ᠠᠯᠠᠱᠠ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶᠠᠨ ᠤ ︽ᠬᠢᠨᠠᠨ ᠪᠤᠳᠤᠬᠤ ᠵᠠᠬᠢᠷᠭ᠎ᠠ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ — ᠰᠢᠨ᠎ᠡ ᠴᠠᠭ ᠦᠶ᠎ᠡ ᠶᠢᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠭᠦᠢᠴᠡᠳᠬᠡᠬᠦ︾ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/12/17
                          ᠬᠢᠨᠠᠨ ᠪᠤᠳᠤᠬᠤ ᠵᠠᠬᠢᠷᠭ᠎ᠠ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ        — ᠰᠢᠨ᠎ᠡ ᠴᠠᠭ ᠦᠶ᠎ᠡ ᠶᠢᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠭᠦᠢᠴᠡᠳᠬᠡᠨ᠎ᠡ       ᠳᠤᠮᠳᠠᠳᠤ ᠤᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠣᠷᠴᠢᠮᠬᠠᠨ ᠳᠤ ᠰᠢᠨ᠎ᠡ ᠪᠠᠷ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ︽ᠨᠠᠮ ᠵᠠᠰᠠᠭ ᠤᠨ ᠭᠤᠣᠯ ᠤᠳᠤᠷᠢᠳᠬᠤ ᠺᠠᠳ᠋ᠷ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠣᠯ ᠤᠳᠤᠷᠢᠳᠬᠤ ᠬᠥᠮᠦᠰ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠣᠳᠣᠬᠤ ᠲᠣᠭᠲᠠᠭᠠᠯ︾ ︵ᠴᠢᠨᠠᠭᠰᠢᠳᠠ ︽ᠲᠣᠭᠲᠠᠭᠠᠯ︾ ᠭᠡᠵᠦ ᠲᠣᠪᠴᠢᠯᠠᠨ᠎ᠠ︶᠎ ᠢ ᠬᠡᠪᠯᠡᠨ ᠲᠠᠷᠬᠠᠭᠠᠨ᠎ᠠ᠃ ︽ᠲᠣᠭᠲᠠᠭᠠᠯ︾᠎ ᠢ ᠬᠡᠪᠯᠡᠨ ᠲᠠᠷᠬᠠᠭᠠᠬᠤ ᠲᠠᠰᠢᠷᠠᠮ ᠳᠤ᠂ ᠬᠢᠨᠠᠨ ᠪᠤᠳᠤᠬᠤ ᠵᠠᠬᠢᠷᠭ᠎ᠠ ᠶᠢᠨ ᠬᠠᠷᠢᠭᠤᠴᠠᠯᠭᠠᠲᠠᠨ ︽ᠲᠣᠭᠲᠠᠭᠠᠯ︾᠎ ᠳᠤ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠪᠠᠶᠢᠳᠠᠯ ᠪᠠ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠵᠡᠷᠭᠡ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠶ᠃             ᠠᠰᠠᠭᠤᠯᠲᠠ᠄ ︽ᠲᠣᠭᠲᠠᠭᠠᠯ︾᠎ ᠳᠤ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠨᠥᠬᠦᠴᠡᠯ ᠪᠠᠶᠢᠳᠠᠯ ᠪᠠ ᠠᠴᠢ ᠬᠤᠯᠪᠣᠭᠳᠠᠯ ᠢ ᠲᠠᠨᠢᠯᠴᠠᠭᠤᠯᠤᠨ᠎ᠠ ᠦᠦ︖             ᠬᠠᠷᠢᠭᠤᠯᠲᠠ᠄ 2010 ᠣᠨ ᠳᠤ ᠨᠡᠶᠢᠲᠡᠯᠡᠭᠰᠡᠨ ︽ᠨᠠᠮ ᠵᠠᠰᠠᠭ ᠤᠨ ᠭᠤᠣᠯ ᠤᠳᠤᠷᠢᠳᠬᠤ ᠺᠠᠳ᠋ᠷ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤᠷᠢᠳᠬᠤ ᠬᠥᠮᠦᠰ ᠤᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠲᠣᠭᠲᠠᠭᠠᠯ︾ ︵ᠴᠢᠨᠠᠭᠰᠢᠳᠠ 2010 ᠣᠨ ᠤ ᠲᠣᠭᠲᠠᠭᠠᠯ ᠭᠡᠵᠦ ᠲᠣᠪᠴᠢᠯᠠᠨ᠎ᠠ︶᠂ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠮᠥᠨ᠂ ᠬᠡᠨ ᠨᠢ ᠨᠠᠮ ᠤᠨ ᠲᠥᠪ ᠬᠤᠷᠢᠶᠠᠨ ᠤ ᠵᠠᠷᠯᠢᠭ ᠴᠠᠭᠠᠵᠠ ᠶᠢ ᠲᠠᠭᠠᠬᠤ ᠶᠢ ᠪᠠᠲᠤᠯᠠᠬᠤ᠂ ᠤᠯᠤᠰ ᠤᠨ ᠠᠵᠤ ᠠᠬᠤᠶ ᠶᠢᠨ ᠠᠶᠦᠯᠭᠦᠢ ᠪᠠᠶᠢᠳᠠᠯ ᠢ ᠬᠠᠮᠠᠭᠠᠯᠠᠬᠤ᠂ ᠨᠡᠮᠡᠯᠲᠡ᠂ ᠥᠭᠡᠷᠡᠴᠢᠯᠡᠯᠲᠡ ᠶᠢ ᠡᠷᠴᠢᠮᠲᠡᠢ ᠡᠷᠴᠢᠮᠲᠡᠢ ᠵᠢᠷᠡᠭᠦᠯᠬᠦ ᠶᠢ ᠠᠬᠢᠭᠤᠯᠬᠤ᠂ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠤᠯᠤᠰ ᠢᠶᠠᠨ ᠵᠠᠰᠠᠬᠤ ᠶᠢ ᠠᠬᠢᠭᠤᠯᠬᠤ᠂ ᠠᠷᠢᠭᠤᠨ ᠴᠢᠬᠡᠴᠢ ᠪᠠᠷ ᠵᠠᠰᠠᠭᠯᠠᠬᠤ ᠪᠠᠶᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠦᠷ᠎ᠡ ᠨᠥᠯᠥᠭᠡ ᠪᠠᠳᠠᠷᠠᠭᠤᠯᠤᠭᠰᠠᠨ ᠪᠠᠶᠢᠬᠤ ᠬᠡᠷᠡᠭᠲᠡᠢ᠃             ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠤᠯᠤᠰ ᠤᠨ ᠵᠠᠰᠠᠯᠲᠠ ᠶᠢᠨ ᠲᠣᠭᠲᠠᠴᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ᠂ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠲᠣᠭᠲᠠᠴᠠ ᠢ ᠪᠦᠷᠢᠨᠰᠢᠬᠦᠯᠬᠦ ᠪᠦᠬᠦ ᠲᠠᠯ᠎ᠠ ᠶᠢ ᠪᠣᠳᠣᠯᠬᠢᠯᠠᠵᠤ᠂ ᠬᠢᠨᠠᠨ ᠪᠤᠳᠤᠬᠤ ᠠᠵᠢᠯ ᠢ ᠴᠢᠩᠭᠠᠳᠬᠠᠬᠤ᠂ ᠬᠢᠨᠠᠨ ᠪᠤᠳᠤᠬᠤ ᠲᠦᠷᠢᠮ ᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠴᠢᠬᠤᠯᠠ ᠱᠠᠭᠠᠷᠳᠠᠯᠭ᠎ᠠ ᠲᠠᠢ ᠪᠠᠶᠢᠷᠢᠯᠠᠭᠤᠯᠤᠯᠲᠠ ᠬᠢᠵᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠬᠢᠨᠠᠨ ᠪᠤᠳᠤᠯᠳᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠨᠡᠮᠡᠯᠲᠡ᠂ ᠥᠭᠡᠷᠡᠴᠢᠯᠡᠯᠲᠡ ᠭᠦᠢᠴᠡᠳᠬᠡᠵᠦ᠂ ᠲᠥᠪ ᠤᠨ ᠬᠢᠨᠠᠨ ᠪᠤᠳᠤᠯᠳᠠ ᠶᠢᠨ ᠵᠥᠪᠯᠡᠯ ᠢ ᠪᠠᠶᠢᠭᠤᠯᠵᠤ᠂ ᠨᠠᠮ ᠤᠨ ᠬᠢᠨᠠᠨ ᠪᠤᠳᠤᠯᠳᠠ ᠶᠢᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠲᠥᠪᠯᠡᠷᠡᠩᠭᠦᠢ ᠨᠢᠭᠡᠳᠦᠯᠲᠡᠢ᠂ ᠪᠦᠬᠦ ᠲᠠᠯ᠎ᠠ ᠶᠢ ᠪᠦᠷᠬᠦᠭᠰᠡᠨ᠂ ᠡᠷᠬᠡ ᠰᠦᠷ ᠲᠠᠢ ᠥᠨᠳᠥᠷ ᠪᠦᠲᠦᠮᠵᠢᠲᠡᠢ ᠬᠢᠨᠠᠨ ᠪᠤᠳᠤᠯᠳᠠ ᠶᠢᠨ ᠬᠢᠨᠠᠯᠲᠠ ᠲᠠᠯᠪᠢᠬᠤ ᠲᠣᠭᠲᠠᠴᠠ ᠢ ᠪᠠᠶᠢᠭᠤᠯᠬᠤ ᠪᠠᠷ ᠲᠣᠭᠲᠠᠪᠠ᠃ ᠶᠡᠷᠦᠩᠬᠡᠢ ᠱᠦᠵᠢ ᠰᠢ ᠶᠢᠨ ᠫᠢᠩ ᠲᠥᠪ ᠤᠨ ᠬᠢᠨᠠᠨ ᠪᠤᠳᠤᠬᠤ ᠵᠥᠪᠯᠡᠯ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠵᠤ᠂ ᠬᠢᠨᠠᠨ ᠪᠤᠳᠤᠬᠤ ᠠᠵᠢᠯ ᠤᠨ ᠠᠯᠢ ᠤᠯᠠᠨ ᠦᠨᠳᠦᠰᠦᠨ ᠴᠢᠨᠠᠷᠲᠠᠢ᠂ ᠴᠢᠭᠯᠡᠯᠳᠤ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠠᠰᠠᠭᠤᠳᠠᠯ ᠢ ᠡᠷᠴᠢᠮᠲᠡᠢ ᠢ ᠲᠣᠳᠣᠷᠬᠠᠶᠢᠯᠠᠨ ᠥᠭᠦᠯᠡᠵᠦ᠂ ᠰᠢᠨ᠎ᠡ ᠴᠠᠭ ᠦᠶ᠎ᠡ ᠶᠢᠨ ᠬᠢᠨᠠᠨ ᠪᠤᠳᠤᠬᠤ ᠦᠢᠯᠡᠰ ᠤᠨ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠭᠰᠠᠨ ᠪᠠᠶᠢᠬᠤ ᠬᠡᠷᠡᠭᠲᠡᠢ᠃ ᠡᠳᠡᠭᠡᠷ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠳᠤ ᠳᠦᠷᠢᠮᠵᠢᠭᠦᠯᠦᠨ ᠨᠠᠶᠢᠳᠠᠪᠤᠷᠢᠵᠢᠭᠤᠯᠬᠤ ᠱᠠᠭᠠᠷᠳᠠᠯᠭ᠎ᠠ ᠲᠠᠢ᠃ ᠡᠭᠦᠨ ᠤ ᠵᠡᠷᠭᠡ ᠳᠤ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠦᠢᠯᠡᠳᠦᠯᠭᠡ ᠶᠢᠨ ᠳᠤᠮᠳᠠ ᠬᠤᠷᠠᠮᠳᠤᠭᠤᠯᠤᠭᠰᠠᠨ ᠲᠤᠷᠰᠢᠯᠭ᠎ᠠ ᠪᠣᠯᠤᠨ ᠠᠷᠭ᠎ᠠ ᠬᠢᠳᠡᠯ ᠢ ᠴᠦ ᠳᠦᠷᠢᠮ ᠤᠨ ᠬᠡᠯᠪᠡᠷᠢ ᠪᠠᠷ ᠲᠣᠭᠲᠠᠪᠤᠷᠢᠵᠢᠭᠤᠯᠤᠨ᠎ᠠ᠃             ᠠᠰᠠᠭᠤᠯᠲᠠ᠄ ︽ᠲᠣᠭᠲᠠᠭᠠᠯ︾᠎ ᠳᠤ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠶᠠᠪᠤᠴᠠ ᠪᠠ ᠭᠤᠤᠯ ᠵᠠᠷᠴᠢᠮ ᠢ ᠲᠠᠨᠢᠯᠴᠠᠭᠤᠯᠬᠤ ᠪᠣᠯᠪᠠᠤ᠃             ᠬᠠᠷᠢᠭᠤᠯᠲᠠ᠄ ᠲᠥᠪ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠬᠢᠨᠠᠨ ᠪᠤᠳᠤᠬᠤ ᠵᠠᠬᠢᠷᠭ᠎ᠠ ᠨᠢ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠠᠢ ᠬᠠᠮᠲᠤᠷᠠᠨ ᠨᠡᠮᠡᠯᠲᠡ᠂ ᠥᠭᠡᠷᠡᠴᠢᠯᠡᠯᠲᠡ ᠣᠷᠣᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠨᠠᠨ ᠪᠤᠳᠤᠬᠤ ᠵᠠᠬᠢᠷᠭ᠎ᠠ ᠳᠤ ᠨᠡᠮᠡᠯᠲᠡ᠂ ᠥᠭᠡᠷᠡᠴᠢᠯᠡᠯᠲᠡ ᠣᠷᠣᠭᠤᠯᠬᠤ ᠠᠵᠢᠯ ᠤᠨ ᠳᠤᠭᠤᠶᠢᠯᠠᠩ ᠪᠠᠶᠢᠭᠤᠯᠵᠤ᠂ ᠪᠣᠳᠠᠲᠠᠶ ᠬᠡᠷᠡᠭᠵᠢᠭᠦᠯᠬᠦ ᠶᠢ ᠬᠠᠷᠢᠭᠤᠴᠠᠭᠤᠯᠤᠨ᠎ᠠ᠃             ᠨᠡᠮᠡᠯᠲᠡ᠂ ᠥᠭᠡᠷᠡᠴᠢᠯᠡᠯᠲᠡ ᠣᠷᠣᠭᠤᠯᠬᠤ ᠠᠵᠢᠯ ᠳᠤ ᠳᠣᠣᠷᠠᠬᠢ ᠵᠠᠷᠴᠢᠮ ᠤᠳ ᠢ ᠭᠤᠣᠯᠳᠠᠯᠭ᠎ᠠ ᠲᠠᠢ ᠡᠵᠡᠮᠳᠡᠨ᠎ᠡ᠄ ᠨᠢᠭᠡ ᠳᠤ᠂ ᠨᠠᠮ ᠤᠨ ᠬᠢᠨᠠᠨ ᠪᠤᠳᠤᠬᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ︽ᠲᠦᠷᠪᠡᠨ ᠤᠬᠠᠮᠰᠠᠷ︾᠎ ᠢ ᠴᠢᠩᠭᠠᠳᠬᠠᠵᠤ ᠂ ︽ᠲᠦᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠬᠢᠨᠠᠨ ᠪᠤᠳᠤᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ︽ᠲᠣᠭᠲᠠᠭᠠᠯ︾᠎ ᠳᠤ ᠨᠡᠮᠡᠯᠲᠡ᠂ ᠥᠭᠡᠷᠡᠴᠢᠯᠡᠯᠲᠡ ᠣᠷᠣᠭᠤᠯᠬᠤ ᠶᠠᠪᠤᠴᠠ ᠳᠤ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠬᠤᠶᠠᠷ ᠲᠤ ᠲᠣᠭᠲᠠᠭᠠᠯ ᠶᠣᠰᠣᠭᠠᠷ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠨᠡᠮᠡᠯᠲᠡ᠂ ᠥᠭᠡᠷᠡᠴᠢᠯᠡᠯᠲᠡ ᠣᠷᠣᠭᠤᠯᠬᠤ ᠶᠢ ᠪᠠᠷᠢᠮᠲᠠᠯᠠᠵᠤ᠂ ᠨᠠᠮ ᠤᠨ ᠲᠦᠷᠢᠮ ᠢᠶᠠᠷ ᠦᠨᠳᠦᠰᠦᠨ ᠵᠢᠷᠤᠮᠯᠠᠯ ᠪᠣᠯᠭᠠᠵᠤ᠂ ᠬᠤᠯᠪᠣᠭᠳᠠᠬᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ᠂ ᠬᠠᠤᠯᠢ ᠴᠠᠭᠠᠵᠠ ᠳᠦᠷᠢᠮ ᠲᠣᠭᠲᠠᠭᠠᠯ᠂ ᠲᠦᠷᠦ ᠶᠢᠨ ᠪᠤᠳᠤᠯᠭ᠎ᠠ ᠶᠢᠨ ᠲᠣᠭᠲᠠᠭᠠᠯ ᠲᠠᠢ ᠵᠣᠯᠭᠠᠯᠳᠤᠭᠤᠯᠬᠤ ᠶᠢ ᠴᠢᠬᠤᠯᠠᠴᠢᠯᠠᠵᠤ᠂ ᠵᠠᠯᠭᠠᠮᠵᠢᠯᠠᠨ ᠰᠢᠨ᠎ᠡ ᠶᠢ ᠡᠭᠦᠳᠬᠦ᠂ ᠡᠪᠳᠡᠬᠦ ᠪᠠᠶᠢᠭᠤᠯᠬᠤ ᠶᠢ ᠵᠡᠷᠭᠡ ᠪᠠᠷ ᠴᠢᠬᠤᠯᠠᠴᠢᠯᠠᠵᠤ᠂ ᠵᠢᠷᠤᠮᠵᠢᠭᠤᠯᠬᠤ ᠶᠢᠨ ᠵᠡᠷᠭᠡᠴᠡᠭᠡᠪᠡᠷ ᠪᠠᠰᠠ ᠰᠢᠨ᠎ᠡ ᠶᠢ ᠡᠭᠦᠳᠬᠦ ᠶᠢ ᠤᠯᠠᠮ ᠠᠬᠢᠭᠤᠯᠤᠨ ᠬᠠᠶᠢᠨ ᠰᠦᠪᠡᠭᠴᠢᠯᠡᠬᠦ ᠳᠤ ᠣᠷᠣᠨ ᠵᠠᠶ ᠦᠯᠡᠳᠡᠭᠡᠵᠦ ᠥᠭᠪᠡ᠃ ᠭᠤᠷᠪᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠳᠣᠬᠠᠨ ᠤ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠬᠦᠴᠦᠯᠡᠨ ᠰᠤᠳᠤᠯᠤᠨ ᠰᠢᠢᠳᠪᠦᠷᠢᠯᠡᠵᠦ᠂ ᠦᠵᠦ ᠲᠥᠯᠥᠪᠯᠡᠭᠡ ᠬᠢᠬᠦ ᠪᠠ ᠦᠨᠳᠦᠰᠦᠨ ᠱᠠᠲᠤᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠬᠡᠬᠦ ᠶᠢ ᠤᠶᠠᠯᠳᠤᠭᠤᠯᠬᠤ ᠶᠢ ᠪᠠᠷᠢᠮᠲᠠᠯᠠᠨ᠎ᠠ᠃ ᠲᠦᠷᠪᠡ ᠳᠤ ︽ᠭᠤᠷᠪᠠ ᠶᠢ ᠢᠯᠭᠠᠬᠤ︾ ᠴᠢᠬᠤᠯᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠳᠡᠮᠵᠢᠵᠦ᠂ ᠤᠳᠤᠷᠢᠳᠬᠤ ᠺᠠᠳ᠋ᠷᠴᠤᠳ ᠤᠨ ᠠᠵᠢᠯ ᠭᠦᠢᠴᠡᠳᠬᠡᠵᠦ ᠠᠳᠠᠯ ᠦᠢᠯᠡᠰ ᠴᠣᠭᠴᠠᠯᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠴᠢᠨᠰᠠᠭ᠎ᠠ ᠶᠢ ᠬᠠᠮᠠᠭᠠᠯᠠᠨ᠎ᠠ᠃             ᠠᠰᠠᠭᠤᠯᠲᠠ᠄ ᠡᠨᠡ ᠤᠳᠠᠭ᠎ᠠ ᠶᠢᠨ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠭᠤᠣᠯᠳᠠᠯᠭ᠎ᠠ ᠲᠠᠢ ᠠᠭᠤᠯᠭ᠎ᠠ ᠨᠢ ᠶᠠᠭᠤ ᠪᠤᠢ︖             ᠬᠠᠷᠢᠭᠤᠯᠲᠠ᠄       ᠨᠢᠭᠡ ᠳᠤ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠵᠢᠯᠣᠭᠤᠳᠬᠤ ᠦᠵᠡᠯ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠠᠵᠤ ᠠᠬᠤᠢ ᠶᠢᠨ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠪᠣᠳᠠᠲᠠᠢ ᠪᠠᠷ ᠦᠨᠡᠯᠡᠵᠦ᠂ ᠠᠰᠠᠭᠤᠳᠠᠯ ᠢ ᠢᠯᠡᠷᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠨᠡᠮᠡᠯᠲᠡ᠂ ᠥᠭᠡᠷᠡᠴᠢᠯᠡᠯᠲᠡ ᠶᠢ ᠡᠷᠴᠢᠮᠲᠡᠢ ᠡᠷᠴᠢᠮᠲᠡᠢ ᠵᠢᠷᠡᠭᠦᠯᠬᠦ ᠶᠢ ᠠᠬᠢᠭᠤᠯᠵᠤ᠂ ᠡᠷᠬᠡ ᠶᠢᠨ ᠵᠢᠷᠤᠮᠵᠢᠯ ᠲᠠᠢ ᠠᠵᠢᠯᠯᠠᠭᠠᠨ ᠢ ᠠᠬᠢᠭᠤᠯᠵᠤ᠂ ᠢᠯᠵᠢᠷᠡᠯ ᠢ ᠲᠡᠮᠡᠴᠡᠨ ᠠᠷᠢᠭᠤᠨ ᠴᠢᠬᠡᠴᠢ ᠶᠢ ᠡᠷᠬᠢᠮᠯᠡᠬᠦ ᠶᠢ ᠠᠬᠢᠭᠤᠯᠵᠤ᠂ ᠤᠯᠤᠰ ᠤᠨ ᠵᠠᠰᠠᠯᠲᠠ ᠶᠢᠨ ᠲᠣᠭᠲᠠᠴᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠶᠠᠷ ᠲᠤ ᠲᠥᠯᠥᠪᠯᠡᠭᠡᠲᠦ ᠬᠠᠮᠢᠶᠠᠷᠤᠯᠲᠠ ᠪᠠ ᠬᠢᠨᠠᠨ ᠪᠤᠳᠤᠯᠳᠠ ᠶᠢᠨ ᠦᠷ᠎ᠡ ᠳ᠋ᠦᠩ ᠢ ᠮᠡᠳᠡᠭᠦᠯᠦᠨ ᠬᠦᠷᠭᠡᠬᠦ ᠶᠢ ᠵᠢᠷᠤᠮᠵᠢᠭᠤᠯᠤᠨ᠎ᠠ᠃ ᠨᠠᠮ ᠠᠴᠠ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠢ ᠤᠳᠤᠷᠢᠳᠬᠤ ᠪᠠ ᠨᠠᠮ ᠠᠴᠠ ᠺᠠᠳ᠋ᠷ ᠢ ᠬᠠᠮᠢᠶᠠᠷᠴᠤ ᠵᠣᠬᠢᠴᠠᠭᠤᠯᠬᠤ ᠵᠠᠷᠴᠢᠮ ᠢ ᠪᠠᠷᠢᠮᠲᠠᠯᠠᠵᠤ᠂ ᠲᠤᠰᠢᠶᠠᠯ ᠤᠨ ᠬᠤᠭᠤᠴᠠᠭᠠᠨ ᠳᠤ ᠬᠢᠨᠠᠨ ᠪᠤᠳᠤᠬᠤ ᠪᠠᠷ ᠭᠤᠣᠯ ᠪᠣᠯᠭᠠᠵᠤ᠂ ᠣᠨ ᠤ ᠬᠢᠨᠠᠨ ᠪᠤᠳᠤᠬᠤ ᠲᠦᠷᠦᠯ ᠵᠦᠢᠯ ᠤᠨ ᠲᠥᠯᠥᠪᠯᠡᠭᠡ ᠶᠢ ᠠᠳᠠᠯᠢ ᠱᠠᠲᠤᠨ ᠤ ᠬᠢᠨᠠᠨ ᠪᠤᠳᠤᠬᠤ ᠵᠥᠪᠯᠡᠯ ᠳᠤ ᠳᠡᠪᠰᠢᠭᠦᠯᠵᠦ ᠬᠢᠨᠠᠨ ᠵᠥᠪᠯᠡᠭᠦᠯᠵᠦ ᠲᠣᠭᠲᠠᠭᠠᠯᠭᠠᠬᠤ ᠶᠢ ᠴᠢᠬᠤᠯᠠᠴᠢᠯᠠᠪᠠ᠃ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠮᠡᠳᠡᠭᠦᠯᠦᠯᠲᠡ ᠵᠡᠷᠭᠡ ᠬᠢᠨᠠᠨ ᠪᠤᠳᠤᠯᠳᠠ ᠶᠢᠨ ᠳ᠋ᠦᠩᠨᠡᠯᠲᠡ ᠶᠢᠨ ᠴᠢᠨᠠᠷᠲᠠᠶ ᠪᠢᠴᠢᠭ ᠶᠢ ᠠᠳᠠᠯᠢ ᠱᠠᠲᠤᠨ ᠤ ᠬᠢᠨᠠᠨ ᠪᠤᠳᠤᠬᠤ ᠺᠣᠮᠢᠰ ᠲᠤ ᠮᠡᠳᠡᠭᠦᠯᠵᠦ᠂ ᠺᠠᠳ᠋ᠷ ᠢ ᠬᠠᠮᠢᠶᠠᠷᠴᠤ ᠵᠣᠬᠢᠴᠠᠭᠤᠯᠬᠤ ᠡᠷᠬᠡ ᠶᠢᠨ ᠬᠡᠪᠴᠢᠶ᠎ᠡ ᠶᠣᠰᠣᠭᠠᠷ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤ ᠬᠦᠷᠭᠡᠨ᠎ᠡ᠃ ᠭᠤᠷᠪᠠ ᠳᠤ ᠬᠢᠨᠠᠨ ᠪᠤᠳᠤᠵᠤ ᠦᠨᠡᠯᠡᠬᠦ ᠠᠭᠤᠯᠭ᠎ᠠ ᠶᠢ ᠲᠣᠳᠣᠷᠬᠠᠶᠢᠯᠠᠨ᠎ᠠ᠃ ᠬᠢᠨᠠᠨ ᠪᠤᠳᠤᠬᠤ ᠬᠡᠪᠴᠢᠶᠡᠨ ᠳᠣᠲᠣᠷ᠎ᠠ᠂ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠤᠨ ᠬᠠᠮᠢᠶᠠᠷᠤᠯᠲᠠ᠂ ᠬᠤᠪᠢᠶᠠᠷᠢᠯᠠᠯᠲᠠ ᠪᠠ ᠬᠡᠷᠡᠭᠯᠡᠯᠲᠡ ᠶᠢᠨ ᠳᠤᠮᠳᠠ ᠲᠡᠳᠡᠨ ᠤ ᠲᠤᠬᠠᠢ ᠶᠢᠨ ᠬᠥᠮᠥᠨ ᠤ ᠠᠷᠢᠭᠤᠨ ᠴᠢᠬᠡᠴᠢ ᠪᠠᠷ ᠵᠠᠰᠠᠭᠯᠠᠬᠤ ︵ᠠᠵᠢᠯ ᠡᠷᠬᠢᠯᠡᠬᠦ︶ ᠲᠣᠭᠲᠠᠭᠠᠯ ᠢ ᠵᠢᠷᠤᠮᠯᠠᠭᠰᠠᠨ ᠵᠡᠷᠭᠡ ᠪᠠᠶᠢᠳᠠᠯ ᠢ ᠪᠠᠭᠲᠠᠭᠠᠭᠰᠠᠨ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠦᠨᠡᠨ ᠪᠣᠳᠠᠲᠠᠢ ᠪᠥᠭᠡᠳ ᠲᠥᠪ ᠰᠢᠳᠤᠷᠭᠤ᠂ ᠦᠨᠡᠨ ᠠᠴᠠ ᠵᠥᠪ ᠢ ᠡᠷᠢᠭ᠍ᠰᠡᠨ ᠦᠨᠡᠯᠡᠯᠲᠡ ᠬᠢᠬᠦ ᠶᠢ ᠱᠠᠭᠠᠷᠳᠠᠵᠠᠶ᠃ ᠲᠦᠷᠪᠡ ᠳᠤ᠂ ᠬᠠᠷᠢᠭᠤᠴᠠᠯᠭ᠎ᠠ ᠶᠢᠨ ᠲᠦᠷᠦᠯ ᠵᠦᠢᠯ ᠳᠤ ᠲᠤᠬᠢᠷᠠᠭᠤᠯᠤᠯᠳᠠ ᠭᠦᠢᠴᠡᠳᠬᠡᠨ᠎ᠡ᠃             ᠠᠰᠠᠭᠤᠯᠲᠠ᠄ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠠᠵᠢᠯ ᠤᠨ ᠵᠣᠬᠢᠶᠠᠨ ᠪᠠᠶᠢᠭᠤᠯᠵᠤ ᠵᠣᠬᠢᠴᠠᠭᠤᠯᠬᠤ ᠲᠣᠭᠲᠠᠴᠠ ᠪᠣᠯ ᠮᠠᠰᠢ ᠴᠢᠬᠤᠯᠠ ᠶᠤᠮ᠂ ᠡᠨᠡ ᠤᠳᠠᠭ᠎ᠠ ᠨᠡᠮᠡᠯᠲᠡ᠂ ᠥᠭᠡᠷᠡᠴᠢᠯᠡᠯᠲᠡ ᠣᠷᠣᠭᠤᠯᠬᠤ ᠳᠤ ᠶᠠᠮᠠᠷ ᠪᠣᠳᠠᠲᠠᠶ ᠲᠣᠭᠲᠠᠭᠠᠯ ᠭᠠᠷᠭᠠᠭᠰᠠᠨ ᠪᠤᠶ︖             ᠬᠠᠷᠢᠭᠤᠯᠲᠠ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠬᠢᠨᠠᠨ ᠪᠤᠳᠤᠬᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠥᠭᠡᠷᠡᠴᠢᠯᠡᠬᠦ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠭᠦᠢᠴᠡᠳᠬᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠲᠥᠪ ᠤᠨ ᠬᠢᠨᠠᠨ ᠪᠤᠳᠤᠬᠤ ᠵᠥᠪᠯᠡᠯ ᠢ ᠪᠠᠶᠢᠭᠤᠯᠵᠤ᠂ ᠨᠠᠮ ᠤᠨ ᠬᠢᠨᠠᠨ ᠪᠤᠳᠤᠬᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠲᠤᠰ ᠭᠠᠵᠠᠷ ᠣᠷᠣᠨ ᠤ ᠬᠢᠨᠠᠨ ᠪᠤᠳᠤᠬᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ ᠭᠡᠵᠦ ᠲᠣᠭᠲᠠᠭᠠᠪᠠ᠃ ᠣᠳᠣᠬᠠᠨ ᠳᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠳᠤ ᠴᠥᠮ ᠮᠤᠵᠢ ᠶᠢᠨ ᠱᠠᠲᠤᠨ ᠤ ᠬᠢᠨᠠᠨ ᠪᠤᠳᠤᠬᠤ ᠺᠣᠮᠢᠰ ᠢ ᠪᠠᠶᠢᠭᠤᠯᠵᠤ᠂ ᠬᠤᠲᠠ᠂ ᠬᠤᠰᠢᠭᠤ ᠰᠢᠶᠡᠨ ᠤ ᠬᠢᠨ ᠴᠦ ᠢᠳᠡᠪᠬᠢᠲᠡᠶ ᠪᠠᠷ ᠠᠬᠢᠭᠤᠯᠵᠤ ᠪᠠᠶᠢᠨ᠎ᠠ᠃ ᠡᠭᠦᠨ ᠤ ᠲᠤᠬᠠᠶ ︽ᠲᠣᠭᠲᠠᠭᠠᠯ︾᠎ ᠳᠤ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠣᠨ ᠤ ᠲᠥᠯᠥᠪᠯᠡᠭᠡ᠂ ᠬᠢᠨᠠᠨ ᠪᠤᠳᠤᠯᠳᠠ ᠳᠤ ᠢᠯᠡᠷᠡᠭᠦᠯᠦᠭᠰᠡᠨ ᠴᠢᠬᠤᠯᠠ ᠱᠠᠭᠠᠷᠳᠠᠯᠭ᠎ᠠ ᠲᠠᠢ ᠠᠰᠠᠭᠤᠳᠠᠯ ᠤᠨ ᠰᠦᠪᠡᠭᠴᠢ᠂ ᠬᠢᠨᠠᠨ ᠪᠤᠳᠤᠯᠳᠠ ᠶᠢᠨ ᠳ᠋ᠦᠩᠨᠡᠯᠲᠡ ᠶᠢᠨ ᠴᠢᠨᠠᠷᠲᠠᠶ ᠪᠢᠴᠢᠭ᠂ ᠬᠢᠨᠠᠨ ᠪᠤᠳᠤᠬᠤ ᠡᠳᠡᠬᠡᠳ ᠤᠨ ᠭᠤᠮᠣᠳᠠᠯ ᠲᠣᠭᠠᠴᠢᠯᠲᠠ ᠵᠡᠷᠭᠡ ᠠᠰᠠᠭᠤᠳᠠᠯ ᠢ ᠬᠢᠨᠠᠨ ᠪᠤᠳᠤᠬᠤ ᠺᠣᠮᠢᠰ ᠤᠨ ᠠᠯᠪᠠᠨ ᠭᠡᠷ ᠠᠴᠠ ᠲᠣᠭᠲᠠᠭᠠᠯ ᠶᠣᠰᠣᠭᠠᠷ ᠠᠳᠠᠯᠢ ᠱᠠᠲᠤᠨ ᠤ ᠬᠢᠨᠠᠨ ᠪᠤᠳᠤᠬᠤ ᠺᠣᠮᠢᠰ ᠲᠤ ᠮᠡᠳᠡᠭᠦᠯᠬᠦ ᠬᠡᠷᠡᠭᠲᠡᠶ ᠭᠡᠵᠦ ᠱᠠᠭᠠᠷᠳᠠᠵᠠᠶ᠃             ᠡᠭᠦᠨ ᠤ ᠬᠠᠮᠲᠤ᠂ ︽ᠲᠣᠭᠲᠠᠭᠠᠯ︾᠎ ᠳᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠵᠤ᠂ ᠠᠳᠠᠯᠢ ᠱᠠᠲᠤᠨ ᠤ ᠬᠢᠨᠠᠨ ᠪᠤᠳᠤᠬᠤ ᠵᠥᠪᠯᠡᠯ ᠤᠨ ᠤᠳᠤᠷᠢᠳᠤᠯᠭ᠎ᠠ ᠳᠣᠤᠷ᠎ᠠ ᠠᠵᠢᠯ ᠢᠶᠠᠨ ᠥᠷᠨᠢᠭᠦᠯᠵᠦ᠂ ᠬᠤᠷᠠᠯᠳᠤᠭᠤᠯᠤᠭᠴᠢ ᠶᠢ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠤᠨ ᠡᠷᠬᠢᠯᠡᠭᠴᠢ ᠡᠭᠦᠷᠭᠡᠯᠡᠵᠦ᠂ ᠪᠦᠷᠢᠯᠳᠦᠬᠦᠨ ᠨᠢᠭᠡᠴᠢ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠰᠢᠯᠭᠠᠬᠤ ᠪᠠᠶᠢᠭᠤᠯᠭ᠎ᠠ ᠪᠠ ᠵᠣᠬᠢᠶᠠᠨ ᠪᠠᠶᠢᠭᠤᠯᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠢᠨᠠᠨ ᠪᠤᠳᠤᠬᠤ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠦᠯᠦᠨ᠎ᠡ᠃ ᠬᠠᠮᠲᠤᠷᠠᠭᠰᠠᠨ ᠬᠤᠷᠠᠯ ᠨᠢ ᠭᠤᠤᠯᠳᠠᠭᠤ ᠬᠤᠯᠪᠣᠭᠳᠠᠬᠤ ᠲᠦᠷᠢᠮ ᠤᠨ ᠪᠢᠴᠢᠭ ᠮᠠᠲ᠋ᠧᠷᠢᠶᠠᠯ ᠢ ᠰᠤᠳᠤᠯᠤᠨ ᠲᠤᠭᠤᠷᠪᠢᠬᠤ᠂ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠪᠠᠶᠢᠳᠠᠯ ᠢ ᠬᠢᠨᠠᠨ ᠰᠢᠯᠭᠠᠬᠤ᠂ ᠠᠵᠢᠯ ᠤᠨ ᠳᠤᠮᠳᠠ ᠢᠯᠡᠷᠡᠭᠰᠡᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ᠂ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠠᠬᠢᠭᠤᠯᠬᠤ᠂ ᠳᠣᠤᠷᠠᠳᠤ ᠱᠠᠲᠤᠨ ᠤ ᠬᠠᠮᠲᠤᠷᠠᠭᠰᠠᠨ ᠬᠤᠷᠠᠯ ᠤᠨ ᠠᠵᠢᠯ ᠢ ᠵᠢᠯᠣᠭᠤᠳᠬᠤ᠂ ᠬᠢᠨᠠᠨ ᠪᠤᠳᠤᠬᠤ ᠵᠥᠪᠯᠡᠯ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠬᠦ ᠵᠡᠷᠭᠡ ᠶᠢ ᠬᠠᠷᠢᠭᠤᠴᠠᠨ᠎ᠠ᠃ ᠬᠠᠮᠲᠤᠷᠠᠭᠰᠠᠨ ᠬᠤᠷᠠᠯᠳᠤᠭᠠᠨ ᠤ ᠳᠣᠣᠷ᠎ᠠ ᠠᠯᠪᠠᠨ ᠭᠡᠷ ᠭᠠᠷᠭᠠᠵᠤ᠂ ᠬᠠᠮᠲᠤᠷᠠᠭᠰᠠᠨ ᠬᠤᠷᠠᠯᠳᠤᠭᠠᠨ ᠤ ᠡᠳᠦᠷ ᠲᠤᠳᠤᠮ ᠤᠨ ᠠᠵᠢᠯ ᠢ ᠬᠠᠷᠢᠭᠤᠴᠠᠭᠤᠯᠤᠨ᠎ᠠ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠠᠳᠠᠯᠢ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠳᠡᠳ᠋ ᠲᠤᠰᠢᠶᠠᠯ ᠲᠠᠢ ᠤᠳᠤᠷᠢᠳᠤᠯᠭ᠎ᠠ ᠪᠤᠶᠤ ᠲᠡᠭᠦᠨ ᠲᠠᠢ ᠲᠡᠩᠴᠡᠬᠦ ᠲᠤᠰᠢᠶᠠᠯ ᠤᠨ ᠲᠡᠰ ᠳᠠᠪᠬᠤᠷᠭ᠎ᠠ ᠶᠢᠨ ᠤᠳᠤᠷᠢᠳᠤᠯᠭ᠎ᠠ ᠡᠭᠦᠷᠭᠡᠯᠡᠨ᠎ᠡ᠃ ᠡᠭᠦᠨ ᠠᠴᠠ ᠭᠠᠳᠠᠨ᠎ᠠ᠂ ︽ᠲᠣᠭᠲᠠᠭᠠᠯ︾᠎ ᠳᠤ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠢ ᠶᠢᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠲᠥᠯᠥᠪᠯᠡᠭᠡ ᠶᠢ ᠲᠣᠭᠲᠠᠭᠠᠬᠤ᠂ ᠲᠥᠷᠥᠯ ᠵᠦᠢᠯ ᠢ ᠬᠡᠷᠡᠭᠵᠢᠭᠦᠯᠬᠦ᠂ ᠬᠢᠨᠠᠨ ᠪᠤᠳᠤᠭᠰᠠᠨ ᠦᠷ᠎ᠡ ᠳ᠋ᠦᠩ ᠢ ᠬᠡᠷᠡᠭᠯᠡᠬᠦ ᠵᠡᠷᠭᠡ ᠵᠠᠩᠭᠢᠯᠠᠭ᠎ᠠ ᠶᠢᠨ ᠭᠤᠤᠯ ᠲᠤᠰᠢᠶᠠᠯ ᠬᠠᠷᠢᠭᠤᠴᠠᠯᠭ᠎ᠠ ᠶᠢ ᠨᠠᠷᠢᠯᠢᠬᠵᠢᠭᠤᠯᠪᠠ᠃             ᠠᠰᠠᠭᠤᠯᠲᠠ᠄ ᠬᠢᠨᠠᠨ ᠪᠤᠳᠤᠬᠤ ᠲᠥᠯᠥᠪᠯᠡᠭᠡ ᠶᠢᠨ ᠬᠠᠮᠢᠶᠠᠷᠤᠯᠲᠠ ᠪᠣᠯ ᠲᠣᠰ ᠤᠳᠠᠭᠠᠨ ᠤ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠭᠤᠤᠯᠳᠠᠯᠭ᠎ᠠ ᠲᠠᠢ ᠠᠭᠤᠯᠭ᠎ᠠ ᠶᠢᠨ ᠨᠢᠭᠡ ᠪᠣᠯᠤᠨ᠎ᠠ᠂ ︽ᠲᠣᠭᠲᠠᠭᠠᠯ︾᠎ ᠳᠤ ᠡᠭᠦᠨ ᠤ ᠲᠤᠬᠠᠶ ᠶᠠᠮᠠᠷ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠣᠶ︖             ᠬᠠᠷᠢᠭᠤᠯᠲᠠ᠄ ᠨᠢᠭᠡ ᠳᠤ᠂ ᠲᠥᠯᠥᠪᠯᠡᠭᠡ ᠶᠢᠨ ᠰᠢᠨᠵᠢᠯᠡᠬᠦ ᠤᠬᠠᠭᠠᠨᠴᠢ ᠴᠢᠨᠠᠷ ᠴᠢᠨᠰᠠᠭ᠎ᠠ ᠶᠢ ᠴᠢᠩᠭᠠᠳᠬᠠᠨ᠎ᠠ᠃ ᠺᠠᠳ᠋ᠷ ᠤᠨ ᠬᠠᠮᠢᠶᠠᠷᠤᠯᠲᠠ ᠬᠢᠨᠠᠯᠲᠠ ᠶᠢᠨ ᠬᠡᠷᠡᠭᠴᠡᠭᠡ ᠪᠠ ᠬᠢᠨᠠᠨ ᠪᠤᠳᠤᠬᠤ ᠡᠬᠢ ᠪᠠᠶᠠᠯᠢᠭ ᠵᠡᠷᠭᠡ ᠪᠣᠳᠠᠲᠠᠶ ᠪᠠᠶᠢᠳᠠᠯ ᠢ ᠦᠨᠳᠦᠰᠦᠯᠡᠨ᠂ ᠬᠢᠨᠠᠨ ᠪᠤᠳᠤᠬᠤ ᠡᠲᠡᠭᠡᠳ ᠲᠤ ᠲᠥᠷᠥᠯ ᠬᠤᠪᠢᠶᠠᠨ ᠬᠠᠮᠢᠶᠠᠷᠤᠯᠲᠠ ᠶᠠᠪᠤᠭᠤᠯᠵᠤ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠶᠢᠨ ᠤᠷᠲᠤᠪᠲᠤᠷ ᠪᠠ ᠣᠷᠳᠣ ᠬᠤᠭᠤᠴᠠᠭᠠᠨ ᠤ ᠲᠥᠯᠥᠪᠵᠢᠭᠦᠯᠭᠡ ᠪᠠ ᠣᠨ ᠤ ᠬᠢᠨᠠᠨ ᠪᠤᠳᠤᠬᠤ ᠵᠦᠢᠯᠡᠰ ᠤᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ ᠭᠡᠵᠦ ᠱᠠᠭᠠᠷᠳᠠᠪᠠ᠃ ᠬᠤᠶᠠᠷ ᠲᠤ᠂ ᠲᠥᠯᠥᠪᠯᠡᠭᠡ ᠲᠣᠭᠲᠠᠭᠠᠬᠤ ᠵᠢᠷᠤᠮ ᠢ ᠨᠠᠷᠢᠯᠢᠬᠵᠢᠭᠤᠯᠤᠨ ᠲᠣᠳᠣᠷᠬᠠᠶᠢᠯᠠᠨ᠎ᠠ᠃ ᠨᠠᠮ ᠠᠴᠠ ᠺᠠᠳ᠋ᠷ ᠢ ᠬᠠᠮᠢᠶᠠᠷᠴᠤ ᠵᠣᠬᠢᠴᠠᠭᠤᠯᠬᠤ ᠵᠠᠷᠴᠢᠮ ᠢ ᠪᠠᠷᠢᠮᠲᠠᠯᠠᠵᠤ᠂ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠠᠴᠠ ᠠᠳᠠᠯᠢ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠠᠢ ᠵᠥᠪᠳᠡᠯᠴᠡᠵᠦ ᠪᠠᠶᠢᠭᠠᠳ ᠣᠨ ᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠲᠥᠯᠥᠪᠯᠡᠭᠡ ᠶᠢᠨ ᠲᠣᠬᠢᠷᠠᠭᠤᠯᠤᠯᠲᠠ ᠶᠢ ᠳᠤᠷᠠᠳᠴᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠴᠠ ᠤᠳᠤᠷᠢᠳᠬᠤ ᠺᠠᠳ᠋ᠷ ᠤᠨ ᠣᠨ ᠤ ᠬᠢᠨᠠᠨ ᠪᠤᠳᠤᠬᠤ ᠰᠠᠨᠠᠭᠤᠯᠭ᠎ᠠ ᠶᠢᠨ ᠨᠡᠷᠡᠰ ᠢ ᠳᠤᠷᠠᠳᠴᠤ᠂ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠠᠴᠠ ᠠᠳᠠᠯᠢ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠰᠢᠯᠭᠠᠬᠤ ᠪᠠᠶᠢᠭᠤᠯᠭ᠎ᠠ ᠵᠡᠷᠭᠡ ᠬᠤᠯᠪᠣᠭᠳᠠᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠤ ᠳᠠᠷᠠᠭ᠎ᠠ ᠬᠢᠨᠠᠨ ᠪᠤᠳᠤᠬᠤ ᠪᠠᠶᠢᠭᠤᠯᠭ᠎ᠠ ᠶᠢᠨ ᠣᠨ ᠤ ᠬᠢᠨᠠᠨ ᠪᠤᠳᠤᠬᠤ ᠲᠥᠷᠥᠯ ᠵᠦᠢᠯ ᠤᠨ ᠲᠥᠯᠥᠪᠯᠡᠭᠡ ᠳᠤ ᠣᠷᠣᠭᠤᠯᠵᠤ᠂ ᠬᠢᠨᠠᠨ ᠪᠤᠳᠤᠬᠤ ᠵᠥᠪᠯᠡᠯ ᠳᠤ ᠳᠡᠪᠰᠢᠭᠦᠯᠵᠦ ᠬᠢᠨᠠᠨ ᠵᠥᠪᠯᠡᠭᠦᠯᠵᠦ ᠲᠣᠭᠲᠠᠭᠠᠯᠭᠠᠨ᠎ᠠ︔ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠡᠷᠭᠡ ᠬᠤᠯᠪᠣᠭᠳᠠᠬᠤ ᠭᠤᠤᠯᠴᠢᠯᠠᠨ ᠬᠠᠮᠢᠶᠠᠷᠴᠤ ᠵᠣᠬᠢᠴᠠᠭᠤᠯᠬᠤ ᠰᠠᠯᠠᠭ᠎ᠠ ᠮᠥᠴᠢᠷ ᠤᠨ ᠬᠠᠮᠢᠶᠠᠷᠤᠯᠲᠠ ᠳᠤ ᠬᠠᠷᠢᠶᠠᠯᠠᠭᠳᠠᠬᠤ ᠤᠳᠤᠷᠢᠳᠬᠤ ᠺᠠᠳ᠋ᠷ ᠲᠤ ᠬᠢᠨᠠᠨ ᠪᠤᠳᠤᠯᠲᠠ ᠬᠢᠬᠦ ᠳᠤ᠂ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠠᠴᠠ ᠭᠤᠤᠯᠴᠢᠯᠠᠨ ᠬᠠᠮᠢᠶᠠᠷᠴᠤ ᠵᠣᠬᠢᠴᠠᠭᠤᠯᠬᠤ ᠰᠠᠯᠠᠭ᠎ᠠ ᠮᠥᠴᠢᠷ ᠲᠠᠢ ᠵᠥᠪᠳᠡᠯᠴᠡᠵᠦ ᠪᠠᠶᠢᠭᠠᠳ ᠬᠢᠨᠠᠨ ᠪᠤᠳᠤᠬᠤ ᠰᠠᠨᠠᠭᠤᠯᠭ᠎ᠠ ᠶᠢᠨ ᠨᠡᠷᠡᠰ ᠢ ᠳᠤᠷᠠᠳᠴᠤ᠂ ᠬᠢᠨᠠᠨ ᠪᠤᠳᠤᠬᠤ ᠪᠠᠶᠢᠭᠤᠯᠭ᠎ᠠ ᠶᠢᠨ ᠣᠨ ᠤ ᠬᠢᠨᠠᠨ ᠪᠤᠳᠤᠬᠤ ᠲᠥᠷᠥᠯ ᠵᠦᠢᠯ ᠤᠨ ᠲᠥᠯᠥᠪᠯᠡᠭᠡ ᠳᠤ ᠣᠷᠣᠭᠤᠯᠤᠨ᠂ ᠬᠢᠨᠠᠨ ᠪᠤᠳᠤᠬᠤ ᠵᠥᠪᠯᠡᠯ ᠳᠤ ᠳᠡᠪᠰᠢᠭᠦᠯᠵᠦ ᠬᠢᠨᠠᠨ ᠵᠥᠪᠯᠡᠭᠦᠯᠵᠦ ᠲᠣᠭᠲᠠᠭᠠᠯᠭᠠᠨ᠎ᠠ᠃ ᠭᠤᠷᠪᠠ ᠳᠤ ᠲᠥᠯᠥᠪᠯᠡᠭᠡ ᠶᠢᠨ ᠲᠥᠪ ᠴᠢᠩᠭ᠎ᠠ ᠴᠢᠨᠠᠷ ᠴᠢᠨᠰᠠᠭ᠎ᠠ ᠶᠢ ᠴᠢᠩᠭᠠᠳᠬᠠᠨ᠎ᠠ᠃ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢ ᠲᠥᠯᠥᠪᠯᠡᠭᠡ ᠲᠠᠢ ᠪᠠᠷ ᠶᠠᠪᠤᠭᠳᠠᠭᠤᠯᠨ᠎ᠠ᠂ ᠬᠢᠨᠠᠨ ᠪᠤᠳᠤᠬᠤ ᠵᠦᠢᠯᠡᠰ ᠤᠨ ᠲᠥᠯᠥᠪᠯᠡᠭᠡ ᠶᠢ ᠵᠢᠭᠠᠭᠰᠠᠨ ᠤ ᠲᠠᠷᠠᠭ᠎ᠠ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠂ ᠦᠨᠡᠬᠡᠷ ᠲᠣᠬᠢᠷᠠᠭᠤᠯᠬᠤ ᠪᠤᠶᠤ ᠵᠣᠭᠰᠣᠭᠠᠬᠤ ᠱᠠᠭᠠᠷᠳᠠᠯᠭ᠎ᠠ ᠲᠠᠢ ᠲᠣᠬᠢᠶᠠᠯᠳᠤᠯ ᠳᠤ᠂ ᠵᠢᠭᠠᠭᠰᠠᠨ ᠵᠢᠷᠤᠮ ᠶᠣᠰᠣᠭᠠᠷ ᠬᠢᠨᠠᠨ ᠪᠤᠳᠤᠬᠤ ᠺᠣᠮᠢᠰ ᠲᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ᠃             ᠠᠰᠠᠭᠤᠯᠲᠠ᠄ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠭᠤᠯᠭ᠎ᠠ ᠶᠢᠨ ᠲᠠᠯ᠎ᠠ ᠪᠠᠷ᠂ ᠡᠨᠡ ᠤᠳᠠᠭ᠎ᠠ ᠨᠡᠮᠡᠯᠲᠡ᠂ ᠥᠭᠡᠷᠡᠴᠢᠯᠡᠯᠲᠡ ᠣᠷᠣᠭᠤᠯᠬᠤ ᠳᠤ ᠶᠠᠮᠠᠷ ᠪᠣᠳᠠᠲᠠᠶ ᠲᠣᠭᠲᠠᠭᠠᠯ ᠭᠠᠷᠭᠠᠭᠰᠠᠨ ᠪᠤᠢ︖             ᠬᠠᠷᠢᠭᠤᠯᠲᠠ᠄ ᠨᠢᠭᠡ ᠳᠤ ᠠᠵᠤ ᠠᠬᠤᠶ ᠶᠢᠨ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠬᠦ ᠶᠢ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠶᠢᠨ ᠠᠭᠤᠯᠤᠭᠳᠠᠬᠤᠨ ᠢ ᠲᠣᠳᠣᠷᠬᠠᠶ ᠪᠣᠯᠭᠠᠨ᠎ᠠ᠂ ᠲᠤᠬᠠᠶᠢᠯᠠᠪᠠᠯ ᠤᠳᠤᠷᠢᠳᠬᠤ ᠺᠠᠳ᠋ᠷ ᠲᠤᠰᠢᠶᠠᠯ ᠳᠤ ᠪᠠᠶᠢᠬᠤ ᠬᠤᠭᠤᠴᠠᠭᠠᠨ ᠳᠠᠭᠠᠨ ᠲᠡᠭᠦᠨ ᠤ ᠬᠠᠷᠢᠶᠠᠯᠠᠯ ᠤᠨ ᠬᠡᠪᠴᠢᠶᠡᠨ ᠳᠣᠲᠣᠷ᠎ᠠ ᠨᠠᠮ ᠪᠠ ᠤᠯᠤᠰ ᠤᠨ ᠠᠵᠤ ᠠᠬᠤᠶ ᠶᠢᠨ ᠴᠢᠭᠯᠡᠯᠲᠡ ᠲᠦᠷᠦ ᠶᠢᠨ ᠪᠤᠳᠤᠯᠭ᠎ᠠ᠂ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠬᠡᠷᠡᠭᠵᠢᠭᠦᠯᠬᠦ᠂ ᠠᠵᠤ ᠠᠬᠤᠶ ᠪᠠ ᠨᠡᠶᠢᠭᠡᠮ ᠤᠨ ᠦᠢᠯᠡᠰ ᠤᠨ ᠬᠥᠭᠵᠢᠯᠲᠡ ᠶᠢ ᠤᠷᠤᠭᠰᠢ ᠠᠬᠢᠭᠤᠯᠬᠤ᠂ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠬᠠᠮᠢᠶᠠᠷᠴᠤ ᠵᠣᠬᠢᠴᠠᠭᠤᠯᠬᠤ᠂ ᠴᠢᠬᠤᠯᠠ ᠱᠠᠭᠠᠷᠳᠠᠯᠭ᠎ᠠ ᠲᠠᠢ ᠠᠵᠤ ᠠᠬᠤᠶ ᠶᠢᠨ ᠠᠶᠤᠯ ᠡᠷᠡᠰᠳᠡᠯ ᠢ ᠬᠢᠨᠠᠨ ᠰᠡᠷᠭᠡᠶᠢᠯᠡᠬᠦ ᠵᠡᠷᠭᠡ ᠬᠤᠯᠪᠣᠭᠳᠠᠬᠤ ᠠᠵᠤ ᠠᠬᠤᠶ ᠶᠢᠨ ᠠᠵᠢᠯᠯᠠᠭ᠎ᠠ ᠶᠢᠨ ᠭᠦᠢᠴᠡᠳᠬᠡᠪᠡᠰᠦ ᠵᠣᠬᠢᠬᠤ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶ ᠪᠣᠯᠭᠠᠨ᠎ᠠ᠃ ᠬᠤᠶᠠᠷ ᠲᠤ ᠬᠢᠨᠠᠨ ᠪᠤᠳᠤᠬᠤ ᠠᠭᠤᠯᠭ᠎ᠠ ᠶᠢ ᠲᠣᠭᠲᠠᠭᠠᠬᠤ ᠵᠠᠷᠴᠢᠮ ᠢ ᠲᠣᠳᠣᠷᠬᠠᠶᠢᠯᠠᠨ᠎ᠠ᠂ ᠲᠤᠬᠠᠶᠢᠯᠠᠪᠠᠯ ᠣᠯᠠᠨ ᠨᠡᠶᠢᠲᠡ ᠶᠢᠨ ᠪᠠᠯᠠ ᠮᠥᠩᠭᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠤᠨ ᠬᠠᠮᠢᠶᠠᠷᠤᠯᠲᠠ᠂ ᠬᠤᠪᠢᠶᠠᠷᠢᠯᠠᠯᠲᠠ ᠪᠠ ᠬᠡᠷᠡᠭᠯᠡᠯᠲᠡ ᠪᠠᠷ ᠰᠠᠭᠤᠷᠢ ᠪᠣᠯᠭᠠᠵᠤ᠂ ᠡᠷᠬᠡ ᠶᠢᠨ ᠠᠵᠢᠯᠯᠠᠭᠠᠨ ᠪᠠ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢᠶᠠᠷ ᠭᠤᠤᠯᠳᠠᠯᠭ᠎ᠠ ᠪᠣᠯᠭᠠᠨ᠂ ᠤᠳᠤᠷᠢᠳᠬᠤ ᠺᠠᠳ᠋ᠷᠴᠤᠳ ᠤᠨ ᠬᠠᠮᠢᠶᠠᠷᠤᠯᠲᠠ ᠬᠢᠨᠠᠯᠲᠠ ᠶᠢᠨ ᠬᠡᠷᠡᠭᠴᠡᠭᠡ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠣᠨᠴᠠᠯᠢᠭ ᠪᠠ ᠬᠢᠨᠠᠨ ᠪᠤᠳᠤᠬᠤ ᠡᠬᠢ ᠪᠠᠶᠠᠯᠢᠭ ᠵᠡᠷᠭᠡ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ ᠬᠢᠨᠠᠨ ᠪᠤᠳᠤᠬᠤ ᠠᠭᠤᠯᠭ᠎ᠠ ᠶᠢ ᠲᠣᠭᠲᠠᠭᠠᠯ ᠶᠣᠰᠣᠭᠠᠷ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠲᠣᠭᠲᠠᠭᠠᠪᠠ᠃ ᠭᠤᠷᠪᠠ ᠳᠤ᠂ ᠬᠢᠨᠠᠨ ᠪᠤᠳᠤᠬᠤ ᠠᠭᠤᠯᠭ᠎ᠠ ᠶᠢ ᠨᠠᠷᠢᠯᠢᠬᠵᠢᠭᠤᠯᠵᠤ᠂ ᠣᠷᠣᠨ ᠨᠤᠲᠤᠭ ᠤᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠭᠤᠣᠯ ᠤᠳᠤᠷᠢᠳᠬᠤ ᠺᠠᠳ᠋ᠷ᠂ ᠨᠠᠮ ᠵᠠᠰᠠᠭ ᠤᠨ ᠠᠵᠢᠯ ᠤᠨ ᠰᠠᠯᠠᠭ᠎ᠠ ᠮᠥᠴᠢᠷ ᠵᠡᠷᠭᠡ ᠭᠤᠣᠯ ᠤᠳᠤᠷᠢᠳᠬᠤ ᠺᠠᠳ᠋ᠷ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠤᠳᠤᠷᠢᠳᠬᠤ ᠬᠥᠮᠦᠰ ᠵᠡᠷᠭᠡ 3 ᠲᠥᠷᠥᠯ ᠤᠨ ᠬᠢᠨᠠᠨ ᠪᠣᠳᠣᠬᠤ ᠡᠲᠡᠭᠡᠳ ᠤᠨ ᠭᠤᠣᠯ ᠬᠢᠨᠠᠨ ᠪᠣᠳᠣᠬᠤ ᠠᠭᠤᠯᠭ᠎ᠠ ᠶᠢ ᠲᠥᠷᠥᠯ ᠬᠤᠪᠢᠶᠠᠨ ᠵᠢᠭᠰᠠᠭᠠᠵᠤ᠂ ᠡᠭᠦᠨ ᠳᠤ ᠨᠠᠮ ᠪᠠ ᠤᠯᠤᠰ ᠤᠨ ᠠᠵᠤ ᠠᠬᠤᠶ ᠶᠢᠨ ᠴᠢᠭᠯᠡᠯᠲᠡ ᠲᠦᠷᠦ ᠶᠢᠨ ᠪᠤᠳᠤᠯᠭ᠎ᠠ ᠵᠢᠴᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ᠂ ᠴᠢᠬᠤᠯᠠ ᠱᠠᠭᠠᠷᠳᠠᠯᠭ᠎ᠠ ᠲᠠᠢ ᠠᠵᠤ ᠠᠬᠤᠶ ᠶᠢᠨ ᠵᠦᠢᠯᠡᠰ ᠤᠨ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ᠂ ᠡᠳ᠋ ᠤᠨ ᠵᠠᠰᠠᠭ ᠡᠳ᠋ ᠤᠨ ᠶᠠᠪᠤᠳᠠᠯ ᠤᠨ ᠬᠠᠮᠢᠶᠠᠷᠤᠯᠲᠠ ᠪᠠ ᠠᠵᠤ ᠠᠬᠤᠶ ᠶᠢᠨ ᠠᠶᠤᠯ ᠡᠷᠡᠰᠳᠡᠯ ᠢ ᠰᠡᠷᠭᠡᠶᠢᠯᠡᠭᠰᠡᠨ ᠪᠠᠶᠢᠳᠠᠯ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠦᠢᠯᠡᠰ ᠪᠠ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ᠂ ᠵᠢᠴᠢ ᠠᠷᠢᠭᠤᠨ ᠴᠢᠬᠡᠴᠢ ᠪᠠᠷ ᠵᠠᠰᠠᠭᠯᠠᠬᠤ ︵ᠠᠵᠢᠯ ᠡᠷᠬᠢᠯᠡᠬᠦ︶ ᠲᠣᠭᠲᠠᠭᠠᠯ ᠢ ᠵᠢᠷᠤᠮᠯᠠᠭᠰᠠᠨ ᠪᠠᠶᠢᠳᠠᠯ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠪᠠᠷ ᠪᠠᠭᠲᠠᠭᠠᠨ᠎ᠠ᠃             ᠠᠰᠠᠭᠤᠯᠲᠠ᠄ ᠬᠢᠨᠠᠨ ᠪᠤᠳᠤᠯᠲᠠ ᠶᠢᠨ ᠦᠨᠡᠯᠡᠯᠲᠡ ᠪᠣᠯ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠶᠢᠨ ᠮᠡᠳᠡᠭᠦᠯᠦᠯᠲᠡ ᠶᠢᠨ ᠭᠤᠤᠯ ᠠᠭᠤᠯᠭ᠎ᠠ ᠮᠥᠨ᠂ ᠡᠨᠡ ᠤᠳᠠᠭ᠎ᠠ ᠨᠡᠮᠡᠯᠲᠡ᠂ ᠥᠭᠡᠷᠡᠴᠢᠯᠡᠯᠲᠡ ᠣᠷᠣᠭᠤᠯᠬᠤ ᠳᠤ ᠬᠢᠨᠠᠨ ᠪᠤᠳᠤᠯᠲᠠ ᠶᠢᠨ ᠦᠨᠡᠯᠡᠯᠲᠡ ᠶᠢᠨ ᠲᠤᠬᠠᠶ ᠶᠠᠮᠠᠷ ᠪᠣᠳᠠᠲᠠᠶ ᠲᠣᠭᠲᠠᠭᠠᠯ ᠭᠠᠷᠭᠠᠭᠰᠠᠨ ᠪᠣᠶ︖             ᠬᠠᠷᠢᠭᠤᠯᠲᠠ᠄ ᠬᠢᠨᠠᠨ ᠪᠤᠳᠤᠵᠤ ᠦᠨᠡᠯᠡᠬᠦ ᠪᠣᠯ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠪᠤᠰᠤᠳ ᠲᠥᠷᠥᠯ ᠤᠨ ᠬᠢᠨᠠᠨ ᠪᠣᠳᠣᠯᠲᠠ ᠠᠴᠠ ᠢᠯᠭᠠᠭᠳᠠᠬᠤ ᠴᠢᠬᠤᠯᠠ ᠣᠨᠴᠠᠯᠢᠭ ᠮᠥᠨ᠃ ᠨᠡᠮᠡᠯᠲᠡ᠂ ᠥᠭᠡᠷᠡᠴᠢᠯᠡᠯᠲᠡ ᠣᠷᠣᠭᠤᠯᠬᠤ ᠶᠠᠪᠤᠴᠠ ᠳᠤ᠂ᠪᠢᠳᠡ ︽ᠭᠤᠷᠪᠠ ᠶᠢ ᠢᠯᠭᠠᠬᠤ︾ ᠴᠢᠬᠤᠯᠠ ᠱᠠᠭᠠᠷᠳᠠᠯᠭ᠎ᠠ ᠶᠣᠰᠣᠭᠠᠷ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠥᠷᠭᠡᠨ ᠤᠯᠠᠨ ᠺᠠᠳ᠋ᠷᠴᠤᠳ ᠤᠨ ᠰᠢᠨ᠎ᠡ ᠴᠠᠭ ᠦᠶ᠎ᠡ ᠳᠤ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠲᠠᠢ ᠪᠠᠶᠢᠬᠤ ᠶᠢ ᠴᠢᠨᠠᠭᠰᠢᠳᠠ ᠵᠣᠷᠢᠭᠵᠢᠭᠤᠯᠬᠤ ᠲᠤᠬᠠᠢ ᠰᠠᠨᠠᠯ︾᠎ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠡᠯᠡᠯᠲᠡ ᠬᠢᠬᠦ ᠳᠤ ᠦᠨᠡᠨ ᠪᠣᠳᠠᠲᠠᠢ ᠪᠥᠭᠡᠳ ᠲᠥᠪ ᠰᠢᠳᠤᠷᠭᠤ᠂ ᠦᠨᠡᠨ ᠠᠴᠠ ᠵᠥᠪ ᠢ ᠡᠷᠢᠬᠦ ᠶᠢ ᠴᠢᠬᠤᠯᠠᠴᠢᠯᠠᠵᠤ᠂ ᠤᠳᠤᠷᠢᠳᠬᠤ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠨᠢᠭᠡ ᠳᠤ ᠬᠢᠨᠠᠨ ᠪᠤᠳᠤᠵᠤ ᠦᠨᠡᠯᠡᠬᠦ ᠠᠭᠤᠯᠭ᠎ᠠ ᠶᠢ ᠲᠣᠳᠣᠷᠬᠠᠶᠢᠯᠠᠨ᠎ᠠ᠃ ᠬᠢᠨᠠᠨ ᠪᠤᠳᠤᠬᠤ ᠬᠡᠪᠴᠢᠶᠡᠨ ᠳᠣᠲᠣᠷ᠎ᠠ᠂ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠤᠨ ᠬᠠᠮᠢᠶᠠᠷᠤᠯᠲᠠ᠂ ᠬᠤᠪᠢᠶᠠᠷᠢᠯᠠᠯᠲᠠ ᠪᠠ ᠬᠡᠷᠡᠭᠯᠡᠯᠲᠡ ᠶᠢᠨ ᠳᠤᠮᠳᠠᠬᠢ ᠲᠤᠬᠠᠢ ᠶᠢᠨ ᠬᠥᠮᠥᠨ ᠤ ᠠᠷᠢᠭᠤᠨ ᠴᠢᠬᠡᠴᠢ ᠪᠠᠷ ᠵᠠᠰᠠᠭᠯᠠᠬᠤ ︵ᠠᠵᠢᠯ ᠡᠷᠬᠢᠯᠡᠬᠦ︶ ᠲᠣᠭᠲᠠᠭᠠᠯ ᠢ ᠵᠢᠷᠤᠮᠯᠠᠭᠰᠠᠨ ᠵᠡᠷᠭᠡ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠪᠠᠭᠲᠠᠭᠠᠭᠰᠠᠨ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠦᠨᠡᠯᠡᠯᠲᠡ ᠬᠢᠬᠦ ᠶᠢ ᠴᠢᠬᠤᠯᠠᠴᠢᠯᠠᠪᠠ᠃ ᠬᠤᠶᠠᠷ ᠲᠤ ᠬᠠᠷᠢᠭᠤᠴᠠᠯᠭ᠎ᠠ ᠶᠢ ᠵᠠᠭᠠᠭᠯᠠᠨ ᠲᠣᠭᠲᠠᠭᠠᠬᠤ ᠪᠣᠳᠠᠲᠠᠶ ᠪᠠᠶᠢᠳᠠᠯ ᠢ ᠨᠠᠷᠢᠯᠢᠬᠵᠢᠭᠤᠯᠤᠨ ᠲᠣᠳᠣᠷᠬᠠᠶᠢᠯᠠᠨ᠎ᠠ᠃ ᠤᠳᠤᠷᠢᠳᠬᠤ ᠺᠠᠳ᠋ᠷᠴᠤᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠣᠳᠠᠲᠤ ᠨᠥᠬᠦᠴᠡᠯ ᠪᠠᠶᠢᠳᠠᠯ ᠲᠠᠢ ᠤᠶᠠᠯᠳᠤᠭᠤᠯᠤᠨ᠂ ᠤᠳᠤᠷᠢᠳᠬᠤ ᠺᠠᠳ᠋ᠷᠴᠤᠳ ᠤᠨ ᠬᠢᠨᠠᠨ ᠪᠤᠳᠤᠯᠳᠠ ᠪᠠᠷ ᠢᠯᠡᠷᠡᠭᠦᠯᠦᠭᠰᠡᠨ ᠠᠰᠠᠭᠤᠳᠠᠯ ᠳᠤ ᠰᠢᠭᠤᠳ ᠬᠠᠷᠢᠭᠤᠴᠠᠯᠭ᠎ᠠ ᠡᠭᠦᠷᠭᠡᠯᠡᠬᠦ᠂ ᠤᠳᠤᠷᠢᠳᠬᠤ ᠬᠠᠷᠢᠭᠤᠴᠠᠯᠭ᠎ᠠ ᠡᠭᠦᠷᠭᠡᠯᠡᠬᠦ ᠵᠡᠷᠭᠡ 2 ᠲᠦᠷᠦᠯ ᠤᠨ ᠬᠠᠷᠢᠭᠤᠴᠠᠯᠭ᠎ᠠ ᠶᠢᠨ ᠭᠤᠣᠯ ᠪᠠᠶᠢᠳᠠᠯ ᠢ ᠵᠢᠭᠰᠠᠭᠠᠵᠤ᠂ ᠬᠠᠷᠢᠭᠤᠴᠠᠯᠭ᠎ᠠ ᠶᠢ ᠵᠠᠭᠠᠭᠯᠠᠨ ᠲᠣᠭᠲᠠᠭᠠᠬᠤ ᠶᠢᠨ ᠰᠢᠨᠵᠢᠯᠡᠬᠦ ᠤᠬᠠᠭᠠᠨᠴᠢ ᠴᠢᠨᠠᠷ᠂ ᠣᠨᠣᠪᠴᠢᠲᠤ ᠴᠢᠨᠠᠷ ᠪᠠ ᠠᠵᠢᠯᠯᠠᠭᠠᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠪᠡ᠃ ᠭᠤᠷᠪᠠ ᠳᠤ᠂ ᠦᠨᠡᠯᠡᠬᠦ ᠱᠠᠭᠠᠷᠳᠠᠯᠭ᠎ᠠ ᠶᠢ ᠴᠢᠩᠭᠠᠳᠬᠠᠨ᠎ᠠ᠃ ᠱᠠᠭᠠᠷᠳᠠᠯᠭ᠎ᠠ ᠨᠢ ᠡᠷᠬᠡ ᠬᠠᠷᠢᠭᠤᠴᠠᠯᠭ᠎ᠠ ᠶᠢ ᠨᠢᠭᠡᠳᠦᠯᠲᠡᠶ ᠪᠠᠶᠢᠯᠭᠠᠬᠤ ᠵᠠᠷᠴᠢᠮ ᠶᠣᠰᠣᠭᠠᠷ᠂ ᠠᠳᠠᠯᠢ ᠪᠤᠰᠤ ᠤᠳᠤᠷᠢᠳᠬᠤ ᠲᠤᠰᠢᠶᠠᠯ ᠤᠨ ᠲᠤᠰᠢᠶᠠᠯ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠢᠨᠠᠨ ᠪᠣᠳᠣᠵᠤ ᠭᠡᠷᠡᠴᠢ ᠪᠠᠶᠢᠴᠠᠭᠠᠭᠰᠠᠨ ᠪᠤᠶᠤ ᠪᠣᠳᠠᠲᠤ ᠪᠠᠶᠢᠳᠠᠯ ᠢ ᠨᠤᠲᠠᠯᠠᠭᠰᠠᠨ ᠰᠠᠭᠤᠷᠢᠨ ᠳᠡᠭᠡᠷ᠎ᠡ᠂ ᠤᠯᠠᠨ ᠵᠦᠢᠯ ᠤᠨ ᠠᠷᠭ᠎ᠠ ᠶᠢ ᠶᠡᠷᠦᠩᠬᠡᠶᠢᠯᠡᠨ ᠬᠡᠷᠡᠭᠯᠡᠵᠦ᠂ ᠴᠢᠨᠠᠷ ᠴᠢᠨᠰᠠᠭ᠎ᠠ ᠶᠢ ᠲᠣᠭᠲᠠᠭᠠᠨ ᠦᠨᠡᠯᠡᠬᠦ ᠪᠠ ᠬᠡᠮᠵᠢᠶ᠎ᠡ ᠶᠢ ᠲᠣᠭᠲᠠᠭᠠᠨ ᠦᠨᠡᠯᠡᠬᠦ ᠶᠢ ᠪᠣᠳᠣᠯᠬᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠤᠯᠪᠣᠭᠳᠠᠬᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ᠂ ᠬᠠᠤᠯᠢ ᠴᠠᠭᠠᠵᠠ ᠳᠦᠷᠢᠮ ᠲᠣᠭᠲᠠᠭᠠᠯ᠂ ᠲᠦᠷᠦ ᠶᠢᠨ ᠪᠤᠳᠤᠯᠭ᠎ᠠ ᠶᠢᠨ ᠲᠣᠭᠲᠠᠭᠠᠯ᠂ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠦᠨᠡᠯᠡᠬᠦ ᠵᠣᠷᠢᠯᠲᠠ ᠵᠡᠷᠭᠡ ᠶᠢ ᠦᠨᠳᠦᠰᠦᠯᠡᠨ᠂ ᠬᠤᠯᠪᠣᠭᠳᠠᠬᠤ ᠠᠰᠠᠭᠤᠳᠠᠯ ᠤᠨ ᠲᠡᠦᠬᠡᠨ ᠠᠬᠤᠢ ᠪᠠᠶᠢᠳᠠᠯ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠠᠪᠤᠴᠠ᠂ ᠰᠢᠨᠵᠢ ᠴᠢᠨᠠᠷ᠂ ᠦᠷ᠎ᠡ ᠳ᠋ᠦᠩ ᠪᠠ ᠤᠳᠤᠷᠢᠳᠬᠤ ᠺᠠᠳ᠋ᠷ ᠤᠨ ᠪᠣᠳᠠᠲᠠᠢ ᠭᠠᠷᠭᠠᠭᠰᠠᠨ ᠦᠷ᠎ᠡ ᠨᠥᠯᠥᠭᠡ ᠵᠡᠷᠭᠡ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠲᠡᠭᠦᠨ ᠤ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠶᠢ ᠵᠠᠭᠠᠭᠯᠠᠨ ᠲᠣᠭᠲᠠᠭᠠᠪᠠ᠃             ᠠᠰᠠᠭᠤᠯᠲᠠ᠄ ᠬᠢᠨᠠᠨ ᠪᠤᠳᠤᠯᠲᠠ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠬᠤ ᠲᠠᠯ᠎ᠠ ᠪᠠᠷ᠂ ᠡᠨᠡ ᠤᠳᠠᠭ᠎ᠠ ᠨᠡᠮᠡᠯᠲᠡ᠂ ᠥᠭᠡᠷᠡᠴᠢᠯᠡᠯᠲᠡ ᠣᠷᠣᠭᠤᠯᠬᠤ ᠳᠤ ᠶᠠᠮᠠᠷ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠣᠶ︖             ᠬᠠᠷᠢᠭᠤᠯᠲᠠ᠄ ᠬᠢᠨᠠᠨ ᠪᠣᠳᠣᠭᠰᠠᠨ ᠦᠷ᠎ᠡ ᠳ᠋ᠦᠩ ᠢ ᠬᠡᠷᠡᠭᠯᠡᠬᠦ ᠪᠣᠯ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠣᠳᠣᠬᠤ ᠴᠢᠬᠤᠯᠠ ᠵᠠᠩᠭᠢᠯᠠᠭ᠎ᠠ ᠮᠥᠨ᠂ ᠬᠢᠨᠠᠨ ᠪᠣᠳᠣᠬᠤ ᠦᠷ᠎ᠡ ᠨᠥᠯᠥᠭᠡ ᠶᠢ ᠪᠠᠳᠠᠷᠠᠭᠤᠯᠬᠤ ᠪᠠ ᠬᠢᠨᠠᠨ ᠪᠣᠳᠣᠬᠤ ᠵᠣᠷᠢᠯᠲᠠ ᠶᠢ ᠪᠡᠶᠡᠯᠡᠭᠦᠯᠬᠦ ᠳᠤ ᠬᠤᠯᠪᠣᠭᠳᠠᠬᠤ ᠪᠣᠯᠬᠤᠷ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠡᠭᠦᠨ ᠢ ᠵᠠᠪᠠᠯ ᠴᠢᠬᠤᠯᠠᠴᠢᠯᠠᠨ ᠬᠡᠷᠡᠭᠵᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠴᠦ ᠨᠡᠶᠢᠳᠡᠮ ᠠᠩᠬᠠᠷᠴᠤ ᠪᠠᠶᠢᠨ᠎ᠠ᠃ ᠡᠨᠡ ᠤᠳᠠᠭ᠎ᠠ ᠨᠡᠮᠡᠯᠲᠡ᠂ ᠥᠭᠡᠷᠡᠴᠢᠯᠡᠯᠲᠡ ᠣᠷᠣᠭᠤᠯᠬᠤ ᠳᠠᠭᠠᠨ ᠨᠢᠭᠡ ᠳᠤ ᠬᠢᠨᠠᠨ ᠪᠣᠳᠣᠭᠰᠠᠨ ᠦᠷ᠎ᠡ ᠳ᠋ᠦᠩ ᠤᠨ ᠬᠡᠷᠡᠭᠯᠡᠯᠲᠡ ᠶᠢᠨ ᠶᠡᠷᠦᠩᠬᠡᠶ ᠱᠠᠭᠠᠷᠳᠠᠯᠭ᠎ᠠ ᠶᠢ ᠲᠣᠳᠣᠷᠬᠠᠶᠢᠯᠠᠵᠤ᠂ ᠲᠤᠬᠠᠶᠢᠯᠠᠪᠠᠯ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠭᠰᠠᠨ ᠪᠠᠶᠢᠳᠠᠯ ᠢ ᠮᠡᠳᠡᠭᠳᠡᠬᠦ᠂ ᠬᠠᠷᠢᠭᠤᠴᠠᠯᠭ᠎ᠠ ᠬᠦᠯᠢᠶᠡᠯᠭᠡᠬᠦ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ᠂ ᠦᠷ᠎ᠡ ᠳ᠋ᠦᠩ ᠢ ᠢᠯᠡ ᠨᠡᠶᠢᠲᠡᠯᠡᠬᠦ ᠵᠡᠷᠭᠡ ᠦᠷ᠎ᠡ ᠳ᠋ᠦᠩ ᠢ ᠬᠡᠷᠡᠭᠯᠡᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠬᠢᠨᠠᠨ ᠪᠤᠳᠤᠭᠰᠠᠨ ᠦᠷ᠎ᠡ ᠳ᠋ᠦᠩ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠤᠳᠤᠷᠢᠳᠬᠤ ᠺᠠᠳ᠋ᠷ ᠢ ᠰᠢᠯᠭᠠᠨ ᠦᠨᠡᠯᠡᠬᠦ᠂ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠂ ᠱᠠᠩᠨᠠᠵᠤ ᠰᠢᠢᠳᠬᠡᠬᠦ ᠴᠢᠬᠤᠯᠠ ᠯᠠᠪᠯᠠᠯᠲᠠ ᠪᠣᠯᠭᠠᠬᠤ ᠶᠢᠨ ᠬᠠᠮᠲᠤ ᠬᠤᠯᠪᠣᠭᠳᠠᠬᠤ ᠮᠡᠳᠡᠭᠦᠯᠦᠯᠲᠡ ᠶᠢ ᠬᠢᠨᠠᠨ ᠪᠤᠳᠤᠯᠲᠠ ᠬᠢᠯᠭᠡᠭᠰᠡᠨ ᠤᠳᠤᠷᠢᠳᠬᠤ ᠺᠠᠳ᠋ᠷ ᠤᠨ ᠲᠣᠰ ᠬᠥᠮᠦᠨ ᠤ ᠲᠠᠩᠰᠠ ᠡᠪᠬᠡᠮᠡᠯ ᠳᠤ ᠣᠷᠣᠭᠤᠯᠤᠨ᠎ᠠ᠃ ᠬᠤᠶᠠᠷ ᠲᠤ ᠦᠷ᠎ᠡ ᠳ᠋ᠦᠩ ᠢ ᠬᠡᠷᠡᠭᠯᠡᠬᠦ ᠶᠠᠪᠤᠴᠠ ᠳᠠᠬᠢ ᠠᠳᠠᠯᠢ ᠪᠤᠰᠤ ᠪᠡᠶᠡᠴᠢ ᠴᠣᠭᠴᠠ ᠶᠢᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ᠂ ᠬᠠᠮᠲᠤᠷᠠᠭᠰᠠᠨ ᠬᠤᠷᠠᠯᠳᠤᠭᠠᠨ ᠤ ᠪᠤᠰᠤᠳ ᠪᠦᠷᠢᠯᠳᠦᠬᠦᠨ ᠨᠢᠭᠡᠴᠢ᠂ ᠬᠤᠯᠪᠣᠭᠳᠠᠬᠤ ᠡᠷᠬᠢᠯᠡᠨ ᠬᠠᠮᠢᠶᠠᠷᠴᠤ ᠵᠣᠬᠢᠴᠠᠭᠤᠯᠬᠤ ᠰᠠᠯᠠᠭ᠎ᠠ ᠮᠥᠴᠢᠷ ᠤᠨ ᠭᠤᠣᠯ ᠲᠤᠰᠢᠶᠠᠯ ᠬᠠᠷᠢᠭᠤᠴᠠᠯᠭ᠎ᠠ ᠶᠢᠨ ᠲᠤᠬᠠᠶ ᠲᠤᠰ ᠲᠤᠰ ᠲᠣᠭᠲᠠᠭᠠᠯ ᠭᠠᠷᠭᠠᠪᠠ᠃ ᠭᠤᠷᠪᠠ ᠳᠤ᠂ ᠬᠢᠨᠠᠨ ᠪᠤᠳᠤᠯᠲᠠ ᠬᠢᠯᠭᠡᠭᠰᠡᠨ ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ ᠨᠢᠭᠡᠴᠢ ᠶᠢᠨ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠬᠤᠯᠠᠴᠢᠯᠠᠵᠤ᠂ ᠬᠢᠨᠠᠨ ᠪᠤᠳᠤᠯᠲᠠ ᠶᠢᠨ ᠦᠷ᠎ᠡ ᠳ᠋ᠦᠩ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠭ᠎ᠠ ᠨᠢᠭᠡᠴᠢ ᠶᠢᠨ ᠤᠳᠤᠷᠢᠳᠬᠤ ᠪᠠᠭ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭᠯᠠᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠤᠨ ᠪᠠᠶᠢᠴᠠᠭᠠᠵᠤ ᠰᠢᠯᠭᠠᠨ ᠦᠨᠡᠯᠡᠬᠦ ᠠᠭᠤᠯᠭ᠎ᠠ ᠵᠢᠴᠢ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠪᠦᠷᠢᠯᠳᠦᠬᠦᠨ ᠤ ᠬᠠᠷᠢᠭᠤᠴᠠᠯᠭ᠎ᠠ ᠶᠢᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠶᠢᠨ ᠴᠢᠬᠤᠯᠠ ᠠᠭᠤᠯᠭ᠎ᠠ ᠳᠤ ᠣᠷᠣᠭᠤᠯᠬᠤ ᠶᠢ ᠴᠢᠬᠤᠯᠠᠴᠢᠯᠠᠪᠠ᠃             ᠠᠰᠠᠭᠤᠯᠲᠠ᠄ ᠬᠢᠨᠠᠨ ᠪᠤᠳᠤᠬᠤ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠲᠠᠯ᠎ᠠ ᠪᠠᠷ᠂ ᠡᠨᠡ ᠤᠳᠠᠭ᠎ᠠ ᠨᠡᠮᠡᠯᠲᠡ᠂ ᠥᠭᠡᠷᠡᠴᠢᠯᠡᠯᠲᠡ ᠣᠷᠣᠭᠤᠯᠬᠤ ᠳᠤ ᠶᠠᠮᠠᠷ ᠪᠣᠳᠠᠲᠠᠶ ᠲᠣᠭᠲᠠᠭᠠᠯ ᠭᠠᠷᠭᠠᠭᠰᠠᠨ ᠪᠣᠶ︖             ᠬᠠᠷᠢᠭᠤᠯᠲᠠ᠄ ︽ᠲᠣᠭᠲᠠᠭᠠᠯ︾᠎ ᠳᠤ ᠬᠢᠨᠠᠨ ᠪᠤᠳᠤᠬᠤ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢ ᠴᠢᠬᠤᠯᠠᠴᠢᠯᠠᠨ᠎ᠠ᠂ ᠡᠨᠡ ᠨᠢ ᠬᠢᠨᠠᠨ ᠪᠤᠳᠤᠬᠤ ᠡᠯ᠎ᠡ ᠵᠠᠩᠭᠢᠯᠠᠭ᠎ᠠ ᠳᠤ ᠪᠣᠳᠠᠲᠠᠶ ᠪᠠᠷ ᠢᠯᠡᠷᠡᠵᠦ ᠪᠣᠶ᠄ ᠨᠢᠭᠡ ᠳᠤ ᠬᠢᠨᠠᠨ ᠪᠤᠳᠤᠬᠤ ᠨᠢᠭᠤᠴᠠᠯᠠᠬᠤ ᠡᠭᠦᠷᠭᠡ ᠶᠢ ᠲᠣᠳᠣᠷᠬᠠᠶᠢᠯᠠᠨ᠎ᠠ᠃ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠳᠤᠮᠳᠠ ᠨᠢᠭᠡᠨᠲᠡ ᠮᠡᠳᠡᠭᠰᠡᠨ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠲᠤᠬᠠᠢ ᠶᠢᠨ ᠬᠥᠮᠥᠨ ᠤ ᠨᠢᠭᠤᠴᠠ ᠶᠢᠨ ᠨᠢᠭᠤᠴᠠᠯᠠᠬᠤ ᠡᠭᠦᠷᠭᠡ ᠲᠠᠢ ᠪᠠᠶᠢᠬᠤ ᠶᠢ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠪᠠ ᠬᠢᠨᠠᠨ ᠪᠤᠳᠤᠬᠤ ᠠᠵᠢᠯᠳᠠᠨ ᠳᠤ ᠱᠠᠭᠠᠷᠳᠠᠨ᠎ᠠ᠃ ᠬᠤᠶᠠᠷ ᠲᠤ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠬᠢᠨᠠᠨ ᠪᠤᠳᠤᠬᠤ ᠶᠢ ᠴᠢᠩᠳᠠᠯᠠᠬᠤ ᠶᠢ ᠴᠢᠬᠤᠯᠠᠴᠢᠯᠠᠪᠠ᠃ ᠬᠢᠨᠠᠨ ᠪᠤᠳᠤᠯᠳᠠ ᠶᠢᠨ ᠮᠡᠳᠡᠭᠳᠡᠯ ᠤᠨ ᠪᠢᠴᠢᠭ᠂ ᠬᠢᠨᠠᠨ ᠪᠤᠳᠤᠯᠳᠠ ᠶᠢᠨ ᠴᠡᠭ ᠲᠤ ᠣᠷᠣᠬᠤ ᠬᠤᠷᠠᠯ ᠢ ᠬᠦᠷᠭᠡᠬᠦ᠂ ᠮᠠᠲ᠋ᠧᠷᠢᠶᠠᠯ ᠬᠠᠩᠭᠠᠬᠤ᠂ ᠰᠠᠨᠠᠯ ᠰᠣᠨᠣᠰᠬᠤ᠂ ᠬᠢᠨᠠᠨ ᠪᠤᠳᠤᠯᠳᠠ ᠶᠢᠨ ᠪᠢᠴᠢᠭ ᠤᠨ ᠰᠠᠨᠠᠯ ᠬᠤᠷᠢᠶᠠᠬᠤ ᠪᠠ ᠬᠢᠨᠠᠨ ᠪᠤᠳᠤᠯᠳᠠ ᠶᠢᠨ ᠦᠷ᠎ᠡ ᠳ᠋ᠦᠩ ᠢ ᠬᠦᠷᠭᠡᠬᠦ᠂ ᠬᠠᠷᠢᠭᠤ ᠲᠤᠰᠬᠠᠬᠤ ᠵᠡᠷᠭᠡ ᠡᠯ᠎ᠡ ᠭᠤᠭᠴᠤᠭ᠎ᠠ ᠳᠤ ᠵᠢᠷᠤᠮ ᠢ ᠨᠠᠷᠢᠯᠢᠬᠵᠢᠭᠤᠯᠤᠨ ᠲᠣᠳᠣᠷᠬᠠᠶᠢᠯᠠᠪᠠ᠃ ᠭᠤᠷᠪᠠ ᠳᠤ ᠬᠢᠨᠠᠨ ᠪᠤᠳᠤᠬᠤ ᠡᠲᠡᠭᠡᠳ ᠢ ᠲᠡᠳᠬᠦᠬᠦ ᠠᠷᠭ᠎ᠠ ᠵᠠᠮ ᠢ ᠲᠡᠭᠦᠯᠳᠡᠷᠵᠢᠭᠦᠯᠦᠨ᠎ᠡ᠃ ᠬᠢᠨᠠᠨ ᠪᠣᠳᠣᠭᠳᠠᠬᠤ ᠤᠳᠤᠷᠢᠳᠬᠤ ᠺᠠᠳ᠋ᠷ ᠬᠢᠨᠠᠨ ᠪᠣᠳᠣᠬᠤ ᠵᠥᠪᠯᠡᠯ ᠤᠨ ᠠᠯᠪᠠᠨ ᠭᠡᠷ᠂ ᠬᠢᠨᠠᠨ ᠪᠣᠳᠣᠬᠤ ᠪᠠᠶᠢᠭᠤᠯᠭ᠎ᠠ ᠶᠢᠨ ᠭᠠᠷᠭᠠᠭᠰᠠᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠭᠰᠠᠨ ᠮᠡᠳᠡᠭᠦᠯᠦᠯᠲᠡ ᠳᠤ ᠣᠨᠳᠣᠣ ᠰᠠᠨᠠᠯ ᠲᠠᠢ ᠲᠣᠬᠢᠶᠠᠯᠳᠤᠯ ᠳᠤ᠂ ᠬᠢᠨᠠᠨ ᠪᠤᠳᠤᠭᠰᠠᠨ ᠮᠡᠳᠡᠭᠦᠯᠦᠯᠲᠡ ᠶᠢ ᠣᠯᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠠᠳᠠᠯᠢ ᠱᠠᠲᠤᠨ ᠤ ᠬᠢᠨᠠᠨ ᠪᠤᠳᠤᠬᠤ ᠺᠣᠮᠢᠰ ᠤᠨ ᠠᠯᠪᠠᠨ ᠭᠡᠷ ᠲᠤ ᠭᠤᠮᠣᠳᠠᠯ ᠲᠣᠭᠠᠴᠢᠵᠤ ᠪᠣᠯᠤᠨ᠎ᠠ᠂ ᠬᠢᠨᠠᠨ ᠪᠤᠳᠤᠬᠤ ᠺᠣᠮᠢᠰ ᠤᠨ ᠠᠯᠪᠠᠨ ᠭᠡᠷ ᠲᠣᠭᠲᠠᠭᠠᠯ ᠶᠣᠰᠣᠭᠠᠷ ᠳᠠᠪᠲᠠᠨ ᠪᠠᠶᠢᠴᠠᠭᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠭᠤᠮᠣᠳᠠᠯ ᠲᠣᠭᠠᠴᠢᠯᠲᠠ ᠶᠢ ᠣᠯᠤᠭᠰᠠᠨ ᠡᠳᠦᠷ ᠠᠴᠠ ᠡᠬᠢᠯᠡᠨ 90 ᠡᠳᠦᠷ ᠤᠨ ᠳᠣᠲᠣᠷ᠎ᠠ ᠳᠠᠪᠲᠠᠨ ᠪᠠᠶᠢᠴᠠᠭᠠᠭᠰᠠᠨ ᠰᠠᠨᠠᠯ ᠢᠶᠠᠨ ᠳᠤᠷᠠᠳᠴᠤ᠂ ᠬᠢᠨᠠᠨ ᠪᠤᠳᠤᠬᠤ ᠺᠣᠮᠢᠰ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠲᠠᠷᠠᠭ᠎ᠠ ᠳᠠᠪᠲᠠᠨ ᠪᠠᠶᠢᠴᠠᠭᠠᠭᠰᠠᠨ ᠲᠣᠭᠲᠠᠭᠠᠯ ᠭᠠᠷᠭᠠᠪᠠ᠃             ᠠᠰᠠᠭᠤᠯᠲᠠ᠄ ᠬᠠᠮᠤᠭ ᠰᠡᠭᠦᠯ ᠳᠤ᠂ ︽ᠲᠣᠭᠲᠠᠭᠠᠯ︾᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠡᠷᠬᠢᠨ ᠰᠠᠶᠢᠲᠤᠷ ᠭᠦᠢᠴᠡᠳᠬᠡᠬᠦ ᠲᠤᠬᠠᠶ ᠶᠠᠷᠢᠭᠠᠳ ᠥᠭᠭᠦᠨ᠎ᠡ ᠦᠦ︖             ᠬᠠᠷᠢᠭᠤᠯᠲᠠ᠄ ᠳᠦᠷᠢᠮ ᠤᠨ ᠠᠮᠢᠵᠢᠷᠠᠯ ᠤᠨ ᠬᠦᠴᠦᠨ ᠨᠢ ᠬᠡᠷᠡᠭᠵᠢᠭᠦᠯᠬᠦ ᠳᠤ ᠪᠤᠢ᠃ ᠪᠢᠳᠡ ᠬᠤᠯᠪᠣᠭᠳᠠᠬᠤ ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠶ ᠰᠠᠶᠢᠲᠤᠷ ᠭᠦᠢᠴᠡᠳᠬᠡᠨ᠎ᠡ᠃ ᠨᠢᠭᠡ ᠳᠤ ᠰᠤᠷᠤᠯᠴᠠᠯᠭ᠎ᠠ ᠰᠤᠷᠭᠠᠯᠲᠠ ᠶᠢ ᠴᠢᠩᠭᠠᠳᠬᠠᠨ᠎ᠠ᠃ ᠨᠢᠭᠡ ᠲᠠᠯ᠎ᠠ ᠪᠠᠷ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠵᠦ ᠪᠠᠶᠢᠭ᠎ᠠ ᠬᠤᠯᠪᠣᠭᠳᠠᠬᠤ ᠨᠢᠭᠡᠴᠢ ᠪᠠ ᠠᠵᠢᠯᠲᠠᠨ ᠢ ᠬᠡᠨ ᠳᠠᠷᠤᠢ ᠳᠤᠨᠢ ᠵᠣᠬᠢᠶᠠᠨ ᠪᠠᠶᠢᠭᠤᠯᠤᠨ ᠪᠣᠯᠪᠠᠰᠤᠷᠠᠭᠤᠯᠵᠤ᠂ ︽ᠲᠣᠭᠲᠠᠭᠠᠯ︾᠎ ᠢ ᠡᠷᠴᠢᠮᠲᠡᠢ ᠢ ᠰᠤᠷᠤᠯᠴᠠᠨ ᠣᠶᠢᠯᠠᠭᠠᠵᠤ᠂ ︽ᠲᠣᠭᠲᠠᠭᠠᠯ︾᠎ ᠤᠨ ᠠᠭᠤᠯᠭ᠎ᠠ ᠪᠠ ᠵᠣᠷᠢᠭ ᠰᠠᠨᠠᠭ᠎ᠠ ᠶᠢ ᠣᠨᠣᠪᠴᠢᠲᠠᠶ ᠡᠵᠡᠮᠰᠢᠬᠦ ᠶᠢ ᠠᠬᠢᠭᠤᠯᠪᠠ᠃ ᠨᠥᠭᠦᠭᠡ ᠲᠠᠯ᠎ᠠ ᠪᠠᠷ᠂ ᠤᠬᠠᠭᠤᠯᠤᠨ ᠳᠠᠭᠠᠭᠤᠯᠤᠨ ᠵᠢᠯᠣᠭᠤᠳᠬᠤ ᠶᠢ ᠴᠢᠩᠭᠠᠳᠬᠠᠵᠤ᠂ ᠬᠤᠯᠪᠣᠭᠳᠠᠬᠤ ᠤᠳᠤᠷᠢᠳᠬᠤ ᠺᠠᠳ᠋ᠷᠴᠤᠳ ᠲᠤ ︽ᠲᠣᠭᠲᠠᠭᠠᠯ︾᠎ ᠤᠨ ᠱᠠᠭᠠᠷᠳᠠᠯᠭ᠎ᠠ ᠶᠢ ᠣᠶᠢᠯᠠᠭᠠᠭᠤᠯᠵᠤ᠂ ︽ᠲᠣᠭᠲᠠᠭᠠᠯ︾᠎ ᠢ ᠥᠪᠡᠷ ᠤᠨ ᠪᠡᠶ᠎ᠡ ᠪᠠᠷ ᠢᠶᠠᠨ ᠳᠠᠭᠤᠷᠢᠶᠠᠯ ᠪᠣᠯᠣᠨ ᠲᠤᠤᠱᠯᠠᠭᠤᠯᠤᠨ ᠬᠡᠷᠡᠭᠵᠢᠭᠦᠯᠵᠦ᠂ ᠬᠢᠨᠠᠨ ᠪᠤᠳᠤᠬᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠡᠷᠬᠡ ᠪᠠᠨ ᠬᠡᠷᠡᠭᠯᠡᠬᠦ᠂ ᠭᠤᠤᠯᠴᠢ ᠪᠠᠷ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠶ᠃ ᠬᠤᠶᠠᠷ ᠲᠤ ᠨᠠᠷᠢᠨ ᠬᠢᠨᠠᠮᠠᠭᠠᠶ ᠪᠠᠷ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ᠃ ᠡᠯ᠎ᠡ ᠱᠠᠲᠤᠨ ᠤ ᠬᠢᠨᠠᠨ ᠪᠤᠳᠤᠬᠤ ᠵᠥᠪᠯᠡᠯ ᠤᠨ ᠠᠯᠪᠠᠨ ᠬᠡᠷ᠂ ᠬᠢᠨᠠᠨ ᠪᠤᠳᠤᠬᠤ ᠪᠠᠶᠢᠭᠤᠯᠭ᠎ᠠ ᠨᠤᠭᠤᠳ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ ᠢ ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠪᠠ ᠪᠦᠬᠦᠯᠢ ᠴᠣᠭᠴᠠ ᠪᠠᠷ ᠠᠬᠢᠭᠤᠯᠬᠤ ᠪᠠᠨ ᠴᠢᠩᠭᠠᠳᠬᠠᠵᠤ᠂ ︽ᠲᠣᠭᠲᠠᠭᠠᠯ︾᠎ ᠳᠤ ᠲᠣᠳᠣᠷᠬᠠᠶᠢᠯᠠᠭᠰᠠᠨ ᠡᠭᠦᠷᠭᠡ ᠬᠠᠷᠢᠭᠤᠴᠠᠯᠭ᠎ᠠ᠂ ᠬᠠᠮᠤᠷᠬᠤ ᠴᠠᠷᠠᠭ᠎ᠠ ᠬᠦᠷᠢᠶ᠎ᠡ᠂ ᠡᠷᠬᠡ ᠶᠢᠨ ᠬᠢᠵᠠᠭᠠᠷ ᠪᠠ ᠳᠦᠷᠢᠮ ᠲᠣᠭᠲᠠᠭᠠᠯ ᠤᠨ ᠳᠠᠭᠠᠤ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ ᠢ ᠲᠣᠭᠲᠠᠭᠠᠯ ᠶᠣᠰᠣᠭᠠᠷ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠥᠷᠨᠢᠭᠦᠯᠵᠦ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ ᠤᠨ ᠴᠢᠨᠠᠷ ᠴᠢᠨᠰᠠᠭ᠎ᠠ ᠪᠠ ᠬᠢᠷᠢ ᠲᠥᠪᠰᠢᠨ ᠢ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠨ᠎ᠠ᠃ ︽ᠲᠣᠭᠲᠠᠭᠠᠯ︾᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠠᠪᠤᠴᠠ ᠳᠤ ᠲᠤᠯᠭᠠᠷᠠᠭᠰᠠᠨ ᠬᠤᠯᠪᠣᠭᠳᠠᠬᠤ ᠠᠰᠠᠭᠤᠳᠠᠯ ᠪᠠ ᠪᠠᠶᠢᠳᠠᠯ ᠳᠤ᠂ ᠡᠯ᠎ᠡ ᠱᠠᠲᠤᠨ ᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ ᠤᠨ ᠬᠠᠮᠲᠤᠷᠠᠭᠰᠠᠨ ᠬᠤᠷᠠᠯ ᠵᠢᠴᠢ ᠲᠡᠭᠦᠨ ᠤ ᠠᠯᠪᠠᠨ ᠬᠡᠷ ᠠᠴᠠ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠵᠤ᠂ ᠢᠳᠡᠪᠬᠢᠲᠡᠶ ᠪᠠᠷ ᠰᠢᠢᠳᠪᠦᠷᠢᠯᠡᠬᠦ ᠶᠢ ᠳᠥᠯᠭᠢᠨ ᠠᠬᠢᠭᠤᠯᠵᠤ᠂ ︽ᠲᠣᠭᠲᠠᠭᠠᠯ︾᠎ ᠤᠨ ᠡᠯ᠎ᠡ ᠲᠥᠷᠥᠯ ᠤᠨ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠰᠢᠨ᠎ᠡ ᠴᠠᠭ ᠦᠶ᠎ᠡ ᠶᠢᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠭᠦᠢᠴᠡᠳᠬᠡᠬᠦ ᠬᠡᠷᠡᠭᠲᠡᠢ                         ᠲᠠᠶᠢᠯᠤᠮᠵᠢ ᠬᠢᠭᠴᠢ᠄ ᠢᠦᠶ ᡁᠢ ᠹᠧᠩ ᠠᠯᠠᠱᠠ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ             ᠪᠢᠴᠢᠭ ᠮᠠᠲ᠋ᠧᠷᠢᠶᠠᠯ ᠤᠨ ᠲᠤᠬᠠᠢ ᠴᠠᠬᠢᠮ ᠬᠠᠭᠤᠳᠠᠰᠤ           ᠠᠯᠠᠱᠠ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶᠠᠨ ᠤ ᠳᠠᠮᠵᠢᠭᠤᠯᠤᠨ ᠨᠡᠶᠢᠲᠡᠯᠡᠬᠦ ︽ᠨᠠᠮ ᠵᠠᠰᠠᠭ ᠤᠨ ᠭᠤᠤᠯ ᠤᠳᠤᠷᠢᠳᠬᠤ ᠺᠠᠳ᠋ᠷ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠤᠯ ᠤᠳᠤᠷᠢᠳᠬᠤ ᠬᠥᠮᠦᠰ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠲᠣᠭᠲᠠᠭᠠᠯ︾             ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ                                    ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号