ᠢᠳᠡᠰᠢᠨ ᠲᠠᠤᠯᠠᠶ ᠶᠢᠨ ᠡᠷᠡᠭᠦᠯ ᠬᠠᠮᠠᠭᠠᠯᠠᠯ ᠪᠠ ᠡᠪᠡᠳᠴᠢᠨ ᠤ ᠬᠢᠵᠠᠭᠠᠷᠯᠠᠯ
ᠨᠡᠶᠢᠲᠡᠯᠡᠭᠰᠡᠨ ᠴᠠᠭ᠄
2021/11/25
1. ᠲᠣᠭᠲᠠᠮᠠᠯ ᠬᠤᠭᠤᠴᠠᠭ᠎ᠠ ᠲᠠᠢ ᠪᠠᠷ ᠱᠦᠭᠦᠷᠳᠡᠨ ᠴᠡᠪᠡᠷᠯᠡᠵᠦ ᠠᠷᠢᠭᠤᠳᠬᠠᠨ᠎ᠠ᠃ ᠵᠤᠨ ᠤ ᠤᠯᠠᠷᠢᠯ ᠳᠤ ᠡᠪᠡᠳᠴᠢᠨ ᠡᠮᠭᠡᠭ ᠣᠯᠠᠨ᠂ ᠡᠳᠦᠷ ᠪᠦᠷᠢ ᠲᠠᠤᠯᠠᠢ ᠶᠢᠨ ᠰᠠᠷᠠᠪᠴᠢ᠂ ᠤᠰᠤᠨ ᠣᠩᠭᠤᠴᠠ᠂ ᠪᠣᠷᠳᠣᠭᠠᠨ ᠤ ᠣᠩᠭᠤᠴᠠ ᠶᠢ 1~2 ᠤᠳᠠᠭ᠎ᠠ ᠴᠡᠪᠡᠷᠯᠡᠵᠦ᠂ ᠲᠠᠤᠯᠠᠢ ᠶᠢᠨ ᠰᠠᠷᠠᠪᠴᠢ ᠶᠢᠨ ᠴᠡᠪᠡᠷ ᠲᠡᠭᠰᠢ ᠪᠠᠶᠢᠬᠤ ᠶᠢ ᠪᠠᠲᠤᠯᠠᠨ᠎ᠠ᠃ ᠡᠭᠦᠨ ᠠᠴᠠ ᠭᠠᠳᠠᠨ᠎ᠠ ᠭᠠᠷᠠᠭ ᠪᠦᠷᠢ 2~4 ᠤᠳᠠᠭ᠎ᠠ ᠠᠷᠢᠭᠤᠳᠬᠠᠨ᠎ᠠ᠂ ᠡᠪᠦᠯ ᠤᠨ ᠤᠯᠠᠷᠢᠯ ᠤᠨ ᠬᠡᠪ ᠤᠨ ᠪᠠᠶᠢᠳᠠᠯ ᠳᠣᠣᠷ᠎ᠠ᠂ 1 ᠰᠠᠷ᠎ᠠ ᠳᠤ ᠨᠢᠭᠡ ᠤᠳᠠᠭ᠎ᠠ ᠠᠷᠢᠭᠤᠳᠬᠠᠨ᠎ᠠ᠃ 2. ᠸᠠᠺᠼᠢᠨ ᠤ ᠲᠠᠷᠢᠯᠭ᠎ᠠ ᠬᠢᠨ᠎ᠠ᠃ ᠲᠠᠤᠯᠠᠢ ᠶᠢᠨ ᠰᠠᠪᠬᠠᠨᠴᠢᠷ ᠪᠠᠺᠲ᠋ᠧᠷᠢ᠂ ᠲᠠᠤᠯᠠᠢ ᠶᠢᠨ ᠬᠢᠵᠢᠭ ᠤᠨ ᠴᠢᠬᠢ ᠶᠢ ᠲᠣᠭᠲᠠᠭᠰᠠᠨ ᠬᠤᠭᠤᠴᠠᠭ᠎ᠠ ᠲᠠᠢ ᠪᠠᠷ ᠲᠠᠷᠢᠵᠤ᠂ ᠨᠢᠯᠬ᠎ᠠ ᠲᠠᠤᠯᠠᠢ ᠶᠢ ᠶᠡᠷᠦ ᠳᠡᠭᠡᠨ 2 ᠰᠠᠷ᠎ᠠ ᠳᠤ ᠨᠢᠭᠡᠳᠦᠭᠡᠷ ᠤᠳᠠᠭ᠎ᠠ ᠲᠠᠷᠢᠵᠤ᠂ ᠳᠠᠷᠠᠭ᠎ᠠ ᠨᠢ 4~6 ᠰᠠᠷ᠎ᠠ ᠳᠤ ᠨᠢᠭᠡ ᠤᠳᠠᠭ᠎ᠠ ᠲᠠᠷᠢᠨ᠎ᠠ᠃ ᠲᠠᠤᠯᠠᠢ ᠶᠢᠨ ᠲᠠᠯᠠᠪᠠᠢ ᠶᠢᠨ ᠬᠢᠵᠢᠭ ᠤᠨ ᠪᠠᠶᠢᠳᠠᠯ ᠢ ᠦᠨᠳᠦᠰᠦᠯᠡᠨ᠂ ᠸᠠᠺᠼᠢᠨ ᠢ ᠴᠠᠭ ᠲᠤᠨᠢ ᠲᠣᠬᠢᠷᠠᠭᠤᠯᠤᠨ ᠲᠠᠷᠢᠨ᠎ᠠ᠃ 3% ᠬᠤᠷᠣᠬᠠᠶ ᠬᠥᠭᠡᠭᠡᠬᠦ ᠡᠮ ᠢ ᠲᠣᠭᠲᠠᠮᠠᠯ ᠬᠤᠭᠤᠴᠠᠭ᠎ᠠ ᠲᠠᠢ ᠪᠠᠷ ᠲᠠᠯᠪᠢᠬᠤ᠃ ᠢᠳᠡᠰᠢᠨ ᠲᠠᠤᠯᠠᠢ ᠶᠢᠨ ᠪᠡᠶ᠎ᠡ ᠳᠤ ᠣᠯᠠᠨ ᠵᠦᠢᠯ ᠤᠨ ᠰᠢᠮᠡᠭᠦᠷ ᠬᠤᠷᠣᠬᠠᠶ ᠬᠠᠯᠳᠠᠪᠤᠷᠢᠯᠠᠳᠠᠭ᠂ ᠵᠢᠱᠢᠶᠡᠯᠡᠪᠡᠯ ᠪᠦᠷᠬᠦᠭ ᠪᠣᠷᠣᠭᠠᠨ ᠲᠠᠢ ᠡᠳᠦᠷ ᠪᠣᠯ ᠪᠥᠮᠪᠥᠭᠡᠨ ᠬᠤᠷᠣᠬᠠᠶ ᠶᠢᠨ ᠡᠪᠡᠳᠴᠢᠨ ᠡᠭᠦᠰᠬᠦ ᠦᠶ᠎ᠡ ᠳᠤ᠂ ᠢᠳᠡᠰᠢᠨ ᠲᠠᠤᠯᠠᠢ ᠶᠢ ᠶᠡᠭᠡ ᠬᠡᠮᠵᠢᠶ᠎ᠡ ᠪᠠᠷ ᠦᠬᠦᠭᠦᠯᠵᠦ᠂ ᠠᠵᠤ ᠠᠬᠤᠶ ᠶᠢᠨ ᠦᠷ᠎ᠡ ᠠᠰᠢᠭ ᠢ ᠬᠦᠨᠳᠦ ᠨᠣᠴᠢᠲᠠᠶ ᠨᠥᠯᠥᠭᠡᠯᠡᠳᠡᠭ᠃ ᠡᠶᠢᠮᠦ ᠠᠴᠠ ᠪᠥᠵᠥᠩ᠂ ᠪᠤᠶᠢᠵᠢᠭᠤᠯᠤᠭᠰᠠᠨ ᠲᠠᠤᠯᠠᠢ ᠳᠤ ᠭᠠᠷᠠᠭ ᠪᠦᠷᠢ ᠬᠤᠶᠠᠷ ᠤᠳᠠᠭ᠎ᠠ ᠬᠤᠷᠣᠬᠠᠶ ᠬᠥᠭᠡᠭᠡᠬᠦ ᠡᠮ ᠲᠠᠯᠪᠢᠨ᠎ᠠ᠃ ᠨᠠᠰᠤᠨ ᠳᠤ ᠬᠦᠷᠦᠭᠰᠡᠨ ᠲᠠᠤᠯᠠᠢ ᠪᠦᠷᠬᠦᠭ ᠪᠣᠷᠣᠭᠠᠨ ᠲᠠᠢ ᠤᠯᠠᠷᠢᠯ ᠳᠤ ᠭᠠᠷᠠᠭ ᠪᠦᠷᠢ ᠨᠢᠭᠡ ᠤᠳᠠᠭ᠎ᠠ ᠬᠤᠷᠣᠬᠠᠶ ᠬᠥᠭᠡᠭᠡᠨ᠎ᠡ᠃ ᠢᠳᠡᠰᠢᠨ ᠲᠠᠤᠯᠠᠢ ᠶᠢᠨ ᠥᠰᠥᠯᠲᠡ ᠶᠢᠨ ᠠᠳᠠᠯᠢ ᠪᠤᠰᠤ ᠤᠯᠠᠷᠢᠯ ᠳᠤ ᠲᠣᠭᠲᠠᠭᠰᠠᠨ ᠬᠤᠭᠤᠴᠠᠭ᠎ᠠ ᠲᠠᠢ ᠪᠠᠷ ᠡᠯ᠎ᠡ ᠵᠦᠢᠯ ᠤᠨ ᠪᠠᠺᠲ᠋ᠧᠷᠢ ᠡᠰᠡᠷᠭᠦᠴᠡᠬᠦ ᠡᠮ ᠢ ᠬᠢᠵᠦ᠂ ᠢᠳᠡᠰᠢᠨ ᠲᠠᠤᠯᠠᠢ ᠶᠢᠨ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠠᠵᠤ ᠠᠬᠤᠶ ᠶᠢᠨ ᠨᠡᠩ ᠰᠠᠶᠢᠨ ᠦᠷ᠎ᠡ ᠠᠰᠢᠭ ᠢ ᠪᠠᠲᠤᠯᠠᠬᠤ ᠳᠤ ᠰᠠᠶᠢᠨ ᠰᠠᠭᠤᠷᠢ ᠲᠠᠯᠪᠢᠬᠤ ᠬᠡᠷᠡᠭᠲᠡᠶ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号