ᠠᠯᠠᠱᠠ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ  ᠲᠣᠪᠴᠢᠶᠠᠨ ᠤ ᠪᠠᠶᠢᠭᠠᠯᠢ ᠶᠢᠨ ᠰᠢᠲᠠᠮᠠᠬᠠᠶ ᠬᠡᠢ ᠶᠢᠨ ᠠᠵᠢᠯ ᠲᠦᠷᠦᠯ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ
ᠨᠡᠶᠢᠲᠡᠯᠡᠭᠰᠡᠨ ᠴᠠᠭ᠄
2021/12/17
            ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶᠢᠯᠠᠭᠰᠠᠨ ᠠᠵᠢᠯ ᠤᠨ ᠬᠢᠨᠠᠨ ᠦᠨᠡᠯᠡᠯᠲᠡ ᠶᠢᠨ ᠦᠷ᠎ᠡ ᠳ᠋ᠦᠩ ᠤᠨ ᠬᠠᠷᠢᠭᠤ ᠠᠷᠭ᠎ᠠ ᠬᠡᠮᠵᠢᠶ᠎ᠡ ᠢ ᠦᠨᠳᠦᠰᠦᠯᠡᠪᠡᠯ᠂ ᠠᠯᠠᠱᠠ ᠠᠶᠢᠮᠠᠭ ᠤᠨ ᠺᠦᠨᠯᠦ᠋ᠨ ᠰᠢᠲᠠᠮᠠᠬᠠᠶ ᠰᠢᠲᠠᠬᠤᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠮᠡᠳᠡᠭᠦᠯᠦᠨ ᠤᠭᠰᠠᠷᠠᠬᠤ ᠴᠠᠭ ᠤᠨ ᠬᠢᠵᠠᠭᠠᠷ ᠨᠢ ᠣᠷᠣᠨ ᠤ ᠳᠣᠲᠣᠷᠠᠬᠢ ᠪᠤᠰᠤᠳ ᠭᠠᠵᠠᠷ ᠣᠷᠣᠨ ᠤ ᠬᠢ ᠠᠴᠠ 10 ᠡᠳᠦᠷ ᠠᠴᠠ ᠬᠡᠲᠦᠷᠡᠵᠡᠶ᠃ ᠬᠠᠷᠢᠭᠤ ᠲᠤᠰᠬᠠᠭᠰᠠᠨ ᠦᠷ᠎ᠡ ᠳ᠋ᠦᠩ ᠢ ᠣᠯᠤᠭᠰᠠᠨ ᠤ ᠳᠠᠷᠠᠭ᠎ᠠ᠂ ᠮᠠᠨ ᠤ ᠲᠣᠪᠴᠢᠶ᠎ᠠ ᠬᠠᠷᠢᠭᠤ ᠲᠤᠰᠬᠠᠭᠰᠠᠨ ᠰᠠᠨᠠᠯ ᠢᠶᠠᠷ ᠤᠳᠤᠷᠢᠳᠤᠮᠵᠢ ᠪᠣᠯᠭᠠᠵᠤ᠂ ᠬᠠᠷᠢᠭᠤᠴᠠᠯᠭᠠᠲᠤ ᠠᠵᠤ ᠠᠬᠤᠶᠢᠯᠠᠯ ᠢ ᠱᠠᠯᠠᠪᠳᠠᠵᠤ ᠪᠠᠶᠢᠭᠠᠳ ᠮᠡᠳᠡᠭᠦᠯᠦᠨ ᠤᠭᠰᠠᠷᠠᠬᠤ ᠶᠠᠪᠤᠴᠠ ᠶᠢ ᠤᠯᠠᠮ ᠠᠬᠢᠭᠤᠯᠤᠨ ᠳᠥᠭᠦᠮᠴᠢᠯᠡᠵᠦ᠂ ︽ᠰᠢᠲᠠᠬᠤᠨ ᠬᠡᠷᠡᠭᠯᠡᠬᠦ︾ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠠᠵᠢᠯ ᠤᠨ ᠢᠶᠠᠨ ᠡᠬᠢᠯᠡᠯᠲᠡ ᠶᠢᠨ ᠴᠡᠭ ᠪᠣᠯᠭᠠᠵᠤ᠂ ᠦᠢᠯᠡᠴᠢᠯᠡᠭᠡᠨ ᠤ ᠦᠵᠡᠯ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠨ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠵᠦ᠂ ᠦᠷ᠎ᠡ ᠪᠦᠲᠦᠮᠵᠢ ᠪᠠᠷ ᠬᠠᠮᠤᠭ ᠤᠨ ᠥᠨᠳᠥᠷ᠂ ᠴᠢᠨᠠᠷ ᠴᠢᠨᠰᠠᠭ᠎ᠠ ᠢᠶᠠᠷ ᠬᠠᠮᠤᠭ ᠤᠨ ᠰᠢᠯᠢᠳᠡᠭ ᠦᠢᠯᠡᠴᠢᠯᠡᠭᠡᠨ ᠤ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠨ᠎ᠠ᠃ ᠡᠳᠦᠭᠡ ᠮᠠᠨ ᠤ ᠬᠤᠰᠢᠭᠤᠨ ᠤ ᠪᠠᠶᠢᠭᠠᠯᠢ ᠶᠢᠨ ᠰᠢᠲᠠᠮᠠᠬᠠᠶ ᠰᠢᠲᠠᠬᠤᠨ ᠤ ᠠᠵᠢᠯ ᠲᠥᠷᠥᠯ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠢ ᠠᠳᠡ ᠮᠡᠳᠡᠭᠦᠯᠦᠶ᠎ᠡ᠄             ᠨᠢᠭᠡ᠂ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠵᠦ᠂ ︽ᠣᠶᠤᠨᠴᠢ ᠰᠢᠲᠠᠮᠠᠬᠠᠶ ᠰᠢᠲᠠᠬᠤᠨ︾᠎ ᠶᠢ ᠪᠣᠶ ᠪᠣᠯᠭᠠᠨ᠎ᠠ             ︵ᠨᠢᠭᠡ︶ ᠰᠦᠢᠳᠬᠡᠯ ᠲᠤᠰᠢᠶᠠᠬᠤ ᠲᠣᠤᠷ ᠴᠢᠬ ᠵᠢᠴᠢ ᠰᠦᠢᠳᠬᠡᠯ ᠲᠤᠰᠢᠶᠠᠬᠤ ᠠᠷᠭ᠎ᠠ ᠮᠠᠶ᠋ᠢᠭ ᠢ ᠨᠡᠮᠡᠭᠳᠡᠭᠦᠯᠦᠨ᠎ᠡ             ᠠᠯᠠᠱᠠ ᠠᠶᠢᠮᠠᠭ ᠤᠨ ᠺᠦᠨᠯᠦ᠋ᠨ ᠰᠢᠲᠠᠮᠠᠬᠠᠶ ᠰᠢᠲᠠᠬᠤᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ 2020 ᠣᠨ ᠳᠤ ᠰᠦᠢᠳᠬᠡᠯ ᠲᠤᠰᠢᠶᠠᠬᠤ ᠲᠠᠯ᠎ᠠ ᠪᠠᠷ ᠣᠯᠠᠨ ᠵᠦᠢᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠥᠷᠨᠢᠭᠦᠯᠵᠦ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ᠂ ᠸᠢᠴᠠᠲ ᠢᠶᠠᠷ ᠰᠦᠢᠳᠬᠡᠯ ᠲᠤᠰᠢᠶᠠᠬᠤ᠂ ᠪᠠᠩᠬᠢ ᠠᠴᠠ ᠰᠦᠢᠳᠬᠡᠯ ᠲᠤᠰᠢᠶᠠᠬᠤ ᠵᠡᠷᠭᠡ ᠣᠯᠠᠨ ᠵᠦᠢᠯ ᠤᠨ ᠠᠷᠠᠳ ᠲᠤ ᠲᠥᠬᠦᠮ ᠦᠵᠡᠭᠦᠯᠬᠦ ᠰᠦᠢᠳᠬᠡᠯ ᠲᠤᠰᠢᠶᠠᠬᠤ ᠠᠷᠭ᠎ᠠ ᠵᠠᠮ ᠢ ᠨᠡᠭᠡᠭᠡᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠬᠡᠷᠡᠭᠯᠡᠭᠴᠢᠳ ᠲᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠰᠦᠢᠳᠬᠡᠯ ᠲᠤᠰᠢᠶᠠᠬᠤ ᠠᠷᠭ᠎ᠠ ᠵᠠᠮ ᠢ ᠬᠠᠩᠭᠠᠨ᠎ᠠ᠃ ᠡᠮᠦᠨᠡᠲᠦ ᠬᠤᠶᠠᠳᠤᠭᠠᠷ ᠲᠣᠭᠤᠷᠢᠯᠲᠠ ᠶᠢᠨ ᠵᠠᠮ ᠤᠨ ᠡᠵᠡᠩᠨᠡᠯᠲᠡ ᠶᠢᠨ ᠲᠢᠩᠬᠢᠮ ᠠᠴᠠ ᠪᠥᠬᠦ ᠵᠢᠯ ᠳᠤ ᠠᠮᠠᠷᠠᠬᠤ ᠥᠬᠡᠶ᠂ ᠥᠷᠯᠥᠭᠡ ᠶᠢᠨ ᠨᠠᠢᠮᠠᠨ ᠴᠠᠭ ᠠᠴᠠ ᠣᠷᠣᠶ ᠶᠢᠨ ᠵᠢᠷᠭᠤᠭᠠᠨ ᠴᠠᠭ ᠦᠳᠡ ᠶᠢᠨ ᠬᠤᠭᠤᠷᠣᠨᠳᠣ ︽ᠡᠭᠦᠳᠡ ᠪᠠᠨ ᠬᠠᠭᠠᠬᠤ ᠥᠬᠡᠶ︾ ᠦᠢᠯᠡᠴᠢᠯᠡᠭᠡᠨ ᠤ ᠠᠷᠭ᠎ᠠ ᠬᠡᠮᠵᠢᠶ᠎ᠡ ᠠᠪᠴᠤ᠂ ᠠᠵᠢᠯᠯᠠᠵᠤ ᠪᠠᠶᠢᠭ᠎ᠠ ᠬᠥᠮᠦᠰ ᠤᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠲᠥᠬᠦᠮ ᠦᠵᠡᠭᠦᠯᠪᠡ᠃ ᠪᠠᠰᠠ ᠪᠠᠶᠠᠨᠬᠤᠲᠠ ᠶᠢᠨ ᠲᠠᠷᠢᠶᠠᠯᠠᠩ ᠤᠨ ᠬᠤᠳᠠᠯᠳᠤᠭᠠᠨ ᠤ ᠭᠠᠵᠠᠷ᠂ ᠲᠠᠷᠢᠶᠠᠯᠠᠩ ᠤᠨ ᠪᠠᠩᠬᠢ ᠶᠢᠨ 15 ᠲᠣᠤᠷ ᠴᠡᠭ ᠲᠤ ᠪᠠᠩᠬᠢ ᠶᠢᠨ ᠣᠷᠣᠯᠠᠨ ᠬᠤᠷᠢᠶᠠᠬᠤ ᠲᠤᠬᠠᠶᠢᠯᠠᠭᠰᠠᠨ ᠠᠵᠢᠯ ᠢ ᠨᠡᠮᠡᠨ ᠪᠠᠶᠢᠭᠤᠯᠵᠤ᠂ ᠮᠠᠰᠢᠨ ᠤ ᠬᠡᠮᠵᠢᠭᠦᠷ ᠤᠨ ᠬᠡᠷᠡᠭᠯᠡᠭᠴᠢ ᠶᠢᠨ ᠬᠡᠷ ᠠᠴᠠ ᠪᠠᠨ ᠭᠠᠷᠬᠤ ᠥᠬᠡᠶ ᠪᠠᠷ ᠮᠡᠷᠭᠡᠨ ᠴᠣᠬᠤᠷ ᠢ ᠬᠠᠭᠤᠯᠵᠤ ᠰᠦᠢᠳᠬᠡᠯ ᠲᠤᠰᠢᠶᠠᠬᠤ ᠲᠤᠬᠠᠶᠢᠯᠠᠭᠰᠠᠨ ᠠᠵᠢᠯ ᠢ ᠨᠡᠮᠡᠭᠳᠡᠭᠦᠯᠵᠦ᠂ ᠬᠡᠷᠡᠭᠯᠡᠭᠴᠢ ᠶᠢᠨ ᠵᠠᠮ ᠬᠥᠭᠡᠭᠡᠬᠦ ᠥᠬᠡᠶ ᠪᠠᠷ ᠰᠢᠲᠠᠮᠠᠬᠠᠶ ᠰᠢᠲᠠᠬᠤᠨ ᠤ ᠰᠦᠢᠳᠬᠡᠯ ᠲᠤᠰᠢᠶᠠᠬᠤ ᠳᠤ ᠲᠥᠬᠦᠮ ᠦᠵᠡᠭᠦᠯᠪᠡ᠃ ᠺᠠᠷᠲ ᠬᠡᠮᠵᠢᠭᠦᠷ ᠤᠨ ᠬᠡᠷᠡᠭᠯᠡᠭᠴᠢ ᠳᠤ ᠠᠪᠴᠤ ᠬᠡᠯᠡᠪᠡᠯ᠂ ᠰᠢᠲᠠᠮᠠᠬᠠᠶ ᠰᠢᠲᠠᠬᠤᠨ ᠤ ᠡᠵᠡᠩᠨᠡᠯᠲᠡ ᠶᠢᠨ ᠠᠵᠤ ᠠᠬᠤᠶᠢᠯᠠᠯ ᠴᠤ ᠰᠦᠢᠳᠬᠡᠯ ᠲᠤᠰᠢᠶᠠᠬᠤ ᠳᠥᠭᠦᠮ ᠳᠥᠲᠡ ᠠᠷᠭ᠎ᠠ ᠵᠠᠮ ᠢ ᠢᠳᠡᠪᠬᠢᠲᠡᠶ ᠪᠠᠷ ᠥᠷᠭᠡᠳᠬᠡᠵᠦ᠂ ᠮᠡᠷᠭᠡᠵᠢᠯ ᠤᠨ ᠰᠠᠶᠢᠵᠢᠷᠠᠭᠤᠯᠤᠯᠲᠠ ᠪᠠᠷ ᠳᠠᠮᠵᠢᠭᠤᠯᠤᠨ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠮᠡᠷᠭᠡᠵᠢᠯ ᠤᠨ ᠬᠡᠷᠡᠭᠯᠡᠯᠲᠡ ᠶᠢ ᠳᠥᠯᠭᠢᠨ ᠠᠬᠢᠭᠤᠯᠵᠤ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠤᠯᠠᠮ ᠠᠬᠢᠭᠤᠯᠤᠨ ᠳᠡᠭᠡᠭᠰᠢᠯᠡᠭᠦᠯᠬᠦ ᠶᠢᠨ ᠬᠠᠮᠲᠤ ᠪᠠᠰᠠ ᠡᠯ᠎ᠡ ᠬᠤᠷᠢᠶᠠᠯᠠᠯ ᠳᠤ ᠰᠢᠯᠵᠢᠮᠡᠯ ᠤᠶᠤᠨᠲᠤ ᠰᠦᠢᠳᠬᠡᠯ ᠲᠤᠰᠢᠶᠠᠬᠤ POS ᠮᠠᠰᠢᠨ ᠳᠣᠭᠢᠷᠠᠭᠤᠯᠵᠤ᠂ ᠰᠠᠭᠤᠭᠠᠯᠢ ᠠᠷᠠᠳ ᠢ ᠨᠡᠶᠢᠭᠡᠮ ᠲᠣᠭᠤᠷᠢᠭ᠂ ᠵᠢᠵᠢᠭ ᠲᠣᠭᠤᠷᠢᠭ ᠤᠨ ᠠᠳᠠᠯ ᠠᠬᠤᠶ ᠶᠢᠨ ᠭᠠᠵᠠᠷ ᠲᠤ ᠪᠠᠶᠢᠭᠠᠯᠢ ᠶᠢᠨ ᠰᠢᠲᠠᠮᠠᠬᠠᠶ ᠰᠢᠲᠠᠬᠤᠨ ᠤ ᠰᠦᠢᠳᠬᠡᠯ ᠲᠤᠰᠢᠶᠠᠵᠤ ᠪᠣᠯᠤᠨ᠎ᠠ᠃ ᠣᠳᠣᠬᠠᠨ ᠳᠤ᠂ ᠰᠢᠯᠵᠢᠮᠡᠯ ᠤᠶᠤᠨᠲᠤ ᠰᠦᠢᠳᠬᠡᠯ ᠲᠤᠰᠢᠶᠠᠬᠤ POS ᠮᠠᠰᠢᠨ ᠢ ᠶᠠᠭ ᠳᠣᠲᠣᠭᠠᠳᠤ ᠳᠠᠭᠠᠨ ᠲᠤᠷᠰᠢᠨ ᠰᠢᠯᠭᠠᠬᠤ ᠱᠠᠲᠤᠨ ᠳᠤ ᠪᠠᠶᠢᠨ᠎ᠠ᠂ ᠵᠢᠱᠢᠯᠲᠡ ᠪᠠᠷ 4 ᠳ᠋ᠦ᠋ᠭᠡᠷ ᠰᠠᠷ᠎ᠠ ᠶᠢᠨ ᠰᠡᠭᠦᠯᠴᠢ ᠪᠠᠷ ᠬᠡᠰᠡᠭ ᠬᠤᠷᠢᠶᠠᠯᠠᠯ ᠳᠤ ᠣᠷᠣᠭᠤᠯᠵᠤ ᠪᠣᠯᠤᠨ᠎ᠠ᠃             ︵ᠬᠤᠶᠠᠷ︶ ᠵᠠᠰᠠᠭ ᠤᠨ ᠠᠵᠢᠯ ᠤᠨ ᠦᠢᠯᠡᠴᠢᠯᠡᠭᠡᠨ ᠤ ᠲᠢᠩᠬᠢᠮ ᠳᠤ ᠣᠷᠣᠵᠤ ᠰᠠᠭᠤᠭᠠᠳ᠂ ᠦᠢᠯᠡᠴᠢᠯᠡᠭᠡᠨ ᠤ ᠴᠣᠩᠬᠤᠪᠴᠢ ᠶᠢ ᠨᠡᠮᠡᠭᠳᠡᠭᠦᠯᠦᠨ᠎ᠡ             ᠪᠠᠶᠢᠭᠠᠯᠢ ᠶᠢᠨ ᠰᠢᠲᠠᠮᠠᠬᠠᠶ ᠰᠢᠲᠠᠬᠤᠨ ᠢ ᠮᠡᠳᠡᠭᠦᠯᠦᠨ ᠤᠭᠰᠠᠷᠠᠬᠤ ᠠᠵᠢᠯ 2019 ᠣᠨ ᠤ 9 ᠳ᠋ᠦ᠋ᠭᠡᠷ ᠰᠠᠷ᠎ᠠ ᠶᠢᠨ 16᠎ ᠤ ᠡᠳᠦᠷ ᠠᠴᠠ ᠡᠬᠢᠯᠡᠨ ᠠᠯᠠᠱᠠ ᠵᠡᠭᠦᠨ ᠬᠤᠰᠢᠭᠤᠨ ᠤ ᠵᠠᠰᠠᠭ ᠤᠨ ᠠᠵᠢᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠵᠢᠩᠬᠢᠨᠢ ᠪᠠᠷ ᠣᠷᠣᠵᠤ ᠰᠠᠭᠤᠭᠠᠳ᠂ ᠨᠢᠭᠡᠳᠦᠭᠡᠷ ᠳᠠᠪᠬᠤᠷᠯᠢᠭ ᠤᠨ ᠰᠦᠢᠳᠬᠡᠯ ᠲᠤᠰᠢᠶᠠᠬᠤ᠂ ᠭᠤᠷᠪᠠᠳᠤᠭᠠᠷ ᠳᠠᠪᠬᠤᠷᠯᠢᠭ ᠤᠨ ᠢᠨᠵᠧᠨᠧᠷᠢᠩ ᠤᠨ ᠮᠡᠳᠡᠭᠦᠯᠦᠨ ᠤᠭᠰᠠᠷᠠᠬᠤ ᠠᠯᠬᠤᠮ ᠳᠠᠷᠠᠭᠠᠯᠠᠯ ᠤᠨ ᠦᠢᠯᠡᠴᠢᠯᠡᠭᠡᠨ ᠤ ᠴᠣᠩᠬᠤᠪᠴᠢ ᠶᠢ ᠳᠣᠭᠢᠷᠠᠭᠤᠯᠪᠠ᠃ ᠴᠣᠩᠬᠤᠪᠴᠢ ᠲᠣᠬᠢᠷᠠᠭᠤᠯᠤᠭᠰᠠᠨ ᠠᠴᠠ ᠨᠠᠰᠢ᠂ ᠪᠠᠶᠢᠭᠠᠯᠢ ᠶᠢᠨ ᠰᠢᠲᠠᠮᠠᠬᠠᠶ ᠰᠢᠲᠠᠬᠤᠨ ᠢ ᠨᠡᠪᠲᠡᠷᠡᠭᠦᠯᠬᠦ᠂ ᠮᠡᠳᠡᠭᠦᠯᠦᠨ ᠤᠭᠰᠠᠷᠠᠬᠤ᠂ ᠪᠠᠶᠢᠴᠠᠭᠠᠨ ᠵᠠᠰᠠᠬᠤ᠂ ᠤᠭᠰᠠᠷᠠᠬᠤ ᠭᠤᠶᠤᠴᠢᠯᠠᠯ ᠵᠡᠷᠭᠡ ᠡᠯ᠎ᠡ ᠲᠥᠷᠥᠯ ᠤᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠲᠠᠯ᠎ᠠ ᠪᠠᠷ ᠥᠷᠭᠡᠨ ᠣᠯᠠᠨ ᠰᠠᠭᠤᠭᠠᠯᠢ ᠠᠷᠠᠳ ᠤᠨ ᠬᠡᠷᠡᠭᠯᠡᠭᠴᠢᠳ ᠲᠤ ᠨᠠᠩ ᠳᠥᠭᠦᠮ ᠳᠥᠲᠡ ᠲᠦᠷᠭᠡᠨ ᠦᠢᠯᠡᠴᠢᠯᠡᠭᠡ ᠬᠠᠩᠭᠠᠵᠤ᠂ ᠬᠡᠷᠡᠭᠯᠡᠭᠴᠢᠳ ᠲᠤ ︽ᠬᠠᠮᠤᠭ ᠤᠨ ᠣᠯᠠᠨ ᠳᠠᠭᠠᠨ ᠨᠢᠭᠡ ᠤᠳᠠᠭ᠎ᠠ ᠣᠴᠢᠬᠤ︾᠂ ︽ᠨᠢᠭᠡ ᠯᠡ ᠤᠳᠠᠭ᠎ᠠ ᠳᠤ ᠰᠠᠶᠢᠲᠤᠷ ᠡᠷᠭᠢᠯᠡᠬᠦ︾ ᠬᠠᠨᠤᠮᠵᠢᠲᠠᠶ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ᠣᠯᠠᠨ ᠨᠡᠶᠢᠲᠡ ᠳᠤ ︽ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡ︾᠎ ᠶᠢᠨ ᠠᠵᠤ ᠠᠬᠤᠶᠢᠯᠠᠯ ᠤᠨ ᠲᠠᠭᠠᠲᠠᠢ ᠳᠦᠷᠢ ᠲᠥᠷᠬᠦ ᠶᠢ ᠦᠵᠡᠭᠦᠯᠪᠡ᠃             ᠬᠤᠶᠠᠷ᠂ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠠᠯᠬᠤᠮ ᠳᠠᠷᠠᠭᠠᠯᠠᠯ ᠢ ᠰᠢᠯᠢᠳᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ             ︵ᠨᠢᠭᠡ︶ ᠮᠡᠳᠡᠭᠦᠯᠦᠨ ᠤᠭᠰᠠᠷᠠᠭᠤᠯᠬᠤ ᠠᠯᠬᠤᠮ ᠳᠠᠷᠠᠭᠠᠯᠠᠯ ᠢ ᠳᠥᠭᠦᠮᠴᠢᠯᠡᠨ᠎ᠡ             ᠪᠠᠶᠢᠭᠠᠯᠢ ᠶᠢᠨ ᠰᠢᠲᠠᠮᠠᠬᠠᠢ ᠬᠡᠢ ᠶᠢ ᠮᠡᠳᠡᠭᠦᠯᠦᠨ ᠤᠭᠰᠠᠷᠠᠬᠤ ᠶᠠᠪᠤᠴᠠ ᠶᠢ ᠡᠷᠴᠢᠮᠲᠡᠢ ᠰᠢᠯᠢᠳᠡᠭᠵᠢᠭᠦᠯᠵᠦ᠂ ᠤᠤᠯ ᠤᠨ 9 ᠭᠤᠭᠴᠤᠭ᠎ᠠ ᠪᠠᠶᠢᠭᠰᠠᠨ ᠠᠴᠠ ᠤᠳᠤ ᠶᠢᠨ 4 ᠭᠤᠭᠴᠤᠭ᠎ᠠ ᠪᠣᠯᠭᠠᠨ ᠪᠠᠭᠠᠰᠬᠠᠪᠠ︔ ᠰᠠᠭᠤᠭᠠᠯᠢ ᠠᠷᠠᠳ ᠤᠨ ᠬᠡᠷᠡᠭᠯᠡᠭᠴᠢ ᠶᠢᠨ ᠪᠠᠶᠢᠭᠠᠯᠢ ᠶᠢᠨ ᠰᠢᠲᠠᠮᠠᠬᠠᠶ ᠰᠢᠲᠠᠬᠤᠨ ᠢ ᠮᠡᠳᠡᠭᠦᠯᠦᠨ ᠠᠴᠢᠶᠠᠯᠠᠬᠤ ᠴᠠᠭ ᠢ 15 ᠠᠵᠢᠯ ᠤᠨ ᠡᠳᠦᠷ ᠪᠠᠶᠢᠭᠰᠠᠨ ᠠᠴᠠ 5 ᠠᠵᠢᠯ ᠤᠨ ᠡᠳᠦᠷ ᠪᠣᠯᠭᠠᠨ ᠪᠠᠭᠠᠰᠬᠠᠵᠤ᠂ ᠠᠯᠪᠠᠨ ᠠᠴᠠ ᠪᠠᠶᠢᠭᠤᠯᠤᠭᠰᠠᠨ ᠬᠡᠷᠡᠭᠯᠡᠭᠴᠢ ᠶᠢᠨ ᠪᠠᠶᠢᠭᠠᠯᠢ ᠶᠢᠨ ᠰᠢᠲᠠᠮᠠᠬᠠᠶ ᠰᠢᠲᠠᠬᠤᠨ ᠢ ᠮᠡᠳᠡᠭᠦᠯᠦᠨ ᠠᠴᠢᠶᠠᠯᠠᠬᠤ ᠴᠠᠭ ᠢ 25 ᠠᠵᠢᠯ ᠤᠨ ᠡᠳᠦᠷ ᠪᠠᠶᠢᠭᠰᠠᠨ ᠠᠴᠠ 10 ᠠᠵᠢᠯ ᠤᠨ ᠡᠳᠦᠷ ᠪᠣᠯᠭᠠᠨ ᠪᠠᠭᠠᠰᠬᠠᠵᠤ᠂ ᠭᠦᠢᠴᠡᠳᠬᠡᠬᠦ ᠴᠠᠭ ᠤᠨ ᠬᠢᠵᠠᠭᠠᠷ ᠢ ᠶᠡᠭᠡ ᠪᠠᠷ ᠪᠠᠭᠠᠰᠬᠠᠪᠠ︔ ᠮᠡᠳᠡᠭᠦᠯᠦᠨ ᠤᠭᠰᠠᠷᠠᠭᠤᠯᠬᠤ ᠮᠠᠲ᠋ᠧᠷᠢᠶᠠᠯ ᠢ ᠴᠣᠮᠬᠠᠳᠬᠠᠵᠤ᠂ ᠮᠡᠳᠡᠭᠦᠯᠦᠨ ᠤᠭᠰᠠᠷᠠᠭᠤᠯᠬᠤ ᠮᠠᠲ᠋ᠧᠷᠢᠶᠠᠯ ᠢ ᠥᠩᠭᠡᠷᠡᠭᠰᠡᠨ ᠤ 4 ᠪᠠᠶᠢᠭᠰᠠᠨ ᠠᠴᠠ ᠨᠢ ᠴᠣᠮᠬᠠᠳᠬᠠᠨ ᠤᠳᠤ ᠶᠢᠨ 2 ᠪᠣᠯᠭᠠᠨ᠎ᠠ︔ ᠪᠠᠶᠢᠭᠠᠯᠢ ᠶᠢᠨ ᠰᠢᠲᠠᠮᠠᠬᠠᠶ ᠰᠢᠲᠠᠬᠤᠨ ᠢ ᠵᠢᠷᠤᠭᠯᠠᠨ ᠲᠥᠯᠥᠪᠯᠡᠬᠦ᠂ ᠤᠭᠰᠠᠷᠠᠬᠤ᠂ ᠪᠠᠷᠢᠯᠭ᠎ᠠ ᠪᠠᠷᠢᠬᠤ ᠬᠦᠷᠢᠶ᠎ᠡ ᠴᠠᠷᠠᠭ᠎ᠠ ᠨᠢ ᠰᠢᠲᠠᠮᠠᠬᠠᠶ ᠰᠢᠲᠠᠬᠤᠨ ᠤ ᠠᠵᠢᠯ ᠲᠥᠷᠥᠯ ᠤᠨ ᠪᠠᠷᠢᠮᠵᠢᠶ᠎ᠠ ᠶᠢᠨ ᠵᠢᠷᠤᠮᠵᠢᠯ ᠤᠨ ᠠᠯᠬᠤᠮ ᠳᠠᠷᠠᠭᠠᠯᠠᠯ ᠢ ᠴᠢᠩᠭ᠎ᠠ ᠵᠢᠷᠤᠮᠯᠠᠨ ᠭᠤᠷᠪᠠᠳᠠᠬᠢ ᠡᠲᠡᠭᠡᠳ ᠤᠨ ᠳᠠᠭᠠᠭᠠᠴᠢᠯᠠᠯᠲᠠ ᠵᠠᠷᠯᠠᠬᠤ ᠪᠠᠶᠢᠭᠤᠯᠤᠮᠵᠢ ᠳᠤ ᠨᠠᠶᠢᠳᠠᠨ ᠳᠠᠭᠠᠭᠠᠴᠢᠯᠠᠯᠲᠠ ᠵᠠᠷᠯᠠᠭᠤᠯᠵᠤ᠂ ᠵᠠᠬ᠎ᠠ ᠳᠡᠯᠭᠡᠭᠦᠷ ᠢᠶᠠᠷ ᠡᠵᠡᠮᠳᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠡᠭᠦᠰᠬᠦ ᠶᠢ ᠡᠷᠡᠰ ᠬᠤᠷᠢᠭᠯᠠᠨ᠎ᠠ᠃             ︵ᠬᠤᠶᠠᠷ︶ ᠬᠢᠨᠠᠨ ᠵᠥᠪᠰᠢᠶᠡᠷᠡᠬᠦ ᠠᠯᠬᠤᠮ ᠳᠠᠷᠠᠭᠠᠯᠠᠯ ᠢ ᠵᠣᠬᠢᠴᠠᠭᠤᠯᠤᠨ ᠰᠢᠯᠢᠳᠡᠭᠵᠢᠭᠦᠯᠦᠨ᠎ᠡ             ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠰᠢᠲᠠᠮᠠᠬᠠᠶ ᠰᠢᠲᠠᠬᠤᠨ ᠤ ᠢᠨᠵᠧᠨᠧᠷᠢᠩ ᠤᠨ ᠲᠥᠯᠥᠪᠵᠢᠭᠦᠯᠭᠡ᠂ ᠪᠠᠷᠢᠯᠭ᠎ᠠ ᠶᠢᠨ ᠠᠵᠢᠯ ᠵᠡᠷᠭᠡ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠷᠳᠠᠮ ᠢ ᠭᠤᠣᠯ ᠬᠠᠷᠢᠭᠤᠴᠠᠭᠴᠢ ᠶᠢᠨ ᠪᠠᠷᠢᠯᠭ᠎ᠠ ᠶᠢᠨ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠣᠷᠣᠭᠤᠯᠤᠭᠰᠠᠨ ᠥᠬᠡᠶ ᠠᠴᠠ ᠪᠠᠶᠢᠭᠠᠯᠢ ᠶᠢᠨ ᠰᠢᠲᠠᠮᠠᠬᠠᠶ ᠰᠢᠲᠠᠬᠤᠨ ᠤ ᠢᠨᠵᠧᠨᠧᠷᠢᠩ ᠤᠨ ᠬᠢᠨᠠᠨ ᠵᠥᠪᠰᠢᠶᠡᠷᠡᠬᠦ ᠳᠠᠷᠠᠭᠠᠯᠠᠯ ᠢ ᠤᠳᠠᠭᠠᠰᠢᠷᠠᠭᠤᠯᠵᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠠᠯᠠᠱᠠ ᠵᠡᠭᠦᠨ ᠬᠤᠰᠢᠭᠤᠨ ᠤ ᠣᠯᠠᠩᠬᠢ ᠣᠷᠣᠨ ᠰᠠᠭᠤᠴᠠ ᠶᠢᠨ ᠬᠤᠷᠢᠶᠠᠯᠠᠯ ᠤᠨ ᠪᠠᠶᠢᠭᠠᠯᠢ ᠶᠢᠨ ᠰᠢᠲᠠᠮᠠᠬᠠᠶ ᠰᠢᠲᠠᠬᠤᠨ ᠤᠭᠰᠠᠷᠠᠬᠤ ᠢᠨᠵᠧᠨᠧᠷᠢᠩ ᠤᠨ ᠣᠯᠠᠩᠬᠢ ᠶᠢ ᠨᠢ ᠨᠢᠭᠡᠨᠲᠡ ᠪᠠᠶᠢᠭ᠎ᠠ ᠬᠤᠷᠢᠶᠠᠯᠠᠯ ᠳᠤ ᠥᠭᠡᠷᠡᠴᠢᠯᠡᠨ ᠪᠠᠶᠢᠭᠤᠯᠵᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠤᠲᠠ ᠶᠢᠨ ᠶᠠᠪᠤᠳᠠᠯ ᠤᠨ ᠳᠤᠮᠳᠠ ᠳᠠᠷᠤᠯᠲᠠᠲᠤ ᠬᠤᠭᠤᠯᠠᠶ ᠶᠢᠨ ᠲᠣᠤᠷ ᠢ ᠭᠦᠢᠴᠡᠳᠬᠡᠬᠦ ᠳᠤ ᠬᠢᠨᠠᠨ ᠵᠥᠪᠰᠢᠶᠡᠷᠡᠬᠦ ᠳᠤ ᠲᠣᠭᠲᠠᠭᠠᠯ ᠲᠦᠷᠢᠮ ᠤᠨ ᠺᠣᠮᠢᠰ ᠨᠢ ᠪᠠᠲᠤᠯᠠᠭᠳᠠᠭᠰᠠᠨ ᠤ ᠳᠠᠷᠠᠭ᠎ᠠ ᠰᠠᠶ᠋ᠢ ᠪᠠᠷᠢᠯᠭ᠎ᠠ ᠶᠢᠨ ᠭᠤᠭᠴᠤᠭ᠎ᠠ ᠳᠤ ᠣᠷᠣᠵᠤ ᠪᠣᠯᠤᠨ᠎ᠠ᠂ ᠵᠠᠮ ᠤᠨ ᠬᠢᠨᠠᠨ ᠵᠥᠪᠰᠢᠶᠡᠷᠡᠯ ᠳᠤ ᠬᠤᠯᠪᠣᠭᠳᠠᠬᠤ ᠰᠠᠯᠠᠭ᠎ᠠ ᠮᠥᠴᠢᠷ ᠨᠡᠯᠢᠶᠡᠳ ᠣᠯᠠᠨ᠂ ᠭᠦᠢᠴᠡᠳᠬᠡᠬᠦ ᠦᠶᠡᠯᠡᠯ ᠤᠨ ᠬᠤᠭᠤᠴᠠᠭ᠎ᠠ ᠨᠢ ᠨᠡᠯᠢᠶᠡᠳ ᠣᠷᠳᠣ ᠪᠠᠶᠢᠵᠤ᠂ ᠪᠠᠶᠢᠭᠠᠯᠢ ᠶᠢᠨ ᠰᠢᠲᠠᠮᠠᠬᠠᠶ ᠰᠢᠲᠠᠬᠤᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠤᠳᠠᠭᠠᠰᠢᠷᠠᠭᠤᠯᠳᠠᠭ᠃ ᠪᠠᠶᠢᠭᠠᠯᠢ ᠶᠢᠨ ᠰᠢᠲᠠᠮᠠᠬᠠᠶ ᠰᠢᠲᠠᠬᠤᠨ ᠤ ᠪᠥᠲᠥᠭᠡᠨ ᠪᠠᠶᠢᠭᠤᠯᠤᠯᠲᠠ ᠶᠢᠨ ᠣᠨᠴᠠᠭᠠᠶ ᠴᠢᠨᠠᠷ ᠴᠢᠨᠰᠠᠭ᠎ᠠ ᠶᠢ ᠦᠨᠳᠦᠰᠦᠯᠡᠨ᠂ ᠮᠠᠨ ᠤ ᠲᠣᠪᠴᠢᠶ᠎ᠠ ᠬᠤᠯᠪᠣᠭᠳᠠᠬᠤ ᠰᠠᠯᠠᠭ᠎ᠠ ᠮᠥᠴᠢᠷ ᠢ ᠢᠳᠡᠪᠬᠢᠲᠡᠶ ᠪᠠᠷ ᠵᠣᠬᠢᠴᠠᠭᠤᠯᠵᠤ ᠪᠠᠶᠢᠭᠠᠳ ᠬᠤᠲᠠ ᠶᠢᠨ ᠶᠠᠪᠤᠳᠠᠯ ᠤᠨ ᠳᠤᠮᠳᠠ ᠳᠠᠷᠤᠯᠲᠠᠲᠤ ᠬᠤᠭᠤᠯᠠᠶ ᠶᠢᠨ ᠲᠣᠤᠷ ᠬᠡᠯᠬᠢᠶ᠎ᠡ ᠶᠢ ᠬᠢᠨᠠᠨ ᠵᠥᠪᠰᠢᠶᠡᠷᠡᠬᠦ ᠶᠢ ᠭᠦᠢᠴᠡᠳᠬᠡᠬᠦ ᠦᠶᠡᠯᠡᠯ ᠤᠨ ᠬᠤᠭᠤᠴᠠᠭ᠎ᠠ ᠶᠢ ᠪᠠᠭᠠᠰᠬᠠᠬᠤ ᠶᠢᠨ ᠬᠠᠮᠲᠤ ᠪᠠᠶᠢᠭᠠᠯᠢ ᠶᠢᠨ ᠰᠢᠲᠠᠮᠠᠬᠠᠶ ᠰᠢᠲᠠᠬᠤᠨ ᠢ ᠬᠢᠨᠠᠨ ᠵᠥᠪᠰᠢᠶᠡᠷᠡᠬᠦ ᠠᠯᠬᠤᠮ ᠳᠠᠷᠠᠭᠠᠯᠠᠯ ᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠬᠠᠮᠲᠤᠷᠠᠨ ᠬᠢᠨᠠᠨ ᠵᠥᠪᠰᠢᠶᠡᠷᠡᠬᠦ ᠠᠯᠬᠤᠮ ᠳᠠᠷᠠᠭᠠᠯᠠᠯ ᠳᠤ ᠣᠷᠣᠭᠤᠯᠵᠤ᠂ ᠬᠢᠨᠠᠨ ᠵᠥᠪᠰᠢᠶᠡᠷᠡᠬᠦ ᠠᠯᠬᠤᠮ ᠳᠠᠷᠠᠭᠠᠯᠠᠯ ᠢ ᠤᠯᠠᠮ ᠠᠬᠢᠭᠤᠯᠤᠨ ᠪᠣᠭᠤᠨᠢᠰᠬᠠᠨ᠎ᠠ᠃             ᠭᠤᠷᠪᠠ᠂ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠲᠡᠷᠡ ᠳᠠᠷᠤᠢ ᠳᠤᠨᠢ ᠰᠢᠢᠳᠪᠦᠷᠢᠯᠡᠵᠦ᠂ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ             ᠠᠵᠢᠯ ᠶᠠᠪᠤᠳᠠᠯ ᠭᠦᠢᠴᠡᠳᠬᠡᠬᠦ ᠲᠣᠤᠷ ᠴᠢᠬ ᠲᠤ ᠰᠦᠢᠳᠬᠡᠯ ᠬᠤᠷᠢᠶᠠᠬᠤ᠂ ᠦᠢᠯᠡᠴᠢᠯᠡᠬᠦ ᠵᠢᠴᠢ ᠠᠵᠢᠯ ᠶᠠᠪᠤᠳᠠᠯ ᠭᠦᠢᠴᠡᠳᠬᠡᠬᠦ ᠳᠠᠷᠠᠭᠠᠯᠠᠯ ᠵᠡᠷᠭᠡ ᠶᠢ ᠣᠯᠠᠨ ᠨᠡᠶᠢᠲᠡ ᠳᠤ ᠢᠯᠡ ᠨᠡᠶᠢᠲᠡᠯᠡᠵᠦ᠂ ᠠᠶᠤᠯ ᠠᠴᠠ ᠠᠪᠤᠷᠬᠠᠤ᠂ ᠵᠠᠪᠳᠤᠨ ᠵᠠᠰᠠᠬᠤ ᠪᠠ ᠦᠢᠯᠡᠴᠢᠯᠡᠬᠦ ᠤᠲᠠᠰᠤ ᠳᠣᠭᠢᠷᠠᠭᠤᠯᠤᠨ᠂ 24 ᠴᠠᠭ ᠲᠤ ᠲᠠᠰᠤᠷᠠᠯᠲᠠ ᠥᠬᠡᠶ ᠦᠢᠯᠡᠴᠢᠯᠡᠬᠦ ᠶᠢ ᠦᠨᠡᠨᠬᠦ ᠪᠠᠲᠤᠯᠠᠵᠤ᠂ ᠰᠠᠭᠤᠭᠠᠯᠢ ᠠᠷᠠᠳ ᠤᠨ ᠵᠠᠭᠠᠯᠳᠤᠯᠭ᠎ᠠ ᠶᠢ ᠲᠡᠷᠡ ᠳᠠᠷᠤᠢ ᠳᠤᠨᠢ ᠰᠢᠢᠳᠪᠦᠷᠢᠯᠡᠵᠦ᠂ ᠶᠠᠪᠤᠳᠠᠯ ᠪᠣᠯᠭᠠᠨ ᠳᠤ ᠨᠠᠶᠢᠳᠠᠪᠤᠷᠢᠵᠢᠭᠤᠯᠵᠤ᠂ ᠶᠠᠪᠤᠳᠠᠯ ᠪᠣᠯᠭᠠᠨ ᠳᠤ ᠬᠠᠷᠢᠭᠤ ᠴᠢᠮᠡᠭᠡ ᠥᠭᠬᠦ ᠬᠡᠷᠡᠭᠲᠡᠶ᠃             ᠡᠵᠡᠩᠨᠡᠯᠲᠡ ᠶᠢᠨ ᠣᠷᠴᠢᠨ ᠲᠣᠭᠤᠷᠢᠨ ᠢ ᠵᠠᠰᠠᠨ ᠴᠡᠭᠴᠡᠯᠡᠬᠦ ᠶᠠᠪᠤᠴᠠ ᠳᠤ᠂ ᠮᠠᠨ ᠤ ᠬᠤᠰᠢᠭᠤᠨ ᠤ ᠪᠠᠶᠢᠭᠠᠯᠢ ᠶᠢᠨ ᠰᠢᠲᠠᠮᠠᠬᠠᠶ ᠰᠢᠲᠠᠬᠤᠨ ᠤ ᠠᠵᠢᠯ ᠲᠥᠷᠥᠯ ᠤᠨ ᠬᠢᠨ ᠬᠡᠳᠦ᠋ᠢᠪᠡᠷ ᠦᠢᠯᠡᠴᠢᠯᠡᠭᠡ ᠪᠠᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠠᠪᠤᠭᠰᠠᠨ ᠪᠣᠯᠪᠠᠴᠤ᠂ ᠪᠤᠰᠤᠳ ᠠᠶᠢᠮᠠᠭ ᠬᠤᠲᠠ ᠠᠴᠠ ᠠᠷᠠᠯᠵᠢᠶ᠎ᠠ ᠬᠤᠳᠠᠯᠳᠤᠭᠠᠨ ᠤ ᠣᠷᠴᠢᠨ ᠨᠥᠬᠦᠴᠡᠯ ᠢᠶᠠᠨ ᠰᠢᠯᠢᠳᠡᠭᠵᠢᠭᠦᠯᠬᠦ ᠲᠤᠷᠰᠢᠯᠭ᠎ᠠ ᠶᠢ ᠰᠤᠷᠤᠯᠴᠠᠵᠤ᠂ ᠴᠣᠩᠬᠤᠨ ᠤ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠦᠨ᠂ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠶᠠᠪᠤᠴᠠ ᠪᠠ ᠰᠢᠲᠠᠮᠠᠬᠠᠶ ᠰᠢᠲᠠᠬᠤᠨ ᠬᠠᠩᠭᠠᠬᠤ ᠦᠢᠯᠡᠴᠢᠯᠡᠭᠡᠨ ᠤ ᠵᠠᠭᠪᠤᠷ ᠢᠶᠠᠨ ᠲᠠᠰᠤᠷᠠᠯᠲᠠ ᠥᠬᠡᠶ ᠰᠢᠯᠢᠳᠡᠭᠵᠢᠭᠦᠯᠵᠦ᠂ ᠬᠡᠷᠡᠭᠯᠡᠭᠴᠢᠳ ᠤᠨ ᠬᠠᠨᠤᠮᠵᠢ ᠶᠢᠨ ᠬᠡᠮᠵᠢᠶ᠎ᠡ ᠶᠢ ᠡᠷᠴᠢᠮᠲᠡᠢ ᠳᠡᠭᠡᠭᠰᠢᠯᠡᠭᠦᠯᠦᠨ᠂ ᠲᠤᠬᠠᠶᠢᠯᠠᠭᠰᠠᠨ ᠠᠵᠢᠯ ᠤᠨ ᠳᠤᠲᠠᠭᠤᠳᠠᠯ ᠢᠶᠠᠨ ᠨᠥᠬᠦᠪᠥᠷᠢᠯᠡᠵᠦ᠂ ᠠᠷᠠᠯᠵᠢᠶ᠎ᠠ ᠬᠤᠳᠠᠯᠳᠤᠭᠠᠨ ᠤ ᠣᠷᠴᠢᠨ ᠨᠥᠬᠦᠴᠡᠯ ᠢᠶᠠᠨ ᠦᠷᠭᠦᠯᠵᠢᠯᠡᠨ ᠰᠠᠶᠢᠵᠢᠷᠠᠭᠤᠯᠬᠤ ᠶᠢ ᠳᠥᠯᠭᠢᠨ ᠠᠬᠢᠭᠤᠯᠤᠨ᠎ᠠ᠃            2021 ᠣᠨ ᠤ 3 ᠳ᠋ᠤᠭᠠᠷ ᠰᠠᠷ᠎ᠠ ᠶᠢᠨ 2
 
ᠢᠷᠡᠯᠲᠡ᠄ ᠠᠯᠠᠱᠠ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号