ᠠᠯᠠᠱᠠ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠬᠢᠵᠢᠭ ᠤᠨ ᠬᠤᠭᠤᠴᠠᠭᠠᠨ ᠳᠠᠬᠢ ᠡᠮᠴᠢᠯᠡᠭᠡᠨ ᠤ ᠪᠠᠳᠤᠯᠠᠭ᠎ᠠ ᠶᠢ ᠰᠠᠶᠢᠳᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2021/11/14
    ᠮᠠᠨ ᠤ ᠠᠶᠢᠮᠠᠭ ᠲᠤ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠠᠶᠢᠮᠠᠭ ᠤᠨ ᠮᠣᠩᠭᠤᠯ ᠡᠮᠨᠡᠯᠭᠡ ᠎ ᠶᠢᠨ ᠬᠤᠷᠢᠶ᠎ᠠ ᠦᠳᠲᠡᠷ ᠲᠦᠷᠭᠡᠨ ᠬᠥᠳᠡᠯᠦᠯᠴᠡᠵᠦ᠂ ᠨᠢᠭᠡ ᠲᠠᠯ᠎ᠠ ᠪᠠᠷ ᠬᠢᠵᠢᠭ ᠢ ᠰᠡᠷᠭᠡᠶᠢᠯᠡᠨ ᠡᠵᠡᠮᠳᠡᠬᠦ ᠶᠢ ᠪᠣᠳᠠᠲᠠᠶ ᠠᠳᠬᠤᠵᠤ᠂ ᠨᠥᠭᠦᠭᠡ ᠲᠠᠯ᠎ᠠ ᠪᠠᠷ ᠡᠮᠴᠢᠯᠡᠭᠡᠨ ᠤ ᠦᠶᠯᠡᠴᠢᠯᠡᠭᠡ ᠶᠢ ᠰᠠᠶᠢᠲᠤᠷ ᠬᠢᠵᠦ᠂ ᠬᠢᠵᠢᠭ ᠤᠨ ᠬᠤᠭᠤᠴᠠᠭᠠᠨ ᠳᠠᠬᠢ ᠡᠮᠴᠢᠯᠡᠭᠡᠨ ᠤ ᠠᠪᠤᠷᠠᠨ ᠵᠠᠰᠠᠬᠤ ᠠᠵᠢᠯ ᠤᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠎ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃     ᠬᠢᠵᠢᠭ ᠤᠨ ᠪᠠᠶᠢᠳᠠᠯ ᠡᠬᠦᠰᠦᠭᠰᠡᠨ ᠳᠤ᠂ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠤᠳᠤᠷᠢᠳᠤᠯᠭ᠎ᠠ ᠎ ᠨᠢ ᠪᠠᠶ᠎ᠠ ᠪᠠᠷ ᠢᠶᠠᠨ ᠡᠮᠦᠨ᠎ᠡ ᠹᠷᠣᠨᠲ ᠲᠤ ᠠᠵᠢᠯᠯᠠᠨ ᠵᠢᠯᠣᠭᠤᠳᠴᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠤᠭ ᠤᠨ ᠲᠦᠷᠭᠡᠨ ᠢᠶᠠᠷ ᠨᠠᠶᠢᠳᠠᠪᠤᠷᠢᠵᠢᠭᠤᠯᠵᠤ᠂ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠠᠪᠴᠦ᠂ ᠬᠠᠮᠤᠭ ᠤᠨ ᠡᠷᠡᠰ ᠰᠢᠭᠤᠷᠬᠠᠢ ᠠᠵᠢᠯᠯᠠᠭ᠎ᠠ ᠲᠠᠢ ᠪᠠᠶᠢᠬᠤ ᠶᠢ ᠪᠠᠲᠤᠯᠠᠵᠤ᠂ ᠡᠮᠨᠡᠯᠭᠡ ᠶᠢᠨ ᠬᠤᠷᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠰᠢᠰᠲ᠋ᠧᠮ ᠤᠨ 24 ᠴᠠᠭ ᠤᠨ ᠪᠦᠲᠦᠮᠵᠢᠲᠡᠢ ᠠᠵᠢᠯᠯᠠᠬᠤ ᠶᠢ ᠪᠡᠶᠡᠯᠡᠬᠦᠯᠪᠡ᠃ ᠡᠯ᠎ᠡ ᠡᠪᠡᠳᠴᠢᠲᠡᠨ ᠤ ᠲᠣᠭᠤᠷᠢᠭ᠂ ᠡᠭᠦᠳᠡᠨ ᠡᠮᠨᠡᠯᠭᠡ ᠤᠷᠢᠳ ᠬᠤᠵᠢᠳ ᠣᠯᠠᠨ ᠤᠳᠠᠭ᠎ᠠ ᠰᠡᠷᠭᠡᠶᠢᠯᠡᠨ ᠡᠵᠡᠮᠳᠡᠵᠦ ᠠᠪᠤᠷᠠᠨ ᠵᠠᠰᠠᠬᠤ ᠠᠵᠢᠯ ᠤᠨ ᠬᠤᠷᠠᠯ ᠬᠤᠷᠠᠯᠳᠤᠭᠤᠯᠵᠤ᠂ ᠪᠥᠬᠦ ᠠᠵᠢᠯᠲᠠᠨ ᠢ ᠰᠡᠷᠭᠡᠶᠢᠯᠡᠨ ᠡᠵᠡᠮᠳᠡᠬᠦ ᠤᠬᠠᠮᠰᠠᠷ᠂ ᠦᠵᠡᠯ ᠰᠠᠨᠠᠭᠠᠨ ᠤ ᠬᠠᠷᠢᠭᠤᠴᠠᠯᠭᠠᠲᠤ ᠤᠬᠠᠮᠰᠠᠷ ᠢᠶᠠᠨ ᠦᠷᠭᠦᠯᠵᠢᠯᠡᠨ ᠳᠡᠭᠡᠭᠰᠢᠯᠡᠬᠦᠯᠬᠦ ᠶᠢ ᠱᠠᠭᠠᠷᠳᠠᠵᠦ᠂ ᠪᠢᠳᠡᠬᠦᠮᠵᠢᠯᠡᠭᠰᠡᠨ ᠬᠠᠮᠢᠶᠠᠷᠤᠯᠳᠠ ᠶᠢ ᠬᠡᠷᠡᠭᠵᠢᠭᠦᠯᠵᠦ᠂ ᠡᠮᠨᠡᠯᠬᠡ ᠳᠤ ᠰᠠᠭᠤᠭᠰᠠᠳ ᠢ ᠴᠢᠬᠤᠯᠠ ᠱᠠᠭᠠᠷᠳᠠᠯᠭ᠎ᠠ ᠦᠬᠡᠢ ᠪᠤᠯ ᠪᠠᠷ᠎ᠠ ᠪᠤᠯᠬᠤ ᠥᠬᠡᠶ᠂ ᠡᠷᠭᠢᠵᠦ ᠦᠵᠡᠬᠦ ᠥᠬᠡᠶ ᠪᠠᠶᠢᠬᠤ ᠪᠠᠷ ᠳᠤᠭᠳᠠᠭᠠᠵᠦ᠂ ᠠᠩᠬ᠎ᠠ ᠤᠨᠤᠰᠢᠯᠠᠬᠤ ᠬᠠᠷᠢᠭᠤᠴᠠᠯᠭ᠎ᠠ ᠶᠢᠨ ᠳᠦᠷᠢᠮ᠂ ᠰᠢᠯᠵᠢᠭᠦᠯᠦᠨ ᠣᠨᠣᠰᠢᠯᠠᠬᠤ ᠲᠦᠷᠢᠮ᠂ ᠬᠠᠮᠲᠤᠷᠠᠨ ᠣᠨᠣᠰᠢᠯᠠᠬᠤ ᠲᠦᠷᠢᠮ᠂ ᠮᠡᠰᠡ ᠵᠠᠰᠠᠯ ᠤᠨ ᠠᠮᠤᠷ ᠲᠦᠪᠰᠢᠨ ᠢ ᠬᠠᠷᠭᠤᠭᠤᠯᠤᠨ ᠪᠠᠶᠢᠴᠠᠭᠠᠬᠤ ᠲᠦᠷᠢᠮ ᠵᠡᠷᠭᠡ ᠶᠢ ᠴᠢᠩᠭ᠎ᠠ ᠪᠠᠷ ᠬᠡᠷᠡᠭᠵᠢᠬᠦᠯᠪᠡ᠃      ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠲᠥᠯᠥᠭᠡ᠂ ᠲᠣᠰ ᠡᠮᠨᠡᠯᠭᠡ ᠎ ᠶᠢᠨ ᠬᠤᠷᠢᠶ᠎ᠠ ᠬᠠᠯᠠᠭᠤᠷᠠᠭᠰᠠᠨ ᠡᠪᠡᠳᠴᠢᠨ ᠤ ᠡᠭᠦᠳᠡᠨ ᠡᠮᠨᠡᠯᠭᠡ ᠶᠢᠨ ᠬᠠᠮᠢᠶᠠᠷᠤᠯᠲᠠ ᠶᠢ ᠲᠠᠰ ᠳᠡᠪᠰᠢᠭᠦᠯᠵᠦ᠂ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠯᠠᠭᠤᠷᠠᠭᠰᠠᠨ ᠡᠪᠡᠳᠴᠢᠲᠡᠨ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠣᠨᠣᠰᠢᠯᠠᠯᠲᠠ ᠶᠢᠨ ᠲᠦᠷᠭᠡᠨ᠂ ᠣᠨᠣᠪᠴᠢᠲᠠᠶ᠂ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠪᠠ᠃ ᠡᠪᠡᠳᠴᠢᠨ ᠦᠵᠡᠭᠦᠯᠬᠦ ᠪᠠᠷ ᠢᠷᠡᠭᠰᠡᠳ ᠲᠤ ᠨᠢᠭᠡᠳ ᠨᠢᠭᠡ ᠪᠠᠷ ᠪᠡᠶ᠎ᠡ ᠶᠢᠨ ᠬᠠᠯᠠᠭᠤᠨ ᠤ ᠬᠡᠮᠵᠢᠯᠲᠡ ᠬᠢᠵᠦ᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠵᠢᠴᠢ ᠬᠢᠵᠢᠭ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠵᠦ᠂ ᠡᠪᠡᠳᠴᠢᠲᠡᠨ ᠤ ᠡᠪᠡᠳᠴᠢᠨ ᠤ ᠪᠠᠶᠢᠳᠠᠯ ᠢ ᠦᠨᠳᠦᠰᠦᠯᠡᠨ ᠲᠥᠷᠥᠯ ᠬᠤᠪᠢᠶᠠᠨ ᠤᠨᠤᠰᠢᠯᠠᠪᠠ᠃ ᠡᠮᠨᠡᠯᠭᠡ ᠳᠤ ᠰᠠᠭᠤᠬᠤ ᠠᠴᠠ ᠡᠮᠦᠨ᠎ᠡ ᠰᠢᠭᠰᠢᠨ ᠪᠠᠶᠢᠴᠠᠭᠠᠬᠤ᠂ ᠲᠥᠷᠥᠯ ᠬᠤᠪᠢᠶᠠᠬᠤ᠂ ᠲᠣᠭᠤᠷᠢᠭ ᠬᠤᠪᠢᠶᠠᠬᠤ᠂ ᠴᠠᠭ ᠬᠤᠪᠢᠶᠠᠨ ᠪᠠᠶᠢᠴᠠᠭᠠᠬᠤ ᠶᠢ ᠴᠢᠩᠭ᠎ᠠ ᠨᠠᠶᠢᠳᠠᠪᠤᠷᠢᠵᠢᠭᠤᠯᠵᠡᠢ ᠃ ︽ᠬᠦᠮᠦᠨ ᠪᠤᠳᠠᠰ ᠢ ᠬᠠᠮᠲᠤ ᠳᠤᠨᠢ ᠰᠡᠷᠭᠡᠶᠢᠯᠡᠬᠦ︾᠎ ᠶᠢ ᠪᠠᠷᠢᠮᠲᠠᠯᠠᠵᠤ᠂ ᠡᠯ᠎ᠡ ᠣᠨᠣᠰᠢᠯᠠᠨ ᠡᠮᠨᠡᠬᠦ  ᠳᠤᠭᠤᠷᠢᠭ ᠎ ᠨᠢ ᠡᠳᠦᠷ ᠪᠦᠷᠢ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠬᠦ᠂ ᠣᠷᠴᠢᠨ ᠲᠣᠭᠤᠷᠢᠨ ᠤ ᠡᠳ᠋ ᠪᠣᠳᠠᠰ ᠤᠨ ᠭᠠᠳᠠᠷᠭᠤ ᠶᠢ ᠠᠷᠢᠭᠤᠳᠬᠠᠬᠤ ᠲᠦᠷᠢᠮ ᠢ ᠴᠢᠩᠭ᠎ᠠ ᠬᠡᠷᠡᠭᠵᠢᠬᠦᠯᠪᠡ᠃ ᠪᠥᠬᠦ ᠠᠵᠢᠯᠲᠠᠨ ᠤ ᠠᠶᠠᠯᠠᠯ ᠤᠨ ᠶᠠᠪᠤᠴᠠ ᠵᠢᠴᠢ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠡᠳᠦᠷ ᠪᠦᠷᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠶᠢ ᠪᠠᠷᠢᠮᠳᠠᠯᠠᠵᠡᠢ᠃ ᠪᠦᠬᠦ ᠠᠵᠢᠯᠳᠠᠨ ᠠᠵᠢᠯᠴᠢᠨ ᠳᠤ ᠬᠢᠵᠢᠭ ᠢ ᠰᠡᠷᠭᠡᠶᠢᠯᠡᠨ ᠡᠵᠡᠮᠳᠡᠬᠦ ᠤᠬᠠᠮᠰᠠᠷ ᠤᠨ ᠬᠥᠮᠦᠵᠢᠯ ᠪᠣᠯᠤᠨ ᠤᠷ᠎ᠠ ᠮᠡᠷᠭᠡᠵᠢᠯ ᠤᠨ ᠮᠡᠳᠡᠯᠭᠡ ᠶᠢᠨ ᠪᠣᠯᠪᠠᠰᠤᠷᠠᠯ ᠢ ᠲᠡᠰ ᠬᠤᠪᠢᠶᠠᠨ ᠪᠦᠯᠦᠭ ᠬᠤᠪᠢᠶᠠᠨ ᠦᠷᠭᠦᠯᠵᠢᠯᠡᠨ ᠥᠷᠨᠢᠭᠦᠯᠵᠦ᠂ ᠪᠦᠬᠦ ᠠᠵᠢᠯᠳᠠᠨ ᠠᠵᠢᠯᠴᠢᠨ ᠤ ᠦᠵᠡᠯ ᠰᠠᠨᠠᠭ᠎ᠠ  ᠲᠠᠶᠢᠪᠤᠰᠢᠷᠠᠬᠤ ᠦᠭᠡᠢ᠂ ᠰᠡᠷᠭᠡᠶᠢᠯᠡᠨ ᠡᠵᠡᠮᠳᠡᠬᠦ ᠪᠠᠨ ᠰᠤᠯᠠᠷᠠᠭᠤᠯᠬᠤ ᠦᠭᠡᠢ ᠪᠠᠶᠢᠬᠤ ᠶᠢ ᠪᠠᠳᠤᠯᠠᠭᠰᠠᠨ ᠪᠠᠶᠢᠨ᠎ᠠ᠃       ᠣᠯᠠᠨ ᠲᠦᠮᠡᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠎ ᠶᠢᠨ ᠲᠥᠯᠥᠭᠡ᠂ ᠲᠣᠰ ᠡᠮᠨᠡᠯᠬᠡ ᠨᠢ ᠬᠦᠷᠢᠶᠡᠨ ᠳᠣᠲᠣᠷᠠᠬᠢ ᠲᠤᠰᠠᠭᠠᠷ ᠭᠠᠵᠠᠷ ᠲᠤ ᠪᠥᠭᠡᠮ ᠬᠦᠴᠢᠯ ᠤᠨ ᠥᠯᠢᠭᠡᠷ ᠠᠪᠬᠤ ᠴᠡᠭ ᠭᠠᠷᠭᠠᠵᠤ᠂ ᠡᠮᠬᠢ ᠵᠢᠷᠤᠮ ᠲᠠᠢ ᠳᠤᠬᠢᠷᠠᠯᠭᠤᠯᠤᠯᠳᠠ ᠬᠢᠬᠦ᠂ ᠶᠠᠪᠤᠴᠠ ᠪᠠᠨ ᠰᠢᠯᠢᠳᠡᠭᠵᠢᠭᠦᠯᠬᠦ ᠪᠠᠷ ᠳᠠᠮᠵᠢᠨ᠂ 24 ᠴᠠᠭ ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠦᠶᠯᠡᠴᠢᠯᠡᠭᠡ ᠬᠠᠩᠭᠠᠪᠠ᠃ ᠪᠠᠴᠢᠮ ᠬᠦᠨᠳᠦ ᠲᠦᠭᠰᠢᠭᠦᠷᠢᠲᠡᠶ ᠡᠪᠡᠳᠴᠢᠳᠡᠨ᠂ ᠵᠢᠷᠮᠦᠰᠦᠨ ᠪᠤᠶᠤ ᠬᠦᠩᠭᠡᠵᠢᠬᠦ ᠡᠮᠡᠭᠲᠡᠶ ᠵᠢᠴᠢ ᠰᠢᠷᠬᠠᠳᠤᠭᠰᠠᠣᠨ ᠢ ᠲᠦᠷᠭᠡᠨ ᠡᠮᠨᠡᠬᠦ 24 ᠴᠠᠭ ᠤᠨ ᠰᠠᠭᠠᠳ ᠥᠬᠡᠶ ᠨᠡᠪᠲᠡᠷᠡᠬᠦ ᠵᠠᠮ ᠢ ᠨᠡᠪᠲᠡᠷᠡᠭᠦᠯᠵᠦ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠲᠡᠨ ᠤ ᠵᠣᠷ ᠢ 4 ᠭᠠᠷᠠᠭ ᠪᠣᠯᠭᠠᠨ ᠤᠷᠲᠤᠳᠬᠠᠬᠤ ᠶᠢᠨ ᠬᠠᠮᠲᠤ ᠤᠳᠠᠭᠠᠨ ᠴᠢᠨᠠᠷᠲᠠᠶ ᠡᠪᠡᠳᠴᠢᠨ ᠢ ᠣᠨᠣᠰᠢᠯᠠᠨ ᠡᠮᠨᠡᠬᠦ ᠲᠠᠰᠤᠭ ᠢ ᠬᠤᠶᠠᠷ ᠨᠡᠮᠡᠵᠦ ᠪᠠᠶᠢᠭᠤᠯᠤᠨ᠂ ᠤᠳᠠᠭᠠᠨ ᠴᠢᠨᠠᠷᠲᠠᠶ ᠡᠪᠡᠳᠴᠢᠲᠡᠨ ᠤ ᠡᠷᠡᠭᠦᠯ ᠮᠡᠨᠳᠦ ᠶᠢᠨ ᠬᠠᠮᠢᠶᠠᠷᠤᠯᠲᠠ ᠪᠠ ᠡᠳᠦᠷ ᠲᠤᠲᠤᠮ ᠤᠨ ᠬᠡᠷᠡᠭᠯᠡᠬᠦ ᠡᠮ ᠢ ᠪᠠᠲᠤᠯᠠᠵᠤ᠂ ᠮᠣᠩᠭᠤᠯ ᠡᠮᠨᠡᠯᠭᠡ ᠶᠢᠨ ᠡᠷᠡᠭᠦᠯᠵᠢᠯ ᠤᠨ ᠦᠶᠯᠡᠴᠢᠯᠡᠭᠡ ᠬᠢᠯᠬᠡᠵᠦ ᠪᠠᠶᠢᠭ᠎ᠠ ᠡᠪᠡᠳᠴᠢᠲᠡᠨ ᠳᠤ ᠴᠠᠭ ᠬᠤᠪᠢᠶᠠᠨ ᠪᠣᠯᠵᠣᠵᠤ ᠣᠨᠣᠰᠢᠯᠠᠨ ᠡᠮᠨᠡᠬᠦ ᠦᠶᠯᠡᠴᠢᠯᠡᠭᠡ ᠬᠠᠩᠭᠠᠪᠠ᠃ ᠡᠭᠦᠨ ᠤ ᠬᠠᠮᠲᠤ᠂ ᠠᠶᠢᠮᠠᠭ ᠤᠨ ᠳᠦᠪ ᠡᠮᠨᠡᠯᠭᠡ ᠶᠢᠨ ᠬᠤᠷᠢᠶ᠎ᠠ ᠲᠠᠢ ᠬᠠᠷᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠡᠪᠡᠳᠴᠢᠲᠡᠨ ᠢ ᠠᠮᠤᠷ ᠲᠦᠪᠰᠢᠨ ᠢᠶᠠᠷ ᠠᠪᠤᠷᠠᠨ ᠡᠮᠨᠡᠬᠦ ᠶᠢ  ᠪᠠᠳᠤᠯᠠᠭᠰᠠᠨ ᠪᠠᠶᠢᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号