︽ᠠᠯᠠᠱᠠ ᠵᠡᠭᠦᠨ ᠬᠤᠰᠢᠭᠤᠨ ᠤ ︿ᠵᠢᠷᠭᠤᠭᠠᠨ ᠵᠢᠵᠢᠭ﹀ ᠶᠠᠳᠠᠭᠤᠰ ᠢ ᠲᠡᠳᠬᠦᠬᠦ ᠠᠵᠤ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ︾᠎ ᠢ ᠵᠠᠷᠯᠠᠨ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/12/15
                    ︽ᠠᠯᠠᠱᠠ ᠵᠡᠭᠦᠨ ᠬᠤᠰᠢᠭᠤᠨ ᠤ ︿ᠵᠢᠷᠭᠤᠭᠠᠨ ᠵᠢᠵᠢᠭ﹀ ᠶᠠᠳᠠᠭᠤᠰ ᠢ ᠲᠡᠳᠬᠦᠬᠦ ᠠᠵᠤ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ︾᠎ ᠢ ᠵᠠᠷᠯᠠᠨ ᠨᠡᠶᠢᠲᠡᠯᠡᠬᠦ ᠲᠤᠬᠠᠶ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ                 ᠠᠯᠠᠱᠠ ᠵᠡᠭᠦᠨ ᠵᠠᠰᠠᠭ ᠠᠯᠪᠠᠨ ᠲᠠᠷᠬᠠᠭᠠᠭᠰᠠᠨ ︹ 2020 ︺ 72 ᠳ᠋ᠤᠭᠠᠷ ᠲᠣᠭᠠᠲᠤ                                 ᠡᠯ᠎ᠡ ᠰᠤᠮᠤ  ᠪᠠᠯᠭᠠᠰᠤᠨ ᠤ  ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠬᠤᠯᠪᠣᠭᠳᠠᠬᠤ ᠰᠠᠯᠠᠭ᠎ᠠ ᠮᠥᠴᠢᠷ ᠲᠤ᠄                 ︽ᠠᠯᠠᠱᠠ ᠵᠡᠭᠦᠨ ᠬᠤᠰᠢᠭᠤᠨ ᠤ ︿ᠵᠢᠷᠭᠤᠭᠠᠨ ᠵᠢᠵᠢᠭ﹀ ᠶᠠᠳᠠᠭᠤᠰ ᠢ ᠲᠡᠳᠬᠦᠬᠦ ᠠᠵᠤ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ︾᠎ ᠢ ᠬᠤᠰᠢᠭᠤᠨ ᠤ ᠵᠠᠰᠠᠭ ᠤᠨ ᠣᠷᠳᠣᠨ ᠤ 2020 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠭᠡᠳ᠂ ᠡᠳᠦᠭᠡ ᠲᠠᠨᠠᠷ ᠲᠤ ᠬᠡᠪᠯᠡᠨ ᠲᠠᠷᠬᠠᠭᠠᠯ᠎ᠠ᠂ ᠪᠣᠳᠠᠲᠤ ᠨᠥᠬᠦᠴᠡᠯ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃                 ᠣᠨᠴᠠᠭᠠᠶᠢᠯᠠᠨ ᠮᠡᠳᠡᠭᠳᠡᠪᠡ᠃                 ᠬᠠᠪᠰᠤᠷᠤᠯᠲᠠ᠄ ᠠᠯᠠᠱᠠ ᠵᠡᠭᠦᠨ ᠬᠤᠰᠢᠭᠤᠨ ᠤ ︽ᠵᠢᠷᠭᠤᠭᠠᠨ ᠵᠢᠵᠢᠭ︾᠎ ᠤᠨ ᠶᠠᠳᠠᠭᠤᠰ ᠢ ᠲᠡᠳᠬᠦᠬᠦ ᠠᠵᠤ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ                                 2020 ᠣᠨ ᠤ 7 ᠳ᠋ᠤᠭᠠᠷ ᠰᠠᠷ᠎ᠠ ᠶᠢᠨ 24᠎ ᠤ ᠡᠳᠦᠷ                 ᠬᠠᠪᠰᠤᠷᠤᠯᠲᠠ᠄                 ᠠᠯᠠᠱᠠ ᠵᠡᠭᠦᠨ ᠬᠤᠰᠢᠭᠤᠨ ᠤ ︽ᠵᠢᠷᠭᠤᠭᠠᠨ ᠵᠢᠵᠢᠭ ᠠᠵᠤ ᠦᠢᠯᠡᠰ︾᠎ ᠤᠨ ᠶᠠᠳᠠᠭᠤᠰ ᠢ ᠲᠡᠳᠬᠦᠬᠦ ᠠᠵᠤ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ                                 ᠠᠵᠤ ᠦᠢᠯᠡᠰ ᠤᠨ ᠤᠨᠢᠨ ᠳᠡᠭᠡᠷ᠎ᠡ ᠨᠢ ᠶᠠᠳᠠᠭᠤᠰ ᠢ ᠲᠡᠳᠬᠦᠬᠦ ᠠᠵᠢᠯ ᠢ ᠡᠷᠴᠢᠮᠲᠡᠢ ᠢ ᠠᠬᠢᠭᠤᠯᠬᠤ ᠶᠢᠨ ᠲᠥᠯᠥᠭᠡ᠂ ᠶᠠᠳᠠᠭᠤ ᠬᠦᠴᠢᠷᠳᠡᠯᠲᠡᠶ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠂ ᠬᠢᠵᠢᠭ ᠤᠨ ᠪᠠᠶᠢᠳᠠᠯ ᠤᠨ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠳᠤ ᠦᠵᠡᠭᠦᠯᠬᠦ ᠨᠥᠯᠥᠭᠡ ᠶᠢ ᠪᠠᠭᠤᠷᠠᠭᠤᠯᠵᠤ᠂ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠂ ᠡᠳᠦᠭᠡ ᠶᠠᠳᠠᠭᠤ ᠬᠦᠴᠢᠷᠳᠡᠯᠲᠡᠶ ᠡᠷᠦᠬᠡ ᠶᠢᠨ ᠴᠠᠷᠠᠭ᠎ᠠ ᠬᠦᠷᠢᠶ᠎ᠡ ᠶᠢᠨ ᠠᠵᠤ ᠠᠬᠤᠶ ᠪᠠᠨ ᠬᠥᠭᠵᠢᠭᠦᠯᠬᠦ ᠶᠢ ᠳᠡᠮᠵᠢᠵᠦ᠂ ᠪᠠᠭ᠎ᠠ ᠬᠡᠪᠴᠢᠶᠡᠨ ᠤ ᠲᠠᠷᠢᠮᠠᠯ᠂ ᠵᠢᠵᠢᠭ ᠲᠡᠵᠢᠭᠡᠨ ᠦᠷᠡᠵᠢᠭᠦᠯᠬᠦ᠂ ᠵᠢᠵᠢᠭ ᠭᠠᠷ ᠤᠷᠠᠯᠠᠯ᠂ ᠵᠢᠵᠢᠭ ᠬᠤᠳᠠᠯᠳᠤᠭ᠎ᠠ᠂ ᠵᠢᠵᠢᠭ ᠴᠠᠬᠢᠮ ᠬᠤᠳᠠᠯᠳᠤᠭ᠎ᠠ᠂ ᠵᠢᠵᠢᠭ ᠦᠢᠯᠡᠳᠬᠡᠯ ᠵᠡᠷᠭᠡ ᠣᠷᠣᠯᠭ᠎ᠠ ᠲᠦᠷᠭᠡᠨ ᠨᠡᠮᠡᠭᠳᠡᠭᠦᠯᠬᠦ ᠵᠢᠵᠢᠭ ᠠᠵᠤ ᠦᠢᠯᠡᠰ ︵ᠴᠢᠨᠠᠭᠰᠢᠳᠠ ︽ᠵᠢᠷᠭᠤᠭᠠᠨ ᠵᠢᠵᠢᠭ︾ ᠠᠵᠤ ᠦᠢᠯᠡᠰ ᠭᠡᠵᠦ ᠲᠣᠪᠴᠢᠯᠠᠨ᠎ᠠ︶᠎ ᠢ ᠬᠡᠷᠡᠭᠵᠢᠭᠦᠯᠦᠨ᠂ ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃                 ᠨᠢᠭᠡ᠂ ᠶᠡᠷᠦᠩᠬᠡᠶ ᠰᠡᠳᠬᠢᠴᠡ                 ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠤᠨᠢᠨ ᠳᠡᠭᠡᠷ᠎ᠡ ᠨᠢ ᠶᠠᠳᠠᠭᠤᠰ ᠢ ᠲᠡᠳᠬᠦᠬᠦ ᠤᠨᠢᠨ ᠳᠡᠭᠡᠷ᠎ᠡ ᠨᠢ ᠶᠠᠳᠠᠭᠤᠷᠠᠯ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠤᠳᠤᠯᠭ᠎ᠠ ᠶᠢ ᠪᠠᠷᠢᠮᠲᠠᠯᠠᠵᠤ᠂ ᠠᠵᠤ ᠦᠢᠯᠡᠰ ᠢᠶᠠᠷ ᠶᠠᠳᠠᠭᠤᠰ ᠢ ᠲᠡᠳᠬᠦᠬᠦ ᠶᠢ ᠴᠢᠬᠤᠯᠠ ᠠᠴᠠ ᠴᠢᠬᠤᠯᠠ ᠵᠦᠢᠯ   ᠪᠣᠯᠭᠠᠬᠤ ᠶᠢ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠶᠢᠨ ᠬᠠᠩᠭᠠᠯᠭ᠎ᠠ ᠶᠢ ᠰᠢᠯᠢᠳᠡᠭᠵᠢᠭᠦᠯᠵᠦ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠲᠣᠭᠲᠠᠪᠤᠷᠢᠲᠠᠢ ᠎ ᠪᠠᠷ ᠶᠠᠳᠠᠭᠤᠷᠠᠯ ᠠᠴᠠ ᠠᠩᠭᠢᠵᠢᠷᠠᠭᠤᠯᠬᠤ ᠰᠠᠭᠤᠷᠢ ᠶᠢ ᠬᠦᠴᠦᠯᠡᠨ ᠪᠠᠬᠢᠵᠢᠭᠦᠯᠵᠦ᠂ ᠶᠠᠳᠠᠭᠤ ᠬᠦᠴᠢᠷᠳᠡᠯᠲᠡᠢ ᠡᠷᠦᠬᠡ ᠶᠢᠨ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠬᠥᠭᠵᠢᠭᠡᠵᠦ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠬᠦᠷᠲᠡᠮᠵᠢ ᠶᠢᠨ ᠲᠦᠷᠦᠭᠳᠡᠯ ᠢ ᠦᠨᠡᠨᠬᠦ ᠳᠡᠭᠡᠭᠰᠢᠯᠡᠭᠦᠯᠦᠨ᠎ᠡ᠃ ︽ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠬᠥᠮᠦᠨ ᠪᠠ ᠡᠷᠦᠬᠡ ᠶᠢᠨ ᠪᠠᠶᠢᠳᠠᠯ ᠳᠤᠨᠢ ᠳᠣᠭᠢᠷᠠᠭᠤᠯᠤᠨ ᠴᠠᠷᠠᠭ᠎ᠠ ᠬᠦᠷᠢᠶ᠎ᠡ ᠶᠢᠨ ᠠᠵᠤ ᠠᠬᠤᠶ ᠶᠢ ᠬᠥᠭᠵᠢᠭᠦᠯᠬᠦ︾ ᠱᠠᠭᠠᠷᠳᠠᠯᠭ᠎ᠠ ᠶᠣᠰᠣᠭᠠᠷ᠂ ᠬᠦᠰᠡᠯ ᠡᠷᠡᠮᠡᠯᠵᠡᠯ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠴᠠᠷᠠᠭ᠎ᠠ ᠬᠦᠷᠢᠶ᠎ᠡ ᠶᠢᠨ ᠠᠵᠤ ᠠᠬᠤᠶ ᠶᠢ ᠬᠥᠭᠵᠢᠭᠦᠯᠬᠦ ᠶᠢ ᠢᠳᠡᠪᠬᠢᠲᠡᠶ ᠳᠡᠮᠵᠢᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ︽ᠠᠵᠤ ᠠᠬᠤᠶ ᠶᠢᠨ ᠲᠠᠷᠢᠮᠠᠯ ᠳᠠᠷᠢᠬᠤ᠂ ᠲᠠᠬᠢᠶ᠎ᠠ᠂ ᠨᠤᠭᠤᠰᠤ᠂ ᠭᠠᠯᠠᠭᠤ ᠲᠡᠵᠢᠭᠡᠨ ᠦᠷᠡᠵᠢᠭᠦᠯᠬᠦ᠂ ᠵᠢᠵᠢᠭ ᠭᠠᠷ ᠤᠷᠠᠯᠠᠯ ᠵᠡᠷᠭᠡ ᠴᠠᠷᠠᠭ᠎ᠠ ᠬᠦᠷᠢᠶ᠎ᠡ ᠶᠢᠨ ᠳᠠᠷᠢᠵᠤ ᠲᠡᠵᠢᠭᠡᠨ ᠦᠷᠡᠵᠢᠭᠦᠯᠬᠦ ᠪᠠ ᠡᠳ᠋ᠰᠢᠭᠦᠯᠦᠨ ᠦᠢᠯᠡᠳᠪᠦᠷᠢᠯᠡᠬᠦ ᠳᠤ ᠳᠣᠭᠢᠷᠠᠬᠤ ᠵᠢᠵᠢᠭ ᠠᠵᠤ ᠦᠢᠯᠡᠰ︾᠎ ᠢᠶᠠᠷ ᠭᠤᠤᠯ ᠪᠣᠯᠭᠠᠭᠰᠠᠨ ᠴᠠᠷᠠᠭ᠎ᠠ ᠬᠦᠷᠢᠶ᠎ᠡ ᠶᠢᠨ ᠠᠵᠤ ᠠᠬᠤᠶ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠴᠢᠷᠮᠠᠶᠢᠨ ᠪᠠᠶᠢᠭᠤᠯᠤᠨ᠎ᠠ᠃                 ᠬᠤᠶᠠᠷ᠂ ᠦᠨᠳᠦᠰᠦᠨ ᠵᠠᠷᠴᠢᠮ                 ︵ᠨᠢᠭᠡ︶ ᠶᠠᠳᠠᠭᠤ ᠬᠦᠴᠢᠷᠳᠡᠯᠲᠡᠶ ᠡᠷᠦᠬᠡ ᠪᠠᠷ ᠭᠤᠣᠯ ᠬᠠᠷᠢᠭᠤᠴᠠᠭᠴᠢ ᠪᠣᠯᠭᠠᠵᠤ᠂ ᠵᠠᠰᠠᠭ ᠤᠨ ᠣᠷᠳᠣᠨ ᠠᠴᠠ ᠳᠠᠭᠠᠭᠤᠯᠤᠨ ᠵᠢᠯᠣᠭᠤᠳᠬᠤ ᠶᠢ ᠪᠠᠷᠢᠮᠲᠠᠯᠠᠨ᠎ᠠ᠃ ᠶᠠᠳᠠᠭᠤ ᠬᠦᠴᠢᠷᠳᠡᠯᠲᠡᠶ ᠡᠷᠦᠬᠡ ᠶᠢᠨ ᠪᠠᠯᠠ ᠣᠷᠣᠭᠤᠯᠤᠯᠲᠠ ᠬᠥᠳᠡᠯᠮᠦᠷᠢ ᠬᠦᠴᠦᠨ ᠤ ᠣᠷᠣᠭᠤᠯᠤᠯᠲᠠ ᠪᠠᠷ ᠭᠤᠤᠯ ᠪᠣᠯᠭᠠᠵᠤ᠂ ᠲᠥᠷᠥ ᠶᠢᠨ ᠪᠣᠳᠣᠯᠭ᠎ᠠ ᠪᠠᠷ ᠳᠠᠭᠠᠭᠤᠯᠤᠨ ᠵᠢᠯᠣᠭᠤᠳᠬᠤ᠂ ᠮᠥᠩᠭᠦᠨ ᠭᠦᠢᠯᠭᠡᠭᠡᠨ ᠢᠶᠠᠷ ᠳᠡᠮᠵᠢᠬᠦ᠂ ᠡᠳ᠋ ᠤᠨ ᠵᠠᠰᠠᠭ ᠠᠴᠠ ᠱᠠᠩᠨᠠᠵᠤ ᠨᠥᠬᠦᠪᠥᠷᠢᠯᠡᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠣᠯᠠᠨ ᠲᠥᠷᠥᠯ ᠬᠡᠯᠪᠡᠷᠢ ᠶᠢᠨ᠂ ᠵᠣᠬᠢᠬᠤ ᠬᠡᠪᠴᠢᠶ᠎ᠡ ᠲᠠᠢ ᠴᠠᠷᠠᠭ᠎ᠠ ᠬᠦᠷᠢᠶ᠎ᠡ ᠶᠢᠨ ᠠᠵᠤ ᠠᠬᠤᠶ ᠶᠢᠨ ︽ᠵᠢᠷᠭᠤᠭᠠᠨ ᠵᠢᠵᠢᠭ︾ ᠠᠵᠤ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠨ᠎ᠡ᠃                 ︵ᠬᠤᠶᠠᠷ︶ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠬᠤ ᠶᠢ ᠪᠠᠷᠢᠮᠲᠠᠯᠠᠵᠤ᠂ ᠲᠥᠷᠥᠯ ᠬᠤᠪᠢᠶᠠᠨ ᠵᠢᠯᠣᠭᠤᠳᠤᠨ᠎ᠠ᠃ ᠶᠠᠳᠠᠭᠤ ᠬᠦᠴᠢᠷᠳᠡᠯᠲᠡᠶ ᠡᠷᠦᠬᠡ ᠶᠢᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠪᠠ ᠠᠵᠤ ᠦᠢᠯᠡᠰ ᠤᠨ ᠮᠡᠷᠭᠡᠵᠢᠯ ᠢ ᠭᠦᠢᠴᠡᠳ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠬᠡᠷ ᠪᠠᠶᠢᠰᠢᠩ ᠤᠨ ᠡᠮᠦᠨ᠎ᠡ ᠬᠤᠶᠢᠨ᠎ᠠ᠂ ᠡᠮᠦᠨ᠎ᠡ ᠲᠢᠩᠬᠢᠮ ᠠᠷᠤ ᠬᠦᠷᠢᠶ᠎ᠡ᠂ ᠰᠤᠯᠠ ᠰᠡᠯᠡᠭᠦᠦ ᠲᠠᠯᠠᠪᠤᠷ ᠢ ᠠᠰᠢᠭᠯᠠᠨ᠂ ᠳᠠᠷᠢᠬᠤ ᠳᠤ ᠲᠣᠬᠢᠷᠠᠮᠵᠢᠲᠠᠶ ᠪᠣᠯ ᠳᠠᠷᠢᠵᠤ᠂ ᠠᠷᠠᠴᠢᠯᠠᠬᠤ ᠳᠤ ᠲᠣᠬᠢᠷᠠᠮᠵᠢᠲᠠᠶ ᠪᠣᠯ ᠠᠷᠠᠴᠢᠯᠠᠵᠤ᠂ ᠨᠡᠮᠡᠬᠦ ᠳᠤ ᠲᠣᠬᠢᠷᠠᠮᠵᠢᠲᠠᠶ ᠪᠣᠯ ᠨᠡᠮᠡᠵᠦ᠂ ᠵᠥᠪᠳᠡᠯᠴᠡᠬᠦ ᠳᠤ ᠲᠣᠬᠢᠷᠠᠮᠵᠢᠲᠠᠶ ᠪᠣᠯ ᠵᠥᠪᠳᠡᠯᠴᠡᠨ᠎ᠡ᠃                 ︵ᠭᠤᠷᠪᠠ︶ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠶᠢ ᠪᠠᠷᠢᠮᠲᠠᠯᠠᠵᠤ᠂ ᠣᠨᠴᠠᠯᠢᠭ ᠢ ᠲᠤᠪᠤᠶᠢᠯᠭᠠᠨ᠂ ᠴᠢᠨᠠᠷ ᠴᠢᠨᠰᠠᠭ᠎ᠠ ᠶᠢ ᠴᠢᠬᠤᠯᠠᠴᠢᠯᠠᠨ᠎ᠠ᠃ ᠬᠦᠷᠢᠶᠡᠨ ᠤ ᠠᠵᠤ ᠠᠬᠤᠢ ᠶᠢ ᠬᠥᠭᠵᠢᠭᠦᠯᠬᠦ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠵᠠᠰᠠᠨ ᠴᠡᠭᠴᠡᠯᠡᠬᠦ ᠲᠠᠢ ᠤᠶᠠᠯᠳᠤᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢ ᠬᠦᠳᠦᠯᠦᠨ ᠵᠢᠯᠣᠭᠤᠳᠴᠤ ᠪᠠᠶᠢᠭᠠᠳ ᠪᠣᠬᠢᠷᠲᠤᠯ ᠦᠭᠡᠢ᠂ ᠣᠷᠣᠨ ᠨᠤᠲᠤᠭ ᠤᠨ ᠣᠨᠴᠠᠯᠢᠭ ᠲᠠᠢ᠂ ᠰᠣᠶᠣᠯ ᠤᠨ ᠤᠯᠠᠮᠵᠢᠯᠠᠯ ᠲᠠᠢ ᠬᠦᠷᠢᠶᠡᠨ ᠤ ᠠᠵᠤ ᠠᠬᠤᠢ᠂ ︽ᠵᠢᠷᠭᠤᠭᠠᠨ ᠵᠢᠵᠢᠭ︾ ᠠᠵᠤ ᠦᠢᠯᠡᠰ ᠤᠨ ᠦᠢᠯᠡᠳᠬᠦᠨ ᠢ ᠬᠥᠭᠵᠢᠭᠦᠯᠵᠦ᠂ ᠶᠠᠳᠠᠭᠤ ᠬᠦᠴᠢᠷᠳᠡᠯᠲᠡᠢ ᠡᠷᠦᠬᠡ ᠶᠢᠨ ᠮᠡᠷᠭᠡᠵᠢᠯ ᠤᠨ ᠰᠤᠷᠭᠠᠯᠲᠠ ᠪᠣᠯᠤᠨ ᠵᠢᠯᠣᠭᠤᠳᠬᠤ ᠦᠢᠯᠡᠴᠢᠯᠡᠭᠡ ᠶᠢ ᠴᠢᠩᠭᠠᠳᠬᠠᠵᠤ᠂ ᠦᠢᠯᠡᠳᠬᠦᠨ ᠤ ᠴᠢᠨᠠᠷ ᠴᠢᠨᠰᠠᠭ᠎ᠠ ᠪᠣᠯᠤᠨ ᠦᠢᠯᠡᠴᠢᠯᠡᠭᠡᠨ ᠤ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃                 ︵ᠳᠥᠷᠪᠡ︶ ᠦᠢᠯᠡᠳᠪᠦᠷᠢᠯᠡᠯ ᠪᠣᠷᠣᠯᠠᠭᠤᠯᠭ᠎ᠠ ᠶᠢ ᠬᠠᠷᠢᠯᠴᠠᠭ᠎ᠠ ᠬᠤᠯᠪᠣᠭ᠎ᠠ ᠶᠢ ᠪᠠᠷᠢᠮᠲᠠᠯᠠᠵᠤ᠂ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠨ᠎ᠠ᠃ ᠰᠤᠮᠤ ᠪᠠᠯᠭᠠᠰᠤ᠂ ᠭᠠᠴᠠᠭ᠎ᠠ ᠲᠣᠰᠬᠤᠨ ᠤ ᠴᠠᠬᠢᠮ ᠬᠤᠳᠠᠯᠳᠤᠭᠠᠨ ᠤ ᠲᠠᠪᠴᠠᠩ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠴᠠᠷᠠᠭ᠎ᠠ ᠬᠦᠷᠢᠶ᠎ᠡ ᠶᠢᠨ ᠠᠵᠤ ᠠᠬᠤᠶ ᠶᠢᠨ ᠪᠣᠷᠣᠯᠠᠭᠤᠯᠭ᠎ᠠ ᠶᠢᠨ ᠵᠠᠮ ᠮᠥᠷ ᠢ ᠥᠷᠭᠡᠳᠬᠡᠨ᠎ᠡ᠃ ᠴᠠᠷᠠᠭ᠎ᠠ ᠬᠦᠷᠢᠶ᠎ᠡ ᠶᠢᠨ ᠠᠵᠤ ᠠᠬᠤᠶ ᠶᠢᠨ ᠡᠵᠡᠩᠨᠡᠯᠲᠡ ᠶᠢᠨ ᠡᠷᠦᠬᠡ ᠶᠢ ᠳᠠᠭᠠᠭᠤᠯᠤᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ᠂ ᠬᠡᠲᠦ ᠳᠡᠯᠭᠡᠭᠦᠷ᠂ ᠰᠤᠷᠭᠠᠭᠤᠯᠢ᠂ ᠪᠠᠭᠤᠳᠠᠯ᠂ ᠵᠢᠭᠤᠯᠴᠢᠯᠠᠯ ᠤᠨ ᠰᠣᠶᠣᠯ᠂ ᠨᠢᠭᠡᠴᠢ ᠶᠢᠨ ᠬᠤᠭᠤᠯᠠᠨ ᠬᠡᠷ ᠵᠡᠷᠭᠡ ᠡᠵᠡᠩᠨᠡᠯᠲᠡ ᠶᠢᠨ ᠭᠤᠣᠯ ᠬᠠᠷᠢᠭᠤᠴᠠᠭᠴᠢ ᠲᠠᠢ ᠰᠢᠭᠤᠳ ᠳᠣᠭᠢᠷᠠᠭᠤᠯᠤᠨ ᠬᠠᠮᠲᠤᠷᠠᠯᠴᠠᠬᠤ ᠨᠢᠭᠲᠠ ᠬᠠᠷᠢᠴᠠᠭ᠎ᠠ ᠶᠢ ᠪᠠᠶᠢᠭᠤᠯᠵᠤ᠂ ᠴᠠᠷᠠᠭ᠎ᠠ ᠬᠦᠷᠢᠶ᠎ᠡ ᠶᠢᠨ ᠠᠵᠤ ᠠᠬᠤᠶ ᠶᠢᠨ ᠪᠦᠲᠦᠭᠡᠭᠳᠡᠬᠦᠨ ᠢ ︽ᠰᠢᠭᠤᠳ ᠬᠠᠩᠭᠠᠵᠤ ᠰᠢᠭᠤᠳ ᠪᠣᠷᠣᠯᠠᠭᠤᠯᠬᠤ᠂ ᠴᠢᠬ ᠲᠣᠭᠲᠠᠭᠠᠨ ᠡᠵᠡᠩᠨᠡᠬᠦ︾ ᠰᠢᠨ᠎ᠡ ᠠᠷᠭ᠎ᠠ ᠵᠠᠮ ᠢ ᠨᠡᠭᠡᠭᠡᠨ᠎ᠡ᠃                 ︵ᠲᠠᠪᠤ︶ ᠠᠭᠤᠵᠢᠭᠤ ᠲᠠᠯᠪᠢᠭᠤ ᠣᠷᠴᠢᠨ ᠲᠣᠭᠤᠷᠢᠨ ᠢ ᠪᠠᠷᠢᠮᠲᠠᠯᠠᠵᠤ᠂ ᠬᠥᠭᠵᠢᠯᠲᠡ ᠶᠢᠨ ᠠᠵᠠ ᠲᠣᠬᠢᠶᠠᠯ ᠢ ᠡᠭᠦᠳᠦᠨ᠎ᠡ᠃ ᠵᠢᠵᠢᠭ ᠦᠢᠯᠡᠳᠬᠡᠯ ᠤᠨ ᠭᠠᠵᠠᠷ᠂ ᠵᠢᠵᠢᠭ ᠭᠠᠷ ᠤᠷᠠᠯᠠᠯ᠂ ᠵᠢᠵᠢᠭ ᠬᠤᠳᠠᠯᠳᠤᠭ᠎ᠠ ᠡᠷᠭᠢᠯᠡᠬᠦ ᠶᠠᠳᠠᠭᠤ ᠬᠦᠴᠢᠷᠳᠡᠯᠲᠡᠶ ᠡᠷᠦᠬᠡ ᠳᠤ᠂ ᠵᠠᠮ ᠬᠠᠷᠢᠯᠴᠠᠭᠠᠨ ᠤ ᠠᠮᠤᠷ ᠲᠦᠪᠰᠢᠨ ᠪᠠ ᠰᠤᠮᠤ  ᠪᠠᠯᠭᠠᠰᠤᠨ ᠤ  ᠬᠤᠲᠠ ᠶᠢᠨ ᠦᠵᠡᠮᠵᠢ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠢᠴᠢ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠢ ᠨᠥᠯᠥᠭᠡᠯᠡᠬᠦ ᠥᠬᠡᠶ ᠤᠷᠢᠲᠠᠯ ᠳᠣᠤᠷ᠎ᠠ᠂ ᠨᠥᠬᠦᠴᠡᠯ ᠪᠦᠷᠢᠯᠳᠦᠭᠦᠯᠵᠦ ᠪᠠᠶᠢᠭᠠᠳ ᠵᠢᠷᠤᠮᠵᠢᠯ ᠲᠠᠢ ᠬᠠᠤᠯᠢ ᠶᠣᠰᠣᠨ ᠤ ᠡᠵᠡᠩᠨᠡᠯᠲᠡ ᠬᠢᠬᠦ ᠶᠢ ᠵᠥᠪᠰᠢᠶᠡᠷᠡᠨ᠎ᠡ᠃                         ᠭᠤᠷᠪᠠ᠂ ᠲᠡᠳᠬᠦᠬᠦ ᠡᠲᠡᠭᠡᠳ                 ︵ᠨᠢᠭᠡ︶ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ᠃ ᠨᠢᠭᠡᠨᠲᠡ ᠶᠠᠳᠠᠭᠤᠷᠠᠯ ᠠᠴᠠ ᠠᠩᠭᠢᠵᠢᠷᠠᠭᠰᠠᠨ ᠡᠷᠦᠬᠡ ︵ᠲᠥᠷᠥ ᠶᠢᠨ ᠪᠣᠳᠣᠯᠭ᠎ᠠ ᠶᠢ ᠡᠳ᠋ᠯᠡᠨ᠎ᠡ︶᠂ ᠳᠠᠬᠢᠨ ᠶᠠᠳᠠᠭᠤᠷᠠᠭᠰᠠᠨ ᠡᠷᠦᠬᠡ᠂ ᠰᠢᠨ᠎ᠡ ᠪᠠᠷ ᠨᠡᠮᠡᠭᠳᠡᠭᠰᠡᠨ ᠶᠠᠳᠠᠭᠤ ᠬᠦᠴᠢᠷᠳᠡᠯᠲᠡᠶ ᠡᠷᠦᠬᠡ᠂ ᠶᠠᠳᠠᠭᠤᠷᠠᠯ ᠠᠴᠠ ᠠᠩᠭᠢᠵᠢᠷᠠᠭᠤᠯᠬᠤ ᠶᠢ ᠰᠢᠯᠭᠠᠨ ᠦᠨᠡᠯᠡᠬᠦ ᠡᠷᠦᠬᠡ᠂ ᠵᠠᠬ᠎ᠠ ᠬᠢᠵᠠᠭᠠᠷ ᠤᠨ ᠡᠷᠦᠬᠡ᠃                 ︵ᠬᠤᠶᠠᠷ︶ ᠪᠠᠶᠠᠵᠢᠯ ᠤᠨ ᠳᠠᠭᠠᠭᠤᠯᠤᠭᠴᠢ ᠵᠢᠴᠢ ᠠᠵᠤ ᠠᠬᠤᠶ ᠶᠢᠨ ᠬᠤᠯᠪᠣᠭᠠᠲᠤ ᠴᠣᠭᠴᠠ᠃ ᠡᠷᠬᠢᠨ ᠲᠣᠭᠤᠷᠢᠨ ᠤ 3 ᠡᠷᠦᠬᠡ ᠵᠢᠴᠢ ᠲᠡᠭᠦᠨ ᠠᠴᠠ ᠳᠡᠭᠡᠭᠰᠢᠬᠢ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠪᠦᠯᠬᠦᠮᠳᠡᠭᠦᠯᠦᠨ ᠡᠵᠡᠩᠨᠡᠵᠦ ᠬᠥᠭᠵᠢᠭᠦᠯᠦᠭᠰᠡᠨ ᠪᠠᠶᠠᠵᠢᠯ ᠤᠨ ᠳᠠᠭᠠᠭᠤᠯᠤᠭᠴᠢ᠂ ᠴᠠᠷᠠᠭ᠎ᠠ ᠬᠦᠷᠢᠶ᠎ᠡ ᠶᠢᠨ ᠠᠵᠤ ᠠᠬᠤᠶ ᠶᠢᠨ ᠬᠤᠯᠪᠣᠭᠠᠲᠤ ᠴᠣᠭᠴᠠ ᠪᠠ ᠴᠠᠷᠠᠭ᠎ᠠ ᠬᠦᠷᠢᠶ᠎ᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠳᠠᠶᠢᠴᠢᠯᠠᠨ᠎ᠠ᠃                 ᠳᠥᠷᠪᠡ᠂ ᠲᠡᠳᠬᠦᠬᠦ ᠬᠠᠮᠤᠷᠬᠤ ᠴᠠᠷᠠᠭ᠎ᠠ ᠬᠦᠷᠢᠶ᠎ᠡ᠂ ᠠᠷᠭ᠎ᠠ ᠪᠠᠷᠢᠯ ᠪᠠ ᠪᠠᠷᠢᠮᠵᠢᠶ᠎ᠠ                 ︵ᠨᠢᠭᠡ︶ ᠥᠪᠡᠷ ᠢ ᠪᠠᠨ ᠳᠠᠭᠠᠭᠠᠵᠤ ᠵᠢᠵᠢᠭ ᠠᠵᠤ ᠦᠢᠯᠡᠰ ᠢ ᠬᠥᠭᠵᠢᠭᠦᠯᠬᠦ ᠶᠠᠳᠠᠭᠤ ᠬᠦᠴᠢᠷᠳᠡᠯᠲᠡᠶ ᠡᠷᠥᠭᠡ                 1᠂ ᠪᠠᠭ᠎ᠠ ᠬᠡᠪᠴᠢᠶᠠᠨ ᠤ ᠲᠠᠷᠢᠮᠠᠯ᠃ ᠶᠠᠳᠠᠭᠤ ᠬᠦᠴᠢᠷᠳᠡᠯᠲᠡᠶ ᠡᠷᠦᠬᠡ ᠴᠠᠷᠠᠭ᠎ᠠ ᠬᠦᠷᠢᠶ᠎ᠡ᠂ ᠰᠤᠯᠠ ᠰᠡᠯᠡᠭᠦᠦ ᠲᠠᠯᠠᠪᠤᠷ ᠭᠠᠵᠠᠷ ᠪᠠ ᠬᠠᠰᠢᠶ᠎ᠠ ᠰᠠᠷᠠᠪᠴᠢ ᠵᠡᠷᠭᠡ ᠪᠠᠨ ᠠᠰᠢᠭᠯᠠᠨ᠂ ᠢᠳᠡᠰᠢᠨ ᠨᠣᠭᠤᠭ᠎ᠠ᠂ ᠲᠠᠷᠪᠤᠰ ᠵᠢᠮᠢᠰ ᠂ ᠮᠣᠩᠭᠤᠯ ᠬᠢᠲᠠᠳ ᠡᠮ ᠤᠨ ᠮᠠᠲ᠋ᠧᠷᠢᠶᠠᠯ᠂ ᠢᠳᠡᠰᠢᠨ ᠤ ᠮᠥᠭᠦ᠂ ᠴᠡᠴᠡᠭ ᠡᠪᠡᠰᠦ ᠵᠤᠯᠵᠠᠭ᠎ᠠ ᠮᠣᠳᠣ᠂ ᠴᠡᠴᠡᠷᠯᠢᠭ ᠤᠨ ᠤᠷᠠᠯᠢᠭ ᠤᠨ ᠫᠧᠩᠰᠡᠲᠦ ᠦᠵᠡᠮᠵᠢ᠂ ᠦᠷ᠎ᠡ ᠴᠢᠬᠢ ᠪᠤᠶᠢᠵᠢᠭᠤᠯᠬᠤ ᠵᠡᠷᠭᠡ ᠠᠵᠤ ᠠᠬᠤᠶ ᠶᠢᠨ ᠲᠠᠷᠢᠮᠠᠯ ᠢ ᠬᠥᠭᠵᠢᠭᠦᠯᠵᠦ᠂ ᠬᠡᠪᠴᠢᠶ᠎ᠡ ᠶᠢ ᠨᠢ 0᠎ ᠢᠶᠠᠷ ᠬᠢᠵᠠᠭᠠᠷᠯᠠᠨ᠎ᠠ᠃ 1-1᠂ 0 ᠮᠦ ᠶᠢᠨ ᠬᠤᠭᠤᠷᠣᠨᠳᠣ᠂ ᠨᠢᠭᠡ ᠪᠦᠷᠢ 0 ᠨᠡᠮᠡᠭᠳᠡᠨ᠎ᠡ᠃ 1 ᠮᠥ ᠳᠤ 100 ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ᠂ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ᠂ ᠮᠡᠷᠭᠡᠵᠢᠯ ᠤᠨ ᠰᠤᠷᠭᠠᠯᠲᠠ ᠵᠡᠷᠭᠡ ᠠᠷᠭ᠎ᠠ ᠪᠠᠷᠢᠯ ᠢ ᠠᠪᠴᠤ ᠪᠠᠶᠢᠭᠠᠳ ᠨᠢᠭᠡ ᠤᠳᠠᠭ᠎ᠠ ᠶᠢᠨ ᠴᠢᠨᠠᠷᠲᠠᠶ ᠪᠠᠷ ᠱᠠᠩᠨᠠᠵᠤ ᠨᠥᠬᠦᠪᠥᠷᠢᠯᠡᠨ᠎ᠡ᠃                 2᠂ ᠪᠠᠭ᠎ᠠ ᠬᠡᠪᠴᠢᠶᠠᠨ ᠤ ᠲᠡᠵᠢᠭᠡᠨ ᠦᠷᠡᠵᠢᠭᠦᠯᠬᠦ᠃ ᠶᠠᠳᠠᠭᠤ ᠬᠦᠴᠢᠷᠳᠡᠯᠲᠡᠶ ᠡᠷᠦᠬᠡ ᠴᠠᠷᠠᠭ᠎ᠠ ᠬᠦᠷᠢᠶ᠎ᠡ᠂ ᠰᠤᠯᠠ ᠪᠠᠶᠢᠭ᠎ᠠ ᠬᠡᠷ ᠪᠠᠶᠢᠰᠢᠩ᠂ ᠰᠤᠯᠠ ᠪᠠᠶᠢᠭ᠎ᠠ ᠲᠠᠯᠠᠪᠤᠷ ᠭᠠᠵᠠᠷ ᠪᠣᠯᠤᠨ ᠣᠶ ᠶᠢᠨ ᠬᠤᠷᠮᠣᠶ ᠶᠢᠨ ᠴᠠᠷᠠᠭ᠎ᠠ ᠬᠦᠷᠢᠶ᠎ᠡ ᠶᠢ ᠠᠰᠢᠭᠯᠠᠨ᠂ ᠲᠠᠬᠢᠶ᠎ᠠ᠂ ᠨᠤᠭᠤᠰᠤ᠂ ᠭᠠᠯᠠᠭᠤ᠂ ᠲᠠᠭᠲᠠᠭ᠎ᠠ᠂ ᠲᠠᠤᠯᠠᠶ ᠵᠡᠷᠭᠡ ᠬᠡᠷ ᠤᠨ ᠵᠢᠭᠦᠷᠲᠡᠨ ︵ᠮᠠᠯ ︶ ᠲᠡᠵᠢᠭᠡᠨ ᠦᠷᠡᠵᠢᠭᠦᠯᠵᠦ᠂ ᠬᠡᠪᠴᠢᠶ᠎ᠡ ᠶᠢ 200᠎ ᠶᠢᠨ ᠳᠣᠲᠣᠷ᠎ᠠ ᠬᠢᠵᠠᠭᠠᠷᠯᠠᠨ ᠲᠣᠭᠲᠠᠭᠠᠵᠤ᠂ 50 ᠨᠡᠮᠡᠬᠦ ᠪᠦᠷᠢ 100 ᠲᠥᠭᠦᠷᠢᠭ ᠱᠠᠩᠨᠠᠵᠤ ᠨᠥᠬᠦᠪᠥᠷᠢᠯᠡᠨ᠎ᠡ᠂ 50 ᠬᠥᠷᠬᠦ ᠥᠬᠡᠶ ᠪᠣᠯ 100 ᠲᠥᠭᠦᠷᠢᠭ ᠱᠠᠩᠨᠠᠵᠤ ᠨᠥᠬᠦᠪᠥᠷᠢᠯᠡᠨ᠎ᠡ᠃ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ᠂ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ᠂ ᠮᠡᠷᠭᠡᠵᠢᠯ ᠤᠨ ᠰᠤᠷᠭᠠᠯᠲᠠ ᠵᠡᠷᠭᠡ ᠠᠷᠭ᠎ᠠ ᠪᠠᠷᠢᠯ ᠢ ᠠᠪᠴᠤ ᠪᠠᠶᠢᠭᠠᠳ ᠨᠢᠭᠡ ᠤᠳᠠᠭ᠎ᠠ ᠶᠢᠨ ᠴᠢᠨᠠᠷᠲᠠᠶ ᠪᠠᠷ ᠱᠠᠩᠨᠠᠵᠤ ᠨᠥᠬᠦᠪᠥᠷᠢᠯᠡᠨ᠎ᠡ᠃                 3᠂ ᠵᠢᠵᠢᠭ ᠭᠠᠷ ᠤᠷᠠᠯᠠᠯ᠃ ᠶᠠᠳᠠᠭᠤ ᠬᠦᠴᠢᠷᠳᠡᠯᠲᠡᠶ ᠡᠷᠦᠬᠡ ᠴᠠᠷᠠᠭ᠎ᠠ ᠬᠦᠷᠢᠶ᠎ᠡ᠂ ᠰᠤᠯᠠ ᠪᠠᠶᠢᠬᠤ ᠬᠡᠷ ᠪᠠᠶᠢᠰᠢᠩ ᠢ ᠠᠰᠢᠭᠯᠠᠨ᠂ ᠡᠪᠡᠰᠦᠨ ᠭᠦᠷᠦᠮᠡᠯ᠂ ᠬᠠᠳᠬᠤᠮᠠᠯ᠂ ᠣᠶᠣᠳᠠᠯ᠂ ᠴᠠᠭᠠᠰᠤᠨ ᠬᠠᠶᠢᠴᠢᠯᠠᠮᠠᠯ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠶᠢ ᠪᠣᠯᠪᠠᠰᠤᠷᠠᠭᠤᠯᠤᠨ᠎ᠠ᠃ ᠶᠠᠳᠠᠭᠤᠰ ᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ᠂ ᠦᠵᠡᠭᠦᠯᠦᠯᠭᠡ ᠶᠢᠨ ᠰᠤᠷᠭᠠᠯᠲᠠ᠂ ᠮᠡᠷᠭᠡᠵᠢᠯ ᠤᠨ ᠵᠢᠯᠣᠭᠤᠳᠣᠯᠭ᠎ᠠ ᠵᠡᠷᠭᠡ ᠠᠷᠭ᠎ᠠ ᠪᠠᠷᠢᠯ ᠢᠶᠠᠷ ᠲᠡᠳᠬᠦᠬᠦ ᠬᠡᠷᠡᠭᠲᠡᠶ᠃ ᠳᠡᠯᠭᠡᠭᠦᠷ ᠤᠨ ᠵᠠᠰᠠᠵᠤ ᠴᠢᠮᠡᠭᠯᠡᠬᠦ ᠳᠤ 2000 ᠲᠥᠭᠦᠷᠢᠭ ᠠᠴᠠ ᠳᠡᠭᠡᠭᠰᠢ ᠪᠤᠶᠤ ᠲᠥᠬᠦᠭᠡᠷᠦᠮᠵᠢ ᠵᠢᠴᠢ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠳᠤ 1000 ᠲᠥᠭᠦᠷᠢᠭ ᠠᠴᠠ ᠳᠡᠭᠡᠭᠰᠢ ᠪᠡᠯᠡ ᠣᠷᠣᠭᠤᠯᠵᠤ᠂ ᠨᠢᠭᠡ ᠤᠳᠠᠭ᠎ᠠ ᠳᠤ 1000 ᠲᠥᠭᠦᠷᠢᠭ ᠱᠠᠩᠨᠠᠵᠤ ᠨᠥᠬᠦᠪᠥᠷᠢᠯᠡᠨ᠎ᠡ᠃                 4᠂ ᠵᠢᠵᠢᠭ ᠬᠤᠳᠠᠯᠳᠤᠭ᠎ᠠ᠃ ᠶᠠᠳᠠᠭᠤ ᠬᠦᠴᠢᠷᠳᠡᠯᠲᠡᠶ ᠡᠷᠦᠬᠡ ᠳᠤ ᠵᠢᠵᠢᠭ ᠬᠡᠲᠦ ᠳᠡᠯᠭᠡᠭᠦᠷ᠂ ᠵᠢᠵᠢᠭ ᠳᠡᠯᠭᠡᠭᠦᠷ᠂ ᠵᠢᠵᠢᠭ ᠢᠳᠡᠭᠡᠨ ᠤ ᠳᠡᠯᠭᠡᠭᠦᠷ ︵ᠳᠡᠯᠭᠡᠭᠡ ᠮᠠᠶᠢᠮᠠᠶ︶᠂ ᠵᠢᠵᠢᠭ ᠨᠣᠭᠤᠭᠠᠨ ᠤ ᠳᠡᠯᠭᠡᠭᠦᠷ ︵ᠳᠡᠯᠭᠡᠭᠡ ᠮᠠᠶᠢᠮᠠᠶ︶᠂ ᠵᠢᠵᠢᠭ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠵᠡᠩᠨᠡᠯᠲᠡ ᠶᠢᠨ ᠠᠵᠢᠯᠯᠠᠭ᠎ᠠ ᠶᠢ ᠬᠥᠭᠵᠢᠭᠦᠯᠵᠦ᠂ ᠶᠠᠳᠠᠭᠤᠰ ᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ᠂ ᠦᠵᠡᠭᠦᠯᠦᠯᠭᠡ ᠶᠢᠨ ᠰᠤᠷᠭᠠᠯᠲᠠ᠂ ᠮᠡᠷᠭᠡᠵᠢᠯ ᠤᠨ ᠵᠢᠯᠣᠭᠤᠳᠣᠯᠭ᠎ᠠ ᠵᠡᠷᠭᠡ ᠠᠷᠭ᠎ᠠ ᠪᠠᠷᠢᠯ ᠢᠶᠠᠷ ᠲᠡᠳᠬᠦᠨ ᠳᠡᠮᠵᠢᠨ᠎ᠡ᠃ ᠳᠡᠯᠭᠡᠭᠦᠷ ᠤᠨ ᠵᠠᠰᠠᠵᠤ ᠴᠢᠮᠡᠭᠯᠡᠬᠦ ᠳᠤ 3000 ᠲᠥᠭᠦᠷᠢᠭ ᠠᠴᠠ ᠳᠡᠭᠡᠭᠰᠢ ᠪᠤᠶᠤ ᠲᠥᠬᠦᠭᠡᠷᠦᠮᠵᠢ ᠵᠢᠴᠢ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠳᠤ 5000 ᠲᠥᠭᠦᠷᠢᠭ ᠠᠴᠠ ᠳᠡᠭᠡᠭᠰᠢ ᠪᠡᠯᠡ ᠣᠷᠣᠭᠤᠯᠵᠤ᠂ ᠨᠢᠭᠡ ᠤᠳᠠᠭ᠎ᠠ ᠶᠢᠨ ᠴᠢᠨᠠᠷᠲᠠᠶ ᠳᠤᠨᠢ 1000 ᠲᠥᠭᠦᠷᠢᠭ ᠱᠠᠩᠨᠠᠵᠤ ᠨᠥᠬᠦᠪᠥᠷᠢᠯᠡᠨ᠎ᠡ᠃                 5᠂ ᠵᠢᠵᠢᠭ ᠴᠠᠬᠢᠮ ᠬᠤᠳᠠᠯᠳᠤᠭ᠎ᠠ᠃ ᠶᠠᠳᠠᠭᠤ ᠬᠦᠴᠢᠷᠳᠡᠯᠲᠡᠶ ᠡᠷᠦᠬᠡ ᠨᠢ ᠴᠠᠬᠢᠮ ᠢᠶᠠᠷ ᠪᠣᠷᠣᠯᠠᠭᠤᠯᠬᠤ᠂ ᠲᠦᠷᠭᠡᠨ ᠬᠦᠷᠭᠡᠬᠦ᠂ ᠵᠠᠬᠢᠶᠠᠯᠠᠭ᠎ᠠ ᠶᠢᠨ ᠬᠤᠭᠤᠯᠠ ᠬᠦᠷᠭᠡᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠰᠢᠭᠤᠳ ᠳᠣᠭᠢᠷᠠᠭᠤᠯᠬᠤ ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠡᠷᠬᠢᠨ ᠲᠣᠭᠤᠷᠢᠨ ᠤ ᠮᠠᠯᠵᠢᠬᠤ ᠲᠠᠷᠢᠶᠠᠯᠠᠬᠤ ᠡᠷᠦᠬᠡ ᠶᠢ ᠬᠠᠪᠰᠤᠷᠤᠨ ᠲᠠᠷᠢᠶᠠᠯᠠᠩ ᠤᠨ ᠣᠨᠴᠠ ᠭᠠᠷᠤᠯᠲᠠ ᠶᠢ ᠪᠣᠷᠣᠯᠠᠭᠤᠯᠬᠤ᠂ ᠦᠢᠯᠡᠳᠪᠦᠷᠢᠯᠡᠯ ᠠᠮᠢᠳᠤᠷᠠᠯ ᠤᠨ ᠬᠡᠷᠡᠭᠰᠡᠯ ᠬᠤᠳᠠᠯᠳᠤᠨ ᠠᠪᠴᠤ᠂ ᠶᠠᠳᠠᠭᠤᠰ ᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ᠂ ᠲᠣᠭᠤᠷᠢᠨ ᠦᠵᠡᠵᠦ ᠪᠣᠯᠪᠠᠰᠤᠷᠠᠭᠤᠯᠬᠤ᠂ ᠮᠡᠷᠭᠡᠵᠢᠯ ᠤᠨ ᠵᠢᠯᠣᠭᠤᠳᠣᠯᠭ᠎ᠠ ᠬᠢᠬᠦ ᠵᠡᠷᠭᠡ ᠠᠷᠭ᠎ᠠ ᠪᠠᠷᠢᠯ ᠢᠶᠠᠷ ᠲᠡᠳᠬᠦᠨ ᠳᠡᠮᠵᠢᠨ᠎ᠡ᠃ ᠳᠡᠯᠭᠡᠭᠦᠷ ᠤᠨ ᠵᠠᠰᠠᠵᠤ ᠴᠢᠮᠡᠭᠯᠡᠬᠦ ᠳᠤ 3000 ᠲᠥᠭᠦᠷᠢᠭ ᠠᠴᠠ ᠳᠡᠭᠡᠭᠰᠢ ᠪᠤᠶᠤ ᠲᠥᠬᠦᠭᠡᠷᠦᠮᠵᠢ ᠵᠢᠴᠢ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠳᠤ 5000 ᠲᠥᠭᠦᠷᠢᠭ ᠠᠴᠠ ᠳᠡᠭᠡᠭᠰᠢ ᠪᠡᠯᠡ ᠣᠷᠣᠭᠤᠯᠵᠤ᠂ ᠨᠢᠭᠡ ᠤᠳᠠᠭ᠎ᠠ ᠶᠢᠨ ᠴᠢᠨᠠᠷᠲᠠᠶ ᠳᠤᠨᠢ 1000 ᠲᠥᠭᠦᠷᠢᠭ ᠱᠠᠩᠨᠠᠵᠤ ᠨᠥᠬᠦᠪᠥᠷᠢᠯᠡᠨ᠎ᠡ᠃                 6᠂ ᠵᠢᠵᠢᠭ ᠦᠢᠯᠡᠳᠬᠡᠯ᠃ ᠶᠠᠳᠠᠭᠤ ᠬᠦᠴᠢᠷᠳᠡᠯᠲᠡᠶ ᠡᠷᠦᠬᠡ ᠵᠢᠵᠢᠭ ᠦᠢᠯᠡᠳᠬᠡᠯ ᠤᠨ ᠭᠠᠵᠠᠷ ᠪᠠᠶᠢᠭᠤᠯᠤᠨ ᠲᠠᠷᠢᠶᠠᠯᠠᠩ ᠤᠨ ᠪᠦᠲᠦᠭᠡᠭᠳᠡᠬᠦᠨ ︵ᠭᠤᠯᠢᠷ᠂ ᠢᠳᠡᠰᠢᠨ ᠲᠣᠰᠣ ᠵᠡᠷᠭᠡ︶᠂ ᠢᠳᠡᠭᠡᠨ ︵ᠭᠤᠯᠢᠷ᠂ ᠳ᠋ᠧᠦᠹᠦ᠋᠂ ᠰᠤᠷ ᠪᠤᠳᠠᠭ᠎ᠠ᠂ ᠠᠮᠲᠠ ᠣᠷᠣᠭᠤᠯᠬᠤ ᠡᠳ᠋ ᠵᠡᠷᠭᠡ︶᠂ ᠴᠥᠭᠡᠨ ᠲᠣᠭᠠᠲᠤ ᠦᠨᠳᠦᠰᠦᠲᠡᠨ ᠤ ᠢᠳᠡᠭᠡᠨ ᠡᠳ᠋ᠰᠢᠭᠦᠯᠵᠦ᠂ ᠶᠠᠳᠠᠭᠤᠰ ᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ᠂ ᠦᠵᠡᠭᠦᠯᠦᠯᠭᠡ ᠶᠢᠨ ᠰᠤᠷᠭᠠᠯᠲᠠ᠂ ᠮᠡᠷᠭᠡᠵᠢᠯ ᠤᠨ ᠵᠢᠯᠣᠭᠤᠳᠣᠯᠭ᠎ᠠ ᠵᠡᠷᠭᠡ ᠠᠷᠭ᠎ᠠ ᠪᠠᠷᠢᠯ ᠢᠶᠠᠷ ᠲᠡᠳᠬᠦᠨ ᠳᠡᠮᠵᠢᠨ᠎ᠡ᠃ ᠳᠡᠯᠭᠡᠭᠦᠷ ᠤᠨ ᠵᠠᠰᠠᠵᠤ ᠴᠢᠮᠡᠭᠯᠡᠬᠦ ᠳᠤ 3000 ᠲᠥᠭᠦᠷᠢᠭ ᠠᠴᠠ ᠳᠡᠭᠡᠭᠰᠢ ᠪᠤᠶᠤ ᠲᠥᠬᠦᠭᠡᠷᠦᠮᠵᠢ ᠵᠢᠴᠢ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠳᠤ 5000 ᠲᠥᠭᠦᠷᠢᠭ ᠠᠴᠠ ᠳᠡᠭᠡᠭᠰᠢ ᠪᠡᠯᠡ ᠣᠷᠣᠭᠤᠯᠵᠤ᠂ ᠨᠢᠭᠡ ᠤᠳᠠᠭ᠎ᠠ ᠶᠢᠨ ᠴᠢᠨᠠᠷᠲᠠᠶ ᠳᠤᠨᠢ 1000 ᠲᠥᠭᠦᠷᠢᠭ ᠱᠠᠩᠨᠠᠵᠤ ᠨᠥᠬᠦᠪᠥᠷᠢᠯᠡᠨ᠎ᠡ᠃                 ᠳᠡᠭᠡᠷᠡᠬᠢ ᠬᠡᠪᠴᠢᠶᠡᠨ ᠳᠤ ᠪᠠᠶᠢᠬᠤ ᠥᠬᠡᠶ ᠪᠤᠰᠤᠳ ᠵᠢᠵᠢᠭ ᠠᠵᠤ ᠦᠢᠯᠡᠰ ᠨᠢ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠬᠦ ᠳᠤ ᠠᠰᠢᠭᠲᠠᠶ ᠯᠠ ᠶᠤᠮ ᠪᠣᠯ᠂ ᠨᠢᠭᠡ ᠤᠳᠠᠭ᠎ᠠ ᠳᠤ 1000 ᠲᠥᠭᠦᠷᠢᠭ ᠱᠠᠩᠨᠠᠵᠤ ᠨᠥᠬᠦᠪᠥᠷᠢᠯᠡᠨ᠎ᠡ᠃                 ︵ᠬᠤᠶᠠᠷ︶ ᠡᠷᠬᠢᠨ ᠲᠣᠭᠤᠷᠢᠨ ᠤ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠪᠦᠯᠬᠦᠮᠳᠡᠭᠦᠯᠦᠨ ᠡᠵᠡᠩᠨᠡᠵᠦ ᠬᠥᠭᠵᠢᠭᠦᠯᠦᠭᠰᠡᠨ ᠴᠠᠷᠠᠭ᠎ᠠ ᠬᠦᠷᠢᠶ᠎ᠡ ᠶᠢᠨ ᠠᠵᠤ ᠠᠬᠤᠶ ᠶᠢᠨ ᠬᠤᠯᠪᠣᠭᠠᠲᠤ ᠴᠣᠭᠴᠠ ᠪᠠ ᠴᠠᠷᠠᠭ᠎ᠠ ᠬᠦᠷᠢᠶ᠎ᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ                 ︽ᠪᠠᠶᠠᠵᠢᠯ ᠤᠨ ᠳᠠᠭᠠᠭᠤᠯᠤᠭᠴᠢ ︵ᠡᠵᠡᠩᠨᠡᠯᠲᠡ ᠶᠢᠨ ᠲᠣᠮᠣ ᠡᠷᠦᠬᠡ︶ + ᠶᠠᠳᠠᠭᠤ ᠬᠦᠴᠢᠷᠳᠡᠯᠲᠡᠶ ᠡᠷᠦᠬᠡ ︾ ︽ᠬᠥᠲᠥᠴᠢ ᠠᠵᠤ ᠠᠬᠤᠶᠢᠯᠠᠯ + ᠮᠠᠯᠴᠢᠨ ᠲᠠᠷᠢᠶᠠᠴᠢᠨ ᠤ ᠬᠤᠷᠰᠢᠶ᠎ᠠ ︵ᠴᠠᠷᠠᠭ᠎ᠠ ᠬᠦᠷᠢᠶ᠎ᠡ ᠶᠢᠨ ᠠᠵᠤ ᠠᠬᠤᠶ ᠶᠢᠨ ᠬᠤᠯᠪᠣᠭᠠᠲᠤ ᠴᠣᠭᠴᠠ ᠪᠤᠶᠤ ᠴᠠᠷᠠᠭ᠎ᠠ ᠬᠦᠷᠢᠶ᠎ᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ︶ + ᠶᠠᠳᠠᠭᠤ ᠬᠦᠴᠢᠷᠳᠡᠯᠲᠡᠶ ᠡᠷᠦᠬᠡ︾ ᠵᠡᠷᠭᠡ ᠵᠠᠭᠪᠤᠷ ᠢ ᠳᠡᠯᠭᠡᠷᠡᠭᠦᠯᠵᠦ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠬᠠᠷᠢᠭᠤᠴᠠᠭᠴᠢ ᠶᠢ ᠳᠠᠭᠠᠭᠤᠯᠤᠨ ᠵᠢᠯᠣᠭᠤᠳᠴᠤ ᠪᠠᠶᠢᠭᠠᠳ ᠵᠠᠬᠢᠶᠠᠯᠠᠭ᠎ᠠ ᠶᠢᠨ ᠭᠡᠷ᠎ᠡ᠂ ᠪᠠᠷᠢᠮᠵᠢᠶᠠᠲᠤ ᠦᠢᠯᠡᠳᠪᠦᠷᠢᠯᠡᠯ᠂ ᠮᠡᠷᠭᠡᠵᠢᠯ ᠤᠨ ᠦᠢᠯᠡᠴᠢᠯᠡᠭᠡ᠂ ᠨᠢᠭᠡᠳᠦᠯᠲᠡᠶ ᠬᠤᠳᠠᠯᠳᠤᠨ ᠠᠪᠴᠤ ᠨᠢᠭᠡᠳᠦᠯᠲᠡᠶ ᠪᠣᠷᠣᠯᠠᠭᠤᠯᠬᠤ ᠵᠡᠷᠭᠡ ᠠᠷᠭ᠎ᠠ ᠪᠠᠷᠢᠯ ᠢᠶᠠᠷ ᠳᠡᠮᠵᠢᠨ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠴᠠᠷᠠᠭ᠎ᠠ ᠬᠦᠷᠢᠶ᠎ᠡ ᠶᠢᠨ ᠠᠵᠤ ᠠᠬᠤᠶ ᠶᠢᠨ ᠬᠡᠪᠴᠢᠶ᠎ᠡ ᠪᠠ ᠡᠵᠡᠩᠨᠡᠯᠲᠡ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠦᠢᠯᠡᠳᠬᠦᠨ ᠤ ᠪᠣᠷᠣᠯᠠᠭᠤᠯᠭ᠎ᠠ ᠪᠠ ᠡᠷᠡᠰᠳᠡᠯ ᠢ ᠲᠡᠮᠡᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ 3 ᠡᠷᠦᠬᠡ ᠠᠴᠠ ᠳᠡᠭᠡᠭᠰᠢ ᠶᠠᠳᠠᠭᠤ ᠬᠦᠴᠢᠷᠳᠡᠯᠲᠡᠶ ᠡᠷᠦᠬᠡ ᠶᠢ ᠪᠦᠲᠦᠮᠵᠢᠲᠡᠶ ᠳᠠᠶᠢᠴᠢᠯᠠᠭᠰᠠᠨ ᠪᠠᠶᠠᠵᠢᠯ ᠤᠨ ᠳᠠᠭᠠᠭᠤᠯᠤᠭᠴᠢ᠂ ᠴᠠᠷᠠᠭ᠎ᠠ ᠬᠦᠷᠢᠶ᠎ᠡ ᠶᠢᠨ ᠠᠵᠤ ᠠᠬᠤᠶ ᠶᠢᠨ ᠬᠤᠯᠪᠣᠭᠠᠲᠤ ᠴᠣᠭᠴᠠ ᠪᠠ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠳᠤ ᠬᠤᠰᠢᠭᠤᠨ ᠤ ᠵᠠᠰᠠᠭ ᠤᠨ ᠣᠷᠳᠣᠨ ᠠᠴᠠ ᠪᠠᠶᠢᠳᠠᠯ ᠢ ᠨᠢ ᠦᠵᠡᠵᠦ ᠪᠠᠶᠢᠭᠠᠳ ᠨᠢᠭᠡ ᠤᠳᠠᠭ᠎ᠠ ᠶᠢᠨ ᠴᠢᠨᠠᠷᠲᠠᠶ ᠵᠢᠭᠡᠯᠡᠯᠭᠡ ᠶᠢᠨ ᠳᠠᠮ ᠬᠦᠦ ᠶᠢᠨ ᠲᠡᠳᠬᠦᠮᠵᠢ ᠣᠯᠭᠤᠨ᠎ᠠ᠃                ᠲᠠᠪᠤ᠂ ᠬᠡᠷᠡᠭᠵᠢᠭᠦᠯᠬᠦ ᠵᠢᠷᠤᠮ                 ᠬᠦᠷᠢᠶᠡᠨ ᠤ ᠠᠵᠤ ᠠᠬᠤᠶ ᠶᠢᠨ ︽ᠵᠢᠷᠭᠤᠭᠠᠨ ᠵᠢᠵᠢᠭ︾ ᠠᠵᠤ ᠦᠢᠯᠡᠰ ᠤᠨ ᠬᠥᠭᠵᠢᠯᠲᠡ ᠶᠢ ᠲᠤᠬᠠᠶ ᠶᠢᠨ ᠭᠠᠵᠠᠷ ᠤᠨ ︽ᠨᠢᠭᠡ ᠲᠣᠰᠬᠤᠨ ᠨᠢᠭᠡ ᠦᠢᠯᠡᠳᠬᠦᠨ︾᠎ ᠤ ᠭᠤᠤᠯᠯᠠᠬᠤ ᠠᠵᠤ ᠦᠢᠯᠡᠰ ᠤᠨ ᠪᠤᠶᠢᠵᠢᠯᠲᠠ ᠲᠠᠢ ᠣᠷᠭᠠᠨᠢᠭ ᠢᠶᠠᠷ ᠠᠭᠤᠰᠤᠯᠴᠠᠭᠤᠯᠵᠤ᠂ ᠲᠣᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠣᠰᠣᠭᠠᠷ᠂ ᠶᠠᠳᠠᠭᠤ ᠬᠦᠴᠢᠷᠳᠡᠯᠲᠡᠶ ᠡᠷᠦᠬᠡ ᠶᠢᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠭᠰᠡᠨ ᠰᠠᠭᠤᠷᠢᠨ ᠳᠡᠭᠡᠷ᠎ᠡ᠂ ᠶᠠᠳᠠᠭᠤ ᠬᠦᠴᠢᠷᠳᠡᠯᠲᠡᠶ ᠡᠷᠦᠬᠡ ᠶᠢ ᠵᠢᠯᠣᠭᠤᠳᠤᠨ ᠨᠠᠷᠢᠯᠢᠭ ᠣᠨᠣᠴᠠᠲᠠᠶ ᠪᠠᠷ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠰᠣᠩᠭᠤᠭᠤᠯᠵᠤ᠂ ᠬᠦᠷᠢᠶᠡᠨ ᠤ ᠠᠵᠤ ᠠᠬᠤᠶ ᠶᠢ ᠬᠥᠭᠵᠢᠭᠦᠯᠬᠦ ᠶᠢ ︽ᠨᠢᠭᠡ ᠡᠷᠦᠬᠡ ᠳᠤ ᠨᠢᠭᠡ ᠪᠣᠳᠣᠯᠭ᠎ᠠ︾᠎ ᠶᠢᠨ ᠨᠠᠷᠢᠯᠢᠭ ᠣᠨᠣᠴᠠᠲᠠᠶ ᠪᠠᠷ ᠶᠠᠳᠠᠭᠤᠷᠠᠯ ᠠᠴᠠ ᠠᠩᠭᠢᠵᠢᠷᠠᠭᠤᠯᠵᠤ ᠪᠠᠬᠢᠵᠢᠭᠦᠯᠦᠨ ᠳᠡᠭᠡᠭᠰᠢᠯᠡᠭᠦᠯᠬᠦ ᠲᠥᠯᠥᠪᠯᠡᠭᠡ ᠳᠤ ᠣᠷᠣᠭᠤᠯᠤᠨ᠎ᠠ᠃                 ︵ᠨᠢᠭᠡ︶ ᠲᠡᠳᠬᠦᠬᠦ ᠡᠲᠡᠭᠡᠳ ᠢᠶᠠᠨ ᠮᠡᠳᠡᠭᠦᠯᠦᠨ᠎ᠡ᠃ ︽ᠵᠢᠷᠭᠤᠭᠠᠨ ᠵᠢᠵᠢᠭ︾ ᠠᠵᠤ ᠦᠢᠯᠡᠰ ᠤᠨ ᠲᠡᠳᠬᠦᠬᠦ ᠬᠠᠮᠤᠷᠬᠤ ᠴᠠᠷᠠᠭ᠎ᠠ ᠬᠦᠷᠢᠶ᠎ᠡ᠂ ᠪᠠᠷᠢᠮᠵᠢᠶ᠎ᠠ ᠪᠠ ᠠᠷᠭ᠎ᠠ ᠪᠠᠷᠢᠯ ᠲᠤ ᠨᠡᠶᠢᠴᠡᠭᠰᠡᠨ ᠲᠡᠳᠬᠦᠬᠦ ᠡᠲᠡᠭᠡᠳ ᠲᠤ ᠪᠠᠶᠢᠭ᠎ᠠ ᠭᠠᠴᠠᠭ᠎ᠠ ᠲᠣᠰᠬᠤᠨ ᠳᠤ ︽ᠵᠢᠷᠭᠤᠭᠠᠨ ᠵᠢᠵᠢᠭ︾ ᠠᠵᠤ ᠦᠢᠯᠡᠰ ᠤᠨ ᠶᠠᠳᠠᠭᠤᠰ ᠢ ᠲᠡᠳᠬᠦᠬᠦ ᠲᠥᠷᠥᠯ ᠵᠦᠢᠯ ᠢᠶᠠᠷ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠦᠰᠦᠨᠦᠭᠲᠦ ᠶᠢ ᠲᠠᠭᠯᠠᠨ ᠮᠡᠳᠡᠭᠦᠯᠬᠦ ᠬᠡᠷᠡᠭᠲᠡᠶ᠃                 ︵ᠬᠤᠶᠠᠷ︶ ᠭᠠᠴᠠᠭ᠎ᠠ ᠲᠣᠰᠬᠤᠨ ᠤ ᠠᠩᠬᠠᠨ ᠤ ᠬᠢᠨᠠᠯᠲᠠ᠃ ᠭᠠᠴᠠᠭ᠎ᠠ ᠲᠣᠰᠬᠤᠨ ᠤ ᠬᠢᠨ ︽ᠬᠤᠶᠠᠷ ᠵᠥᠪᠯᠡᠯ︾᠎ ᠤᠨ ᠪᠠᠭ᠂ ᠨᠢᠭᠡᠳᠦᠭᠡᠷ ᠱᠦᠵᠢ ᠪᠣᠯᠤᠨ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢ ᠵᠣᠬᠢᠶᠠᠨ ᠪᠠᠶᠢᠭᠤᠯᠵᠤ ᠴᠠᠭ ᠲᠤᠨᠢ ᠳᠣᠭᠢᠷᠠᠭᠤᠯᠤᠨ ᠭᠠᠴᠠᠭᠠᠨ ᠤ ᠵᠥᠪᠯᠡᠯ ᠢ ᠬᠤᠷᠠᠯᠳᠤᠭᠤᠯᠵᠤ ᠲᠡᠳᠬᠦᠨ ᠳᠡᠮᠵᠢᠬᠦ ᠡᠲᠡᠭᠡᠳ ᠤᠨ ᠭᠤᠶᠤᠴᠢᠯᠠᠨ ᠮᠡᠳᠡᠭᠦᠯᠬᠦ ᠲᠥᠷᠥᠯ ᠵᠦᠢᠯ ᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠰᠣᠩᠭᠤᠬᠤ ᠪᠠᠷ ᠪᠠᠶᠢᠭ᠎ᠠ ᠲᠥᠷᠥᠯ ᠵᠦᠢᠯ ᠢ ᠭᠠᠴᠠᠭ᠎ᠠ ᠲᠣᠰᠬᠤᠨ ᠤ ᠢᠯᠡ ᠵᠠᠷᠯᠠᠬᠤ ᠪᠤᠯᠤᠩ ᠪᠣᠯᠤᠨ ᠸᠢᠴᠠᠲ ᠤᠨ ᠪᠦᠯᠦᠭᠯᠡᠯ ᠳᠤ ᠲᠥᠷᠥᠯ ᠬᠤᠪᠢᠶᠠᠨ ᠢᠯᠡ ᠨᠡᠶᠢᠲᠡᠯᠡᠵᠦ᠂ 10 ᠡᠳᠦᠷ ᠤᠨ ᠳᠣᠲᠣᠷ᠎ᠠ ᠣᠨᠳᠣᠤ ᠰᠠᠨᠠᠯ ᠥᠬᠡᠶ ᠪᠣᠯ ᠲᠥᠷᠥᠯ ᠵᠦᠢᠯ ᠢ ᠭᠤᠶᠤᠴᠢᠯᠠᠨ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠦᠰᠦᠨᠦᠭ ᠳᠡᠭᠡᠷ᠎ᠡ ᠭᠠᠷ ᠤᠨ ᠥᠰᠥᠭ ᠵᠢᠷᠤᠵᠤ ᠠᠩᠬ᠎ᠠ ᠬᠢᠨᠠᠭᠰᠠᠨ ᠰᠠᠨᠠᠯ ᠢᠶᠠᠨ ᠨᠡᠶᠢᠯᠡᠭᠦᠯᠦᠨ ᠰᠤᠮᠤ ᠪᠠᠯᠭᠠᠰᠤᠨ ᠳᠤ ᠮᠡᠳᠡᠭᠦᠯᠵᠦ ᠬᠢᠨᠠᠨ ᠬᠠᠷᠭᠤᠭᠤᠯᠤᠨ᠎ᠠ᠃                 ︵ᠭᠤᠷᠪᠠ︶ ᠰᠤᠮᠤ ᠪᠠᠯᠭᠠᠰᠤ ᠠᠴᠠ ᠬᠢᠨᠠᠨ ᠬᠠᠷᠭᠤᠭᠤᠯᠤᠨ᠎ᠠ᠃ ᠰᠤᠮᠤ ᠪᠠᠯᠭᠠᠰᠤ ᠲᠤᠰᠬᠠᠶ ᠬᠥᠮᠦᠨ ᠲᠣᠬᠢᠷᠠᠭᠤᠯᠵᠤ ᠡᠯ᠎ᠡ ᠭᠠᠴᠠᠭ᠎ᠠ ᠲᠣᠰᠬᠤᠨ ᠤ ᠠᠩᠬᠠᠨ ᠤ ᠬᠢᠨᠠᠯᠲᠠ ᠶᠢᠨ ᠲᠥᠷᠥᠯ ᠵᠦᠢᠯ ᠤᠨ ᠦᠨᠡᠨ ᠪᠣᠳᠠᠲᠤ ᠴᠢᠨᠠᠷ᠂ ᠪᠣᠯᠤᠮᠵᠢᠲᠤ ᠴᠢᠨᠠᠷ᠂ ᠪᠦᠲᠦᠭᠡᠨ ᠪᠠᠶᠢᠭᠤᠯᠤᠯᠲᠠ ᠶᠢᠨ ᠥᠪᠡᠷ ᠤᠨ ᠥᠷᠲᠡᠭ᠂ ᠪᠣᠷᠣᠯᠠᠭᠤᠯᠭ᠎ᠠ ᠶᠢᠨ ᠣᠷᠣᠯᠭ᠎ᠠ᠂ ᠵᠢᠱᠢᠭᠰᠡᠨ ᠦᠷ᠎ᠡ ᠠᠰᠢᠭ ᠵᠡᠷᠭᠡ ᠶᠢ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠨᠠᠮ ᠵᠠᠰᠠᠭ ᠤᠨ ᠬᠠᠮᠲᠤᠷᠠᠭᠰᠠᠨ ᠬᠤᠷᠠᠯ ᠢᠶᠠᠷ ᠬᠢᠨᠠᠨ ᠬᠠᠷᠭᠤᠭᠤᠯᠵᠤ ᠨᠤᠲᠠᠯᠠᠭᠤᠯᠬᠤ ᠪᠠᠷ ᠳᠡᠪᠰᠢᠭᠦᠯᠵᠦ᠂ ᠰᠤᠮᠤ  ᠪᠠᠯᠭᠠᠰᠤᠨ ᠤ  ᠨᠡᠶᠢᠲᠡ ᠶᠢᠨ ᠪᠤᠯᠤᠩ᠂ ᠴᠠᠬᠢᠮ ᠲᠠᠪᠴᠠᠩ᠂ ᠸᠢᠴᠠᠲ ᠤᠨ ᠪᠦᠯᠦᠭᠯᠡᠯ ᠢ ᠲᠥᠷᠥᠯ ᠬᠤᠪᠢᠶᠠᠨ ᠢᠯᠡ ᠨᠡᠶᠢᠲᠡᠯᠡᠵᠦ᠂ ᠨᠡᠶᠢᠲᠡ ᠳᠤ 10 ᠡᠳᠦᠷ ᠤᠨ ᠳᠣᠲᠣᠷ᠎ᠠ ᠣᠨᠳᠣᠤ ᠰᠠᠨᠠᠯ ᠥᠬᠡᠶ ᠪᠣᠯ ᠲᠥᠷᠥᠯ ᠵᠦᠢᠯ ᠢ ᠭᠤᠶᠤᠴᠢᠯᠠᠨ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠦᠰᠦᠨᠦᠭ ᠳᠡᠭᠡᠷ᠎ᠡ ᠰᠠᠨᠠᠯ ᠢᠶᠠᠨ ᠪᠢᠴᠢᠵᠦ᠂ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠨ ᠲᠥᠷᠥᠯ ᠬᠤᠪᠢᠶᠠᠨ ᠪᠣᠭᠤᠵᠢᠯᠠᠵᠤ ᠳᠡᠭᠡᠭᠰᠢ ᠬᠤᠰᠢᠭᠤᠨ ᠤ ᠶᠠᠳᠠᠭᠤᠰ ᠢ ᠲᠡᠳᠬᠦᠬᠦ ᠠᠯᠪᠠᠨ ᠬᠡᠷ ᠲᠤ ᠮᠡᠳᠡᠭᠦᠯᠦᠨ᠎ᠡ᠃                 ︵ᠳᠥᠷᠪᠡ︶ ᠬᠤᠰᠢᠭᠤᠨ ᠱᠠᠲᠤᠨ ᠤ ᠬᠢᠨᠠᠨ ᠲᠣᠭᠲᠠᠭᠠᠯᠲᠠ᠃ ᠬᠤᠰᠢᠭᠤᠨ ᠶᠠᠳᠠᠭᠤᠰ ᠢ ᠲᠡᠳᠬᠦᠬᠦ ᠠᠯᠪᠠᠨ ᠬᠡᠷ ᠠᠵᠢᠯ ᠲᠥᠷᠥᠯ ᠤᠨ ᠭᠤᠤᠯᠴᠢᠯᠠᠨ ᠬᠠᠮᠢᠶᠠᠷᠴᠤ ᠵᠣᠬᠢᠴᠠᠭᠤᠯᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠰᠤᠮᠤ  ᠪᠠᠯᠭᠠᠰᠤᠨ ᠤ  ᠭᠤᠶᠤᠴᠢᠯᠠᠨ ᠮᠡᠳᠡᠭᠦᠯᠦᠭᠰᠡᠨ ᠲᠥᠷᠥᠯ ᠵᠦᠢᠯ ᠳᠤ ᠲᠣᠭᠲᠠᠭᠠᠯ ᠳᠤ ᠨᠡᠶᠢᠴᠡᠬᠦ ᠴᠢᠨᠠᠷᠲᠠᠶ ᠬᠢᠨᠠᠨ ᠪᠠᠶᠢᠴᠠᠭᠠᠯᠲᠠ ᠬᠢᠭᠰᠡᠨ ᠤ ᠳᠠᠷᠠᠭ᠎ᠠ᠂ ᠲᠥᠷᠥᠯ ᠬᠤᠪᠢᠶᠠᠨ ᠬᠤᠷᠢᠶᠠᠩᠭᠤᠶᠢᠯᠠᠭᠠᠳ ᠬᠤᠰᠢᠭᠤᠨ ᠤ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ᠳᠤ ᠵᠠᠷᠯᠠᠨ ᠨᠡᠶᠢᠲᠡᠯᠡᠵᠦ᠂ 10 ᠡᠳᠦᠷ ᠤᠨ ᠳᠣᠲᠣᠷ᠎ᠠ ᠣᠨᠳᠣᠤ ᠰᠠᠨᠠᠯ ᠥᠬᠡᠶ ᠪᠠᠷ ᠶᠠᠳᠠᠭᠤᠰ ᠢ ᠲᠡᠳᠬᠦᠬᠦ ᠲᠥᠷᠥᠯ ᠵᠦᠢᠯ ᠤᠨ ᠬᠥᠮᠥᠷᠭᠡ ᠳᠤ ᠣᠷᠣᠭᠤᠯᠬᠤ ᠶᠢᠨ ᠬᠠᠮᠲᠤ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠲᠣᠭᠲᠠᠭᠠᠯᠭᠠᠵᠤ ᠳᠡᠮᠵᠢᠭᠦᠯᠦᠨ᠎ᠡ᠃                 ︵ᠲᠠᠪᠤ︶ ᠲᠥᠷᠥᠯ ᠵᠦᠢᠯ ᠢ ᠬᠡᠷᠡᠭᠵᠢᠭᠦᠯᠬᠦ᠃ ᠲᠥᠷᠥᠯ ᠵᠦᠢᠯ ᠢ ᠬᠤᠰᠢᠭᠤᠨ ᠤ ᠵᠠᠰᠠᠭ ᠤᠨ ᠣᠷᠳᠣᠨ ᠠᠴᠠ ᠬᠢᠨᠠᠨ ᠲᠣᠭᠲᠠᠭᠠᠵᠤ ᠴᠤᠬᠤᠯᠠᠪᠤᠷᠢᠯᠠᠭᠰᠠᠨ ᠤ ᠳᠠᠷᠠᠭ᠎ᠠ᠂ ᠪᠠᠯᠠ ᠮᠥᠩᠭᠦ ᠶᠢ ᠬᠡᠰᠡᠭᠯᠡᠨ ᠡᠯ᠎ᠡ ᠰᠤᠮᠤ ᠪᠠᠯᠭᠠᠰᠤᠨ ᠳᠤ ᠪᠠᠭᠤᠯᠭᠠᠵᠤ᠂ ᠡᠯ᠎ᠡ ᠰᠤᠮᠤ ᠪᠠᠯᠭᠠᠰᠤ ᠠᠴᠠ ᠭᠠᠴᠠᠭ᠎ᠠ ᠲᠣᠰᠬᠤᠨ ᠢ ᠵᠣᠬᠢᠶᠠᠨ ᠪᠠᠶᠢᠭᠤᠯᠵᠤ ᠪᠠᠶᠢᠭᠠᠳ ᠲᠥᠷᠥᠯ ᠵᠦᠢᠯ ᠤᠨ ᠱᠠᠩᠨᠠᠯ ᠨᠥᠬᠦᠪᠥᠷᠢ ᠪᠠ ᠵᠢᠭᠡᠯᠡᠯᠭᠡ ᠶᠢᠨ ᠳᠠᠮ ᠬᠦᠦ ᠶᠢ ᠬᠡᠷᠡᠭᠵᠢᠭᠦᠯᠬᠦ ᠶᠢ ᠵᠢᠷᠤᠮᠵᠢᠭᠤᠯᠤᠨ᠂ ᠢᠯᠡ ᠨᠡᠶᠢᠲᠡᠯᠡᠬᠦ ᠪᠠ ᠢᠯᠡ ᠨᠡᠶᠢᠲᠡᠯᠡᠬᠦ ᠶᠢ ᠬᠠᠮᠵᠢᠯᠴᠠᠨ ᠰᠠᠶᠢᠲᠤᠷ ᠭᠦᠢᠴᠡᠳᠬᠡᠵᠦ᠂ ᠬᠤᠰᠢᠭᠤᠨ ᠤ ᠡᠳ᠋ ᠤᠨ ᠵᠠᠰᠠᠭ᠂ ᠶᠠᠳᠠᠭᠤᠰ ᠢ ᠲᠡᠳᠬᠦᠬᠦ᠂ ᠲᠠᠷᠢᠶᠠᠯᠠᠩ ᠮᠠᠯ ᠠᠵᠤ ᠠᠬᠤᠶ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠵᠡᠷᠭᠡᠪᠡᠷ ᠬᠢᠨᠠᠨ ᠬᠠᠮᠢᠶᠠᠷᠴᠤ᠂ ᠶᠠᠳᠠᠭᠤᠰ ᠢ ᠲᠡᠳᠬᠦᠬᠦ ᠬᠢᠵᠠᠭᠠᠷ ᠲᠠᠢ ᠪᠠᠯᠠ ᠮᠥᠩᠭᠦ ᠶᠢ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠬᠦ ᠶᠢ ᠪᠠᠲᠤᠯᠠᠵᠤ᠂ ᠣᠯᠪᠠᠰᠤ ᠵᠣᠬᠢᠬᠤ ᠶᠠᠳᠠᠭᠤᠰ ᠢ ᠲᠡᠳᠬᠦᠬᠦ ᠦᠷ᠎ᠡ ᠠᠰᠢᠭ ᠢ ᠦᠨᠡᠨᠬᠦ ᠪᠠᠳᠠᠷᠠᠭᠤᠯᠤᠨ᠎ᠠ᠃                 ᠵᠢᠷᠭᠤᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ                 ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ︽ᠵᠢᠷᠭᠤᠭᠠᠨ ᠵᠢᠵᠢᠭ︾ ᠠᠵᠤ ᠦᠢᠯᠡᠰ ᠤᠨ ᠬᠦᠷᠢᠶᠡᠨ ᠤ ᠠᠵᠤ ᠠᠬᠤᠶ ᠶᠢ ᠠᠵᠤ ᠦᠢᠯᠡᠰ ᠢᠶᠠᠷ ᠶᠠᠳᠠᠭᠤᠰ ᠢ ᠲᠡᠳᠬᠦᠬᠦ ᠰᠢᠯᠭᠠᠨ ᠦᠨᠡᠯᠡᠬᠦ ᠠᠭᠤᠯᠭ᠎ᠠ ᠳᠤ ᠣᠷᠣᠭᠤᠯᠵᠤ᠂ ᠬᠠᠷᠢᠭᠤᠴᠠᠨ ᠬᠠᠮᠢᠶᠠᠷᠴᠤ ᠪᠠᠶᠢᠭ᠎ᠠ ᠳᠡᠳ᠋ ᠬᠤᠰᠢᠭᠤᠨ ᠤ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠰᠢᠭᠤᠨ ᠤ ᠶᠠᠳᠠᠭᠤᠰ ᠢ ᠲᠡᠳᠬᠦᠬᠦ᠂ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠰᠢᠨᠵᠢᠯᠡᠬᠦ ᠤᠬᠠᠭᠠᠨ ᠣᠶ ᠡᠪᠡᠰᠦ᠂ ᠰᠣᠶᠣᠯ ᠵᠢᠭᠤᠯᠴᠢᠯᠠᠯ᠂ ᠬᠤᠲᠠ ᠶᠢᠨ ᠬᠢᠨᠠᠯᠲᠠ ᠬᠠᠮᠢᠶᠠᠷᠤᠯᠲᠠ᠂ ᠠᠵᠤ ᠦᠢᠯᠡᠳᠪᠦᠷᠢ ᠮᠡᠳᠡᠭᠡ ᠵᠠᠩᠭᠢ᠂ ᠬᠠᠩᠭᠠᠨ ᠪᠣᠷᠣᠯᠠᠭᠤᠯᠬᠤ᠂ ᠮᠥᠩᠭᠦᠨ ᠭᠦᠢᠯᠭᠡᠭᠡ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ︽ᠵᠢᠷᠭᠤᠭᠠᠨ ᠵᠢᠵᠢᠭ︾ ᠠᠵᠤ ᠦᠢᠯᠡᠰ ᠤᠨ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠨᠢ ᠠᠵᠢᠯ ᠤᠨ ᠳᠤᠮᠳᠠ ᠣᠷᠣᠰᠢᠵᠤ ᠪᠠᠶᠢᠭ᠎ᠠ ᠡᠯ᠎ᠡ ᠲᠥᠷᠥᠯ ᠤᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠬᠤᠰᠢᠭᠤᠨ ᠤ ᠶᠠᠳᠠᠭᠤᠰ ᠢ ᠲᠡᠳᠬᠦᠬᠦ ᠠᠯᠪᠠᠨ ᠬᠡᠷ ᠠᠴᠠ ᠵᠣᠬᠢᠴᠠᠭᠤᠯᠤᠨ ᠬᠠᠮᠢᠶᠠᠷᠴᠤ ᠵᠣᠬᠢᠴᠠᠭᠤᠯᠬᠤ ᠠᠵᠢᠯ ᠢ ᠬᠠᠷᠢᠭᠤᠴᠠᠨ᠂ ᠰᠣᠬᠤᠷ ᠪᠠᠯᠠᠶ ᠪᠠᠷ ᠬᠥᠭᠵᠢᠭᠦᠯᠬᠦ ᠠᠴᠠ ᠵᠠᠶᠢᠯᠠᠰᠬᠢᠵᠦ᠂ ᠪᠦᠲᠦᠭᠡᠭᠳᠡᠬᠦᠨ ᠤ ᠪᠣᠷᠣᠯᠠᠭᠤᠯᠭ᠎ᠠ ᠵᠣᠭᠰᠣᠩᠭᠢᠷᠠᠬᠤ᠂ ᠪᠦᠷᠢᠯᠭᠡᠬᠦ ᠦᠵᠡᠭᠳᠡᠯ ᠢ ᠪᠣᠶ ᠪᠣᠯᠭᠠᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠳᠠᠷᠤᠭᠠᠰᠤ ᠶᠢ ᠬᠦᠨᠳᠦᠷᠡᠭᠦᠯᠦᠨ᠎ᠡ᠃                 ︵ᠬᠤᠶᠠᠷ︶ ᠬᠠᠮᠵᠢᠯᠴᠠᠨ ᠬᠠᠮᠵᠢᠯᠴᠠᠬᠤ ᠶᠢ ᠴᠢᠩᠭᠠᠳᠬᠠᠨ᠎ᠠ᠃ ᠡᠯ᠎ᠡ ᠬᠤᠯᠪᠣᠭᠳᠠᠬᠤ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠪᠠᠷ ᠲᠡᠳᠬᠦᠬᠦ᠂ ᠮᠡᠷᠭᠡᠵᠢᠯ ᠤᠨ ᠵᠢᠯᠣᠭᠤᠳᠣᠯᠭ᠎ᠠ ᠪᠠ ᠬᠠᠮᠢᠶᠠᠷᠤᠯᠲᠠ ᠦᠢᠯᠡᠴᠢᠯᠡᠭᠡ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠭᠦᠢᠴᠡᠳᠬᠡᠵᠦ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠠᠵᠢᠯ ᠤᠨ ᠬᠠᠮᠲᠤ ᠶᠢᠨ ᠬᠦᠴᠦᠨ ᠢ ᠪᠣᠶ ᠪᠣᠯᠭᠠᠨ᠎ᠠ᠃ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠥᠷᠥᠯ ᠵᠦᠢᠯ ᠤᠨ ᠪᠠᠯᠠ ᠮᠥᠩᠭᠦ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ ᠬᠤᠰᠢᠭᠤᠨ ᠲᠠᠷᠢᠶᠠᠯᠠᠩ ᠮᠠᠯ ᠠᠵᠤ ᠠᠬᠤᠶ᠂ ᠰᠢᠨᠵᠢᠯᠡᠬᠦ ᠤᠬᠠᠭᠠᠨ ᠣᠶ ᠰᠢᠭᠤᠶ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠨᠢ ᠠᠵᠤ ᠦᠢᠯᠡᠰ ᠤᠨ ᠵᠢᠭᠠᠨ ᠵᠢᠯᠣᠭᠤᠳᠣᠭᠴᠢ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠵᠣᠬᠢᠴᠠᠭᠤᠯᠤᠨ ᠮᠡᠷᠭᠡᠵᠢᠯ ᠤᠨ ᠵᠢᠯᠣᠭᠤᠳᠣᠯᠭ᠎ᠠ ᠪᠠ ᠢᠵᠢ ᠪᠥᠷᠢᠳᠦᠭᠦᠯᠬᠦ ᠦᠢᠯᠡᠴᠢᠯᠡᠭᠡ ᠶᠢ ᠰᠠᠶᠢᠲᠤᠷ ᠭᠦᠢᠴᠡᠳᠬᠡᠬᠦ ᠶᠢ ᠬᠠᠷᠢᠭᠤᠴᠠᠵᠤ᠂ ᠬᠤᠰᠢᠭᠤᠨ ᠬᠤᠲᠠ ᠶᠢᠨ ᠬᠢᠨᠠᠨ ᠰᠢᠯᠭᠠᠬᠤ᠂ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠨᠢ ︽ᠵᠢᠷᠭᠤᠭᠠᠨ ᠵᠢᠵᠢᠭ︾ ᠪᠦᠲᠦᠭᠡᠭᠳᠡᠬᠦᠨ ᠢ ᠵᠠᠬ᠎ᠠ ᠳᠡᠯᠭᠡᠭᠦᠷ ᠲᠤ ᠣᠷᠣᠭᠤᠯᠬᠤ ᠰᠠᠭᠠᠳ ᠥᠬᠡᠶ ᠨᠡᠪᠲᠡᠷᠡᠬᠦ ᠵᠠᠮ ᠭᠠᠷᠭᠠᠬᠤ ᠶᠢ ᠬᠠᠷᠢᠭᠤᠴᠠᠵᠤ᠂ ᠬᠤᠰᠢᠭᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠨᠢ ︽ᠵᠢᠷᠭᠤᠭᠠᠨ ᠵᠢᠵᠢᠭ︾ ᠪᠦᠲᠦᠭᠡᠭᠳᠡᠬᠦᠨ ᠤ ᠴᠠᠬᠢᠮ ᠬᠤᠳᠠᠯᠳᠤᠭᠠᠨ ᠤ ᠲᠠᠪᠴᠠᠩ ᠪᠠ ᠰᠢᠭᠤᠳ ᠬᠠᠩᠭᠠᠵᠤ ᠰᠢᠭᠤᠳ ᠪᠣᠷᠣᠯᠠᠭᠤᠯᠬᠤ ︽ᠲᠠᠪᠤ ᠶᠢ ᠣᠷᠣᠭᠤᠯᠬᠤ︾ ᠠᠷᠭ᠎ᠠ ᠵᠠᠮ ᠢ ᠬᠠᠷᠢᠭᠤᠴᠠᠨ ᠨᠡᠭᠡᠭᠡᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃                 ︵ᠭᠤᠷᠪᠠ︶ ᠪᠠᠯᠠ ᠮᠥᠩᠭᠦ ᠶᠢᠨ ᠪᠠᠲᠤᠯᠠᠭ᠎ᠠ ᠶᠢ ᠨᠡᠮᠡᠭᠳᠡᠭᠦᠯᠦᠨ᠎ᠡ᠃ ᠬᠦᠷᠢᠶᠡᠨ ᠤ ᠠᠵᠤ ᠠᠬᠤᠶ ᠶᠢᠨ ︽ᠵᠢᠷᠭᠤᠭᠠᠨ ᠵᠢᠵᠢᠭ︾ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠭᠤᠤᠯᠳᠠᠭᠤ ᠳᠡᠭᠡᠳᠦ ᠱᠠᠲᠤᠨ ᠤ ᠲᠤᠰᠬᠠᠶ ᠵᠦᠢᠯ ᠤᠨ ᠪᠠᠯᠠ ᠮᠥᠩᠭᠦ ᠶᠢ ᠬᠦᠰᠡᠯᠲᠡ ᠭᠠᠷᠭᠠᠬᠤ᠂ ᠶᠠᠳᠠᠭᠤᠰ ᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠡᠷᠡᠰᠳᠡᠯ ᠤᠨ ᠨᠥᠬᠦᠪᠥᠷᠢ ᠮᠥᠩᠭᠦ ᠶᠢ ᠳᠣᠭᠢᠷᠠᠭᠤᠯᠬᠤ ᠪᠠᠷ ᠳᠡᠮᠵᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠨ ᠰᠢᠢᠳᠪᠦᠷᠢᠯᠡᠵᠦ᠂ ᠬᠦᠷᠦᠯᠴᠡᠬᠦ ᠥᠬᠡᠶ ᠬᠡᠰᠡᠭ ᠢ ᠬᠤᠰᠢᠭᠤᠨ ᠤ ᠡᠳ᠋ ᠤᠨ ᠵᠠᠰᠠᠭ ᠠᠴᠠ ᠶᠠᠳᠠᠭᠤᠰ ᠢ ᠲᠡᠳᠬᠦᠬᠦ ᠲᠤᠰᠬᠠᠶ ᠵᠦᠢᠯ ᠲᠠᠢ ᠳᠣᠭᠢᠷᠠᠭᠤᠯᠤᠨ ᠨᠥᠬᠦᠪᠥᠷᠢᠯᠡᠨ᠎ᠡ ᠃ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠴᠠᠷᠠᠭ᠎ᠠ ᠬᠦᠷᠢᠶ᠎ᠡ ᠶᠢ ᠭᠤᠶᠤᠵᠢᠭᠤᠯᠤᠨ ᠭᠡᠷᠡᠯᠲᠦᠭᠦᠯᠬᠦ ᠪᠠ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠳᠤ ᠬᠡᠷᠡᠭᠯᠡᠬᠦ ᠶᠢ ᠬᠤᠷᠢᠭᠯᠠᠨ᠎ᠠ᠂ ᠵᠥᠪᠬᠡᠨ ᠴᠠᠷᠠᠭ᠎ᠠ ᠬᠦᠷᠢᠶ᠎ᠡ ᠶᠢᠨ ᠠᠵᠤ ᠠᠬᠤᠶ ᠶᠢᠨ ᠬᠤᠯᠪᠣᠭᠳᠠᠬᠤ ᠠᠵᠤ ᠦᠢᠯᠡᠰ ᠢ ᠬᠥᠭᠵᠢᠭᠦᠯᠬᠦ ᠳᠤ ᠬᠡᠷᠡᠭᠵᠢᠭᠦᠯᠦᠨ᠎ᠡ᠃                 ︵ᠳᠥᠷᠪᠡ︶ ᠰᠤᠷᠲᠠᠯᠴᠢᠯᠠᠭ᠎ᠠ ᠪᠠᠷ ᠤᠳᠤᠷᠢᠳᠤᠨ ᠵᠢᠯᠣᠭᠤᠳᠬᠤ ᠶᠢ ᠴᠢᠩᠭᠠᠳᠬᠠᠨ᠎ᠠ᠃ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠵᠡᠷᠭᠡ ᠲᠠᠪᠴᠠᠩ ᠳᠤ ᠲᠦᠰᠢᠭᠯᠡᠨ᠂ ᠬᠦᠷᠢᠶᠡᠨ ᠤ ᠠᠵᠤ ᠠᠬᠤᠶ ᠶᠢᠨ ︽ᠵᠢᠷᠭᠤᠭᠠᠨ ᠵᠢᠵᠢᠭ︾ ᠠᠵᠤ ᠦᠢᠯᠡᠰ ᠤᠨ ᠨᠡᠶᠢᠲᠡᠯᠢᠭ ᠲᠤᠷᠰᠢᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠥᠪᠡᠷ ᠢ ᠪᠠᠨ ᠳᠠᠭᠠᠭᠠᠵᠤ ᠬᠥᠭᠵᠢᠬᠦ ᠳᠣᠲᠣᠭᠠᠳᠤ ᠶᠢᠨ ᠬᠥᠳᠡᠯᠭᠡᠬᠦ ᠬᠦᠴᠦᠨ ᠪᠠ ᠲᠠᠭᠠᠲᠠᠢ ᠣᠷᠴᠢᠨ ᠨᠥᠬᠦᠴᠡᠯ ᠢ ᠬᠥᠭᠵᠢᠭᠡᠨ᠎ᠡ᠃ ᠡᠭᠦᠨ ᠤ ᠬᠠᠮᠲᠤ᠂ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠵᠦ᠂ ᠬᠦᠷᠢᠶᠡᠨ ᠤ ᠠᠵᠤ ᠠᠬᠤᠶ ᠶᠢᠨ ︽ᠵᠢᠷᠭᠤᠭᠠᠨ ᠵᠢᠵᠢᠭ︾ ᠠᠵᠤ ᠦᠢᠯᠡᠰ ᠤᠨ ᠨᠠᠩ ᠶᠡᠭᠡ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠭᠠᠵᠢᠭᠤᠯᠤᠨ᠎ᠠ᠃                 ︵ᠲᠠᠪᠤ︶ ᠱᠠᠯᠠᠪᠳᠠᠭᠤᠯᠤᠨ ᠪᠠᠶᠢᠴᠠᠭᠠᠵᠤ ᠬᠢᠨᠠᠨ ᠬᠠᠮᠢᠶᠠᠷᠴᠤ ᠵᠣᠬᠢᠴᠠᠭᠤᠯᠬᠤ ᠠᠵᠢᠯ ᠢ ᠴᠢᠩᠭᠠᠳᠬᠠᠨ᠎ᠠ᠃ ᠬᠦᠷᠢᠶᠡᠨ ᠤ ᠠᠵᠤ ᠠᠬᠤᠶ ᠶᠢᠨ ︽ᠵᠢᠷᠭᠤᠭᠠᠨ ᠵᠢᠵᠢᠭ︾ ᠠᠵᠤ ᠦᠢᠯᠡᠰ ᠤᠨ ᠬᠥᠭᠵᠢᠯᠲᠡ ᠶᠢ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠠᠰᠠᠭᠤᠳᠠᠯ ᠢ ᠲᠡᠷᠡ ᠳᠠᠷᠤᠢ ᠳᠤᠨᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠨ᠂ ᠬᠦᠷᠢᠶᠡᠨ ᠤ ᠠᠵᠤ ᠠᠬᠤᠶ ᠶᠢᠨ ︽ᠵᠢᠷᠭᠤᠭᠠᠨ ᠵᠢᠵᠢᠭ︾ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠦᠨᠡᠨᠬᠦ ᠪᠠᠲᠤᠯᠠᠭᠠᠵᠢᠭᠤᠯᠤᠨ᠎ᠠ᠃ ᠬᠤᠰᠢᠭᠤᠨ ᠤ ᠡᠳ᠋ ᠤᠨ ᠵᠠᠰᠠᠭ᠂ ᠶᠠᠳᠠᠭᠤᠰ ᠢ ᠲᠡᠳᠬᠦᠬᠦ᠂ ᠲᠠᠷᠢᠶᠠᠯᠠᠩ ᠮᠠᠯ ᠠᠵᠤ ᠠᠬᠤᠶ᠂ ᠬᠤᠲᠠ ᠶᠢᠨ ᠬᠢᠨᠠᠨ ᠰᠢᠯᠭᠠᠬᠤ᠂ ᠬᠢᠨᠠᠨ ᠪᠤᠳᠤᠬᠤ᠂ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠤᠳ ᠬᠦᠷᠢᠶᠡᠨ ᠤ ᠠᠵᠤ ᠠᠬᠤᠶ ᠶᠢᠨ ︽ᠵᠢᠷᠭᠤᠭᠠᠨ ᠵᠢᠵᠢᠭ︾ ᠠᠵᠤ ᠦᠢᠯᠡᠰ ᠤᠨ ᠲᠡᠳᠬᠦᠨ ᠳᠡᠮᠵᠢᠬᠦ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠲᠣᠭᠲᠠᠭᠠᠯ ᠳᠤ ᠨᠡᠶᠢᠴᠡᠭᠰᠡᠨ ᠠᠶᠦᠯᠭᠦᠢ ᠪᠠᠶᠢᠳᠠᠯ ᠢ ᠪᠠᠲᠤᠯᠠᠵᠤ᠂ ᠪᠠᠶᠢᠪᠠᠰᠤ ᠵᠣᠬᠢᠬᠤ ᠦᠷ᠎ᠡ ᠠᠰᠢᠭ ᠢᠶᠠᠨ ᠪᠠᠳᠠᠷᠠᠭᠤᠯᠤᠨ᠎ᠠ᠃ ᠱᠠᠮᠰᠢᠵᠤ ᠰᠢᠯᠵᠢᠭᠦᠯᠦᠨ ᠬᠡᠷᠡᠭᠯᠡᠭᠰᠡᠨ᠂ ᠳᠤᠮᠳᠠ ᠠᠴᠠ ᠨᠢ ᠦᠯᠡᠳᠡᠭᠡᠨ ᠠᠪᠴᠤ ᠬᠤᠪᠢᠨ ᠳᠠᠭᠠᠨ ᠬᠤᠪᠢᠶᠠᠯᠴᠠᠭᠰᠠᠨ᠂ ᠲᠦᠷᠦᠯ ᠰᠠᠳᠤᠨ ᠨᠠᠶᠢᠵᠠ ᠨᠥᠬᠦᠳ ᠢᠶᠠᠨ ᠬᠠᠷᠠᠭᠠᠯᠵᠠᠬᠤ ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃                                 ᠲᠠᠶᠢᠯᠤᠮᠵᠢ᠄ ︽ᠠᠯᠠᠱᠠ ᠵᠡᠭᠦᠨ ᠬᠤᠰᠢᠭᠤᠨ ᠤ ︿ᠵᠢᠷᠭᠤᠭᠠᠨ ᠵᠢᠵᠢᠭ﹀ ᠶᠠᠳᠠᠭᠤᠰ ᠢ ᠲᠡᠳᠬᠦᠬᠦ ᠠᠵᠤ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ                 ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ                                            ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号