ᠲᠠᠤᠯᠠᠢ ᠶᠢᠨ ᠦᠬᠦᠵᠢᠭᠰᠡᠨ ᠰᠠᠪᠬᠠᠨᠴᠢᠷ ᠪᠠᠺᠲ᠋ᠧᠷᠢ ᠶᠢᠨ ᠡᠪᠡᠳᠴᠢᠨ ᠢ ᠶᠠᠭᠠᠬᠢᠵᠤ ᠵᠠᠰᠠᠬᠤ ᠪᠣᠢ
ᠨᠡᠶᠢᠲᠡᠯᠡᠭᠰᠡᠨ ᠴᠠᠭ᠄
2021/11/25
ᠡᠪᠡᠳᠴᠢᠨ ᠲᠠᠢ ᠲᠠᠤᠯᠠᠢ ᠶᠢᠨ ᠠᠮᠠᠨ ᠬᠥᠨᠳᠡᠶ ᠶᠢᠨ ᠰᠠᠯᠢᠰᠤᠲᠤ ᠪᠦᠷᠬᠦᠪᠴᠢ᠂ ᠪᠤᠶᠢᠯᠠ᠂ ᠬᠡᠯᠡᠨ ᠤ ᠲᠠᠯ᠎ᠠ᠂ ᠬᠦᠵᠦᠭᠦᠨ ᠤ ᠬᠡᠰᠡᠭ ᠤᠨ ᠠᠷᠠᠰᠤᠨ ᠳᠣᠣᠷ᠎ᠠ ᠦᠬᠦᠵᠢᠵᠦ᠂ ᠡᠷᠡᠦ ᠶᠢᠨ ᠳᠣᠣᠷᠠᠬᠢ ᠯᠢᠮᠹᠠ ᠶᠢᠨ ᠵᠠᠩᠭᠢᠯᠠᠭ᠎ᠠ ᠬᠠᠪᠤᠳᠤᠨ ᠲᠣᠮᠣᠷᠠᠵᠤ᠂ ᠪᠢᠰᠢᠯᠠᠭ ᠰᠢᠭ᠋ ᠦᠬᠦᠵᠢᠬᠦ ᠭᠤᠯᠤᠮᠳᠠ ᠲᠠᠢ᠂ ᠡᠯᠢᠭᠡ᠂ ᠠᠭᠤᠰᠬᠢ᠂ ᠳᠡᠯᠢᠭᠦᠦ ᠦᠬᠦᠵᠢᠬᠦ ᠭᠤᠯᠤᠮᠳᠠ ᠲᠠᠢ᠂ ᠵᠠᠷᠢᠮ ᠨᠢ ᠦᠩᠬᠦᠯᠴᠡᠭ ᠤᠨ ᠦᠷᠪᠢᠰᠦᠯ᠂ ᠴᠡᠭᠡᠵᠢᠨ ᠬᠠᠯᠢᠰᠤᠨ ᠤ ᠦᠷᠪᠢᠰᠦᠯ ᠡᠭᠦᠰᠦᠨ᠎ᠡ᠃ ᠡᠪᠡᠳᠴᠢᠨ ᠲᠠᠢ ᠲᠠᠤᠯᠠᠶ ᠡᠴᠡᠵᠦ ᠲᠤᠷᠠᠬᠤ᠂ ᠢᠳᠡᠰᠢ ᠠᠪᠬᠤ ᠳᠤ ᠰᠠᠭᠠᠳ ᠤᠴᠠᠷᠠᠬᠤ᠂ ᠰᠢᠯᠦᠰᠦ ᠭᠤᠭᠤᠵᠢᠬᠤ᠂ ᠤᠷᠤᠭᠤᠯ ᠤᠨ ᠬᠡᠰᠡᠭ᠂ ᠠᠮᠠᠨ ᠬᠥᠨᠳᠡᠶ ᠶᠢᠨ ᠰᠠᠯᠢᠰᠤᠲᠤ ᠪᠦᠷᠬᠦᠪᠴᠢ ᠪᠠ ᠪᠤᠶᠢᠯᠠ ᠵᠡᠷᠭᠡ ᠭᠠᠵᠠᠷ ᠲᠤ ᠰᠢᠷᠬᠠᠯᠠᠭ᠎ᠠ᠂ ᠦᠬᠦᠵᠢᠯ᠂ ᠦᠮᠡᠬᠡᠶ ᠦᠨᠦᠷ ᠲᠠᠢ᠂ ᠵᠠᠷᠢᠮ ᠦᠷᠪᠢᠰᠦᠯ ᠤᠨ ᠴᠢᠨᠠᠷᠲᠠᠶ ᠬᠠᠪᠤᠳᠠᠷ ᠨᠢ ᠬᠦᠵᠦᠭᠦᠨ ᠤ ᠬᠡᠰᠡᠭ ᠤᠨ ᠮᠢᠬᠠᠨ ᠰᠠᠬᠠᠯ ᠵᠢᠴᠢ ᠴᠡᠭᠡᠵᠢᠨ ᠬᠡᠰᠡᠭ ᠲᠤ ᠡᠭᠦᠰᠴᠦ᠂ ᠡᠪᠡᠳᠴᠢᠨ ᠲᠠᠢ ᠲᠠᠤᠯᠠᠢ ᠶᠢᠨ ᠪᠡᠶ᠎ᠡ ᠶᠢᠨ ᠳᠤᠯᠠᠭᠠᠨ ᠨᠢ ᠳᠡᠭᠡᠭᠰᠢᠯᠡᠨ᠂ ᠪᠡᠶ᠎ᠡ ᠮᠠᠬᠠᠪᠣᠳ ᠨᠢ ᠮᠠᠭᠤᠳᠠᠨ᠎ᠠ᠃ ᠨᠢᠭᠤᠭᠳᠠᠮᠠᠯ ᠬᠤᠭᠤᠴᠠᠭ᠎ᠠ ᠨᠢ ᠣᠬᠤᠷ ᠪᠣᠯ ᠬᠡᠳᠦᠨ ᠴᠠᠭ᠂ ᠤᠷᠲᠤ ᠨᠢ 1 — 2 ᠭᠠᠷᠠᠭ ᠲᠤ ᠬᠦᠷᠳᠡᠭ᠃ ᠪᠦᠬᠦ ᠪᠡᠶ᠎ᠡ ᠶᠢᠨ ᠵᠠᠰᠠᠯᠭ᠎ᠠ ᠪᠣᠯ ᠳᠣᠲᠣᠷ ᠡᠷᠬᠡᠲᠡᠨ ᠤ ᠰᠢᠯᠵᠢᠬᠦ ᠴᠢᠨᠠᠷᠲᠠᠶ ᠡᠪᠡᠳᠴᠢᠨ ᠤ ᠭᠤᠯᠤᠮᠲᠠ ᠡᠭᠦᠰᠬᠦ ᠠᠴᠠ ᠰᠡᠷᠭᠡᠶᠢᠯᠡᠬᠦ ᠶᠢᠨ ᠲᠥᠯᠥᠭᠡ ᠬᠡᠰᠡᠭ ᠭᠠᠵᠠᠷ ᠤᠨ ᠵᠠᠰᠠᠯᠭ᠎ᠠ ᠬᠢᠬᠦ ᠶᠢᠨ ᠬᠠᠮᠲᠤ ᠪᠠᠰᠠ ᠪᠦᠬᠦ ᠪᠡᠶ᠎ᠡ ᠶᠢᠨ ᠵᠠᠰᠠᠯᠭ᠎ᠠ ᠶᠢ ᠬᠢᠬᠦ ᠬᠡᠷᠡᠭᠲᠡᠶ᠃ ᠺᠢᠯᠣᠭ᠍ᠷᠠᠮ ᠪᠦᠷᠢ ᠶᠢᠨ ᠪᠡᠶ᠎ᠡ ᠶᠢᠨ ᠬᠦᠨᠳᠦ ᠶᠢᠨ ᠪᠤᠯᠴᠢᠩ ᠢᠶᠠᠷ ᠫᠧᠨᠢᠼᠢᠯᠢᠨ ᠢ 4 ᠲᠦᠮᠡᠨ ᠨᠢᠭᠡᠴᠢ ᠪᠠᠷ ᠡᠳᠦᠷ ᠲᠤ 3 ᠤᠳᠠᠭ᠎ᠠ ᠳᠠᠷᠢᠵᠤ᠂ ᠵᠠᠯᠭᠠᠭ᠎ᠠ ᠪᠠᠷ 5 ᠡᠳᠦᠷ ᠬᠡᠷᠡᠭᠯᠡᠨ᠎ᠡ᠂ ᠬᠠᠮᠲᠤ ᠳᠤᠨᠢ ᠬᠦᠬᠦᠷᠯᠢᠭ ᠠᠮᠢᠨ ᠤ ᠬᠤᠶᠠᠷ ᠮᠧᠲ᠋ᠢᠯᠲᠦ ᠫᠢᠷᠢᠮᠢᠳᠢᠨ ᠢ 0.2 ᠭᠷᠠᠮ / ᠺᠢᠯᠣᠭ᠍ᠷᠠᠮ ᠪᠡᠶ᠎ᠡ ᠶᠢᠨ ᠬᠦᠨᠳᠦ ᠳᠤ ᠳᠠᠷᠢᠵᠤ᠂ ᠵᠠᠯᠭᠠᠭ᠎ᠠ ᠪᠠᠷ ᠨᠢᠭᠡ ᠭᠠᠷᠠᠭ ᠬᠡᠷᠡᠭᠯᠡᠨ᠎ᠡ᠃ ᠡᠩ ᠤᠨ ᠦᠶ᠎ᠡ ᠳᠤ ᠲᠠᠤᠯᠠᠢ ᠶᠢᠨ ᠰᠠᠷᠠᠪᠴᠢ ᠶᠢᠨ ᠠᠷᠢᠭᠤᠨ ᠴᠡᠪᠡᠷ ᠢ ᠪᠠᠲᠤᠯᠠᠵᠤ᠂ ᠬᠠᠭᠤᠷᠠᠶ ᠪᠠᠶᠢᠬᠤ ᠶᠢ ᠪᠠᠲᠤᠯᠠᠵᠤ᠂ ᠠᠭᠠᠷ ᠨᠡᠪᠲᠡᠷᠡᠬᠦ ᠶᠢ ᠪᠠᠲᠤᠯᠠᠨ᠎ᠠ᠃ ᠲᠠᠤᠯᠠᠢ ᠶᠢᠨ ᠰᠢᠩᠭᠡᠯᠢᠭ ᠲᠤ ᠬᠤᠷᠴᠠ ᠪᠣᠳᠠᠰ ᠢ ᠠᠷᠢᠯᠭᠠᠵᠤ᠂ ᠠᠷᠠᠰᠤ᠂ ᠰᠠᠯᠢᠰᠤᠲᠤ ᠪᠦᠷᠬᠦᠪᠴᠢ ᠶᠢᠨ ᠭᠡᠮᠲᠦᠯ ᠠᠴᠠ ᠰᠡᠷᠭᠡᠶᠢᠯᠡᠨ᠎ᠡ᠃ ᠪᠠᠲᠠᠭᠠᠨ᠎ᠠ᠂ ᠪᠥᠭᠡᠰᠦ ᠵᠡᠷᠭᠡ ᠶᠢ ᠤᠰᠠᠳᠬᠠᠨ᠎ᠠ᠃ ᠲᠠᠤᠯᠠᠶ ᠶᠢᠨ ᠰᠦᠷᠦᠭ ᠡᠪᠡᠳᠴᠢᠯᠡᠪᠡᠯ ᠴᠠᠭ ᠲᠤᠬᠠᠶ ᠳᠤᠨᠢ ᠲᠤᠰᠠᠭᠠᠷᠯᠠᠨ ᠡᠮᠨᠡᠨ᠎ᠡ᠃ ᠲᠠᠤᠯᠠᠢ ᠶᠢᠨ ᠰᠠᠷᠠᠪᠴᠢ᠂ ᠲᠠᠤᠯᠠᠢ ᠶᠢᠨ ᠰᠢᠩᠭᠡᠯᠢᠭ ᠵᠢᠴᠢ ᠲᠡᠵᠢᠭᠡᠪᠦᠷᠢ ᠶᠢᠨ ᠬᠡᠷᠡᠭᠰᠡᠯ ᠢ ᠠᠷᠢᠭᠤᠳᠬᠠᠬᠤ ᠶᠢ ᠴᠢᠩᠭᠠᠳᠬᠠᠨ᠎ᠠ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号