| ᠠᠯᠠᠱᠠ ᠵᠡᠭᠦᠨ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ | ᠠᠷᠭ᠎ᠠ | | ᠨᠢᠭᠡᠳᠦᠭᠡᠷ ᠪᠦᠯᠦᠭ ᠶᠡᠷᠦᠩᠬᠡᠢ ᠲᠦᠷᠢᠮ | | ᠨᠢᠭᠡᠳᠦᠭᠡᠷ ᠵᠦᠢᠯ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠭᠦᠨ ᠡᠷᠴᠢᠮᠲᠡᠢ ᠢ | ᠤᠳᠠᠭᠠᠨ ᠳᠠᠭᠠᠭᠠᠮᠠᠭᠠᠶ ᠥᠷᠨᠢᠭᠦᠯᠬᠦ ᠶᠢᠨ ᠲᠥᠯᠥᠭᠡ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ | ᠴᠡᠪᠡᠷ ᠤᠨ ᠴᠡᠪᠡᠷ ᠲᠡᠭᠰᠢ ᠠᠷᠢᠭᠤᠨ ᠴᠡᠪᠡᠷ᠂ ᠭᠤᠶᠣ ᠲᠠᠭᠠᠯᠠᠮᠵᠢᠲᠠᠶ ᠣᠷᠣᠨ ᠰᠠᠭᠤᠴᠠ ᠶᠢᠨ ᠣᠷᠴᠢᠨ ᠲᠣᠭᠤᠷᠢᠨ ᠢ | ᠡᠭᠦᠳᠦᠨ ᠪᠠᠶᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠷᠡᠭᠦᠯ ᠬᠠᠮᠠᠭᠠᠯᠠᠯ ᠤᠨ ᠤᠬᠠᠮᠰᠠᠷ ᠪᠠ | ᠡᠷᠡᠭᠦᠯ ᠮᠡᠨᠳᠦ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠠᠷᠠᠳ ᠣᠯᠠᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ | ᠪᠠᠲᠤᠯᠠᠨ᠂ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ︽ᠣᠯᠠᠨ ᠨᠡᠶᠢᠲᠡ ᠶᠢᠨ ᠲᠠᠯᠠᠪᠤᠷ ᠤᠨ | ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠲᠦᠷᠢᠮ︾ ᠵᠡᠷᠭᠡ ᠬᠤᠯᠪᠣᠭᠳᠠᠬᠤ ᠬᠠᠤᠯᠢ ᠴᠠᠭᠠᠵᠠ᠂ | ᠬᠠᠤᠯᠢ ᠲᠣᠭᠲᠠᠭᠠᠯ ᠪᠠ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠴᠢᠩᠭᠠᠳᠬᠠᠬᠤ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠢ ᠦᠨᠳᠦᠰᠦᠯᠡᠨ᠂ ᠲᠣᠰ ᠬᠤᠰᠢᠭᠤᠨ ᠤ ᠪᠣᠳᠠᠲᠤ | ᠨᠥᠬᠦᠴᠡᠯ ᠪᠠᠶᠢᠳᠠᠯ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | | ᠬᠤᠶᠠᠳᠤᠭᠠᠷ ᠵᠦᠢᠯ ᠲᠣᠰ ᠬᠤᠰᠢᠭᠤᠨ ᠤ ᠵᠠᠰᠠᠭ ᠵᠠᠬᠢᠷᠭᠠᠨ ᠤ ᠣᠷᠣᠨ ᠳᠠᠬᠢ ᠪᠠᠶᠢᠭᠤᠯᠭ᠎ᠠ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠵᠢᠴᠢ ᠪᠤᠰᠤᠳ ᠵᠣᠬᠢᠶᠠᠨ ᠪᠠᠶᠢᠭᠤᠯᠤᠯᠲᠠ ︵ | ᠴᠢᠨᠠᠭᠰᠢᠳᠠ ᠨᠢᠭᠡᠴᠢ ᠭᠡᠵᠦ ᠲᠣᠪᠴᠢᠯᠠᠨ᠎ᠠ︶ ᠪᠣᠯᠤᠨ ᠲᠤᠬᠠᠢ ᠶᠢᠨ ᠬᠥᠮᠥᠨ ᠴᠥᠮ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠠᠵᠢᠯᠯᠠᠭ᠎ᠠ ᠳᠤ ᠣᠷᠣᠯᠴᠠᠬᠤ ᠡᠭᠦᠷᠭᠡ ᠲᠠᠢ᠂ ᠡᠷᠬᠡᠪᠰᠢ ᠲᠣᠰ ᠠᠷᠭ᠎ᠠ ᠶᠢ ᠵᠢᠷᠤᠮᠯᠠᠨ᠎ᠠ᠃ | | ᠭᠤᠷᠪᠠᠳᠤᠭᠠᠷ ᠵᠦᠢᠯ ᠡᠬᠡ ᠣᠷᠣᠨᠴᠢ ᠡᠷᠡᠭᠦᠯ ᠬᠠᠮᠠᠭᠠᠯᠠᠯ ᠤᠨ ᠠᠵᠢᠯ ᠪᠣᠯ ᠨᠡᠢᠭᠡᠮ ᠤᠨ ᠡᠷᠡᠭᠦᠯ | ᠬᠠᠮᠠᠭᠠᠯᠠᠯ ᠤᠨ ᠦᠵᠡᠯ ᠤᠬᠠᠮᠰᠠᠷ ᠢ ᠴᠢᠩᠭᠠᠳᠬᠠᠬᠤ᠂ ᠡᠷᠡᠭᠦᠯ ᠮᠡᠨᠳᠦ ᠳᠤ ᠬᠤᠣᠷ ᠬᠥᠨᠥᠭᠡᠯ ᠲᠠᠢ ᠬᠦᠴᠦᠨ ᠵᠦᠢᠯ ᠢ | ᠰᠢᠢᠳᠪᠦᠷᠢᠯᠡᠬᠦ᠂ ᠣᠷᠴᠢᠨ ᠲᠣᠭᠤᠷᠢᠨ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠢᠵᠢᠷᠠᠭᠤᠯᠬᠤ᠂ ᠪᠦᠬᠦ | ᠠᠷᠠᠳ ᠤᠨ ᠡᠷᠡᠭᠦᠯ ᠬᠠᠮᠠᠭᠠᠯᠠᠯ ᠤᠨ ᠬᠡᠪ ᠴᠢᠨᠠᠷ ᠪᠠ ᠡᠷᠡᠭᠦᠯ ᠮᠡᠨᠳᠦ ᠶᠢᠨ ᠬᠢᠷᠢ ᠲᠥᠪᠰᠢᠨ ᠢ ᠳᠡᠭᠡᠭᠰᠢᠯᠡᠭᠦᠯᠬᠦ ᠣᠯᠠᠨ | ᠲᠦᠮᠡᠨᠴᠢ ᠴᠢᠨᠠᠷᠲᠠᠶ ᠡᠷᠡᠭᠦᠯ ᠬᠠᠮᠠᠭᠠᠯᠠᠯ ᠤᠨ ᠠᠵᠢᠯᠯᠠᠭ᠎ᠠ ᠮᠥᠨ | | ᠳᠥᠷᠪᠡᠳᠦᠭᠡᠷ ᠵᠦᠢᠯ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠳᠤ ︽ᠵᠠᠰᠠᠭ ᠤᠨ | ᠣᠷᠳᠣᠨ ᠤᠳᠤᠷᠢᠳᠬᠤ᠂ ᠱᠠᠳᠤ ᠬᠤᠪᠢᠶᠠᠨ ᠬᠠᠷᠢᠭᠤᠴᠠᠬᠤ᠂ ᠰᠠᠯᠠᠭ᠎ᠠ ᠮᠥᠴᠢᠷ ᠵᠣᠬᠢᠴᠠᠭᠤᠯᠬᠤ᠂ ᠪᠦᠬᠦ | ᠠᠷᠠᠳ ᠢᠶᠠᠷ ᠢᠶᠠᠨ ᠣᠷᠣᠯᠴᠠᠬᠤ᠂ ᠬᠠᠤᠯᠢ ᠲᠦᠷᠢᠮ ᠢ ᠵᠢᠷᠤᠮᠵᠢᠭᠤᠯᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ᠂ | ᠨᠡᠶᠢᠭᠡᠮ ᠠᠴᠠ ᠬᠢᠨᠠᠯᠲᠠ ᠲᠠᠯᠪᠢᠬᠤ︾ ᠴᠢᠭᠯᠡᠯᠲᠡ ᠶᠢ ᠬᠡᠷᠡᠭᠵᠢᠭᠦᠯᠦᠨ᠎ᠡ᠃ | | ᠲᠠᠪᠤᠳᠤᠭᠠᠷ ᠵᠦᠢᠯ ᠡᠬᠡ ᠣᠷᠣᠨᠴᠢ ᠡᠷᠡᠭᠦᠯ ᠬᠠᠮᠠᠭᠠᠯᠠᠯ ᠤᠨ ᠠᠵᠢᠯ ᠢ ᠵᠣᠬᠢᠶᠠᠨ ᠪᠠᠶᠢᠭᠤᠯᠵᠤ | ᠥᠷᠨᠢᠭᠦᠯᠬᠦ ᠪᠣᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠮᠥᠨ᠃ | | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠡᠭᠡ ᠣᠷᠣᠨᠴᠢ ᠡᠷᠡᠭᠦᠯ ᠬᠠᠮᠠᠭᠠᠯᠠᠯ ᠤᠨ | ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠡᠭᠡ ᠣᠷᠣᠨᠴᠢ ᠡᠷᠡᠭᠦᠯ ᠬᠠᠮᠠᠭᠠᠯᠠᠯ ᠤᠨ | ᠠᠵᠢᠯ ᠢ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠡᠭᠡᠨ | ᠣᠷᠣᠭᠤᠯᠵᠤ᠂ ᠲᠤᠰ ᠭᠠᠵᠠᠷ ᠣᠷᠣᠨ ᠤ ᠪᠠᠨ ᠡᠭᠡ ᠣᠷᠣᠨᠴᠢ ᠡᠷᠡᠭᠦᠯ ᠬᠠᠮᠠᠭᠠᠯᠠᠯ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠲᠣᠭᠲᠠᠭᠠᠵᠤ᠂ ᠡᠷᠡᠭᠦᠯ ᠬᠠᠮᠠᠭᠠᠯᠠᠯ ᠤᠨ ᠪᠠᠶᠢᠳᠠᠯ ᠤᠨ ᠰᠠᠶᠢᠵᠢᠷᠠᠯᠲᠠ ᠶᠢ ᠠᠵᠤ ᠠᠬᠤᠶ ᠶᠢᠨ | ᠬᠥᠭᠵᠢᠯᠲᠡ᠂ ᠨᠡᠶᠢᠭᠡᠮ ᠤᠨ ᠲᠠᠪᠰᠢᠯᠳᠠ ᠲᠠᠢ ᠬᠠᠷᠢᠯᠴᠠᠨ ᠵᠣᠬᠢᠴᠠᠭᠤᠯᠤᠨ᠎ᠠ᠃ | | ᠵᠢᠷᠭᠤᠳᠤᠭᠠᠷ ᠵᠦᠢᠯ ᠬᠤᠲᠠ ᠬᠥᠳᠡᠭᠡ ᠶᠢᠨ ᠬᠤᠤᠷ ᠬᠥᠨᠥᠭᠡᠯ ᠢ ᠠᠷᠢᠯᠭᠠᠵᠤ ᠡᠪᠡᠳᠴᠢᠨ ᠡᠮᠭᠡᠭ ᠢ | ᠰᠡᠷᠭᠡᠶᠢᠯᠡᠬᠦ᠂ ᠡᠷᠡᠭᠦᠯ ᠮᠡᠨᠳᠦ ᠶᠢᠨ ᠬᠥᠮᠦᠵᠢᠯ ᠬᠢᠭᠡᠳ ᠠᠬᠢᠭᠤᠯᠬᠤ᠂ ᠡᠷᠡᠭᠦᠯ ᠬᠠᠮᠠᠭᠠᠯᠠᠯ ᠤᠨ ᠰᠠᠭᠤᠷᠢ ᠪᠥᠲᠥᠭᠡᠨ | ᠪᠠᠶᠢᠭᠤᠯᠤᠯᠲᠠ᠂ ᠡᠪᠡᠳᠴᠢᠨ ᠤ ᠵᠠᠭᠤᠴᠢ ᠠᠮᠢᠳᠤ ᠡᠳ᠋ ᠬᠥᠷᠥᠩᠭᠡ ᠶᠢ ᠰᠡᠷᠭᠡᠶᠢᠯᠡᠨ ᠵᠠᠰᠠᠬᠤ᠂ ᠬᠥᠳᠡᠭᠡ ᠲᠣᠰᠬᠤᠨ ᠤ | ᠤᠰᠤ ᠵᠣᠷᠯᠣᠩ ᠢ ᠰᠢᠨᠡᠴᠢᠯᠡᠬᠦ ᠵᠡᠷᠭᠡ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠳᠤ | ᠱᠠᠭᠠᠷᠳᠠᠭᠳᠠᠬᠤ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠲᠤᠰᠬᠠᠶ ᠪᠡᠯᠡ | ᠮᠥᠩᠭᠦ ᠶᠢ ᠲᠤᠰᠬᠠᠶ ᠵᠦᠢᠯ ᠳᠤ ᠬᠡᠷᠡᠭᠯᠡᠬᠦ ᠶᠢ ᠬᠡᠷᠡᠭᠵᠢᠭᠦᠯᠬᠦ ᠬᠡᠷᠡᠭᠲᠡᠶ᠃ | | ᠬᠤᠶᠠᠳᠤᠭᠠᠷ ᠪᠦᠯᠦᠭ ᠪᠠᠶᠢᠭᠤᠯᠤᠮᠵᠢ ᠬᠢᠭᠡᠳ ᠲᠤᠰᠢᠶᠠᠯ ᠬᠠᠷᠢᠭᠤᠴᠠᠯᠭ᠎ᠠ | | ᠳᠣᠯᠣᠳᠤᠭᠠᠷ ᠵᠦᠢᠯ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠥᠳᠡᠯᠭᠡᠭᠡᠨ ᠤ ᠵᠥᠪᠯᠡᠯ ︵ᠴᠢᠨᠠᠭᠰᠢᠳᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠭᠡᠵᠦ | ᠲᠣᠪᠴᠢᠯᠠᠨ᠎ᠠ︶ ᠨᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠲᠣᠰ | ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ | ᠨᠢᠭᠡᠳᠦᠯᠲᠡᠶ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠵᠢᠯᠣᠭᠤᠳᠬᠤ᠂ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | | ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠠᠯᠪᠠᠨ ᠬᠡᠷ ︵ | ᠴᠢᠨᠠᠭᠰᠢᠳᠠ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠬᠡᠷ ᠭᠡᠵᠦ ᠲᠣᠪᠴᠢᠯᠠᠨ᠎ᠠ︶ | ᠢ ᠬᠤᠰᠢᠭᠤᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠴᠤ ᠵᠣᠬᠢᠴᠠᠭᠤᠯᠬᠤ ᠰᠠᠯᠠᠭ᠎ᠠ | ᠮᠥᠴᠢᠷ ᠲᠤ ᠪᠠᠶᠢᠷᠢᠯᠠᠭᠤᠯᠵᠤ᠂ ᠲᠣᠰ ᠱᠠᠲᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ | ᠬᠡᠷᠡᠭ ᠡᠷᠭᠢᠯᠡᠬᠦ ᠪᠠᠶᠢᠭᠤᠯᠤᠮᠵᠢ ᠪᠠᠶᠢᠵᠤ᠂ ᠲᠣᠰ ᠱᠠᠲᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | | ᠨᠠᠢᠮᠠᠳᠤᠭᠠᠷ ᠵᠦᠢᠯ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ | ᠳᠣᠤᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠄ | | ︵ᠨᠢᠭᠡ︶ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠤᠯᠪᠣᠭᠳᠠᠬᠤ ᠬᠠᠤᠯᠢ ᠴᠠᠭᠠᠵᠠ᠂ ᠬᠠᠤᠯᠢ | ᠲᠣᠭᠲᠠᠭᠠᠯ᠂ ᠲᠥᠷᠢᠮ ᠲᠣᠭᠲᠠᠭᠠᠯ ᠪᠣᠯᠤᠨ ᠴᠢᠭᠯᠡᠯᠲᠡ᠂ ᠲᠥᠷᠥ ᠶᠢᠨ ᠪᠤᠳᠤᠯᠭ᠎ᠠ ᠶᠢ ᠤᠬᠠᠭᠤᠯᠵᠤ᠂ | ᠲᠤᠤᠱᠯᠠᠭᠤᠯᠤᠨ ᠬᠡᠷᠡᠭᠵᠢᠭᠦᠯᠦᠨ᠎ᠡ︔ | | ︵ᠬᠤᠶᠠᠷ︶ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠭᠵᠢᠯᠲᠡ ᠶᠢᠨ ᠲᠥᠯᠥᠪᠵᠢᠭᠦᠯᠭᠡ᠂ | ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ | | ︵ᠭᠤᠷᠪᠠ︶ ᠵᠢᠯ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠵᠥᠪᠯᠡᠯ ᠤᠨ ᠪᠥᠬᠦᠳᠡ ᠬᠤᠷᠠᠯᠳᠤᠭᠠᠨ ᠢ ᠬᠤᠷᠠᠯᠳᠤᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠠᠵᠢᠯ ᠢ ᠥᠷᠨᠢᠭᠦᠯᠬᠦ ᠲᠥᠯᠥᠪᠯᠡᠭᠡ ᠪᠠ ᠠᠷᠭ᠎ᠠ ᠬᠡᠮᠵᠢᠶ᠎ᠡ ᠶᠢ ᠰᠤᠳᠤᠯᠵᠤ᠂ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠳᠤᠮᠳᠠᠬᠢ ᠲᠤᠪᠤᠶᠢᠮ᠎ᠠ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠨ᠎ᠡ︔ | | ︵ᠳᠥᠷᠪᠡ︶ ᠪᠥᠬᠦ ᠨᠡᠶᠢᠭᠡᠮ ᠢᠶᠠᠷ ᠢᠶᠠᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠠᠵᠢᠯᠯᠠᠭ᠎ᠠ ᠳᠤ ᠣᠷᠣᠯᠴᠠᠬᠤ ᠶᠢ ᠵᠣᠬᠢᠶᠠᠨ ᠪᠠᠶᠢᠭᠤᠯᠤᠨ ᠳᠠᠶᠢᠴᠢᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ | ᠬᠤᠰᠢᠭᠤ ᠬᠤᠰᠢᠭᠤ ᠰᠢᠶᠡᠨ ᠤ ᠡᠷᠡᠭᠦᠯ ᠬᠠᠮᠠᠭᠠᠯᠠᠯ ᠤᠨ ᠬᠤᠲᠠ᠂ ᠡᠷᠡᠭᠦᠯ ᠬᠠᠮᠠᠭᠠᠯᠠᠯ ᠤᠨ ᠰᠤᠮᠤ ᠪᠠᠯᠭᠠᠰᠤ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠡᠷᠡᠭᠦᠯ ᠬᠠᠮᠠᠭᠠᠯᠠᠯ ᠤᠨ ᠲᠣᠰᠬᠤᠨ ︵ᠨᠡᠶᠢᠭᠡᠮ ᠲᠣᠭᠤᠷᠢᠭ︶ | ᠵᠢᠴᠢ ᠡᠷᠡᠭᠦᠯ ᠬᠠᠮᠠᠭᠠᠯᠠᠯ ᠤᠨ ᠨᠢᠭᠡᠴᠢ ᠵᠡᠷᠭᠡ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠎ᠡ︔ ᠡᠷᠡᠭᠦᠯ ᠡᠩᠬᠡ | ᠠᠯᠠᠱᠠ ᠵᠡᠭᠦᠨ ᠬᠤᠰᠢᠭᠤ ᠶᠢ ᠡᠭᠦᠳᠦᠨ ᠪᠠᠶᠢᠭᠤᠯᠬᠤ ᠵᠢᠴᠢ ᠪᠥᠬᠦ ᠠᠷᠠᠳ ᠤᠨ ᠡᠷᠡᠭᠦᠯ ᠮᠡᠨᠳᠦ ᠶᠢᠨ ᠬᠥᠮᠦᠵᠢᠯ ᠤᠨ | ᠠᠵᠢᠯᠯᠠᠭ᠎ᠠ ᠶᠢ ᠥᠷᠨᠢᠭᠦᠯᠦᠨ᠎ᠡ︔ ᠬᠥᠳᠡᠭᠡ ᠲᠣᠰᠬᠤᠨ ᠤ ᠤᠰᠤ ᠶᠢ ᠰᠠᠶᠢᠵᠢᠷᠠᠭᠤᠯᠵᠤ ᠵᠣᠷᠯᠣᠩ ᠢ ᠰᠢᠨᠡᠴᠢᠯᠡᠬᠦ᠂ | ᠡᠪᠡᠳᠴᠢᠨ ᠤ ᠵᠠᠭᠤᠴᠢ ᠠᠮᠢᠳᠤ ᠡᠳ᠋ ᠬᠥᠷᠥᠩᠭᠡ ᠶᠢ ᠰᠡᠷᠭᠡᠶᠢᠯᠡᠨ ᠵᠠᠰᠠᠬᠤ᠂ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠵᠢᠴᠢ ᠬᠤᠣᠷ ᠬᠥᠨᠥᠭᠡᠯ ᠢ ᠠᠷᠢᠯᠭᠠᠵᠤ ᠡᠪᠡᠳᠴᠢᠨ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ︔ | | ︵ᠲᠠᠪᠤ︶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠶᠠᠭᠠᠷᠠᠯᠲᠠᠢ ᠬᠡᠷᠡᠭ᠂ ᠴᠢᠬᠤᠯᠠ | ᠱᠠᠭᠠᠷᠳᠠᠯᠭ᠎ᠠ ᠲᠠᠢ ᠪᠠᠶᠠᠷ ᠳᠤᠷᠠᠰᠬᠠᠯ ᠤᠨ ᠠᠵᠢᠯᠯᠠᠭ᠎ᠠ ᠵᠢᠴᠢ ᠬᠤᠰᠢᠭᠤᠨ ᠤ ᠵᠠᠰᠠᠭ ᠤᠨ ᠣᠷᠳᠣᠨ ᠤ ᠵᠢᠭᠠᠭᠰᠠᠨ | ᠣᠨᠴᠠᠭᠠᠶ ᠬᠡᠪᠴᠢᠶ᠎ᠡ ᠲᠠᠢ ᠪᠠ ᠨᠥᠯᠥᠭᠡ ᠲᠠᠢ ᠤᠯᠤᠰ ᠲᠥᠷᠥ᠂ ᠠᠵᠤ ᠠᠬᠤᠶ᠂ ᠰᠣᠶᠣᠯ᠂ ᠬᠤᠪᠢ ᠶᠢᠨ ᠲᠠᠮᠢᠷ | ᠵᠡᠷᠭᠡ ᠴᠢᠬᠤᠯᠠ ᠱᠠᠭᠠᠷᠳᠠᠯᠭ᠎ᠠ ᠲᠠᠢ ᠠᠵᠢᠯᠯᠠᠭ᠎ᠠ ᠶᠢ ᠠᠷᠭᠠᠴᠠᠬᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠬᠤᠯᠪᠣᠭᠳᠠᠬᠤ ᠰᠠᠯᠠᠭ᠎ᠠ ᠮᠥᠴᠢᠷ ᠢ ᠬᠢᠨᠠᠨ ᠵᠢᠯᠣᠭᠤᠳᠴᠤ | ᠵᠣᠬᠢᠴᠠᠭᠤᠯᠵᠤ ᠪᠠᠶᠢᠭᠠᠳ ᠡᠷᠡᠭᠦᠯ ᠮᠡᠨᠳᠦ ᠶᠢᠨ ᠬᠤᠤᠷ ᠬᠥᠨᠥᠭᠡᠯ ᠤᠨ ᠬᠦᠴᠦᠨ ᠵᠦᠢᠯ ᠳᠤ ᠶᠡᠷᠦᠩᠬᠡᠶᠢᠯᠡᠨ | ᠬᠠᠮᠢᠶᠠᠷᠴᠤ ᠵᠣᠬᠢᠴᠠᠭᠤᠯᠬᠤ ᠠᠷᠭ᠎ᠠ ᠬᠡᠮᠵᠢᠶ᠎ᠡ ᠠᠪᠤᠨ᠎ᠠ︔ | | ︵ᠵᠢᠷᠭᠤᠭ᠎ᠠ︶ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠪᠠᠷᠢᠮᠵᠢᠶ᠎ᠠ ᠪᠠ | ᠪᠠᠶᠢᠴᠠᠭᠠᠬᠤ ᠠᠷᠭ᠎ᠠ ᠶᠢ ᠲᠣᠭᠲᠠᠭᠠᠨ ᠬᠡᠷᠡᠭᠵᠢᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠢᠨᠠᠯᠲᠠ | ᠪᠠᠶᠢᠴᠠᠭᠠᠯᠲᠠ᠂ ᠬᠢᠨᠠᠨ ᠰᠢᠯᠭᠠᠵᠤ ᠬᠢᠨᠠᠨ ᠲᠣᠭᠲᠠᠭᠠᠯᠲᠠ ᠬᠢᠬᠦ ᠵᠢᠴᠢ ᠦᠷ᠎ᠡ ᠪᠦᠲᠦᠮᠵᠢ ᠶᠢ ᠦᠨᠡᠯᠡᠬᠦ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠯ᠎ᠡ ᠨᠢᠭᠡᠴᠢ ᠶᠢᠨ | ᠡᠭᠦᠷᠭᠡᠯᠡᠵᠦ ᠪᠥᠬᠦᠶ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠵᠢᠭᠠᠨ ᠵᠢᠯᠣᠭᠤᠳᠴᠤ᠂ ᠪᠠᠶᠢᠴᠠᠭᠠᠬᠤ ᠪᠠ ᠱᠠᠯᠠᠪᠳᠠᠨ ᠭᠦᠢᠴᠡᠳᠬᠡᠨ᠎ᠡ᠃ | | ︵ᠳᠣᠯᠤᠭ᠎ᠠ︶ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠰᠣᠯᠢᠯᠴᠠᠭ᠎ᠠ᠂ | ᠬᠠᠮᠲᠤᠷᠠᠯᠴᠠᠭ᠎ᠠ ᠵᠢᠴᠢ ᠬᠤᠯᠪᠣᠭᠳᠠᠬᠤ ᠰᠢᠨᠵᠢᠯᠡᠬᠦ ᠤᠬᠠᠭᠠᠨ ᠤ ᠰᠤᠳᠤᠯᠭᠠᠨ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ︔ | | ︵ᠨᠠᠢᠮᠠ︶ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠲᠡᠷᠢᠭᠦᠨ ᠤ ᠨᠢᠭᠡᠴᠢ ᠪᠠ ᠲᠤᠬᠠᠢ ᠶᠢᠨ | ᠬᠥᠮᠥᠨ ᠢ ᠬᠥᠬᠢᠭᠦᠯᠦᠨ ᠱᠠᠩᠨᠠᠨ᠎ᠠ︔ | | ︵ᠶᠢᠰᠦ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠵᠢᠭᠠᠭᠰᠠᠨ ᠪᠤᠰᠤᠳ | ᠲᠤᠰᠢᠶᠠᠯ ᠬᠠᠷᠢᠭᠤᠴᠠᠯᠭ᠎ᠠ ᠪᠠ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠠᠵᠢᠯ ᠢ ᠡᠭᠦᠷᠭᠡᠯᠡᠨ᠎ᠡ᠃ | | ᠶᠢᠰᠦᠳᠦᠭᠡᠷ ᠵᠦᠢᠯ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠨᠡᠶᠢᠭᠡᠮᠯᠢᠭ ᠨᠢ ᠡᠷᠡᠭᠦᠯ | ᠬᠠᠮᠠᠭᠠᠯᠠᠯ᠂ ᠬᠥᠭᠵᠢᠭᠦᠯᠦᠯᠲᠡ ᠨᠡᠮᠡᠯᠲᠡ᠂ ᠥᠭᠡᠷᠡᠴᠢᠯᠡᠯᠲᠡ᠂ ᠡᠳ᠋ ᠤᠨ ᠵᠠᠰᠠᠭ᠂ ᠠᠵᠤ ᠠᠬᠤᠶ ᠵᠠᠬᠢᠳᠠᠯ ᠴᠢᠮᠡᠭᠡ᠂ | ᠣᠷᠣᠨ ᠰᠠᠭᠤᠴᠠ ᠪᠠ ᠪᠦᠳᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ᠂ ᠳᠣᠲᠣᠭᠠᠳᠤ ᠶᠢ ᠬᠠᠮᠠᠭᠠᠯᠠᠬᠤ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠᠲᠤᠯᠠᠭ᠎ᠠ᠂ ᠣᠷᠣᠨ | ᠲᠤᠭ᠎ᠠ ᠶᠢᠨ ᠠᠯᠪᠠᠨ ᠭᠡᠷ᠂ ᠰᠤᠷᠭᠠᠨ ᠬᠥᠮᠦᠵᠢᠯ ᠬᠤᠪᠢ ᠶᠢᠨ ᠲᠠᠮᠢᠷ᠂ ᠣᠷᠴᠢᠨ ᠠᠬᠤᠶ ᠶᠢᠨ ᠬᠠᠮᠠᠭᠠᠯᠠᠯᠲᠠ᠂ ᠵᠠᠮ | ᠬᠠᠷᠢᠯᠴᠠᠭ᠎ᠠ ᠲᠡᠭᠡᠭᠡᠪᠦᠷᠢ᠂ ᠰᠣᠶᠣᠯ ᠵᠢᠭᠤᠯᠴᠢᠯᠠᠯ᠂ ᠠᠷᠠᠳ ᠤᠨ ᠶᠠᠪᠤᠳᠠᠯ᠂ ᠤᠢ ᠰᠢᠭᠤᠶ᠂ ᠲᠥᠯᠥᠪᠯᠡᠭᠡᠲᠦ | ᠬᠥᠩᠭᠡᠵᠢᠯ᠂ ᠤᠰᠤᠨ ᠤ ᠶᠠᠪᠤᠳᠠᠯ᠂ ᠬᠤᠳᠠ ᠶᠢᠨ ᠬᠠᠮᠢᠶᠠᠷᠤᠯᠲᠠ᠂ ᠢᠳᠡᠭᠡᠨ ᠤᠮᠳᠠᠭᠠᠨ ᠪᠠ ᠡᠮ ᠤᠨ | ᠪᠦᠲᠦᠭᠡᠭᠳᠡᠬᠦᠨ ᠤ ᠬᠢᠨᠠᠯᠲᠠ᠂ ᠠᠵᠤ ᠦᠢᠯᠡᠳᠪᠦᠷᠢ ᠬᠤᠳᠠᠯᠳᠤᠭ᠎ᠠ᠂ ᠴᠢᠨᠠᠷ ᠴᠢᠨᠰᠠᠭ᠎ᠠ ᠲᠤ ᠮᠡᠷᠭᠡᠵᠢᠯ ᠤᠨ ᠬᠢᠨᠠᠯᠲᠠ | ᠲᠠᠯᠪᠢᠬᠤ᠂ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠵᠡᠷᠭᠡ ᠰᠠᠯᠠᠭ᠎ᠠ ᠮᠥᠴᠢᠷ ᠵᠢᠴᠢ ᠤᠬᠠᠭᠤᠯᠭ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ᠂ ᠠᠵᠢᠯᠴᠢᠳ ᠤᠨ ᠡᠪᠯᠡᠯ᠂ ᠡᠪ ᠬᠠᠮᠲᠤ ᠵᠠᠯᠠᠭᠤᠴᠤᠳ ᠤᠨ ᠬᠤᠯᠪᠣᠭ᠎ᠠ᠂ | ᠡᠮᠡᠭᠲᠡᠶᠢᠴᠦᠳ ᠤᠨ ᠬᠤᠯᠪᠣᠭ᠎ᠠ᠂ ᠪᠠᠶᠠᠠᠨᠢᠷᠤᠭᠤᠨ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠠᠯᠪᠠᠨ ᠭᠡᠷ ᠵᠡᠷᠭᠡ ᠪᠦᠷᠢᠯᠳᠦᠬᠦᠨ ᠨᠢᠭᠡᠴᠢ ᠪᠠᠷ ᠪᠦᠷᠢᠯᠳᠦᠨ᠎ᠡ᠃ | | ᠠᠷᠪᠠᠳᠤᠭᠠᠷ ᠵᠦᠢᠯ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠪᠦᠷᠢᠯᠳᠦᠬᠦᠨ | ᠨᠢᠭᠡᠴᠢ ᠪᠠ ᠬᠤᠯᠪᠣᠭᠳᠠᠬᠤ ᠨᠢᠭᠡᠴᠢ ᠨᠦᠭᠦᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠡᠨ | ᠳᠣᠲᠣᠷ᠎ᠠ ᠳᠠᠷᠠᠭᠠᠬᠢ ᠵᠢᠭᠰᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠬᠦ ᠬᠡᠷᠡᠭᠲᠡᠶ᠄ | | ︵ᠨᠢᠭᠡ︶ ᠣᠷᠣᠨ ᠲᠤᠭ᠎ᠠ ᠶᠢᠨ ᠠᠯᠪᠠᠨ ᠬᠡᠷ ᠠᠴᠠ ᠲᠣᠰ ᠱᠠᠲᠤᠨ ᠤ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠲᠠᠢ ᠵᠣᠬᠢᠴᠠᠯᠳᠤᠭᠰᠠᠨ ᠠᠵᠢᠯᠲᠠᠨ ᠤ ᠣᠷᠣᠨ ᠲᠤᠭ᠎ᠠ ᠶᠢ | ᠬᠢᠨᠠᠨ ᠲᠣᠭᠲᠠᠭᠠᠬᠤ ᠶᠢ ᠬᠠᠷᠢᠭᠤᠴᠠᠨ᠎ᠠ︔ | | ︵ᠬᠤᠶᠠᠷ︶ ᠬᠥᠭᠵᠢᠭᠦᠯᠦᠯᠲᠡ ᠨᠡᠮᠡᠯᠲᠡ᠂ ᠥᠭᠡᠷᠡᠴᠢᠯᠡᠯᠲᠡ᠂ ᠡᠳ᠋ ᠤᠨ ᠵᠠᠰᠠᠭ ᠵᠡᠷᠭᠡ ᠰᠠᠯᠠᠭ᠎ᠠ | ᠮᠥᠴᠢᠷ ᠤᠳ ᠬᠤᠲᠠ ᠬᠥᠳᠡᠭᠡ ᠶᠢᠨ ᠬᠤᠤᠷ ᠬᠥᠨᠥᠭᠡᠯ ᠢ ᠠᠷᠢᠯᠭᠠᠵᠤ ᠡᠪᠡᠳᠴᠢᠨ ᠡᠮᠭᠡᠭ ᠢ ᠰᠡᠷᠭᠡᠶᠢᠯᠡᠬᠦ᠂ ᠡᠷᠡᠭᠦᠯ | ᠮᠡᠨᠳᠦ ᠶᠢᠨ ᠬᠥᠮᠦᠵᠢᠯ᠂ ᠡᠷᠡᠭᠦᠯ ᠬᠠᠮᠠᠭᠠᠯᠠᠯ ᠤᠨ ᠰᠠᠭᠤᠷᠢ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠤ | ᠤᠰᠤ ᠵᠣᠷᠯᠣᠩ ᠢ ᠰᠢᠨᠡᠴᠢᠯᠡᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠵᠠᠰᠠᠬᠤ ᠵᠡᠷᠭᠡ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠳᠤ ᠱᠠᠭᠠᠷᠳᠠᠭᠳᠠᠬᠤ ᠵᠠᠷᠤᠳᠠᠯ ᠢ ᠲᠥᠰᠦᠪ ᠲᠡᠭᠡᠨ ᠣᠷᠣᠭᠤᠯᠵᠤ᠂ | ᠲᠤᠬᠠᠶ ᠶᠢᠨ ᠭᠠᠵᠠᠷ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠵᠢᠭᠦᠯᠭᠡ ᠳᠤ ᠣᠷᠣᠭᠤᠯᠤᠨ᠂ ᠬᠤᠭᠤᠴᠠᠭ᠎ᠠ ᠬᠤᠪᠢᠶᠠᠨ ᠬᠡᠷᠡᠭᠵᠢᠭᠦᠯᠬᠦ ᠬᠡᠷᠡᠭᠲᠡᠶ︔ | | ︵ᠭᠤᠷᠪᠠ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠬᠡᠷ ᠪᠠᠶᠢᠰᠢᠩ ᠢ | ᠨᠤᠷᠠᠭᠠᠵᠤ ᠨᠡᠭᠦᠯᠭᠡᠬᠦ ᠶᠢᠨ ᠠᠷᠢᠭᠤᠨ ᠴᠡᠪᠡᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠬᠤᠳᠠ ᠶᠢᠨ ᠪᠠᠷᠢᠯᠭ᠎ᠠ ᠶᠢᠨ | ᠲᠥᠬᠦᠭᠡᠷᠦᠮᠵᠢ ᠶᠢᠨ ᠲᠤᠬᠠᠶ ᠶᠢᠨ ᠭᠠᠵᠠᠷ᠂ ᠨᠤᠷᠠᠭᠠᠵᠤ ᠨᠡᠭᠦᠯᠭᠡᠬᠦ ᠲᠤᠬᠠᠶ ᠶᠢᠨ ᠭᠠᠵᠠᠷ ᠤᠨ ᠡᠷᠡᠭᠦᠯ ᠬᠠᠮᠠᠭᠠᠯᠠᠯ ᠪᠠ | ᠪᠠᠷᠢᠯᠭ᠎ᠠ ᠶᠢᠨ ᠬᠤᠭ ᠨᠣᠪᠰᠢ ᠶᠢ ᠴᠢᠩᠭ᠎ᠠ ᠬᠠᠮᠢᠶᠠᠷᠴᠤ᠂ ᠬᠤᠳᠠ ᠪᠠᠯᠭᠠᠰᠤᠨ ᠤ ᠡᠷᠡᠭᠦᠯ ᠬᠠᠮᠠᠭᠠᠯᠠᠯ ᠤᠨ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠬᠤᠳᠠ ᠶᠢᠨ ᠪᠦᠳᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠳᠤ ᠣᠷᠣᠭᠤᠯᠵᠤ᠂ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠶᠢ ᠲᠥᠯᠥᠪᠯᠡᠭᠡ ᠲᠠᠢ ᠪᠠᠷ ᠨᠡᠮᠡᠵᠦ | ᠪᠠᠶᠢᠭᠤᠯᠤᠨ᠎ᠠ︔ | | ︵ᠲᠥᠷᠪᠡ︶ ᠬᠤᠳᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠤᠲᠠ ᠪᠠᠯᠭᠠᠰᠤ ᠶᠢᠨ ᠠᠷᠢᠭᠤᠨ | ᠴᠡᠪᠡᠷ᠂ ᠬᠤᠳᠠ ᠶᠢᠨ ᠲᠣᠭᠤᠷᠢᠭ ᠤᠨ ᠭᠤᠣᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠳᠠ | ᠲᠣᠭᠤᠷᠢᠭᠰᠠᠨ ᠵᠠᠮ ᠤᠨ ᠬᠤᠶᠠᠷ ᠬᠠᠵᠠᠭᠤ ᠶᠢᠨ ᠠᠷᠢᠭᠤᠨ ᠴᠡᠪᠡᠷ ᠢ ᠴᠡᠪᠡᠷᠯᠡᠬᠦ᠂ ᠴᠡᠪᠡᠷᠯᠡᠬᠦ᠂ ᠬᠤᠳᠠ ᠶᠢᠨ ᠬᠤᠭ | ᠨᠣᠪᠰᠢ᠂ ᠢᠯᠭᠠᠳᠠᠰᠤ ᠰᠢᠭᠡᠰᠦ ᠶᠢ ᠴᠠᠭ ᠲᠤᠬᠠᠶ ᠳᠤᠨᠢ ᠴᠡᠪᠡᠷᠯᠡᠨ ᠲᠡᠭᠡᠭᠡᠪᠦᠷᠢᠯᠡᠬᠦ᠂ ᠬᠤᠣᠷ ᠥᠬᠡᠶᠢᠳᠡᠭᠦᠯᠦᠨ | ᠰᠢᠢᠳᠪᠦᠷᠢᠯᠡᠬᠦ ᠪᠠ ᠨᠡᠶᠢᠳᠡ ᠶᠢᠨ ᠵᠣᠷᠯᠣᠩ᠂ ᠬᠤᠭ ᠨᠣᠪᠰᠢ ᠶᠢᠨ ᠠᠪᠳᠠᠷ᠎ᠠ ︵ᠴᠢᠬ︶ ᠶᠢ ᠠᠷᠢᠭᠤᠳᠬᠠᠵᠤ | ᠢᠯᠠᠭ᠎ᠠ ᠶᠢ ᠤᠰᠠᠳᠬᠠᠬᠤ ᠶᠢ ᠬᠠᠷᠢᠭᠤᠴᠠᠨ᠎ᠠ᠃ ᠬᠤᠳᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢ ᠬᠢᠨᠠᠮᠠᠭᠠᠶ | ᠬᠠᠮᠠᠭᠠᠯᠠᠵᠤ᠂ ᠭᠡᠷᠡᠯᠳᠦᠬᠦᠯᠬᠦ᠂ ᠴᠡᠴᠡᠷᠯᠢᠭᠵᠢᠭᠦᠯᠦᠨ ᠣᠶᠢᠵᠢᠭᠤᠯᠬᠤ᠂ ᠭᠤᠶᠤᠵᠢᠭᠤᠯᠬᠤ᠂ ᠬᠠᠲᠠᠭᠤᠷᠠᠭᠤᠯᠬᠤ᠂ | ᠴᠡᠪᠡᠷᠰᠢᠭᠦᠯᠬᠦ ᠠᠵᠢᠯ ᠢ ᠰᠠᠶᠢᠲᠤᠷ ᠭᠦᠢᠴᠡᠳᠬᠡᠵᠦ᠂ ᠬᠢᠨᠠᠯᠲᠠ ᠪᠠᠶᠢᠴᠠᠭᠠᠯᠲᠠ ᠶᠢ ᠬᠠᠤᠯᠢ ᠲᠣᠭᠲᠠᠭᠠᠯ ᠤᠨ | ᠵᠢᠭᠠᠯᠲᠠ ᠶᠢᠨ ᠳᠠᠭᠠᠤ ᠴᠢᠩᠭᠠᠳᠬᠠᠵᠤ᠂ ᠡᠯ᠎ᠡ ᠲᠥᠷᠥᠯ ᠤᠨ ᠲᠥᠬᠦᠭᠡᠷᠦᠮᠵᠢ ᠶᠢᠨ ᠪᠦᠷᠢᠨ ᠪᠦᠲᠦᠨ ᠪᠠᠶᠢᠬᠤ ᠶᠢ | ᠪᠠᠲᠤᠯᠠᠵᠤ᠂ ᠭᠡᠷ ᠤᠨ ᠲᠡᠵᠢᠭᠡᠪᠦᠷᠢ᠂ ᠭᠡᠷ ᠤᠨ ᠵᠢᠭᠦᠷᠲᠡᠨ ᠪᠠ ᠡᠩᠬᠦᠷᠡᠶ ᠠᠮᠢᠳᠠᠨ ᠤ ᠬᠠᠮᠢᠶᠠᠷᠤᠯᠲᠠ ᠵᠢᠴᠢ | ᠵᠠᠰᠠᠯᠲᠠ ᠶᠢ ᠴᠢᠩᠭᠠᠳᠬᠠᠵᠤ᠂ ᠬᠤᠳᠠ ᠪᠠᠯᠭᠠᠰᠤᠨ ᠤ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠤᠯᠠᠮ | ᠠᠬᠢᠭᠤᠯᠤᠨ ᠰᠠᠶᠢᠵᠢᠷᠠᠭᠤᠯᠤᠨ᠎ᠠ︔ | | ︵ᠲᠠᠪᠤ︶ ᠣᠷᠴᠢᠨ ᠲᠣᠭᠤᠷᠢᠨ ᠢ ᠬᠠᠮᠠᠭᠠᠯᠠᠬᠤ ᠠᠵᠢᠯ ᠤᠨ ᠰᠠᠯᠠᠭ᠎ᠠ ᠮᠥᠴᠢᠷ ᠤᠳ ᠣᠷᠴᠢᠨ ᠲᠣᠭᠤᠷᠢᠨ ᠤ | ᠪᠣᠬᠢᠷᠲᠤᠯ ᠢ ᠬᠢᠨᠠᠨ ᠬᠡᠮᠵᠢᠬᠦ᠂ ᠬᠢᠨᠠᠬᠤ᠂ ᠬᠠᠮᠢᠶᠠᠷᠴᠤ ᠵᠣᠬᠢᠴᠠᠭᠤᠯᠬᠤ ᠪᠠ ᠬᠠᠶᠠᠭᠳᠠᠮᠠᠯ ᠭᠡᠢ᠂ ᠬᠠᠶᠠᠭᠳᠠᠮᠠᠯ ᠤᠰᠤ᠂ | ᠬᠠᠶᠠᠭᠳᠠᠮᠠᠯ ᠰᠢᠭᠠᠷᠤ᠂ ᠱᠤᠤᠭᠢᠶᠠᠨ ᠢ ᠵᠠᠰᠠᠬᠤ ᠠᠵᠢᠯ ᠢ ᠬᠠᠷᠢᠭᠤᠴᠠᠵᠤ᠂ ᠣᠷᠴᠢᠨ ᠲᠣᠭᠤᠷᠢᠨ ᠤ ᠪᠣᠬᠢᠷᠲᠤᠯ ᠢ | ᠤᠷᠢᠳᠴᠢᠯᠠᠨ ᠰᠡᠷᠭᠡᠶᠢᠯᠡᠵᠦ᠂ ᠬᠢᠵᠠᠭᠠᠷᠯᠠᠬᠤ ᠪᠠ ᠰᠢᠢᠳᠪᠦᠷᠢᠯᠡᠨ᠎ᠡ︔ | | ︵ᠵᠢᠷᠭᠤᠭ᠎ᠠ︶ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠨᠢ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠡᠷᠬᠢᠯᠡᠵᠤ ᠪᠠᠶᠢᠭ᠎ᠠ ᠬᠥᠮᠦᠰ ᠢ ᠰᠢᠮᠳᠠᠭᠤᠯᠵᠤ ᠪᠠᠶᠢᠭᠠᠳ | ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢ ᠥᠷᠨᠢᠭᠦᠯᠬᠦ ᠪᠠ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠥᠷᠢᠮ ᠢ | ᠪᠠᠶᠢᠭᠤᠯᠵᠤ᠂ ᠵᠠᠬ᠎ᠠ ᠳᠡᠯᠭᠡᠭᠦᠷ ᠤᠨ ᠪᠠᠭᠲᠠᠭᠠᠮᠵᠢ ᠲᠠᠢ ᠲᠣᠬᠢᠷᠠᠯᠴᠠᠭᠰᠠᠨ ᠰᠢᠢᠳᠪᠦᠷᠢᠯᠡᠵᠦ ᠴᠡᠪᠡᠷᠯᠡᠭᠴᠢ ᠬᠢᠭᠡᠳ | ᠡᠷᠡᠭᠦᠯ ᠬᠠᠮᠠᠭᠠᠯᠠᠯ ᠤᠨ ᠪᠡᠯᠡᠳᠬᠡᠮᠵᠢ ᠶᠢ ᠲᠣᠬᠢᠷᠠᠭᠤᠯᠬᠤ ᠶᠢ ᠬᠠᠷᠢᠭᠤᠴᠠᠨ᠎ᠠ︔ | | ︵ᠲᠤᠯᠤᠭ᠎ᠠ︶ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠳ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ | ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠬᠦᠨᠳᠦ ᠨᠣᠴᠢᠲᠠᠢ ᠬᠢᠵᠢᠭ ᠤᠨ ᠪᠠᠶᠢᠳᠠᠯ ᠪᠠ ᠬᠠᠯᠳᠠᠪᠤᠷᠢᠲᠤ | ᠡᠪᠡᠳᠴᠢᠨ ᠤ ᠡᠭᠦᠰᠬᠦ᠂ ᠳᠡᠯᠭᠡᠷᠡᠬᠦ ᠶᠢ ᠰᠡᠷᠭᠡᠶᠢᠯᠡᠨ ᠬᠢᠵᠠᠭᠠᠷᠯᠠᠵᠤ᠂ ᠡᠷᠡᠭᠦᠯ ᠬᠠᠮᠠᠭᠠᠯᠠᠯ ᠤᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠮᠡᠳᠡᠯᠭᠡ ᠶᠢ ᠲᠦᠭᠡᠮᠡᠯᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠢ ᠶᠢᠨ ᠬᠤᠭ | ᠨᠣᠪᠰᠢ᠂ ᠪᠣᠬᠢᠷ ᠪᠣᠳᠠᠰ᠂ ᠪᠣᠬᠢᠷ ᠤᠰᠤ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠠᠵᠢᠯ ᠢ ᠰᠠᠶᠢᠲᠤᠷ | ᠭᠦᠢᠴᠡᠳᠬᠡᠵᠦ᠂ ᠬᠤᠣᠷ ᠬᠥᠨᠥᠭᠡᠯ ᠢ ᠠᠷᠢᠯᠭᠠᠵᠤ ᠡᠪᠡᠳᠴᠢᠨ ᠢ ᠰᠡᠷᠭᠡᠶᠢᠯᠡᠬᠦ ᠮᠡᠷᠭᠡᠵᠢᠯ ᠤᠨ ᠵᠢᠯᠤᠭᠤᠳᠤᠯᠭ᠎ᠠ | ᠵᠡᠷᠭᠡ ᠶᠢ ᠥᠷᠨᠢᠭᠦᠯᠬᠦ ᠬᠡᠷᠡᠭᠲᠡᠶ︔ | | ︵ᠨᠠᠢᠮᠠ︶ ᠰᠤᠷᠭᠠᠨ ᠬᠥᠮᠦᠵᠢᠯ ᠬᠤᠪᠢ ᠶᠢᠨ ᠲᠠᠮᠢᠷ ᠤᠨ ᠰᠠᠯᠠᠭ᠎ᠠ ᠮᠥᠴᠢᠷ ᠤᠳ ᠡᠷᠡᠭᠦᠯ ᠮᠡᠨᠳᠦ ᠶᠢᠨ | ᠬᠥᠮᠦᠵᠢᠯ ᠢ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠥᠯᠥᠪᠯᠡᠭᠡ ᠳᠤ ᠣᠷᠣᠭᠤᠯᠬᠤ ᠶᠢ ᠬᠠᠷᠢᠭᠤᠴᠠᠨ᠎ᠠ᠃ ᠡᠯ᠎ᠡ | ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢ ᠵᠣᠬᠢᠶᠠᠨ ᠪᠠᠶᠢᠭᠤᠯᠤᠨ ᠡᠷᠡᠭᠦᠯ ᠮᠡᠨᠳᠦ ᠶᠢᠨ ᠬᠥᠮᠦᠵᠢᠯ ᠤᠨ ᠬᠢᠴᠢᠶᠡᠯ | ᠪᠤᠶᠤ ᠲᠠᠶᠢᠯᠤᠮᠵᠢ ᠭᠦᠢᠴᠡᠳᠬᠡᠵᠦ᠂ ᠰᠤᠷᠤᠭᠴᠢᠳ ᠲᠤ ᠡᠷᠡᠭᠦᠯ ᠬᠠᠮᠠᠭᠠᠯᠠᠯ ᠤᠨ ᠮᠡᠳᠡᠯᠭᠡ ᠶᠢᠨ ᠬᠥᠮᠦᠵᠢᠯ | ᠭᠦᠢᠴᠡᠳᠬᠡᠵᠦ᠂ ᠡᠷᠡᠭᠦᠯ ᠬᠠᠮᠠᠭᠠᠯᠠᠯ ᠤᠨ ᠦᠵᠡᠯ ᠤᠬᠠᠮᠰᠠᠷ ᠢ ᠨᠢ ᠨᠡᠮᠡᠭᠳᠡᠭᠦᠯᠦᠨ᠂ ᠬᠡᠤᠬᠡᠳ ᠤᠨ ᠡᠷᠡᠭᠦᠯ | ᠬᠠᠮᠠᠭᠠᠯᠠᠯ ᠤᠨ ᠶᠡᠷᠦ ᠶᠢᠨ ᠮᠡᠳᠡᠯᠭᠡ ᠶᠢᠨ ᠬᠥᠮᠦᠵᠢᠯ ᠢ ᠥᠷᠨᠢᠭᠦᠯᠦᠨ᠎ᠡ︔ | | ︵ᠶᠢᠰᠦ︶ ᠢᠳᠡᠭᠡᠨ ᠤᠮᠳᠠᠭᠠᠨ ᠪᠠ ᠡᠮ ᠤᠨ ᠪᠦᠲᠦᠭᠡᠭᠳᠡᠬᠦᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠢᠳᠡᠭᠡᠨ ᠤᠮᠳᠠᠭᠠᠨ᠂ ᠡᠷᠡᠭᠦᠯᠵᠢᠯ ᠤᠨ ᠡᠳ᠋᠂ ᠵᠠᠰᠠᠯ ᠴᠢᠮᠡᠭᠯᠡᠯ ᠤᠨ ᠡᠳ᠋ ᠤᠨ ᠦᠢᠯᠡᠴᠢᠯᠡᠭᠡᠨ ᠤ | ᠠᠵᠢᠯ ᠲᠦᠷᠦᠯ ᠳᠤ ᠡᠪᠡᠳᠴᠢᠨ ᠤ ᠵᠠᠭᠤᠴᠢ ᠠᠮᠢᠳᠤ ᠪᠣᠳᠠᠰ ᠤᠨ ᠡᠮ ᠤᠨ ᠪᠦᠲᠦᠭᠡᠭᠳᠡᠬᠦᠨ ᠤᠨ ᠦᠢᠯᠡᠳᠪᠦᠷᠢᠯᠡᠯ᠂ | ᠡᠵᠡᠩᠨᠡᠯᠲᠡ ᠪᠠ ᠬᠡᠷᠡᠭᠯᠡᠯᠲᠡ ᠶᠢ ᠤᠰᠠᠳᠬᠠᠬᠤ ᠪᠠ ᠰᠡᠷᠭᠡᠶᠢᠯᠡᠨ ᠵᠠᠰᠠᠬᠤ ᠲᠠᠯ᠎ᠠ ᠪᠠᠷ ᠬᠠᠤᠯᠢ ᠲᠣᠭᠲᠠᠭᠠᠯ ᠤᠨ | ᠵᠢᠭᠠᠯᠲᠠ ᠶᠢᠨ ᠳᠠᠭᠠᠤ ᠠᠷᠢᠭᠤᠨ ᠴᠡᠪᠡᠷ ᠤᠨ ᠬᠠᠮᠢᠶᠠᠷᠤᠯᠲᠠ ᠶᠠᠪᠤᠭᠤᠯᠤᠨ᠎ᠠ︔ | | ︵ᠠᠷᠪᠠ︶ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠤᠳ ᠪᠠ ᠵᠧᠨ ᠭᠠᠵᠠᠷ ᠣᠷᠣᠨ ᠤ ᠤᠰᠤᠨ | ᠴᠥᠭᠦᠷᠥᠮ᠂ ᠭᠤᠣᠯ ᠤᠨ ᠭᠤᠤ ᠶᠢ ᠵᠠᠰᠠᠬᠤ ᠪᠠ ᠲᠤᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ᠂ ᠲᠠᠷᠢᠶᠠᠴᠢᠨ | ᠮᠠᠯᠴᠢᠳ ᠤᠨ ᠤᠮᠳᠠᠨ ᠤ ᠤᠰᠤᠨ ᠤ ᠨᠥᠬᠦᠴᠡᠯ ᠢ ᠰᠠᠶᠢᠵᠢᠷᠠᠭᠤᠯᠬᠤ᠂ ᠤᠤᠭᠤᠬᠤ ᠤᠰᠤ ᠬᠦᠷᠦᠯᠴᠡᠬᠦ ᠥᠭᠡᠢ | ᠪᠠᠶᠢᠬᠤ ᠪᠠ ᠤᠮᠳᠠᠨ ᠤ ᠤᠰᠤᠨ ᠤ ᠠᠶᠦᠯᠭᠦᠢ ᠶᠢᠨ ᠠᠰᠠᠭᠤᠳᠠᠯ ᠢ ᠰᠢᠢᠳᠪᠦᠷᠢᠯᠡᠬᠦ᠂ ᠪᠣᠬᠢᠷ ᠤᠰᠤ | ᠭᠠᠳᠠᠭᠰᠢᠯᠠᠭᠤᠯᠬᠤ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ᠂ ᠪᠣᠬᠢᠷ ᠤᠰᠤ ᠶᠢ ᠰᠢᠢᠳᠪᠦᠷᠢᠯᠡᠬᠦ ᠶᠢ | ᠬᠠᠷᠢᠭᠤᠴᠠᠵᠤ᠂ ᠬᠤᠯᠪᠣᠭᠳᠠᠬᠤ ᠰᠠᠯᠠᠭ᠎ᠠ ᠮᠥᠴᠢᠷ ᠲᠠᠢ ᠬᠠᠮᠲᠤᠷᠠᠨ ᠣᠷᠣᠨ ᠨᠤᠲᠤᠭ ᠤᠨ ᠡᠪᠡᠳᠴᠢᠨ ᠲᠠᠢ | ᠣᠷᠣᠨ ᠤ ᠤᠰᠤ ᠶᠢ ᠰᠠᠶᠢᠵᠢᠷᠠᠭᠤᠯᠬᠤ ᠠᠵᠢᠯ ᠢ ᠰᠠᠶᠢᠲᠤᠷ ᠭᠦᠢᠴᠡᠳᠬᠡᠨ᠎ᠡ︔ | | ︵ᠠᠷᠪᠠᠨ ᠨᠢᠭᠡ︶ ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠳ ᠡᠯ᠎ᠡ ᠲᠥᠷᠥᠯ ᠤᠨ ᠵᠠᠮ ᠬᠠᠷᠢᠯᠴᠠᠭᠠᠨ ᠤ | ᠪᠠᠭᠠᠵᠢ ᠬᠡᠷᠡᠭᠰᠡᠯ ᠤᠨ ᠲᠡᠷᠭᠡᠨ ᠤ ᠳᠦᠷᠰᠦ ᠪᠠᠶᠢᠳᠠᠯ᠂ ᠵᠠᠰᠠᠮᠠᠯ ᠵᠠᠮ ᠤᠨ ᠢᠯᠡᠳᠬᠡᠮᠵᠢ ᠳᠡᠮᠳᠡᠭ ᠫᠠᠶᠢᠰᠠ | ᠪᠠᠶᠢᠷᠢᠯᠠᠭᠤᠯᠬᠤ᠂ ᠵᠠᠰᠠᠮᠠᠯ ᠵᠠᠮ ᠳᠠᠭᠠᠤ ᠶᠢᠨ ᠣᠷᠴᠢᠨ ᠠᠬᠤᠶ ᠶᠢ ᠵᠠᠰᠠᠬᠤ ᠵᠢᠴᠢ ᠲᠡᠷᠭᠡᠨ ᠦᠷᠳᠡᠭᠡ ᠵᠡᠷᠭᠡ ᠠᠶᠠᠨ ᠤ | ᠶᠠᠪᠤᠳᠠᠯ ᠤᠨ ᠦᠷᠳᠡᠭᠡ᠂ ᠵᠠᠮ ᠤᠨ ᠰᠦᠢᠳᠬᠡᠯ ᠬᠤᠷᠢᠶᠠᠬᠤ ᠦᠷᠳᠡᠭᠡ᠂ ᠪᠠᠶᠢᠴᠠᠭᠠᠬᠤ ᠦᠷᠳᠡᠭᠡ ᠶᠢᠨ ᠡᠷᠬᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ | | ︵ᠠᠷᠪᠠᠨ ᠬᠤᠶᠠᠷ︶ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠰᠣᠶᠣᠯ ᠤᠨ | ᠠᠵᠢᠯᠯᠠᠭᠠᠨ ᠤ ᠲᠠᠯᠠᠪᠤᠷ ᠭᠠᠵᠠᠷ᠂ ᠦᠵᠡᠮᠵᠢ ᠶᠢᠨ ᠵᠢᠭᠤᠯᠴᠢᠯᠠᠯ ᠤᠨ ᠣᠷᠣᠨ᠂ ᠲᠠᠷᠢᠶᠠᠯᠠᠩ ᠮᠠᠯ ᠠᠵᠤ ᠠᠬᠤᠶ ᠶᠢᠨ | ᠬᠡᠷ ᠪᠦᠯᠢ ᠶᠢᠨ ᠵᠢᠭᠤᠯᠴᠢᠯᠠᠯ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠪᠠ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ︔ | | ︵ᠠᠷᠪᠠᠨ ᠭᠤᠷᠪᠠ︶ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠵᠠᠮ ᠬᠠᠷᠢᠯᠴᠠᠭᠠᠨ ᠤ | ᠬᠠᠮᠢᠶᠠᠷᠤᠯᠲᠠ ᠶᠢ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠴᠢᠩᠭᠠᠳᠬᠠᠵᠤ᠂ ᠵᠠᠮ ᠬᠠᠷᠢᠯᠴᠠᠭᠠᠨ ᠤ ᠳᠢᠭ | ᠵᠢᠷᠤᠮ ᠪᠠ ᠲᠡᠷᠭᠡ ᠬᠥᠰᠬᠡ ᠵᠣᠭᠰᠣᠭᠠᠬᠤ ᠵᠡᠷᠭᠡ ᠠᠵᠢᠯ ᠢ ᠵᠢᠷᠤᠮᠵᠢᠭᠤᠯᠤᠨ᠎ᠠ︔ | | ︵ᠠᠷᠪᠠᠨ ᠲᠦᠷᠪᠡ︶ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠭᠤᠶᠢᠷᠠᠨᠴᠢᠳ ᠢ ᠬᠠᠤᠯᠢ | ᠲᠣᠭᠲᠠᠭᠠᠯ ᠤᠨ ᠵᠢᠭᠠᠯᠲᠠ ᠶᠢᠨ ᠳᠠᠭᠠᠤ ᠲᠣᠬᠢᠲᠠᠶ ᠲᠥᠪᠬᠢᠨᠡᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠨᠡᠶᠢᠲᠡ ᠶᠢᠨ ᠤᠡᠭᠭᠤᠨ᠂ ᠡᠵᠡᠩᠨᠡᠯᠲᠡ ᠶᠢᠨ ᠴᠢᠨᠠᠷᠲᠠᠶ ᠨᠡᠶᠢᠲᠡ ᠶᠢᠨ ᠤᠡᠭᠭᠤᠨ ᠤ ᠳᠣᠲᠣᠷᠠᠬᠢ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢ ᠰᠠᠶᠢᠲᠤᠷ ᠭᠦᠢᠴᠡᠳᠬᠡᠵᠦ᠂ ᠬᠡᠭᠦᠷ ᠭᠠᠷᠭᠠᠬᠤ ᠦᠶ᠎ᠡ ᠳᠤ | ᠵᠡᠭᠡᠯᠢ ᠳᠠᠭᠠᠤ ᠳᠤᠷ᠎ᠠ ᠪᠠᠷ ᠢᠶᠠᠨ ︽ᠴᠠᠭᠠᠰᠤᠨ ᠵᠣᠭᠤᠰ︾ ᠭᠠᠳᠠᠭᠰᠢᠯᠠᠭᠤᠯᠬᠤ ᠳᠠᠳᠬᠠᠯ ᠢ ᠬᠤᠷᠢᠭᠯᠠᠨ | ᠵᠣᠭᠰᠣᠭᠠᠨ᠎ᠠ︔ | | ︵ᠠᠷᠪᠠᠨ ᠲᠠᠪᠤ︶ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠲᠡᠵᠢᠭᠡᠨ ᠦᠷᠡᠵᠢᠭᠦᠯᠬᠦ | ᠲᠠᠯᠠᠪᠠᠢ᠂ ᠨᠢᠲᠤᠯᠬᠤ ᠲᠠᠯᠠᠪᠠᠢ ᠶᠢᠨ ᠳᠣᠲᠣᠷ᠎ᠠ ᠭᠠᠳᠠᠨᠠᠬᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ | ᠵᠢᠴᠢ ᠲᠠᠷᠢᠶᠠᠨ ᠡᠮ᠂ ᠪᠤᠷᠳᠤᠭᠤᠷ᠂ ᠲᠡᠵᠢᠭᠡᠯ ᠪᠣᠷᠳᠤᠭ᠎ᠠ ᠶᠢᠨ ᠨᠡᠮᠡᠯᠲᠡ ᠵᠡᠷᠭᠡ ᠲᠠᠷᠢᠮᠠᠯ ᠤᠨ ᠠᠷᠢᠭᠤᠨ ᠴᠡᠪᠡᠷ ᠤᠨ | ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠯᠠᠩ ᠤᠨ ᠬᠠᠶᠠᠭᠳᠠᠮᠠᠯ ᠡᠳ᠋ ᠬᠥᠷᠥᠩᠭᠡ ᠶᠢ ᠬᠤᠣᠷ ᠥᠬᠡᠶᠢᠳᠡᠭᠦᠯᠦᠨ | ᠰᠢᠢᠳᠪᠦᠷᠢᠯᠡᠬᠦ ᠠᠵᠢᠯ ᠢ ᠰᠠᠶᠢᠲᠤᠷ ᠲᠤᠤᠱᠯᠠᠭᠤᠯᠤᠨ᠂ ᠡᠨᠧᠷᠬᠢᠢ ᠨᠡᠭᠡᠭᠡᠨ ᠠᠰᠢᠭᠯᠠᠬᠤ ᠪᠠ ᠶᠡᠷᠦᠩᠬᠡᠶᠢᠯᠡᠨ | ᠠᠰᠢᠭᠯᠠᠬᠤ ᠶᠢ ᠴᠢᠩᠭᠠᠳᠬᠠᠨ᠂ ᠨᠠᠮᠤᠭ ᠤᠨ ᠬᠡᠢ ᠶᠢᠨ ᠲᠠᠲᠠᠭᠠᠯ᠂ ᠠᠷᠢᠭᠤᠨ ᠴᠡᠪᠡᠷ ᠵᠣᠷᠯᠣᠩ ᠢ ᠳᠡᠯᠭᠡᠷᠡᠭᠦᠯᠦᠨ | ᠬᠡᠷᠡᠭᠵᠢᠭᠦᠯᠦᠨ᠎ᠡ︔ | | ︵ᠠᠷᠪᠠᠨ ᠵᠢᠷᠭᠤᠭ᠎ᠠ︶ ᠤᠢ ᠰᠢᠭᠤᠶ ᠶᠢᠨ ᠰᠠᠯᠠᠭ᠎ᠠ ᠮᠥᠴᠢᠷ ᠤᠳ ᠮᠣᠳᠣ ᠲᠡᠷᠢᠵᠦ ᠣᠶᠢᠵᠢᠭᠤᠯᠬᠤ᠂ | ᠨᠤᠲᠤᠭ ᠳᠡᠪᠢᠰᠬᠡᠷ ᠢ ᠴᠡᠴᠡᠷᠯᠢᠭᠵᠢᠭᠦᠯᠦᠨ ᠣᠶᠢᠵᠢᠭᠤᠯᠬᠤ ᠪᠠ ᠤᠢ ᠰᠢᠭᠤᠶ ᠶᠢᠨ ᠦᠢᠯᠡᠳᠪᠦᠷᠢᠯᠡᠯ ᠤᠨ ᠪᠦᠳᠦᠭᠡᠠ | ᠪᠠᠶᠢᠭᠤᠯᠤᠯᠲᠠ ᠶᠢ ᠬᠠᠷᠢᠭᠤᠴᠠᠵᠤ᠂ ᠡᠪᠡᠳᠴᠢᠨ ᠬᠤᠷᠣᠬᠠᠶ ᠶᠢᠨ ᠭᠠᠮᠰᠢᠭ ᠢ ᠰᠡᠷᠭᠡᠶᠢᠯᠡᠨ ᠵᠠᠰᠠᠬᠤ ᠪᠠ ᠤᠢ | ᠮᠣᠳᠣᠨ ᠤ ᠬᠢᠵᠢᠭ ᠢ ᠪᠠᠶᠢᠴᠠᠭᠠᠬᠤ ᠬᠠᠮᠢᠶᠠᠷᠤᠯᠲᠠ ᠪᠠ ᠵᠢᠯᠦᠭᠤᠳᠦᠯᠭ᠎ᠠ ᠶᠢ ᠰᠠᠶᠢᠲᠤᠷ ᠭᠦᠢᠴᠡᠳᠬᠡᠵᠦ᠂ ᠰᠢᠭᠤᠶᠢᠲᠤ | ᠣᠷᠣᠨ ᠤ ᠣᠷᠴᠢᠨ ᠲᠣᠭᠤᠷᠢᠨ ᠢ ᠵᠠᠰᠠᠬᠤ ᠠᠵᠢᠯ ᠢ ᠥᠷᠨᠢᠭᠦᠯᠦᠨ᠎ᠡ︔ | | ︵ᠠᠷᠪᠠᠨ ᠳᠣᠯᠤᠭ᠎ᠠ︶ ᠠᠵᠢᠯᠴᠢᠳ ᠤᠨ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠤᠯᠠᠭᠠᠨ | ᠵᠠᠭᠠᠯᠮᠠᠶᠢᠲᠠᠨ ᠤ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠬᠠᠷᠢᠭᠤᠴᠠᠵᠤ ᠪᠠᠶᠢᠭᠠᠳ ᠡᠯ᠎ᠡ ᠦᠨᠳᠦᠰᠦᠲᠡᠨ ᠤ | ᠠᠵᠢᠯᠲᠠᠨ ᠠᠵᠢᠯᠴᠢᠨ᠂ ᠵᠠᠯᠠᠭᠤᠴᠤᠳ᠂ ᠰᠤᠷᠤᠭᠴᠢᠳ ᠪᠠ ᠡᠮᠡᠭᠲᠡᠶᠢᠴᠦᠳ ᠢ ᠳᠠᠶᠢᠴᠢᠯᠠᠨ ᠵᠣᠬᠢᠶᠠᠨ ᠪᠠᠶᠢᠭᠤᠯᠵᠤ | ᠪᠠᠶᠢᠭᠠᠳ ᠪᠠᠶᠢᠭ᠎ᠠ ᠭᠠᠵᠠᠷ ᠣᠷᠣᠨ᠂ ᠨᠢᠭᠡᠴᠢ ᠶᠢᠨ ᠢᠶᠠᠨ ᠡᠬᠡ ᠣᠷᠣᠨᠴᠢ ᠡᠷᠡᠭᠦᠯ ᠬᠠᠮᠠᠭᠠᠯᠠᠯ ᠤᠨ ᠠᠵᠢᠯᠯᠠᠭ᠎ᠠ ᠳᠤ | ᠢᠳᠡᠪᠬᠢᠲᠡᠶ ᠣᠷᠣᠯᠴᠠᠭᠤᠯᠵᠤ᠂ ᠲᠡᠳᠡᠨ ᠲᠠᠢ ᠬᠠᠮᠵᠢᠯᠴᠠᠨ᠂ ᠲᠣᠰ ᠬᠤᠪᠢ ᠶᠢᠨ ᠪᠣᠯᠪᠠᠰᠤᠨ ᠬᠡᠪ ᠴᠢᠨᠠᠷ ᠪᠠ | ᠡᠷᠡᠭᠦᠯᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ︔ | | ︵ᠠᠷᠪᠠᠨ ᠨᠠᠢᠮᠠ︶ ᠤᠬᠠᠭᠤᠯᠬᠤ ᠰᠠᠯᠠᠭ᠎ᠠ ᠮᠥᠴᠢᠷ ᠨᠢ ᠡᠯ᠎ᠡ ᠰᠣᠨᠢᠨ ᠮᠡᠳᠡᠭᠡᠨ ᠤ ᠨᠢᠭᠡᠴᠢ ᠶᠢ | ᠬᠠᠷᠢᠭᠤᠴᠠᠨ ᠵᠣᠬᠢᠴᠠᠭᠤᠯᠵᠤ ᠪᠠᠶᠢᠭᠠᠳ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠮᠡᠳᠡᠯᠭᠡ ᠶᠢᠨ | ᠤᠬᠠᠭᠤᠯᠭ᠎ᠠ ᠶᠢ ᠰᠠᠶᠢᠲᠤᠷ ᠭᠦᠢᠴᠡᠳᠬᠡᠵᠦ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ | ᠨᠡᠶᠢᠭᠡᠮ ᠤᠨ ᠡᠷᠡᠭᠦᠯ ᠮᠡᠨᠳᠦ ᠶᠢᠨ ᠬᠥᠮᠦᠵᠢᠯ ᠢ ᠥᠷᠨᠢᠭᠦᠯᠵᠦ᠂ ᠪᠣᠳᠠᠲᠤ ᠨᠥᠬᠦᠴᠡᠯ ᠪᠠᠶᠢᠳᠠᠯ ᠲᠠᠢ ᠪᠠᠨ | ᠤᠶᠠᠯᠳᠤᠭᠤᠯᠤᠨ ᠡᠷᠡᠭᠦᠯ ᠬᠠᠮᠠᠭᠠᠯᠠᠯ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠂ ᠪᠥᠬᠦ | ᠠᠷᠠᠳ ᠤᠨ ᠡᠷᠡᠭᠦᠯ ᠬᠠᠮᠠᠭᠠᠯᠠᠯ ᠪᠠ ᠪᠠᠲᠤᠯᠠᠭ᠎ᠠ ᠶᠢᠨ ᠬᠤᠯᠪᠣᠭᠠᠰᠤ ᠶᠢᠨ ᠦᠵᠡᠯ ᠤᠬᠠᠮᠰᠠᠷ ᠢ ᠴᠢᠩᠭᠠᠷᠠᠭᠤᠯᠤᠨ᠎ᠠ︔ | ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠬᠢᠬᠦ︔ | | ︵ᠠᠷᠪᠠ ᠶᠢᠰᠦ︶ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠠᠵᠢᠯ ᠳᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠠᠢ ᠢᠳᠡᠪᠬᠢᠲᠡᠶ ᠬᠠᠮᠵᠢᠯᠴᠠᠵᠤ᠂ ᠬᠠᠷᠢᠶ᠎ᠠ | ᠣᠷᠣᠨ ᠤ ᠨᠢᠭᠡᠴᠢ ᠪᠠ ᠣᠷᠣᠨ ᠰᠠᠭᠤᠴᠠ ᠶᠢᠨ ᠬᠤᠷᠢᠶᠠᠯᠠᠯ ᠤᠨ ᠡᠷᠡᠭᠦᠯ ᠬᠠᠮᠠᠭᠠᠯᠠᠯ ᠢᠶᠠᠷ ᠭᠤᠤᠯᠳᠠᠯᠭ᠎ᠠ ᠪᠣᠯᠭᠠᠨ᠂ | ᠡᠷᠡᠭᠦᠯ ᠮᠡᠨᠳᠦ ᠶᠢᠨ ᠬᠥᠮᠦᠵᠢᠯ ᠢ ᠤᠬᠠᠭᠤᠯᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠮ ᠢ | ᠴᠡᠪᠡᠷᠰᠢᠭᠦᠯᠬᠦ᠂ ᠴᠡᠴᠡᠷᠯᠢᠭᠵᠢᠭᠦᠯᠦᠨ ᠣᠶᠢᠵᠢᠭᠤᠯᠬᠤ᠂ ᠭᠤᠶᠤᠵᠢᠭᠤᠯᠬᠤ ᠪᠠ ᠳᠥᠷᠪᠡᠨ ᠬᠤᠤᠷᠲᠠᠨ ᠢ ᠤᠰᠠᠳᠬᠠᠬᠤ | ᠵᠡᠷᠭᠡ ᠡᠪᠡᠳᠴᠢᠨ ᠤ ᠵᠠᠭᠤᠴᠢ ᠠᠮᠢᠳᠤ ᠡᠳ᠋ ᠬᠥᠷᠥᠩᠭᠡ ᠶᠢ ᠰᠡᠷᠭᠡᠶᠢᠯᠡᠨ ᠵᠠᠰᠠᠬᠤ ᠵᠡᠷᠭᠡ ᠠᠵᠢᠯ ᠢ ᠭᠦᠢᠴᠡᠳᠬᠡᠨ᠎ᠡ︔ | | | ︵ᠬᠤᠷᠢ︶ ᠪᠠᠯᠭᠠᠰᠤᠨ ᠤ ᠵᠠᠰᠠᠭ ᠤᠨ ᠣᠷᠳᠣᠨ ᠬᠤᠲᠠ ᠲᠣᠭᠤᠷᠢᠭᠰᠠᠨ ᠵᠠᠮ ᠠᠴᠠ ᠭᠠᠳᠠᠨᠠᠬᠢ ᠡᠯ᠎ᠡ | ᠭᠠᠴᠠᠭ᠎ᠠ ᠲᠣᠰᠬᠤᠨ ᠤ ᠬᠠᠷᠢᠶ᠎ᠠ ᠣᠷᠣᠨ ᠤ ᠠᠷᠢᠭᠤᠨ ᠴᠡᠪᠡᠷ ᠠᠷᠢᠭᠤᠨ ᠴᠡᠪᠡᠷ᠂ ᠴᠠᠭᠠᠨ ᠪᠣᠬᠢᠷᠲᠤᠯ ᠵᠢᠴᠢ | ᠣᠷᠴᠢᠨ ᠲᠣᠭᠤᠷᠢᠨ ᠤ ᠵᠠᠰᠠᠯᠲᠠ ᠶᠢ ᠬᠠᠷᠢᠭᠤᠴᠠᠨ᠎ᠠ︔ | | ︵ᠬᠤᠷᠢᠨ ᠨᠢᠭᠡ︶ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠪᠤᠰᠤᠳ | ᠪᠦᠷᠢᠯᠳᠦᠬᠦᠨ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠠᠵᠢᠯ ᠤᠨ | ᠬᠤᠪᠢᠶᠠᠷᠢᠯᠠᠯ ᠶᠣᠰᠣᠭᠠᠷ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠬᠠᠮᠲᠤᠪᠠᠷ ᠰᠠᠶᠢᠲᠤᠷ | ᠭᠦᠢᠴᠡᠳᠬᠡᠬᠦ ᠬᠡᠷᠡᠭᠲᠡᠢ | | ᠠᠷᠪᠠᠨ ᠨᠢᠭᠡᠳᠦᠭᠡᠷ ᠵᠦᠢᠯ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠬᠤᠯᠪᠣᠭᠳᠠᠬᠤ ᠰᠠᠯᠠᠭ᠎ᠠ ᠮᠥᠴᠢᠷ ᠤᠳ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠪᠠᠶᠢᠭᠤᠯᠵᠤ᠂ ᠲᠤᠰᠬᠠᠶ ︵ᠬᠠᠪᠰᠤᠷᠭᠠᠭᠰᠠᠨ︶ ᠠᠵᠢᠯᠲᠠᠨ | ᠳᠣᠭᠢᠷᠠᠭᠤᠯᠤᠨ᠂ ᠲᠣᠰ ᠬᠠᠷᠢᠶ᠎ᠠ ᠣᠷᠣᠨ ᠤ ᠪᠠᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠡᠳᠦᠷ | ᠲᠤᠲᠤᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠭᠤᠯᠤᠨ᠎ᠠ᠃ | | ᠪᠠᠶᠢᠭᠤᠯᠭ᠎ᠠ᠂ ᠪᠦᠯᠬᠦᠮ᠂ ᠴᠡᠷᠢᠭ ᠠᠩᠬᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ ᠭᠠᠴᠠᠭᠠᠨ ᠤ ᠠᠷᠠᠳ ᠤᠨ ᠵᠥᠪᠯᠡᠯ ᠵᠢᠴᠢ ᠪᠤᠰᠤᠳ ᠵᠣᠬᠢᠶᠠᠨ | ᠪᠠᠶᠢᠭᠤᠯᠤᠯᠲᠠ ᠨᠤᠭᠤᠳ ᠪᠣᠳᠠᠲᠤ ᠨᠥᠬᠦᠴᠡᠯ ᠪᠠᠶᠢᠳᠠᠯ ᠢᠶᠠᠨ ᠦᠨᠳᠦᠰᠦᠯᠡᠨ ᠦᠨᠳᠦᠰᠦᠨ ᠱᠠᠲᠤᠨ ᠤ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠪᠤᠶᠤ ᠲᠤᠰᠬᠠᠶ ︵ᠲᠤᠰᠢᠶᠠᠯ | ᠬᠠᠪᠰᠤᠷᠭᠠᠭᠰᠠᠨ︶ ᠠᠵᠢᠯᠳᠠᠨ ᠲᠣᠬᠢᠷᠠᠭᠤᠯᠵᠤ᠂ ᠲᠤᠰ ᠨᠢᠭᠡᠴᠢ ᠶᠢᠨ ᠢᠶᠠᠨ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠡᠳᠦᠷ ᠲᠤᠳᠤᠮ ᠤᠨ ᠠᠵᠢᠯ ᠢ ᠬᠠᠷᠢᠭᠤᠴᠠᠭᠤᠯᠤᠨ᠎ᠠ᠃ | | ᠭᠤᠷᠪᠠᠳᠤᠭᠠᠷ ᠪᠦᠯᠦᠭ ᠡᠳᠦᠷ ᠲᠤᠳᠤᠮ ᠤᠨ ᠬᠠᠮᠢᠶᠠᠷᠤᠯᠲᠠ | | ᠠᠷᠪᠠᠨ ᠬᠤᠶᠠᠳᠤᠭᠠᠷ ᠵᠦᠢᠯ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠳᠤ | ᠰᠢᠰᠲ᠋ᠧᠮ ᠪᠠ ᠬᠡᠰᠡᠭ ᠢ ᠤᠶᠠᠯᠳᠤᠭᠤᠯᠵᠤ᠂ ᠬᠡᠰᠡᠭ ᠢᠶᠠᠷ ᠭᠤᠣᠯ ᠪᠣᠯᠭᠠᠬᠤ ᠶᠢ ᠬᠡᠷᠡᠭᠵᠢᠭᠦᠯᠦᠨ᠎ᠡ︔ ᠤᠬ | ᠦᠨᠳᠦᠰᠦ ᠶᠢ ᠨᠢ ᠵᠠᠰᠠᠬᠤ ᠪᠠ ᠤᠢᠩᠭᠡᠠ ᠲᠠᠯ᠎ᠠ ᠶᠢ ᠨᠢ ᠵᠠᠰᠠᠬᠤ ᠶᠢ ᠤᠶᠠᠯᠳᠤᠭᠤᠯᠵᠤ᠂ ᠤᠬ ᠦᠨᠳᠦᠰᠦ ᠶᠢ ᠨᠢ | ᠵᠠᠰᠠᠬᠤ ᠪᠠᠷ ᠭᠤᠣᠯ ᠪᠣᠯᠭᠠᠨ᠎ᠠ︔ ᠪᠠᠶᠢᠩᠭᠤ ᠶᠢᠨ ᠬᠠᠮᠢᠶᠠᠷᠤᠯᠲᠠ ᠪᠠ ᠲᠥᠪᠯᠡᠷᠡᠭᠦᠯᠦᠨ ᠵᠠᠰᠠᠬᠤ ᠶᠢ ᠤᠶᠠᠯᠳᠤᠭᠤᠯᠵᠤ | ᠂ ᠪᠠᠶᠢᠩᠭᠤ ᠶᠢᠨ ᠬᠠᠮᠢᠶᠠᠷᠤᠯᠲᠠ ᠪᠠᠷ ᠭᠤᠣᠯ ᠪᠣᠯᠭᠠᠨ᠎ᠠ︔ ᠬᠡᠨ ᠪᠤᠬᠢᠷᠳᠤᠭᠤᠯᠪᠠᠯ ᠬᠡᠨ ᠵᠠᠰᠠᠬᠤ ᠵᠠᠷᠴᠢᠮ ᠢ | ᠪᠠᠷᠢᠮᠲᠠᠯᠠᠨ ᠠᠵᠢᠯᠯᠠᠨ᠎ᠠ᠃ | | ᠠᠷᠪᠠᠨ ᠭᠤᠷᠪᠠᠳᠤᠭᠠᠷ ᠵᠦᠢᠯ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢᠨ | ᠰᠠᠷ᠎ᠠ︾ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠵᠢᠯ ᠪᠦᠷᠢ ᠶᠢᠨ 4 ᠳ᠋ᠦ᠋ᠭᠡᠷ ᠰᠠᠷ᠎ᠠ ᠨᠢ ︽ | ᠪᠥᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢᠨ ᠰᠠᠷ᠎ᠠ︾ ᠪᠣᠯᠤᠨ᠎ᠠ᠂ ᠪᠥᠬᠦ | ᠬᠤᠰᠢᠭᠤᠨ ᠤ ᠡᠯ᠎ᠡ ᠰᠠᠯᠠᠭ᠎ᠠ ᠮᠥᠴᠢᠷ ᠨᠢ ᠱᠠᠭᠠᠷᠳᠠᠯᠭ᠎ᠠ ᠶᠣᠰᠣᠭᠠᠷ ᠬᠤᠲᠠ ᠶᠢᠨ ᠦᠵᠡᠮᠵᠢ ᠶᠢᠨ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠬᠦ᠂ ᠪᠤᠵᠠᠷ ᠰᠠᠮᠠᠭᠤᠨ ᠪᠠᠷᠤᠭᠲᠠᠶ ᠪᠠᠶᠢᠳᠠᠯ ᠢ ᠵᠠᠰᠠᠬᠤ ᠵᠡᠷᠭᠡ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠥᠷᠨᠢᠭᠦᠯᠦᠨ᠎ᠡ᠃ | | ᠠᠷᠪᠠᠨ ᠳᠥᠷᠪᠡᠳᠦᠭᠡᠷ ᠵᠦᠢᠯ ︽ᠬᠤᠲᠠ ᠪᠠᠯᠭᠠᠰᠤᠨ ᠤ ᠡᠷᠡᠭᠦᠯ ᠬᠠᠮᠠᠭᠠᠯᠠᠯ ᠤᠨ ᠡᠳᠦᠷ︾ ᠭᠠᠷᠭᠠᠨ᠎ᠠ᠃ | ᠰᠠᠷ᠎ᠠ ᠪᠦᠷᠢ ᠶᠢᠨ ᠬᠠᠮᠤᠭ ᠰᠡᠭᠦᠯᠴᠢ ᠶᠢᠨ ᠨᠢᠭᠡ ᠭᠠᠷᠠᠭ ᠤᠨ ᠭᠠᠷᠠᠭ ᠤᠨ ᠲᠠᠪᠤᠨ ᠢ ︽ᠬᠤᠲᠠ ᠪᠠᠯᠭᠠᠰᠤᠨ ᠤ | ᠡᠷᠡᠭᠦᠯ ᠬᠠᠮᠠᠭᠠᠯᠠᠯ ᠤᠨ ᠡᠳᠦᠷ︾ ᠡᠯ᠎ᠡ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠠᠯᠪᠠᠨ ᠭᠡᠷ︶ ᠶᠢᠨ ᠬᠠᠷᠢᠶ᠎ᠠ ᠣᠷᠣᠨ ᠤ ᠳᠣᠲᠣᠷᠠᠬᠢ ᠪᠤᠶ ᠪᠦᠬᠦᠢ ᠨᠢᠭᠡᠴᠢ ︽ᠬᠤᠲᠠ ᠪᠠᠯᠭᠠᠰᠤᠨ ᠤ ᠡᠷᠡᠭᠦᠯ | ᠬᠠᠮᠠᠭᠠᠯᠠᠯ ᠤᠨ ᠡᠳᠦᠷ︾ ᠲᠤ ᠭᠡᠷ ᠤᠨ ᠳᠣᠲᠣᠨ᠎ᠠ ᠭᠠᠳᠠᠨᠠᠬᠢ ᠣᠷᠴᠢᠨ ᠲᠣᠭᠤᠷᠢᠨ ᠤ ᠠᠷᠢᠭᠤᠨ ᠴᠡᠪᠡᠷ ᠢ ᠰᠠᠶᠢᠲᠤᠷ | ᠭᠦᠢᠴᠡᠳᠬᠡᠵᠦ᠂ ᠡᠭᠦᠨ ᠤ ᠬᠠᠮᠲᠤ ᠠᠵᠢᠯᠲᠠᠨ ᠠᠵᠢᠯᠴᠢᠨ᠂ ᠰᠠᠭᠤᠭᠠᠯᠢ ᠠᠷᠠᠳ ᠢ ᠢᠳᠡᠪᠬᠢᠲᠡᠶ ᠪᠠᠷ ᠵᠣᠬᠢᠶᠠᠨ | ᠪᠠᠶᠢᠭᠤᠯᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠠᠵᠢᠯᠯᠠᠭ᠎ᠠ ᠳᠤ ᠣᠷᠣᠯᠴᠠᠭᠤᠯᠵᠤ᠂ ᠬᠠᠷᠢᠶᠠᠯᠠᠬᠤ ᠬᠡᠪᠴᠢᠶᠡᠨ ᠳᠣᠲᠣᠷᠠᠬᠢ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ᠂ ᠵᠠᠮ ᠳᠠᠭᠠᠤ ᠶᠢᠨ ᠬᠤᠶᠠᠷ ᠬᠠᠵᠠᠭᠤ᠂ ᠵᠠᠮ ᠢᠶᠠᠷ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ᠂ ᠨᠡᠶᠢᠲᠡ ᠶᠢᠨ ᠵᠣᠷᠯᠣᠩ ︵ᠵᠢᠭᠤᠯᠴᠢᠯᠠᠯ ᠤᠨ ᠨᠡᠶᠢᠲᠡ ᠶᠢᠨ ᠵᠣᠷᠯᠣᠩ ᠪᠠᠭᠲᠠᠨ᠎ᠠ︶᠂ ᠲᠣᠰᠣ ᠨᠡᠮᠡᠬᠦ | ᠥᠷᠲᠡᠭᠡ᠂ ᠲᠡᠷᠭᠡᠨ ᠵᠣᠭᠰᠣᠭᠠᠯ᠂ ᠢᠳᠡᠭᠡᠨ ᠤᠮᠳᠠᠭᠠᠨ ᠵᠤᠭ᠎ᠠ ᠴᠡᠩᠭᠡᠯ᠂ ᠴᠤᠭᠯᠠᠭ᠎ᠠ ᠮᠠᠶᠢᠮᠠᠶ᠂ ᠰᠦᠢᠳᠬᠡᠯ | ᠬᠤᠷᠢᠶᠠᠬᠤ ᠥᠷᠲᠡᠭᠡ ᠶᠢᠨ ᠣᠶᠢᠷ᠎ᠠ ᠬᠠᠪᠢ ᠶᠢᠨ ᠡᠷᠡᠭᠦᠯ ᠬᠠᠮᠠᠭᠠᠯᠠᠯ ᠢ ᠲᠦᠢᠯᠪᠤᠷᠢᠲᠠᠶ ᠴᠡᠭᠴᠡᠯᠡᠨ᠎ᠡ᠃ | | ᠠᠷᠪᠠᠨ ᠲᠠᠪᠤᠳᠤᠭᠠᠷ ᠵᠦᠢᠯ ᠪᠠᠶᠢᠭᠤᠯᠭ᠎ᠠ᠂ ᠪᠦᠯᠬᠦᠮ᠂ ᠴᠡᠷᠢᠭ ᠠᠩᠬᠢ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠬᠢᠭᠡᠳ ᠪᠤᠰᠤᠳ ᠵᠣᠬᠢᠶᠠᠨ ᠪᠠᠶᠢᠭᠤᠯᠤᠯᠲᠠ ᠨᠤᠭᠤᠳ ᠤᠯᠤᠰ᠂ ᠥᠪᠡᠷᠲᠡᠭᠡᠨ ᠵᠠᠰᠠᠬᠤ ᠣᠷᠣᠨ | ᠂ ᠠᠶᠢᠮᠠᠭ ᠤᠨ ᠵᠠᠬᠢᠷᠭ᠎ᠠ ᠠᠴᠠ ᠵᠢᠭᠠᠭᠰᠠᠨ ᠨᠢᠭᠡᠴᠢ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠪᠠᠷᠢᠮᠵᠢᠶ᠎ᠠ ᠶᠣᠰᠣᠭᠠᠷ᠂ ᠡᠷᠡᠭᠦᠯ ᠬᠠᠮᠠᠭᠠᠯᠠᠯ ᠤᠨ ᠲᠥᠷᠢᠮ ᠢ ᠪᠠᠶᠢᠭᠤᠯᠤᠨ ᠪᠥᠷᠢᠨᠰᠢᠬᠦᠯᠵᠤ᠂ ᠡᠳᠦᠷ ᠲᠤᠳᠤᠮ ᠤᠨ | ᠡᠷᠡᠭᠦᠯ ᠬᠠᠮᠠᠭᠠᠯᠠᠯ ᠤᠨ ᠬᠠᠮᠢᠶᠠᠷᠤᠯᠲᠠ ᠪᠠᠨ ᠴᠢᠩᠭᠠᠳᠬᠠᠨ᠂ ᠭᠡᠷ ᠳᠣᠲᠣᠷᠠᠬᠢ ᠡᠷᠡᠭᠦᠯ ᠬᠠᠮᠠᠭᠠᠯᠠᠯ ᠪᠣᠯᠤᠨ ᠡᠭᠦᠳᠡᠨ | ᠡᠮᠦᠨᠡᠬᠢ ︽ᠭᠤᠷᠪᠠᠨ ᠳᠠᠭᠠᠭᠠᠴᠢᠯᠠᠯᠲᠠ︾ ᠶᠢᠨ ᠠᠵᠢᠯ ᠢ ᠰᠠᠶᠢᠲᠤᠷ ᠭᠦᠢᠴᠡᠳᠬᠡᠬᠦ ᠬᠡᠷᠡᠭᠲᠡᠢ | | ᠠᠷᠪᠠᠨ ᠵᠢᠷᠭᠤᠳᠤᠭᠠᠷ ᠵᠦᠢᠯ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠨᠢᠲᠤᠯᠬᠤ | ᠭᠠᠵᠠᠷ᠂ ᠠᠮᠢᠳᠤ ᠪᠣᠳᠠᠰ ᠤᠨ ᠪᠦᠲᠦᠭᠡᠭᠳᠡᠬᠦᠨ ᠤ ᠦᠢᠯᠡᠳᠪᠦᠷᠢ᠂ ᠬᠢᠮᠢ ᠶᠢᠨ ᠪᠦᠲᠦᠭᠡᠭᠳᠡᠬᠦᠨ ᠤ ᠦᠢᠯᠡᠳᠪᠦᠷᠢ᠂ | ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠵᠢᠴᠢ ᠬᠤᠣᠷᠲᠠᠢ᠂ ᠬᠥᠨᠥᠭᠡᠯ ᠲᠠᠢ ᠬᠠᠶᠠᠭᠳᠠᠮᠠᠯ ᠪᠣᠳᠠᠰ ᠭᠠᠷᠭᠠᠳᠠᠭ | ᠪᠤᠰᠤᠳ ᠨᠢᠭᠡᠴᠢ ᠨᠦᠭᠦᠳ ᠬᠠᠶᠠᠭᠳᠠᠮᠠᠯ ᠡᠳ᠋ ᠬᠥᠷᠥᠩᠭᠡ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠬᠡᠷᠡᠭᠲᠡᠢ᠂ | ᠳᠤᠷ᠎ᠠ ᠪᠠᠷ ᠢᠶᠠᠨ ᠴᠢᠳᠬᠤᠬᠤ᠂ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠬᠤ ᠶᠢ ᠬᠠᠲᠠᠭᠤ ᠬᠤᠷᠢᠭᠯᠠᠨ᠎ᠠ᠃ | | ᠠᠷᠪᠠᠨ ᠳᠣᠯᠣᠳᠤᠭᠠᠷ ᠵᠦᠢᠯ ᠬᠤᠳᠠ ᠶᠢᠨ ᠭᠡᠷ ᠪᠠᠶᠢᠰᠢᠩ ᠢ ᠨᠤᠷᠠᠭᠠᠵᠤ ᠨᠡᠭᠦᠯᠭᠡᠬᠦ ᠲᠤᠬᠠᠶ ᠶᠢᠨ | ᠭᠠᠵᠠᠷ ᠲᠤ ᠬᠤᠳᠠ ᠶᠢᠨ ᠳᠦᠷᠰᠦ ᠪᠠᠶᠢᠳᠠᠯ ᠪᠠ ᠣᠷᠴᠢᠨ ᠠᠬᠤᠶ ᠶᠢᠨ ᠠᠷᠢᠭᠤᠨ ᠴᠡᠪᠡᠷ ᠢ ᠴᠡᠪᠡᠷ ᠲᠡᠭᠰᠢ | ᠪᠠᠶᠢᠯᠭᠠᠵᠤ᠂ ᠬᠤᠳᠠ ᠶᠢᠨ ᠳᠦᠷᠰᠦ ᠪᠠᠶᠢᠳᠠᠯ ᠪᠠ ᠣᠷᠴᠢᠨ ᠠᠬᠤᠶ ᠶᠢᠨ ᠠᠷᠢᠭᠤᠨ ᠴᠡᠪᠡᠷ ᠤᠨ ᠬᠤᠯᠪᠣᠭᠳᠠᠬᠤ | ᠱᠠᠭᠠᠷᠳᠠᠯᠭ᠎ᠠ ᠶᠣᠰᠣᠭᠠᠷ ᠨᠤᠷᠠᠭᠠᠵᠤ ᠨᠡᠭᠦᠯᠭᠡᠬᠦ ᠪᠠ ᠪᠠᠷᠢᠯᠭ᠎ᠠ ᠪᠠᠷᠢᠨ᠎ᠠ᠃ | | ᠬᠤᠳᠠ ᠶᠢᠨ ᠭᠡᠷ ᠪᠠᠶᠢᠰᠢᠩ ᠢ ᠨᠤᠷᠠᠭᠠᠵᠤ ᠨᠡᠭᠦᠯᠭᠡᠬᠦ ᠠᠴᠠ ᠡᠮᠦᠨ᠎ᠡ᠂ ᠨᠤᠷᠠᠭᠠᠵᠤ ᠨᠡᠭᠦᠯᠭᠡᠭᠴᠢ ᠨᠢ | ᠡᠪᠡᠳᠴᠢᠨ ᠤ ᠵᠠᠭᠤᠴᠢ ᠠᠮᠢᠳᠤ ᠡᠳ᠋ ᠬᠥᠷᠥᠩᠭᠡ ᠶᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠵᠤ᠂ ᠡᠪᠡᠳᠴᠢᠨ ᠤ | ᠵᠠᠭᠤᠴᠢ ᠠᠮᠢᠳᠤ ᠪᠣᠳᠠᠰ ᠤᠨ ᠦᠷᠡᠵᠢᠨ ᠠᠮᠢᠳᠤᠷᠠᠬᠤ ᠭᠠᠵᠠᠷ ᠢ ᠴᠡᠪᠡᠷᠯᠡᠨ ᠰᠢᠢᠳᠪᠦᠷᠢᠯᠡᠨ᠎ᠡ᠃ | | ᠠᠷᠪᠠᠨ ᠨᠠᠢᠮᠠᠳᠤᠭᠠᠷ ᠵᠦᠢᠯ ᠬᠤᠲᠠ ᠪᠠᠯᠭᠠᠰᠤ ᠶᠢᠨ ᠡᠯ᠎ᠡ ᠲᠥᠷᠥᠯ ᠤᠨ ᠤᠯᠠᠨ ᠨᠡᠶᠢᠲᠡ ᠶᠢᠨ ᠲᠠᠯᠠᠪᠤᠷ | ᠭᠠᠵᠠᠷ ︵ᠰᠤᠷᠭᠠᠭᠤᠯᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠪᠠᠭᠲᠠᠨ᠎ᠠ︶ ᠢ ᠰᠢᠨ᠎ᠡ ᠪᠠᠷ ᠪᠠᠶᠢᠭᠤᠯᠬᠤ᠂ | ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ᠂ ᠪᠥᠳᠥᠭᠡᠨ ᠪᠠᠶᠢᠭᠤᠯᠬᠤ ᠨᠢᠭᠡᠴᠢ ᠨᠦᠭᠦᠳ | ᠬᠤᠳᠠ ᠶᠢᠨ ᠲᠥᠯᠥᠪᠵᠢᠭᠦᠯᠭᠡ ᠪᠣᠯᠤᠨ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠶᠣᠰᠣᠭᠠᠷ ᠤᠰᠤ ᠪᠠᠷ ᠤᠬᠢᠶᠠᠬᠤ | ᠮᠠᠶ᠋ᠢᠭ ᠤᠨ ᠨᠡᠶᠢᠲᠡ ᠶᠢᠨ ᠵᠣᠷᠯᠣᠩ ᠵᠡᠷᠭᠡ ᠡᠷᠡᠭᠦᠯ ᠬᠠᠮᠠᠭᠠᠯᠠᠯ ᠤᠨ ᠰᠠᠭᠤᠷᠢ ᠪᠡᠯᠡᠳᠬᠡᠮᠵᠢ ᠶᠢ ᠪᠥᠳᠥᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠣᠷᠣᠭᠤᠯᠬᠤ ᠶᠢᠨ ᠬᠠᠮᠲᠤ ᠭᠤᠣᠯ ᠬᠠᠷᠢᠭᠤᠴᠠᠭᠴᠢ ᠪᠠᠷᠢᠯᠭ᠎ᠠ ᠲᠠᠢ ᠵᠡᠷᠭᠡ | ᠳᠤᠨᠢ ᠵᠢᠷᠤᠭᠯᠠᠨ ᠲᠥᠯᠥᠪᠯᠡᠵᠦ᠂ ᠵᠡᠷᠭᠡ ᠳᠤᠨᠢ ᠪᠠᠷᠢᠯᠭ᠎ᠠ ᠪᠠᠷᠢᠵᠤ᠂ ᠵᠡᠷᠭᠡ ᠳᠤᠨᠢ ᠠᠰᠢᠭᠯᠠᠯᠲᠠ ᠳᠤ ᠣᠷᠣᠭᠤᠯᠤᠨ᠎ᠠ᠃ | | | ᠠᠷᠪᠠ ᠶᠢᠰᠦᠳᠦᠭᠡᠷ ᠵᠦᠢᠯ ᠪᠠᠷᠢᠯᠭ᠎ᠠ ᠶᠢᠨ ᠨᠢᠭᠡᠴᠢ ᠪᠠᠷᠢᠯᠭ᠎ᠠ ᠪᠠᠷᠢᠬᠤ᠂ ᠲᠡᠭᠡᠭᠡᠪᠦᠷᠢᠯᠡᠬᠦ | ᠶᠠᠪᠤᠴᠠ ᠳᠠᠭᠠᠨ ᠬᠤᠭ ᠨᠣᠪᠰᠢ᠂ ᠬᠤᠭ ᠨᠣᠪᠰᠢ᠂ ᠢᠯᠭᠠᠳᠠᠰᠤ ᠰᠢᠭᠡᠰᠦ ᠪᠠ ᠪᠣᠬᠢᠷ ᠤᠰᠤ ᠶᠢ ᠬᠠᠤᠯᠢ | ᠲᠣᠭᠲᠠᠭᠠᠯ ᠤᠨ ᠵᠢᠭᠠᠯᠲᠠ ᠶᠢᠨ ᠳᠠᠭᠠᠤ ᠲᠣᠬᠢᠲᠠᠶ ᠴᠤᠭᠯᠠᠭᠤᠯᠤᠨ ᠰᠢᠢᠳᠪᠦᠷᠢᠯᠡᠵᠦ᠂ ᠪᠠᠷᠢᠯᠭ᠎ᠠ ᠶᠢᠨ ᠭᠠᠵᠠᠷ ᠤᠨ | ᠳᠣᠲᠣᠷᠠᠬᠢ ︽ᠲᠦᠷᠪᠡᠨ ᠬᠤᠣᠷᠲᠠᠨ︾ ᠵᠡᠷᠭᠡ ᠬᠥᠨᠥᠭᠡᠯᠲᠡᠶ ᠠᠮᠢᠳᠤ ᠪᠣᠳᠠᠰ ᠤᠨ ᠦᠷᠡᠵᠢᠨ ᠠᠮᠢᠳᠤᠷᠠᠬᠤ ᠭᠠᠵᠠᠷ ᠢ | ᠰᠢᠢᠳᠪᠦᠷᠢᠯᠡᠵᠦ᠂ ᠪᠠᠷᠢᠯᠭ᠎ᠠ ᠶᠢᠨ ᠭᠠᠵᠠᠷ ᠤᠨ ᠪᠠᠶᠢᠷᠢ᠂ ᠲᠣᠭᠤᠭᠠᠨ ᠭᠡᠷ᠂ ᠵᠣᠷᠯᠣᠩ ᠵᠡᠷᠭᠡ ᠲᠥᠬᠦᠭᠡᠷᠦᠮᠵᠢ ᠶᠢᠨ | ᠠᠷᠢᠭᠤᠨ ᠴᠡᠪᠡᠷ ᠤᠨ ᠱᠠᠭᠠᠷᠳᠠᠯᠭ᠎ᠠ ᠳᠤ ᠨᠡᠶᠢᠴᠡᠬᠦ ᠶᠢ ᠪᠠᠲᠤᠯᠠᠭᠠᠵᠢᠭᠤᠯᠤᠨ᠎ᠠ᠃ ᠪᠠᠷᠢᠯᠭ᠎ᠠ ᠶᠢᠨ ᠭᠠᠵᠠᠷ ᠵᠢᠴᠢ ᠡᠷᠬᠢᠨ | ᠲᠣᠭᠤᠷᠢᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷ ᠴᠡᠮᠴᠡᠭᠡᠷ ᠪᠠᠶᠢᠯᠭᠠᠵᠤ᠂ ᠬᠠᠷᠠᠭᠠᠨ ᠳᠤᠨᠢ ᠴᠠᠭᠠᠨ | ᠥᠩᠭᠡ ᠶᠢᠨ ᠬᠤᠭ ᠨᠣᠪᠰᠢ ᠥᠬᠡᠶ᠂ ᠪᠠᠷᠢᠯᠭ᠎ᠠ ᠶᠢᠨ ᠠᠵᠢᠯ ᠳᠠᠭᠤᠰᠤᠭᠰᠠᠨ ᠤ ᠳᠠᠷᠠᠭ᠎ᠠ ᠠᠮᠢᠳᠤᠷᠠᠯ ᠤᠨ ᠬᠤᠭ | ᠨᠣᠪᠰᠢ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠵᠦ ᠪᠤᠯᠠᠨ᠎ᠠ᠃ | | ᠬᠤᠷᠢᠳᠤᠭᠠᠷ ᠵᠦᠢᠯ ᠰᠣᠶᠣᠯ ᠴᠡᠩᠭᠡᠯ ᠤᠨ ᠠᠵᠢᠯ ᠲᠦᠷᠦᠯ ᠤᠨ ᠬᠢᠨ ᠵᠣᠬᠢᠬᠤ ᠲᠣᠭᠠᠨ ᠤ ᠪᠥᠭᠡᠳ | ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠳᠤ ᠨᠡᠶᠢᠴᠡᠭᠰᠡᠨ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠶᠢ ᠲᠣᠬᠢᠷᠠᠭᠤᠯᠵᠤ᠂ | ᠲᠥᠬᠦᠭᠡᠷᠦᠮᠵᠢ ᠶᠢᠨ ᠠᠷᠢᠭᠤᠨ ᠴᠡᠪᠡᠷ ᠪᠦᠷᠢᠨ ᠪᠦᠲᠦᠨ ᠪᠠᠶᠢᠬᠤ ᠶᠢ ᠪᠠᠲᠤᠯᠠᠵᠤ᠂ ᠲᠣᠭᠲᠠᠮᠠᠯ | ᠬᠤᠭᠤᠴᠠᠭ᠎ᠠ ᠲᠠᠢ ᠪᠠᠷ ᠪᠤᠶᠤ ᠬᠡᠷᠡᠭᠴᠡᠭᠡ ᠪᠠᠨ ᠦᠨᠳᠦᠰᠦᠯᠡᠨ ᠲᠡᠷᠡ ᠳᠠᠷᠤᠢ ᠳᠤᠨᠢ ᠠᠷᠢᠭᠤᠳᠬᠠᠨ᠎ᠠ᠃ ᠬᠤᠭ | ᠨᠣᠪᠰᠢ ᠶᠢ ᠲᠡᠷᠡ ᠳᠠᠷᠤᠢ ᠳᠤᠨᠢ ᠰᠢᠢᠳᠪᠦᠷᠢᠯᠡᠵᠦ᠂ ᠡᠳᠦᠷ ᠤᠨ ᠭᠠᠷᠤᠯᠲᠠ ᠡᠳᠦᠷ ᠠᠴᠠ ᠡᠳᠦᠷ ᠤᠰᠠᠳᠴᠤ᠂ | ᠠᠷᠢᠭᠤᠨ ᠴᠡᠪᠡᠷ ᠤᠨ ᠥᠨᠴᠥᠭ ᠪᠤᠯᠤᠩ ᠥᠬᠡᠶ ᠪᠠᠶᠢᠬᠤ ᠬᠡᠷᠡᠭᠲᠡᠢ︔ ᠭᠡᠷ ᠳᠣᠲᠣᠷᠠᠬᠢ ᠶᠢ ᠨᠦᠢᠲᠠᠨ ᠢᠶᠠᠷ | ᠱᠦᠭᠦᠷᠳᠡᠵᠦ᠂ ᠭᠠᠵᠠᠷ ᠤᠨ ᠭᠠᠳᠠᠷᠭᠤ ᠶᠢᠨ ᠠᠷᠢᠭᠤᠨ ᠴᠡᠪᠡᠷ ᠢ ᠪᠠᠲᠤᠯᠠᠭᠠᠵᠢᠭᠤᠯᠤᠨ᠎ᠠ᠃ | | ᠬᠤᠷᠢᠨ ᠨᠢᠭᠡᠳᠦᠭᠡᠷ ᠵᠦᠢᠯ ᠵᠣᠴᠢᠳ ᠤᠨ ᠪᠠᠭᠤᠳᠠᠯ᠂ ᠪᠠᠭᠤᠳᠠᠯ ᠢ ᠵᠦᠢ ᠵᠣᠬᠢᠰᠲᠠᠶ ᠪᠠᠶᠢᠷᠢᠰᠢᠭᠤᠯᠵᠤ᠂ | ᠰᠢᠨᠵᠢᠯᠡᠬᠦ ᠤᠬᠠᠭᠠᠨᠴᠢ ᠴᠢᠳᠠᠮᠵᠢ ᠪᠠᠷ ᠣᠷᠣᠨ ᠬᠤᠪᠢᠶᠠᠨ᠂ ᠲᠡᠮᠳᠡᠭ ᠨᠢ ᠢᠯᠡᠷᠬᠡᠶ᠂ ᠬᠠᠮᠢᠶᠠᠷᠤᠯᠲᠠ ᠨᠢ ᠳᠢᠭ | ᠵᠢᠷᠤᠮ ᠲᠠᠢ ᠪᠠᠶᠢᠨ᠎ᠠ᠃ ᠠᠰᠠᠷ ᠤᠨ ᠳᠠᠪᠬᠤᠷᠭ᠎ᠠ ᠪᠦᠷᠢ ᠳᠤ ᠲᠤᠰᠠᠭᠠᠷ ᠨᠡᠶᠢᠲᠡ ᠶᠢᠨ ᠬᠡᠷᠡᠭᠰᠡᠯ᠂ ᠡᠳ᠋ᠯᠡᠯ ᠬᠡᠷᠡᠭᠰᠡᠯ ᠢ | ᠠᠷᠢᠭᠤᠳᠬᠠᠬᠤ ᠲᠠᠰᠤᠯᠭ᠎ᠠ ᠲᠠᠢ᠂ ᠤᠬᠢᠶᠠᠵᠤ ᠴᠡᠪᠡᠷᠯᠡᠬᠦ᠂ ᠠᠷᠢᠭᠤᠳᠬᠠᠬᠤ᠂ ᠠᠷᠢᠭᠤᠨ ᠴᠡᠪᠡᠷ ᠤᠨ | ᠲᠥᠬᠦᠭᠡᠷᠦᠮᠵᠢ ᠨᠢ ᠪᠦᠷᠢᠨ ᠭᠦᠢᠴᠡᠳ ᠪᠠᠶᠢᠳᠠᠭ ᠠᠴᠠ ᠭᠠᠳᠠᠨ᠎ᠠ ᠪᠠᠰᠠ ᠨᠢᠭᠡ ᠵᠦᠢᠯ ᠤᠨ ᠨᠡᠶᠢᠲᠡ ᠶᠢᠨ ᠬᠡᠷᠡᠭᠰᠡᠯ᠂ | ᠡᠳ᠋ᠯᠡᠯ ᠬᠡᠷᠡᠭᠰᠡᠯ ᠢ ᠠᠷᠢᠭᠤᠳᠬᠠᠬᠤ ᠲᠠᠰᠤᠯᠭ᠎ᠠ ᠲᠠᠢ᠃ ᠴᠢᠩᠭ᠎ᠠ ᠨᠢᠮᠪᠠᠶ ᠠᠷᠢᠭᠤᠳᠬᠠᠬᠤ ᠬᠠᠮᠢᠶᠠᠷᠤᠯᠲᠠ ᠶᠢᠨ | ᠲᠦᠷᠢᠮ᠂ ᠠᠵᠢᠯᠯᠠᠬᠤ ᠲᠦᠷᠢᠮ ᠪᠠ ︵ᠰᠡᠷᠡᠮᠵᠢᠯᠡᠭᠦᠯᠬᠦ︶ ᠢᠯᠡᠳᠬᠡᠮᠵᠢ ᠲᠡᠮᠳᠡᠭ ᠲᠠᠢ ᠪᠠᠶᠢᠬᠤ︔ ᠲᠤᠰᠬᠠᠶ | ᠬᠥᠮᠦᠨ ᠢᠶᠠᠷ ᠬᠠᠷᠢᠭᠤᠴᠠᠭᠤᠯᠬᠤ ᠶᠢᠨ ᠬᠠᠮᠲᠤ ᠵᠥᠪ ᠣᠨᠣᠪᠴᠢᠲᠠᠶ ᠠᠷᠢᠭᠤᠳᠬᠠᠬᠤ ᠠᠷᠭ᠎ᠠ ᠶᠢ ᠡᠵᠡᠮᠰᠢᠨ᠎ᠡ︔ ᠡᠯ᠎ᠡ | ᠲᠥᠷᠥᠯ ᠤᠨ ᠨᠡᠶᠢᠲᠡ ᠶᠢᠨ ᠬᠡᠷᠡᠭᠰᠡᠯ᠂ ᠬᠡᠷᠡᠭᠰᠡᠯ ᠢ ᠴᠢᠩᠭ᠎ᠠ ᠠᠷᠢᠭᠤᠳᠬᠠᠵᠤ᠂ ᠠᠷᠢᠭᠤᠳᠬᠠᠭᠰᠠᠨ ᠲᠡᠮᠳᠡᠭᠯᠡᠯ ᠤᠨ | ᠡᠬᠡ ᠳᠠᠩᠰᠠ ᠨᠢ ᠪᠦᠷᠢᠨ ᠭᠦᠢᠴᠡᠳ ᠪᠠᠶᠢᠨ᠎ᠠ᠃ | | ᠬᠤᠷᠢᠨ ᠬᠤᠶᠠᠳᠤᠭᠠᠷ ᠵᠦᠢᠯ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠨᠢ ᠨᠢᠭᠡᠳᠦᠯᠲᠡᠶ | ᠲᠥᠯᠥᠪᠵᠢᠭᠦᠯᠬᠦ᠂ ᠨᠢᠭᠡᠳᠦᠯᠲᠡᠶ ᠪᠠᠷᠢᠮᠵᠢᠶ᠎ᠠ᠂ ᠨᠢᠭᠡᠳᠦᠯᠲᠡᠶ ᠬᠠᠮᠢᠶᠠᠷᠴᠤ ᠵᠣᠬᠢᠴᠠᠭᠤᠯᠬᠤ ᠵᠠᠷᠴᠢᠮ ᠤᠨ ᠶᠣᠰᠣᠭᠠᠷ᠂ | ᠳᠡᠯᠭᠡᠭᠦᠷ ᠢᠶᠠᠨ ᠳᠡᠯᠭᠡᠭᠦᠷ ᠲᠤ ᠣᠷᠣᠭᠤᠯᠬᠤ᠂ ᠪᠠᠩᠬᠢ ᠪᠠᠨ ᠬᠤᠪᠢᠶᠠᠷᠢᠯᠠᠨ ᠵᠠᠬ᠎ᠠ ᠳᠡᠯᠭᠡᠭᠦᠷ ᠲᠤ ᠣᠷᠣᠭᠤᠯᠬᠤ᠂ | ᠴᠡᠭ ᠲᠣᠭᠲᠠᠭᠠᠨ ᠣᠷᠣᠨ ᠪᠠᠶᠢᠷᠢ ᠲᠣᠭᠲᠠᠭᠠᠨ ᠡᠵᠡᠩᠨᠡᠬᠦ ᠶᠢ ᠬᠡᠷᠡᠭᠵᠢᠭᠦᠯᠬᠦ ᠬᠡᠷᠡᠭᠲᠡᠶ᠃ ᠪᠠᠷᠠᠭᠠᠨ ᠤ ᠲᠠᠯᠪᠢᠭᠤᠷ᠂ | ᠪᠠᠷᠠᠭᠠᠨ ᠤ ᠲᠠᠯᠪᠢᠭᠤᠷ᠂ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠪᠠ ᠵᠠᠷ ᠤᠨ ᠰᠠᠮᠪᠠᠷ᠎ᠠ ᠶᠢ ᠲᠡᠷᠢ ᠲᠡᠭᠰᠢ ᠲᠠᠯᠪᠢᠨ᠎ᠠ | ᠃ | | ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠤ ᠠᠷᠢᠭᠤᠨ | ᠴᠡᠪᠡᠷ ᠢ ᠬᠠᠮᠠᠭᠠᠯᠠᠬᠤ᠂ ᠴᠡᠴᠡᠷᠯᠢᠭᠵᠢᠭᠦᠯᠦᠨ ᠣᠶᠢᠵᠢᠭᠤᠯᠬᠤ ᠬᠠᠮᠢᠶᠠᠷᠤᠯᠲᠠ ᠶᠢ ᠡᠵᠡᠩᠨᠡᠯᠲᠡ᠂ ᠬᠠᠮᠢᠶᠠᠷᠤᠯᠲᠠ ᠶᠢᠨ | ᠨᠢᠭᠡᠴᠢ ᠠᠴᠠ ᠬᠠᠷᠢᠭᠤᠴᠠᠨ᠎ᠠ᠃ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠲᠤ ᠲᠤᠰᠬᠠᠶ ᠲᠤᠰᠢᠶᠠᠯᠲᠤ ᠠᠷᠢᠭᠤᠨ | ᠴᠡᠪᠡᠷ ᠤᠨ ᠠᠵᠢᠯᠲᠠᠨ ᠲᠣᠬᠢᠷᠠᠭᠤᠯᠵᠤ᠂ ᠣᠷᠣᠨ ᠪᠠᠶᠢᠷᠢ ᠲᠣᠭᠲᠠᠭᠠᠬᠤ᠂ ᠬᠠᠷᠢᠭᠤᠴᠠᠯᠭ᠎ᠠ ᠲᠣᠭᠲᠠᠭᠠᠬᠤ᠂ | ᠲᠣᠭᠲᠠᠭᠰᠠᠨ ᠴᠠᠭ ᠲᠤ ᠲᠠᠯᠠᠪᠤᠷ ᠭᠠᠵᠠᠷ ᠪᠠ ᠵᠣᠷᠯᠣᠩ ᠢ ᠴᠡᠪᠡᠷᠯᠡᠬᠦ ᠬᠡᠷᠡᠭᠲᠡᠶ᠃ ᠬᠤᠭ ᠨᠣᠪᠰᠢ ᠶᠢ ᠡᠳᠦᠷ ᠲᠤ | ᠰᠢᠢᠳᠪᠦᠷᠢᠯᠡᠵᠦ᠂ ᠪᠦᠬᠦᠯᠢ ᠡᠳᠦᠷ ᠢᠶᠠᠷ ᠰᠢᠢᠳᠪᠦᠷᠢᠯᠡᠬᠦ ᠶᠢ ᠬᠡᠷᠡᠭᠵᠢᠭᠦᠯᠦᠨ᠎ᠡ᠃ | | ᠬᠤᠷᠢᠨ ᠭᠤᠷᠪᠠᠳᠤᠭᠠᠷ ᠵᠦᠢᠯ ᠢᠳᠡᠭᠡᠨ ᠢ ᠦᠢᠯᠡᠳᠪᠦᠷᠢᠯᠡᠨ ᠡᠵᠡᠩᠨᠡᠭᠴᠢ ︽ᠢᠳᠡᠭᠡᠨ ᠤ | ᠠᠶᠤᠯᠭᠦᠢ ᠶᠢᠨ ᠬᠠᠤᠯᠢ︾ ᠵᠢᠴᠢ ᠲᠡᠭᠦᠨ ᠢ ᠬᠡᠷᠡᠭᠵᠢᠭᠦᠯᠬᠦ ᠲᠦᠷᠢᠮ ᠤᠨ ᠬᠤᠯᠪᠣᠭᠳᠠᠬᠤ ᠲᠣᠭᠲᠠᠭᠠᠯ ᠶᠣᠰᠣᠭᠠᠷ᠂ | ᠬᠤᠯᠪᠣᠭᠳᠠᠬᠤ ᠰᠠᠯᠠᠭ᠎ᠠ ᠮᠥᠴᠢᠷ ᠤᠨ ᠣᠯᠭᠤᠭᠰᠠᠨ ᠵᠥᠪᠰᠢᠶᠡᠷᠡᠯ ᠤᠨ ᠦᠨᠡᠮᠯᠡᠯ ᠢ ᠠᠪᠤᠭᠰᠠᠨ ᠤ ᠲᠠᠷᠠᠭ᠎ᠠ ᠰᠠᠶ᠋ᠢ | ᠢᠳᠡᠭᠡᠨ ᠢ ᠦᠢᠯᠡᠳᠪᠦᠷᠢᠯᠡᠬᠦ᠂ ᠡᠵᠡᠩᠨᠡᠬᠦ ᠠᠵᠢᠯᠯᠠᠭ᠎ᠠ ᠶᠢ ᠡᠷᠬᠢᠯᠡᠵᠦ ᠪᠣᠯᠤᠨ᠎ᠠ᠃ | | ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ ᠤᠨ ᠲᠥᠬᠦᠭᠡᠷᠦᠮᠵᠢ ᠵᠢᠴᠢ ᠲᠡᠭᠦᠨ ᠤ | ᠤᠷᠠᠯᠠᠯ ᠤᠨ ᠶᠠᠪᠤᠴᠠ ᠶᠢᠨ ᠬᠡᠪ ᠳᠦᠷᠢᠮ ᠨᠢ ᠵᠦᠢ ᠵᠣᠬᠢᠰᠲᠠᠶ ᠪᠠᠶᠢᠵᠤ᠂ ᠦᠢᠯᠡᠳᠪᠦᠷᠢᠯᠡᠵᠦ ᠡᠵᠡᠩᠨᠡᠭᠰᠡᠨ | ᠢᠳᠡᠭᠡᠨ ᠳᠤ ᠬᠤᠣᠷ ᠦᠭᠡᠢ᠂ ᠬᠤᠣᠷ ᠦᠭᠡᠢ ᠪᠠᠶᠢᠬᠤ ᠬᠡᠷᠡᠭᠲᠡᠢ︔ ᠬᠤᠭᠤᠯᠠᠨ ᠤ ᠰᠠᠪᠠ ᠬᠡᠷᠡᠭᠰᠡᠯ᠂ ᠤᠮᠳᠠᠭᠠᠨ ᠤ | ᠰᠠᠪᠠ ᠬᠡᠷᠡᠭᠰᠡᠯ ᠵᠢᠴᠢ ᠰᠢᠭᠤᠳ ᠢᠳᠡᠬᠦ ᠢᠳᠡᠭᠡᠨ ᠤ ᠰᠠᠪᠠ ᠬᠡᠷᠡᠭᠰᠡᠯ ᠢ ᠡᠷᠬᠡᠪᠰᠢ ᠤᠬᠢᠶᠠᠵᠤ ᠠᠷᠢᠭᠤᠳᠬᠠᠨ᠎ᠠ︔ | ᠰᠢᠭᠤᠳ ᠢᠳᠡᠬᠦ ᠢᠳᠡᠭᠡᠨ ᠢ ᠪᠣᠷᠣᠯᠠᠭᠤᠯᠬᠤ ᠳᠠᠭᠠᠨ ᠵᠢᠵᠢᠭ ᠪᠣᠭᠤᠳᠠᠯ ᠲᠠᠢ ᠪᠠᠶᠢᠬᠤ ᠪᠤᠶᠤ ᠬᠤᠣᠷ ᠦᠭᠡᠶ᠂ | ᠠᠷᠢᠭᠤᠨ ᠴᠡᠪᠡᠷ ᠪᠠᠷᠠᠭ᠎ᠠ ᠬᠤᠳᠠᠯᠳᠤᠬᠤ ᠪᠠᠭᠠᠵᠢ ᠬᠡᠷᠡᠭᠰᠡᠯ ᠵᠢᠴᠢ ᠪᠣᠭᠤᠳᠠᠯᠯᠠᠬᠤ ᠮᠠᠲ᠋ᠧᠷᠢᠶᠠᠯ᠂ ᠬᠤᠭᠤᠯᠠᠨ ᠤ ᠰᠠᠪᠠ | ᠬᠡᠷᠡᠭᠰᠡᠯ ᠢ ᠬᠡᠷᠡᠭᠯᠡᠬᠦ ᠬᠡᠷᠡᠭᠲᠡᠶ᠃ | | ᠢᠳᠡᠭᠡᠨ ᠢ ᠦᠢᠯᠡᠳᠪᠦᠷᠢᠯᠡᠵᠦ ᠡᠵᠡᠩᠨᠡᠬᠦ ᠬᠥᠮᠦᠰ ᠲᠤᠬᠠᠢ ᠶᠢᠨ ᠬᠥᠮᠥᠨ ᠤ ᠠᠷᠢᠭᠤᠨ ᠴᠡᠪᠡᠷ ᠢ | ᠪᠠᠲᠤᠯᠠᠭᠠᠵᠢᠭᠤᠯᠤᠨ᠎ᠠ᠂ ᠢᠳᠡᠭᠡᠨ ᠢ ᠦᠢᠯᠡᠳᠪᠦᠷᠢᠯᠡᠵᠦ ᠡᠵᠡᠩᠨᠡᠬᠦ ᠳᠡᠭᠡᠨ ᠭᠠᠷ ᠢᠶᠠᠨ ᠤᠬᠢᠶᠠᠨ ᠰᠢᠢᠳᠪᠦᠷᠢᠯᠡᠵᠦ᠂ | ᠠᠷᠢᠭᠤᠨ ᠴᠡᠪᠡᠷ ᠠᠵᠢᠯ ᠤᠨ ᠬᠤᠪᠴᠠᠰᠤ᠂ ᠮᠠᠯᠠᠭᠠᠶ ᠡᠮᠦᠰᠴᠦ᠂ ᠵᠢᠯ ᠪᠦᠷᠢ ᠡᠷᠡᠭᠦᠯ ᠮᠡᠨᠳᠦ ᠶᠢᠨ ᠪᠠᠶᠢᠴᠠᠭᠠᠯᠲᠠ | ᠭᠦᠢᠴᠡᠳᠬᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠢᠳᠡᠭᠡᠨ ᠤ ᠠᠶᠤᠯᠭᠦᠶ ᠶᠢᠨ ᠮᠡᠳᠡᠯᠭᠡ ᠶᠢᠨ ᠰᠤᠷᠭᠠᠯᠲᠠ ᠶᠢ | ᠬᠦᠯᠢᠶᠡᠵᠦ᠂ ᠡᠷᠡᠭᠦᠯ ᠮᠡᠨᠳᠦ ᠶᠢᠨ ᠦᠨᠡᠮᠯᠡᠯ ᠪᠠ ᠡᠷᠡᠭᠦᠯ ᠬᠠᠮᠠᠭᠠᠯᠠᠯ ᠤᠨ ᠰᠤᠷᠭᠠᠯᠲᠠ ᠶᠢᠨ ᠬᠢᠷᠢ ᠲᠡᠩᠴᠡᠭᠰᠡᠨ | ᠦᠨᠡᠮᠯᠡᠯ ᠢᠶᠠᠷ ᠢᠶᠠᠨ ᠠᠵᠢᠯ ᠤᠨ ᠪᠠᠶᠢᠷᠢ ᠳᠤ ᠭᠠᠷᠤᠨ᠎ᠠ᠃ | | ᠬᠤᠷᠢᠨ ᠳᠥᠷᠪᠡᠳᠦᠭᠡᠷ ᠵᠦᠢᠯ ᠡᠯ᠎ᠡ ᠲᠦᠷᠦᠯ ᠤᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ | ᠬᠡᠷᠡᠭᠰᠡᠯ ᠢ ᠲᠣᠭᠲᠠᠮᠠᠯ ᠬᠤᠭᠤᠴᠠᠭ᠎ᠠ ᠲᠠᠢ ᠪᠠᠷ ᠤᠬᠢᠶᠠᠨ ᠰᠢᠢᠳᠪᠦᠷᠢᠯᠡᠵᠦ᠂ ᠠᠷᠢᠭᠤᠳᠬᠠᠵᠤ᠂ ᠲᠡᠷᠭᠡᠨ ᠳᠣᠲᠣᠷᠠᠬᠢ | ᠠᠷᠢᠭᠤᠨ ᠴᠡᠪᠡᠷ ᠴᠡᠪᠡᠷ ᠲᠡᠭᠰᠢ ᠪᠠᠶᠢᠬᠤ ᠶᠢ ᠪᠠᠲᠤᠯᠠᠭᠠᠵᠢᠭᠤᠯᠤᠨ᠎ᠠ᠃ | | ᠬᠤᠷᠢᠨ ᠲᠠᠪᠤᠳᠤᠭᠠᠷ ᠵᠦᠢᠯ ᠭᠡᠷ ᠳᠣᠲᠣᠷᠠᠬᠢ ᠤᠯᠠᠨ ᠨᠡᠶᠢᠲᠡ ᠶᠢᠨ ᠲᠠᠯᠠᠪᠤᠷ ᠲᠤ ᠲᠠᠮᠠᠬᠢ | ᠲᠠᠲᠠᠬᠤ ᠶᠢ ᠴᠠᠭᠠᠵᠠᠯᠠᠨ᠎ᠠ᠂ ᠤᠯᠠᠨ ᠨᠡᠶᠢᠲᠡ ᠶᠢᠨ ᠲᠠᠯᠠᠪᠤᠷ ᠤᠨ ᠡᠵᠡᠩᠨᠡᠭᠴᠢ ᠲᠠᠮᠠᠬᠢ ᠲᠠᠲᠠᠬᠤ ᠶᠢ ᠴᠠᠭᠠᠵᠠᠯᠠᠬᠤ | ᠢᠯᠡ ᠲᠣᠳᠣ ᠰᠡᠷᠡᠮᠵᠢ ᠶᠢᠨ ᠦᠭᠡ ᠪᠠ ᠢᠯᠡᠳᠬᠡᠮᠵᠢ ᠳᠡᠮᠳᠡᠭ ᠲᠠᠯᠪᠢᠨ᠎ᠠ᠃ | | ᠬᠤᠷᠢᠨ ᠵᠢᠷᠭᠤᠳᠤᠭᠠᠷ ᠵᠦᠢᠯ ᠨᠢᠭᠡᠴᠢ ᠪᠠ ᠲᠤᠬᠠᠢ ᠶᠢᠨ ᠬᠥᠮᠥᠨ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠵᠥᠪᠯᠡᠯ ᠤᠨ ᠱᠠᠭᠠᠷᠳᠠᠯᠭ᠎ᠠ ᠶᠣᠰᠣᠭᠠᠷ ᠡᠪᠡᠳᠴᠢᠨ ᠤ ᠵᠠᠭᠤᠴᠢ ᠠᠮᠢᠳᠤ ᠡᠳ᠋ ᠬᠥᠷᠥᠩᠭᠡ ᠶᠢ | ᠰᠡᠷᠭᠡᠶᠢᠯᠡᠨ ᠵᠠᠰᠠᠬᠤ ᠠᠵᠢᠯ ᠢ ᠢᠳᠡᠪᠬᠢᠲᠡᠶ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ︔ ᠬᠤᠰᠢᠭᠤᠨ ᠤ ᠡᠷᠡᠭᠦᠯ | ᠬᠠᠮᠠᠭᠠᠯᠠᠯ ᠤᠨ ᠰᠠᠯᠠᠭ᠎ᠠ ᠮᠥᠴᠢᠷ ᠡᠳᠦᠷ ᠲᠤᠲᠤᠮ ᠤᠨ ᠡᠪᠡᠳᠴᠢᠨ ᠤ ᠵᠠᠭᠤᠴᠢ ᠠᠮᠢᠳᠤ ᠪᠣᠳᠠᠰ ᠤᠨ ᠨᠢᠭᠲᠠᠴᠠ ᠶᠢ | ᠬᠢᠨᠠᠨ ᠬᠡᠮᠵᠢᠬᠦ ᠶᠢ ᠠᠵᠢᠯ ᠢ ᠭᠦᠢᠴᠡᠳᠬᠡᠨ᠎ᠡ᠃ | | ᠬᠤᠷᠢᠨ ᠳᠣᠯᠣᠳᠤᠭᠠᠷ ᠵᠦᠢᠯ ᠬᠤᠳᠠ ᠶᠢᠨ ᠲᠣᠭᠤᠷᠢᠭ ᠲᠤ ᠲᠠᠬᠢᠶ᠎ᠠ᠂ ᠨᠤᠭᠤᠰᠤ᠂ ᠭᠠᠯᠠᠭᠤ᠂ | ᠲᠠᠤᠯᠠᠢ᠂ ᠬᠤᠨᠢ᠂ ᠭᠠᠭ᠋ᠠᠶ ᠵᠡᠷᠭᠡ ᠭᠡᠷ ᠤᠨ ᠲᠡᠵᠢᠭᠡᠪᠦᠷᠢ ᠭᠡᠷ ᠤᠨ ᠵᠢᠭᠦᠷᠲᠡᠨ ᠠᠷᠠᠴᠢᠯᠠᠬᠤ ᠶᠢ ᠴᠠᠭᠠᠵᠠᠯᠠᠨ᠎ᠠ᠂ ᠵᠢᠭᠠᠨ | ᠰᠤᠷᠭᠠᠬᠤ᠂ ᠰᠢᠨᠵᠢᠯᠡᠬᠦ ᠤᠬᠠᠭᠠᠨ ᠤ ᠰᠤᠳᠤᠯᠤᠯ ᠬᠢᠬᠦ ᠪᠤᠶᠤ ᠪᠤᠰᠤᠳ ᠣᠨᠴᠠᠭᠠᠢ ᠬᠡᠷᠡᠭᠴᠡᠭᠡ ᠠᠴᠠ ᠪᠤᠯᠵᠤ | ᠠᠷᠠᠴᠢᠯᠠᠬᠤ ᠳᠤ ᠬᠦᠷᠪᠡᠯ᠂ ᠵᠠᠰᠠᠭ ᠤᠨ ᠣᠷᠳᠣᠨ ᠤ ᠬᠤᠳᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠡᠷᠬᠢᠯᠡᠨ ᠬᠠᠮᠢᠶᠠᠷᠴᠤ ᠵᠣᠬᠢᠴᠠᠭᠤᠯᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ ᠬᠢᠵᠢᠭ | ᠪᠠᠶᠢᠴᠠᠭᠠᠬᠤ ᠪᠠ ᠰᠡᠷᠭᠡᠶᠢᠯᠡᠬᠦ ᠲᠠᠷᠢᠯᠭ᠎ᠠ ᠲᠠᠷᠢᠬᠤ ᠠᠵᠢᠯ ᠢ ᠰᠠᠶᠢᠲᠤᠷ ᠭᠦᠢᠴᠡᠳᠬᠡᠬᠦ ᠬᠡᠷᠡᠭᠲᠡᠢ | | ᠬᠤᠷᠢᠨ ᠨᠠᠢᠮᠠᠳᠤᠭᠠᠷ ᠵᠦᠢᠯ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ | ᠭᠠᠴᠠᠭᠠᠨ ᠤ ᠠᠷᠠᠳ ᠤᠨ ᠵᠥᠪᠯᠡᠯ ᠨᠢ ᠭᠠᠴᠠᠭᠠᠨ ᠤ ᠳᠦᠷᠰᠦ ᠪᠠᠶᠢᠳᠠᠯ ᠵᠢᠴᠢ ᠤᠰᠤ ᠶᠢ ᠥᠭᠡᠷᠡᠴᠢᠯᠡᠬᠦ᠂ ᠵᠣᠷᠯᠣᠩ ᠢ | ᠰᠢᠨᠡᠴᠢᠯᠡᠬᠦ ᠵᠡᠷᠭᠡ ᠡᠷᠡᠭᠦᠯ ᠬᠠᠮᠠᠭᠠᠯᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠭᠦᠢᠴᠡᠳᠬᠡᠵᠦ | ᠂ ᠬᠥᠳᠡᠭᠡ ᠲᠣᠰᠬᠤᠨ ᠤ ᠰᠠᠭᠤᠭᠠᠯᠢ ᠠᠷᠠᠳ ᠢ ᠵᠢᠯᠣᠭᠤᠳᠤᠨ ᠳᠡᠮᠵᠢᠵᠦ ᠱᠠᠯᠠᠪᠳᠠᠨ ᠱᠠᠭᠠᠷᠳᠠᠵᠤ ᠪᠠᠶᠢᠭᠠᠳ ᠰᠢᠨ᠎ᠡ | ᠣᠷᠣᠨ ᠰᠠᠭᠤᠴᠠ ᠪᠠᠷᠢᠬᠤ ᠳᠠᠭᠠᠨ ᠠᠷᠢᠭᠤᠨ ᠴᠡᠪᠡᠷ ᠤᠨ ᠱᠠᠭᠠᠷᠳᠠᠯᠭ᠎ᠠ ᠳᠤ ᠨᠡᠶᠢᠴᠡᠭᠰᠡᠨ ᠡᠷᠦᠬᠡ ᠶᠢᠨ ᠵᠣᠷᠯᠣᠩ᠂ | ᠬᠤᠭ ᠨᠣᠪᠰᠢ ᠶᠢᠨ ᠲᠠᠲᠠᠭᠠᠯ ᠪᠠᠶᠢᠭᠤᠯᠤᠨ᠎ᠠ︔ ᠠᠷᠠᠴᠢᠯᠠᠵᠤ ᠠᠷᠠᠴᠢᠯᠠᠬᠤ ᠡᠷᠡᠭᠦᠯ ᠬᠠᠮᠠᠭᠠᠯᠠᠯ ᠤᠨ ᠨᠥᠬᠦᠴᠡᠯ ᠢ | ᠰᠠᠶᠢᠵᠢᠷᠠᠭᠤᠯᠵᠤ᠂ ᠬᠥᠮᠦᠨ ᠮᠠᠯ ᠢ ᠬᠤᠯᠢᠯᠳᠤᠭᠤᠯᠤᠨ ᠰᠠᠭᠤᠯᠭᠠᠬᠤ ᠪᠠ ᠵᠢᠭᠦᠷᠲᠡᠨ ᠮᠠᠯ ᠢ ᠰᠤᠯᠠ ᠠᠷᠠᠴᠢᠯᠠᠬᠤ ᠶᠢ | ᠲᠠᠰᠤ ᠵᠣᠭᠰᠣᠭᠠᠨ᠎ᠠ︔ ᠠᠷᠠᠳ ᠢᠷᠭᠡᠳ ᠤᠨ ᠡᠬᠡ ᠣᠷᠣᠨᠴᠢ ᠡᠷᠡᠭᠦᠯ ᠬᠠᠮᠠᠭᠠᠯᠠᠯ ᠤᠨ ᠠᠵᠢᠯᠯᠠᠭ᠎ᠠ ᠳᠤ ᠢᠳᠡᠪᠬᠢᠲᠡᠶ | ᠣᠷᠣᠯᠴᠠᠬᠤ ᠶᠢ ᠰᠠᠨᠠᠭᠠᠴᠢᠯᠠᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠵᠡᠯ ᠤᠬᠠᠮᠰᠠᠷ ᠢ | ᠳᠡᠭᠡᠭᠰᠢᠯᠡᠭᠦᠯᠦᠨ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠵᠠᠩ ᠳᠠᠳᠬᠠᠯ ᠢ ᠪᠤᠢ ᠪᠣᠯᠭᠠᠵᠤ᠂ ᠡᠷᠡᠭᠦᠯ ᠰᠠᠷᠠᠭᠤᠯ | ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠵᠤ᠂ ᠳᠤᠷ᠎ᠠ ᠪᠠᠷ ᠢᠶᠠᠨ ᠨᠤᠯᠮᠤᠬᠤ ᠦᠭᠡᠢ᠂ ᠭᠠᠳᠠᠭᠠᠯᠠᠬᠤ ᠦᠭᠡᠢ᠂ | ᠬᠤᠭ ᠨᠣᠪᠰᠢ᠂ ᠴᠠᠭᠠᠰᠤᠨ ᠦᠷᠦᠪᠳᠡᠰᠦ ᠵᠡᠷᠭᠡ ᠬᠠᠶᠠᠭᠳᠠᠮᠠᠯ ᠡᠳ᠋ ᠬᠥᠷᠥᠩᠭᠡ ᠶᠢ ᠳᠤᠷ᠎ᠠ ᠪᠠᠷ ᠢᠶᠠᠨ ᠬᠠᠶᠠᠬᠤ ᠦᠭᠡᠢ | ᠪᠠᠶᠢᠬᠤ ᠶᠢ ᠱᠠᠭᠠᠷᠳᠠᠨ᠎ᠠ᠃ | | ᠬᠤᠷᠢ ᠶᠢᠰᠦᠳᠦᠭᠡᠷ ᠵᠦᠢᠯ ᠬᠤᠲᠠ ᠪᠠᠯᠭᠠᠰᠤ ᠶᠢᠨ ᠪᠤᠢ ᠪᠥᠬᠦᠢ ᠰᠠᠭᠤᠭ᠎ᠠ ᠭᠠᠵᠠᠷ ᠤᠨ | ᠨᠢᠭᠡᠴᠢ ᠨᠦᠭᠦᠳ ᠡᠭᠦᠳᠡᠨ ᠡᠮᠦᠨᠡᠬᠢ ᠠᠷᠢᠭᠤᠨ ᠴᠡᠪᠡᠷ᠂ ᠴᠡᠴᠡᠷᠯᠢᠭᠵᠢᠭᠦᠯᠦᠯᠲᠡ ᠶᠢ ᠳᠠᠭᠠᠭᠠᠴᠢᠯᠠᠬᠤ᠂ ᠡᠭᠦᠳᠡᠨ | ᠡᠮᠦᠨᠡᠬᠢ ᠪᠡᠯᠡᠳᠬᠡᠮᠵᠢ ᠶᠢ ᠳᠠᠭᠠᠭᠠᠴᠢᠯᠠᠬᠤ ︽ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ ᠶᠢᠨ ᠲᠥᠷᠢᠮ︾ ᠢ | ᠬᠡᠷᠡᠭᠵᠢᠭᠦᠯᠵᠦ᠂ ᠠᠵᠤ ᠦᠢᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠥᠴᠢᠷ᠂ ᠢᠳᠡᠭᠡᠨ ᠤᠮᠳᠠᠭᠠᠨ ᠪᠠ ᠡᠮ ᠤᠨ | ᠪᠦᠲᠦᠭᠡᠭᠳᠡᠬᠦᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠤᠳᠠ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠳ ᠲᠤᠰ ᠲᠤᠰ ᠤᠨ ᠠᠵᠢᠯ ᠤᠨ ᠬᠢᠨᠠᠯᠲᠠ ᠬᠠᠮᠢᠶᠠᠷᠤᠯᠲᠠ ᠶᠢᠨ ᠬᠡᠪᠴᠢᠶ᠎ᠡ ᠪᠠᠨ ᠦᠨᠳᠦᠰᠦᠯᠡᠨ ︽ᠡᠭᠦᠳᠡᠨ | ᠡᠮᠦᠨᠡᠬᠢ ᠭᠤᠷᠪᠠᠨ ᠳᠠᠭᠠᠭᠠᠴᠢᠯᠠᠯᠲᠠ︾ ᠶᠢᠨ ᠬᠢᠨᠠᠯᠲᠠ ᠲᠠᠯᠪᠢᠬᠤ ᠠᠵᠢᠯ ᠢ ᠰᠠᠶᠢᠲᠤᠷ ᠭᠦᠢᠴᠡᠳᠬᠡᠬᠦ ᠬᠡᠷᠡᠭᠲᠡᠢ | | ᠳᠥᠷᠪᠡᠳᠦᠭᠡᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ | | ᠭᠤᠴᠢᠳᠤᠭᠠᠷ ᠵᠦᠢᠯ ᠡᠬᠡ ᠣᠷᠣᠨᠴᠢ ᠡᠷᠡᠭᠦᠯ ᠬᠠᠮᠠᠭᠠᠯᠠᠯ ᠤᠨ ᠠᠵᠢᠯ ᠳᠤ ᠶᠡᠷᠦᠩᠬᠡᠶᠢᠯᠡᠭᠰᠡᠨ ᠬᠢᠨᠠᠯᠲᠠ | ᠲᠠᠯᠪᠢᠬᠤ ᠪᠠ ᠲᠤᠰᠬᠠᠶ ᠮᠡᠷᠭᠡᠵᠢᠯ ᠤᠨ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠲᠠᠯᠪᠢᠬᠤ ᠪᠠ ᠶᠠᠷᠢᠶ᠎ᠠ | ᠬᠡᠯᠡᠯᠴᠡᠭᠡᠨ ᠤ ᠬᠢᠨᠠᠯᠲᠠ ᠲᠠᠯᠪᠢᠬᠤ᠂ ᠡᠩ ᠤᠨ ᠬᠢᠨᠠᠯᠲᠠ ᠲᠠᠯᠪᠢᠬᠤ ᠪᠠ ᠭᠤᠣᠯᠳᠠᠯᠭ᠎ᠠ ᠲᠠᠢ ᠬᠢᠨᠠᠯᠲᠠ ᠲᠠᠯᠪᠢᠬᠤ ᠶᠢ | ᠤᠶᠠᠯᠳᠤᠭᠤᠯᠤᠭᠰᠠᠨ ᠬᠢᠨᠠᠯᠲᠠ ᠲᠠᠯᠪᠢᠬᠤ ᠲᠣᠭᠲᠠᠴᠠ ᠶᠢ ᠬᠡᠷᠡᠭᠵᠢᠭᠦᠯᠦᠨ᠎ᠡ᠃ | | ᠭᠤᠴᠢᠨ ᠨᠢᠭᠡᠳᠦᠭᠡᠷ ᠵᠦᠢᠯ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠺᠣᠮᠢᠰ ᠬᠢᠨᠠᠯᠲᠠ | ᠲᠠᠯᠪᠢᠵᠤ ᠪᠠᠶᠢᠴᠠᠭᠠᠬᠤ ᠠᠵᠢᠯᠯᠠᠭ᠎ᠠ ᠪᠠᠷ ᠳᠠᠮᠵᠢᠭᠤᠯᠤᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠥᠷᠨᠢᠭᠦᠯᠬᠦ ᠶᠢ ᠱᠠᠯᠠᠪᠳᠠᠨᠠ᠃ | | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠨᠢ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ | ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠲᠣᠭᠲᠠᠭᠠᠯ ᠢ | ᠵᠥᠷᠢᠴᠡᠭᠰᠡᠨ ᠠᠵᠢᠯᠯᠠᠭ᠎ᠠ ᠶᠢᠨ ᠲᠤᠬᠠᠶ ᠨᠡᠶᠢᠭᠡᠮ ᠤᠨ ᠵᠠᠭᠠᠯᠳᠤᠯᠭ᠎ᠠ ᠶᠢ ᠬᠠᠤᠯᠢ ᠲᠣᠭᠲᠠᠭᠠᠯ ᠤᠨ ᠵᠢᠭᠠᠯᠲᠠ ᠶᠢᠨ | ᠳᠠᠭᠠᠤ ᠬᠦᠯᠢᠶᠠᠨ ᠠᠪᠴᠤ ᠰᠢᠢᠳᠪᠦᠷᠢᠯᠡᠨ᠂ ᠬᠤᠯᠪᠣᠭᠳᠠᠬᠤ ᠰᠠᠯᠠᠭ᠎ᠠ ᠮᠥᠴᠢᠷ ᠢ ᠱᠠᠯᠠᠪᠳᠠᠨ ᠵᠢᠯᠣᠭᠤᠳᠴᠤ | ᠪᠠᠶᠢᠭᠠᠳ ᠲᠡᠷᠡ ᠳᠠᠷᠤᠢ ᠳᠤᠨᠢ ᠰᠢᠢᠳᠪᠦᠷᠢᠯᠡᠭᠦᠯᠵᠦ᠂ ᠴᠢᠬᠤᠯᠠ ᠱᠠᠭᠠᠷᠳᠠᠯᠭ᠎ᠠ ᠲᠠᠢ ᠠᠰᠠᠭᠤᠳᠠᠯ ᠢ ᠲᠡᠷᠡ ᠳᠠᠷᠤᠢ | ᠳᠤᠨᠢ ᠬᠠᠷᠢᠭᠤ ᠲᠤᠰᠬᠠᠨ᠎ᠠ᠃ | | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠪᠦᠷᠢᠯᠳᠦᠬᠦᠨ ᠨᠢᠭᠡᠴᠢ ᠨᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠣᠰ ᠬᠠᠷᠢᠶ᠎ᠠ ᠣᠷᠣᠨ᠂ ᠲᠣᠰ ᠰᠠᠯᠠᠭ᠎ᠠ ᠮᠥᠴᠢᠷ᠂ ᠲᠣᠰ | ᠰᠢᠰᠲ᠋ᠧᠮ ᠪᠣᠯᠤᠨ ᠲᠣᠰ ᠠᠵᠢᠯ ᠲᠥᠷᠥᠯ ᠤᠨ ᠨᠢᠭᠡᠴᠢ ᠶᠢᠨ ᠢᠶᠠᠨ ᠡᠭᠦᠷᠭᠡᠯᠡᠵᠦ ᠪᠥᠬᠦᠶ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠠᠵᠢᠯ ᠢ ᠬᠢᠨᠠᠨ ᠪᠠᠶᠢᠴᠠᠭᠠᠵᠤ᠂ ᠬᠢᠨᠠᠨ ᠰᠢᠯᠭᠠᠵᠤ ᠦᠨᠡᠯᠡᠬᠦ ᠶᠢᠨ ᠬᠠᠮᠲᠤ ᠠᠵᠢᠯ ᠤᠨ | ᠪᠠᠶᠢᠳᠠᠯ ᠢᠶᠠᠨ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠳᠤ ᠮᠡᠳᠡᠭᠦᠯᠬᠦ ᠬᠡᠷᠡᠭᠲᠡᠶ᠃ | | | ᠭᠤᠴᠢᠨ ᠬᠤᠶᠠᠳᠤᠭᠠᠷ ᠵᠦᠢᠯ ᠬᠤᠰᠢᠭᠤ᠂ ᠰᠤᠮᠤ ᠪᠠᠯᠭᠠᠰᠤᠨ ᠤ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠵᠥᠪᠯᠡᠯ ᠳᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠭᠴᠢ | ᠲᠣᠬᠢᠷᠠᠭᠤᠯᠤᠨ᠎ᠠ᠃ ᠡᠭᠡ ᠣᠷᠣᠨᠴᠢ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠭᠴᠢ ᠶᠢ ᠲᠤᠰ ᠱᠠᠲᠤᠨ ᠤ ᠠᠷᠠᠳ ᠤᠨ | ᠵᠠᠰᠠᠭ ᠤᠨ ᠣᠷᠳᠣᠨ ᠠᠴᠠ ᠤᠷᠢᠨ ᠲᠣᠮᠢᠯᠠᠬᠤ ᠶᠢᠨ ᠬᠠᠮᠲᠤ ᠨᠢᠭᠡᠳᠦᠯᠲᠡᠶ ᠬᠡᠪᠯᠡᠨ ᠵᠣᠬᠢᠶᠠᠭᠰᠠᠨ ᠬᠢᠨᠠᠯᠲᠠ | ᠲᠠᠯᠪᠢᠭᠴᠢ ᠶᠢᠨ ᠦᠨᠡᠮᠯᠡᠯ ᠪᠠ ᠲᠡᠮᠳᠡᠭ ᠣᠯᠭᠤᠵᠤ᠂ ᠡᠭᠡ ᠣᠷᠣᠨᠴᠢ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ | ᠪᠠᠶᠢᠴᠠᠭᠠᠬᠤ ᠡᠭᠦᠷᠭᠡ ᠶᠢ ᠭᠦᠢᠴᠡᠳᠬᠡᠨ᠎ᠡ᠃ | | ᠡᠬᠡ ᠣᠷᠣᠨᠴᠢ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠭᠴᠢ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ | ᠳᠣᠲᠣᠷᠠᠬᠢ ᠡᠬᠡ ᠣᠷᠣᠨᠴᠢ ᠡᠷᠡᠭᠦᠯ ᠬᠠᠮᠠᠭᠠᠯᠠᠯ ᠤᠨ ᠠᠵᠢᠯ ᠳᠤ ᠬᠢᠨᠠᠯᠲᠠ ᠲᠠᠯᠪᠢᠬᠤ᠂ ᠪᠠᠶᠢᠴᠠᠭᠠᠯᠲᠠ ᠬᠢᠬᠦ ᠪᠠ | ᠵᠢᠯᠣᠭᠤᠳᠬᠤ ᠡᠷᠬᠡ ᠲᠠᠢ᠂ ᠡᠬᠡ ᠣᠷᠣᠨᠴᠢ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠭᠰᠡᠨ | ᠠᠵᠢᠯᠯᠠᠭ᠎ᠠ ᠶᠢ ᠰᠢᠢᠳᠪᠦᠷᠢᠯᠡᠬᠦ ᠰᠠᠨᠠᠭᠤᠯᠭ᠎ᠠ ᠭᠠᠷᠭᠠᠬᠤ ᠡᠷᠬᠡ ᠲᠠᠢ᠃ | | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠭᠴᠢ ᠠᠯᠪᠠᠨ ᠶᠠᠪᠤᠳᠠᠯ | ᠭᠦᠢᠴᠡᠳᠬᠡᠬᠦ ᠳᠡᠭᠡᠨ ᠬᠤᠶᠠᠷ ᠠᠴᠠ ᠳᠡᠭᠡᠭᠰᠢ ᠬᠥᠮᠦᠨ ᠪᠠᠶᠢᠨ᠎ᠠ ᠪᠥᠭᠡᠳ ᠬᠢᠨᠠᠯᠲᠠ ᠲᠠᠯᠪᠢᠭᠴᠢ ᠶᠢᠨ ᠦᠨᠡᠮᠯᠡᠯ ᠢᠶᠠᠨ | ᠢᠳᠡᠪᠬᠢᠲᠠᠢ ᠭᠠᠷᠭᠠᠵᠤ ᠦᠵᠡᠭᠦᠯᠬᠦ ᠬᠡᠷᠡᠭᠲᠡᠶ᠃ ᠪᠠᠶᠢᠴᠠᠭᠠᠯᠲᠠ ᠶᠢ ᠬᠦᠯᠢᠶᠡᠭᠰᠡᠨ ᠨᠢᠭᠡᠴᠢ ᠪᠠ ᠲᠤᠬᠠᠢ ᠶᠢᠨ ᠬᠥᠮᠥᠨ | ᠬᠠᠮᠵᠢᠯᠴᠠᠨ᠎ᠠ᠂ ᠲᠡᠪᠴᠢᠵᠦ᠂ ᠬᠠᠷᠰᠢᠯᠠᠵᠤ ᠪᠣᠯᠬᠤ ᠦᠭᠡᠢ᠃ | | ᠭᠤᠴᠢᠨ ᠭᠤᠷᠪᠠᠳᠤᠭᠠᠷ ᠵᠦᠢᠯ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ | ᠲᠣᠰᠬᠤᠨ ᠤ ᠵᠥᠪᠯᠡᠯ ᠵᠢᠴᠢ ᠬᠤᠯᠪᠣᠭᠳᠠᠬᠤ ᠨᠢᠭᠡᠴᠢ ᠳᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠪᠠᠶᠢᠴᠠᠭᠠᠭᠴᠢ ᠳᠣᠭᠢᠷᠠᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠭᠴᠢ ᠶᠢ | ᠬᠠᠪᠰᠤᠷᠤᠨ ᠠᠵᠢᠯ ᠢᠶᠠᠨ ᠥᠷᠨᠢᠭᠦᠯᠬᠦ ᠬᠡᠷᠡᠭᠲᠡᠶ᠃ | | ᠭᠤᠴᠢᠨ ᠳᠥᠷᠪᠡᠳᠦᠭᠡᠷ ᠵᠦᠢᠯ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠤᠯᠪᠣᠭᠳᠠᠬᠤ | ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠶᠠᠮᠠᠷᠪᠠ ᠨᠢᠭᠡᠴᠢ ᠪᠠ ᠲᠤᠬᠠᠢ ᠶᠢᠨ ᠬᠥᠮᠥᠨ ᠴᠥᠮ ᠬᠢᠨᠠᠬᠤ᠂ | ᠬᠤᠷᠢᠭᠯᠠᠨ ᠵᠣᠭᠰᠣᠭᠠᠬᠤ ᠪᠠ ᠢᠯᠡᠴᠢᠯᠡᠨ ᠮᠡᠳᠡᠭᠦᠯᠬᠦ ᠡᠷᠬᠡ ᠲᠠᠢ᠃ | | ᠲᠠᠪᠤᠳᠤᠭᠠᠷ ᠪᠦᠯᠦᠭ ᠱᠠᠩᠨᠠᠬᠤ ᠪᠠ ᠰᠢᠢᠳᠬᠡᠬᠦ | | ᠭᠤᠴᠢᠨ ᠲᠠᠪᠤᠳᠤᠭᠠᠷ ᠵᠦᠢᠯ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠵᠥᠪᠯᠡᠯ ᠨᠢ ᠪᠥᠬᠦ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠪᠠᠶᠢᠴᠠᠭᠠᠵᠤ | ᠠᠳᠠᠯᠢᠳᠬᠠᠨ ᠰᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠰᠢᠭᠤᠨ ᠤ ᠲᠠᠰ ᠤᠨ ᠠᠷᠢᠭᠤᠨ | ᠴᠡᠪᠡᠷ ᠬᠤᠲᠠ ᠪᠠᠯᠭᠠᠰᠤ᠂ ᠠᠷᠢᠭᠤᠨ ᠴᠡᠪᠡᠷ ᠨᠡᠶᠢᠭᠡᠮ ᠲᠣᠭᠤᠷᠢᠭ ︵ᠲᠣᠰᠬᠤᠨ︶ ᠵᠢᠴᠢ ᠡᠷᠡᠭᠦᠯ ᠬᠠᠮᠠᠭᠠᠯᠠᠯ ᠤᠨ | ᠨᠢᠭᠡᠴᠢ ᠶᠢ ᠨᠡᠷᠡᠶᠢᠳᠦᠨ ᠬᠥᠬᠢᠭᠦᠯᠬᠦ ᠶᠢᠨ ᠬᠠᠮᠲᠤ ᠬᠥᠬᠢᠭᠦᠯᠦᠯ ᠭᠥᠷᠳᠡᠭᠰᠡᠨ ᠨᠢᠭᠡᠴᠢ ᠶᠢ ᠲᠣᠭᠲᠠᠮᠠᠯ | ᠬᠤᠭᠤᠴᠠᠭ᠎ᠠ ᠲᠠᠢ ᠪᠠᠷ ᠬᠢᠨᠠᠨ ᠰᠢᠯᠭᠠᠵᠤ᠂ ᠳᠠᠬᠢᠨ ᠪᠠᠶᠢᠴᠠᠭᠠᠨ᠎ᠠ᠃ | | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠳᠤᠮᠳᠠ ᠢᠯᠡᠳᠲᠡ ᠠᠮᠵᠢᠯᠲᠠ ᠣᠯᠤᠭᠰᠠᠨ | ᠨᠢᠭᠡᠴᠢ ᠪᠣᠯᠤᠨ ᠲᠤᠬᠠᠢ ᠶᠢᠨ ᠬᠥᠮᠥᠨ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠰᠢᠭᠤᠨ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠨᠡᠶᠢᠭᠡᠮᠯᠢᠭ ᠠᠴᠠ ᠬᠥᠬᠢᠭᠦᠯᠦᠨ ᠱᠠᠩᠨᠠᠨ᠎ᠠ᠃ ᠬᠤᠰᠢᠭᠤᠨ | ᠱᠠᠲᠤᠨ ᠤ ᠡᠷᠡᠭᠦᠯ ᠬᠠᠮᠠᠭᠠᠯᠠᠯ ᠤᠨ ᠨᠢᠭᠡᠴᠢ ᠨᠢ ᠬᠤᠶᠠᠷ ᠵᠢᠯ ᠳᠤ ᠨᠢᠭᠡ ᠤᠳᠠᠭ᠎ᠠ ᠬᠥᠬᠢᠭᠦᠯᠦᠨ ᠰᠠᠶᠢᠰᠢᠶᠠᠨ᠎ᠠ᠃ | | ᠭᠤᠴᠢᠨ ᠵᠢᠷᠭᠤᠳᠤᠭᠠᠷ ᠵᠦᠢᠯ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠢᠷᠠᠭᠤ | ᠠᠯᠳᠠᠷ ᠤᠨ ᠴᠣᠯᠠ ᠣᠯᠤᠭᠰᠠᠨ ᠨᠢᠭᠡᠴᠢ ᠪᠠ ᠲᠤᠬᠠᠢ ᠶᠢᠨ ᠬᠥᠮᠥᠨ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ | ᠦᠢᠯᠡ ᠠᠵᠢᠯᠯᠠᠭ᠎ᠠ ᠲᠠᠢ ᠪᠤᠶᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠢᠷᠠᠭᠤ ᠠᠯᠳᠠᠷ ᠤᠨ ᠴᠣᠯᠠ ᠶᠢᠨ | ᠪᠠᠷᠢᠮᠵᠢᠶ᠎ᠠ ᠳᠤ ᠨᠢᠭᠡᠨᠲᠡ ᠨᠡᠶᠢᠴᠡᠬᠦ ᠦᠭᠡᠢ ᠪᠣᠯᠤᠭᠰᠠᠨ ᠢ ᠪᠠᠶᠢᠴᠠᠭᠠᠨ ᠲᠤᠳᠤᠯᠠᠭᠰᠠᠨ ᠲᠣᠬᠢᠶᠠᠯᠳᠤᠯ ᠳᠤ᠂ ᠴᠣᠯᠠ | ᠣᠯᠭᠤᠭᠰᠠᠨ ᠨᠢᠭᠡᠴᠢ ᠠᠴᠠ ᠲᠡᠭᠦᠨ ᠤ ᠢᠷᠠᠭᠤ ᠠᠯᠳᠠᠷ ᠤᠨ ᠴᠣᠯᠠ ᠶᠢ ᠨᠢ ᠬᠦᠴᠦᠨ ᠦᠭᠡᠢ ᠪᠣᠯᠭᠠᠨ᠎ᠠ᠃ | | ᠭᠤᠴᠢᠨ ᠳᠣᠯᠣᠳᠤᠭᠠᠷ ᠵᠦᠢᠯ ᠨᠢᠭᠡᠴᠢ ᠪᠠ ᠲᠤᠬᠠᠢ ᠶᠢᠨ ᠬᠥᠮᠥᠨ ᠲᠤᠰ ᠲᠣᠭᠲᠠᠭᠠᠯ ᠢ ᠵᠥᠷᠢᠴᠡᠭᠰᠡᠨ | ᠲᠣᠬᠢᠶᠠᠯᠳᠤᠯ ᠳᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠬᠤᠯᠪᠣᠭᠳᠠᠬᠤ ᠪᠦᠷᠢᠯᠳᠦᠬᠦᠨ | ᠨᠢᠭᠡᠴᠢ ᠠᠴᠠ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠵᠠᠰᠠᠭ ᠵᠠᠬᠢᠷᠭᠠᠨ ᠤ ᠰᠢᠢᠳᠬᠡᠯ ᠤᠨ ᠪᠤᠶᠤ | ᠬᠤᠯᠪᠣᠭᠳᠠᠬᠤ ᠰᠠᠯᠠᠭ᠎ᠠ ᠮᠥᠴᠢᠷ ᠲᠤ ᠰᠢᠢᠳᠪᠦᠷᠢᠯᠡᠭᠦᠯᠬᠦ ᠰᠠᠨᠠᠭᠤᠯᠭ᠎ᠠ ᠳᠤᠷᠠᠳᠤᠨ᠎ᠠ︔ ᠶᠠᠯ᠎ᠠ ᠪᠤᠯᠵᠦ ᠪᠦᠷᠢᠯᠳᠦᠭᠰᠡᠨ | ᠲᠣᠬᠢᠶᠠᠯᠳᠤᠯ ᠳᠤ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠲᠣᠭᠲᠠᠭᠠᠯ ᠤᠨ | ᠵᠢᠭᠠᠯᠲᠠ ᠶᠢᠨ ᠳᠠᠭᠠᠤ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ᠃ | | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠭᠡᠰᠢᠭᠦᠨ ᠪᠠᠶᠢᠭᠤᠯᠭ᠎ᠠ ᠬᠠᠮᠢᠶᠠᠷᠤᠯᠲᠠ ᠶᠢᠨ | ᠬᠠᠷᠢᠭᠤᠴᠠᠯᠭ᠎ᠠ ᠪᠠᠨ ᠭᠦᠢᠴᠡᠳᠬᠡᠬᠦ ᠥᠬᠡᠶ ᠪᠣᠯ᠂ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠵᠥᠪᠯᠡᠯ ᠠᠴᠠ ᠲᠡᠭᠦᠨ ᠢ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠳᠠᠭᠠᠭᠠᠯᠭᠠᠬᠤ ᠡᠷᠬᠡ ᠲᠠᠢ︔ ᠮᠥᠨ ᠯᠡ ᠭᠦᠢᠴᠡᠳᠬᠡᠬᠦ ᠠᠴᠠ ᠲᠡᠪᠴᠢᠭᠰᠡᠨ ᠲᠣᠬᠢᠶᠠᠯᠳᠤᠯ ᠳᠤ᠂ | ᠬᠤᠯᠪᠣᠭᠳᠠᠬᠤ ᠰᠠᠯᠠᠭ᠎ᠠ ᠮᠥᠴᠢᠷ ᠲᠤ ᠲᠡᠭᠦᠨ ᠤ ᠰᠢᠭᠤᠳ ᠬᠠᠷᠢᠭᠤᠴᠠᠯᠭ᠎ᠠ ᠲᠠᠢ ᠬᠥᠮᠦᠨ ᠪᠠ ᠡᠷᠬᠢᠯᠡᠨ ᠬᠠᠮᠢᠶᠠᠷᠴᠤ | ᠵᠣᠬᠢᠴᠠᠭᠤᠯᠬᠤ ᠤᠳᠤᠷᠢᠳᠤᠯᠭ᠎ᠠ ᠶᠢ ᠰᠢᠢᠳᠪᠦᠷᠢᠯᠡᠬᠦ ᠰᠠᠨᠠᠭᠤᠯᠭ᠎ᠠ ᠳᠤᠷᠠᠳᠤᠨ᠎ᠠ᠃ | | ᠭᠤᠴᠢᠨ ᠨᠠᠢᠮᠠᠳᠤᠭᠠᠷ ᠵᠦᠢᠯ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠥᠷᠨᠢᠭᠦᠯᠬᠦ | ᠪᠣᠯ ᠪᠣᠯᠪᠠᠰᠤᠨ ᠰᠤᠮᠤ ᠪᠠᠯᠭᠠᠰᠤ᠂ ᠪᠣᠯᠪᠠᠰᠤᠨ ᠨᠡᠶᠢᠭᠡᠮ ᠲᠣᠭᠤᠷᠢᠭ ︵ᠲᠣᠰᠬᠤᠨ︶ ᠪᠣᠯᠤᠨ ᠪᠣᠯᠪᠠᠰᠤᠨ ᠨᠢᠭᠡᠴᠢ ᠶᠢ | ᠡᠭᠦᠳᠦᠨ ᠪᠠᠶᠢᠭᠤᠯᠬᠤ ᠶᠢᠨ ᠴᠢᠬᠤᠯᠠ ᠪᠠᠷᠢᠮᠵᠢᠶ᠎ᠠ ᠪᠣᠯᠤᠨ᠎ᠠ᠃ ᠡᠷᠡᠭᠦᠯ ᠬᠠᠮᠠᠭᠠᠯᠠᠯ ᠤᠨ ᠰᠤᠮᠤ ᠪᠠᠯᠭᠠᠰᠤ᠂ ᠡᠷᠡᠭᠦᠯ | ᠬᠠᠮᠠᠭᠠᠯᠠᠯ ᠤᠨ ᠨᠡᠶᠢᠭᠡᠮ ᠲᠣᠭᠤᠷᠢᠭ ︵ᠲᠣᠰᠬᠤᠨ︶ ᠪᠣᠯᠤᠨ ᠡᠷᠡᠭᠦᠯ ᠬᠠᠮᠠᠭᠠᠯᠠᠯ ᠤᠨ ᠨᠢᠭᠡᠴᠢ ᠪᠠᠷ ᠦᠨᠡᠯᠡᠭᠳᠡᠭᠰᠡᠨ | ᠥᠬᠡᠶ ᠲᠣᠬᠢᠶᠠᠯᠳᠤᠯ ᠳᠤ᠂ ᠪᠣᠯᠪᠠᠰᠤᠨ ᠰᠤᠮᠤ ᠪᠠᠯᠭᠠᠰᠤ᠂ ᠪᠣᠯᠪᠠᠰᠤᠨ ᠨᠡᠶᠢᠭᠡᠮ ᠲᠣᠭᠤᠷᠢᠭ ︵ᠲᠣᠰᠬᠤᠨ︶ ᠪᠣᠯᠤᠨ | ᠪᠣᠯᠪᠠᠰᠤᠨ ᠨᠢᠭᠡᠴᠢ ᠪᠠᠷ ᠰᠢᠯᠭᠠᠷᠠᠭᠤᠯᠵᠤ ᠪᠣᠯᠬᠤ ᠥᠬᠡᠶ᠃ | | ᠭᠤᠴᠢ ᠶᠢᠰᠦᠳᠦᠭᠡᠷ ᠵᠦᠢᠯ ᠲᠤᠰ ᠠᠷᠭ᠎ᠠ ᠠᠴᠠ ᠵᠥᠷᠢᠴᠡᠭᠰᠡᠨ ᠪᠤᠶᠤ ᠣᠨ ᠤ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠵᠣᠷᠢᠯᠲᠠ ᠶᠢᠨ ᠡᠭᠦᠷᠭᠡ ᠪᠠᠨ ᠪᠡᠶᠡᠯᠡᠭᠦᠯᠦᠭᠰᠡᠨ ᠥᠭᠡᠢ ᠪᠣᠯ ᠲᠤᠰ ᠣᠨ ᠤ | ᠳᠣᠲᠣᠷ᠎ᠠ ᠲᠤᠰ ᠨᠢᠭᠡᠴᠢ ᠨᠢ ᠲᠡᠷᠢᠭᠦᠨ ᠤ ᠨᠢᠭᠡᠴᠢ ᠪᠠᠷ ᠰᠢᠯᠭᠠᠷᠠᠭᠤᠯᠵᠤ ᠪᠣᠯᠬᠤ ᠥᠭᠡᠢ᠂ ᠨᠢᠭᠡᠴᠢ ᠶᠢᠨ ᠭᠤᠣᠯ | ᠬᠠᠷᠢᠭᠤᠴᠠᠯᠭᠠᠲᠠᠨ ᠪᠣᠯᠤᠨ ᠬᠠᠷᠢᠭᠤᠴᠠᠨ ᠬᠠᠮᠢᠶᠠᠷᠴᠤ ᠪᠥᠬᠦᠢ ᠬᠠᠷᠢᠭᠤᠴᠠᠯᠭᠠᠲᠠᠨ ᠤ ᠣᠨ ᠤ ᠡᠴᠦᠰ ᠤᠨ ᠰᠢᠯᠭᠠᠨ | ᠲᠣᠭᠲᠠᠭᠠᠯᠲᠠ ᠳᠤ ᠰᠢᠯᠢᠳᠡᠭ ᠢᠶᠠᠷ ᠰᠢᠯᠭᠠᠷᠠᠭᠤᠯᠵᠤ ᠪᠣᠯᠬᠤ ᠥᠭᠡᠢ᠃ | | ᠳᠥᠴᠢᠳᠦᠭᠡᠷ ᠵᠦᠢᠯ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠳᠠᠨ ᠪᠤᠶᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠭᠴᠢ ᠬᠦᠨᠳᠦ | ᠨᠣᠴᠢᠲᠠᠶ ᠡᠭᠦᠷᠭᠡ ᠬᠠᠷᠢᠴᠠᠭᠤᠯᠭ᠎ᠠ ᠪᠠᠨ ᠭᠦᠢᠴᠡᠳᠬᠡᠵᠦ ᠴᠢᠳᠠᠭᠰᠠᠨ ᠦᠭᠡᠢ ᠲᠣᠬᠢᠶᠠᠯᠳᠤᠯ ᠳᠤ᠂ ᠲᠤᠰ ᠱᠠᠲᠤᠨ ᠤ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠠᠴᠠ ᠰᠢᠭᠦᠮᠵᠢᠯᠡᠨ ᠰᠤᠷᠭᠠᠬᠤ ᠪᠤᠶᠤ ᠲᠡᠭᠦᠨ ᠤ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠭᠴᠢ ᠶᠢᠨ ᠬᠢᠷᠢ ᠬᠡᠮ ᠢ ᠨᠢ ᠬᠠᠰᠤᠨ᠎ᠠ᠃ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠴᠢ ᠪᠤᠶᠤ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠭᠴᠢ ᠡᠷᠬᠡ ᠮᠡᠳᠡᠯ ᠢᠶᠠᠨ ᠤᠷᠪᠠᠭᠤᠯᠤᠨ | ᠬᠡᠷᠡᠭᠯᠡᠭᠰᠡᠨ᠂ ᠨᠠᠶᠢᠷ ᠲᠠᠯ᠎ᠠ ᠬᠠᠷᠠᠵᠤ ᠬᠠᠤᠯᠢ ᠳᠦᠷᠢᠮ ᠢ ᠵᠥᠷᠢᠴᠡᠭᠰᠡᠨ᠂ ᠲᠤᠰᠢᠶᠠᠯ ᠬᠠᠷᠢᠭᠤᠴᠠᠯᠭ᠎ᠠ ᠪᠠᠨ | ᠣᠮᠲᠣᠭᠠᠶᠢᠯᠠᠭᠰᠠᠨ ᠲᠣᠬᠢᠶᠠᠯᠳᠤᠯ ᠳᠤ᠂ ᠲᠤᠰ ᠱᠠᠲᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠵᠥᠪᠯᠡᠯ ᠠᠴᠠ ᠲᠡᠭᠦᠨ ᠤ ᠪᠠᠶᠢᠭ᠎ᠠ ᠨᠢᠭᠡᠴᠢ ᠳᠤᠨᠢ ᠵᠠᠰᠠᠭ ᠵᠠᠬᠢᠷᠭᠠᠨ ᠤ ᠰᠢᠢᠳᠬᠡᠯ ᠥᠭᠭᠦᠭᠦᠯᠬᠦ ᠪᠠᠷ ᠰᠠᠨᠠᠭᠤᠯᠭ᠎ᠠ | ᠭᠠᠷᠭᠠᠨ᠎ᠠ︔ ᠶᠠᠯ᠎ᠠ ᠪᠤᠯᠵᠦ ᠪᠦᠷᠢᠯᠳᠦᠭᠰᠡᠨ ᠲᠣᠬᠢᠶᠠᠯᠳᠤᠯ ᠳᠤ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ | ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ᠃ | | ᠳᠥᠴᠢᠨ ᠨᠢᠭᠡᠳᠦᠭᠡᠷ ᠵᠦᠢᠯ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠠᠤᠯᠢ ᠬᠡᠷᠡᠭᠵᠢᠭᠦᠯᠬᠦ | ᠠᠵᠢᠯᠲᠠᠨ ᠤ ᠠᠯᠪᠠᠨ ᠠᠵᠢᠯ ᠭᠦᠢᠴᠡᠳᠬᠡᠬᠦ ᠶᠢ ᠲᠡᠪᠴᠢᠵᠦ᠂ ᠬᠠᠷᠰᠢᠯᠠᠭᠰᠠᠨ ᠪᠤᠶᠤ ᠢᠯᠡᠴᠢᠯᠡᠨ ᠮᠡᠳᠡᠭᠦᠯᠦᠭᠰᠡᠳ ᠲᠤ | ᠴᠣᠬᠢᠯᠲᠠ ᠥᠭᠴᠦ ᠲᠡᠳᠡᠨ ᠠᠴᠠ ᠬᠠᠷᠢᠭᠤ ᠠᠪᠤᠭᠠᠳ᠂ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢ | ᠵᠥᠷᠢᠴᠡᠭᠰᠡᠨ ᠲᠣᠬᠢᠶᠠᠯᠳᠤᠯ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠲᠣᠭᠲᠠᠭᠠᠯ ᠤᠨ | ᠵᠢᠭᠠᠯᠲᠠ ᠶᠢᠨ ᠳᠠᠭᠠᠤ ᠰᠢᠳᠬᠡᠨ᠎ᠡ︔ ᠶᠠᠯ᠎ᠠ ᠪᠤᠯᠵᠦ ᠪᠦᠷᠢᠯᠳᠦᠭᠰᠡᠨ ᠲᠣᠬᠢᠶᠠᠯᠳᠤᠯ ᠳᠤ᠂ ᠬᠠᠤᠯᠢ ᠴᠠᠭᠠᠵᠠ ᠶᠢᠨ | ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠡᠷᠡᠭᠦᠦ ᠶᠢᠨ | ᠬᠠᠷᠢᠭᠤᠴᠠᠯᠭ᠎ᠠ ᠬᠦᠯᠢᠶᠡᠯᠭᠡᠨ᠎ᠡ᠃ | | ᠵᠢᠷᠭᠤᠳᠤᠭᠠᠷ ᠪᠦᠯᠦᠭ ᠬᠠᠪᠰᠤᠷᠤᠯᠲᠠ ᠲᠦᠷᠢᠮ | | ᠳᠥᠴᠢᠨ ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠡᠪᠡᠳᠴᠢᠨ ᠤ ᠵᠠᠭᠤᠴᠢ ᠠᠮᠢᠳᠤ | ᠪᠣᠳᠠᠰ ᠭᠡᠳᠡᠭ ᠨᠢ ᠬᠤᠯᠤᠭᠠᠨ᠎ᠠ᠂ ᠢᠯᠠᠭ᠎ᠠ᠂ ᠪᠠᠲᠠᠭᠠᠨ᠎ᠠ᠂ ᠵᠣᠣᠮ᠎ᠠ᠂ ᠨᠣᠬᠠᠶ ᠶᠢᠨ ᠪᠥᠭᠡᠰᠦ᠂ ᠪᠥᠭᠡᠰᠦ ᠵᠡᠷᠭᠡ | ᠬᠠᠯᠳᠠᠪᠤᠷᠢᠲᠤ ᠡᠪᠡᠳᠴᠢᠨ ᠢ ᠲᠠᠷᠬᠠᠭᠠᠵᠤ ᠴᠢᠳᠠᠬᠤ ᠠᠯᠢᠪᠠ ᠠᠮᠢᠳᠤ ᠡᠳ᠋ ᠬᠥᠷᠥᠩᠭᠡ ᠶᠢ ᠬᠡᠯᠡᠨ᠎ᠡ᠃ | | ᠲᠣᠰ ᠠᠷᠭ᠎ᠠ ᠳᠤ ᠬᠡᠯᠡᠵᠦ ᠪᠠᠶᠢᠭ᠎ᠠ ᠡᠭᠦᠳᠡᠨ ᠡᠮᠦᠨᠡᠬᠢ ︽ᠭᠤᠷᠪᠠ ᠶᠢ ᠳᠠᠭᠠᠭᠠᠴᠢᠯᠠᠬᠤ︾ ᠭᠡᠳᠡᠭ ᠨᠢ | ᠠᠷᠢᠭᠤᠨ ᠴᠡᠪᠡᠷ ᠢ ᠳᠠᠭᠠᠭᠠᠴᠢᠯᠠᠬᠤ᠂ ᠴᠡᠴᠡᠷᠯᠢᠭᠵᠢᠭᠦᠯᠦᠯᠲᠡ ᠶᠢ ᠳᠠᠭᠠᠭᠠᠴᠢᠯᠠᠬᠤ᠂ ᠡᠭᠦᠳᠡᠨ ᠡᠮᠦᠨᠡᠬᠢ | ᠪᠡᠯᠡᠳᠬᠡᠮᠵᠢ ᠶᠢ ᠳᠠᠭᠠᠭᠠᠴᠢᠯᠠᠬᠤ ᠶᠢ ᠬᠡᠯᠡᠨ᠎ᠡ᠃ | | ᠳᠥᠴᠢᠨ ᠭᠤᠷᠪᠠᠳᠤᠭᠠᠷ ᠵᠦᠢᠯ ᠲᠤᠰ ᠠᠷᠭ᠎ᠠ ᠶᠢ 2014 ᠣᠨ ᠤ 4 ᠳ᠋ᠤᠭᠡᠷ ᠰᠠᠷ᠎ᠠ ᠶᠢᠨ 10 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠲᠣᠰ ᠠᠷᠭ᠎ᠠ ᠶᠢᠨ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ | ᠪᠣᠯᠤᠨ᠎ᠠ᠃ | | ᠪᠢᠴᠢᠭ ᠮᠠᠲ᠋ᠧᠷᠢᠶᠠᠯ ᠤᠨ ᠲᠤᠬᠠᠢ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠤᠨ ︽ᠠᠯᠠᠱᠠ ᠵᠡᠭᠦᠨ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠠᠮᠢᠶᠠᠷᠤᠯᠲᠠ ᠶᠢᠨ ᠠᠷᠭ᠎ᠠ︾ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ | | | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |