ᠂ ᠥᠯᠢᠭᠡᠷ ᠡᠳ᠋ ᠠᠪᠬᠤ ᠪᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠡ ᠶᠢ ᠪᠥᠬᠦ ᠲᠠᠯ᠎ᠠ ᠪᠠᠷ ᠰᠢᠰᠲ᠋ᠧᠮ ᠲᠠᠢ ᠥᠷᠨᠢᠭᠦᠯᠬᠦ ᠶᠢᠨ ᠬᠠᠮᠲᠤ ᠠᠷᠢᠭᠤᠳᠬᠠᠬᠤ ᠶᠠᠪᠤᠴᠠ ᠪᠠ ᠦᠷ᠎ᠡ ᠳ᠋ᠦᠩ ᠳᠤ ᠪᠥᠬᠦ ᠲᠠᠯ᠎ᠠ ᠶᠢᠨ ᠦᠨᠡᠯᠡᠯᠲᠡ ᠬᠢᠵᠦ᠂ ᠲᠥᠪᠯᠡᠷᠡᠭᠦᠯᠦᠨ ᠲᠥᠪᠬᠢᠨᠡᠭᠦᠯᠬᠦ ᠴᠡᠭ ᠵᠢᠴᠢ ᠰᠢᠯᠵᠢᠭᠦᠯᠦᠨ ᠬᠡᠷᠡᠭᠯᠡᠬᠦ ᠲᠡᠷᠭᠡ ᠬᠥᠰᠬᠡ ᠶᠢᠨ ᠰᠡᠭᠦᠯᠴᠢ ᠶᠢᠨ ᠬᠤᠭᠤᠴᠠᠭᠠᠨ ᠤ ᠬᠡᠪ ᠤᠨ ᠠᠮᠤᠷ ᠲᠦᠪᠰᠢᠨ ᠢ ᠦᠨᠡᠨ ᠬᠦ ᠪᠠᠳᠤᠯᠠᠬᠤ ᠪᠠᠷ ᠪᠤᠢ᠃     ᠡᠷᠭᠢᠮ ᠬᠦᠨᠳᠦᠳᠦ ᠵᠤᠭᠠᠴᠠᠭᠴᠢ ᠨᠠᠶᠢᠵᠠ ᠨᠠᠷ ᠮᠢᠨᠢ᠂ ᠠᠶᠠᠨ ᠵᠠᠮ ᠳᠠᠭᠠᠨ ᠰᠠᠶᠢᠨ ᠶᠠᠪᠤᠭᠠᠷᠠᠶ᠃ ᠬᠠᠨ ᠲᠩᠷᠢ ᠠᠯᠠᠱᠠ ᠡᠭᠦᠷᠢᠳᠡ ᠲᠠᠨ ᠢ ᠪᠠᠶᠠᠷᠯᠠᠨ ᠤᠭᠳᠤᠨ᠎ᠠ︕
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号