ᠪᠦᠪᠢᠩ ᠡᠪᠡᠳᠴᠢᠨ ᠢ ᠤᠯᠤᠰ ᠠᠴᠠ ᠬᠢᠷᠢ ᠵᠡᠷᠭᠡ ᠴᠢᠬᠤᠯᠠᠴᠢᠯᠠᠨ ᠦᠵᠡᠵᠤ ᠪᠠᠶᠢᠭ᠎ᠠ ᠪᠤᠢ︖
ᠨᠡᠶᠢᠲᠡᠯᠡᠭᠰᠡᠨ ᠴᠠᠭ᠄
2021/11/25
 ᠲᠤᠰ ᠡᠪᠡᠳᠴᠢᠨ ᠨᠢ ᠤᠯᠤᠰ ᠤᠨ ᠨᠡᠷ᠎ᠡ ᠲᠦᠷᠦ ᠲᠠᠢ ᠬᠤᠯᠪᠤᠭᠳᠠᠬᠤ ᠪᠠ ᠬᠦᠮᠥᠰ ᠤᠨ ᠡᠷᠡᠭᠦᠯ ᠮᠡᠨᠳᠦ ᠶᠢ ᠮᠠᠰᠢ ᠶᠡᠭᠡ ᠰᠦᠷᠳᠡᠭᠦᠯᠵᠤ ᠪᠠᠶᠢᠳᠠᠭ ᠠᠴᠠ ᠤᠯᠤᠰ ᠠᠴᠠ ᠮᠠᠯ ᠰᠦᠷᠥᠭ ᠲᠤ ᠬᠢᠵᠢᠭ ᠤᠨ ᠪᠠᠶᠢᠴᠠᠭᠠᠯᠲᠠ ᠪᠠᠷ ᠬᠠᠯᠳᠠᠪᠤᠷᠢᠯᠠᠭᠳᠠᠭᠰᠠᠨ ᠮᠠᠯ ᠢ ᠰᠢᠭᠰᠢᠨ ᠲᠠᠶᠠᠭᠳᠠᠨ᠂ ᠰᠦᠷᠥᠭ ᠴᠡᠪᠡᠷᠰᠢᠭᠦᠯᠬᠦ ᠪᠠᠷ ᠭᠤᠤᠯ ᠪᠤᠯᠭᠠᠭᠰᠠᠨ ᠠᠷᠭ᠎ᠠ ᠠᠪᠴᠤ ᠪᠠᠶᠢᠳᠠᠭ᠃ ᠶᠡᠷᠤᠳᠡᠭᠡᠨ ᠵᠠᠰᠠᠯᠭ᠎ᠠ ᠬᠢᠳᠡᠭ ᠦᠭᠡᠢ᠃ ᠵᠡᠭᠦᠨ ᠬᠤᠶᠢᠲᠤ ᠶᠢᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠤᠷᠤᠭᠴᠢᠳ ᠠᠮᠢᠲᠠᠨ ᠤ ᠲᠤᠷᠰᠢᠯᠲᠠ ᠬᠢᠬᠦ ᠲᠤᠮᠳᠠ ᠪᠠᠨ ᠬᠢᠴᠢᠶᠠᠮᠵᠢ ᠦᠭᠡᠢ ᠠᠴᠠ ᠪᠤᠯᠵᠤ ᠨᠡᠯᠢᠶᠡᠳ ᠪᠠᠭᠰᠢ ᠰᠤᠷᠤᠭᠴᠢ ᠬᠠᠯᠳᠠᠪᠤᠷᠢᠯᠠᠭᠳᠠᠭᠰᠠᠨ ᠳᠤ ᠬᠠᠮᠢᠶ᠎ᠠ ᠪᠦᠬᠦᠢ ᠬᠠᠷᠢᠭᠤᠴᠠᠯᠭᠠᠲᠠᠨ ᠢ ᠬᠡᠷᠬᠢᠨ ᠰᠡᠶᠢᠳᠪᠦᠷᠢᠯᠡᠭᠰᠡᠨ ᠠᠴᠠ ᠴᠤ ᠪᠢᠲᠡ ᠲᠤᠰ ᠡᠪᠡᠳᠴᠢᠨ ᠤ ᠬᠤᠤᠷ ᠬᠦᠨᠦᠭᠡᠯ ᠬᠡᠳᠦᠢ ᠶᠡᠭᠡ᠂ ᠤᠯᠤᠰ ᠬᠡᠷᠬᠢᠨ ᠴᠢᠤᠯᠠᠴᠢᠯᠠᠨ ᠦᠵᠡᠵᠤ ᠪᠠᠶᠢᠭ᠎ᠠ ᠶᠢ ᠶᠡᠭᠡ ᠲᠥᠯᠥᠪ ᠤᠶᠢᠯᠠᠭᠠᠵᠤ ᠪᠤᠯᠤᠨ᠎ᠠ᠃ ᠭᠡᠪᠡᠴᠤ ᠤᠳᠤᠬᠠᠨ ᠳᠤ ᠵᠤᠭᠤᠰ ᠮᠥᠩᠬᠦ ᠪᠠ ᠬᠦᠮᠥᠨ ᠤ ᠬᠦᠴᠦᠨ ᠵᠡᠷᠭᠡ ᠤᠯᠠᠨ ᠲᠠᠯ᠎ᠠ ᠶᠢ ᠪᠠᠭᠳᠠᠭᠠᠭᠰᠠᠨ ᠪᠤᠳᠠᠲᠠᠢ ᠤᠷᠤᠰᠢᠬᠤ ᠬᠦᠴᠢᠷᠳᠡᠯ ᠠᠴᠠ ᠲᠤᠰ ᠡᠪᠡᠳᠴᠢᠨ ᠢ ᠰᠡᠷᠭᠡᠶᠢᠯᠡᠨ ᠤᠰᠠᠳᠬᠠᠬᠤ ᠠᠵᠢᠯᠯᠠᠭ᠎ᠠ ᠨᠢ ᠲᠡᠶᠢᠮᠦ ᠢᠯᠭᠤᠮ ᠲᠤᠤᠱᠲᠠᠢ ᠶᠠᠪᠤᠭᠳᠠᠭ᠎ᠠ ᠦᠭᠡᠢ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号