ᠠᠯᠠᠱᠠ ᠵᠡᠭᠦᠨ ᠬᠤᠰᠢᠭᠤᠨ ᠤ 2021 ᠣᠨ ᠤ ᠲᠥᠪ ᠤᠨ ᠡᠳ᠋ ᠤᠨ ᠵᠠᠰᠠᠭ ᠤᠨ ᠲᠢᠩᠬᠢᠮ ᠤᠨ ᠮᠠᠯᠵᠢᠬᠤ ᠲᠠᠷᠢᠶᠠᠯᠠᠬᠤ ᠦᠢᠯᠡᠳᠪᠦᠷᠢᠯᠡᠯ ᠨᠡᠶᠢᠭᠡᠮᠴᠢᠯᠡᠭᠰᠡᠨ ᠠᠵᠢᠯ ᠢ ᠶᠠᠪᠤᠭᠳᠠᠭᠤᠯᠬᠤ ᠲᠥᠰᠥᠯ
ᠨᠡᠶᠢᠲᠡᠯᠡᠭᠰᠡᠨ ᠴᠠᠭ᠄
2021/12/17
                                    2021 ᠣᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠴᠢᠨᠠᠷᠲᠠᠶ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠰᠠᠶᠢᠲᠤᠷ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ︽ᠬᠡᠰᠡᠭ ᠲᠥᠪ ᠤᠨ ᠡᠳ᠋ ᠤᠨ ᠵᠠᠰᠠᠭ ᠤᠨ ᠲᠤᠰᠬᠠᠶ ᠵᠦᠢᠯ ᠢᠶᠠᠷ ᠰᠢᠯᠵᠢᠭᠦᠯᠦᠨ ᠥᠭᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠢ ᠬᠡᠪᠯᠡᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠶ ᠡᠳ᠋ ᠤᠨ ᠵᠠᠰᠠᠭ ᠲᠠᠷᠬᠠᠭᠠᠭᠰᠠᠨ ︹ 2021 ︺ 81 ᠳ᠋ᠦ᠋ᠭᠡᠷ ᠲᠣᠭᠠᠲᠤ︶ ᠪᠣᠯᠤᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ︽ᠬᠡᠰᠡᠭ ᠲᠥᠪ ᠤᠨ ᠡᠳ᠋ ᠤᠨ ᠵᠠᠰᠠᠭ ᠤᠨ ᠲᠤᠰᠬᠠᠶ ᠵᠦᠢᠯ ᠢᠶᠠᠷ ᠰᠢᠯᠵᠢᠭᠦᠯᠦᠨ ᠥᠭᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠢ ᠬᠡᠪᠯᠡᠨ ᠲᠠᠷᠬᠠᠭᠠᠬᠤ ᠲᠤᠬᠠᠶ ᠮᠡᠳᠡᠭᠳᠡᠯ︾ ︵ᠠᠯᠠᠱᠠ ᠲᠠᠷᠢᠶᠠᠯᠠᠩ ᠮᠠᠯ ᠠᠵᠤ ᠠᠬᠤᠶ ᠲᠠᠷᠬᠠᠭᠠᠭᠰᠠᠨ ︹ 2021 ︺ 72 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠨᠥᠬᠦᠴᠡᠯ ᠪᠠᠶᠢᠳᠠᠯ ᠲᠠᠢ ᠪᠠᠨ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃             ᠨᠢᠭᠡ᠂ ᠵᠢᠯᠣᠭᠤᠳᠬᠤ ᠦᠵᠡᠯ ᠰᠠᠨᠠᠭ᠎ᠠ ᠬᠢᠭᠡᠳ ᠵᠠᠷᠴᠢᠮ             ︵ᠨᠢᠭᠡ︶ ᠵᠢᠯᠣᠭᠤᠳᠬᠤ ᠦᠵᠡᠯ ᠰᠠᠨᠠᠭ᠎ᠠ             ᠲᠥᠪ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠨᠡᠮᠡᠯᠲᠡ᠂ ᠥᠭᠡᠷᠡᠴᠢᠯᠡᠯᠲᠡ ᠶᠢ ᠵᠢᠵᠢᠭ ᠲᠠᠷᠢᠶᠠᠴᠢᠨ ᠡᠷᠦᠬᠡ ᠶᠢ ᠳᠠᠭᠠᠭᠤᠯᠤᠨ ᠣᠳᠣ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠪᠠᠷ ᠭᠤᠣᠯ ᠵᠣᠷᠢᠯᠲᠠ ᠪᠣᠯᠭᠠᠵᠤ᠂ ᠲᠠᠷᠢᠶᠠᠯᠠᠩ ᠤᠨ ᠵᠣᠬᠢᠬᠤ ᠬᠡᠪᠴᠢᠶᠡᠲᠦ ᠡᠵᠡᠩᠨᠡᠯᠲᠡ ᠶᠢ ᠠᠬᠢᠭᠤᠯᠬᠤ ᠶᠢ ᠬᠠᠮᠲᠤ ᠳᠤᠨᠢ ᠬᠠᠷᠠᠭᠠᠯᠵᠠᠵᠤ᠂ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ ᠵᠢᠵᠢᠭ ᠲᠠᠷᠢᠶᠠᠴᠢᠨ ᠡᠷᠦᠬᠡ ᠶᠢ ᠤᠳᠤᠷᠢᠳᠤᠨ ᠵᠢᠯᠣᠭᠤᠳᠴᠤ ᠪᠠᠶᠢᠭᠠᠳ ᠲᠠᠷᠢᠶᠠᠯᠠᠩ ᠤᠨ ᠦᠢᠯᠡᠳᠪᠦᠷᠢᠯᠡᠯ ᠢ ᠨᠠᠶᠢᠳᠠᠨ ᠬᠠᠮᠢᠶᠠᠷᠤᠭᠤᠯᠬᠤ᠂ ᠮᠧᠬᠠᠨᠢᠭᠵᠢᠭᠤᠯᠤᠨ ᠬᠠᠲᠠᠭᠠᠬᠤ᠂ ᠬᠤᠳᠠᠯᠳᠤᠨ ᠠᠪᠴᠤ ᠨᠥᠭᠡᠴᠡᠯᠡᠵᠦ ᠬᠠᠲᠠᠭᠠᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠭᠡᠨ ᠢᠶᠠᠷ ᠬᠦᠯᠢᠶᠡᠨ ᠠᠪᠤᠭᠤᠯᠵᠤ ᠂ ᠭᠤᠣᠯ ᠬᠠᠷᠢᠭᠤᠴᠠᠭᠴᠢ ᠶᠢᠨ ᠤᠯᠠᠨ ᠡᠰᠢᠵᠢᠭ᠍ᠰᠡᠨ᠂ ᠥᠷᠢᠰᠥᠯᠳᠦᠭᠡᠨ ᠢᠶᠠᠷ ᠭᠦᠢᠴᠡᠳ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠴᠢᠷᠮᠠᠶᠢᠨ ᠪᠤᠶᠢᠵᠢᠭᠤᠯᠵᠤ᠂ ᠮᠧᠬᠠᠨᠢᠭᠵᠢᠭᠰᠠᠨ᠂ ᠬᠡᠪᠴᠢᠶᠡᠵᠢᠭᠰᠡᠨ᠂ ᠡᠷᠴᠢᠮᠵᠢᠭ᠍ᠰᠡᠨ ᠪᠣᠬᠢᠷᠲᠤᠯ ᠦᠭᠡᠢ ᠥᠨᠳᠥᠷ ᠦᠷ᠎ᠡ ᠠᠰᠢᠭ ᠲᠠᠢ ᠤᠳᠤ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠲᠥᠪᠯᠡᠷᠡᠭᠦᠯᠦᠨ ᠵᠠᠯᠭᠠᠯᠳᠤᠭᠰᠠᠨ ᠤᠷᠤᠭᠰᠢ ᠠᠬᠢᠭᠤᠯᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠦᠷ᠎ᠡ ᠠᠰᠢᠭ ᠪᠠ ᠥᠷᠢᠰᠥᠯᠳᠦᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠪᠠ ᠡᠬᠢ ᠪᠠᠶᠠᠯᠢᠭ ᠤᠨ ᠦᠷᠭᠦᠯᠵᠢᠯᠡᠬᠦ ᠠᠰᠢᠭᠯᠠᠯᠲᠠ ᠶᠢ ᠠᠬᠢᠭᠤᠯᠤᠨ᠎ᠠ᠃             ︵ᠬᠤᠶᠠᠷ︶ ᠦᠨᠳᠦᠰᠦᠨ ᠵᠠᠷᠴᠢᠮ             ᠵᠢᠵᠢᠭ ᠲᠠᠷᠢᠶᠠᠴᠢᠨ ᠡᠷᠤᠭᠡ ᠳᠤ ᠦᠢᠯᠡᠴᠢᠯᠡᠬᠦ ᠶᠢ ᠪᠠᠷᠢᠮᠲᠠᠯᠠᠵᠤ᠂ ᠲᠠᠷᠢᠶᠠᠴᠢᠨ ᠡᠷᠤᠭᠡ ᠶᠢᠨ ᠬᠥᠭᠵᠢᠯᠲᠡ ᠶᠢ ᠳᠠᠶᠢᠴᠢᠯᠠᠬᠤ ᠪᠢᠰᠢ ᠬᠠᠷᠢᠨ ᠣᠷᠣᠯᠠᠬᠤ ᠵᠠᠷᠴᠢᠮ ᠢ ᠪᠠᠷᠢᠮᠲᠠᠯᠠᠵᠤ᠂ ᠵᠢᠵᠢᠭ ᠲᠠᠷᠢᠶᠠᠴᠢᠨ ᠡᠷᠤᠭᠡ ᠳᠤ ᠦᠢᠯᠡᠴᠢᠯᠡᠬᠦ ᠶᠢ ᠲᠦᠷᠤ ᠶᠢᠨ ᠪᠤᠳᠤᠯᠭ᠎ᠠ ᠶᠢᠨ ᠳᠡᠮᠵᠢᠯᠭᠡ ᠶᠢᠨ ᠭᠤᠣᠯ ᠡᠳᠡᠬᠡᠳ ᠪᠣᠯᠭᠠᠵᠤ᠂ ᠵᠢᠵᠢᠭ ᠲᠠᠷᠢᠶᠠᠴᠢᠨ ᠡᠷᠤᠭᠡ ᠶᠢᠨ ᠬᠡᠪᠴᠢᠶᠡᠵᠢᠭᠰᠡᠨ ᠦᠢᠯᠡᠳᠪᠦᠷᠢᠯᠡᠯ ᠤᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ︔ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠳᠤ ᠦᠢᠯᠡᠴᠢᠯᠡᠬᠦ ᠶᠢ ᠪᠠᠷᠢᠮᠲᠠᠯᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠬᠦ ᠶᠢ ᠲᠠᠷᠢᠶᠠᠯᠠᠩ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠬᠦ ᠶᠢ ᠳᠡᠮᠵᠢᠬᠦ ᠵᠣᠷᠢᠯᠲᠠ ᠪᠣᠯᠭᠠᠨ᠎ᠠ︔ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠡᠬᠢ ᠪᠠᠶᠠᠯᠢᠭ ᠢ ᠲᠣᠬᠢᠷᠠᠭᠤᠯᠬᠤ ᠰᠢᠢᠳᠪᠦᠷᠢᠯᠡᠭᠴᠢ ᠴᠢᠨᠠᠷᠲᠠᠶ ᠦᠷ᠎ᠡ ᠨᠥᠯᠥᠭᠡ ᠶᠢ ᠭᠦᠢᠴᠡᠳ ᠪᠠᠳᠠᠷᠠᠭᠤᠯᠤᠨ᠂ ᠡᠳ᠋ ᠤᠨ ᠵᠠᠰᠠᠭ ᠤᠨ ᠨᠥᠬᠦᠪᠥᠷᠢ ᠶᠢᠨ ᠭᠤᠣᠯᠳᠠᠯᠭ᠎ᠠ ᠨᠢ ᠵᠠᠬ᠎ᠠ ᠳᠡᠯᠭᠡᠭᠦᠷ ᠢ ᠤᠳᠤᠷᠢᠳᠤᠨ ᠵᠢᠯᠣᠭᠤᠳᠴᠤ ᠪᠤᠶᠢᠵᠢᠭᠤᠯᠬᠤ ᠳᠤ ᠪᠠᠶᠢᠨ᠎ᠠ᠃             ᠬᠤᠶᠠᠷ᠂ ᠪᠣᠳᠠᠲᠠᠶ ᠠᠭᠤᠯᠭ᠎ᠠ             2021 ᠣᠨ ᠳᠤ ᠲᠥᠪ ᠤᠨ ᠡᠳ᠋ ᠤᠨ ᠵᠠᠰᠠᠭ ᠠᠴᠠ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠥᠭᠵᠢᠯᠲᠡ ᠶᠢᠨ ᠪᠠᠯᠠ ᠮᠥᠩᠭᠦ ᠶᠢ ᠨᠡᠶᠢᠲᠡ 50 ᠲᠦᠮᠡᠨ ᠲᠥᠭᠦᠷᠢᠭ ᠪᠠᠭᠤᠯᠭᠠᠨ ᠥᠭᠴᠦ᠂ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠳᠤ ᠬᠡᠷᠡᠭᠯᠡᠭᠦᠯᠵᠦ᠂ ᠭᠤᠤᠯᠳᠠᠭᠤ ᠡᠪᠡᠳᠴᠢᠨ ᠬᠤᠷᠣᠬᠠᠶ ᠶᠢᠨ ᠬᠥᠨᠥᠭᠡᠯ ᠢ ᠨᠢᠭᠡᠳᠦᠯᠲᠡᠶ ᠰᠡᠷᠭᠡᠶᠢᠯᠡᠨ ᠵᠠᠰᠠᠬᠤ᠂ ᠭᠦᠨ ᠤᠷᠪᠠᠭᠤᠯᠵᠤ ᠭᠦᠨ ᠰᠤᠯᠠᠷᠠᠭᠤᠯᠬᠤ᠂ ᠬᠥᠮᠥᠷᠭᠡᠯᠡᠨ ᠬᠠᠲᠠᠭᠠᠬᠤ ᠪᠠ ᠳᠤᠰᠤᠯᠭᠠᠨ ᠤᠰᠤᠯᠠᠬᠤ ᠪᠦᠰᠡ ᠶᠢ ᠡᠭᠡᠭᠦᠯᠦᠨ ᠬᠤᠷᠢᠶᠠᠬᠤ ᠵᠡᠷᠭᠡ ᠲᠥᠷᠥᠯ ᠵᠦᠢᠯ ᠳᠤ ᠬᠡᠷᠡᠭᠯᠡᠭᠦᠯᠦᠨ᠎ᠡ᠃             ᠭᠤᠷᠪᠠ᠂ ᠬᠡᠷᠡᠭᠵᠢᠭᠦᠯᠬᠦ ᠲᠥᠷᠥᠯ ᠵᠦᠢᠯ ᠤᠨ ᠠᠭᠤᠯᠭ᠎ᠠ             ︵ᠨᠢᠭᠡ︶ ᠲᠤᠰᠠᠯᠠᠭ ᠡᠲᠡᠭᠡᠳ             ᠲᠥᠷᠥᠯ ᠵᠦᠢᠯ ᠢ ᠬᠡᠷᠡᠭᠵᠢᠭᠦᠯᠬᠦ ᠣᠷᠣᠨ ᠤ ᠳᠣᠲᠣᠷ᠎ᠠ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠬᠠᠩᠭᠠᠬᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠤᠰᠬᠠᠶᠢᠵᠢᠭᠰᠠᠨ ᠲᠠᠷᠢᠶᠠᠯᠠᠩ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠦᠢᠯᠡᠴᠢᠯᠡᠭᠡᠨ ᠤ ᠬᠡᠯᠪᠡᠷᠢ ᠶᠢᠨ ᠮᠠᠯᠴᠢᠨ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠬᠠᠩᠭᠠᠬᠤ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ᠂ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠲᠠᠷᠢᠶᠠᠯᠠᠩ ᠤᠨ ᠮᠠᠰᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠮᠠᠯ ᠤᠨ ᠡᠮ ᠤᠨ ᠡᠵᠡᠩᠨᠡᠯᠲᠡ ᠶᠢᠨ ᠳᠡᠯᠭᠡᠭᠦᠷ᠂ ᠵᠢᠵᠢᠭ ᠮᠠᠯᠴᠢᠨ ᠡᠷᠦᠬᠡ ᠵᠡᠷᠭᠡ ᠭᠤᠣᠯ ᠬᠠᠷᠢᠭᠤᠴᠠᠭᠴᠢ ᠪᠣᠯᠤᠨ᠎ᠠ᠃ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠬᠤᠷᠰᠢᠶ᠎ᠠ ᠪᠤᠶᠤ ᠠᠵᠤ ᠠᠬᠤᠶᠢᠯᠠᠯ ᠤᠨ ᠦᠢᠯᠡᠴᠢᠯᠡᠭᠡᠨ ᠤ ᠲᠠᠯᠠᠪᠠᠶ ᠳᠤ ᠨᠥᠬᠦᠪᠥᠷᠢ ᠥᠭᠴᠦ ᠪᠣᠯᠬᠤ ᠥᠬᠡᠶ᠂ ᠵᠥᠪᠬᠡᠨ ᠲᠥᠷᠥᠯ ᠵᠦᠢᠯ ᠤᠨ ᠲᠥᠪᠯᠡᠷᠡᠨ ᠵᠠᠯᠭᠠᠯᠳᠤᠭᠰᠠᠨ ᠣᠷᠣᠨ ᠪᠦᠰᠡ ᠶᠢᠨ ᠳᠣᠲᠣᠷ᠎ᠠ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠳᠤ᠂ ᠬᠤᠷᠰᠢᠶᠠᠵᠢᠯ ᠤᠨ ᠦᠢᠯᠡᠴᠢᠯᠡᠭᠡᠨ ᠤ ᠲᠠᠯᠠᠪᠠᠶ ᠶᠢᠨ ᠪᠠᠷᠢᠮᠵᠢᠶ᠎ᠠ ᠶᠢ ᠪᠠᠭᠤᠷᠠᠭᠤᠯᠤᠨ ᠨᠥᠬᠦᠪᠥᠷᠢ ᠥᠭᠴᠦ ᠪᠣᠯᠬᠤ ᠪᠥᠭᠡᠳ ᠲᠥᠷᠥᠯ ᠵᠦᠢᠯ ᠤᠨ ᠲᠠᠯᠠᠪᠠᠶ ᠶᠢᠨ 40%᠎ ᠠᠴᠠ ᠬᠡᠲᠦᠷᠡᠭᠦᠯᠵᠦ ᠪᠣᠯᠬᠤ ᠥᠬᠡᠶ᠃ ᠪᠠᠯᠠ ᠮᠥᠩᠭᠦ ᠶᠢ ᠳᠡᠯᠭᠡᠷᠡᠭᠦᠯᠬᠦ ᠶᠢ ᠭᠤᠤᠯᠳᠠᠯᠭ᠎ᠠ ᠲᠠᠢ ᠲᠡᠳᠬᠦᠨ ᠳᠡᠮᠵᠢᠵᠦ᠂ ︽ᠭᠤᠷᠪᠠ ᠶᠢ ᠨᠢᠭᠡ ᠴᠤᠭᠴᠠᠵᠢᠭᠤᠯᠬᠤ︾ ᠦᠢᠯᠡᠴᠢᠯᠡᠭᠡᠨ ᠤ ᠠᠷᠭ᠎ᠠ ᠮᠠᠶ᠋ᠢᠭ ᠢ ᠦᠢᠯᠡᠳᠪᠦᠷᠢᠯᠡᠬᠦ᠂ ᠪᠣᠷᠣᠯᠠᠭᠤᠯᠬᠤ ᠶᠢ ᠭᠤᠤᠯᠳᠠᠯᠭ᠎ᠠ ᠲᠠᠢ ᠳᠡᠮᠵᠢᠨ᠎ᠡ᠂ ᠲᠤᠬᠠᠶᠢᠯᠠᠪᠠᠯ ᠪᠠᠯᠠ ᠮᠥᠩᠭᠦ ᠶᠢᠨ ᠬᠡᠯᠬᠢᠶ᠎ᠡ ᠶᠢ ᠦᠢᠯᠡᠳᠪᠦᠷᠢᠯᠡᠬᠦ ᠠᠴᠠ ᠡᠮᠦᠨᠡᠬᠢ᠂ ᠦᠢᠯᠡᠳᠪᠦᠷᠢᠯᠡᠭᠰᠡᠨ ᠤ ᠳᠠᠷᠠᠭᠠᠬᠢ ᠳᠠᠰᠢ ᠤᠷᠲᠤᠳᠬᠠᠵᠤ᠂ ᠨᠢᠭᠡ ᠦᠢᠯᠡᠴᠢᠯᠡᠭᠡᠨ ᠤ ᠭᠤᠤᠯ ᠰᠡᠳᠦᠪ ᠢ ᠪᠠᠯᠠ ᠮᠥᠩᠭᠦ ᠪᠠᠷ ᠣᠯᠠᠨᠲᠠ ᠬᠠᠮᠤᠷᠤᠭᠤᠯᠬᠤ ᠠᠴᠠ ᠦᠢᠯᠡᠳᠪᠦᠷᠢᠯᠡᠯ ᠤᠨ ᠲᠠᠯ᠎ᠠ ᠪᠠᠷ ᠦᠢᠯᠡᠴᠢᠯᠡᠭᠡᠨ ᠤ ᠭᠤᠣᠯ ᠬᠠᠷᠢᠭᠤᠴᠠᠭᠴᠢ ᠠᠴᠠ ᠲᠠᠷᠢᠶᠠᠴᠢᠨ ᠡᠷᠦᠬᠡ ᠳᠤ ᠲᠠᠷᠢᠶᠠᠯᠠᠬᠤ᠂ ᠲᠠᠷᠢᠬᠤ᠂ ᠰᠡᠷᠭᠡᠶᠢᠯᠡᠬᠦ᠂ ᠬᠤᠷᠢᠶᠠᠬᠤ ᠪᠦᠬᠦ ᠶᠠᠪᠤᠴᠠ ᠶᠢ ᠨᠠᠶᠢᠳᠠᠨ ᠬᠠᠮᠢᠶᠠᠷᠤᠭᠤᠯᠬᠤ ᠶᠢ ᠠᠬᠢᠭᠤᠯᠤᠨ᠎ᠠ︔ ᠪᠣᠷᠣᠯᠠᠭᠤᠯᠭ᠎ᠠ ᠶᠢᠨ ᠲᠠᠯ᠎ᠠ ᠪᠠᠷ ᠲᠠᠷᠢᠶᠠᠴᠢᠨ ᠡᠷᠦᠬᠡ ᠳᠤ ᠠᠮᠤ ᠪᠤᠳᠠᠭ᠎ᠠ ᠬᠠᠳᠠᠭᠠᠯᠠᠬᠤ ᠲᠤᠬᠠᠶᠢᠯᠠᠭᠰᠠᠨ ᠠᠵᠢᠯ ᠢ ᠥᠷᠨᠢᠭᠦᠯᠵᠦ᠂ ᠵᠠᠮ ᠲᠡᠭᠡᠭᠡᠪᠦᠷᠢ ᠶᠢᠨ ᠥᠪᠡᠷ ᠤᠨ ᠥᠷᠲᠡᠭ ᠥᠨᠳᠥᠷ᠂ ᠪᠣᠷᠣᠯᠠᠭᠤᠯᠭ᠎ᠠ ᠶᠢᠨ ᠦᠨ᠎ᠡ ᠬᠢᠮᠳᠠ ᠪᠠᠶᠢᠬᠤ ᠠᠰᠠᠭᠤᠳᠠᠯ ᠢ ᠤᠯᠠᠮ ᠠᠬᠢᠭᠤᠯᠤᠨ ᠵᠣᠬᠢᠴᠠᠭᠤᠯᠤᠨ᠎ᠠ᠃             ︵ᠬᠤᠶᠠᠷ︶ ᠲᠤᠰᠠᠯᠠᠮᠵᠢ ᠶᠢᠨ ᠪᠡᠯᠡ ᠮᠥᠩᠭᠦ ᠬᠢᠭᠡᠳ ᠪᠠᠷᠢᠮᠵᠢᠶ᠎ᠠ             ᠲᠥᠷᠥᠯ ᠵᠦᠢᠯ ᠤᠨ ᠨᠥᠬᠦᠪᠥᠷᠢ ᠶᠢᠨ ᠪᠠᠯᠠ ᠮᠥᠩᠭᠦ ᠨᠡᠶᠢᠲᠡ 50 ᠲᠦᠮᠡᠨ ᠲᠥᠭᠦᠷᠢᠭ ᠪᠠᠶᠢᠵᠤ᠂ 40% ︵20 ᠲᠦᠮᠡᠨ ᠲᠥᠭᠦᠷᠢᠭ︶᠎ ᠶᠢ ᠳᠤᠰᠤᠯᠭᠠᠨ ᠤᠰᠤᠯᠠᠬᠤ ᠪᠦᠰᠡ ᠶᠢ ᠡᠭᠡᠭᠦᠯᠦᠨ ᠬᠤᠷᠢᠶᠠᠭᠰᠠᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠨᠥᠬᠦᠪᠥᠷᠢ ᠥᠭᠬᠦ ᠳᠤ ᠬᠡᠷᠡᠭᠵᠢᠭᠦᠯᠦᠨ᠎ᠡ︔ 20% ︵10 ᠲᠦᠮᠡᠨ ᠲᠥᠭᠦᠷᠢᠭ︶᠎ ᠤᠨ ᠪᠠᠯᠠ ᠮᠥᠩᠭᠦ ᠶᠢ ᠬᠤᠯᠪᠣᠭᠠᠯᠠᠨ ᠭᠠᠵᠠᠷ ᠲᠡᠭᠰᠢᠯᠡᠬᠦ ︵ᠭᠦᠨ ᠤᠷᠪᠠᠭᠤᠯᠵᠤ ᠭᠦᠨ ᠰᠤᠯᠠᠷᠠᠭᠤᠯᠬᠤ︶ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠨᠥᠬᠦᠪᠥᠷᠢ ᠥᠭᠬᠦ ᠳᠤ ᠬᠡᠷᠡᠭᠵᠢᠭᠦᠯᠦᠨ᠎ᠡ︔ 20% ︵10 ᠲᠦᠮᠡᠨ ᠲᠥᠭᠦᠷᠢᠭ︶᠎ ᠤᠨ ᠪᠠᠯᠠ ᠮᠥᠩᠭᠦ ᠶᠢ ᠬᠥᠮᠥᠷᠭᠡᠯᠡᠵᠦ ᠬᠠᠳᠠᠭᠠᠭᠰᠠᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠨᠥᠬᠦᠪᠥᠷᠢ ᠥᠭᠬᠦ ᠳᠤ ᠬᠡᠷᠡᠭᠵᠢᠭᠦᠯᠦᠨ᠎ᠡ︔ 20% ︵10 ᠲᠦᠮᠡᠨ ᠲᠥᠭᠦᠷᠢᠭ︶᠎ ᠶᠢᠨ ᠪᠡᠯᠡ ᠮᠥᠩᠭᠦ ᠶᠢ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠭ ᠨᠡᠶᠢᠭᠡᠮ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠬᠡᠷᠡᠭᠯᠡᠵᠦ ᠨᠥᠬᠦᠪᠥᠷᠢ ᠣᠯᠭᠤᠨ᠎ᠠ᠃ ᠵᠠᠷᠴᠢᠮ ᠳᠡᠭᠡᠷ᠎ᠡ ᠪᠠᠨ ᠡᠳ᠋ ᠤᠨ ᠵᠠᠰᠠᠭ ᠤᠨ ᠨᠥᠬᠦᠪᠥᠷᠢ ᠶᠢᠨ ᠦᠢᠯᠡᠴᠢᠯᠡᠭᠡᠨ ᠤ ᠦᠨ᠎ᠡ ᠬᠠᠩᠰᠢ ᠳᠤ ᠡᠵᠡᠯᠡᠬᠦ ᠬᠠᠷᠢᠴᠠᠯ ᠢ 30%᠎ ᠠᠴᠠ ᠳᠠᠪᠠᠭᠤᠯᠬᠤ ᠥᠬᠡᠶ᠂ ᠲᠠᠷᠢᠮᠠᠯ ᠤᠨ ᠦᠢᠯᠡᠰ ᠤᠨ ᠨᠢᠭᠡ ᠤᠯᠠᠷᠢᠯ ᠤᠨ ᠲᠠᠷᠢᠮᠠᠯ ᠤᠨ ᠮᠥ ᠪᠦᠷᠢ ᠶᠢᠨ ᠳᠤᠮᠳᠠᠴᠢ ᠨᠥᠬᠦᠪᠥᠷᠢ ᠪᠤᠶᠤ ᠪᠤᠰᠤᠳ ᠬᠦᠷᠢᠶ᠎ᠡ ᠴᠠᠷᠠᠭ᠎ᠠ ᠶᠢᠨ ᠨᠥᠬᠦᠪᠥᠷᠢ ᠶᠢᠨ ᠬᠡᠪᠴᠢᠶ᠎ᠡ ᠶᠢ 100 ᠲᠥᠭᠦᠷᠢᠭ ᠠᠴᠠ ᠳᠠᠪᠠᠭᠤᠯᠬᠤ ᠥᠬᠡᠶ᠃ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠠᠴᠠ ᠮᠠᠯᠵᠢᠬᠤ ᠲᠠᠷᠢᠶᠠᠯᠠᠬᠤ ᠡᠷᠦᠬᠡ ᠳᠤ ᠬᠠᠩᠭᠠᠬᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠦᠨ᠎ᠡ ᠬᠠᠩᠰᠢ ᠶᠢ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠪᠠᠷ ᠢᠶᠠᠨ ᠵᠠᠬ᠎ᠠ ᠳᠡᠯᠭᠡᠭᠦᠷ ᠤᠨ ᠲᠣᠭᠲᠠᠴᠠ ᠶᠢᠨ ᠶᠣᠰᠣᠭᠠᠷ ᠵᠥᠪᠳᠡᠯᠴᠡᠨ ᠲᠣᠭᠲᠠᠭᠠᠪᠠ᠃ ᠨᠢᠭᠡᠨᠲᠡ ᠲᠥᠷᠥᠯ ᠵᠦᠢᠯ ᠤᠨ ᠨᠥᠬᠦᠪᠥᠷᠢ ᠶᠢ ᠭᠥᠷᠳᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠨᠢ ᠳᠠᠪᠬᠤᠷᠳᠠᠭᠤᠯᠤᠨ ᠭᠥᠷᠳᠡᠵᠦ ᠪᠣᠯᠬᠤ ᠥᠬᠡᠶ᠃ ᠪᠣᠳᠠᠲᠠᠶ ᠬᠡᠷᠡᠭᠵᠢᠭᠦᠯᠬᠦ ᠶᠠᠪᠤᠴᠠ ᠳᠠᠬᠢ ᠡᠯ᠎ᠡ ᠲᠥᠷᠥᠯ ᠤᠨ ᠬᠤᠪᠢᠰᠤᠭᠴᠢ ᠬᠡᠮᠵᠢᠭᠳᠡᠬᠦᠨ ᠤ ᠬᠦᠴᠦᠨ ᠵᠦᠢᠯ ᠤᠨ ᠬᠢᠵᠠᠭᠠᠷᠯᠠᠯ ᠠᠴᠠ ᠪᠤᠯᠵᠤ᠂ ᠨᠥᠬᠦᠪᠥᠷᠢ ᠪᠡᠯᠡ ᠮᠥᠩᠭᠦ ᠪᠣᠯᠤᠨ ᠲᠠᠯᠠᠪᠠᠢ ᠶᠢ ᠵᠣᠬᠢᠰᠲᠠᠶ ᠲᠣᠬᠢᠷᠠᠭᠤᠯᠵᠤ ᠪᠣᠯᠤᠨ᠎ᠠ᠃             ︵ᠭᠤᠷᠪᠠ︶ ᠲᠤᠰᠠᠯᠠᠬᠤ ᠠᠷᠭ᠎ᠠ ᠮᠠᠶ᠋ᠢᠭ             ᠵᠦᠢᠯᠡᠰ ᠤᠨ ᠨᠥᠬᠦᠪᠥᠷᠢ ᠳᠤ ᠤᠷᠢᠳ ᠢᠶᠠᠷ ᠦᠢᠯᠡᠴᠢᠯᠡᠵᠦ ᠲᠠᠷᠠᠭ᠎ᠠ ᠨᠢ ᠨᠥᠬᠦᠪᠥᠷᠢ ᠥᠭᠬᠦ ᠠᠷᠭ᠎ᠠ ᠮᠠᠶ᠋ᠢᠭ ᠢ ᠬᠡᠷᠡᠭᠵᠢᠭᠦᠯᠦᠨ᠎ᠡ᠂ ᠲᠤᠬᠠᠶᠢᠯᠠᠪᠠᠯ ᠵᠦᠢᠯᠡᠰ ᠢ ᠬᠡᠷᠡᠭᠵᠢᠭᠦᠯᠵᠦ ᠳᠠᠭᠤᠰᠤᠭᠰᠠᠨ ᠤ ᠬᠠᠮᠲᠤ ᠬᠢᠨᠠᠨ ᠬᠠᠷᠭᠤᠭᠤᠯᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠲᠠᠷᠠᠭ᠎ᠠ᠂ ᠵᠦᠢᠯᠡᠰ ᠢ ᠬᠡᠷᠡᠭᠵᠢᠭᠦᠯᠬᠦ ᠣᠷᠣᠨ ᠪᠦᠰᠡ ᠶᠢᠨ ᠳᠣᠲᠣᠷᠠᠬᠢ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ᠂ ᠲᠠᠷᠢᠶᠠᠴᠢᠨ ᠡᠷᠤᠭᠡ ᠳᠤ ᠵᠠᠩᠭᠢᠯᠠᠭ᠎ᠠ ᠶᠢᠨ ᠶᠣᠰᠣᠭᠠᠷ ᠨᠥᠬᠦᠪᠥᠷᠢ ᠪᠡᠯᠡ ᠮᠥᠩᠭᠦ ᠶᠢ ᠣᠯᠭᠤᠨ᠎ᠠ᠂ ᠡᠭᠦᠨ ᠳᠤ ᠲᠠᠷᠢᠶᠠᠴᠢᠨ ᠡᠷᠤᠭᠡ ᠳᠤ ᠰᠢᠭᠤᠳ ᠨᠥᠬᠦᠪᠥᠷᠢ ᠥᠭᠬᠦ ᠪᠡᠯᠡ ᠮᠥᠩᠭᠦ ᠶᠢ ︽ᠪᠥᠬᠦᠳᠡ ᠳᠤ ᠲᠤᠬᠢᠷᠠᠬᠤ ᠺᠠᠷᠲ︾᠎ ᠢᠶᠠᠷ ᠳᠠᠮᠵᠢᠭᠤᠯᠤᠨ ᠣᠯᠭᠤᠨ᠎ᠠ᠃             ︵ᠲᠥᠷᠪᠡ︶ ᠲᠤᠰᠠᠯᠠᠬᠤ ᠬᠢᠷᠢ ᠴᠢᠳᠠᠮᠵᠢ ᠶᠢᠨ ᠨᠥᠬᠦᠴᠡᠯ             1᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠰᠣᠩᠭᠤᠬᠤ ᠨᠥᠬᠦᠴᠡᠯ             ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠬᠤ ᠵᠣᠬᠢᠶᠠᠨ ᠪᠠᠶᠢᠭᠤᠯᠤᠯᠲᠠ ᠨᠢ ᠡᠷᠬᠡᠪᠰᠢ ᠲᠤᠰ ᠬᠤᠰᠢᠭᠤᠨ ᠳᠤ ᠵᠢᠩᠬᠢᠨᠢ ᠪᠠᠷ ᠪᠦᠷᠢᠳᠬᠡᠭᠰᠡᠨ ᠪᠠᠶᠢᠨ᠎ᠠ᠂ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠥᠪᠡᠷ ᠢ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠪᠠᠶᠢᠬᠤ ᠬᠡᠷᠡᠭᠲᠡᠢ︔ ᠵᠠᠰᠠᠯᠲᠠ ᠶᠢᠨ ᠪᠦᠲᠦᠴᠡ ᠲᠡᠭᠦᠯᠳᠡᠷᠵᠢᠵᠦ᠂ ᠳᠣᠲᠣᠭᠠᠳᠤ ᠶᠢᠨ ᠬᠠᠮᠢᠶᠠᠷᠤᠯᠲᠠ ᠪᠠ ᠬᠢᠨᠠᠯᠲᠠ ᠶᠢᠨ ᠲᠦᠷᠢᠮ ᠲᠡᠭᠦᠯᠳᠡᠷᠵᠢᠪᠡ︔ ᠥᠪᠡᠷ ᠢ ᠪᠠᠨ ᠳᠠᠭᠠᠭᠠᠭᠰᠠᠨ᠂ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠬᠠᠮᠢᠶᠠᠷᠤᠯᠲᠠ᠂ ᠨᠢᠭᠲᠠᠯᠠᠨ ᠪᠤᠳᠦᠯᠳᠠ ᠶᠢᠨ ᠲᠣᠭᠠᠴᠠᠭ᠎ᠠ ᠪᠠ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠷᠢᠮ ᠲᠠᠢ ᠪᠠᠶᠢᠬᠤ︔ ᠦᠢᠯᠡᠴᠢᠯᠡᠭᠡ ᠬᠠᠩᠭᠠᠬᠤ ᠳᠤ ᠵᠠᠪᠠᠯ ᠱᠠᠭᠠᠷᠳᠠᠭᠳᠠᠬᠤ ᠲᠥᠬᠦᠭᠡᠷᠦᠮᠵᠢ ᠵᠢᠴᠢ ᠡᠯ᠎ᠡ ᠲᠥᠷᠥᠯ ᠤᠨ ᠮᠧᠬᠠᠨᠢᠭ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ︔ ᠨᠡᠶᠢᠭᠡᠮ ᠤᠨ ᠢᠲᠡᠭᠡᠯ ᠬᠦᠨᠳᠦ᠂ ᠬᠤᠳᠠᠯᠳᠤᠭᠠᠨ ᠤ ᠢᠲᠡᠭᠡᠯ ᠬᠦᠨᠳᠦ ᠰᠠᠶᠢᠨ ᠪᠠᠶᠢᠬᠤ︔ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠬᠦ ᠶᠢᠨ ᠬᠠᠮᠲᠤ ᠶᠠᠳᠠᠭᠤ ᠬᠦᠴᠢᠷᠳᠡᠯᠲᠡᠶ ᠡᠷᠦᠬᠡ ᠶᠢᠨ ᠦᠷ᠎ᠡ ᠪᠦᠲᠦᠮᠵᠢ ᠪᠠᠷ ᠢᠯᠡᠷᠬᠡᠶ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠡᠩ ᠲᠡᠷᠢᠭᠦᠨ ᠳᠤ ᠳᠡᠮᠵᠢᠵᠦ ᠳᠠᠶᠢᠴᠢᠯᠠᠨ᠎ᠠ᠃             2᠂ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠴᠢᠨᠠᠷ ᠴᠢᠨᠰᠠᠭ᠎ᠠ ᠶᠢᠨ ᠪᠠᠷᠢᠮᠵᠢᠶ᠎ᠠ ᠵᠢᠴᠢ ᠱᠠᠭᠠᠷᠳᠠᠯᠭ᠎ᠠ             ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠴᠢᠨᠠᠷ ᠴᠢᠨᠰᠠᠭ᠎ᠠ ᠶᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠠᠵᠢᠯ ᠲᠦᠷᠦᠯ ᠤᠨ ᠪᠠᠷᠢᠮᠵᠢᠶ᠎ᠠ ᠶᠢᠨ ᠬᠦᠷᠢᠶᠡᠨ ᠳᠤ ᠤᠷᠤᠭᠰᠠᠨ ᠠᠵᠢᠯ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠨᠢ ᠦᠢᠯᠡᠴᠢᠯᠡᠭᠡᠨ ᠤ ᠭᠡᠷ᠎ᠡ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠤᠯᠪᠣᠭᠳᠠᠬᠤ ᠦᠢᠯᠡᠴᠢᠯᠡᠭᠡ ᠬᠠᠩᠭᠠᠨ᠎ᠠ᠃ ᠦᠢᠯᠡᠴᠢᠯᠡᠭᠡᠨ ᠤ ᠠᠵᠢᠯ ᠡᠬᠢᠯᠡᠬᠦ ᠠᠴᠠ ᠡᠮᠦᠨ᠎ᠡ᠂ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠡᠷᠦᠬᠡ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠨᠤᠭᠤᠳ ᠴᠢᠨᠠᠷ ᠴᠢᠨᠰᠠᠭ᠎ᠠ ᠶᠢᠨ ᠪᠠᠶᠢᠴᠠᠭᠠᠯᠲᠠ ᠶᠢᠨ ᠠᠵᠢᠯᠲᠠᠨ ᠢ ᠵᠥᠪᠳᠡᠯᠴᠡᠨ ᠲᠣᠭᠲᠠᠭᠠᠵᠤ᠂ ᠦᠢᠯᠡᠴᠢᠯᠡᠭᠡᠨ ᠤ ᠠᠵᠢᠯ ᠳᠤ ᠴᠢᠨᠠᠷ ᠴᠢᠨᠰᠠᠭ᠎ᠠ ᠶᠢᠨ ᠪᠠᠶᠢᠴᠠᠭᠠᠯᠲᠠ ᠭᠦᠢᠴᠡᠳᠬᠡᠬᠦ ᠬᠡᠷᠡᠭᠲᠡᠢ ᠦᠢᠯᠡᠴᠢᠯᠡᠭᠡᠨ ᠤ ᠠᠵᠢᠯ ᠳᠠᠭᠤᠰᠤᠭᠰᠠᠨ ᠤ ᠳᠠᠷᠠᠭ᠎ᠠ᠂ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠮᠠᠯᠴᠢᠨ ᠲᠠᠷᠢᠶᠠᠴᠢᠨ ᠡᠷᠦᠬᠡ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠨᠢ ᠦᠢᠯᠡᠴᠢᠯᠡᠭᠡᠨ ᠤ ᠲᠤᠭ᠎ᠠ ᠬᠡᠮᠵᠢᠶ᠎ᠡ ᠪᠠ ᠴᠢᠨᠠᠷ ᠴᠢᠨᠰᠠᠭ᠎ᠠ ᠶᠢ ᠲᠡᠷᠡ ᠳᠠᠷᠤᠢ ᠳᠤᠨᠢ ᠨᠤᠲᠠᠯᠠᠨ ᠲᠣᠭᠲᠠᠭᠠᠵᠤ᠂ ᠬᠦᠰᠦᠨᠦᠭᠲᠦ ᠪᠠᠷ ᠳᠡᠪᠲᠡᠷᠯᠡᠵᠦ᠂ ᠲᠠᠩᠰᠠ ᠡᠪᠬᠡᠮᠡᠯ ᠢ ᠦᠯᠡᠳᠡᠭᠡᠨ ᠬᠠᠳᠠᠭᠠᠯᠠᠵᠤ᠂ ︽ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠬᠠᠭᠤᠳᠠᠰᠤ︾ ︵ᠬᠠᠪᠰᠤᠷᠤᠯᠲᠠ 5᠎ ᠶᠢ ᠦᠵᠡ︶᠎ ᠶᠢ ᠪᠦᠷᠢᠳᠦᠭᠦᠯᠵᠦ᠂ ᠲᠥᠷᠥᠯ ᠵᠦᠢᠯ ᠤᠨ ᠪᠠᠯᠭᠠᠰᠤ ᠶᠢᠨ ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠭᠤᠤᠯᠴᠢᠯᠠᠨ ᠬᠠᠮᠢᠶᠠᠷᠴᠤ ᠵᠣᠬᠢᠴᠠᠭᠤᠯᠬᠤ ᠰᠠᠯᠠᠭ᠎ᠠ ᠮᠥᠴᠢᠷ ᠲᠤ ᠮᠡᠳᠡᠭᠦᠯᠵᠦ᠂ ᠬᠤᠰᠢᠭᠤᠨ ᠤ ᠬᠠᠷᠭᠤᠭᠤᠯᠤᠨ ᠪᠠᠶᠢᠴᠠᠭᠠᠬᠤ ᠪᠠ ᠳ᠋ᠦᠩᠨᠡᠨ ᠪᠤᠳᠤᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃             ︵ᠲᠠᠪᠤ︶ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠ ᠲᠤᠭ᠎ᠠ ᠬᠡᠮᠵᠢᠶ᠎ᠡ ᠶᠢ ᠲᠣᠭᠲᠠᠭᠠᠬᠤ             ᠲᠥᠷᠥᠯ ᠵᠦᠢᠯ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠨᠡᠷᠡᠰ ᠤᠨ ᠵᠢᠭᠰᠠᠭᠠᠯᠲᠠ ᠶᠢ ᠪᠠᠶᠢᠭᠤᠯᠵᠤ᠂ ︽ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠨᠥᠬᠦᠴᠡᠯ ᠪᠠᠶᠢᠳᠠᠯ ᠤᠨ ᠬᠦᠰᠦᠨᠦᠭᠲᠦ︾ ︵ᠬᠠᠪᠰᠤᠷᠤᠯᠲᠠ 4︶᠎ ᠶᠢ ᠲᠠᠭᠯᠠᠨ ᠮᠡᠳᠡᠭᠦᠯᠵᠦ᠂ ᠢᠯᠡ ᠪᠠᠷ ᠵᠢᠷᠤᠮᠵᠢᠭᠤᠯᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠰᠣᠩᠭᠤᠨ ᠲᠥᠷᠥᠯ ᠵᠦᠢᠯ ᠢ ᠬᠡᠷᠡᠭᠵᠢᠭᠦᠯᠬᠦ ᠭᠤᠣᠯ ᠬᠠᠷᠢᠭᠤᠴᠠᠭᠴᠢ ᠪᠣᠯᠭᠠᠨ᠎ᠠ᠃ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠨᠢ ᠰᠠᠶᠢᠨ ᠳᠤᠷ᠎ᠠ ᠠᠴᠠ ᠪᠠᠨ ᠪᠢᠴᠢᠭ ᠢᠶᠠᠷ ᠬᠦᠰᠡᠯᠲᠡ ᠭᠠᠷᠭᠠᠬᠤ ᠪᠠᠷ ᠳᠡᠮᠵᠢᠨ᠂ ᠬᠢᠨᠠᠨ ᠲᠣᠭᠲᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠨᠡᠷᠡᠰ ᠤᠨ ᠵᠢᠭᠰᠠᠭᠠᠯᠲᠠ ᠶᠢᠨ ᠬᠠᠮᠢᠶᠠᠷᠤᠯᠲᠠ ᠳᠤ ᠣᠷᠣᠭᠤᠯᠤᠭᠰᠠᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠬᠤ᠂ ᠲᠥᠪᠯᠡᠷᠡᠭᠦᠯᠦᠨ ᠬᠢᠨᠠᠨ ᠲᠣᠭᠲᠠᠭᠠᠬᠤ᠂ ᠢᠯᠡ ᠨᠡᠶᠢᠲᠡᠯᠡᠵᠦ ᠰᠢᠨᠵᠢᠯᠡᠨ ᠪᠠᠶᠢᠴᠠᠭᠠᠬᠤ ᠶᠢ ᠶᠠᠪᠤᠭᠳᠠᠭᠤᠯᠤᠨ᠎ᠠ᠃ ᠡᠭᠦᠨ ᠳᠤ᠄ ᠠᠵᠢᠯ ᠤᠨ ᠦᠢᠯᠡᠴᠢᠯᠡᠭᠡ ᠶᠢ ᠮᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠨᠢᠭᠡ ᠤᠯᠠᠷᠢᠯ ᠤᠨ ᠠᠵᠢᠯ ᠤᠨ ᠦᠢᠯᠡᠴᠢᠯᠡᠭᠡᠨ ᠤ ᠴᠢᠳᠠᠪᠤᠷᠢ ᠶᠢ ᠡᠷᠬᠡᠪᠰᠢ 4000 ᠮᠥ ᠠᠴᠠ ᠳᠡᠭᠡᠭᠰᠢ ᠳᠤ ᠬᠦᠷᠦᠭᠦᠯᠦᠭᠰᠡᠨ ᠪᠠᠶᠢᠨ᠎ᠠ᠃ ᠲᠥᠷᠥᠯ ᠵᠦᠢᠯ ᠢ ᠬᠡᠷᠡᠭᠵᠢᠭᠦᠯᠬᠦ ᠳᠤ ᠵᠠᠰᠠᠭ ᠤᠨ ᠣᠷᠳᠣᠨ ︵ᠰᠠᠯᠠᠭ᠎ᠠ ᠮᠥᠴᠢᠷ︶᠎ ᠤ ᠫᠤᠷᠲ᠋ᠤᠯ ᠰᠦᠯᠵᠢᠶ᠎ᠡ᠂ ᠴᠠᠬᠢᠮ ᠲᠠᠪᠴᠠᠩ᠂ ᠲᠧᠯᠸᠢᠰ᠂ ᠰᠣᠨᠢᠨ᠂ ᠢᠯᠡ ᠨᠡᠶᠢᠲᠡᠯᠡᠬᠦ ᠪᠤᠯᠤᠩ ᠵᠡᠷᠭᠡ 3 ᠵᠦᠢᠯ ᠠᠴᠠ ᠳᠡᠭᠡᠭᠰᠢᠬᠢ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠳᠡᠮᠵᠢᠨ ᠬᠠᠷᠢᠭᠤᠴᠠᠨ ᠭᠦᠢᠴᠡᠳᠬᠡᠬᠦ ᠲᠥᠷᠥᠯ ᠵᠦᠢᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠨᠡᠷᠡᠰ ᠢ ᠢᠯᠡ ᠨᠡᠶᠢᠲᠡᠯᠡᠬᠦ ᠶᠢᠨ ᠬᠠᠮᠲᠤ ᠢᠯᠡᠴᠢᠯᠡᠨ ᠮᠡᠳᠡᠭᠦᠯᠬᠦ ᠤᠲᠠᠰᠤ ᠶᠢ ᠵᠠᠷᠯᠠᠬᠤ ᠬᠡᠷᠡᠭᠲᠡᠶ᠃             ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠬᠢᠭᠡᠳ ᠦᠢᠯᠡᠴᠢᠯᠡᠭᠦᠯᠦᠭᠳᠡᠬᠦ ᠡᠲᠡᠭᠡᠳ ᠤᠨ ᠵᠢᠭᠠᠭᠰᠠᠨ ᠦᠢᠯᠡᠴᠢᠯᠡᠭᠡᠨ ᠤ ᠭᠡᠷ᠎ᠡ ᠳᠤ ᠦᠢᠯᠡᠴᠢᠯᠡᠭᠡᠨ ᠤ ᠭᠠᠵᠠᠷ᠂ ᠦᠢᠯᠡᠴᠢᠯᠡᠭᠡᠨ ᠤ ᠠᠭᠤᠯᠭ᠎ᠠ᠂ ᠠᠵᠢᠯᠯᠠᠬᠤ ᠴᠠᠭ᠂ ᠴᠢᠨᠠᠷ ᠴᠢᠨᠰᠠᠭ᠎ᠠ ᠶᠢᠨ ᠱᠠᠭᠠᠷᠳᠠᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠨ᠎ᠠ᠃ ᠦᠢᠯᠡᠴᠢᠯᠡᠭᠡᠨ ᠤ ᠭᠡᠷ᠎ᠡ ᠶᠢ ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠭᠡᠷ᠎ᠡ ᠶᠢᠨ ᠵᠢᠱᠢᠶ᠎ᠡ ᠦᠵᠡᠭᠦᠯᠬᠦ ᠪᠢᠴᠢᠭ︾ ︵ᠬᠠᠪᠰᠤᠷᠤᠯᠲᠠ ᠬᠤᠶᠠᠷ᠄︶᠎ ᠢᠶᠠᠷ ᠯᠠᠪᠯᠠᠯᠲᠠ ᠪᠣᠯᠭᠠᠵᠤ᠂ ᠲᠥᠷᠥᠯ ᠵᠦᠢᠯ ᠤᠨ ᠨᠥᠬᠦᠪᠥᠷᠢ ᠪᠠᠯᠠ ᠮᠥᠩᠭᠦ ᠭᠥᠷᠳᠡᠬᠦ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠡᠭᠦᠷᠭᠡᠯᠡᠭᠰᠡᠨ ᠡᠰᠡᠬᠦ ᠶᠢ ᠬᠠᠮᠢᠶᠠᠷᠤᠯ ᠥᠬᠡᠶ᠂ ᠬᠠᠷᠢᠶ᠎ᠠ ᠣᠷᠣᠨ ᠤ ᠳᠣᠲᠣᠷᠠᠬᠢ ᠪᠣᠶ ᠪᠥᠬᠦᠶ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠨᠢ ᠴᠥᠮ ᠮᠠᠯᠵᠢᠬᠤ ᠲᠠᠷᠢᠶᠠᠯᠠᠬᠤ ᠡᠷᠦᠬᠡ ᠲᠠᠢ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠭᠡᠷ᠎ᠡ ᠲᠣᠭᠲᠠᠨ᠎ᠠ᠃             ︵ᠵᠢᠷᠭᠤᠭ᠎ᠠ︶ ᠲᠤᠰᠠᠯᠠᠮᠵᠢ ᠶᠢᠨ ᠪᠡᠯᠡ ᠮᠥᠩᠭᠦ ᠶᠢ ᠰᠠᠯᠭᠠᠨ ᠥᠭᠬᠦ             ᠬᠤᠰᠢᠭᠤᠨ ᠲᠠᠷᠢᠶᠠᠯᠠᠩ ᠮᠠᠯ ᠠᠵᠤ ᠠᠬᠤᠶ ᠶᠢᠨ ᠭᠤᠤᠯᠴᠢᠯᠠᠨ ᠬᠠᠮᠢᠶᠠᠷᠴᠤ ᠵᠣᠬᠢᠴᠠᠭᠤᠯᠬᠤ ᠰᠠᠯᠠᠭ᠎ᠠ ᠮᠥᠴᠢᠷ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠲᠥᠷᠥᠯ ᠵᠦᠢᠯ ᠤᠨ ᠰᠤᠮᠤ ᠪᠠᠯᠭᠠᠰᠤᠨ ᠤ ᠳᠡᠭᠡᠭᠰᠢ ᠮᠡᠳᠡᠭᠦᠯᠦᠭᠰᠡᠨ ᠦᠢᠯᠡᠴᠢᠯᠡᠭᠡᠨ ᠤ ᠲᠠᠯᠠᠪᠠᠶ ᠶᠢ ᠭᠠᠴᠠᠭ᠎ᠠ ᠳᠠᠷᠠᠭᠠᠯᠠᠨ ᠰᠤᠭᠤᠴᠢᠨ ᠪᠠᠶᠢᠴᠠᠭᠠᠵᠤ᠂ ᠬᠤᠰᠢᠭᠤᠨ ᠲᠠᠷᠢᠶᠠᠯᠠᠩ ᠮᠠᠯ ᠠᠵᠤ ᠠᠬᠤᠶ ᠶᠢᠨ ᠭᠤᠤᠯᠴᠢᠯᠠᠨ ᠬᠠᠮᠢᠶᠠᠷᠴᠤ ᠵᠣᠬᠢᠴᠠᠭᠤᠯᠬᠤ ᠰᠠᠯᠠᠭ᠎ᠠ ᠮᠥᠴᠢᠷ ᠠᠴᠠ ︽ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠨᠥᠬᠦᠪᠥᠷᠢ ᠶᠢᠨ ᠪᠠᠯᠠ ᠮᠥᠩᠭᠦ ᠶᠢᠨ ᠲᠣᠭᠠᠴᠠᠭ᠎ᠠ ᠬᠢᠬᠦ ᠬᠦᠰᠦᠨᠦᠭᠲᠦ︾ ︵ᠬᠠᠪᠰᠤᠷᠤᠯᠲᠠ 6︶ ᠭᠠᠷᠭᠠᠵᠤ᠂ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠨᠥᠬᠦᠪᠥᠷᠢ ᠶᠢᠨ ᠪᠠᠯᠠ ᠮᠥᠩᠭᠦ ᠶᠢᠨ ᠲᠣᠭᠠᠴᠠᠭ᠎ᠠ ᠬᠢᠬᠦ ᠶᠢ ᠭᠤᠶᠤᠴᠢᠯᠠᠨ᠎ᠠ᠃ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠠᠯᠠ ᠮᠥᠩᠭᠦᠨ ᠤ ᠬᠠᠮᠢᠶᠠᠷᠤᠯᠲᠠ ᠶᠢᠨ ᠠᠷᠭ᠎ᠠ ᠶᠢᠨ ᠶᠣᠰᠣᠭᠠᠷ ᠲᠥᠷᠥᠯ ᠵᠦᠢᠯ ᠤᠨ ᠪᠠᠯᠠ ᠮᠥᠩᠭᠦ ᠶᠢ ᠲᠡᠷᠡ ᠳᠠᠷᠤᠢ ᠳᠤᠨᠢ             ︵ᠲᠤᠯᠤᠭ᠎ᠠ︶ ᠲᠥᠷᠥᠯ ᠵᠦᠢᠯ ᠤᠨ ᠳ᠋ᠦᠩᠨᠡᠯᠲᠡ             ᠨᠡᠶᠢᠲᠡᠯᠢᠭ ᠵᠢᠱᠢᠶ᠎ᠡ ᠶᠢᠨ ᠬᠡᠪ ᠵᠠᠭᠪᠤᠷ ᠪᠠ ᠠᠮᠵᠢᠯᠲᠠ ᠲᠠᠢ ᠲᠤᠷᠰᠢᠯᠭ᠎ᠠ ᠶᠢᠨ ᠳ᠋ᠦᠩᠨᠡᠯᠲᠡ ᠶᠢ ᠲᠡᠷᠡ ᠳᠠᠷᠤᠢ ᠎ ᠳᠤᠨᠢ ᠰᠠᠶᠢᠲᠤᠷ ᠭᠦᠢᠴᠡᠳᠬᠡᠬᠦ ᠬᠡᠷᠡᠭᠲᠡᠢ ᠡᠭᠦᠨ ᠤ ᠬᠠᠮᠲᠤ 2021 ᠣᠨ ᠤ 12 ᠳ᠋ᠤᠭᠠᠷ ᠰᠠᠷ᠎ᠠ ᠶᠢᠨ 30᠎ ᠤ ᠡᠳᠦᠷ ᠠᠴᠠ ᠡᠮᠦᠨ᠎ᠡ᠂ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠰᠢᠢᠳᠪᠦᠷᠢᠯᠡᠬᠦ ᠠᠷᠭ᠎ᠠ ᠬᠡᠮᠵᠢᠶ᠎ᠡ᠂ ᠲᠥᠷᠥᠯ ᠵᠦᠢᠯ ᠤᠨ ᠦᠷ᠎ᠡ ᠪᠦᠲᠦᠮᠵᠢ ᠶᠢᠨ ᠦᠨᠡᠯᠡᠯᠲᠡ ᠶᠢᠨ ᠮᠡᠳᠡᠭᠦᠯᠦᠯᠲᠡ᠂ ᠠᠵᠢᠯ ᠤᠨ ᠳ᠋ᠦᠩᠨᠡᠯᠲᠡ᠂ ︽ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠦᠷᠢᠳᠬᠡᠯ ᠤᠨ ᠬᠦᠰᠦᠨᠦᠭᠲᠦ︾ ︵ᠬᠠᠪᠰᠤᠷᠤᠯᠲᠠ 7︶ ᠪᠣᠯᠤᠨ 2022 ᠣᠨ ᠤ ᠠᠵᠢᠯ ᠤᠨ ᠲᠥᠯᠥᠪᠯᠡᠭᠡ ᠪᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠳᠤ ᠨᠢᠭᠡᠳᠦᠯᠲᠡᠶ ᠮᠡᠳᠡᠭᠦᠯᠦᠨ ᠬᠦᠷᠭᠡᠬᠦ ᠬᠡᠷᠡᠭᠲᠡᠶ᠃ ᠮᠡᠳᠡᠭᠦᠯᠦᠯᠲᠡ ᠶᠢᠨ ᠠᠭᠤᠯᠭ᠎ᠠ ᠳᠤ 2021 ᠣᠨ ᠳᠤ ᠬᠡᠷᠡᠭᠵᠢᠭᠦᠯᠦᠭᠰᠡᠨ ᠪᠠ 2022 ᠣᠨ ᠳᠤ ᠬᠡᠷᠡᠭᠵᠢᠭᠦᠯᠬᠦ ᠪᠠᠷ ᠪᠠᠶᠢᠭ᠎ᠠ ᠦᠢᠯᠡᠴᠢᠯᠡᠭᠡᠨ ᠤ ᠲᠠᠯᠠᠪᠠᠶ᠂ ᠲᠠᠷᠢᠮᠠᠯ᠂ ᠭᠤᠭᠴᠤᠭ᠎ᠠ᠂ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠦᠨ᠎ᠡ ᠬᠠᠩᠰᠢ᠂ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠪᠠ ᠨᠥᠬᠦᠪᠥᠷᠢ ᠶᠢᠨ ᠬᠡᠪᠴᠢᠶ᠎ᠡ ᠵᠡᠷᠭᠡ ᠠᠭᠤᠯᠭ᠎ᠠ ᠪᠠᠭᠲᠠᠨ᠎ᠠ᠃ ᠡᠭᠦᠨ ᠤ ᠬᠠᠮᠲᠤ᠂ 2᠎ ᠠᠴᠠ ᠳᠡᠭᠡᠭᠰᠢ ᠨᠡᠶᠢᠲᠡᠯᠢᠭ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠰᠣᠩᠭᠤᠵᠤ᠂ ᠨᠡᠶᠢᠲᠡᠯᠢᠭ ᠮᠠᠲ᠋ᠧᠷᠢᠶᠠᠯ ︵ᠵᠢᠷᠤᠭ᠂ ᠥᠰᠥᠭ ᠪᠢᠴᠢᠭ ᠂ ᠸᠢᠳᠢᠣ᠋ ᠵᠡᠷᠭᠡ ᠶᠢ ᠪᠠᠭᠲᠠᠭᠠᠨ᠎ᠠ︶᠎ ᠢ ᠳᠡᠭᠡᠭᠰᠢ ᠮᠡᠳᠡᠭᠦᠯᠦᠨ᠎ᠡ᠃             ᠳᠥᠷᠪᠡ᠂ ᠠᠵᠢᠯ ᠤᠨ ᠱᠠᠭᠠᠷᠳᠠᠯᠭ᠎ᠠ             ᠨᠢᠭᠡ ᠳᠤ ᠲᠥᠷᠥᠯ ᠵᠦᠢᠯ ᠳᠤ ᠴᠢᠨᠠᠷ ᠴᠢᠨᠰᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠎ᠡ ᠲᠥᠷᠥᠯ ᠵᠦᠢᠯ ᠢ ᠬᠡᠷᠡᠭᠵᠢᠭᠦᠯᠬᠦ ᠨᠢᠭᠡᠴᠢ ᠢᠯᠠᠩᠭᠤᠶ᠎ᠠ ᠴᠢᠨᠠᠷ ᠴᠢᠨᠰᠠᠭ᠎ᠠ ᠶᠢᠨ ᠪᠠᠶᠢᠴᠠᠭᠠᠭᠴᠢ ᠨᠢ ᠠᠵᠢᠯ ᠤᠨ ᠴᠢᠨᠠᠷ ᠴᠢᠨᠰᠠᠭ᠎ᠠ ᠬᠢᠭᠡᠳ ᠲᠠᠯᠠᠪᠠᠶ ᠶᠢ ᠬᠢᠨᠠᠮᠠᠭᠠᠶ ᠬᠠᠷᠢᠭᠤᠴᠠᠨ ᠪᠠᠶᠢᠴᠠᠭᠠᠵᠤ ᠬᠢᠨᠠᠨ ᠬᠠᠷᠭᠤᠭᠤᠯᠵᠤ᠂ ᠴᠢᠨᠠᠷ ᠴᠢᠨᠰᠠᠭ᠎ᠠ ᠶᠢᠨ ᠬᠢᠷᠢ ᠲᠡᠩᠴᠡᠭᠦ᠂ ᠲᠠᠯᠠᠪᠠᠶ ᠶᠢᠨ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠭᠠᠵᠢᠭᠤᠯᠤᠨ᠎ᠠ᠃ ᠬᠤᠶᠠᠷ ᠲᠤ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︽ᠭᠤᠷᠪᠠ ᠶᠢ ᠢᠯᠡ ᠨᠡᠶᠢᠲᠡᠯᠡᠬᠦ᠂ ᠭᠤᠷᠪᠠ ᠶᠢ ᠭᠠᠷ ᠤᠨ ᠥᠰᠥᠭ ᠵᠢᠷᠤᠬᠤ᠂ ᠭᠤᠷᠪᠠ ᠶᠢ ᠪᠠᠶᠢᠴᠠᠭᠠᠬᠤ︾᠎ ᠶᠢ ᠦᠨᠡᠨᠬᠦ ᠪᠡᠶᠡᠯᠡᠭᠦᠯᠦᠨ᠎ᠡ᠂ ᠲᠤᠬᠠᠶᠢᠯᠠᠪᠠᠯ᠄ ᠦᠢᠯᠡᠴᠢᠯᠡᠭᠡᠨ ᠤ ᠭᠡᠷ᠎ᠡ ᠶᠢ ᠢᠯᠡ ᠨᠡᠶᠢᠲᠡᠯᠡᠬᠦ᠂ ᠠᠵᠢᠯ ᠤᠨ ᠬᠠᠭᠤᠳᠠᠰᠤ ᠶᠢ ᠢᠯᠡ ᠨᠡᠶᠢᠲᠡᠯᠡᠬᠦ᠂ ᠨᠥᠬᠦᠪᠥᠷᠢ ᠪᠠᠯᠠ ᠮᠥᠩᠭᠦ ᠶᠢᠨ ᠳ᠋ᠦᠩᠨᠡᠨ ᠪᠤᠳᠤᠯᠲᠠ ᠶᠢ ᠢᠯᠡ ᠪᠠᠷ ᠨᠡᠶᠢᠲᠡᠯᠡᠨ᠎ᠡ︔ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠭᠠᠷ ᠤᠨ ᠥᠰᠥᠭ ᠵᠢᠷᠤᠵᠤ᠂ ᠡᠵᠡᠩᠨᠡᠯᠲᠡ ᠶᠢᠨ ᠭᠤᠣᠯ ᠬᠠᠷᠢᠭᠤᠴᠠᠭᠴᠢ ᠭᠠᠷ ᠤᠨ ᠥᠰᠥᠭ ᠵᠢᠷᠤᠵᠤ᠂ ᠴᠢᠨᠠᠷ ᠴᠢᠨᠰᠠᠭ᠎ᠠ ᠶᠢᠨ ᠪᠠᠶᠢᠴᠠᠭᠠᠭᠴᠢ ᠭᠠᠷ ᠤᠨ ᠥᠰᠥᠭ ᠵᠢᠷᠤᠨ᠎ᠠ︔ ᠬᠤᠰᠢᠭᠤᠨ ᠲᠠᠰ ᠤᠨ ᠰᠤᠭᠤᠴᠢᠨ ᠪᠠᠶᠢᠴᠠᠭᠠᠬᠤ᠂ ᠠᠶᠢᠮᠠᠭ ᠤᠨ ᠲᠠᠰ ᠤᠨ ᠪᠠᠶᠢᠴᠠᠭᠠᠵᠤ ᠰᠢᠯᠭᠠᠨ ᠠᠪᠬᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠢᠯ ᠤᠨ ᠦᠷ᠎ᠡ ᠪᠦᠲᠦᠮᠵᠢ ᠶᠢ ᠦᠨᠡᠯᠡᠨ ᠵᠢᠱᠢᠵᠦ᠂ ᠥᠨᠳᠥᠷ ᠴᠢᠨᠠᠷ ᠴᠢᠨᠰᠠᠭ᠎ᠠ ᠲᠠᠢ ᠥᠨᠳᠥᠷ ᠦᠷ᠎ᠡ ᠪᠦᠲᠦᠮᠵᠢ ᠲᠠᠢ ᠪᠠᠷ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠭᠠᠵᠢᠭᠤᠯᠤᠨ᠎ᠠ᠃ ᠭᠤᠷᠪᠠ ᠳᠤ᠂ ᠲᠦᠷᠦᠯ ᠵᠦᠢᠯ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ ᠴᠢᠩᠭᠠᠳᠬᠠᠵᠤ᠂ ᠲᠤᠰᠠᠯᠠᠮᠵᠢ ᠶᠢᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠲᠤᠰᠠᠯᠠᠮᠵᠢ ᠶᠢᠨ ᠪᠡᠯᠡ ᠮᠥᠩᠭᠦ ᠶᠢ ᠦᠯᠡᠳᠡᠭᠡᠨ ᠠᠪᠬᠤ᠂ ᠰᠢᠯᠵᠢᠭᠦᠯᠦᠨ ᠬᠡᠷᠡᠭᠯᠡᠬᠦ᠂ ᠮᠡᠬᠡᠯᠡᠨ ᠠᠪᠬᠤ ᠶᠢ ᠴᠢᠩᠭ᠎ᠠ ᠬᠤᠷᠢᠭᠯᠠᠵᠤ᠂ ᠲᠤᠰᠬᠠᠶ ᠪᠡᠯᠡ ᠮᠥᠩᠭᠦ ᠶᠢ ᠲᠤᠰᠬᠠᠶ ᠵᠦᠢᠯ ᠳᠤ ᠬᠡᠷᠡᠭᠯᠡᠬᠦ ᠶᠢ ᠦᠨᠡᠨ ᠬᠦ ᠪᠠᠲᠤᠯᠠᠭᠠᠵᠢᠭᠤᠯᠤᠨ᠎ᠠ᠃ ᠨᠢᠭᠡᠨᠲᠡ ᠮᠡᠳᠡᠭᠰᠡᠨ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠠᠴᠠ ᠬᠤᠯᠪᠣᠭᠳᠠᠬᠤ ᠨᠢᠭᠡᠴᠢ ᠪᠠ ᠠᠵᠢᠯᠲᠠᠨ ᠤ ᠬᠠᠷᠢᠭᠤᠴᠠᠯᠭ᠎ᠠ ᠬᠦᠯᠢᠶᠡᠯᠭᠡᠨ᠎ᠡ᠃ ᠳᠥᠷᠪᠡ ᠳᠤ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠭᠡᠷ᠎ᠡ ᠭᠦᠢᠴᠡᠳᠬᠡᠭᠰᠡᠨ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠢᠯᠡᠴᠢᠯᠡᠬᠦ ᠡᠲᠡᠭᠡᠳ ᠤᠨ ᠬᠠᠨᠤᠮᠵᠢ ᠶᠢᠨ ᠬᠡᠮᠵᠢᠶ᠎ᠡ ᠶᠢ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠬᠡᠮᠵᠢᠬᠦ ᠴᠢᠬᠤᠯᠠ ᠪᠠᠷᠢᠮᠵᠢᠶ᠎ᠠ ᠪᠣᠯᠭᠠᠵᠤ᠂ ᠦᠢᠯᠡᠴᠢᠯᠡᠭᠡᠨ ᠤ ᠲᠠᠯᠠᠪᠠᠶ᠂ ᠦᠢᠯᠡᠴᠢᠯᠡᠭᠡᠨ ᠤ ᠴᠢᠨᠠᠷ ᠴᠢᠨᠰᠠᠭ᠎ᠠ ᠨᠢ ᠭᠡᠷ᠎ᠡ ᠶᠢᠨ ᠱᠠᠭᠠᠷᠳᠠᠯᠭ᠎ᠠ ᠳᠤ ᠭᠦᠷᠦᠭᠰᠡᠨ ᠥᠬᠡᠶ ᠲᠣᠬᠢᠶᠠᠯᠳᠤᠯ ᠳᠤ᠂ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠦᠢᠯᠡᠴᠢᠯᠡᠭᠡᠨ ᠤ ᠬᠢᠷᠢ ᠬᠡᠮ ᠢ ᠨᠢ ᠬᠦᠴᠦᠨ ᠥᠬᠡᠶ ᠪᠣᠯᠭᠠᠵᠤ᠂ ᠭᠡᠷ᠎ᠡ ᠵᠥᠷᠢᠴᠡᠭᠰᠡᠨ ᠬᠠᠷᠢᠭᠤᠴᠠᠯᠭ᠎ᠠ ᠶᠢ ᠨᠢ ᠨᠡᠬᠡᠮᠵᠢᠯᠡᠨ᠎ᠡ᠃ ᠨᠡᠶᠢᠭᠡᠮ ᠤᠨ ᠬᠢᠨᠠᠯᠲᠠ ᠶᠢ ᠴᠢᠩᠭᠠᠳᠬᠠᠨ᠂ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠵᠦ᠂ ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶᠢᠷᠴᠠᠭ ᠲᠣᠬᠢᠷᠠᠭᠤᠯᠵᠤ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠲᠡᠷᠡ ᠳᠠᠷᠤᠢ ᠳᠤᠨᠢ ᠬᠦᠯᠢᠶᠡᠨ ᠠᠪᠴᠤ ᠵᠣᠬᠢᠴᠠᠭᠤᠯᠤᠨ᠎ᠠ᠃ ᠲᠠᠪᠤ ᠳᠤ᠂ ᠳᠡᠭᠡᠳᠦ ᠱᠠᠲᠤᠨ ᠤ ᠰᠢᠯᠭᠠᠨ ᠠᠪᠬᠤ ᠵᠢᠷᠤᠮ ᠢ ᠴᠢᠩᠭ᠎ᠠ ᠵᠢᠷᠤᠮᠯᠠᠨ ᠳ᠋ᠦᠩᠨᠡᠵᠦ ᠰᠢᠯᠭᠠᠨ ᠠᠪᠬᠤ ᠬᠡᠷᠡᠭᠲᠡᠢ᠃ ᠬᠠᠪᠰᠤᠷᠤᠯᠲᠠ            'ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号