ᠲᠠᠬᠢᠶ᠎ᠠ ᠲᠡᠵᠢᠭᠡᠬᠦ ᠴᠠᠭ ᠠᠭᠤᠷ ᠤᠨ ᠮᠡᠳᠡᠯᠭᠡ
ᠨᠡᠶᠢᠲᠡᠯᠡᠭᠰᠡᠨ ᠴᠠᠭ᠄
2021/11/25
ᠪᠦᠷᠬᠦᠭ᠂ ᠪᠣᠷᠣᠭᠠᠨ᠂ ᠮᠠᠨᠠᠨ᠂ ᠬᠢᠷᠠᠭᠤ᠂ ᠴᠠᠰᠤ᠂ ᠰᠠᠯᠬᠢ ᠵᠡᠷᠭᠡ ᠴᠠᠭ ᠠᠭᠤᠷ ᠨᠢ ᠲᠠᠬᠢᠶ᠎ᠠ ᠶᠢᠨ ᠲᠠᠯᠠᠪᠠᠶ ᠶᠢᠨ ᠳᠤᠯᠠᠭᠠᠨ ᠤ ᠬᠡᠮᠵᠢᠶ᠎ᠡ ᠶᠢ ᠮᠠᠰᠢ ᠶᠡᠭᠡ ᠨᠥᠯᠥᠭᠡᠯᠡᠳᠡᠭ ᠪᠣᠯᠬᠤᠷ ᠲᠡᠵᠢᠭᠡᠨ ᠦᠷᠡᠵᠢᠭᠦᠯᠬᠦ ᠡᠷᠦᠬᠡ ᠡᠳᠦᠷ ᠪᠦᠷᠢ ᠶᠢᠨ ᠴᠠᠭ ᠠᠭᠤᠷ ᠤᠨ ᠬᠤᠪᠢᠷᠠᠯᠲᠠ ᠶᠢ ᠠᠩᠬᠠᠷᠬᠤ ᠶᠢᠨ ᠬᠠᠮᠲᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ ᠬᠡᠷᠡᠭᠲᠡᠶ᠄ 1 ᠪᠦᠷᠬᠦᠭ ᠪᠣᠷᠣᠭᠠᠨ ᠲᠠᠢ ᠡᠳᠦᠷ ᠲᠠᠬᠢᠶ᠎ᠠ ᠶᠢᠨ ᠰᠦᠷᠦᠭ ᠲᠤ ᠴᠠᠭ ᠲᠤᠬᠠᠶ ᠳᠤᠨᠢ ᠳᠤᠯᠠᠭᠠᠯᠠᠭ᠎ᠠ ᠶᠢᠨ ᠲᠥᠬᠦᠭᠡᠷᠦᠮᠵᠢ ᠶᠢ ᠬᠡᠷᠡᠭᠯᠡᠵᠦ᠂ ᠭᠠᠳᠠᠭᠠᠳᠤ ᠣᠷᠴᠢᠨ ᠤ ᠳᠤᠯᠠᠭᠠᠨ ᠤ ᠬᠡᠮᠵᠢᠶ᠎ᠡ ᠳᠣᠷᠣᠭᠰᠢᠯᠠᠭᠰᠠᠨ ᠠᠴᠠ ᠪᠤᠯᠵᠤ ᠲᠠᠬᠢᠶᠠᠨ ᠤ ᠡᠭᠦᠷ ᠤᠨ ᠳᠤᠯᠠᠭᠠᠨ ᠤ ᠬᠡᠮᠵᠢᠶ᠎ᠡ ᠳᠣᠷᠣᠭᠰᠢᠯᠠᠬᠤ ᠠᠴᠠ ᠰᠡᠷᠭᠡᠶᠢᠯᠡᠬᠦ ᠬᠡᠷᠡᠭᠲᠡᠶ᠃ 2 ᠮᠠᠨᠠᠨ ᠲᠠᠢ ᠡᠳᠦᠷ ᠲᠠᠬᠢᠶᠠᠨ ᠤ ᠰᠠᠷᠠᠪᠴᠢ ᠶᠢᠨ ᠡᠭᠦᠳᠡ ᠴᠣᠩᠬᠤ ᠶᠢ ᠨᠢᠭᠲᠠ ᠴᠢᠩᠭ᠎ᠠ ᠪᠠᠶᠢᠯᠭᠠᠵᠤ ᠪᠣᠯᠬᠤ ᠦᠭᠡᠶ᠂ ᠬᠠᠷᠢᠨ ᠮᠠᠰᠢᠨ ᠢᠶᠠᠷ ᠰᠠᠯᠬᠢ ᠨᠡᠪᠲᠡᠷᠡᠭᠦᠯᠬᠦ ᠶᠢ ᠪᠠᠲᠤᠯᠠᠬᠤ ᠬᠡᠷᠡᠭᠲᠡᠶ ᠪᠥᠭᠡᠳ ᠵᠥᠭᠡᠯᠡᠨ ᠰᠠᠯᠬᠢ ᠦᠷᠭᠦᠯᠵᠢ ᠨᠡᠪᠲᠡᠷᠡᠬᠦ ᠶᠢ ᠪᠠᠲᠤᠯᠠᠬᠤ ᠬᠡᠷᠡᠭᠲᠡᠶ᠃ 3 ᠬᠢᠷᠠᠭᠤ ᠤᠨᠠᠬᠤ ᠦᠶ᠎ᠡ ᠳᠤ᠂ ᠶᠡᠷᠦ ᠳᠡᠭᠡᠨ ᠡᠳᠦᠷ ᠬᠠᠯᠠᠭᠤᠨ ᠰᠥᠨᠢ ᠬᠦᠢᠳᠡᠨ ᠪᠠᠶᠢᠳᠠᠭ᠂ ᠢᠯᠠᠩᠭᠤᠶ᠎ᠠ ᠥᠷᠯᠥᠭᠡ ᠡᠷᠲᠡ ᠶᠢᠨ 1 — 5 ᠴᠠᠭ ᠲᠤ ᠰᠠᠯᠬᠢ ᠣᠷᠣᠬᠤ ᠠᠮᠠᠰᠠᠷ ᠢ ᠪᠠᠭ᠎ᠠ ᠪᠠᠶᠢᠯᠭᠠᠬᠤ ᠪᠤᠶᠤ ᠬᠠᠭᠠᠵᠤ᠂ ᠵᠤᠤᠬ᠎ᠠ ᠶᠢ ᠬᠡᠪ ᠤᠨ ᠪᠠᠶᠢᠳᠠᠯ ᠢᠶᠠᠷ ᠠᠵᠢᠯᠯᠠᠭᠤᠯᠬᠤ ᠶᠢ ᠠᠩᠬᠠᠷᠬᠤ ᠬᠡᠷᠡᠭᠲᠡᠶ︔ 4 ᠴᠠᠰᠤ ᠣᠷᠣᠬᠤ ᠳᠤ᠂ ᠴᠠᠭ ᠲᠤᠬᠠᠶ ᠳᠤᠨᠢ ᠴᠠᠰᠤ ᠶᠢ ᠴᠡᠪᠡᠷᠯᠡᠬᠦ ᠶᠢᠨ ᠬᠠᠮᠲᠤ ᠰᠠᠷᠠᠪᠴᠢ ᠶᠢᠨ ᠳᠤᠯᠠᠭᠠᠨ ᠢ ᠵᠣᠬᠢᠰᠲᠠᠶ ᠪᠠᠷ ᠳᠡᠭᠡᠭᠰᠢᠯᠡᠭᠦᠯᠦᠨ᠎ᠡ᠂ ᠢᠯᠠᠩᠭᠤᠶ᠎ᠠ ᠴᠠᠰᠤ ᠬᠠᠶᠢᠯᠬᠤ ᠦᠶ᠎ᠡ ᠳᠤ ᠨᠡᠩ ᠴᠤ ᠢᠩᠭᠢᠵᠦ ᠬᠢᠬᠦ ᠬᠡᠷᠡᠭᠲᠡᠶ᠃ 6 ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠳᠤᠯᠠᠭᠠᠯᠠᠭ᠎ᠠ ᠶᠢᠨ ᠲᠥᠬᠦᠭᠡᠷᠦᠮᠵᠢ ᠪᠠ ᠰᠠᠯᠬᠢ ᠨᠡᠪᠲᠡᠷᠡᠭᠦᠯᠬᠦ ᠲᠥᠬᠦᠭᠡᠷᠦᠮᠵᠢ ᠶᠢ ᠲᠠᠰᠤᠷᠠᠯᠲᠠ ᠦᠭᠡᠢ ᠲᠣᠬᠢᠷᠠᠭᠤᠯᠪᠠᠯ ᠰᠠᠶ᠋ᠢ ᠳᠤᠯᠠᠭᠠᠨ ᠤ ᠵᠥᠷᠢᠶ᠎ᠡ ᠶᠢ ᠪᠠᠭᠤᠷᠠᠭᠤᠯᠵᠤ ᠴᠢᠳᠠᠨ᠎ᠠ᠃ ᠬᠠᠮᠤᠭ ᠤᠨ ᠢᠯᠡᠷᠬᠡᠶ ᠳᠥᠷᠪᠡᠨ ᠱᠠᠲᠤ ᠦᠶ᠎ᠡ᠄ 7᠄ 00 — 11᠄ 00᠂ ᠳᠤᠯᠠᠭᠠᠨ ᠤ ᠳᠡᠭᠡᠭᠰᠢᠯᠡᠬᠦ ᠱᠠᠲᠤ ᠦᠶ᠎ᠡ᠂ 13᠄ 00 — 15᠄ 00᠂ ᠥᠨᠳᠥᠷ ᠳᠤᠯᠠᠭᠠᠨ ᠤ ᠱᠠᠲᠤ ᠦᠶ᠎ᠡ᠂ 17᠄ 00 — 22᠄ 00᠂ ᠳᠤᠯᠠᠭᠠᠨ ᠤ ᠬᠡᠮᠵᠢᠶ᠎ᠡ ᠪᠠᠭᠤᠷᠠᠬᠤ ᠱᠠᠲᠤ ᠦᠶ᠎ᠡ᠂ ᠥᠷᠯᠥᠭᠡ ᠶᠢᠨ 1᠄ 00 — 4᠄ 00᠂ ᠳᠣᠤᠷ᠎ᠠ ᠳᠤᠯᠠᠭᠠᠨ ᠤ ᠱᠠᠲᠤ ᠦᠶ᠎ᠡ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号