ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠳᠦᠷᠢᠮ ᠤᠨ ᠨᠡᠮᠡᠯᠲᠡ᠂ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ︵ᠲᠣᠭᠠᠴᠠᠭ᠎ᠠ ᠬᠢᠬᠦ ᠺᠣᠮᠢᠰ︶᠎ ᠤᠨ ᠪᠦᠷᠢᠯᠳᠦᠬᠦᠨ ᠢ ᠲᠣᠬᠢᠷᠠᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/12/15
                          ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠲᠦᠷᠢᠮ ᠤᠨ ᠨᠡᠮᠡᠯᠲᠡ᠂ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ︵ᠲᠣᠭᠠᠴᠠᠭ᠎ᠠ ᠬᠢᠬᠦ ᠵᠥᠪᠯᠡᠯ︶᠎ ᠤᠨ ᠪᠦᠷᠢᠯᠳᠦᠬᠦᠨ ᠳᠤ ᠲᠣᠬᠢᠷᠠᠭᠤᠯᠬᠤ ᠲᠤᠬᠠᠶ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ                 ᠠᠯᠠᠱᠠ ᠵᠡᠭᠦᠨ ᠵᠠᠰᠠᠭ ᠠᠯᠪᠠᠨ ᠲᠠᠷᠬᠠᠭᠠᠭᠰᠠᠨ ︹ 2020 ︺ 81 ᠳ᠋ᠦ᠋ᠭᠡᠷ ᠲᠣᠭᠠᠲᠤ                                 ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠬᠤ ᠰᠠᠯᠠᠭ᠎ᠠ ᠮᠥᠴᠢᠷ᠂ ᠡᠯ᠎ᠡ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ᠄                 ᠠᠵᠢᠯᠲᠠᠨ ᠤ ᠶᠠᠪᠤᠳᠠᠯ ᠤᠨ ᠬᠤᠪᠢᠷᠠᠯᠲᠠ ᠶᠢ ᠦᠨᠳᠦᠰᠦᠯᠡᠨ᠂ ᠡᠳᠦᠭᠡ ᠠᠯᠠᠱᠠ ᠵᠡᠭᠦᠨ ᠬᠤᠰᠢᠭᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠲᠦᠷᠢᠮ ᠤᠨ ᠨᠡᠮᠡᠯᠲᠡ᠂ ᠥᠭᠡᠷᠡᠴᠢᠯᠡᠯᠲᠡ ᠶᠢ ᠡᠷᠴᠢᠮᠲᠡᠢ ᠵᠢᠷᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ︵ᠲᠣᠭᠠᠴᠠᠭ᠎ᠠ ᠬᠢᠬᠦ ᠵᠥᠪᠯᠡᠯ︶ ︵ᠴᠢᠨᠠᠭᠰᠢᠳᠠ ᠴᠠᠯᠢᠩ ᠬᠥᠯᠥᠰᠥ ᠶᠢᠨ ᠨᠡᠮᠡᠯᠲᠡ᠂ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶᠎ ᠤᠨ ᠬᠡᠰᠡᠭ ᠪᠦᠷᠢᠯᠳᠦᠬᠦᠨ ᠳᠤ ᠲᠣᠬᠢᠷᠠᠭᠤᠯᠵᠤ᠂ ᠡᠳᠦᠭᠡ ᠬᠤᠯᠪᠣᠭᠳᠠᠬᠤ ᠤᠴᠢᠷ ᠢ ᠳᠠᠷᠠᠭᠠᠬᠢ ᠪᠠᠶᠢᠳᠠᠯ ᠢᠶᠠᠷ ᠮᠡᠳᠡᠭᠳᠡᠶ᠎ᠡ᠄                 ᠠᠵᠢᠯ ᠤᠨ ᠡᠭᠦᠷᠭᠡ ᠬᠠᠷᠢᠭᠤᠴᠠᠯᠭ᠎ᠠ                ︵ᠨᠢᠭᠡ︶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠲᠦᠷᠢᠮ ᠤᠨ ᠨᠡᠮᠡᠯᠲᠡ᠂ ᠥᠭᠡᠷᠡᠴᠢᠯᠡᠯᠲᠡ ᠶᠢᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠨᠡᠮᠡᠯᠲᠡ᠂ ᠥᠭᠡᠷᠡᠴᠢᠯᠡᠯᠲᠡ ᠶᠢᠨ ᠳᠤᠮᠳᠠᠬᠢ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ ᠰᠢᠢᠳᠪᠦᠷᠢᠯᠡᠨ᠎ᠡ᠃                 ︵ᠬᠤᠶᠠᠷ︶ ᠬᠤᠰᠢᠭᠤᠨ ᠤ ᠬᠠᠷᠢᠶᠠᠲᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠲᠦᠷᠢᠮ ᠤᠨ ᠨᠡᠮᠡᠯᠲᠡ᠂ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃                 ︵ᠭᠤᠷᠪᠠ︶ ᠪᠥᠬᠦ ᠬᠤᠰᠢᠭᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠲᠦᠷᠢᠮ ᠤᠨ ᠨᠡᠮᠡᠯᠲᠡ᠂ ᠥᠭᠡᠷᠡᠴᠢᠯᠡᠯᠲᠡ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ᠃                 ︵ᠳᠥᠷᠪᠡ︶ ᠬᠤᠰᠢᠭᠤᠨ ᠤ ᠲᠠᠰ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠬᠢᠷᠢ ᠲᠥᠪᠰᠢᠨ ᠢ ᠲᠣᠭᠠᠴᠠᠭ᠎ᠠ ᠭᠦᠢᠴᠡᠳᠬᠡᠵᠦ᠂ ᠪᠥᠬᠦ ᠬᠤᠰᠢᠭᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠲᠦᠷᠢᠮ ᠤᠨ ᠨᠡᠮᠡᠯᠲᠡ᠂ ᠥᠭᠡᠷᠡᠴᠢᠯᠡᠯᠲᠡ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠤ᠂ ᠵᠣᠬᠢᠶᠠᠨ ᠪᠠᠶᠢᠭᠤᠯᠤᠨ ᠲᠤᠰᠬᠠᠶ ᠵᠦᠢᠯ ᠢᠶᠠᠷ ᠬᠢᠨᠠᠨ ᠪᠤᠳᠤᠬᠤ ᠪᠠ ᠦᠨᠡᠯᠡᠨ ᠲᠣᠭᠲᠠᠭᠠᠨ᠎ᠠ᠃                 ︵ᠲᠠᠪᠤ︶ ᠬᠢᠷᠢ ᠴᠢᠳᠠᠮᠵᠢ ᠲᠠᠢ ᠨᠡᠶᠢᠭᠡᠮ ᠤᠨ ᠵᠠᠭᠤᠴᠢ ᠪᠠᠶᠢᠭᠤᠯᠤᠮᠵᠢ ᠶᠢ ᠤᠷᠢᠵᠤ ᠬᠢᠨᠠᠨ ᠪᠤᠳᠤᠵᠤ ᠦᠨᠡᠯᠡᠭᠡᠨ ᠤ ᠠᠵᠢᠯ ᠢ ᠥᠷᠨᠢᠭᠦᠯᠬᠦ ᠶᠢᠨ ᠬᠠᠮᠲᠤ᠂ ᠭᠠᠷᠭᠠᠭᠰᠠᠨ ᠮᠡᠳᠡᠭᠦᠯᠦᠯᠲᠡ ᠪᠠ ᠪᠠᠶᠢᠴᠠᠭᠠᠯᠲᠠ ᠶᠢᠨ ᠦᠷ᠎ᠡ ᠳ᠋ᠦᠩ ᠢᠶᠠᠨ ᠦᠨᠳᠦᠰᠦᠯᠡᠨ᠂ ᠠᠵᠤ ᠠᠬᠤᠶᠢᠯᠠᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠠᠷᠠᠭᠤᠯᠤᠨ ᠰᠢᠢᠳᠪᠦᠷᠢᠯᠡᠨ᠎ᠡ᠃                 ︵ᠵᠢᠷᠭᠤᠭ᠎ᠠ︶ ᠬᠤᠰᠢᠭᠤᠨ ᠳᠤ ᠬᠠᠷᠢᠶᠠᠯᠠᠭᠳᠠᠬᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠲᠦᠷᠢᠮ ᠤᠨ ᠨᠡᠮᠡᠯᠲᠡ᠂ ᠥᠭᠡᠷᠡᠴᠢᠯᠡᠯᠲᠡ ᠶᠢᠨ ᠲᠥᠰᠦᠯ ᠢ ᠬᠢᠨᠠᠨ ᠵᠥᠪᠯᠡᠵᠦ ᠮᠡᠳᠡᠭᠦᠯᠦᠨ ᠮᠡᠳᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠲᠦᠷᠢᠮ ᠤᠨ ᠨᠡᠮᠡᠯᠲᠡ᠂ ᠥᠭᠡᠷᠡᠴᠢᠯᠡᠯᠲᠡ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠨ᠎ᠠ᠃                 ᠭᠤᠷᠪᠠ᠂ ᠪᠤᠰᠤᠳ ᠵᠦᠢᠯ                   ᠬᠤᠶᠢᠰᠢᠳᠠ ᠴᠠᠯᠢᠩ ᠬᠥᠯᠥᠰᠥ ᠶᠢᠨ ᠨᠡᠮᠡᠯᠲᠡ᠂ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠵᠢᠯᠲᠠᠨ ᠳᠤ ᠲᠣᠬᠢᠷᠠᠭᠤᠯᠬᠤ ᠳᠤ᠂ ᠬᠤᠰᠢᠭᠤᠨ ᠤ ᠤᠳᠤᠷᠢᠳᠤᠯᠭ᠎ᠠ ᠳᠤ ᠬᠤᠪᠢᠷᠠᠯᠲᠠ ᠭᠠᠷᠬᠤ ᠠᠴᠠ ᠭᠠᠳᠠᠨ᠎ᠠ᠂ ᠪᠤᠰᠤᠳ ᠪᠦᠷᠢᠯᠳᠦᠬᠦᠨ ᠨᠢᠭᠡᠴᠢ ᠵᠢᠴᠢ ᠠᠵᠢᠯᠲᠠᠨ ᠳᠤ ᠬᠤᠪᠢᠷᠠᠯᠲᠠ ᠭᠠᠷᠤᠭᠰᠠᠨ ᠲᠣᠬᠢᠶᠠᠯᠳᠤᠯ ᠳᠤ᠂ ᠤᠳᠤᠷᠢᠳᠬᠤ ᠳᠤᠭᠤᠶᠢᠯᠠᠩ ᠠᠴᠠ ᠥᠪᠡᠰᠦᠪᠡᠨ ᠲᠣᠬᠢᠷᠠᠭᠤᠯᠤᠨ᠎ᠠ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠠᠴᠠ ᠠᠰ ᠲᠤᠨᠢ ᠠᠯᠪᠠᠨ ᠪᠢᠴᠢᠭ ᠲᠠᠷᠬᠠᠭᠠᠬᠤ ᠥᠬᠡᠶ᠃                                 2020 ᠣᠨ ᠤ 8 ᠳ᠋ᠤᠭᠠᠷ ᠰᠠᠷ᠎ᠠ ᠶᠢᠨ 19᠎ ᠤ ᠡᠳᠦᠷ                          ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ︽ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠡᠳᠬᠦᠪᠦᠷᠢ ᠳᠤ ᠭᠠᠷᠤᠭᠰᠠᠨ ᠬᠥᠮᠥᠰ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ︾᠎ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵ᠊᠎ ᠢ             ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ   ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号