︽︿ᠥᠪᠥᠷ ᠮᠣᠩᠭᠤᠯ ᠤᠨ ᠮᠥᠩᠬᠡ ᠰᠤᠪᠠᠭ᠂ ᠨᠢᠭᠡ ᠤᠳᠠᠭ᠎ᠠ ᠪᠠᠷ ᠭᠦᠢᠴᠡᠳᠬᠡᠬᠦ ᠠᠯᠪᠠᠨ ᠬᠡᠷ﹀᠎ ᠢ ᠲᠦᠷᠭᠡᠳᠬᠡᠨ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾᠎ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/12/17
              ᠨᠢᠭᠡ᠂ ︽ᠲᠥᠰᠦᠯ︾᠎ ᠢ ᠲᠣᠭᠲᠠᠭᠠᠭᠰᠠᠨ ᠦᠨᠳᠦᠰᠦᠯᠡᠯ             【 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠣᠩᠭᠤᠯ ᠤᠨ ᠮᠥᠩᠬᠡ ᠰᠤᠪᠠᠭ᠂ ᠨᠢᠭᠡ ᠤᠳᠠᠭ᠎ᠠ ᠪᠠᠷ ᠭᠦᠢᠴᠡᠳᠬᠡᠬᠦ ᠠᠯᠪᠠᠨ ᠬᠡᠷ · ᠴᠠᠬᠢᠮ ᠠᠯᠪᠠᠨ ᠬᠡᠷ﹀᠎ ᠢ ᠡᠷᠴᠢᠮᠲᠡᠢ ᠬᠡᠷᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ﹀ ︽ᠠᠯᠠᠱᠠ ᠠᠶᠢᠮᠠᠭ ᠤᠨ ︿ᠮᠣᠩᠭᠤᠯ ᠤᠨ ᠮᠥᠩᠬᠡ ᠰᠤᠪᠠᠭ᠂ ᠨᠢᠭᠡ ᠤᠳᠠᠭ᠎ᠠ ᠪᠠᠷ ᠭᠦᠢᠴᠡᠳᠬᠡᠬᠦ ᠠᠯᠪᠠᠨ ᠬᠡᠷ · ᠴᠠᠬᠢᠮ ᠠᠯᠪᠠᠨ ᠬᠡᠷ﹀᠎ ᠢ ᠲᠦᠷᠭᠡᠳᠬᠡᠨ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾             ᠬᠤᠶᠠᠷ᠂ ︽ᠥᠪᠥᠷ ᠮᠣᠩᠭᠤᠯ ᠤᠨ ᠮᠥᠩᠬᠡ ᠰᠤᠪᠠᠭ᠂ ᠨᠢᠭᠡ ᠤᠳᠠᠭ᠎ᠠ ᠪᠠᠷ ᠭᠦᠢᠴᠡᠳᠬᠡᠬᠦ ᠠᠯᠪᠠᠨ ᠭᠡᠷ · ᠴᠠᠬᠢᠮ ᠠᠯᠪᠠᠨ ᠬᠡᠷ︾᠎ ᠤᠨ ᠲᠣᠪᠴᠢ ᠲᠣᠭᠠᠴᠢᠯᠲᠠ             ︽ᠥᠪᠥᠷ ᠮᠣᠩᠭᠤᠯ ᠤᠨ ᠮᠥᠩᠬᠡ ᠰᠤᠪᠠᠭ᠂ ᠨᠢᠭᠡ ᠤᠳᠠᠭ᠎ᠠ ᠪᠠᠷ ᠭᠦᠢᠴᠡᠳᠬᠡᠬᠦ ᠠᠯᠪᠠᠨ ᠬᠡᠷ · ᠴᠠᠬᠢᠮ ᠠᠯᠪᠠᠨ ᠬᠡᠷ︾ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠭᠰᠠᠨ ᠪᠥᠬᠦ ᠣᠷᠣᠨ ᠤ ᠨᠢᠭᠡ ᠴᠤᠭᠴᠠᠵᠢᠭᠰᠠᠨ ᠰᠦᠯᠵᠢᠶᠡᠨ ᠳᠠᠬᠢ ᠵᠠᠰᠠᠭ ᠤᠨ ᠠᠵᠢᠯ ᠤᠨ ᠦᠢᠯᠡᠴᠢᠯᠡᠭᠡᠨ ᠤ ᠲᠠᠪᠴᠠᠩ ᠤᠨ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠬᠤᠰᠢᠭᠤ ᠰᠢᠶᠡᠨ ᠤ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠬᠦ ᠨᠡᠭᠦᠳᠡᠯ ᠵᠠᠰᠠᠭ ᠤᠨ ᠠᠵᠢᠯ ᠤᠨ ᠦᠢᠯᠡᠴᠢᠯᠡᠭᠡᠨ ᠤ ᠲᠠᠪᠴᠠᠩ ᠪᠠ ᠠᠵᠤ ᠠᠬᠤᠶᠢᠯᠠᠯ ᠤᠨ ᠣᠯᠠᠨ ᠲᠦᠮᠡᠨ ᠤ ᠡᠯ᠎ᠡ ᠲᠥᠷᠥᠯ ᠤᠨ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠵᠢᠴᠢ ᠠᠳᠠᠯᠢ ᠪᠤᠰᠤ ᠠᠬᠤᠶ ᠲᠠᠯᠠᠪᠤᠷ ᠲᠠᠬᠢ ᠮᠡᠷᠭᠡᠨ ᠴᠣᠬᠤᠷ ᠢ ᠬᠠᠭᠤᠯᠵᠤ ᠦᠨᠡᠮᠯᠡᠯ ᠢᠶᠠᠨ ᠢᠯᠡᠷᠡᠭᠦᠯᠬᠦ ᠴᠢᠬᠤᠯᠠ ᠪᠠᠭᠠᠵᠢ ᠬᠡᠷᠡᠭᠰᠡᠯ ᠢ ᠬᠡᠷᠡᠭᠯᠡᠨ᠂ ᠨᠠᠩ ᠣᠯᠠᠨ ᠥᠨᠳᠥᠷ ᠳᠠᠪᠲᠠᠮᠵᠢᠲᠤ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠭᠠᠷ ᠲᠠᠭᠠᠨ ᠭᠦᠢᠴᠡᠳᠬᠡᠬᠦ ᠶᠢ ᠠᠬᠢᠭᠤᠯᠵᠤ᠂ ᠣᠯᠠᠨ ᠲᠦᠮᠡᠨ ᠳᠤ ᠬᠡᠷ ᠠᠴᠠ ᠪᠠᠨ ᠭᠠᠷᠬᠤ ᠥᠬᠡᠶ ᠪᠠᠷ ᠠᠮᠢᠳᠤᠷᠠᠯ ᠤᠨ ᠲᠥᠬᠦᠮ ᠨᠥᠬᠦᠴᠡᠯ ᠢ ᠡᠳ᠋ᠯᠡᠭᠦᠯᠦᠨ᠎ᠡ᠃             ᠭᠤᠷᠪᠠ᠂ ︽ᠥᠪᠥᠷ ᠮᠣᠩᠭᠤᠯ ᠤᠨ ᠮᠥᠩᠬᠡ ᠰᠤᠪᠠᠭ᠂ ᠨᠢᠭᠡ ᠤᠳᠠᠭ᠎ᠠ ᠪᠠᠷ ᠭᠦᠢᠴᠡᠳᠬᠡᠬᠦ ᠠᠯᠪᠠᠨ ᠬᠡᠷ · ᠴᠠᠬᠢᠮ ᠠᠯᠪᠠᠨ ᠬᠡᠷ︾᠎ ᠢ ᠠᠬᠢᠭᠤᠯᠬᠤ ᠵᠣᠷᠢᠯᠲᠠ             ︽ᠨᠢᠭᠡ ᠲᠠᠪᠴᠠᠩ᠂ ᠣᠯᠠᠨ ᠠᠷᠭ᠎ᠠ ᠵᠠᠮ᠂ ᠥᠷᠭᠡᠨ ᠢᠶᠠᠷ ᠬᠠᠮᠤᠷᠬᠤ︾ ᠰᠡᠳᠬᠢᠴᠡ ᠪᠠᠷ᠂ ᠰᠢᠯᠵᠢᠮᠡᠯ ᠵᠠᠰᠠᠭ ᠤᠨ ᠠᠵᠢᠯ ᠤᠨ ᠦᠢᠯᠡᠴᠢᠯᠡᠭᠡᠨ ᠤ ᠲᠠᠪᠴᠠᠩ ᠢᠶᠠᠷ ᠭᠤᠤᠯ ᠠᠷᠭ᠎ᠠ ᠵᠠᠮ ᠪᠣᠯᠭᠠᠭᠰᠠᠨ᠂ ᠰᠢᠯᠵᠢᠮᠡᠯ ᠬᠤᠯᠪᠣᠭᠠᠨ ᠤ ᠦᠵᠦᠭᠦᠷ ᠤᠨ ᠵᠢᠵᠢᠭ ᠫᠷᠤᠭ᠍ᠷᠠᠮ᠂ ᠣᠯᠠᠨ ᠨᠡᠶᠢᠲᠡ ᠶᠢᠨ ᠳ᠋ᠤᠭᠠᠷ ᠵᠡᠷᠭᠡ ᠣᠯᠠᠨ ᠠᠷᠭ᠎ᠠ ᠵᠠᠮ ᠢᠶᠠᠷ ᠵᠡᠷᠭᠡᠪᠡᠷ ᠣᠷᠣᠰᠢᠭᠰᠠᠨ ᠨᠢᠭᠡᠳᠦᠯᠲᠡᠶ ᠵᠢᠷᠤᠮᠵᠢᠭᠰᠠᠨ ︽ᠥᠪᠥᠷ ᠮᠣᠩᠭᠤᠯ ᠤᠨ ᠮᠥᠩᠬᠡ ᠰᠤᠪᠠᠭ᠂ ᠨᠢᠭᠡ ᠤᠳᠠᠭ᠎ᠠ ᠎ ᠪᠠᠷ ᠭᠦᠢᠴᠡᠳᠬᠡᠬᠦ ᠠᠯᠪᠠᠨ ᠬᠡᠷ · ᠴᠠᠬᠢᠮ ᠠᠯᠪᠠᠨ ᠬᠡᠷ︾᠎ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠵᠤ᠂ ︽ᠥᠪᠥᠷ ᠮᠣᠩᠭᠤᠯ ᠤᠨ ᠮᠥᠩᠬᠡ ᠰᠤᠪᠠᠭ᠂ ᠨᠢᠭᠡ ᠤᠳᠠᠭ᠎ᠠ ᠪᠠᠷ ᠭᠦᠢᠴᠡᠳᠬᠡᠬᠦ ᠠᠯᠪᠠᠨ ᠬᠡᠷ · ᠴᠠᠬᠢᠮ ᠠᠯᠪᠠᠨ ᠬᠡᠷ ︾᠎ ᠤᠨ ᠠᠵᠢᠯ ᠤᠨ ᠵᠣᠷᠢᠯᠭ᠎ᠠ ᠨᠢ ᠥᠷᠭᠡᠨ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠥᠷᠲᠡᠭᠡᠨ ᠤ ᠮᠠᠶ᠋ᠢᠭ︾᠎ ᠤᠨ ᠴᠠᠬᠢᠮ ᠪᠠᠶᠢᠴᠠᠭᠠᠨ ᠯᠠᠪᠯᠠᠬᠤ᠂ ᠴᠠᠬᠢᠮ ᠤᠷᠢᠳᠴᠢᠯᠠᠨ ᠪᠣᠯᠵᠣᠬᠤ᠂ ᠴᠠᠬᠢᠮ ᠭᠦᠢᠴᠡᠳᠬᠡᠬᠦ᠂ ᠴᠠᠬᠢᠮ ᠦᠨᠡᠯᠡᠬᠦ ᠴᠠᠬᠢᠮ ᠵᠠᠰᠠᠭ ᠤᠨ ᠠᠵᠢᠯ ᠤᠨ ᠦᠢᠯᠡᠴᠢᠯᠡᠭᠡ ᠬᠠᠩᠭᠠᠬᠤ ᠶᠢ ᠳᠥᠯᠭᠢᠨ ᠠᠬᠢᠭᠤᠯᠤᠨ᠎ᠠ᠃ ᠡᠭᠦᠨ ᠤ ᠵᠡᠷᠭᠡ ᠳᠤ᠂ ︽ᠮᠣᠩᠭᠤᠯ ᠤᠨ ᠮᠥᠩᠬᠡ ᠰᠤᠪᠠᠭ᠂ ᠨᠢᠭᠡ ᠤᠳᠠᠭ᠎ᠠ ᠪᠠᠷ ᠭᠦᠢᠴᠡᠳᠬᠡᠬᠦ ᠠᠯᠪᠠᠨ ᠬᠡᠷ︾᠎ ᠤᠨ APP᠎ ᠨᠢ ᠪᠠᠰᠠ ᠣᠯᠠᠨ ᠵᠦᠢᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠵᠤ᠂ 24 ᠴᠠᠭ ᠤᠨ ︽ᠴᠠᠬᠢᠮ︾ ᠵᠠᠰᠠᠭ ᠤᠨ ᠠᠵᠢᠯ ᠤᠨ ᠦᠢᠯᠡᠴᠢᠯᠡᠭᠡ ᠬᠠᠩᠭᠠᠵᠤ᠂ ᠣᠯᠠᠨ ᠲᠦᠮᠡᠨ ᠳᠤ ᠬᠡᠷ ᠠᠴᠠ ᠪᠠᠨ ᠭᠠᠷᠬᠤ ᠥᠬᠡᠶ ᠪᠠᠷ ᠠᠮᠢᠳᠤᠷᠠᠯ ᠤᠨ ᠲᠥᠬᠦᠮ ᠨᠥᠬᠦᠴᠡᠯ ᠢ ᠡᠳ᠋ᠯᠡᠭᠦᠯᠵᠦ᠂ ︽ᠮᠣᠩᠭᠤᠯ ᠤᠨ ᠮᠥᠩᠬᠡ ᠰᠤᠪᠠᠭ᠂ ᠨᠢᠭᠡ ᠤᠳᠠᠭ᠎ᠠ ᠪᠠᠷ ᠭᠦᠢᠴᠡᠳᠬᠡᠬᠦ ᠠᠯᠪᠠᠨ ᠬᠡᠷ︾᠎ ᠤᠨ ᠰᠢᠯᠵᠢᠮᠡᠯ ᠵᠠᠰᠠᠭ ᠤᠨ ᠠᠵᠢᠯ ᠤᠨ ᠦᠢᠯᠡᠴᠢᠯᠡᠭᠡᠨ ᠤ ᠲᠠᠪᠴᠠᠩ ᠢ ᠠᠷᠠᠳ ᠣᠯᠠᠨ ᠤ ︽ᠰᠠᠶᠢᠬᠠᠨ ᠪᠥᠭᠡᠳ ᠬᠡᠷᠡᠭᠯᠡᠬᠦ ᠳᠤ ᠰᠠᠶᠢᠨ᠂ ᠦᠵᠡᠬᠦ ᠳᠤᠷᠠᠲᠠᠶ ᠬᠡᠷᠡᠭᠯᠡᠬᠦ ᠳᠤᠷᠠᠲᠠᠶ᠂ ᠦᠷᠭᠦᠯᠵᠢ ᠦᠵᠡᠵᠦ ᠦᠷᠭᠦᠯᠵᠢ ᠬᠡᠷᠡᠭᠯᠡᠬᠦ᠂ ᠵᠠᠪᠠᠯ ᠦᠵᠡᠵᠦ ᠵᠠᠪᠠᠯ ᠬᠡᠷᠡᠭᠯᠡᠬᠦ︾ ᠰᠢᠯᠵᠢᠮᠡᠯ ᠵᠠᠰᠠᠭ ᠤᠨ ᠠᠵᠢᠯ ᠤᠨ ᠦᠢᠯᠡᠴᠢᠯᠡᠭᠡᠨ ᠤ ᠲᠠᠪᠴᠠᠩ ᠪᠣᠯᠭᠠᠨ ᠪᠣᠶ ᠪᠣᠯᠭᠠᠵᠠᠶ᠃             ᠳᠥᠷᠪᠡ᠂ ︽ᠥᠪᠥᠷ ᠮᠣᠩᠭᠤᠯ ᠤᠨ ᠮᠥᠩᠬᠡ ᠰᠤᠪᠠᠭ᠂ ᠨᠢᠭᠡ ᠤᠳᠠᠭ᠎ᠠ ᠪᠠᠷ ᠭᠦᠢᠴᠡᠳᠬᠡᠬᠦ ᠠᠯᠪᠠᠨ ᠬᠡᠷ · ᠴᠠᠬᠢᠮ ᠠᠯᠪᠠᠨ ᠬᠡᠷ︾᠎ ᠢ ᠬᠡᠷᠡᠭᠵᠢᠭᠦᠯᠬᠦ ᠵᠠᠷᠴᠢᠮ             ︵ᠨᠢᠭᠡ︶ ᠳᠡᠯᠭᠡᠷᠡᠭᠦᠯᠦᠨ ᠬᠡᠷᠡᠭᠯᠡᠬᠦ᠃ ᠥᠪᠡᠷᠲᠡᠭᠡᠨ ᠵᠠᠰᠠᠬᠤ ᠣᠷᠣᠨ ᠤ ᠥᠪᠥᠷ ᠮᠣᠩᠭᠤᠯ ᠤᠨ ᠮᠥᠩᠬᠡ ᠰᠤᠪᠠᠭ᠂ ᠨᠢᠭᠡ ᠤᠳᠠᠭ᠎ᠠ ᠪᠠᠷ ᠭᠦᠢᠴᠡᠳᠬᠡᠬᠦ ᠠᠯᠪᠠᠨ ᠬᠡᠷ ᠤᠨ ᠰᠢᠯᠵᠢᠮᠡᠯ ᠬᠤᠯᠪᠣᠭᠠᠨ ᠤ ᠦᠵᠦᠭᠦᠷ ᠤᠨ ᠪᠠᠷᠢᠮᠵᠢᠶ᠎ᠠ ᠶᠢᠨ ᠵᠢᠷᠤᠮᠵᠢᠯ ᠪᠠ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠪᠴᠠᠩ ᠤᠨ ᠠᠮᠤᠷ ᠲᠦᠪᠰᠢᠨ ᠳᠢᠭ ᠵᠢᠷᠤᠮ ᠲᠠᠢ ᠴᠠᠬᠢᠮ ᠦᠨᠡᠮᠯᠡᠯ ᠤᠨ ᠬᠡᠷᠡᠭᠯᠡᠯᠲᠡ ᠶᠢ ᠴᠢᠩᠭᠠᠳᠬᠠᠵᠤ᠂ ᠦᠯᠡᠳᠡᠭᠡᠯ ᠲᠤᠭ᠎ᠠ ᠪᠠᠷᠢᠮᠲᠠ ᠶᠢ ᠴᠤᠭᠯᠠᠭᠤᠯᠬᠤ ᠶᠢᠨ ᠬᠠᠮᠲᠤ ᠴᠠᠬᠢᠮ ᠲᠠᠮᠠᠭ᠎ᠠ ᠶᠢ ᠳᠠᠷᠤᠬᠤ ᠶᠢ ᠡᠷᠴᠢᠮᠲᠡᠢ ᠠᠬᠢᠭᠤᠯᠵᠤ᠂ ᠠᠵᠤ ᠠᠬᠤᠶᠢᠯᠠᠯ ᠤᠨ ᠣᠯᠠᠨ ᠲᠦᠮᠡᠨ ᠤ ᠮᠡᠷᠭᠡᠨ ᠴᠣᠬᠤᠷ ᠢ ᠬᠠᠭᠤᠯᠵᠤ ᠭᠡᠷᠡᠴᠢ ᠢᠯᠡᠷᠡᠭᠦᠯᠬᠦ ᠶᠢ ᠳᠡᠮᠵᠢᠨ᠎ᠡ᠃             ︵ᠬᠤᠶᠠᠷ︶ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ᠎ᠡ᠃ ᠠᠯᠠᠱᠠ ᠵᠡᠭᠦᠨ ᠬᠤᠰᠢᠭᠤᠨ ᠤ ᠰᠢᠯᠵᠢᠮᠡᠯ ᠬᠤᠯᠪᠣᠭᠠᠨ ᠤ ᠦᠵᠦᠭᠦᠷ ᠤᠨ ᠵᠠᠰᠠᠭ ᠤᠨ ᠠᠵᠢᠯ ᠤᠨ ᠦᠢᠯᠡᠴᠢᠯᠡᠭᠡᠨ ᠤ ᠬᠡᠷᠡᠭᠯᠡᠭᠡᠨ ᠤ ᠡᠬᠢ ᠪᠠᠶᠠᠯᠢᠭ ᠵᠢᠴᠢ ᠡᠯ᠎ᠡ ᠰᠠᠯᠠᠭ᠎ᠠ ᠮᠥᠴᠢᠷ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢ ᠡᠷᠴᠢᠮᠲᠡᠢ ᠡᠮᠬᠢᠯᠡᠨ ᠳᠢᠭᠯᠡᠵᠦ᠂ ᠨᠠᠩ ᠣᠯᠠᠨ ᠥᠨᠳᠥᠷ ᠳᠠᠪᠲᠠᠮᠵᠢᠲᠤ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠬᠤᠷᠤᠭᠤᠨ ᠦᠵᠦᠭᠦᠷ ᠢ ᠭᠦᠢᠴᠡᠳᠬᠡᠵᠦ ᠪᠣᠯᠬᠤ᠂ ᠪᠠᠶᠢᠴᠠᠭᠠᠵᠤ ᠪᠣᠯᠬᠤ ᠶᠢ ᠳᠥᠯᠭᠢᠨ ᠠᠬᠢᠭᠤᠯᠤᠨ᠎ᠠ᠃             ︵ᠭᠤᠷᠪᠠ︶ ᠬᠠᠮᠢᠶᠠᠷᠤᠯᠲᠠ ᠪᠠᠨ ᠴᠢᠩᠭᠠᠷᠠᠭᠤᠯᠤᠨ᠎ᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠠᠵᠢᠯ ᠬᠤᠪᠢᠶᠠᠷᠢᠯᠠᠨ ᠬᠠᠷᠢᠭᠤᠴᠠᠭᠰᠠᠨ ᠴᠤᠭᠴᠠᠵᠢᠭᠤᠯᠤᠭᠰᠠᠨ ᠵᠠᠰᠠᠭ ᠤᠨ ᠠᠵᠢᠯ ᠤᠨ ᠦᠢᠯᠡᠴᠢᠯᠡᠭᠡᠨ ᠤ ᠠᠵᠢᠯᠯᠠᠭᠤᠯᠵᠤ ᠪᠠᠲᠤᠯᠠᠬᠤ ᠲᠣᠭᠲᠠᠯᠴᠠᠭ᠎ᠠ ᠶᠢ ᠪᠣᠶ ᠪᠣᠯᠭᠠᠵᠤ᠂ ︽ᠲᠤᠷᠰᠢᠨ ᠬᠡᠷᠡᠭᠯᠡᠬᠦ ᠠᠵᠢᠯᠲᠠᠨ ︾᠎ ᠤ ︽ᠠᠯᠳᠠᠭ᠎ᠠ ᠳᠤᠲᠠᠭᠳᠠᠯ ᠢ ᠨᠢ ᠬᠠᠶᠢᠬᠤ︾ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠡᠷᠡᠭᠯᠡᠭᠴᠢ ᠶᠢᠨ ᠣᠶᠢᠯᠠᠭᠠᠯᠲᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ︔ ᠲᠠᠪᠴᠠᠩ ᠤᠨ ᠠᠶᠦᠯᠭᠦᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠭᠦᠢᠴᠡᠳᠬᠡᠨ᠎ᠡ᠃             ᠲᠠᠪᠤ᠂ ︽ᠥᠪᠥᠷ ᠮᠣᠩᠭᠤᠯ ᠤᠨ ᠮᠥᠩᠬᠡ ᠰᠤᠪᠠᠭ᠂ ᠨᠢᠭᠡ ᠤᠳᠠᠭ᠎ᠠ ᠪᠠᠷ ᠭᠦᠢᠴᠡᠳᠬᠡᠬᠦ ᠠᠯᠪᠠᠨ ᠬᠡᠷ · ᠴᠠᠬᠢᠮ ᠠᠯᠪᠠᠨ ᠬᠡᠷ︾᠎ ᠢ ᠬᠡᠷᠡᠭᠵᠢᠭᠦᠯᠬᠦ ᠬᠡᠪᠴᠢᠶ᠎ᠡ             ᠪᠥᠬᠦ ᠬᠤᠰᠢᠭᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠡᠭᠦᠷᠭᠡ ᠴᠢᠳᠠᠪᠤᠷᠢ ᠪᠥᠬᠦᠶ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠃             ᠵᠢᠷᠭᠤᠭ᠎ᠠ᠂ ︽ᠥᠪᠥᠷ ᠮᠣᠩᠭᠤᠯ ᠤᠨ ᠮᠥᠩᠬᠡ ᠰᠤᠪᠠᠭ᠂ ᠨᠢᠭᠡ ᠤᠳᠠᠭ᠎ᠠ ᠪᠠᠷ ᠭᠦᠢᠴᠡᠳᠬᠡᠬᠦ ᠠᠯᠪᠠᠨ ᠬᠡᠷ · ᠴᠠᠬᠢᠮ ᠠᠯᠪᠠᠨ ᠬᠡᠷ︾᠎ ᠢ ᠬᠡᠷᠡᠭᠵᠢᠭᠦᠯᠬᠦ ᠴᠠᠭ             2021 ᠣᠨ ᠤ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠡᠷᠡᠭᠯᠡᠭᠡ ᠶᠢ ᠡᠮᠬᠢᠯᠡᠬᠦ ᠠᠵᠢᠯ ᠢ ᠳᠠᠭᠤᠰᠬᠠᠨ᠎ᠠ᠃                        ᠪᠢᠴᠢᠭ ᠮᠠᠲ᠋ᠧᠷᠢᠶᠠᠯ ᠤᠨ ᠲᠤᠬᠠᠢ ᠴᠠᠬᠢᠮ ᠬᠠᠭᠤᠳᠠᠰᠤ᠄        ︽ᠥᠪᠥᠷ ᠮᠣᠩᠭᠤᠯ ᠤᠨ ᠮᠥᠩᠬᠡ ᠰᠤᠪᠠᠭ᠂ ᠨᠢᠭᠡ ᠤᠳᠠᠭ᠎ᠠ ᠪᠠᠷ ᠭᠦᠢᠴᠡᠳᠬᠡᠬᠦ ᠠᠯᠪᠠᠨ ᠬᠡᠷ · ᠠᠯᠠᠭᠠᠨ ᠠᠯᠪᠠᠨ ᠬᠡᠷ︾ ︽ᠥᠪᠥᠷ ᠮᠣᠩᠭᠤᠯ ᠤᠨ ᠮᠥᠩᠬᠡ ᠰᠤᠪᠠᠭ᠂ ᠨᠢᠭᠡ ᠤᠳᠠᠭ᠎ᠠ ᠪᠠᠷ ᠭᠦᠢᠴᠡᠳᠬᠡᠬᠦ ᠠᠯᠪᠠᠨ ᠬᠡᠷ · ᠨᠢᠭᠡ ᠤᠳᠠᠭ᠎ᠠ ᠶᠢᠨ ᠠᠯᠪᠠᠨ ᠬᠡᠷ︾ ︽ᠥᠪᠥᠷ ᠮᠣᠩᠭᠤᠯ ᠤᠨ ᠮᠥᠩᠬᠡ ᠰᠤᠪᠠᠭ᠂ ᠨᠢᠭᠡ ᠤᠳᠠᠭ᠎ᠠ ᠪᠠᠷ ᠭᠦᠢᠴᠡᠳᠬᠡᠬᠦ ᠠᠯᠪᠠᠨ ᠬᠡᠷ · ᠲᠠᠨ ᠢ ᠬᠠᠪᠰᠤᠷᠤᠨ ᠭᠦᠢᠴᠡᠳᠬᠡᠬᠦ︾ ᠠᠵᠢᠯ ᠢ ᠡᠷᠴᠢᠮᠲᠡᠢ ᠬᠡᠷᠡᠭᠵᠢᠭᠦᠯᠬᠦ ᠲᠥᠰᠦᠯ ᠢ ᠵᠠᠷᠯᠠᠨ ᠨᠡᠶᠢᠲᠡᠯᠡᠬᠦ ᠲᠤᠬᠠᠶ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ             ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ            ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ    
 
ᠢᠷᠡᠯᠲᠡ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号