ᠤᠯᠠᠭᠠᠨᠬᠠᠳᠠ ᠬᠤᠳᠠ ᠶᠢᠨ ︽ᠲᠠᠮᠤᠷ ᠭᠡᠤᠭᠡᠨᠴᠤᠳ︾᠎ ᠤᠨ ᠰᠠᠶᠢᠨ ᠲᠤᠷᠠᠴᠤᠳ ᠡᠵᠡᠨ᠎ᠠ ᠬᠤᠰᠢᠭᠤᠨ ᠳᠤ 32213 ᠲᠥᠬᠦᠷᠢᠭ ᠬᠠᠨᠳᠢᠪᠯᠠᠪᠠ
ᠨᠡᠶᠢᠲᠡᠯᠡᠭᠰᠡᠨ ᠴᠠᠭ᠄
2021/11/17
ᠡᠷᠳᠡᠨᠢᠴᠡᠴᠡᠭ    ᠡᠵᠡᠨ᠎ᠠ ᠬᠤᠰᠢᠭᠤᠨ ᠳᠤ ᠰᠢᠨ᠎ᠡ ᠲᠢᠳᠢᠮᠯᠢᠭ ᠤᠨ ᠠᠭᠤᠰᠬᠢᠨ ᠥᠷᠪᠢᠰᠤᠯ ᠤᠨ ᠬᠢᠵᠢᠭ ᠢᠯᠡᠷᠡᠭᠰᠡᠨ ᠠᠴᠠ ᠨᠠᠭᠠᠰᠢ᠂ ᠨᠡᠶᠢᠭᠡᠮ ᠤᠨ ᠡᠯ᠎ᠡ ᠡᠳᠡᠭᠡᠳ ᠤᠨ ᠬᠠᠶᠢᠷ᠎ᠠ ᠬᠠᠯᠠᠮᠵᠢ᠂ ᠬᠠᠨᠳᠢᠪ ᠲᠤᠰᠠᠯᠠᠮᠵᠢ ᠲᠠᠰᠤᠷᠠᠯᠳᠠ ᠦᠭᠡᠢ ᠥᠷᠬᠦᠯᠵᠢᠯᠡᠭᠰᠡᠭᠡᠷ ᠢᠷᠡᠪᠡ᠃   ᠤᠯᠠᠭᠠᠨᠬᠠᠳᠠ ᠬᠤᠳᠠ ᠶᠢᠨ ︽ᠲᠠᠮᠤᠷ ᠭᠡᠤᠭᠡᠨᠴᠤᠳ︾᠎ ᠤᠨ ᠠᠬᠠᠯᠠᠬᠴᠢ ᠰᠧ ᠤᠶᠤᠩᠭᠤᠸ᠎ᠠ ᠠᠴᠠ ᠤᠯᠠᠭᠠᠨᠬᠳᠠ ᠬᠤᠳᠠ ᠶᠢᠨ ᠪᠠᠭᠠᠷᠢᠨ ᠪᠠᠷᠠᠭᠤᠨ ᠬᠤᠰᠢᠭᠤ᠂ ᠭᠡᠰᠢᠭᠳᠡᠨ ᠬᠤᠰᠢᠭᠤ᠂ ᠤᠡᠭᠨᠢᠭᠤᠳ ᠬᠤᠰᠢᠭᠤ ᠵᠡᠷᠭᠡ ᠭᠤᠷᠪᠠᠨ ᠬᠤᠰᠢᠭᠤᠨ ᠤ ︽ᠲᠠᠮᠤᠷ ᠭᠡᠤᠭᠡᠨᠴᠤᠳ︾᠎ ᠤᠨ ᠰᠠᠶᠢᠨ ᠲᠤᠷᠠᠴᠤᠳ ᠠᠴᠠ 259 ᠬᠥᠮᠦᠨ ᠢ ᠵᠤᠬᠢᠶᠠᠨ ᠪᠠᠶᠢᠭᠤᠯᠤᠨ ᠂ 17045 ᠲᠥᠬᠦᠷᠢᠭ ᠢ ᠴᠤᠬᠯᠠᠭᠤᠯᠤᠨ ᠬᠤᠷᠠᠮᠳᠤᠭᠤᠯᠵᠤ᠂ ᠥᠪᠤᠷ ᠮᠤᠩᠭᠤᠯ ᠤᠨ ︽ᠲᠠᠮᠤᠷ ᠭᠡᠤᠭᠡᠨᠴᠤᠳ︾᠎ ᠤᠨ ᠠᠬᠠᠯᠠᠬᠴᠢ ᠲᠤᠯᠭᠠᠷ ᠢᠶᠠᠷ ᠳᠠᠮᠵᠢᠭᠤᠯᠤᠨ᠂ ᠬᠥᠯᠦᠨ ᠪᠤᠶᠢᠷ ᠬᠤᠳᠠ ᠶᠢᠨ ᠰᠢᠨ᠎ᠡ ᠪᠠᠷᠭᠤ ᠵᠡᠬᠦᠨ ᠬᠤᠰᠢᠭᠤᠨ ᠤ ᠤᠯᠠᠭᠠᠠ ᠵᠠᠭᠠᠯᠮᠠᠶᠢᠳᠠᠨ ᠤ ᠨᠡᠶᠢᠬᠡᠮᠯᠢᠭ ᠲᠤ ᠲᠤᠰᠢᠶᠠᠵᠦ᠂ ᠡᠵᠡᠨ᠎ᠠ ᠬᠤᠰᠢᠭᠤᠨ ᠤ ᠤᠯᠠᠭᠠᠠ ᠵᠠᠭᠠᠯᠮᠠᠶᠢᠳᠠᠡ ᠤ ᠨᠡᠶᠢᠬᠡᠮᠯᠢᠭ ᠤᠨ ᠲᠠᠩᠰᠡᠡ ᠳᠤ ᠶᠠᠪᠤᠭᠤᠯᠤᠬᠰᠠᠠ ᠪᠠᠶᠢᠨ᠎ᠠ᠃   ᠤᠯᠠᠭᠠᠨᠬᠳᠠ ᠬᠤᠳᠠ ᠶᠢᠨ ᠠᠷᠤ ᠬᠤᠷᠴᠢᠨ ᠬᠤᠰᠢᠭᠤᠨ ᠤ ︽ᠲᠠᠮᠤᠷ ᠭᠡᠤᠭᠡᠨᠴᠤᠳ︾᠎ ᠤᠨ ᠪᠥᠯᠬᠦᠮ ᠤᠨ ᠠᠬᠠᠯᠠᠬᠴᠢ ᠤᠶᠤᠨᠽᠨᠨᠳᠠᠨ᠂ 396 ᠬᠥᠮᠦᠨ ᠢᠶᠠᠨ ᠵᠤᠬᠢᠶᠠᠨ ᠪᠠᠶᠢᠭᠤᠯᠤᠨ᠂ ᠡᠵᠡᠨ᠎ᠠ ᠬᠤᠰᠢᠭᠤᠨ ᠤ ᠬᠢᠵᠢᠭ ᠢ ᠰᠠᠷᠭᠡᠶᠢᠯᠡᠡ ᠡᠵᠡᠮᠳᠡᠬᠦ ᠲᠠᠶᠢᠯᠠᠯᠳᠤᠭᠠᠠ ᠳᠤ ᠬᠦᠴᠦ ᠪᠠᠨ ᠡᠷᠬᠦᠨ ᠡᠷᠳᠡ ᠨᠢᠭᠡᠨ ᠡᠳᠦᠷ ᠠᠶᠤᠯᠳᠤ ᠬᠢᠵᠢᠭ ᠢ ᠬᠠᠮᠳᠤᠪᠠᠷ ᠢᠯᠡᠡ ᠳᠠᠪᠠᠭ᠋ᠤ ᠶᠢ ᠵᠤᠷᠢᠭᠵᠢᠭᠤᠯᠬᠤ ᠵᠤᠷᠢᠯᠭ᠎ᠠ ᠪᠠᠷ ᠥᠪᠡᠷ ᠤᠨ ᠭᠡᠰᠡᠡ ᠥᠴᠦᠭᠡᠨ ᠬᠤᠪᠢ ᠨᠡᠮᠡᠷᠢ ᠪᠠᠷ ᠥᠵᠡᠬᠦᠯᠬᠦ ᠪᠠᠷ ᠵᠤᠷᠢᠯᠭ᠎ᠠ ᠪᠠᠨ ᠪᠤᠯᠭᠠᠵᠤ᠂ ᠨᠡᠶᠢᠳᠡ 15168 ᠲᠥᠬᠦᠷᠢᠭ ᠢ ᠴᠤᠬᠯᠠᠭᠤᠯᠤᠨ ᠬᠤᠷᠠᠮᠳᠤᠭᠤᠯᠤᠭᠠᠳ ᠂ ᠠᠷᠤ ᠬᠤᠷᠴᠢᠨ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠢᠶᠠᠷ ᠳᠠᠮᠵᠢᠭᠤᠯᠤᠨ ᠡᠵᠡᠨ᠎ᠠ ᠬᠤᠰᠢᠭᠤᠨ ᠤ ᠤᠯᠠᠭᠠᠠ ᠵᠠᠭᠠᠯᠮᠠᠶᠢᠳᠠᠡ ᠤ ᠨᠡᠶᠢᠬᠡᠮᠯᠢᠭ ᠤᠨ ᠲᠠᠩᠰᠡᠡ ᠳᠤ ᠶᠠᠪᠤᠭᠤᠯᠤᠬᠰᠠᠠ ᠪᠠᠶᠢᠨ᠎ᠠ᠃ ᠡᠬᠦᠨ ᠤ ᠲᠤᠮᠳᠠ ᠰᠡᠳᠬᠢᠯ ᠬᠥᠳᠡᠯᠭᠡᠭᠰᠡᠡ ᠶᠠᠪᠤᠳᠠᠯ ᠭᠡᠪᠠᠯ ︽ᠲᠠᠮᠤᠷ ᠭᠡᠤᠭᠡᠨᠴᠤᠳ︾᠎ ᠤᠨ ᠤᠮᠪᠤᠯᠤ ᠭᠡᠤᠭᠡᠳ ᠤᠳ ᠴᠤ ᠲᠡᠬᠦᠨ ᠤ ᠡᠮᠡᠭᠡ ᠡᠵᠢ ᠂ ᠨᠠᠭᠠᠴᠤ ᠡᠮᠡᠭᠡ ᠶᠢᠨ ᠢᠶᠠᠨ ᠨᠥᠯᠦᠭᠡ ᠪᠠᠷ᠂ ᠥᠪᠡᠷ ᠤᠨ ᠰᠠᠶᠢᠨ ᠲᠤᠷ᠎ᠠ ᠠᠴᠠ ᠪᠠᠨ ᠥᠪᠡᠷ ᠤᠨ ᠬᠠᠳᠠᠭᠠᠯᠠᠬᠰᠠᠠ ᠰᠤᠯᠠ ᠵᠠᠷᠤᠬᠤ ᠵᠤᠭᠤᠰ ᠠᠴᠠ ᠪᠠᠨ ᠭᠠᠷᠭᠠᠵᠦ ᠬᠠᠨᠳᠢᠪᠯᠠᠭᠰᠠᠨ ᠶᠠᠪᠤᠳᠠᠯ ᠪᠤᠯᠤᠨ᠎ᠠ᠃ ᠡᠭᠦᠨ ᠢ ᠲᠤᠳᠤᠷᠠᠭᠤᠯᠤᠨ ᠳᠠᠮᠳᠡᠭᠯᠡᠪᠡᠯ᠂ 12 ᠨᠠᠰᠤᠳᠠᠢ ᠲᠡᠬᠦᠯᠢᠨ 10 ᠲᠥᠬᠦᠷᠢᠭ ᠬᠠᠨᠳᠢᠪᠯᠠᠵᠤ᠂ 13 ᠨᠠᠰᠤᠳᠠᠢ ᠤᠶᠤᠨ 10 ᠲᠥᠬᠦᠷᠢᠭ ᠬᠠᠨᠳᠢᠪᠯᠠᠠ᠂ 12 ᠨᠠᠰᠤᠳᠠᠢ ᠠᠶᠠᠯᠭᠤ 30 ᠲᠥᠬᠦᠷᠢᠭ ᠬᠠᠨᠳᠢᠪᠯᠠᠬᠰᠠᠠ ᠪᠠᠶᠢᠨ᠎ᠠ᠃    ᠤᠯᠠᠭᠠᠨᠬᠠᠳᠠ ᠬᠤᠳᠠ ᠶᠢᠨ ︽ᠲᠠᠮᠤᠷ ᠭᠡᠤᠭᠡᠨᠴᠤᠳ︾᠎ ᠤᠨ ᠰᠠᠶᠢᠨ ᠲᠤᠷᠠᠴᠤᠳ ᠨᠢ ︽ᠪᠢ ᠴᠢᠮ᠎ᠠ ᠶᠢ ᠬᠠᠪᠰᠤᠷᠤᠶ᠎ᠠ︾ ᠭᠡᠬᠦ ᠭᠤᠤᠯ ᠰᠡᠳᠤᠪ ᠤᠨ ᠲᠤᠭᠤᠷᠢᠨ ᠳᠤ᠂ ᠨᠢᠭᠡ ᠨᠢ ᠵᠥᠳᠡᠷᠡᠪᠡᠯ ᠬᠠᠮᠳᠤ ᠤᠯᠠᠠ ᠢᠶᠠᠷ ᠢᠶᠠᠨ ᠬᠠᠪᠰᠤᠷᠤᠨ ᠳᠠᠮᠵᠢᠬᠦ ᠵᠤᠷᠢᠬ ᠰᠠᠨᠠᠭ᠎ᠠ ᠶᠢ ᠪᠠᠳᠠᠷᠠᠭᠤᠯᠤᠨ᠂ ᠡᠷᠳᠡ ᠨᠢᠭᠡ ᠡᠳᠦᠷ ᠬᠠᠷᠠᠩᠭᠤᠢ ᠬᠢᠵᠢᠭ ᠤᠨ ᠤᠳᠤᠭ᠎ᠠ ᠥᠬᠡᠢ ᠲᠠᠶᠢᠨ ᠢ ᠢᠯᠠᠠ ᠳᠠᠪᠠᠵᠤ᠂ ᠡᠵᠡᠨ᠎ᠠ ᠬᠤᠰᠢᠭᠤᠨ ᠤ ᠠᠷᠠᠳ ᠲᠥᠮᠡᠡ ᠡᠷᠡᠬᠦᠯ ᠡᠩᠭᠡ ᠠᠮᠢᠳᠤᠷᠠᠬᠤ ᠶᠢ ᠬᠦᠰᠡᠨ ᠵᠦᠩᠨᠡᠭᠰᠡᠨ ᠪᠠᠶᠢᠨ᠎ᠠ᠃  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号