ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢᠨ ᠨᠥᠬᠦᠪᠥᠷᠢ ᠶᠢ ᠥᠷᠨᠢᠭᠦᠯᠬᠦ ᠲᠤᠬᠠᠶ ᠣᠯᠠᠨᠪᠤᠯᠠᠭ ᠪᠠᠯᠭᠠᠰᠤ ᠶᠢᠨ ᠮᠡᠳᠡᠭᠳᠡᠯ
ᠨᠡᠶᠢᠲᠡᠯᠡᠭᠰᠡᠨ ᠴᠠᠭ᠄
2021/12/17
      ᠠᠵᠤ ᠠᠬᠤᠶᠢᠯᠠᠯ ᠤᠨ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠠᠬᠢᠭᠤᠯᠤᠨ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠬᠦᠴᠢᠷᠳᠡᠯᠲᠡᠶ ᠣᠯᠠᠨ ᠲᠦᠮᠡᠨ ᠳᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ᠂ ᠶᠠᠳᠠᠭᠤᠷᠠᠯ ᠠᠴᠠ ᠠᠩᠭᠢᠵᠢᠷᠠᠭᠤᠯᠬᠤ ᠳᠠᠪᠠᠨ ᠲᠤᠭᠤᠯᠬᠤ ᠠᠵᠢᠯ ᠳᠤ ᠬᠦᠴᠦ ᠨᠡᠮᠡᠷᠢᠯᠡᠬᠦ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠭᠤᠸᠠᠩ ᠬᠤᠶ ᠰᠢᠩᠭᠡᠵᠢᠭᠦᠯᠦᠭᠰᠡᠨ ᠰᠢᠲᠠᠬᠤᠨ ᠤ ᠡᠵᠡᠩᠨᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠰᠢᠩᠭᠡᠵᠢᠭᠦᠯᠦᠭᠰᠡᠨ ᠴᠢᠯᠠᠭᠤᠨ ᠲᠣᠰᠣᠨ ᠤ ᠰᠢᠲᠠᠬᠤᠨ ᠪᠠᠷ ᠠᠷᠠᠳ ᠲᠤ ᠠᠰᠢᠭ ᠬᠦᠷᠲᠡᠭᠡᠬᠦ ᠨᠥᠬᠦᠪᠥᠷᠢ ᠶᠢᠨ ᠠᠵᠢᠯᠯᠠᠭ᠎ᠠ ᠥᠷᠨᠢᠭᠦᠯᠬᠦ ᠪᠠᠷ ᠪᠠᠶᠢᠨ᠎ᠠ᠂ ᠮᠠᠯᠴᠢᠨ ᠲᠠᠷᠢᠶᠠᠴᠢᠨ ᠨᠠᠶᠢᠵᠠ ᠨᠠᠷ ᠬᠠᠷᠢᠯᠴᠠᠨ ᠳᠠᠮᠵᠢᠭᠤᠯᠬᠤ ᠶᠢ ᠬᠦᠰᠡᠵᠦ ᠪᠠᠶᠢᠨ᠎ᠠ᠃             ᠨᠢᠭᠡ᠂ ᠠᠵᠢᠯᠯᠠᠭ᠎ᠠ ᠶᠢᠨ ᠬᠤᠭᠤᠴᠠᠭ᠎ᠠ             ᠲᠣᠰ ᠤᠳᠠᠭᠠᠨ ᠤ ᠠᠵᠢᠯᠯᠠᠭ᠎ᠠ ᠶᠢᠨ ᠴᠠᠭ ᠨᠢ ᠨᠢᠭᠡ ᠵᠢᠯ ︵ᠳᠠᠷᠤᠶ 2021 ᠣᠨ ᠤ 3 ᠳ᠋ᠤᠭᠠᠷ ᠰᠠᠷ᠎ᠠ ᠶᠢᠨ 22᠎ ᠤᠨ ᠡᠳᠦᠷ — 2022 ᠣᠨ ᠤ 3 ᠳ᠋ᠤᠭᠠᠷ ᠰᠠᠷ᠎ᠠ ᠶᠢᠨ 22᠎ ᠤᠨ ᠡᠳᠦᠷ︶             ᠬᠤᠶᠠᠷ᠂ ᠨᠥᠬᠦᠪᠥᠷᠢ ᠥᠭᠬᠦ ᠬᠡᠪᠴᠢᠶ᠎ᠡ             ᠪᠥᠬᠦ ᠬᠤᠰᠢᠭᠤᠨ ᠤ ᠬᠡᠪᠴᠢᠶᠡᠨ ᠳᠠᠬᠢ ᠶᠠᠳᠠᠭᠤ ᠬᠦᠴᠢᠷᠳᠡᠯᠲᠡᠶ ᠡᠷᠦᠬᠡ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ ᠣᠨᠴᠠ ᠬᠦᠴᠢᠷᠳᠡᠯᠲᠡᠶ ᠡᠷᠦᠬᠡ ︵ᠶᠠᠳᠠᠭᠤᠰ ᠢ ᠲᠡᠳᠬᠦᠬᠦ ᠭᠠᠷ ᠳᠡᠪᠲᠡᠷ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠦᠨᠡᠮᠯᠡᠯ ᠪᠠ ᠣᠨᠴᠠ ᠬᠦᠴᠢᠷᠳᠡᠯᠲᠡᠶ ᠬᠥᠮᠦᠰ ᠢ ᠠᠰᠠᠷᠠᠨ ᠠᠷᠠᠴᠢᠯᠠᠬᠤ ᠦᠨᠡᠮᠯᠡᠯ ᠲᠠᠢ︶             ᠭᠤᠷᠪᠠ᠂ ᠠᠵᠢᠯᠯᠠᠭ᠎ᠠ ᠶᠢᠨ ᠠᠭᠤᠯᠭ᠎ᠠ             ᠨᠥᠬᠦᠪᠥᠷᠢ ᠶᠢᠨ ᠬᠡᠪᠴᠢᠶᠡᠨ ᠳᠣᠲᠣᠷᠠᠬᠢ ᠬᠥᠮᠦᠰ ᠬᠦᠴᠦᠨ ᠪᠥᠬᠦᠶ ᠭᠡᠷᠡᠴᠢ ᠪᠠᠷ ᠢᠶᠠᠨ ᠠᠯᠠᠱᠠ ᠵᠡᠭᠦᠨ ᠬᠤᠰᠢᠭᠤᠨ ᠤ ᠭᠤᠸᠠᠩ ᠬᠦᠶ ᠶᠢᠨ ᠰᠢᠩᠭᠡᠨ ᠰᠢᠲᠠᠬᠤᠨ ᠤ ᠡᠵᠡᠩᠨᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ ᠰᠠᠪᠠ ᠲᠠᠢ ᠰᠢᠩᠭᠡᠨ ᠰᠢᠲᠠᠬᠤᠨ ᠢ ᠳᠦᠭᠦᠷᠭᠡᠨ ᠰᠠᠪᠠᠯᠠᠭᠰᠠᠨ ᠲᠣᠬᠢᠶᠠᠯᠳᠤᠯ ᠳᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠰᠠᠭᠤᠷᠢᠨ ᠳᠡᠭᠡᠷ᠎ᠡ ᠨᠥᠬᠦᠪᠥᠷᠢ ᠣᠯᠭᠤᠬᠤ ᠬᠠᠷᠠᠭᠠᠯᠵᠠᠯ ᠦᠵᠡᠭᠦᠯᠦᠨ᠎ᠡ᠃                  ᠳᠥᠷᠪᠡ᠂ ᠠᠵᠢᠯᠯᠠᠭ᠎ᠠ ᠬᠢᠬᠦ ᠭᠠᠵᠠᠷ             ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠪᠠᠷᠠᠭᠤᠨ ᠬᠤᠲᠠ ᠶᠢᠨ ᠲᠣᠭᠤᠷᠢᠭ ᠤᠨ ᠬᠤᠷᠢᠭᠤᠯ ᠤᠨ ᠭᠠᠵᠠᠷ ᠤᠨ ᠡᠮᠦᠨ᠎ᠡ ᠲᠠᠯ᠎ᠠ ᠶᠢᠨ ᠠᠯᠠᠱᠠ ᠵᠡᠭᠦᠨ ᠬᠤᠰᠢᠭᠤᠨ ᠤ ᠭᠤᠸᠠᠩ ᠬᠤᠢ ᠰᠢᠩᠭᠡᠨ ᠰᠢᠲᠠᠬᠤᠨ ᠤ ᠡᠵᠡᠩᠨᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠦᠷᠢᠶᠡᠨ ᠳᠤ ᠪᠤᠢ  ᠃             ᠲᠠᠪᠤ᠂ ᠠᠵᠢᠯᠯᠠᠭ᠎ᠠ ᠶᠢᠨ ᠢᠯᠡᠷᠬᠡᠶᠢᠯᠡᠯᠲᠡ             ︵ᠨᠢᠭᠡ︶ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠶᠠᠳᠠᠭᠤ ᠬᠦᠴᠢᠷᠳᠡᠯᠲᠡᠶ ᠡᠷᠦᠬᠡ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ ᠣᠨᠴᠠ ᠬᠦᠴᠢᠷᠳᠡᠯᠲᠡᠶ ᠡᠷᠦᠬᠡ ᠳᠤ ᠬᠠᠨᠳᠤᠭᠤᠯᠤᠨ ᠬᠠᠶᠢᠷ᠎ᠠ ᠬᠠᠯᠠᠮᠵᠢ ᠬᠦᠷᠲᠡᠭᠡᠬᠦ ᠶᠢᠨ ᠲᠥᠯᠥᠭᠡ ᠶᠤᠮ᠂ ᠡᠭᠦᠨ ᠠᠴᠠ ᠳᠡᠭᠡᠭᠰᠢᠬᠢ ᠪᠤᠰᠤ ᠬᠥᠮᠦᠰ ᠤᠨ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠬᠤ ᠶᠢ ᠬᠠᠲᠠᠭᠤ ᠬᠤᠷᠢᠭᠯᠠᠨ᠎ᠠ᠂ ᠣᠯᠵᠤ ᠮᠡᠳᠡᠪᠡᠯ᠂ ᠬᠤᠯᠪᠣᠭᠳᠠᠬᠤ ᠬᠥᠮᠦᠰ ᠤᠨ ᠬᠠᠷᠢᠭᠤᠴᠠᠯᠭ᠎ᠠ ᠲᠣᠭᠠᠴᠠᠬᠤ ᠶᠢᠨ ᠬᠠᠮᠲᠤ ᠨᠥᠬᠦᠪᠥᠷᠢ ᠥᠭᠬᠦ ᠬᠢᠷᠢ ᠬᠡᠮ ᠢ ᠨᠢ ᠳᠠᠭᠤᠰᠬᠠᠪᠤᠷᠢ ᠪᠣᠯᠭᠠᠨ᠎ᠠ᠃             ︵ᠬᠤᠶᠠᠷ︶ ᠲᠤᠰ ᠤᠳᠠᠭᠠᠨ ᠤ ᠠᠵᠢᠯᠯᠠᠭ᠎ᠠ ᠶᠢᠨ ᠬᠤᠳᠠᠯᠳᠤᠭᠠᠴᠢᠨ ᠡᠷᠦᠬᠡ ᠨᠢ ᠨᠥᠬᠦᠪᠥᠷᠢ ᠥᠭᠬᠦ ᠬᠡᠪᠴᠢᠶᠡᠨ ᠳᠤ ᠪᠠᠶᠢᠬᠤ ᠦᠭᠡᠢ᠃             ︵ᠭᠤᠷᠪᠠ︶ ᠲᠣᠰ ᠤᠳᠠᠭᠠᠨ ᠤ ᠠᠵᠢᠯᠯᠠᠭ᠎ᠠ ᠪᠣᠯ ᠠᠵᠤ ᠠᠬᠤᠶᠢᠯᠠᠯ ᠤᠨ ᠨᠥᠬᠦᠪᠥᠷᠢ ᠥᠭᠴᠦ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠮᠥᠨ᠂ ᠲᠣᠰ ᠤᠳᠠᠭᠠᠨ ᠤ ᠠᠵᠢᠯᠯᠠᠭ᠎ᠠ ᠶᠢ ᠠᠰᠢᠭᠯᠠᠨ ᠰᠢᠯᠵᠢᠭᠦᠯᠦᠨ ᠬᠤᠳᠠᠯᠳᠤᠬᠤ ᠵᠡᠷᠭᠡ ᠠᠰᠢᠭ ᠬᠤᠨᠵᠢᠪᠣᠷᠢ ᠶᠢᠨ ᠴᠢᠨᠠᠷᠲᠠᠶ ᠠᠵᠢᠯᠯᠠᠭ᠎ᠠ ᠥᠷᠨᠢᠭᠦᠯᠬᠦ ᠶᠢ ᠬᠠᠲᠠᠭᠤ ᠬᠤᠷᠢᠭᠯᠠᠨ᠎ᠠ᠃                         ᠠᠯᠠᠱᠠ ᠵᠡᠭᠦᠨ ᠬᠤᠰᠢᠭᠤᠨ ᠤ ᠤᠯᠠᠨᠪᠤᠯᠠᠭ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ             2021 ᠣᠨ ᠤ 3 ᠳ᠋ᠤᠭᠠᠷ ᠰᠠᠷ᠎ᠠ ᠶᠢᠨ 24      ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠤᠯᠠᠨᠪᠤᠯᠠᠭ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号