| | | ᠬᠢᠨᠠᠨ ᠪᠤᠳᠤᠬᠤ ᠵᠠᠬᠢᠷᠭ᠎ᠠ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ | — ᠰᠢᠨ᠎ᠡ ᠴᠠᠭ ᠦᠶ᠎ᠡ ᠶᠢᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠭᠦᠢᠴᠡᠳᠬᠡᠨ᠎ᠡ | | ᠳᠤᠮᠳᠠᠳᠤ ᠤᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠣᠷᠴᠢᠮᠬᠠᠨ ᠳᠤ ᠰᠢᠨ᠎ᠡ ᠪᠠᠷ ᠨᠡᠮᠡᠯᠲᠡ᠂ ᠥᠭᠡᠷᠡᠴᠢᠯᠡᠯᠲᠡ | ᠣᠷᠣᠭᠤᠯᠤᠭᠰᠠᠨ ︽ᠨᠠᠮ ᠵᠠᠰᠠᠭ ᠤᠨ ᠭᠤᠣᠯ ᠤᠳᠤᠷᠢᠳᠬᠤ ᠺᠠᠳ᠋ᠷ ᠪᠣᠯᠤᠨ ᠤᠯᠤᠰ ᠤᠨ ᠥᠮᠴᠢᠯᠡᠯ ᠤᠨ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠣᠯ ᠤᠳᠤᠷᠢᠳᠬᠤ ᠬᠥᠮᠦᠰ ᠤᠨ ᠠᠵᠤ ᠠᠬᠤᠶ ᠶᠢᠨ | ᠬᠠᠷᠢᠭᠤᠴᠠᠯᠭ᠎ᠠ ᠶᠢ ᠬᠢᠨᠠᠨ ᠪᠣᠳᠣᠬᠤ ᠲᠣᠭᠲᠠᠭᠠᠯ︾ ︵ᠴᠢᠨᠠᠭᠰᠢᠳᠠ ︽ᠲᠣᠭᠲᠠᠭᠠᠯ︾ ᠭᠡᠵᠦ ᠲᠣᠪᠴᠢᠯᠠᠨ᠎ᠠ︶ ᠢ | ᠬᠡᠪᠯᠡᠨ ᠲᠠᠷᠬᠠᠭᠠᠨ᠎ᠠ᠃ ︽ᠲᠣᠭᠲᠠᠭᠠᠯ︾ ᠢ ᠬᠡᠪᠯᠡᠨ ᠲᠠᠷᠬᠠᠭᠠᠬᠤ ᠲᠠᠰᠢᠷᠠᠮ ᠳᠤ᠂ ᠬᠢᠨᠠᠨ ᠪᠤᠳᠤᠬᠤ ᠵᠠᠬᠢᠷᠭ᠎ᠠ ᠶᠢᠨ | ᠬᠠᠷᠢᠭᠤᠴᠠᠯᠭᠠᠲᠠᠨ ︽ᠲᠣᠭᠲᠠᠭᠠᠯ︾ ᠳᠤ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠪᠠᠶᠢᠳᠠᠯ ᠪᠠ | ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠵᠡᠷᠭᠡ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ | ᠬᠠᠷᠢᠭᠤᠯᠵᠠᠶ᠃ | | ᠠᠰᠠᠭᠤᠯᠲᠠ᠄ ︽ᠲᠣᠭᠲᠠᠭᠠᠯ︾ ᠳᠤ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠨᠥᠬᠦᠴᠡᠯ ᠪᠠᠶᠢᠳᠠᠯ | ᠪᠠ ᠠᠴᠢ ᠬᠤᠯᠪᠣᠭᠳᠠᠯ ᠢ ᠲᠠᠨᠢᠯᠴᠠᠭᠤᠯᠤᠨ᠎ᠠ ᠦᠦ︖ | | ᠬᠠᠷᠢᠭᠤᠯᠲᠠ᠄ 2010 ᠣᠨ ᠳᠤ ᠨᠡᠶᠢᠲᠡᠯᠡᠭᠰᠡᠨ ︽ᠨᠠᠮ ᠵᠠᠰᠠᠭ ᠤᠨ ᠭᠤᠣᠯ ᠤᠳᠤᠷᠢᠳᠬᠤ ᠺᠠᠳ᠋ᠷ ᠪᠣᠯᠤᠨ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤᠷᠢᠳᠬᠤ ᠬᠥᠮᠦᠰ ᠤᠨ ᠠᠵᠤ ᠠᠬᠤᠶ ᠶᠢᠨ | ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠲᠣᠭᠲᠠᠭᠠᠯ︾ ︵ᠴᠢᠨᠠᠭᠰᠢᠳᠠ 2010 ᠣᠨ ᠤ ᠲᠣᠭᠲᠠᠭᠠᠯ ᠭᠡᠵᠦ | ᠲᠣᠪᠴᠢᠯᠠᠨ᠎ᠠ︶᠂ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠢ ᠵᠢᠯᠣᠭᠤᠳᠬᠤ | ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠮᠥᠨ᠂ ᠬᠡᠨ ᠨᠢ ᠨᠠᠮ ᠤᠨ ᠲᠥᠪ ᠬᠤᠷᠢᠶᠠᠨ ᠤ ᠵᠠᠷᠯᠢᠭ | ᠴᠠᠭᠠᠵᠠ ᠶᠢ ᠲᠠᠭᠠᠬᠤ ᠶᠢ ᠪᠠᠲᠤᠯᠠᠬᠤ᠂ ᠤᠯᠤᠰ ᠤᠨ ᠠᠵᠤ ᠠᠬᠤᠶ ᠶᠢᠨ ᠠᠶᠦᠯᠭᠦᠢ ᠪᠠᠶᠢᠳᠠᠯ ᠢ ᠬᠠᠮᠠᠭᠠᠯᠠᠬᠤ᠂ | ᠨᠡᠮᠡᠯᠲᠡ᠂ ᠥᠭᠡᠷᠡᠴᠢᠯᠡᠯᠲᠡ ᠶᠢ ᠡᠷᠴᠢᠮᠲᠡᠢ ᠡᠷᠴᠢᠮᠲᠡᠢ ᠵᠢᠷᠡᠭᠦᠯᠬᠦ ᠶᠢ ᠠᠬᠢᠭᠤᠯᠬᠤ᠂ ᠬᠠᠤᠯᠢ ᠲᠣᠭᠲᠠᠭᠠᠯ ᠤᠨ | ᠵᠢᠭᠠᠯᠲᠠ ᠶᠢᠨ ᠳᠠᠭᠠᠤ ᠤᠯᠤᠰ ᠢᠶᠠᠨ ᠵᠠᠰᠠᠬᠤ ᠶᠢ ᠠᠬᠢᠭᠤᠯᠬᠤ᠂ ᠠᠷᠢᠭᠤᠨ ᠴᠢᠬᠡᠴᠢ ᠪᠠᠷ ᠵᠠᠰᠠᠭᠯᠠᠬᠤ | ᠪᠠᠶᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠦᠷ᠎ᠡ ᠨᠥᠯᠥᠭᠡ ᠪᠠᠳᠠᠷᠠᠭᠤᠯᠤᠭᠰᠠᠨ ᠪᠠᠶᠢᠬᠤ ᠬᠡᠷᠡᠭᠲᠡᠢ᠃ | | | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠤᠯᠤᠰ ᠤᠨ ᠵᠠᠰᠠᠯᠲᠠ ᠶᠢᠨ ᠲᠣᠭᠲᠠᠴᠠ ᠪᠣᠯᠤᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ᠂ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠲᠣᠭᠲᠠᠴᠠ ᠢ | ᠪᠦᠷᠢᠨᠰᠢᠬᠦᠯᠬᠦ ᠪᠦᠬᠦ ᠲᠠᠯ᠎ᠠ ᠶᠢ ᠪᠣᠳᠣᠯᠬᠢᠯᠠᠵᠤ᠂ ᠬᠢᠨᠠᠨ ᠪᠤᠳᠤᠬᠤ ᠠᠵᠢᠯ ᠢ ᠴᠢᠩᠭᠠᠳᠬᠠᠬᠤ᠂ ᠬᠢᠨᠠᠨ ᠪᠤᠳᠤᠬᠤ | ᠲᠦᠷᠢᠮ ᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠴᠢᠬᠤᠯᠠ ᠱᠠᠭᠠᠷᠳᠠᠯᠭ᠎ᠠ ᠲᠠᠢ ᠪᠠᠶᠢᠷᠢᠯᠠᠭᠤᠯᠤᠯᠲᠠ ᠬᠢᠵᠡᠢ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠬᠦᠳᠡ ᠬᠤᠷᠠᠯ ᠠᠴᠠ ᠬᠢᠨᠠᠨ ᠪᠤᠳᠤᠯᠳᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠨᠡᠮᠡᠯᠲᠡ᠂ | ᠥᠭᠡᠷᠡᠴᠢᠯᠡᠯᠲᠡ ᠭᠦᠢᠴᠡᠳᠬᠡᠵᠦ᠂ ᠲᠥᠪ ᠤᠨ ᠬᠢᠨᠠᠨ ᠪᠤᠳᠤᠯᠳᠠ ᠶᠢᠨ ᠵᠥᠪᠯᠡᠯ ᠢ ᠪᠠᠶᠢᠭᠤᠯᠵᠤ᠂ ᠨᠠᠮ ᠤᠨ ᠬᠢᠨᠠᠨ | ᠪᠤᠳᠤᠯᠳᠠ ᠶᠢᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠲᠥᠪᠯᠡᠷᠡᠩᠭᠦᠢ ᠨᠢᠭᠡᠳᠦᠯᠲᠡᠢ᠂ ᠪᠦᠬᠦ ᠲᠠᠯ᠎ᠠ ᠶᠢ | ᠪᠦᠷᠬᠦᠭᠰᠡᠨ᠂ ᠡᠷᠬᠡ ᠰᠦᠷ ᠲᠠᠢ ᠥᠨᠳᠥᠷ ᠪᠦᠲᠦᠮᠵᠢᠲᠡᠢ ᠬᠢᠨᠠᠨ ᠪᠤᠳᠤᠯᠳᠠ ᠶᠢᠨ ᠬᠢᠨᠠᠯᠲᠠ ᠲᠠᠯᠪᠢᠬᠤ ᠲᠣᠭᠲᠠᠴᠠ ᠢ | ᠪᠠᠶᠢᠭᠤᠯᠬᠤ ᠪᠠᠷ ᠲᠣᠭᠲᠠᠪᠠ᠃ ᠶᠡᠷᠦᠩᠬᠡᠢ ᠱᠦᠵᠢ ᠰᠢ ᠶᠢᠨ ᠫᠢᠩ ᠲᠥᠪ ᠤᠨ ᠬᠢᠨᠠᠨ ᠪᠤᠳᠤᠬᠤ ᠵᠥᠪᠯᠡᠯ ᠤᠨ | ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠵᠤ᠂ | ᠬᠢᠨᠠᠨ ᠪᠤᠳᠤᠬᠤ ᠠᠵᠢᠯ ᠤᠨ ᠠᠯᠢ ᠤᠯᠠᠨ ᠦᠨᠳᠦᠰᠦᠨ ᠴᠢᠨᠠᠷᠲᠠᠢ᠂ ᠴᠢᠭᠯᠡᠯᠳᠤ ᠴᠢᠨᠠᠷᠲᠠᠢ᠂ ᠪᠦᠬᠦ ᠲᠠᠯ᠎ᠠ ᠶᠢᠨ | ᠴᠢᠨᠠᠷᠲᠠᠢ ᠠᠰᠠᠭᠤᠳᠠᠯ ᠢ ᠡᠷᠴᠢᠮᠲᠡᠢ ᠢ ᠲᠣᠳᠣᠷᠬᠠᠶᠢᠯᠠᠨ ᠥᠭᠦᠯᠡᠵᠦ᠂ ᠰᠢᠨ᠎ᠡ ᠴᠠᠭ ᠦᠶ᠎ᠡ ᠶᠢᠨ ᠬᠢᠨᠠᠨ ᠪᠤᠳᠤᠬᠤ | ᠦᠢᠯᠡᠰ ᠤᠨ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠭᠰᠠᠨ ᠪᠠᠶᠢᠬᠤ ᠬᠡᠷᠡᠭᠲᠡᠢ᠃ ᠡᠳᠡᠭᠡᠷ ᠰᠢᠨ᠎ᠡ | ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠳᠤ | ᠳᠦᠷᠢᠮᠵᠢᠭᠦᠯᠦᠨ ᠨᠠᠶᠢᠳᠠᠪᠤᠷᠢᠵᠢᠭᠤᠯᠬᠤ ᠱᠠᠭᠠᠷᠳᠠᠯᠭ᠎ᠠ ᠲᠠᠢ᠃ ᠡᠭᠦᠨ ᠤ ᠵᠡᠷᠭᠡ ᠳᠤ᠂ ᠠᠵᠤ ᠠᠬᠤᠶ ᠶᠢᠨ | ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠦᠢᠯᠡᠳᠦᠯᠭᠡ ᠶᠢᠨ ᠳᠤᠮᠳᠠ ᠬᠤᠷᠠᠮᠳᠤᠭᠤᠯᠤᠭᠰᠠᠨ ᠲᠤᠷᠰᠢᠯᠭ᠎ᠠ ᠪᠣᠯᠤᠨ | ᠠᠷᠭ᠎ᠠ ᠬᠢᠳᠡᠯ ᠢ ᠴᠦ ᠳᠦᠷᠢᠮ ᠤᠨ ᠬᠡᠯᠪᠡᠷᠢ ᠪᠠᠷ ᠲᠣᠭᠲᠠᠪᠤᠷᠢᠵᠢᠭᠤᠯᠤᠨ᠎ᠠ᠃ | | ᠠᠰᠠᠭᠤᠯᠲᠠ᠄ ︽ᠲᠣᠭᠲᠠᠭᠠᠯ︾ ᠳᠤ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠶᠠᠪᠤᠴᠠ ᠪᠠ ᠭᠤᠤᠯ | ᠵᠠᠷᠴᠢᠮ ᠢ ᠲᠠᠨᠢᠯᠴᠠᠭᠤᠯᠬᠤ ᠪᠣᠯᠪᠠᠤ᠃ | | ᠬᠠᠷᠢᠭᠤᠯᠲᠠ᠄ ᠲᠥᠪ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠬᠢᠨᠠᠨ ᠪᠤᠳᠤᠬᠤ ᠵᠠᠬᠢᠷᠭ᠎ᠠ ᠨᠢ ᠲᠥᠪ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ | ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠠᠢ ᠬᠠᠮᠲᠤᠷᠠᠨ ᠨᠡᠮᠡᠯᠲᠡ᠂ ᠥᠭᠡᠷᠡᠴᠢᠯᠡᠯᠲᠡ | ᠣᠷᠣᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠨᠠᠨ ᠪᠤᠳᠤᠬᠤ ᠵᠠᠬᠢᠷᠭ᠎ᠠ ᠳᠤ ᠨᠡᠮᠡᠯᠲᠡ᠂ | ᠥᠭᠡᠷᠡᠴᠢᠯᠡᠯᠲᠡ ᠣᠷᠣᠭᠤᠯᠬᠤ ᠠᠵᠢᠯ ᠤᠨ ᠳᠤᠭᠤᠶᠢᠯᠠᠩ ᠪᠠᠶᠢᠭᠤᠯᠵᠤ᠂ ᠪᠣᠳᠠᠲᠠᠶ ᠬᠡᠷᠡᠭᠵᠢᠭᠦᠯᠬᠦ ᠶᠢ | ᠬᠠᠷᠢᠭᠤᠴᠠᠭᠤᠯᠤᠨ᠎ᠠ᠃ | | ᠨᠡᠮᠡᠯᠲᠡ᠂ ᠥᠭᠡᠷᠡᠴᠢᠯᠡᠯᠲᠡ ᠣᠷᠣᠭᠤᠯᠬᠤ ᠠᠵᠢᠯ ᠳᠤ ᠳᠣᠣᠷᠠᠬᠢ ᠵᠠᠷᠴᠢᠮ ᠤᠳ ᠢ ᠭᠤᠣᠯᠳᠠᠯᠭ᠎ᠠ ᠲᠠᠢ | ᠡᠵᠡᠮᠳᠡᠨ᠎ᠡ᠄ ᠨᠢᠭᠡ ᠳᠤ᠂ ᠨᠠᠮ ᠤᠨ ᠬᠢᠨᠠᠨ ᠪᠤᠳᠤᠬᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ︽ᠲᠦᠷᠪᠡᠨ ᠤᠬᠠᠮᠰᠠᠷ︾ ᠢ ᠴᠢᠩᠭᠠᠳᠬᠠᠵᠤ | ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ | ᠬᠤᠷᠢᠶᠠᠨ ᠤ ᠬᠢᠨᠠᠨ ᠪᠤᠳᠤᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ︽ᠲᠣᠭᠲᠠᠭᠠᠯ︾ ᠳᠤ | ᠨᠡᠮᠡᠯᠲᠡ᠂ ᠥᠭᠡᠷᠡᠴᠢᠯᠡᠯᠲᠡ ᠣᠷᠣᠭᠤᠯᠬᠤ ᠶᠠᠪᠤᠴᠠ ᠳᠤ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠬᠤᠶᠠᠷ ᠲᠤ | ᠲᠣᠭᠲᠠᠭᠠᠯ ᠶᠣᠰᠣᠭᠠᠷ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠨᠡᠮᠡᠯᠲᠡ᠂ ᠥᠭᠡᠷᠡᠴᠢᠯᠡᠯᠲᠡ | ᠣᠷᠣᠭᠤᠯᠬᠤ ᠶᠢ ᠪᠠᠷᠢᠮᠲᠠᠯᠠᠵᠤ᠂ ᠨᠠᠮ ᠤᠨ ᠲᠦᠷᠢᠮ ᠢᠶᠠᠷ ᠦᠨᠳᠦᠰᠦᠨ ᠵᠢᠷᠤᠮᠯᠠᠯ ᠪᠣᠯᠭᠠᠵᠤ᠂ ᠬᠤᠯᠪᠣᠭᠳᠠᠬᠤ | ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ᠂ ᠬᠠᠤᠯᠢ ᠴᠠᠭᠠᠵᠠ ᠳᠦᠷᠢᠮ ᠲᠣᠭᠲᠠᠭᠠᠯ᠂ ᠲᠦᠷᠦ ᠶᠢᠨ | ᠪᠤᠳᠤᠯᠭ᠎ᠠ ᠶᠢᠨ ᠲᠣᠭᠲᠠᠭᠠᠯ ᠲᠠᠢ ᠵᠣᠯᠭᠠᠯᠳᠤᠭᠤᠯᠬᠤ ᠶᠢ ᠴᠢᠬᠤᠯᠠᠴᠢᠯᠠᠵᠤ᠂ ᠵᠠᠯᠭᠠᠮᠵᠢᠯᠠᠨ ᠰᠢᠨ᠎ᠡ ᠶᠢ ᠡᠭᠦᠳᠬᠦ᠂ | ᠡᠪᠳᠡᠬᠦ ᠪᠠᠶᠢᠭᠤᠯᠬᠤ ᠶᠢ ᠵᠡᠷᠭᠡ ᠪᠠᠷ ᠴᠢᠬᠤᠯᠠᠴᠢᠯᠠᠵᠤ᠂ ᠵᠢᠷᠤᠮᠵᠢᠭᠤᠯᠬᠤ ᠶᠢᠨ ᠵᠡᠷᠭᠡᠴᠡᠭᠡᠪᠡᠷ ᠪᠠᠰᠠ ᠰᠢᠨ᠎ᠡ ᠶᠢ | ᠡᠭᠦᠳᠬᠦ ᠶᠢ ᠤᠯᠠᠮ ᠠᠬᠢᠭᠤᠯᠤᠨ ᠬᠠᠶᠢᠨ ᠰᠦᠪᠡᠭᠴᠢᠯᠡᠬᠦ ᠳᠤ ᠣᠷᠣᠨ ᠵᠠᠶ ᠦᠯᠡᠳᠡᠭᠡᠵᠦ ᠥᠭᠪᠡ᠃ ᠭᠤᠷᠪᠠ ᠳᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠳᠣᠬᠠᠨ ᠤ ᠠᠵᠤ ᠠᠬᠤᠢ ᠶᠢᠨ ᠬᠠᠷᠢᠭᠤᠴᠠᠯᠭ᠎ᠠ ᠶᠢ | ᠬᠢᠨᠠᠨ ᠪᠤᠳᠤᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠬᠦᠴᠦᠯᠡᠨ ᠰᠤᠳᠤᠯᠤᠨ | ᠰᠢᠢᠳᠪᠦᠷᠢᠯᠡᠵᠦ᠂ ᠦᠵᠦ ᠲᠥᠯᠥᠪᠯᠡᠭᠡ ᠬᠢᠬᠦ ᠪᠠ ᠦᠨᠳᠦᠰᠦᠨ ᠱᠠᠲᠤᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ | ᠬᠦᠨᠳᠦᠳᠬᠡᠬᠦ ᠶᠢ ᠤᠶᠠᠯᠳᠤᠭᠤᠯᠬᠤ ᠶᠢ ᠪᠠᠷᠢᠮᠲᠠᠯᠠᠨ᠎ᠠ᠃ ᠲᠦᠷᠪᠡ ᠳᠤ ︽ᠭᠤᠷᠪᠠ ᠶᠢ ᠢᠯᠭᠠᠬᠤ︾ ᠴᠢᠬᠤᠯᠠ | ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠶᠢ | ᠵᠣᠷᠢᠭᠵᠢᠭᠤᠯᠤᠨ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠳᠡᠮᠵᠢᠵᠦ᠂ ᠤᠳᠤᠷᠢᠳᠬᠤ ᠺᠠᠳ᠋ᠷᠴᠤᠳ ᠤᠨ ᠠᠵᠢᠯ | ᠭᠦᠢᠴᠡᠳᠬᠡᠵᠦ ᠠᠳᠠᠯ ᠦᠢᠯᠡᠰ ᠴᠣᠭᠴᠠᠯᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ | ᠴᠢᠨᠰᠠᠭ᠎ᠠ ᠶᠢ ᠬᠠᠮᠠᠭᠠᠯᠠᠨ᠎ᠠ᠃ | | ᠠᠰᠠᠭᠤᠯᠲᠠ᠄ ᠡᠨᠡ ᠤᠳᠠᠭ᠎ᠠ ᠶᠢᠨ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠭᠤᠣᠯᠳᠠᠯᠭ᠎ᠠ ᠲᠠᠢ | ᠠᠭᠤᠯᠭ᠎ᠠ ᠨᠢ ᠶᠠᠭᠤ ᠪᠤᠢ︖ | | ᠬᠠᠷᠢᠭᠤᠯᠲᠠ᠄ | ᠨᠢᠭᠡ ᠳᠤ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠵᠢᠯᠣᠭᠤᠳᠬᠤ ᠦᠵᠡᠯ ᠠᠵᠤ | ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ | ᠠᠵᠤ ᠠᠬᠤᠢ ᠶᠢᠨ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠪᠣᠳᠠᠲᠠᠢ ᠪᠠᠷ ᠦᠨᠡᠯᠡᠵᠦ᠂ | ᠠᠰᠠᠭᠤᠳᠠᠯ ᠢ ᠢᠯᠡᠷᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ | ᠨᠡᠮᠡᠯᠲᠡ᠂ ᠥᠭᠡᠷᠡᠴᠢᠯᠡᠯᠲᠡ ᠶᠢ ᠡᠷᠴᠢᠮᠲᠡᠢ ᠡᠷᠴᠢᠮᠲᠡᠢ ᠵᠢᠷᠡᠭᠦᠯᠬᠦ ᠶᠢ ᠠᠬᠢᠭᠤᠯᠵᠤ᠂ ᠡᠷᠬᠡ ᠶᠢᠨ ᠵᠢᠷᠤᠮᠵᠢᠯ ᠲᠠᠢ | ᠠᠵᠢᠯᠯᠠᠭᠠᠨ ᠢ ᠠᠬᠢᠭᠤᠯᠵᠤ᠂ ᠢᠯᠵᠢᠷᠡᠯ ᠢ ᠲᠡᠮᠡᠴᠡᠨ ᠠᠷᠢᠭᠤᠨ ᠴᠢᠬᠡᠴᠢ ᠶᠢ ᠡᠷᠬᠢᠮᠯᠡᠬᠦ ᠶᠢ ᠠᠬᠢᠭᠤᠯᠵᠤ᠂ ᠤᠯᠤᠰ ᠤᠨ | ᠵᠠᠰᠠᠯᠲᠠ ᠶᠢᠨ ᠲᠣᠭᠲᠠᠴᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ ᠬᠤᠶᠠᠷ ᠲᠤ ᠲᠥᠯᠥᠪᠯᠡᠭᠡᠲᠦ ᠬᠠᠮᠢᠶᠠᠷᠤᠯᠲᠠ ᠪᠠ ᠬᠢᠨᠠᠨ ᠪᠤᠳᠤᠯᠳᠠ ᠶᠢᠨ ᠦᠷ᠎ᠡ ᠳ᠋ᠦᠩ ᠢ | ᠮᠡᠳᠡᠭᠦᠯᠦᠨ ᠬᠦᠷᠭᠡᠬᠦ ᠶᠢ ᠵᠢᠷᠤᠮᠵᠢᠭᠤᠯᠤᠨ᠎ᠠ᠃ ᠨᠠᠮ ᠠᠴᠠ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ | ᠠᠵᠢᠯ ᠢ ᠤᠳᠤᠷᠢᠳᠬᠤ ᠪᠠ ᠨᠠᠮ ᠠᠴᠠ ᠺᠠᠳ᠋ᠷ ᠢ ᠬᠠᠮᠢᠶᠠᠷᠴᠤ ᠵᠣᠬᠢᠴᠠᠭᠤᠯᠬᠤ ᠵᠠᠷᠴᠢᠮ ᠢ ᠪᠠᠷᠢᠮᠲᠠᠯᠠᠵᠤ᠂ | ᠲᠤᠰᠢᠶᠠᠯ ᠤᠨ ᠬᠤᠭᠤᠴᠠᠭᠠᠨ ᠳᠤ ᠬᠢᠨᠠᠨ ᠪᠤᠳᠤᠬᠤ ᠪᠠᠷ ᠭᠤᠣᠯ ᠪᠣᠯᠭᠠᠵᠤ᠂ ᠣᠨ ᠤ ᠬᠢᠨᠠᠨ ᠪᠤᠳᠤᠬᠤ ᠲᠦᠷᠦᠯ | ᠵᠦᠢᠯ ᠤᠨ ᠲᠥᠯᠥᠪᠯᠡᠭᠡ ᠶᠢ ᠠᠳᠠᠯᠢ ᠱᠠᠲᠤᠨ ᠤ ᠬᠢᠨᠠᠨ ᠪᠤᠳᠤᠬᠤ ᠵᠥᠪᠯᠡᠯ ᠳᠤ ᠳᠡᠪᠰᠢᠭᠦᠯᠵᠦ ᠬᠢᠨᠠᠨ ᠵᠥᠪᠯᠡᠭᠦᠯᠵᠦ | ᠲᠣᠭᠲᠠᠭᠠᠯᠭᠠᠬᠤ ᠶᠢ ᠴᠢᠬᠤᠯᠠᠴᠢᠯᠠᠪᠠ᠃ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ | ᠮᠡᠳᠡᠭᠦᠯᠦᠯᠲᠡ ᠵᠡᠷᠭᠡ ᠬᠢᠨᠠᠨ ᠪᠤᠳᠤᠯᠳᠠ ᠶᠢᠨ ᠳ᠋ᠦᠩᠨᠡᠯᠲᠡ ᠶᠢᠨ ᠴᠢᠨᠠᠷᠲᠠᠶ ᠪᠢᠴᠢᠭ ᠶᠢ ᠠᠳᠠᠯᠢ ᠱᠠᠲᠤᠨ ᠤ ᠬᠢᠨᠠᠨ | ᠪᠤᠳᠤᠬᠤ ᠺᠣᠮᠢᠰ ᠲᠤ ᠮᠡᠳᠡᠭᠦᠯᠵᠦ᠂ ᠺᠠᠳ᠋ᠷ ᠢ ᠬᠠᠮᠢᠶᠠᠷᠴᠤ ᠵᠣᠬᠢᠴᠠᠭᠤᠯᠬᠤ ᠡᠷᠬᠡ ᠶᠢᠨ ᠬᠡᠪᠴᠢᠶ᠎ᠡ ᠶᠣᠰᠣᠭᠠᠷ ᠵᠣᠬᠢᠶᠠᠨ | ᠪᠠᠶᠢᠭᠤᠯᠬᠤ ᠰᠠᠯᠠᠭ᠎ᠠ ᠮᠥᠴᠢᠷ ᠲᠤ ᠬᠦᠷᠭᠡᠨ᠎ᠡ᠃ ᠭᠤᠷᠪᠠ ᠳᠤ ᠬᠢᠨᠠᠨ ᠪᠤᠳᠤᠵᠤ ᠦᠨᠡᠯᠡᠬᠦ ᠠᠭᠤᠯᠭ᠎ᠠ ᠶᠢ | ᠲᠣᠳᠣᠷᠬᠠᠶᠢᠯᠠᠨ᠎ᠠ᠃ ᠬᠢᠨᠠᠨ ᠪᠤᠳᠤᠬᠤ ᠬᠡᠪᠴᠢᠶᠡᠨ ᠳᠣᠲᠣᠷ᠎ᠠ᠂ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ | ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠤᠨ ᠬᠠᠮᠢᠶᠠᠷᠤᠯᠲᠠ᠂ | ᠬᠤᠪᠢᠶᠠᠷᠢᠯᠠᠯᠲᠠ ᠪᠠ ᠬᠡᠷᠡᠭᠯᠡᠯᠲᠡ ᠶᠢᠨ ᠳᠤᠮᠳᠠ ᠲᠡᠳᠡᠨ ᠤ ᠲᠤᠬᠠᠢ ᠶᠢᠨ ᠬᠥᠮᠥᠨ ᠤ ᠠᠷᠢᠭᠤᠨ ᠴᠢᠬᠡᠴᠢ ᠪᠠᠷ | ᠵᠠᠰᠠᠭᠯᠠᠬᠤ ︵ᠠᠵᠢᠯ ᠡᠷᠬᠢᠯᠡᠬᠦ︶ ᠲᠣᠭᠲᠠᠭᠠᠯ ᠢ ᠵᠢᠷᠤᠮᠯᠠᠭᠰᠠᠨ ᠵᠡᠷᠭᠡ ᠪᠠᠶᠢᠳᠠᠯ ᠢ ᠪᠠᠭᠲᠠᠭᠠᠭᠰᠠᠨ ᠤᠳᠤᠷᠢᠳᠬᠤ | ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠦᠨᠡᠨ ᠪᠣᠳᠠᠲᠠᠢ ᠪᠥᠭᠡᠳ | ᠲᠥᠪ ᠰᠢᠳᠤᠷᠭᠤ᠂ ᠦᠨᠡᠨ ᠠᠴᠠ ᠵᠥᠪ ᠢ ᠡᠷᠢᠭ᠍ᠰᠡᠨ ᠦᠨᠡᠯᠡᠯᠲᠡ ᠬᠢᠬᠦ ᠶᠢ ᠱᠠᠭᠠᠷᠳᠠᠵᠠᠶ᠃ ᠲᠦᠷᠪᠡ ᠳᠤ᠂ | ᠬᠠᠷᠢᠭᠤᠴᠠᠯᠭ᠎ᠠ ᠶᠢᠨ ᠲᠦᠷᠦᠯ ᠵᠦᠢᠯ ᠳᠤ ᠲᠤᠬᠢᠷᠠᠭᠤᠯᠤᠯᠳᠠ ᠭᠦᠢᠴᠡᠳᠬᠡᠨ᠎ᠡ᠃ | | ᠠᠰᠠᠭᠤᠯᠲᠠ᠄ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠠᠵᠢᠯ ᠤᠨ ᠵᠣᠬᠢᠶᠠᠨ | ᠪᠠᠶᠢᠭᠤᠯᠵᠤ ᠵᠣᠬᠢᠴᠠᠭᠤᠯᠬᠤ ᠲᠣᠭᠲᠠᠴᠠ ᠪᠣᠯ ᠮᠠᠰᠢ ᠴᠢᠬᠤᠯᠠ ᠶᠤᠮ᠂ ᠡᠨᠡ ᠤᠳᠠᠭ᠎ᠠ ᠨᠡᠮᠡᠯᠲᠡ᠂ ᠥᠭᠡᠷᠡᠴᠢᠯᠡᠯᠲᠡ | ᠣᠷᠣᠭᠤᠯᠬᠤ ᠳᠤ ᠶᠠᠮᠠᠷ ᠪᠣᠳᠠᠲᠠᠶ ᠲᠣᠭᠲᠠᠭᠠᠯ ᠭᠠᠷᠭᠠᠭᠰᠠᠨ ᠪᠤᠶ︖ | | ᠬᠠᠷᠢᠭᠤᠯᠲᠠ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠬᠢᠨᠠᠨ ᠪᠤᠳᠤᠬᠤ ᠬᠠᠮᠢᠶᠠᠷᠤᠯᠲᠠ ᠶᠢᠨ | ᠪᠠᠶᠢᠭᠤᠯᠤᠮᠵᠢ ᠶᠢ ᠥᠭᠡᠷᠡᠴᠢᠯᠡᠬᠦ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠭᠦᠢᠴᠡᠳᠬᠡᠵᠦ᠂ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠲᠥᠪ ᠤᠨ ᠬᠢᠨᠠᠨ | ᠪᠤᠳᠤᠬᠤ ᠵᠥᠪᠯᠡᠯ ᠢ ᠪᠠᠶᠢᠭᠤᠯᠵᠤ᠂ ᠨᠠᠮ ᠤᠨ ᠬᠢᠨᠠᠨ ᠪᠤᠳᠤᠬᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠴᠢᠩᠭᠠᠳᠬᠠᠵᠤ᠂ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠲᠤᠰ ᠭᠠᠵᠠᠷ | ᠣᠷᠣᠨ ᠤ ᠬᠢᠨᠠᠨ ᠪᠤᠳᠤᠬᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ ᠭᠡᠵᠦ ᠲᠣᠭᠲᠠᠭᠠᠪᠠ᠃ | ᠣᠳᠣᠬᠠᠨ ᠳᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠳᠤ ᠴᠥᠮ ᠮᠤᠵᠢ ᠶᠢᠨ | ᠱᠠᠲᠤᠨ ᠤ ᠬᠢᠨᠠᠨ ᠪᠤᠳᠤᠬᠤ ᠺᠣᠮᠢᠰ ᠢ ᠪᠠᠶᠢᠭᠤᠯᠵᠤ᠂ ᠬᠤᠲᠠ᠂ ᠬᠤᠰᠢᠭᠤ ᠰᠢᠶᠡᠨ ᠤ ᠬᠢᠨ ᠴᠦ ᠢᠳᠡᠪᠬᠢᠲᠡᠶ ᠪᠠᠷ | ᠠᠬᠢᠭᠤᠯᠵᠤ ᠪᠠᠶᠢᠨ᠎ᠠ᠃ ᠡᠭᠦᠨ ᠤ ᠲᠤᠬᠠᠶ ︽ᠲᠣᠭᠲᠠᠭᠠᠯ︾ ᠳᠤ ᠡᠯ᠎ᠡ ᠱᠠᠲᠤᠨ ᠤ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠠᠵᠢᠯ ᠤᠨ | ᠤᠳᠤᠷᠢᠳᠤᠯᠭ᠎ᠠ ᠪᠠᠨ ᠴᠢᠩᠭᠠᠳᠬᠠᠵᠤ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠣᠨ ᠤ | ᠲᠥᠯᠥᠪᠯᠡᠭᠡ᠂ ᠬᠢᠨᠠᠨ ᠪᠤᠳᠤᠯᠳᠠ ᠳᠤ ᠢᠯᠡᠷᠡᠭᠦᠯᠦᠭᠰᠡᠨ ᠴᠢᠬᠤᠯᠠ ᠱᠠᠭᠠᠷᠳᠠᠯᠭ᠎ᠠ ᠲᠠᠢ ᠠᠰᠠᠭᠤᠳᠠᠯ ᠤᠨ ᠰᠦᠪᠡᠭᠴᠢ᠂ | ᠬᠢᠨᠠᠨ ᠪᠤᠳᠤᠯᠳᠠ ᠶᠢᠨ ᠳ᠋ᠦᠩᠨᠡᠯᠲᠡ ᠶᠢᠨ ᠴᠢᠨᠠᠷᠲᠠᠶ ᠪᠢᠴᠢᠭ᠂ ᠬᠢᠨᠠᠨ ᠪᠤᠳᠤᠬᠤ ᠡᠳᠡᠬᠡᠳ ᠤᠨ ᠭᠤᠮᠣᠳᠠᠯ | ᠲᠣᠭᠠᠴᠢᠯᠲᠠ ᠵᠡᠷᠭᠡ ᠠᠰᠠᠭᠤᠳᠠᠯ ᠢ ᠬᠢᠨᠠᠨ ᠪᠤᠳᠤᠬᠤ ᠺᠣᠮᠢᠰ ᠤᠨ ᠠᠯᠪᠠᠨ ᠭᠡᠷ ᠠᠴᠠ ᠲᠣᠭᠲᠠᠭᠠᠯ ᠶᠣᠰᠣᠭᠠᠷ ᠠᠳᠠᠯᠢ | ᠱᠠᠲᠤᠨ ᠤ ᠬᠢᠨᠠᠨ ᠪᠤᠳᠤᠬᠤ ᠺᠣᠮᠢᠰ ᠲᠤ ᠮᠡᠳᠡᠭᠦᠯᠬᠦ ᠬᠡᠷᠡᠭᠲᠡᠶ ᠭᠡᠵᠦ ᠱᠠᠭᠠᠷᠳᠠᠵᠠᠶ᠃ | | ᠡᠭᠦᠨ ᠤ ᠬᠠᠮᠲᠤ᠂ ︽ᠲᠣᠭᠲᠠᠭᠠᠯ︾ ᠳᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ | ᠠᠵᠢᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ ᠭᠡᠵᠦ ᠲᠣᠳᠣᠷᠬᠠᠶ | ᠱᠠᠭᠠᠷᠳᠠᠵᠤ᠂ ᠠᠳᠠᠯᠢ ᠱᠠᠲᠤᠨ ᠤ ᠬᠢᠨᠠᠨ ᠪᠤᠳᠤᠬᠤ ᠵᠥᠪᠯᠡᠯ ᠤᠨ ᠤᠳᠤᠷᠢᠳᠤᠯᠭ᠎ᠠ ᠳᠣᠤᠷ᠎ᠠ ᠠᠵᠢᠯ ᠢᠶᠠᠨ | ᠥᠷᠨᠢᠭᠦᠯᠵᠦ᠂ ᠬᠤᠷᠠᠯᠳᠤᠭᠤᠯᠤᠭᠴᠢ ᠶᠢ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠤᠨ ᠡᠷᠬᠢᠯᠡᠭᠴᠢ ᠡᠭᠦᠷᠭᠡᠯᠡᠵᠦ᠂ | ᠪᠦᠷᠢᠯᠳᠦᠬᠦᠨ ᠨᠢᠭᠡᠴᠢ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠰᠢᠯᠭᠠᠬᠤ ᠪᠠᠶᠢᠭᠤᠯᠭ᠎ᠠ ᠪᠠ ᠵᠣᠬᠢᠶᠠᠨ | ᠪᠠᠶᠢᠭᠤᠯᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠢᠨᠠᠨ ᠪᠤᠳᠤᠬᠤ᠂ ᠡᠳ᠋ ᠤᠨ ᠵᠠᠰᠠᠭ᠂ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠢᠶᠠᠷ | ᠪᠦᠷᠢᠯᠳᠦᠭᠦᠯᠦᠨ᠎ᠡ᠃ ᠬᠠᠮᠲᠤᠷᠠᠭᠰᠠᠨ ᠬᠤᠷᠠᠯ ᠨᠢ ᠭᠤᠤᠯᠳᠠᠭᠤ ᠬᠤᠯᠪᠣᠭᠳᠠᠬᠤ ᠲᠦᠷᠢᠮ ᠤᠨ ᠪᠢᠴᠢᠭ ᠮᠠᠲ᠋ᠧᠷᠢᠶᠠᠯ ᠢ | ᠰᠤᠳᠤᠯᠤᠨ ᠲᠤᠭᠤᠷᠪᠢᠬᠤ᠂ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠪᠠᠶᠢᠳᠠᠯ ᠢ ᠬᠢᠨᠠᠨ | ᠰᠢᠯᠭᠠᠬᠤ᠂ ᠠᠵᠢᠯ ᠤᠨ ᠳᠤᠮᠳᠠ ᠢᠯᠡᠷᠡᠭᠰᠡᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ᠂ ᠠᠵᠤ ᠠᠬᠤᠶ ᠶᠢᠨ | ᠬᠠᠷᠢᠭᠤᠴᠠᠯᠭ᠎ᠠ ᠶᠢ ᠬᠢᠨᠠᠨ ᠪᠤᠳᠤᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠠᠬᠢᠭᠤᠯᠬᠤ᠂ ᠳᠣᠤᠷᠠᠳᠤ ᠱᠠᠲᠤᠨ ᠤ | ᠬᠠᠮᠲᠤᠷᠠᠭᠰᠠᠨ ᠬᠤᠷᠠᠯ ᠤᠨ ᠠᠵᠢᠯ ᠢ ᠵᠢᠯᠣᠭᠤᠳᠬᠤ᠂ ᠬᠢᠨᠠᠨ ᠪᠤᠳᠤᠬᠤ ᠵᠥᠪᠯᠡᠯ ᠤᠨ ᠲᠤᠰᠢᠶᠠᠭᠰᠠᠨ ᠪᠤᠰᠤᠳ | ᠠᠵᠢᠯ ᠢ ᠪᠡᠶᠡᠯᠡᠭᠦᠯᠬᠦ ᠵᠡᠷᠭᠡ ᠶᠢ ᠬᠠᠷᠢᠭᠤᠴᠠᠨ᠎ᠠ᠃ ᠬᠠᠮᠲᠤᠷᠠᠭᠰᠠᠨ ᠬᠤᠷᠠᠯᠳᠤᠭᠠᠨ ᠤ ᠳᠣᠣᠷ᠎ᠠ ᠠᠯᠪᠠᠨ ᠭᠡᠷ | ᠭᠠᠷᠭᠠᠵᠤ᠂ ᠬᠠᠮᠲᠤᠷᠠᠭᠰᠠᠨ ᠬᠤᠷᠠᠯᠳᠤᠭᠠᠨ ᠤ ᠡᠳᠦᠷ ᠲᠤᠳᠤᠮ ᠤᠨ ᠠᠵᠢᠯ ᠢ ᠬᠠᠷᠢᠭᠤᠴᠠᠭᠤᠯᠤᠨ᠎ᠠ᠂ ᠠᠯᠪᠠᠨ | ᠭᠡᠷ ᠤᠨ ᠡᠷᠬᠢᠯᠡᠭᠴᠢ ᠶᠢᠨ ᠲᠤᠰᠢᠶᠠᠯ ᠢ ᠠᠳᠠᠯᠢ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠳᠡᠳ᠋ ᠲᠤᠰᠢᠶᠠᠯ ᠲᠠᠢ | ᠤᠳᠤᠷᠢᠳᠤᠯᠭ᠎ᠠ ᠪᠤᠶᠤ ᠲᠡᠭᠦᠨ ᠲᠠᠢ ᠲᠡᠩᠴᠡᠬᠦ ᠲᠤᠰᠢᠶᠠᠯ ᠤᠨ ᠲᠡᠰ ᠳᠠᠪᠬᠤᠷᠭ᠎ᠠ ᠶᠢᠨ ᠤᠳᠤᠷᠢᠳᠤᠯᠭ᠎ᠠ ᠡᠭᠦᠷᠭᠡᠯᠡᠨ᠎ᠡ᠃ | ᠡᠭᠦᠨ ᠠᠴᠠ ᠭᠠᠳᠠᠨ᠎ᠠ᠂ ︽ᠲᠣᠭᠲᠠᠭᠠᠯ︾ ᠳᠤ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠢ ᠶᠢᠨ ᠠᠵᠤ | ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠲᠥᠯᠥᠪᠯᠡᠭᠡ ᠶᠢ ᠲᠣᠭᠲᠠᠭᠠᠬᠤ᠂ ᠲᠥᠷᠥᠯ ᠵᠦᠢᠯ ᠢ ᠬᠡᠷᠡᠭᠵᠢᠭᠦᠯᠬᠦ᠂ | ᠬᠢᠨᠠᠨ ᠪᠤᠳᠤᠭᠰᠠᠨ ᠦᠷ᠎ᠡ ᠳ᠋ᠦᠩ ᠢ ᠬᠡᠷᠡᠭᠯᠡᠬᠦ ᠵᠡᠷᠭᠡ ᠵᠠᠩᠭᠢᠯᠠᠭ᠎ᠠ ᠶᠢᠨ ᠭᠤᠤᠯ ᠲᠤᠰᠢᠶᠠᠯ ᠬᠠᠷᠢᠭᠤᠴᠠᠯᠭ᠎ᠠ ᠶᠢ | ᠨᠠᠷᠢᠯᠢᠬᠵᠢᠭᠤᠯᠪᠠ᠃ | | ᠠᠰᠠᠭᠤᠯᠲᠠ᠄ ᠬᠢᠨᠠᠨ ᠪᠤᠳᠤᠬᠤ ᠲᠥᠯᠥᠪᠯᠡᠭᠡ ᠶᠢᠨ ᠬᠠᠮᠢᠶᠠᠷᠤᠯᠲᠠ ᠪᠣᠯ ᠲᠣᠰ ᠤᠳᠠᠭᠠᠨ ᠤ ᠨᠡᠮᠡᠯᠲᠡ᠂ | ᠥᠭᠡᠷᠡᠴᠢᠯᠡᠯᠲᠡ ᠣᠷᠣᠭᠤᠯᠤᠭᠰᠠᠨ ᠭᠤᠤᠯᠳᠠᠯᠭ᠎ᠠ ᠲᠠᠢ ᠠᠭᠤᠯᠭ᠎ᠠ ᠶᠢᠨ ᠨᠢᠭᠡ ᠪᠣᠯᠤᠨ᠎ᠠ᠂ ︽ᠲᠣᠭᠲᠠᠭᠠᠯ︾ ᠳᠤ | ᠡᠭᠦᠨ ᠤ ᠲᠤᠬᠠᠶ ᠶᠠᠮᠠᠷ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠣᠶ︖ | | ᠬᠠᠷᠢᠭᠤᠯᠲᠠ᠄ ᠨᠢᠭᠡ ᠳᠤ᠂ ᠲᠥᠯᠥᠪᠯᠡᠭᠡ ᠶᠢᠨ ᠰᠢᠨᠵᠢᠯᠡᠬᠦ ᠤᠬᠠᠭᠠᠨᠴᠢ ᠴᠢᠨᠠᠷ ᠴᠢᠨᠰᠠᠭ᠎ᠠ ᠶᠢ | ᠴᠢᠩᠭᠠᠳᠬᠠᠨ᠎ᠠ᠃ ᠺᠠᠳ᠋ᠷ ᠤᠨ ᠬᠠᠮᠢᠶᠠᠷᠤᠯᠲᠠ ᠬᠢᠨᠠᠯᠲᠠ ᠶᠢᠨ ᠬᠡᠷᠡᠭᠴᠡᠭᠡ ᠪᠠ ᠬᠢᠨᠠᠨ ᠪᠤᠳᠤᠬᠤ ᠡᠬᠢ ᠪᠠᠶᠠᠯᠢᠭ ᠵᠡᠷᠭᠡ | ᠪᠣᠳᠠᠲᠠᠶ ᠪᠠᠶᠢᠳᠠᠯ ᠢ ᠦᠨᠳᠦᠰᠦᠯᠡᠨ᠂ ᠬᠢᠨᠠᠨ ᠪᠤᠳᠤᠬᠤ ᠡᠲᠡᠭᠡᠳ ᠲᠤ ᠲᠥᠷᠥᠯ ᠬᠤᠪᠢᠶᠠᠨ ᠬᠠᠮᠢᠶᠠᠷᠤᠯᠲᠠ | ᠶᠠᠪᠤᠭᠤᠯᠵᠤ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠶᠢᠨ ᠤᠷᠲᠤᠪᠲᠤᠷ ᠪᠠ ᠣᠷᠳᠣ | ᠬᠤᠭᠤᠴᠠᠭᠠᠨ ᠤ ᠲᠥᠯᠥᠪᠵᠢᠭᠦᠯᠭᠡ ᠪᠠ ᠣᠨ ᠤ ᠬᠢᠨᠠᠨ ᠪᠤᠳᠤᠬᠤ ᠵᠦᠢᠯᠡᠰ ᠤᠨ ᠲᠥᠯᠥᠪᠯᠡᠭᠡ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠨ᠎ᠠ ᠭᠡᠵᠦ ᠱᠠᠭᠠᠷᠳᠠᠪᠠ᠃ ᠬᠤᠶᠠᠷ ᠲᠤ᠂ ᠲᠥᠯᠥᠪᠯᠡᠭᠡ ᠲᠣᠭᠲᠠᠭᠠᠬᠤ ᠵᠢᠷᠤᠮ ᠢ | ᠨᠠᠷᠢᠯᠢᠬᠵᠢᠭᠤᠯᠤᠨ ᠲᠣᠳᠣᠷᠬᠠᠶᠢᠯᠠᠨ᠎ᠠ᠃ ᠨᠠᠮ ᠠᠴᠠ ᠺᠠᠳ᠋ᠷ ᠢ ᠬᠠᠮᠢᠶᠠᠷᠴᠤ ᠵᠣᠬᠢᠴᠠᠭᠤᠯᠬᠤ ᠵᠠᠷᠴᠢᠮ ᠢ ᠪᠠᠷᠢᠮᠲᠠᠯᠠᠵᠤ᠂ | ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠠᠴᠠ ᠠᠳᠠᠯᠢ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠠᠢ | ᠵᠥᠪᠳᠡᠯᠴᠡᠵᠦ ᠪᠠᠶᠢᠭᠠᠳ ᠣᠨ ᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠲᠥᠯᠥᠪᠯᠡᠭᠡ ᠶᠢᠨ | ᠲᠣᠬᠢᠷᠠᠭᠤᠯᠤᠯᠲᠠ ᠶᠢ ᠳᠤᠷᠠᠳᠴᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠴᠠ ᠤᠳᠤᠷᠢᠳᠬᠤ ᠺᠠᠳ᠋ᠷ ᠤᠨ | ᠣᠨ ᠤ ᠬᠢᠨᠠᠨ ᠪᠤᠳᠤᠬᠤ ᠰᠠᠨᠠᠭᠤᠯᠭ᠎ᠠ ᠶᠢᠨ ᠨᠡᠷᠡᠰ ᠢ ᠳᠤᠷᠠᠳᠴᠤ᠂ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠠᠴᠠ | ᠠᠳᠠᠯᠢ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠰᠢᠯᠭᠠᠬᠤ ᠪᠠᠶᠢᠭᠤᠯᠭ᠎ᠠ ᠵᠡᠷᠭᠡ ᠬᠤᠯᠪᠣᠭᠳᠠᠬᠤ ᠰᠠᠯᠠᠭ᠎ᠠ | ᠮᠥᠴᠢᠷ ᠤᠨ ᠰᠠᠨᠠᠯ ᠢ ᠬᠤᠷᠢᠶᠠᠭᠰᠠᠨ ᠤ ᠳᠠᠷᠠᠭ᠎ᠠ ᠬᠢᠨᠠᠨ ᠪᠤᠳᠤᠬᠤ ᠪᠠᠶᠢᠭᠤᠯᠭ᠎ᠠ ᠶᠢᠨ ᠣᠨ ᠤ ᠬᠢᠨᠠᠨ ᠪᠤᠳᠤᠬᠤ | ᠲᠥᠷᠥᠯ ᠵᠦᠢᠯ ᠤᠨ ᠲᠥᠯᠥᠪᠯᠡᠭᠡ ᠳᠤ ᠣᠷᠣᠭᠤᠯᠵᠤ᠂ ᠬᠢᠨᠠᠨ ᠪᠤᠳᠤᠬᠤ ᠵᠥᠪᠯᠡᠯ ᠳᠤ ᠳᠡᠪᠰᠢᠭᠦᠯᠵᠦ ᠬᠢᠨᠠᠨ | ᠵᠥᠪᠯᠡᠭᠦᠯᠵᠦ ᠲᠣᠭᠲᠠᠭᠠᠯᠭᠠᠨ᠎ᠠ︔ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠡᠷᠭᠡ ᠬᠤᠯᠪᠣᠭᠳᠠᠬᠤ | ᠭᠤᠤᠯᠴᠢᠯᠠᠨ ᠬᠠᠮᠢᠶᠠᠷᠴᠤ ᠵᠣᠬᠢᠴᠠᠭᠤᠯᠬᠤ ᠰᠠᠯᠠᠭ᠎ᠠ ᠮᠥᠴᠢᠷ ᠤᠨ ᠬᠠᠮᠢᠶᠠᠷᠤᠯᠲᠠ ᠳᠤ ᠬᠠᠷᠢᠶᠠᠯᠠᠭᠳᠠᠬᠤ ᠤᠳᠤᠷᠢᠳᠬᠤ | ᠺᠠᠳ᠋ᠷ ᠲᠤ ᠬᠢᠨᠠᠨ ᠪᠤᠳᠤᠯᠲᠠ ᠬᠢᠬᠦ ᠳᠤ᠂ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠠᠴᠠ ᠭᠤᠤᠯᠴᠢᠯᠠᠨ | ᠬᠠᠮᠢᠶᠠᠷᠴᠤ ᠵᠣᠬᠢᠴᠠᠭᠤᠯᠬᠤ ᠰᠠᠯᠠᠭ᠎ᠠ ᠮᠥᠴᠢᠷ ᠲᠠᠢ ᠵᠥᠪᠳᠡᠯᠴᠡᠵᠦ ᠪᠠᠶᠢᠭᠠᠳ ᠬᠢᠨᠠᠨ ᠪᠤᠳᠤᠬᠤ ᠰᠠᠨᠠᠭᠤᠯᠭ᠎ᠠ ᠶᠢᠨ | ᠨᠡᠷᠡᠰ ᠢ ᠳᠤᠷᠠᠳᠴᠤ᠂ ᠬᠢᠨᠠᠨ ᠪᠤᠳᠤᠬᠤ ᠪᠠᠶᠢᠭᠤᠯᠭ᠎ᠠ ᠶᠢᠨ ᠣᠨ ᠤ ᠬᠢᠨᠠᠨ ᠪᠤᠳᠤᠬᠤ ᠲᠥᠷᠥᠯ ᠵᠦᠢᠯ ᠤᠨ | ᠲᠥᠯᠥᠪᠯᠡᠭᠡ ᠳᠤ ᠣᠷᠣᠭᠤᠯᠤᠨ᠂ ᠬᠢᠨᠠᠨ ᠪᠤᠳᠤᠬᠤ ᠵᠥᠪᠯᠡᠯ ᠳᠤ ᠳᠡᠪᠰᠢᠭᠦᠯᠵᠦ ᠬᠢᠨᠠᠨ ᠵᠥᠪᠯᠡᠭᠦᠯᠵᠦ | ᠲᠣᠭᠲᠠᠭᠠᠯᠭᠠᠨ᠎ᠠ᠃ ᠭᠤᠷᠪᠠ ᠳᠤ ᠲᠥᠯᠥᠪᠯᠡᠭᠡ ᠶᠢᠨ ᠲᠥᠪ ᠴᠢᠩᠭ᠎ᠠ ᠴᠢᠨᠠᠷ ᠴᠢᠨᠰᠠᠭ᠎ᠠ ᠶᠢ ᠴᠢᠩᠭᠠᠳᠬᠠᠨ᠎ᠠ᠃ ᠠᠵᠤ | ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢ ᠲᠥᠯᠥᠪᠯᠡᠭᠡ ᠲᠠᠢ ᠪᠠᠷ ᠶᠠᠪᠤᠭᠳᠠᠭᠤᠯᠨᠠ᠂ ᠬᠢᠨᠠᠨ ᠪᠤᠳᠤᠬᠤ | ᠵᠦᠢᠯᠡᠰ ᠤᠨ ᠲᠥᠯᠥᠪᠯᠡᠭᠡ ᠶᠢ ᠵᠢᠭᠠᠭᠰᠠᠨ ᠤ ᠲᠠᠷᠠᠭ᠎ᠠ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠂ ᠦᠨᠡᠬᠡᠷ | ᠲᠣᠬᠢᠷᠠᠭᠤᠯᠬᠤ ᠪᠤᠶᠤ ᠵᠣᠭᠰᠣᠭᠠᠬᠤ ᠱᠠᠭᠠᠷᠳᠠᠯᠭ᠎ᠠ ᠲᠠᠢ ᠲᠣᠬᠢᠶᠠᠯᠳᠤᠯ ᠳᠤ᠂ ᠵᠢᠭᠠᠭᠰᠠᠨ ᠵᠢᠷᠤᠮ ᠶᠣᠰᠣᠭᠠᠷ ᠬᠢᠨᠠᠨ | ᠪᠤᠳᠤᠬᠤ ᠺᠣᠮᠢᠰ ᠲᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ᠃ | | ᠠᠰᠠᠭᠤᠯᠲᠠ᠄ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠭᠤᠯᠭ᠎ᠠ ᠶᠢᠨ ᠲᠠᠯ᠎ᠠ ᠪᠠᠷ᠂ ᠡᠨᠡ | ᠤᠳᠠᠭ᠎ᠠ ᠨᠡᠮᠡᠯᠲᠡ᠂ ᠥᠭᠡᠷᠡᠴᠢᠯᠡᠯᠲᠡ ᠣᠷᠣᠭᠤᠯᠬᠤ ᠳᠤ ᠶᠠᠮᠠᠷ ᠪᠣᠳᠠᠲᠠᠶ ᠲᠣᠭᠲᠠᠭᠠᠯ ᠭᠠᠷᠭᠠᠭᠰᠠᠨ ᠪᠤᠢ︖ | | ᠬᠠᠷᠢᠭᠤᠯᠲᠠ᠄ ᠨᠢᠭᠡ ᠳᠤ ᠠᠵᠤ ᠠᠬᠤᠶ ᠶᠢᠨ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠬᠦ ᠶᠢ | ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠶᠢᠨ ᠠᠭᠤᠯᠤᠭᠳᠠᠬᠤᠨ ᠢ ᠲᠣᠳᠣᠷᠬᠠᠶ ᠪᠣᠯᠭᠠᠨ᠎ᠠ᠂ | ᠲᠤᠬᠠᠶᠢᠯᠠᠪᠠᠯ ᠤᠳᠤᠷᠢᠳᠬᠤ ᠺᠠᠳ᠋ᠷ ᠲᠤᠰᠢᠶᠠᠯ ᠳᠤ ᠪᠠᠶᠢᠬᠤ ᠬᠤᠭᠤᠴᠠᠭᠠᠨ ᠳᠠᠭᠠᠨ ᠲᠡᠭᠦᠨ ᠤ ᠬᠠᠷᠢᠶᠠᠯᠠᠯ ᠤᠨ | ᠬᠡᠪᠴᠢᠶᠡᠨ ᠳᠣᠲᠣᠷ᠎ᠠ ᠨᠠᠮ ᠪᠠ ᠤᠯᠤᠰ ᠤᠨ ᠠᠵᠤ ᠠᠬᠤᠶ ᠶᠢᠨ ᠴᠢᠭᠯᠡᠯᠲᠡ ᠲᠦᠷᠦ ᠶᠢᠨ ᠪᠤᠳᠤᠯᠭ᠎ᠠ᠂ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠬᠡᠷᠡᠭᠵᠢᠭᠦᠯᠬᠦ᠂ ᠠᠵᠤ ᠠᠬᠤᠶ ᠪᠠ ᠨᠡᠶᠢᠭᠡᠮ ᠤᠨ | ᠦᠢᠯᠡᠰ ᠤᠨ ᠬᠥᠭᠵᠢᠯᠲᠡ ᠶᠢ ᠤᠷᠤᠭᠰᠢ ᠠᠬᠢᠭᠤᠯᠬᠤ᠂ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ | ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠬᠠᠮᠢᠶᠠᠷᠴᠤ ᠵᠣᠬᠢᠴᠠᠭᠤᠯᠬᠤ᠂ | ᠴᠢᠬᠤᠯᠠ ᠱᠠᠭᠠᠷᠳᠠᠯᠭ᠎ᠠ ᠲᠠᠢ ᠠᠵᠤ ᠠᠬᠤᠶ ᠶᠢᠨ ᠠᠶᠤᠯ ᠡᠷᠡᠰᠳᠡᠯ ᠢ ᠬᠢᠨᠠᠨ ᠰᠡᠷᠭᠡᠶᠢᠯᠡᠬᠦ ᠵᠡᠷᠭᠡ ᠬᠤᠯᠪᠣᠭᠳᠠᠬᠤ ᠠᠵᠤ | ᠠᠬᠤᠶ ᠶᠢᠨ ᠠᠵᠢᠯᠯᠠᠭ᠎ᠠ ᠶᠢᠨ ᠭᠦᠢᠴᠡᠳᠬᠡᠪᠡᠰᠦ ᠵᠣᠬᠢᠬᠤ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶ ᠪᠣᠯᠭᠠᠨ᠎ᠠ᠃ | ᠬᠤᠶᠠᠷ ᠲᠤ ᠬᠢᠨᠠᠨ ᠪᠤᠳᠤᠬᠤ ᠠᠭᠤᠯᠭ᠎ᠠ ᠶᠢ ᠲᠣᠭᠲᠠᠭᠠᠬᠤ ᠵᠠᠷᠴᠢᠮ ᠢ ᠲᠣᠳᠣᠷᠬᠠᠶᠢᠯᠠᠨ᠎ᠠ᠂ ᠲᠤᠬᠠᠶᠢᠯᠠᠪᠠᠯ ᠣᠯᠠᠨ | ᠨᠡᠶᠢᠲᠡ ᠶᠢᠨ ᠪᠠᠯᠠ ᠮᠥᠩᠭᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ᠂ ᠤᠯᠤᠰ ᠤᠨ ᠥᠮᠴᠢᠯᠡᠯ ᠤᠨ ᠡᠬᠢ | ᠪᠠᠶᠠᠯᠢᠭ ᠤᠨ ᠬᠠᠮᠢᠶᠠᠷᠤᠯᠲᠠ᠂ ᠬᠤᠪᠢᠶᠠᠷᠢᠯᠠᠯᠲᠠ ᠪᠠ ᠬᠡᠷᠡᠭᠯᠡᠯᠲᠡ ᠪᠠᠷ ᠰᠠᠭᠤᠷᠢ ᠪᠣᠯᠭᠠᠵᠤ᠂ ᠡᠷᠬᠡ ᠶᠢᠨ ᠠᠵᠢᠯᠯᠠᠭᠠᠨ | ᠪᠠ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢᠶᠠᠷ ᠭᠤᠤᠯᠳᠠᠯᠭ᠎ᠠ ᠪᠣᠯᠭᠠᠨ᠂ ᠤᠳᠤᠷᠢᠳᠬᠤ | ᠺᠠᠳ᠋ᠷᠴᠤᠳ ᠤᠨ ᠬᠠᠮᠢᠶᠠᠷᠤᠯᠲᠠ ᠬᠢᠨᠠᠯᠲᠠ ᠶᠢᠨ ᠬᠡᠷᠡᠭᠴᠡᠭᠡ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠣᠨᠴᠠᠯᠢᠭ ᠪᠠ | ᠬᠢᠨᠠᠨ ᠪᠤᠳᠤᠬᠤ ᠡᠬᠢ ᠪᠠᠶᠠᠯᠢᠭ ᠵᠡᠷᠭᠡ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ ᠬᠢᠨᠠᠨ ᠪᠤᠳᠤᠬᠤ | ᠠᠭᠤᠯᠭ᠎ᠠ ᠶᠢ ᠲᠣᠭᠲᠠᠭᠠᠯ ᠶᠣᠰᠣᠭᠠᠷ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠲᠣᠭᠲᠠᠭᠠᠪᠠ᠃ ᠭᠤᠷᠪᠠ ᠳᠤ᠂ | ᠬᠢᠨᠠᠨ ᠪᠤᠳᠤᠬᠤ ᠠᠭᠤᠯᠭ᠎ᠠ ᠶᠢ ᠨᠠᠷᠢᠯᠢᠬᠵᠢᠭᠤᠯᠵᠤ᠂ ᠣᠷᠣᠨ ᠨᠤᠲᠤᠭ ᠤᠨ ᠨᠠᠮ ᠤᠨ ᠬᠤᠷᠢᠶ᠎ᠠ ᠪᠣᠯᠤᠨ ᠵᠠᠰᠠᠭ ᠤᠨ | ᠣᠷᠳᠣᠨ ᠤ ᠭᠤᠣᠯ ᠤᠳᠤᠷᠢᠳᠬᠤ ᠺᠠᠳ᠋ᠷ᠂ ᠨᠠᠮ ᠵᠠᠰᠠᠭ ᠤᠨ ᠠᠵᠢᠯ ᠤᠨ ᠰᠠᠯᠠᠭ᠎ᠠ ᠮᠥᠴᠢᠷ ᠵᠡᠷᠭᠡ ᠭᠤᠣᠯ | ᠤᠳᠤᠷᠢᠳᠬᠤ ᠺᠠᠳ᠋ᠷ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠤᠳᠤᠷᠢᠳᠬᠤ ᠬᠥᠮᠦᠰ ᠵᠡᠷᠭᠡ 3 | ᠲᠥᠷᠥᠯ ᠤᠨ ᠬᠢᠨᠠᠨ ᠪᠣᠳᠣᠬᠤ ᠡᠲᠡᠭᠡᠳ ᠤᠨ ᠭᠤᠣᠯ ᠬᠢᠨᠠᠨ ᠪᠣᠳᠣᠬᠤ ᠠᠭᠤᠯᠭ᠎ᠠ ᠶᠢ ᠲᠥᠷᠥᠯ ᠬᠤᠪᠢᠶᠠᠨ | ᠵᠢᠭᠰᠠᠭᠠᠵᠤ᠂ ᠡᠭᠦᠨ ᠳᠤ ᠨᠠᠮ ᠪᠠ ᠤᠯᠤᠰ ᠤᠨ ᠠᠵᠤ ᠠᠬᠤᠶ ᠶᠢᠨ ᠴᠢᠭᠯᠡᠯᠲᠡ ᠲᠦᠷᠦ ᠶᠢᠨ ᠪᠤᠳᠤᠯᠭ᠎ᠠ ᠵᠢᠴᠢ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ᠂ ᠴᠢᠬᠤᠯᠠ | ᠱᠠᠭᠠᠷᠳᠠᠯᠭ᠎ᠠ ᠲᠠᠢ ᠠᠵᠤ ᠠᠬᠤᠶ ᠶᠢᠨ ᠵᠦᠢᠯᠡᠰ ᠤᠨ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ᠂ | ᠡᠳ᠋ ᠤᠨ ᠵᠠᠰᠠᠭ ᠡᠳ᠋ ᠤᠨ ᠶᠠᠪᠤᠳᠠᠯ ᠤᠨ ᠬᠠᠮᠢᠶᠠᠷᠤᠯᠲᠠ ᠪᠠ ᠠᠵᠤ ᠠᠬᠤᠶ ᠶᠢᠨ ᠠᠶᠤᠯ ᠡᠷᠡᠰᠳᠡᠯ ᠢ ᠰᠡᠷᠭᠡᠶᠢᠯᠡᠭᠰᠡᠨ | ᠪᠠᠶᠢᠳᠠᠯ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠦᠢᠯᠡᠰ ᠪᠠ ᠪᠡᠯᠡ ᠮᠥᠩᠭᠦ ᠶᠢᠨ ᠬᠠᠮᠢᠶᠠᠷᠤᠯᠲᠠ | ᠬᠡᠷᠡᠭᠯᠡᠯᠲᠡ ᠶᠢᠨ ᠪᠠᠶᠢᠳᠠᠯ᠂ ᠵᠢᠴᠢ ᠠᠷᠢᠭᠤᠨ ᠴᠢᠬᠡᠴᠢ ᠪᠠᠷ ᠵᠠᠰᠠᠭᠯᠠᠬᠤ ︵ᠠᠵᠢᠯ ᠡᠷᠬᠢᠯᠡᠬᠦ︶ ᠲᠣᠭᠲᠠᠭᠠᠯ ᠢ | ᠵᠢᠷᠤᠮᠯᠠᠭᠰᠠᠨ ᠪᠠᠶᠢᠳᠠᠯ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠪᠠᠷ ᠪᠠᠭᠲᠠᠭᠠᠨ᠎ᠠ᠃ | | ᠠᠰᠠᠭᠤᠯᠲᠠ᠄ ᠬᠢᠨᠠᠨ ᠪᠤᠳᠤᠯᠲᠠ ᠶᠢᠨ ᠦᠨᠡᠯᠡᠯᠲᠡ ᠪᠣᠯ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ | ᠪᠤᠳᠤᠯᠲᠠ ᠶᠢᠨ ᠮᠡᠳᠡᠭᠦᠯᠦᠯᠲᠡ ᠶᠢᠨ ᠭᠤᠤᠯ ᠠᠭᠤᠯᠭ᠎ᠠ ᠮᠥᠨ᠂ ᠡᠨᠡ ᠤᠳᠠᠭ᠎ᠠ ᠨᠡᠮᠡᠯᠲᠡ᠂ ᠥᠭᠡᠷᠡᠴᠢᠯᠡᠯᠲᠡ | ᠣᠷᠣᠭᠤᠯᠬᠤ ᠳᠤ ᠬᠢᠨᠠᠨ ᠪᠤᠳᠤᠯᠲᠠ ᠶᠢᠨ ᠦᠨᠡᠯᠡᠯᠲᠡ ᠶᠢᠨ ᠲᠤᠬᠠᠶ ᠶᠠᠮᠠᠷ ᠪᠣᠳᠠᠲᠠᠶ ᠲᠣᠭᠲᠠᠭᠠᠯ ᠭᠠᠷᠭᠠᠭᠰᠠᠨ ᠪᠣᠶ︖ | | | ᠬᠠᠷᠢᠭᠤᠯᠲᠠ᠄ ᠬᠢᠨᠠᠨ ᠪᠤᠳᠤᠵᠤ ᠦᠨᠡᠯᠡᠬᠦ ᠪᠣᠯ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ | ᠪᠣᠳᠣᠯᠲᠠ ᠶᠢᠨ ᠪᠤᠰᠤᠳ ᠲᠥᠷᠥᠯ ᠤᠨ ᠬᠢᠨᠠᠨ ᠪᠣᠳᠣᠯᠲᠠ ᠠᠴᠠ ᠢᠯᠭᠠᠭᠳᠠᠬᠤ ᠴᠢᠬᠤᠯᠠ ᠣᠨᠴᠠᠯᠢᠭ ᠮᠥᠨ᠃ | ᠨᠡᠮᠡᠯᠲᠡ᠂ ᠥᠭᠡᠷᠡᠴᠢᠯᠡᠯᠲᠡ ᠣᠷᠣᠭᠤᠯᠬᠤ ᠶᠠᠪᠤᠴᠠ ᠳᠤ᠂ᠪᠢᠳᠡ ︽ᠭᠤᠷᠪᠠ ᠶᠢ ᠢᠯᠭᠠᠬᠤ︾ ᠴᠢᠬᠤᠯᠠ | ᠱᠠᠭᠠᠷᠳᠠᠯᠭ᠎ᠠ ᠶᠣᠰᠣᠭᠠᠷ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠥᠷᠭᠡᠨ ᠤᠯᠠᠨ ᠺᠠᠳ᠋ᠷᠴᠤᠳ ᠤᠨ | ᠰᠢᠨ᠎ᠡ ᠴᠠᠭ ᠦᠶ᠎ᠡ ᠳᠤ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠲᠠᠢ ᠪᠠᠶᠢᠬᠤ ᠶᠢ ᠴᠢᠨᠠᠭᠰᠢᠳᠠ | ᠵᠣᠷᠢᠭᠵᠢᠭᠤᠯᠬᠤ ᠲᠤᠬᠠᠢ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠡᠯᠡᠯᠲᠡ ᠬᠢᠬᠦ ᠳᠤ ᠦᠨᠡᠨ | ᠪᠣᠳᠠᠲᠠᠢ ᠪᠥᠭᠡᠳ ᠲᠥᠪ ᠰᠢᠳᠤᠷᠭᠤ᠂ ᠦᠨᠡᠨ ᠠᠴᠠ ᠵᠥᠪ ᠢ ᠡᠷᠢᠬᠦ ᠶᠢ ᠴᠢᠬᠤᠯᠠᠴᠢᠯᠠᠵᠤ᠂ ᠤᠳᠤᠷᠢᠳᠬᠤ | ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠨᠢᠭᠡ ᠳᠤ ᠬᠢᠨᠠᠨ ᠪᠤᠳᠤᠵᠤ ᠦᠨᠡᠯᠡᠬᠦ | ᠠᠭᠤᠯᠭ᠎ᠠ ᠶᠢ ᠲᠣᠳᠣᠷᠬᠠᠶᠢᠯᠠᠨ᠎ᠠ᠃ ᠬᠢᠨᠠᠨ ᠪᠤᠳᠤᠬᠤ ᠬᠡᠪᠴᠢᠶᠡᠨ ᠳᠣᠲᠣᠷ᠎ᠠ᠂ ᠤᠯᠠᠨ ᠨᠡᠶᠢᠲᠡ ᠶᠢᠨ ᠪᠡᠯᠡ ᠮᠥᠩᠭᠦ᠂ | ᠤᠯᠤᠰ ᠤᠨ ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠤᠨ ᠬᠠᠮᠢᠶᠠᠷᠤᠯᠲᠠ᠂ | ᠬᠤᠪᠢᠶᠠᠷᠢᠯᠠᠯᠲᠠ ᠪᠠ ᠬᠡᠷᠡᠭᠯᠡᠯᠲᠡ ᠶᠢᠨ ᠳᠤᠮᠳᠠᠬᠢ ᠲᠤᠬᠠᠢ ᠶᠢᠨ ᠬᠥᠮᠥᠨ ᠤ ᠠᠷᠢᠭᠤᠨ ᠴᠢᠬᠡᠴᠢ ᠪᠠᠷ ᠵᠠᠰᠠᠭᠯᠠᠬᠤ ︵ | ᠠᠵᠢᠯ ᠡᠷᠬᠢᠯᠡᠬᠦ︶ ᠲᠣᠭᠲᠠᠭᠠᠯ ᠢ ᠵᠢᠷᠤᠮᠯᠠᠭᠰᠠᠨ ᠵᠡᠷᠭᠡ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ | ᠪᠠᠶᠢᠳᠠᠯ ᠢ ᠪᠠᠭᠲᠠᠭᠠᠭᠰᠠᠨ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠦᠨᠡᠯᠡᠯᠲᠡ ᠬᠢᠬᠦ ᠶᠢ ᠴᠢᠬᠤᠯᠠᠴᠢᠯᠠᠪᠠ᠃ ᠬᠤᠶᠠᠷ ᠲᠤ | ᠬᠠᠷᠢᠭᠤᠴᠠᠯᠭ᠎ᠠ ᠶᠢ ᠵᠠᠭᠠᠭᠯᠠᠨ ᠲᠣᠭᠲᠠᠭᠠᠬᠤ ᠪᠣᠳᠠᠲᠠᠶ ᠪᠠᠶᠢᠳᠠᠯ ᠢ ᠨᠠᠷᠢᠯᠢᠬᠵᠢᠭᠤᠯᠤᠨ ᠲᠣᠳᠣᠷᠬᠠᠶᠢᠯᠠᠨ᠎ᠠ᠃ | ᠤᠳᠤᠷᠢᠳᠬᠤ ᠺᠠᠳ᠋ᠷᠴᠤᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠣᠳᠠᠲᠤ ᠨᠥᠬᠦᠴᠡᠯ ᠪᠠᠶᠢᠳᠠᠯ ᠲᠠᠢ | ᠤᠶᠠᠯᠳᠤᠭᠤᠯᠤᠨ᠂ ᠤᠳᠤᠷᠢᠳᠬᠤ ᠺᠠᠳ᠋ᠷᠴᠤᠳ ᠤᠨ ᠬᠢᠨᠠᠨ ᠪᠤᠳᠤᠯᠳᠠ ᠪᠠᠷ ᠢᠯᠡᠷᠡᠭᠦᠯᠦᠭᠰᠡᠨ ᠠᠰᠠᠭᠤᠳᠠᠯ ᠳᠤ | ᠰᠢᠭᠤᠳ ᠬᠠᠷᠢᠭᠤᠴᠠᠯᠭ᠎ᠠ ᠡᠭᠦᠷᠭᠡᠯᠡᠬᠦ᠂ ᠤᠳᠤᠷᠢᠳᠬᠤ ᠬᠠᠷᠢᠭᠤᠴᠠᠯᠭ᠎ᠠ ᠡᠭᠦᠷᠭᠡᠯᠡᠬᠦ ᠵᠡᠷᠭᠡ 2 ᠲᠦᠷᠦᠯ ᠤᠨ | ᠬᠠᠷᠢᠭᠤᠴᠠᠯᠭ᠎ᠠ ᠶᠢᠨ ᠭᠤᠣᠯ ᠪᠠᠶᠢᠳᠠᠯ ᠢ ᠵᠢᠭᠰᠠᠭᠠᠵᠤ᠂ ᠬᠠᠷᠢᠭᠤᠴᠠᠯᠭ᠎ᠠ ᠶᠢ ᠵᠠᠭᠠᠭᠯᠠᠨ ᠲᠣᠭᠲᠠᠭᠠᠬᠤ ᠶᠢᠨ ᠰᠢᠨᠵᠢᠯᠡᠬᠦ | ᠤᠬᠠᠭᠠᠨᠴᠢ ᠴᠢᠨᠠᠷ᠂ ᠣᠨᠣᠪᠴᠢᠲᠤ ᠴᠢᠨᠠᠷ ᠪᠠ ᠠᠵᠢᠯᠯᠠᠭᠠᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠪᠡ᠃ | ᠭᠤᠷᠪᠠ ᠳᠤ᠂ ᠦᠨᠡᠯᠡᠬᠦ ᠱᠠᠭᠠᠷᠳᠠᠯᠭ᠎ᠠ ᠶᠢ ᠴᠢᠩᠭᠠᠳᠬᠠᠨ᠎ᠠ᠃ ᠱᠠᠭᠠᠷᠳᠠᠯᠭ᠎ᠠ ᠨᠢ ᠡᠷᠬᠡ ᠬᠠᠷᠢᠭᠤᠴᠠᠯᠭ᠎ᠠ ᠶᠢ | ᠨᠢᠭᠡᠳᠦᠯᠲᠡᠶ ᠪᠠᠶᠢᠯᠭᠠᠬᠤ ᠵᠠᠷᠴᠢᠮ ᠶᠣᠰᠣᠭᠠᠷ᠂ ᠠᠳᠠᠯᠢ ᠪᠤᠰᠤ ᠤᠳᠤᠷᠢᠳᠬᠤ ᠲᠤᠰᠢᠶᠠᠯ ᠤᠨ ᠲᠤᠰᠢᠶᠠᠯ | ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠢᠨᠠᠨ ᠪᠣᠳᠣᠵᠤ ᠭᠡᠷᠡᠴᠢ ᠪᠠᠶᠢᠴᠠᠭᠠᠭᠰᠠᠨ ᠪᠤᠶᠤ ᠪᠣᠳᠠᠲᠤ | ᠪᠠᠶᠢᠳᠠᠯ ᠢ ᠨᠤᠲᠠᠯᠠᠭᠰᠠᠨ ᠰᠠᠭᠤᠷᠢᠨ ᠳᠡᠭᠡᠷ᠎ᠡ᠂ ᠤᠯᠠᠨ ᠵᠦᠢᠯ ᠤᠨ ᠠᠷᠭ᠎ᠠ ᠶᠢ ᠶᠡᠷᠦᠩᠬᠡᠶᠢᠯᠡᠨ ᠬᠡᠷᠡᠭᠯᠡᠵᠦ᠂ ᠴᠢᠨᠠᠷ | ᠴᠢᠨᠰᠠᠭ᠎ᠠ ᠶᠢ ᠲᠣᠭᠲᠠᠭᠠᠨ ᠦᠨᠡᠯᠡᠬᠦ ᠪᠠ ᠬᠡᠮᠵᠢᠶ᠎ᠡ ᠶᠢ ᠲᠣᠭᠲᠠᠭᠠᠨ ᠦᠨᠡᠯᠡᠬᠦ ᠶᠢ ᠪᠣᠳᠣᠯᠬᠢᠯᠠᠬᠤ ᠶᠢ | ᠤᠶᠠᠯᠳᠤᠭᠤᠯᠬᠤ ᠶᠢ ᠪᠠᠷᠢᠮᠲᠠᠯᠠᠵᠤ᠂ ᠬᠤᠯᠪᠣᠭᠳᠠᠬᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ᠂ ᠬᠠᠤᠯᠢ | ᠴᠠᠭᠠᠵᠠ ᠳᠦᠷᠢᠮ ᠲᠣᠭᠲᠠᠭᠠᠯ᠂ ᠲᠦᠷᠦ ᠶᠢᠨ ᠪᠤᠳᠤᠯᠭ᠎ᠠ ᠶᠢᠨ ᠲᠣᠭᠲᠠᠭᠠᠯ᠂ ᠬᠠᠷᠢᠭᠤᠴᠠᠯᠭ᠎ᠠ ᠶᠢᠨ ᠲᠦᠷᠢᠮ ᠤᠨ | ᠰᠢᠯᠭᠠᠨ ᠦᠨᠡᠯᠡᠬᠦ ᠵᠣᠷᠢᠯᠲᠠ ᠵᠡᠷᠭᠡ ᠶᠢ ᠦᠨᠳᠦᠰᠦᠯᠡᠨ᠂ ᠬᠤᠯᠪᠣᠭᠳᠠᠬᠤ ᠠᠰᠠᠭᠤᠳᠠᠯ ᠤᠨ ᠲᠡᠦᠬᠡᠨ ᠠᠬᠤᠢ ᠪᠠᠶᠢᠳᠠᠯ᠂ | ᠰᠢᠢᠳᠪᠦᠷᠢᠲᠦ ᠪᠤᠳᠤᠯᠭ᠎ᠠ ᠲᠣᠭᠲᠠᠭᠠᠬᠤ ᠶᠠᠪᠤᠴᠠ᠂ ᠰᠢᠨᠵᠢ ᠴᠢᠨᠠᠷ᠂ ᠦᠷ᠎ᠡ ᠳ᠋ᠦᠩ ᠪᠠ ᠤᠳᠤᠷᠢᠳᠬᠤ ᠺᠠᠳ᠋ᠷ ᠤᠨ | ᠪᠣᠳᠠᠲᠠᠢ ᠭᠠᠷᠭᠠᠭᠰᠠᠨ ᠦᠷ᠎ᠡ ᠨᠥᠯᠥᠭᠡ ᠵᠡᠷᠭᠡ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠲᠡᠭᠦᠨ ᠤ ᠡᠭᠦᠷᠭᠡᠯᠡᠪᠡᠰᠦ | ᠵᠣᠬᠢᠬᠤ ᠬᠠᠷᠢᠭᠤᠴᠠᠯᠭ᠎ᠠ ᠶᠢ ᠵᠠᠭᠠᠭᠯᠠᠨ ᠲᠣᠭᠲᠠᠭᠠᠪᠠ᠃ | | ᠠᠰᠠᠭᠤᠯᠲᠠ᠄ ᠬᠢᠨᠠᠨ ᠪᠤᠳᠤᠯᠲᠠ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠬᠤ ᠲᠠᠯ᠎ᠠ ᠪᠠᠷ᠂ | ᠡᠨᠡ ᠤᠳᠠᠭ᠎ᠠ ᠨᠡᠮᠡᠯᠲᠡ᠂ ᠥᠭᠡᠷᠡᠴᠢᠯᠡᠯᠲᠡ ᠣᠷᠣᠭᠤᠯᠬᠤ ᠳᠤ ᠶᠠᠮᠠᠷ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠣᠶ︖ | | | ᠬᠠᠷᠢᠭᠤᠯᠲᠠ᠄ ᠬᠢᠨᠠᠨ ᠪᠣᠳᠣᠭᠰᠠᠨ ᠦᠷ᠎ᠡ ᠳ᠋ᠦᠩ ᠢ ᠬᠡᠷᠡᠭᠯᠡᠬᠦ ᠪᠣᠯ ᠠᠵᠤ ᠠᠬᠤᠶ ᠶᠢᠨ ᠬᠠᠷᠢᠭᠤᠴᠠᠯᠭ᠎ᠠ ᠶᠢ | ᠬᠢᠨᠠᠨ ᠪᠣᠳᠣᠬᠤ ᠴᠢᠬᠤᠯᠠ ᠵᠠᠩᠭᠢᠯᠠᠭ᠎ᠠ ᠮᠥᠨ᠂ ᠬᠢᠨᠠᠨ ᠪᠣᠳᠣᠬᠤ ᠦᠷ᠎ᠡ ᠨᠥᠯᠥᠭᠡ ᠶᠢ ᠪᠠᠳᠠᠷᠠᠭᠤᠯᠬᠤ ᠪᠠ ᠬᠢᠨᠠᠨ | ᠪᠣᠳᠣᠬᠤ ᠵᠣᠷᠢᠯᠲᠠ ᠶᠢ ᠪᠡᠶᠡᠯᠡᠭᠦᠯᠬᠦ ᠳᠤ ᠬᠤᠯᠪᠣᠭᠳᠠᠬᠤ ᠪᠣᠯᠬᠤᠷ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠡᠭᠦᠨ ᠢ ᠵᠠᠪᠠᠯ ᠴᠢᠬᠤᠯᠠᠴᠢᠯᠠᠨ ᠬᠡᠷᠡᠭᠵᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠴᠦ | ᠨᠡᠶᠢᠳᠡᠮ ᠠᠩᠬᠠᠷᠴᠤ ᠪᠠᠶᠢᠨ᠎ᠠ᠃ ᠡᠨᠡ ᠤᠳᠠᠭ᠎ᠠ ᠨᠡᠮᠡᠯᠲᠡ᠂ ᠥᠭᠡᠷᠡᠴᠢᠯᠡᠯᠲᠡ ᠣᠷᠣᠭᠤᠯᠬᠤ ᠳᠠᠭᠠᠨ ᠨᠢᠭᠡ ᠳᠤ ᠬᠢᠨᠠᠨ | ᠪᠣᠳᠣᠭᠰᠠᠨ ᠦᠷ᠎ᠡ ᠳ᠋ᠦᠩ ᠤᠨ ᠬᠡᠷᠡᠭᠯᠡᠯᠲᠡ ᠶᠢᠨ ᠶᠡᠷᠦᠩᠬᠡᠶ ᠱᠠᠭᠠᠷᠳᠠᠯᠭ᠎ᠠ ᠶᠢ ᠲᠣᠳᠣᠷᠬᠠᠶᠢᠯᠠᠵᠤ᠂ ᠲᠤᠬᠠᠶᠢᠯᠠᠪᠠᠯ | ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ | ᠪᠤᠳᠤᠭᠰᠠᠨ ᠪᠠᠶᠢᠳᠠᠯ ᠢ ᠮᠡᠳᠡᠭᠳᠡᠬᠦ᠂ ᠬᠠᠷᠢᠭᠤᠴᠠᠯᠭ᠎ᠠ ᠬᠦᠯᠢᠶᠡᠯᠭᠡᠬᠦ᠂ ᠴᠡᠭᠴᠡᠯᠡᠨ ᠥᠭᠡᠷᠡᠴᠢᠯᠡᠵᠦ | ᠨᠠᠶᠢᠳᠠᠪᠤᠷᠢᠵᠢᠭᠤᠯᠬᠤ᠂ ᠦᠷ᠎ᠡ ᠳ᠋ᠦᠩ ᠢ ᠢᠯᠡ ᠨᠡᠶᠢᠲᠡᠯᠡᠬᠦ ᠵᠡᠷᠭᠡ ᠦᠷ᠎ᠡ ᠳ᠋ᠦᠩ ᠢ ᠬᠡᠷᠡᠭᠯᠡᠬᠦ ᠲᠦᠷᠢᠮ ᠢ | ᠪᠠᠶᠢᠭᠤᠯᠤᠨ ᠪᠦᠷᠢᠨᠰᠢᠬᠦᠯᠵᠦ᠂ ᠬᠢᠨᠠᠨ ᠪᠤᠳᠤᠭᠰᠠᠨ ᠦᠷ᠎ᠡ ᠳ᠋ᠦᠩ ᠵᠢᠴᠢ ᠴᠡᠭᠴᠡᠯᠡᠨ ᠰᠠᠶᠢᠵᠢᠷᠠᠭᠤᠯᠤᠭᠰᠠᠨ | ᠪᠠᠶᠢᠳᠠᠯ ᠢ ᠤᠳᠤᠷᠢᠳᠬᠤ ᠺᠠᠳ᠋ᠷ ᠢ ᠰᠢᠯᠭᠠᠨ ᠦᠨᠡᠯᠡᠬᠦ᠂ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ | ᠂ ᠱᠠᠩᠨᠠᠵᠤ ᠰᠢᠢᠳᠬᠡᠬᠦ ᠴᠢᠬᠤᠯᠠ ᠯᠠᠪᠯᠠᠯᠲᠠ ᠪᠣᠯᠭᠠᠬᠤ ᠶᠢᠨ ᠬᠠᠮᠲᠤ ᠬᠤᠯᠪᠣᠭᠳᠠᠬᠤ ᠮᠡᠳᠡᠭᠦᠯᠦᠯᠲᠡ ᠶᠢ ᠬᠢᠨᠠᠨ | ᠪᠤᠳᠤᠯᠲᠠ ᠬᠢᠯᠭᠡᠭᠰᠡᠨ ᠤᠳᠤᠷᠢᠳᠬᠤ ᠺᠠᠳ᠋ᠷ ᠤᠨ ᠲᠣᠰ ᠬᠥᠮᠦᠨ ᠤ ᠲᠠᠩᠰᠠ ᠡᠪᠬᠡᠮᠡᠯ ᠳᠤ ᠣᠷᠣᠭᠤᠯᠤᠨ᠎ᠠ᠃ | ᠬᠤᠶᠠᠷ ᠲᠤ ᠦᠷ᠎ᠡ ᠳ᠋ᠦᠩ ᠢ ᠬᠡᠷᠡᠭᠯᠡᠬᠦ ᠶᠠᠪᠤᠴᠠ ᠳᠠᠬᠢ ᠠᠳᠠᠯᠢ ᠪᠤᠰᠤ ᠪᠡᠶᠡᠴᠢ ᠴᠣᠭᠴᠠ ᠶᠢᠨ ᠲᠤᠰᠢᠶᠠᠯ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ᠂ | ᠬᠠᠮᠲᠤᠷᠠᠭᠰᠠᠨ ᠬᠤᠷᠠᠯᠳᠤᠭᠠᠨ ᠤ ᠪᠤᠰᠤᠳ ᠪᠦᠷᠢᠯᠳᠦᠬᠦᠨ ᠨᠢᠭᠡᠴᠢ᠂ ᠬᠤᠯᠪᠣᠭᠳᠠᠬᠤ ᠡᠷᠬᠢᠯᠡᠨ ᠬᠠᠮᠢᠶᠠᠷᠴᠤ | ᠵᠣᠬᠢᠴᠠᠭᠤᠯᠬᠤ ᠰᠠᠯᠠᠭ᠎ᠠ ᠮᠥᠴᠢᠷ ᠤᠨ ᠭᠤᠣᠯ ᠲᠤᠰᠢᠶᠠᠯ ᠬᠠᠷᠢᠭᠤᠴᠠᠯᠭ᠎ᠠ ᠶᠢᠨ ᠲᠤᠬᠠᠶ ᠲᠤᠰ ᠲᠤᠰ ᠲᠣᠭᠲᠠᠭᠠᠯ | ᠭᠠᠷᠭᠠᠪᠠ᠃ ᠭᠤᠷᠪᠠ ᠳᠤ᠂ ᠬᠢᠨᠠᠨ ᠪᠤᠳᠤᠯᠲᠠ ᠬᠢᠯᠭᠡᠭᠰᠡᠨ ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ | ᠨᠢᠭᠡᠴᠢ ᠶᠢᠨ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠬᠤᠯᠠᠴᠢᠯᠠᠵᠤ᠂ ᠬᠢᠨᠠᠨ | ᠪᠤᠳᠤᠯᠲᠠ ᠶᠢᠨ ᠦᠷ᠎ᠡ ᠳ᠋ᠦᠩ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠭ᠎ᠠ ᠨᠢᠭᠡᠴᠢ ᠶᠢᠨ | ᠤᠳᠤᠷᠢᠳᠬᠤ ᠪᠠᠭ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭᠯᠠᠬᠤ ᠪᠠᠶᠢᠭᠤᠯᠤᠯᠲᠠ ᠶᠢᠨ | ᠬᠠᠷᠢᠭᠤᠴᠠᠯᠭ᠎ᠠ ᠶᠢᠨ ᠲᠦᠷᠢᠮ ᠤᠨ ᠪᠠᠶᠢᠴᠠᠭᠠᠵᠤ ᠰᠢᠯᠭᠠᠨ ᠦᠨᠡᠯᠡᠬᠦ ᠠᠭᠤᠯᠭ᠎ᠠ ᠵᠢᠴᠢ ᠤᠳᠤᠷᠢᠳᠬᠤ ᠪᠠᠭ ᠤᠨ | ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠪᠦᠷᠢᠯᠳᠦᠬᠦᠨ ᠤ ᠬᠠᠷᠢᠭᠤᠴᠠᠯᠭ᠎ᠠ ᠶᠢᠨ ᠮᠡᠳᠡᠭᠦᠯᠦᠯᠲᠡ ᠪᠠ | ᠠᠷᠢᠭᠤᠨ ᠴᠢᠬᠡᠴᠢ ᠶᠢᠨ ᠮᠡᠳᠡᠭᠦᠯᠦᠯᠲᠡ ᠶᠢᠨ ᠴᠢᠬᠤᠯᠠ ᠠᠭᠤᠯᠭ᠎ᠠ ᠳᠤ ᠣᠷᠣᠭᠤᠯᠬᠤ ᠶᠢ ᠴᠢᠬᠤᠯᠠᠴᠢᠯᠠᠪᠠ᠃ | | ᠠᠰᠠᠭᠤᠯᠲᠠ᠄ ᠬᠢᠨᠠᠨ ᠪᠤᠳᠤᠬᠤ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠲᠠᠯ᠎ᠠ ᠪᠠᠷ᠂ | ᠡᠨᠡ ᠤᠳᠠᠭ᠎ᠠ ᠨᠡᠮᠡᠯᠲᠡ᠂ ᠥᠭᠡᠷᠡᠴᠢᠯᠡᠯᠲᠡ ᠣᠷᠣᠭᠤᠯᠬᠤ ᠳᠤ ᠶᠠᠮᠠᠷ ᠪᠣᠳᠠᠲᠠᠶ ᠲᠣᠭᠲᠠᠭᠠᠯ ᠭᠠᠷᠭᠠᠭᠰᠠᠨ ᠪᠣᠶ︖ | | ᠬᠠᠷᠢᠭᠤᠯᠲᠠ᠄ ︽ᠲᠣᠭᠲᠠᠭᠠᠯ︾ ᠳᠤ ᠬᠢᠨᠠᠨ ᠪᠤᠳᠤᠬᠤ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠢ | ᠪᠠᠲᠤᠯᠠᠬᠤ ᠶᠢ ᠴᠢᠬᠤᠯᠠᠴᠢᠯᠠᠨ᠎ᠠ᠂ ᠡᠨᠡ ᠨᠢ ᠬᠢᠨᠠᠨ ᠪᠤᠳᠤᠬᠤ ᠡᠯ᠎ᠡ ᠵᠠᠩᠭᠢᠯᠠᠭ᠎ᠠ ᠳᠤ ᠪᠣᠳᠠᠲᠠᠶ ᠪᠠᠷ ᠢᠯᠡᠷᠡᠵᠦ ᠪᠣᠶ᠄ | ᠨᠢᠭᠡ ᠳᠤ ᠬᠢᠨᠠᠨ ᠪᠤᠳᠤᠬᠤ ᠨᠢᠭᠤᠴᠠᠯᠠᠬᠤ ᠡᠭᠦᠷᠭᠡ ᠶᠢ ᠲᠣᠳᠣᠷᠬᠠᠶᠢᠯᠠᠨ᠎ᠠ᠃ ᠠᠵᠤ ᠠᠬᠤᠶ ᠶᠢᠨ ᠬᠠᠷᠢᠭᠤᠴᠠᠯᠭ᠎ᠠ ᠶᠢ | ᠬᠢᠨᠠᠨ ᠪᠤᠳᠤᠬᠤ ᠠᠵᠢᠯ ᠤᠨ ᠳᠤᠮᠳᠠ ᠨᠢᠭᠡᠨᠲᠡ ᠮᠡᠳᠡᠭᠰᠡᠨ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ | ᠲᠤᠬᠠᠢ ᠶᠢᠨ ᠬᠥᠮᠥᠨ ᠤ ᠨᠢᠭᠤᠴᠠ ᠶᠢᠨ ᠨᠢᠭᠤᠴᠠᠯᠠᠬᠤ ᠡᠭᠦᠷᠭᠡ ᠲᠠᠢ ᠪᠠᠶᠢᠬᠤ ᠶᠢ ᠬᠢᠨᠠᠨ ᠪᠤᠳᠤᠬᠤ ᠺᠣᠮᠢᠰ ᠤᠨ | ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠪᠠ ᠬᠢᠨᠠᠨ ᠪᠤᠳᠤᠬᠤ ᠠᠵᠢᠯᠳᠠᠨ ᠳᠤ ᠱᠠᠭᠠᠷᠳᠠᠨ᠎ᠠ᠃ ᠬᠤᠶᠠᠷ ᠲᠤ | ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠬᠢᠨᠠᠨ ᠪᠤᠳᠤᠬᠤ ᠶᠢ ᠴᠢᠩᠳᠠᠯᠠᠬᠤ ᠶᠢ ᠴᠢᠬᠤᠯᠠᠴᠢᠯᠠᠪᠠ᠃ ᠬᠢᠨᠠᠨ | ᠪᠤᠳᠤᠯᠳᠠ ᠶᠢᠨ ᠮᠡᠳᠡᠭᠳᠡᠯ ᠤᠨ ᠪᠢᠴᠢᠭ᠂ ᠬᠢᠨᠠᠨ ᠪᠤᠳᠤᠯᠳᠠ ᠶᠢᠨ ᠴᠡᠭ ᠲᠤ ᠣᠷᠣᠬᠤ ᠬᠤᠷᠠᠯ ᠢ ᠬᠦᠷᠭᠡᠬᠦ᠂ | ᠮᠠᠲ᠋ᠧᠷᠢᠶᠠᠯ ᠬᠠᠩᠭᠠᠬᠤ᠂ ᠰᠠᠨᠠᠯ ᠰᠣᠨᠣᠰᠬᠤ᠂ ᠬᠢᠨᠠᠨ ᠪᠤᠳᠤᠯᠳᠠ ᠶᠢᠨ ᠪᠢᠴᠢᠭ ᠤᠨ ᠰᠠᠨᠠᠯ ᠬᠤᠷᠢᠶᠠᠬᠤ ᠪᠠ ᠬᠢᠨᠠᠨ | ᠪᠤᠳᠤᠯᠳᠠ ᠶᠢᠨ ᠦᠷ᠎ᠡ ᠳ᠋ᠦᠩ ᠢ ᠬᠦᠷᠭᠡᠬᠦ᠂ ᠬᠠᠷᠢᠭᠤ ᠲᠤᠰᠬᠠᠬᠤ ᠵᠡᠷᠭᠡ ᠡᠯ᠎ᠡ ᠭᠤᠭᠴᠤᠭ᠎ᠠ ᠳᠤ ᠵᠢᠷᠤᠮ ᠢ | ᠨᠠᠷᠢᠯᠢᠬᠵᠢᠭᠤᠯᠤᠨ ᠲᠣᠳᠣᠷᠬᠠᠶᠢᠯᠠᠪᠠ᠃ ᠭᠤᠷᠪᠠ ᠳᠤ ᠬᠢᠨᠠᠨ ᠪᠤᠳᠤᠬᠤ ᠡᠲᠡᠭᠡᠳ ᠢ ᠲᠡᠳᠬᠦᠬᠦ ᠠᠷᠭ᠎ᠠ ᠵᠠᠮ ᠢ | ᠲᠡᠭᠦᠯᠳᠡᠷᠵᠢᠭᠦᠯᠦᠨ᠎ᠡ᠃ ᠬᠢᠨᠠᠨ ᠪᠣᠳᠣᠭᠳᠠᠬᠤ ᠤᠳᠤᠷᠢᠳᠬᠤ ᠺᠠᠳ᠋ᠷ ᠬᠢᠨᠠᠨ ᠪᠣᠳᠣᠬᠤ ᠵᠥᠪᠯᠡᠯ ᠤᠨ ᠠᠯᠪᠠᠨ ᠭᠡᠷ᠂ | ᠬᠢᠨᠠᠨ ᠪᠣᠳᠣᠬᠤ ᠪᠠᠶᠢᠭᠤᠯᠭ᠎ᠠ ᠶᠢᠨ ᠭᠠᠷᠭᠠᠭᠰᠠᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠭᠰᠠᠨ | ᠮᠡᠳᠡᠭᠦᠯᠦᠯᠲᠡ ᠳᠤ ᠣᠨᠳᠣᠣ ᠰᠠᠨᠠᠯ ᠲᠠᠢ ᠲᠣᠬᠢᠶᠠᠯᠳᠤᠯ ᠳᠤ᠂ ᠬᠢᠨᠠᠨ ᠪᠤᠳᠤᠭᠰᠠᠨ ᠮᠡᠳᠡᠭᠦᠯᠦᠯᠲᠡ ᠶᠢ ᠣᠯᠤᠭᠰᠠᠨ | ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠠᠳᠠᠯᠢ ᠱᠠᠲᠤᠨ ᠤ ᠬᠢᠨᠠᠨ ᠪᠤᠳᠤᠬᠤ ᠺᠣᠮᠢᠰ ᠤᠨ ᠠᠯᠪᠠᠨ ᠭᠡᠷ ᠲᠤ | ᠭᠤᠮᠣᠳᠠᠯ ᠲᠣᠭᠠᠴᠢᠵᠤ ᠪᠣᠯᠤᠨ᠎ᠠ᠂ ᠬᠢᠨᠠᠨ ᠪᠤᠳᠤᠬᠤ ᠺᠣᠮᠢᠰ ᠤᠨ ᠠᠯᠪᠠᠨ ᠭᠡᠷ ᠲᠣᠭᠲᠠᠭᠠᠯ ᠶᠣᠰᠣᠭᠠᠷ ᠳᠠᠪᠲᠠᠨ | ᠪᠠᠶᠢᠴᠠᠭᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠭᠤᠮᠣᠳᠠᠯ ᠲᠣᠭᠠᠴᠢᠯᠲᠠ ᠶᠢ ᠣᠯᠤᠭᠰᠠᠨ ᠡᠳᠦᠷ ᠠᠴᠠ | ᠡᠬᠢᠯᠡᠨ 90 ᠡᠳᠦᠷ ᠤᠨ ᠳᠣᠲᠣᠷ᠎ᠠ ᠳᠠᠪᠲᠠᠨ ᠪᠠᠶᠢᠴᠠᠭᠠᠭᠰᠠᠨ ᠰᠠᠨᠠᠯ ᠢᠶᠠᠨ ᠳᠤᠷᠠᠳᠴᠤ᠂ ᠬᠢᠨᠠᠨ ᠪᠤᠳᠤᠬᠤ | ᠺᠣᠮᠢᠰ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠲᠠᠷᠠᠭ᠎ᠠ ᠳᠠᠪᠲᠠᠨ ᠪᠠᠶᠢᠴᠠᠭᠠᠭᠰᠠᠨ ᠲᠣᠭᠲᠠᠭᠠᠯ ᠭᠠᠷᠭᠠᠪᠠ᠃ | | ᠠᠰᠠᠭᠤᠯᠲᠠ᠄ ᠬᠠᠮᠤᠭ ᠰᠡᠭᠦᠯ ᠳᠤ᠂ ︽ᠲᠣᠭᠲᠠᠭᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠬᠡᠷᠬᠢᠨ ᠰᠠᠶᠢᠲᠤᠷ ᠭᠦᠢᠴᠡᠳᠬᠡᠬᠦ ᠲᠤᠬᠠᠶ ᠶᠠᠷᠢᠭᠠᠳ ᠥᠭᠭᠦᠨ᠎ᠡ ᠦᠦ︖ | | ᠬᠠᠷᠢᠭᠤᠯᠲᠠ᠄ ᠳᠦᠷᠢᠮ ᠤᠨ ᠠᠮᠢᠵᠢᠷᠠᠯ ᠤᠨ ᠬᠦᠴᠦᠨ ᠨᠢ ᠬᠡᠷᠡᠭᠵᠢᠭᠦᠯᠬᠦ ᠳᠤ ᠪᠤᠢ᠃ ᠪᠢᠳᠡ ᠬᠤᠯᠪᠣᠭᠳᠠᠬᠤ | ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠶ ᠰᠠᠶᠢᠲᠤᠷ ᠭᠦᠢᠴᠡᠳᠬᠡᠨ᠎ᠡ᠃ ᠨᠢᠭᠡ ᠳᠤ | ᠰᠤᠷᠤᠯᠴᠠᠯᠭ᠎ᠠ ᠰᠤᠷᠭᠠᠯᠲᠠ ᠶᠢ ᠴᠢᠩᠭᠠᠳᠬᠠᠨ᠎ᠠ᠃ ᠨᠢᠭᠡ ᠲᠠᠯ᠎ᠠ ᠪᠠᠷ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ | ᠪᠤᠳᠤᠬᠤ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠵᠦ ᠪᠠᠶᠢᠭ᠎ᠠ ᠬᠤᠯᠪᠣᠭᠳᠠᠬᠤ ᠨᠢᠭᠡᠴᠢ ᠪᠠ | ᠠᠵᠢᠯᠲᠠᠨ ᠢ ᠬᠡᠨ ᠳᠠᠷᠤᠢ ᠳᠤᠨᠢ ᠵᠣᠬᠢᠶᠠᠨ ᠪᠠᠶᠢᠭᠤᠯᠤᠨ ᠪᠣᠯᠪᠠᠰᠤᠷᠠᠭᠤᠯᠵᠤ᠂ ︽ᠲᠣᠭᠲᠠᠭᠠᠯ︾ ᠢ ᠡᠷᠴᠢᠮᠲᠡᠢ ᠢ | ᠰᠤᠷᠤᠯᠴᠠᠨ ᠣᠶᠢᠯᠠᠭᠠᠵᠤ᠂ ︽ᠲᠣᠭᠲᠠᠭᠠᠯ︾ ᠤᠨ ᠠᠭᠤᠯᠭ᠎ᠠ ᠪᠠ ᠵᠣᠷᠢᠭ ᠰᠠᠨᠠᠭ᠎ᠠ ᠶᠢ ᠣᠨᠣᠪᠴᠢᠲᠠᠶ ᠡᠵᠡᠮᠰᠢᠬᠦ ᠶᠢ | ᠠᠬᠢᠭᠤᠯᠪᠠ᠃ ᠨᠥᠭᠦᠭᠡ ᠲᠠᠯ᠎ᠠ ᠪᠠᠷ᠂ ᠤᠬᠠᠭᠤᠯᠤᠨ ᠳᠠᠭᠠᠭᠤᠯᠤᠨ ᠵᠢᠯᠣᠭᠤᠳᠬᠤ ᠶᠢ ᠴᠢᠩᠭᠠᠳᠬᠠᠵᠤ᠂ | ᠬᠤᠯᠪᠣᠭᠳᠠᠬᠤ ᠤᠳᠤᠷᠢᠳᠬᠤ ᠺᠠᠳ᠋ᠷᠴᠤᠳ ᠲᠤ ︽ᠲᠣᠭᠲᠠᠭᠠᠯ︾ ᠤᠨ ᠱᠠᠭᠠᠷᠳᠠᠯᠭ᠎ᠠ ᠶᠢ ᠣᠶᠢᠯᠠᠭᠠᠭᠤᠯᠵᠤ᠂ ︽ | ᠲᠣᠭᠲᠠᠭᠠᠯ︾ ᠢ ᠥᠪᠡᠷ ᠤᠨ ᠪᠡᠶ᠎ᠡ ᠪᠠᠷ ᠢᠶᠠᠨ ᠳᠠᠭᠤᠷᠢᠶᠠᠯ ᠪᠣᠯᠣᠨ ᠲᠤᠤᠱᠯᠠᠭᠤᠯᠤᠨ ᠬᠡᠷᠡᠭᠵᠢᠭᠦᠯᠵᠦ᠂ ᠬᠢᠨᠠᠨ | ᠪᠤᠳᠤᠬᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ | ᠡᠷᠬᠡ ᠪᠠᠨ ᠬᠡᠷᠡᠭᠯᠡᠬᠦ᠂ ᠭᠤᠤᠯᠴᠢ ᠪᠠᠷ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ | ᠪᠡᠶᠡᠯᠡᠭᠦᠯᠬᠦ ᠬᠡᠷᠡᠭᠲᠡᠶ᠃ ᠬᠤᠶᠠᠷ ᠲᠤ ᠨᠠᠷᠢᠨ ᠬᠢᠨᠠᠮᠠᠭᠠᠶ ᠪᠠᠷ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ᠃ ᠡᠯ᠎ᠡ | ᠱᠠᠲᠤᠨ ᠤ ᠬᠢᠨᠠᠨ ᠪᠤᠳᠤᠬᠤ ᠵᠥᠪᠯᠡᠯ ᠤᠨ ᠠᠯᠪᠠᠨ ᠬᠡᠷ᠂ ᠬᠢᠨᠠᠨ ᠪᠤᠳᠤᠬᠤ ᠪᠠᠶᠢᠭᠤᠯᠭ᠎ᠠ ᠨᠤᠭᠤᠳ ᠠᠵᠤ ᠠᠬᠤᠶ ᠶᠢᠨ | ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ ᠢ ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠪᠠ ᠪᠦᠬᠦᠯᠢ ᠴᠣᠭᠴᠠ ᠪᠠᠷ | ᠠᠬᠢᠭᠤᠯᠬᠤ ᠪᠠᠨ ᠴᠢᠩᠭᠠᠳᠬᠠᠵᠤ᠂ ︽ᠲᠣᠭᠲᠠᠭᠠᠯ︾ ᠳᠤ ᠲᠣᠳᠣᠷᠬᠠᠶᠢᠯᠠᠭᠰᠠᠨ ᠡᠭᠦᠷᠭᠡ ᠬᠠᠷᠢᠭᠤᠴᠠᠯᠭ᠎ᠠ᠂ | ᠬᠠᠮᠤᠷᠬᠤ ᠴᠠᠷᠠᠭ᠎ᠠ ᠬᠦᠷᠢᠶ᠎ᠡ᠂ ᠡᠷᠬᠡ ᠶᠢᠨ ᠬᠢᠵᠠᠭᠠᠷ ᠪᠠ ᠳᠦᠷᠢᠮ ᠲᠣᠭᠲᠠᠭᠠᠯ ᠤᠨ ᠳᠠᠭᠠᠤ᠂ ᠠᠵᠤ ᠠᠬᠤᠶ ᠶᠢᠨ | ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ ᠢ ᠲᠣᠭᠲᠠᠭᠠᠯ ᠶᠣᠰᠣᠭᠠᠷ ᠬᠠᠤᠯᠢ ᠲᠣᠭᠲᠠᠭᠠᠯ ᠤᠨ ᠵᠢᠭᠠᠯᠲᠠ ᠶᠢᠨ | ᠳᠠᠭᠠᠤ ᠥᠷᠨᠢᠭᠦᠯᠵᠦ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ ᠤᠨ ᠴᠢᠨᠠᠷ ᠴᠢᠨᠰᠠᠭ᠎ᠠ ᠪᠠ | ᠬᠢᠷᠢ ᠲᠥᠪᠰᠢᠨ ᠢ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠨ᠎ᠠ᠃ | ︽ᠲᠣᠭᠲᠠᠭᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠠᠪᠤᠴᠠ ᠳᠤ ᠲᠤᠯᠭᠠᠷᠠᠭᠰᠠᠨ ᠬᠤᠯᠪᠣᠭᠳᠠᠬᠤ | ᠠᠰᠠᠭᠤᠳᠠᠯ ᠪᠠ ᠪᠠᠶᠢᠳᠠᠯ ᠳᠤ᠂ ᠡᠯ᠎ᠡ ᠱᠠᠲᠤᠨ ᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ | ᠠᠵᠢᠯ ᠤᠨ ᠬᠠᠮᠲᠤᠷᠠᠭᠰᠠᠨ ᠬᠤᠷᠠᠯ ᠵᠢᠴᠢ ᠲᠡᠭᠦᠨ ᠤ ᠠᠯᠪᠠᠨ ᠬᠡᠷ ᠠᠴᠠ ᠪᠠᠶᠢᠴᠠᠭᠠᠨ ᠰᠤᠳᠤᠯᠤᠯᠲᠠ ᠬᠢᠬᠦ ᠪᠠᠨ | ᠴᠢᠩᠭᠠᠳᠬᠠᠵᠤ᠂ ᠢᠳᠡᠪᠬᠢᠲᠡᠶ ᠪᠠᠷ ᠰᠢᠢᠳᠪᠦᠷᠢᠯᠡᠬᠦ ᠶᠢ ᠳᠥᠯᠭᠢᠨ ᠠᠬᠢᠭᠤᠯᠵᠤ᠂ ︽ᠲᠣᠭᠲᠠᠭᠠᠯ︾ ᠤᠨ ᠡᠯ᠎ᠡ | ᠲᠥᠷᠥᠯ ᠤᠨ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠰᠢᠨ᠎ᠡ ᠴᠠᠭ | ᠦᠶ᠎ᠡ ᠶᠢᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠭᠦᠢᠴᠡᠳᠬᠡᠬᠦ ᠬᠡᠷᠡᠭᠲᠡᠢ | | | | ᠲᠠᠶᠢᠯᠤᠮᠵᠢ ᠬᠢᠭᠴᠢ᠄ ᠢᠦᠶ ᡁᠢ ᠹᠧᠩ ᠠᠯᠠᠱᠠ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ | | ᠪᠢᠴᠢᠭ ᠮᠠᠲ᠋ᠧᠷᠢᠶᠠᠯ ᠤᠨ ᠲᠤᠬᠠᠢ ᠴᠠᠬᠢᠮ ᠬᠠᠭᠤᠳᠠᠰᠤ | | | ᠠᠯᠠᠱᠠ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶᠠᠨ ᠤ ᠳᠠᠮᠵᠢᠭᠤᠯᠤᠨ ᠨᠡᠶᠢᠲᠡᠯᠡᠬᠦ ︽ᠨᠠᠮ | ᠵᠠᠰᠠᠭ ᠤᠨ ᠭᠤᠤᠯ ᠤᠳᠤᠷᠢᠳᠬᠤ ᠺᠠᠳ᠋ᠷ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠶᠢᠨ ᠭᠤᠤᠯ ᠤᠳᠤᠷᠢᠳᠬᠤ ᠬᠥᠮᠦᠰ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ | ᠲᠣᠭᠲᠠᠭᠠᠯ︾ | | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ | | | | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | |