ᠠᠯᠠᠱᠠ ᠵᠡᠭᠦᠨ ᠬᠤᠰᠢᠭᠤ ᠲᠤᠰᠠᠭᠠᠷᠯᠠᠭᠰᠠᠨ ᠵᠢᠭᠤᠯᠴᠢᠳ ᠲᠤ ᠬᠠᠯᠠᠭᠤᠨ ᠳᠣᠲᠣᠨᠤ ᠦᠢᠯᠡᠴᠢᠯᠡᠭᠡ ᠬᠠᠩᠭᠠᠵᠤ ᠪᠣᠢ
ᠨᠡᠶᠢᠲᠡᠯᠡᠭᠰᠡᠨ ᠴᠠᠭ᠄
2021/11/4
ᠠᠯᠠᠱᠠ ᠵᠡᠭᠦᠨ ᠬᠤᠰᠢᠭᠤᠨ ᠤ ᠥᠷᠭᠡᠨ ᠣᠯᠠᠨ ᠺᠠᠳ᠋ᠷ ᠠᠵᠢᠯᠲᠠᠨ ᠪᠣᠯᠤᠨ ᠵᠣᠴᠢᠳ ᠤᠨ ᠪᠠᠭᠤᠳᠠᠯ ᠤᠨ ᠠᠵᠢᠯᠲᠠᠳ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠭᠦᠢᠴᠡᠳᠬᠡᠵᠦ ᠪᠣᠢ 10 ᠰᠠᠷ᠎ᠠ ᠶᠢᠨ 28 ᠤ ᠡᠳᠦᠷ ᠡᠵᠡᠨ᠎ᠡ ᠬᠤᠰᠢᠭᠤᠨ ᠳᠤ ᠰᠠᠭᠠᠲᠠᠭᠰᠠᠨ ᠮᠠᠰᠢᠨ ᠲᠡᠷᠭᠡ ᠪᠠᠷ ᠵᠤᠭᠠᠴᠠᠭᠰᠠᠳ ᠢ ᠰᠢᠯᠵᠢᠭᠦᠯᠦᠨ ᠲᠥᠪᠬᠢᠨᠡᠭᠦᠯᠬᠦ ᠠᠵᠢᠯ ᠡᠬᠢᠯᠡᠭᠰᠡᠨ ᠠᠴᠠ ᠨᠠᠰᠢ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠬᠠᠮᠢᠶᠠᠷᠤᠯᠲᠠ ᠶᠢ ᠰᠠᠶᠢᠲᠤᠷ ᠬᠢᠬᠦ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠬᠢᠨ ᠦᠢᠯᠡᠴᠢᠯᠡᠬᠦ ᠪᠠ ᠪᠠᠲᠤᠯᠠᠬᠤ ᠠᠵᠢᠯ ᠢ ᠢᠳᠡᠪᠬᠢᠲᠡᠶ ᠥᠷᠨᠢᠭᠦᠯᠵᠦ᠂ ᠦᠨᠡᠨ ᠰᠡᠳᠬᠢᠯ ᠠᠴᠠ ᠪᠠᠨ ᠦᠢᠯᠡᠴᠢᠯᠡᠨ᠂ ᠵᠤᠭᠠᠴᠠᠭᠰᠠᠳ ᠲᠤ ᠬᠠᠯᠠᠭᠤᠨ ᠳᠣᠲᠣᠨᠤ ᠦᠢᠯᠡᠴᠢᠯᠡᠭᠡ ᠬᠠᠩᠭᠠᠭᠰᠠᠨ ᠪᠠᠶᠢᠨ᠎ᠠ᠃ ᠲᠤᠰᠠᠭᠠᠷᠯᠠᠭᠰᠠᠨ ᠵᠣᠴᠢᠳ ᠤᠨ ᠪᠠᠭᠤᠳᠠᠯ ᠳᠤ᠂ ᠠᠵᠢᠯᠲᠠᠳ ᠥᠪᠴᠢ ᠵᠡᠪᠰᠡᠭᠯᠡᠵᠦ᠂ ᠡᠳᠦᠷ ᠪᠦᠷᠢ ᠬᠤᠶᠠᠷ ᠤᠳᠠᠭ᠎ᠠ ᠲᠥᠪᠯᠡᠷᠡᠭᠦᠯᠦᠨ ᠠᠷᠢᠭᠤᠳᠬᠠᠳᠠᠭ᠃ ᠬᠤᠶᠠᠷ ᠤᠳᠠᠭ᠎ᠠ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠬᠦ ᠶᠢᠨ ᠬᠠᠮᠲᠤ ᠴᠢᠬᠤᠯᠠ ᠪᠥᠬᠦᠶ ᠰᠡᠳᠬᠢᠴᠡ ᠶᠢᠨ ᠵᠢᠯᠣᠭᠤᠳᠣᠯᠭ᠎ᠠ ᠪᠠ ᠡᠷᠡᠭᠦᠯ ᠮᠡᠨᠳᠦ ᠶᠢᠨ ᠪᠠᠶᠢᠴᠠᠭᠠᠯᠲᠠ ᠬᠠᠩᠭᠠᠵᠤ᠂ ᠵᠤᠭᠠᠴᠠᠭᠰᠠᠳ ᠤᠨ ᠪᠡᠶ᠎ᠡ ᠮᠠᠬᠠᠪᠣᠳ᠂ ᠰᠡᠳᠬᠢᠴᠡ ᠶᠢᠨ ᠡᠷᠡᠭᠦᠯ ᠮᠡᠨᠳᠦ ᠶᠢ ᠬᠠᠮᠠᠭᠠᠯᠠᠵᠤ ᠪᠣᠢ᠃ ᠲᠤᠰᠠᠭᠠᠷᠯᠠᠭᠰᠠᠨ ᠪᠠᠭᠤᠳᠠᠯ ᠤᠨ ᠥᠷᠥᠭᠡᠨ ᠳᠤ᠂ ᠡᠯ᠎ᠡ ᠲᠥᠷᠥᠯ ᠤᠨ ᠴᠢᠬᠤᠯᠠ ᠪᠥᠬᠦᠶ ᠠᠮᠢᠳᠤᠷᠠᠯ ᠤᠨ ᠡᠳ᠋ ᠪᠣᠳᠠᠰ ᠴᠥᠮ ᠪᠦᠷᠢᠨ ᠪᠡᠯᠡᠳᠬᠡᠭᠰᠡᠨ ᠪᠠᠶᠢᠨ᠎ᠠ᠃ ᠵᠤᠭᠠᠴᠠᠭᠰᠠᠳ ᠤᠨ ᠲᠥᠪᠯᠡᠷᠡᠨ ᠲᠤᠰᠠᠭᠠᠷᠯᠠᠬᠤ ᠬᠤᠭᠤᠴᠠᠭᠠᠨ ᠳᠠᠬᠢ ᠢᠳᠡᠭᠡᠨ ᠤᠮᠳᠠᠭᠠᠨ ᠤ ᠠᠮᠤᠷ ᠲᠦᠪᠰᠢᠨ ᠪᠣᠯᠤᠨ ᠬᠠᠩᠭᠠᠯᠭ᠎ᠠ ᠶᠢ ᠬᠠᠩᠭᠠᠯᠲᠠᠲᠠᠢ ᠪᠠᠲᠤᠯᠠᠵᠤ ᠪᠠᠶᠢᠨ᠎ᠠ᠃
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号