| ᠬᠥᠳᠡᠭᠡ ᠲᠣᠰᠬᠤᠨ ᠳᠤ ᠲᠥᠮᠥᠰᠥ ᠪᠣᠯ ᠲᠠᠷᠢᠶᠠᠴᠢᠨ ᠠᠶᠢᠯ ᠳᠤ ᠦᠷᠭᠦᠯᠵᠢ ᠬᠠᠷᠠᠭᠳᠠᠳᠠᠭ ᠢᠳᠡᠰᠢᠨ ᠨᠣᠭᠤᠭᠠᠨ ᠤ | ᠲᠥᠷᠥᠯ ᠤᠨ ᠢᠳᠡᠭᠡᠨ ᠤ ᠨᠢᠭᠡ ᠪᠣᠯᠤᠨ᠎ᠠ᠃ ᠡᠪᠦᠯ ᠬᠠᠪᠤᠷ ᠤᠨ ᠬᠠᠬᠢᠷ ᠬᠦᠢᠲᠡᠨ ᠤᠯᠠᠷᠢᠯ ︵ᠢᠯᠠᠩᠭᠤᠶ᠎ᠠ ᠪᠣᠷᠣᠭᠠᠨ | ᠴᠠᠰᠤ ᠲᠠᠢ ᠴᠠᠭ ᠠᠭᠤᠷ︶ ᠳᠤ ᠤᠷᠤᠭᠰᠠᠨ ᠤ ᠳᠠᠷᠠᠭ᠎ᠠ᠂ ᠵᠠᠷᠢᠮ ᠬᠤᠨᠢᠴᠢᠨ ᠦᠷᠭᠦᠯᠵᠢ ᠨᠠᠬᠢᠶᠠᠯᠠᠭᠰᠠᠨ ᠪᠤᠶᠤ | ᠢᠯᠵᠢᠷᠡᠭᠰᠡᠨ ᠲᠥᠮᠥᠰᠥ ᠪᠠᠷ ᠨᠣᠭᠤᠭᠠᠨ ᠪᠣᠷᠳᠤᠭ᠎ᠠ ᠶᠢ ᠣᠷᠣᠯᠠᠭᠤᠯᠵᠤ ᠬᠤᠨᠢᠨ ᠤ ᠰᠦᠷᠦᠭ ᠢᠶᠠᠨ ᠲᠡᠵᠢᠭᠡᠳᠡᠭ᠃ | ᠪᠠᠰᠠ ᠨᠢᠭᠡ ᠪᠦᠯᠦᠭ ᠬᠤᠨᠢ ᠲᠡᠵᠢᠭᠡᠬᠦ ᠲᠠᠯᠠᠪᠠᠶ ᠶᠢᠨ ᠡᠷᠦᠬᠡ ᠨᠢ ᠵᠭᠡᠨᠲᠡ ᠰᠣᠶᠣᠭᠠᠯᠠᠭᠰᠠᠨ ᠪᠤᠶᠤ ᠢᠯᠵᠢᠷᠡᠭᠰᠡᠨ | ᠲᠥᠮᠥᠰᠥ ᠲᠡᠵᠢᠭᠡᠳᠡᠭ᠃ ᠬᠠᠷᠢᠨ ᠬᠤᠨᠢᠨ ᠰᠦᠷᠦᠭ ᠰᠣᠶᠣᠭᠠᠯᠠᠭᠰᠠᠨ ᠪᠤᠶᠤ ᠢᠯᠵᠢᠷᠡᠭᠰᠡᠨ ᠲᠥᠮᠥᠰᠥ ᠶᠢ ᠲᠡᠭᠦᠵᠦ | ᠢᠳᠡᠭᠰᠡᠨ ᠤ ᠳᠠᠷᠠᠭ᠎ᠠ᠂ ᠨᠢᠭᠡ ᠪᠦᠯᠦᠭ ᠬᠤᠨᠢ ᠨᠢ ᠲᠥᠮᠥᠰᠥᠨ ᠤ ᠬᠤᠤᠷᠳᠠᠯ ᠳᠤ ᠠᠮᠠᠷᠬᠠᠨ ᠨᠡᠷᠪᠡᠭᠳᠡᠬᠦ ᠶᠢ ᠮᠡᠳᠡᠬᠦ | ᠥᠬᠡᠶ ᠪᠠᠶᠢᠳᠠᠭ᠃ ᠬᠤᠨᠢᠨ ᠳᠤ ᠲᠥᠮᠥᠰᠥᠨ ᠳᠤ ᠬᠤᠣᠷᠳᠠᠭᠳᠠᠪᠠᠯ ᠬᠤᠣᠷᠳᠠᠭᠳᠠᠭᠰᠠᠨ ᠬᠤᠨᠢᠨ ᠤ ᠮᠡᠳᠡᠷᠡᠯ ᠤᠨ | ᠰᠢᠰᠲ᠋ᠧᠮ ᠪᠠ ᠰᠢᠩᠭᠡᠭᠡᠯᠲᠡ ᠶᠢᠨ ᠰᠢᠰᠲ᠋ᠧᠮ ᠤᠨ ᠠᠵᠢᠯᠯᠠᠭ᠎ᠠ ᠶᠢ ᠰᠠᠮᠠᠭᠤᠷᠠᠭᠤᠯᠳᠠᠭ᠂ ᠭᠡᠪᠡᠴᠦ ᠬᠤᠨᠢᠨ ᠳᠤ | ᠬᠤᠣᠷᠳᠠᠭᠳᠠᠬᠤ ᠡᠮᠴᠢᠯᠡᠭᠡᠨ ᠤ ᠰᠢᠨᠵᠢ ᠲᠡᠮᠳᠡᠭ ᠨᠢ ᠶᠡᠷᠦ ᠳᠡᠭᠡᠨ ᠬᠤᠨᠢᠨ ᠤ ᠲᠥᠮᠥᠰᠥᠨ ᠳᠤ ᠬᠤᠣᠷᠳᠠᠭᠳᠠᠬᠤ | ᠬᠡᠮᠵᠢᠶ᠎ᠡ ᠶᠢᠨ ᠠᠳᠠᠯᠢ ᠪᠤᠰᠤ ᠠᠴᠠ ᠪᠣᠯᠵᠤ᠂ ᠲᠡᠭᠦᠨ ᠤ ᠡᠮᠴᠢᠯᠡᠭᠡᠨ ᠤ ᠰᠢᠨᠵᠢ ᠲᠡᠮᠳᠡᠭ ᠨᠢ ᠴᠦ ᠨᠡᠯᠢᠶᠡᠳ ᠶᠡᠭᠡ | ᠣᠨᠳᠣᠣ ᠪᠠᠶᠢᠳᠠᠯ ᠲᠠᠢ ᠪᠠᠶᠢᠳᠠᠭ᠃ ᠡᠩ ᠤᠨ ᠪᠠᠶᠢᠳᠠᠯ ᠳᠤ ᠬᠥᠩᠭᠡᠨ ᠬᠤᠣᠷᠳᠠᠭᠳᠠᠭᠰᠠᠨ ᠬᠤᠨᠢᠨ ᠤ ᠣᠯᠠᠩᠬᠢ ᠨᠢ | ᠤᠳᠠᠭᠠᠨ ᠴᠢᠨᠠᠷᠲᠠᠶ ᠬᠤᠣᠷᠳᠠᠯᠭ᠎ᠠ ᠶᠢᠨ ᠥᠩᠭᠡᠷᠡᠯᠲᠡ ᠲᠠᠢ ᠪᠠᠶᠢᠵᠤ᠂ ᠬᠤᠣᠷᠳᠠᠭᠳᠠᠭᠰᠠᠨ ᠬᠤᠨᠢᠨ ᠤ ᠬᠤᠳᠣᠭᠤᠳᠣ | ᠭᠡᠳᠡᠰᠦᠨ ᠤ ᠦᠷᠪᠢᠰᠦᠯ ᠤᠨ ᠰᠢᠨᠵᠢ ᠢᠯᠡᠷᠡᠨ᠎ᠡ᠂ ᠡᠪᠡᠳᠴᠢᠨ ᠤ ᠠᠩᠬ᠎ᠠ ᠳᠤᠮᠳᠠᠳᠤ ᠶᠢᠨ ᠬᠤᠣᠷᠲᠤ ᠬᠤᠨᠢᠨ ᠤ | ᠢᠳᠡᠭᠡᠨ ᠤ ᠳᠤᠷᠠᠰᠢᠯ ᠪᠠᠭᠠᠰᠴᠤ᠂ ᠭᠦᠵᠡᠭᠡᠨ ᠤ ᠭᠦᠷᠪᠡᠯᠵᠡᠯ ᠪᠠᠭᠤᠷᠠᠨ᠂ ᠬᠡᠪᠢᠬᠦ ᠨᠢ ᠬᠠᠶᠠᠭᠳᠠᠬᠤ ᠶᠢᠨ ᠬᠠᠮᠲᠤ | ᠠᠮᠠᠨ ᠬᠥᠨᠳᠡᠶ ᠶᠢᠨ ᠰᠠᠯᠢᠰᠤᠲᠤ ᠪᠦᠷᠬᠦᠪᠴᠢ ᠬᠠᠪᠤᠳᠬᠤ᠂ ᠰᠢᠯᠦᠰᠦ ᠭᠤᠭᠤᠵᠢᠬᠤ᠂ ᠪᠥᠭᠡᠯᠵᠢᠬᠦ ᠪᠠ ᠬᠤᠷᠭᠤᠰᠣ | ᠬᠠᠲᠠᠬᠤ ᠵᠡᠷᠭᠡ ᠡᠪᠡᠳᠴᠢᠨ ᠤ ᠢᠯᠡᠷᠡᠯ ᠲᠠᠢ᠃ ᠬᠤᠣᠷᠳᠠᠭᠳᠠᠭᠰᠠᠨ ᠬᠤᠨᠢᠨ ᠤ ᠬᠤᠳᠣᠭᠤᠳᠣ ᠭᠡᠳᠡᠰᠦᠨ ᠤ | ᠦᠷᠪᠢᠰᠦᠯ ᠲᠦᠷᠭᠡᠨ ᠡᠭᠦᠰᠬᠦ ᠦᠶ᠎ᠡ ᠳᠤ᠂ ᠬᠤᠣᠷᠳᠠᠭᠳᠠᠭᠰᠠᠨ ᠬᠤᠨᠢᠨ ᠳᠤ ᠬᠦᠨᠳᠦ ᠰᠦᠷᠡᠬᠡᠶ ᠰᠠᠭᠤᠯᠭᠠᠬᠤ | ᠢᠯᠡᠷᠡᠯ ᠭᠠᠷᠤᠨ᠎ᠠ᠂ ᠬᠤᠣᠷᠳᠠᠭᠳᠠᠭᠰᠠᠨ ᠬᠤᠨᠢᠨ ᠤ ᠪᠠᠭᠠᠰᠤᠨ ᠳᠤ ᠴᠢᠰᠤ ᠬᠤᠯᠢᠯᠳᠤᠨ᠎ᠠ᠂ ᠬᠤᠣᠷᠳᠠᠭᠳᠠᠭᠰᠠᠨ | ᠬᠤᠨᠢᠨ ᠤ ᠴᠤᠭ ᠰᠦᠯᠳᠡ ᠮᠠᠭᠤᠳᠠᠨ᠂ ᠪᠤᠯᠴᠢᠩ ᠮᠢᠬ᠎ᠠ ᠨᠢ ᠰᠤᠯᠠᠷᠠᠵᠤ᠂ ᠪᠡᠶ᠎ᠡ ᠶᠢᠨ ᠬᠠᠯᠠᠭᠤᠨ ᠨᠢ ᠵᠠᠷᠢᠮ ᠳᠠᠭᠠᠨ | ᠥᠨᠳᠥᠷᠵᠢᠵᠦ᠂ ᠬᠤᠰᠬᠢᠨᠠᠭ ᠤᠨ ᠰᠦᠪᠡ᠂ ᠰᠡᠭᠦᠯ ᠤᠨ ᠦᠨᠳᠦᠰᠦ᠂ ᠳᠦᠷᠪᠡᠨ ᠮᠥᠴᠢ ᠶᠢᠨ ᠳᠣᠲᠣᠷ᠎ᠠ ᠲᠠᠯ᠎ᠠ ᠪᠠ | ᠬᠥᠬᠦ ᠵᠡᠷᠭᠡ ᠬᠡᠰᠡᠭ ᠲᠤ ᠠᠷᠠᠰᠤᠨ ᠡᠰᠡᠷᠭᠡᠨ᠎ᠡ ᠭᠠᠷᠴᠤ᠂ ᠵᠠᠪᠠᠵᠢ ᠶᠢᠨ ᠲᠣᠭᠤᠷᠢᠨ ᠳᠤ ᠤᠰᠤᠨ ᠴᠥᠪᠥᠷᠢᠭᠦᠦ ᠶᠢᠨ | ᠴᠢᠨᠠᠷᠲᠠᠶ ᠠᠷᠠᠰᠤᠨ ᠤ ᠦᠷᠪᠢᠰᠦᠯ ᠡᠭᠦᠰᠴᠦ᠂ ᠳᠠᠬᠢᠨ ᠳᠠᠪᠲᠠᠨ ᠬᠥᠳᠡᠯᠵᠦ᠂ ᠡᠪᠦᠯ ᠬᠠᠪᠤᠷ ᠤᠨ ᠤᠯᠠᠷᠢᠯ ᠳᠤ | ᠬᠤᠨᠢᠨ ᠤ ᠰᠦᠷᠦᠭ ᠤᠨ ᠪᠣᠷᠳᠣᠬᠤ ᠦᠢᠯᠡᠳᠦᠯ ᠢ ᠬᠦᠨᠳᠦ ᠨᠣᠴᠢᠲᠠᠶ ᠨᠥᠯᠥᠭᠡᠯᠡᠨ᠎ᠡ᠃ ᠬᠤᠨᠢ ᠢᠮᠠᠭ᠎ᠠ ᠬᠦᠨᠳᠦ | ᠬᠤᠣᠷᠳᠠᠭᠳᠠᠬᠤ ᠦᠶ᠎ᠡ ᠳᠤ᠂ ᠬᠤᠣᠷᠳᠠᠭᠳᠠᠭᠰᠠᠨ ᠬᠤᠨᠢ ᠨᠢ ᠢᠯᠡᠷᠬᠡᠶ ᠮᠡᠳᠡᠷᠡᠯ ᠤᠨ ᠡᠪᠡᠳᠴᠢᠨ ᠤ ᠢᠯᠡᠷᠡᠯ ᠲᠠᠢ᠂ | ᠡᠪᠡᠳᠴᠢᠨ ᠲᠠᠢ ᠠᠩᠬ᠎ᠠ ᠳᠤᠮᠳᠠᠳᠤ ᠶᠢᠨ ᠬᠤᠣᠷᠳᠠᠭᠳᠠᠭᠰᠠᠨ ᠬᠤᠨᠢ ᠨᠢ ᠬᠥᠭᠡᠷᠴᠦ ᠲᠣᠭᠲᠠᠪᠤᠷᠢ ᠦᠭᠡᠶ᠂ ᠵᠠᠩ | ᠠᠭᠠᠰᠢ ᠨᠢ ᠬᠡᠳᠡᠷ ᠳᠣᠭᠰᠢᠨ᠂ ᠵᠠᠷᠢᠮ ᠳᠠᠭᠠᠨ ᠤᠷᠤᠭᠰᠢ ᠪᠠᠨ ᠰᠢᠷᠦᠭᠦᠨ ᠳᠠᠭᠠᠷᠢᠨ ᠰᠢᠭᠤᠳ ᠮᠥᠷᠭᠦᠵᠦ᠂ | ᠰᠡᠭᠦᠯᠡᠷ ᠨᠢ ᠴᠤᠭ ᠰᠦᠯᠳᠡ ᠦᠭᠡᠶ ᠪᠣᠯᠵᠤ᠂ ᠬᠤᠶᠢᠲᠤ ᠪᠡᠶ᠎ᠡ ᠨᠢ ᠲᠠᠮᠢᠷ ᠦᠭᠡᠶ ᠪᠣᠯᠵᠤ᠂ ᠬᠥᠳᠡᠯᠭᠡᠭᠡᠨ ᠨᠢ | ᠰᠠᠭᠠᠲᠠᠯ ᠲᠠᠢ ᠪᠣᠯᠵᠤ᠂ ᠠᠯᠬᠤᠴᠠ ᠨᠢ ᠵᠡᠭᠦᠨᠰᠢ ᠪᠠᠷᠠᠭᠤᠨᠰᠢ ᠨᠠᠶᠢᠭᠤᠵᠤ᠂ ᠬᠠᠷᠠᠭᠠᠨ ᠤ ᠰᠠᠯᠢᠰᠤᠲᠤ ᠪᠦᠷᠬᠦᠪᠴᠢ ᠨᠢ | ᠪᠣᠷᠣᠯᠠᠵᠤ᠂ ᠠᠮᠢᠰᠬᠤᠯ ᠨᠢ ᠬᠦᠴᠦ ᠦᠭᠡᠶ ᠪᠣᠯᠵᠤ᠂ ᠵᠢᠷᠦᠬᠡ ᠨᠢ ᠮᠠᠭᠤᠳᠠᠵᠤ᠂ ᠬᠡᠦᠬᠡᠨ ᠬᠠᠷᠠᠭ᠎ᠠ ᠨᠢ ᠲᠣᠮᠣᠷᠠᠨ᠂ | ᠪᠦᠬᠦ ᠪᠡᠶ᠎ᠡ ᠨᠢ ᠵᠠᠭᠤᠷᠠᠵᠤ᠂ ᠶᠡᠷᠦ ᠳᠡᠭᠡᠨ 1~2 ᠡᠳᠦᠷ ᠤᠨ ᠳᠣᠲᠣᠷ᠎ᠠ ᠥᠭᠦᠳᠡᠭ ᠪᠠᠶᠢᠨ᠎ᠠ᠃ | ᠡᠩ ᠤᠨ ᠬᠥᠩᠭᠡᠨ ᠬᠤᠣᠷᠳᠠᠭᠳᠠᠭᠰᠠᠨ ᠬᠤᠨᠢᠨ ᠳᠤ 25% ᠶᠢᠨ ᠳᠡᠭᠡᠳᠦ ᠮᠠᠩᠭᠠᠨ ᠬᠦᠴᠢᠯ ᠤᠨ ᠺᠠᠯᠢ ᠶᠢᠨ | ᠠᠭᠤᠰᠤᠮᠠᠯ ᠪᠤᠶᠤ 5% ᠶᠢᠨ ᠲᠠᠨᠨᠢᠨ ᠬᠦᠴᠢᠯ ᠤᠨ ᠠᠭᠤᠰᠤᠮᠠᠯ 1000 ᠮᠢᠯᠢᠯᠢᠲᠷ ᠬᠡᠷᠡᠭᠯᠡᠵᠦ ᠡᠪᠡᠳᠴᠢᠨ ᠲᠠᠢ | ᠬᠤᠨᠢᠨ ᠤ ᠬᠤᠳᠣᠭᠤᠳᠣ ᠶᠢ ᠨᠢ ᠤᠬᠢᠶᠠᠬᠤ ᠪᠤᠶᠤ ᠭᠡᠳᠡᠰᠦ ᠶᠢ ᠨᠢ ᠴᠢᠳᠬᠤᠵᠤ᠂ ᠡᠪᠡᠳᠴᠢᠨ ᠲᠠᠢ ᠬᠤᠨᠢᠨ ᠤ | ᠬᠤᠳᠣᠭᠤᠳᠣ ᠭᠡᠳᠡᠰᠦᠨ ᠳᠠᠬᠢ ᠬᠤᠣᠷᠲᠤ ᠪᠣᠳᠠᠰ ᠢ ᠴᠡᠪᠡᠷᠯᠡᠨ ᠠᠷᠢᠯᠭᠠᠵᠤ᠂ ᠬᠤᠣᠷᠲᠤ ᠪᠣᠳᠠᠰ ᠤᠨ ᠰᠢᠩᠭᠡᠭᠡᠵᠦ | ᠲᠠᠷᠬᠠᠬᠤ ᠶᠢ ᠬᠤᠷᠢᠭᠯᠠᠨ᠎ᠠ᠃ ᠲᠥᠮᠥᠰᠥᠨ ᠳᠤ ᠬᠤᠣᠷᠳᠠᠭᠳᠠᠭᠰᠠᠨ ᠠᠴᠠ ᠪᠣᠯᠤᠭᠰᠠᠨ ᠡᠪᠡᠳᠴᠢᠨ ᠲᠠᠢ ᠬᠤᠨᠢᠨ ᠤ | ᠠᠷᠠᠰᠤᠨ ᠤ ᠡᠰᠡᠷᠭᠡᠨ᠎ᠡ᠂ ᠤᠰᠤᠨ ᠴᠥᠪᠥᠷᠢᠭᠦᠦ ᠶᠢᠨ ᠴᠢᠨᠠᠷᠲᠠᠶ ᠠᠷᠠᠰᠤᠨ ᠤ ᠦᠷᠪᠢᠰᠦᠯ ᠡᠭᠦᠰᠦᠭᠰᠡᠨ ᠬᠡᠰᠡᠭ ᠢ | ᠵᠠᠰᠠᠬᠤ ᠳᠤ ᠤᠷᠢᠳ ᠢᠶᠠᠷ ᠡᠪᠡᠳᠴᠢᠯᠡᠭᠰᠡᠨ ᠬᠡᠰᠡᠭ ᠤᠨ ᠬᠥᠨᠵᠢᠯᠡ ᠶᠢᠨ ᠦᠰᠦ ᠶᠢ ᠨᠢ ᠠᠪᠴᠤ ᠬᠠᠶᠠᠭᠠᠳ ᠭᠬᠢᠷ | ᠪᠤᠷᠲᠠᠭ ᠢ ᠨᠢ ᠠᠷᠢᠯᠭᠠᠬᠤ ᠶᠢᠨ ᠬᠠᠮᠲᠤ 20% ᠶᠢᠨ ᠲᠠᠨᠨᠢᠨ ᠬᠦᠴᠢᠯ ᠤᠨ ᠠᠭᠤᠰᠤᠮᠠᠯ ᠪᠤᠶᠤ 30% ᠶᠢᠨ ᠪᠤᠷ | ᠬᠦᠴᠢᠯ ᠤᠨ ᠠᠭᠤᠰᠤᠮᠠᠯ ᠢᠶᠠᠷ ᠤᠬᠢᠶᠠᠵᠤ᠂ ᠳᠠᠷᠠᠭ᠎ᠠ ᠨᠢ 30% ᠶᠢᠨ ᠯᠣᠣ ᠶᠢᠨ ᠰᠥᠰᠥᠨ ᠤ ᠪᠣᠷᠣ ᠪᠤᠶᠤ | 30% ᠶᠢᠨ ᠠᠽᠣᠲ ᠬᠦᠴᠢᠯ ᠤᠨ ᠮᠥᠩᠭᠦᠨ ᠤ ᠠᠭᠤᠰᠤᠮᠠᠯ ᠢ ᠲᠦᠷᠬᠢᠵᠦ᠂ ᠡᠪᠡᠳᠴᠢᠯᠡᠭᠰᠡᠨ ᠬᠡᠰᠡᠭ ᠤᠨ | ᠢᠯᠵᠢᠷᠡᠬᠦ ᠶᠢ ᠰᠡᠷᠭᠡᠶᠢᠯᠡᠬᠦ᠂ ᠬᠤᠷᠠᠭᠤᠯᠬᠤ ᠪᠠ ᠨᠡᠪᠴᠢᠬᠦ ᠶᠢ ᠬᠤᠷᠢᠭᠯᠠᠬᠤ ᠦᠢᠯᠡᠳᠦᠯ ᠲᠠᠢ᠃ ᠬᠦᠨᠳᠦ | ᠬᠤᠣᠷᠳᠠᠯᠭ᠎ᠠ ᠪᠠ ᠬᠤᠣᠷᠳᠠᠯᠭ᠎ᠠ ᠶᠢᠨ ᠢᠯᠡᠷᠡᠯ ᠨᠢ ᠨᠡᠯᠢᠶᠡᠳ ᠬᠡᠴᠡᠭᠦᠦ ᠡᠪᠡᠳᠴᠢᠨ ᠲᠠᠢ ᠬᠤᠨᠢ ᠶᠢ ᠪᠣᠯ ᠭᠤᠷᠪᠠᠨ | ᠰᠢᠷ᠎ᠠ ᠶᠢᠨ ᠬᠤᠣᠷ ᠢ ᠲᠠᠶᠢᠯᠬᠤ ᠡᠮ ᠤᠨ ᠱᠥᠯᠥ ᠪᠠᠷ ᠡᠪᠡᠳᠴᠢᠨ ᠲᠠᠢ ᠬᠤᠨᠢᠨ ᠳᠤ ᠤᠤᠭᠤᠯᠭᠠᠵᠤ᠂ ᠬᠤᠣᠷ ᠢ ᠨᠢ | ᠭᠠᠳᠠᠭᠰᠢᠯᠠᠭᠤᠯᠤᠨ ᠬᠤᠣᠷ ᠢ ᠨᠢ ᠲᠠᠶᠢᠯᠬᠤ ᠶᠢ ᠠᠬᠢᠭᠤᠯᠤᠨ᠎ᠠ᠃ | | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | |