| | | | | ᠠᠯᠠᠱᠠ ᠵᠡᠭᠦᠨ ᠵᠠᠰᠠᠭ ᠠᠯᠪᠠᠨ ᠲᠠᠷᠬᠠᠭᠠᠭᠰᠠᠨ ︹ 2020 ︺ 30 ᠳ᠋ᠤᠭᠠᠷ ᠲᠣᠭᠠᠲᠤ | | | | ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠶᠠᠮᠤᠨ᠂ ᠵᠥᠪᠯᠡᠯ᠂ ᠠᠯᠪᠠᠨ ᠬᠡᠷ᠂ | ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠠᠷᠠᠳ ᠤᠨ ᠪᠦᠯᠬᠦᠮ ᠪᠠ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | | ᠬᠤᠰᠢᠭᠤᠨ ᠤ ᠵᠠᠰᠠᠭ ᠤᠨ ᠣᠷᠳᠣᠨ ᠬᠢᠨᠠᠨ ᠵᠥᠪᠯᠡᠵᠦ ᠪᠠᠲᠤᠯᠠᠭᠠᠳ᠂ ᠡᠳᠦᠭᠡ ︽ᠠᠯᠠᠱᠠ ᠵᠡᠭᠦᠨ | ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ︾ ᠶᠢ | ᠲᠠᠨᠠᠷ ᠲᠤ ᠬᠡᠪᠯᠡᠨ ᠲᠠᠷᠬᠠᠭᠠᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | | | | 2020 ᠣᠨ ᠤ 4 ᠳ᠋ᠦ᠋ᠭᠡᠷ ᠰᠠᠷ᠎ᠠ ᠶᠢᠨ 24 ᠤ ᠡᠳᠦᠷ | | | | ᠬᠠᠪᠰᠤᠷᠤᠯᠲᠠ᠄ | | ︽ᠠᠯᠠᠱᠠ ᠵᠡᠭᠦᠨ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠬᠠᠮᠢᠶᠠᠷᠤᠯᠲᠠ ᠶᠢᠨ ᠠᠷᠭ᠎ᠠ︾ | | | | ᠨᠢᠭᠡᠳᠦᠭᠡᠷ ᠪᠦᠯᠦᠭ ᠶᠡᠷᠦᠩᠬᠡᠢ ᠲᠦᠷᠢᠮ | | ᠨᠢᠭᠡᠳᠦᠭᠡᠷ ᠵᠦᠢᠯ ᠠᠯᠠᠱᠠ ᠵᠡᠭᠦᠨ ᠬᠤᠰᠢᠭᠤᠨ ᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ | ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠬᠢᠮᠳᠠ ᠲᠦᠷᠢᠶᠡᠰᠦᠨ ᠣᠷᠣᠨ ᠰᠠᠭᠤᠴᠠ ᠪᠠ ᠣᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠡᠲᠡᠭᠡᠳ ᠤᠨ ᠣᠷᠣᠨ ᠰᠠᠭᠤᠴᠠ ᠶᠢᠨ | ᠠᠰᠠᠭᠤᠳᠠᠯ ᠢ ᠨᠢᠭᠡᠳᠦᠯᠲᠡᠶ ᠲᠥᠯᠥᠪᠯᠡᠨ ᠰᠢᠢᠳᠪᠦᠷᠢᠯᠡᠵᠦ᠂ ᠣᠷᠣᠨ ᠰᠠᠭᠤᠴᠠ ᠶᠢᠨ ᠪᠠᠲᠤᠯᠠᠭ᠎ᠠ ᠶᠢᠨ ᠳᠦᠷᠢᠮ ᠤᠨ | ᠦᠷ᠎ᠡ ᠨᠥᠯᠥᠭᠡ ᠶᠢ ᠭᠦᠢᠴᠡᠳ ᠪᠠᠳᠠᠷᠠᠭᠤᠯᠵᠤ᠂ ᠬᠢᠮᠳᠠ ᠲᠦᠷᠢᠶᠡᠰᠦᠨ ᠣᠷᠣᠨ ᠰᠠᠭᠤᠴᠠ ᠪᠠ ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢ ᠨᠢᠭᠡᠳᠬᠡᠨ ᠠᠵᠢᠯᠯᠠᠭᠤᠯᠬᠤ ᠬᠠᠮᠢᠶᠠᠷᠤᠯᠲᠠ ᠶᠢᠨ ᠠᠵᠢᠯ ᠢ ᠰᠠᠶᠢᠲᠤᠷ | ᠭᠦᠢᠴᠡᠳᠬᠡᠵᠦ᠂ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ ᠶᠢ | ᠦᠨᠳᠦᠰᠦᠯᠡᠪᠡᠯ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ | 11 ᠳ᠋ᠦ᠋ᠭᠡᠷ ᠲᠣᠭᠠᠲᠤ︶᠂ ︽ᠬᠤᠲᠠ ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ | ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠤᠯᠠᠮ ᠠᠬᠢᠭᠤᠯᠤᠨ ᠴᠢᠩᠭᠠᠳᠬᠠᠨ ᠲᠡᠭᠦᠯᠳᠡᠷᠵᠢᠭᠦᠯᠬᠦ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ | ᠵᠠᠰᠠᠭ ᠲᠠᠷᠬᠠᠭᠠᠭᠰᠠᠨ ﹇2013﹈ 70 ᠳ᠋ᠤᠭᠠᠷ ᠲᠣᠭᠠᠲᠤ︶᠂ ︽ᠠᠯᠠᠱᠠ ᠠᠶᠢᠮᠠᠭ ᠤᠨ ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠪᠠ ᠬᠢᠮᠳᠠ ᠲᠦᠷᠢᠶᠡᠰᠦᠨ ᠣᠷᠣᠨ ᠰᠠᠭᠤᠴᠠ ᠶᠢ ᠨᠢᠭᠡᠳᠬᠡᠨ ᠠᠵᠢᠯᠯᠠᠭᠤᠯᠬᠤ ᠶᠢ | ᠡᠷᠴᠢᠮᠲᠡᠢ ᠤᠷᠤᠭᠰᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠵᠠᠷᠯᠠᠨ ᠨᠡᠶᠢᠲᠡᠯᠡᠬᠦ ᠲᠤᠬᠠᠶ ᠠᠯᠠᠱᠠ ᠠᠶᠢᠮᠠᠭ ᠤᠨ | ᠵᠠᠬᠢᠷᠭ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠠᠯᠠᠱᠠ ᠵᠠᠬᠢᠷᠭ᠎ᠠ ᠠᠯᠪᠠᠨ ᠲᠠᠷᠬᠠᠭᠠᠭᠰᠠᠨ ︹ 2014 ︺ | 64 ᠳ᠋ᠦ᠋ᠭᠡᠷ ᠲᠣᠭᠠᠲᠤ︶᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ | ︽ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠬᠤᠪᠢᠶᠠᠷᠢᠯᠠᠯᠲᠠ ᠶᠢᠨ ᠠᠷᠭ᠎ᠠ ᠪᠠᠷᠢᠯ ᠢ | ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ ᠪᠠᠲᠤᠯᠠᠭ᠎ᠠ ᠵᠠᠬᠢᠳᠠᠯ ︹ | 2017 ︺ 634 ᠳ᠋ᠦ᠋ᠭᠡᠷ ᠲᠣᠭᠠᠲᠤ︶᠂ ︽ᠬᠤᠲᠠ ᠪᠠᠯᠭᠠᠰᠤᠨ ᠤ ᠬᠦᠴᠢᠷᠳᠡᠯᠲᠡᠶ ᠠᠵᠢᠯᠲᠠᠨ ᠠᠵᠢᠯᠴᠢᠨ | ᠵᠡᠷᠭᠡ ᠭᠤᠤᠯᠳᠠᠯᠭ᠎ᠠ ᠲᠠᠢ ᠬᠥᠮᠦᠰ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠤᠯᠠᠮ ᠠᠬᠢᠭᠤᠯᠤᠨ | ᠰᠠᠶᠢᠲᠤᠷ ᠭᠦᠢᠴᠡᠳᠬᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠡᠷᠡᠭᠵᠢᠭᠦᠯᠬᠦ ᠲᠥᠰᠦᠯ ᠢ ᠤᠯᠠᠮᠵᠢᠯᠠᠨ ᠲᠠᠷᠬᠠᠭᠠᠬᠤ ᠲᠤᠬᠠᠶ ᠮᠡᠳᠡᠭᠳᠡᠯ | ︾ ︵ᠠᠷᠤ ᠭᠠᠵᠠᠷ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠡᠷᠡᠭᠵᠢᠭᠦᠯᠬᠦ | ᠲᠥᠰᠦᠯ︾ ︵ᠠᠷᠤ ᠭᠠᠵᠠᠷ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ | ᠬᠡᠷᠡᠭᠵᠢᠭᠦᠯᠬᠦ ᠲᠥᠰᠦᠯ ︵ᠠᠷᠤ ᠭᠠᠵᠠᠷ ᠪᠠ ᠬᠤᠲᠠ ᠬᠥᠳᠡᠭᠡ ᠶᠢᠨ ᠪᠥᠲᠥᠭᠡᠨ ᠮᠠᠨ ᠤ ᠬᠤᠰᠢᠭᠤᠨ ᠤ ᠪᠣᠳᠠᠲᠤ | ᠨᠥᠬᠦᠴᠡᠯ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ | | ᠬᠤᠶᠠᠳᠤᠭᠠᠷ ᠵᠦᠢᠯ ᠲᠣᠰ ᠠᠷᠭ᠎ᠠ ᠶᠢ ᠪᠥᠬᠦ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢᠨ ᠪᠥᠲᠥᠭᠡᠨ ᠪᠠᠶᠢᠭᠤᠯᠤᠯᠲᠠ᠂ ᠬᠤᠪᠢᠶᠠᠷᠢᠯᠠᠯᠲᠠ᠂ ᠡᠵᠡᠩᠨᠡᠯᠲᠡ ᠬᠠᠮᠢᠶᠠᠷᠤᠯᠲᠠ ᠵᠡᠷᠭᠡ ᠠᠵᠢᠯ ᠳᠤ | ᠬᠡᠷᠡᠭᠵᠢᠭᠦᠯᠦᠨ᠎ᠡ᠃ | | ᠭᠤᠷᠪᠠᠳᠤᠭᠠᠷ ᠵᠦᠢᠯ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠭᠡᠳᠡᠭ ᠨᠢ ᠵᠠᠰᠠᠭ ᠤᠨ | ᠣᠷᠳᠣᠨ ᠠᠴᠠ ᠲᠥᠷᠥ ᠶᠢᠨ ᠪᠤᠳᠤᠯᠭ᠎ᠠ ᠶᠢᠨ ᠳᠡᠮᠵᠢᠯᠭᠡ ᠬᠠᠩᠭᠠᠵᠤ᠂ ᠪᠥᠳᠥᠭᠡᠨ ᠪᠠᠶᠢᠭᠤᠯᠬᠤ ᠪᠠᠷᠢᠮᠵᠢᠶ᠎ᠠ᠂ | ᠬᠠᠩᠭᠠᠬᠤ ᠡᠲᠡᠭᠡᠳ ᠪᠣᠯᠤᠨ ᠲᠦᠷᠢᠶᠡᠰᠦᠨ ᠮᠥᠩᠭᠦ ᠵᠢᠴᠢ ᠬᠤᠳᠠᠯᠳᠤᠬᠤ ᠦᠨ᠎ᠡ ᠬᠠᠩᠰᠢ ᠶᠢᠨ ᠪᠠᠷᠢᠮᠵᠢᠶ᠎ᠠ ᠶᠢ | ᠬᠢᠵᠠᠭᠠᠷᠯᠠᠨ ᠲᠣᠭᠲᠠᠭᠠᠵᠤ᠂ ᠨᠥᠬᠦᠴᠡᠯ ᠳᠤ ᠨᠡᠶᠢᠴᠡᠬᠦ ᠣᠷᠣᠨ ᠰᠠᠭᠤᠴᠠ ᠶᠢᠨ ᠬᠦᠴᠢᠷᠳᠡᠯᠲᠡᠶ ᠭᠡᠷ ᠪᠦᠯᠢ ᠳᠤ | ᠬᠠᠨᠳᠤᠭᠤᠯᠤᠨ ᠲᠦᠷᠢᠶᠡᠰᠦᠯᠡᠭᠦᠯᠬᠦ᠂ ᠬᠤᠳᠠᠯᠳᠤᠬᠤ ᠲᠥᠷᠥ ᠶᠢᠨ ᠪᠤᠳᠤᠯᠭ᠎ᠠ ᠶᠢᠨ ᠴᠢᠨᠠᠷᠲᠠᠶ ᠣᠷᠣᠨ ᠰᠠᠭᠤᠴᠠ ᠶᠢ | ᠵᠢᠭᠠᠵᠤ ᠪᠤᠢ︖᠃ ᠪᠥᠬᠦ ᠬᠤᠰᠢᠭᠤᠨ ᠤ ᠬᠢᠮᠳᠠ ᠲᠦᠷᠢᠶᠡᠰᠦᠲᠦ ᠣᠷᠣᠨ ᠰᠠᠭᠤᠴᠠ ᠪᠠ ᠨᠡᠶᠢᠲᠡ ᠶᠢᠨ | ᠲᠦᠷᠢᠶᠡᠰᠦᠯᠡᠯ ᠤᠨ ᠣᠷᠣᠨ ᠰᠠᠭᠤᠴᠠ ᠶᠢ ᠨᠢᠭᠡᠳᠬᠡᠨ ᠠᠵᠢᠯᠯᠠᠭᠤᠯᠬᠤ ᠶᠢ ᠬᠡᠷᠡᠭᠵᠢᠭᠦᠯᠵᠦ᠂ ᠨᠢᠭᠡᠨᠲᠡ | ᠪᠠᠶᠢᠭᠤᠯᠤᠭᠰᠠᠨ ᠪᠥᠭᠡᠳ ᠬᠤᠪᠢᠶᠠᠷᠢᠯᠠᠨ ᠰᠠᠭᠤᠯᠭᠠᠭᠰᠠᠨ ᠬᠢᠮᠳᠠ ᠲᠦᠷᠢᠶᠡᠰᠦᠯᠡᠯ ᠤᠨ ᠣᠷᠣᠨ ᠰᠠᠭᠤᠴᠠ ᠶᠢ | ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠬᠠᠮᠢᠶᠠᠷᠤᠯᠲᠠ ᠳᠤ ᠨᠢᠭᠡᠳᠦᠯᠲᠡᠶ ᠣᠷᠣᠭᠤᠯᠵᠤ᠂ | ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠭᠡᠵᠦ ᠶᠡᠷᠦᠩᠬᠡᠶᠢᠯᠡᠨ ᠨᠡᠷᠡᠶᠢᠳᠦᠨ᠎ᠡ᠃ | | ᠳᠥᠷᠪᠡᠳᠦᠭᠡᠷ ᠵᠦᠢᠯ ᠣᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢᠨ ᠪᠠᠲᠤᠯᠠᠭ᠎ᠠ ᠳᠤ | ᠵᠠᠰᠠᠭ ᠤᠨ ᠣᠷᠳᠣᠨ ᠳᠠᠭᠠᠭᠤᠯᠤᠨ ᠵᠢᠯᠣᠭᠤᠳᠬᠤ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ ᠠᠵᠤ ᠠᠬᠤᠶᠢᠯᠠᠯ | ᠣᠷᠣᠯᠴᠠᠬᠤ᠂ ᠨᠡᠶᠢᠭᠡᠮ ᠠᠴᠠ ᠳᠡᠮᠵᠢᠬᠦ᠂ ᠨᠢᠭᠡᠳᠦᠯᠲᠡᠶ ᠲᠥᠯᠥᠪᠯᠡᠨ ᠪᠥᠲᠥᠭᠡᠨ ᠪᠠᠶᠢᠭᠤᠯᠬᠤ᠂ ᠨᠢᠭᠡᠳᠦᠯᠲᠡᠶ | ᠬᠠᠮᠢᠶᠠᠷᠴᠤ ᠵᠣᠬᠢᠴᠠᠭᠤᠯᠬᠤ᠂ ᠲᠦᠷᠢᠶᠡᠰᠦᠯᠡᠬᠦ ᠪᠠ ᠬᠤᠳᠠᠯᠳᠤᠬᠤ ᠶᠢ ᠵᠡᠷᠭᠡ ᠳᠤᠨᠢ ᠴᠢᠬᠤᠯᠠᠴᠢᠯᠠᠬᠤ᠂ ᠲᠥᠷᠥᠯ | ᠬᠤᠪᠢᠶᠠᠨ ᠨᠥᠬᠦᠪᠥᠷᠢ ᠥᠭᠬᠦ᠂ ᠲᠥᠪ ᠭᠤᠤᠯᠴᠢ ᠢᠯᠡ ᠪᠠᠶᠢᠯᠭᠠᠬᠤ᠂ ᠴᠢᠩᠭ᠎ᠠ ᠬᠢᠨᠠᠨ ᠬᠠᠮᠢᠶᠠᠷᠴᠤ ᠵᠣᠬᠢᠴᠠᠭᠤᠯᠬᠤ | ᠵᠠᠷᠴᠢᠮ ᠢ ᠵᠢᠷᠤᠮᠯᠠᠨ᠎ᠠ᠃ | | ᠲᠠᠪᠤᠳᠤᠭᠠᠷ ᠵᠦᠢᠯ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠢᠴᠢ ᠠᠵᠢᠯᠯᠠᠭᠠᠨ ᠤ | ᠬᠠᠮᠢᠶᠠᠷᠤᠯᠲᠠ ᠳᠤ ᠬᠢᠨᠠᠯᠲᠠ ᠲᠠᠯᠪᠢᠵᠤ ᠵᠢᠯᠣᠭᠤᠳᠬᠤ ᠠᠵᠢᠯ ᠢ ᠬᠠᠷᠢᠭᠤᠴᠠᠨ᠎ᠠ︔ ᠬᠤᠰᠢᠭᠤᠨ ᠬᠡᠷ ᠬᠥᠷᠥᠩᠭᠡ ᠶᠢᠨ | ᠬᠠᠮᠢᠶᠠᠷᠤᠯᠲᠠ ᠶᠢᠨ ᠲᠣᠪᠴᠢᠶ᠎ᠠ ᠨᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠥᠲᠥᠭᠡᠨ | ᠪᠠᠶᠢᠭᠤᠯᠤᠯᠲᠠ᠂ ᠡᠳᠦᠷ ᠲᠤᠲᠤᠮ ᠤᠨ ᠡᠵᠡᠩᠨᠡᠯᠲᠡ ᠬᠠᠮᠢᠶᠠᠷᠤᠯᠲᠠ ᠵᠢᠴᠢ ᠬᠠᠷᠭᠤᠭᠤᠯᠤᠨ ᠪᠠᠶᠢᠴᠠᠭᠠᠬᠤ ᠠᠵᠢᠯ ᠢ | ᠬᠠᠷᠢᠭᠤᠴᠠᠨ᠎ᠠ︔ ᠬᠤᠰᠢᠭᠤᠨ ᠬᠥᠭᠵᠢᠭᠦᠯᠦᠯᠲᠡ ᠨᠡᠮᠡᠯᠲᠡ᠂ ᠥᠭᠡᠷᠡᠴᠢᠯᠡᠯᠲᠡ ᠶᠢᠨ ᠵᠥᠪᠯᠡᠯ ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠦᠨ᠎ᠡ ᠬᠠᠩᠰᠢ ᠶᠢᠨ | ᠬᠤᠯᠪᠣᠭᠳᠠᠬᠤ ᠲᠣᠭᠲᠠᠭᠠᠯ ᠢ ᠦᠨᠳᠦᠰᠦᠯᠡᠨ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠲᠦᠷᠢᠶᠡᠰᠦᠨ ᠮᠥᠩᠭᠦ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠨ᠎ᠠ︔ ᠬᠤᠰᠢᠭᠤᠨ ᠤ ᠡᠳ᠋ ᠤᠨ | ᠵᠠᠰᠠᠭ ᠤᠨ ᠲᠣᠪᠴᠢᠶ᠎ᠠ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ | ᠪᠠᠯᠠ ᠮᠥᠩᠭᠦ ᠶᠢ ᠴᠤᠭᠯᠠᠭᠤᠯᠬᠤ᠂ ᠰᠠᠯᠭᠠᠨ ᠥᠭᠬᠦ᠂ ᠬᠠᠮᠢᠶᠠᠷᠴᠤ ᠵᠣᠬᠢᠴᠠᠭᠤᠯᠬᠤ ᠪᠠ ᠲᠥᠰᠦᠪ᠂ ᠲᠥᠰᠦᠪ ᠤᠨ | ᠭᠦᠢᠴᠡᠳᠬᠡᠯ ᠢ ᠬᠢᠨᠠᠨ ᠬᠠᠷᠭᠤᠭᠤᠯᠬᠤ ᠵᠡᠷᠭᠡ ᠠᠵᠢᠯ ᠢ ᠬᠠᠷᠢᠭᠤᠴᠠᠨ᠎ᠠ︔ ᠬᠤᠰᠢᠭᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ᠂ ᠠᠷᠠᠳ ᠤᠨ ᠶᠠᠪᠤᠳᠠᠯ᠂ ᠶᠠᠳᠠᠭᠤᠰ ᠢ ᠲᠡᠳᠬᠦᠬᠦ᠂ ᠪᠠᠶᠢᠭᠠᠯᠢ ᠶᠢᠨ ᠡᠬᠢ ᠪᠠᠶᠠᠯᠢᠭ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠᠲᠤᠯᠠᠭ᠎ᠠ᠂ ᠭᠠᠶᠢᠯᠢ ᠶᠢᠨ ᠶᠠᠪᠤᠳᠠᠯ ᠪᠠ | ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠪᠠᠨ ᠬᠡᠷ ᠵᠡᠷᠭᠡ ᠨᠢᠭᠡᠴᠢ ᠥᠪᠡᠷ | ᠥᠪᠡᠷ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢᠨ ᠡᠯ᠎ᠡ ᠲᠥᠷᠥᠯ ᠤᠨ ᠠᠵᠢᠯ ᠢ ᠬᠠᠮᠵᠢᠯᠴᠠᠨ ᠰᠠᠶᠢᠲᠤᠷ ᠭᠦᠢᠴᠡᠳᠬᠡᠨ᠎ᠡ᠃ | | | ᠬᠤᠶᠠᠳᠤᠭᠠᠷ ᠪᠦᠯᠦᠭᠪᠥᠳᠥᠭᠡᠨ ᠪᠠᠶᠢᠭᠤᠯᠤᠯᠲᠠ ᠪᠠ ᠪᠡᠯᠡ ᠮᠥᠩᠭᠦ ᠴᠤᠭᠯᠠᠭᠤᠯᠬᠤ | | ᠵᠢᠷᠭᠤᠳᠤᠭᠠᠷ ᠵᠦᠢᠯ ᠪᠥᠬᠦ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠬᠡᠷ ᠪᠠᠶᠢᠰᠢᠩ ᠤᠨ ᠢᠷᠡᠯᠲᠡ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠬᠤᠳᠠᠯᠳᠤᠨ ᠠᠪᠬᠤ᠂ | ᠣᠷᠳᠣ ᠬᠤᠭᠤᠴᠠᠭ᠎ᠠ ᠪᠠᠷ ᠲᠦᠷᠢᠶᠡᠰᠦᠯᠡᠬᠦ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠣᠯᠠᠨ ᠠᠷᠭ᠎ᠠ ᠵᠠᠮ ᠢᠶᠠᠷ | ᠪᠥᠲᠥᠭᠡᠨ ᠪᠠᠶᠢᠭᠤᠯᠬᠤ ᠪᠠ ᠴᠤᠭᠯᠠᠭᠤᠯᠤᠨ᠎ᠠ᠃ | | ᠳᠣᠯᠣᠳᠤᠭᠠᠷ ᠵᠦᠢᠯ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠵᠠᠰᠠᠭ ᠤᠨ ᠣᠷᠳᠣᠨ | ᠪᠡᠯᠡ ᠣᠷᠣᠭᠤᠯᠤᠯᠲᠠ ᠪᠠᠷ ᠭᠤᠣᠯᠯᠠᠭᠤᠯᠤᠨ ᠪᠥᠳᠥᠭᠡᠨ ᠪᠠᠶᠢᠭᠤᠯᠵᠤ ᠪᠣᠯᠤᠨ᠎ᠠ᠂ ᠵᠠᠰᠠᠭ ᠤᠨ ᠣᠷᠳᠣᠨ ᠠᠴᠠ | ᠲᠥᠷᠥ ᠶᠢᠨ ᠪᠤᠳᠤᠯᠭ᠎ᠠ ᠶᠢᠨ ᠳᠡᠮᠵᠢᠯᠭᠡ ᠬᠠᠩᠭᠠᠵᠤ᠂ ᠨᠡᠶᠢᠭᠡᠮ ᠤᠨ ᠬᠦᠴᠦᠨ ᠠᠴᠠ ᠪᠡᠯᠡ ᠣᠷᠣᠭᠤᠯᠤᠨ ᠪᠥᠳᠥᠭᠡᠨ | ᠪᠠᠶᠢᠭᠤᠯᠤᠭᠰᠠᠨ ᠴᠤ ᠪᠣᠯᠤᠨ᠎ᠠ᠃ | | ᠨᠠᠢᠮᠠᠳᠤᠭᠠᠷ ᠵᠦᠢᠯ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠰᠢᠨ᠎ᠡ ᠪᠠᠷ | ᠪᠠᠶᠢᠭᠤᠯᠬᠤ ᠳᠤ ᠬᠤᠲᠠ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ᠂ ᠭᠠᠵᠠᠷ ᠰᠢᠷᠣᠶ ᠶᠢ ᠠᠰᠢᠭᠯᠠᠬᠤ ᠶᠡᠷᠦᠩᠬᠡᠶ | ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠦᠨᠳᠦᠰᠦᠯᠡᠨ᠂ ᠬᠠᠩᠭᠠᠬᠤ ᠡᠲᠡᠭᠡᠳ ᠤᠨ ᠠᠵᠢᠯ ᠤᠯᠬᠤ ᠪᠠ | ᠠᠮᠢᠳᠤᠷᠠᠯ ᠤᠨ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠦᠢ | ᠵᠣᠬᠢᠰᠲᠠᠶ ᠪᠠᠶᠢᠷᠢᠰᠢᠭᠤᠯᠵᠤ᠂ ᠵᠠᠮ ᠬᠠᠷᠢᠯᠴᠠᠭ᠎ᠠ ᠳᠥᠭᠦᠮ ᠳᠥᠲᠡ᠂ ᠤᠯᠠᠨ ᠨᠡᠶᠢᠲᠡ ᠶᠢᠨ ᠪᠡᠯᠡᠳᠬᠡᠮᠵᠢ ᠨᠡᠯᠢᠶᠡᠳ | ᠪᠦᠷᠢᠨ ᠭᠦᠢᠴᠡᠳ ᠣᠷᠣᠨ ᠪᠦᠰᠡ ᠳᠤ ᠴᠢᠳᠠᠬᠤ ᠶᠢᠨ ᠳᠣᠲᠣᠷ᠎ᠠ ᠲᠣᠬᠢᠷᠠᠭᠤᠯᠬᠤ ᠶᠢᠨ ᠬᠠᠮᠲᠤ ᠵᠢᠵᠢᠭ | ᠲᠣᠭᠤᠷᠢᠭ ᠤᠨ ᠳᠣᠲᠣᠷ᠎ᠠ ᠭᠠᠳᠠᠨᠠᠬᠢ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠵᠡᠷᠭᠡ | ᠳᠤᠨᠢ ᠰᠠᠶᠢᠲᠤᠷ ᠭᠦᠢᠴᠡᠳᠬᠡᠬᠦ ᠬᠡᠷᠡᠭᠲᠡᠢ | | ᠶᠢᠰᠦᠳᠦᠭᠡᠷ ᠵᠦᠢᠯ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠤᠪᠢᠶᠠᠷᠢᠯᠠᠨ ᠣᠯᠭᠤᠬᠤ᠂ ᠰᠢᠯᠵᠢᠭᠦᠯᠦᠨ ᠬᠤᠳᠠᠯᠳᠤᠬᠤ᠂ ᠦᠨ᠎ᠡ | ᠲᠣᠭᠲᠠᠭᠠᠨ ᠬᠤᠪᠢ ᠣᠷᠣᠭᠤᠯᠬᠤ ᠵᠡᠷᠭᠡ ᠠᠷᠭ᠎ᠠ ᠪᠠᠷᠢᠯ ᠢᠶᠠᠷ ᠣᠯᠵᠤ ᠪᠣᠯᠤᠨ᠎ᠠ᠃ ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢ ᠣᠨ ᠤ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠬᠠᠩᠭᠠᠯᠭ᠎ᠠ ᠶᠢᠨ ᠲᠥᠯᠥᠪᠯᠡᠭᠡ ᠳᠤ ᠣᠷᠣᠭᠤᠯᠵᠤ᠂ | ᠬᠡᠷᠡᠭᠯᠡᠬᠦ ᠭᠠᠵᠠᠷ ᠰᠢᠷᠣᠶ ᠶᠢᠨ ᠭᠦᠢᠴᠡᠳᠬᠡᠯ ᠲᠤᠭ᠎ᠠ ᠶᠢ ᠠᠰ ᠲᠤᠨᠢ ᠵᠢᠭᠰᠠᠭᠠᠵᠤ᠂ ᠤᠷᠢᠳᠠᠪᠠᠷ ᠬᠠᠩᠭᠠᠨ᠎ᠠ᠃ | | ᠠᠷᠪᠠᠳᠤᠭᠠᠷ ᠵᠦᠢᠯ ᠣᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢᠨ ᠥᠷᠥᠭᠡᠨ ᠤ | ᠵᠠᠭᠪᠤᠷ ᠢ ᠵᠢᠷᠤᠭᠯᠠᠨ ᠲᠥᠯᠥᠪᠯᠡᠬᠦ ᠳᠤ ᠭᠠᠵᠠᠷ ᠬᠥᠳᠡᠯᠦᠯᠲᠡ ᠶᠢ ᠳᠠᠭᠠᠭᠠᠬᠤ ᠰᠡᠷᠭᠡᠶᠢᠯᠡᠯᠲᠡ ᠪᠠᠶᠢᠷᠢᠯᠠᠭᠤᠯᠬᠤ ᠪᠠ | ᠪᠠᠷᠢᠯᠭ᠎ᠠ ᠶᠢᠨ ᠡᠨᠧᠷᠭᠢ ᠠᠷᠪᠢᠯᠠᠬᠤ ᠵᠡᠷᠭᠡ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ | ᠥᠷᠥᠭᠡᠨ ᠤ ᠵᠠᠭᠪᠤᠷ ᠨᠢ ᠪᠠᠭ᠎ᠠ᠂ ᠴᠢᠳᠠᠮᠵᠢ ᠨᠢ ᠪᠦᠷᠢᠨ᠂ ᠴᠢᠨᠠᠷ ᠴᠢᠨᠰᠠᠭ᠎ᠠ ᠨᠢ ᠥᠨᠳᠥᠷ᠂ ᠠᠮᠤᠷ ᠲᠦᠪᠰᠢᠨ | ᠨᠠᠶᠢᠳᠠᠪᠤᠷᠢᠲᠠᠶ ᠪᠠᠶᠢᠬᠤ ᠵᠠᠷᠴᠢᠮ ᠢ ᠪᠠᠷᠢᠮᠲᠠᠯᠠᠨ᠂ ᠡᠯ᠎ᠡ ᠲᠥᠷᠥᠯ ᠤᠨ ᠦᠨᠳᠦᠰᠦᠨ ᠣᠷᠣᠨ ᠰᠠᠭᠤᠴᠠ ᠶᠢᠨ | ᠴᠢᠳᠠᠮᠵᠢ ᠶᠢ ᠪᠦᠲᠦᠮᠵᠢᠲᠡᠶ ᠬᠠᠩᠭᠠᠨ᠎ᠠ᠃ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠵᠠᠷᠴᠢᠮ | ᠳᠡᠭᠡᠷ᠎ᠡ ᠪᠠᠨ 60 ᠺᠦᠸᠠᠳ᠋ ᠮᠧᠲᠷ ᠠᠴᠠ ᠳᠣᠷᠣᠭᠰᠢᠬᠢ ᠵᠢᠵᠢᠭ ᠣᠷᠣᠨ ᠰᠠᠭᠤᠴᠠ ᠪᠠᠷ ᠭᠤᠣᠯ ᠪᠣᠯᠭᠠᠵᠤ᠂ ᠬᠥᠮᠦᠨ | ᠠᠮᠠ ᠪᠠ ᠦᠶ᠎ᠡ ᠶᠢᠨ ᠬᠤᠭᠤᠷᠣᠨᠳᠣᠬᠢ ᠬᠦᠴᠦᠨ ᠵᠦᠢᠯ ᠢ ᠪᠣᠳᠣᠯᠬᠢᠯᠠᠵᠤ᠂ ᠳᠤᠮᠳᠠ ᠬᠡᠯᠪᠡᠷᠢ ᠶᠢᠨ ᠣᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠵᠣᠬᠢᠬᠤ ᠬᠡᠮᠵᠢᠶ᠎ᠡ ᠪᠠᠷ ᠪᠥᠲᠥᠭᠡᠨ ᠪᠠᠶᠢᠭᠤᠯᠵᠤ ᠪᠣᠯᠤᠨ᠎ᠠ᠂ | ᠭᠡᠬᠦ ᠳᠡᠭᠡᠨ ᠵᠠᠷᠴᠢᠮ ᠳᠡᠭᠡᠷ᠎ᠡ ᠪᠠᠨ ᠬᠠᠮᠤᠭ ᠶᠡᠭᠡ ᠳᠡᠭᠡᠨ 80 ᠺᠦᠸᠠᠳ᠋ ᠮᠧᠲᠷ ᠠᠴᠠ ᠬᠡᠲᠦᠷᠡᠭᠦᠯᠵᠦ ᠪᠣᠯᠬᠤ ᠥᠬᠡᠶ᠂ | ᠥᠨᠳᠥᠷ ᠳᠠᠪᠬᠤᠷᠭ᠎ᠠ ᠶᠢ 90 ᠺᠦᠸᠠᠳ᠋ ᠮᠧᠲᠷ ᠤᠨ ᠳᠣᠲᠣᠷ᠎ᠠ ᠬᠦᠷᠲᠡᠯ᠎ᠡ ᠶᠡᠬᠡᠰᠬᠡᠵᠦ ᠪᠣᠯᠤᠨ᠎ᠠ᠂ ᠳᠤᠮᠳᠠ | ᠬᠡᠯᠪᠡᠷᠢ ᠶᠢᠨ ᠣᠷᠣᠨ ᠰᠠᠭᠤᠴᠠ ᠶᠢᠨ ᠲᠤᠭ᠎ᠠ ᠬᠡᠮᠵᠢᠶ᠎ᠡ ᠶᠢ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢᠨ ᠶᠡᠷᠦᠩᠬᠡᠶ ᠬᠡᠮᠵᠢᠶ᠎ᠡ ᠶᠢᠨ 15% ᠶᠢᠨ ᠳᠣᠲᠣᠷ᠎ᠠ ᠴᠢᠩᠭ᠎ᠠ ᠬᠢᠵᠠᠭᠠᠷᠯᠠᠵᠤ᠂ ᠲᠥᠷᠥᠯ ᠵᠦᠢᠯ ᠤᠨ | ᠳᠣᠲᠣᠷᠠᠬᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠳᠤᠮᠳᠠᠴᠢ ᠲᠠᠯᠠᠪᠠᠶ ᠶᠢ 60 ᠺᠦᠸᠠᠳ᠋ | ᠮᠧᠲᠷ ᠤᠨ ᠣᠷᠴᠢᠮ ᠬᠢᠵᠠᠭᠠᠷᠯᠠᠨ᠎ᠠ᠃ | | ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠳᠤ ᠲᠥᠬᠦᠮ ᠪᠥᠭᠡᠳ ᠣᠷᠴᠢᠨ ᠠᠬᠤᠶ ᠶᠢ | ᠬᠠᠮᠠᠭᠠᠯᠠᠬᠤ ᠦᠨᠳᠦᠰᠦᠨ ᠵᠠᠰᠠᠯ ᠴᠢᠮᠡᠭᠯᠡᠯ ᠢ ᠬᠠᠩᠭᠠᠵᠤ᠂ ᠣᠷᠣᠵᠤ ᠰᠠᠭᠤᠬᠤ ᠨᠥᠬᠦᠴᠡᠯ ᠢ ᠪᠦᠷᠢᠳᠦᠭᠦᠯᠦᠭᠰᠡᠨ | ᠪᠠᠶᠢᠨ᠎ᠠ᠃ ᠪᠦᠲᠦᠭᠡᠨ ᠪᠠᠶᠢᠭᠤᠯᠤᠯᠲᠠ ᠶᠢ ᠨᠠᠭᠠᠳᠤ ᠵᠠᠬ᠎ᠠ ᠳᠠᠭᠠᠨ ᠨᠢᠭᠡ ᠣᠳᠣᠨ ᠳᠡᠰ ᠤᠨ ᠪᠣᠬᠢᠷᠲᠤᠯ ᠦᠭᠡᠢ | ᠪᠠᠷᠢᠯᠭ᠎ᠠ ᠶᠢ ᠦᠨᠡᠯᠡᠬᠦ ᠪᠠᠷᠢᠮᠵᠢᠶ᠎ᠠ ᠳᠤ ᠬᠦᠷᠦᠭᠦᠯᠵᠦ᠂ ᠨᠡᠩ ᠥᠨᠳᠥᠷ ᠣᠳᠣᠨ ᠳᠡᠰ ᠤᠨ ᠪᠣᠬᠢᠷᠲᠤᠯ ᠦᠭᠡᠢ | ᠪᠠᠷᠢᠯᠭ᠎ᠠ ᠲᠡᠰᠢ ᠬᠥᠭᠵᠢᠭᠦᠯᠬᠦ ᠶᠢ ᠵᠣᠷᠢᠭᠵᠢᠭᠤᠯᠵᠤ᠂ ᠡᠷᠬᠡᠪᠰᠢ ᠨᠡᠷᠡᠨ ᠡᠨᠧᠷᠭᠢ ᠶᠢᠨ ᠠᠮᠢᠳᠤᠷᠠᠯ ᠤᠨ ᠬᠠᠯᠠᠭᠤᠨ | ᠤᠰᠤᠨ ᠤ ᠰᠢᠰᠲ᠋ᠧᠮ ᠢ ᠵᠢᠷᠤᠵᠤ ᠲᠥᠯᠥᠪᠯᠡᠨ ᠤᠭᠰᠠᠷᠠᠵᠤ᠂ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ | ᠬᠢᠭᠡᠳ ᠨᠡᠷᠡᠨ ᠡᠨᠧᠷᠭᠢ ᠶᠢᠨ ᠬᠠᠯᠠᠭᠤᠨ ᠤᠰᠤᠨ ᠤ ᠰᠢᠰᠲ᠋ᠧᠮ ᠢ ᠨᠢᠭᠡᠳᠦᠯᠲᠡᠶ ᠵᠢᠷᠤᠵᠤ ᠲᠥᠯᠥᠪᠯᠡᠨ᠂ ᠨᠢᠭᠡᠳᠦᠯᠲᠡᠶ | ᠪᠠᠷᠢᠵᠤ᠂ ᠨᠢᠭᠡᠳᠦᠯᠲᠡᠶ ᠰᠢᠯᠭᠠᠨ ᠠᠪᠬᠤ ᠶᠢ ᠪᠡᠶᠡᠯᠡᠭᠦᠯᠬᠦ ᠬᠡᠷᠡᠭᠲᠡᠶ᠃ | | ᠠᠷᠪᠠᠨ ᠨᠢᠭᠡᠳᠦᠭᠡᠷ ᠵᠦᠢᠯ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠥᠳᠥᠭᠡᠨ | ᠪᠠᠶᠢᠭᠤᠯᠤᠯᠲᠠ ᠳᠤ ᠬᠤᠯᠪᠣᠭᠳᠠᠬᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠ | ᠵᠠᠰᠠᠭ ᠤᠨ ᠣᠷᠳᠣᠨ ᠤ ᠴᠢᠨᠠᠷᠲᠠᠶ ᠨᠥᠭᠡᠴᠡ ᠮᠥᠩᠭᠦ ᠳᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ | ᠪᠥᠳᠥᠭᠡᠨ ᠪᠠᠶᠢᠭᠤᠯᠤᠯᠲᠠ ᠶᠢᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠬᠤᠯᠪᠣᠭᠳᠠᠬᠤ ᠬᠠᠷᠠᠭᠠᠯᠵᠠᠯ ᠤᠨ | ᠲᠥᠷᠥ ᠶᠢᠨ ᠪᠤᠳᠤᠯᠭ᠎ᠠ ᠶᠢ ᠬᠥᠷᠳᠡᠵᠤ᠂ ᠬᠤᠳᠠ ᠶᠢᠨ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠵᠠᠷᠤᠳᠠᠯ | ᠵᠡᠷᠭᠡ ᠡᠯ᠎ᠡ ᠲᠥᠷᠥᠯ ᠤᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠ ᠵᠠᠰᠠᠭ ᠤᠨ | ᠣᠷᠳᠣᠨ ᠤ ᠴᠢᠨᠠᠷᠲᠠᠶ ᠨᠥᠭᠡᠴᠡ ᠮᠥᠩᠭᠦ ᠠᠴᠠ ᠬᠡᠯᠲᠦᠷᠢᠭᠦᠯᠵᠦ ᠪᠣᠯᠤᠨ᠎ᠠ᠃ | | ᠠᠷᠪᠠᠨ ᠬᠤᠶᠠᠳᠤᠭᠠᠷ ᠵᠦᠢᠯ ᠣᠯᠠᠨ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ | ᠪᠥᠲᠥᠭᠡᠨ ᠪᠠᠶᠢᠭᠤᠯᠤᠯᠲᠠ ᠳᠤ ︽ᠬᠡᠨ ᠪᠠᠯᠠ ᠣᠷᠣᠭᠤᠯᠪᠠᠯ ᠲᠡᠷᠡ ᠥᠮᠴᠢᠯᠡᠬᠦ︾ ᠶᠢ ᠬᠡᠷᠡᠭᠵᠢᠭᠦᠯᠬᠦ ᠶᠢᠨ ᠬᠠᠮᠲᠤ᠂ | ︽ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︾ ᠳᠡᠭᠡᠷ᠎ᠡ ᠣᠯᠠᠨ ᠨᠡᠶᠢᠲᠡ ᠶᠢᠨ ᠲᠦᠷᠢᠶᠡᠰᠦᠯᠡᠯ ᠤᠨ | ᠣᠷᠣᠨ ᠰᠠᠭᠤᠴᠠ ᠶᠢᠨ ᠰᠢᠨᠵᠢ ᠴᠢᠨᠠᠷ ᠵᠢᠴᠢ ᠥᠮᠴᠢᠯᠡᠯ ᠤᠨ ᠡᠷᠬᠡᠲᠦ ᠬᠥᠮᠦᠨ ᠢ ᠲᠣᠳᠣᠷᠬᠠᠶ ᠲᠡᠮᠳᠡᠭᠯᠡᠬᠦ ᠬᠡᠷᠡᠭᠲᠡᠶ︔ | ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠰᠢᠨᠵᠢ ᠴᠢᠨᠠᠷ ᠨᠢ ᠬᠤᠪᠢᠷᠠᠬᠤ ᠦᠭᠡᠢ ᠤᠷᠢᠲᠠᠯ | ᠳᠣᠣᠷ᠎ᠠ᠂ ᠬᠡᠷᠪᠡ ᠪᠡᠯᠡ ᠣᠷᠣᠭᠤᠯᠤᠭᠴᠢ ᠶᠢᠨ ᠡᠷᠬᠡ ᠠᠰᠢᠭ ᠲᠤ ᠬᠠᠷᠢᠶᠠᠯᠠᠭᠳᠠᠪᠠᠯ ᠬᠠᠤᠯᠢ ᠲᠣᠭᠲᠠᠭᠠᠯ ᠤᠨ | ᠵᠢᠭᠠᠯᠲᠠ ᠶᠢᠨ ᠳᠠᠭᠠᠤ ᠰᠢᠯᠵᠢᠭᠦᠯᠦᠨ ᠥᠭᠴᠦ ᠪᠣᠯᠤᠨ᠎ᠠ᠃ | | | | ᠭᠤᠷᠪᠠᠳᠤᠭᠠᠷ ᠪᠦᠯᠦᠭ ᠣᠷᠣᠬᠤ ᠶᠢ ᠵᠥᠪᠰᠢᠶᠡᠷᠡᠬᠦ ᠨᠥᠬᠦᠴᠡᠯ | | ᠠᠷᠪᠠᠨ ᠭᠤᠷᠪᠠᠳᠤᠭᠠᠷ ᠵᠦᠢᠯ ᠬᠤᠶᠠᠷ ᠭᠡᠷ ᠪᠠᠶᠢᠰᠢᠩ ᠢ ᠨᠡᠶᠢᠯᠡᠭᠦᠯᠦᠭᠰᠡᠨ ᠤ ᠳᠠᠷᠠᠭ᠎ᠠ᠂ ᠨᠢᠭᠡᠳᠦᠯᠲᠡᠶ | ᠪᠦᠲᠦᠭᠡᠨ ᠪᠠᠶᠢᠭᠤᠯᠬᠤ᠂ ᠨᠢᠭᠡᠳᠦᠯᠲᠡᠶ ᠬᠦᠯᠢᠶᠡᠨ ᠠᠪᠴᠤ ᠰᠢᠢᠳᠪᠦᠷᠢᠯᠡᠬᠦ᠂ ᠨᠢᠭᠡᠳᠦᠯᠲᠡᠶ ᠬᠠᠮᠢᠶᠠᠷᠴᠤ | ᠵᠣᠬᠢᠴᠠᠭᠤᠯᠬᠤ ᠠᠵᠢᠯ ᠢ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢ ᠭᠤᠤᠯᠳᠠᠭᠤ ᠬᠤᠲᠠ ᠪᠠᠯᠭᠠᠰᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠣᠨᠴᠠ | ᠬᠦᠴᠢᠷᠳᠡᠯᠲᠡᠶ ᠬᠥᠮᠦᠰ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠡᠷᠦᠬᠡ᠂ ᠬᠥᠮᠦᠨ | ᠳᠤᠮᠳᠠᠴᠢ ᠶᠢᠨ ᠰᠠᠷ᠎ᠠ ᠶᠢᠨ ᠣᠷᠣᠯᠭ᠎ᠠ ᠨᠢ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ 3 ᠳᠠᠬᠢᠨ ᠳᠣᠤᠷ᠎ᠠ ᠬᠡᠷ ᠪᠦᠯᠢ ᠳᠤ ᠬᠠᠨᠳᠤᠭᠤᠯᠵᠤ᠂ ᠬᠤᠲᠠ ᠳᠤ | ᠨᠡᠭᠦᠯᠭᠡᠵᠦ ᠣᠷᠣᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ | ᠡᠷᠦᠬᠡ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ ᠬᠥᠳᠡᠭᠡ ᠲᠣᠰᠬᠤᠨ ᠤ ᠲᠠᠷᠠᠬᠠᠶ ᠠᠰᠠᠷᠠᠨ | ᠠᠷᠠᠴᠢᠯᠠᠵᠤ ᠪᠠᠶᠢᠭ᠎ᠠ ᠣᠨᠴᠠ ᠬᠦᠴᠢᠷᠳᠡᠯᠲᠡᠶ ᠬᠥᠮᠦᠰ ᠪᠠ ᠶᠠᠳᠠᠭᠤ ᠬᠦᠴᠢᠷᠳᠡᠯᠲᠡᠶ ᠵᠡᠮᠳᠡᠭᠴᠦᠳ ᠤᠨ ᠬᠡᠷ ᠪᠦᠯᠢ ︵ | ᠴᠢᠨᠠᠭᠰᠢᠳᠠ ᠨᠡᠭᠦᠯᠭᠡᠵᠦ ᠬᠤᠲᠠ ᠳᠤ ᠣᠷᠣᠭᠤᠯᠤᠭᠰᠠᠨ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ | ᠵᠡᠷᠭᠡ ᠳᠥᠷᠪᠡᠨ ᠲᠥᠷᠥᠯ ᠤᠨ ᠭᠤᠤᠯᠳᠠᠯᠭ᠎ᠠ ᠲᠠᠢ ᠡᠲᠡᠭᠡᠳ ᠭᠡᠵᠦ ᠲᠣᠪᠴᠢᠯᠠᠨ᠎ᠠ︶︔ ᠠᠵᠢᠯ ᠣᠯᠤᠭᠰᠠᠨ | ᠠᠵᠢᠯᠲᠠᠨ ᠠᠵᠢᠯᠴᠢᠨ ︵ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠪᠠᠭᠲᠠᠨ᠎ᠠ︶᠂ | ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠭᠰᠡᠳ ᠤᠨ ᠪᠠᠲᠤᠯᠠᠭ᠎ᠠ᠃ | | ᠨᠥᠬᠦᠴᠡᠯ ᠳᠤ ᠨᠡᠶᠢᠴᠡᠬᠦ ᠰᠤᠮᠤ ᠪᠠᠯᠭᠠᠰᠤᠨ ᠤ ᠪᠠᠭᠰᠢ᠂ ᠡᠮᠨᠡᠯᠭᠡ ᠶᠢᠨ ᠠᠵᠢᠯᠲᠠᠨ᠂ ᠴᠢᠳᠠᠪᠤᠷᠢᠲᠠᠨ | ᠣᠷᠣᠭᠤᠯᠤᠨ ᠠᠪᠴᠢᠷᠠᠬᠤ ᠵᠡᠷᠭᠡ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠵᠠᠬᠢᠷᠭ᠎ᠠ ᠠᠴᠠ ᠵᠢᠭᠠᠭᠰᠠᠨ | ᠭᠤᠤᠯᠳᠠᠯᠭ᠎ᠠ ᠲᠠᠢ ᠬᠠᠮᠲᠤᠯᠢᠭ ᠴᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠭᠤᠶᠤᠴᠢᠯᠠᠵᠤ | ᠪᠣᠯᠤᠨ᠎ᠠ᠃ | | ᠠᠷᠪᠠᠨ ᠳᠥᠷᠪᠡᠳᠦᠭᠡᠷ ᠵᠦᠢᠯ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠬᠦᠰᠡᠯᠲᠡ | ᠭᠠᠷᠭᠠᠬᠤ ᠪᠡᠶᠡᠴᠢ ᠴᠣᠭᠴᠠ ᠶᠢ ᠬᠤᠶᠠᠷ ᠲᠦᠷᠦᠯ ᠳᠤ ᠬᠤᠪᠢᠶᠠᠨ᠎ᠠ᠄ ᠨᠢᠭᠡ ᠳᠤ ᠭᠡᠷ ᠪᠦᠯᠢ ᠶᠢᠨ ᠬᠦᠰᠡᠯᠲᠡ | ᠭᠠᠷᠭᠠᠬᠤ ᠪᠡᠶᠡᠴᠢ ᠴᠣᠭᠴᠠ ᠪᠣᠯᠤᠨ᠎ᠠ᠂ ᠡᠭᠦᠨ ᠳᠤ ᠡᠷᠦᠭᠡ ᠶᠢᠨ ᠡᠵᠡᠨ ᠪᠤᠶᠤ ᠢᠷᠭᠡᠨ ᠤ ᠬᠡᠷᠡᠭ ᠤᠨ ᠪᠦᠷᠢᠨ | ᠠᠵᠢᠯᠯᠠᠭ᠎ᠠ ᠶᠢᠨ ᠴᠢᠳᠠᠪᠤᠷᠢ ᠲᠠᠢ ᠭᠡᠷ ᠪᠦᠯᠢ ᠶᠢᠨ ᠪᠦᠷᠢᠯᠳᠦᠬᠦᠨ ᠳᠤ ᠨᠠᠶᠢᠳᠠᠵᠤ ᠬᠦᠰᠡᠯᠲᠡ ᠭᠠᠷᠭᠠᠯᠭᠠᠨ᠎ᠠ︔ | ᠬᠤᠶᠠᠷ ᠲᠤ ᠨᠢᠭᠡᠴᠢ ᠶᠢᠨ ᠬᠠᠤᠯᠢ ᠪᠠᠷ ᠵᠢᠭᠠᠭᠰᠠᠨ ᠲᠥᠯᠥᠭᠡᠯᠡᠭᠴᠢ ᠪᠤᠶᠤ ᠨᠢᠭᠡᠴᠢ ᠶᠢᠨ ᠬᠠᠤᠯᠢ ᠪᠠᠷ ᠵᠢᠭᠠᠭᠰᠠᠨ | ᠲᠥᠯᠥᠭᠡᠯᠡᠭᠴᠢ ᠠᠴᠠ ᠣᠷᠣᠯᠠᠭᠴᠢ ᠳᠤ ᠨᠠᠶᠢᠳᠠᠵᠤ ᠬᠦᠰᠡᠯᠲᠡ ᠭᠠᠷᠭᠠᠭᠤᠯᠤᠨ᠎ᠠ᠃ | | ᠠᠷᠪᠠᠨ ᠲᠠᠪᠤᠳᠤᠭᠠᠷ ᠵᠦᠢᠯ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠡᠷᠦᠬᠡ᠂ ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠵᠠᠬ᠎ᠠ ᠬᠢᠵᠠᠭᠠᠷ ᠤᠨ ᠡᠷᠦᠬᠡ᠂ ᠬᠥᠮᠦᠨ ᠪᠦᠷᠢ ᠶᠢᠨ ᠳᠤᠮᠳᠠᠴᠢ ᠰᠠᠷ᠎ᠠ ᠶᠢᠨ ᠣᠷᠣᠯᠭ᠎ᠠ ᠨᠢ ᠬᠤᠲᠠ ᠪᠠᠯᠭᠠᠰᠤᠨ ᠤ | ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 3 ᠳᠠᠬᠢᠨ ᠠᠴᠠ | ᠳᠣᠤᠷ᠎ᠠ ᠪᠠᠶᠢᠭ᠎ᠠ ᠬᠡᠷ ᠪᠦᠯᠢ ᠨᠢ ᠳᠠᠷᠠᠭᠠᠬᠢ ᠨᠥᠬᠦᠴᠡᠯ ᠳᠤ ᠵᠡᠷᠭᠡᠪᠡᠷ ᠨᠡᠶᠢᠴᠡᠭᠰᠡᠨ ᠪᠠᠶᠢᠨ᠎ᠠ᠄ | | ︵ᠨᠢᠭᠡ︶ ᠬᠦᠰᠡᠯᠲᠡ ᠭᠠᠷᠭᠠᠭᠴᠢ ᠨᠢ ᠠᠯᠠᠱᠠ ᠵᠡᠭᠦᠨ ᠬᠤᠰᠢᠭᠤᠨ ᠤ ᠬᠤᠲᠠ ᠪᠠᠯᠭᠠᠰᠤᠨ ᠤ ᠡᠷᠦᠬᠡ | ᠠᠮᠠ ᠶᠢᠨ ᠲᠠᠩᠰᠠ ᠲᠠᠢ ᠪᠥᠭᠡᠳ ᠪᠠᠶᠠᠨᠬᠤᠲᠠ ᠪᠠᠯᠭᠠᠰᠤᠨ ᠳᠤ ᠰᠠᠭᠤᠷᠢᠰᠢᠨ᠎ᠠ︔ | | ︵ᠬᠤᠶᠠᠷ︶ ᠬᠤᠰᠢᠭᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠤᠲᠠ ᠪᠠᠯᠭᠠᠰᠤᠨ ᠤ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠣᠨᠴᠠ ᠬᠦᠴᠢᠷᠳᠡᠯᠲᠡᠶ ᠬᠥᠮᠦᠰ᠂ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠵᠠᠬ᠎ᠠ ᠬᠢᠵᠠᠭᠠᠷ ᠤᠨ ᠡᠷᠦᠬᠡ ᠳᠤ ᠬᠠᠷᠢᠶᠠᠯᠠᠭᠳᠠᠬᠤ ᠪᠠᠷ ᠮᠠᠭᠠᠳᠯᠠᠨ ᠵᠢᠭᠠᠭᠰᠠᠨ᠂ ᠬᠥᠮᠦᠨ | ᠳᠤᠮᠳᠠᠴᠢ ᠶᠢᠨ ᠰᠠᠷ᠎ᠠ ᠶᠢᠨ ᠣᠷᠣᠯᠭ᠎ᠠ ᠨᠢ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ 3 ᠳᠠᠬᠢᠨ ᠠᠴᠠ ᠳᠣᠤᠷ᠎ᠠ ᠬᠡᠷ ᠪᠦᠯᠢ ᠶᠢᠨ ᠬᠡᠪᠴᠢᠶᠡᠨ ᠳᠤ | ᠪᠠᠶᠢᠬᠤ︔ | | ︵ᠭᠤᠷᠪᠠ︶ ᠬᠦᠰᠡᠯᠲᠡ ᠭᠠᠷᠭᠠᠭᠴᠢ ᠨᠢ ᠬᠡᠷ ᠪᠠᠶᠢᠰᠢᠩ ᠥᠬᠡᠶ ᠪᠤᠶᠤ ᠣᠷᠣᠨ ᠰᠠᠭᠤᠴᠠ ᠶᠢᠨ ᠲᠠᠯᠠᠪᠠᠶ ᠨᠢ | ᠬᠥᠮᠦᠨ ᠪᠦᠷᠢ ᠳᠤ ᠳᠤᠮᠳᠠᠴᠢ ᠪᠠᠷ 17 ᠺᠦᠸᠠᠳ᠋ ᠮᠧᠲᠷ ᠠᠴᠠ ᠳᠤᠲᠠᠭᠤ ᠪᠠᠶᠢᠬᠤ︔ | | ︵ᠲᠥᠷᠪᠡ︶ ᠬᠦᠰᠡᠯᠲᠡ ᠭᠠᠷᠭᠠᠭᠴᠢ ᠨᠢ ᠨᠡᠶᠢᠲᠡ ᠶᠢᠨ ᠥᠮᠴᠢᠯᠡᠯ ᠤᠨ ᠣᠷᠣᠨ ᠰᠠᠭᠤᠴᠠ ᠶᠢ ᠡᠳ᠋ᠯᠡᠵᠦ | ᠥᠩᠭᠡᠷᠡᠭᠰᠡᠨ ᠥᠭᠡᠢ ᠮᠥᠷᠲᠡᠭᠡᠨ ᠶᠠᠮᠠᠷᠪᠠ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠡᠳ᠋ᠯᠡᠵᠦ | ᠥᠩᠭᠡᠷᠡᠭᠰᠡᠨ ᠥᠭᠡᠢ︔ | | ︵ᠲᠠᠪᠤ︶ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠵᠢᠭᠠᠭᠰᠠᠨ ᠪᠤᠰᠤᠳ ᠨᠥᠬᠦᠴᠡᠯ | ᠃ | | ᠠᠷᠪᠠᠨ ᠵᠢᠷᠭᠤᠳᠤᠭᠠᠷ ᠵᠦᠢᠯ ᠠᠯᠠᠱᠠ ᠵᠡᠭᠦᠨ ᠬᠤᠰᠢᠭᠤᠨ ᠤ ᠬᠤᠲᠠ ᠳᠤ ᠨᠡᠭᠦᠵᠦ ᠤᠷᠤᠭᠰᠠᠨ | ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠵᠡᠷᠭᠡ ᠳᠥᠷᠪᠡᠨ ᠲᠥᠷᠥᠯ ᠤᠨ ᠭᠤᠤᠯᠳᠠᠯᠭ᠎ᠠ ᠲᠠᠢ | ᠡᠲᠡᠭᠡᠳ ᠨᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠬᠦᠰᠡᠯᠲᠡ ᠭᠠᠷᠭᠠᠬᠤ ᠳᠤ᠂ ᠳᠠᠷᠠᠭᠠᠬᠢ | ᠨᠥᠬᠦᠴᠡᠯ ᠳᠤ ᠵᠡᠷᠭᠡ ᠳᠤᠨᠢ ᠨᠡᠶᠢᠴᠡᠭᠰᠡᠨ ᠪᠠᠶᠢᠨ᠎ᠠ᠄ | | ︵ᠨᠢᠭᠡ︶ ᠬᠤᠰᠢᠭᠤᠨ ᠤ ᠠᠷᠠᠳ ᠤᠨ ᠶᠠᠪᠤᠳᠠᠯ ᠵᠢᠴᠢ ᠬᠤᠰᠢᠭᠤᠨ ᠤ ᠶᠠᠳᠠᠭᠤᠰ ᠢ ᠲᠡᠳᠬᠦᠬᠦ ᠰᠠᠯᠠᠭ᠎ᠠ | ᠮᠥᠴᠢᠷ ᠠᠴᠠ ᠬᠤᠲᠠ ᠳᠤ ᠨᠡᠭᠦᠵᠦ ᠤᠷᠤᠭᠰᠠᠨ ᠳᠠᠩᠰᠠᠯᠠᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯᠲᠡᠶ | ᠡᠷᠦᠬᠡ ᠵᠡᠷᠭᠡ ᠳᠥᠷᠪᠡᠨ ᠲᠥᠷᠥᠯ ᠤᠨ ᠭᠤᠤᠯᠳᠠᠯᠭ᠎ᠠ ᠲᠠᠢ ᠡᠲᠡᠭᠡᠳ ᠤᠨ ᠬᠡᠪᠴᠢᠶᠡᠨ ᠳᠤ ᠬᠠᠷᠢᠶᠠᠯᠠᠭᠳᠠᠬᠤ ᠶᠢ | ᠮᠠᠭᠠᠳᠯᠠᠨ ᠵᠢᠭᠠᠭᠰᠠᠨ︔ | | ︵ᠬᠤᠶᠠᠷ︶ ᠬᠦᠰᠡᠯᠲᠡ ᠭᠠᠷᠭᠠᠭᠴᠢ ᠨᠢ ᠪᠠᠶᠠᠨᠬᠤᠲᠠ ᠪᠠᠯᠭᠠᠰᠤ ᠳᠤ ᠰᠠᠭᠤᠬᠤ ᠬᠡᠷ ᠥᠬᠡᠶ᠂ ᠬᠢᠮᠳᠠ | ᠲᠣᠬᠢᠯᠢᠭ ᠣᠷᠣᠨ ᠰᠠᠭᠤᠴᠠ᠂ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ᠂ ᠨᠡᠭᠦᠳᠡᠯ ᠮᠠᠯᠴᠢᠳ ᠢ | ᠰᠠᠭᠤᠷᠢᠰᠢᠭᠤᠯᠬᠤ ᠢᠨᠵᠧᠨᠧᠷᠢᠩ᠂ ᠠᠮᠢ ᠠᠬᠤᠶ ᠶᠢᠨ ᠬᠡᠪᠡᠷᠡᠭ ᠣᠷᠣᠨ ᠤ ᠠᠷᠠᠳ ᠢ ᠰᠢᠯᠵᠢᠭᠦᠯᠦᠨ ᠶᠠᠳᠠᠭᠤᠰ ᠢ | ᠲᠡᠳᠬᠦᠬᠦ ᠢᠨᠵᠧᠨᠧᠷᠢᠩ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠵᠡᠷᠭᠡ | ᠲᠥᠷᠥᠯ ᠵᠦᠢᠯ ᠤᠨ ᠲᠥᠪᠬᠢᠨᠡᠭᠦᠯᠬᠦ ᠲᠥᠷᠥ ᠶᠢᠨ ᠪᠣᠳᠣᠯᠭ᠎ᠠ ᠶᠢ ᠭᠥᠷᠳᠡᠵᠦ ᠥᠩᠭᠡᠷᠡᠭᠰᠡᠨ ᠥᠬᠡᠶ︔ | | ᠲᠠᠶᠢᠯᠪᠤᠷᠢ᠄ ᠬᠦᠰᠡᠯᠲᠡ ᠭᠠᠷᠭᠠᠭᠴᠢ ᠶᠢᠨ ᠬᠦᠨᠳᠦ ᠨᠣᠴᠢᠲᠠᠢ ᠡᠪᠡᠳᠴᠢᠨ ᠠᠴᠠ ᠪᠣᠯᠵᠣ ᠶᠠᠳᠠᠭᠤᠷᠠᠭᠠᠳ | ᠬᠥᠳᠡᠯᠮᠦᠷᠢᠯᠡᠬᠦ ᠴᠢᠳᠠᠪᠤᠷᠢ ᠥᠬᠡᠶ ᠪᠣᠯᠤᠭᠰᠠᠨ ᠬᠥᠮᠦᠨ ︵ᠬᠤᠶᠠᠷ︶ ᠳ᠋ᠤᠭᠠᠷ ᠵᠤᠷᠪᠤᠰ ᠲᠤ ᠬᠢᠵᠠᠭᠠᠷᠯᠠᠭᠳᠠᠬᠤ ᠥᠬᠡᠶ | ᠃ | | ᠠᠷᠪᠠᠨ ᠳᠣᠯᠣᠳᠤᠭᠠᠷ ᠵᠦᠢᠯ ᠠᠵᠢᠯ ᠣᠯᠤᠭᠰᠠᠳ ᠤᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢ ᠬᠦᠰᠡᠯᠲᠡ ᠭᠠᠷᠭᠠᠬᠤ ᠳᠤ ᠳᠠᠷᠠᠭᠠᠬᠢ ᠵᠢᠭᠰᠠᠭᠠᠭᠰᠠᠨ ᠨᠥᠬᠦᠴᠡᠯ ᠳᠤ ᠬᠠᠮᠲᠤ ᠳᠤᠨᠢ ᠨᠡᠶᠢᠴᠡᠭᠰᠡᠨ | ᠪᠠᠶᠢᠨ᠎ᠠ᠄ | | ︵ᠨᠢᠭᠡ︶ ᠬᠦᠰᠡᠯᠲᠡ ᠭᠠᠷᠭᠠᠭᠴᠢ ᠪᠦᠬᠦᠯᠢ 18 ᠨᠠᠰᠤ ᠬᠦᠷᠦᠭᠰᠡᠨ︔ | | ︵ᠬᠤᠶᠠᠷ︶ ᠬᠦᠰᠡᠯᠲᠡ ᠭᠠᠷᠭᠠᠭᠴᠢ ᠨᠢ ᠪᠠᠶᠠᠨᠬᠤᠲᠠ ᠪᠠᠯᠭᠠᠰᠤᠨ ᠳᠤ ᠰᠠᠭᠤᠷᠢᠰᠢᠨ᠎ᠠ︔ | | ︵ᠭᠤᠷᠪᠠ︶ ᠬᠦᠰᠡᠯᠲᠡ ᠭᠠᠷᠭᠠᠭᠴᠢ ᠨᠢ ᠪᠠᠶᠠᠨᠬᠤᠲᠠ ᠪᠠᠯᠭᠠᠰᠤᠨ ᠳᠤ ᠣᠷᠣᠨ ᠰᠠᠭᠤᠴᠠ ᠥᠬᠡᠶ᠂ ᠶᠠᠮᠠᠷᠪᠠ | ᠬᠡᠯᠪᠡᠷᠢ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠥᠯᠥ ᠬᠦᠷᠲᠡᠭᠡᠭᠰᠡᠨ ᠪᠠᠶᠢᠬᠤ︔ | | | ︵ᠳᠥᠷᠪᠡ︶ ᠬᠦᠰᠡᠯᠲᠡ ᠭᠠᠷᠭᠠᠭᠴᠢ ᠨᠢ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ | ᠲᠣᠭᠤᠷᠢᠭ ᠤᠨ ᠠᠵᠢᠯᠴᠢᠨ ᠬᠡᠷᠡᠭᠯᠡᠬᠦ ᠨᠢᠭᠡᠴᠢ ᠲᠠᠢ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ | ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠢ ᠪᠦᠬᠦᠯᠢ 6 ᠳ᠋ᠤᠭᠠᠷ ᠰᠠᠷ᠎ᠠ ᠠᠴᠠ | ᠳᠡᠭᠡᠭᠰᠢ ᠲᠤᠰᠢᠶᠠᠭᠰᠠᠨ ᠪᠠᠶᠢᠬᠤ ᠬᠡᠷᠡᠭᠲᠡᠢ︔ | | ︵ᠲᠠᠪᠤ︶ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠵᠢᠭᠠᠭᠰᠠᠨ ᠪᠤᠰᠤᠳ ᠨᠥᠬᠦᠴᠡᠯ | ᠃ | | ᠰᠢᠶᠠᠩ ᠪᠠᠯᠭᠠᠰᠤᠨ ᠤ ᠪᠠᠭᠰᠢ᠂ ᠡᠮᠨᠡᠯᠭᠡ ᠶᠢᠨ ᠠᠵᠢᠯᠳᠠᠨ᠂ ᠴᠢᠳᠠᠪᠤᠷᠢᠲᠠᠨ ᠣᠷᠣᠭᠤᠯᠵᠤ ᠢᠷᠡᠬᠦ ᠵᠡᠷᠭᠡ | ᠬᠠᠮᠲᠤᠯᠢᠭ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠬᠦᠰᠡᠯᠲᠡ ᠭᠠᠷᠭᠠᠬᠤ ᠳᠠᠭᠠᠨ ᠳᠡᠭᠡᠷ᠎ᠡ ᠳᠤᠷᠠᠳᠤᠭᠰᠠᠨ | ᠨᠥᠬᠦᠴᠡᠯ ᠳᠤ ᠬᠠᠮᠲᠤ ᠳᠤᠨᠢ ᠨᠡᠶᠢᠴᠡᠭᠰᠡᠨ ᠪᠠᠶᠢᠨ᠎ᠠ ᠪᠥᠭᠡᠳ ᠣᠷᠣᠭᠤᠯᠵᠤ ᠢᠷᠡᠬᠦ ᠨᠢᠭᠡᠴᠢ ᠪᠤᠶᠤ | ᠪᠠᠶᠢᠭᠤᠯᠤᠮᠵᠢ ᠠᠴᠠ ᠭᠡᠷᠡᠴᠢ ᠭᠠᠷᠭᠠᠵᠤ ᠥᠭᠬᠦ ᠬᠡᠷᠡᠭᠲᠡᠶ᠃ | | ᠠᠷᠪᠠᠨ ᠨᠠᠢᠮᠠᠳᠤᠭᠠᠷ ᠵᠦᠢᠯ ᠭᠠᠳᠠᠨ᠎ᠠ ᠠᠴᠠ ᠢᠷᠡᠵᠦ ᠬᠥᠯᠥᠰᠥᠨ ᠠᠵᠢᠯ ᠬᠢᠭᠰᠡᠳ ᠤᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢ ᠬᠦᠰᠡᠯᠲᠡ ᠭᠠᠷᠭᠠᠬᠤ ᠳᠤ ᠳᠠᠷᠠᠭᠠᠬᠢ ᠵᠢᠭᠰᠠᠭᠠᠭᠰᠠᠨ ᠨᠥᠬᠦᠴᠡᠯ ᠳᠤ | ᠬᠠᠮᠲᠤ ᠳᠤᠨᠢ ᠨᠡᠶᠢᠴᠡᠭᠰᠡᠨ ᠪᠠᠶᠢᠨ᠎ᠠ᠄ | | ︵ᠨᠢᠭᠡ︶ ᠬᠦᠰᠡᠯᠲᠡ ᠭᠠᠷᠭᠠᠭᠴᠢ ᠪᠦᠬᠦᠯᠢ 18 ᠨᠠᠰᠤ ᠬᠦᠷᠦᠭᠰᠡᠨ︔ | | ︵ᠬᠤᠶᠠᠷ︶ ᠬᠦᠰᠡᠯᠲᠡ ᠭᠠᠷᠭᠠᠭᠴᠢ ᠨᠢ ᠪᠠᠶᠠᠨᠬᠤᠲᠠ ᠪᠠᠯᠭᠠᠰᠤᠨ ᠳᠤ ᠰᠠᠭᠤᠷᠢᠰᠢᠨ᠎ᠠ︔ | | ︵ᠭᠤᠷᠪᠠ︶ ᠬᠦᠰᠡᠯᠲᠡ ᠭᠠᠷᠭᠠᠭᠴᠢ ᠶᠢᠨ ᠣᠷᠣᠯᠭ᠎ᠠ ᠨᠢ ᠠᠯᠠᠱᠠ ᠵᠡᠭᠦᠨ ᠬᠤᠰᠢᠭᠤᠨ ᠤ ᠳᠡᠭᠡᠷ᠎ᠡ ᠵᠢᠯ ᠤᠨ | ᠬᠤᠲᠠ ᠪᠠᠯᠭᠠᠰᠤᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠪᠠᠷᠢᠮᠵᠢᠶ᠎ᠠ ᠱᠤᠭᠤᠮ 1 | ᠪᠣᠯᠤᠨ᠎ᠠ᠃ 2 ᠳᠠᠬᠢᠨ ᠠᠴᠠ ᠴᠢᠨᠠᠭᠰᠢᠳᠠ︔ | | ︵ᠳᠥᠷᠪᠡ︶ ᠬᠦᠰᠡᠯᠲᠡ ᠭᠠᠷᠭᠠᠭᠴᠢ ᠨᠢ ᠪᠥᠬᠦ ᠬᠤᠰᠢᠭᠤᠨ ᠤ ᠬᠡᠪᠴᠢᠶᠡᠨ ᠳᠤ ᠶᠠᠮᠠᠷᠪᠠ ᠬᠡᠯᠪᠡᠷᠢ ᠶᠢᠨ | ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠬᠤᠪᠢ ᠶᠢᠨ ᠣᠷᠣᠨ ᠰᠠᠭᠤᠴᠠ | ᠪᠠᠶᠢᠬᠤ ᠥᠬᠡᠶ ᠮᠥᠷᠲᠡᠭᠡᠨ ᠶᠠᠮᠠᠷᠪᠠ ᠬᠡᠯᠪᠡᠷᠢ ᠶᠢᠨ ᠣᠷᠣᠨ ᠰᠠᠭᠤᠴᠠ ᠶᠢᠨ ᠪᠠᠲᠤᠯᠠᠭ᠎ᠠ ᠶᠢ ᠭᠥᠷᠳᠡᠭᠰᠡᠨ ᠥᠬᠡᠶ︔ | | | ︵ᠲᠠᠪᠤ︶ ᠬᠦᠰᠡᠯᠲᠡ ᠭᠠᠷᠭᠠᠭᠴᠢ ᠨᠢ ᠠᠯᠠᠱᠠ ᠵᠡᠭᠦᠨ ᠬᠤᠰᠢᠭᠤᠨ ᠤ ᠪᠠᠶᠠᠨᠬᠤᠲᠠ ᠭᠠᠵᠠᠷ ᠣᠷᠣᠨ ᠤ | ᠠᠵᠢᠯᠴᠢᠨ ᠬᠡᠷᠡᠭᠯᠡᠬᠦ ᠨᠢᠭᠡᠴᠢ ᠲᠠᠢ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠬᠥᠳᠡᠯᠮᠦᠷᠢ ᠶᠢᠨ ᠭᠡᠷ᠎ᠡ | ᠲᠣᠭᠲᠠᠵᠤ᠂ ᠪᠣᠳᠠᠲᠠᠶ ᠠᠵᠢᠯᠯᠠᠭᠰᠠᠨ ᠮᠥᠷᠲᠡᠭᠡᠨ ᠨᠡᠶᠢᠭᠡᠮ ᠤᠨ ᠳᠠᠭᠠᠳᠬᠠᠯ ᠢ ᠪᠦᠬᠦᠯᠢ 2 ᠵᠢᠯ ᠠᠴᠠ ᠳᠡᠭᠡᠭᠰᠢ | ᠲᠤᠰᠢᠶᠠᠭᠰᠠᠨ ᠪᠠᠶᠢᠬᠤ ᠬᠡᠷᠡᠭᠲᠡᠢ︔ | | ︵ᠵᠢᠷᠭᠤᠭ᠎ᠠ︶ ᠪᠠᠶᠠᠨᠬᠤᠲᠠ ᠪᠠᠯᠭᠠᠰᠤᠨ ᠤ ᠡᠷᠦᠬᠡ ᠠᠮᠠ ᠶᠢᠨ ᠬᠠᠷᠢᠶ᠎ᠠ ᠲᠠᠢ ᠵᠠᠰᠠᠭ ᠵᠠᠬᠢᠷᠭᠠᠨ ᠠᠵᠢᠯ | ᠦᠢᠯᠡᠰ ᠤᠨ ᠨᠢᠭᠡᠴᠢ ᠶᠢᠨ ᠠᠵᠢᠯᠲᠠᠨ ᠢᠶᠠᠷ ᠳᠠᠭᠠᠭᠠᠯᠲᠠ ᠬᠢᠯᠭᠡᠬᠦ ᠶᠢᠨ ᠬᠠᠮᠲᠤ ᠳᠠᠭᠠᠭᠠᠯᠲᠠ ᠶᠢᠨ ᠪᠢᠴᠢᠭ ᠭᠠᠷᠭᠠᠨ | ᠥᠭᠴᠦ᠂ ᠬᠦᠰᠡᠯᠲᠡ ᠭᠠᠷᠭᠠᠭᠴᠢ ᠶᠢᠨ ᠣᠷᠣᠯᠭ᠎ᠠ᠂ ᠣᠷᠣᠨ ᠰᠠᠭᠤᠴᠠ ᠶᠢᠨ ᠪᠠᠶᠢᠳᠠᠯ ᠵᠢᠴᠢ ᠦᠷᠭᠦᠯᠵᠢᠯᠡᠨ | ᠬᠡᠷᠡᠭᠯᠡᠬᠦ ᠵᠡᠷᠭᠡ ᠲᠠᠯ᠎ᠠ ᠪᠠᠷ ᠳᠠᠭᠠᠭᠠᠯᠲᠠ ᠬᠢᠯᠭᠡᠨ᠎ᠡ︔ | | ︵ᠲᠤᠯᠤᠭ᠎ᠠ︶ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠵᠢᠭᠠᠭᠰᠠᠨ ᠪᠤᠰᠤᠳ | ᠨᠥᠬᠦᠴᠡᠯ᠃ | | ᠠᠷᠪᠠ ᠶᠢᠰᠦᠳᠦᠭᠡᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠲᠣᠬᠢᠶᠠᠯᠳᠤᠯ ᠳᠤ᠂ ᠤᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠭᠤᠶᠤᠴᠢᠯᠠᠵᠤ ᠪᠣᠯᠬᠤ ᠦᠭᠡᠢ᠄ | | ︵ᠨᠢᠭᠡ︶ ᠬᠦᠰᠡᠯᠲᠡ ᠭᠠᠷᠭᠠᠭᠴᠢ ᠶᠢᠨ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ︵ | ᠠᠳᠠᠯᠢ ᠨᠢᠭᠡᠨ ᠡᠷᠦᠬᠡ ᠠᠮᠠ ᠶᠢᠨ ᠳᠠᠩᠰᠠᠨ ᠳᠤ ᠪᠠᠶᠢᠬᠤ ᠪᠥᠭᠡᠳ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ | ᠪᠦᠷᠢᠯᠳᠦᠬᠦᠨ︶ ᠤ ᠨᠢᠭᠡ ᠨᠢ ᠭᠡᠷ ᠪᠠᠶᠢᠰᠢᠩ ᠲᠠᠢ ᠪᠤᠶᠤ ᠠᠳᠠᠯᠢ ᠨᠢᠭᠡᠨ ᠡᠷᠦᠬᠡ ᠠᠮᠠ ᠶᠢᠨ ᠳᠠᠩᠰᠠᠨ ᠳᠤ ᠪᠠᠶᠢᠬᠤ | ᠦᠭᠡᠶ ᠬᠠᠨᠢ ᠨᠥᠬᠦᠷ ᠤᠨ ᠶᠢᠨ ᠨᠢᠭᠡ ᠡᠲᠡᠭᠡᠳ ᠨᠢ ᠭᠡᠷ ᠪᠠᠶᠢᠰᠢᠩ ᠲᠠᠢ ᠪᠠᠶᠢᠬᠤ︔ | | ︵ᠬᠤᠶᠠᠷ︶ ᠬᠦᠰᠡᠯᠲᠡ ᠭᠠᠷᠭᠠᠭᠴᠢ ᠵᠢᠴᠢ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ | ᠪᠦᠷᠢᠯᠳᠦᠬᠦᠨ ᠨᠢ ᠨᠢᠭᠡᠨᠲᠡ ᠲᠠᠸᠠᠷ ᠤᠨ ᠭᠡᠷ ᠪᠠᠶᠢᠰᠢᠩ ᠬᠤᠳᠠᠯᠳᠤᠨ ᠠᠪᠬᠤ ᠭᠡᠷ᠎ᠡ ᠵᠢᠭᠠᠭᠰᠠᠨ ᠪᠤᠶᠤ ᠨᠢᠭᠡᠨᠲᠡ | ᠲᠠᠸᠠᠷ ᠤᠨ ᠭᠡᠷ ᠪᠠᠶᠢᠰᠢᠩ ᠬᠤᠳᠠᠯᠳᠤᠨ ᠠᠪᠤᠭᠰᠠᠨ ᠪᠣᠯᠪᠠᠴᠤ ︽ᠦᠯᠦ ᠬᠥᠳᠡᠯᠬᠦ ᠬᠦᠷᠦᠩᠭᠡ ᠶᠢᠨ ᠡᠷᠬᠡ ᠶᠢᠨ | ᠦᠨᠡᠮᠯᠡᠯ︾ ᠦᠯᠦ ᠬᠢᠭᠰᠡᠨ︔ | | ︵ᠭᠤᠷᠪᠠ︶ ᠬᠥᠮᠦᠨ ᠪᠦᠷᠢ ᠶᠢᠨ ᠰᠠᠷ᠎ᠠ ᠶᠢᠨ ᠳᠤᠮᠳᠠᠴᠢ ᠣᠷᠣᠯᠭ᠎ᠠ ᠨᠢ ᠬᠤᠲᠠ ᠪᠠᠯᠭᠠᠰᠤᠨ ᠤ | ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 3 ᠳᠠᠬᠢᠨ ᠠᠴᠠ | ᠥᠨᠳᠥᠷ ᠪᠠᠶᠢᠭ᠎ᠠ ᠬᠡᠷ ᠪᠦᠯᠢ᠂ ᠡᠰᠡᠬᠦᠯ᠎ᠡ ᠬᠡᠷ ᠪᠦᠯᠢ ᠶᠢᠨ ᠬᠠᠳᠠᠭᠠᠯᠠᠮᠵᠢ ᠨᠢ 15 ᠲᠦᠮᠡᠨ ᠲᠥᠭᠦᠷᠢᠭ ᠠᠴᠠ | ᠬᠡᠲᠦᠷᠡᠭᠰᠡᠨ ᠪᠠᠶᠢᠬᠤ︔ | | ︵ᠲᠦᠷᠪᠡ︶ ᠬᠦᠰᠡᠯᠲᠡ ᠭᠠᠷᠭᠠᠭᠴᠢ ᠨᠢ ᠤᠷᠤᠬ ᠰᠠᠯᠤᠭᠠᠳ ᠪᠦᠬᠦᠯᠢ ᠬᠤᠶᠠᠷ ᠵᠢᠯ ᠪᠣᠯᠤᠭᠠᠳᠤᠶ ᠪᠠᠶᠢᠬᠤ︔ | | | ︵ᠲᠠᠪᠤ︶ ᠬᠦᠰᠡᠯᠲᠡ ᠭᠠᠷᠭᠠᠭᠴᠢ ᠵᠢᠴᠢ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ | ᠭᠡᠷ ᠪᠠᠶᠢᠰᠢᠩ ᠨᠢ ᠲᠠᠲᠠᠪᠤᠷᠢᠯᠠᠭᠳᠠᠵᠤ᠂ ᠲᠠᠲᠠᠪᠤᠷᠢᠯᠠᠭᠳᠠᠭᠰᠠᠨ ᠭᠡᠷ ᠪᠠᠶᠢᠰᠢᠩ ᠤᠨ ᠲᠠᠯᠠᠪᠠᠢ ᠨᠢ 50 ᠺᠦᠸᠠᠳ᠋ | ᠮᠧᠲᠷ ᠠᠴᠠ ᠬᠡᠲᠦᠷᠡᠭᠰᠡᠨ︔ | | ︵ᠵᠢᠷᠭᠤᠭ᠎ᠠ︶ ᠣᠷᠣᠨ ᠰᠠᠭᠤᠴᠠ ᠶᠢᠨ ᠬᠦᠴᠢᠷᠳᠡᠯ ᠳᠤ ᠲᠣᠭᠠᠴᠠᠭᠳᠠᠬᠤ ᠦᠭᠡᠢ ᠪᠤᠰᠤᠳ ᠪᠠᠶᠢᠳᠠᠯ᠃ | | ᠬᠤᠷᠢᠳᠤᠭᠠᠷ ᠵᠦᠢᠯ ᠬᠤᠰᠢᠭᠤᠨ ᠬᠡᠷ ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠣᠷᠣᠨ | ᠰᠠᠭᠤᠴᠠ ᠶᠢᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢᠨ ᠱᠠᠭᠠᠷᠳᠠᠯᠭ᠎ᠠ ᠪᠠ ᠣᠯᠠᠨ ᠨᠡᠶᠢᠲᠡ ᠶᠢᠨ ᠲᠦᠷᠢᠶᠡᠰᠦᠨ | ᠣᠷᠣᠨ ᠰᠠᠭᠤᠴᠠ ᠶᠢᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠲᠠᠢ ᠤᠶᠠᠯᠳᠤᠭᠤᠯᠤᠨ᠂ ᠣᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠬᠦᠰᠡᠯᠲᠡ ᠭᠠᠷᠭᠠᠬᠤ ᠨᠥᠬᠦᠴᠡᠯ ᠳᠤ ᠲᠣᠭᠲᠠᠮᠠᠯ | ᠬᠤᠭᠤᠴᠠᠭ᠎ᠠ ᠲᠠᠢ ᠪᠠᠷ ᠲᠣᠬᠢᠷᠠᠭᠤᠯᠵᠤ᠂ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠨ | ᠬᠡᠷᠡᠭᠵᠢᠭᠦᠯᠦᠨ᠎ᠡ᠃ | | | | ᠳᠥᠷᠪᠡᠳᠦᠭᠡᠷ ᠪᠦᠯᠦᠭ ᠬᠢᠨᠠᠨ ᠬᠠᠷᠭᠤᠭᠤᠯᠬᠤ ᠵᠢᠷᠤᠮ | | ᠬᠤᠷᠢᠨ ᠨᠢᠭᠡᠳᠦᠭᠡᠷ ᠵᠦᠢᠯ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢ | ᠬᠦᠰᠡᠯᠲᠡ ᠭᠠᠷᠭᠠᠬᠤ ᠳᠤ ᠳᠣᠣᠷᠠᠬᠢ ᠮᠠᠲ᠋ᠧᠷᠢᠶᠠᠯ ᠤᠳ ᠢ ᠲᠤᠰᠢᠶᠠᠨ᠎ᠠ᠄ | | ︵ᠨᠢᠭᠡ︶ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠦᠰᠡᠯᠲᠡ ᠶᠢᠨ ᠬᠦᠰᠦᠨᠦᠭᠲᠦ︔ | | | ︵ᠬᠤᠶᠠᠷ︶ ᠬᠦᠰᠡᠯᠲᠡ ᠭᠠᠷᠭᠠᠭᠴᠢ ᠵᠢᠴᠢ ᠲᠡᠭᠦᠨ ᠤ ᠭᠡᠷ ᠪᠦᠯᠢ ᠶᠢᠨ ᠡᠷᠦᠬᠡ ᠠᠮᠠ ᠶᠢᠨ ᠳᠠᠩᠰᠠᠨ ᠳᠠᠬᠢ | ᠪᠦᠷᠢᠯᠳᠦᠬᠦᠨ ᠤ ᠡᠷᠦᠬᠡ ᠠᠮᠠ ᠶᠢᠨ ᠳᠡᠪᠲᠡᠷ᠂ ᠬᠤᠪᠢ ᠶᠢᠨ ᠦᠨᠡᠮᠯᠡᠯ︔ | | ︵ᠭᠤᠷᠪᠠ︶ ᠤᠷᠤᠬ ᠤᠨ ᠪᠠᠶᠢᠳᠠᠯ ᠤᠨ ᠭᠡᠷᠡᠴᠢᠯᠡᠭᠡ︔ | | ︵ᠲᠦᠷᠪᠡ︶ ᠣᠷᠣᠯᠭ᠎ᠠ ᠶᠢᠨ ᠪᠠᠶᠢᠳᠠᠯ ᠤᠨ ᠭᠡᠷᠡᠴᠢᠯᠡᠭᠡ︔ | | ︵ᠲᠠᠪᠤ︶ ᠣᠷᠣᠨ ᠰᠠᠭᠤᠴᠠ ᠶᠢᠨ ᠪᠠᠶᠢᠳᠠᠯ ᠤᠨ ᠭᠡᠷᠡᠴᠢᠯᠡᠭᠡ︔ | | ︵ᠵᠢᠷᠭᠤᠭ᠎ᠠ︶ ᠬᠦᠰᠡᠯᠲᠡ ᠭᠠᠷᠭᠠᠭᠴᠢ ᠶᠢᠨ ᠡᠵᠡᠮᠰᠢᠵᠦ ᠪᠠᠶᠢᠭ᠎ᠠ ᠬᠤᠲᠠ ᠪᠠᠯᠭᠠᠰᠤᠨ ᠤ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠡᠷᠦᠬᠡ᠂ ᠬᠥᠮᠦᠨ ᠳᠤᠮᠳᠠᠴᠢ ᠶᠢᠨ ᠰᠠᠷ᠎ᠠ ᠶᠢᠨ ᠣᠷᠣᠯᠭ᠎ᠠ ᠨᠢ | ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠶᠢᠨ 3 ᠳᠠᠬᠢᠨ ᠠᠴᠠ ᠳᠣᠤᠷ᠎ᠠ ᠪᠠᠶᠢᠭ᠎ᠠ ᠬᠡᠷ ᠪᠦᠯᠢ᠂ ᠬᠤᠲᠠ ᠳᠤ ᠨᠡᠭᠦᠵᠦ ᠤᠷᠤᠭᠰᠠᠨ ᠳᠡᠩᠰᠡᠯᠡᠨ | ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠵᠡᠷᠭᠡ ᠳᠥᠷᠪᠡᠨ ᠲᠥᠷᠥᠯ ᠤᠨ ᠭᠤᠤᠯᠳᠠᠯᠭ᠎ᠠ ᠲᠠᠢ ᠡᠲᠡᠭᠡᠳ ᠤᠨ | ᠵᠣᠬᠢᠬᠤ ᠮᠠᠲ᠋ᠧᠷᠢᠶᠠᠯ︔ | | ︵ᠲᠤᠯᠤᠭ᠎ᠠ︶ ᠠᠵᠢᠯ ᠣᠯᠤᠭᠰᠠᠨ ᠠᠵᠢᠯᠳᠠᠨ ᠠᠵᠢᠯᠴᠢᠨ ᠪᠠ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ | ᠭᠦᠢᠴᠡᠳᠬᠡᠵᠦ ᠪᠠᠶᠢᠭ᠎ᠠ ᠬᠥᠮᠦᠰ ᠤᠨ ᠠᠵᠢᠯᠴᠢᠨ ᠬᠡᠷᠡᠭᠯᠡᠬᠦ ᠨᠢᠭᠡᠴᠢ ᠲᠠᠢ ᠵᠢᠭᠠᠭᠰᠠᠨ ᠬᠥᠳᠡᠯᠮᠦᠷᠢ ᠶᠢᠨ ᠭᠡᠷ᠎ᠡ᠂ | ᠳᠠᠭᠠᠭᠠᠯᠲᠠ ᠶᠢᠨ ᠪᠢᠴᠢᠭ ᠵᠢᠴᠢ ᠳᠠᠭᠠᠭᠠᠭᠴᠢ᠂ ᠳᠠᠭᠠᠭᠠᠯᠲᠠ ᠶᠢᠨ ᠨᠢᠭᠡᠴᠢ ᠶᠢᠨ ᠭᠡᠷᠡᠴᠢᠯᠡᠭᠡ︔ | | ︵ᠨᠠᠢᠮᠠ︶ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠵᠢᠭᠠᠭᠰᠠᠨ ᠪᠤᠰᠤᠳ | ᠭᠡᠷᠡᠴᠢᠯᠡᠬᠦ ᠮᠠᠲ᠋ᠧᠷᠢᠶᠠᠯ᠃ | | ᠳᠡᠭᠡᠷᠡᠬᠢ ᠮᠠᠲ᠋ᠧᠷᠢᠶᠠᠯ ᠨᠢ ᠤᠭ ᠮᠠᠲ᠋ᠧᠷᠢᠶᠠᠯ ᠪᠣᠯᠤᠨ ᠬᠠᠭᠤᠯᠪᠤᠷᠢ ᠮᠠᠲ᠋ᠧᠷᠢᠶᠠᠯ ᠢ ᠬᠠᠩᠭᠠᠬᠤ ᠬᠡᠷᠡᠭᠲᠡᠢ᠃ | | | ᠬᠤᠷᠢᠨ ᠬᠤᠶᠠᠳᠤᠭᠠᠷ ᠵᠦᠢᠯ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠡᠷᠦᠬᠡ᠂ ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠵᠠᠬ᠎ᠠ ᠬᠢᠵᠠᠭᠠᠷ ᠤᠨ ᠡᠷᠦᠬᠡ᠂ ᠬᠥᠮᠦᠨ ᠪᠦᠷᠢ ᠶᠢᠨ ᠳᠤᠮᠳᠠᠴᠢ ᠰᠠᠷ᠎ᠠ ᠶᠢᠨ ᠣᠷᠣᠯᠭ᠎ᠠ ᠨᠢ ᠬᠤᠲᠠ ᠪᠠᠯᠭᠠᠰᠤᠨ ᠤ | ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 3 ᠳᠠᠬᠢᠨ ᠠᠴᠠ | ᠳᠣᠤᠷ᠎ᠠ ᠪᠠᠶᠢᠭ᠎ᠠ ᠬᠡᠷ ᠪᠦᠯᠢ᠂ ᠬᠤᠲᠠ ᠳᠤ ᠨᠡᠭᠦᠵᠦ ᠤᠷᠤᠭᠰᠠᠨ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ | ᠡᠷᠦᠬᠡ ᠵᠡᠷᠭᠡ ᠳᠥᠷᠪᠡᠨ ᠲᠥᠷᠥᠯ ᠤᠨ ᠭᠤᠤᠯᠳᠠᠯᠭ᠎ᠠ ᠲᠠᠢ ᠡᠲᠡᠭᠡᠳ ᠲᠤ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠬᠦᠰᠡᠯᠲᠡ ᠭᠠᠷᠭᠠᠬᠤ ᠳᠤ᠂ ᠳᠠᠷᠠᠭᠠᠬᠢ ᠳᠠᠷᠠᠭᠠᠯᠠᠯ ᠢᠶᠠᠷ ᠶᠠᠪᠤᠭᠳᠠᠭᠤᠯᠤᠨ᠎ᠠ᠄ | | ︵ᠨᠢᠭᠡ︶ ᠬᠦᠯᠢᠶᠡᠨ ᠠᠪᠴᠤ ᠰᠢᠢᠳᠪᠦᠷᠢᠯᠡᠭᠦᠯᠬᠦ ᠪᠠᠷ ᠬᠦᠰᠡᠯᠲᠡ ᠭᠠᠷᠭᠠᠬᠤ᠃ ᠬᠦᠰᠡᠯᠲᠡ | ᠭᠠᠷᠭᠠᠭᠴᠢ ᠠᠴᠠ ᠮᠡᠳᠡᠭᠦᠯᠬᠦ ᠮᠠᠲ᠋ᠧᠷᠢᠶᠠᠯ ᠢᠶᠠᠨ ᠠᠪᠴᠤ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠨᠡᠶᠢᠭᠡᠮ | ᠲᠣᠭᠤᠷᠢᠭ᠂ ᠭᠠᠴᠠᠭ᠎ᠠ ᠲᠣᠰᠬᠤᠨ ᠳᠤ ᠬᠦᠰᠡᠯᠲᠡ ᠭᠠᠷᠭᠠᠵᠤ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠠᠴᠠ | ᠬᠦᠰᠡᠯᠲᠡ ᠭᠠᠷᠭᠠᠭᠴᠢ ᠶᠢᠨ ᠬᠠᠩᠭᠠᠭᠰᠠᠨ ᠮᠠᠲ᠋ᠧᠷᠢᠶᠠᠯ ᠢ ᠨᠢᠭᠡ ᠯᠡ ᠤᠳᠠᠭ᠎ᠠ ᠳᠤ ᠮᠡᠳᠡᠭᠳᠡᠵᠦ᠂ ᠮᠠᠲ᠋ᠧᠷᠢᠶᠠᠯ ᠨᠢ | ᠪᠦᠷᠢᠨ ᠭᠦᠢᠴᠡᠳ ᠲᠣᠬᠢᠶᠠᠯᠳᠤᠯ ᠳᠤ ᠭᠥᠯᠢᠶᠡᠨ ᠠᠪᠴᠤ ᠰᠢᠢᠳᠪᠦᠷᠢᠯᠡᠵᠦ᠂ ︽ᠬᠡᠷ ᠪᠦᠯᠢ ᠶᠢᠨ ᠣᠷᠣᠯᠭ᠎ᠠ ᠡᠳ᠋ | ᠬᠥᠷᠥᠩᠭᠡ ᠶᠢᠨ ᠲᠣᠳᠣᠷᠬᠠᠶᠢᠯᠠᠯᠲᠠ ᠵᠢᠴᠢ ᠦᠨᠡᠨ ᠮᠥᠨ ᠢᠶᠠᠷ ᠨᠢ ᠮᠡᠳᠡᠭᠦᠯᠬᠦ ᠵᠥᠪᠰᠢᠶᠡᠷᠡᠨ ᠬᠦᠯᠢᠶᠡᠬᠦ ᠪᠢᠴᠢᠭ︾᠂ | ︽ᠠᠯᠠᠱᠠ ᠵᠡᠭᠦᠨ ᠬᠤᠰᠢᠭᠤᠨ ᠤ ᠨᠡᠶᠢᠲᠡ ᠶᠢᠨ ᠲᠦᠷᠢᠶᠡᠰᠦᠯᠡᠯ ᠤᠨ ᠬᠡᠷ ᠪᠠᠶᠢᠰᠢᠩ ᠤᠨ ᠭᠤᠶᠤᠴᠢᠯᠠᠯ ᠤᠨ ᠬᠡᠷ | ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠤᠨ ᠡᠷᠬᠡ ᠣᠯᠭᠤᠬᠤ ᠪᠢᠴᠢᠭ︾ ᠲᠤ ᠭᠠᠷ ᠤᠨ ᠥᠰᠥᠭ | ᠵᠢᠷᠤᠭᠰᠠᠨ ᠤ ᠳᠠᠷᠠᠭ᠎ᠠ᠂ ᠮᠠᠲ᠋ᠧᠷᠢᠶᠠᠯ ᠢ ᠪᠦᠷᠢᠨ ᠭᠦᠢᠴᠡᠳ ᠴᠤᠭᠯᠠᠭᠤᠯᠵᠤ᠂ ᠬᠤᠰᠢᠭᠤᠨ ᠤ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠲᠤ ᠨᠢᠭᠡᠳᠦᠯᠲᠡᠶ ᠮᠡᠳᠡᠭᠦᠯᠦᠨ᠎ᠡ᠃ | | ︵ᠬᠤᠶᠠᠷ︶ ᠮᠡᠳᠡᠭᠡ ᠵᠠᠩᠭᠢ ᠶᠢ ᠬᠠᠷᠭᠤᠭᠤᠯᠬᠤ᠃ ᠬᠤᠰᠢᠭᠤᠨ ᠤ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠬᠤᠯᠪᠣᠭᠳᠠᠬᠤ ᠭᠤᠶᠤᠴᠢᠯᠠᠯ ᠤᠨ ᠮᠠᠲ᠋ᠧᠷᠢᠶᠠᠯ ᠢ ᠣᠯᠤᠭᠰᠠᠨ ᠤ ᠳᠠᠷᠠᠭ᠎ᠠ ᠬᠦᠰᠡᠯᠲᠡ ᠭᠠᠷᠭᠠᠭᠴᠢ ᠶᠢᠨ ᠬᠡᠷ | ᠪᠦᠯᠢ ᠶᠢᠨ ᠡᠷᠦᠬᠡ ᠠᠮᠠ ᠶᠢᠨ ᠲᠠᠩᠰᠠ᠂ ᠲᠡᠷᠭᠡ ᠬᠥᠰᠬᠡ᠂ ᠣᠷᠣᠨ ᠰᠠᠭᠤᠴᠠ ᠵᠡᠷᠭᠡ ᠡᠳ᠋ ᠬᠥᠷᠥᠩᠭᠡ ᠪᠠ | ᠣᠷᠣᠯᠭ᠎ᠠ ᠶᠢᠨ ᠮᠡᠳᠡᠭᠡ ᠵᠠᠩᠭᠢ ᠶᠢ ᠬᠠᠷᠭᠤᠭᠤᠯᠵᠤ᠂ ᠬᠠᠷᠭᠤᠭᠤᠯᠤᠭᠰᠠᠨ ᠤ ᠳᠠᠷᠠᠭ᠎ᠠ ︽ᠠᠯᠠᠱᠠ ᠵᠡᠭᠦᠨ | ᠬᠤᠰᠢᠭᠤᠨ ᠤ ᠨᠡᠶᠢᠲᠡ ᠶᠢᠨ ᠲᠦᠷᠢᠶᠡᠰᠦᠯᠡᠯ ᠤᠨ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠤᠭᠰᠠᠨ | ᠮᠡᠳᠡᠭᠦᠯᠦᠯᠲᠡ︾ ᠭᠠᠷᠭᠠᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠪᠠᠨ ᠬᠡᠷ᠂ ᠰᠤᠮᠤ ᠪᠠᠯᠭᠠᠰᠤ | ᠂ ᠨᠡᠶᠢᠭᠡᠮ ᠲᠣᠭᠤᠷᠢᠭ᠂ ᠭᠠᠴᠠᠭ᠎ᠠ ᠠᠴᠠ ᠨᠥᠬᠦᠴᠡᠯ ᠳᠤ ᠨᠡᠶᠢᠴᠡᠬᠦ ᠬᠦᠰᠡᠯᠲᠡ ᠭᠠᠷᠭᠠᠭᠴᠢ ᠶᠢᠨ ᠬᠡᠷ ᠪᠦᠯᠢ ᠶᠢ ᠨᠢᠭᠡ | ᠨᠢᠭᠡ ᠪᠠᠷ ᠡᠷᠦᠬᠡ ᠳᠤ ᠬᠦᠷᠴᠦ ᠪᠠᠶᠢᠴᠠᠭᠠᠨ ᠬᠠᠷᠭᠤᠭᠤᠯᠤᠨ᠎ᠠ᠃ | | ︵ᠭᠤᠷᠪᠠ︶ ᠬᠢᠨᠠᠨ ᠬᠠᠷᠭᠤᠭᠤᠯᠬᠤ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠪᠠᠨ ᠬᠡᠷ᠂ | ᠰᠤᠮᠤ ᠪᠠᠯᠭᠠᠰᠤ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠤ ᠡᠷᠦᠬᠡ ᠳᠤ ᠬᠦᠷᠴᠦ ᠪᠠᠶᠢᠴᠠᠭᠠᠯᠲᠠ ᠬᠢᠭᠰᠡᠨ ᠤ | ᠳᠠᠷᠠᠭ᠎ᠠ᠂ ᠦᠨᠡᠯᠡᠨ ᠲᠣᠭᠲᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠤᠨ ᠪᠠᠶᠢᠴᠠᠭᠠᠯᠲᠠ ᠶᠢᠨ ᠦᠷ᠎ᠡ ᠳ᠋ᠦᠩ ᠤᠨ | ᠦᠨᠡᠨ ᠪᠣᠳᠠᠲᠤ ᠴᠢᠨᠠᠷ ᠲᠤ ᠠᠷᠠᠳᠴᠢᠯᠠᠯ ᠢᠶᠠᠷ ᠦᠨᠡᠯᠡᠨ ᠲᠣᠭᠲᠠᠭᠠᠯᠲᠠ ᠭᠦᠢᠴᠡᠳᠬᠡᠵᠦ᠂ ᠨᠥᠬᠦᠴᠡᠯ ᠳᠤ | ᠨᠡᠶᠢᠴᠡᠨ᠎ᠡ ᠭᠡᠵᠦ ᠦᠵᠡᠪᠡᠯ ᠨᠢᠭᠡᠳᠦᠯᠲᠡᠶ ᠢᠯᠡ ᠵᠠᠷᠯᠠᠨ᠎ᠠ᠂ ᠢᠯᠡ ᠵᠠᠷᠯᠠᠬᠤ ᠬᠤᠭᠤᠴᠠᠭ᠎ᠠ ᠨᠢ 7 ᠡᠳᠦᠷ ᠪᠣᠯᠤᠨ᠎ᠠ᠃ | ᠨᠡᠶᠢᠲᠡ ᠳᠤ ᠵᠠᠷᠯᠠᠭᠰᠠᠨ ᠤ ᠳᠠᠷᠠᠭ᠎ᠠ ᠣᠨᠳᠣᠤ ᠰᠠᠨᠠᠯ ᠥᠬᠡᠶ ᠲᠣᠬᠢᠶᠠᠯᠳᠤᠯ ᠳᠤ᠂ ᠬᠦᠰᠡᠯᠲᠡ ᠭᠠᠷᠭᠠᠭᠴᠢ ᠶᠢᠨ | ᠬᠤᠯᠪᠣᠭᠳᠠᠬᠤ ᠮᠠᠲ᠋ᠧᠷᠢᠶᠠᠯ ᠵᠢᠴᠢ ᠬᠢᠨᠠᠨ ᠬᠠᠷᠭᠤᠭᠤᠯᠤᠭᠰᠠᠨ ᠰᠠᠨᠠᠯ ᠢ ᠬᠠᠮᠲᠤ ᠳᠤᠨᠢ ᠬᠤᠰᠢᠭᠤᠨ ᠬᠡᠷ ᠪᠠᠶᠢᠰᠢᠩ ᠤᠨ | ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠵᠦ᠂ ᠣᠨᠳᠣᠤ ᠰᠠᠨᠠᠯ ᠲᠠᠢ ᠪᠠᠶᠢᠭᠠᠳ ᠨᠥᠬᠦᠴᠡᠯ ᠳᠤ ᠨᠡᠶᠢᠴᠡᠬᠦ | ᠥᠬᠡᠶ ᠶᠢ ᠬᠦᠰᠡᠯᠲᠡ ᠭᠠᠷᠭᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ | ᠲᠣᠳᠣᠷᠬᠠᠶᠢᠯᠠᠨ᠎ᠠ᠃ | | ︵ᠲᠥᠷᠪᠡ︶ ᠬᠢᠨᠠᠨ ᠵᠥᠪᠰᠢᠶᠡᠷᠡᠬᠦ᠃ ᠬᠤᠰᠢᠭᠤᠨ ᠬᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ | ᠳᠡᠭᠡᠭᠰᠢ ᠮᠡᠳᠡᠭᠦᠯᠦᠭᠰᠡᠨ ᠮᠠᠲ᠋ᠧᠷᠢᠶᠠᠯ ᠢ ᠣᠯᠤᠭᠰᠠᠨ ᠤ ᠳᠠᠷᠠᠭ᠎ᠠ᠂ ᠬᠦᠰᠡᠯᠲᠡ ᠭᠠᠷᠭᠠᠭᠴᠢ ᠶᠢᠨ ᠮᠠᠲ᠋ᠧᠷᠢᠶᠠᠯ ᠤᠨ | ᠦᠨᠡᠨ ᠪᠣᠳᠠᠲᠤ ᠴᠢᠨᠠᠷ ᠴᠢᠨᠰᠠᠭ᠎ᠠ ᠶᠢ ᠨᠠᠷᠢᠨ ᠨᠢᠮᠪᠠᠶ ᠬᠠᠷᠭᠤᠭᠤᠯᠤᠨ ᠪᠠᠶᠢᠴᠠᠭᠠᠵᠤ᠂ ᠬᠦᠰᠡᠯᠲᠡ ᠭᠠᠷᠭᠠᠭᠴᠢ ᠶᠢᠨ | ᠣᠷᠣᠨ ᠰᠠᠭᠤᠴᠠ ᠶᠢᠨ ᠪᠠᠶᠢᠳᠠᠯ ᠢ ᠤᠯᠠᠮ ᠠᠬᠢᠭᠤᠯᠤᠨ ᠬᠠᠷᠭᠤᠭᠤᠯᠤᠨ ᠪᠠᠶᠢᠴᠠᠭᠠᠵᠤ᠂ ᠬᠤᠰᠢᠭᠤᠨ ᠪᠠᠲᠤᠯᠠᠭ᠎ᠠ ᠶᠢᠨ | ᠴᠢᠨᠠᠷᠲᠠᠶ ᠣᠷᠣᠨ ᠰᠠᠭᠤᠴᠠ ᠶᠢᠨ ᠬᠢᠨᠠᠨ ᠬᠠᠷᠭᠤᠭᠤᠯᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢ ᠵᠣᠬᠢᠶᠠᠨ | ᠪᠠᠶᠢᠭᠤᠯᠤᠨ ᠬᠦᠰᠡᠯᠲᠡ ᠭᠠᠷᠭᠠᠭᠴᠢ ᠶᠢᠨ ᠪᠠᠶᠢᠳᠠᠯ ᠢ ᠨᠢᠭᠡᠳᠦᠯᠲᠡᠶ ᠬᠢᠨᠠᠨ ᠬᠠᠷᠭᠤᠭᠤᠯᠵᠤ ᠵᠥᠪᠰᠢᠶᠡᠷᠡᠨ᠎ᠡ᠂ ᠬᠢᠨᠠᠨ | ᠵᠥᠪᠰᠢᠶᠡᠷᠡᠭᠰᠡᠨ ᠦᠷ᠎ᠡ ᠳ᠋ᠦᠩ ᠢ 7 ᠡᠳᠦᠷ ᠤᠨ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠵᠦ᠂ ᠢᠯᠡ | ᠨᠡᠶᠢᠲᠡᠯᠡᠬᠦ ᠳᠤ ᠣᠨᠳᠣᠤ ᠰᠠᠨᠠᠯ ᠥᠬᠡᠶ ᠶᠢ ᠨᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠪᠠᠲᠤᠯᠠᠭ᠎ᠠ ᠳᠤ ᠣᠷᠣᠭᠤᠯᠤᠨ᠎ᠠ᠃ | ᠬᠦᠰᠡᠯᠲᠡ ᠭᠠᠷᠭᠠᠭᠴᠢ ᠨᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠳᠤ ᠣᠨᠳᠣᠣ ᠰᠠᠨᠠᠯ ᠲᠠᠢ | ᠲᠣᠬᠢᠶᠠᠯᠳᠤᠯ ᠳᠤ᠂ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ ᠳᠤ ᠲᠠᠬᠢᠨ ᠬᠢᠨᠠᠭᠤᠯᠬᠤ ᠪᠠᠷ | ᠭᠤᠶᠤᠴᠢᠯᠠᠵᠤ ᠪᠣᠯᠤᠨ᠎ᠠ᠂ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠬᠤᠯᠪᠣᠭᠳᠠᠬᠤ ᠰᠠᠯᠠᠭ᠎ᠠ | ᠮᠥᠴᠢᠷ ᠲᠠᠢ ᠬᠠᠮᠲᠤᠷᠠᠨ ᠲᠠᠬᠢᠨ ᠬᠢᠨᠠᠬᠤ ᠶᠢᠨ ᠬᠠᠮᠲᠤ 1 ᠠᠵᠢᠯ ᠤᠨ ᠲᠠᠪᠤᠨ ᠬᠤᠨᠤᠭ ᠤᠨ ᠳᠣᠲᠣᠷ᠎ᠠ ᠲᠠᠬᠢᠨ | ᠬᠢᠨᠠᠭᠰᠠᠨ ᠦᠷ᠎ᠡ ᠳ᠋ᠦᠩ ᠢᠶᠠᠨ ᠬᠦᠰᠡᠯᠲᠡ ᠭᠠᠷᠭᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠶ᠃ | | ᠬᠤᠷᠢᠨ ᠭᠤᠷᠪᠠᠳᠤᠭᠠᠷ ᠵᠦᠢᠯ ᠠᠵᠢᠯ ᠣᠯᠤᠭᠰᠠᠨ ᠠᠵᠢᠯᠳᠠᠨ ᠠᠵᠢᠯᠴᠢᠨ᠂ ᠭᠠᠳᠠᠨ᠎ᠠ ᠠᠴᠠ ᠢᠷᠡᠵᠦ | ᠠᠵᠢᠯ ᠭᠦᠢᠴᠡᠳᠬᠡᠵᠦ ᠪᠠᠶᠢᠭ᠎ᠠ ᠬᠥᠮᠦᠰ ᠵᠠᠰᠠᠭ ᠤᠨ ᠣᠷᠳᠣᠨ ᠠᠴᠠ ᠪᠡᠯᠡ ᠣᠷᠣᠭᠤᠯᠵᠤ ᠪᠦᠳᠦᠭᠡᠨ | ᠪᠠᠶᠢᠭᠤᠯᠤᠭᠰᠠᠨ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠦᠰᠡᠯᠲᠡ ᠭᠠᠷᠭᠠᠬᠤ ᠳᠤ ᠳᠣᠣᠷᠠᠬᠢ | ᠠᠷᠭ᠎ᠠ ᠪᠠᠷᠢᠯ ᠢ ᠠᠪᠴᠤ ᠪᠣᠯᠤᠨ᠎ᠠ᠄ | | ᠬᠦᠰᠡᠯᠲᠡ ᠭᠠᠷᠭᠠᠭᠴᠢ ᠠᠴᠠ ᠠᠵᠢᠯ ᠣᠯᠭᠤᠭᠴᠢ ᠨᠢᠭᠡᠴᠢ ᠳᠤ ᠬᠦᠰᠡᠯᠲᠡ ᠭᠠᠷᠭᠠᠪᠠᠯ᠂ ᠠᠵᠢᠯ ᠣᠯᠭᠤᠭᠴᠢ | ᠨᠢᠭᠡᠴᠢ ᠠᠴᠠ ᠬᠤᠰᠢᠭᠤᠨ ᠤ ᠬᠡᠷ ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠨᠢᠭᠡᠳᠦᠯᠲᠡᠶ | ᠮᠡᠳᠡᠭᠦᠯᠦᠨ ᠬᠦᠷᠭᠡᠵᠦ ᠭᠥᠯᠢᠶᠡᠨ ᠠᠪᠴᠤ ᠬᠢᠨᠠᠨ ᠬᠠᠷᠭᠤᠭᠤᠯᠤᠨ᠎ᠠ᠃ | | ᠬᠤᠷᠢᠨ ᠳᠥᠷᠪᠡᠳᠦᠭᠡᠷ ᠵᠦᠢᠯ ᠠᠵᠢᠯ ᠣᠯᠤᠭᠰᠠᠨ ᠠᠵᠢᠯᠳᠠᠨ ᠠᠵᠢᠯᠴᠢᠨ᠂ ᠭᠠᠳᠠᠨ᠎ᠠ ᠠᠴᠠ ᠢᠷᠡᠵᠦ | ᠠᠵᠢᠯ ᠬᠥᠳᠡᠯᠮᠦᠷᠢ ᠭᠦᠢᠴᠡᠳᠬᠡᠵᠦ ᠪᠠᠶᠢᠭ᠎ᠠ ᠬᠥᠮᠦᠰ ᠲᠤᠰ ᠨᠢᠭᠡᠴᠢ ᠶᠢᠨ ᠢᠶᠠᠨ ᠪᠦᠳᠦᠭᠡᠨ ᠪᠠᠶᠢᠭᠤᠯᠬᠤ ᠪᠠᠷ | ᠬᠦᠰᠡᠯᠲᠡ ᠭᠠᠷᠭᠠᠭᠰᠠᠨ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠪᠠᠶᠢᠭ᠎ᠠ ᠨᠢᠭᠡᠴᠢ ᠨᠢ ᠬᠢᠨᠠᠨ | ᠬᠠᠷᠭᠤᠭᠤᠯᠬᠤ ᠵᠢᠷᠤᠮ᠂ ᠬᠤᠪᠢᠶᠠᠷᠢᠯᠠᠬᠤ ᠲᠥᠰᠦᠯ ᠢ ᠥᠪᠡᠰᠦᠪᠡᠨ ᠲᠣᠭᠲᠠᠭᠠᠵᠤ᠂ ᠥᠪᠡᠰᠦᠪᠡᠨ ᠬᠢᠨᠠᠨ | ᠬᠠᠷᠭᠤᠭᠤᠯᠵᠤ᠂ ᠬᠤᠪᠢᠶᠠᠷᠢᠯᠠᠬᠤ ᠶᠢᠨ ᠬᠠᠮᠲᠤ ᠬᠢᠨᠠᠨ ᠬᠠᠷᠭᠤᠭᠤᠯᠤᠭᠰᠠᠨ ᠦᠷ᠎ᠡ ᠳ᠋ᠦᠩ ᠪᠠ ᠣᠷᠣᠨ | ᠰᠠᠭᠤᠴᠠ ᠶᠢᠨ ᠬᠤᠪᠢᠶᠠᠷᠢᠯᠠᠯᠲᠠ ᠶᠢᠨ ᠦᠷ᠎ᠡ ᠳ᠋ᠦᠩ ᠢᠶᠠᠨ ᠭᠡᠷ ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃ | | ᠬᠤᠷᠢᠨ ᠲᠠᠪᠤᠳᠤᠭᠠᠷ ᠵᠦᠢᠯ ᠲᠦ᠋ᠭᠡᠭᠡᠨ ᠲᠦᠷᠢᠶᠡᠰᠦᠯᠡᠭᠦᠯᠬᠦ᠂ ᠲᠦᠭᠡᠭᠡᠨ ᠬᠤᠳᠠᠯᠳᠤᠬᠤ ᠨᠥᠬᠦᠴᠡᠯ ᠳᠤ | ᠨᠡᠶᠢᠴᠡᠬᠦ ᠭᠡᠷ ᠪᠦᠯᠢ ᠪᠤᠶᠤ ᠲᠤᠬᠠᠢ ᠶᠢᠨ ᠬᠥᠮᠥᠨ ᠵᠥᠪᠬᠡᠨ ᠨᠢᠭᠡ ᠢᠵᠢ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢ ᠲᠦᠷᠢᠶᠡᠰᠦᠯᠡᠵᠦ᠂ ᠬᠤᠳᠠᠯᠳᠤᠨ ᠠᠪᠴᠤ ᠪᠣᠯᠤᠨ᠎ᠠ᠃ | | | | ᠲᠠᠪᠤᠳᠤᠭᠠᠷ ᠪᠦᠯᠦᠭ ᠲᠦ᠋ᠷᠢᠶᠡᠰᠦᠯᠡᠯ ᠤᠨ ᠨᠥᠬᠦᠪᠥᠷᠢ ᠪᠠ ᠪᠣᠳᠠᠲᠤ ᠶᠠᠭᠤᠮ᠎ᠠ ᠪᠠᠷ ᠲᠦᠭᠡᠭᠡᠨ | ᠲᠦᠷᠢᠶᠡᠰᠦᠯᠡᠭᠦᠯᠬᠦ᠂ ᠲᠦᠭᠡᠭᠡᠨ ᠬᠤᠳᠠᠯᠳᠤᠬᠤ | | ᠨᠢᠭᠡᠳᠦᠭᠡᠷ ᠬᠡᠰᠡᠭ ᠪᠠᠲᠤᠯᠠᠭ᠎ᠠ ᠶᠢᠨ ᠠᠷᠭ᠎ᠠ ᠪᠠᠷᠢᠯ | | ᠬᠤᠷᠢᠨ ᠵᠢᠷᠭᠤᠳᠤᠭᠠᠷ ᠵᠦᠢᠯ ᠣᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢᠨ | ᠪᠠᠲᠤᠯᠠᠭ᠎ᠠ ᠶᠢᠨ ᠠᠷᠭ᠎ᠠ ᠪᠠᠷᠢᠯ ᠲᠤ ᠲᠦᠷᠢᠶᠡᠰᠦᠯᠡᠯ ᠤᠨ ᠨᠥᠬᠦᠪᠥᠷᠢ ᠥᠭᠬᠦ᠂ ᠪᠣᠳᠠᠲᠤ ᠶᠠᠭᠤᠮ᠎ᠠ ᠪᠠᠷ ᠲᠦᠷᠢᠶᠡᠰᠦ | ᠳᠣᠭᠢᠷᠠᠭᠤᠯᠬᠤ᠂ ᠪᠣᠳᠠᠲᠤ ᠶᠠᠭᠤᠮ᠎ᠠ ᠪᠠᠷ ᠲᠦᠭᠡᠭᠡᠨ ᠬᠤᠳᠠᠯᠳᠤᠬᠤ ᠠᠷᠭ᠎ᠠ ᠪᠠᠷᠢᠯ ᠢ ᠬᠠᠷᠢᠯᠴᠠᠨ ᠤᠶᠠᠯᠳᠤᠭᠤᠯᠬᠤ ᠶᠢ | ᠬᠡᠷᠡᠭᠵᠢᠭᠦᠯᠦᠨ᠎ᠡ᠃ | | ᠲᠦᠷᠢᠶᠡᠰᠦᠯᠡᠯ ᠤᠨ ᠨᠥᠬᠦᠪᠥᠷᠢ ᠭᠡᠳᠡᠭ ᠨᠢ ᠬᠤᠰᠢᠭᠤᠨ ᠤ ᠵᠠᠰᠠᠭ ᠤᠨ ᠣᠷᠳᠣᠨ ᠠᠴᠠ ᠣᠯᠠᠨ | ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠪᠠᠲᠤᠯᠠᠭ᠎ᠠ ᠳᠤ ᠨᠡᠶᠢᠴᠡᠬᠦ ᠬᠤᠲᠠ ᠪᠠᠯᠭᠠᠰᠤᠨ ᠤ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠣᠨᠴᠠ ᠬᠦᠴᠢᠷᠳᠡᠯᠲᠡᠶ ᠬᠥᠮᠦᠰ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ | ᠬᠢᠵᠠᠭᠠᠷ ᠤᠨ ᠡᠷᠦᠬᠡ ᠳᠤ ᠲᠦᠷᠢᠶᠡᠰᠦᠯᠡᠯ ᠤᠨ ᠣᠷᠣᠨ ᠰᠠᠭᠤᠴᠠ ᠶᠢᠨ ᠨᠥᠬᠦᠪᠥᠷᠢ ᠣᠯᠭᠤᠵᠤ᠂ ᠣᠷᠣᠨ | ᠰᠠᠭᠤᠴᠠ ᠶᠢ ᠨᠢ ᠥᠪᠡᠰᠦᠪᠡᠨ ᠲᠦᠷᠢᠶᠡᠰᠦᠯᠡᠬᠦ ᠶᠢ ᠬᠡᠯᠡᠨ᠎ᠡ᠃ | | ᠪᠣᠳᠠᠲᠤ ᠶᠠᠭᠤᠮ᠎ᠠ ᠪᠠᠷ ᠲᠦᠷᠢᠶᠡᠰᠦᠯᠡᠭᠦᠯᠬᠦ ᠭᠡᠳᠡᠭ ᠨᠢ ᠬᠤᠰᠢᠭᠤᠨ ᠤ ᠵᠠᠰᠠᠭ ᠤᠨ ᠣᠷᠳᠣᠨ ᠠᠴᠠ ᠣᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠳᠤ ᠨᠡᠶᠢᠴᠡᠬᠦ ᠪᠠᠲᠤᠯᠠᠭ᠎ᠠ ᠶᠢᠨ ᠡᠲᠡᠭᠡᠳ ᠤᠨ ᠬᠡᠷ ᠪᠦᠯᠢ ᠳᠤ | ᠲᠦᠷᠢᠶᠡᠰᠦᠨ ᠣᠷᠣᠨ ᠰᠠᠭᠤᠴᠠ ᠬᠠᠩᠭᠠᠬᠤ ᠶᠢᠨ ᠬᠠᠮᠲᠤ ᠵᠢᠭᠠᠭᠰᠠᠨ ᠪᠠᠷᠢᠮᠵᠢᠶ᠎ᠠ ᠶᠣᠰᠣᠭᠠᠷ ᠲᠦᠷᠢᠶᠡᠰᠦᠨ ᠮᠥᠩᠭᠦ | ᠬᠤᠷᠢᠶᠠᠬᠤ ᠶᠢ ᠬᠡᠯᠡᠨ᠎ᠡ᠃ | | ᠪᠣᠳᠠᠲᠤ ᠶᠠᠭᠤᠮ᠎ᠠ ᠪᠠᠷ ᠲᠦᠭᠡᠭᠡᠨ ᠬᠤᠳᠠᠯᠳᠤᠬᠤ ᠭᠡᠳᠡᠭ ᠨᠢ ᠬᠤᠰᠢᠭᠤᠨ ᠤ ᠵᠠᠰᠠᠭ ᠤᠨ ᠣᠷᠳᠣᠨ ᠠᠴᠠ | ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠳᠤ ᠨᠡᠶᠢᠴᠡᠬᠦ ᠪᠠᠲᠤᠯᠠᠭ᠎ᠠ ᠶᠢᠨ ᠡᠲᠡᠭᠡᠳ ᠤᠨ ᠬᠡᠷ ᠪᠦᠯᠢ ᠳᠤ | ᠣᠷᠣᠨ ᠰᠠᠭᠤᠴᠠ ᠬᠤᠳᠠᠯᠳᠤᠨ ᠥᠭᠴᠦ᠂ ᠪᠣᠳᠠᠲᠠᠶ ᠬᠤᠳᠠᠯᠳᠤᠬᠤ ᠦᠨ᠎ᠡ ᠬᠠᠩᠰᠢ ᠶᠢ ᠡᠳ᠋ ᠤᠨ ᠵᠠᠰᠠᠭ ᠵᠡᠷᠭᠡ | ᠰᠠᠯᠠᠭ᠎ᠠ ᠮᠥᠴᠢᠷ ᠲᠠᠢ ᠬᠠᠮᠲᠤᠷᠠᠨ ᠲᠥᠰᠦᠭᠡᠯᠡᠨ ᠪᠤᠳᠤᠵᠤ᠂ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠵᠦ ᠬᠡᠷᠡᠭᠵᠢᠭᠦᠯᠬᠦ ᠶᠢ ᠬᠡᠯᠡᠨ᠎ᠡ᠃ | | ᠬᠤᠶᠠᠳᠤᠭᠠᠷ ᠬᠡᠰᠡᠭ ᠲᠦᠷᠢᠶᠡᠰᠦᠯᠡᠯ ᠤᠨ ᠨᠥᠬᠦᠪᠥᠷᠢ | | ᠬᠤᠷᠢᠨ ᠳᠣᠯᠣᠳᠤᠭᠠᠷ ᠵᠦᠢᠯ ᠲᠦᠷᠢᠶᠡᠰᠦᠯᠡᠯ ᠤᠨ ᠨᠥᠬᠦᠪᠥᠷᠢ ᠶᠢᠨ ᠪᠠᠷᠢᠮᠵᠢᠶ᠎ᠠ᠃ | | ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠣᠨᠴᠠ | ᠬᠦᠴᠢᠷᠳᠡᠯᠲᠡᠶ ᠬᠥᠮᠦᠰ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠡᠷᠦᠬᠡ ᠶᠢᠨ | ᠬᠡᠷ ᠪᠦᠯᠢ ᠶᠢᠨ ᠲᠦᠷᠢᠶᠡᠰᠦᠯᠡᠯ ᠤᠨ ᠨᠥᠬᠦᠪᠥᠷᠢ ᠣᠯᠭᠤᠬᠤ ᠪᠠᠷᠢᠮᠵᠢᠶ᠎ᠠ ᠨᠢ ᠰᠠᠷ᠎ᠠ ᠪᠦᠷᠢ 8 ᠲᠥᠭᠦᠷᠢᠭ / ᠺᠦᠸᠠᠳ᠋ | ᠮᠧᠲᠷ ︵3 ᠬᠥᠮᠦᠨ ᠠᠮᠠ ᠶᠢᠨ ᠬᠡᠷ ᠪᠠᠶᠢᠰᠢᠩ ᠥᠬᠡᠶ ᠶᠢᠨ ᠨᠥᠬᠦᠪᠥᠷᠢ ᠶᠢᠨ ᠪᠡᠯᠡ ᠮᠥᠩᠭᠦᠨ ᠤ ᠲᠤᠭ᠎ᠠ ᠪᠠᠷ | ᠵᠢᠱᠢᠶᠡᠯᠡᠪᠡᠯ᠂ 3 ᠬᠥᠮᠦᠨ ᠠᠮᠠ × 17 ᠺᠦᠸᠠᠳ᠋ ᠮᠧᠲᠷ = 51 ᠺᠦᠸᠠᠳ᠋ ᠮᠧᠲᠷ × ᠰᠠᠷ᠎ᠠ ᠪᠦᠷᠢ 8 | ᠲᠥᠭᠦᠷᠢᠭ / ᠺᠦᠸᠠᠳ᠋ ᠮᠧᠲᠷ = ᠰᠠᠷ᠎ᠠ ᠪᠦᠷᠢ 408 ᠲᠥᠭᠦᠷᠢᠭ / ᠡᠷᠦᠬᠡ︔ 3 ᠬᠥᠮᠦᠨ ᠠᠮᠠ ᠠᠴᠠ | ᠳᠡᠭᠡᠭᠰᠢᠬᠢ ᠭᠡᠷ ᠪᠦᠯᠢ ᠳᠤ ᠨᠢᠭᠡ ᠬᠥᠮᠦᠨ ᠤ ᠪᠠᠲᠤᠯᠠᠭ᠎ᠠ ᠶᠢᠨ ᠲᠠᠯᠠᠪᠠᠢ ᠨᠡᠮᠡᠭᠳᠡᠬᠦ ᠪᠦᠷᠢ 10 ᠺᠦᠸᠠᠳ᠋ ᠮᠧᠲᠷ | ᠨᠡᠮᠡᠭᠳᠡᠨ᠎ᠡ᠂ ᠲᠤᠬᠠᠶᠢᠯᠠᠪᠠᠯ 3 × 17 ᠺᠦᠸᠠᠳ᠋ ᠮᠧᠲᠷ + 10 ᠺᠦᠸᠠᠳ᠋ ᠮᠧᠲᠷ = 61 ᠺᠦᠸᠠᠳ᠋ ᠮᠧᠲᠷ × | 8 ᠲᠥᠭᠦᠷᠢᠭ / ᠺᠦᠸᠠᠳ᠋ ᠮᠧᠲᠷ = ᠰᠠᠷ᠎ᠠ ᠪᠦᠷᠢ 488 ᠲᠥᠭᠦᠷᠢᠭ / ᠡᠷᠥᠭᠡ︶ ᠨᠡᠮᠡᠭᠳᠡᠨ᠎ᠡ᠂ ᠪᠣᠳᠠᠲᠠᠶ | ᠨᠥᠬᠦᠪᠥᠷᠢᠯᠡᠬᠦ ᠲᠠᠯᠠᠪᠠᠢ ᠶᠢ ᠭᠡᠷ ᠪᠦᠯᠢ ᠶᠢᠨ ᠪᠣᠳᠠᠲᠠᠶ ᠡᠵᠡᠮᠰᠢᠵᠦ ᠪᠠᠶᠢᠭ᠎ᠠ ᠣᠷᠣᠨ ᠰᠠᠭᠤᠴᠠ ᠶᠢᠨ ᠲᠠᠯᠠᠪᠠᠢ ᠬᠢᠭᠡᠳ | ᠪᠠᠲᠤᠯᠠᠭ᠎ᠠ ᠶᠢᠨ ᠲᠠᠯᠠᠪᠠᠢ ᠶᠢᠨ ᠵᠥᠷᠢᠶ᠎ᠡ ᠲᠤᠭ᠎ᠠ ᠪᠠᠷ ᠪᠤᠳᠤᠨ᠎ᠠ᠃ | | ᠬᠤᠰᠢᠭᠤᠨ ᠬᠡᠷ ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ | ᠲᠦᠷᠢᠶᠡᠰᠦᠨ ᠮᠥᠩᠭᠦ ᠶᠢᠨ ᠬᠢᠷᠢ ᠬᠡᠮᠵᠢᠶ᠎ᠡ ᠲᠠᠢ ᠤᠶᠠᠯᠳᠤᠭᠤᠯᠤᠨ᠂ ᠲᠦᠷᠢᠶᠡᠰᠦᠨ ᠮᠥᠩᠭᠦ ᠶᠢᠨ ᠪᠠᠷᠢᠮᠵᠢᠶ᠎ᠠ ᠪᠠ | ᠲᠦᠷᠢᠶᠡᠰᠦᠯᠡᠵᠦ ᠣᠯᠭᠤᠬᠤ ᠨᠥᠬᠦᠪᠥᠷᠢ ᠶᠢᠨ ᠪᠠᠷᠢᠮᠵᠢᠶ᠎ᠠ ᠶᠢ ᠴᠠᠭ ᠲᠤᠨᠢ ᠳᠣᠭᠢᠷᠠᠭᠤᠯᠤᠨ ᠳᠣᠭᠢᠷᠠᠭᠤᠯᠵᠤ᠂ | ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠵᠦ ᠬᠡᠷᠡᠭᠵᠢᠭᠦᠯᠦᠨ᠎ᠡ᠃ | | ᠬᠤᠷᠢᠨ ᠨᠠᠢᠮᠠᠳᠤᠭᠠᠷ ᠵᠦᠢᠯ ᠲᠦᠷᠢᠶᠡᠰᠦᠯᠡᠯ ᠤᠨ ᠨᠥᠬᠦᠪᠥᠷᠢ ᠶᠢ ᠣᠯᠭᠤᠨ᠎ᠠ᠃ | | ᠬᠢᠨᠠᠨ ᠬᠠᠷᠭᠤᠭᠤᠯᠤᠭᠠᠳ ᠲᠦᠷᠢᠶᠡᠰᠦᠯᠡᠯ ᠤᠨ ᠨᠥᠬᠦᠪᠥᠷᠢ ᠣᠯᠭᠤᠬᠤ ᠪᠠᠷᠢᠮᠵᠢᠶ᠎ᠠ ᠳᠤ ᠨᠡᠶᠢᠴᠡᠭᠰᠡᠨ ᠬᠡᠷ | ᠪᠦᠯᠢ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠰᠠᠷ᠎ᠠ ᠠᠴᠠ ᠡᠬᠢᠯᠡᠨ ᠤᠯᠠᠷᠢᠯ ᠢᠶᠠᠷ ᠲᠦᠷᠢᠶᠡᠰᠦᠯᠡᠯ ᠤᠨ | ᠨᠥᠬᠦᠪᠥᠷᠢ ᠣᠯᠭᠤᠨ᠎ᠠ᠃ | | ᠬᠤᠷᠢ ᠶᠢᠰᠦᠳᠦᠭᠡᠷ ᠵᠦᠢᠯ ᠲᠦᠷᠢᠶᠡᠰᠦᠯᠡᠬᠦ ᠨᠥᠬᠦᠪᠥᠷᠢ ᠶᠢ ᠨᠢᠭᠡᠨᠲᠡ ᠭᠥᠷᠳᠡᠭᠰᠡᠨ ᠬᠡᠷ ᠪᠦᠯᠢ ᠨᠢ ᠣᠯᠠᠨ | ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢ ᠭᠤᠶᠤᠴᠢᠯᠠᠵᠤ ᠣᠯᠤᠭᠰᠠᠨ ᠲᠣᠬᠢᠶᠠᠯᠳᠤᠯ ᠳᠤ᠂ ᠬᠡᠷ | ᠪᠠᠶᠢᠰᠢᠩ ᠢ ᠲᠤᠰᠢᠶᠠᠨ ᠬᠡᠷᠡᠭᠯᠡᠭᠦᠯᠬᠦ ᠠᠴᠠ ᠡᠮᠦᠨ᠎ᠡ ᠲᠦᠷᠢᠶᠡᠰᠦᠯᠡᠬᠦ ᠨᠥᠬᠦᠪᠥᠷᠢ ᠣᠯᠭᠤᠵᠤ᠂ ᠣᠯᠠᠨ ᠨᠡᠶᠢᠲᠡ ᠶᠢᠨ | ᠲᠦᠷᠢᠶᠡᠰᠦᠯᠡᠬᠦ ᠣᠷᠣᠨ ᠰᠠᠭᠤᠴᠠ ᠶᠢ ᠲᠤᠰᠢᠶᠠᠨ ᠬᠡᠷᠡᠭᠯᠡᠭᠦᠯᠦᠭᠰᠡᠨ ᠲᠣᠰ ᠰᠠᠷ᠎ᠠ ᠠᠴᠠ ᠡᠬᠢᠯᠡᠨ ᠪᠠᠲᠤᠯᠠᠭ᠎ᠠ ᠶᠢᠨ | ᠡᠲᠡᠭᠡᠳ ᠤᠨ ᠲᠦᠷᠢᠶᠡᠰᠦᠯᠡᠬᠦ ᠨᠥᠬᠦᠪᠥᠷᠢ ᠶᠢ ᠣᠯᠭᠤᠬᠤ ᠶᠢ ᠵᠣᠭᠰᠣᠭᠠᠨ᠎ᠠ᠃ | | ᠭᠤᠷᠪᠠᠳᠤᠭᠠᠷ ᠬᠡᠰᠡᠭ ᠪᠣᠳᠠᠲᠤ ᠶᠠᠭᠤᠮ᠎ᠠ ᠪᠠᠷ ᠲᠦᠷᠢᠶᠡᠰᠦ ᠲᠦᠭᠡᠭᠡᠬᠦ | | ᠭᠤᠴᠢᠳᠤᠭᠠᠷ ᠵᠦᠢᠯ ᠪᠣᠳᠠᠲᠤ ᠶᠠᠭᠤᠮ᠎ᠠ ᠪᠠᠷ ᠲᠣᠬᠢᠷᠠᠭᠤᠯᠤᠨ ᠲᠦᠷᠢᠶᠡᠰᠦᠯᠡᠭᠦᠯᠬᠦ ᠭᠡᠷ ᠪᠠᠶᠢᠰᠢᠩ ᠤᠨ | ᠲᠠᠯᠠᠪᠠᠢ᠃ | | ᠪᠣᠳᠠᠲᠤ ᠶᠠᠭᠤᠮ᠎ᠠ ᠪᠠᠷ ᠲᠣᠬᠢᠷᠠᠭᠤᠯᠤᠨ ᠲᠦᠷᠢᠶᠡᠰᠦᠯᠡᠭᠦᠯᠬᠦ ᠬᠡᠷ ᠪᠠᠶᠢᠰᠢᠩ ᠤᠨ ᠬᠡᠯᠪᠡᠷᠢ ᠵᠢᠴᠢ ᠲᠠᠯᠠᠪᠠᠶ ᠶᠢ | ᠪᠠᠲᠤᠯᠠᠭ᠎ᠠ ᠶᠢᠨ ᠡᠲᠡᠭᠡᠳ ᠤᠨ ᠬᠡᠷ ᠪᠦᠯᠢ ᠶᠢᠨ ᠬᠥᠮᠦᠨ ᠠᠮᠠ ᠶᠢᠨ ᠬᠡᠪᠴᠢᠶ᠎ᠡ᠂ ᠬᠡᠷ ᠪᠦᠯᠢ ᠶᠢᠨ ᠪᠦᠲᠦᠴᠡ ᠵᠡᠷᠭᠡ | ᠲᠠᠢ ᠬᠠᠷᠢᠯᠴᠠᠨ ᠵᠣᠬᠢᠴᠠᠭᠤᠯᠤᠨ᠎ᠠ᠃ ᠡᠩ ᠤᠨ ᠪᠠᠶᠢᠳᠠᠯ ᠳᠣᠣᠷ᠎ᠠ᠄ | | ︵ᠨᠢᠭᠡ︶ 3 ᠬᠥᠮᠦᠨ ᠵᠢᠴᠢ 3 ᠬᠥᠮᠦᠨ ᠠᠴᠠ ᠳᠣᠷᠣᠭᠰᠢᠬᠢ ᠭᠡᠷ ᠪᠦᠯᠢ ᠶᠢᠨ ᠲᠣᠬᠢᠷᠠᠭᠤᠯᠤᠨ | ᠲᠦᠷᠢᠶᠡᠰᠦᠯᠡᠭᠦᠯᠬᠦ ᠪᠠᠷᠢᠯᠭ᠎ᠠ ᠶᠢᠨ ᠲᠠᠯᠠᠪᠠᠢ ᠨᠢ 60 ᠺᠦᠸᠠᠳ᠋ ᠮᠧᠲᠷ ᠵᠢᠴᠢ ᠲᠡᠭᠦᠨ ᠠᠴᠠ ᠳᠣᠷᠣᠭᠰᠢᠬᠢ ᠣᠷᠣᠨ | ᠰᠠᠭᠤᠴᠠ︔ | | ︵ᠬᠤᠶᠠᠷ︶ ᠭᠡᠷ ᠪᠦᠯᠢ ᠶᠢᠨ ᠲᠣᠬᠢᠷᠠᠭᠤᠯᠤᠨ ᠲᠦᠷᠢᠶᠡᠰᠦᠯᠡᠭᠦᠯᠦᠭᠰᠡᠨ 4 ᠬᠥᠮᠦᠨ ᠤ ᠭᠡᠷ ᠪᠦᠯᠢ ᠶᠢᠨ | ᠪᠠᠷᠢᠯᠭ᠎ᠠ ᠶᠢᠨ ᠲᠠᠯᠠᠪᠠᠢ ᠨᠢ 80 ᠺᠦᠸᠠᠳ᠋ ᠮᠧᠲᠷ ᠵᠢᠴᠢ ᠲᠡᠭᠦᠨ ᠠᠴᠠ ᠳᠣᠷᠣᠭᠰᠢᠬᠢ ᠣᠷᠣᠨ ᠰᠠᠭᠤᠴᠠ︔ | | ︵ᠭᠤᠷᠪᠠ︶ 5 ᠬᠥᠮᠦᠨ ᠵᠢᠴᠢ 5 ᠬᠥᠮᠦᠨ ᠠᠴᠠ ᠳᠡᠭᠡᠭᠰᠢ ᠪᠤᠶᠤ ᠬᠡᠷ ᠪᠦᠯᠢ ᠶᠢᠨ ᠪᠦᠷᠢᠯᠳᠦᠬᠦᠨ ᠨᠢ | ᠨᠠᠩ ᠣᠯᠠᠨ ︵ᠵᠢᠱᠢᠶᠡᠯᠡᠪᠡᠯ ᠬᠤᠶᠠᠷ ᠦᠶ᠎ᠡ ᠶᠢᠨ ᠬᠥᠮᠦᠨ ᠬᠠᠮᠲᠤ ᠰᠠᠭᠤᠵᠤ ᠪᠠᠶᠢᠬᠤ ᠮᠥᠷᠲᠡᠭᠡᠨ ᠡᠷᠦᠬᠡ ᠠᠮᠠ ᠶᠢᠨ | ᠲᠠᠩᠰᠠ ᠨᠢ ᠡᠷᠦᠬᠡ ᠰᠠᠯᠤᠭᠠᠳᠤᠶ ᠬᠡᠷ ᠪᠦᠯᠢ︶᠂ ᠡᠰᠡᠬᠦᠯ᠎ᠡ ᠨᠢᠭᠡᠴᠢ ᠶᠢᠨ ᠰᠢᠨ᠎ᠡ ᠪᠠᠷ ᠠᠵᠢᠯ ᠣᠯᠤᠭᠰᠠᠨ ᠠᠵᠢᠯᠲᠠᠨ | ᠠᠵᠢᠯᠴᠢᠨ ᠵᠢᠴᠢ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠭᠦᠢᠴᠡᠳᠬᠡᠵᠦ ᠪᠠᠶᠢᠭ᠎ᠠ ᠬᠥᠮᠦᠰ ᠤᠨ ᠪᠦᠯᠬᠦᠮ ᠤᠨ | ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠦᠰᠡᠯᠲᠡ ᠭᠠᠷᠭᠠᠬᠤ ᠳᠤ ᠬᠠᠷᠢᠶᠠᠯᠠᠭᠳᠠᠪᠠᠯ 90 | ᠺᠦᠸᠠᠳ᠋ ᠮᠧᠲᠷ ᠵᠢᠴᠢ 90 ᠺᠦᠸᠠᠳ᠋ ᠮᠧᠲᠷ ᠠᠴᠠ ᠳᠣᠷᠣᠭᠰᠢᠬᠢ ᠣᠷᠣᠨ ᠰᠠᠭᠤᠴᠠ ᠶᠢ ᠳᠣᠭᠢᠷᠠᠭᠤᠯᠤᠨ | ᠲᠦᠷᠢᠶᠡᠰᠦᠯᠡᠵᠦ ᠪᠣᠯᠤᠨ᠎ᠠ᠃ | | ᠭᠤᠴᠢᠨ ᠨᠢᠭᠡᠳᠦᠭᠡᠷ ᠵᠦᠢᠯ ᠲᠦᠷᠢᠶᠡᠰᠦ ᠲᠦᠭᠡᠭᠡᠨ ᠥᠭᠬᠦ ᠡᠲᠡᠭᠡᠳ ᠤᠨ ᠳᠠᠷᠠᠭᠠᠯᠠᠯ ᠢ ᠵᠢᠭᠰᠠᠭᠠᠨ᠎ᠠ᠃ | | | ᠲᠣᠬᠢᠷᠠᠭᠤᠯᠤᠨ ᠲᠦᠷᠢᠶᠡᠰᠦᠯᠡᠭᠦᠯᠬᠦ ᠬᠡᠷ ᠪᠦᠯᠢ ᠶᠢ ᠰᠣᠩᠭᠤᠵᠤ ᠣᠷᠣᠨ ᠰᠠᠭᠤᠴᠠ ᠶᠢᠨ ᠪᠠᠲᠤᠯᠠᠭ᠎ᠠ ᠶᠢᠨ | ᠡᠲᠡᠭᠡᠳ ᠤᠨ ᠥᠨᠥᠴᠢᠨ᠂ ᠦᠲᠡᠯᠦᠭᠰᠡᠨ᠂ ᠡᠪᠡᠳᠴᠢᠯᠡᠭᠰᠡᠨ᠂ ᠵᠡᠮᠳᠡᠭ᠂ ᠡᠷᠡᠭᠦᠯ ᠴᠢᠭᠢᠷᠠᠭ ᠬᠡᠷ ᠪᠦᠯᠢ ᠶᠢᠨ | ᠪᠠᠶᠢᠳᠠᠯ ᠢ ᠦᠨᠳᠦᠰᠦᠯᠡᠨ ᠵᠢᠭᠰᠠᠭᠠᠵᠤ᠂ ᠵᠢᠭᠰᠠᠭᠠᠭᠰᠠᠨ ᠦᠷ᠎ᠡ ᠳ᠋ᠦᠩ ᠢ ᠢᠯᠡ ᠵᠠᠷᠯᠠᠨ᠎ᠠ᠃ ᠲᠦᠭᠡᠭᠡᠨ | ᠲᠦᠷᠢᠶᠡᠰᠦᠯᠡᠭᠦᠯᠬᠦ ᠪᠠᠷ ᠬᠦᠰᠡᠯᠲᠡ ᠭᠠᠷᠭᠠᠭᠰᠠᠨ ᠭᠡᠷ ᠪᠦᠯᠢ ᠨᠢ ᠳᠠᠷᠠᠭᠠᠯᠠᠯ ᠢᠶᠠᠷ ᠢᠶᠠᠨ ᠭᠡᠷ ᠰᠣᠩᠭᠤᠨ᠎ᠠ᠂ | ᠳᠠᠷᠠᠭᠠᠯᠠᠯ ᠢᠶᠠᠷ ᠨᠢ ᠳᠠᠷᠠᠭᠠᠬᠢ ᠪᠠᠶᠢᠳᠠᠯ ᠢᠶᠠᠷ ᠲᠣᠭᠲᠠᠭᠠᠪᠠ᠄ | | ︵ᠨᠢᠭᠡ︶ ᠭᠤᠣᠨᠢ ᠪᠡᠯᠪᠡᠰᠦᠨ ᠨᠠᠰᠤᠲᠠᠨ ᠳᠤ ᠤᠷᠢᠳᠠᠪᠠᠷ ᠲᠦᠷᠢᠶᠡᠰᠦ ᠬᠤᠪᠢᠶᠠᠨ ᠥᠭᠴᠦ᠂ ᠠᠳᠠᠯᠢ | ᠪᠠᠶᠢᠳᠠᠯ ᠲᠠᠢ ᠨᠠᠰᠤᠲᠠᠨ ᠳᠤ ᠨᠠᠰᠤ ᠠᠬᠢᠭᠰᠠᠳ ᠲᠤ ᠤᠷᠢᠳᠠᠪᠠᠷ ᠲᠦᠷᠢᠶᠡᠰᠦ ᠬᠤᠪᠢᠶᠠᠨ ᠥᠭᠭᠦᠨ᠎ᠡ︔ | | ︵ᠬᠤᠶᠠᠷ︶ ᠬᠦᠨᠳᠦ ᠡᠪᠡᠳᠴᠢᠲᠡᠨ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠦᠭᠡᠢ ᠪᠤᠶᠤ | ᠬᠥᠳᠡᠯᠮᠦᠷᠢ ᠶᠢᠨ ᠬᠦᠴᠦ ᠪᠠᠨ ᠠᠯᠳᠠᠭᠰᠠᠳ ᠲᠤ ᠤᠷᠢᠳ ᠢᠶᠠᠷ ᠲᠦᠷᠢᠶᠡᠰᠦ ᠣᠯᠭᠤᠨ᠎ᠠ︔ | | ︵ᠭᠤᠷᠪᠠ︶ ᠵᠡᠮᠳᠡᠭᠴᠦᠳ ᠲᠤ ᠵᠡᠮᠳᠡᠭ ᠤᠨ ᠲᠡᠰ ᠢᠶᠠᠷ ᠨᠢ ᠤᠷᠢᠳᠠᠪᠠᠷ ᠲᠦᠷᠢᠶᠡᠰᠦ ᠲᠣᠬᠢᠷᠠᠭᠤᠯᠵᠤ | ᠥᠭᠭᠦᠨ᠎ᠡ︔ | | ︵ᠳᠥᠷᠪᠡ︶ ᠪᠤᠰᠤᠳ ᠬᠥᠮᠦᠰ ᠤᠨ ᠬᠡᠷ ᠪᠦᠯᠢ ᠶᠢ ᠪᠠᠲᠤᠯᠠᠭᠴᠢ ᠶᠢᠨ ᠨᠠᠰᠤ ᠶᠢ ᠶᠡᠭᠡ ᠠᠴᠠ ᠪᠠᠭ᠎ᠠ | ᠬᠦᠷᠲᠡᠯ᠎ᠡ ᠳᠠᠷᠠᠭᠠᠯᠠᠯ ᠢᠶᠠᠷ ᠵᠢᠭᠰᠠᠭᠠᠵᠤ᠂ ᠠᠳᠠᠯᠢ ᠨᠥᠬᠦᠴᠡᠯ ᠤᠨ ᠳᠣᠤᠷ᠎ᠠ ᠮᠡᠳᠡᠭᠦᠯᠦᠭᠰᠡᠨ ᠴᠠᠭ ᠤᠨ ᠡᠮᠦᠨ᠎ᠡ | ᠬᠤᠶᠢᠨᠠᠬᠢ ᠳᠠᠷᠠᠭᠠᠯᠠᠯ ᠢᠶᠠᠷ ᠳᠠᠷᠠᠭᠠᠯᠠᠯ ᠢ ᠲᠣᠭᠲᠠᠭᠠᠪᠠ᠃ | | ᠭᠤᠴᠢᠨ ᠬᠤᠶᠠᠳᠤᠭᠠᠷ ᠵᠦᠢᠯ ᠡᠭᠡᠯᠵᠢᠯᠡᠨ ᠬᠦᠯᠢᠶᠡᠬᠦ᠃ | | ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠡᠷ ᠪᠠᠶᠢᠰᠢᠩ ᠤᠨ ᠢᠷᠡᠯᠲᠡ ᠨᠢ ᠬᠦᠷᠦᠯᠴᠡᠬᠦ | ᠥᠬᠡᠶ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠪᠥᠬᠦᠳᠡ ᠶᠢ ᠬᠤᠪᠢᠶᠠᠷᠢᠯᠠᠵᠤ ᠳᠡᠶᠢᠯᠦᠭᠰᠡᠨ | ᠥᠬᠡᠶ ᠪᠠᠶᠢᠳᠠᠯ ᠳᠣᠤᠷ᠎ᠠ᠂ ᠪᠠᠲᠤᠯᠠᠭ᠎ᠠ ᠶᠢᠨ ᠡᠲᠡᠭᠡᠳ ᠢ ᠬᠤᠶᠠᠷ ᠲᠥᠷᠥᠯ ᠬᠤᠪᠢᠶᠠᠨ ᠡᠭᠡᠯᠵᠢᠯᠡᠨ ᠬᠦᠯᠢᠶᠡᠬᠦ | ᠬᠡᠪᠴᠢᠶᠡᠨ ᠳᠤ ᠣᠷᠣᠭᠤᠯᠬᠤ ᠶᠢᠨ ᠬᠠᠮᠲᠤ ᠡᠭᠡᠯᠵᠢᠯᠡᠨ ᠬᠦᠯᠢᠶᠡᠬᠦ ᠳᠡᠪᠲᠡᠷ ᠪᠠᠶᠢᠭᠤᠯᠤᠨ᠎ᠠ᠄ | | ︵ᠨᠢᠭᠡ︶ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ | ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠡᠷᠦᠬᠡ | ᠂ ᠬᠥᠮᠦᠨ ᠳᠤᠮᠳᠠᠴᠢ ᠶᠢᠨ ᠰᠠᠷ᠎ᠠ ᠶᠢᠨ ᠣᠷᠣᠯᠭ᠎ᠠ ᠨᠢ ᠬᠤᠲᠠ ᠪᠠᠯᠭᠠᠰᠤᠨ ᠤ ᠰᠠᠭᠤᠭᠠᠯᠢ ᠠᠷᠠᠳ ᠤᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 3 ᠳᠠᠬᠢᠨ ᠠᠴᠠ ᠳᠣᠤᠷ᠎ᠠ ᠪᠠᠶᠢᠭ᠎ᠠ ᠬᠡᠷ ᠪᠦᠯᠢ | ᠂ ᠬᠤᠲᠠ ᠳᠤ ᠨᠡᠭᠦᠵᠦ ᠤᠷᠤᠭᠰᠠᠨ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠵᠡᠷᠭᠡ ᠳᠥᠷᠪᠡᠨ | ᠲᠥᠷᠥᠯ ᠤᠨ ᠭᠤᠤᠯᠳᠠᠯᠭ᠎ᠠ ᠲᠠᠢ ᠡᠲᠡᠭᠡᠳ ᠤᠨ ᠬᠡᠷ ᠪᠦᠯᠢ ᠶᠢᠨ ᠡᠭᠡᠯᠵᠢᠯᠡᠨ ᠬᠦᠯᠢᠶᠡᠬᠦ ᠲᠤᠭ᠎ᠠ ᠬᠡᠮᠵᠢᠶ᠎ᠡ ᠪᠠᠷ ᠬᠡᠷ | ᠪᠠᠶᠢᠰᠢᠩ ᠤᠨ ᠢᠷᠡᠯᠲᠡ ᠶᠢᠨ ᠬᠠᠷᠢᠴᠠᠯ ᠢ ᠲᠣᠭᠲᠠᠭᠠᠨ᠎ᠠ︔ | | ︵ᠬᠤᠶᠠᠷ︶ ᠠᠵᠢᠯ ᠣᠯᠤᠭᠰᠠᠨ ᠠᠵᠢᠯᠲᠠᠨ ᠠᠵᠢᠯᠴᠢᠨ᠂ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ | ᠭᠦᠢᠴᠡᠳᠬᠡᠵᠦ ᠪᠠᠶᠢᠭ᠎ᠠ ᠬᠥᠮᠦᠰ ᠤᠨ ᠡᠭᠡᠯᠵᠢᠯᠡᠨ ᠬᠦᠯᠢᠶᠡᠬᠦ ᠲᠤᠭ᠎ᠠ ᠬᠡᠮᠵᠢᠶ᠎ᠡ ᠶᠢ ᠦᠨᠳᠦᠰᠦᠯᠡᠨ ᠬᠡᠷ ᠪᠠᠶᠢᠰᠢᠩ ᠤᠨ | ᠢᠷᠡᠯᠲᠡ ᠶᠢᠨ ᠬᠠᠷᠢᠴᠠᠯ ᠢ ᠲᠣᠭᠲᠠᠭᠠᠪᠠ᠃ | | ᠭᠤᠴᠢᠨ ᠭᠤᠷᠪᠠᠳᠤᠭᠠᠷ ᠵᠦᠢᠯ ᠪᠣᠳᠠᠲᠤ ᠶᠠᠭᠤᠮ᠎ᠠ ᠪᠠᠷ ᠲᠦᠷᠢᠶᠡᠰᠦ ᠲᠣᠬᠢᠷᠠᠭᠤᠯᠬᠤ ᠲᠥᠰᠦᠯ ᠢ | ᠲᠣᠭᠲᠠᠭᠠᠬᠤ ᠪᠠ ᠵᠠᠷᠯᠠᠨ᠎ᠠ᠃ | | ᠬᠡᠷ ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠡᠷ ᠪᠠᠶᠢᠰᠢᠩ ᠤᠨ ᠢᠷᠡᠯᠲᠡ ᠶᠢᠨ ᠪᠠᠶᠢᠳᠠᠯ ᠢ | ᠦᠨᠳᠦᠰᠦᠯᠡᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠳᠣᠭᠢᠷᠠᠭᠤᠯᠤᠨ ᠲᠦᠷᠢᠶᠡᠰᠦᠯᠡᠭᠦᠯᠬᠦ | ᠲᠥᠰᠦᠯ ᠢ ᠲᠣᠭᠲᠠᠭᠠᠵᠤ᠂ ᠲᠥᠰᠦᠯ ᠳᠤ ᠳᠣᠭᠢᠷᠠᠭᠤᠯᠤᠨ ᠲᠦᠷᠢᠶᠡᠰᠦᠯᠡᠭᠦᠯᠬᠦ ᠨᠥᠬᠦᠴᠡᠯ᠂ ᠳᠣᠭᠢᠷᠠᠭᠤᠯᠤᠨ | ᠲᠦᠷᠢᠶᠡᠰᠦᠯᠡᠭᠦᠯᠬᠦ ᠡᠲᠡᠭᠡᠳ᠂ ᠬᠡᠷ ᠪᠠᠶᠢᠰᠢᠩ ᠤᠨ ᠢᠷᠡᠯᠲᠡ ᠶᠢᠨ ᠣᠷᠣᠨ ᠪᠠᠶᠢᠷᠢ᠂ ᠲᠤᠭ᠎ᠠ ᠬᠡᠮᠵᠢᠶ᠎ᠡ᠂ ᠬᠡᠷ | ᠪᠠᠶᠢᠰᠢᠩ ᠤᠨ ᠬᠡᠯᠪᠡᠷᠢ᠂ ᠲᠠᠯᠠᠪᠠᠶ᠂ ᠲᠦᠷᠢᠶᠡᠰᠦᠨ ᠮᠥᠩᠭᠦ ᠶᠢᠨ ᠪᠠᠷᠢᠮᠵᠢᠶ᠎ᠠ᠂ ᠰᠠᠨᠠᠮᠵᠢ ᠶᠢᠨ ᠳᠡᠩᠰᠡᠯᠡᠯᠲᠡ ᠶᠢᠨ | ᠴᠠᠭ ᠬᠤᠭᠤᠴᠠᠭ᠎ᠠ᠂ ᠬᠡᠷ ᠰᠣᠩᠭᠤᠬᠤ ᠳᠠᠷᠠᠭᠠᠯᠠᠯ ᠵᠡᠷᠭᠡ ᠠᠭᠤᠯᠭ᠎ᠠ ᠶᠢ ᠲᠣᠳᠣᠷᠬᠠᠢ ᠪᠣᠯᠭᠠᠵᠤ᠂ ᠬᠤᠯᠪᠣᠭᠳᠠᠬᠤ | ᠮᠡᠳᠡᠭᠡ ᠵᠠᠩᠭᠢ ᠶᠢ ᠣᠯᠠᠨ ᠨᠡᠶᠢᠲᠡ ᠳᠤ ᠵᠠᠷᠯᠠᠨ᠎ᠠ᠃ | | ᠭᠤᠴᠢᠨ ᠳᠥᠷᠪᠡᠳᠦᠭᠡᠷ ᠵᠦᠢᠯ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠣᠷᠣᠨ | ᠰᠠᠭᠤᠴᠠ ᠶᠢᠨ ᠢᠷᠡᠯᠳᠡ ᠭᠦᠢᠴᠡᠳ ᠲᠣᠬᠢᠶᠠᠯᠳᠤᠯ ᠳᠤ᠂ ᠡᠭᠡᠯᠵᠢᠯᠡᠨ ᠬᠦᠯᠢᠶᠡᠬᠦ ᠬᠡᠪᠴᠢᠶᠡᠨ ᠳᠤ ᠣᠷᠣᠭᠤᠯᠤᠭᠰᠠᠨ | ᠪᠠᠲᠤᠯᠠᠭ᠎ᠠ ᠶᠢᠨ ᠡᠲᠡᠭᠡᠳ ᠢ ᠲᠥᠪᠯᠡᠷᠡᠭᠦᠯᠦᠨ ᠬᠤᠪᠢᠶᠠᠷᠢᠯᠠᠵᠤ ᠪᠣᠯᠤᠨ᠎ᠠ᠃ ᠳᠠᠷᠠᠭᠠᠯᠠᠯ ᠢᠶᠠᠷ ᠵᠢᠭᠠᠭᠰᠠᠨ ᠭᠡᠷ | ᠪᠠᠶᠢᠰᠢᠩ ᠤᠨ ᠢᠷᠡᠯᠲᠡ ᠶᠢᠨ ᠳᠣᠲᠣᠷ᠎ᠠ ᠠᠴᠠ ᠨᠢᠭᠡ ᠢᠵᠢ ᠨᠡᠶᠢᠲᠡ ᠶᠢᠨ ᠲᠦᠷᠢᠶᠡᠰᠦᠯᠡᠯ ᠤᠨ ᠭᠡᠷ ᠪᠠᠶᠢᠰᠢᠩ ᠢ | ᠰᠣᠩᠭᠤᠵᠤ ᠠᠪᠤᠨ᠎ᠠ᠃ | | ᠭᠤᠴᠢᠨ ᠲᠠᠪᠤᠳᠤᠭᠠᠷ ᠵᠦᠢᠯ ᠡᠭᠡᠯᠵᠢᠯᠡᠨ ᠬᠦᠯᠢᠶᠡᠬᠦ ᠬᠡᠷ ᠪᠦᠯᠢ ᠳᠤ ᠣᠨ ᠤ ᠬᠢᠨᠠᠨ ᠪᠠᠶᠢᠴᠠᠭᠠᠯᠲᠠ ᠪᠠ | ᠡᠳᠦᠷ ᠲᠤᠲᠤᠮ ᠤᠨ ᠬᠢᠨᠠᠨ ᠪᠠᠶᠢᠴᠠᠭᠠᠯᠲᠠ ᠶᠢ ᠬᠡᠷᠡᠭᠵᠢᠭᠦᠯᠦᠨ᠎ᠡ᠃ | | ᠡᠭᠡᠯᠵᠢᠯᠡᠨ ᠬᠦᠯᠢᠶᠡᠬᠦ ᠬᠤᠭᠤᠴᠠᠭᠠᠨ ᠳᠤ᠂ ᠬᠡᠷ ᠪᠦᠯᠢ ᠶᠢᠨ ᠪᠦᠷᠢᠯᠳᠦᠬᠦᠨ᠂ ᠡᠷᠦᠬᠡ ᠠᠮᠠ ᠶᠢᠨ ᠲᠠᠩᠰᠠ᠂ | ᠣᠷᠣᠯᠭ᠎ᠠ᠂ ᠣᠷᠣᠨ ᠰᠠᠭᠤᠴᠠ ᠵᠡᠷᠭᠡ ᠶᠢᠨ ᠪᠠᠶᠢᠳᠠᠯ ᠳᠤ ᠬᠤᠪᠢᠷᠠᠯᠲᠠ ᠭᠠᠷᠴᠤ᠂ ᠪᠠᠲᠤᠯᠠᠭ᠎ᠠ ᠶᠢᠨ ᠡᠲᠡᠭᠡᠳ ᠤᠨ | ᠲᠣᠬᠢᠷᠠᠭᠤᠯᠤᠨ ᠲᠦᠷᠢᠶᠡᠰᠦᠯᠡᠬᠦ ᠲᠠᠯᠠᠪᠠᠶ᠂ ᠡᠭᠡᠯᠵᠢᠯᠡᠨ ᠬᠦᠯᠢᠶᠡᠬᠦ ᠳᠠᠷᠠᠭᠠᠯᠠᠯ ᠳᠤ ᠬᠤᠪᠢᠷᠠᠯᠲᠠ ᠭᠠᠷᠤᠭᠰᠠᠨ | ᠲᠣᠬᠢᠶᠠᠯᠳᠤᠯ ᠳᠤ᠂ ᠪᠢᠴᠢᠭ ᠢᠶᠠᠷ ᠮᠡᠳᠡᠭᠳᠡᠬᠦ ᠶᠢᠨ ᠬᠠᠮᠲᠤ ᠡᠭᠡᠯᠵᠢᠯᠡᠨ ᠬᠦᠯᠢᠶᠡᠬᠦ ᠳᠠᠷᠠᠭᠠᠯᠠᠯ ᠳᠤ ᠲᠣᠬᠢᠷᠠᠭᠤᠯᠬᠤ | ᠬᠡᠷᠡᠭᠲᠡᠶ︔ ᠣᠯᠠᠨ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠬᠦᠰᠡᠯᠲᠡ ᠭᠠᠷᠭᠠᠬᠤ ᠨᠥᠬᠦᠴᠡᠯ ᠳᠤ | ᠨᠡᠶᠢᠴᠡᠬᠦ ᠥᠬᠡᠶ ᠪᠣᠯᠤᠭᠰᠠᠨ ᠲᠣᠬᠢᠶᠠᠯᠳᠤᠯ ᠳᠤ᠂ ᠪᠢᠴᠢᠭ ᠢᠶᠠᠷ ᠮᠡᠳᠡᠭᠳᠡᠵᠦ᠂ ᠡᠭᠡᠯᠵᠢᠯᠡᠨ ᠬᠦᠯᠢᠶᠡᠬᠦ | ᠬᠡᠪᠴᠢᠶ᠎ᠡ ᠠᠴᠠ ᠭᠠᠷᠭᠠᠨ᠎ᠠ᠃ | | ᠭᠤᠴᠢᠨ ᠵᠢᠷᠭᠤᠳᠤᠭᠠᠷ ᠵᠦᠢᠯ ᠭᠡᠷ᠎ᠡ ᠲᠣᠭᠲᠠᠭᠠᠪᠠ᠃ ᠬᠦᠰᠡᠯᠲᠡ ᠭᠠᠷᠭᠠᠭᠰᠠᠨ ᠭᠡᠷ ᠪᠦᠯᠢ ᠨᠢ | ᠰᠣᠩᠭᠤᠭᠰᠠᠨ ᠭᠡᠷ ᠤᠨ ᠢᠶᠠᠨ ᠨᠣᠮᠧᠷ ᠢ ᠦᠨᠳᠦᠰᠦᠯᠡᠨ ᠲᠣᠭᠲᠠᠭᠰᠠᠨ ᠴᠠᠭ ᠤᠨ ᠳᠣᠲᠣᠷ᠎ᠠ ᠬᠤᠰᠢᠭᠤᠨ ᠤ ᠭᠡᠷ | ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠭᠡᠷ᠎ᠡ ᠲᠣᠭᠲᠠᠨ᠎ᠠ᠃ | | ᠨᠡᠶᠢᠭᠡᠮ ᠤᠨ ᠬᠦᠴᠦᠨ ᠤ ᠪᠠᠯᠠ ᠣᠷᠣᠭᠤᠯᠤᠭᠰᠠᠨ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢᠨ ᠳᠣᠭᠢᠷᠠᠭᠤᠯᠤᠨ ᠲᠦᠷᠢᠶᠡᠰᠦᠯᠡᠭᠦᠯᠬᠦ ᠡᠲᠡᠭᠡᠳ ᠨᠢ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢᠨ ᠥᠮᠴᠢᠯᠡᠯ ᠤᠨ ᠡᠷᠬᠡᠲᠦ ᠬᠥᠮᠦᠨ ᠪᠤᠶᠤ ᠡᠵᠡᠩᠨᠡᠯᠲᠡ ᠶᠢᠨ ᠨᠢᠭᠡᠴᠢ ᠲᠠᠢ ᠭᠡᠷ᠎ᠡ ᠲᠣᠭᠲᠠᠬᠤ ᠶᠢᠨ | ᠬᠠᠮᠲᠤ᠂ ᠬᠤᠰᠢᠭᠤᠨ ᠬᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠵᠦ ᠪᠦᠷᠢᠳᠬᠡᠭᠦᠯᠦᠨ᠎ᠡ᠃ | | | ᠭᠤᠴᠢᠨ ᠳᠣᠯᠣᠳᠤᠭᠠᠷ ᠵᠦᠢᠯ ᠭᠡᠷ᠎ᠡ ᠶᠢᠨ ᠦᠨᠳᠦᠰᠦᠨ ᠠᠭᠤᠯᠭ᠎ᠠ᠃ ︽ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠯ ᠤᠨ ᠭᠡᠷ᠎ᠡ︾ ᠳᠤ ᠳᠣᠤᠷ᠎ᠠ ᠵᠢᠭᠰᠠᠭᠠᠭᠰᠠᠨ ᠠᠭᠤᠯᠭ᠎ᠠ ᠶᠢ | ᠲᠣᠳᠣᠷᠬᠠᠶᠢᠯᠠᠨ᠎ᠠ᠄ | | ︵ᠨᠢᠭᠡ︶ ᠭᠡᠷ᠎ᠡ ᠶᠢᠨ ᠲᠤᠬᠠᠶ ᠶᠢᠨ ᠬᠥᠮᠦᠨ ᠤ ᠤᠪᠤᠭ ᠨᠡᠷ᠎ᠡ᠂ ᠬᠤᠪᠢ ᠶᠢᠨ ᠦᠨᠡᠮᠯᠡᠯ ᠤᠨ ᠨᠣᠮᠧᠷ︔ | | ︵ᠬᠤᠶᠠᠷ︶ ᠭᠡᠷ ᠪᠠᠶᠢᠰᠢᠩ ᠤᠨ ᠪᠠᠶᠢᠷᠢᠯᠠᠯ᠂ ᠲᠠᠯᠠᠪᠠᠢ᠂ ᠲᠠᠭᠠᠯᠳᠠ ᠲᠥᠬᠦᠭᠡᠷᠦᠮᠵᠢ ᠪᠠ | ᠲᠥᠬᠦᠭᠡᠷᠦᠮᠵᠢ ᠶᠢᠨ ᠪᠠᠶᠢᠳᠠᠯ︔ | | ︵ᠭᠤᠷᠪᠠ︶ ᠠᠳᠠᠯ ᠠᠬᠤᠶ ᠶᠢᠨ ᠦᠢᠯᠡᠴᠢᠯᠡᠭᠡᠨ ᠤ ᠵᠠᠷᠤᠳᠠᠯ᠂ ᠤᠰᠤ ᠴᠠᠬᠢᠯᠭᠠᠨ ᠤ ᠵᠠᠷᠤᠳᠠᠯ᠂ ᠰᠢᠲᠠᠮᠠᠬᠠᠶ | ᠬᠡᠢ ᠶᠢᠨ ᠵᠠᠷᠤᠳᠠᠯ᠂ ᠳᠤᠯᠠᠭᠠᠯᠠᠯᠭ᠎ᠠ ᠶᠢᠨ ᠵᠠᠷᠤᠳᠠᠯ ᠵᠡᠷᠭᠡ ᠵᠠᠷᠤᠳᠠᠯ ᠢ ᠥᠭᠬᠦ ᠠᠷᠭ᠎ᠠ ᠪᠠᠷᠢᠯ︔ | | ︵ᠲᠦᠷᠪᠡ︶ ᠭᠡᠷ ᠪᠠᠶᠢᠰᠢᠩ ᠤᠨ ᠬᠡᠷᠡᠭᠴᠡᠭᠡ ᠪᠠ ᠬᠡᠷᠡᠭᠯᠡᠬᠦ ᠱᠠᠭᠠᠷᠳᠠᠯᠭ᠎ᠠ︔ | | ︵ᠲᠠᠪᠤ︶ ᠭᠡᠷ ᠪᠠᠶᠢᠰᠢᠩ ᠢ ᠪᠠᠶᠢᠴᠠᠭᠠᠨ ᠵᠠᠰᠠᠬᠤ ᠬᠠᠷᠢᠭᠤᠴᠠᠯᠭ᠎ᠠ︔ | | ︵ᠵᠢᠷᠭᠤᠭ᠎ᠠ︶ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢ | ᠵᠣᠭᠰᠣᠭᠠᠭᠰᠠᠨ ᠪᠠᠶᠢᠳᠠᠯ︔ | | ︵ᠲᠤᠯᠤᠭ᠎ᠠ︶ ᠭᠡᠷ᠎ᠡ ᠶᠢ ᠵᠥᠷᠢᠴᠡᠭᠰᠡᠨ ᠬᠠᠷᠢᠭᠤᠴᠠᠯᠭ᠎ᠠ ᠵᠢᠴᠢ ᠮᠠᠷᠭᠤᠯᠳᠤᠭᠠᠨ ᠢ ᠰᠢᠢᠳᠪᠦᠷᠢᠯᠡᠬᠦ ᠠᠷᠭ᠎ᠠ︔ | | | ︵ᠨᠠᠢᠮᠠ︶ ᠪᠤᠰᠤᠳ ᠪᠣᠯᠵᠣᠯ᠃ | | ᠡᠭᠦᠨ ᠠᠴᠠ ᠭᠠᠳᠠᠨ᠎ᠠ᠂ ᠲᠦᠷᠢᠶᠡᠰᠦᠯᠡᠬᠦ ᠭᠡᠷ᠎ᠡ ᠳᠤ ᠲᠦᠷᠢᠶᠡᠰᠦᠯᠡᠬᠦ ᠬᠤᠭᠤᠴᠠᠭ᠎ᠠ᠂ ᠲᠦᠷᠢᠶᠡᠰᠦᠨ ᠮᠥᠩᠭᠦ᠂ | ᠪᠠᠲᠤᠯᠠᠭ᠎ᠠ ᠶᠢᠨ ᠮᠥᠩᠭᠦ ᠵᠢᠴᠢ ᠲᠡᠭᠦᠨ ᠢ ᠥᠭᠬᠦ ᠠᠷᠭ᠎ᠠ ᠪᠠᠷᠢᠯ ᠵᠡᠷᠭᠡ ᠠᠭᠤᠯᠭ᠎ᠠ ᠶᠢ ᠲᠣᠳᠣᠷᠠᠭᠤᠯᠬᠤ | ᠱᠠᠭᠠᠷᠳᠠᠯᠭ᠎ᠠ ᠲᠠᠢ᠃ | | ᠭᠤᠴᠢᠨ ᠨᠠᠢᠮᠠᠳᠤᠭᠠᠷ ᠵᠦᠢᠯ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠲᠣᠬᠢᠷᠠᠭᠤᠯᠤᠨ ᠲᠦᠷᠢᠶᠡᠰᠦᠯᠡᠭᠦᠯᠬᠦ ᠨᠥᠬᠦᠴᠡᠯ ᠳᠤ ᠨᠡᠶᠢᠴᠡᠬᠦ ᠪᠠᠲᠤᠯᠠᠭ᠎ᠠ ᠶᠢᠨ ᠡᠲᠡᠭᠡᠳ ᠲᠤ ᠳᠠᠷᠠᠭᠠᠬᠢ ᠪᠠᠶᠢᠳᠠᠯ ᠤᠨ | ᠨᠢᠭᠡ ᠨᠢ ᠭᠠᠷᠤᠭᠰᠠᠨ ᠲᠣᠬᠢᠶᠠᠯᠳᠤᠯ ᠳᠤ᠂ ᠲᠣᠬᠢᠷᠠᠭᠤᠯᠤᠨ ᠲᠦᠷᠢᠶᠡᠰᠦᠯᠡᠭᠦᠯᠬᠦ ᠬᠢᠷᠢ ᠬᠡᠮ ᠢᠶᠠᠨ ᠢᠳᠡᠪᠬᠢᠲᠠᠢ | ᠬᠠᠶᠠᠭᠰᠠᠨ ᠢᠶᠠᠷ ᠦᠵᠡᠨ᠎ᠡ᠂ 5 ᠵᠢᠯ ᠤᠨ ᠳᠣᠲᠣᠷ᠎ᠠ ᠲᠠᠬᠢᠵᠦ ᠭᠤᠶᠤᠴᠢᠯᠠᠵᠤ ᠪᠣᠯᠬᠤ ᠥᠭᠡᠢ᠄ | | ︵ᠨᠢᠭᠡ︶ ᠲᠣᠭᠲᠠᠭᠰᠠᠨ ᠴᠠᠭ᠂ ᠭᠠᠵᠠᠷ ᠲᠤ ᠰᠢᠪᠠᠭ᠎ᠠ ᠰᠤᠭᠤᠯᠵᠤ ᠭᠡᠷ ᠰᠣᠩᠭᠤᠬᠤ ᠳᠤ ᠣᠷᠣᠯᠴᠠᠭᠰᠠᠨ | ᠦᠭᠡᠢ︔ | | ︵ᠬᠤᠶᠠᠷ︶ ᠨᠢᠭᠡᠨᠲᠡ ᠭᠡᠷ ᠪᠠᠶᠢᠰᠢᠩ ᠰᠣᠩᠭᠤᠭᠰᠠᠨ ᠪᠣᠯᠪᠠᠴᠤ ᠲᠣᠭᠲᠠᠭᠰᠠᠨ ᠴᠠᠭ ᠤᠨ ᠳᠣᠲᠣᠷ᠎ᠠ | ᠲᠦᠷᠢᠶᠡᠰᠦᠯᠡᠬᠦ ᠭᠡᠷ᠎ᠡ ᠲᠣᠭᠲᠠᠭᠠᠵᠤ ᠴᠢᠳᠠᠭᠰᠠᠨ ᠦᠭᠡᠢ ᠪᠤᠶᠤ ᠬᠤᠯᠪᠣᠭᠳᠠᠬᠤ ᠵᠠᠷᠤᠳᠠᠯ ᠢ ᠲᠤᠰᠢᠶᠠᠵᠤ ᠴᠢᠳᠠᠭᠰᠠᠨ | ᠦᠭᠡᠢ︔ | | ︵ᠭᠤᠷᠪᠠ︶ ᠲᠦᠷᠢᠶᠡᠰᠦᠯᠡᠬᠦ ᠭᠡᠷ᠎ᠡ ᠵᠢᠭᠠᠭᠰᠠᠨ ᠤ ᠲᠠᠷᠠᠭ᠎ᠠ ᠭᠡᠷ ᠪᠠᠶᠢᠰᠢᠩ ᠲᠦᠷᠢᠶᠡᠰᠦᠯᠡᠬᠦ ᠠᠴᠠ | ᠲᠡᠪᠴᠢᠭᠰᠡᠨ︔ | | ︵ᠲᠦᠷᠪᠡ︶ ᠲᠦᠷᠢᠶᠡᠰᠦ ᠲᠦᠭᠡᠭᠡᠬᠦ ᠬᠢᠷᠢ ᠬᠡᠮ ᠢᠶᠠᠨ ᠤᠷᠬᠢᠭᠰᠠᠨ ᠪᠤᠰᠤᠳ ᠪᠠᠶᠢᠳᠠᠯ ᠤᠳ᠃ | | ᠭᠤᠴᠢ ᠶᠢᠰᠦᠳᠦᠭᠡᠷ ᠵᠦᠢᠯ ᠲᠦᠷᠢᠶᠡᠰᠦᠨ ᠮᠥᠩᠭᠦ ᠶᠢᠨ ᠪᠠᠷᠢᠮᠵᠢᠶ᠎ᠠ᠃ | | ᠣᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠶᠢ | ᠣᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠦᠨ᠎ᠡ | ᠬᠠᠩᠰᠢ ᠶᠢᠨ ᠭᠤᠤᠯᠴᠢᠯᠠᠨ ᠬᠠᠮᠢᠶᠠᠷᠴᠤ ᠵᠣᠬᠢᠴᠠᠭᠤᠯᠬᠤ ᠰᠠᠯᠠᠭ᠎ᠠ ᠮᠥᠴᠢᠷ ᠲᠠᠢ ᠬᠠᠮᠲᠤᠷᠠᠨ᠂ ᠠᠳᠠᠯᠢ ᠭᠠᠵᠠᠷ ᠤᠨ | ᠬᠡᠰᠡᠭ ᠤᠨ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠲᠦᠷᠢᠶᠡᠰᠦᠨ ᠮᠥᠩᠭᠦ ᠶᠢᠨ ᠬᠢᠷᠢ ᠬᠡᠮᠵᠢᠶ᠎ᠡ ᠠᠴᠠ ᠳᠣᠤᠷ᠎ᠠ | ᠪᠠᠶᠢᠯᠭᠠᠬᠤ ᠵᠠᠷᠴᠢᠮ ᠶᠣᠰᠣᠭᠠᠷ᠂ ᠣᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢᠨ ᠲᠦᠷᠢᠶᠡᠰᠦᠨ | ᠮᠥᠩᠭᠦ ᠶᠢᠨ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠶᠢᠨ ᠬᠠᠮᠲᠤ᠂ ᠬᠡᠷ ᠪᠠᠶᠢᠰᠢᠩ ᠤᠨ ᠲᠦᠷᠢᠶᠡᠰᠦᠯᠡᠬᠦ | ᠵᠠᠬ᠎ᠠ ᠳᠡᠯᠭᠡᠭᠦᠷ ᠤᠨ ᠲᠦᠷᠢᠶᠡᠰᠦᠨ ᠮᠥᠩᠭᠦ ᠶᠢᠨ ᠦᠨ᠎ᠡ ᠬᠠᠩᠰᠢ ᠶᠢᠨ ᠬᠤᠪᠢᠷᠠᠯᠲᠠ ᠶᠢ ᠦᠨᠳᠦᠰᠦᠯᠡᠨ᠂ | ᠴᠠᠭ ᠲᠤᠨᠢ ᠳᠣᠭᠢᠷᠠᠭᠤᠯᠤᠨ ᠲᠣᠬᠢᠷᠠᠭᠤᠯᠬᠤ ᠶᠢᠨ ᠬᠠᠮᠲᠤ ᠣᠯᠠᠨ ᠨᠡᠶᠢᠲᠡ ᠳᠤ ᠢᠯᠡ ᠵᠠᠷᠯᠠᠨ᠎ᠠ᠃ | | ᠨᠢᠭᠡᠨᠲᠡ ᠪᠠᠶᠢᠭᠤᠯᠤᠭᠰᠠᠨ ᠪᠥᠭᠡᠳ ᠬᠤᠪᠢᠶᠠᠷᠢᠯᠠᠨ ᠰᠠᠭᠤᠯᠭᠠᠭᠰᠠᠨ ᠬᠢᠮᠳᠠ ᠲᠦᠷᠢᠶᠡᠰᠦᠨ ᠣᠷᠣᠨ | ᠰᠠᠭᠤᠴᠠ ᠶᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠳᠤ ᠨᠢᠭᠡᠳᠦᠯᠲᠡᠶ | ᠣᠷᠣᠭᠤᠯᠵᠤ᠂ ᠠᠳᠠᠯᠢ ᠪᠤᠰᠤ ᠪᠠᠲᠤᠯᠠᠭ᠎ᠠ ᠶᠢᠨ ᠣᠯᠠᠨ ᠨᠡᠶᠢᠲᠡ ᠶᠢᠨ ᠲᠥᠷᠥᠯ ᠬᠡᠯᠪᠡᠷᠢ ᠳᠤ ᠲᠠᠰ ᠬᠤᠪᠢᠶᠠᠨ᠂ ᠲᠠᠰ | ᠬᠤᠪᠢᠶᠠᠨ ᠲᠦᠷᠢᠶᠡᠰᠦᠨ ᠮᠥᠩᠭᠦ ᠶᠢ ᠬᠠᠷᠭᠤᠭᠤᠯᠤᠨ ᠬᠠᠰᠤᠵᠤ᠂ ᠪᠣᠳᠠᠲᠤ ᠶᠠᠭᠤᠮ᠎ᠠ ᠪᠠᠷ ᠲᠦᠷᠢᠶᠡᠰᠦ | ᠳᠣᠭᠢᠷᠠᠭᠤᠯᠤᠭᠰᠠᠨ ᠬᠡᠷ ᠪᠦᠯᠢ ᠳᠤ ᠰᠢᠭᠤᠳ ᠲᠦᠷᠢᠶᠡᠰᠦᠨ ᠮᠥᠩᠭᠦ ᠶᠢ ᠬᠠᠷᠭᠤᠭᠤᠯᠤᠨ ᠬᠠᠰᠤᠵᠤ᠂ ᠤᠷᠢᠳᠠᠪᠠᠷ | ᠬᠤᠷᠢᠶᠠᠵᠤ ᠳᠠᠷᠠᠭ᠎ᠠ ᠨᠢ ᠪᠤᠴᠠᠭᠠᠨ ᠨᠥᠬᠦᠪᠥᠷᠢ ᠥᠭᠬᠦ ᠥᠬᠡᠶ᠃ | | ᠳᠥᠴᠢᠳᠦᠭᠡᠷ ᠵᠦᠢᠯ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠠᠳᠠᠯᠢ ᠪᠤᠰᠤ | ᠲᠦᠷᠢᠶᠡᠰᠦᠯᠡᠬᠦ ᠡᠲᠡᠭᠡᠳ ᠤᠨ ᠪᠣᠳᠠᠲᠠᠶ ᠲᠦᠷᠢᠶᠡᠰᠦᠨ ᠮᠥᠩᠭᠦ ᠶᠢᠨ ᠪᠠᠷᠢᠮᠵᠢᠶ᠎ᠠ ᠨᠢ᠄ | | ︵ᠨᠢᠭᠡ︶ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ᠂ ᠣᠨᠴᠠ ᠬᠦᠴᠢᠷᠳᠡᠯᠲᠡᠶ ᠬᠥᠮᠦᠰ ᠤᠨ ᠲᠦᠷᠢᠶᠡᠰᠦᠨ | ᠮᠥᠩᠭᠦ ᠶᠢᠨ ᠪᠠᠷᠢᠮᠵᠢᠶ᠎ᠠ ᠨᠢ ᠰᠠᠷ᠎ᠠ ᠪᠦᠷᠢ 1 ᠲᠥᠭᠦᠷᠢᠭ / ᠺᠦᠸᠠᠳ᠋ ᠮᠧᠲᠷ︔ ᠬᠠᠰᠤᠵᠤ ᠬᠠᠶᠠᠭᠰᠠᠨ ᠤ ᠳᠠᠷᠠᠭ᠎ᠠ | ᠰᠠᠷ᠎ᠠ ᠪᠦᠷᠢ 4 ᠲᠥᠭᠦᠷᠢᠭ \ ᠺᠦᠸᠠᠳ᠋ ᠮᠧᠲᠷ︔ | | ︵ᠬᠤᠶᠠᠷ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠡᠷᠦᠬᠡ᠂ | ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ᠂ ᠶᠠᠳᠠᠭᠤ ᠬᠦᠴᠢᠷᠳᠡᠯᠲᠡᠶ ᠵᠡᠮᠳᠡᠭᠴᠦᠳ ᠵᠢᠴᠢ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠬᠥᠮᠦᠰ ᠤᠨ ᠲᠦᠷᠢᠶᠡᠰᠦᠨ ᠮᠥᠩᠭᠦ ᠶᠢᠨ | ᠪᠠᠷᠢᠮᠵᠢᠶ᠎ᠠ ᠨᠢ ᠰᠠᠷ᠎ᠠ ᠪᠦᠷᠢ 4 ᠲᠥᠭᠦᠷᠢᠭ / ᠺᠦᠸᠠᠳ᠋ ᠮᠧᠲᠷ︔ ᠬᠦᠴᠦᠨ ᠥᠬᠡᠶ ᠪᠣᠯᠭᠠᠭᠰᠠᠨ ᠤ ᠳᠠᠷᠠᠭᠠᠬᠢ | ᠲᠦᠷᠢᠶᠡᠰᠦᠨ ᠮᠥᠩᠭᠦ ᠶᠢᠨ ᠪᠠᠷᠢᠮᠵᠢᠶ᠎ᠠ ᠨᠢ ᠰᠠᠷ᠎ᠠ ᠪᠦᠷᠢ 6 ᠲᠥᠭᠦᠷᠢᠭ \ ᠺᠦᠸᠠᠳ᠋ ᠮᠧᠲᠷ︔ | | ︵ᠭᠤᠷᠪᠠ︶ ᠬᠥᠮᠦᠨ ᠪᠦᠷᠢ ᠶᠢᠨ ᠳᠤᠮᠳᠠᠴᠢ ᠰᠠᠷ᠎ᠠ ᠶᠢᠨ ᠣᠷᠣᠯᠭ᠎ᠠ ᠨᠢ ᠬᠤᠲᠠ ᠪᠠᠯᠭᠠᠰᠤᠨ ᠤ | ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ 3 ᠳᠠᠬᠢᠨ ᠠᠴᠠ | ᠳᠣᠤᠷ᠎ᠠ ᠪᠠᠶᠢᠭ᠎ᠠ ᠬᠡᠷ ᠪᠦᠯᠢ᠂ ᠠᠵᠢᠯ ᠣᠯᠤᠭᠰᠠᠨ ᠠᠵᠢᠯᠲᠠᠨ ᠠᠵᠢᠯᠴᠢᠳ ᠤᠨ ᠭᠠᠳᠠᠨ᠎ᠠ ᠠᠴᠠ ᠢᠷᠡᠵᠦ ᠠᠵᠢᠯ | ᠬᠥᠳᠡᠯᠮᠦᠷᠢ ᠭᠦᠢᠴᠡᠳᠬᠡᠵᠦ ᠪᠠᠶᠢᠭ᠎ᠠ ᠬᠥᠮᠦᠰ ᠤᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠨᠢ ᠰᠠᠷ᠎ᠠ ᠪᠦᠷᠢ 8 | ᠲᠥᠭᠦᠷᠢᠭ / ᠺᠦᠸᠠᠳ᠋ ᠮᠧᠲᠷ ᠪᠣᠯᠤᠨ᠎ᠠ᠃ | ᠳᠥᠴᠢᠨ ᠨᠢᠭᠡᠳᠦᠭᠡᠷ ᠵᠦᠢᠯ ᠲᠦ᠋ᠷᠢᠶᠡᠰᠦᠨ ᠮᠥᠩᠭᠦ ᠲᠤᠰᠢᠶᠠᠬᠤ ᠠᠷᠭ᠎ᠠ ᠪᠠᠷᠢᠯ᠃ | | ᠲᠦᠷᠢᠶᠡᠰᠦᠯᠡᠭᠦᠯᠬᠦ ᠬᠡᠷ ᠪᠦᠯᠢ ᠨᠢ ᠬᠡᠷ ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ︽ | ᠠᠯᠠᠱᠠ ᠵᠡᠭᠦᠨ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠯ ᠤᠨ | ᠭᠡᠷ᠎ᠡ︾ ᠲᠣᠭᠲᠠᠵᠤ᠂ ᠬᠡᠷ ᠤᠨ ᠲᠦᠷᠢᠶᠡᠰᠦ ᠶᠢ ᠭᠡᠷ᠎ᠡ ᠶᠢᠨ ᠲᠣᠭᠲᠠᠭᠠᠯ ᠶᠣᠰᠣᠭᠠᠷ ᠲᠤᠰᠢᠶᠠᠨ᠎ᠠ᠃ | | ᠳᠥᠴᠢᠨ ᠬᠤᠶᠠᠳᠤᠭᠠᠷ ᠵᠦᠢᠯ ᠨᠢᠭᠡᠨᠲᠡ ᠳᠣᠭᠢᠷᠠᠭᠤᠯᠤᠨ ᠲᠦᠷᠢᠶᠡᠰᠦᠯᠡᠭᠦᠯᠦᠭᠰᠡᠨ ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠡᠲᠡᠭᠡᠳ ᠨᠢ ᠠᠵᠢᠯ ᠤᠯᠬᠤ᠂ ᠦᠷ᠎ᠡ ᠬᠡᠤᠬᠡᠳ ᠨᠢ | ᠰᠤᠷᠭᠠᠭᠤᠯᠢ ᠳᠤ ᠣᠷᠣᠬᠤ ᠵᠡᠷᠭᠡ ᠰᠢᠯᠲᠠᠭᠠᠨ ᠠᠴᠠ ᠪᠣᠯᠵᠣ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢ ᠰᠣᠯᠢᠬᠤ ᠱᠠᠭᠠᠷᠳᠠᠯᠭ᠎ᠠ ᠲᠠᠢ ᠪᠣᠯ᠂ ᠬᠤᠰᠢᠭᠤᠨ ᠬᠡᠷ ᠪᠠᠶᠢᠰᠢᠩ ᠤᠨ ᠬᠠᠮᠢᠶᠠᠷᠤᠯᠲᠠ ᠶᠢᠨ | ᠲᠣᠪᠴᠢᠶ᠎ᠠ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠬᠡᠷ ᠪᠠᠶᠢᠰᠢᠩ ᠤᠨ ᠢᠷᠡᠯᠲᠡ ᠲᠠᠢ ᠪᠠᠶᠢᠳᠠᠯ | ᠳᠣᠤᠷ᠎ᠠ ᠰᠣᠯᠢᠵᠤ ᠪᠣᠯᠤᠨ᠎ᠠ᠃ | | ᠳᠥᠴᠢᠨ ᠭᠤᠷᠪᠠᠳᠤᠭᠠᠷ ᠵᠦᠢᠯ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠲᠦᠷᠢᠶᠡᠰᠦᠯᠡᠬᠦ ᠬᠤᠭᠤᠴᠠᠭ᠎ᠠ ᠶᠢ ᠡᠩ ᠤᠨ ᠪᠠᠶᠢᠳᠠᠯ ᠳᠤ 5 ᠵᠢᠯ ᠠᠴᠠ ᠬᠡᠲᠦᠷᠡᠭᠦᠯᠬᠦ ᠥᠬᠡᠶ᠃ | | ᠳᠥᠷᠪᠡᠳᠦᠭᠡᠷ ᠬᠡᠰᠡᠭ ᠪᠣᠳᠠᠲᠤ ᠶᠠᠭᠤᠮ᠎ᠠ ᠶᠢ ᠲᠦᠭᠡᠭᠡᠨ ᠬᠤᠳᠠᠯᠳᠤᠬᠤ | | ᠳᠥᠴᠢᠨ ᠳᠥᠷᠪᠡᠳᠦᠭᠡᠷ ᠵᠦᠢᠯ ᠪᠣᠳᠠᠲᠤ ᠶᠠᠭᠤᠮ᠎ᠠ ᠪᠠᠷ ᠲᠦᠭᠡᠭᠡᠨ ᠬᠤᠳᠠᠯᠳᠤᠬᠤ ᠭᠡᠷ ᠪᠠᠶᠢᠰᠢᠩ ᠤᠨ | ᠲᠠᠯᠠᠪᠠᠢ᠂ ᠲᠦᠭᠡᠭᠡᠨ ᠬᠤᠳᠠᠯᠳᠤᠬᠤ ᠡᠳᠡᠬᠡᠳ ᠢ ᠵᠢᠭᠰᠠᠭᠠᠬᠤ᠂ ᠡᠭᠡᠯᠵᠢᠯᠡᠨ ᠬᠦᠯᠢᠶᠡᠬᠦ᠂ ᠲᠦᠭᠡᠭᠡᠨ ᠬᠤᠳᠠᠯᠳᠤᠬᠤ | ᠲᠥᠰᠦᠯ ᠢ ᠲᠣᠭᠲᠠᠭᠠᠬᠤ ᠪᠠ ᠵᠠᠷᠯᠠᠬᠤ᠂ ᠭᠡᠷ ᠰᠣᠩᠭᠤᠬᠤ᠂ ᠭᠡᠷ᠎ᠡ ᠲᠣᠭᠲᠠᠭᠠᠬᠤ᠂ ᠡᠭᠡᠯᠵᠢᠯᠡᠨ ᠬᠦᠯᠢᠶᠡᠬᠦ ᠭᠡᠷ | ᠪᠦᠯᠢ ᠶᠢᠨ ᠣᠨ ᠤ ᠬᠢᠨᠠᠨ ᠬᠠᠷᠭᠤᠭᠤᠯᠤᠯᠲᠠ ᠪᠠ ᠡᠳᠦᠷ ᠲᠤᠳᠤᠮ ᠤᠨ ᠬᠢᠨᠠᠨ ᠬᠠᠷᠭᠤᠭᠤᠯᠤᠯᠲᠠ ᠵᠡᠷᠭᠡ | ᠲᠣᠭᠲᠠᠭᠠᠯ ᠢ ᠲᠤᠰ ᠪᠦᠯᠦᠭ ᠤᠨ ᠭᠤᠷᠪᠠᠳᠤᠭᠠᠷ ᠬᠡᠰᠡᠭ ᠤᠨ ᠬᠤᠯᠪᠣᠭᠳᠠᠬᠤ ᠲᠣᠭᠲᠠᠭᠠᠯ ᠢᠶᠠᠷ ᠯᠠᠪᠯᠠᠯᠲᠠ ᠪᠣᠯᠭᠠᠵᠤ | ᠬᠡᠷᠡᠭᠵᠢᠭᠦᠯᠦᠨ᠎ᠡ᠃ | | ᠳᠥᠴᠢᠨ ᠲᠠᠪᠤᠳᠤᠭᠠᠷ ᠵᠦᠢᠯ ᠬᠤᠳᠠᠯᠳᠤᠬᠤ ᠦᠨ᠎ᠡ | | ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠤᠳᠠᠯᠳᠤᠬᠤ ᠦᠨ᠎ᠡ ᠬᠠᠩᠰᠢ ᠶᠢ ᠭᠠᠵᠠᠷ | ᠰᠢᠷᠣᠶ ᠶᠢ ᠰᠢᠯᠵᠢᠭᠦᠯᠦᠨ ᠬᠤᠳᠠᠯᠳᠤᠬᠤ ᠦᠨ᠎ᠡ ᠶᠢᠨ ᠪᠡᠯᠡ ᠮᠥᠩᠭᠦᠨ ᠤ ᠬᠥᠩᠭᠡᠯᠡᠯᠲᠡ᠂ ᠭᠠᠶᠢᠯᠢ ᠰᠦᠢᠳᠬᠡᠯ ᠤᠨ | ᠬᠠᠷᠠᠭᠠᠯᠵᠠᠯ ᠵᠢᠴᠢ ᠪᠠᠲᠤᠯᠠᠭ᠎ᠠ ᠲᠠᠢ ᠬᠡᠷ ᠪᠦᠯᠢ ᠶᠢᠨ ᠳᠥᠯᠥᠬᠦ ᠴᠢᠳᠠᠪᠤᠷᠢ ᠵᠡᠷᠭᠡ ᠬᠦᠴᠦᠨ ᠵᠦᠢᠯ ᠢ ᠶᠡᠷᠦᠩᠬᠡᠶᠢᠯᠡᠨ | ᠪᠣᠳᠣᠯᠬᠢᠯᠠᠵᠤ᠂ ᠵᠠᠷᠴᠢᠮ ᠳᠡᠭᠡᠷ᠎ᠡ ᠪᠠᠨ ᠲᠤᠬᠠᠶ ᠶᠢᠨ ᠴᠠᠭ ᠤᠨ ᠠᠳᠠᠯᠢ ᠬᠡᠰᠡᠭ᠂ ᠠᠳᠠᠯᠢ ᠲᠥᠷᠥᠯ ᠤᠨ ᠡᠩ ᠤᠨ | ᠲᠠᠸᠠᠷ ᠤᠨ ᠣᠷᠣᠨ ᠰᠠᠭᠤᠴᠠ ᠶᠢᠨ ᠦᠨ᠎ᠡ ᠬᠠᠩᠰᠢ ᠶᠢᠨ ᠵᠣᠬᠢᠬᠤ ᠬᠠᠷᠢᠴᠠᠯ ᠢᠶᠠᠷ ᠲᠣᠭᠲᠠᠭᠠᠵᠤ᠂ ᠪᠣᠳᠠᠲᠠᠶ ᠦᠨ᠎ᠡ | ᠬᠠᠩᠰᠢ ᠶᠢ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠲᠥᠰᠦᠭᠡᠯᠡᠨ ᠪᠤᠳᠤᠵᠤ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠵᠦ ᠬᠡᠷᠡᠭᠵᠢᠭᠦᠯᠦᠨ᠎ᠡ᠃ | | | ᠳᠥᠴᠢᠨ ᠵᠢᠷᠭᠤᠳᠤᠭᠠᠷ ᠵᠦᠢᠯ ᠮᠥᠩᠭᠦ ᠲᠦᠯᠦᠬᠦ ᠠᠷᠭ᠎ᠠ ᠪᠠᠷᠢᠯ᠃ | | ᠬᠡᠷ ᠪᠠᠶᠢᠰᠢᠩ ᠬᠤᠳᠠᠯᠳᠤᠨ ᠠᠪᠬᠤ ᠬᠡᠷ ᠪᠦᠯᠢ ᠨᠢ ᠬᠡᠷ ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠠᠢ ︽ᠠᠯᠠᠱᠠ ᠵᠡᠭᠦᠨ ᠬᠤᠰᠢᠭᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠡᠷ | ᠪᠠᠶᠢᠰᠢᠩ ᠬᠤᠳᠠᠯᠳᠤᠨ ᠠᠪᠬᠤ ᠭᠡᠷ᠎ᠡ︾ ᠲᠣᠭᠲᠠᠵᠤ᠂ ᠨᠢᠭᠡ ᠤᠳᠠᠭ᠎ᠠ ᠶᠢᠨ ᠴᠢᠨᠠᠷᠲᠠᠶ ᠪᠠᠷ ᠵᠣᠭᠤᠰ ᠥᠭᠬᠦ ᠶᠢ | ᠬᠡᠷᠡᠭᠵᠢᠭᠦᠯᠦᠨ᠎ᠡ᠃ | | ᠳᠥᠴᠢᠨ ᠳᠣᠯᠣᠳᠤᠭᠠᠷ ᠵᠦᠢᠯ ᠥᠮᠴᠢᠯᠡᠬᠦ ᠡᠷᠬᠡ ᠶᠢᠨ ᠬᠠᠮᠢᠶᠠᠷᠤᠯᠲᠠ᠃ | | ︵ᠨᠢᠭᠡ︶ ᠬᠡᠷ ᠪᠠᠶᠢᠰᠢᠩ ᠬᠤᠳᠠᠯᠳᠤᠨ ᠠᠪᠤᠭᠴᠢ ᠬᠡᠷ ᠪᠠᠶᠢᠰᠢᠩ ᠤᠨ ᠪᠥᠬᠦ ᠵᠣᠭᠤᠰ ᠢᠶᠠᠨ | ᠲᠤᠰᠢᠶᠠᠭᠰᠠᠨ ᠤ ᠳᠠᠷᠠᠭ᠎ᠠ᠂ ︽ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︾ ᠢ ᠭᠦᠢᠴᠡᠳᠬᠡᠵᠦ᠂ ︽ | ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠳᠠᠯᠳᠤᠬᠤ︾ ᠭᠡᠬᠦ ᠥᠰᠥᠭ ᠢ ᠲᠣᠳᠣᠷᠬᠠᠢ ᠪᠣᠯᠭᠠᠵᠤ | ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠬᠤ ᠶᠢ ᠵᠥᠪᠰᠢᠶᠡᠷᠡᠭᠰᠡᠨ ᠬᠤᠭᠤᠴᠠᠭ᠎ᠠ ᠬᠢᠵᠠᠭᠠᠷ ᠵᠡᠷᠭᠡ ᠠᠭᠤᠯᠭ᠎ᠠ ᠶᠢ | ᠲᠣᠳᠣᠷᠬᠠᠶᠢᠯᠠᠵᠤ᠂ ︽ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︾ ᠢ ᠭᠦᠢᠴᠡᠳᠬᠡᠬᠦ ᠶᠢᠨ | ᠬᠤᠯᠪᠣᠭᠳᠠᠬᠤ ᠭᠠᠶᠢᠯᠢ ᠰᠦᠢᠳᠬᠡᠯ ᠢ ᠬᠡᠷ ᠪᠠᠶᠢᠰᠢᠩ ᠬᠤᠳᠠᠯᠳᠤᠨ ᠠᠪᠤᠭᠴᠢ ᠲᠣᠭᠲᠠᠭᠠᠯ ᠶᠣᠰᠣᠭᠠᠷ ᠥᠪᠡᠷ ᠢᠶᠠᠨ | ᠲᠤᠰᠢᠶᠠᠨ᠎ᠠ᠃ | | ︵ᠬᠤᠶᠠᠷ︶ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠨᠢ ︽ᠥᠯᠥ ᠬᠥᠳᠡᠯᠬᠦ | ᠬᠥᠷᠥᠩᠭᠡ ᠶᠢᠨ ᠡᠷᠬᠡ ᠶᠢᠨ ᠦᠨᠡᠮᠯᠡᠯ︾ ᠢ ᠣᠯᠤᠭᠰᠠᠨ ᠡᠳᠦᠷ ᠠᠴᠠ ᠡᠬᠢᠯᠡᠨ ᠲᠠᠪᠤᠨ ᠵᠢᠯ ᠤᠨ ᠳᠣᠲᠣᠷ᠎ᠠ ᠵᠠᠬ᠎ᠠ | ᠳᠡᠯᠭᠡᠭᠦᠷ ᠲᠤ ᠭᠠᠷᠭᠠᠨ ᠠᠷᠠᠯᠵᠢᠶᠠᠯᠠᠵᠤ ᠪᠣᠯᠬᠤ ᠥᠬᠡᠶ᠃ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠬᠡᠷᠪᠡ | ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠬᠤ ᠳᠤ ᠬᠦᠷᠪᠡᠯ᠂ ᠲᠤᠬᠠᠶ ᠶᠢᠨ ᠴᠠᠭ ᠤᠨ ᠠᠳᠠᠯᠢ ᠭᠠᠵᠠᠷ ᠤᠨ ᠬᠡᠰᠡᠭ᠂ | ᠠᠳᠠᠯᠢ ᠲᠥᠷᠥᠯ ᠤᠨ ᠡᠩ ᠤᠨ ᠲᠠᠸᠠᠷ ᠤᠨ ᠣᠷᠣᠨ ᠰᠠᠭᠤᠴᠠ ᠶᠢᠨ ᠦᠨ᠎ᠡ ᠶᠢᠨ ᠪᠡᠯᠡ ᠮᠥᠩᠭᠦᠨ ᠤ ᠵᠣᠬᠢᠬᠤ | ᠬᠠᠷᠢᠴᠠᠯ ᠢᠶᠠᠷ ᠵᠠᠰᠠᠭ ᠤᠨ ᠣᠷᠳᠣᠨ ᠳᠤ ᠳᠡᠭᠡᠭᠰᠢ ᠲᠤᠰᠢᠶᠠᠭᠰᠠᠨ ᠤ ᠳᠠᠷᠠᠭ᠎ᠠ᠂ ᠪᠦᠷᠢᠨ ᠥᠮᠴᠢᠯᠡᠬᠦ ᠡᠷᠬᠡ ᠶᠢ | ᠣᠯᠵᠤ ᠪᠣᠯᠤᠨ᠎ᠠ᠃ ᠪᠣᠳᠠᠲᠠᠶ ᠬᠠᠷᠢᠴᠠᠯ ᠢ ᠳᠥᠴᠢᠨ ᠲᠠᠪᠤᠳᠤᠭᠠᠷ ᠵᠦᠢᠯ ᠤᠨ ᠬᠤᠳᠠᠯᠳᠤᠬᠤ ᠦᠨ᠎ᠡ ᠶᠢ | ᠵᠢᠭᠠᠭᠰᠠᠨ ᠢᠶᠠᠷ ᠦᠨᠳᠦᠰᠦᠯᠡᠯ ᠪᠣᠯᠭᠠᠨ᠎ᠠ᠃ | | ︵ᠭᠤᠷᠪᠠ︶ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠬᠤ ᠶᠢ ᠬᠢᠵᠠᠭᠠᠷᠯᠠᠭᠰᠠᠨ ᠬᠤᠭᠤᠴᠠᠭᠠᠨ ᠳᠤ᠂ | ᠵᠠᠯᠭᠠᠮᠵᠢᠯᠠᠬᠤ᠂ ᠣᠷᠤᠭ ᠰᠠᠯᠬᠤ ᠵᠡᠷᠭᠡ ᠰᠢᠯᠲᠠᠭᠠᠨ ᠠᠴᠠ ᠪᠣᠯᠵᠣ ᠬᠡᠷ ᠪᠠᠶᠢᠰᠢᠩ ᠤᠨ ᠥᠮᠴᠢᠯᠡᠬᠦ ᠡᠷᠬᠡ ᠨᠢ | ᠰᠢᠯᠵᠢᠭᠰᠡᠨ ᠲᠣᠬᠢᠶᠠᠯᠳᠤᠯ ᠳᠤ᠂ ᠬᠡᠷ ᠬᠥᠷᠥᠩᠭᠡ ᠶᠢᠨ ᠰᠢᠨᠵᠢ ᠴᠢᠨᠠᠷ ᠨᠢ ᠮᠥᠨ ᠬᠦ ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠪᠠᠶᠢᠵᠤ᠂ ᠤᠤᠯ ᠤᠨ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠬᠤ ᠶᠢ | ᠬᠢᠵᠠᠭᠠᠷᠯᠠᠭᠰᠠᠨ ᠬᠤᠭᠤᠴᠠᠭ᠎ᠠ ᠨᠢ ᠬᠤᠪᠢᠷᠬᠠᠤ ᠥᠬᠡᠶ᠃ | | ︵ᠳᠥᠷᠪᠡ︶ ᠣᠯᠠᠨ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢ ᠵᠠᠬ᠎ᠠ ᠳᠡᠯᠭᠡᠭᠦᠷ ᠲᠤ | ᠭᠠᠷᠭᠠᠨ ᠠᠷᠠᠯᠵᠢᠶᠠᠯᠠᠵᠤ ᠪᠣᠯᠬᠤ ᠥᠬᠡᠶ ᠬᠤᠭᠤᠴᠠᠭᠠᠨ ᠳᠤ᠂ ᠪᠠᠲᠤᠯᠠᠭ᠎ᠠ ᠶᠢᠨ ᠡᠲᠡᠭᠡᠳ ᠨᠢ ᠥᠭᠦᠭᠰᠡᠨ | ᠲᠣᠬᠢᠶᠠᠯᠳᠤᠯ ᠳᠤ᠂ ᠬᠠᠤᠯᠢ ᠳᠤ ᠵᠢᠭᠠᠭᠰᠠᠨ ᠥᠪ ᠵᠠᠯᠭᠠᠮᠵᠢᠯᠠᠭᠴᠢ ᠪᠤᠶᠤ ᠵᠢᠭᠠᠨ ᠵᠢᠭᠠᠭᠰᠠᠨ ᠥᠪ | ᠵᠠᠯᠭᠠᠮᠵᠢᠯᠠᠭᠴᠢ ᠪᠠᠷ ᠵᠠᠯᠭᠠᠮᠵᠢᠯᠠᠭᠤᠯᠵᠤ ᠪᠣᠯᠤᠨ᠎ᠠ᠃ ᠬᠡᠷᠪᠡ ᠬᠠᠤᠯᠢ ᠳᠤ ᠵᠢᠭᠠᠭᠰᠠᠨ ᠥᠪ ᠵᠠᠯᠭᠠᠮᠵᠢᠯᠠᠭᠴᠢ ᠪᠤᠶᠤ | ᠵᠢᠭᠠᠨ ᠵᠢᠭᠠᠭᠰᠠᠨ ᠥᠪ ᠵᠠᠯᠭᠠᠮᠵᠢᠯᠠᠭᠴᠢ ᠨᠢ ᠪᠠᠲᠤᠯᠠᠭ᠎ᠠ ᠶᠢᠨ ᠡᠲᠡᠭᠡᠳ ᠤᠨ ᠬᠡᠪᠴᠢᠶᠡᠨ ᠳᠣᠲᠣᠷ᠎ᠠ | ᠲᠣᠬᠢᠶᠠᠯᠳᠤᠯ ᠳᠤ ᠰᠢᠭᠤᠳ ᠥᠪ ᠵᠠᠯᠭᠠᠮᠵᠢᠯᠠᠯᠲᠠ ᠭᠦᠢᠴᠡᠳᠬᠡᠵᠦ ᠪᠣᠯᠤᠨ᠎ᠠ︔ ᠥᠪ ᠵᠠᠯᠭᠠᠮᠵᠢᠯᠠᠭᠴᠢ ᠨᠢ | ᠪᠠᠲᠤᠯᠠᠭ᠎ᠠ ᠶᠢᠨ ᠡᠳᠡᠬᠡᠳ ᠪᠤᠰᠤ ᠲᠣᠬᠢᠶᠠᠯᠳᠤᠯ ᠳᠤ᠂ ᠲᠤᠰ ᠵᠦᠢᠯ ᠤᠨ ︵ᠬᠤᠶᠠᠷ︶ ᠳ᠋ᠤᠭᠠᠷ ᠵᠤᠷᠪᠤᠰ ᠤᠨ | ᠶᠣᠰᠣᠭᠠᠷ ᠭᠦᠢᠴᠡᠳᠬᠡᠨ᠎ᠡ᠃ | | ︵ᠲᠠᠪᠤ︶ ᠪᠠᠲᠤᠯᠠᠭ᠎ᠠ ᠶᠢᠨ ᠡᠲᠡᠭᠡᠳ ᠨᠢ ᠣᠯᠠᠨ ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢ | ᠬᠤᠳᠠᠯᠳᠤᠨ ᠠᠪᠤᠭᠰᠠᠨ ᠤ ᠳᠠᠷᠠᠭ᠎ᠠ᠂ ᠲᠦᠷᠢᠶᠡᠰᠦᠯᠡᠬᠦ ᠨᠥᠬᠦᠪᠥᠷᠢ ᠵᠡᠷᠭᠡ ᠪᠤᠰᠤᠳ ᠡᠯ᠎ᠡ ᠲᠥᠷᠥᠯ ᠤᠨ ᠣᠷᠣᠨ | ᠰᠠᠭᠤᠴᠠ ᠶᠢᠨ ᠪᠠᠲᠤᠯᠠᠭ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠳᠠᠭᠢᠵᠤ ᠭᠥᠷᠳᠡᠬᠦ ᠥᠬᠡᠶ᠃ | | | | ᠵᠢᠷᠭᠤᠳᠤᠭᠠᠷ ᠪᠦᠯᠦᠭ ᠬᠡᠷᠡᠭᠯᠡᠬᠦ ᠪᠠ ᠭᠠᠷᠭᠠᠬᠤ | | ᠳᠥᠴᠢᠨ ᠨᠠᠢᠮᠠᠳᠤᠭᠠᠷ ᠵᠦᠢᠯ ᠵᠠᠰᠠᠭ ᠤᠨ ᠣᠷᠳᠣᠨ ᠠᠴᠠ ᠪᠥᠬᠦ ᠲᠤᠭ᠎ᠠ ᠪᠠᠷ ᠪᠡᠯᠡ ᠭᠠᠷᠭᠠᠵᠤ ᠪᠥᠳᠥᠭᠡᠨ | ᠪᠠᠶᠢᠭᠤᠯᠤᠭᠰᠠᠨ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠳᠠᠯᠳᠤᠭᠰᠠᠨ ᠣᠷᠣᠯᠭ᠎ᠠ ᠪᠤᠶᠤ ᠪᠡᠯᠡ | ᠨᠡᠶᠢᠯᠡᠭᠦᠯᠦᠨ ᠪᠥᠳᠥᠭᠡᠨ ᠪᠠᠶᠢᠭᠤᠯᠤᠭᠰᠠᠨ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠵᠠᠰᠠᠭ ᠤᠨ | ᠣᠷᠳᠣᠨ ᠤ ᠣᠷᠣᠭᠤᠯᠤᠭᠰᠠᠨ ᠬᠡᠰᠡᠭ ᠤᠨ ᠬᠤᠳᠠᠯᠳᠤᠭᠰᠠᠨ ᠣᠷᠣᠯᠭ᠎ᠠ ᠶᠢ ᠲᠣᠭᠲᠠᠭᠠᠯ ᠶᠣᠰᠣᠭᠠᠷ ᠴᠠᠭ ᠲᠤᠬᠠᠶ | ᠳᠤᠨᠢ ᠭᠦᠢᠴᠡᠳ ᠲᠤᠭ᠎ᠠ ᠪᠠᠷ ᠤᠯᠤᠰ ᠤᠨ ᠬᠥᠮᠥᠷᠭᠡ ᠳᠤ ᠲᠤᠰᠢᠶᠠᠵᠤ᠂ ᠤᠯᠠᠨ ᠨᠡᠶᠢᠲᠡ ᠶᠢᠨ ᠲᠦᠷᠢᠶᠡᠰᠦᠨ | ᠣᠷᠣᠨ ᠰᠠᠭᠤᠴᠠ ᠶᠢᠨ ᠡᠷᠭᠢᠯᠳᠦᠭᠦᠯᠦᠨ ᠪᠥᠳᠥᠭᠡᠨ ᠪᠠᠶᠢᠭᠤᠯᠬᠤ ᠳᠤ ᠲᠤᠰᠬᠠᠶ ᠵᠦᠢᠯ ᠢᠶᠠᠷ ᠬᠡᠷᠡᠭᠯᠡᠬᠦ ᠬᠡᠷᠡᠭᠲᠡᠶ᠃ | | | ᠳᠥᠴᠢ ᠶᠢᠰᠦᠳᠦᠭᠡᠷ ᠵᠦᠢᠯ ᠭᠡᠷ ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠤᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠥᠮᠴᠢᠯᠡᠯ ᠤᠨ ᠡᠷᠬᠡᠲᠦ ᠬᠥᠮᠦᠨ ᠵᠢᠴᠢ ᠡᠵᠡᠩᠨᠡᠯᠲᠡ ᠶᠢᠨ | ᠨᠢᠭᠡᠴᠢ ᠨᠢ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠵᠢᠴᠢ ᠲᠡᠭᠦᠨ ᠤ ᠢᠵᠢ ᠪᠦᠷᠢᠳᠦᠭᠦᠯᠬᠦ | ᠲᠥᠬᠦᠭᠡᠷᠦᠮᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠶᠢ ᠬᠠᠷᠢᠭᠤᠴᠠᠵᠤ᠂ ᠤᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢᠨ ᠬᠡᠪ ᠤᠨ ᠬᠡᠷᠡᠭᠯᠡᠯᠲᠡ ᠶᠢ ᠦᠨᠡᠨ ᠬᠦ ᠪᠠᠲᠤᠯᠠᠭᠠᠵᠢᠭᠤᠯᠤᠨ᠎ᠠ᠃ ᠣᠯᠠᠨ | ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ ᠣᠷᠣᠯᠭ᠎ᠠ ᠵᠢᠴᠢ ᠢᠵᠢ | ᠪᠥᠷᠢᠳᠦᠭᠦᠯᠬᠦ ᠬᠤᠳᠠᠯᠳᠤᠭᠠᠨ ᠤ ᠦᠢᠯᠡᠴᠢᠯᠡᠭᠡᠨ ᠤ ᠪᠡᠯᠡᠳᠬᠡᠮᠵᠢ ᠶᠢᠨ ᠲᠦᠷᠢᠶᠡᠰᠦᠨ ᠮᠥᠩᠭᠦ ᠶᠢ ᠪᠥᠬᠦ | ᠲᠤᠭ᠎ᠠ ᠪᠠᠷ ᠨᠢ ᠡᠳ᠋ ᠤᠨ ᠵᠠᠰᠠᠭ ᠲᠤ ᠲᠤᠰᠢᠶᠠᠵᠤ᠂ ᠵᠠᠰᠠᠭ ᠤᠨ ᠣᠷᠳᠣᠨ ᠨᠢ ᠵᠢᠯ ᠪᠦᠷᠢ ᠳᠡᠭᠡᠷ᠎ᠡ ᠵᠢᠯ ᠤᠨ ᠳᠡᠭᠡᠭᠰᠢ | ᠲᠤᠰᠢᠶᠠᠬᠤ ᠲᠦᠷᠢᠶᠡᠰᠦᠨ ᠮᠥᠩᠭᠦ ᠶᠢᠨ ᠣᠷᠣᠯᠭ᠎ᠠ ᠶᠢᠨ ᠳᠣᠲᠣᠷ᠎ᠠ ᠠᠴᠠ 50% ᠶᠢ ᠭᠠᠷᠭᠠᠨ ᠠᠪᠴᠤ ᠣᠯᠠᠨ | ᠨᠡᠶᠢᠲᠡ ᠶᠢᠨ ᠲᠦᠷᠢᠶᠡᠰᠦᠯᠡᠬᠦ ᠣᠷᠣᠨ ᠰᠠᠭᠤᠴᠠ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠵᠢᠴᠢ | ᠬᠠᠮᠢᠶᠠᠷᠤᠯᠲᠠ ᠶᠢᠨ ᠵᠠᠷᠤᠳᠠᠯ ᠳᠤ ᠬᠡᠷᠡᠭᠯᠡᠬᠦ ᠬᠡᠷᠡᠭᠲᠡᠶ᠂ ᠲᠣᠰ ᠵᠦᠢᠯ ᠤᠨ ᠵᠠᠷᠤᠳᠠᠯ ᠢ ᠡᠳ᠋ ᠤᠨ ᠵᠠᠰᠠᠭ ᠤᠨ | ᠲᠥᠰᠦᠪ ᠲᠤ ᠣᠷᠣᠭᠤᠯᠵᠤ᠂ ᠬᠦᠷᠦᠯᠴᠡᠬᠦ ᠥᠬᠡᠶ ᠬᠡᠰᠡᠭ ᠢ ᠨᠢ ᠠᠳᠠᠯᠢ ᠱᠠᠲᠤᠨ ᠤ ᠡᠳ᠋ ᠤᠨ ᠵᠠᠰᠠᠭ ᠠᠴᠠ | ᠳᠣᠭᠢᠷᠠᠭᠤᠯᠤᠨ ᠰᠢᠢᠳᠪᠦᠷᠢᠯᠡᠨ᠎ᠡ᠃ ᠨᠡᠶᠢᠭᠡᠮ ᠤᠨ ᠬᠦᠴᠦᠨ ᠤ ᠪᠠᠯᠠ ᠣᠷᠣᠭᠤᠯᠵᠤ ᠪᠥᠲᠥᠭᠡᠨ ᠪᠠᠶᠢᠭᠤᠯᠤᠭᠰᠠᠨ | ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠵᠠᠷᠤᠳᠠᠯ ᠢ | ᠥᠮᠴᠢᠯᠡᠯ ᠤᠨ ᠡᠷᠬᠡᠲᠦ ᠬᠥᠮᠦᠨ ᠵᠢᠴᠢ ᠲᠡᠭᠦᠨ ᠤ ᠨᠠᠶᠢᠳᠠᠭᠰᠠᠨ ᠡᠵᠡᠩᠨᠡᠯᠲᠡ ᠶᠢᠨ ᠨᠢᠭᠡᠴᠢ ᠠᠴᠠ ᠡᠭᠦᠷᠭᠡᠯᠡᠨ᠎ᠡ᠃ | | ᠲᠠᠪᠢᠳᠤᠭᠠᠷ ᠵᠦᠢᠯ ᠡᠵᠡᠩᠨᠡᠯᠲᠡ ᠶᠢᠨ ᠨᠢᠭᠡᠴᠢ ᠨᠦᠭᠦᠳ ᠤᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠰᠢᠨᠵᠢ ᠴᠢᠨᠠᠷ᠂ ᠬᠡᠷᠡᠭᠴᠡᠭᠡ ᠵᠢᠴᠢ ᠲᠡᠭᠦᠨ ᠤ | ᠢᠵᠢ ᠪᠦᠷᠢᠳᠦᠭᠦᠯᠬᠦ ᠲᠥᠬᠦᠭᠡᠷᠦᠮᠵᠢ ᠶᠢᠨ ᠲᠥᠯᠥᠪᠵᠢᠭᠦᠯᠭᠡ ᠶᠢᠨ ᠬᠡᠷᠡᠭᠴᠡᠭᠡ ᠶᠢ ᠬᠤᠪᠢᠷᠠᠭᠤᠯᠵᠤ ᠪᠣᠯᠬᠤ ᠦᠭᠡᠢ᠃ | | | ᠲᠠᠪᠢᠨ ᠨᠢᠭᠡᠳᠦᠭᠡᠷ ᠵᠦᠢᠯᠲᠦᠷᠢᠶᠡᠰᠦᠯᠡᠭᠴᠢ ᠲᠦᠷᠢᠶᠡᠰᠦᠯᠡᠵᠦ ᠪᠠᠶᠢᠭ᠎ᠠ ᠤᠯᠠᠨ ᠨᠡᠶᠢᠲᠡ ᠶᠢᠨ ᠲᠦᠷᠢᠶᠡᠰᠦᠨ | ᠣᠷᠣᠨ ᠰᠠᠭᠤᠴᠠ ᠪᠠᠨ ᠳᠤᠷ᠎ᠠ ᠪᠠᠷ ᠢᠶᠠᠨ ᠵᠠᠰᠠᠵᠤ ᠴᠢᠮᠡᠭᠯᠡᠵᠦ ᠪᠣᠯᠬᠤ ᠦᠭᠡᠢ︔ ᠦᠨᠡᠬᠡᠷ ᠵᠠᠰᠠᠵᠤ ᠴᠢᠮᠡᠭᠯᠡᠬᠦ | ᠱᠠᠭᠠᠷᠳᠠᠯᠭ᠎ᠠ ᠲᠠᠢ ᠲᠣᠬᠢᠶᠠᠯᠳᠤᠯ ᠳᠤ᠂ ᠭᠡᠷ ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ | ᠡᠵᠡᠩᠨᠡᠯᠲᠡ ᠶᠢᠨ ᠨᠢᠭᠡᠴᠢ ᠶᠢᠨ ᠪᠢᠴᠢᠭ ᠤᠨ ᠵᠥᠪᠰᠢᠶᠡᠷᠡᠯ ᠢ ᠣᠯᠣᠨ᠎ᠠ᠃ | | ᠲᠠᠪᠢᠨ ᠬᠤᠶᠠᠳᠤᠭᠠᠷ ᠵᠦᠢᠯ ᠲᠦᠷᠢᠶᠡᠰᠦᠯᠡᠬᠦ ᠬᠤᠭᠤᠴᠠᠭ᠎ᠠ ᠳᠦᠭᠦᠷᠦᠭᠡᠳ ᠦᠷᠭᠦᠯᠵᠢᠯᠡᠨ | ᠲᠦᠷᠢᠶᠡᠰᠦᠯᠡᠬᠦ ᠴᠢᠬᠤᠯᠠᠲᠠᠢ ᠲᠣᠬᠢᠶᠠᠯᠳᠤᠯ ᠳᠤ᠂ ᠲᠦᠷᠢᠶᠡᠰᠦᠯᠡᠭᠴᠢ ᠲᠣᠭᠲᠠᠭᠰᠠᠨ ᠬᠤᠭᠤᠴᠠᠭᠠᠨ ᠤ ᠳᠣᠲᠣᠷ᠎ᠠ ᠭᠡᠷ | ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠪᠢᠴᠢᠭ ᠢᠶᠠᠷ ᠬᠦᠰᠡᠯᠲᠡ ᠭᠠᠷᠭᠠᠬᠤ ᠬᠡᠷᠡᠭᠲᠡᠢ᠃ ᠭᠡᠷ | ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠤᠯᠪᠣᠭᠳᠠᠬᠤ ᠰᠠᠯᠠᠭ᠎ᠠ ᠮᠥᠴᠢᠷ ᠲᠠᠢ ᠬᠠᠮᠲᠤᠷᠠᠨ | ᠬᠦᠰᠡᠯᠲᠡ ᠭᠠᠷᠭᠠᠭᠴᠢ ᠶᠢᠨ ᠨᠥᠬᠦᠴᠡᠯ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠤᠨ᠎ᠠ᠃ ᠬᠢᠨᠠᠨ | ᠬᠠᠷᠭᠤᠭᠤᠯᠤᠭᠠᠳ ᠨᠥᠬᠦᠴᠡᠯ ᠳᠤ ᠨᠡᠶᠢᠴᠡᠭᠰᠡᠨ ᠲᠣᠬᠢᠶᠠᠯᠳᠤᠯ ᠳᠤ᠂ ᠦᠷᠭᠦᠯᠵᠢᠯᠡᠨ ᠲᠦᠷᠢᠶᠡᠰᠦᠯᠡᠬᠦ ᠶᠢ | ᠵᠥᠪᠰᠢᠶᠡᠷᠡᠬᠦ ᠶᠢᠨ ᠬᠠᠮᠲᠤ ᠦᠷᠭᠦᠯᠵᠢᠯᠡᠨ ᠲᠦᠷᠢᠶᠡᠰᠦᠯᠡᠬᠦ ᠭᠡᠷ᠎ᠡ ᠲᠣᠭᠲᠠᠭᠠᠪᠠ᠃ | | ᠲᠠᠪᠢᠨ ᠭᠤᠷᠪᠠᠳᠤᠭᠠᠷ ᠵᠦᠢᠯᠲᠦᠷᠢᠶᠡᠰᠦᠯᠡᠭᠴᠢ ᠳᠠᠷᠠᠭᠠᠬᠢ ᠵᠢᠭᠰᠠᠭᠠᠭᠰᠠᠨ ᠦᠢᠯᠡ ᠠᠵᠢᠯᠯᠠᠭ᠎ᠠ ᠶᠢᠨ | ᠨᠢᠭᠡ ᠶᠢ ᠬᠢᠭᠰᠡᠨ ᠲᠣᠬᠢᠶᠠᠯᠳᠤᠯ ᠳᠤ᠂ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠰᠤᠯᠠᠯᠠᠨ | ᠪᠤᠴᠠᠭᠠᠬᠤ ᠬᠡᠷᠡᠭᠲᠡᠢ᠄ | | ︵ᠨᠢᠭᠡ︶ ᠲᠦᠷᠢᠶᠡᠰᠦᠯᠡᠬᠦ ᠬᠤᠭᠤᠴᠠᠭ᠎ᠠ ᠨᠢ ᠳᠦᠭᠦᠷᠦᠭᠡᠳ᠂ ᠦᠷᠭᠦᠯᠵᠢᠯᠡᠨ ᠲᠦᠷᠢᠶᠡᠰᠦᠯᠡᠭᠦᠯᠬᠦ ᠪᠠᠷ | ᠬᠦᠰᠡᠯᠲᠡ ᠭᠠᠷᠭᠠᠭᠰᠠᠨ ᠪᠣᠯᠪᠠᠴᠤ ᠬᠢᠨᠠᠨ ᠬᠠᠷᠭᠤᠭᠤᠯᠤᠭᠠᠳ ᠦᠷᠭᠦᠯᠵᠢᠯᠡᠨ ᠲᠦᠷᠢᠶᠡᠰᠦᠯᠡᠭᠦᠯᠬᠦ ᠨᠥᠬᠦᠴᠡᠯ ᠳᠤ | ᠦᠯᠦ ᠨᠡᠶᠢᠴᠡᠭᠰᠡᠨ︔ | | ︵ᠬᠤᠶᠠᠷ︶ ᠲᠦᠷᠢᠶᠡᠰᠦᠯᠡᠬᠦ ᠬᠤᠭᠤᠴᠠᠭ᠎ᠠ ᠨᠢ ᠳᠦᠭᠦᠷᠦᠭᠰᠡᠨ ᠪᠠᠶᠢᠲᠠᠯ᠎ᠠ ᠦᠷᠭᠦᠯᠵᠢᠯᠡᠨ | ᠲᠦᠷᠢᠶᠡᠰᠦᠯᠡᠭᠦᠯᠬᠦ ᠪᠠᠷ ᠲᠣᠭᠲᠠᠭᠠᠯ ᠶᠣᠰᠣᠭᠠᠷ ᠬᠦᠰᠡᠯᠲᠡ ᠭᠠᠷᠭᠠᠭᠰᠠᠨ ᠤᠢᠭᠡᠢ︔ | | ︵ᠭᠤᠷᠪᠠ︶ ᠲᠦᠷᠢᠶᠡᠰᠦᠯᠡᠬᠦ ᠬᠤᠭᠤᠴᠠᠭᠠᠨ ᠳᠤ ᠪᠤᠰᠤᠳ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ | ᠪᠠ ᠵᠠᠬ᠎ᠠ ᠳᠡᠯᠭᠡᠭᠦᠷ ᠤᠨ ᠭᠡᠷ ᠪᠠᠶᠢᠰᠢᠩ ᠢ ᠲᠦᠷᠢᠶᠡᠰᠦᠯᠡᠭᠰᠡᠨ ᠪᠤᠶᠤ ᠬᠤᠳᠠᠯᠳᠤᠨ ᠠᠪᠤᠭᠰᠠᠨ᠃ | | ︵ᠲᠦᠷᠪᠡ︶ ᠬᠤᠳᠠᠯ ᠬᠠᠭᠤᠷᠮᠠᠭ ᠭᠡᠷᠡᠴᠢᠯᠡᠬᠦ ᠮᠠᠲ᠋ᠧᠷᠢᠶᠠᠯ ᠬᠠᠩᠭᠠᠬᠤ ᠵᠡᠷᠭᠡ ᠮᠡᠬᠡᠯᠡᠬᠦ ᠠᠷᠭ᠎ᠠ ᠪᠠᠷᠢᠯ ᠢᠶᠠᠷ | ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠣᠯᠤᠭᠰᠠᠨ︔ | | ︵ᠲᠠᠪᠤ︶ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠰᠢᠯᠵᠢᠭᠦᠯᠦᠨ ᠵᠢᠭᠡᠯᠡᠭᠦᠯᠦᠭᠰᠡᠨ᠂ | ᠰᠢᠯᠵᠢᠭᠦᠯᠦᠨ ᠲᠦᠷᠢᠶᠡᠰᠦᠯᠡᠭᠦᠯᠦᠭᠰᠡᠨ ᠪᠤᠶᠤ ᠳᠤᠷ᠎ᠠ ᠪᠠᠷ ᠢᠶᠠᠨ ᠰᠣᠯᠢᠵᠤ ᠰᠣᠯᠢᠭᠰᠠᠨ︔ | | ︵ᠵᠢᠷᠭᠤᠭ᠎ᠠ︶ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠡᠷᠡᠭᠴᠡᠭᠡ ᠶᠢ | ᠬᠤᠪᠢᠷᠠᠭᠤᠯᠤᠭᠰᠠᠨ︔ | | ︵ᠲᠤᠯᠤᠭ᠎ᠠ︶ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠡᠪᠳᠡᠭᠰᠡᠨ ᠪᠤᠶᠤ | ᠳᠤᠷ᠎ᠠ ᠪᠠᠷ ᠢᠶᠠᠨ ᠵᠠᠰᠠᠵᠤ ᠴᠢᠮᠡᠭᠯᠡᠭᠡᠳ᠂ ᠤᠤᠯ ᠤᠨ ᠪᠠᠶᠢᠳᠠᠯ ᠢ ᠨᠢ ᠰᠡᠷᠭᠦᠭᠡᠬᠦ ᠠᠴᠠ ᠲᠡᠪᠴᠢᠭᠰᠡᠨ︔ | | ︵ᠨᠠᠢᠮᠠ︶ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠳᠣᠲᠣᠷ᠎ᠠ ᠬᠠᠤᠯᠢ ᠶᠢ | ᠵᠥᠷᠢᠴᠡᠭᠰᠡᠨ ᠠᠵᠢᠯᠯᠠᠭ᠎ᠠ ᠬᠢᠭᠰᠡᠨ︔ | | ︵ᠶᠢᠰᠦ︶ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠵᠦᠢ ᠶᠣᠰᠣᠨ ᠤ ᠰᠢᠯᠲᠠᠭᠠᠨ | ᠥᠭᠡᠢ ᠪᠠᠷ ᠵᠠᠯᠭᠠᠭ᠎ᠠ ᠪᠠᠷ 6 ᠳ᠋ᠤᠭᠠᠷ ᠰᠠᠷ᠎ᠠ ᠠᠴᠠ ᠳᠡᠭᠡᠭᠰᠢ ᠰᠤᠯᠠ ᠲᠠᠯᠪᠢᠭᠰᠠᠨ ᠪᠠᠶᠢᠬᠤ︔ | | ︵ᠠᠷᠪᠠ︶ ᠲᠦᠷᠢᠶᠡᠰᠦᠨ ᠮᠥᠩᠭᠦ ᠶᠢ ᠵᠠᠯᠭᠠᠭ᠎ᠠ ᠪᠠᠷ 3 ᠳ᠋ᠤᠭᠠᠷ ᠰᠠᠷ᠎ᠠ ᠥᠷᠢᠲᠦᠭᠰᠡᠨ ᠪᠤᠶᠤ ᠨᠢᠭᠡ | ᠵᠢᠯ ᠤᠨ ᠳᠣᠲᠣᠷ᠎ᠠ ᠥᠷᠢᠲᠦᠭᠰᠡᠨ ᠲᠦᠷᠢᠶᠡᠰᠦᠨ ᠮᠥᠩᠭᠦ ᠶᠢᠨ ᠨᠡᠶᠢᠳᠡ 3 ᠳ᠋ᠤᠭᠠᠷ ᠰᠠᠷ᠎ᠠ ᠠᠴᠠ ᠳᠡᠭᠡᠭᠰᠢ ᠪᠠᠶᠢᠬᠤ᠃ | | | ᠲᠦᠷᠢᠶᠡᠰᠦᠯᠡᠭᠴᠢ ᠳᠤ ᠡᠮᠦᠨᠡᠬᠢ ᠪᠠᠳᠠᠭ ᠲᠤ ᠵᠢᠭᠠᠭᠰᠠᠨ ᠪᠠᠶᠢᠳᠠᠯ ᠤᠨ ᠨᠢᠭᠡ ᠨᠢ ᠲᠣᠬᠢᠶᠠᠯᠳᠤᠯ ᠳᠤ᠂ ᠭᠡᠷ | ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠥᠮᠴᠢᠯᠡᠯ ᠤᠨ ᠡᠷᠬᠡᠲᠦ ᠬᠥᠮᠦᠨ ᠪᠤᠶᠤ ᠲᠡᠭᠦᠨ ᠤ ᠨᠠᠶᠢᠳᠠᠨ ᠡᠵᠡᠩᠨᠡᠭᠦᠯᠬᠦ ᠨᠢᠭᠡᠴᠢ ᠨᠢ ᠲᠡᠭᠦᠨ ᠳᠤ ᠨᠡᠭᠦᠵᠦ ᠶᠠᠪᠤᠬᠤ | ᠬᠤᠭᠤᠴᠠᠭ᠎ᠠ ᠶᠢ ᠵᠦᠢ ᠵᠣᠬᠢᠰᠲᠠᠶ ᠲᠣᠬᠢᠷᠠᠭᠤᠯᠵᠤ᠂ ᠨᠡᠭᠦᠵᠦ ᠶᠠᠪᠤᠬᠤ ᠬᠤᠭᠤᠴᠠᠭᠠᠨ ᠳᠠᠬᠢ ᠲᠦᠷᠢᠶᠡᠰᠦᠨ | ᠮᠥᠩᠭᠦ ᠶᠢ ᠭᠡᠷ᠎ᠡ ᠳᠤ ᠪᠣᠯᠵᠣᠨ ᠲᠣᠭᠲᠠᠭᠰᠠᠨ ᠲᠦᠷᠢᠶᠡᠰᠦᠨ ᠮᠥᠩᠭᠦ ᠶᠢᠨ ᠲᠤᠭ᠎ᠠ ᠶᠣᠰᠣᠭᠠᠷ ᠲᠤᠰᠢᠶᠠᠨ᠎ᠠ᠃ | ᠲᠦᠷᠢᠶᠡᠰᠦᠯᠡᠭᠴᠢ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠰᠤᠯᠠᠯᠠᠨ ᠪᠤᠴᠠᠭᠠᠬᠤ ᠠᠴᠠ | ᠲᠡᠪᠴᠢᠭᠰᠡᠨ ᠲᠣᠬᠢᠶᠠᠯᠳᠤᠯ ᠳᠤ᠂ ᠭᠡᠷ ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠤᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢᠨ ᠥᠮᠴᠢᠯᠡᠯ ᠤᠨ ᠡᠷᠬᠡᠲᠦ ᠬᠥᠮᠦᠨ ᠪᠤᠶᠤ ᠲᠡᠭᠦᠨ ᠤ ᠨᠠᠶᠢᠳᠠᠨ ᠡᠵᠡᠩᠨᠡᠭᠦᠯᠬᠦ | ᠬᠠᠭᠤᠳᠠᠰᠤ ᠶᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠪᠤᠴᠠᠭᠠᠯᠭᠠᠨ᠎ᠠ︔ ᠬᠤᠭᠤᠴᠠᠭ᠎ᠠ ᠬᠡᠲᠦᠷᠡᠲᠡᠯ᠎ᠡ | ᠪᠤᠴᠠᠭᠠᠬᠤ ᠦᠭᠡᠢ ᠲᠣᠬᠢᠶᠠᠯᠳᠤᠯ ᠳᠤ᠂ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠵᠤ ᠤᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠪᠤᠴᠠᠭᠠᠯᠭᠠᠬᠤ ᠪᠠᠷ ᠱᠠᠭᠠᠷᠳᠠᠵᠤ ᠪᠣᠯᠤᠨ᠎ᠠ᠃ | | | | ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | | ᠲᠠᠪᠢᠨ ᠳᠥᠷᠪᠡᠳᠦᠭᠡᠷ ᠵᠦᠢᠯ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠬᠠᠮᠢᠶᠠᠷᠤᠯᠲᠠ ᠳᠤ ᠬᠤᠯᠪᠣᠭᠳᠠᠭᠰᠠᠨ ᠡᠯ᠎ᠡ ᠰᠠᠯᠠᠭ᠎ᠠ ᠮᠥᠴᠢᠷ ᠤᠨ ᠠᠵᠢᠯᠲᠠᠨ ᠠᠵᠢᠯ ᠤᠨ ᠳᠤᠮᠳᠠ ᠪᠠᠨ ᠲᠣᠰ | ᠠᠷᠭ᠎ᠠ ᠳᠤ ᠵᠢᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠥᠬᠡᠶ᠂ ᠡᠰᠡᠬᠦᠯ᠎ᠡ ᠡᠷᠬᠡ ᠮᠡᠳᠡᠯ ᠢᠶᠠᠨ | ᠤᠷᠪᠠᠭᠤᠯᠤᠨ ᠬᠡᠷᠡᠭᠯᠡᠭᠰᠡᠨ᠂ ᠡᠭᠦᠷᠭᠡ ᠲᠤᠰᠢᠶᠠᠯ ᠳᠠᠭᠠᠨ ᠣᠰᠣᠯᠳᠠᠭᠰᠠᠨ᠂ ᠨᠠᠶᠢᠷ ᠲᠠᠯ᠎ᠠ ᠬᠠᠷᠠᠵᠤ ᠬᠠᠤᠯᠢ | ᠳᠦᠷᠢᠮ ᠢ ᠵᠥᠷᠢᠴᠡᠭᠰᠡᠨ ᠲᠣᠬᠢᠶᠠᠯᠳᠤᠯ ᠳᠤ᠂ ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠴᠤ | ᠵᠣᠬᠢᠴᠠᠭᠤᠯᠬᠤ ᠠᠵᠢᠯᠲᠠᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠦᠰ ᠲᠤ ᠬᠠᠤᠯᠢ ᠲᠣᠭᠲᠠᠭᠠᠯ ᠤᠨ | ᠵᠢᠭᠠᠯᠲᠠ ᠶᠢᠨ ᠳᠠᠭᠠᠤ ᠰᠢᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠲᠣᠬᠢᠶᠠᠯᠳᠤᠯ ᠳᠤ ᠬᠠᠤᠯᠢ | ᠲᠣᠭᠲᠠᠭᠠᠯ ᠤᠨ ᠵᠢᠭᠠᠯᠲᠠ ᠶᠢᠨ ᠳᠠᠭᠠᠤ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ᠃ | | ᠲᠠᠪᠢᠨ ᠲᠠᠪᠤᠳᠤᠭᠠᠷ ᠵᠦᠢᠯ ᠡᠵᠡᠩᠨᠡᠯᠲᠡ ᠶᠢᠨ ᠨᠢᠭᠡᠴᠢ ᠲᠤᠰ ᠠᠷᠭ᠎ᠠ ᠶᠢ ᠵᠥᠷᠢᠴᠡᠵᠦ᠂ ᠳᠠᠷᠠᠭᠠᠬᠢ | ᠪᠠᠶᠢᠳᠠᠯ ᠢᠶᠠᠷ ᠥᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠲᠣᠬᠢᠶᠠᠯᠳᠤᠯ ᠳᠤ᠂ ᠣᠷᠣᠨ ᠰᠠᠭᠤᠴᠠ ᠶᠢᠨ | ᠪᠠᠲᠤᠯᠠᠭ᠎ᠠ ᠶᠢᠨ ᠭᠡᠷ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ | ᠲᠣᠳᠣᠷᠬᠠᠢ ᠬᠤᠭᠤᠴᠠᠭᠠᠨ ᠳᠤ ᠵᠠᠯᠠᠷᠠᠭᠤᠯᠤᠭᠤᠯᠵᠤ᠂ 3 ᠲᠦᠮᠡᠨ ᠲᠥᠭᠦᠷᠢᠭ ᠠᠴᠠ ᠴᠢᠨᠠᠭᠰᠢᠳᠠ ᠲᠣᠷᠭᠠᠭᠤᠯᠢ | ᠣᠨᠣᠭᠳᠠᠭᠤᠯᠤᠭᠰᠠᠨ ᠪᠠᠷ ᠨᠡᠶᠢᠯᠡᠭᠦᠯᠦᠨ ᠰᠢᠳᠬᠡᠨ᠎ᠡ᠄ | | ︵ᠨᠢᠭᠡ︶ ᠨᠥᠬᠦᠴᠡᠯ ᠳᠤ ᠨᠡᠶᠢᠴᠡᠬᠦ ᠦᠭᠡᠢ ᠡᠲᠡᠭᠡᠳ ᠲᠤ ᠤᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢ ᠲᠦᠷᠢᠶᠡᠰᠦᠯᠡᠭᠦᠯᠦᠭᠰᠡᠨ︔ | | ︵ᠬᠤᠶᠠᠷ︶ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠵᠢᠴᠢ ᠲᠡᠭᠦᠨ ᠤ ᠢᠵᠢ ᠪᠦᠷᠢᠳᠦᠭᠦᠯᠬᠦ | ᠲᠥᠬᠦᠭᠡᠷᠦᠮᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠡᠭᠦᠷᠭᠡ ᠪᠠᠨ ᠦᠯᠦ ᠭᠦᠢᠴᠡᠳᠬᠡᠭᠰᠡᠨ︔ | | ︵ᠭᠤᠷᠪᠠ︶ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠴᠢᠨᠠᠷᠲᠠᠶ | ᠣᠷᠣᠨ ᠰᠠᠭᠤᠴᠠ ᠶᠢᠨ ᠰᠢᠨᠵᠢ ᠴᠢᠨᠠᠷ᠂ ᠬᠡᠷᠡᠭᠴᠡᠭᠡ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠶᠢᠨ | ᠲᠥᠯᠥᠪᠵᠢᠭᠦᠯᠭᠡ ᠶᠢᠨ ᠬᠡᠷᠡᠭᠴᠡᠭᠡ ᠶᠢ ᠬᠤᠪᠢᠷᠠᠭᠤᠯᠤᠭᠰᠠᠨ᠃ | | ᠲᠠᠪᠢᠨ ᠵᠢᠷᠭᠤᠳᠤᠭᠠᠷ ᠵᠦᠢᠯ ᠬᠦᠰᠡᠯᠲᠡ ᠭᠠᠷᠭᠠᠭᠴᠢ ᠬᠤᠯᠪᠣᠭᠳᠠᠬᠤ ᠪᠠᠶᠢᠳᠠᠯ ᠢᠶᠠᠨ ᠨᠢᠭᠤᠨ ᠳᠠᠯᠳᠠᠯᠠᠬᠤ | ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠪᠠᠲᠤᠯᠠᠭ᠎ᠠ ᠭᠤᠶᠤᠴᠢᠯᠠᠪᠠᠯ᠂ ᠣᠷᠣᠨ ᠰᠠᠭᠤᠴᠠ ᠶᠢᠨ ᠪᠠᠲᠤᠯᠠᠭ᠎ᠠ ᠶᠢᠨ ᠭᠡᠷ ᠬᠥᠷᠥᠩᠭᠡ ᠶᠢᠨ ᠬᠠᠮᠢᠶᠠᠷᠤᠯᠲᠠ ᠶᠢᠨ | ᠰᠠᠯᠠᠭ᠎ᠠ ᠮᠥᠴᠢᠷ ᠬᠥᠯᠢᠶᠡᠨ ᠠᠪᠴᠤ ᠰᠢᠢᠳᠪᠦᠷᠢᠯᠡᠬᠦ ᠥᠭᠡᠢ᠂ ᠰᠡᠷᠡᠮᠵᠢ ᠥᠭᠬᠦ ᠶᠢᠨ ᠬᠠᠮᠲᠤ ᠤᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠤᠨ᠎ᠠ᠃ | | ᠮᠡᠬᠡᠯᠡᠬᠦ ᠵᠡᠷᠭᠡ ᠲᠥᠪ ᠪᠤᠰᠤ ᠠᠷᠭ᠎ᠠ ᠪᠠᠷᠢᠯ ᠢᠶᠠᠷ ᠲᠦᠷᠢᠶᠡᠰᠦᠯᠡᠭᠦᠯᠬᠦ᠂ ᠲᠦᠭᠡᠭᠡᠨ ᠬᠤᠳᠠᠯᠳᠤᠬᠤ | ᠡᠲᠡᠭᠡᠳ ᠢᠶᠠᠷ ᠳᠠᠩᠰᠠᠯᠠᠭᠤᠯᠬᠤ ᠪᠤᠶᠤ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠲᠦᠷᠢᠶᠡᠰᠦᠯᠡᠭᠰᠡᠨ | ᠂ ᠬᠤᠳᠠᠯᠳᠤᠨ ᠠᠪᠤᠭᠰᠠᠨ ᠲᠣᠬᠢᠶᠠᠯᠳᠤᠯ ᠳᠤ᠂ ᠣᠷᠣᠨ ᠰᠠᠭᠤᠴᠠ ᠶᠢᠨ ᠪᠠᠲᠤᠯᠠᠭ᠎ᠠ ᠶᠢᠨ ᠭᠡᠷ ᠬᠦᠷᠦᠩᠭᠡ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 1000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠵᠤ᠂ | ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠲᠠᠩᠰᠠ ᠡᠪᠬᠡᠮᠡᠯ ᠳᠤ ᠲᠡᠮᠳᠡᠭᠯᠡᠨ | ᠣᠷᠣᠭᠤᠯᠤᠨ᠎ᠠ︔ ᠲᠦᠭᠡᠭᠡᠨ ᠲᠦᠷᠢᠶᠡᠰᠦᠯᠡᠭᠦᠯᠬᠦ᠂ ᠲᠦᠭᠡᠭᠡᠨ ᠬᠤᠳᠠᠯᠳᠤᠬᠤ ᠡᠳᠡᠬᠡᠳ ᠢᠶᠠᠷ ᠪᠦᠷᠢᠳᠬᠡᠭᠰᠡᠨ | ᠲᠣᠬᠢᠶᠠᠯᠳᠤᠯ ᠳᠤ᠂ ᠲᠡᠭᠦᠨ ᠤ ᠲᠠᠩᠰᠠᠯᠠᠯᠳᠠ ᠶᠢ ᠬᠦᠴᠦᠨ ᠦᠭᠡᠢ ᠪᠣᠯᠭᠠᠨ᠎ᠠ︔ ᠤᠯᠠᠨ ᠨᠡᠶᠢᠲᠡ ᠶᠢᠨ ᠲᠦᠷᠢᠶᠡᠰᠦᠨ | ᠣᠷᠣᠨ ᠰᠠᠭᠤᠴᠠ ᠶᠢ ᠨᠢᠭᠡᠨᠲᠡ ᠲᠦᠷᠢᠶᠡᠰᠦᠯᠡᠭᠰᠡᠨ ᠲᠣᠬᠢᠶᠠᠯᠳᠤᠯ ᠳᠤ᠂ ᠵᠠᠷᠯᠢᠭᠳᠠᠵᠤ ᠪᠠᠶᠢᠭᠠᠳ ᠲᠦᠷᠢᠶᠡᠰᠦᠯᠡᠭᠰᠡᠨ | ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠨᠢ ᠬᠤᠭᠤᠴᠠᠭ᠎ᠠ ᠲᠣᠭᠲᠠᠭᠠᠨ ᠪᠤᠴᠠᠭᠠᠯᠭᠠᠬᠤ ᠶᠢᠨ | ᠬᠠᠮᠲᠤ ᠵᠠᠬ᠎ᠠ ᠳᠡᠯᠭᠡᠭᠦᠷ ᠤᠨ ᠦᠨ᠎ᠡ ᠪᠠᠷ ᠲᠦᠷᠢᠶᠡᠰᠦᠨ ᠮᠥᠩᠭᠦ ᠶᠢ ᠨᠥᠬᠦᠵᠦ ᠲᠤᠰᠢᠶᠠᠯᠭᠠᠨ᠎ᠠ᠂ ᠬᠤᠭᠤᠴᠠᠭ᠎ᠠ | ᠬᠡᠲᠦᠷᠡᠲᠡᠯ᠎ᠡ ᠪᠤᠴᠠᠭᠠᠬᠤ ᠦᠭᠡᠢ ᠲᠣᠬᠢᠶᠠᠯᠳᠤᠯ ᠳᠤ᠂ ᠠᠷᠠᠳ ᠤᠨ ᠰᠢᠭᠦᠬᠦ ᠬᠤᠷᠢᠶ᠎ᠠ ᠳᠤ ᠠᠯᠪᠠᠳᠠᠨ | ᠭᠦᠢᠴᠡᠳᠬᠡᠭᠦᠯᠬᠦ ᠪᠠᠷ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠭᠤᠶᠤᠴᠢᠯᠠᠵᠤ ᠪᠣᠯᠤᠨ᠎ᠠ︔ ᠤᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠨᠢᠭᠡᠨᠲᠡ ᠬᠤᠳᠠᠯᠳᠤᠨ ᠠᠪᠤᠭᠰᠠᠨ ᠲᠣᠬᠢᠶᠠᠯᠳᠤᠯ ᠳᠤ᠂ ᠲᠡᠭᠦᠨ ᠢ | ᠵᠠᠷᠯᠢᠭᠳᠠᠵᠤ ᠪᠠᠶᠢᠭᠠᠳ ᠳᠥᠴᠢᠨ ᠳᠣᠯᠣᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠣᠭᠲᠠᠭᠠᠯ ᠶᠣᠰᠣᠭᠠᠷ᠂ | ᠵᠠᠬ᠎ᠠ ᠳᠡᠯᠭᠡᠭᠦᠷ ᠤᠨ ᠦᠨ᠎ᠡ ᠪᠠᠷ ᠬᠤᠳᠠᠯᠳᠤᠨ ᠠᠪᠤᠭᠰᠠᠨ ᠭᠡᠷ ᠪᠠᠶᠢᠰᠢᠩ ᠤᠨ ᠦᠨ᠎ᠡ ᠶᠢᠨ ᠪᠡᠯᠡ ᠮᠥᠩᠭᠦ ᠶᠢ | ᠨᠥᠬᠦᠵᠦ ᠲᠤᠰᠢᠶᠠᠯᠭᠠᠨ᠎ᠠ᠃ | | ᠲᠦᠷᠢᠶᠡᠰᠦᠯᠡᠭᠴᠢ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠪᠤᠴᠠᠭᠠᠭᠰᠠᠨ ᠡᠳᠦᠷ ᠠᠴᠠ | ᠡᠬᠢᠯᠡᠨ 5 ᠵᠢᠯ ᠤᠨ ᠳᠣᠲᠣᠷ᠎ᠠ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠲᠠᠬᠢᠨ ᠭᠤᠶᠤᠴᠢᠯᠠᠵᠤ | ᠪᠣᠯᠬᠤ ᠦᠭᠡᠢ᠃ | | | | ᠨᠠᠢᠮᠠᠳᠤᠭᠠᠷ ᠪᠦᠯᠦᠭ ᠬᠢᠨᠠᠵᠤ ᠬᠠᠮᠢᠶᠠᠷᠴᠤ ᠵᠣᠬᠢᠴᠠᠭᠤᠯᠬᠤ | | ᠲᠠᠪᠢᠨ ᠳᠣᠯᠣᠳᠤᠭᠠᠷ ᠵᠦᠢᠯ ᠭᠡᠷ ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠡᠷᠡᠭᠯᠡᠯᠲᠡ ᠶᠢᠨ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠬᠤ ᠪᠠᠨ ᠴᠢᠩᠭᠠᠳᠬᠠᠨ᠎ᠠ᠃ ᠲᠦᠷᠢᠶᠡᠰᠦᠯᠡᠭᠴᠢ ᠶᠢᠨ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢ ᠬᠡᠷᠡᠭᠯᠡᠭᠰᠡᠨ ᠪᠠᠶᠢᠳᠠᠯ ᠢ ᠲᠣᠭᠤᠷᠢᠨ ᠪᠠᠶᠢᠴᠠᠭᠠᠵᠤ᠂ ᠲᠣᠰ ᠠᠷᠭ᠎ᠠ ᠶᠢᠨ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠲᠡᠷᠡ ᠳᠠᠷᠤᠢ ᠳᠤᠨᠢ ᠬᠠᠤᠯᠢ | ᠲᠣᠭᠲᠠᠭᠠᠯ ᠤᠨ ᠵᠢᠭᠠᠯᠲᠠ ᠶᠢᠨ ᠳᠠᠭᠠᠤ ᠰᠢᠢᠳᠪᠦᠷᠢᠯᠡᠬᠦ ᠪᠤᠶᠤ ᠬᠤᠯᠪᠣᠭᠳᠠᠬᠤ ᠰᠠᠯᠠᠭ᠎ᠠ ᠮᠥᠴᠢᠷ ᠲᠤ ᠮᠡᠳᠡᠭᠦᠯᠬᠦ | ᠬᠡᠷᠡᠭᠲᠡᠶ᠃ | | ᠲᠠᠪᠢᠨ ᠨᠠᠢᠮᠠᠳᠤᠭᠠᠷ ᠵᠦᠢᠯ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠦᠰᠡᠯᠲᠡ | ᠭᠠᠷᠭᠠᠬᠤ᠂ ᠬᠢᠨᠠᠨ ᠬᠠᠷᠭᠤᠭᠤᠯᠬᠤ᠂ ᠬᠤᠪᠢᠶᠠᠷᠢᠯᠠᠨ ᠬᠤᠳᠠᠯᠳᠤᠬᠤ ᠵᠢᠴᠢ ᠨᠥᠬᠦᠪᠥᠷᠢ ᠣᠯᠭᠤᠬᠤ ᠵᠡᠷᠭᠡ ᠮᠡᠳᠡᠭᠡ | ᠵᠠᠩᠭᠢ ᠶᠢ ᠣᠯᠠᠨ ᠨᠡᠶᠢᠲᠡ ᠳᠤ ᠬᠠᠨᠳᠤᠭᠤᠯᠤᠨ ᠢᠯᠡ ᠪᠠᠷ ᠨᠡᠶᠢᠲᠡᠯᠡᠨ᠎ᠡ᠃ ᠶᠠᠮᠠᠷᠪᠠ ᠨᠢᠭᠡᠴᠢ ᠪᠠ ᠲᠤᠬᠠᠢ ᠶᠢᠨ | ᠬᠥᠮᠥᠨ ᠴᠥᠮ ᠬᠦᠰᠡᠯᠲᠡ ᠭᠠᠷᠭᠠᠭᠴᠢ ᠶᠢᠨ ᠮᠡᠬᠡᠯᠡᠨ ᠲᠦᠷᠢᠶᠡᠰᠦᠯᠡᠭᠦᠯᠦᠭᠰᠡᠨ᠂ ᠮᠡᠬᠡᠯᠡᠨ ᠬᠤᠳᠠᠯᠳᠤᠭᠰᠠᠨ ᠦᠢᠯᠡ | ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠪᠠ ᠵᠠᠭᠠᠯᠳᠤᠬᠤ ᠡᠷᠬᠡ ᠲᠠᠢ᠃ | | ᠲᠠᠪᠢ ᠶᠢᠰᠦᠳᠦᠭᠡᠷ ᠵᠦᠢᠯ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠦᠰᠡᠯᠲᠡ | ᠭᠠᠷᠭᠠᠭᠰᠠᠨ᠂ ᠬᠢᠨᠠᠨ ᠬᠠᠷᠭᠤᠭᠤᠯᠤᠭᠰᠠᠨ᠂ ᠬᠤᠪᠢᠶᠠᠷᠢᠯᠠᠨ ᠬᠤᠳᠠᠯᠳᠤᠭᠰᠠᠨ ᠵᠢᠴᠢ ᠲᠦᠷᠢᠶᠡᠰᠦᠯᠡᠯ ᠤᠨ ᠨᠥᠬᠦᠪᠥᠷᠢ | ᠣᠯᠭᠤᠭᠰᠠᠨ᠂ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠵᠡᠷᠭᠡ ᠪᠠᠶᠢᠳᠠᠯ ᠳᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠬᠠᠤᠯᠢ ᠲᠣᠭᠲᠠᠭᠠᠯ ᠤᠨ | ᠵᠢᠭᠠᠯᠲᠠ ᠶᠢᠨ ᠳᠠᠭᠠᠤ ᠬᠦᠯᠢᠶᠡᠨ᠎ᠡ᠃ | | | | ᠶᠢᠰᠦᠳᠦᠭᠡᠷ ᠪᠦᠯᠦᠭ ᠬᠠᠪᠰᠤᠷᠤᠯᠲᠠ ᠲᠦᠷᠢᠮ | | ᠵᠢᠷᠠᠳᠤᠭᠠᠷ ᠵᠦᠢᠯ ᠲᠣᠰ ᠠᠷᠭ᠎ᠠ ᠶᠢ ᠬᠤᠰᠢᠭᠤᠨ ᠬᠡᠷ ᠬᠥᠷᠥᠩᠭᠡ ᠶᠢᠨ ᠬᠠᠮᠢᠶᠠᠷᠤᠯᠲᠠ ᠶᠢᠨ | ᠲᠣᠪᠴᠢᠶ᠎ᠠ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | | ᠵᠢᠷᠠᠨ ᠨᠢᠭᠡᠳᠦᠭᠡᠷ ᠵᠦᠢᠯ ᠲᠤᠰ ᠠᠷᠭ᠎ᠠ ᠶᠢ ᠬᠡᠪᠯᠡᠨ ᠲᠠᠷᠬᠠᠭᠠᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ ᠪᠣᠯᠤᠨ᠎ᠠ᠃ | | | | | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠠᠯᠠᠱᠠ ᠵᠡᠭᠦᠨ ᠬᠤᠰᠢᠭᠤᠨ ᠤ ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ︾ ᠳᠤ ᠳᠠᠬᠢᠨ ᠨᠡᠮᠡᠯᠲᠡ᠂ ᠥᠭᠡᠷᠡᠴᠢᠯᠡᠯᠲᠡ | ᠣᠷᠣᠭᠤᠯᠬᠤ ᠲᠤᠬᠠᠶ ᠠᠯᠠᠱᠠ ᠵᠡᠭᠦᠨ ᠬᠤᠰᠢᠭᠤᠨ ᠤ ᠬᠡᠷ ᠬᠥᠷᠥᠩᠭᠡ ᠶᠢᠨ ᠬᠠᠮᠢᠶᠠᠷᠤᠯᠲᠠ ᠶᠢᠨ ᠲᠣᠪᠴᠢᠶᠠᠨ ᠤ | ᠲᠥᠷᠥ ᠶᠢᠨ ᠪᠣᠳᠣᠯᠭ᠎ᠠ ᠶᠢᠨ ᠲᠠᠶᠢᠯᠤᠮᠵᠢ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |