ᠠᠯᠠᠱᠠ ᠵᠡᠭᠦᠨ ᠬᠤᠰᠢᠭᠤᠨ ᠤ ᠬᠤᠲᠠ ᠶᠢᠨ ᠴᠡᠴᠡᠷᠯᠢᠭ ᠤᠨ ᠴᠡᠴᠡᠷᠯᠢᠭᠵᠢᠭᠦᠯᠦᠯᠲᠡ ᠶᠢᠨ ᠦᠢᠯᠡᠴᠢᠯᠡᠭᠡᠨ ᠤ ᠲᠥᠪ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠳᠦᠷᠢᠮ
ᠨᠡᠶᠢᠲᠡᠯᠡᠭᠰᠡᠨ ᠴᠠᠭ᠄
2021/12/17
                    ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠦᠨᠡᠨᠬᠦ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠠᠵᠢᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠲᠦᠷᠢᠮ︾ ︽ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠠᠵᠢᠯ ᠤᠨ ᠵᠢᠷᠤᠮᠵᠢᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ DB15/T 2094 — 2021︶᠎ ᠢ ᠦᠨᠳᠦᠰᠦᠯᠡᠨ᠂ ᠠᠵᠢᠯ ᠤᠨ ᠪᠣᠳᠠᠲᠤ ᠨᠥᠬᠦᠴᠡᠯ ᠪᠠᠶᠢᠳᠠᠯ ᠎ ᠲᠠᠢ ᠪᠠᠨ ᠤᠶᠠᠯᠳᠤᠭᠤᠯᠵᠤ᠂ ᠲᠣᠰ ᠲᠦᠷᠢᠮ ᠢ ᠲᠣᠭᠲᠠᠭᠠᠪᠠ᠃             ᠨᠢᠭᠡ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠬᠡᠪᠴᠢᠶ᠎ᠡ             ᠠᠯᠠᠱᠠ ᠵᠡᠭᠦᠨ ᠬᠤᠰᠢᠭᠤᠨ ᠤ ᠬᠤᠲᠠ ᠶᠢᠨ ᠴᠡᠴᠡᠷᠯᠢᠭ ᠤᠨ ᠴᠡᠴᠡᠷᠯᠢᠭᠵᠢᠭᠦᠯᠦᠯᠲᠡ ᠶᠢᠨ ᠦᠢᠯᠡᠴᠢᠯᠡᠭᠡᠨ ᠤ ᠲᠥᠪ ᠠᠴᠠ ᠲᠥᠪ ᠤᠨ ᠨᠡᠷ᠎ᠡ ᠪᠠᠷ ᠨᠡᠶᠢᠲᠡᠯᠡᠨ ᠬᠡᠷᠡᠭᠵᠢᠭᠦᠯᠬᠦ ᠪᠠᠷ ᠳᠡᠪᠰᠢᠭᠦᠯᠦᠭᠰᠡᠨ ᠡᠯ᠎ᠡ ᠲᠥᠷᠥᠯ ᠤᠨ ᠳᠦᠷᠢᠮᠵᠢᠭᠦᠯᠦᠭᠰᠡᠨ ᠪᠢᠴᠢᠭ ᠮᠠᠲ᠋ᠧᠷᠢᠶᠠᠯ᠂ ᠴᠢᠬᠤᠯᠠ ᠲᠥᠷᠥ ᠶᠢᠨ ᠪᠣᠳᠣᠯᠭ᠎ᠠ ᠵᠡᠷᠭᠡ ᠶᠢᠨ ᠢᠯᠡ ᠪᠠᠷ ᠨᠡᠶᠢᠲᠡᠯᠡᠵᠦ ᠪᠣᠯᠬᠤ ᠠᠭᠤᠯᠭ᠎ᠠ ᠶᠢ ᠴᠥᠮ ᠵᠠᠰᠠᠭ ᠤᠨ ᠠᠵᠢᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠲᠠᠪᠴᠠᠩ ᠢᠶᠠᠷ ᠳᠠᠮᠵᠢᠭᠤᠯᠤᠨ ᠰᠢᠨᠵᠢᠯᠡᠬᠦ ᠤᠬᠠᠭᠠᠨᠴᠢ ᠪᠠᠷ ᠲᠠᠶᠢᠯᠪᠤᠷᠢᠯᠠᠵᠤ᠂ ᠣᠯᠠᠨ ᠨᠡᠶᠢᠲᠡ ᠳᠤ ᠴᠢᠬᠤᠯᠠ ᠲᠥᠷᠥ ᠶᠢᠨ ᠪᠣᠳᠣᠯᠭ᠎ᠠ ᠪᠠ ᠨᠡᠮᠡᠯᠲᠡ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠩ ᠰᠠᠶᠢᠨ ᠣᠶᠢᠯᠠᠭᠠᠭᠤᠯᠤᠨ ᠣᠶᠢᠯᠠᠭᠠᠭᠤᠯᠤᠨ᠎ᠠ᠃             ᠬᠤᠶᠠᠷ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠳᠠᠷᠠᠭᠠᠯᠠᠯ             ᠠᠯᠪᠠᠨ ᠬᠡᠷ ᠨᠢ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠠᠵᠢᠯ ᠢ ᠥᠪᠡᠷ ᠤᠨ ᠪᠡᠶ᠎ᠡ ᠎ ᠪᠠᠷ ᠢᠶᠠᠨ ᠳᠠᠭᠤᠷᠢᠶᠠᠯ ᠪᠣᠯᠣᠨ ᠬᠠᠷᠢᠭᠤᠴᠠᠵᠤ᠂ ᠡᠯ᠎ᠡ ᠰᠠᠯᠠᠭ᠎ᠠ ᠲᠠᠰᠤᠭ ᠢ ᠵᠣᠬᠢᠴᠠᠭᠤᠯᠤᠨ ᠰᠢᠮᠳᠠᠭᠤᠯᠵᠤ ᠪᠠᠶᠢᠭᠠᠳ ᠤᠩᠰᠢᠨ ᠲᠠᠶᠢᠯᠪᠤᠷᠢᠯᠠᠬᠤ ᠲᠥᠰᠦᠯ ᠪᠠ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠢ ᠬᠡᠨ ᠳᠠᠷᠤᠢ ᠳᠤᠨᠢ ᠮᠡᠳᠡᠭᠦᠯᠦᠨ ᠬᠦᠷᠭᠡᠭᠦᠯᠦᠨ᠎ᠡ᠃             ᠡᠯ᠎ᠡ ᠰᠠᠯᠠᠭ᠎ᠠ ᠲᠠᠰᠤᠭ ᠪᠣᠯ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠭᠤᠣᠯ ᠬᠠᠷᠢᠭᠤᠴᠠᠭᠴᠢ ᠮᠥᠨ ᠂ ︽ᠬᠡᠨ ᠲᠤᠭᠤᠷᠪᠢᠪᠠᠯ ᠬᠡᠨ ᠲᠠᠶᠢᠯᠤᠮᠵᠢ ᠬᠢᠬᠦ︾ ᠵᠠᠷᠴᠢᠮ ᠶᠣᠰᠣᠭᠠᠷ᠂ ᠲᠠᠶᠢᠯᠤᠮᠵᠢ ᠬᠢᠬᠦ ᠲᠥᠰᠦᠯ ᠪᠠ ᠲᠠᠶᠢᠯᠤᠮᠵᠢ ᠬᠢᠬᠦ ᠮᠠᠲ᠋ᠧᠷᠢᠶᠠᠯ ᠢ ᠨᠠᠷᠢᠨ ᠨᠢᠮᠪᠠᠶ ᠨᠠᠶᠢᠷᠠᠭᠤᠯᠤᠨ ᠵᠣᠬᠢᠶᠠᠵᠤ᠂ ᠲᠠᠶᠢᠯᠤᠮᠵᠢ ᠬᠢᠬᠦ ᠠᠭᠤᠯᠤᠭᠳᠠᠬᠤᠨ ᠢ ᠥᠷᠭᠡᠳᠬᠡᠨ᠂ ᠲᠠᠶᠢᠯᠤᠮᠵᠢ ᠬᠢᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠡᠶᠢᠭᠡᠮ ᠤᠨ ᠠᠩᠬᠠᠷᠤᠯ ᠳᠤ ᠬᠠᠷᠢᠭᠤ ᠥᠭᠬᠦ ᠬᠡᠷᠡᠭᠲᠡᠶ᠃             ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠳᠤ ᠡᠷᠬᠡᠪᠰᠢ ᠲᠥᠷᠥ ᠶᠢᠨ ᠪᠣᠳᠣᠯᠭ᠎ᠠ ᠶᠢᠨ ᠨᠥᠬᠦᠴᠡᠯ ᠪᠠᠶᠢᠳᠠᠯ ᠤᠨ ᠦᠨᠳᠦᠰᠦᠯᠡᠯ᠂ ᠵᠣᠷᠢᠯᠲᠠ ᠡᠭᠦᠷᠭᠡ᠂ ᠭᠤᠤᠯ ᠠᠭᠤᠯᠭ᠎ᠠ ᠪᠠ ᠰᠢᠢᠳᠪᠦᠷᠢᠯᠡᠭᠰᠡᠨ ᠠᠰᠠᠭᠤᠳᠠᠯ ᠵᠡᠷᠭᠡ ᠶᠢ ᠨᠠᠷᠢᠨ ᠲᠠᠨᠢᠯᠴᠠᠭᠤᠯᠤᠨ᠎ᠠ᠃ ᠲᠠᠶᠢᠯᠤᠮᠵᠢ ᠬᠢᠭᠰᠡᠨ ᠠᠭᠤᠯᠭ᠎ᠠ ᠨᠢ ᠡᠷᠬᠡᠪᠰᠢ ᠪᠢᠴᠢᠭ ᠮᠠᠲ᠋ᠧᠷᠢᠶᠠᠯ ᠤᠨ ᠠᠭᠤᠯᠭ᠎ᠠ ᠲᠠᠢ ᠨᠡᠶᠢᠴᠡᠵᠦ᠂ ᠪᠢᠴᠢᠭ ᠮᠠᠲ᠋ᠧᠷᠢᠶᠠᠯ ᠢ ᠢᠯᠡ ᠨᠡᠶᠢᠲᠡᠯᠡᠭᠰᠡᠨ ᠤ ᠳᠠᠷᠠᠭ᠎ᠠ ᠬᠡᠨ ᠳᠠᠷᠤᠢ ᠳᠤᠨᠢ ᠵᠠᠷᠯᠠᠬᠤ ᠬᠡᠷᠡᠭᠲᠡᠶ᠃             ᠭᠤᠷᠪᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠬᠡᠯᠪᠡᠷᠢ             ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ᠂ ᠵᠠᠰᠠᠭ ᠤᠨ ᠣᠷᠳᠣᠨ ᠤ ᠠᠯᠪᠠᠨ ᠮᠡᠳᠡᠭᠡ᠂ ᠵᠠᠰᠠᠭ ᠤᠨ ᠠᠵᠢᠯ ᠤᠨ ᠰᠢᠨ᠎ᠡ ᠵᠠᠭᠤᠴᠢᠯᠠᠭᠤᠷ᠂ ᠬᠤᠰᠢᠭᠤᠨ ᠤ ᠵᠠᠰᠠᠭ ᠤᠨ ᠠᠵᠢᠯ ᠤᠨ ᠦᠢᠯᠡᠴᠢᠯᠡᠭᠡᠨ ᠤ ᠶᠡᠭᠡ ᠲᠢᠩᠬᠢᠮ᠂ 12345 ᠬᠠᠯᠠᠭᠤᠨ ᠤᠲᠠᠰᠤ᠂ ᠲᠧᠯᠸᠢᠰ ᠬᠤᠷᠢᠶ᠎ᠠ᠂ ᠷᠠᠳᠢᠣ᠋ ᠨᠡᠪᠲᠡᠷᠡᠭᠦᠯᠭᠡ ᠵᠡᠷᠭᠡ ᠵᠠᠮ ᠮᠥᠷ ᠲᠤ ᠲᠦᠰᠢᠭᠯᠡᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠬᠠᠨᠳᠤᠯᠭᠠᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠡᠷᠬᠡ ᠰᠦᠷᠲᠦ ᠴᠢᠨᠠᠷ ᠪᠠ ᠪᠦᠲᠦᠮᠵᠢᠲᠦ ᠴᠢᠨᠠᠷ ᠴᠢᠨᠰᠠᠭ᠎ᠠ ᠶᠢ ᠤᠯᠠᠮ ᠠᠬᠢᠭᠤᠯᠤᠨ ᠳᠡᠭᠡᠭᠰᠢᠯᠡᠭᠦᠯᠵᠦ᠂ ᠭᠤᠣᠯ ᠬᠠᠷᠢᠭᠤᠴᠠᠯᠭᠠᠲᠠᠨ ᠨᠥᠬᠦᠳ ᠤᠨ ᠲᠠᠶᠢᠯᠤᠮᠵᠢ᠂ ᠲᠤᠰᠬᠠᠶ ᠮᠡᠷᠭᠡᠵᠢᠯᠲᠡᠨ ᠤ ᠲᠠᠶᠢᠯᠤᠮᠵᠢ᠂ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ᠂ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ᠂ ᠵᠠᠭᠤᠴᠢᠯᠠᠭᠤᠷ ᠤᠨ ᠲᠤᠰᠬᠠᠶ ᠰᠤᠷᠪᠤᠯᠵᠢᠯᠠᠭ᠎ᠠ ᠵᠡᠷᠭᠡ ᠬᠡᠯᠪᠡᠷᠢ ᠪᠠᠷ ᠳᠤᠭᠠᠴᠠᠯᠠᠭᠰᠠᠨ᠂ ᠵᠢᠷᠤᠭ ᠬᠦᠰᠦᠨᠦᠭᠲᠦ ᠶᠢᠨ ᠲᠠᠶᠢᠯᠪᠤᠷᠢ᠂ ᠲᠠᠭᠤᠨ ᠳᠠᠪᠲᠠᠮᠵᠢ᠂ ᠬᠠᠷᠠᠭᠠᠨ ᠳᠠᠪᠲᠠᠮᠵᠢ᠂ ᠺᠠᠷᠲ᠋ᠣᠨ ᠵᠢᠷᠤᠭ ᠵᠡᠷᠭᠡ ᠬᠡᠯᠪᠡᠷᠢ ᠶᠢ ᠠᠮᠢᠳᠤᠯᠢᠭ ᠢᠶᠠᠷ ᠬᠡᠷᠡᠭᠯᠡᠨ᠂ ᠣᠯᠠᠨ ᠨᠡᠶᠢᠲᠡ ᠶᠢᠨ ᠦᠢᠯᠡᠳᠪᠦᠷᠢᠯᠡᠯ ᠠᠮᠢᠳᠤᠷᠠᠯ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠲᠥᠬᠦᠮ ᠣᠶᠢᠯᠠᠭᠠᠮᠵᠢᠲᠠᠶ᠂ ᠣᠯᠠᠨ ᠨᠡᠶᠢᠲᠡ ᠶᠢᠨ ᠣᠶᠢᠯᠠᠭᠠᠬᠤ ᠳᠤ ᠲᠥᠬᠦᠮ ᠪᠠ ᠴᠠᠬᠢᠮ ᠴᠠᠬᠢᠮ ᠢᠶᠠᠷ ᠤᠯᠠᠮᠵᠢᠯᠠᠨ ᠳᠠᠮᠵᠢᠭᠤᠯᠬᠤ ᠶᠢᠨ ᠲᠠᠶᠢᠯᠤᠮᠵᠢ ᠶᠢ ᠭᠦᠢᠴᠡᠳᠬᠡᠵᠦ᠂ ᠥᠷᠭᠡᠨ ᠣᠯᠠᠨ ᠲᠦᠮᠡᠨ ᠳᠤ ︽ᠰᠣᠨᠣᠰᠴᠤ ᠣᠶᠢᠯᠠᠭᠠᠬᠤ︾ ︽ᠢᠲᠡᠭᠡᠯᠲᠡᠶ︾ ᠪᠣᠯᠭᠠᠬᠤ ᠶᠢᠨ ᠬᠠᠮᠲᠤ ᠢᠳᠡᠪᠬᠢᠲᠠᠢ ᠡᠯ᠎ᠡ ᠲᠥᠷᠥᠯ ᠤᠨ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠤᠨ ᠲᠠᠪᠴᠠᠩ ᠳᠤ ᠬᠦᠷᠭᠡᠨ ᠥᠭᠴᠦ᠂ ᠤᠯᠠᠮᠵᠢᠯᠠᠨ ᠲᠠᠷᠬᠠᠭᠠᠬᠤ ᠬᠠᠮᠤᠷᠬᠤ ᠴᠠᠷᠠᠭ᠎ᠠ ᠬᠦᠷᠢᠶ᠎ᠡ ᠶᠢ ᠥᠷᠭᠡᠳᠬᠡᠨ᠎ᠡ᠃                                     ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠬᠤᠲᠠ ᠶᠢᠨ ᠴᠡᠴᠡᠷᠯᠢᠭ ᠤᠨ ᠴᠡᠴᠡᠷᠯᠢᠭᠵᠢᠭᠦᠯᠦᠯᠲᠡ ᠶᠢᠨ ᠦᠢᠯᠡᠴᠢᠯᠡᠭᠡᠨ ᠤ ᠲᠥᠪ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠬᠤᠲᠠ ᠶᠢᠨ ᠴᠡᠴᠡᠷᠯᠢᠭ ᠤᠨ ᠴᠡᠴᠡᠷᠯᠢᠭᠵᠢᠭᠦᠯᠦᠯᠲᠡ ᠶᠢᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号