︽ᠠᠯᠠᠱᠠ ᠵᠡᠭᠦᠨ ᠬᠤᠰᠢᠭᠤᠨ ᠤ ︿ᠬᠡᠷ ᠪᠠᠶᠢᠰᠢᠩ ᠭᠠᠵᠠᠷ ᠰᠢᠷᠣᠶ ᠶᠢ ᠴᠤᠭᠴᠠᠵᠢᠭᠤᠯᠤᠭᠰᠠᠨ﹀ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠳᠤ ᠬᠡᠷᠡᠭᠯᠡᠬᠦ ᠭᠠᠵᠠᠷ᠂ ᠣᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠷᠬᠡ ᠶᠢ ᠨᠤᠲᠠᠯᠠᠨ ᠳᠠᠩᠰᠠᠯᠠᠬᠤ ᠠᠵᠢᠯ ᠤᠨ ᠳᠤᠮᠳᠠᠬᠢ ᠬᠤᠯᠪᠣᠭᠳᠠᠬᠤ ᠠᠰᠠᠭᠤᠳᠠᠯ ᠤᠨ ᠵᠢᠯᠣᠭᠤᠳᠬᠤ ᠰᠠᠨᠠᠯ︾᠎ ᠢ ᠵᠠᠷᠯᠠᠨ ᠨᠡᠶᠢᠲᠡᠯᠡᠬᠦ ᠲᠤᠬᠠᠶ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/12/15
                    ᠡᠯ᠎ᠡ ᠰᠤᠮᠤ  ᠪᠠᠯᠭᠠᠰᠤᠨ ᠤ  ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠡᠯ᠎ᠡ ᠰᠠᠯᠠᠭ᠎ᠠ ᠮᠥᠴᠢᠷ ᠲᠤ᠄                 ︽ᠠᠯᠠᠱᠠ ᠵᠡᠭᠦᠨ ᠬᠤᠰᠢᠭᠤᠨ ᠤ ︿ᠬᠡᠷ ᠪᠠᠶᠢᠰᠢᠩ ᠭᠠᠵᠠᠷ ᠰᠢᠷᠣᠶ ᠶᠢ ᠴᠤᠭᠴᠠᠵᠢᠭᠤᠯᠤᠭᠰᠠᠨ﹀ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠳᠤ ᠬᠡᠷᠡᠭᠯᠡᠬᠦ ᠭᠠᠵᠠᠷ᠂ ᠣᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠬᠦ ᠠᠵᠢᠯ ᠤᠨ ᠳᠤᠮᠳᠠᠬᠢ ᠬᠤᠯᠪᠣᠭᠳᠠᠬᠤ ᠠᠰᠠᠭᠤᠳᠠᠯ ᠤᠨ ᠵᠢᠯᠣᠭᠤᠳᠬᠤ ᠰᠠᠨᠠᠯ︾᠎ ᠢ ᠵᠠᠰᠠᠭ ᠤᠨ ᠣᠷᠳᠣᠨ ᠤ 16 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠪᠠᠲᠤᠯᠠᠭᠠᠳ᠂ ᠡᠳᠦᠭᠡ ᠲᠠᠨᠠᠷ ᠲᠤ ᠬᠡᠪᠯᠡᠨ ᠲᠠᠷᠬᠠᠭᠠᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                 ᠬᠠᠪᠰᠤᠷᠤᠯᠲᠠ᠄ ᠠᠯᠠᠱᠠ ᠵᠡᠭᠦᠨ ᠬᠤᠰᠢᠭᠤᠨ ᠤ ︽ᠬᠡᠷ ᠪᠠᠶᠢᠰᠢᠩ ᠭᠠᠵᠠᠷ ᠰᠢᠷᠣᠶ ᠶᠢ ᠴᠤᠭᠴᠠᠵᠢᠭᠤᠯᠤᠭᠰᠠᠨ︾ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠳᠤ ᠬᠡᠷᠡᠭᠯᠡᠬᠦ ᠭᠠᠵᠠᠷ᠂ ᠣᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠬᠦ ᠠᠵᠢᠯ ᠤᠨ ᠳᠤᠮᠳᠠᠬᠢ ᠬᠤᠯᠪᠣᠭᠳᠠᠬᠤ ᠠᠰᠠᠭᠤᠳᠠᠯ ᠤᠨ ᠲᠤᠬᠠᠶ ᠵᠢᠯᠣᠭᠤᠳᠬᠤ ᠰᠠᠨᠠᠯ                                 2019 ᠣᠨ ᠤ 10 ᠳ᠋ᠤᠭᠠᠷ ᠰᠠᠷ᠎ᠠ ᠶᠢᠨ 9                                 ᠬᠠᠪᠰᠤᠷᠤᠯᠲᠠ᠄                 ᠠᠯᠠᠱᠠ ᠵᠡᠭᠦᠨ ᠬᠤᠰᠢᠭᠤᠨ ᠤ ︽ᠬᠡᠷ ᠪᠠᠶᠢᠰᠢᠩ ᠭᠠᠵᠠᠷ ᠰᠢᠷᠣᠶ ᠶᠢ ᠴᠤᠭᠴᠠᠵᠢᠭᠤᠯᠤᠭᠰᠠᠨ︾ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠳᠤ ᠬᠡᠷᠡᠭᠯᠡᠬᠦ ᠭᠠᠵᠠᠷ᠂ ᠣᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠷᠬᠡ ᠶᠢ ᠨᠤᠲᠠᠯᠠᠨ ᠳᠠᠩᠰᠠᠯᠠᠬᠤ ᠠᠵᠢᠯ ᠤᠨ ᠳᠤᠮᠳᠠᠬᠢ ᠬᠤᠯᠪᠣᠭᠳᠠᠬᠤ ᠠᠰᠠᠭᠤᠳᠠᠯ ᠤᠨ ᠲᠤᠬᠠᠶ ᠵᠢᠯᠣᠭᠤᠳᠬᠤ ᠰᠠᠨᠠᠯ                                 ᠠᠯᠠᠱᠠ ᠵᠡᠭᠦᠨ ᠬᠤᠰᠢᠭᠤᠨ ᠤ ︽ᠬᠡᠷ ᠪᠠᠶᠢᠰᠢᠩ ᠭᠠᠵᠠᠷ ᠰᠢᠷᠣᠶ ᠶᠢ ᠴᠤᠭᠴᠠᠵᠢᠭᠤᠯᠤᠭᠰᠠᠨ︾ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠳᠤ ᠬᠡᠷᠡᠭᠯᠡᠬᠦ ᠭᠠᠵᠠᠷ ᠵᠢᠴᠢ ᠣᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠠᠵᠢᠯ ᠢ ᠥᠷᠨᠢᠭᠦᠯᠬᠦ ᠪᠣᠯ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠬᠡᠷᠡᠭᠯᠡᠯᠲᠡ ᠶᠢᠨ ᠲᠦᠷᠢᠮ ᠤᠨ ᠨᠡᠮᠡᠯᠲᠡ᠂ ᠥᠭᠡᠷᠡᠴᠢᠯᠡᠯᠲᠡ ᠶᠢᠨ ᠴᠢᠬᠤᠯᠠ ᠰᠠᠭᠤᠷᠢ ᠮᠥᠨ᠂ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠮᠠᠯᠴᠢᠨ ᠲᠠᠷᠢᠶᠠᠴᠢᠨ ᠤ ᠡᠳ᠋ ᠬᠥᠷᠥᠩᠭᠡ ᠶᠢᠨ ᠴᠢᠨᠠᠷᠲᠠᠶ ᠣᠷᠣᠯᠭ᠎ᠠ ᠶᠢ ᠨᠡᠮᠡᠭᠳᠡᠭᠦᠯᠬᠦ ᠴᠢᠬᠤᠯᠠ ᠱᠠᠭᠠᠷᠳᠠᠯᠭ᠎ᠠ ᠲᠠᠢ ᠠᠷᠭ᠎ᠠ ᠬᠡᠮᠵᠢᠶ᠎ᠡ ᠮᠥᠨ᠃ ᠮᠠᠨ ᠤ ᠬᠤᠰᠢᠭᠤᠨ ᠤ ︽ᠬᠡᠷ ᠪᠠᠶᠢᠰᠢᠩ ᠭᠠᠵᠠᠷ ᠰᠢᠷᠣᠶ ᠶᠢ ᠴᠤᠭᠴᠠᠵᠢᠭᠤᠯᠤᠭᠰᠠᠨ︾ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠳᠤ ᠬᠡᠷᠡᠭᠯᠡᠬᠦ ᠭᠠᠵᠠᠷ ᠪᠠ ᠣᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠠᠵᠢᠯ ᠢ ᠵᠢᠷᠤᠮᠵᠢᠭᠤᠯᠬᠤ ᠶᠢᠨ ᠲᠤᠰᠠᠳᠠ᠂ ᠡᠳᠦᠭᠡ ᠮᠠᠨ ᠤ ᠬᠤᠰᠢᠭᠤᠨ ᠤ ᠪᠣᠳᠠᠲᠤ ᠨᠥᠬᠦᠴᠡᠯ ᠪᠠᠶᠢᠳᠠᠯ ᠲᠠᠢ ᠪᠠᠨ ᠤᠶᠠᠯᠳᠤᠭᠤᠯᠤᠨ ᠠᠳᠡ ᠵᠢᠯᠣᠭᠤᠳᠬᠤ ᠰᠠᠨᠠᠯ ᠢ ᠲᠣᠭᠲᠠᠭᠠᠪᠠ᠄                 ᠨᠢᠭᠡ᠂ ᠡᠷᠬᠡ ᠶᠢᠨ ᠬᠠᠷᠢᠶᠠᠯᠠᠯ ᠤᠨ ᠢᠷᠡᠯᠳᠡ ᠶᠢ ᠮᠠᠭᠠᠳᠯᠠᠨ ᠲᠣᠭᠲᠠᠭᠠᠬᠤ ᠲᠤᠬᠠᠶ                 ︵ᠨᠢᠭᠡ︶ ᠬᠠᠤᠯᠢ ᠶᠣᠰᠣᠨ ᠤ ᠡᠷᠬᠡ ᠶᠢᠨ ᠬᠠᠷᠢᠶᠠᠯᠠᠯ ᠤᠨ ᠢᠷᠡᠯᠳᠡ ᠲᠠᠢ ᠭᠠᠵᠠᠷ ᠰᠢᠷᠣᠶ ᠪᠠ ᠭᠡᠷ ᠪᠠᠶᠢᠰᠢᠩ ᠤᠨ ᠲᠠᠩᠰᠠᠯᠠᠯᠳᠠ                 1᠂ ᠭᠠᠵᠠᠷ ᠰᠢᠷᠣᠶ ᠶᠢᠨ ᠬᠡᠷᠡᠭᠯᠡᠬᠦ ᠦᠨᠡᠮᠯᠡᠯ ᠪᠠ ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠦᠨᠡᠮᠯᠡᠯ ︵ᠴᠢᠨᠠᠭᠰᠢᠳᠠ ᠬᠤᠶᠠᠷ ᠦᠨᠡᠮᠯᠡᠯ ᠭᠡᠵᠦ ᠲᠣᠪᠴᠢᠯᠠᠨ᠎ᠠ︶᠎ ᠲᠠᠢ ᠬᠡᠰᠡᠭ ᠭᠠᠵᠠᠷ ᠰᠢᠷᠣᠶ ᠳᠤ᠂ ᠭᠠᠵᠠᠷ ᠰᠢᠷᠣᠶ ᠶᠢᠨ ᠡᠷᠬᠡ ᠶᠢᠨ ᠵᠠᠯᠭᠠᠮᠵᠢᠯᠠᠯᠲᠠ ᠶᠢᠨ ᠤᠤᠯ ᠤᠨ ᠦᠨᠡᠮᠯᠡᠯ ᠤᠨ ᠪᠦᠷᠢᠳᠬᠡᠭᠰᠡᠨ ᠠᠭᠤᠯᠭ᠎ᠠ᠂ ᠬᠡᠷ ᠪᠠᠶᠢᠰᠢᠩ ᠤᠨ ᠪᠦᠲᠦᠴᠡ ᠶᠢᠨ ᠲᠠᠯᠠᠪᠠᠶ ᠳᠤ ᠬᠤᠪᠢᠷᠠᠯᠲᠠ ᠭᠠᠷᠤᠭᠰᠠᠨ ᠲᠣᠬᠢᠶᠠᠯᠳᠤᠯ ᠳᠤ᠂ ᠳᠤᠲᠠᠭᠤ ᠶᠢ ᠪᠠᠭᠲᠠᠭᠠᠬᠤ ᠵᠥᠪᠰᠢᠶᠡᠷᠡᠨ ᠬᠦᠯᠢᠶᠡᠬᠦ ᠠᠷᠭ᠎ᠠ ᠪᠠᠷᠢᠯ ᠢ ᠠᠪᠴᠤ ᠪᠣᠯᠤᠨ᠎ᠠ︔ ᠠᠶᠢᠯ ᠲᠣᠰᠬᠤᠨ ᠤ ᠲᠥᠯᠥᠪᠵᠢᠭᠦᠯᠭᠡ ᠳᠤ ᠨᠡᠶᠢᠴᠡᠬᠦ ᠡᠰᠡᠬᠦ ᠶᠢ ᠭᠠᠴᠠᠭ᠎ᠠ ᠲᠣᠰᠬᠤᠨ ᠤ ᠵᠥᠪᠯᠡᠯ ᠠᠴᠠ ᠠᠩᠬ᠎ᠠ ᠠᠯᠬᠤᠮ ᠤᠨ ᠬᠢᠨᠠᠨ ᠪᠠᠶᠢᠴᠠᠭᠠᠭᠰᠠᠨ ᠰᠠᠨᠠᠯ ᠢ ᠭᠠᠷᠭᠠᠵᠤ᠂ ᠰᠤᠮᠤ ᠪᠠᠯᠭᠠᠰᠤ ᠪᠠᠷ ᠵᠥᠪᠰᠢᠶᠡᠷᠡᠭᠦᠯᠦᠭᠡᠳ᠂ ᠬᠡᠷ ᠪᠠᠶᠢᠰᠢᠩ ᠤᠨ ᠴᠢᠨᠠᠷ ᠴᠢᠨᠰᠠᠭ᠎ᠠ ᠶᠢ ᠡᠷᠬᠡᠲᠦ ᠬᠥᠮᠦᠨ ᠨᠢ ᠵᠥᠪᠰᠢᠶᠡᠷᠡᠨ ᠬᠦᠯᠢᠶᠡᠵᠦ ᠬᠠᠷᠢᠭᠤᠴᠠᠨ᠎ᠠ᠃                 2᠂ ᠬᠤᠶᠠᠷ ᠦᠨᠡᠮᠯᠡᠯ ᠳᠤᠲᠠᠭᠤ ᠬᠡᠰᠡᠭ ᠭᠠᠵᠠᠷ᠂ ᠬᠡᠷ ᠪᠠᠶᠢᠰᠢᠩ ︵ᠭᠠᠵᠠᠷ ᠰᠢᠷᠣᠶ︶᠎ ᠤᠨ ᠡᠷᠬᠡ ᠶᠢᠨ ᠬᠠᠷᠢᠶᠠᠯᠠᠯ ᠤᠨ ᠢᠷᠡᠯᠲᠡ ᠳᠤ ᠳᠤᠲᠠᠭᠤ ᠶᠢ ᠪᠠᠭᠲᠠᠭᠠᠬᠤ ᠵᠥᠪᠰᠢᠶᠡᠷᠡᠨ ᠬᠦᠯᠢᠶᠡᠬᠦ ᠠᠷᠭ᠎ᠠ ᠪᠠᠷᠢᠯ ᠢ ᠠᠪᠤᠨ᠎ᠠ᠂ ᠲᠤᠬᠠᠶᠢᠯᠠᠪᠠᠯ ᠲᠥᠯᠥᠪᠵᠢᠭᠦᠯᠭᠡ ᠶᠢᠨ ᠪᠠᠶᠢᠳᠠᠯ ᠳᠤ ᠨᠡᠶᠢᠴᠡᠪᠡᠯ ᠪᠠᠶᠢᠴᠠᠭᠠᠬᠤ ᠭᠠᠴᠠᠭᠠᠨ ᠤ ᠵᠥᠪᠯᠡᠯ ᠠᠴᠠ ᠠᠩᠬ᠎ᠠ ᠠᠯᠬᠤᠮ ᠤᠨ ᠬᠢᠨᠠᠨ ᠪᠠᠶᠢᠴᠠᠭᠠᠭᠰᠠᠨ ᠰᠠᠨᠠᠯ ᠭᠠᠷᠭᠠᠵᠤ᠂ ᠰᠤᠮᠤ ᠪᠠᠯᠭᠠᠰᠤ ᠪᠠᠷ ᠵᠥᠪᠰᠢᠶᠡᠷᠡᠭᠦᠯᠦᠭᠡᠳ᠂ ᠬᠡᠷ ᠪᠠᠶᠢᠰᠢᠩ ᠤᠨ ᠴᠢᠨᠠᠷ ᠴᠢᠨᠰᠠᠭ᠎ᠠ ᠶᠢ ᠡᠷᠬᠡᠲᠦ ᠬᠥᠮᠦᠨ ᠠᠴᠠ ᠵᠥᠪᠰᠢᠶᠡᠷᠡᠨ ᠬᠦᠯᠢᠶᠡᠵᠦ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠬᠠᠷᠢᠶ᠎ᠠ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠭᠠᠴᠠᠭ᠎ᠠ ᠲᠣᠰᠬᠤᠨ ᠤ ᠬᠢᠨᠠᠨ ᠰᠢᠯᠭᠠᠬᠤ — ᠢᠯᠡ ᠵᠠᠷᠯᠠᠬᠤ — ᠰᠤᠮᠤ  ᠪᠠᠯᠭᠠᠰᠤᠨ ᠤ  ᠬᠢᠨᠠᠨ ᠬᠠᠷᠭᠤᠭᠤᠯᠬᠤ — ᠳᠠᠩᠰᠠᠯᠠᠬᠤ ᠪᠠᠶᠢᠭᠤᠯᠤᠮᠵᠢ ︵ᠥᠯᠥ ᠬᠥᠳᠡᠯᠬᠦ ᠬᠥᠷᠥᠩᠭᠡ ᠶᠢᠨ ᠲᠥᠪ︶᠎ ᠪᠠᠷ ᠬᠢᠨᠠᠨ ᠵᠥᠪᠰᠢᠶᠡᠷᠡᠭᠦᠯᠵᠦ ᠳᠡᠩᠰᠡᠯᠡᠨ ᠦᠨᠡᠮᠯᠡᠯ ᠣᠯᠭᠤᠨ᠎ᠠ᠃                 ︵ᠬᠤᠶᠠᠷ︶ ᠡᠷᠬᠡ ᠮᠡᠳᠡᠯ ᠤᠨ ᠢᠷᠡᠯᠳᠠ ᠶᠢᠨ ᠭᠠᠵᠠᠷ ᠰᠢᠷᠣᠶ ᠪᠠ ᠭᠡᠷ ᠪᠠᠶᠢᠰᠢᠩ ᠤᠨ ᠲᠡᠩᠰᠡᠯᠡᠯᠳᠠ                 ᠡᠷᠬᠡ ᠦᠭᠡᠶ ᠢᠷᠡᠯᠲᠡ ᠶᠢᠨ ᠭᠡᠷᠡᠴᠢᠯᠡᠯ ᠪᠦᠬᠦᠢ ᠬᠡᠰᠡᠭ ᠭᠠᠵᠠᠷ ᠢ ᠵᠥᠪᠰᠢᠶᠡᠷᠡᠨ ᠬᠦᠯᠢᠶᠡᠬᠦ ᠬᠡᠯᠪᠡᠷᠢ ᠪᠠᠷ ᠬᠢᠨᠠᠨ ᠵᠥᠪᠰᠢᠶᠡᠷᠡᠭᠦᠯᠵᠦ ᠳᠠᠩᠰᠠᠯᠠᠪᠠᠯ᠂ ᠡᠭᠦᠨ ᠳᠤ ᠬᠡᠷ ᠪᠠᠶᠢᠰᠢᠩ ᠤᠨ ᠡᠷᠬᠡ ᠶᠢᠨ ᠬᠠᠷᠢᠶᠠᠯᠠᠯ ᠤᠨ ᠢᠷᠡᠯᠲᠡ ᠶᠢ ᠡᠷᠬᠡᠲᠦ ᠬᠥᠮᠦᠨ ᠥᠪᠡᠷ ᠢᠶᠠᠨ ᠵᠥᠪᠰᠢᠶᠡᠷᠡᠨ ᠭᠡᠷᠡᠴᠯᠡᠵᠦ᠂ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ ᠢ ᠬᠤᠰᠢᠭᠤᠨ ᠤ ᠵᠠᠰᠠᠭ ᠤᠨ ᠣᠷᠳᠣᠨ ᠠᠴᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠲᠤ ᠨᠠᠶᠢᠳᠠᠵᠤ ᠬᠢᠨᠠᠨ ᠵᠥᠪᠰᠢᠶᠡᠷᠡᠭᠦᠯᠦᠨ᠎ᠡ᠂ ᠳᠡᠩᠰᠡᠯᠡᠯᠲᠡ ᠶᠢᠨ ᠳᠠᠷᠠᠭᠠᠯᠠᠯ ᠨᠢ᠄ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠬᠠᠷᠢᠶ᠎ᠠ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠭᠠᠴᠠᠭ᠎ᠠ ᠪᠠᠷ ᠬᠢᠨᠠᠨ ᠪᠠᠶᠢᠴᠠᠭᠠᠯᠭᠠᠬᠤ — ᠢᠯᠡ ᠨᠡᠶᠢᠲᠡᠯᠡᠬᠦ — ᠰᠤᠮᠤ ᠪᠠᠯᠭᠠᠰᠤ ᠪᠠᠷ ᠬᠢᠨᠠᠨ ᠬᠠᠷᠭᠤᠭᠤᠯᠬᠤ — ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠢᠶᠠᠷ ᠬᠢᠨᠠᠨ ᠪᠠᠶᠢᠴᠠᠭᠠᠯᠭᠠᠬᠤ — ᠦᠷ᠎ᠡ ᠪᠦᠲᠦᠭᠡᠯ ᠢ ᠢᠯᠡ ᠨᠡᠶᠢᠲᠡᠯᠡᠬᠦ — ᠳᠡᠩᠰᠡᠯᠡᠵᠦ ᠦᠨᠡᠮᠯᠡᠯ ᠣᠯᠭᠤᠨ᠎ᠠ᠃                 ᠬᠤᠶᠠᠷ᠂ ︽ᠡᠷᠤᠭᠡ ᠶᠢᠨ ᠣᠷᠣᠨ ᠰᠠᠭᠤᠴᠠ︾᠎ ᠳᠠᠬᠢ ︽ᠡᠷᠤᠭᠡ︾᠎ ᠶᠢ ᠮᠠᠭᠠᠳᠯᠠᠨ ᠲᠣᠭᠲᠠᠭᠠᠬᠤ ᠲᠤᠬᠠᠶ                 ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠳᠡᠩᠰᠡᠯᠡᠯᠲᠡ ᠳᠠᠬᠢ ︽ᠨᠢᠭᠡ ᠡᠷᠦᠬᠡ︾᠎ ᠶᠢ ᠮᠠᠭᠠᠳᠯᠠᠨ ᠲᠣᠭᠲᠠᠭᠠᠬᠤ ᠳᠤ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠡᠷᠦᠬᠡ ᠠᠮᠠ ᠶᠢᠨ ᠲᠠᠩᠰᠠ ᠶᠢᠨ ᠳᠡᠪᠲᠡᠷ ᠢ ᠲᠡᠮᠳᠡᠭᠯᠡᠬᠦ ᠪᠠᠷ ᠰᠠᠭᠤᠷᠢ ᠪᠣᠯᠭᠠᠵᠤ᠂ ᠵᠠᠷᠴᠢᠮ ᠳᠡᠭᠡᠷ᠎ᠡ ᠪᠠᠨ ᠣᠷᠤᠭ ᠤᠨ ᠬᠠᠷᠢᠴᠠᠭ᠎ᠠ ᠪᠤᠶᠤ ᠨᠡᠶᠢᠭᠡᠮ ᠤᠨ ᠶᠣᠰᠣ ᠰᠤᠷᠲᠠᠬᠤᠨ ᠤ ᠪᠦᠷᠢᠯᠳᠦᠯ ᠳᠤ ᠨᠡᠶᠢᠴᠡᠬᠦ ᠲᠣᠰ ᠭᠠᠴᠠᠭᠠᠨ ᠤ ᠡᠷᠦᠬᠡ ᠠᠮᠠ ᠶᠢᠨ ᠲᠠᠩᠰᠠ ᠲᠠᠢ ᠬᠥᠮᠦᠰ ᠪᠣᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠳᠣᠤᠷᠠᠬᠢ ᠪᠠᠶᠢᠳᠠᠯ ᠲᠠᠢ ᠪᠥᠭᠡᠳ ᠭᠠᠴᠠᠭ᠎ᠠ ᠲᠣᠰᠬᠤᠨ ᠤ ᠠᠷᠠᠳ ᠤᠨ ᠶᠡᠭᠡ ᠬᠤᠷᠠᠯ ᠪᠤᠶᠤ ᠲᠥᠯᠥᠭᠡᠯᠡᠭᠴᠢᠳ ᠤᠨ ᠶᠡᠭᠡ ᠬᠤᠷᠠᠯ ᠢᠶᠠᠷ ᠵᠥᠪᠰᠢᠶᠡᠷᠡᠭᠦᠯᠦᠭᠰᠡᠨ ᠲᠣᠬᠢᠶᠠᠯᠳᠤᠯ ᠳᠤ᠂ ᠣᠷᠣᠨ ᠰᠠᠭᠤᠴᠠ ᠶᠢᠨ ᠭᠠᠵᠠᠷ ᠢ ᠳᠠᠩᠰᠠᠯᠠᠬᠤ ᠬᠢᠷᠢ ᠬᠡᠮ ᠳᠤ ᠨᠡᠶᠢᠴᠡᠬᠦ ︽ᠨᠢᠭᠡ ᠡᠷᠦᠬᠡ︾᠎ ᠪᠠᠷ ᠮᠠᠭᠠᠳᠯᠠᠨ ᠲᠣᠭᠲᠠᠭᠠᠵᠤ ᠪᠣᠯᠤᠨ᠎ᠠ᠃                 1᠂ ᠡᠷᠦᠬᠡ ᠠᠮᠠ ᠶᠢᠨ ᠲᠠᠩᠰᠠ ᠪᠠᠨ ᠨᠢᠭᠡ ᠯᠡ ᠳᠣᠤᠷ᠎ᠠ ᠳᠠᠩᠰᠠᠯᠠᠭᠤᠯᠤᠭᠠᠳ᠂ ᠪᠣᠳᠠᠲᠠᠶ ᠨᠢᠭᠡᠨᠲᠡ ᠤᠷᠤᠭᠯᠠᠭᠰᠠᠨ ᠮᠥᠷᠲᠡᠭᠡᠨ ᠨᠢᠭᠡᠨᠲᠡ ᠡᠷᠦᠬᠡ ᠰᠠᠯᠵᠤ ᠲᠤᠰᠠᠭᠠᠷ ᠣᠷᠣᠰᠢᠨ ᠠᠮᠢᠳᠤᠷᠠᠵᠤ ᠲᠣᠬᠢᠶᠠᠯᠳᠤᠯ ᠳᠤ᠂ ︽ᠨᠢᠭᠡ ᠡᠷᠦᠬᠡ︾᠎ ᠶᠢᠨ ᠬᠤᠪᠢ ᠪᠠᠷ ᠣᠷᠣᠨ ᠰᠠᠭᠤᠴᠠ ᠶᠢᠨ ᠭᠠᠵᠠᠷ ᠳᠠᠩᠰᠠᠯᠠᠭᠤᠯᠬᠤ ᠪᠠᠷ ᠭᠤᠶᠤᠴᠢᠯᠠᠵᠤ ᠪᠣᠯᠤᠨ᠎ᠠ︔ ᠡᠷᠦᠬᠡ ᠠᠮᠠ ᠶᠢᠨ ᠲᠠᠩᠰᠠ ᠪᠠᠨ ᠬᠠᠮᠲᠤ ᠳᠠᠩᠰᠠᠯᠠᠭᠤᠯᠤᠭᠠᠳ ᠤᠷᠤᠭᠯᠠᠭᠠᠳᠤᠶ ᠪᠣᠯᠪᠠᠴᠤ ᠨᠢᠭᠡᠨᠲᠡ ᠪᠦᠬᠦᠯᠢ 18 ᠨᠠᠰᠤ ᠬᠦᠷᠦᠭᠰᠡᠨ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠢ ︽ᠨᠢᠭᠡ ᠡᠷᠦᠬᠡ ︾᠎ ᠶᠢᠨ ᠬᠤᠪᠢ ᠪᠠᠷ ᠣᠷᠣᠨ ᠰᠠᠭᠤᠴᠠ ᠶᠢᠨ ᠭᠠᠵᠠᠷ ᠭᠤᠶᠤᠴᠢᠯᠠᠨ ᠳᠠᠩᠰᠠᠯᠠᠭᠤᠯᠵᠤ ᠪᠣᠯᠤᠨ᠎ᠠ᠃                 2᠂ ᠨᠢᠭᠡᠨᠲᠡ ᠤᠷᠤᠭᠯᠠᠭᠰᠠᠨ ᠡᠮᠡᠭᠲᠡᠶ᠂ ᠣᠷᠤᠭ ᠰᠠᠯᠤᠭᠰᠠᠨ ᠮᠥᠷᠲᠡᠭᠡᠨ ᠡᠷᠦᠬᠡ ᠠᠮᠠ ᠶᠢᠨ ᠲᠠᠩᠰᠠ ᠪᠠᠨ ᠲᠣᠰ ᠭᠠᠴᠠᠭᠠᠨ ᠳᠠᠭᠠᠨ ᠰᠢᠯᠵᠢᠭᠦᠯᠦᠭᠰᠡᠨ ᠲᠣᠬᠢᠶᠠᠯᠳᠤᠯ ᠳᠤ᠂ ᠭᠠᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠵᠥᠪᠰᠢᠶᠡᠷᠡᠭᠦᠯᠦᠭᠡᠳ ︽ᠨᠢᠭᠡ ᠡᠷᠦᠬᠡ︾᠎ ᠶᠢᠨ ᠬᠤᠪᠢ ᠪᠠᠷ ᠳᠡᠩᠰᠡᠯᠡᠵᠦ ᠪᠣᠯᠤᠨ᠎ᠠ᠃                 3᠂ ᠡᠷᠦᠭᠡ ᠠᠮᠠ ᠶᠢᠨ ᠲᠠᠩᠰᠠ ᠶᠢᠨ ᠳᠡᠪᠲᠡᠷ ᠲᠠᠬᠢ ᠪᠦᠬᠦᠯᠢ 18 ᠨᠠᠰᠤ ᠬᠦᠷᠦᠭᠡᠳᠦᠢ ᠨᠠᠰᠤᠨ ᠳᠤ ᠦᠯᠤ ᠬᠥᠷᠦᠭᠰᠡᠳ ᠲᠤᠰᠠᠭᠠᠷ ᠨᠢ ︽ᠨᠢᠭᠡ ᠡᠷᠦᠭᠡ︾᠎ ᠶᠢᠨ ᠬᠤᠪᠢ ᠪᠠᠷ ᠣᠷᠣᠨ ᠰᠠᠭᠤᠴᠠ ᠶᠢᠨ ᠭᠠᠵᠠᠷ ᠢ ᠭᠤᠶᠤᠴᠢᠯᠠᠨ ᠲᠠᠩᠰᠠᠯᠠᠵᠤ ᠪᠣᠯᠬᠤ ᠦᠭᠡᠢ᠂ ᠥᠮᠴᠢ ᠬᠤᠪᠢᠶᠠᠨ ᠬᠥᠷᠤᠩᠭᠡ ᠪᠠᠨ ᠰᠠᠯᠭᠠᠬᠤ ᠪᠤᠶᠤ ᠣᠷᠣᠨ ᠰᠠᠭᠤᠴᠠ ᠶᠢᠨ ᠭᠠᠵᠠᠷ ᠲᠠᠬᠢ ᠲᠤᠰᠠᠭᠠᠷ ᠭᠡᠷ ᠪᠠᠶᠢᠰᠢᠩ ᠤᠨ ᠥᠮᠴᠢᠯᠡᠯ ᠤᠨ ᠡᠷᠬᠡ ᠶᠢ ᠵᠠᠯᠭᠠᠮᠵᠢᠯᠠᠵᠤ ᠣᠯᠤᠭᠰᠠᠨ ᠲᠣᠬᠢᠶᠠᠯᠳᠤᠯ ᠳᠤ᠂ ᠬᠢᠨᠠᠨ ᠬᠠᠮᠠᠭᠠᠯᠠᠭᠴᠢ ᠨᠢ ︽ᠨᠢᠭᠡ ᠡᠷᠦᠭᠡ︾᠎ ᠶᠢᠨ ᠬᠤᠪᠢ ᠪᠠᠷ ᠲᠡᠭᠦᠨ ᠢ ᠣᠷᠣᠯᠠᠨ ᠲᠠᠩᠰᠠᠯᠠᠯᠳᠠ ᠬᠢᠯᠭᠡᠬᠦ ᠪᠠᠷ ᠭᠤᠶᠤᠴᠢᠯᠠᠵᠤ ᠪᠣᠯᠤᠨ᠎ᠠ᠃                 4᠂ ᠲᠣᠰ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠪᠤᠰᠤ ᠠᠯᠠᠱᠠ ᠵᠡᠭᠦᠨ ᠬᠤᠰᠢᠭᠤᠨ ᠤ ᠡᠷᠦᠬᠡ ᠠᠮᠠ ᠶᠢᠨ ᠬᠠᠷᠢᠶ᠎ᠠ ᠲᠠᠢ ᠮᠠᠯᠴᠢᠨ ᠲᠠᠷᠢᠶᠠᠴᠢᠨ ᠲᠥᠷᠥ ᠶᠢᠨ ᠪᠣᠳᠣᠯᠭ᠎ᠠ ᠶᠢᠨ ᠠᠮᠢ ᠠᠬᠤᠶ ᠶᠢ ᠰᠢᠯᠵᠢᠭᠦᠯᠦᠨ ᠲᠥᠪᠬᠢᠨᠡᠭᠦᠯᠦᠭᠰᠡᠨ ᠪᠤᠶᠤ ᠬᠥᠷᠰᠢ ᠵᠡᠷᠭᠡᠯᠡᠳᠡᠭᠡ ᠪᠤᠶᠤ ᠣᠷᠳᠣ ᠬᠤᠭᠤᠴᠠᠭ᠎ᠠ ᠪᠠᠷ ᠲᠣᠰ ᠭᠠᠴᠠᠭᠠᠨ ᠳᠠᠭᠠᠨ ᠠᠵᠢᠯᠯᠠᠵᠤ ᠠᠮᠢᠳᠤᠷᠠᠯ ᠪᠠᠶᠢᠭ᠎ᠠ ᠲᠣᠬᠢᠶᠠᠯᠳᠤᠯ ᠳᠤ᠂ ᠥᠯᠥ ᠬᠥᠳᠡᠯᠬᠦ ᠬᠥᠷᠥᠩᠭᠡ ᠶᠢᠨ ᠪᠣᠳᠠᠰ ᠤᠨ ᠡᠷᠬᠡ ᠶᠢ ᠪᠠᠲᠤᠯᠠᠬᠤ ᠵᠠᠷᠴᠢᠮ ᠶᠣᠰᠣᠭᠠᠷ ︽ᠨᠢᠭᠡ ᠡᠷᠦᠬᠡ︾᠎ ᠪᠠᠷ ᠬᠠᠨᠳᠤᠵᠤ ᠂ ᠥᠯᠥ ᠬᠥᠳᠡᠯᠬᠦ ᠬᠥᠷᠥᠩᠭᠡ ᠶᠢᠨ ᠪᠠᠶᠢᠭ᠎ᠠ ᠭᠠᠴᠠᠭ᠎ᠠ ᠶᠢᠨ ᠵᠥᠪᠰᠢᠶᠡᠷᠡᠯ ᠢ ᠨᠢ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠠᠴᠠ ᠬᠢᠨᠠᠨ ᠵᠥᠪᠰᠢᠶᠡᠷᠡᠵᠦ ᠳᠠᠩᠰᠠᠯᠠᠨ᠎ᠠ︔ ᠥᠯᠥ ᠵᠥᠪᠰᠢᠶᠡᠷᠡᠬᠦ ᠰᠠᠨᠠᠭᠤᠯᠭ᠎ᠠ ᠳᠤ ᠳᠤᠲᠠᠭᠤ ᠶᠢ ᠪᠠᠭᠲᠠᠭᠠᠬᠤ ᠠᠷᠭ᠎ᠠ ᠪᠠᠷᠢᠯ ᠢ ᠠᠪᠴᠤ᠂ ᠭᠠᠴᠠᠭ᠎ᠠ ᠠᠴᠠ ᠳᠠᠩᠰᠠᠯᠠᠬᠤ ᠨᠥᠬᠦᠴᠡᠯ ᠳᠤᠷᠠᠳᠬᠤ ᠶᠢᠨ ᠬᠠᠮᠲᠤ ᠳᠡᠩᠰᠡᠯᠡᠵᠦ ᠬᠢᠵᠠᠭᠠᠷᠯᠠᠬᠤ ᠨᠥᠬᠦᠴᠡᠯ ᠪᠣᠯᠭᠠᠵᠤ ᠥᠯᠥ ᠬᠥᠳᠡᠯᠬᠦ ᠬᠥᠷᠥᠩᠭᠡ ᠶᠢᠨ ᠦᠨᠡᠮᠯᠡᠯ ᠤᠨ ᠲᠠᠶᠢᠯᠪᠤᠷᠢ ᠬᠦᠰᠦᠨᠦᠭ ᠲᠤ ᠲᠡᠮᠳᠡᠭᠯᠡᠨ᠎ᠡ ︵ᠣᠷᠣᠰᠢᠨ ᠰᠠᠭᠤᠬᠤ ᠡᠷᠬᠡ ᠶᠢ ᠰᠢᠢᠳᠪᠦᠷᠢᠯᠡᠬᠦ᠂ ᠥᠯᠥ ᠬᠥᠳᠡᠯᠬᠦ ᠬᠥᠷᠥᠩᠭᠡ ᠶᠢ ᠪᠠᠷᠢᠴᠠᠭᠠᠯᠠᠬᠤ᠂ ᠰᠢᠯᠵᠢᠭᠦᠯᠦᠨ ᠥᠭᠬᠦ ᠵᠡᠷᠭᠡ ᠡᠷᠬᠡ ᠶᠢ ᠬᠢᠵᠠᠭᠠᠷᠯᠠᠬᠤ ᠵᠣᠷᠢᠯᠭ᠎ᠠ ᠲᠠᠢ︶᠃                 ᠭᠤᠷᠪᠠ᠂ ᠣᠷᠣᠨ ᠰᠠᠭᠤᠴᠠ ᠶᠢᠨ ᠭᠠᠵᠠᠷ ᠤᠨ ᠪᠦᠷᠢᠳᠬᠡᠭᠰᠡᠨ ᠲᠠᠯᠠᠪᠠᠢ ᠶᠢ ᠮᠠᠭᠠᠳᠯᠠᠨ ᠲᠣᠭᠲᠠᠭᠠᠬᠤ ᠲᠤᠬᠠᠶ                 ︽ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠳᠤ ᠬᠡᠷᠡᠭᠯᠡᠬᠦ ᠭᠠᠵᠠᠷ ᠪᠠ ᠣᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠶ ᠳᠡᠩᠰᠡᠯᠡᠯᠲᠡ ᠶᠢᠨ ᠠᠵᠢᠯ ᠢ ᠤᠯᠠᠮ ᠠᠬᠢᠭᠤᠯᠤᠨ ᠵᠢᠷᠤᠮᠵᠢᠭᠤᠯᠬᠤ ᠲᠤᠬᠠᠶ ᠵᠢᠯᠣᠭᠤᠳᠬᠤ ᠰᠠᠨᠠᠯ ᠢ ᠬᠡᠪᠯᠡᠨ ᠲᠠᠷᠬᠠᠭᠠᠬᠤ ᠲᠤᠬᠠᠶ ᠮᠡᠳᠡᠭᠳᠡᠯ︾ ︵ᠠᠯᠠᠱᠠ ᠵᠡᠭᠦᠨ ᠵᠠᠰᠠᠭ ᠠᠯᠪᠠᠨ ᠲᠠᠷᠬᠠᠭᠠᠭᠰᠠᠨ ︹ 2014 ︺ 229 ᠳ᠋ᠦ᠋ᠭᠡᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠰᠠᠭᠤᠷᠢᠨ ᠳᠡᠭᠡᠷ᠎ᠡ 3 ᠵᠦᠢᠯ ᠢ ᠨᠥᠬᠦᠪᠥᠷᠢᠯᠡᠨ᠎ᠡ᠄                 1᠂ ᠡᠷᠬᠡᠲᠦ ᠬᠥᠮᠦᠨ ᠤ ᠬᠠᠩᠭᠠᠵᠤ ᠳᠡᠶᠢᠯᠬᠦ ᠭᠠᠵᠠᠷ ᠰᠢᠷᠣᠶ ᠬᠡᠷᠡᠭᠯᠡᠬᠦ ᠦᠨᠡᠮᠯᠡᠯ ᠪᠤᠶᠤ ᠣᠷᠣᠨ ᠰᠠᠭᠤᠴᠠ ᠶᠢᠨ ᠭᠠᠵᠠᠷ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠡᠰᠡᠭ ᠭᠠᠵᠠᠷ᠂ ᠣᠷᠣᠨ ᠰᠠᠭᠤᠴᠠ ᠶᠢᠨ ᠭᠠᠵᠠᠷ ᠢ ᠪᠦᠷᠢᠳᠬᠡᠭᠰᠡᠨ ᠲᠠᠯᠠᠪᠠᠢ ᠶᠢᠨ ᠵᠠᠷᠴᠢᠮ ᠤᠤᠯ ᠤᠨ ᠦᠨᠡᠮᠯᠡᠯ ᠪᠤᠶᠤ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠲᠠᠯᠠᠪᠠᠢ ᠶᠢ ᠵᠠᠯᠭᠠᠮᠵᠢᠯᠠᠨ᠎ᠠ᠂ ᠬᠡᠷᠪᠡ ᠣᠷᠣᠨ ᠰᠠᠭᠤᠴᠠ ᠶᠢᠨ ᠭᠠᠵᠠᠷ ᠤᠨ ᠪᠣᠳᠠᠲᠠᠶ ᠠᠰᠢᠭᠯᠠᠭᠰᠠᠨ ᠲᠠᠯᠠᠪᠠᠢ ᠨᠢ ᠤᠤᠯ ᠤᠨ ᠦᠨᠡᠮᠯᠡᠯ ᠪᠤᠶᠤ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠠᠴᠠ ᠪᠠᠭ᠎ᠠ ᠲᠣᠬᠢᠶᠠᠯᠳᠤᠯ ᠳᠤ᠂ ᠪᠣᠳᠠᠲᠠᠶ ᠠᠰᠢᠭᠯᠠᠭᠰᠠᠨ ᠲᠠᠯᠠᠪᠠᠢ ᠪᠠᠷ ᠨᠢ ᠳᠠᠩᠰᠠᠯᠠᠭᠤᠯᠤᠨ᠎ᠠ᠂ ᠣᠷᠣᠨ ᠰᠠᠭᠤᠴᠠ ᠶᠢᠨ ᠭᠠᠵᠠᠷ ᠢ ᠵᠥᠪᠰᠢᠶᠡᠷᠡᠵᠦ ᠪᠦᠷᠢᠳᠬᠡᠭᠰᠡᠨ ᠲᠠᠯᠠᠪᠠᠢ ᠶᠢᠨ ᠳᠡᠭᠡᠳᠦ ᠬᠢᠵᠠᠭᠠᠷ ᠨᠢ ᠲᠠᠷᠢᠶᠠᠯᠠᠬᠤ ᠣᠷᠣᠨ ᠤ 500 ᠺᠦᠸᠠᠳ᠋ ᠮᠧᠲᠷ᠂ ᠮᠠᠯᠵᠢᠬᠤ ᠣᠷᠣᠨ ᠤ 600 ᠺᠦᠸᠠᠳ᠋ ᠮᠧᠲᠷ ᠪᠣᠯᠤᠨ᠎ᠠ᠃                 2᠂ ᠮᠠᠯᠵᠢᠬᠤ ᠣᠷᠣᠨ ᠤ ᠬᠡᠰᠡᠭ ᠣᠷᠣᠨ ᠰᠠᠭᠤᠴᠠ ᠶᠢᠨ ᠭᠠᠵᠠᠷ ᠲᠤ ᠵᠥᠪᠬᠡᠨ ᠬᠡᠷ ᠪᠠᠶᠢᠰᠢᠩ ᠲᠠᠢ ᠪᠣᠯ ᠬᠦᠷᠢᠶ᠎ᠡ ᠬᠡᠷᠡᠮ ᠥᠬᠡᠶ ᠪᠣᠯ᠂ ᠣᠷᠣᠨ ᠰᠠᠭᠤᠴᠠ ᠶᠢᠨ ᠭᠠᠵᠠᠷ ᠢ ᠳᠠᠩᠰᠠᠯᠠᠭᠤᠯᠬᠤ ᠦᠶ᠎ᠡ ᠶᠢᠨ ᠲᠠᠯᠠᠪᠠᠶ ᠶᠢ ᠲᠣᠰ ᠰᠤᠮᠤ  ᠪᠠᠯᠭᠠᠰᠤᠨ ᠤ  ᠣᠷᠣᠨ ᠰᠠᠭᠤᠴᠠ ᠶᠢᠨ ᠭᠠᠵᠠᠷ ᠤᠨ ᠳᠤᠮᠳᠠᠴᠢ ᠬᠡᠷᠡᠭᠯᠡᠬᠦ ᠭᠠᠵᠠᠷ ᠤᠨ ᠬᠢᠷᠢ ᠬᠡᠮᠵᠢᠶ᠎ᠡ ᠠᠴᠠ ᠬᠡᠲᠦᠷᠡᠭᠦᠯᠵᠦ ᠪᠣᠯᠬᠤ ᠥᠬᠡᠶ᠂ ᠵᠠᠷᠴᠢᠮ ᠳᠡᠭᠡᠷ᠎ᠡ ᠪᠠᠨ ᠬᠠᠮᠤᠭ ᠥᠨᠳᠥᠷ ᠲᠡᠭᠡᠨ 300 ᠺᠦᠸᠠᠳ᠋ ᠮᠧᠲᠷ ᠠᠴᠠ ᠬᠡᠲᠦᠷᠡᠭᠦᠯᠵᠦ ᠪᠣᠯᠬᠤ ᠥᠬᠡᠶ᠃                 3᠂ ᠣᠳᠣᠬᠠᠨ ᠳᠤ ᠡᠵᠡᠯᠡᠨ ᠬᠡᠷᠡᠭᠯᠡᠵᠦ ᠪᠠᠶᠢᠭ᠎ᠠ ᠭᠠᠵᠠᠷ ᠰᠢᠷᠣᠶ ᠶᠢᠨ ᠲᠠᠯᠠᠪᠠᠢ ᠪᠠᠷ ᠨᠡᠯᠢᠶᠡᠳ ᠶᠡᠭᠡ ᠣᠷᠣᠨ ᠰᠠᠭᠤᠴᠠ ᠶᠢᠨ ᠭᠠᠵᠠᠷ ᠤᠨ ᠤᠤᠯ ᠤᠨ ᠵᠥᠪᠰᠢᠶᠡᠷᠡᠭᠰᠡᠨ ᠲᠠᠯᠠᠪᠠᠢ ᠪᠤᠶᠤ ᠳᠡᠭᠡᠳᠦ ᠬᠢᠵᠠᠭᠠᠷ ᠤᠨ ᠲᠠᠯᠠᠪᠠᠢ ᠠᠴᠠ ᠬᠡᠲᠦᠷᠡᠭᠰᠡᠨ ᠬᠡᠰᠡᠭ ᠢ ᠨᠢ ᠪᠠᠶᠢᠴᠠᠭᠠᠬᠤ ᠠᠴᠠ ᠪᠢᠰᠢ ᠲᠦᠷ ᠳᠠᠩᠰᠠᠯᠠᠬᠤ ᠦᠭᠡᠢ᠃         ᠲᠦᠷᠪᠡ᠂ ᠪᠤᠰᠤᠳ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ                 1᠂ ᠳᠠᠩᠰᠠᠯᠠᠭᠤᠯᠬᠤ ᠪᠠᠷ ᠬᠦᠰᠡᠯᠲᠡ ᠭᠠᠷᠭᠠᠭᠰᠠᠨ ᠣᠷᠣᠨ ᠰᠠᠭᠤᠴᠠ ᠶᠢᠨ ᠭᠠᠵᠠᠷ᠂ ᠬᠠᠮᠲᠤ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠳᠠᠷᠭᠤ ᠶᠢᠨ ᠭᠡᠷ ᠪᠠᠶᠢᠰᠢᠩ ︵ᠪᠠᠷᠢᠯᠭ᠎ᠠ︶᠎ ᠨᠢ ᠭᠡᠷ ᠪᠠᠶᠢᠰᠢᠩ ᠤᠨ ᠳᠠᠪᠬᠤᠷᠭ᠎ᠠ ᠶᠢᠨ ᠥᠨᠳᠥᠷ 2 ᠪᠣᠯᠤᠨ᠎ᠠ᠃ 8 ᠮᠧᠲᠷ ᠠᠴᠠ ᠳᠡᠭᠡᠭᠰᠢ ᠭᠡᠷ ᠪᠠᠶᠢᠰᠢᠩ ᠤᠨ ᠴᠢᠨᠠᠷ ᠴᠢᠨᠰᠠᠭ᠎ᠠ ᠨᠢ ᠰᠢᠨ᠎ᠡ ᠬᠥᠳᠡᠭᠡ ᠲᠣᠰᠬᠤᠨ ᠢ ᠥᠭᠡᠷᠡᠴᠢᠯᠡᠨ ᠪᠠᠶᠢᠭᠤᠯᠬᠤ ᠱᠠᠭᠠᠷᠳᠠᠯᠭ᠎ᠠ ᠳᠤ ᠨᠡᠶᠢᠴᠡᠭᠰᠡᠨ ᠡᠭᠦᠷᠢᠳᠡ ᠶᠢᠨ ᠴᠢᠨᠠᠷᠲᠠᠶ ᠪᠠᠷᠢᠯᠭ᠎ᠠ ᠪᠣᠯᠤᠨ᠎ᠠ᠃                 2᠂ ᠳᠠᠩᠰᠠᠯᠠᠭᠤᠯᠬᠤ ᠪᠠᠷ ᠬᠦᠰᠡᠯᠲᠡ ᠭᠠᠷᠭᠠᠭᠰᠠᠨ ᠣᠷᠣᠨ ᠰᠠᠭᠤᠴᠠ ᠶᠢᠨ ᠭᠠᠵᠠᠷ ᠵᠢᠴᠢ ᠭᠡᠷ ᠪᠠᠶᠢᠰᠢᠩ ᠪᠣᠯ ᠲᠤᠰᠠᠭᠠᠷ ᠣᠷᠣᠨ ᠵᠠᠶ ᠶᠢᠨ ᠵᠠᠭᠠᠭ ᠱᠤᠭᠤᠮ ᠲᠠᠢ ᠬᠡᠰᠡᠭ ᠭᠠᠵᠠᠷ ᠪᠣᠯᠤᠨ᠎ᠠ᠂ ᠭᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠢ ᠨᠢ ᠨᠢᠭᠡ ᠭᠡᠷ ᠤᠨ ᠬᠥᠮᠦᠨ ︵ᠪᠤᠶᠤ ᠨᠢᠭᠡ ᠡᠷᠦᠬᠡ︶᠎ ᠤ ᠡᠳᠦᠷ ᠲᠤᠲᠤᠮ ᠤᠨ ᠠᠮᠢᠳᠤᠷᠠᠯ ᠤᠨ ᠦᠨᠳᠦᠰᠦᠨ ᠬᠡᠷᠡᠭᠴᠡᠭᠡ ᠶᠢ ᠬᠠᠩᠭᠠᠵᠤ ᠳᠡᠶᠢᠯᠬᠦ ᠮᠥᠷᠲᠡᠭᠡᠨ ᠪᠤᠰᠤᠳ ᠬᠥᠮᠦᠨ ᠤ ᠳᠤᠷ᠎ᠠ ᠪᠠᠷ ᠢᠶᠠᠨ ᠣᠷᠣᠵᠤ ᠪᠣᠯᠬᠤ ᠦᠭᠡᠢ ᠪᠢᠲᠡᠭᠦᠦ ᠣᠷᠣᠨ ᠵᠠᠶ ᠪᠣᠯᠤᠨ᠎ᠠ᠃                 3᠂ ᠦᠯᠦ ᠬᠥᠳᠡᠯᠬᠦ ᠬᠦᠷᠦᠩᠭᠡ ᠶᠢᠨ ᠡᠷᠬᠡ ᠶᠢᠨ ᠦᠨᠡᠮᠯᠡᠯ ᠢ ᠭᠡᠭᠡᠭᠰᠡᠨ ᠢ ᠨᠥᠬᠦᠪᠥᠷᠢᠯᠡᠨ ᠰᠢᠨ᠎ᠡ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠬᠢᠨᠠᠨ ᠣᠯᠭᠤᠭᠰᠠᠨ ᠤ ᠳᠠᠷᠠᠭ᠎ᠠ᠂ ᠡᠷᠬᠡᠲᠦ ᠬᠥᠮᠦᠨ ᠨᠢ ᠭᠡᠭᠡᠭᠰᠡᠨ ᠪᠤᠶᠤ ᠪᠤᠰᠤᠳ ᠰᠢᠯᠲᠠᠭᠠᠨ ᠠᠴᠠ ᠪᠣᠯᠵᠣ ᠬᠠᠭᠤᠴᠢᠨ ᠡᠷᠬᠡ ᠶᠢᠨ ᠦᠨᠡᠮᠯᠡᠯ ᠢᠶᠠᠨ ᠪᠤᠴᠠᠭᠠᠵᠤ ᠳᠡᠶᠢᠯᠬᠦ ᠥᠬᠡᠶ ᠲᠣᠬᠢᠶᠠᠯᠳᠤᠯ ᠳᠤ᠂ ᠥᠯᠥ ᠬᠥᠳᠡᠯᠬᠦ ᠬᠥᠷᠥᠩᠭᠡ ᠶᠢᠨ ᠲᠥᠪ ᠠᠴᠠ ᠬᠠᠭᠤᠴᠢᠨ ᠦᠨᠡᠮᠯᠡᠯ ᠢ ᠬᠦᠴᠦᠨ ᠥᠬᠡᠶ ᠪᠣᠯᠭᠠᠬᠤ ᠠᠯᠪᠠᠨ ᠵᠠᠷ ᠢ ᠨᠢᠭᠡᠳᠦᠯᠲᠡᠶ ᠵᠠᠷᠯᠠᠨ᠎ᠠ᠃                 4᠂ ︽ᠠᠷᠪᠠ ᠶᠢ ᠪᠥᠷᠬᠦᠭᠦᠯᠬᠦ︾ ᠣᠷᠣᠨ ᠰᠠᠭᠤᠴᠠ ᠳᠤ ᠬᠡᠷᠡᠭᠯᠡᠬᠦ ᠭᠠᠵᠠᠷ ᠠᠴᠠ ᠤᠬᠤᠷᠢᠨ ᠭᠠᠷᠴᠤ ᠬᠤᠲᠠ ᠳᠤ ᠣᠷᠣᠬᠤ ᠲᠥᠷᠥ ᠶᠢᠨ ᠪᠣᠳᠣᠯᠭ᠎ᠠ ᠶᠢ ᠨᠢᠭᠡᠨᠲᠡ ᠭᠥᠷᠳᠡᠵᠦ ᠥᠩᠭᠡᠷᠡᠭᠰᠡᠨ ᠮᠠᠯᠴᠢᠨ ᠲᠠᠷᠢᠶᠠᠴᠢᠳ ᠣᠷᠣᠨ ᠰᠠᠭᠤᠴᠠ ᠳᠤ ᠬᠡᠷᠡᠭᠯᠡᠬᠦ ᠭᠠᠵᠠᠷ ᠵᠢᠴᠢ ᠬᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠬᠢᠯᠭᠡᠬᠦ ᠪᠠᠷ ᠳᠠᠭᠢᠵᠤ ᠭᠤᠶᠤᠴᠢᠯᠠᠵᠤ ᠪᠣᠯᠬᠤ ᠥᠬᠡᠶ᠃                 ᠲᠣᠰ ᠪᠢᠴᠢᠭ ᠮᠠᠲ᠋ᠧᠷᠢᠶᠠᠯ ᠢ ᠬᠡᠪᠯᠡᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ 2 ᠵᠢᠯ ᠪᠣᠯᠤᠨ᠎ᠠ᠂ ᠬᠡᠷᠡᠭᠵᠢᠭᠦᠯᠬᠦ ᠶᠠᠪᠤᠴᠠ ᠳᠤ ᠬᠡᠷᠪᠡ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠨᠡᠮᠡᠯᠲᠡ᠂ ᠥᠭᠡᠷᠡᠴᠢᠯᠡᠯᠲᠡ ᠭᠠᠷᠭᠠᠭᠰᠠᠨ ᠪᠣᠯ᠂ ᠲᠣᠬᠢᠷᠠᠭᠤᠯᠤᠭᠰᠠᠨ ᠪᠣᠢ︖᠎ ᠤ ᠳᠠᠷᠠᠭᠠᠬᠢ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃                                 ᠲᠠᠶᠢᠯᠤᠮᠵᠢ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ︽ᠬᠥᠳᠡᠭᠡ ᠲᠣᠰᠬᠤᠨ ᠤ ︿ᠬᠡᠷ ᠪᠠᠶᠢᠰᠢᠩ ᠭᠠᠵᠠᠷ ᠰᠢᠷᠣᠶ ᠶᠢ ᠴᠤᠭᠴᠠᠵᠢᠭᠤᠯᠤᠭᠰᠠᠨ﹀ ᠣᠷᠣᠨ ᠰᠠᠭᠤᠴᠠ ᠶᠢᠨ ᠭᠠᠵᠠᠷ ᠤᠨ ᠣᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠶᠢ ᠤᠯᠠᠮ ᠠᠬᠢᠭᠤᠯᠤᠨ ᠲᠦᠷᠭᠡᠳᠬᠡᠬᠦ ᠬᠤᠯᠪᠣᠭᠳᠠᠬᠤ ᠠᠰᠠᠭᠤᠳᠠᠯ ᠤᠨ ᠲᠤᠬᠠᠶ ᠵᠢᠯᠣᠭᠤᠳᠬᠤ ᠰᠠᠨᠠᠯ︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ                 ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ                  ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号