2021 ᠣᠨ ᠤ ᠵᠠᠰᠠᠭ ᠵᠠᠬᠢᠷᠭᠠᠨ ᠤ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠢᠯᠭᠠᠪᠤᠷᠢᠯᠠᠨ ᠴᠡᠭᠴᠡᠯᠡᠬᠦ ᠪᠠ ᠦᠨᠡᠯᠡᠭᠡᠨ ᠤ ᠳᠠᠷᠠᠭᠠᠬᠢ ᠠᠵᠢᠯ ᠢ ᠰᠠᠶᠢᠲᠤᠷ ᠭᠦᠢᠴᠡᠳᠬᠡᠬᠦ ᠲᠤᠬᠠᠶ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/12/16
                            ᠠᠯᠠᠱᠠ ᠵᠡᠭᠦᠨ ᠵᠠᠰᠠᠭ ᠠᠯᠪᠠᠨ ᠲᠠᠷᠬᠠᠭᠠᠭᠰᠠᠨ ﹇2021﹈ 42 ᠳ᠋ᠤᠭᠠᠷ ᠲᠣᠭᠠᠲᠤ                         ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠶᠠᠮᠤᠨ᠂ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠠᠷᠠᠳ ᠤᠨ ᠪᠦᠯᠬᠦᠮ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠪᠠᠶᠠᠨᠮᠣᠳᠣ ᠲᠠᠷᠢᠶᠠᠯᠠᠩ ᠤᠨ ᠲᠠᠯᠠᠪᠠᠶ᠂ ᠦᠯᠵᠡᠢ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠳᠤ᠄             ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠷᠴᠢᠮᠲᠡᠢ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠵᠢᠴᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠵᠠᠰᠠᠭ ᠵᠠᠬᠢᠷᠭᠠᠨ ᠤ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ︵ᠴᠢᠨᠠᠭᠰᠢᠳᠠ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠭᠡᠵᠦ ᠲᠣᠪᠴᠢᠯᠠᠨ᠎ᠠ︶᠎ ᠢ ᠲᠣᠭᠲᠠᠮᠠᠯ ᠬᠤᠭᠤᠴᠠᠭ᠎ᠠ ᠲᠠᠢ ᠪᠠᠷ ᠢᠯᠭᠠᠪᠤᠷᠢᠯᠠᠨ ᠴᠡᠭᠴᠡᠯᠡᠬᠦ ᠠᠵᠢᠯ ᠢ ᠦᠨᠡᠨᠬᠦ ᠰᠠᠶᠢᠲᠤᠷ ᠭᠦᠢᠴᠡᠳᠬᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦ᠋ᠭᠡᠷ ᠲᠣᠭᠠᠲᠤ︶᠂ ︽ᠵᠠᠰᠠᠭ ᠵᠠᠬᠢᠷᠭᠠᠨ ᠤ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ ᠢᠯᠭᠠᠪᠤᠷᠢᠯᠠᠨ ᠴᠡᠭᠴᠡᠯᠡᠬᠦ ᠠᠵᠢᠯ ᠢ ᠥᠷᠨᠢᠭᠦᠯᠬᠦ ᠲᠤᠬᠠᠶ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ︾ ︵ᠠᠯᠠᠱᠠ ᠠᠯᠪᠠᠨ ᠴᠠᠬᠢᠯᠭᠠᠨ ︹ 2021 ︺ 15 ᠳ᠋ᠤᠭᠠᠷ ᠲᠣᠭᠠᠲᠤ︶᠎ ᠤᠨ ᠶᠣᠰᠣᠭᠠᠷ᠂ ᠡᠳᠦᠭᠡ ᠬᠤᠯᠪᠣᠭᠳᠠᠬᠤ ᠵᠦᠢᠯᠡᠰ ᠢ ᠳᠠᠷᠠᠭᠠᠬᠢ ᠪᠠᠶᠢᠳᠠᠯ ᠢᠶᠠᠷ ᠵᠠᠷᠯᠠᠨ ᠮᠡᠳᠡᠭᠳᠡᠶ᠎ᠡ᠄             ᠨᠢᠭᠡ᠂ ᠢᠯᠭᠠᠪᠤᠷᠢᠯᠠᠨ ᠴᠡᠭᠴᠡᠯᠡᠬᠦ ᠵᠢᠴᠢ ᠦᠨᠡᠯᠡᠭᠡᠨ ᠤ ᠳᠠᠷᠠᠭᠠᠬᠢ ᠬᠠᠮᠤᠷᠬᠤ ᠴᠠᠷᠠᠭ᠎ᠠ ᠬᠦᠷᠢᠶ᠎ᠡ             ︵ᠨᠢᠭᠡ︶ ᠢᠯᠭᠠᠪᠤᠷᠢᠯᠠᠨ ᠴᠡᠭᠴᠡᠯᠡᠬᠦ ᠴᠠᠷᠠᠭ᠎ᠠ ᠬᠦᠷᠢᠶ᠎ᠡ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠪᠠᠨ ᠭᠡᠷ ᠤᠨ 2020 ᠣᠨ ᠳᠤ ᠡᠷᠴᠢᠮᠲᠡᠢ ᠰᠢᠢᠳᠪᠦᠷᠢᠯᠡᠭᠰᠡᠨ ᠤ ᠳᠠᠷᠠᠭ᠎ᠠ ᠦᠷᠭᠦᠯᠵᠢᠯᠡᠨ ᠬᠦᠴᠦᠨ ᠲᠠᠢ ᠪᠠᠶᠢᠬᠤ ᠪᠠ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠤ ᠳᠠᠷᠠᠭ᠎ᠠ ᠰᠢᠨ᠎ᠡ ᠪᠠᠷ ᠨᠡᠶᠢᠲᠡᠯᠡᠭᠰᠡᠨ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠵᠢᠴᠢ 2020 ᠣᠨ ᠳᠤ ᠲᠣᠭᠲᠠᠭᠠᠨ ᠲᠠᠷᠬᠠᠭᠠᠭᠰᠠᠨ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠳᠤ᠂ ᠬᠠᠷᠢᠶᠠᠯᠠᠬᠤ ᠣᠷᠣᠨ ᠪᠦᠰᠡ ᠶᠢᠨ ᠳᠣᠲᠣᠷᠠᠬᠢ ᠭᠤᠣᠯ ᠬᠠᠷᠢᠭᠤᠴᠠᠭᠴᠢ ᠶᠢᠨ ᠬᠢᠷᠢ ᠬᠡᠮ ᠢ ᠲᠣᠭᠲᠠᠭᠠᠬᠤ ᠥᠬᠡᠶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠣᠭᠲᠠᠭᠠᠨ ᠲᠠᠷᠬᠠᠭᠠᠭᠰᠠᠨ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠪᠠᠭᠲᠠᠭᠠᠨ᠎ᠠ᠃             ︵ᠬᠤᠶᠠᠷ︶ ᠦᠨᠡᠯᠡᠭᠡᠨ ᠤ ᠳᠠᠷᠠᠭᠠᠬᠢ ᠬᠠᠮᠤᠷᠬᠤ ᠴᠠᠷᠠᠭ᠎ᠠ ᠬᠦᠷᠢᠶ᠎ᠡ᠄             1᠂ ᠬᠤᠰᠢᠭᠤᠨ ᠤ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠠᠯᠪᠠᠨ ᠬᠡᠷ ᠢᠶᠠᠷ ᠲᠣᠭᠲᠠᠭᠠᠨ ᠲᠠᠷᠬᠠᠭᠠᠭᠰᠠᠨ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ᠄ ︽ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠬᠠᠮᠢᠶᠠᠷᠤᠯᠲᠠ ᠶᠢ ᠬᠡᠷᠡᠭᠵᠢᠭᠦᠯᠬᠦ ᠨᠠᠷᠢᠨ ᠲᠦᠷᠢᠮ︾ ︵ᠠᠯᠠᠱᠠ ᠵᠡᠭᠦᠨ ᠵᠠᠰᠠᠭ ᠠᠯᠪᠠᠨ ᠲᠠᠷᠬᠠᠭᠠᠭᠰᠠᠨ ︹ 2019︺ 63 ᠳ᠋ᠤᠭᠠᠷ ᠲᠣᠭᠠᠲᠤ︶᠂ ︽ᠠᠯᠠᠱᠠ ᠵᠡᠭᠦᠨ ᠬᠤᠰᠢᠭᠤᠨ ᠤ ᠲᠠᠷᠢᠶᠠᠯᠠᠩ ︵ᠮᠠᠯ ᠠᠵᠤ ᠠᠬᠤᠶ︶᠎ ᠤᠨ ᠣᠷᠣᠨ ᠤ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠠᠷᠭ᠎ᠠ︾ ︵ᠠᠯᠠᠱᠠ ᠵᠡᠭᠦᠨ ᠵᠠᠰᠠᠭ ᠠᠯᠪᠠᠨ ᠲᠠᠷᠬᠠᠭᠠᠭᠰᠠᠨ ︹ 2011 ︺ 198 ᠳ᠋ᠤᠭᠠᠷ ᠲᠣᠭᠠᠲᠤ︶᠂ ︽ᠠᠯᠠᠱᠠ ᠵᠡᠭᠦᠨ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠠᠯᠠᠱᠠ ᠵᠡᠭᠦᠨ ᠵᠠᠰᠠᠭ ᠠᠯᠪᠠᠨ ᠲᠠᠷᠬᠠᠭᠠᠭᠰᠠᠨ ︹ 2010 ︺ 131 ᠳ᠋ᠦ᠋ᠭᠡᠷ ᠲᠣᠭᠠᠲᠤ︶᠂ ᠪᠣᠳᠠᠲᠠᠶ ᠬᠡᠷᠡᠭᠵᠢᠭᠦᠯᠬᠦ ᠨᠢᠭᠡᠴᠢ ᠠᠴᠠ ᠰᠡᠭᠦᠯᠴᠢ ᠶᠢᠨ ᠦᠨᠡᠯᠡᠭᠡ ᠶᠢ ᠥᠷᠨᠢᠭᠦᠯᠬᠦ ᠶᠢᠨ ᠬᠠᠮᠲᠤ ᠦᠨᠡᠯᠡᠨ ᠵᠢᠱᠢᠭᠰᠡᠨ ᠮᠡᠳᠡᠭᠦᠯᠦᠯᠲᠡ ᠶᠢ ᠪᠦᠷᠢᠯᠳᠦᠭᠦᠯᠬᠦ ᠬᠡᠷᠡᠭᠲᠡᠶ᠃             2᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠪᠠᠨ ᠬᠡᠷ ᠨᠢ ᠲᠣᠭᠲᠠᠭᠠᠵᠤ ᠨᠡᠶᠢᠲᠡᠯᠡᠭᠰᠡᠨ ᠪᠠ ᠬᠡᠷᠡᠭᠵᠢᠭᠦᠯᠦᠭᠰᠡᠨ ᠬᠤᠶᠠᠷ ᠵᠢᠯ ᠤᠨ ᠣᠶ ᠠᠴᠠ ᠳᠡᠭᠡᠭᠰᠢᠬᠢ ᠴᠢᠬᠤᠯᠠ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠤᠨ ᠳᠣᠲᠣᠷ᠎ᠠ ᠠᠴᠠ ᠨᠠᠭᠠᠳᠤ ᠵᠠᠬ᠎ᠠ ᠳᠠᠭᠠᠨ 1 ᠬᠤᠪᠢ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠰᠣᠩᠭᠤᠨ ᠭᠠᠷᠭᠠᠭᠰᠠᠨ ᠤ ᠳᠠᠷᠠᠭᠠᠬᠢ ᠦᠨᠡᠯᠡᠭᠡ ᠶᠢ ᠥᠷᠨᠢᠭᠦᠯᠬᠦ ᠶᠢᠨ ᠬᠠᠮᠲᠤ ᠦᠨᠡᠯᠡᠨ ᠵᠢᠱᠢᠭᠰᠡᠨ ᠮᠡᠳᠡᠭᠦᠯᠦᠯᠲᠡ ᠶᠢ ᠪᠣᠶ ᠪᠣᠯᠭᠠᠨ᠎ᠠ᠃             ᠬᠤᠶᠠᠷ᠂ ᠦᠨᠳᠦᠰᠦᠨ ᠱᠠᠭᠠᠷᠳᠠᠯᠭ᠎ᠠ ᠪᠠ ᠪᠠᠷᠢᠮᠵᠢᠶ᠎ᠠ             ︵ᠨᠢᠭᠡ︶ ᠢᠯᠭᠠᠪᠤᠷᠢᠯᠠᠨ ᠴᠡᠭᠴᠡᠯᠡᠬᠦ ᠪᠠᠷᠢᠮᠵᠢᠶ᠎ᠠ             1᠂ ᠭᠤᠣᠯ ᠬᠠᠷᠢᠭᠤᠴᠠᠭᠴᠢ ᠶᠢᠨ ᠬᠢᠷᠢ ᠬᠡᠮ ᠢ ᠲᠣᠭᠲᠠᠭᠠᠬᠤ ᠵᠣᠬᠢᠶᠠᠨ ᠪᠠᠶᠢᠭᠤᠯᠤᠯᠲᠠ᠂ ᠪᠠᠶᠢᠭᠤᠯᠤᠮᠵᠢ ᠶᠢᠨ ᠵᠢᠭᠠᠭᠰᠠᠨ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠪᠦᠷᠢᠳᠦᠭᠦᠯᠦᠭᠰᠡᠨ ᠪᠠᠶᠢᠨ᠎ᠠ᠃ ᠲᠣᠳᠣᠷᠠᠭᠤᠯᠪᠠᠯ᠄             ︵1︶ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ᠂ ᠲᠦᠷ ᠵᠠᠭᠤᠷ᠎ᠠ ᠶᠢᠨ ᠪᠠᠶᠢᠭᠤᠯᠤᠮᠵᠢ ᠠᠴᠠ ᠵᠢᠭᠠᠭᠰᠠᠨ︔             ︵2︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠦᠭᠡᠢ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠲᠣᠮᠢᠯᠠᠭᠰᠠᠨ ᠪᠠᠶᠢᠭᠤᠯᠤᠮᠵᠢ᠂ ᠳᠣᠲᠣᠭᠠᠳᠤ ᠶᠢᠨ ᠪᠠᠶᠢᠭᠤᠯᠤᠮᠵᠢ ᠪᠠ ᠵᠣᠬᠢᠶᠠᠨ ᠪᠠᠶᠢᠭᠤᠯᠤᠯᠲᠠ ᠠᠴᠠ ᠵᠢᠭᠠᠭᠰᠠᠨ︔             ︵3︶ ᠲᠣᠭᠲᠠᠭᠠᠬᠤ ᠬᠢᠷᠢ ᠬᠡᠮ ᠦᠭᠡᠢ ᠪᠤᠰᠤᠳ ᠪᠠᠶᠢᠭᠤᠯᠭ᠎ᠠ ᠠᠴᠠ ᠵᠢᠭᠠᠭᠰᠠᠨ᠃             ᠳᠡᠭᠡᠷ᠎ᠡ ᠳᠤᠷᠠᠳᠤᠭᠰᠠᠨ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠦᠨᠡᠨᠬᠦ ᠲᠣᠭᠲᠠᠭᠠᠬᠤ ᠱᠠᠭᠠᠷᠳᠠᠯᠭ᠎ᠠ ᠲᠠᠢ ᠪᠣᠯ ᠲᠣᠭᠲᠠᠭᠠᠬᠤ ᠬᠢᠷᠢ ᠬᠡᠮ ᠢ ᠪᠦᠷᠢᠳᠦᠭᠦᠯᠦᠭᠰᠡᠨ ᠭᠤᠣᠯ ᠪᠠᠶᠢᠭᠤᠯᠤᠯ ᠢᠶᠠᠷ ᠶᠠᠪᠤᠭᠤᠯᠤᠨ᠎ᠠ᠃             2᠂ ᠠᠭᠤᠯᠭ᠎ᠠ ᠨᠢ ᠬᠠᠤᠯᠢ ᠶᠢᠨ ᠡᠷᠬᠡ ᠮᠡᠳᠡᠯ ᠠᠴᠠ ᠬᠡᠲᠦᠷᠡᠭᠰᠡᠨ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠃ ᠲᠣᠳᠣᠷᠠᠭᠤᠯᠪᠠᠯ᠄             ︵1︶ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠷᠬᠡ ᠮᠡᠳᠡᠯ ᠤᠨ ᠬᠡᠪᠴᠢᠶ᠎ᠡ ᠠᠴᠠ ᠪᠠᠨ ᠳᠠᠪᠠᠵᠤ ᠵᠢᠭᠠᠭᠰᠠᠨ︔             ︵2︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠵᠢᠭᠠᠭᠰᠠᠨ ᠠᠴᠠ ᠭᠠᠳᠠᠨᠠᠬᠢ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠨᠡᠮᠡᠭᠰᠡᠨ ᠪᠤᠶᠤ ᠬᠠᠤᠯᠢ ᠪᠠᠷ ᠵᠢᠭᠠᠭᠰᠠᠨ ᠲᠤᠰᠢᠶᠠᠯ ᠬᠠᠷᠢᠭᠤᠴᠠᠯᠭ᠎ᠠ ᠶᠢ ᠨᠢ ᠪᠠᠭᠠᠰᠬᠠᠭᠰᠠᠨ︔             ︵3︶ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠲᠠᠲᠠᠪᠤᠷᠢᠯᠠᠨ ᠬᠡᠷᠡᠭᠯᠡᠬᠦ᠂ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠵᠦᠢᠯᠡᠰ ᠵᠡᠷᠭᠡ ᠵᠦᠢᠯᠡᠰ ᠢ ᠲᠣᠭᠲᠠᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠰᠢᠢᠳᠪᠦᠷᠢᠯᠡᠬᠦ ᠨᠥᠬᠦᠴᠡᠯ ᠢ ᠨᠡᠮᠡᠵᠦ᠂ ᠣᠷᠴᠢᠯ ᠤᠨ ᠭᠡᠷᠡᠴᠢ᠂ ᠳᠠᠪᠬᠤᠷᠳᠠᠭᠰᠠᠨ ᠭᠡᠷᠡᠴᠢ᠂ ᠬᠡᠷᠡᠭ ᠦᠭᠡᠢ ᠭᠡᠷᠡᠴᠢ ᠭᠠᠷᠭᠠᠵᠤ ᠥᠭᠬᠦ ᠪᠠᠷ ᠵᠢᠭᠠᠭᠰᠠᠨ︔             ︵4︶ ᠬᠠᠤᠯᠢ ᠪᠠᠷ ᠵᠢᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠢ ᠵᠥᠷᠢᠴᠡᠨ ᠵᠢᠭᠠᠭᠰᠠᠨ ᠲᠣᠷᠭᠠᠭᠤᠯᠢ ᠣᠨᠣᠭᠳᠠᠭᠤᠯᠤᠭᠰᠠᠨ ᠵᠦᠢᠯᠡᠰ᠂ ᠲᠣᠷᠭᠠᠭᠤᠯᠢ ᠣᠨᠣᠭᠳᠠᠭᠤᠯᠤᠭᠰᠠᠨ ᠵᠦᠢᠯᠡᠰ ᠨᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠦᠭᠡᠢ ᠪᠤᠶᠤ ᠲᠣᠷᠭᠠᠭᠤᠯᠢ ᠣᠨᠣᠭᠳᠠᠭᠤᠯᠤᠭᠰᠠᠨ ᠵᠦᠢᠯᠡᠰ ᠢ ᠪᠤᠰᠤᠳ ᠠᠷᠭ᠎ᠠ ᠮᠠᠶ᠋ᠢᠭ ᠢᠶᠠᠷ ᠵᠢᠷᠤᠮᠵᠢᠭᠤᠯᠬᠤ ᠪᠤᠶᠤ ᠬᠠᠮᠢᠶᠠᠷᠴᠤ ᠪᠣᠯᠬᠤ︔             ︵5︶ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠰᠤᠬᠤ ᠪᠤᠶᠤ ᠬᠠᠰᠤᠵᠤ ᠬᠤᠬᠢᠷᠠᠭᠤᠯᠬᠤ ᠪᠤᠶᠤ ᠲᠡᠭᠦᠨ ᠤ ᠡᠭᠦᠷᠭᠡ ᠶᠢ ᠨᠡᠮᠡᠭᠳᠡᠭᠦᠯᠵᠦ᠂ ᠠᠷᠠᠳ ᠢᠷᠭᠡᠨ ᠤ ᠬᠤᠪᠢ ᠶᠢᠨ ᠡᠷᠬᠡ᠂ ᠡᠳ᠋ ᠬᠦᠷᠦᠩᠭᠡ ᠶᠢᠨ ᠡᠷᠬᠡ᠂ ᠨᠡᠷ᠎ᠡ ᠬᠦᠨᠳᠦ ᠶᠢᠨ ᠡᠷᠬᠡ᠂ ᠬᠥᠳᠡᠯᠮᠦᠷᠢᠯᠡᠬᠦ ᠡᠷᠬᠡ᠂ ᠠᠮᠠᠷᠠᠬᠤ ᠡᠷᠬᠡ ᠵᠡᠷᠭᠡ ᠦᠨᠳᠦᠰᠦᠨ ᠡᠷᠬᠡ ᠳᠤ ᠬᠠᠯᠳᠠᠭᠰᠠᠨ︔             ︵6︶ ᠡᠷᠬᠡ ᠲᠤᠰᠢᠶᠠᠯ ᠤᠨ ᠲᠣᠭᠲᠠᠭᠠᠯ ᠠᠴᠠ ᠪᠠᠨ ᠳᠠᠪᠠᠵᠤ ᠵᠠᠬ᠎ᠠ ᠳᠡᠯᠭᠡᠭᠦᠷ ᠢᠶᠠᠷ ᠲᠣᠬᠢᠷᠠᠭᠤᠯᠬᠤ᠂ ᠠᠵᠤ ᠠᠬᠤᠶᠢᠯᠠᠯ ᠪᠠ ᠨᠡᠶᠢᠭᠡᠮ ᠤᠨ ᠥᠪᠡᠷ ᠢ ᠪᠠᠨ ᠱᠠᠭᠠᠷᠳᠠᠬᠤ᠂ ᠠᠷᠠᠳ ᠢᠷᠭᠡᠨ ᠥᠪᠡᠷ ᠢ ᠪᠠᠨ ᠬᠠᠮᠢᠶᠠᠷᠴᠤ ᠵᠣᠬᠢᠴᠠᠭᠤᠯᠬᠤ ᠶᠣᠰᠣᠲᠠᠶ ᠵᠦᠢᠯᠡᠰ︔             ︵7︶ ︽ᠲᠠᠯᠪᠢᠬᠤ ᠬᠠᠮᠢᠶᠠᠷᠬᠤ ᠦᠢᠯᠡᠴᠢᠯᠡᠬᠦ︾ ᠨᠡᠮᠡᠯᠲᠡ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠠᠴᠠ ᠵᠥᠷᠢᠴᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠰᠢᠭ ᠦᠭᠡᠢ ᠲᠣᠬᠢᠶᠠᠯᠳᠤᠯ ᠳᠤ᠂ ᠰᠢᠳᠤᠷᠭᠤ ᠪᠠᠷ ᠥᠷᠢᠰᠥᠯᠳᠦᠬᠦ ᠶᠢ ᠭᠠᠳᠠᠭᠤᠷᠴᠢᠯᠠᠬᠤ ᠪᠠ ᠬᠢᠵᠠᠭᠠᠷᠯᠠᠬᠤ ᠠᠭᠤᠯᠭ᠎ᠠ ᠪᠦᠬᠦᠢ ᠠᠷᠭ᠎ᠠ ᠬᠡᠮᠵᠢᠶ᠎ᠡ ᠶᠢ ᠬᠠᠤᠯᠢ ᠠᠴᠠ ᠵᠥᠷᠢᠴᠡᠨ ᠵᠢᠭᠠᠭᠰᠠᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠬᠠᠤᠯᠢ ᠠᠴᠠ ᠵᠥᠷᠢᠴᠡᠨ ᠬᠠᠷᠰᠢᠯᠠᠭᠰᠠᠨ ᠪᠠ ᠨᠥᠯᠥᠭᠡᠯᠡᠭᠰᠡᠨ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠ ᠭᠠᠷᠬᠤ ᠨᠥᠬᠦᠴᠡᠯ ᠢ ᠬᠠᠤᠯᠢ ᠠᠴᠠ ᠵᠥᠷᠢᠴᠡᠨ ᠲᠣᠬᠢᠷᠠᠭᠤᠯᠤᠭᠰᠠᠨ ᠵᠡᠷᠭᠡ︔             ︵8︶ ᠲᠤᠭ᠎ᠠ ᠪᠦᠷᠢᠳᠬᠡᠯ ᠤᠨ ᠬᠠᠤᠯᠢ ᠴᠠᠭᠠᠵᠠ ᠳᠦᠷᠢᠮ ᠲᠣᠭᠲᠠᠭᠠᠯ ᠢ ᠵᠥᠷᠢᠴᠡᠵᠦ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢ ᠨᠡᠶᠢᠭᠡᠮ ᠤᠨ ᠠᠵᠤ ᠠᠬᠤᠶ ᠶᠢᠨ ᠭᠦᠢᠴᠡᠳᠬᠡᠬᠦ ᠲᠤᠭ᠎ᠠ ᠶᠢᠨ ᠵᠣᠷᠢᠯᠲᠠ ᠡᠭᠦᠷᠭᠡ ᠶᠢ ᠪᠡᠶᠡᠯᠡᠭᠦᠯᠬᠦ ᠶᠢᠨ ᠲᠣᠯᠣᠭᠠᠶᠢᠯᠠᠭᠴᠢ ᠨᠢᠭᠡᠴᠢ ᠪᠤᠶᠤ ᠬᠠᠷᠢᠭᠤᠴᠠᠯᠭᠠᠲᠤ ᠨᠢᠭᠡᠴᠢ ᠪᠣᠯᠭᠠᠭᠰᠠᠨ ᠪᠠᠶᠢᠳᠠᠯ ᠣᠷᠣᠰᠢᠵᠤ ᠪᠠᠶᠢᠬᠤ︔             ︵9︶ ᠠᠮᠢ ᠠᠬᠤᠶ ᠶᠢᠨ ᠪᠥᠳᠥᠭᠡᠨ ᠪᠠᠶᠢᠭᠤᠯᠤᠯᠲᠠ᠂ ᠨᠡᠭᠦᠷᠡᠰᠦᠨ ᠠᠭᠤᠷᠬᠠᠶ ᠶᠢᠨ ᠬᠢᠨᠠᠯᠲᠠ ᠬᠠᠮᠢᠶᠠᠷᠤᠯᠲᠠ ᠵᠡᠷᠭᠡ ᠬᠦᠷᠢᠶᠡᠨ ᠳᠠᠬᠢ ᠬᠤᠯᠪᠣᠭᠳᠠᠬᠤ ᠬᠠᠤᠯᠢ ᠴᠠᠭᠠᠵᠠ ᠳᠦᠷᠢᠮ ᠲᠣᠭᠲᠠᠭᠠᠯ ᠢ ᠵᠥᠷᠢᠴᠡᠭᠰᠡᠨ ᠪᠠᠶᠢᠳᠠᠯ ᠣᠷᠣᠰᠢᠵᠤ ᠪᠠᠶᠢᠬᠤ᠃             3᠂ ᠠᠭᠤᠯᠭ᠎ᠠ ᠨᠢ ᠳᠡᠭᠡᠳᠦ ᠱᠠᠲᠤᠨ ᠤ ᠬᠠᠤᠯᠢ ᠪᠤᠶᠤ ᠳᠡᠭᠡᠳᠦ ᠱᠠᠲᠤᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠲᠣᠭᠲᠠᠭᠠᠯ ᠲᠠᠢ ᠨᠢᠭᠡᠳᠦᠯ ᠦᠭᠡᠢ ᠲᠣᠬᠢᠶᠠᠯᠳᠤᠯ ᠳᠤ᠂ ᠪᠣᠳᠠᠲᠠᠢ ᠪᠠᠷ ᠳᠣᠣᠷᠠᠬᠢ ᠵᠦᠢᠯ ᠢ ᠪᠠᠭᠲᠠᠭᠠᠨ᠎ᠠ᠄             ︵1︶ ︽ᠢᠷᠭᠡᠨ ᠤ ᠬᠠᠤᠯᠢ ᠶᠢᠨ ᠪᠢᠴᠢᠭ︾᠎ ᠤᠨ ᠲᠣᠭᠲᠠᠭᠠᠯ ᠲᠠᠢ ᠵᠥᠷᠢᠴᠡᠯᠳᠦᠭᠰᠡᠨ︔            ︵2︶ ᠰᠢᠨ᠎ᠡ ᠪᠠᠷ ᠵᠢᠭᠠᠭᠰᠠᠨ ᠪᠤᠶᠤ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠤ ᠳᠠᠷᠠᠭᠠᠬᠢ ᠪᠤᠰᠤᠳ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠲᠠᠢ ᠵᠥᠷᠢᠴᠡᠯᠳᠦᠭᠰᠡᠨ︔             ︵3︶ ᠳᠡᠭᠡᠳᠦ ᠱᠠᠲᠤᠨ ᠤ ᠵᠠᠰᠠᠭ ᠤᠨ ᠣᠷᠳᠣᠨ᠂ ᠰᠠᠯᠠᠭ᠎ᠠ ᠮᠥᠴᠢᠷ ᠤᠨ ᠰᠢᠨ᠎ᠡ ᠪᠠᠷ ᠵᠢᠭᠠᠭᠰᠠᠨ ᠪᠤᠶᠤ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠤ ᠳᠠᠷᠠᠭᠠᠬᠢ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠤᠨ ᠲᠣᠭᠲᠠᠭᠠᠯ ᠲᠠᠢ ᠵᠥᠷᠢᠴᠡᠯᠳᠦᠭᠰᠡᠨ᠃             ︵ᠬᠤᠶᠠᠷ︶ ᠳᠠᠷᠠᠭᠠᠬᠢ ᠦᠨᠡᠯᠡᠭᠡᠨ ᠤ ᠱᠠᠭᠠᠷᠳᠠᠯᠭ᠎ᠠ ᠪᠠ ᠪᠠᠷᠢᠮᠵᠢᠶ᠎ᠠ             ᠦᠨᠡᠯᠡᠭᠡᠨ ᠤ ᠠᠵᠢᠯ ᠢ ᠲᠡᠭᠦᠪᠦᠷᠢᠯᠡᠨ ᠪᠠᠶᠢᠴᠠᠭᠠᠬᠤ᠂ ᠴᠠᠬᠢᠮ ᠢᠶᠠᠷ ᠪᠠᠶᠢᠴᠠᠭᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠶᠠᠷᠢᠯᠴᠠᠬᠤ ᠬᠤᠷᠠᠯ ᠪᠤᠶᠤ ᠨᠤᠲᠠᠯᠠᠯᠲᠠ ᠶᠢᠨ ᠬᠤᠷᠠᠯ ᠬᠤᠷᠠᠯᠳᠤᠭᠤᠯᠬᠤ᠂ ᠲᠤᠰᠬᠠᠶ ᠮᠡᠷᠭᠡᠵᠢᠯᠲᠡᠨ ᠠᠴᠠ ᠠᠰᠠᠭᠤᠨ ᠯᠠᠪᠯᠠᠬᠤ᠂ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠵᠡᠷᠭᠡ ᠤᠯᠠᠨ ᠵᠦᠢᠯ ᠤᠨ ᠠᠷᠭ᠎ᠠ ᠪᠠᠷ ᠶᠠᠪᠤᠭᠳᠠᠭᠤᠯᠵᠤ ᠪᠣᠯᠤᠨ᠎ᠠ᠃ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠬᠡᠷᠡᠭᠵᠢᠭᠦᠯᠦᠭᠰᠡᠨ ᠪᠣᠳᠠᠲᠤ ᠨᠥᠬᠦᠴᠡᠯ ᠪᠠᠶᠢᠳᠠᠯ ᠢ ᠦᠨᠳᠦᠰᠦᠯᠡᠨ᠂ ᠦᠨᠡᠯᠡᠭᠡᠨ ᠤ ᠵᠣᠬᠢᠰᠲᠠᠶ ᠵᠢᠷᠤᠮ ᠢ ᠰᠣᠩᠭᠤᠨ᠎ᠠ᠃             ᠦᠨᠡᠯᠡᠭᠡᠨ ᠤ ᠠᠭᠤᠯᠭ᠎ᠠ᠄             1᠂ ᠬᠠᠤᠯᠢ ᠶᠣᠰᠣᠴᠢ ᠴᠢᠨᠠᠷ ᠴᠢᠨᠰᠠᠭ᠎ᠠ ᠶᠢᠨ ᠦᠨᠡᠯᠡᠭᠡ᠃ ᠭᠤᠣᠯᠳᠠᠭᠤ ᠲᠤᠰ ᠪᠢᠴᠢᠭ ᠮᠠᠲ᠋ᠧᠷᠢᠶᠠᠯ ᠨᠢ ᠳᠡᠭᠡᠳᠦ ᠱᠠᠲᠤᠨ ᠤ ᠬᠠᠤᠯᠢ ᠲᠠᠢ ᠬᠠᠷᠰᠢᠯᠳᠤᠵᠤ ᠪᠠᠶᠢᠬᠤ ᠡᠰᠡᠬᠦ ᠶᠢ ᠦᠨᠡᠯᠡᠨ ᠲᠣᠭᠲᠠᠭᠠᠨ᠎ᠠ︔ ᠵᠢᠭᠠᠭᠰᠠᠨ ᠪᠠᠶᠢᠭᠤᠯᠭ᠎ᠠ ᠶᠢᠨ ᠬᠠᠤᠯᠢ ᠪᠠᠷ ᠵᠢᠭᠠᠭᠰᠠᠨ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠠᠴᠠ ᠳᠠᠪᠠᠭᠰᠠᠨ ᠡᠰᠡᠬᠦ︔ ᠵᠠᠰᠠᠭ ᠵᠠᠬᠢᠷᠭᠠᠨ ᠤ ᠰᠢᠢᠳᠬᠡᠯ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠰᠦᠢᠳᠬᠡᠯ ᠬᠤᠷᠢᠶᠠᠬᠤ ᠵᠡᠷᠭᠡ ᠶᠢ ᠬᠠᠤᠯᠢ ᠶᠢ ᠵᠥᠷᠢᠴᠡᠨ ᠵᠢᠭᠠᠭᠰᠠᠨ ᠡᠰᠡᠬᠦ︔ ᠠᠷᠠᠳ ᠢᠷᠭᠡᠨ ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠰᠤᠵᠤ ᠬᠤᠬᠢᠷᠠᠭᠤᠯᠬᠤ ᠪᠤᠶᠤ ᠲᠡᠭᠦᠨ ᠤ ᠡᠭᠦᠷᠭᠡ ᠶᠢ ᠨᠡᠮᠡᠭᠳᠡᠭᠦᠯᠬᠦ ᠵᠢᠷᠤᠮᠵᠢᠯ ᠢ ᠬᠠᠤᠯᠢ ᠶᠢ ᠵᠥᠷᠢᠴᠡᠨ ᠵᠢᠭᠠᠭᠰᠠᠨ ᠡᠰᠡᠬᠦ︔ ᠦᠨᠳᠦᠰᠦᠯᠡᠯ ᠪᠣᠯᠭᠠᠭᠰᠠᠨ ᠳᠡᠭᠡᠳᠦ ᠱᠠᠲᠤᠨ ᠤ ᠬᠠᠤᠯᠢ ᠶᠢ ᠲᠣᠭᠲᠠᠭᠠᠬᠤ ᠳᠤ ᠬᠦᠴᠦᠨ ᠦᠭᠡᠢ ᠪᠣᠯᠭᠠᠭᠰᠠᠨ ᠪᠤᠶᠤ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠤ ᠲᠠᠷᠠᠭ᠎ᠠ᠂ ᠲᠡᠷᠡ ᠳᠠᠷᠤᠢ ᠳᠤᠨᠢ ᠨᠡᠮᠡᠯᠲᠡ᠂ ᠥᠭᠡᠷᠡᠴᠢᠯᠡᠯᠲᠡ ᠣᠷᠣᠭᠤᠯᠬᠤ ᠱᠠᠭᠠᠷᠳᠠᠯᠭ᠎ᠠ ᠲᠠᠢ ᠡᠰᠡᠬᠦ᠃             2᠂ ᠵᠦᠢ ᠵᠣᠬᠢᠰᠲᠠᠶ ᠴᠢᠨᠠᠷ ᠴᠢᠨᠰᠠᠭ᠎ᠠ ᠶᠢᠨ ᠦᠨᠡᠯᠡᠭᠡ᠃ ᠭᠤᠣᠯᠳᠠᠭᠤ ᠪᠢᠴᠢᠭ ᠮᠠᠲ᠋ᠧᠷᠢᠶᠠᠯ ᠵᠣᠬᠢᠶᠠᠵᠤ ᠲᠠᠷᠬᠠᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠬᠢᠭᠡᠳ ᠬᠠᠷᠢᠭᠤᠴᠠᠯᠭ᠎ᠠ ᠨᠢ ᠲᠡᠩᠴᠡᠭᠦᠦ ᠪᠠᠶᠢᠬᠤ ᠡᠰᠡᠬᠦ ᠂ ᠠᠷᠠᠳ ᠢᠷᠭᠡᠨ ᠤ ᠡᠷᠬᠡ ᠬᠢᠭᠡᠳ ᠡᠭᠦᠷᠭᠡ ᠨᠢ ᠬᠠᠷᠢᠯᠴᠠᠨ ᠵᠣᠬᠢᠴᠠᠯᠳᠤᠭᠰᠠᠨ ᠡᠰᠡᠬᠦ ᠶᠢ ᠦᠨᠡᠯᠡᠨ ᠲᠣᠭᠲᠠᠭᠠᠨ᠎ᠠ︔ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠨᠢ ᠱᠠᠭᠠᠷᠳᠠᠯᠭ᠎ᠠ ᠲᠠᠢ ᠪᠠᠶᠢᠬᠤ ᠡᠰᠡᠬᠦ᠂ ᠬᠡᠷᠡᠭᠵᠢᠭᠦᠯᠵᠦ ᠪᠣᠯᠬᠤ ᠡᠰᠡᠬᠦ᠂ ᠵᠣᠬᠢᠰᠲᠠᠶ ᠪᠠᠶᠢᠬᠤ ᠡᠰᠡᠬᠦ᠂ ᠢᠯᠡ ᠲᠣᠳᠣ᠂ ᠡᠷᠬᠡ ᠲᠡᠭᠰᠢ᠂ ᠲᠥᠪ ᠰᠢᠳᠤᠷᠭᠤ ᠪᠠᠶᠢᠬᠤ ᠡᠰᠡᠬᠦ᠃             3᠂ ᠵᠣᠬᠢᠴᠠᠭᠤᠯᠤᠯᠲᠠ ᠶᠢᠨ ᠦᠨᠡᠯᠡᠭᠡ᠃ ᠭᠤᠤᠯᠳᠠᠭᠤ ᠲᠣᠰ ᠪᠢᠴᠢᠭ ᠮᠠᠲ᠋ᠧᠷᠢᠶᠠᠯ ᠨᠢ ᠠᠳᠠᠯᠢ ᠪᠠᠶᠢᠷᠢ ᠶᠢᠨ ᠲᠠᠰ ᠤᠨ ᠪᠤᠰᠤᠳ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠲᠠᠢ ᠮᠥᠷᠭᠦᠯᠳᠦᠭᠰᠡᠨ ᠡᠰᠡᠬᠦ ᠶᠢ ᠦᠨᠡᠯᠡᠨ ᠲᠣᠭᠲᠠᠭᠠᠨ᠎ᠠ︔ ᠡᠯ᠎ᠡ ᠲᠥᠷᠥᠯ ᠤᠨ ᠳᠦᠷᠢᠮ ᠬᠤᠭᠤᠷᠣᠨᠳᠣ ᠪᠠᠨ ᠠᠪᠴᠠᠯᠳᠤᠵᠤ ᠪᠠᠶᠢᠬᠤ ᠡᠰᠡᠬᠦ᠃             4᠂ ᠠᠵᠢᠯᠯᠠᠭᠠᠨ ᠤ ᠴᠢᠨᠠᠷᠲᠠᠶ ᠦᠨᠡᠯᠡᠭᠡ᠃ ᠭᠤᠣᠯ ᠦᠨᠡᠯᠡᠨ ᠵᠢᠱᠢᠭᠰᠡᠨ ᠪᠢᠴᠢᠭ ᠮᠠᠲ᠋ᠧᠷᠢᠶᠠᠯ ᠨᠢ ᠪᠣᠳᠠᠲᠠᠶ ᠪᠥᠭᠡᠳ ᠪᠣᠯᠤᠮᠵᠢᠲᠠᠶ ᠪᠠᠶᠢᠬᠤ ᠡᠰᠡᠬᠦ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠳᠤᠮᠳᠠᠬᠢ ᠪᠣᠳᠠᠲᠠᠶ ᠠᠰᠠᠭᠤᠳᠠᠯ ᠢ ᠰᠢᠢᠳᠪᠦᠷᠢᠯᠡᠵᠦ ᠴᠢᠳᠠᠬᠤ ᠡᠰᠡᠬᠦ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠨᠢ ᠥᠨᠳᠥᠷ ᠪᠦᠲᠦᠮᠵᠢᠲᠡᠶ ᠪᠠᠶᠢᠬᠤ ᠡᠰᠡᠬᠦ ᠂ ᠠᠷᠠᠳ ᠲᠤ ᠲᠦᠬᠦᠮ ᠦᠵᠡᠭᠦᠯᠦᠭᠰᠡᠨ ᠡᠰᠡᠬᠦ︔ ᠵᠢᠷᠤᠮ ᠨᠢ ᠵᠦᠢ ᠶᠣᠰᠣᠨ ᠤ ᠡᠰᠡᠬᠦ᠂ ᠳᠥᠭᠦᠮ ᠳᠥᠲᠡ᠂ ᠠᠵᠢᠯᠯᠠᠭᠤᠯᠬᠤ ᠳᠤ ᠠᠮᠠᠷᠬᠠᠨ ᠪᠠᠶᠢᠬᠤ ᠡᠰᠡᠬᠦ᠃             5᠂ ᠴᠢᠨᠠᠷ ᠴᠢᠨᠰᠠᠭ᠎ᠠ ᠶᠢᠨ ᠦᠨᠡᠯᠡᠯᠲᠡ ᠶᠢ ᠲᠡᠭᠦᠯᠳᠡᠷᠵᠢᠭᠦᠯᠦᠨ᠎ᠡ᠃ ᠭᠤᠣᠯ ᠪᠣᠯᠬᠤ ᠦᠨᠡᠯᠡᠭᠡᠨ ᠤ ᠪᠢᠴᠢᠭ ᠮᠠᠲ᠋ᠧᠷᠢᠶᠠᠯ ᠳᠤ ᠵᠢᠭᠠᠭᠰᠠᠨ ᠲᠦᠷᠢᠮ ᠨᠢ ᠪᠦᠷᠢᠨ ᠭᠦᠢᠴᠡᠳ ᠪᠠᠶᠢᠬᠤ ᠡᠰᠡᠬᠦ︔ ᠢᠵᠢ ᠪᠦᠷᠢᠳᠦᠭᠦᠯᠬᠦ ᠲᠦᠷᠢᠮ ᠤᠨ ᠪᠠᠲᠤᠯᠠᠭ᠎ᠠ ᠨᠢ ᠪᠦᠷᠢᠨ ᠲᠡᠭᠦᠯᠳᠡᠷ ᠪᠠᠶᠢᠬᠤ ᠡᠰᠡᠬᠦ᠃             6᠂ ᠳᠦᠷᠢᠮᠵᠢᠭᠦᠯᠦᠭᠰᠡᠨ ᠦᠨᠡᠯᠡᠭᠡ᠃ ᠭᠤᠣᠯᠳᠠᠭᠤ ᠪᠢᠴᠢᠭ ᠮᠠᠲ᠋ᠧᠷᠢᠶᠠᠯ ᠤᠨ ᠬᠡᠯᠪᠡᠷᠢ ᠪᠠᠶᠢᠳᠠᠯ ᠤᠨ ᠪᠦᠲᠦᠴᠡ ᠪᠠ ᠦᠰᠦᠭ ᠪᠢᠴᠢᠭ ᠤᠨ ᠲᠣᠭᠠᠴᠢᠯᠲᠠ ᠵᠡᠷᠭᠡ ᠨᠢ ᠵᠢᠷᠤᠮᠵᠢᠯ ᠲᠠᠢ ᠪᠠᠶᠢᠬᠤ ᠡᠰᠡᠬᠦ᠂ ᠯᠣᠭᠢᠭ ᠤᠨ ᠪᠦᠲᠦᠴᠡ ᠨᠢ ᠨᠢᠭᠲᠠ ᠴᠢᠩᠭ᠎ᠠ ᠪᠠᠶᠢᠬᠤ ᠡᠰᠡᠬᠦ᠂ ᠪᠢᠴᠢᠭ ᠮᠠᠲ᠋ᠧᠷᠢᠶᠠᠯ ᠤᠨ ᠵᠥᠪ ᠣᠨᠣᠪᠴᠢᠲᠠᠶ᠂ ᠪᠦᠲᠦᠮᠵᠢᠲᠡᠶ ᠬᠡᠷᠡᠭᠵᠢᠭᠦᠯᠦᠭᠳᠡᠬᠦ ᠶᠢ ᠨᠥᠯᠥᠭᠡᠯᠡᠭᠰᠡᠨ ᠡᠰᠡᠬᠦ ᠶᠢ ᠦᠨᠡᠯᠡᠨ ᠲᠣᠭᠲᠠᠭᠠᠨ᠎ᠠ᠃             7᠂ ᠦᠷ᠎ᠡ ᠪᠦᠲᠦᠮᠵᠢ ᠶᠢᠨ ᠴᠢᠨᠠᠷᠲᠠᠶ ᠦᠨᠡᠯᠡᠭᠡ᠃ ᠭᠤᠣᠯ ᠦᠨᠡᠯᠡᠨ ᠵᠢᠱᠢᠭᠰᠡᠨ ᠪᠢᠴᠢᠭ ᠮᠠᠲ᠋ᠧᠷᠢᠶᠠᠯ ᠢ ᠬᠡᠷᠡᠭᠵᠢᠭᠦᠯᠦᠭᠰᠡᠨ ᠶᠡᠷᠦᠩᠬᠡᠶ ᠪᠠᠶᠢᠳᠠᠯ︔ ᠨᠡᠶᠢᠳᠡᠮ ᠵᠢᠷᠤᠮᠯᠠᠨ ᠬᠡᠷᠡᠭᠵᠢᠭᠦᠯᠵᠦ ᠪᠠᠶᠢᠬᠤ ᠡᠰᠡᠬᠦ᠂ ᠵᠢᠱᠢᠭᠰᠡᠨ ᠵᠣᠷᠢᠯᠭ᠎ᠠ ᠪᠠᠨ ᠪᠡᠶᠡᠯᠡᠭᠦᠯᠵᠦ ᠪᠠᠶᠢᠬᠤ ᠡᠰᠡᠬᠦ︔ ᠬᠡᠷᠡᠭᠵᠢᠭᠦᠯᠦᠭᠡᠳ ᠣᠯᠤᠭᠰᠠᠨ ᠨᠡᠶᠢᠭᠡᠮ ᠤᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠵᠢᠴᠢ ᠲᠤᠭᠤᠰᠢᠯᠠᠭᠤᠯᠤᠨ ᠬᠡᠷᠡᠭᠵᠢᠭᠦᠯᠦᠭᠰᠡᠨ ᠥᠪᠡᠷ ᠤᠨ ᠦᠷᠲᠡᠭ ᠤᠨ ᠦᠷ᠎ᠡ ᠠᠰᠢᠭ ᠤᠨ ᠲᠤᠬᠠᠶ ᠵᠠᠳᠠᠯᠤᠯᠲᠠ ᠶᠢ ᠨᠡᠶᠢᠭᠡᠮ ᠤᠨ ᠡᠯ᠎ᠡ ᠡᠲᠡᠭᠡᠳ ᠤᠨ ᠬᠢᠨ ᠪᠠᠶᠢᠳᠠᠯ ᠢᠶᠠᠨ ᠲᠤᠰᠬᠠᠪᠠ︔ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠠᠷᠭᠠᠴᠠᠬᠤ ᠪᠤᠳᠤᠯᠭ᠎ᠠ ᠶᠢᠨ ᠰᠠᠨᠠᠭᠤᠯᠭ᠎ᠠ︔ ᠲᠤᠰ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠦᠷᠭᠦᠯᠵᠢᠯᠡᠨ ᠬᠡᠷᠡᠭᠵᠢᠭᠦᠯᠬᠦ ᠡᠰᠡᠬᠦ᠂ ᠡᠰᠡᠬᠦᠯ᠎ᠡ ᠨᠡᠮᠡᠯᠲᠡ᠂ ᠥᠭᠡᠷᠡᠴᠢᠯᠡᠯᠲᠡ ᠣᠷᠣᠭᠤᠯᠬᠤ ᠪᠤᠶᠤ ᠬᠦᠴᠦᠨ ᠥᠭᠡᠢ ᠪᠣᠯᠭᠠᠬᠤ ᠱᠠᠭᠠᠷᠳᠠᠯᠭ᠎ᠠ ᠲᠠᠢ᠃             ᠭᠤᠷᠪᠠ᠂ ᠢᠯᠭᠠᠪᠤᠷᠢᠯᠠᠨ ᠴᠡᠭᠴᠡᠯᠡᠭᠰᠡᠨ᠂ ᠦᠨᠡᠯᠡᠨ ᠵᠢᠱᠢᠭᠰᠡᠨ ᠦᠷ᠎ᠡ ᠳ᠋ᠦᠩ             ︵ᠨᠢᠭᠡ︶ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠤᠨ ᠠᠭᠤᠯᠭ᠎ᠠ ᠨᠢ ᠤᠳᠤ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠢᠮ ᠲᠣᠭᠲᠠᠭᠠᠯ ᠵᠢᠴᠢ ᠳᠡᠭᠡᠳᠦ ᠱᠠᠲᠤᠨ ᠤ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠤᠨ ᠲᠣᠭᠲᠠᠭᠠᠯ ᠳᠤ ᠨᠡᠶᠢᠴᠡᠵᠦ᠂ ᠦᠷᠭᠦᠯᠵᠢᠯᠡᠨ ᠦᠯᠡᠳᠡᠭᠡᠬᠦ ᠳᠤ ᠲᠤᠬᠢᠷᠠᠬᠤ ᠶᠢ ᠨᠢ ᠦᠷᠭᠦᠯᠵᠢᠯᠡᠨ ᠬᠦᠴᠦᠨ ᠲᠠᠢ ᠪᠠᠶᠢᠯᠭᠠᠬᠤ ᠶᠢ ᠨᠡᠶᠢᠲᠡᠯᠡᠵᠦ ᠪᠣᠯᠤᠨ᠎ᠠ᠃             ︵ᠬᠤᠶᠠᠷ︶ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠳᠤ ᠳᠠᠷᠠᠭᠠᠬᠢ ᠪᠠᠶᠢᠳᠠᠯ ᠤᠨ ᠨᠢᠭᠡ ᠨᠢ ᠲᠣᠬᠢᠶᠠᠯᠳᠤᠯ ᠳᠤ᠂ ᠬᠦᠴᠦᠨ ᠥᠭᠡᠢ ᠪᠣᠯᠭᠠᠬᠤ ᠪᠠᠷ ᠵᠠᠷᠯᠠᠬᠤ ᠬᠡᠷᠡᠭᠲᠡᠶ᠃             1᠂ ᠠᠭᠤᠯᠭ᠎ᠠ ᠨᠢ ᠲᠣᠭᠲᠠᠭᠠᠬᠤ ᠪᠡᠶᠡᠴᠢ ᠴᠣᠭᠴᠠ ᠶᠢᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢᠨ ᠬᠡᠪᠴᠢᠶ᠎ᠡ ᠠᠴᠠ ᠳᠠᠪᠠᠭᠰᠠᠨ︔             2᠂ ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠵᠢᠴᠢ ᠳᠡᠭᠡᠳᠦ ᠱᠠᠲᠤᠨ ᠤ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠭᠰᠠᠨ ᠪᠤᠶᠤ ᠨᠡᠮᠡᠯᠲᠡ ᠂ ᠥᠭᠡᠷᠡᠴᠢᠯᠡᠯᠲᠡ ᠣᠷᠣᠭᠤᠯᠤᠭᠰᠠᠨ ᠳᠤ ᠨᠡᠶᠢᠴᠡᠬᠦ ᠥᠬᠡᠶ ᠪᠠᠶᠢᠬᠤ︔             3᠂ ᠵᠢᠭᠠᠭᠰᠠᠨ ᠦᠨᠳᠦᠰᠦᠯᠡᠯ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠵᠢᠴᠢ ᠳᠡᠭᠡᠳᠦ ᠱᠠᠲᠤᠨ ᠤ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠭᠰᠠᠨ ᠪᠤᠶᠤ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ︔             4᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠦᠭᠡᠢ ᠪᠠᠶᠢᠬᠤ᠃             ︵ᠭᠤᠷᠪᠠ︶ ᠳᠠᠷᠠᠭᠠᠬᠢ ᠪᠠᠶᠢᠳᠠᠯ ᠤᠨ ᠨᠢᠭᠡ ᠨᠢ ᠪᠠᠶᠢᠬᠤ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠬᠦᠴᠦᠨ ᠥᠭᠡᠢ ᠪᠣᠯᠤᠭᠰᠠᠨ ᠢ ᠵᠠᠷᠯᠠᠨ᠎ᠠ᠃             1᠂ ᠨᠡᠷᠡᠶᠢᠳᠦᠯ ᠤᠨ ︽ᠲᠦᠷ ᠬᠡᠷᠡᠭᠵᠢᠭᠦᠯᠬᠦ︾ ︽ᠲᠤᠷᠰᠢᠨ ᠬᠡᠷᠡᠭᠵᠢᠭᠦᠯᠬᠦ︾ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠬᠡᠷᠡᠭᠵᠢᠭᠦᠯᠦᠭᠡᠳ ᠨᠢᠭᠡᠨᠲᠡ ᠪᠦᠬᠦᠯᠢ 2 ᠵᠢᠯ ᠪᠣᠯᠤᠭᠰᠠᠨ ᠪᠤᠶᠤ ᠨᠢᠭᠡᠨᠲᠡ ᠬᠡᠷᠡᠭᠯᠡᠬᠦ ᠬᠤᠭᠤᠴᠠᠭ᠎ᠠ ᠠᠴᠠ ᠥᠩᠭᠡᠷᠡᠭᠰᠡᠨ ︵︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾᠎ ᠶᠢᠨ ᠬᠤᠷᠢᠨ ᠲᠠᠪᠤᠳᠤᠭᠠᠷ ᠵᠦᠢᠯ ᠳᠤ ᠵᠢᠭᠠᠭᠰᠠᠨ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠤᠨ ᠨᠡᠷᠡᠶᠢᠳᠦᠯ ᠤᠨ ︽ᠲᠦᠷ ᠬᠡᠷᠡᠭᠵᠢᠭᠦᠯᠬᠦ︾ ︽ᠲᠤᠷᠰᠢᠨ ᠬᠡᠷᠡᠭᠵᠢᠭᠦᠯᠬᠦ︾ ᠭᠡᠬᠦ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠬᠡᠷᠡᠭᠵᠢᠭᠦᠯᠦᠭᠡᠳ ᠨᠢᠭᠡᠨᠲᠡ ᠪᠦᠬᠦᠯᠢ 2 ᠵᠢᠯ ᠪᠣᠯᠤᠭᠰᠠᠨ ᠲᠣᠬᠢᠶᠠᠯᠳᠤᠯ ᠳᠤ᠂ ᠬᠦᠴᠦᠨ ᠲᠠᠢ ᠬᠤᠭᠤᠴᠠᠭ᠎ᠠ ᠶᠢ ᠨᠢ ᠤᠷᠲᠤᠳᠬᠠᠵᠤ ᠪᠣᠯᠬᠤ ᠥᠬᠡᠶ︶︔             2᠂ ᠲᠣᠬᠢᠷᠠᠭᠤᠯᠬᠤ ᠡᠳᠡᠬᠡᠳ ᠨᠢ ᠨᠢᠭᠡᠨᠲᠡ ᠠᠯᠠᠭ᠎ᠠ ᠪᠣᠯᠣᠭᠰᠠᠨ ᠪᠤᠶᠤ ᠬᠠᠮᠢᠶᠠᠷᠤᠯᠲᠠ ᠶᠢᠨ ᠠᠷᠭ᠎ᠠ ᠮᠠᠶ᠋ᠢᠭ ᠨᠢ ᠨᠢᠭᠡᠨᠲᠡ ᠥᠭᠡᠷᠡᠴᠢᠯᠡᠭᠳᠡᠭᠰᠡᠨ︔             3᠂ ᠵᠢᠭᠠᠭᠰᠠᠨ ᠬᠡᠷᠡᠭ ᠶᠠᠪᠤᠳᠠᠯ ᠤᠨ ᠡᠭᠦᠷᠭᠡ ᠶᠢ ᠨᠢᠭᠡᠨᠲᠡ ᠪᠡᠶᠡᠯᠡᠭᠦᠯᠦᠭᠰᠡᠨ ᠪᠣᠯᠪᠠᠴᠤ ᠬᠡᠷᠡᠭ ᠳᠡᠭᠡᠷ᠎ᠡ ᠪᠠᠨ ᠨᠢᠭᠡᠨᠲᠡ ᠬᠦᠴᠦᠨ ᠦᠭᠡᠢ ᠪᠣᠯᠤᠭᠰᠠᠨ︔             4᠂ ᠵᠢᠭᠠᠭᠰᠠᠨ ᠦᠨᠳᠦᠰᠦᠯᠡᠯ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠢᠮ ᠲᠣᠭᠲᠠᠭᠠᠯ ᠵᠢᠴᠢ ᠳᠡᠭᠡᠳᠦ ᠱᠠᠲᠤᠨ ᠤ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠨᠢ ᠨᠢᠭᠡᠨᠲᠡ ᠬᠦᠴᠦᠨ ᠥᠭᠡᠢ ᠪᠣᠯᠤᠭᠰᠠᠨ ᠢᠶᠠᠷ ᠨᠡᠶᠢᠲᠡᠯᠡᠭᠳᠡᠭᠰᠡᠨ᠃             ︵ᠲᠥᠷᠪᠡ︶ ᠦᠨᠡᠯᠡᠨ ᠵᠢᠱᠢᠵᠦ ᠳᠠᠭᠤᠰᠤᠭᠰᠠᠨ ᠤ ᠲᠠᠷᠠᠭ᠎ᠠ ᠦᠨᠡᠯᠡᠨ ᠵᠢᠱᠢᠭᠰᠡᠨ ᠮᠡᠳᠡᠭᠦᠯᠦᠯᠲᠡ ᠪᠦᠷᠢᠳᠦᠭᠦᠯᠦᠨ᠎ᠡ᠃ ᠦᠨᠡᠯᠡᠨ ᠵᠢᠱᠢᠭᠰᠡᠨ ᠮᠡᠳᠡᠭᠦᠯᠦᠯᠲᠡ ᠶᠢᠨ ᠭᠤᠣᠯ ᠠᠭᠤᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ᠂ ᠣᠷᠣᠰᠢᠵᠤ ᠪᠠᠶᠢᠭ᠎ᠠ ᠭᠤᠣᠯ ᠠᠰᠠᠭᠤᠳᠠᠯ᠂ ᠦᠨᠡᠯᠡᠨ ᠵᠢᠱᠢᠭᠰᠡᠨ ᠳ᠋ᠦᠩᠨᠡᠯᠲᠡ ᠵᠢᠴᠢ ᠰᠠᠨᠠᠭᠤᠯᠭ᠎ᠠ ᠵᠡᠷᠭᠡ ᠭᠤᠷᠪᠠᠨ ᠬᠡᠰᠡᠭ ᠲᠤ ᠬᠤᠪᠢᠶᠠᠨ᠎ᠠ᠃ ᠨᠢᠭᠡᠳᠦᠭᠡᠷ ᠬᠡᠰᠡᠭ᠂ ᠬᠡᠷᠡᠭᠵᠢᠭᠦᠯᠦᠭᠰᠡᠨ ᠦᠷ᠎ᠡ ᠪᠦᠲᠦᠮᠵᠢ ᠳᠤ ᠭᠤᠤᠯᠳᠠᠭᠤ ᠬᠡᠷᠡᠭᠵᠢᠭᠦᠯᠦᠭᠰᠡᠨ ᠦᠨᠳᠦᠰᠦᠨ ᠨᠥᠬᠦᠴᠡᠯ ᠪᠠᠶᠢᠳᠠᠯ᠂ ᠴᠢᠳᠠᠮᠵᠢ ᠦᠷ᠎ᠡ ᠨᠥᠯᠥᠭᠡ᠂ ᠣᠯᠣᠯᠲᠠ ᠠᠮᠵᠢᠯᠲᠠ ᠵᠡᠷᠭᠡ ᠪᠠᠭᠲᠠᠨ᠎ᠠ᠃ ᠬᠤᠶᠠᠳᠤᠭᠠᠷ ᠬᠡᠰᠡᠭ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠪᠣᠯ ᠭᠤᠣᠯᠳᠠᠭᠤ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠭᠤᠣᠯ ᠠᠰᠠᠭᠤᠳᠠᠯ᠂ ᠪᠣᠳᠠᠲᠠᠶ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ ᠴᠢᠳᠠᠬᠤ ᠡᠰᠡᠬᠦ ᠶᠢᠨ ᠬᠠᠮᠲᠤ ᠵᠢᠱᠢᠭᠰᠡᠨ ᠵᠣᠷᠢᠯᠲᠠ ᠪᠠᠨ ᠪᠡᠶᠡᠯᠡᠭᠦᠯᠵᠦ ᠴᠢᠳᠠᠬᠤ ᠡᠰᠡᠬᠦ ᠶᠠᠪᠤᠳᠠᠯ ᠪᠣᠯᠤᠨ᠎ᠠ᠃ ᠭᠤᠷᠪᠠᠳᠤᠭᠠᠷ ᠬᠡᠰᠡᠭ᠂ ᠦᠨᠡᠯᠡᠨ ᠵᠢᠱᠢᠭᠰᠡᠨ ᠳ᠋ᠦᠩᠨᠡᠯᠲᠡ ᠵᠢᠴᠢ ᠰᠠᠨᠠᠭᠤᠯᠭ᠎ᠠ᠂ ᠡᠭᠦᠨ ᠳᠤ ᠭᠤᠤᠯᠳᠠᠭᠤ ᠦᠨᠡᠯᠡᠨ ᠵᠢᠱᠢᠭᠰᠡᠨ ᠳ᠋ᠦᠩᠨᠡᠯᠲᠡ ᠵᠢᠴᠢ ᠳᠠᠷᠠᠭ᠎ᠠ ᠶᠢᠨ ᠱᠠᠲᠤᠨ ᠳᠤ ᠬᠡᠷᠡᠭᠵᠢᠭᠦᠯᠬᠦ ᠶᠠᠪᠤᠴᠠ ᠳᠠᠬᠢ ᠭᠤᠤᠯᠳᠠᠯᠭ᠎ᠠ ᠲᠠᠢ᠂ ᠪᠡᠷᠬᠡᠲᠡᠶ ᠠᠰᠠᠭᠤᠳᠠᠯ ᠢ ᠬᠡᠷᠬᠢᠨ ᠦᠨᠡᠨ ᠬᠦ ᠰᠢᠢᠳᠪᠦᠷᠢᠯᠡᠬᠦ᠂ ᠬᠡᠷᠡᠭᠵᠢᠭᠦᠯᠬᠦ ᠦᠷ᠎ᠡ ᠪᠦᠲᠦᠮᠵᠢ ᠶᠢ ᠬᠡᠷᠬᠢᠨ ᠳᠡᠭᠡᠭᠰᠢᠯᠡᠭᠦᠯᠬᠦ ᠲᠤᠬᠠᠶ ᠬᠤᠯᠪᠣᠭᠳᠠᠬᠤ ᠰᠠᠨᠠᠯ ᠪᠠ ᠰᠠᠨᠠᠭᠤᠯᠭ᠎ᠠ ᠳᠤᠷᠠᠳᠬᠤ ᠵᠡᠷᠭᠡ ᠪᠠᠭᠲᠠᠨ᠎ᠠ᠃             ᠳᠥᠷᠪᠡ᠂ ᠠᠵᠢᠯ ᠤᠨ ᠬᠤᠪᠢᠶᠠᠷᠢᠯᠠᠯ ᠪᠠ ᠠᠵᠢᠯ ᠤᠨ ᠴᠠᠭ ᠤᠨ ᠬᠢᠵᠠᠭᠠᠷ             ︽ᠬᠡᠨ ᠵᠢᠭᠠᠭᠰᠠᠨ ᠪᠣᠯ ᠲᠡᠷᠡ ᠢᠯᠭᠠᠪᠤᠷᠢᠯᠠᠨ ᠴᠡᠭᠴᠡᠯᠡᠵᠦ᠂ ᠲᠡᠷᠡ ᠦᠨᠡᠯᠡᠭᠡᠨ ᠤ︾ ᠵᠠᠷᠴᠢᠮ ᠢ ᠪᠠᠷᠢᠮᠲᠠᠯᠠᠨ᠂ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠢᠯᠭᠠᠪᠤᠷᠢᠯᠠᠨ ᠴᠡᠭᠴᠡᠯᠡᠵᠦ᠂ ᠦᠨᠡᠯᠡᠭᠡᠨ ᠤ ᠠᠵᠢᠯ ᠢ ᠲᠡᠭᠦᠨ ᠤ ᠵᠢᠭᠠᠭᠰᠠᠨ ᠪᠠᠶᠢᠭᠤᠯᠭ᠎ᠠ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠢᠯᠭᠠᠪᠤᠷᠢᠯᠠᠨ ᠴᠡᠭᠴᠡᠯᠡᠵᠦ᠂ ᠦᠨᠡᠯᠡᠨ ᠲᠣᠭᠲᠠᠭᠠᠨ᠎ᠠ᠃ ᠣᠯᠠᠨ ᠰᠠᠯᠠᠭ᠎ᠠ ᠮᠥᠴᠢᠷ ᠬᠠᠮᠲᠤᠷᠠᠨ ᠦᠢᠯᠡᠳᠦᠨ ᠲᠠᠷᠬᠠᠭᠠᠬᠤ ᠪᠠ ᠣᠯᠠᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠪᠠᠯ᠂ ᠥᠪᠡᠷ ᠤᠨ ᠪᠡᠶ᠎ᠡ ᠪᠠᠷ ᠢᠶᠠᠨ ᠳᠠᠭᠤᠷᠢᠶᠠᠯ ᠪᠣᠯᠣᠨ ᠭᠦᠢᠴᠡᠳᠬᠡᠬᠦ ᠰᠠᠯᠠᠭ᠎ᠠ ᠮᠥᠴᠢᠷ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠢᠯᠭᠠᠪᠤᠷᠢᠯᠠᠨ ᠴᠡᠭᠴᠡᠯᠡᠬᠦ᠂ ᠦᠨᠡᠯᠡᠨ ᠲᠣᠭᠲᠠᠭᠠᠨ᠎ᠠ︔ ᠪᠠᠶᠢᠭᠤᠯᠤᠮᠵᠢ ᠶᠢᠨ ᠨᠡᠮᠡᠯᠲᠡ᠂ ᠥᠭᠡᠷᠡᠴᠢᠯᠡᠯᠲᠡ ᠵᠡᠷᠭᠡ ᠰᠢᠯᠲᠠᠭᠠᠨ ᠠᠴᠠ ᠪᠣᠯᠵᠣ᠂ ᠵᠢᠭᠠᠭᠰᠠᠨ ᠪᠠᠶᠢᠭᠤᠯᠭ᠎ᠠ ︵ᠰᠠᠯᠠᠭ᠎ᠠ ᠮᠥᠴᠢᠷ︶᠎ ᠶᠢ ᠬᠦᠴᠦᠨ ᠥᠬᠡᠶ ᠪᠣᠯᠭᠠᠭᠰᠠᠨ᠂ ᠬᠤᠪᠢᠶᠠᠭᠰᠠᠨ᠂ ᠨᠡᠶᠢᠯᠡᠭᠦᠯᠦᠭᠰᠡᠨ ᠵᠢᠴᠢ ᠡᠭᠦᠷᠭᠡ ᠴᠢᠳᠠᠪᠤᠷᠢ ᠶᠢ ᠨᠢ ᠰᠢᠯᠵᠢᠭᠦᠯᠦᠭᠰᠡᠨ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠲᠡᠭᠦᠨ ᠤ ᠡᠷᠬᠡ ᠲᠤᠰᠢᠶᠠᠯ ᠢ ᠦᠷᠭᠦᠯᠵᠢᠯᠡᠨ ᠬᠡᠷᠡᠭᠵᠢᠭᠦᠯᠵᠦ ᠪᠠᠶᠢᠭ᠎ᠠ ᠪᠠᠶᠢᠭᠤᠯᠭ᠎ᠠ ︵ᠰᠠᠯᠠᠭ᠎ᠠ ᠮᠥᠴᠢᠷ︶᠎ ᠠᠴᠠ ᠬᠠᠷᠢᠭᠤᠴᠠᠨ ᠢᠯᠭᠠᠪᠤᠷᠢᠯᠠᠨ ᠴᠡᠭᠴᠡᠯᠡᠵᠦ᠂ ᠦᠨᠡᠯᠡᠨ ᠲᠣᠭᠲᠠᠭᠠᠨ᠎ᠠ︔ ᠲᠣᠭᠲᠠᠭᠠᠬᠤ ᠭᠤᠣᠯ ᠬᠠᠷᠢᠭᠤᠴᠠᠭᠴᠢ ᠶᠢᠨ ᠬᠢᠷᠢ ᠬᠡᠮ ᠢ ᠪᠦᠷᠢᠳᠦᠭᠦᠯᠦᠭᠰᠡᠨ ᠥᠭᠡᠢ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠬᠠᠷᠢᠶ᠎ᠠ ᠣᠷᠣᠨ ᠤ ᠠᠷᠠᠳ ᠤᠨ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠬᠤᠯᠪᠣᠭᠳᠠᠬᠤ ᠰᠠᠯᠠᠭ᠎ᠠ ᠮᠥᠴᠢᠷ ᠠᠴᠠ ᠢᠯᠭᠠᠪᠤᠷᠢᠯᠠᠨ ᠴᠡᠭᠴᠡᠯᠡᠬᠦ᠂ ᠦᠨᠡᠯᠡᠭᠡᠨ ᠤ ᠠᠵᠢᠯ ᠢ ᠬᠠᠷᠢᠭᠤᠴᠠᠨ᠎ᠠ᠃ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠢᠯᠭᠠᠪᠤᠷᠢᠯᠠᠨ ᠴᠡᠭᠴᠡᠯᠡᠬᠦ᠂ ᠦᠨᠡᠯᠡᠭᠡᠨ ᠤ ᠠᠵᠢᠯ ᠢ ᠡᠷᠬᠡᠪᠰᠢ 7 ᠳ᠋ᠤᠭᠠᠷ ᠰᠠᠷ᠎ᠠ ᠶᠢᠨ 10᠎ ᠤ ᠡᠳᠦᠷ ᠠᠴᠠ ᠡᠮᠦᠨ᠎ᠡ ᠳᠠᠭᠤᠰᠬᠠᠬᠤ ᠬᠡᠷᠡᠭᠲᠡᠶ᠃             ︵ᠨᠢᠭᠡ︶ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠲᠣᠭᠲᠠᠭᠠᠨ ᠲᠠᠷᠬᠠᠭᠠᠭᠰᠠᠨ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠢᠯᠭᠠᠪᠤᠷᠢᠯᠠᠨ ᠴᠡᠭᠴᠡᠯᠡᠬᠦ ᠂ ᠦᠨᠡᠯᠡᠨ ᠴᠡᠭᠴᠡᠯᠡᠨ᠎ᠡ᠃ ᠲᠤᠰ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠰᠠᠯᠠᠭ᠎ᠠ ᠮᠥᠴᠢᠷ ᠪᠤᠶᠤ ᠬᠡᠷᠡᠭᠵᠢᠭᠦᠯᠬᠦ ᠰᠠᠯᠠᠭ᠎ᠠ ᠮᠥᠴᠢᠷ ᠠᠴᠠ ᠢᠯᠭᠠᠪᠤᠷᠢᠯᠠᠨ ᠴᠡᠭᠴᠡᠯᠡᠬᠦ᠂ ᠦᠨᠡᠯᠡᠭᠡᠨ ᠤ ᠠᠵᠢᠯ ᠢ ᠬᠠᠷᠢᠭᠤᠴᠠᠨ᠎ᠠ ︵ᠬᠠᠪᠰᠤᠷᠤᠯᠲᠠ 5᠎ ᠶᠢ ᠦᠵᠡ︶᠂ ᠢᠯᠭᠠᠪᠤᠷᠢᠯᠠᠨ ᠴᠡᠭᠴᠡᠯᠡᠬᠦ ᠰᠠᠨᠠᠭᠤᠯᠭ᠎ᠠ ᠪᠠ ᠤᠴᠢᠷ ᠰᠢᠯᠲᠠᠭᠠᠨ ᠢᠶᠠᠨ ᠳᠤᠷᠠᠳᠬᠤ ᠶᠢᠨ ᠬᠠᠮᠲᠤ ᠦᠨᠡᠯᠡᠨ ᠵᠢᠱᠢᠭᠰᠡᠨ ᠮᠡᠳᠡᠭᠦᠯᠦᠯᠲᠡ ᠵᠣᠬᠢᠶᠠᠵᠤ᠂ ︽ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠨᠡᠷ᠎ᠡ ᠪᠠᠷ ᠵᠣᠬᠢᠶᠠᠵᠤ ᠲᠠᠷᠬᠠᠭᠠᠭᠰᠠᠨ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠢᠯᠭᠠᠪᠤᠷᠢᠯᠠᠨ ᠴᠡᠭᠴᠡᠯᠡᠬᠦ᠂ ᠦᠨᠡᠯᠡᠭᠡᠨ ᠤ ᠰᠠᠨᠠᠭᠤᠯᠭ᠎ᠠ ᠶᠢᠨ ᠬᠦᠰᠦᠨᠦᠭᠲᠦ︾᠎ ᠶᠢ ᠪᠦᠷᠢᠳᠦᠭᠦᠯᠵᠦ᠂ ᠭᠤᠤᠯ ᠬᠠᠷᠢᠭᠤᠴᠠᠯᠭᠠᠲᠠᠨ ᠢᠶᠠᠷ ᠭᠠᠷ ᠤᠨ ᠥᠰᠥᠭ ᠵᠢᠷᠤᠭᠤᠯᠬᠤ ᠶᠢᠨ ᠬᠠᠮᠲᠤ ᠠᠯᠪᠠᠨ ᠲᠠᠮᠠᠭ᠎ᠠ ᠳᠠᠷᠤᠭᠤᠯᠤᠭᠰᠠᠨ ᠤ ᠳᠠᠷᠠᠭ᠎ᠠ᠂ 2021 ᠣᠨ ᠤ 7 ᠳ᠋ᠤᠭᠠᠷ ᠰᠠᠷ᠎ᠠ ᠶᠢᠨ 10᠎ ᠤ ᠡᠳᠦᠷ ᠠᠴᠠ ᠡᠮᠦᠨ᠎ᠡ ᠬᠠᠪᠰᠤᠷᠤᠯᠲᠠ ᠨᠢᠭᠡ᠄ ᠪᠠ ᠦᠨᠡᠯᠡᠨ ᠵᠢᠱᠢᠭᠰᠡᠨ ᠮᠡᠳᠡᠭᠦᠯᠦᠯᠲᠡ ᠪᠠᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠨ᠎ᠡ᠃ ᠪᠤᠰᠤᠳ ᠬᠤᠯᠪᠣᠭᠳᠠᠬᠤ ᠰᠠᠯᠠᠭ᠎ᠠ ᠮᠥᠴᠢᠷ ᠠᠴᠠ ᠰᠠᠨᠠᠯ ᠳᠤᠷᠠᠳᠬᠤ ᠱᠠᠭᠠᠷᠳᠠᠯᠭ᠎ᠠ ᠲᠠᠢ ᠪᠣᠯ᠂ ᠥᠪᠡᠷ ᠤᠨ ᠪᠡᠶ᠎ᠡ ᠪᠠᠷ ᠢᠶᠠᠨ ᠳᠠᠭᠤᠷᠢᠶᠠᠯ ᠪᠣᠯᠣᠨ ᠭᠦᠢᠴᠡᠳᠬᠡᠬᠦ ᠰᠠᠯᠠᠭ᠎ᠠ ᠮᠥᠴᠢᠷ ᠠᠴᠠ ᠪᠤᠰᠤᠳ ᠬᠤᠯᠪᠣᠭᠳᠠᠬᠤ ᠰᠠᠯᠠᠭ᠎ᠠ ᠮᠥᠴᠢᠷ ᠤᠨ ᠰᠠᠨᠠᠯ ᠢ ᠭᠦᠢᠴᠡᠳ ᠰᠣᠨᠣᠰᠬᠤ ᠶᠢᠨ ᠬᠠᠮᠲᠤ ᠵᠣᠬᠢᠴᠠᠭᠤᠯᠤᠨ ᠨᠢᠭᠡᠳᠬᠡᠭᠰᠡᠨ ᠤ ᠳᠠᠷᠠᠭ᠎ᠠ ᠢᠯᠭᠠᠪᠤᠷᠢᠯᠠᠨ ᠴᠡᠭᠴᠡᠯᠡᠬᠦ᠂ ᠦᠨᠡᠯᠡᠭᠡᠨ ᠤ ᠰᠠᠨᠠᠯ ᠢ ᠬᠠᠮᠲᠤ ᠪᠠᠷ ᠪᠦᠷᠢᠯᠳᠦᠭᠦᠯᠵᠦ᠂ 2021 ᠣᠨ ᠤ 7 ᠳ᠋ᠤᠭᠠᠷ ᠰᠠᠷ᠎ᠠ ᠶᠢᠨ 10᠎ ᠤ ᠡᠳᠦᠷ ᠠᠴᠠ ᠡᠮᠦᠨ᠎ᠡ ᠬᠠᠪᠰᠤᠷᠤᠯᠲᠠ ᠨᠢᠭᠡ᠄ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠢᠯᠭᠠᠪᠤᠷᠢᠯᠠᠨ ᠴᠡᠭᠴᠡᠯᠡᠭᠰᠡᠨ ᠮᠡᠳᠡᠭᠦᠯᠦᠯᠲᠡ᠂ ᠦᠨᠡᠯᠡᠨ ᠵᠢᠱᠢᠭᠰᠡᠨ ᠮᠡᠳᠡᠭᠦᠯᠦᠯᠲᠡ ᠶᠢ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ᠎ᠡ᠃ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠮᠡᠳᠡᠭᠦᠯᠦᠨ ᠬᠦᠷᠭᠡᠭᠰᠡᠨ ᠢᠯᠭᠠᠪᠤᠷᠢᠯᠠᠨ ᠳᠢᠭᠯᠡᠬᠦ ᠰᠠᠨᠠᠯ᠂ ᠦᠨᠡᠯᠡᠨ ᠵᠢᠱᠢᠭᠰᠡᠨ ᠮᠡᠳᠡᠭᠦᠯᠦᠯᠲᠡ ᠶᠢ ᠬᠤᠷᠢᠶᠠᠩᠭᠤᠶᠢᠯᠠᠨ ᠡᠮᠬᠢᠯᠡᠵᠦ ᠳᠢᠭᠯᠡᠭᠰᠡᠨ ᠤ ᠳᠠᠷᠠᠭ᠎ᠠ᠂ ᠬᠤᠯᠪᠣᠭᠳᠠᠬᠤ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠦᠷᠭᠦᠯᠵᠢᠯᠡᠨ ᠬᠦᠴᠦᠨ ᠲᠠᠢ ᠪᠠᠶᠢᠯᠭᠠᠬᠤ᠂ ᠬᠦᠴᠦᠨ ᠥᠬᠡᠶ ᠪᠣᠯᠭᠠᠬᠤ᠂ ᠬᠦᠴᠦᠨ ᠥᠬᠡᠶ ᠪᠣᠯᠭᠠᠬᠤ ᠵᠡᠷᠭᠡ ᠰᠢᠢᠳᠪᠦᠷᠢᠯᠡᠬᠦ ᠰᠠᠨᠠᠯ ᠢ ᠪᠣᠶ ᠪᠣᠯᠭᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃             ︵ᠬᠤᠶᠠᠷ︶ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠪᠠᠨ ᠬᠡᠷ ᠤᠨ ᠲᠣᠭᠲᠠᠭᠠᠨ ᠲᠠᠷᠬᠠᠭᠠᠭᠰᠠᠨ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠢᠯᠭᠠᠪᠤᠷᠢᠯᠠᠨ ᠴᠡᠭᠴᠡᠯᠡᠬᠦ᠂ ᠦᠨᠡᠯᠡᠨ ᠴᠡᠭᠴᠡᠯᠡᠨ᠎ᠡ᠃ ᠡᠯ᠎ᠡ ᠨᠢᠭᠡᠴᠢ ᠠᠴᠠ ᠬᠠᠤᠯᠢ ᠳᠤ ᠵᠢᠭᠠᠭᠰᠠᠨ ᠳᠠᠷᠠᠭᠠᠯᠠᠯ ᠤᠨ ᠶᠣᠰᠣᠭᠠᠷ ᠥᠪᠡᠷᠲᠡᠭᠡᠨ ᠢᠯᠭᠠᠪᠤᠷᠢᠯᠠᠨ ᠴᠡᠭᠴᠡᠯᠡᠵᠦ᠂ ᠦᠨᠡᠯᠡᠨ ᠵᠢᠱᠢᠵᠦ᠂ ᠡᠭᠦᠨ ᠳᠤ ᠭᠤᠣᠯ ᠬᠠᠷᠢᠭᠤᠴᠠᠭᠴᠢ ᠶᠢᠨ ᠬᠢᠷᠢ ᠬᠡᠮ ᠢ ᠲᠣᠭᠲᠠᠭᠠᠬᠤ ᠥᠬᠡᠶ ᠵᠣᠬᠢᠶᠠᠨ ᠪᠠᠶᠢᠭᠤᠯᠤᠯᠲᠠ᠂ ᠪᠠᠶᠢᠭᠤᠯᠤᠮᠵᠢ ᠶᠢᠨ ᠵᠢᠭᠠᠭᠰᠠᠨ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠪᠠᠭᠲᠠᠭᠠᠨ᠎ᠠ᠂ 2021 ᠣᠨ ᠤ 7 ᠳ᠋ᠤᠭᠠᠷ ᠰᠠᠷ᠎ᠠ ᠶᠢᠨ 10᠎ ᠤ ᠡᠳᠦᠷ ᠠᠴᠠ ᠡᠮᠦᠨ᠎ᠡ᠂ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠢᠯᠭᠠᠪᠤᠷᠢᠯᠠᠨ ᠴᠡᠭᠴᠡᠯᠡᠭᠰᠡᠨ᠂ ᠦᠨᠡᠯᠡᠨ ᠵᠢᠱᠢᠭᠰᠡᠨ ᠪᠠᠶᠢᠳᠠᠯ ᠤᠨ ᠮᠡᠳᠡᠭᠦᠯᠦᠯᠲᠡ ᠵᠢᠴᠢ ︽ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠢᠯᠭᠠᠪᠤᠷᠢᠯᠠᠨ ᠴᠡᠭᠴᠡᠯᠡᠭᠰᠡᠨ᠂ ᠦᠨᠡᠯᠡᠨ ᠵᠢᠱᠢᠭᠰᠡᠨ ᠠᠵᠢᠯ ᠤᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ︾ ︵ᠬᠠᠪᠰᠤᠷᠤᠯᠲᠠ ᠬᠤᠶᠠᠷ᠄ ᠢ ᠦᠵᠡ︶᠂ ︽ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠢᠯᠭᠠᠪᠤᠷᠢᠯᠠᠨ ᠴᠡᠭᠴᠡᠯᠡᠭᠰᠡᠨ ᠭᠠᠷᠴᠠᠭ︾ ︵ᠬᠠᠪᠰᠤᠷᠤᠯᠲᠠ ᠭᠤᠷᠪᠠ᠄ ᠶᠢ ᠦᠵᠡ︶᠂ ︽ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠦᠨᠡᠯᠡᠨ ᠵᠢᠱᠢᠭᠰᠡᠨ ᠭᠠᠷᠴᠠᠭ︾ ︵ᠬᠠᠪᠰᠤᠷᠤᠯᠲᠠ 4᠎ ᠶᠢ ᠦᠵᠡ︶᠎ ᠢ ᠬᠠᠮᠲᠤ ᠳᠤᠨᠢ ᠴᠠᠬᠢᠮ ᠬᠡᠪᠯᠡᠯ ᠢ ᠳᠠᠭᠠᠯᠳᠤᠭᠤᠯᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ᠎ᠡ᠃             ᠲᠠᠪᠤ᠂ ᠵᠣᠬᠢᠶᠠᠨ ᠪᠠᠶᠢᠭᠤᠯᠤᠯᠲᠠ ᠂ ᠬᠡᠷᠡᠭᠵᠢᠭᠦᠯᠦᠯᠲᠡ             ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠨᠢᠭᠡᠴᠢ᠂ ᠡᠯ᠎ᠡ ᠰᠤᠮᠤ ᠪᠠᠯᠭᠠᠰᠤ ᠨᠤᠭᠤᠳ ᠢᠯᠭᠠᠪᠤᠷᠢᠯᠠᠨ ᠴᠡᠭᠴᠡᠯᠡᠬᠦ᠂ ᠦᠨᠡᠯᠡᠭᠡᠨ ᠤ ᠠᠵᠢᠯ ᠤᠨ ᠠᠴᠢ ᠬᠤᠯᠪᠣᠭᠳᠠᠯ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠢᠯᠭᠠᠪᠤᠷᠢᠯᠠᠨ ᠴᠡᠭᠴᠡᠯᠡᠬᠦ᠂ ᠦᠨᠡᠯᠡᠭᠡᠨ ᠤ ᠠᠵᠢᠯ ᠢ ᠲᠣᠰ ᠨᠢᠭᠡᠴᠢ ᠶᠢᠨ ᠢᠶᠠᠨ ᠬᠠᠤᠯᠢ ᠪᠠᠷ ᠵᠠᠰᠠᠭᠯᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠡᠷᠴᠢᠮᠲᠡᠢ ᠤᠷᠤᠭᠰᠢ ᠠᠬᠢᠭᠤᠯᠬᠤ ᠠᠵᠢᠯ ᠤᠨ ᠴᠢᠬᠤᠯᠠ ᠠᠵᠢᠯ ᠤᠨ ᠡᠭᠦᠷᠭᠡ ᠪᠣᠯᠭᠠᠵᠤ᠂ ᠢᠯᠭᠠᠪᠤᠷᠢᠯᠠᠨ ᠴᠡᠭᠴᠡᠯᠡᠬᠦ᠂ ᠦᠨᠡᠯᠡᠭᠡᠨ ᠤ ᠠᠵᠢᠯ ᠤᠨ ᠤᠷᠤᠭᠰᠢᠲᠠᠶ ᠪᠡᠶᠡᠯᠡᠭᠳᠡᠬᠦ ᠶᠢ ᠦᠨᠡᠨᠬᠦ ᠪᠠᠲᠤᠯᠠᠭᠠᠵᠢᠭᠤᠯᠤᠨ᠎ᠠ᠃             ︵ᠬᠤᠶᠠᠷ︶ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠪᠠᠶᠢᠷᠢᠯᠠᠭᠤᠯᠤᠨ᠎ᠠ᠃ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠢᠯᠭᠠᠪᠤᠷᠢᠯᠠᠨ ᠴᠡᠭᠴᠡᠯᠡᠬᠦ᠂ ᠦᠨᠡᠯᠡᠭᠡᠨ ᠤ ᠠᠵᠢᠯ ᠨᠢ ᠲᠥᠷᠥ ᠶᠢᠨ ᠪᠤᠳᠤᠯᠭ᠎ᠠ ᠶᠢᠨ ᠴᠢᠨᠠᠷ ᠢᠶᠠᠷ ᠴᠢᠩᠭ᠎ᠠ᠂ ᠬᠤᠯᠪᠣᠭᠳᠠᠬᠤ ᠬᠡᠪᠴᠢᠶ᠎ᠡ ᠨᠢ ᠥᠷᠭᠡᠨ᠂ ᠠᠵᠢᠯ ᠤᠨ ᠬᠡᠮᠵᠢᠶ᠎ᠡ ᠨᠢ ᠶᠡᠭᠡ ᠪᠣᠯᠬᠤᠷ᠂ ᠡᠯ᠎ᠡ ᠨᠢᠭᠡᠴᠢ ᠨᠦᠭᠦᠳ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠠᠵᠢᠯ ᠤᠨ ᠪᠣᠳᠠᠲᠤ ᠨᠥᠬᠦᠴᠡᠯ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠨᠢᠭᠲᠠ ᠲᠣᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠲᠥᠰᠦᠯ ᠲᠣᠭᠲᠠᠭᠠᠨ᠂ ᠠᠵᠢᠯ ᠤᠨ ᠴᠠᠭ ᠤᠨ ᠬᠢᠵᠠᠭᠠᠷ ᠢᠶᠠᠨ ᠲᠣᠳᠣᠷᠬᠠᠶᠢᠯᠠᠨ᠂ ᠠᠵᠢᠯ ᠤᠨ ᠨᠠᠶᠢᠳᠠᠪᠤᠷᠢᠵᠢᠭᠤᠯᠤᠯᠲᠠ ᠪᠠᠨ ᠴᠢᠩᠭᠠᠷᠠᠭᠤᠯᠵᠤ᠂ ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠴᠠᠭ ᠲᠤᠬᠠᠶ ᠳᠤᠨᠢ ᠨᠡᠶᠢᠭᠡᠮ ᠳᠤ ᠢᠯᠠ ᠪᠠᠷ ᠢᠯᠭᠠᠪᠤᠷᠢᠯᠠᠨ ᠴᠡᠭᠴᠡᠯᠡᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠦᠨᠡᠯᠡᠨ ᠵᠢᠱᠢᠵᠦ᠂ ᠢᠯᠭᠠᠪᠤᠷᠢᠯᠠᠨ ᠴᠡᠭᠴᠡᠯᠡᠬᠦ᠂ ᠦᠨᠡᠯᠡᠭᠡᠨ ᠤ ᠠᠵᠢᠯ ᠤᠨ ᠨᠡᠮᠡᠭᠦᠦ ᠦᠷ᠎ᠡ ᠥᠭᠭᠦᠭᠡᠵᠢ ᠲᠠᠢ ᠪᠡᠶᠡᠯᠡᠭᠳᠡᠬᠦ ᠶᠢ ᠦᠨᠡᠨᠬᠦ ᠪᠠᠲᠤᠯᠠᠭᠠᠵᠢᠭᠤᠯᠤᠨ᠎ᠠ᠃             ︵ᠭᠤᠷᠪᠠ︶ ᠵᠢᠯᠣᠭᠤᠳᠣᠯᠭ᠎ᠠ ᠪᠠᠨ ᠴᠢᠩᠭᠠᠳᠬᠠᠵᠤ᠂ ᠬᠢᠨᠠᠯᠲᠠ ᠲᠠᠯᠪᠢᠯᠲᠠ ᠪᠠᠨ ᠴᠢᠩᠭᠠᠷᠠᠭᠤᠯᠤᠨ᠎ᠠ᠃ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠢ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠢᠯᠭᠠᠪᠤᠷᠢᠯᠠᠨ ᠴᠡᠭᠴᠡᠯᠡᠬᠦ᠂ ᠦᠨᠡᠯᠡᠭᠡᠨ ᠤ ᠠᠵᠢᠯ ᠢ ᠰᠢᠮᠳᠠᠭᠤᠯᠬᠤ ᠪᠠ ᠵᠢᠯᠣᠭᠤᠳᠬᠤ ᠪᠠᠨ ᠴᠢᠩᠭᠠᠳᠬᠠᠨ᠎ᠠ᠃ ᠡᠯ᠎ᠡ ᠨᠢᠭᠡᠴᠢ᠂ ᠡᠯ᠎ᠡ ᠰᠤᠮᠤ ᠪᠠᠯᠭᠠᠰᠤ ᠨᠢ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ ᠢ ᠢᠯᠭᠠᠪᠤᠷᠢᠯᠠᠨ ᠴᠡᠭᠴᠡᠯᠡᠬᠦ᠂ ᠦᠨᠡᠯᠡᠭᠡᠨ ᠤ ᠠᠵᠢᠯ ᠤᠨ ᠳᠤᠮᠳᠠ ᠬᠡᠷᠪᠡ ᠠᠰᠠᠭᠤᠳᠠᠯ ᠲᠠᠢ ᠪᠣᠯ᠂ ᠲᠡᠷᠡ ᠳᠠᠷᠤᠢ ᠳᠤᠨᠢ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠷᠢᠯᠴᠠᠵᠤ᠂ ᠵᠥᠪᠳᠡᠯᠴᠡᠨ ᠨᠡᠪᠲᠡᠷᠡᠯᠴᠡᠬᠦ ᠪᠠᠨ ᠴᠢᠩᠭᠠᠳᠬᠠᠵᠤ᠂ ᠠᠰᠠᠭᠤᠳᠠᠯ ᠢ ᠰᠤᠳᠤᠯᠤᠨ ᠵᠣᠬᠢᠴᠠᠭᠤᠯᠤᠨ᠎ᠠ᠃             ᠬᠠᠷᠢᠯᠴᠠᠬᠤ ᠬᠥᠮᠦᠨ᠄ ᠸᠠᠩ ᠰᠢᠤᠸᠠᠢ ᠮᠧᠩ       ᠬᠠᠷᠢᠯᠴᠠᠬᠤ ᠤᠲᠠᠰᠤ᠄ 0483 — 8224376             http://www.alszq.gov.cn/art/2021/11/1/art_2094_394850.html?xxgkhide=1                               C020Y008 ᠱᠤᠭᠤᠮ ᠠᠴᠠ ᠵᠠᠬ᠎ᠠ ᠪᠦ᠋ᠷᠦᠭ ᠬᠦᠷᠬᠦ ᠵᠠᠰᠠᠮᠠᠯ ᠵᠠᠮ ᠤᠨ ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠤᠨ ᠳᠠᠭᠠᠭᠠᠴᠢᠯᠠᠯᠲᠠ ᠣᠯᠤᠭᠰᠠᠨ ᠮᠡᠳᠡᠭᠳᠡᠯ ᠤᠨ ᠪᠢᠴᠢᠭ             http://www.alszq.gov.cn/module/download/downfile.jsp?classid=0&filename=52004b33cf0e4201986ee0bb7f1b95a7.pdf      ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号