ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠲᠤᠰᠠᠭᠠᠷᠯᠠᠨ ᠠᠷᠢᠭᠤᠳᠬᠠᠬᠤ ᠲᠦᠷᠭᠡᠨ ᠲᠤᠰᠠᠯᠠᠮᠵᠢ ᠶᠢᠨ ᠲᠡᠷᠭᠡ ᠪᠡᠯᠡᠭᠯᠡᠪᠡ
ᠨᠡᠶᠢᠲᠡᠯᠡᠭᠰᠡᠨ ᠴᠠᠭ᠄
2021/11/4
11 ᠳ᠋ᠦ᠋ᠭᠡᠷ ᠰᠠᠷ᠎ᠠ ᠶᠢᠨ 1᠎ ᠤ ᠡᠳᠦᠷ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠰᠠᠭᠤᠷᠢ ᠮᠥᠩᠭᠦᠨ ᠤ ᠨᠡᠶᠢᠭᠡᠮᠯᠢᠭ ᠪᠣᠯᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠨᠢᠭᠡᠨ ᠲᠤᠰᠠᠭᠠᠷᠯᠠᠨ ᠠᠷᠢᠭᠤᠳᠬᠠᠬᠤ ᠲᠦᠷᠭᠡᠨ ᠲᠤᠰᠠᠯᠠᠮᠵᠢ ᠎ ᠶᠢᠨ ᠲᠡᠷᠭᠡ ᠶᠢ ᠬᠠᠨᠳᠢᠪᠯᠠᠪᠠ᠃᠂ ᠲᠣᠰ ᠲᠤᠰᠠᠭᠠᠷᠯᠠᠨ ᠠᠷᠢᠭᠤᠳᠬᠠᠬᠤ ᠲᠦᠷᠭᠡᠨ ᠲᠤᠰᠠᠯᠠᠮᠵᠢ ᠶᠢᠨ ᠲᠡᠷᠭᠡ ᠶᠢ ᠠᠯᠠᠱᠠ ᠵᠡᠭᠦᠨ ᠬᠤᠰᠢᠭᠤᠨ ᠤ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠵᠢᠯᠣᠭᠤᠳᠬᠤ ᠭᠠᠵᠠᠷ ᠠᠴᠠ ᠨᠢᠭᠡᠳᠦᠯᠲᠡᠶ ᠲᠣᠬᠢᠷᠠᠭᠤᠯᠵᠤ ᠠᠰᠢᠭᠯᠠᠯᠲᠠ ᠳᠤ ᠣᠷᠣᠭᠤᠯᠪᠠ᠃ ᠠᠯᠠᠱᠠ ᠵᠡᠭᠦᠨ ᠬᠤᠰᠢᠭᠤᠨ ᠤ ᠲᠤᠰᠠᠭᠠᠷᠯᠠᠨ ᠠᠷᠢᠭᠤᠳᠬᠠᠬᠤ ᠲᠦᠷᠭᠡᠨ ᠲᠤᠰᠠᠯᠠᠮᠵᠢ ᠶᠢᠨ ᠲᠡᠷᠭᠡ ᠬᠤᠮᠰᠬᠠᠨ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠨᠳᠢᠪᠯᠠᠭᠰᠠᠨ ᠡᠨᠡ ᠬᠦ ᠲᠡᠷᠭᠡ ᠨᠢ ᠬᠢᠵᠢᠭ ᠬᠠᠯᠳᠠᠪᠤᠷᠢ ᠵᠡᠷᠭᠡ ᠠᠵᠢᠯ ᠢ ᠭᠦᠢᠴᠡᠳᠬᠡᠬᠦ ᠳᠤ ᠶᠡᠬᠡᠬᠡᠨ ᠦᠢᠯᠡᠳᠦᠯ ᠦᠵᠡᠭᠦᠯᠵᠦ ᠴᠢᠳᠠᠬᠤ ᠪᠣᠯᠣᠨ᠎ᠠ᠃ ᠣᠶᠢᠯᠠᠭᠠᠭᠰᠠᠨ ᠢᠶᠠᠷ᠂ ᠬᠢᠵᠢᠭ ᠤᠨ ᠬᠠᠯᠳᠠᠪᠤᠷᠢ ᠡᠭᠦᠰᠦᠭᠰᠡᠨ ᠠᠴᠠ ᠨᠠᠰᠢ᠂ ᠣᠲᠣ ᠪᠣᠯᠲᠠᠯ᠎ᠠ ᠠᠯᠠᠱᠠ ᠵᠡᠭᠦᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ 200 ᠭᠠᠷᠤᠶ ᠲᠦᠮᠡᠨ ᠲᠥᠭᠦᠷᠢᠭ ᠤᠨ ᠬᠠᠨᠳᠢᠪ ᠤᠨ ᠮᠥᠩᠭᠦ ᠂ 300 ᠭᠠᠷᠤᠶ ᠲᠦᠮᠡᠨ ᠲᠥᠭᠦᠷᠢᠭ ᠤᠨ ᠡᠳ᠋ ᠪᠣᠳᠠᠰ ᠬᠤᠷᠢᠶᠠᠨ ᠣᠯᠵᠠᠶ᠃ ᠠᠯᠠᠱᠠ ᠵᠡᠭᠦᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠡᠷᠡ ᠳᠠᠷᠤᠶ ᠳᠤᠨᠢ ᠪᠠᠯᠠ ᠮᠥᠩᠭᠦ ᠪᠠ ᠡᠳ᠋ ᠪᠣᠳᠠᠰ ᠢᠶᠠᠨ ᠠᠯᠠᠱᠠ ᠵᠡᠭᠦᠨ ᠬᠤᠰᠢᠭᠤᠨ ᠤ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠵᠢᠯᠣᠭᠤᠳᠬᠤ ᠭᠠᠵᠠᠷ ᠲᠤ ᠲᠤᠰᠢᠶᠠᠵᠤ᠂ ᠵᠢᠯᠣᠭᠤᠳᠬᠤ ᠭᠠᠵᠠᠷ ᠠᠴᠠ ᠨᠢᠭᠡᠳᠦᠯᠲᠡᠶ ᠳᠣᠭᠢᠷᠠᠭᠤᠯᠤᠨ᠂ ᠠᠯᠠᠱᠠ ᠵᠡᠭᠦᠨ ᠬᠤᠰᠢᠭᠤᠨ ᠤ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠤᠨ ᠥᠷᠨᠢᠯᠲᠡ ᠳᠤ ᠬᠦᠴᠦ ᠨᠡᠮᠡᠷᠢᠯᠡᠨ᠎ᠡ᠃
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号