ᠵᠢᠯᠣᠭᠤᠴᠢ ᠥᠬᠡᠶ ᠨᠢᠰᠬᠡᠯ ᠬᠥᠯ ᠬᠤᠷᠢᠭ᠎ᠠ ᠲᠣᠭᠲᠠᠭᠠᠭᠰᠠᠨ ᠬᠤᠷᠢᠶᠠᠯᠠᠯ ᠤᠨ ᠠᠷᠢᠭᠤᠳᠬᠠᠬᠤ ᠠᠵᠢᠯ ᠢ ᠪᠡᠶᠡᠯᠡᠭᠦᠯᠵᠡᠶ
ᠨᠡᠶᠢᠲᠡᠯᠡᠭᠰᠡᠨ ᠴᠠᠭ᠄
2021/11/4
10 ᠳ᠋ᠤᠭᠠᠷ ᠰᠠᠷ᠎ᠠ ᠶᠢᠨ 24᠎ ᠤ ᠡᠳᠦᠷ ᠨᠢᠭᠡᠨ ᠵᠢᠯᠣᠭᠤᠴᠢ ᠥᠬᠡᠶ ᠨᠢᠰᠬᠡᠯ ᠪᠢᠲᠡᠭᠦᠮᠵᠢᠯᠡᠭᠰᠡᠨ ᠵᠢᠶᠠᠨ ᠺᠠᠩ ᠬᠤᠸᠠ ᠶᠤᠸᠠᠨ ᠬᠤᠷᠢᠶᠠᠯᠠᠯ ᠤᠨ ᠳᠡᠭᠡᠭᠦᠷ ᠨᠢᠰᠴᠦ᠂ ᠰᠠᠭᠤᠭᠠᠯᠢ ᠲᠣᠭᠤᠷᠢᠭ ᠤᠨ ᠠᠷᠢᠭᠤᠳᠬᠠᠬᠤ ᠠᠵᠢᠯ ᠢ ᠪᠡᠶᠡᠯᠡᠭᠦᠯᠵᠡᠶ᠃ 3 ᠰᠠᠶᠢᠨ ᠳᠤᠷᠠᠴᠤᠳ ᠨᠢ ᠥᠪᠥᠷ ᠮᠣᠩᠭᠤᠯ ᠤᠨ ᠴᠦᠩ ᠴᠤᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠢᠷᠡᠭᠰᠡᠨ ᠶᠤᠮ᠂ ᠬᠢᠵᠢᠭ ᠤᠨ ᠬᠠᠯᠳᠠᠪᠤᠷᠢ ᠡᠭᠦᠰᠦᠭᠰᠡᠨ ᠤ ᠳᠠᠷᠠᠭ᠎ᠠ᠂ 3 ᠵᠠᠯᠠᠭᠤ ᠰᠠᠨᠠᠭᠠᠴᠢᠯᠠᠭ᠎ᠠ ᠠᠴᠠ ᠪᠠᠨ ᠵᠢᠶᠠᠨ ᠺᠠᠩ ᠬᠤᠸᠠ ᠶᠤᠸᠠᠨ ᠬᠤᠷᠢᠶᠠᠯᠠᠯ ᠤᠨ ᠪᠢᠲᠡᠭᠦᠮᠵᠢᠯᠡᠨ ᠬᠢᠵᠠᠭᠠᠷᠯᠠᠬᠤ ᠲᠣᠭᠤᠷᠢᠭ ᠤᠨ ᠰᠠᠶᠢᠨ ᠳᠤᠷᠠᠴᠤᠳ ᠪᠣᠯᠬᠤ ᠪᠠᠷ ᠭᠤᠶᠤᠴᠢᠯᠠᠵᠤ᠂ ᠪᠢᠲᠡᠭᠦᠮᠵᠢᠯᠡᠨ ᠬᠢᠵᠠᠭᠠᠷᠯᠠᠬᠤ ᠲᠣᠭᠤᠷᠢᠭ ᠲᠤ ᠲᠥᠯᠥᠪᠦᠷᠢ ᠥᠬᠡᠶ ᠪᠠᠷ ᠵᠢᠯᠣᠭᠤᠴᠢ ᠥᠬᠡᠶ ᠨᠢᠰᠬᠡᠯ ᠢᠶᠠᠷ ᠠᠷᠢᠭᠤᠳᠬᠠᠬᠤ ᠦᠶᠯᠡᠴᠢᠯᠡᠭᠡ ᠬᠠᠩᠭᠠᠭᠰᠠᠨ ᠪᠠᠶᠢᠨ᠎ᠠ᠃ ᠵᠢᠶᠠᠨ ᠺᠠᠩ ᠬᠤᠸᠠ ᠶᠤᠸᠠᠨ ᠬᠤᠷᠢᠶᠠᠯᠠᠯ 3 ᠲᠦᠮᠡᠨ ᠲᠡᠭᠰᠢ ᠳᠥᠷᠪᠡᠯᠵᠢᠨ ᠮᠧᠲᠷ ᠰᠢᠬᠠᠮ ᠭᠠᠵᠠᠷ ᠢ ᠡᠵᠡᠯᠡᠵᠦ ᠪᠠᠶᠢᠳᠠᠭ᠂ ᠨᠢᠭᠡ ᠤᠳᠠᠭᠠᠨ ᠤ ᠭᠠᠳᠠᠭᠠᠳᠤ ᠣᠷᠴᠢᠨ ᠢ ᠪᠥᠬᠦ ᠲᠠᠯ᠎ᠠ ᠪᠠᠷ ᠠᠷᠢᠭᠤᠳᠬᠠᠬᠤ ᠳᠤ ᠠᠳᠠᠯ ᠠᠬᠤᠶ ᠶᠢᠨ ᠺᠣᠮᠫᠠᠨᠢ ᠶᠢᠨ 6 ᠴᠡᠪᠡᠷᠯᠡᠭᠴᠢ 3 ᠴᠠᠭ ᠣᠷᠴᠢᠮ ᠲᠠᠰᠤᠯᠳᠠᠭᠤᠯᠤᠯ ᠥᠬᠡᠶ ᠠᠵᠢᠯᠯᠠᠪᠠᠯ ᠰᠠᠶ᠋ᠢ ᠪᠡᠶᠡᠯᠡᠭᠦᠯᠵᠦ ᠲᠠᠶᠢᠯᠤᠨ᠎ᠠ᠂ ᠲᠡᠷᠡ ᠮᠥᠷᠲᠡᠭᠡᠨ ᠵᠠᠷᠢᠮ ᠲᠦᠪᠡᠭᠲᠡᠢ ᠣᠷᠴᠢᠨ ᠢ ᠠᠷᠢᠭᠤᠳᠬᠠᠬᠤ ᠳᠤ ᠮᠠᠰᠢ ᠳᠥᠭᠦᠮ ᠦᠭᠡᠢ ᠪᠠᠶᠢᠳᠠᠭ᠃ ᠭᠡᠲᠡᠯ᠎ᠡ ᠵᠢᠯᠣᠭᠤᠴᠢ ᠥᠬᠡᠶ ᠨᠢᠰᠬᠡᠯ ᠢᠶᠠᠷ 2 ᠴᠠᠭ ᠪᠣᠯᠤᠯ ᠥᠬᠡᠶ ᠪᠠᠷ ᠣᠷᠴᠢᠨ ᠲᠣᠭᠤᠷᠢᠨ ᠢ ᠠᠷᠢᠭᠤᠳᠬᠠᠨ ᠳᠠᠭᠤᠰᠤᠭᠰᠠᠨ ᠪᠠᠶᠢᠨ᠎ᠠ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号