ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ | | ︵1996 ᠣᠨ ᠤ 3 ᠰᠠᠷ᠎ᠠ ᠶᠢᠨ 17 ᠤ ᠡᠳᠦᠷ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠠᠴᠠ ᠪᠠᠲᠤᠯᠠᠪᠠ 2009 | ᠣᠨ ᠤ 8 ᠰᠠᠷ᠎ᠠ ᠶᠢᠨ 27 ᠤ ᠡᠳᠦᠷ ᠤᠨ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠬᠡᠰᠡᠭ ᠬᠠᠤᠯᠢ ᠴᠠᠭᠠᠵᠠ ᠳᠤ | ᠨᠡᠮᠡᠯᠲᠡ ᠥᠭᠡᠷᠡᠴᠢᠯᠡᠯᠲᠡ ᠣᠷᠣᠭᠤᠯᠬᠤ ᠲᠤᠬᠠᠶ ᠲᠣᠭᠲᠠᠭᠠᠯ︾ ᠠᠩᠬᠠᠳᠤᠭᠠᠷ ᠤᠳᠠᠭ᠎ᠠ ᠨᠡᠮᠡᠯᠲᠡ ᠥᠭᠡᠷᠡᠴᠢᠯᠡᠯᠲᠡ | ᠣᠷᠣᠭᠤᠯᠬᠤ ᠳᠠᠭᠠᠨ 2017 ᠣᠨ ᠤ 9 ᠰᠠᠷ᠎ᠠ ᠶᠢᠨ 1 ᠤ ᠡᠳᠦᠷ ᠤᠨ ᠠᠷᠪᠠᠨ ᠬᠤᠶᠠᠳᠤᠭᠠᠷ ᠬᠤᠭᠤᠴᠠᠭᠠᠨ ᠤ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢ | ᠶᠢᠰᠦᠳᠦᠭᠡᠷ ᠬᠤᠷᠠᠯᠳᠤᠭᠠᠨ ᠤ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠶᠢᠨ | ᠲᠤᠰᠢᠶᠠᠯᠲᠠᠨ ᠤ ᠬᠠᠤᠯᠢ﹀ ᠵᠡᠷᠭᠡ ᠨᠠᠢᠮᠠᠨ ᠬᠠᠤᠯᠢ ᠳᠤ ᠨᠡᠮᠡᠯᠲᠡ ᠥᠭᠡᠷᠡᠴᠢᠯᠡᠯᠲᠡ ᠣᠷᠣᠭᠤᠯᠬᠤ ᠲᠤᠬᠠᠢ ᠲᠣᠭᠲᠠᠭᠠᠯ | ︾ ᠢ ᠦᠨᠳᠦᠰᠦᠯᠡᠨ ᠬᠤᠶᠠᠳᠤᠭᠠᠷ ᠤᠳᠠᠭ᠎ᠠ ᠨᠡᠮᠡᠯᠲᠡ ᠥᠭᠡᠷᠡᠴᠢᠯᠡᠯᠲᠡ ᠣᠷᠣᠭᠤᠯᠬᠤ ᠳᠠᠭᠠᠨ 2021 ᠣᠨ ᠤ 1 | ᠰᠠᠷ᠎ᠠ ᠶᠢᠨ 22 ᠤᠨ ᠡᠳᠦᠷ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠲᠠᠪᠤᠳᠤᠭᠠᠷ ᠬᠤᠷᠠᠯᠳᠤᠭᠠᠨ ᠠᠴᠠ | ᠨᠡᠮᠡᠯᠲᠡ ᠥᠭᠡᠷᠡᠴᠢᠯᠡᠯᠲᠡ ᠣᠷᠣᠭᠤᠯᠪᠠ᠃ | | ᠭᠠᠷᠴᠠᠭ | | ᠨᠢᠭᠡᠳᠦᠭᠡᠷ ᠪᠦᠯᠦᠭ ᠶᠡᠷᠦᠩᠬᠡᠢ ᠲᠦᠷᠢᠮ | | ᠬᠤᠶᠠᠳᠤᠭᠠᠷ ᠪᠦᠯᠦᠭ ᠵᠠᠰᠠᠭ ᠵᠠᠬᠢᠷᠭᠠᠨ ᠤ ᠰᠢᠳᠬᠡᠯ ᠤᠨ ᠳᠦᠷᠦᠯ ᠵᠦᠢᠯ ᠪᠠ ᠲᠡᠭᠦᠨ ᠢ | ᠲᠣᠭᠲᠠᠭᠠᠬᠤ | | ᠭᠤᠷᠪᠠᠳᠤᠭᠠᠷ ᠪᠦᠯᠦᠭ ᠵᠠᠰᠠᠭ ᠵᠠᠬᠢᠷᠭᠠᠨ ᠤ ᠰᠢᠳᠬᠡᠯ ᠢ ᠬᠡᠷᠡᠭᠵᠢᠭᠦᠯᠬᠦ ᠪᠠᠶᠢᠭᠤᠯᠭ᠎ᠠ | | ᠳᠥᠷᠪᠡᠳᠦᠭᠡᠷ ᠪᠦᠯᠦᠭ ᠵᠠᠰᠠᠭ ᠵᠠᠬᠢᠷᠭᠠᠨ ᠤ ᠰᠢᠳᠬᠡᠯ ᠢ ᠬᠠᠮᠢᠶᠠᠷᠬᠤ ᠪᠠ ᠬᠡᠷᠡᠭᠯᠡᠬᠦ | | ᠲᠠᠪᠤᠳᠤᠭᠠᠷ ᠪᠦᠯᠦᠭ ᠵᠠᠰᠠᠭ ᠵᠠᠬᠢᠷᠭᠠᠨ ᠤ ᠰᠢᠳᠬᠡᠯ ᠢ ᠲᠣᠭᠲᠠᠭᠠᠬᠤ | | ᠨᠢᠭᠡᠳᠦᠭᠡᠷ ᠬᠡᠰᠡᠭ ᠡ᠊ᠩ ᠤᠨ ᠲᠣᠭᠲᠠᠭᠠᠯ | | ᠬᠤᠶᠠᠳᠤᠭᠠᠷ ᠬᠡᠰᠡᠭ ᠳᠦᠭᠦᠮ ᠵᠢᠷᠤᠮ | | ᠭᠤᠷᠪᠠᠳᠤᠭᠠᠷ ᠬᠡᠰᠡᠭ ᠡ᠊ᠩ ᠤᠨ ᠵᠢᠷᠤᠮ | | ᠳᠥᠷᠪᠡᠳᠦᠭᠡᠷ ᠬᠡᠰᠡᠭ ᠭᠡᠷᠡᠴᠢᠯᠡᠭᠡ ᠰᠣᠨᠣᠰᠬᠤ ᠵᠢᠷᠤᠮ | | ᠵᠢᠷᠭᠤᠳᠤᠭᠠᠷ ᠪᠦᠯᠦᠭ ᠵᠠᠰᠠᠭ ᠵᠠᠬᠢᠷᠭᠠᠨ ᠤ ᠰᠢᠳᠬᠡᠯ ᠢ ᠬᠡᠷᠡᠭᠵᠢᠭᠦᠯᠬᠦ | | ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | | ᠨᠠᠢᠮᠠᠳᠤᠭᠠᠷ ᠪᠦᠯᠦᠭ ᠬᠠᠪᠰᠤᠷᠤᠯᠲᠠ ᠲᠦᠷᠢᠮ | | | ᠨᠢᠭᠡᠳᠦᠭᠡᠷ ᠪᠦᠯᠦᠭ ᠶᠡᠷᠦᠩᠬᠡᠢ ᠲᠦᠷᠢᠮ | | ᠨᠢᠭᠡᠳᠦᠭᠡᠷ ᠵᠦᠢᠯ ᠵᠠᠰᠠᠭ ᠵᠠᠬᠢᠷᠭᠠᠨ ᠤ ᠰᠢᠳᠬᠡᠯ ᠢ ᠲᠣᠭᠲᠠᠭᠠᠬᠤ ᠪᠠ ᠬᠡᠷᠡᠭᠵᠢᠭᠦᠯᠬᠦ ᠶᠢ | ᠵᠢᠷᠤᠮᠵᠢᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢ ᠪᠦᠲᠦᠮᠵᠢᠲᠡᠶ | ᠬᠡᠷᠡᠭᠵᠢᠭᠦᠯᠬᠦ ᠶᠢ ᠪᠠᠲᠤᠯᠠᠬᠤ ᠪᠠ ᠲᠡᠭᠦᠨ ᠳᠤ ᠬᠢᠨᠠᠯᠲᠠ ᠲᠠᠯᠪᠢᠵᠤ᠂ ᠤᠯᠠᠨ ᠨᠡᠶᠢᠲᠡ ᠶᠢᠨ ᠠᠰᠢᠭ ᠲᠤᠰᠠ ᠪᠠ | ᠨᠡᠶᠢᠭᠡᠮ ᠤᠨ ᠡᠮᠬᠢ ᠵᠢᠷᠤᠮ ᠢ ᠬᠠᠮᠠᠭᠠᠯᠠᠨ᠂ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠦᠨᠳᠦᠰᠦᠨ ᠬᠠᠤᠯᠢ ᠶᠢ | ᠦᠨᠳᠦᠰᠦᠯᠡᠨ ᠲᠤᠰ ᠬᠠᠤᠯᠢ ᠶᠢ ᠲᠣᠭᠲᠠᠭᠠᠪᠠ᠃ | | ᠬᠤᠶᠠᠳᠤᠭᠠᠷ ᠵᠦᠢᠯ ᠵᠠᠰᠠᠭ ᠵᠠᠬᠢᠷᠭᠠᠨ ᠤ ᠰᠢᠳᠬᠡᠯ ᠭᠡᠳᠡᠭ ᠪᠣᠯ ᠵᠠᠰᠠᠭ ᠵᠠᠬᠢᠷᠭᠠᠨ ᠤ | ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠮᠬᠢ ᠵᠢᠷᠤᠮ ᠢ ᠵᠥᠷᠢᠴᠡᠭᠰᠡᠨ ᠠᠷᠠᠳ ᠢᠷᠭᠡᠨ᠂ | ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠡᠷᠬᠡ ᠠᠰᠢᠭ ᠢ ᠨᠢ ᠬᠠᠰᠤᠵᠤ | ᠬᠤᠬᠢᠷᠠᠭᠤᠯᠬᠤ ᠪᠤᠶᠤ ᠡᠭᠦᠷᠭᠡ ᠶᠢ ᠨᠢ ᠨᠡᠮᠡᠭᠳᠡᠭᠦᠯᠬᠦ ᠠᠷᠭ᠎ᠠ ᠮᠠᠶ᠋ᠢᠭ ᠢᠶᠠᠷ ᠵᠠᠯᠬᠠᠭᠠᠨ ᠴᠡᠭᠡᠷᠯᠡᠭᠦᠯᠬᠦ ᠦᠢᠯᠡ | ᠠᠵᠢᠯᠯᠠᠭ᠎ᠠ ᠶᠢ ᠬᠡᠯᠡᠨ᠎ᠡ᠃ | | ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠰᠢᠳᠬᠡᠯ ᠢ ᠲᠣᠭᠲᠠᠭᠠᠬᠤ ᠪᠠ ᠬᠡᠷᠡᠭᠵᠢᠭᠦᠯᠬᠦ ᠳᠤ ᠲᠤᠰ | ᠬᠠᠤᠯᠢ ᠶᠢ ᠬᠡᠷᠡᠭᠯᠡᠨ᠎ᠡ᠃ | | ᠳᠥᠷᠪᠡᠳᠦᠭᠡᠷ ᠵᠦᠢᠯ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠮᠬᠢ ᠵᠢᠷᠤᠮ ᠢ ᠵᠥᠷᠢᠴᠡᠭᠰᠡᠨ ᠦᠢᠯᠡ ᠠᠵᠢᠯᠯᠠᠭ᠎ᠠ ᠳᠤ | ᠵᠠᠰᠠᠭ ᠵᠠᠬᠢᠷᠭᠠᠨ ᠤ ᠰᠢᠳᠬᠡᠯ ᠥᠭᠬᠦ ᠬᠡᠷᠡᠭᠲᠡᠢ ᠪᠠᠶᠢᠪᠠᠯ᠂ ᠲᠤᠰ ᠬᠠᠤᠯᠢ ᠶᠢᠨ ᠶᠣᠰᠣᠭᠠᠷ ᠬᠠᠤᠯᠢ ᠴᠠᠭᠠᠵᠠ᠂ ᠬᠠᠤᠯᠢ | ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠬᠤ ᠶᠢᠨ ᠬᠠᠮᠲᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠲᠤᠰ | ᠬᠠᠤᠯᠢ ᠳᠤ ᠲᠣᠭᠲᠠᠭᠠᠭᠰᠠᠨ ᠵᠢᠷᠤᠮ ᠶᠣᠰᠣᠭᠠᠷ ᠬᠡᠷᠡᠭᠵᠢᠭᠦᠯᠦᠨ᠎ᠡ᠃ | | ᠲᠠᠪᠤᠳᠤᠭᠠᠷ ᠵᠦᠢᠯ ᠵᠠᠰᠠᠭ ᠵᠠᠬᠢᠷᠭᠠᠨ ᠤ ᠰᠢᠳᠬᠡᠯ ᠨᠢ ᠲᠥᠪ ᠭᠤᠣᠯᠴᠢ᠂ ᠢᠯᠡ ᠪᠠᠶᠢᠬᠤ ᠵᠠᠷᠴᠢᠮ ᠢ | ᠵᠢᠷᠤᠮᠯᠠᠨ᠎ᠠ᠃ | | ᠵᠠᠰᠠᠭ ᠵᠠᠬᠢᠷᠭᠠᠨ ᠤ ᠰᠢᠳᠬᠡᠯ ᠢ ᠲᠣᠭᠲᠠᠭᠠᠬᠤ ᠪᠠ ᠬᠡᠷᠡᠭᠵᠢᠭᠦᠯᠬᠦ ᠳᠤ ᠡᠷᠬᠡᠪᠰᠢ ᠪᠣᠳᠠᠲᠤ ᠬᠡᠷᠡᠭ ᠢᠶᠠᠷ | ᠦᠨᠳᠦᠰᠦ ᠪᠠᠷᠢᠮᠲᠠ ᠪᠣᠯᠭᠠᠵᠤ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠪᠣᠳᠠᠲᠤ ᠬᠡᠷᠡᠭ᠂ ᠰᠢᠨᠵᠢ ᠴᠢᠨᠠᠷ᠂ | ᠦᠢᠯᠡ ᠪᠠᠶᠢᠳᠠᠯ ᠵᠢᠴᠢ ᠨᠡᠶᠢᠭᠡᠮ ᠳᠤ ᠤᠴᠠᠷᠠᠭᠤᠯᠤᠭᠰᠠᠨ ᠬᠤᠣᠷ ᠬᠥᠨᠥᠭᠡᠯ ᠤᠨ ᠬᠡᠮᠵᠢᠶ᠎ᠡ ᠲᠠᠢ ᠠᠳᠠᠯᠢ ᠪᠠᠶᠢᠯᠭᠠᠬᠤ | ᠬᠡᠷᠡᠭᠲᠡᠶ᠃ | | ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠥᠭᠬᠦ ᠲᠣᠭᠲᠠᠭᠠᠯ ᠢ ᠡᠷᠬᠡᠪᠰᠢ | ᠨᠡᠶᠢᠲᠡᠯᠡᠬᠦ ᠬᠡᠷᠡᠭᠲᠡᠶ︔ ᠨᠡᠶᠢᠲᠡᠯᠡᠭᠰᠡᠨ ᠦᠭᠡᠢ ᠪᠠᠶᠢᠪᠠᠯ᠂ ᠵᠠᠰᠠᠭ ᠵᠠᠬᠢᠷᠭᠠᠨ ᠤ ᠰᠢᠳᠬᠡᠯ ᠤᠨ ᠦᠨᠳᠦᠰᠦ ᠪᠠᠷᠢᠮᠲᠠ | ᠪᠣᠯᠭᠠᠵᠤ ᠪᠣᠯᠬᠤ ᠦᠭᠡᠢ᠃ | | ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠰᠢᠳᠬᠡᠯ ᠢ ᠬᠡᠷᠡᠭᠵᠢᠭᠦᠯᠬᠦ᠂ ᠬᠠᠤᠯᠢ ᠶᠢ ᠵᠥᠷᠢᠴᠡᠭᠰᠡᠨ | ᠠᠵᠢᠯᠯᠠᠭ᠎ᠠ ᠶᠢ ᠵᠠᠯᠠᠷᠠᠭᠤᠯᠬᠤ ᠳᠤ ᠰᠢᠳᠬᠡᠬᠦ ᠪᠠ ᠰᠤᠷᠭᠠᠨ ᠬᠥᠮᠦᠵᠢᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ | ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢ ᠰᠤᠷᠭᠠᠨ ᠬᠥᠮᠦᠵᠢᠭᠦᠯᠵᠦ | ᠤᠬᠠᠮᠰᠠᠷ ᠠᠴᠠ ᠪᠠᠨ ᠬᠠᠤᠯᠢ ᠶᠢ ᠰᠠᠬᠢᠬᠤ ᠪᠣᠯᠭᠠᠬᠤ ᠬᠡᠷᠡᠭᠲᠡᠶ᠃ | | ᠳᠣᠯᠣᠳᠤᠭᠠᠷ ᠵᠦᠢᠯ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠥᠭᠭᠦᠭᠰᠡᠨ ᠵᠠᠰᠠᠭ ᠵᠠᠬᠢᠷᠭᠠᠨ ᠤ ᠰᠢᠳᠬᠡᠯ ᠳᠤ ᠲᠣᠭᠠᠴᠢᠯᠲᠠ | ᠬᠢᠬᠦ ᠡᠷᠬᠡ᠂ ᠵᠥᠪᠲᠦᠭᠡᠨ ᠲᠣᠳᠣᠷᠬᠠᠶᠢᠯᠠᠬᠤ ᠡᠷᠬᠡ ᠶᠢ ᠡᠳ᠋ᠯᠡᠨ᠎ᠡ︔ ᠵᠠᠰᠠᠭ ᠵᠠᠬᠢᠷᠭᠠᠨ ᠤ ᠰᠢᠳᠬᠡᠯ ᠢ ᠬᠦᠯᠢᠶᠡᠬᠦ | ᠤᠢᠭᠡᠢ ᠪᠣᠯ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠲᠡᠬᠢᠠ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ | ᠵᠠᠬᠢᠷᠭᠠᠨ ᠤ ᠵᠠᠷᠭᠤ ᠬᠢᠬᠦ ᠡᠷᠬᠡ ᠲᠠᠢ᠃ | | ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠤᠯᠢ ᠶᠢ ᠵᠥᠷᠢᠴᠡᠵᠦ ᠵᠠᠰᠠᠭ ᠵᠠᠬᠢᠷᠭᠠᠨ ᠤ ᠰᠢᠳᠬᠡᠯ ᠥᠭᠭᠦᠭᠰᠡᠨ ᠠᠴᠠ ᠪᠤᠯᠵᠤ ᠬᠤᠬᠢᠷᠠᠯ | ᠠᠮᠰᠠᠭᠰᠠᠨ ᠪᠠᠶᠢᠪᠠᠯ᠂ ᠬᠠᠤᠯᠢ ᠶᠣᠰᠣᠭᠠᠷ ᠲᠦᠯᠦᠬᠦᠯᠬᠦ ᠱᠠᠭᠠᠷᠳᠠᠯᠭ᠎ᠠ ᠳᠤᠷᠠᠳᠬᠤ ᠡᠷᠬᠡ ᠲᠠᠢ᠃ | | ᠨᠠᠢᠮᠠᠳᠤᠭᠠᠷ ᠵᠦᠢᠯ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠬᠠᠤᠯᠢ ᠶᠢ ᠵᠥᠷᠢᠴᠡᠭᠰᠡᠨ ᠠᠵᠢᠯᠯᠠᠭ᠎ᠠ ᠠᠴᠠ ᠪᠤᠯᠵᠤ ᠵᠠᠰᠠᠭ ᠵᠠᠬᠢᠷᠭᠠᠨ ᠤ ᠰᠢᠳᠬᠡᠯ ᠣᠯᠵᠤ᠂ | ᠬᠠᠤᠯᠢ ᠶᠢ ᠵᠥᠷᠢᠴᠡᠭᠰᠡᠨ ᠠᠵᠢᠯᠯᠠᠭ᠎ᠠ ᠨᠢ ᠪᠤᠰᠤᠳ ᠬᠥᠮᠦᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ | ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | | ᠬᠠᠤᠯᠢ ᠶᠢ ᠵᠥᠷᠢᠴᠡᠭᠰᠡᠨ ᠠᠵᠢᠯᠯᠠᠭ᠎ᠠ ᠨᠢ ᠶᠠᠯ᠎ᠠ ᠪᠤᠯᠵᠦ ᠪᠦᠷᠢᠯᠳᠦᠭᠰᠡᠨ ᠪᠥᠭᠡᠳ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠬᠦ ᠬᠡᠷᠡᠭᠲᠡᠶ ᠪᠠᠶᠢᠪᠠᠯ᠂ ᠵᠠᠰᠠᠭ ᠵᠠᠬᠢᠷᠭᠠᠨ ᠤ ᠰᠢᠳᠬᠡᠯ ᠢᠶᠠᠷ ᠡᠷᠡᠭᠦᠦ ᠶᠢᠨ | ᠰᠢᠳᠬᠡᠯ ᠢ ᠣᠷᠣᠯᠠᠭᠤᠯᠵᠤ ᠪᠣᠯᠬᠤ ᠤᠢᠭᠡᠢ᠃ | | | | ᠬᠤᠶᠠᠳᠤᠭᠠᠷ ᠪᠦᠯᠦᠭ ᠵᠠᠰᠠᠭ ᠵᠠᠬᠢᠷᠭᠠᠨ ᠤ ᠰᠢᠳᠬᠡᠯ ᠤᠨ ᠳᠦᠷᠦᠯ ᠵᠦᠢᠯ ᠪᠠ ᠲᠡᠭᠦᠨ ᠢ | ᠲᠣᠭᠲᠠᠭᠠᠬᠤ | | ᠶᠢᠰᠦᠳᠦᠭᠡᠷ ᠵᠦᠢᠯ ᠵᠠᠰᠠᠭ ᠵᠠᠬᠢᠷᠭᠠᠨ ᠤ ᠰᠢᠳᠬᠡᠯ ᠤᠨ ᠲᠥᠷᠥᠯ ᠵᠦᠢᠯ᠄ | | ︵ᠨᠢᠭᠡ︶ ᠳᠣᠩᠭᠤᠳᠬᠤ᠂ ᠵᠠᠷᠯᠠᠨ ᠰᠢᠭᠦᠮᠵᠢᠯᠡᠬᠦ︔ | | ︵ᠬᠤᠶᠠᠷ︶ ᠵᠣᠭᠤᠰ ᠢᠶᠠᠷ ᠲᠣᠷᠭᠠᠬᠤ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ | ᠬᠤᠷᠢᠶᠡᠠ ᠠᠪᠬᠤ᠂ ᠬᠠᠤᠯᠢ ᠪᠤᠰᠤ ᠡᠳ᠋ ᠬᠤᠭᠰᠢᠯ ᠢ ᠨᠢ ᠬᠤᠷᠢᠶᠡᠠ ᠠᠪᠬᠤ︔ | | ︵ᠭᠤᠷᠪᠠ︶ ᠵᠥᠪᠰᠢᠶᠡᠷᠡᠯ ᠤᠨ ᠦᠨᠡᠮᠯᠡᠯ ᠢ ᠨᠢ ᠲᠦᠷ ᠬᠠᠰᠤᠵᠤ᠂ ᠬᠢᠷᠢ ᠴᠢᠳᠠᠯ ᠤᠨ ᠵᠡᠷᠭᠡ ᠳᠡᠰ ᠢ ᠨᠢ | ᠪᠠᠭᠤᠷᠠᠭᠤᠯᠤᠨ᠂ ᠵᠥᠪᠰᠢᠶᠡᠷᠡᠯ ᠤᠨ ᠦᠨᠡᠮᠯᠡᠯ ᠢ ᠨᠢ ᠬᠤᠷᠢᠶᠡᠠ ᠠᠪᠴᠤ ᠬᠦᠴᠦᠨ ᠤᠢᠭᠡᠢ ᠪᠣᠯᠭᠠᠬᠤ︔ | | ︵ᠲᠦᠷᠪᠡ︶ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠶᠢ ᠨᠢ ᠬᠢᠵᠠᠭᠠᠷᠯᠠᠵᠤ᠂ | ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠡᠵᠡᠩᠨᠡᠯᠲᠡ ᠶᠢ ᠨᠢ ᠵᠣᠭᠰᠣᠭᠠᠵᠤ᠂ ᠵᠠᠷᠯᠢᠭᠳᠠᠵᠤ ᠪᠠᠶᠢᠭᠠᠳ ᠡᠭᠦᠳᠡ ᠶᠢ ᠨᠢ | ᠬᠠᠭᠠᠯᠭᠠᠵᠤ᠂ ᠠᠵᠢᠯ ᠡᠷᠬᠢᠯᠡᠬᠦ ᠶᠢ ᠨᠢ ᠬᠢᠵᠠᠭᠠᠷᠯᠠᠬᠤ︔ | | ︵ᠲᠠᠪᠤ︶ ᠵᠠᠰᠠᠭ ᠵᠠᠬᠢᠷᠭᠠᠨ ᠢᠶᠠᠷ ᠲᠦᠷ ᠬᠤᠷᠢᠬᠤ︔ | | ︵ᠵᠢᠷᠭᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ | ᠵᠠᠰᠠᠭ ᠵᠠᠬᠢᠷᠭᠠᠨ ᠤ ᠰᠢᠳᠬᠡᠯ᠃ | | ᠠᠷᠪᠠᠳᠤᠭᠠᠷ ᠵᠦᠢᠯ ᠬᠠᠤᠯᠢ ᠴᠠᠭᠠᠵᠠ ᠳᠤ ᠡᠯ᠎ᠡ ᠵᠦᠢᠯ ᠤᠨ ᠵᠠᠰᠠᠭ ᠵᠠᠬᠢᠷᠭᠠᠨ ᠤ ᠰᠢᠳᠬᠡᠯ ᠢ | ᠲᠣᠭᠲᠠᠭᠠᠵᠤ ᠪᠣᠯᠣᠨ᠎ᠠ᠃ | | ᠪᠡᠶ᠎ᠡ ᠶᠢᠨ ᠡᠷᠬᠡ ᠴᠢᠯᠥᠭᠡ ᠶᠢ ᠬᠢᠵᠠᠭᠠᠷᠯᠠᠬᠤ ᠵᠠᠰᠠᠭ ᠵᠠᠬᠢᠷᠭᠠᠨ ᠤ ᠰᠢᠳᠬᠡᠯ ᠢ ᠵᠥᠪᠬᠡᠨ ᠬᠠᠤᠯᠢ | ᠴᠠᠭᠠᠵᠠ ᠪᠠᠷ ᠲᠣᠭᠲᠠᠭᠠᠨ᠎ᠠ᠃ | | ᠠᠷᠪᠠᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠪᠡᠶ᠎ᠡ ᠶᠢᠨ ᠡᠷᠬᠡ | ᠴᠢᠯᠥᠭᠡ ᠶᠢ ᠬᠢᠵᠠᠭᠠᠷᠯᠠᠬᠤ ᠠᠴᠠ ᠪᠤᠰᠤᠳ ᠵᠠᠰᠠᠭ ᠵᠠᠬᠢᠷᠭᠠᠨ ᠤ ᠰᠢᠳᠬᠡᠯ ᠢ ᠲᠣᠭᠲᠠᠭᠠᠵᠤ ᠪᠣᠯᠤᠨ᠎ᠠ᠃ | | ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠲᠤᠬᠠᠶ ᠬᠠᠤᠯᠢ ᠴᠠᠭᠠᠵᠠ ᠳᠤ ᠨᠢᠭᠡᠨᠲᠡ ᠵᠠᠰᠠᠭ ᠵᠠᠬᠢᠷᠭᠠᠨ ᠤ | ᠰᠢᠳᠬᠡᠯ ᠤᠨ ᠲᠣᠭᠲᠠᠭᠠᠯ ᠭᠠᠷᠭᠠᠵᠤ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠪᠣᠳᠠᠲᠠᠶ ᠲᠣᠭᠲᠠᠭᠠᠯ ᠭᠠᠷᠭᠠᠬᠤ | ᠴᠢᠬᠤᠯᠠᠲᠠᠶ ᠪᠠᠶᠢᠪᠠᠯ᠂ ᠡᠷᠬᠡᠪᠰᠢ ᠬᠠᠤᠯᠢ ᠴᠠᠭᠠᠵᠠ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠳᠬᠡᠯ ᠥᠭᠬᠦ | ᠠᠵᠢᠯᠯᠠᠭ᠎ᠠ᠂ ᠲᠦᠷᠦᠯ ᠵᠦᠢᠯ ᠪᠠ ᠬᠡᠮᠵᠢᠶ᠎ᠡ ᠶᠢᠨ ᠬᠡᠪᠴᠢᠶᠡᠨ ᠳᠣᠲᠣᠷ᠎ᠠ ᠲᠣᠭᠲᠠᠭᠠᠬᠤ ᠬᠡᠷᠡᠭᠲᠡᠶ᠃ | | ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠲᠤᠬᠠᠶ ᠬᠠᠤᠯᠢ ᠴᠠᠭᠠᠵᠠ ᠳᠤ ᠵᠠᠰᠠᠭ ᠵᠠᠬᠢᠷᠭᠠᠨ ᠤ ᠰᠢᠳᠬᠡᠯ ᠤᠨ | ᠲᠣᠭᠲᠠᠭᠠᠯ ᠭᠠᠷᠭᠠᠭᠰᠠᠨ ᠦᠭᠡᠢ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯ ᠬᠡᠷᠡᠭᠵᠢᠭᠦᠯᠬᠦ ᠬᠠᠤᠯᠢ ᠴᠠᠭᠠᠵᠠ | ᠮᠥᠨ᠂ ᠵᠠᠰᠠᠭ ᠵᠠᠬᠢᠷᠭᠠᠨ ᠤ ᠰᠢᠳᠬᠡᠯ ᠢ ᠨᠥᠬᠦᠪᠥᠷᠢᠯᠡᠨ ᠲᠣᠭᠲᠠᠭᠠᠵᠤ ᠪᠣᠯᠤᠨ᠎ᠠ᠃ ᠵᠠᠰᠠᠭ ᠵᠠᠬᠢᠷᠭᠠᠨ ᠤ ᠰᠢᠳᠬᠡᠯ ᠢ | ᠨᠥᠬᠦᠪᠥᠷᠢᠯᠡᠨ ᠲᠣᠭᠲᠠᠭᠠᠬᠤ ᠪᠠᠷ ᠪᠠᠶᠢᠭ᠎ᠠ ᠪᠠᠶᠢᠪᠠᠯ᠂ ᠭᠡᠷᠡᠴᠢᠯᠡᠭᠡ ᠰᠣᠨᠣᠰᠬᠤ ᠬᠤᠷᠠᠯ᠂ ᠨᠤᠲᠠᠯᠠᠯᠲᠠ ᠶᠢᠨ ᠬᠤᠷᠠᠯ | ᠵᠡᠷᠭᠡ ᠬᠡᠯᠪᠡᠷᠢ ᠪᠠᠷ ᠳᠠᠮᠵᠢᠭᠤᠯᠤᠨ ᠥᠷᠭᠡᠨ ᠢᠶᠠᠷ ᠰᠠᠨᠠᠯ ᠰᠣᠨᠣᠰᠬᠤ ᠶᠢᠨ ᠬᠠᠮᠲᠤ ᠲᠣᠭᠲᠠᠭᠠᠭᠰᠠᠨ ᠪᠠᠶᠢᠭᠤᠯᠭ᠎ᠠ ᠳᠤ | ᠪᠢᠴᠢᠭ ᠤᠨ ᠲᠣᠳᠣᠷᠬᠠᠶᠢᠯᠠᠯᠲᠠ ᠬᠢᠬᠦ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠮᠡᠳᠡᠭᠦᠯᠦᠨ ᠬᠦᠷᠭᠡᠵᠦ | ᠳᠠᠩᠰᠠᠯᠠᠭᠤᠯᠬᠤ ᠦᠶ᠎ᠡ ᠳᠤ ᠵᠠᠰᠠᠭ ᠵᠠᠬᠢᠷᠭᠠᠨ ᠤ ᠰᠢᠳᠬᠡᠯ ᠢ ᠨᠥᠬᠦᠪᠥᠷᠢᠯᠡᠨ ᠲᠣᠭᠲᠠᠭᠠᠭᠰᠠᠨ ᠪᠠᠶᠢᠳᠠᠯ ᠢᠶᠠᠨ | ᠲᠣᠳᠣᠷᠬᠠᠶᠢᠯᠠᠬᠤ ᠬᠡᠷᠡᠭᠲᠡᠶ᠃ | | ᠠᠷᠪᠠᠨ ᠬᠤᠶᠠᠳᠤᠭᠠᠷ ᠵᠦᠢᠯ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠳᠤ ᠪᠡᠶ᠎ᠡ ᠶᠢᠨ | ᠡᠷᠬᠡ ᠴᠢᠯᠥᠭᠡ ᠶᠢ ᠬᠢᠵᠠᠭᠠᠷᠯᠠᠬᠤ᠂ ᠡᠵᠡᠩᠨᠡᠯᠲᠡ ᠶᠢᠨ ᠦᠨᠡᠮᠯᠡᠯ ᠢ ᠨᠢ ᠬᠤᠷᠢᠶᠡᠠ ᠠᠪᠴᠤ ᠬᠦᠴᠦᠨ ᠤᠢᠭᠡᠢ | ᠪᠣᠯᠭᠠᠬᠤ ᠠᠴᠠ ᠪᠤᠰᠤᠳ ᠵᠠᠰᠠᠭ ᠵᠠᠬᠢᠷᠭᠠᠨ ᠤ ᠰᠢᠳᠬᠡᠯ ᠢ ᠲᠣᠭᠲᠠᠭᠠᠵᠤ ᠪᠣᠯᠤᠨ᠎ᠠ᠃ | | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠬᠠᠤᠯᠢ ᠶᠢ ᠵᠥᠷᠢᠴᠡᠭᠰᠡᠨ | ᠠᠵᠢᠯᠯᠠᠭ᠎ᠠ ᠶᠢᠨ ᠲᠤᠬᠠᠶ ᠨᠢᠭᠡᠨᠲᠡ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠭᠠᠷᠭᠠᠵᠤ᠂ ᠣᠷᠣᠨ ᠨᠤᠲᠤᠭ ᠤᠨ | ᠴᠢᠨᠠᠷᠲᠠᠶ ᠬᠠᠤᠯᠢ ᠲᠣᠭᠲᠠᠭᠠᠯ ᠳᠤ ᠪᠣᠳᠠᠲᠠᠶ ᠲᠣᠭᠲᠠᠭᠠᠯ ᠭᠠᠷᠭᠠᠬᠤ ᠴᠢᠬᠤᠯᠠᠲᠠᠶ ᠪᠠᠶᠢᠪᠠᠯ᠂ ᠡᠷᠬᠡᠪᠰᠢ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠳᠬᠡᠯ ᠥᠭᠬᠦ | ᠠᠵᠢᠯᠯᠠᠭ᠎ᠠ᠂ ᠲᠦᠷᠦᠯ ᠵᠦᠢᠯ ᠪᠠ ᠬᠡᠮᠵᠢᠶ᠎ᠡ ᠶᠢᠨ ᠬᠡᠪᠴᠢᠶᠡᠨ ᠳᠣᠲᠣᠷ᠎ᠠ ᠲᠣᠭᠲᠠᠭᠠᠬᠤ ᠬᠡᠷᠡᠭᠲᠡᠶ᠃ | | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠬᠠᠤᠯᠢ ᠶᠢ ᠵᠥᠷᠢᠴᠡᠭᠰᠡᠨ | ᠠᠵᠢᠯᠯᠠᠭ᠎ᠠ ᠶᠢᠨ ᠲᠤᠬᠠᠶ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠭᠠᠷᠭᠠᠭᠰᠠᠨ ᠦᠭᠡᠢ᠂ ᠣᠷᠣᠨ | ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠣᠯ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ | ᠬᠡᠷᠡᠭᠵᠢᠭᠦᠯᠬᠦ ᠶᠠᠪᠤᠳᠠᠯ ᠪᠣᠯᠤᠨ᠎ᠠ᠂ ᠵᠠᠰᠠᠭ ᠵᠠᠬᠢᠷᠭᠠᠨ ᠤ ᠰᠢᠳᠬᠡᠯ ᠢ ᠨᠥᠬᠦᠪᠥᠷᠢᠯᠡᠨ ᠲᠣᠭᠲᠠᠭᠠᠵᠤ ᠪᠣᠯᠤᠨ᠎ᠠ᠃ | ᠵᠠᠰᠠᠭ ᠵᠠᠬᠢᠷᠭᠠᠨ ᠤ ᠰᠢᠳᠬᠡᠯ ᠢ ᠨᠥᠬᠦᠪᠥᠷᠢᠯᠡᠨ ᠲᠣᠭᠲᠠᠭᠠᠬᠤ ᠪᠠᠷ ᠪᠠᠶᠢᠭ᠎ᠠ ᠪᠠᠶᠢᠪᠠᠯ᠂ ᠭᠡᠷᠡᠴᠢᠯᠡᠭᠡ ᠰᠣᠨᠣᠰᠬᠤ | ᠬᠤᠷᠠᠯ᠂ ᠨᠤᠲᠠᠯᠠᠯᠲᠠ ᠶᠢᠨ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ ᠥᠷᠭᠡᠨ ᠢᠶᠠᠷ ᠰᠠᠨᠠᠯ ᠰᠣᠨᠣᠰᠬᠤ ᠶᠢᠨ | ᠬᠠᠮᠲᠤ ᠲᠣᠭᠲᠠᠭᠠᠭᠰᠠᠨ ᠪᠠᠶᠢᠭᠤᠯᠭ᠎ᠠ ᠳᠤ ᠪᠢᠴᠢᠭ ᠤᠨ ᠲᠣᠳᠣᠷᠬᠠᠶᠢᠯᠠᠯᠲᠠ ᠬᠢᠬᠦ ᠬᠡᠷᠡᠭᠲᠡᠶ᠃ ᠣᠷᠣᠨ ᠨᠤᠲᠤᠭ ᠤᠨ | ᠴᠢᠨᠠᠷᠲᠠᠶ ᠬᠠᠤᠯᠢ ᠲᠣᠭᠲᠠᠭᠠᠯ ᠢ ᠮᠡᠳᠡᠭᠦᠯᠦᠨ ᠬᠦᠷᠭᠡᠵᠦ ᠳᠠᠩᠰᠠᠯᠠᠭᠤᠯᠬᠤ ᠦᠶ᠎ᠡ ᠳᠤ᠂ ᠵᠠᠰᠠᠭ ᠵᠠᠬᠢᠷᠭᠠᠨ ᠤ | ᠰᠢᠳᠬᠡᠯ ᠢ ᠨᠥᠬᠦᠪᠥᠷᠢᠯᠡᠨ ᠲᠣᠭᠲᠠᠭᠠᠭᠰᠠᠨ ᠪᠠᠶᠢᠳᠠᠯ ᠢᠶᠠᠨ ᠲᠣᠳᠣᠷᠬᠠᠶᠢᠯᠠᠬᠤ ᠬᠡᠷᠡᠭᠲᠡᠶ᠃ | | ᠠᠷᠪᠠᠨ ᠭᠤᠷᠪᠠᠳᠤᠭᠠᠷ ᠵᠦᠢᠯ ᠲᠦ᠋ᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ | ᠲᠦᠷᠢᠮ ᠲᠣᠭᠲᠠᠭᠠᠯ ᠳᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠵᠠᠰᠠᠭ | ᠵᠠᠬᠢᠷᠭᠠᠨ ᠤ ᠰᠢᠳᠬᠡᠯ ᠥᠭᠬᠦ ᠠᠵᠢᠯᠯᠠᠭ᠎ᠠ᠂ ᠲᠦᠷᠦᠯ ᠵᠦᠢᠯ ᠪᠠ ᠬᠡᠮᠵᠢᠶ᠎ᠡ ᠶᠢᠨ ᠬᠡᠪᠴᠢᠶᠡᠨ ᠳᠣᠲᠣᠷ᠎ᠠ ᠪᠣᠳᠠᠲᠠᠶ | ᠲᠣᠭᠲᠠᠭᠠᠯ ᠭᠠᠷᠭᠠᠵᠤ ᠪᠣᠯᠤᠨ᠎ᠠ᠃ | | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠬᠠᠷᠠᠬᠠᠨ ᠲᠣᠭᠲᠠᠭᠠᠭᠠᠳᠤᠶ ᠪᠠᠶᠢᠪᠠᠯ᠂ | ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠳᠤ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠡᠮᠬᠢ ᠵᠢᠷᠤᠮ ᠢ ᠵᠥᠷᠢᠴᠡᠭᠰᠡᠨ ᠦᠢᠯᠡ ᠠᠵᠢᠯᠯᠠᠭ᠎ᠠ ᠳᠤ ᠰᠡᠷᠡᠮᠵᠢ ᠥᠭᠬᠦ᠂ ᠵᠠᠷᠯᠠᠨ ᠰᠢᠭᠦᠮᠵᠢᠯᠡᠬᠦ | ᠪᠤᠶᠤ ᠵᠣᠬᠢᠬᠤ ᠲᠣᠭᠠᠨ ᠤ ᠵᠣᠭᠤᠰ ᠢᠶᠠᠷ ᠲᠣᠷᠭᠠᠬᠤ ᠵᠠᠰᠠᠭ ᠵᠠᠬᠢᠷᠭᠠᠨ ᠤ ᠰᠢᠳᠬᠡᠯ ᠢ ᠲᠣᠭᠲᠠᠭᠠᠵᠤ ᠪᠣᠯᠤᠨ᠎ᠠ᠃ | ᠲᠣᠷᠭᠠᠬᠤ ᠵᠣᠭᠤᠰᠣᠨ ᠤ ᠬᠢᠵᠠᠭᠠᠷ ᠲᠤᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠠᠴᠠ ᠲᠣᠭᠲᠠᠭᠠᠨ᠎ᠠ᠃ | | ᠠᠷᠪᠠᠨ ᠳᠥᠷᠪᠡᠳᠦᠭᠡᠷ ᠵᠦᠢᠯ ᠣᠷᠣᠨ ᠨᠤᠲᠤᠭ ᠤᠨ ᠵᠠᠰᠠᠭ ᠤᠨ ᠣᠷᠳᠣᠨ ᠤ ᠲᠦᠷᠢᠮ | ᠲᠣᠭᠲᠠᠭᠠᠯ ᠳᠤ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠳᠬᠡᠯ ᠥᠭᠬᠦ | ᠠᠵᠢᠯᠯᠠᠭ᠎ᠠ᠂ ᠲᠦᠷᠦᠯ ᠵᠦᠢᠯ ᠪᠠ ᠬᠡᠮᠵᠢᠶ᠎ᠡ ᠶᠢᠨ ᠬᠡᠪᠴᠢᠶᠡᠨ ᠳᠣᠲᠣᠷ᠎ᠠ ᠪᠣᠳᠠᠲᠠᠶ ᠲᠣᠭᠲᠠᠭᠠᠯ ᠭᠠᠷᠭᠠᠵᠤ ᠪᠣᠯᠤᠨ᠎ᠠ᠃ | | | ᠬᠠᠤᠯᠢ ᠴᠠᠭᠠᠵᠠ᠂ ᠬᠠᠤᠯᠢ ᠲᠣᠭᠲᠠᠭᠠᠯ ᠢ ᠬᠠᠷᠠᠬᠠᠨ ᠲᠣᠭᠲᠠᠭᠠᠭᠠᠳᠤᠶ ᠪᠠᠶᠢᠪᠠᠯ᠂ ᠣᠷᠣᠨ ᠨᠤᠲᠤᠭ ᠤᠨ | ᠵᠠᠰᠠᠭ ᠤᠨ ᠣᠷᠳᠣᠨ ᠤ ᠲᠦᠷᠢᠮ ᠲᠣᠭᠲᠠᠭᠠᠯ ᠳᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠮᠬᠢ ᠵᠢᠷᠤᠮ ᠢ | ᠵᠥᠷᠢᠴᠡᠭᠰᠡᠨ ᠦᠢᠯᠡ ᠠᠵᠢᠯᠯᠠᠭ᠎ᠠ ᠳᠤ ᠰᠡᠷᠡᠮᠵᠢ ᠥᠭᠬᠦ᠂ ᠵᠠᠷᠯᠠᠨ ᠰᠢᠭᠦᠮᠵᠢᠯᠡᠬᠦ ᠪᠤᠶᠤ ᠵᠣᠬᠢᠬᠤ ᠲᠣᠭᠠᠨ ᠤ | ᠵᠣᠭᠤᠰ ᠢᠶᠠᠷ ᠲᠣᠷᠭᠠᠬᠤ ᠵᠠᠰᠠᠭ ᠵᠠᠬᠢᠷᠭᠠᠨ ᠤ ᠰᠢᠳᠬᠡᠯ ᠢ ᠲᠣᠭᠲᠠᠭᠠᠵᠤ ᠪᠣᠯᠤᠨ᠎ᠠ᠃ ᠲᠣᠷᠭᠠᠬᠤ ᠵᠣᠭᠤᠰᠣᠨ ᠤ | ᠬᠢᠵᠠᠭᠠᠷ ᠲᠤᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠣᠭᠲᠠᠭᠠᠨ᠎ᠠ᠃ | | ᠠᠷᠪᠠᠨ ᠲᠠᠪᠤᠳᠤᠭᠠᠷ ᠵᠦᠢᠯ ᠲᠦ᠋ᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠪᠠ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠰᠢᠳᠬᠡᠯ ᠢ ᠬᠡᠷᠡᠭᠵᠢᠭᠦᠯᠦᠭᠰᠡᠨ ᠪᠠᠶᠢᠳᠠᠯ ᠪᠠ | ᠴᠢᠬᠤᠯᠠ ᠴᠢᠨᠠᠷ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠦᠨᠡᠯᠡᠨ ᠵᠢᠱᠢᠵᠦ᠂ ᠵᠤᠬᠢᠰ ᠦᠭᠡᠢ | ᠵᠠᠰᠠᠭ ᠵᠠᠬᠢᠷᠭᠠᠨ ᠤ ᠰᠢᠳᠬᠡᠯ ᠤᠨ ᠵᠦᠢᠯᠡᠰ ᠵᠢᠴᠢ ᠲᠦᠷᠦᠯ ᠵᠦᠢᠯ᠂ ᠲᠣᠷᠭᠠᠭᠤᠯᠢ ᠶᠢᠨ ᠵᠣᠭᠤᠰ ᠤᠨ ᠲᠤᠭ᠎ᠠ | ᠵᠡᠷᠭᠡ ᠳᠤ ᠨᠡᠮᠡᠯᠲᠡ ᠥᠭᠡᠷᠡᠴᠢᠯᠡᠯᠲᠡ ᠣᠷᠣᠭᠤᠯᠬᠤ ᠪᠤᠶᠤ ᠬᠦᠴᠦᠨ ᠦᠭᠡᠢ ᠪᠣᠯᠭᠠᠬᠤ ᠰᠠᠨᠠᠭᠤᠯᠭ᠎ᠠ ᠳᠤᠷᠠᠳᠬᠤ | ᠬᠡᠷᠡᠭᠲᠡᠶ᠃ | | ᠠᠷᠪᠠᠨ ᠵᠢᠷᠭᠤᠳᠤᠭᠠᠷ ᠵᠦᠢᠯ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠢᠮ | ᠲᠣᠭᠲᠠᠭᠠᠯ ᠠᠴᠠ ᠭᠠᠳᠠᠨ᠎ᠠ᠂ ᠪᠤᠰᠤᠳ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠵᠠᠰᠠᠭ ᠵᠠᠬᠢᠷᠭᠠᠨ ᠤ | ᠰᠢᠳᠬᠡᠯ ᠲᠣᠭᠲᠠᠭᠠᠵᠤ ᠪᠣᠯᠬᠤ ᠥᠭᠡᠢ᠃ | | | | ᠭᠤᠷᠪᠠᠳᠤᠭᠠᠷ ᠪᠦᠯᠦᠭ ᠵᠠᠰᠠᠭ ᠵᠠᠬᠢᠷᠭᠠᠨ ᠤ ᠰᠢᠳᠬᠡᠯ ᠢ ᠬᠡᠷᠡᠭᠵᠢᠭᠦᠯᠬᠦ ᠪᠠᠶᠢᠭᠤᠯᠭ᠎ᠠ | | ᠠᠷᠪᠠᠨ ᠳᠣᠯᠣᠳᠤᠭᠠᠷ ᠵᠦᠢᠯ ᠵᠠᠰᠠᠭ ᠵᠠᠬᠢᠷᠭᠠᠨ ᠤ ᠰᠢᠳᠬᠡᠯ ᠢ ᠵᠠᠰᠠᠭ ᠵᠠᠬᠢᠷᠭᠠᠨ ᠤ ᠰᠢᠳᠬᠡᠯ ᠥᠭᠬᠦ | ᠡᠷᠬᠡ ᠲᠠᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠠᠤᠯᠢ ᠳᠤ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠤ | ᠳᠣᠲᠣᠷ᠎ᠠ ᠬᠡᠷᠡᠭᠵᠢᠭᠦᠯᠦᠨ᠎ᠡ᠃ | | ᠠᠷᠪᠠᠨ ᠨᠠᠢᠮᠠᠳᠤᠭᠠᠷ ᠵᠦᠢᠯ ᠤᠮᠤᠰ ᠠᠴᠠ ᠬᠤᠳᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠨᠥᠬᠦᠴᠡᠯ᠂ ᠰᠣᠶᠣᠯ ᠤᠨ ᠵᠠᠬ᠎ᠠ ᠳᠡᠯᠭᠡᠭᠦᠷ᠂ ᠵᠠᠮ | ᠲᠡᠭᠡᠭᠡᠪᠦᠷᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠲᠠᠷᠢᠶᠠᠯᠠᠩ ᠵᠡᠷᠭᠡ ᠬᠦᠷᠢᠶᠡᠨ ᠳᠤ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠦᠷᠢᠮ ᠢ ᠬᠡᠷᠡᠭᠵᠢᠭᠦᠯᠦᠨ ᠪᠠᠶᠢᠭᠤᠯᠵᠤ᠂ ᠵᠠᠰᠠᠭ ᠵᠠᠬᠢᠷᠭᠠᠨ ᠤ ᠰᠢᠳᠬᠡᠯ | ᠥᠭᠬᠦ ᠡᠷᠬᠡ ᠶᠢ ᠬᠠᠷᠢᠴᠠᠩᠭᠤᠶ ᠪᠠᠷ ᠲᠥᠪᠯᠡᠷᠡᠭᠦᠯᠦᠨ᠎ᠡ᠃ | | ᠲᠦᠷᠦ ᠶᠢᠨ ᠶᠠᠪᠤᠳᠠᠯ ᠤᠨ ᠬᠤᠷᠢᠶ᠎ᠠ ᠪᠤᠶᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠨᠢᠭᠡᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠤᠯᠪᠣᠭᠳᠠᠯ | ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠰᠢᠳᠬᠡᠯ ᠥᠭᠬᠦ ᠡᠷᠬᠡ ᠶᠢ ᠬᠡᠷᠡᠭᠵᠢᠭᠦᠯᠦᠨ᠎ᠡ᠃ | | ᠪᠡᠶ᠎ᠡ ᠶᠢᠨ ᠡᠷᠬᠡ ᠴᠢᠯᠥᠭᠡ ᠶᠢ ᠬᠢᠵᠠᠭᠠᠷᠯᠠᠬᠤ ᠵᠠᠰᠠᠭ ᠵᠠᠬᠢᠷᠭᠠᠨ ᠤ ᠰᠢᠳᠬᠡᠯ ᠤᠨ ᠡᠷᠬᠡ ᠶᠢ ᠵᠥᠪᠬᠡᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠬᠠᠤᠯᠢ ᠴᠠᠭᠠᠵᠠ ᠳᠤ ᠲᠣᠭᠲᠠᠭᠠᠭᠰᠠᠨ ᠪᠤᠰᠤᠳ ᠪᠠᠶᠢᠭᠤᠯᠭ᠎ᠠ ᠠᠴᠠ | ᠬᠡᠷᠡᠭᠵᠢᠭᠦᠯᠦᠨ᠎ᠡ᠃ | | ᠠᠷᠪᠠ ᠶᠢᠰᠦᠳᠦᠭᠡᠷ ᠵᠦᠢᠯ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ | ᠤᠯᠠᠨ ᠨᠡᠶᠢᠲᠡ ᠶᠢᠨ ᠠᠵᠢᠯ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠪᠦᠬᠦᠢ ᠵᠣᠬᠢᠶᠠᠨ ᠪᠠᠶᠢᠭᠤᠯᠤᠯᠲᠠ | ᠬᠠᠤᠯᠢ ᠳᠤ ᠲᠣᠭᠲᠠᠭᠠᠭᠰᠠᠨ ᠡᠷᠬᠡ ᠣᠯᠭᠤᠭᠰᠠᠨ ᠬᠡᠪᠴᠢᠶᠡᠨ ᠳᠣᠲᠣᠷ᠎ᠠ ᠵᠠᠰᠠᠭ ᠵᠠᠬᠢᠷᠭᠠᠨ ᠤ ᠰᠢᠳᠬᠡᠯ ᠢ | ᠬᠡᠷᠡᠭᠵᠢᠭᠦᠯᠵᠦ ᠪᠣᠯᠤᠨ᠎ᠠ᠃ | | ᠬᠤᠷᠢᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ | ᠳᠦᠷᠢᠮ ᠲᠣᠭᠲᠠᠭᠠᠯ ᠤᠨ ᠲᠣᠭᠲᠠᠭᠠᠯ ᠶᠣᠰᠣᠭᠠᠷ᠂ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ | ᠳᠣᠲᠣᠷ᠎ᠠ ᠪᠠᠨ ᠲᠤᠰ ᠬᠠᠤᠯᠢ ᠶᠢᠨ ᠬᠤᠷᠢᠨ ᠨᠢᠭᠡᠳᠦᠭᠡᠷ ᠵᠦᠢᠯ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ | ᠵᠣᠬᠢᠶᠠᠨ ᠪᠠᠶᠢᠭᠤᠯᠤᠯᠲᠠ ᠳᠤ ᠪᠢᠴᠢᠭ ᠢᠶᠠᠷ ᠨᠠᠶᠢᠳᠠᠵᠤ ᠵᠠᠰᠠᠭ ᠵᠠᠬᠢᠷᠭᠠᠨ ᠤ ᠰᠢᠳᠬᠡᠯ ᠢ ᠬᠡᠷᠡᠭᠵᠢᠭᠦᠯᠦᠭᠦᠯᠵᠦ ᠪᠣᠯᠤᠨ᠎ᠠ | ᠃ ᠵᠠᠰᠠᠭ ᠵᠠᠬᠢᠷᠭᠠᠨ ᠤ ᠪᠠᠶᠢᠭᠤᠯᠭ᠎ᠠ ᠪᠤᠰᠤᠳ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠳᠤ ᠨᠠᠶᠢᠳᠠᠵᠤ | ᠵᠠᠰᠠᠭ ᠵᠠᠬᠢᠷᠭᠠᠨ ᠤ ᠰᠢᠳᠬᠡᠯ ᠢ ᠬᠡᠷᠡᠭᠵᠢᠭᠦᠯᠦᠭᠦᠯᠵᠦ ᠪᠣᠯᠬᠤ ᠦᠭᠡᠢ᠃ | | ᠨᠠᠶᠢᠳᠠᠯᠭ᠎ᠠ ᠶᠢᠨ ᠪᠢᠴᠢᠭ ᠲᠤ ᠨᠠᠶᠢᠳᠠᠭᠰᠠᠨ ᠪᠣᠳᠠᠲᠠᠶ ᠵᠦᠢᠯᠡᠰ᠂ ᠡᠷᠬᠡ ᠶᠢᠨ ᠬᠡᠪᠴᠢᠶ᠎ᠡ᠂ ᠬᠤᠭᠤᠴᠠᠭ᠎ᠠ | ᠵᠡᠷᠭᠡ ᠠᠭᠤᠯᠭ᠎ᠠ ᠶᠢ ᠲᠣᠳᠣᠷᠬᠠᠶ ᠪᠢᠴᠢᠬᠦ ᠬᠡᠷᠡᠭᠲᠡᠶ᠃ ᠨᠠᠶᠢᠳᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠪᠠ | ᠨᠠᠶᠢᠳᠠᠯᠭ᠎ᠠ ᠬᠦᠯᠢᠶᠡᠭᠰᠡᠨ ᠵᠣᠬᠢᠶᠠᠨ ᠪᠠᠶᠢᠭᠤᠯᠤᠯᠲᠠ ᠨᠢ ᠨᠠᠶᠢᠳᠠᠯᠭ᠎ᠠ ᠶᠢᠨ ᠪᠢᠴᠢᠭ ᠢᠶᠠᠨ ᠨᠡᠶᠢᠭᠡᠮ ᠳᠤ ᠨᠡᠶᠢᠲᠡᠯᠡᠬᠦ | ᠬᠡᠷᠡᠭᠲᠡᠶ᠃ | | ᠨᠠᠶᠢᠳᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠨᠢ ᠨᠠᠶᠢᠳᠠᠯᠭ᠎ᠠ ᠬᠦᠯᠢᠶᠡᠭᠰᠡᠨ ᠵᠣᠬᠢᠶᠠᠨ ᠪᠠᠶᠢᠭᠤᠯᠤᠯᠲᠠ ᠶᠢᠨ | ᠵᠠᠰᠠᠭ ᠵᠠᠬᠢᠷᠭᠠᠨ ᠤ ᠰᠢᠳᠬᠡᠯ ᠢ ᠬᠡᠷᠡᠭᠵᠢᠭᠦᠯᠬᠦ ᠠᠵᠢᠯᠯᠠᠭ᠎ᠠ ᠳᠤ ᠬᠠᠷᠢᠭᠤᠴᠠᠨ ᠬᠢᠨᠠᠯᠲᠠ ᠲᠠᠯᠪᠢᠬᠤ ᠬᠡᠷᠡᠭᠲᠡᠶ ᠪᠥᠭᠡᠳ | ᠲᠤᠰ ᠠᠵᠢᠯᠯᠠᠭ᠎ᠠ ᠶᠢᠨ ᠦᠷ᠎ᠡ ᠳ᠋ᠦᠩ ᠳᠤ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | | ᠨᠠᠶᠢᠳᠠᠯᠭ᠎ᠠ ᠬᠦᠯᠢᠶᠡᠭᠰᠡᠨ ᠵᠣᠬᠢᠶᠠᠨ ᠪᠠᠶᠢᠭᠤᠯᠤᠯᠲᠠ ᠨᠢ ᠨᠠᠶᠢᠳᠠᠯᠭ᠎ᠠ ᠶᠢᠨ ᠬᠡᠪᠴᠢᠶᠡᠨ ᠳᠣᠲᠣᠷ᠎ᠠ ᠪᠠᠨ | ᠨᠠᠶᠢᠳᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠡᠷ᠎ᠡ ᠪᠠᠷ ᠵᠠᠰᠠᠭ ᠵᠠᠬᠢᠷᠭᠠᠨ ᠤ ᠰᠢᠳᠬᠡᠯ ᠢ ᠬᠡᠷᠡᠭᠵᠢᠭᠦᠯᠦᠨ᠎ᠡ︔ | ᠳᠠᠬᠢᠵᠤ ᠪᠤᠰᠤᠳ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠳᠤ ᠨᠠᠶᠢᠳᠠᠵᠤ ᠵᠠᠰᠠᠭ ᠵᠠᠬᠢᠷᠭᠠᠨ ᠤ ᠰᠢᠳᠬᠡᠯ ᠢ | ᠬᠡᠷᠡᠭᠵᠢᠭᠦᠯᠦᠭᠦᠯᠵᠦ ᠪᠣᠯᠬᠤ ᠦᠭᠡᠢ᠃ | | ᠬᠤᠷᠢᠨ ᠨᠢᠭᠡᠳᠦᠭᠡᠷ ᠵᠦᠢᠯ ᠨᠠᠶᠢᠳᠠᠯᠭ᠎ᠠ ᠬᠦᠯᠢᠶᠡᠭᠰᠡᠨ ᠵᠣᠬᠢᠶᠠᠨ ᠪᠠᠶᠢᠭᠤᠯᠤᠯᠲᠠ ᠨᠢ ᠡᠷᠬᠡᠪᠰᠢ | ᠳᠠᠷᠠᠭᠠᠬᠢ ᠨᠥᠬᠦᠴᠡᠯ ᠤᠳ ᠲᠤ ᠨᠡᠶᠢᠴᠡᠭᠰᠡᠨ ᠪᠠᠶᠢᠬᠤ ᠬᠡᠷᠡᠭᠲᠡᠶ᠄ | | ︵ᠨᠢᠭᠡ︶ ᠬᠠᠤᠯᠢ ᠶᠣᠰᠣᠭᠠᠷ ᠪᠠᠶᠢᠭᠤᠯᠤᠭᠳᠠᠭᠰᠠᠨ ᠪᠥᠭᠡᠳ ᠤᠯᠠᠨ ᠨᠡᠶᠢᠲᠡ ᠶᠢᠨ ᠠᠵᠢᠯ ᠶᠠᠪᠤᠳᠠᠯ ᠢ | ᠬᠠᠮᠢᠶᠠᠷᠬᠤ ᠡᠭᠦᠷᠭᠡ ᠴᠢᠳᠠᠪᠤᠷᠢ ᠲᠠᠢ ᠪᠠᠶᠢᠬᠤ︔ | | ︵ᠬᠤᠶᠠᠷ︶ ᠬᠤᠯᠪᠣᠭᠳᠠᠯ ᠪᠥᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠢᠮ ᠲᠣᠭᠲᠠᠭᠠᠯ ᠪᠣᠯᠤᠨ | ᠲᠤᠬᠠᠶᠢᠯᠠᠭᠰᠠᠨ ᠠᠵᠢᠯ ᠢ ᠰᠠᠶᠢᠨ ᠮᠡᠳᠡᠳᠡᠭ ᠪᠥᠭᠡᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠬᠡᠮ | ᠣᠯᠤᠭᠰᠠᠨ ᠠᠵᠢᠯᠳᠠᠨ ᠲᠠᠢ ᠪᠠᠶᠢᠬᠤ᠃ | | ︵ᠭᠤᠷᠪᠠ︶ ᠮᠡᠷᠭᠡᠵᠢᠯ ᠤᠨ ᠪᠠᠶᠢᠴᠠᠭᠠᠯᠲᠠ ᠪᠤᠶᠤ ᠮᠡᠷᠭᠡᠵᠢᠯ ᠤᠨ ᠬᠢᠨᠠᠨ ᠲᠣᠭᠲᠠᠭᠠᠯᠲᠠ ᠬᠢᠬᠦ ᠴᠢᠬᠤᠯᠠᠲᠠᠶ | ᠪᠠᠶᠢᠪᠠᠯ᠂ ᠵᠣᠬᠢᠴᠠᠩᠭᠤᠶ ᠮᠡᠷᠭᠡᠵᠢᠯ ᠤᠨ ᠪᠠᠶᠢᠴᠠᠭᠠᠯᠲᠠ ᠪᠤᠶᠤ ᠮᠡᠷᠭᠡᠵᠢᠯ ᠤᠨ ᠬᠢᠨᠠᠨ ᠲᠣᠭᠲᠠᠭᠠᠯᠲᠠ ᠶᠢ ᠵᠣᠬᠢᠶᠠᠨ | ᠪᠠᠶᠢᠭᠤᠯᠵᠤ ᠬᠢᠬᠦ ᠨᠥᠬᠦᠴᠡᠯ ᠲᠠᠢ ᠪᠠᠶᠢᠬᠤ ᠬᠡᠷᠡᠭᠲᠡᠶ᠃ | | ᠳᠥᠷᠪᠡᠳᠦᠭᠡᠷ ᠪᠦᠯᠦᠭ ᠵᠠᠰᠠᠭ ᠵᠠᠬᠢᠷᠭᠠᠨ ᠤ ᠰᠢᠳᠬᠡᠯ ᠢ ᠬᠠᠮᠢᠶᠠᠷᠬᠤ ᠪᠠ ᠬᠡᠷᠡᠭᠯᠡᠬᠦ | | ᠬᠤᠷᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠰᠢᠳᠬᠡᠯ ᠢ ᠬᠠᠤᠯᠢ ᠶᠢ ᠵᠥᠷᠢᠴᠡᠭᠰᠡᠨ | ᠠᠵᠢᠯᠯᠠᠭ᠎ᠠ ᠭᠠᠷᠤᠭᠰᠠᠨ ᠭᠠᠵᠠᠷ ᠤᠨ ᠵᠠᠰᠠᠭ ᠵᠠᠬᠢᠷᠭᠠᠨ ᠤ ᠪᠠᠶᠢᠭᠤᠯᠭ᠎ᠠ ᠬᠠᠷᠢᠶᠠᠯᠠᠨ᠎ᠠ᠃ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠳᠤ ᠠᠰᠲᠠᠭᠠᠨ ᠲᠣᠭᠲᠠᠭᠠᠯ ᠲᠠᠢ | ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | | ᠬᠤᠷᠢᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠰᠢᠳᠬᠡᠯ ᠢ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠳᠬᠡᠯ ᠥᠭᠬᠦ | ᠡᠷᠬᠡ ᠲᠠᠢ ᠵᠠᠰᠠᠭ ᠵᠠᠬᠢᠷᠭᠠᠨ ᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠰᠲᠠᠭᠠᠨ | ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | | ᠬᠤᠷᠢᠨ ᠳᠥᠷᠪᠡᠳᠦᠭᠡᠷ ᠵᠦᠢᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠲᠤᠬᠠᠶ ᠶᠢᠨ ᠭᠠᠵᠠᠷ ᠤᠨ ᠢᠶᠠᠨ ᠪᠣᠳᠠᠲᠤ ᠪᠠᠶᠢᠳᠠᠯ ᠢ ᠦᠨᠳᠦᠰᠦᠯᠡᠨ᠂ ᠦᠨᠳᠦᠰᠦᠨ ᠱᠠᠲᠤᠨ ᠤ | ᠬᠠᠮᠢᠶᠠᠷᠤᠯᠲᠠ ᠳᠤ ᠪᠠᠴᠢᠮ ᠱᠠᠭᠠᠷᠳᠠᠭᠳᠠᠵᠤ ᠪᠠᠶᠢᠭ᠎ᠠ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠰᠢᠳᠬᠡᠯ ᠤᠨ ᠡᠷᠬᠡ ᠶᠢ ᠪᠦᠲᠦᠮᠵᠢᠲᠡᠶ ᠪᠠᠷ ᠵᠠᠯᠭᠠᠨ ᠠᠪᠴᠤ ᠳᠡᠶᠢᠯᠬᠦ | ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ | ᠲᠤᠰᠢᠶᠠᠨ ᠥᠭᠴᠦ ᠬᠡᠷᠡᠭᠵᠢᠭᠦᠯᠦᠭᠦᠯᠬᠦ ᠪᠠᠷ ᠲᠣᠭᠲᠠᠭᠠᠵᠤ ᠪᠣᠯᠬᠤ ᠪᠥᠭᠡᠳ ᠲᠣᠭᠲᠠᠮᠠᠯ ᠬᠤᠭᠤᠴᠠᠭ᠎ᠠ ᠲᠠᠢ ᠪᠠᠷ | ᠵᠣᠬᠢᠶᠠᠨ ᠪᠠᠶᠢᠭᠤᠯᠵᠤ ᠦᠨᠡᠯᠡᠨ ᠵᠢᠱᠢᠭᠦᠯᠦᠨᠡ᠃ ᠲᠣᠭᠲᠠᠭᠠᠯ ᠢ ᠨᠡᠶᠢᠲᠡᠯᠡᠬᠦ ᠬᠡᠷᠡᠭᠲᠡᠶ᠃ | | ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠬᠦᠯᠢᠶᠡᠨ ᠠᠪᠤᠭᠰᠠᠨ ᠰᠤᠮᠤ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠠᠤᠯᠢ ᠬᠡᠷᠡᠭᠵᠢᠭᠦᠯᠬᠦ | ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠣᠭᠲᠠᠭᠠᠭᠰᠠᠨ ᠬᠦᠷᠢᠶ᠎ᠡ ᠬᠡᠪᠴᠢᠶ᠎ᠡ ᠶᠣᠰᠣᠭᠠᠷ᠂ | ᠬᠠᠤᠯᠢ ᠳᠤ ᠲᠣᠭᠲᠠᠭᠠᠭᠰᠠᠨ ᠵᠢᠷᠤᠮ ᠶᠣᠰᠣᠭᠠᠷ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢ ᠬᠡᠷᠡᠭᠵᠢᠭᠦᠯᠬᠦ | ᠬᠡᠷᠡᠭᠲᠡᠶ᠃ | | ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ | ᠮᠥᠴᠢᠷ ᠤᠳ ᠵᠣᠬᠢᠶᠠᠨ ᠪᠠᠶᠢᠭᠤᠯᠵᠤ ᠵᠣᠬᠢᠴᠠᠭᠤᠯᠬᠤ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠵᠢᠭᠠᠨ | ᠵᠢᠯᠣᠭᠤᠳᠬᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠵᠠᠰᠠᠭ ᠵᠠᠬᠢᠷᠭᠠᠨ ᠤ | ᠰᠢᠳᠬᠡᠯ ᠤᠨ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨᠡᠯᠡᠨ | ᠶᠠᠷᠢᠯᠴᠠᠬᠤ᠂ ᠬᠢᠨᠠᠨ ᠰᠢᠯᠭᠠᠬᠤ ᠲᠦᠷᠢᠮ ᠢ ᠲᠡᠭᠦᠯᠳᠡᠷᠵᠢᠭᠦᠯᠬᠦ ᠬᠡᠷᠡᠭᠲᠡᠶ᠃ | | ᠬᠤᠷᠢᠨ ᠲᠠᠪᠤᠳᠤᠭᠠᠷ ᠵᠦᠢᠯ ᠬᠤᠶᠠᠷ ᠠᠴᠠ ᠳᠡᠭᠡᠭᠰᠢᠬᠢ ᠵᠠᠰᠠᠭ ᠵᠠᠬᠢᠷᠭᠠᠨ ᠤ ᠪᠠᠶᠢᠭᠤᠯᠭ᠎ᠠ ᠴᠥᠮ | ᠬᠠᠷᠢᠶᠠᠯᠠᠬᠤ ᠡᠷᠬᠡ ᠲᠠᠢ ᠪᠠᠶᠢᠪᠠᠯ᠂ ᠬᠠᠮᠤᠭ ᠤᠨ ᠲᠦᠷᠦᠭᠦᠨ ᠳᠤ ᠬᠡᠷᠡᠭ ᠪᠣᠯᠭᠠᠨ ᠳᠠᠩᠰᠠᠯᠠᠭᠰᠠᠨ ᠵᠠᠰᠠᠭ ᠵᠠᠬᠢᠷᠭᠠᠨ ᠤ | ᠪᠠᠶᠢᠭᠤᠯᠭ᠎ᠠ ᠳᠤ ᠬᠠᠷᠢᠶᠠᠯᠠᠨ᠎ᠠ᠃ | | ᠬᠠᠷᠢᠶᠠᠯᠠᠯ ᠤᠨ ᠲᠤᠬᠠᠶ ᠮᠠᠷᠭᠤᠯᠳᠤᠭᠠᠨ ᠭᠠᠷᠪᠠᠯ᠂ ᠵᠥᠪᠳᠡᠯᠴᠡᠵᠦ ᠪᠠᠶᠢᠭᠠᠳ ᠰᠢᠢᠳᠪᠦᠷᠢᠯᠡᠬᠦ ᠬᠡᠷᠡᠭᠲᠡᠶ᠂ | ᠵᠥᠪᠳᠡᠯᠴᠡᠭᠡᠳ ᠪᠦᠲᠦᠭᠰᠡᠨ ᠦᠭᠡᠢ ᠪᠠᠶᠢᠪᠠᠯ᠂ ᠬᠠᠮᠲᠤ ᠶᠢᠨ ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ | ᠪᠠᠶᠢᠭᠤᠯᠭ᠎ᠠ ᠳᠤ ᠮᠡᠳᠡᠭᠦᠯᠵᠦ ᠬᠠᠷᠢᠶᠠᠯᠠᠯ ᠢ ᠵᠢᠭᠠᠨ ᠲᠣᠭᠲᠠᠭᠠᠯᠭᠠᠨ᠎ᠠ︔ ᠬᠠᠮᠲᠤ ᠶᠢᠨ ᠳᠡᠭᠡᠷ᠎ᠡ ᠨᠢᠭᠡ ᠱᠠᠲᠤᠨ ᠤ | ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠰᠢᠭᠤᠳ ᠬᠠᠷᠢᠶᠠᠯᠠᠯ ᠢ ᠨᠢ ᠵᠢᠭᠠᠨ ᠲᠣᠭᠲᠠᠭᠠᠵᠤ ᠴᠤ ᠪᠣᠯᠤᠨ᠎ᠠ᠃ | | ᠬᠤᠷᠢᠨ ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠰᠢᠳᠬᠡᠯ ᠢ | ᠬᠡᠷᠡᠭᠵᠢᠭᠦᠯᠬᠦ ᠬᠡᠷᠡᠭᠴᠡᠭᠡ ᠠᠴᠠ ᠪᠤᠯᠵᠤ᠂ ᠬᠤᠯᠪᠣᠭᠳᠠᠯ ᠪᠦᠬᠦᠢ ᠪᠠᠶᠢᠭᠤᠯᠭ᠎ᠠ ᠳᠤ ᠬᠠᠮᠵᠢᠭᠤᠯᠬᠤ ᠭᠤᠶᠤᠴᠢᠯᠠᠯ | ᠭᠠᠷᠭᠠᠵᠤ ᠪᠣᠯᠤᠨ᠎ᠠ᠃ ᠬᠠᠮᠵᠢᠬᠤ ᠵᠦᠢᠯᠡᠰ ᠨᠢ ᠭᠤᠶᠤᠴᠢᠯᠠᠭᠳᠠᠭᠰᠠᠨ ᠪᠠᠶᠢᠭᠤᠯᠭ᠎ᠠ ᠶᠢᠨ ᠡᠷᠬᠡ ᠲᠤᠰᠢᠶᠠᠯ ᠤᠨ | ᠬᠡᠪᠴᠢᠶᠡᠨ ᠳᠤ ᠬᠠᠷᠢᠶᠠᠯᠠᠭᠳᠠᠪᠠᠯ᠂ ᠬᠠᠤᠯᠢ ᠶᠣᠰᠣᠭᠠᠷ ᠬᠠᠮᠵᠢᠬᠤ ᠬᠡᠷᠡᠭᠲᠡᠶ᠃ | | ᠬᠤᠷᠢᠨ ᠳᠣᠯᠣᠳᠤᠭᠠᠷ ᠵᠦᠢᠯ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠨᠢ ᠶᠠᠯ᠎ᠠ ᠬᠢᠭᠰᠡᠨ | ᠰᠡᠵᠢᠭᠯᠡᠯᠲᠡᠶ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠡᠷᠡᠭ ᠢ ᠴᠠᠭ ᠲᠤᠬᠠᠶ ᠳᠤᠨᠢ ᠬᠠᠤᠯᠢ ᠴᠠᠭᠠᠵᠠ ᠶᠢᠨ | ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠬᠦ ᠬᠡᠷᠡᠭᠲᠡᠶ | ᠃ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠬᠦ ᠴᠢᠬᠤᠯᠠ ᠤᠢᠭᠡᠢ ᠪᠤᠶᠤ ᠡᠷᠡᠭᠦᠦ ᠶᠢᠨ | ᠰᠢᠳᠬᠡᠯ ᠠᠴᠠ ᠬᠡᠯᠲᠦᠷᠢᠭᠦᠯᠬᠦ ᠪᠣᠯᠪᠠᠴᠤ ᠵᠠᠰᠠᠭ ᠵᠠᠬᠢᠷᠭᠠᠨ ᠤ ᠰᠢᠳᠬᠡᠯ ᠥᠭᠬᠦ ᠬᠡᠷᠡᠭᠲᠡᠶ ᠪᠠᠶᠢᠪᠠᠯ᠂ ᠬᠠᠤᠯᠢ | ᠴᠠᠭᠠᠵᠠ ᠶᠢᠨ ᠪᠠᠶᠢᠭᠤᠯᠭ᠎ᠠ ᠬᠡᠷᠡᠭ ᠢ ᠴᠠᠭ ᠲᠤᠬᠠᠶ ᠳᠤᠨᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠳᠤ | ᠰᠢᠯᠵᠢᠭᠦᠯᠦᠨ ᠬᠦᠷᠭᠡᠬᠦ ᠬᠡᠷᠡᠭᠲᠡᠶ᠃ | | ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢ ᠬᠡᠷᠡᠭᠵᠢᠭᠦᠯᠬᠦ ᠪᠠᠶᠢᠭᠤᠯᠭ᠎ᠠ ᠬᠢᠭᠡᠳ ᠬᠠᠤᠯᠢ ᠪᠠᠷᠢᠬᠤ | ᠪᠠᠶᠢᠭᠤᠯᠭ᠎ᠠ ᠶᠢᠨ ᠬᠤᠭᠤᠷᠣᠨᠳᠣ ᠪᠠᠨ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠬᠡᠷᠡᠭ ᠢ ᠰᠢᠯᠵᠢᠭᠦᠯᠦᠨ | ᠬᠦᠷᠭᠡᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠰᠢᠯᠵᠢᠭᠦᠯᠦᠨ | ᠲᠤᠰᠢᠶᠠᠬᠤ᠂ ᠭᠥᠯᠢᠶᠡᠨ ᠠᠪᠬᠤ ᠶᠢ ᠵᠣᠯᠭᠠᠭᠤᠯᠬᠤ ᠶᠢ ᠴᠢᠩᠭᠠᠳᠬᠠᠨ᠂ ᠬᠡᠷᠡᠭ ᠢ ᠰᠢᠢᠳᠪᠦᠷᠢᠯᠡᠬᠦ ᠮᠡᠳᠡᠭᠡ ᠵᠠᠩᠭᠢ ᠶᠢ | ᠮᠡᠳᠡᠭᠡᠯᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ | | ᠬᠤᠷᠢᠨ ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠰᠢᠳᠬᠡᠯ ᠢ | ᠬᠡᠷᠡᠭᠵᠢᠭᠦᠯᠬᠦ ᠳᠡᠭᠡᠨ ᠲᠤᠬᠠᠶ ᠶᠢᠨ ᠬᠥᠮᠦᠨ ᠢ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ | ᠵᠠᠯᠠᠷᠠᠭᠤᠯᠤᠭᠤᠯᠬᠤ ᠪᠤᠶᠤ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠬᠡᠷᠡᠭᠲᠡᠶ᠃ | | ᠲᠤᠬᠠᠶ ᠶᠢᠨ ᠬᠥᠮᠦᠨ ᠨᠢ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠲᠠᠢ ᠪᠠᠶᠢᠪᠠᠯ᠂ ᠬᠠᠤᠯᠢ | ᠶᠣᠰᠣᠭᠠᠷ ᠪᠤᠴᠠᠭᠠᠵᠤ ᠲᠦᠯᠦᠬᠦ ᠶᠣᠰᠣᠲᠠᠶ ᠪᠠᠶᠢᠬᠤ ᠶᠢ ᠭᠠᠷᠭᠠᠪᠠᠯ᠂ ᠪᠤᠰᠤᠳ ᠢ ᠨᠢ ᠬᠤᠷᠢᠶᠡᠠ ᠠᠪᠬᠤ ᠬᠡᠷᠡᠭᠲᠡᠶ᠃ | ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠭᠡᠳᠡᠭ ᠨᠢ ᠬᠠᠤᠯᠢ ᠶᠢ ᠵᠥᠷᠢᠴᠡᠭᠰᠡᠨ ᠠᠵᠢᠯᠯᠠᠭ᠎ᠠ ᠬᠢᠭᠡᠳ | ᠣᠯᠤᠭᠰᠠᠨ ᠵᠣᠭᠤᠰ ᠢ ᠬᠡᠯᠡᠨ᠎ᠡ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠰᠠᠯᠠᠭ᠎ᠠ | ᠮᠥᠴᠢᠷ ᠤᠨ ᠲᠦᠷᠢᠮ ᠲᠣᠭᠲᠠᠭᠠᠯ ᠳᠤ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠪᠤᠳᠦᠬᠤ ᠲᠤᠬᠠᠶ | ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | | ᠬᠤᠷᠢ ᠶᠢᠰᠦᠳᠦᠭᠡᠷ ᠵᠦᠢᠯ ᠲᠤᠬᠠᠶ ᠶᠢᠨ ᠬᠥᠮᠦᠨ ᠤ ᠬᠠᠤᠯᠢ ᠶᠢ ᠵᠥᠷᠢᠴᠡᠭᠰᠡᠨ ᠠᠳᠠᠯᠢ ᠨᠢᠭᠡᠨ | ᠠᠵᠢᠯᠯᠠᠭ᠎ᠠ ᠳᠤ ᠬᠤᠶᠠᠷ ᠤᠳᠠᠭ᠎ᠠ ᠠᠴᠠ ᠳᠡᠭᠡᠭᠰᠢ ᠵᠣᠭᠤᠰ ᠢᠶᠠᠷ ᠲᠣᠷᠭᠠᠬᠤ ᠵᠠᠰᠠᠭ ᠵᠠᠬᠢᠷᠭᠠᠨ ᠤ ᠰᠢᠳᠬᠡᠯ ᠥᠭᠴᠦ | ᠪᠣᠯᠬᠤ ᠦᠭᠡᠢ᠃ ᠠᠳᠠᠯᠢ ᠨᠢᠭᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠨᠢ ᠤᠯᠠᠨ ᠬᠠᠤᠯᠢ ᠴᠠᠭᠠᠵᠠ ᠶᠢᠨ | ᠵᠢᠷᠤᠮᠵᠢᠯ ᠢ ᠵᠥᠷᠢᠴᠡᠭᠡᠳ ᠵᠣᠭᠤᠰ ᠢᠶᠠᠷ ᠲᠣᠷᠭᠠᠬᠤ ᠪᠠᠷ ᠰᠢᠳᠬᠡᠬᠦ ᠬᠡᠷᠡᠭᠲᠡᠶ ᠪᠠᠶᠢᠪᠠᠯ᠂ ᠵᠣᠭᠤᠰ ᠢᠶᠠᠷ ᠲᠣᠷᠭᠠᠬᠤ | ᠲᠤᠭ᠎ᠠ ᠬᠡᠮᠵᠢᠶ᠎ᠡ ᠨᠢ ᠥᠨᠳᠥᠷ ᠪᠠᠶᠢᠬᠤ ᠲᠣᠭᠲᠠᠭᠠᠯ ᠶᠣᠰᠣᠭᠠᠷ ᠰᠢᠳᠬᠡᠨ᠎ᠡ᠃ | | ᠭᠤᠴᠢᠳᠤᠭᠠᠷ ᠵᠦᠢᠯ ᠪᠦ᠋ᠬᠦᠯᠢ ᠠᠷᠪᠠᠨ ᠲᠦᠷᠪᠡᠠ ᠨᠠᠰᠤ ᠬᠦᠷᠦᠭᠡᠳᠦᠢ ᠨᠠᠰᠤᠨ ᠳᠤ ᠤᠢᠯᠦ | ᠬᠦᠷᠦᠭᠰᠡᠦᠠ ᠬᠠᠤᠯᠢ ᠶᠢ ᠵᠥᠷᠢᠴᠡᠭᠰᠡᠨ ᠤᠢᠢᠯᠠ ᠠᠵᠢᠯᠯᠠᠭ᠎ᠠ ᠲᠠᠢ ᠪᠠᠶᠢᠪᠠᠯ᠂ ᠵᠠᠰᠠᠭ ᠵᠠᠬᠢᠷᠭᠠᠨ ᠤ ᠰᠢᠳᠬᠡᠯ ᠥᠭᠬᠦ | ᠤᠢᠭᠡᠢ᠂ ᠬᠢᠨᠠᠨ ᠬᠠᠮᠠᠭᠠᠯᠠᠭᠴᠢ ᠶᠢ ᠵᠠᠷᠯᠢᠭᠳᠠᠵᠤ ᠪᠠᠶᠢᠭᠠᠳ ᠵᠠᠬᠢᠷᠤᠨ ᠰᠤᠷᠭᠠᠭᠤᠯᠤᠨᠠ︔ ᠪᠦᠬᠦᠯᠢ ᠠᠷᠪᠠᠨ | ᠲᠦᠷᠪᠡᠠ ᠨᠠᠰᠤᠨ ᠳᠤ ᠬᠦᠷᠦᠭᠡᠦᠠ ᠪᠦᠬᠦᠯᠢ ᠠᠷᠪᠠᠨ ᠨᠠᠢᠮᠠᠨ ᠨᠠᠰᠤ ᠬᠦᠷᠦᠭᠡᠳᠦᠢ ᠨᠠᠰᠤᠨ ᠳᠤ ᠤᠢᠯᠦ ᠬᠦᠷᠦᠭᠰᠡᠦᠠ | ᠬᠠᠤᠯᠢ ᠶᠢ ᠵᠥᠷᠢᠴᠡᠭᠰᠡᠨ ᠤᠢᠢᠯᠠ ᠠᠵᠢᠯᠯᠠᠭ᠎ᠠ ᠲᠠᠢ ᠪᠠᠶᠢᠪᠠᠯ᠂ ᠵᠠᠰᠠᠭ ᠵᠠᠬᠢᠷᠭᠠᠨ ᠤ ᠰᠢᠳᠬᠡᠯ ᠢ ᠬᠦᠩᠭᠡᠠ ᠢᠶᠠᠷ | ᠰᠢᠳᠬᠡᠬᠦ ᠪᠤᠶᠤ ᠬᠥᠩᠭᠡᠷᠡᠭᠦᠯᠦᠨ ᠰᠢᠳᠬᠡᠬᠦ ᠬᠡᠷᠡᠭᠲᠡᠶ᠃ | | ᠭᠤᠴᠢᠨ ᠨᠢᠭᠡᠳᠦᠭᠡᠷ ᠵᠦᠢᠯ ᠮᠡᠳᠡᠷᠡᠯ ᠤᠨ ᠡᠪᠡᠳᠴᠢᠨ ᠲᠠᠢ ᠬᠥᠮᠦᠨ᠂ ᠤᠶᠤᠨ ᠤ ᠵᠡᠮᠳᠡᠭ ᠬᠥᠮᠦᠨ | ᠥᠪᠡᠷ ᠤᠨ ᠦᠢᠯᠡ ᠠᠵᠢᠯᠯᠠᠭ᠎ᠠ ᠪᠠᠨ ᠢᠯᠭᠠᠨ ᠲᠠᠨᠢᠵᠤ ᠴᠢᠳᠠᠬᠤ ᠦᠭᠡᠢ ᠪᠤᠶᠤ ᠡᠵᠡᠮᠳᠡᠵᠦ ᠴᠢᠳᠠᠬᠤ ᠦᠭᠡᠢ | ᠦᠶ᠎ᠡ ᠳᠡᠭᠡᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ᠂ ᠵᠠᠰᠠᠭ ᠵᠠᠬᠢᠷᠭᠠᠨ ᠤ ᠰᠢᠳᠬᠡᠯ ᠥᠭᠬᠦ | ᠦᠭᠡᠢ᠂ ᠭᠡᠪᠡᠴᠦ ᠬᠢᠨᠠᠨ ᠬᠠᠮᠠᠭᠠᠯᠠᠭᠴᠢ ᠶᠢ ᠨᠢ ᠵᠠᠷᠯᠢᠭᠳᠠᠵᠤ ᠪᠠᠶᠢᠭᠠᠳ ᠴᠢᠩᠭ᠎ᠠ ᠬᠠᠮᠢᠶᠠᠷᠤᠭᠤᠯᠬᠤ ᠪᠠ ᠡᠮᠨᠡᠭᠦᠯᠬᠦ | ᠬᠡᠷᠡᠭᠲᠡᠶ᠃ ᠪᠠᠶᠢᠨ ᠪᠠᠶᠢᠨ ᠬᠥᠳᠡᠯᠳᠡᠭ ᠮᠡᠳᠡᠷᠡᠯ ᠤᠨ ᠡᠪᠡᠳᠴᠢᠨ ᠲᠠᠢ ᠬᠥᠮᠦᠨ ᠮᠡᠳᠡᠷᠡᠯ ᠨᠢ ᠬᠡᠪ ᠤᠨ ᠪᠠᠶᠢᠬᠤ | ᠦᠶ᠎ᠡ ᠳᠡᠭᠡᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ᠂ ᠵᠠᠰᠠᠭ ᠵᠠᠬᠢᠷᠭᠠᠨ ᠤ ᠰᠢᠳᠬᠡᠯ ᠥᠭᠬᠦ | ᠬᠡᠷᠡᠭᠲᠡᠶ᠃ ᠥᠪᠡᠷ ᠤᠨ ᠦᠢᠯᠡ ᠠᠵᠢᠯᠯᠠᠭ᠎ᠠ ᠪᠠᠨ ᠢᠯᠭᠠᠨ ᠲᠠᠨᠢᠬᠤ ᠪᠤᠶᠤ ᠡᠵᠡᠮᠳᠡᠬᠦ ᠴᠢᠳᠠᠪᠤᠷᠢ ᠪᠠᠨ ᠬᠠᠷᠠᠬᠠᠨ | ᠪᠦᠷᠢᠮᠦᠰᠦᠨ ᠠᠯᠳᠠᠭᠠᠳᠤᠶ ᠮᠡᠳᠡᠷᠡᠯ ᠤᠨ ᠡᠪᠡᠳᠴᠢᠲᠡᠨ᠂ ᠣᠶᠣᠨ ᠤ ᠵᠡᠮᠳᠡᠭ ᠬᠥᠮᠦᠨ ᠬᠠᠤᠯᠢ ᠶᠢ ᠵᠥᠷᠢᠴᠡᠭᠰᠡᠨ | ᠦᠢᠯᠡ ᠠᠵᠢᠯᠯᠠᠭ᠎ᠠ ᠲᠠᠢ ᠪᠠᠶᠢᠪᠠᠯ᠂ ᠵᠠᠰᠠᠭ ᠵᠠᠬᠢᠷᠭᠠᠨ ᠤ ᠰᠢᠳᠬᠡᠯ ᠢ ᠬᠥᠩᠭᠡᠨ ᠢᠶᠠᠷ ᠰᠢᠳᠬᠡᠬᠦ ᠪᠤᠶᠤ | ᠬᠥᠩᠭᠡᠷᠡᠭᠦᠯᠦᠨ ᠰᠢᠳᠬᠡᠵᠦ ᠪᠣᠯᠤᠨ᠎ᠠ᠃ | | ᠭᠤᠴᠢᠨ ᠬᠤᠶᠠᠳᠤᠭᠠᠷ ᠵᠦᠢᠯ ᠲᠤᠬᠠᠶ ᠶᠢᠨ ᠬᠥᠮᠦᠨ ᠳᠤ ᠳᠣᠣᠷ᠎ᠠ ᠵᠢᠭᠰᠠᠭᠠᠭᠰᠠᠨ ᠪᠠᠶ᠋ᠳᠠᠯ ᠤᠨ | ᠨᠢᠭᠡ ᠨᠢ ᠪᠠᠶ᠋ᠪᠠᠯ ᠵᠠᠰᠠᠭ ᠵᠠᠬᠢᠷᠭᠠᠨ ᠤ ᠰᠢᠳᠬᠡᠯ ᠢ ᠬᠥᠩᠭᠡᠨ ᠢᠶᠠᠷ ᠰᠢᠳᠬᠡᠬᠦ ᠪᠤᠶᠤ ᠬᠥᠩᠭᠡᠷᠡᠭᠦᠯᠬᠦ ᠬᠡᠷᠡᠭᠲᠡᠶ : | | ︵ᠨᠢᠭᠡ︶ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠬᠤᠣᠷ ᠬᠥᠨᠥᠭᠡᠯ ᠤᠨ ᠦᠷ᠎ᠡ ᠤᠷᠰᠢᠭ ᠢ | ᠰᠠᠨᠠᠭᠠᠴᠢᠯᠠᠭ᠎ᠠ ᠠᠴᠠ ᠪᠠᠨ ᠠᠷᠢᠯᠭᠠᠭᠰᠠᠨ ᠪᠤᠶᠤ ᠬᠥᠩᠭᠡᠷᠡᠭᠦᠯᠦᠭᠰᠡᠨ︔ | | ︵ᠬᠤᠶᠠᠷ︶ ᠪᠤᠰᠤᠳ ᠤᠨ ᠰᠦᠷᠳᠡᠭᠦᠯᠦᠯ ᠪᠤᠶᠤ ᠮᠡᠬᠡᠯᠡᠯ ᠳᠤ ᠤᠴᠠᠷᠠᠵᠤ ᠬᠠᠤᠯᠢ ᠶᠢ ᠵᠥᠷᠢᠴᠡᠭᠰᠡᠨ | ᠠᠵᠢᠯᠯᠠᠭ᠎ᠠ ᠬᠢᠭᠰᠡᠨ︔ | | ︵ᠭᠤᠷᠪᠠ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠠᠬᠠᠨ ᠡᠵᠡᠮᠰᠢᠭᠡᠳᠦᠶ ᠬᠠᠤᠯᠢ ᠶᠢ ᠵᠥᠷᠢᠴᠡᠭᠰᠡᠨ | ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠥᠴᠢᠭᠯᠡᠭᠰᠡᠨ︔ | | ︵ᠲᠦᠷᠪᠡ︶ ᠵᠠᠰᠠᠭ ᠵᠠᠬᠢᠷᠭᠠᠨ ᠤ ᠪᠠᠶᠢᠭᠤᠯᠭ᠎ᠠ ᠲᠠᠢ ᠬᠠᠮᠵᠢᠯᠴᠠᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ | ᠪᠠᠶᠢᠴᠠᠭᠠᠨ ᠰᠢᠢᠳᠪᠦᠷᠢᠯᠡᠬᠦ ᠳᠤ ᠭᠠᠪᠢᠶ᠎ᠠ ᠪᠠᠶᠢᠭᠤᠯᠤᠭᠰᠠᠨ ᠢᠯᠡᠷᠡᠯ ᠲᠠᠢ ᠪᠠᠶᠢᠬᠤ︔ | | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠵᠠᠰᠠᠭ ᠵᠠᠬᠢᠷᠭᠠᠨ ᠤ | ᠰᠢᠳᠬᠡᠯ ᠢ ᠬᠦᠩᠭᠡᠠ ᠢᠶᠠᠷ ᠰᠢᠳᠬᠡᠬᠦ ᠪᠤᠶᠤ ᠬᠥᠩᠭᠡᠷᠡᠭᠦᠯᠬᠦ ᠬᠡᠷᠡᠭᠲᠡᠶ ᠭᠡᠵᠦ ᠲᠣᠭᠲᠠᠭᠠᠭᠰᠠᠨ ᠪᠤᠰᠤᠳ ᠵᠦᠢᠯ ᠤᠳ᠃ | | | ᠭᠤᠴᠢᠨ ᠭᠤᠷᠪᠠᠳᠤᠭᠠᠷ ᠵᠦᠢᠯ ᠬᠠᠤᠯᠢ ᠶᠢ ᠵᠥᠷᠢᠴᠡᠭᠰᠡᠨ ᠠᠵᠢᠯᠯᠠᠭ᠎ᠠ ᠨᠢ ᠬᠥᠩᠭᠡᠪᠲᠦᠷ ᠪᠥᠭᠡᠳ | ᠴᠠᠭ ᠲᠤᠬᠠᠶ ᠳᠤᠨᠢ ᠵᠠᠯᠠᠷᠠᠭᠤᠯᠤᠭᠠᠳ᠂ ᠬᠤᠣᠷ ᠬᠦᠨᠤᠭᠡᠯᠳᠤ ᠤᠷᠰᠢᠭ ᠲᠠᠲᠠᠭᠰᠠᠨ ᠦᠭᠡᠢ ᠪᠠᠶᠢᠪᠠᠯ᠂ ᠵᠠᠰᠠᠭ | ᠵᠠᠬᠢᠷᠭᠠᠨ ᠤ ᠰᠢᠳᠬᠡᠯ ᠥᠭᠬᠦ ᠦᠭᠡᠢ᠃ ᠠᠩᠬ᠎ᠠ ᠤᠳᠠᠭ᠎ᠠ ᠬᠠᠤᠯᠢ ᠶᠢ ᠵᠥᠷᠢᠴᠡᠭᠰᠡᠨ ᠪᠥᠭᠡᠳ ᠬᠤᠣᠷ ᠬᠥᠨᠥᠭᠡᠯ ᠤᠨ | ᠦᠷ᠎ᠡ ᠤᠷᠰᠢᠭ ᠨᠢ ᠬᠥᠩᠭᠡᠪᠲᠦᠷ ᠪᠥᠭᠡᠳ ᠴᠠᠭ ᠲᠤᠬᠠᠶ ᠳᠤᠨᠢ ᠵᠠᠯᠠᠷᠠᠭᠤᠯᠤᠭᠰᠠᠨ ᠪᠠᠶᠢᠪᠠᠯ᠂ ᠵᠠᠰᠠᠭ ᠵᠠᠬᠢᠷᠭᠠᠨ ᠤ | ᠰᠢᠳᠬᠡᠯ ᠥᠭᠬᠦ ᠦᠭᠡᠢ ᠪᠠᠶᠢᠵᠤ ᠪᠣᠯᠤᠨ᠎ᠠ᠃ | | ᠲᠤᠬᠠᠶ ᠶᠢᠨ ᠬᠥᠮᠦᠨ ᠳᠤ ᠪᠡᠶᠡᠴᠢ ᠲᠠᠯ᠎ᠠ ᠶᠢᠨ ᠤᠰᠤᠯ ᠪᠤᠷᠤᠭᠤ ᠦᠭᠡᠢ ᠭᠡᠳᠡᠭ ᠢ ᠭᠦᠢᠴᠡᠳ ᠭᠡᠷᠡᠴᠢᠯᠡᠵᠦ | ᠳᠡᠶᠢᠯᠬᠦ ᠭᠡᠷᠡᠴᠢ ᠪᠠᠷᠢᠮᠲᠠ ᠲᠠᠢ ᠪᠠᠶᠢᠪᠠᠯ᠂ ᠵᠠᠰᠠᠭ ᠵᠠᠬᠢᠷᠭᠠᠨ ᠤ ᠰᠢᠳᠬᠡᠯ ᠥᠭᠬᠦ ᠦᠭᠡᠢ᠃ ᠬᠠᠤᠯᠢ ᠴᠠᠭᠠᠵᠠ᠂ | ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ | ᠵᠢᠷᠤᠮᠯᠠᠨ᠎ᠠ᠃ | | ᠲᠤᠬᠠᠶ ᠶᠢᠨ ᠬᠥᠮᠦᠨ ᠤ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ | ᠰᠢᠳᠬᠡᠯ ᠥᠭᠬᠦ ᠦᠭᠡᠢ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠲᠤᠬᠠᠶ ᠶᠢᠨ ᠬᠥᠮᠦᠨ ᠢ ᠰᠤᠷᠭᠠᠨ | ᠬᠥᠮᠦᠵᠢᠭᠦᠯᠬᠦ ᠬᠡᠷᠡᠭᠲᠡᠶ᠃ | | ᠭᠤᠴᠢᠨ ᠳᠥᠷᠪᠡᠳᠦᠭᠡᠷ ᠵᠦᠶ᠋ᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠰᠢᠳᠬᠡᠯ | ᠲᠣᠷᠭᠠᠭᠤᠯᠢ ᠶᠢᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠬᠠᠤᠯᠢ ᠶᠣᠰᠣᠭᠠᠷ ᠲᠣᠭᠲᠠᠭᠠᠵᠤ᠂ ᠵᠠᠰᠠᠭ | ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠤᠨ ᠬᠡᠷᠡᠭᠵᠢᠭᠦᠯᠵᠦ ᠪᠣᠯᠤᠨ᠎ᠠ᠃ | ᠵᠠᠰᠠᠭ ᠵᠠᠬᠢᠷᠭᠠᠨ ᠤ ᠰᠢᠳᠬᠡᠯ ᠤᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠨᠡᠶᠢᠭᠡᠮ ᠳᠤ ᠨᠡᠶᠢᠲᠡᠯᠡᠬᠦ ᠬᠡᠷᠡᠭᠲᠡᠶ᠃ | | ᠭᠤᠴᠢᠨ ᠲᠠᠪᠤᠳᠤᠭᠠᠷ ᠵᠦᠢᠯ ᠬᠠᠤᠯᠢ ᠶᠢ ᠵᠥᠷᠢᠴᠡᠭᠰᠡᠨ ᠠᠵᠢᠯᠯᠠᠭ᠎ᠠ ᠨᠢ ᠶᠠᠯ᠎ᠠ ᠪᠤᠯᠵᠦ | ᠪᠦᠷᠢᠯᠳᠦᠭᠡᠳ᠂ ᠠᠷᠠᠳ ᠤᠨ ᠰᠢᠭᠦᠬᠦ ᠬᠤᠷᠢᠶ᠎ᠠ ᠬᠤᠷᠢᠵᠤ ᠬᠥᠳᠡᠯᠮᠦᠷᠢᠯᠡᠭᠦᠯᠬᠦ ᠪᠤᠶᠤ ᠬᠤᠭᠤᠴᠠᠭ᠎ᠠ ᠲᠠᠢ | ᠬᠤᠷᠢᠬᠤ ᠪᠠᠷ ᠰᠢᠳᠬᠡᠬᠦ ᠦᠶ᠎ᠡ ᠳᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠲᠤᠬᠠᠶ ᠶᠢᠨ ᠬᠥᠮᠦᠨ ᠳᠤ ᠨᠢᠭᠡᠨᠲᠡ | ᠵᠠᠰᠠᠭ ᠵᠠᠬᠢᠷᠭᠠᠨ ᠢᠶᠠᠷ ᠲᠦᠷ ᠬᠤᠷᠢᠭᠰᠠᠨ ᠪᠠᠶᠢᠪᠠᠯ᠂ ᠬᠠᠤᠯᠢ ᠶᠣᠰᠣᠭᠠᠷ ᠵᠣᠬᠢᠴᠠᠩᠭᠤᠶ ᠡᠷᠡᠭᠦᠦ ᠶᠢᠨ | ᠬᠤᠭᠤᠴᠠᠭ᠎ᠠ ᠶᠢ ᠨᠢ ᠨᠤᠭᠤᠯᠤᠨ ᠪᠤᠳᠦᠵᠦ ᠰᠠᠭᠤᠳᠬᠠᠬᠤ ᠬᠡᠷᠡᠭᠲᠡᠶ᠃ | | ᠬᠠᠤᠯᠢ ᠶᠢ ᠵᠥᠷᠢᠴᠡᠭᠰᠡᠨ ᠠᠵᠢᠯᠯᠠᠭ᠎ᠠ ᠨᠢ ᠶᠠᠯ᠎ᠠ ᠪᠤᠯᠵᠦ ᠪᠦᠷᠢᠯᠳᠦᠵᠦ᠂ ᠠᠷᠠᠳ ᠤᠨ ᠰᠢᠭᠦᠬᠦ ᠬᠤᠷᠢᠶ᠎ᠠ | ᠵᠣᠭᠤᠰ ᠢᠶᠠᠷ ᠲᠣᠷᠭᠠᠬᠤ ᠪᠠᠷ ᠰᠢᠳᠬᠡᠬᠦ ᠦᠶ᠎ᠡ ᠳᠤ ᠵᠠᠰᠠᠭ ᠵᠠᠬᠢᠷᠭᠠᠨ ᠤ ᠪᠠᠶᠢᠭᠤᠯᠭ᠎ᠠ ᠨᠢᠭᠡᠨᠲᠡ ᠲᠤᠬᠠᠶ ᠶᠢᠨ | ᠬᠥᠮᠦᠨ ᠢ ᠵᠣᠭᠤᠰ ᠢᠶᠠᠷ ᠲᠣᠷᠭᠠᠭᠰᠠᠨ ᠪᠠᠶᠢᠪᠠᠯ᠂ ᠵᠣᠬᠢᠴᠠᠩᠭᠤᠶ ᠵᠣᠭᠤᠰ ᠢᠶᠠᠷ ᠨᠤᠭᠤᠯᠤᠨ ᠪᠤᠳᠤᠵᠤ ᠰᠠᠭᠤᠳᠬᠠᠬᠤ | ᠬᠡᠷᠡᠭᠲᠡᠶ︔ ᠵᠠᠰᠠᠭ ᠵᠠᠬᠢᠷᠭᠠᠨ ᠤ ᠪᠠᠶᠢᠭᠤᠯᠭ᠎ᠠ ᠲᠤᠬᠠᠶ ᠶᠢᠨ ᠬᠥᠮᠦᠨ ᠢ ᠬᠠᠷᠠᠬᠠᠨ ᠵᠣᠭᠤᠰ ᠢᠶᠠᠷ ᠲᠣᠷᠭᠠᠭᠰᠠᠨ ᠦᠭᠡᠢ | ᠪᠠᠶᠢᠪᠠᠯ᠂ ᠳᠠᠬᠢᠵᠤ ᠵᠣᠭᠤᠰ ᠢᠶᠠᠷ ᠲᠣᠷᠭᠠᠬᠤ ᠦᠭᠡᠢ᠃ | | ᠭᠤᠴᠢᠨ ᠵᠢᠷᠭᠤᠳᠤᠭᠠᠷ ᠵᠦᠢᠯ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠬᠤᠶᠠᠷ ᠵᠢᠯ ᠤᠨ | ᠳᠣᠲᠣᠷ᠎ᠠ ᠣᠯᠵᠤ ᠮᠡᠳᠡᠭᠰᠡᠨ ᠤᠢᠭᠡᠢ ᠪᠠᠶᠢᠪᠠᠯ᠂ ᠲᠡᠬᠢᠵᠦ ᠵᠠᠰᠠᠭ ᠵᠠᠬᠢᠷᠭᠠᠨ ᠤ ᠰᠢᠳᠬᠡᠯ ᠥᠭᠬᠦ ᠤᠢᠭᠡᠢ︔ ᠠᠷᠠᠳ | ᠢᠷᠭᠡᠳ ᠤᠨ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ᠂ ᠮᠥᠩᠭᠦᠨ ᠭᠦᠢᠯᠭᠡᠭᠡᠨ ᠤ ᠠᠮᠤᠷ ᠲᠦᠪᠰᠢᠨ ᠳᠤ | ᠬᠤᠯᠪᠣᠭᠳᠠᠭᠰᠠᠨ ᠮᠥᠷᠲᠡᠭᠡᠨ ᠬᠤᠣᠷ ᠬᠥᠨᠥᠭᠡᠯ ᠲᠠᠢ ᠦᠷ᠎ᠡ ᠤᠷᠰᠢᠭ ᠲᠠᠢ ᠪᠠᠶᠢᠪᠠᠯ᠂ ᠳᠡᠭᠡᠷ᠎ᠡ ᠳᠤᠷᠠᠳᠤᠭᠰᠠᠨ | ᠬᠤᠭᠤᠴᠠᠭ᠎ᠠ ᠶᠢ ᠲᠠᠪᠤᠨ ᠵᠢᠯ ᠪᠣᠯᠲᠠᠯ᠎ᠠ ᠤᠷᠲᠤᠳᠬᠠᠨ᠎ᠠ᠃ ᠬᠠᠤᠯᠢ ᠴᠠᠭᠠᠵᠠ ᠳᠤ ᠠᠰᠲᠠᠭᠠᠨ ᠲᠣᠭᠲᠠᠭᠠᠯ ᠲᠠᠢ ᠨᠢ | ᠡᠭᠦᠨ ᠳᠤ ᠪᠠᠭᠲᠠᠬᠤ ᠤᠢᠭᠡᠢ᠃ | | ᠡᠮᠦᠨᠡᠬᠢ ᠪᠠᠳᠠᠭ ᠲᠤ ᠲᠣᠭᠲᠠᠭᠠᠭᠰᠠᠨ ᠬᠤᠭᠤᠴᠠᠭ᠎ᠠ ᠶᠢ ᠬᠠᠤᠯᠢ ᠶᠢ ᠵᠥᠷᠢᠴᠡᠭᠰᠡᠨ ᠠᠵᠢᠯᠯᠠᠭ᠎ᠠ ᠬᠢᠭᠰᠡᠨ | ᠡᠳᠦᠷ ᠠᠴᠠ ᠡᠬᠢᠯᠡᠵᠦ ᠪᠤᠳᠦᠨ᠎ᠡ︔ ᠬᠠᠤᠯᠢ ᠶᠢ ᠵᠥᠷᠢᠴᠡᠭᠰᠡᠨ ᠠᠵᠢᠯᠯᠠᠭ᠎ᠠ ᠨᠢ ᠵᠠᠯᠭᠠᠯᠳᠤᠭᠰᠠᠨ ᠪᠤᠶᠤ | ᠦᠷᠭᠦᠯᠵᠢᠯᠡᠭᠰᠡᠨ ᠪᠠᠶᠢᠳᠠᠯ ᠲᠠᠢ ᠪᠠᠶᠢᠪᠠᠯ᠂ ᠠᠵᠢᠯᠯᠠᠭ᠎ᠠ ᠶᠢᠨ ᠳᠠᠭᠤᠰᠤᠭᠰᠠᠨ ᠡᠳᠦᠷ ᠠᠴᠠ ᠡᠬᠢᠯᠡᠵᠦ ᠪᠤᠳᠤᠨ᠎ᠠ᠃ | | ᠭᠤᠴᠢᠨ ᠳᠣᠯᠣᠳᠤᠭᠠᠷ ᠵᠦᠢᠯ ᠵᠠᠰᠠᠭ ᠵᠠᠬᠢᠷᠭᠠᠨ ᠤ ᠰᠢᠳᠬᠡᠯ ᠢ ᠬᠡᠷᠡᠭᠵᠢᠭᠦᠯᠬᠦ ᠳᠤ ᠬᠠᠤᠯᠢ ᠶᠢ | ᠵᠥᠷᠢᠴᠡᠭᠰᠡᠨ ᠦᠢᠯᠡ ᠠᠵᠢᠯᠯᠠᠭ᠎ᠠ ᠡᠭᠦᠰᠬᠦ ᠦᠶ᠎ᠡ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ | ᠲᠣᠭᠲᠠᠭᠠᠯ ᠤᠨ ᠲᠣᠭᠲᠠᠭᠠᠯ ᠢ ᠬᠡᠷᠡᠭᠯᠡᠨ᠎ᠡ᠃ ᠭᠡᠪᠡᠴᠦ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠭᠠᠷᠭᠠᠬᠤ | ᠦᠶ᠎ᠡ ᠳᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠨᠢᠭᠡᠨᠲᠡ ᠨᠡᠮᠡᠯᠲᠡ ᠥᠭᠡᠷᠡᠴᠢᠯᠡᠯᠲᠡ | ᠣᠷᠣᠭᠤᠯᠤᠭᠰᠠᠨ ᠪᠤᠶᠤ ᠲᠡᠭᠦᠨ ᠢ ᠬᠦᠴᠦᠨ ᠦᠭᠡᠢ ᠪᠣᠯᠭᠠᠭᠰᠠᠨ ᠮᠥᠷᠲᠡᠭᠡᠨ ᠰᠢᠨ᠎ᠡ ᠲᠣᠭᠲᠠᠭᠠᠯ ᠤᠨ ᠰᠢᠳᠬᠡᠯ ᠨᠢ | ᠨᠡᠯᠢᠶᠡᠳ ᠬᠦᠡᠭᠭᠡᠨ ᠪᠤᠶᠤ ᠬᠠᠤᠯᠢ ᠶᠢ ᠵᠥᠷᠢᠴᠡᠭᠰᠡᠨ ᠳᠤ ᠲᠣᠭᠠᠴᠠᠭᠳᠠᠬᠤ ᠦᠭᠡᠢ ᠪᠠᠶᠢᠪᠠᠯ᠂ ᠰᠢᠨ᠎ᠡ ᠲᠣᠭᠲᠠᠭᠠᠯ ᠢ | ᠬᠡᠷᠡᠭᠯᠡᠨ᠎ᠡ᠃ | | ᠭᠤᠴᠢᠨ ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠰᠢᠳᠬᠡᠯ ᠨᠢ ᠦᠨᠳᠦᠰᠦ ᠪᠠᠷᠢᠮᠲᠠ ᠦᠭᠡᠢ ᠪᠤᠶᠤ | ᠬᠡᠷᠡᠭᠵᠢᠭᠦᠯᠬᠦ ᠪᠡᠶᠡᠴᠢ ᠴᠣᠭᠴᠠ ᠨᠢ ᠵᠠᠰᠠᠭ ᠵᠠᠬᠢᠷᠭᠠᠨ ᠤ ᠪᠡᠶᠡᠴᠢ ᠴᠣᠭᠴᠠ ᠶᠢᠨ ᠬᠢᠷᠢ ᠬᠡᠮ ᠦᠭᠡᠢ ᠪᠠᠶᠢᠪᠠᠯ᠂ | ᠵᠠᠰᠠᠭ ᠵᠠᠬᠢᠷᠭᠠᠨ ᠤ ᠰᠢᠳᠬᠡᠯ ᠨᠢ ᠬᠦᠴᠦᠨ ᠦᠭᠡᠢ᠃ | | ᠬᠠᠤᠯᠢ ᠳᠤ ᠲᠣᠭᠲᠠᠭᠠᠭᠰᠠᠨ ᠵᠢᠷᠤᠮ ᠢ ᠵᠥᠷᠢᠴᠡᠭᠡᠳ ᠬᠦᠨᠳᠦ ᠶᠡᠭᠡ ᠪᠥᠭᠡᠳ ᠬᠠᠤᠯᠢ ᠶᠢ ᠢᠯᠡᠳᠲᠡ | ᠵᠥᠷᠢᠴᠡᠭᠰᠡᠨ ᠪᠠᠶᠢᠪᠠᠯ᠂ ᠵᠠᠰᠠᠭ ᠵᠠᠬᠢᠷᠭᠠᠨ ᠤ ᠰᠢᠳᠬᠡᠯ ᠨᠢ ᠬᠦᠴᠦᠨ ᠦᠭᠡᠢ᠃ | | ᠲᠠᠪᠤᠳᠤᠭᠠᠷ ᠪᠦᠯᠦᠭ ᠵᠠᠰᠠᠭ ᠵᠠᠬᠢᠷᠭᠠᠨ ᠤ ᠰᠢᠳᠬᠡᠯ ᠢ ᠲᠣᠭᠲᠠᠭᠠᠬᠤ | | ᠨᠢᠭᠡᠳᠦᠭᠡᠷ ᠬᠡᠰᠡᠭ ᠡ᠊ᠩ ᠤᠨ ᠲᠣᠭᠲᠠᠭᠠᠯ | | ᠭᠤᠴᠢ ᠶᠢᠰᠦᠳᠦᠭᠡᠷ ᠵᠦᠢᠯ ᠵᠠᠰᠠᠭ ᠵᠠᠬᠢᠷᠭᠠᠨ ᠤ ᠰᠢᠳᠬᠡᠯ ᠢ ᠬᠡᠷᠡᠭᠵᠢᠭᠦᠯᠬᠦ ᠪᠠᠶᠢᠭᠤᠯᠭ᠎ᠠ᠂ ᠬᠡᠷᠡᠭ | ᠪᠣᠯᠭᠠᠨ ᠳᠠᠩᠰᠠᠯᠠᠬᠤ ᠦᠨᠳᠦᠰᠦ ᠪᠠᠷᠢᠮᠲᠠ᠂ ᠬᠡᠷᠡᠭᠵᠢᠭᠦᠯᠬᠦ ᠵᠢᠷᠤᠮ ᠪᠠ ᠠᠪᠤᠷᠠᠨ ᠲᠤᠰᠠᠯᠠᠬᠤ ᠠᠷᠭ᠎ᠠ ᠵᠠᠮ ᠵᠡᠷᠭᠡ | ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠬᠡᠷᠡᠭᠲᠡᠶ᠃ | | ᠳᠥᠴᠢᠳᠦᠭᠡᠷ ᠵᠦᠢᠯ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠮᠬᠢ ᠵᠢᠷᠤᠮ ᠢ ᠵᠥᠷᠢᠴᠡᠭᠰᠡᠨ ᠠᠵᠢᠯᠯᠠᠭ᠎ᠠ ᠳᠤ ᠬᠠᠤᠯᠢ | ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠬᠦ ᠬᠡᠷᠡᠭᠲᠡᠶ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠡᠷᠬᠡᠪᠰᠢ | ᠪᠣᠳᠠᠲᠤ ᠬᠡᠷᠡᠭ ᠢ ᠪᠠᠶᠢᠴᠠᠭᠠᠨ ᠲᠣᠳᠣᠷᠬᠠᠶᠢᠯᠠᠬᠤ ᠬᠡᠷᠡᠭᠲᠡᠶ︔ ᠬᠠᠤᠯᠢ ᠶᠢ ᠵᠥᠷᠢᠴᠡᠭᠰᠡᠨ ᠪᠣᠳᠠᠲᠤ ᠶᠠᠪᠤᠳᠠᠯ ᠨᠢ | ᠲᠣᠳᠣᠷᠬᠠᠶ ᠤᠢᠭᠡᠢ᠂ ᠭᠡᠷᠡᠴᠢ ᠪᠠᠷᠢᠮᠲᠠ ᠨᠢ ᠭᠦᠢᠴᠡᠳ ᠤᠢᠭᠡᠢ ᠪᠠᠶᠢᠪᠠᠯ᠂ ᠵᠠᠰᠠᠭ ᠵᠠᠬᠢᠷᠭᠠᠨ ᠤ ᠰᠢᠳᠬᠡᠯ ᠥᠭᠴᠦ | ᠪᠣᠯᠬᠤ ᠤᠢᠭᠡᠢ᠃ | | ᠳᠥᠴᠢᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠴᠠᠬᠢᠮ ᠮᠡᠷᠭᠡᠵᠢᠯ ᠤᠨ ᠬᠢᠨᠠᠨ ᠡᠵᠡᠮᠳᠡᠬᠦ ᠲᠤᠨᠤᠭ | ᠲᠥᠬᠦᠭᠡᠷᠦᠮᠵᠢ ᠶᠢ ᠠᠰᠢᠭᠯᠠᠨ ᠬᠠᠤᠯᠢ ᠶᠢ ᠵᠥᠷᠢᠴᠡᠭᠰᠡᠨ ᠪᠣᠳᠠᠲᠤ ᠬᠡᠷᠡᠭ ᠢ ᠴᠤᠭᠯᠠᠭᠤᠯᠵᠤ᠂ | ᠲᠣᠭᠲᠠᠪᠤᠷᠢᠵᠢᠭᠤᠯᠤᠭᠰᠠᠨ ᠪᠠᠶᠢᠪᠠᠯ᠂ ᠬᠠᠤᠯᠢ ᠲᠦᠷᠢᠮ ᠪᠠ ᠮᠡᠷᠭᠡᠵᠢᠯ ᠤᠨ ᠬᠢᠨᠠᠨ ᠬᠠᠷᠭᠤᠭᠤᠯᠤᠯᠲᠠ ᠶᠢ | ᠥᠩᠭᠡᠷᠡᠭᠡᠵᠦ᠂ ᠴᠠᠬᠢᠮ ᠮᠡᠷᠭᠡᠵᠢᠯ ᠤᠨ ᠬᠢᠨᠠᠨ ᠡᠵᠡᠮᠳᠡᠬᠦ ᠲᠤᠨᠤᠭ ᠲᠥᠬᠦᠭᠡᠷᠦᠮᠵᠢ ᠶᠢᠨ ᠪᠠᠷᠢᠮᠵᠢᠶ᠎ᠠ ᠳᠤ ᠨᠡᠶᠢᠴᠡᠬᠦ᠂ | ᠪᠠᠶᠢᠷᠢᠯᠠᠭᠤᠯᠤᠯᠲᠠ ᠨᠢ ᠵᠦᠢ ᠵᠣᠬᠢᠰᠲᠠᠶ᠂ ᠢᠯᠡᠳᠬᠡᠮᠵᠢ ᠲᠡᠮᠳᠡᠭ ᠨᠢ ᠢᠯᠡᠷᠬᠡᠶ ᠪᠠᠶᠢᠬᠤ ᠶᠢ ᠦᠨᠡᠨ ᠬᠦ ᠪᠠᠲᠤᠯᠠᠵᠤ᠂ | ᠪᠠᠶᠢᠷᠢᠯᠠᠭᠤᠯᠤᠭᠰᠠᠨ ᠭᠠᠵᠠᠷ ᠢᠶᠠᠨ ᠨᠡᠶᠢᠭᠡᠮ ᠨᠡᠶᠢᠲᠡ ᠳᠤ ᠨᠡᠶᠢᠲᠡᠯᠡᠬᠦ ᠬᠡᠷᠡᠭᠲᠡᠶ᠃ | | ᠴᠠᠬᠢᠮ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠳᠤ ᠬᠠᠤᠯᠢ ᠶᠢ ᠵᠥᠷᠢᠴᠡᠭᠰᠡᠨ ᠪᠣᠳᠠᠲᠤ ᠬᠡᠷᠡᠭ ᠢ | ᠲᠡᠮᠳᠡᠭᠯᠡᠬᠦ ᠳᠡᠭᠡᠨ ᠦᠨᠡᠨ ᠪᠣᠳᠠᠲᠠᠶ᠂ ᠲᠣᠳᠣᠷᠬᠠᠶ᠂ ᠪᠦᠷᠢᠨ ᠪᠦᠲᠦᠨ᠂ ᠣᠨᠣᠪᠴᠢᠲᠠᠶ ᠪᠠᠶᠢᠬᠤ ᠬᠡᠷᠡᠭᠲᠡᠶ᠃ ᠵᠠᠰᠠᠭ | ᠵᠠᠬᠢᠷᠭᠠᠨ ᠤ ᠪᠠᠶᠢᠭᠤᠯᠭ᠎ᠠ ᠲᠡᠮᠳᠡᠭᠯᠡᠭᠰᠡᠨ ᠠᠭᠤᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠬᠢᠨᠠᠨ | ᠬᠠᠷᠭᠤᠭᠤᠯᠬᠤ ᠬᠡᠷᠡᠭᠲᠡᠶ︔ ᠬᠢᠨᠠᠨ ᠬᠠᠷᠭᠤᠭᠤᠯᠤᠭᠰᠠᠨ ᠦᠭᠡᠢ ᠪᠤᠶᠤ ᠬᠢᠨᠠᠨ ᠬᠠᠷᠭᠤᠭᠤᠯᠤᠭᠠᠳ ᠱᠠᠭᠠᠷᠳᠠᠯᠭ᠎ᠠ ᠳᠤ | ᠨᠡᠶᠢᠴᠡᠭᠰᠡᠨ ᠦᠭᠡᠢ ᠪᠠᠶᠢᠪᠠᠯ᠂ ᠵᠠᠰᠠᠭ ᠵᠠᠬᠢᠷᠭᠠᠨ ᠤ ᠰᠢᠳᠬᠡᠯ ᠤᠨ ᠭᠡᠷᠡᠴᠢ ᠪᠠᠷᠢᠮᠲᠠ ᠪᠣᠯᠭᠠᠵᠤ ᠪᠣᠯᠬᠤ ᠦᠭᠡᠢ᠃ | | ᠵᠠᠰᠠᠭ ᠵᠠᠬᠢᠷᠭᠠᠨ ᠤ ᠪᠠᠶᠢᠭᠤᠯᠭ᠎ᠠ ᠲᠤᠬᠠᠶ ᠶᠢᠨ ᠬᠥᠮᠦᠨ ᠳᠤ ᠬᠠᠤᠯᠢ ᠶᠢ ᠵᠥᠷᠢᠴᠡᠭᠰᠡᠨ ᠪᠣᠳᠠᠲᠤ ᠬᠡᠷᠡᠭ ᠢ | ᠴᠠᠭ ᠲᠤᠬᠠᠶ ᠳᠤᠨᠢ ᠬᠡᠯᠡᠵᠦ ᠥᠭᠬᠦ ᠶᠢᠨ ᠬᠠᠮᠲᠤ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠪᠤᠶᠤ ᠪᠤᠰᠤᠳ ᠠᠷᠭ᠎ᠠ | ᠬᠡᠮᠵᠢᠶ᠎ᠡ ᠠᠪᠴᠤ᠂ ᠲᠤᠬᠠᠶ ᠶᠢᠨ ᠬᠥᠮᠦᠨ ᠤ ᠪᠠᠶᠢᠴᠠᠭᠠᠨ ᠯᠠᠪᠯᠠᠬᠤ᠂ ᠲᠣᠭᠠᠴᠢᠯᠲᠠ ᠬᠢᠬᠦ ᠪᠠ ᠵᠥᠪᠲᠦᠭᠡᠨ | ᠲᠣᠳᠣᠷᠬᠠᠶᠢᠯᠠᠬᠤ ᠳᠤ ᠲᠦᠬᠦᠮ ᠦᠵᠡᠭᠦᠯᠬᠦ ᠬᠡᠷᠡᠭᠲᠡᠶ᠃ ᠲᠤᠬᠠᠶ ᠶᠢᠨ ᠬᠥᠮᠦᠨ ᠤ ᠲᠣᠭᠠᠴᠢᠬᠤ ᠡᠷᠬᠡ᠂ ᠵᠥᠪᠲᠦᠭᠡᠨ | ᠲᠣᠳᠣᠷᠬᠠᠶᠢᠯᠠᠬᠤ ᠡᠷᠬᠡ ᠶᠢ ᠬᠢᠵᠠᠭᠠᠷᠯᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠢᠵᠠᠭᠠᠷᠯᠠᠵᠤ ᠪᠣᠯᠬᠤ ᠦᠭᠡᠢ᠃ | | | ᠳᠥᠴᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠰᠢᠳᠬᠡᠯ ᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠢᠷᠢ ᠬᠡᠮ ᠪᠦᠬᠦᠢ ᠬᠠᠤᠯᠢ ᠬᠡᠷᠡᠭᠵᠢᠭᠦᠯᠬᠦ ᠠᠵᠢᠯᠲᠠᠨ ᠬᠡᠷᠡᠭᠵᠢᠭᠦᠯᠬᠦ ᠬᠡᠷᠡᠭᠲᠡᠶ᠃ ᠬᠠᠤᠯᠢ ᠬᠡᠷᠡᠭᠵᠢᠭᠦᠯᠬᠦ | ᠠᠵᠢᠯᠲᠠᠨ ᠨᠢ ᠬᠤᠶᠠᠷ ᠬᠥᠮᠦᠨ ᠠᠴᠠ ᠳᠤᠲᠠᠭᠤ ᠪᠠᠶᠢᠵᠤ ᠪᠣᠯᠬᠤ ᠦᠭᠡᠢ᠂ ᠬᠠᠤᠯᠢ ᠴᠠᠭᠠᠵᠠ ᠳᠤ ᠠᠰᠲᠠᠭᠠᠨ | ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃ | | ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠶᠢ ᠪᠣᠯᠪᠠᠰᠤᠨ ᠢᠶᠠᠷ ᠬᠡᠷᠡᠭᠵᠢᠭᠦᠯᠵᠦ᠂ ᠲᠤᠬᠠᠶ ᠶᠢᠨ ᠬᠥᠮᠦᠨ ᠤ | ᠬᠠᠤᠯᠢ ᠶᠣᠰᠣᠨ ᠤ ᠡᠷᠬᠡ ᠠᠰᠢᠭ ᠢ ᠬᠦᠨᠳᠦᠳᠬᠡᠨ ᠬᠠᠮᠠᠭᠠᠯᠠᠬᠤ ᠬᠡᠷᠡᠭᠲᠡᠶ᠃ | | ᠳᠥᠴᠢᠨ ᠭᠤᠷᠪᠠᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠳᠠᠨ ᠨᠢ ᠬᠡᠷᠡᠭ ᠯᠦᠭᠡ ᠰᠢᠭᠤᠳ | ᠠᠰᠢᠭ ᠬᠤᠣᠷ ᠤᠨ ᠬᠠᠷᠢᠴᠠᠭ᠎ᠠ ᠲᠠᠢ ᠪᠤᠶᠤ ᠪᠤᠰᠤᠳ ᠬᠠᠷᠢᠴᠠᠭ᠎ᠠ ᠲᠠᠢ ᠠᠴᠠ ᠪᠤᠯᠵᠤ ᠬᠠᠤᠯᠢ ᠶᠢ ᠭᠤᠣᠯᠴᠢ ᠪᠠᠷ | ᠬᠡᠷᠡᠭᠵᠢᠭᠦᠯᠬᠦ ᠶᠢ ᠨᠥᠯᠥᠭᠡᠯᠡᠵᠦ ᠮᠡᠳᠡᠬᠦ ᠳᠤ ᠬᠦᠷᠪᠡᠯ᠂ ᠵᠠᠶᠢᠯᠠᠬᠤ ᠬᠡᠷᠡᠭᠲᠡᠶ᠃ | | ᠲᠤᠬᠠᠶ ᠶᠢᠨ ᠬᠥᠮᠦᠨ ᠨᠢ ᠬᠠᠤᠯᠢ ᠬᠡᠷᠡᠭᠵᠢᠭᠦᠯᠬᠦ ᠠᠵᠢᠯᠲᠠᠨ ᠢ ᠬᠡᠷᠡᠭ ᠯᠦᠭᠡ ᠰᠢᠭᠤᠳ ᠠᠰᠢᠭ ᠬᠤᠣᠷ ᠤᠨ | ᠬᠠᠷᠢᠴᠠᠭ᠎ᠠ ᠲᠠᠢ ᠪᠤᠶᠤ ᠪᠤᠰᠤᠳ ᠬᠠᠷᠢᠴᠠᠭ᠎ᠠ ᠲᠠᠢ ᠪᠠᠶᠢᠵᠤ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ ᠶᠢ | ᠨᠥᠯᠥᠭᠡᠯᠡᠵᠦ ᠮᠡᠳᠡᠨ᠎ᠡ ᠭᠡᠵᠦ ᠦᠵᠡᠪᠡᠯ᠂ ᠵᠠᠶᠢᠯᠠᠭᠤᠯᠬᠤ ᠪᠠᠷ ᠭᠤᠶᠤᠴᠢᠯᠠᠬᠤ ᠡᠷᠬᠡ ᠲᠠᠢ᠃ | | ᠲᠤᠬᠠᠶ ᠶᠢᠨ ᠬᠥᠮᠦᠨ ᠵᠠᠶᠢᠯᠠᠭᠤᠯᠬᠤ ᠭᠤᠶᠤᠴᠢᠯᠠᠯ ᠭᠠᠷᠭᠠᠭᠰᠠᠨ ᠪᠠᠶᠢᠪᠠᠯ᠂ ᠵᠠᠰᠠᠭ ᠵᠠᠬᠢᠷᠭᠠᠨ ᠤ | ᠪᠠᠶᠢᠭᠤᠯᠭ᠎ᠠ ᠬᠠᠤᠯᠢ ᠶᠣᠰᠣᠭᠠᠷ ᠬᠢᠨᠠᠨ ᠪᠠᠶᠢᠴᠠᠭᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠬᠠᠷᠢᠭᠤᠴᠠᠯᠭᠠᠲᠠᠨ ᠠᠴᠠ ᠲᠣᠭᠲᠠᠭᠠᠬᠤ ᠬᠡᠷᠡᠭᠲᠡᠶ᠃ ᠲᠣᠭᠲᠠᠭᠠᠯ ᠭᠠᠷᠭᠠᠬᠤ ᠠᠴᠠ ᠡᠮᠦᠨ᠎ᠡ ᠪᠠᠶᠢᠴᠠᠭᠠᠯᠲᠠ ᠬᠢᠬᠦ ᠪᠠᠨ | ᠵᠣᠭᠰᠣᠬᠤ ᠤᠢᠭᠡᠢ᠃ | | ᠳᠥᠴᠢᠨ ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ | ᠰᠢᠳᠬᠡᠯ ᠤᠨ ᠲᠣᠭᠲᠠᠭᠠᠯ ᠭᠠᠷᠭᠠᠬᠤ ᠠᠴᠠ ᠪᠠᠨ ᠡᠮᠦᠨ᠎ᠡ᠂ ᠭᠠᠷᠭᠠᠬᠤ ᠪᠠᠷ ᠪᠠᠶᠢᠭ᠎ᠠ ᠵᠠᠰᠠᠭ ᠵᠠᠬᠢᠷᠭᠠᠨ ᠤ | ᠰᠢᠳᠬᠡᠯ ᠤᠨ ᠠᠭᠤᠯᠭ᠎ᠠ ᠵᠢᠴᠢ ᠪᠣᠳᠠᠲᠤ ᠬᠡᠷᠡᠭ᠂ ᠤᠴᠢᠷ ᠰᠢᠯᠲᠠᠭᠠᠨ᠂ ᠦᠨᠳᠦᠰᠦ ᠪᠠᠷᠢᠮᠲᠠ ᠶᠢ ᠲᠤᠬᠠᠶ ᠶᠢᠨ | ᠬᠥᠮᠦᠨ ᠳᠤ ᠬᠡᠯᠡᠵᠦ ᠥᠭᠬᠦ ᠶᠢᠨ ᠬᠠᠮᠲᠤ ᠲᠤᠬᠠᠶ ᠶᠢᠨ ᠬᠥᠮᠦᠨ ᠳᠤ ᠬᠠᠤᠯᠢ ᠶᠣᠰᠣᠭᠠᠷ ᠡᠳ᠋ᠯᠡᠬᠦ ᠲᠣᠭᠠᠴᠢᠯᠲᠠ ᠬᠢᠬᠦ᠂ | ᠵᠥᠪᠲᠦᠭᠡᠨ ᠲᠣᠳᠣᠷᠬᠠᠶᠢᠯᠠᠬᠤ᠂ ᠭᠡᠷᠡᠴᠢᠯᠡᠭᠡ ᠰᠣᠨᠣᠰᠬᠤ ᠪᠠᠷ ᠱᠠᠭᠠᠷᠳᠠᠬᠤ ᠵᠡᠷᠭᠡ ᠡᠷᠬᠡ ᠶᠢ ᠬᠡᠯᠡᠵᠦ ᠥᠭᠬᠦ ᠬᠡᠷᠡᠭᠲᠡᠶ | ᠃ | | ᠳᠥᠴᠢᠨ ᠲᠠᠪᠤᠳᠤᠭᠠᠷ ᠵᠦᠢᠯ ᠲᠤᠬᠠᠶ ᠶᠢᠨ ᠬᠥᠮᠦᠨ ᠲᠣᠭᠠᠴᠢᠯᠲᠠ ᠬᠢᠬᠦ ᠪᠠ ᠵᠥᠪᠲᠦᠭᠡᠨ | ᠲᠣᠳᠣᠷᠬᠠᠶᠢᠯᠠᠬᠤ ᠡᠷᠬᠡ ᠲᠠᠢ᠃ ᠵᠠᠰᠠᠭ ᠵᠠᠬᠢᠷᠭᠠᠨ ᠤ ᠪᠠᠶᠢᠭᠤᠯᠭ᠎ᠠ ᠡᠷᠬᠡᠪᠰᠢ ᠲᠤᠬᠠᠶ ᠶᠢᠨ ᠬᠥᠮᠦᠨ ᠤ ᠰᠠᠨᠠᠯ ᠢ | ᠭᠦᠢᠴᠡᠳ ᠰᠣᠨᠣᠰᠴᠤ᠂ ᠲᠤᠬᠠᠶ ᠶᠢᠨ ᠬᠥᠮᠦᠨ ᠤ ᠳᠤᠷᠠᠳᠤᠭᠰᠠᠨ ᠪᠣᠳᠠᠲᠤ ᠬᠡᠷᠡᠭ᠂ ᠤᠴᠢᠷ ᠰᠢᠯᠲᠠᠭᠠᠨ ᠪᠠ ᠭᠡᠷᠡᠴᠢ | ᠪᠠᠷᠢᠮᠲᠠ ᠶᠢ ᠳᠠᠬᠢᠨ ᠬᠢᠨᠠᠬᠤ ᠬᠡᠷᠡᠭᠲᠡᠶ︔ ᠲᠤᠬᠠᠶ ᠶᠢᠨ ᠬᠥᠮᠦᠨ ᠤ ᠳᠤᠷᠠᠳᠤᠭᠰᠠᠨ ᠪᠣᠳᠠᠲᠤ ᠶᠠᠪᠤᠳᠠᠯ᠂ ᠤᠴᠢᠷ | ᠰᠢᠯᠲᠠᠭᠠᠨ ᠪᠤᠶᠤ ᠭᠡᠷᠡᠴᠢ ᠪᠠᠷᠢᠮᠲᠠ ᠨᠢ ᠲᠣᠭᠲᠠᠵᠤ ᠴᠢᠳᠠᠬᠤ ᠳᠤ ᠬᠦᠷᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ | ᠬᠦᠯᠢᠶᠡᠨ ᠠᠪᠬᠤ ᠬᠡᠷᠡᠭᠲᠡᠶ᠃ | | ᠵᠠᠰᠠᠭ ᠵᠠᠬᠢᠷᠭᠠᠨ ᠤ ᠪᠠᠶᠢᠭᠤᠯᠭ᠎ᠠ ᠲᠤᠬᠠᠶ ᠶᠢᠨ ᠬᠥᠮᠦᠨ ᠤ ᠲᠣᠭᠠᠴᠢᠯᠲᠠ᠂ ᠵᠥᠪᠲᠦᠭᠡᠨ | ᠲᠣᠳᠣᠷᠬᠠᠶᠢᠯᠠᠯᠲᠠ ᠠᠴᠠ ᠪᠣᠯᠵᠤ ᠨᠡᠩ ᠬᠦᠨᠳᠦ ᠰᠢᠢᠳᠬᠡᠯ ᠥᠭᠴᠦ ᠪᠣᠯᠬᠤ ᠦᠭᠡᠶ᠃ | | ᠳᠥᠴᠢᠨ ᠵᠢᠷᠭᠤᠳᠤᠭᠠᠷ ᠵᠦᠢᠯ ᠭᠡᠷᠡᠴᠢ ᠪᠠᠷᠢᠮᠲᠠ ᠳᠤ ᠳᠣᠣᠷᠠᠬᠢ ᠵᠦᠢᠯᠡᠰ ᠪᠠᠭᠲᠠᠨ᠎ᠠ᠄ | | ︵ᠨᠢᠭᠡ︶ ᠪᠢᠴᠢᠭ ᠤᠨ ᠭᠡᠷᠡᠴᠢ︔ | | ︵ᠬᠤᠶᠠᠷ︶ ᠪᠣᠳᠠᠰ ᠤᠨ ᠭᠡᠷᠡᠴᠢ︔ | | ︵ᠭᠤᠷᠪᠠ︶ ᠦᠵᠡᠵᠦ ᠰᠣᠨᠣᠰᠬᠤ ᠮᠠᠲ᠋ᠧᠷᠢᠶᠠᠯ︔ | | ︵ᠲᠦᠷᠪᠡ︶ ᠴᠠᠬᠢᠮ ᠲᠤᠭ᠎ᠠ ᠪᠠᠷᠢᠮᠲᠠ︔ | | ︵ᠲᠠᠪᠤ︶ ᠭᠡᠷᠡᠴᠢᠯᠡᠭᠴᠢ ᠶᠢᠨ ᠭᠡᠷᠡᠴᠢ ᠦᠭᠡ︔ | | ︵ᠵᠢᠷᠭᠤᠭ᠎ᠠ︶ ᠲᠤᠬᠠᠶ ᠶᠢᠨ ᠬᠥᠮᠦᠨ ᠤ ᠲᠣᠭᠠᠴᠢᠯᠲᠠ︔ | | ︵ᠲᠤᠯᠤᠭ᠎ᠠ︶ ᠰᠢᠯᠭᠠᠨ ᠲᠣᠭᠲᠠᠭᠠᠭᠰᠠᠨ ᠰᠠᠨᠠᠯ︔ | | ︵ᠨᠠᠢᠮᠠ︶ ᠬᠠᠶᠢᠨ ᠰᠢᠯᠭᠠᠭᠰᠠᠨ ᠲᠡᠮᠳᠡᠭᠯᠡᠯ᠂ ᠲᠤᠬᠠᠶ ᠶᠢᠨ ᠲᠠᠯᠠᠪᠤᠷ ᠤᠨ ᠲᠡᠮᠳᠡᠭᠯᠡᠯ᠃ | | ᠬᠡᠷᠡᠴᠢ ᠪᠠᠷᠢᠮᠲᠠ ᠶᠢ ᠡᠷᠬᠡᠪᠰᠢ ᠪᠠᠶᠢᠴᠠᠭᠠᠨ ᠲᠤᠳᠤᠯᠠᠭᠠᠳ ᠦᠨᠡᠨ ᠮᠠᠭᠠᠳ ᠪᠠᠶᠢᠪᠠᠯ ᠰᠠᠶ᠋ᠢ ᠬᠡᠷᠡᠭ ᠤᠨ | ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠬᠤ ᠦᠨᠳᠦᠰᠦ ᠪᠠᠷᠢᠮᠲᠠ ᠪᠣᠯᠭᠠᠵᠤ ᠪᠣᠯᠤᠨ᠎ᠠ᠃ | | ᠬᠠᠤᠯᠢ ᠪᠤᠰᠤ ᠠᠷᠭ᠎ᠠ ᠪᠠᠷᠢᠯ ᠢᠶᠠᠷ ᠣᠯᠤᠭᠰᠠᠨ ᠭᠡᠷᠡᠴᠢ ᠪᠠᠷᠢᠮᠲᠠ ᠪᠠᠷ ᠬᠡᠷᠡᠭ ᠤᠨ ᠪᠣᠳᠠᠲᠤ ᠶᠠᠪᠤᠳᠠᠯ ᠢ | ᠮᠠᠭᠠᠳᠯᠠᠨ ᠲᠣᠭᠲᠠᠭᠠᠬᠤ ᠦᠨᠳᠦᠰᠦ ᠪᠠᠷᠢᠮᠲᠠ ᠪᠣᠯᠭᠠᠵᠤ ᠪᠣᠯᠬᠤ ᠦᠭᠡᠢ᠃ | | ᠳᠥᠴᠢᠨ ᠳᠣᠯᠣᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠣᠰᠣᠭᠠᠷ ᠦᠰᠦᠭ | ᠪᠢᠴᠢᠭ᠂ ᠳᠠᠭᠤ ᠳᠦᠷᠰᠦ ᠰᠢᠩᠭᠡᠭᠡᠯᠲᠡ ᠵᠡᠷᠭᠡ ᠬᠡᠯᠪᠡᠷᠢ ᠪᠠᠷ ᠵᠠᠰᠠᠭ ᠵᠠᠬᠢᠷᠭᠠᠨ ᠤ ᠰᠢᠳᠬᠡᠯ ᠢ ᠡᠬᠢᠯᠡᠭᠦᠯᠬᠦ᠂ | ᠪᠠᠶᠢᠴᠠᠭᠠᠵᠤ ᠭᠡᠷᠡᠴᠢ ᠠᠪᠬᠤ᠂ ᠬᠢᠨᠠᠨ ᠬᠠᠷᠭᠤᠭᠤᠯᠬᠤ᠂ ᠲᠣᠭᠲᠠᠭᠠᠯ ᠭᠠᠷᠭᠠᠬᠤ᠂ ᠬᠦᠷᠭᠡᠬᠦ᠂ ᠭᠦᠢᠴᠡᠳᠬᠡᠬᠦ | ᠵᠡᠷᠭᠡ ᠶᠢᠨ ᠪᠦᠬᠦ ᠶᠠᠪᠤᠴᠠ ᠶᠢ ᠲᠡᠮᠳᠡᠭᠯᠡᠵᠦ᠂ ᠳᠠᠩᠰᠠ ᠡᠪᠬᠡᠮᠡᠯ ᠳᠤ ᠣᠷᠣᠭᠤᠯᠤᠨ ᠬᠠᠳᠠᠭᠠᠯᠠᠬᠤ ᠬᠡᠷᠡᠭᠲᠡᠶ᠃ | | ᠳᠥᠴᠢᠨ ᠨᠠᠢᠮᠠᠳᠤᠭᠠᠷ ᠵᠦᠢᠯ ᠵᠣᠬᠢᠬᠤ ᠨᠡᠶᠢᠭᠡᠮ ᠤᠨ ᠨᠥᠯᠥᠭᠡ ᠲᠠᠢ ᠵᠠᠰᠠᠭ ᠵᠠᠬᠢᠷᠭᠠᠨ ᠤ | ᠰᠢᠳᠬᠡᠯ ᠤᠨ ᠲᠣᠭᠲᠠᠭᠠᠯ ᠢ ᠬᠠᠤᠯᠢ ᠶᠣᠰᠣᠭᠠᠷ ᠢᠯᠡ ᠪᠣᠯᠭᠠᠬᠤ ᠬᠡᠷᠡᠭᠲᠡᠶ᠃ | | ᠢᠯᠡ ᠪᠣᠯᠭᠠᠭᠰᠠᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠣᠭᠲᠠᠭᠠᠯ ᠢ ᠬᠠᠤᠯᠢ ᠶᠣᠰᠣᠭᠠᠷ | ᠬᠤᠪᠢᠷᠠᠭᠤᠯᠬᠤ᠂ ᠬᠦᠴᠦᠨ ᠥᠬᠡᠶ ᠪᠣᠯᠭᠠᠬᠤ᠂ ᠬᠠᠤᠯᠢ ᠠᠴᠠ ᠵᠥᠷᠢᠴᠡᠭᠰᠡᠨ ᠢᠶᠠᠷ ᠨᠤᠲᠠᠯᠠᠬᠤ ᠪᠤᠶᠤ ᠬᠦᠴᠦᠨ | ᠥᠬᠡᠶ ᠪᠠᠷ ᠨᠤᠲᠠᠯᠠᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠭᠤᠷᠪᠠᠨ ᠡᠳᠦᠷ ᠤᠨ ᠳᠣᠲᠣᠷ᠎ᠠ ᠵᠠᠰᠠᠭ | ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠣᠭᠲᠠᠭᠠᠯ ᠤᠨ ᠮᠡᠳᠡᠭᠡ ᠵᠠᠩᠭᠢ ᠪᠠᠨ ᠪᠤᠴᠠᠭᠠᠨ ᠠᠪᠬᠤ ᠶᠢᠨ ᠬᠠᠮᠲᠤ | ᠤᠴᠢᠷ ᠰᠢᠯᠲᠠᠭᠠᠨ ᠢᠶᠠᠨ ᠢᠯᠡ ᠪᠠᠷ ᠲᠣᠳᠣᠷᠬᠠᠶᠢᠯᠠᠬᠤ ᠬᠡᠷᠡᠭᠲᠡᠶ᠃ | | ᠳᠥᠴᠢ ᠶᠢᠰᠦᠳᠦᠭᠡᠷ ᠵᠦᠢᠯ ᠬᠦ᠋ᠨᠳᠦ ᠶᠡᠭᠡ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ | ᠵᠡᠷᠭᠡ ᠭᠡᠨᠡᠳᠲᠡ ᠶᠢᠨ ᠬᠡᠷᠡᠭ ᠭᠠᠷᠤᠭᠰᠠᠨ ᠪᠠᠶᠢᠪᠠᠯ᠂ ᠭᠡᠨᠡᠳᠲᠡ ᠶᠢᠨ ᠬᠡᠷᠡᠭ ᠠᠴᠠ ᠪᠣᠯᠤᠭᠰᠠᠨ ᠨᠡᠶᠢᠭᠡᠮ ᠤᠨ ᠬᠤᠣᠷ | ᠬᠥᠨᠥᠭᠡᠯ ᠢ ᠬᠢᠵᠠᠭᠠᠷᠯᠠᠬᠤ᠂ ᠬᠥᠩᠭᠡᠷᠡᠭᠦᠯᠬᠦ ᠪᠠ ᠠᠷᠢᠯᠭᠠᠬᠤ ᠶᠢᠨ ᠲᠥᠯᠥᠭᠡ᠂ ᠵᠠᠰᠠᠭ ᠵᠠᠬᠢᠷᠭᠠᠨ ᠤ | ᠪᠠᠶᠢᠭᠤᠯᠭ᠎ᠠ ᠠᠴᠠ ᠭᠡᠨᠡᠳᠲᠡ ᠶᠢᠨ ᠬᠡᠷᠡᠭ ᠢ ᠠᠷᠭᠠᠴᠠᠬᠤ ᠠᠷᠭ᠎ᠠ ᠬᠡᠮᠵᠢᠶ᠎ᠡ ᠶᠢ ᠵᠥᠷᠢᠴᠡᠭᠰᠡᠨ ᠦᠢᠯᠡ ᠠᠵᠢᠯᠯᠠᠭ᠎ᠠ ᠶᠢ | ᠬᠠᠤᠯᠢ ᠶᠣᠰᠣᠭᠠᠷ ᠲᠦᠷᠭᠡᠨ ᠪᠥᠭᠡᠳ ᠬᠦᠨᠳᠦ ᠪᠠᠷ ᠰᠢᠳᠬᠡᠨ᠎ᠡ᠃ | | ᠲᠠᠪᠢᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠲᠡᠭᠦᠨ ᠤ ᠠᠵᠢᠯᠲᠠᠨ ᠵᠠᠰᠠᠭ | ᠵᠠᠬᠢᠷᠭᠠᠨ ᠤ ᠰᠢᠢᠳᠬᠡᠯ ᠢ ᠬᠡᠷᠡᠭᠵᠢᠭᠦᠯᠬᠦ ᠶᠠᠪᠤᠴᠠ ᠳᠤ ᠣᠯᠵᠤ ᠮᠡᠳᠡᠭᠰᠡᠨ ᠤᠯᠤᠰ ᠤᠨ ᠨᠢᠭᠤᠴᠠ᠂ ᠬᠤᠳᠠᠯᠳᠤᠭᠠᠨ ᠤ | ᠨᠢᠭᠤᠴᠠ ᠪᠤᠶᠤ ᠬᠤᠪᠢ ᠬᠥᠮᠦᠨ ᠤ ᠨᠢᠭᠤᠴᠠ ᠶᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠶ᠃ | | ᠬᠤᠶᠠᠳᠤᠭᠠᠷ ᠬᠡᠰᠡᠭ ᠳᠦᠭᠦᠮ ᠵᠢᠷᠤᠮ | | ᠲᠠᠪᠢᠨ ᠨᠢᠭᠡᠳᠦᠭᠡᠷ ᠵᠦᠢᠯ ᠬᠠᠤᠯᠢ ᠶᠢ ᠵᠥᠷᠢᠴᠡᠭᠰᠡᠨ ᠪᠣᠳᠠᠲᠤ ᠬᠡᠷᠡᠭ ᠨᠢ ᠦᠨᠡᠨ ᠮᠠᠭᠠᠳ ᠪᠥᠭᠡᠳ | ᠬᠠᠤᠯᠢ ᠳᠤ ᠲᠣᠭᠲᠠᠭᠠᠭᠰᠠᠨ ᠦᠨᠳᠦᠰᠦ ᠪᠠᠷᠢᠮᠲᠠ ᠲᠠᠢ ᠪᠠᠶᠢᠵᠤ᠂ ᠠᠷᠠᠳ ᠢᠷᠭᠡᠨ ᠢ ᠬᠤᠶᠠᠷ ᠵᠠᠭᠤᠨ | ᠲᠥᠭᠦᠷᠢᠭ ᠠᠴᠠ ᠳᠣᠭᠤᠭᠰᠢ ᠰᠢᠳᠬᠡᠬᠦ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢ | ᠭᠤᠷᠪᠠᠨ ᠮᠢᠩᠭᠠᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠤᠶᠤ ᠳᠣᠩᠭᠤᠳᠬᠤ ᠵᠠᠰᠠᠭ ᠵᠠᠬᠢᠷᠭᠠᠨ ᠤ | ᠰᠢᠳᠬᠡᠯ ᠥᠭᠬᠦ ᠳᠤ ᠬᠦᠷᠪᠡᠯ᠂ ᠲᠤᠬᠠᠶ ᠶᠢᠨ ᠭᠠᠵᠠᠷ ᠲᠤᠨᠢ ᠵᠠᠰᠠᠭ ᠵᠠᠬᠢᠷᠭᠠᠨ ᠤ ᠰᠢᠳᠬᠡᠯ ᠥᠭᠬᠦ ᠲᠣᠭᠲᠠᠭᠠᠯ | ᠭᠠᠷᠭᠠᠵᠤ ᠪᠣᠯᠤᠨ᠎ᠠ᠃ ᠬᠠᠤᠯᠢ ᠴᠠᠭᠠᠵᠠ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ | ᠵᠢᠷᠤᠮᠯᠠᠨ᠎ᠠ᠃ | | ᠲᠠᠪᠢᠨ ᠬᠤᠶᠠᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠳᠠᠨ ᠲᠤᠬᠠᠶ ᠶᠢᠨ ᠲᠠᠯᠠᠪᠤᠷ ᠲᠤ ᠵᠠᠰᠠᠭ | ᠵᠠᠬᠢᠷᠭᠠᠨ ᠤ ᠰᠢᠳᠬᠡᠯ ᠥᠭᠬᠦ ᠲᠣᠭᠲᠠᠭᠠᠯ ᠭᠠᠷᠭᠠᠭᠰᠠᠨ ᠪᠠᠶᠢᠪᠠᠯ᠂ ᠲᠤᠬᠠᠶ ᠶᠢᠨ ᠬᠥᠮᠦᠨ ᠳᠤ ᠬᠠᠤᠯᠢ ᠬᠡᠷᠡᠭᠵᠢᠭᠦᠯᠬᠦ | ᠦᠨᠡᠮᠯᠡᠯ ᠢᠶᠠᠨ ᠭᠠᠷᠭᠠᠨ ᠦᠵᠡᠭᠦᠯᠵᠦ᠂ ᠤᠷᠢᠳᠴᠢᠯᠠᠨ ᠲᠣᠭᠲᠠᠭᠠᠭᠰᠠᠨ ᠵᠠᠭᠪᠤᠷ᠂ ᠳ᠋ᠤᠭᠠᠷᠯᠠᠭᠰᠠᠨ ᠵᠠᠰᠠᠭ | ᠵᠠᠬᠢᠷᠭᠠᠨ ᠤ ᠰᠢᠳᠬᠡᠯ ᠥᠭᠬᠦ ᠲᠣᠭᠲᠠᠭᠠᠯ ᠤᠨ ᠪᠢᠴᠢᠭ ᠢ ᠲᠠᠭᠯᠠᠨ ᠪᠢᠴᠢᠬᠦ ᠶᠢᠨ ᠬᠠᠮᠲᠤ ᠲᠤᠬᠠᠶ ᠶᠢᠨ ᠲᠠᠯᠠᠪᠤᠷ ᠲᠤ | ᠲᠤᠬᠠᠶ ᠶᠢᠨ ᠬᠥᠮᠦᠨ ᠳᠤ ᠲᠤᠰᠢᠶᠠᠵᠤ ᠥᠭᠬᠦ ᠬᠡᠷᠡᠭᠲᠡᠶ᠃ ᠲᠤᠬᠠᠶ ᠶᠢᠨ ᠬᠥᠮᠦᠨ ᠭᠠᠷ ᠤᠨ ᠦᠰᠦᠭ ᠵᠢᠷᠤᠵᠤ | ᠬᠤᠷᠢᠶᠠᠨ ᠠᠪᠬᠤ ᠶᠢ ᠲᠡᠪᠴᠢᠪᠡᠯ᠂ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠪᠢᠴᠢᠭ ᠳᠡᠭᠡᠷ᠎ᠡ | ᠲᠣᠳᠣᠷᠬᠠᠶᠢᠯᠠᠬᠤ ᠬᠡᠷᠡᠭᠲᠡᠶ᠃ | | ᠡᠮᠦᠨᠡᠬᠢ ᠪᠠᠳᠠᠭ ᠲᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠪᠢᠴᠢᠭ ᠲᠤ | ᠲᠤᠬᠠᠶ ᠶᠢᠨ ᠬᠥᠮᠦᠨ ᠤ ᠬᠠᠤᠯᠢ ᠶᠢ ᠵᠥᠷᠢᠴᠡᠭᠰᠡᠨ ᠠᠵᠢᠯᠯᠠᠭ᠎ᠠ᠂ ᠵᠠᠰᠠᠭ ᠵᠠᠬᠢᠷᠭᠠᠨ ᠤ ᠰᠢᠳᠬᠡᠯ ᠤᠨ ᠲᠦᠷᠦᠯ ᠵᠦᠢᠯ | ᠪᠠ ᠦᠨᠳᠦᠰᠦ ᠪᠠᠷᠢᠮᠲᠠ᠂ ᠲᠣᠷᠭᠠᠭᠤᠯᠢ ᠶᠢᠨ ᠵᠣᠭᠤᠰ ᠤᠨ ᠲᠤᠭ᠎ᠠ᠂ ᠴᠠᠭ᠂ ᠭᠠᠵᠠᠷ᠂ ᠵᠠᠰᠠᠭ ᠵᠠᠬᠢᠷᠭᠠᠨ ᠢᠶᠠᠷ | ᠳᠠᠪᠲᠠᠨ ᠶᠠᠷᠢᠯᠴᠠᠭᠤᠯᠬᠤ ᠪᠠᠷ ᠭᠤᠶᠤᠴᠢᠯᠠᠬᠤ᠂ ᠵᠠᠰᠠᠭ ᠵᠠᠬᠢᠷᠭᠠᠨ ᠤ ᠵᠠᠷᠭᠤ ᠬᠢᠬᠦ ᠠᠷᠭ᠎ᠠ ᠵᠠᠮ ᠪᠠ ᠬᠤᠭᠤᠴᠠᠭ᠎ᠠ | ᠵᠢᠴᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠡᠷᠡᠶᠢᠳᠦᠯ ᠢ ᠲᠣᠳᠣᠷᠬᠠᠶ ᠪᠢᠴᠢᠬᠦ ᠶᠢᠨ ᠬᠠᠮᠲᠤ ᠬᠠᠤᠯᠢ | ᠬᠡᠷᠡᠭᠵᠢᠭᠦᠯᠦᠭᠴᠢ ᠭᠠᠷ ᠤᠨ ᠦᠰᠦᠭ ᠵᠢᠷᠤᠬᠤ ᠪᠤᠶᠤ ᠲᠠᠮᠠᠭ᠎ᠠ ᠪᠠᠨ ᠳᠠᠷᠤᠬᠤ ᠬᠡᠷᠡᠭᠲᠡᠶ᠃ | | ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶ ᠶᠢᠨ ᠲᠠᠯᠠᠪᠤᠷ ᠲᠤ ᠭᠠᠷᠭᠠᠭᠰᠠᠨ ᠵᠠᠰᠠᠭ ᠵᠠᠬᠢᠷᠭᠠᠨ ᠤ | ᠰᠢᠳᠬᠡᠯ ᠤᠨ ᠲᠣᠭᠲᠠᠭᠠᠯ ᠢ ᠬᠠᠷᠢᠶ᠎ᠠ ᠵᠠᠰᠠᠭ ᠵᠠᠬᠢᠷᠭᠠᠨ ᠤ ᠪᠠᠶᠢᠭᠤᠯᠭ᠎ᠠ ᠳᠠᠭᠠᠨ ᠮᠡᠳᠡᠭᠦᠯᠵᠦ ᠳᠠᠩᠰᠠᠯᠠᠭᠤᠯᠬᠤ | ᠬᠡᠷᠡᠭᠲᠡᠶ᠃ | | ᠲᠠᠪᠢᠨ ᠭᠤᠷᠪᠠᠳᠤᠭᠠᠷ ᠵᠦᠢᠯ ᠲᠤᠬᠠᠶ ᠶᠢᠨ ᠲᠠᠯᠠᠪᠤᠷ ᠲᠤ ᠭᠠᠷᠭᠠᠭᠰᠠᠨ ᠵᠠᠰᠠᠭ ᠵᠠᠬᠢᠷᠭᠠᠨ ᠤ | ᠰᠢᠳᠬᠡᠯ ᠤᠨ ᠲᠣᠭᠲᠠᠭᠠᠯ ᠢ ᠲᠤᠬᠠᠶ ᠶᠢᠨ ᠬᠥᠮᠦᠨ ᠨᠢ ᠲᠤᠰ ᠬᠠᠤᠯᠢ ᠶᠢᠨ ᠵᠢᠷᠠᠨ ᠳᠣᠯᠣᠳᠤᠭᠠᠷ ᠵᠦᠢᠯ ᠠᠴᠠ ᠵᠢᠷᠠ | ᠶᠢᠰᠦᠳᠦᠭᠡᠷ ᠵᠦᠢᠯ ᠬᠦᠷᠲᠡᠯᠡᠬᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠶ᠃ | | ᠭᠤᠷᠪᠠᠳᠤᠭᠠᠷ ᠬᠡᠰᠡᠭ ᠡ᠊ᠩ ᠤᠨ ᠵᠢᠷᠤᠮ | | ᠲᠠᠪᠢᠨ ᠳᠥᠷᠪᠡᠳᠦᠭᠡᠷ ᠵᠦᠢᠯ ᠲᠤᠰ ᠬᠠᠤᠯᠢ ᠶᠢᠨ ᠲᠠᠪᠢᠨ ᠨᠢᠭᠡᠳᠦᠭᠡᠷ ᠵᠦᠢᠯ ᠳᠤ ᠲᠣᠭᠲᠠᠭᠠᠭᠰᠠᠨ | ᠲᠤᠬᠠᠶ ᠶᠢᠨ ᠭᠠᠵᠠᠷ ᠲᠤᠨᠢ ᠭᠠᠷᠭᠠᠵᠤ ᠪᠣᠯᠬᠤ ᠵᠠᠰᠠᠭ ᠵᠠᠬᠢᠷᠭᠠᠨ ᠤ ᠰᠢᠳᠬᠡᠯ ᠢ ᠭᠠᠷᠭᠠᠪᠠᠯ᠂ ᠵᠠᠰᠠᠭ ᠵᠠᠬᠢᠷᠭᠠᠨ ᠤ | ᠪᠠᠶᠢᠭᠤᠯᠭ᠎ᠠ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠳᠤ ᠬᠠᠤᠯᠢ | ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠬᠦ ᠶᠣᠰᠣᠲᠠᠶ ᠦᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ | ᠡᠷᠬᠡᠪᠰᠢ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢ ᠪᠦᠬᠦ ᠲᠠᠯ᠎ᠠ ᠪᠠᠷ᠂ ᠪᠤᠰᠤᠳᠴᠢ ᠪᠠᠷ᠂ ᠭᠤᠣᠯᠴᠢ ᠪᠠᠷ | ᠪᠠᠶᠢᠴᠠᠭᠠᠨ ᠴᠤᠭᠯᠠᠭᠤᠯᠬᠤ ᠬᠡᠷᠡᠭᠲᠡᠶ︔ ᠴᠢᠬᠤᠯᠠᠲᠠᠶ ᠦᠶ᠎ᠡ ᠳᠤ ᠬᠠᠤᠯᠢ ᠴᠠᠭᠠᠵᠠ᠂ ᠬᠠᠤᠯᠢ ᠲᠣᠭᠲᠠᠭᠠᠯ ᠤᠨ | ᠲᠣᠭᠲᠠᠭᠠᠯ ᠶᠣᠰᠣᠭᠠᠷ ᠪᠠᠶᠢᠴᠠᠭᠠᠯᠲᠠ ᠬᠢᠵᠦ ᠪᠣᠯᠤᠨ᠎ᠠ᠃ | | ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ ᠳᠤ ᠨᠡᠶᠢᠴᠡᠭᠰᠡᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠴᠠᠭ | ᠲᠤᠬᠠᠶ ᠳᠤᠨᠢ ᠬᠡᠷᠡᠭ ᠪᠣᠯᠭᠠᠨ ᠳᠠᠩᠰᠠᠯᠠᠬᠤ ᠬᠡᠷᠡᠭᠲᠡᠶ᠃ | | ᠲᠠᠪᠢᠨ ᠲᠠᠪᠤᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠳᠠᠨ ᠪᠠᠶᠢᠴᠠᠭᠠᠯᠲᠠ ᠬᠢᠬᠦ ᠪᠤᠶᠤ | ᠪᠠᠶᠢᠴᠠᠭᠠᠯᠲᠠ ᠬᠢᠬᠦ ᠳᠡᠭᠡᠨ ᠰᠠᠨᠠᠭᠠᠴᠢᠯᠠᠭ᠎ᠠ ᠠᠴᠠ ᠪᠠᠨ ᠲᠤᠬᠠᠶ ᠶᠢᠨ ᠬᠥᠮᠦᠨ ᠪᠤᠶᠤ ᠬᠤᠯᠪᠣᠭᠳᠠᠯ ᠪᠦᠬᠦᠢ | ᠬᠥᠮᠦᠰ ᠲᠤ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠶ᠃ ᠲᠤᠬᠠᠶ ᠶᠢᠨ ᠬᠥᠮᠦᠨ ᠪᠤᠶᠤ | ᠬᠤᠯᠪᠣᠭᠳᠠᠯ ᠪᠦᠬᠦᠢ ᠬᠥᠮᠦᠰ ᠬᠠᠤᠯᠢ ᠬᠡᠷᠡᠭᠵᠢᠭᠦᠯᠬᠦ ᠠᠵᠢᠯᠲᠠᠨ ᠢ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠵᠤ | ᠦᠵᠡᠭᠦᠯᠬᠦ ᠪᠠᠷ ᠱᠠᠭᠠᠷᠳᠠᠬᠤ ᠡᠷᠬᠡ ᠲᠠᠢ᠃ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠬᠡᠷᠡᠭᠵᠢᠭᠦᠯᠬᠦ ᠦᠨᠡᠮᠯᠡᠯ ᠢᠶᠠᠨ | ᠭᠠᠷᠭᠠᠵᠤ ᠦᠵᠡᠭᠦᠯᠬᠦ ᠦᠭᠡᠢ ᠪᠠᠶᠢᠪᠠᠯ᠂ ᠲᠤᠬᠠᠶ ᠶᠢᠨ ᠬᠥᠮᠦᠨ ᠪᠤᠶᠤ ᠬᠤᠯᠪᠣᠭᠳᠠᠯ ᠪᠦᠬᠦᠢ ᠬᠥᠮᠦᠰ ᠪᠠᠶᠢᠴᠠᠭᠠᠯᠲᠠ | ᠪᠤᠶᠤ ᠪᠠᠶᠢᠴᠠᠭᠠᠯᠲᠠ ᠶᠢ ᠬᠦᠯᠢᠶᠡᠬᠦ ᠦᠭᠡᠢ ᠪᠠᠶᠢᠬᠤ ᠡᠷᠬᠡ ᠲᠠᠢ᠃ | | ᠲᠤᠬᠠᠶ ᠶᠢᠨ ᠬᠥᠮᠦᠨ ᠪᠤᠶᠤ ᠬᠤᠯᠪᠣᠭᠳᠠᠯ ᠪᠦᠬᠦᠢ ᠬᠥᠮᠦᠰ ᠯᠠᠪᠯᠠᠨ ᠠᠰᠠᠭᠤᠭᠰᠠᠨ ᠵᠦᠢᠯ ᠢ ᠦᠨᠡᠨ | ᠮᠥᠨ ᠢᠶᠠᠷ ᠨᠢ ᠬᠠᠷᠢᠭᠤᠯᠬᠤ ᠶᠢᠨ ᠬᠠᠮᠲᠤ ᠪᠠᠶᠢᠴᠠᠭᠠᠬᠤ ᠪᠤᠶᠤ ᠪᠠᠶᠢᠴᠠᠭᠠᠬᠤ ᠳᠤ ᠬᠠᠮᠵᠢᠬᠤ ᠬᠡᠷᠡᠭᠲᠡᠶ᠂ ᠲᠡᠪᠴᠢᠬᠦ | ᠪᠤᠶᠤ ᠬᠠᠷᠰᠢᠯᠠᠵᠤ ᠪᠣᠯᠬᠤ ᠤᠢᠭᠡᠢ᠃ ᠯᠠᠪᠯᠠᠨ ᠠᠰᠠᠭᠤᠬᠤ ᠪᠤᠶᠤ ᠪᠠᠶᠢᠴᠠᠭᠠᠬᠤ ᠳᠠᠭᠠᠨ ᠲᠡᠮᠳᠡᠭᠯᠡᠯ ᠬᠢᠬᠦ ᠬᠡᠷᠡᠭᠲᠡᠶ᠃ | | ᠲᠠᠪᠢᠨ ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠭᠡᠷᠡᠴᠢ ᠪᠠᠷᠢᠮᠲᠠ | ᠴᠤᠭᠯᠠᠭᠤᠯᠬᠤ ᠳᠠᠭᠠᠨ ᠦᠯᠢᠭᠡᠷ ᠠᠪᠴᠤ ᠭᠡᠷᠡᠴᠢ ᠠᠪᠬᠤ ᠠᠷᠭ᠎ᠠ ᠶᠢ ᠠᠪᠴᠤ ᠪᠣᠯᠤᠨ᠎ᠠ︔ ᠭᠡᠷᠡᠴᠢ ᠪᠠᠷᠢᠮᠲᠠ | ᠤᠰᠠᠳᠴᠤ ᠮᠡᠳᠡᠬᠦ ᠪᠤᠶᠤ ᠬᠤᠵᠢᠮ ᠣᠯᠳᠠᠬᠤ ᠳᠤ ᠪᠡᠷᠬᠡᠲᠡᠶ ᠪᠣᠯᠬᠤ ᠪᠠᠶᠢᠳᠠᠯ ᠳᠣᠣᠷ᠎ᠠ᠂ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠤᠷᠢᠳᠠᠪᠠᠷ ᠳᠠᠩᠰᠠᠯᠠᠨ ᠬᠠᠳᠠᠭᠠᠯᠠᠵᠤ ᠪᠣᠯᠬᠤ | ᠪᠥᠭᠡᠳ ᠳᠤᠯᠤᠭᠠᠨ ᠡᠳᠦᠷ ᠤᠨ ᠳᠣᠲᠣᠷ᠎ᠠ ᠰᠢᠢᠳᠪᠦᠷᠢᠯᠡᠬᠦ ᠲᠣᠭᠲᠠᠭᠠᠯ ᠢ ᠴᠠᠭ ᠲᠤᠬᠠᠶ ᠳᠤᠨᠢ ᠭᠠᠷᠭᠠᠬᠤ ᠬᠡᠷᠡᠭᠲᠡᠶ᠂ | ᠡᠨᠡ ᠬᠤᠭᠤᠴᠠᠭᠠᠨ ᠳᠤ ᠲᠤᠬᠠᠶ ᠶᠢᠨ ᠬᠥᠮᠦᠨ ᠪᠤᠶᠤ ᠬᠤᠯᠪᠣᠭᠳᠠᠯ ᠪᠦᠬᠦᠢ ᠬᠥᠮᠦᠨ ᠭᠡᠷᠡᠴᠢ ᠪᠠᠷᠢᠮᠲᠠ ᠶᠢ | ᠤᠰᠠᠳᠬᠠᠬᠤ ᠪᠤᠶᠤ ᠰᠢᠯᠵᠢᠭᠦᠯᠵᠦ ᠪᠣᠯᠬᠤ ᠦᠭᠡᠢ᠃ | | ᠲᠠᠪᠢᠨ ᠳᠣᠯᠣᠳᠤᠭᠠᠷ ᠵᠦᠢᠯ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠷᠢᠭᠤᠴᠠᠯᠭᠠᠲᠠᠨ ᠪᠠᠶᠢᠴᠠᠭᠠᠯᠲᠠ ᠶᠢᠨ ᠦᠷ᠎ᠡ ᠳ᠋ᠦᠩ ᠢ ᠬᠢᠨᠠᠨ ᠪᠠᠶᠢᠴᠠᠭᠠᠵᠤ᠂ ᠠᠳᠠᠯᠢ ᠪᠤᠰᠤ | ᠪᠠᠶᠢᠳᠠᠯ ᠢ ᠦᠨᠳᠦᠰᠦᠯᠡᠨ᠂ ᠲᠤᠰ ᠲᠤᠰ ᠳᠣᠣᠷᠠᠬᠢ ᠮᠡᠲᠦ ᠲᠣᠭᠲᠠᠭᠠᠯ ᠢ ᠭᠠᠷᠭᠠᠬᠤ ᠬᠡᠷᠡᠭᠲᠡᠶ᠄ | | ︵ᠨᠢᠭᠡ︶ ᠦᠨᠡᠬᠡᠷ ᠵᠠᠰᠠᠭ ᠵᠠᠬᠢᠷᠭᠠᠨ ᠤ ᠰᠢᠳᠬᠡᠯ ᠤᠯᠬᠤ ᠶᠣᠰᠣᠲᠠᠶ ᠬᠠᠤᠯᠢ ᠶᠢ ᠵᠥᠷᠢᠴᠡᠭᠰᠡᠨ | ᠠᠵᠢᠯᠯᠠᠭ᠎ᠠ ᠲᠠᠢ ᠪᠠᠶᠢᠪᠠᠯ᠂ ᠦᠢᠯᠡ ᠪᠠᠶᠢᠳᠠᠯ ᠤᠨ ᠬᠢᠨᠢ ᠬᠦᠨᠳᠦ ᠬᠦᠡᠭᠭᠡᠨ ᠵᠢᠴᠢ ᠪᠣᠳᠠᠲᠠᠶ ᠪᠠᠶᠢᠳᠠᠯ ᠢ ᠦᠨᠳᠦᠰᠦᠯᠡᠨ | ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠭᠠᠷᠭᠠᠨ᠎ᠠ︔ | | ︵ᠬᠤᠶᠠᠷ︶ ᠬᠠᠤᠯᠢ ᠶᠢ ᠵᠥᠷᠢᠴᠡᠭᠰᠡᠨ ᠠᠵᠢᠯᠯᠠᠭ᠎ᠠ ᠨᠢ ᠬᠦᠩᠭᠡᠠ ᠪᠠᠶᠢᠵᠤ᠂ ᠬᠠᠤᠯᠢ ᠶᠣᠰᠣᠭᠠᠷ ᠵᠠᠰᠠᠭ | ᠵᠠᠬᠢᠷᠭᠠᠨ ᠤ ᠰᠢᠳᠬᠡᠯ ᠥᠭᠬᠦ ᠤᠢᠭᠡᠢ ᠪᠠᠶᠢᠵᠤ ᠪᠣᠯᠬᠤ ᠳᠤ ᠬᠦᠷᠪᠡᠯ ᠵᠠᠰᠠᠭ ᠵᠠᠬᠢᠷᠭᠠᠨ ᠤ ᠰᠢᠳᠬᠡᠯ ᠥᠭᠬᠦ ᠤᠢᠭᠡᠢ︔ | | | ︵ᠭᠤᠷᠪᠠ︶ ᠬᠠᠤᠯᠢ ᠶᠢ ᠵᠥᠷᠢᠴᠡᠭᠰᠡᠨ ᠪᠣᠳᠠᠲᠤ ᠬᠡᠷᠡᠭ ᠨᠢ ᠲᠣᠭᠲᠠᠵᠤ ᠴᠢᠳᠠᠬᠤ ᠦᠭᠡᠢ ᠪᠠᠶᠢᠪᠠᠯ᠂ ᠵᠠᠰᠠᠭ | ᠵᠠᠬᠢᠷᠭᠠᠨ ᠤ ᠰᠢᠳᠬᠡᠯ ᠥᠭᠬᠦ ᠦᠭᠡᠢ︔ | | ︵ᠲᠦᠷᠪᠡ︶ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠨᠢ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ | ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠨ᠎ᠡ᠃ | | ᠦᠢᠯᠡ ᠪᠠᠶᠢᠳᠠᠯ ᠨᠢ ᠪᠤᠳᠤᠯᠢᠶᠠᠨᠲᠠᠶ ᠪᠤᠶᠤ ᠬᠠᠤᠯᠢ ᠶᠢ ᠵᠥᠷᠢᠴᠡᠭᠰᠡᠨ ᠬᠦᠨᠳᠦ ᠶᠡᠭᠡ ᠦᠢᠯᠡ | ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠥᠭᠬᠦ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠬᠠᠷᠢᠭᠤᠴᠠᠯᠭᠠᠲᠠᠨ ᠬᠠᠮᠲᠤ ᠪᠠᠷ ᠶᠠᠷᠢᠯᠴᠠᠨ ᠲᠣᠭᠲᠠᠭᠠᠬᠤ ᠬᠡᠷᠡᠭᠲᠡᠶ᠃ | | ᠲᠠᠪᠢᠨ ᠨᠠᠢᠮᠠᠳᠤᠭᠠᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠠᠴᠠ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ | ᠭᠠᠷᠭᠠᠬᠤ ᠠᠴᠠ ᠡᠮᠦᠨ᠎ᠡ᠂ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠬᠠᠤᠯᠢ ᠲᠦᠷᠢᠮ ᠤᠨ ᠬᠢᠨᠠᠨ | ᠬᠠᠷᠭᠤᠭᠤᠯᠤᠯᠲᠠ ᠬᠢᠬᠦ ᠠᠵᠢᠯᠳᠠᠨ ᠢᠶᠠᠷ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ ᠬᠢᠯᠭᠡᠬᠦ ᠬᠡᠷᠡᠭᠲᠡᠶ︔ | ᠬᠠᠤᠯᠢ ᠲᠦᠷᠢᠮ ᠤᠨ ᠬᠢᠨᠠᠨ ᠪᠠᠶᠢᠴᠠᠭᠠᠯᠲᠠ ᠬᠢᠭᠰᠡᠨ ᠤᠢᠭᠡᠢ ᠪᠤᠶᠤ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ | ᠤᠢᠭᠡᠢ ᠪᠠᠶᠢᠪᠠᠯ᠂ ᠲᠣᠭᠲᠠᠭᠠᠯ ᠭᠠᠷᠭᠠᠵᠤ ᠪᠣᠯᠬᠤ ᠤᠢᠭᠡᠢ᠄ | | ︵ᠨᠢᠭᠡ︶ ᠴᠢᠬᠤᠯᠠ ᠶᠡᠭᠡ ᠤᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠭᠰᠠᠨ︔ | | ︵ᠬᠤᠶᠠᠷ︶ ᠲᠤᠬᠠᠶ ᠶᠢᠨ ᠬᠥᠮᠦᠨ ᠪᠤᠶᠤ ᠭᠤᠷᠪᠠᠳᠠᠬᠢ ᠬᠥᠮᠦᠨ ᠤ ᠴᠢᠬᠤᠯᠠ ᠶᠡᠭᠡ ᠡᠷᠬᠡ ᠠᠰᠢᠭ ᠲᠤ | ᠰᠢᠭᠤᠳ ᠬᠤᠯᠪᠣᠭᠳᠠᠵᠤ᠂ ᠭᠡᠷᠡᠴᠢᠯᠡᠭᠡ ᠰᠣᠨᠣᠰᠬᠤ ᠵᠢᠷᠤᠮ ᠢ ᠥᠩᠭᠡᠷᠡᠭᠡᠭᠰᠡᠨ︔ | | ︵ᠭᠤᠷᠪᠠ︶ ᠬᠡᠷᠡᠭ ᠤᠨ ᠪᠠᠶᠢᠳᠠᠯ ᠨᠢ ᠲᠦᠪᠡᠭ ᠪᠤᠳᠤᠯᠢᠶᠠᠨᠲᠠᠶ᠂ ᠤᠯᠠᠨ ᠬᠠᠤᠯᠢ ᠴᠠᠭᠠᠵᠠ ᠶᠢᠨ | ᠬᠠᠷᠢᠴᠠᠭ᠎ᠠ ᠳᠤ ᠬᠤᠯᠪᠣᠭᠳᠠᠭᠰᠠᠨ︔ | | ︵ᠲᠦᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ | ᠬᠢᠬᠦ ᠬᠡᠷᠡᠭᠲᠡᠶ ᠭᠡᠵᠦ ᠲᠣᠭᠲᠠᠭᠠᠭᠰᠠᠨ ᠪᠤᠰᠤᠳ ᠪᠠᠶᠢᠳᠠᠯ ᠤᠳ᠃ | | ᠵᠠᠰᠠᠭ ᠵᠠᠬᠢᠷᠭᠠᠨ ᠤ ᠪᠠᠶᠢᠭᠤᠯᠭ᠎ᠠ ᠳᠠᠬᠢ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠬᠠᠤᠯᠢ | ᠲᠦᠷᠢᠮ ᠤᠨ ᠬᠢᠨᠠᠨ ᠬᠠᠷᠭᠤᠭᠤᠯᠤᠯᠲᠠ ᠶᠢ ᠠᠩᠬ᠎ᠠ ᠤᠳᠠᠭ᠎ᠠ ᠬᠢᠵᠦ ᠪᠠᠶᠢᠭ᠎ᠠ ᠠᠵᠢᠯᠳᠠᠨ ᠤᠯᠤᠰ ᠤᠨ ᠨᠢᠭᠡᠳᠦᠯᠲᠡᠶ | ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠪᠠᠷ ᠲᠠᠮᠵᠢᠨ ᠬᠠᠤᠯᠢ ᠴᠠᠭᠠᠵᠠ ᠶᠢᠨ ᠠᠵᠢᠯ | ᠮᠡᠷᠭᠡᠵᠢᠯ ᠤᠨ ᠬᠢᠷᠢ ᠬᠡᠮ ᠤᠯᠬᠤ ᠬᠡᠷᠡᠭᠲᠡᠶ᠃ | | ᠲᠠᠪᠢ ᠶᠢᠰᠦᠳᠦᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠲᠤᠰ ᠬᠠᠤᠯᠢ ᠶᠢᠨ ᠲᠠᠪᠢᠨ | ᠳᠣᠯᠣᠳᠤᠭᠠᠷ ᠵᠦᠢᠯ ᠤᠨ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠬᠦ ᠳᠡᠭᠡᠨ ᠵᠠᠰᠠᠭ ᠵᠠᠬᠢᠷᠭᠠᠨ ᠤ | ᠰᠢᠳᠬᠡᠯ ᠤᠨ ᠲᠣᠭᠲᠠᠭᠠᠯ ᠤᠨ ᠪᠢᠴᠢᠭ ᠵᠣᠬᠢᠶᠠᠬᠤ ᠬᠡᠷᠡᠭᠲᠡᠶ᠃ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ | ᠪᠢᠴᠢᠭ ᠲᠤ ᠳᠣᠣᠷ᠎ᠠ ᠵᠢᠭᠰᠠᠭᠠᠭᠰᠠᠨ ᠵᠦᠢᠯᠡᠰ ᠢ ᠲᠣᠳᠣᠷᠬᠠᠶ ᠲᠡᠮᠳᠡᠭᠯᠡᠭᠰᠡᠨ ᠪᠠᠶᠢᠬᠤ ᠬᠡᠷᠡᠭᠲᠡᠶ᠄ | | ︵ᠨᠢᠭᠡ︶ ᠲᠤᠬᠠᠶ ᠶᠢᠨ ᠬᠥᠮᠦᠨ ᠤ ᠤᠪᠦᠬ ᠨᠡᠷ᠎ᠡ ᠪᠤᠶᠤ ᠨᠡᠷᠡᠶᠢᠳᠦᠯ᠂ ᠬᠠᠶ᠋ᠢᠭ︔ | | ︵ᠬᠤᠶᠠᠷ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠵᠥᠷᠢᠴᠡᠭᠰᠡᠨ ᠪᠣᠳᠠᠲᠤ | ᠬᠡᠷᠡᠭ ᠪᠠ ᠭᠡᠷᠡᠴᠢ ᠪᠠᠷᠢᠮᠲᠠ︔ | | ︵ᠭᠤᠷᠪᠠ︶ ᠵᠠᠰᠠᠭ ᠵᠠᠬᠢᠷᠭᠠᠨ ᠤ ᠰᠢᠳᠬᠡᠯ ᠤᠨ ᠲᠦᠷᠦᠯ ᠵᠦᠢᠯ ᠪᠠ ᠦᠨᠳᠦᠰᠦ ᠪᠠᠷᠢᠮᠲᠠ︔ | | ︵ᠲᠦᠷᠪᠡ︶ ᠵᠠᠰᠠᠭ ᠵᠠᠬᠢᠷᠭᠠᠨ ᠤ ᠰᠢᠳᠬᠡᠯ ᠢ ᠭᠦᠢᠴᠡᠳᠬᠡᠬᠦ ᠠᠷᠭ᠎ᠠ ᠮᠠᠶ᠋ᠢᠭ ᠪᠠ ᠬᠤᠭᠤᠴᠠᠭ᠎ᠠ︔ | | ︵ᠲᠠᠪᠤ︶ ᠵᠠᠰᠠᠭ ᠵᠠᠬᠢᠷᠭᠠᠨ ᠢᠶᠠᠷ ᠲᠡᠬᠢᠠ ᠵᠥᠪᠯᠡᠭᠦᠯᠬᠦ ᠪᠠᠷ ᠭᠤᠶᠤᠴᠢᠯᠠᠬᠤ᠂ ᠵᠠᠰᠠᠭ ᠵᠠᠬᠢᠷᠭᠠᠨ ᠤ ᠵᠠᠷᠭᠤ | ᠬᠢᠬᠦ ᠠᠷᠭ᠎ᠠ ᠵᠡᠮ ᠪᠠ ᠬᠤᠭᠤᠴᠠᠭ᠎ᠠ︔ | | ︵ᠵᠢᠷᠭᠤᠭ᠎ᠠ︶ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠭᠠᠷᠭᠠᠭᠰᠠᠨ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠨᠡᠷᠡᠶᠢᠳᠦᠯ ᠪᠠ ᠲᠣᠭᠲᠠᠭᠠᠯ ᠭᠠᠷᠭᠠᠭᠰᠠᠨ ᠡᠳᠦᠷ ᠬᠤᠭᠤᠴᠠᠭ᠎ᠠ᠃ | | ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠪᠢᠴᠢᠭ ᠲᠤ ᠡᠷᠬᠡᠪᠰᠢ ᠵᠠᠰᠠᠭ ᠵᠠᠬᠢᠷᠭᠠᠨ ᠤ | ᠰᠢᠳᠬᠡᠯ ᠤᠨ ᠲᠣᠭᠲᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠠᠮᠠᠭ᠎ᠠ ᠶᠢ ᠳᠠᠷᠤᠭᠰᠠᠨ ᠪᠠᠶᠢᠬᠤ | ᠬᠡᠷᠡᠭᠲᠡᠶ᠃ | | ᠵᠢᠷᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠰᠢᠳᠬᠡᠯ ᠤᠨ ᠬᠡᠷᠡᠭ ᠢ | ᠬᠡᠷᠡᠭ ᠪᠣᠯᠭᠠᠨ ᠳᠠᠩᠰᠠᠯᠠᠭᠰᠠᠨ ᠡᠳᠦᠷ ᠠᠴᠠ ᠡᠬᠢᠯᠡᠨ ᠶᠡᠷᠡᠨ ᠡᠳᠦᠷ ᠤᠨ ᠳᠣᠲᠣᠷ᠎ᠠ ᠵᠠᠰᠠᠭ ᠵᠠᠬᠢᠷᠭᠠᠨ ᠤ ᠰᠢᠳᠬᠡᠯ ᠤᠨ | ᠲᠣᠭᠲᠠᠭᠠᠯ ᠭᠠᠷᠭᠠᠬᠤ ᠬᠡᠷᠡᠭᠲᠡᠶ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠠᠰᠲᠠᠭᠠᠨ | ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | | ᠵᠢᠷᠠᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠪᠢᠴᠢᠭ ᠢ | ᠵᠠᠷᠯᠠᠭᠰᠠᠨ ᠤ ᠲᠠᠷᠠᠭ᠎ᠠ ᠲᠤᠬᠠᠶ ᠶᠢᠨ ᠭᠠᠵᠠᠷ ᠲᠤᠨᠢ ᠲᠤᠬᠠᠶ ᠶᠢᠨ ᠬᠥᠮᠦᠨ ᠳᠤ ᠲᠤᠰᠢᠶᠠᠬᠤ ᠬᠡᠷᠡᠭᠲᠡᠶ︔ ᠲᠤᠬᠠᠶ ᠶᠢᠨ | ᠬᠥᠮᠦᠨ ᠲᠤᠬᠠᠶ ᠶᠢᠨ ᠲᠠᠯᠠᠪᠤᠷ ᠲᠤ ᠪᠠᠶᠢᠭᠰᠠᠨ ᠦᠭᠡᠢ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠲᠤᠯᠤᠭᠠᠨ | ᠡᠳᠦᠷ ᠤᠨ ᠳᠣᠲᠣᠷ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠵᠠᠷᠭᠤ ᠶᠢᠨ ᠬᠠᠤᠯᠢ︾ | ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠪᠢᠴᠢᠭ ᠢ | ᠲᠤᠬᠠᠶ ᠶᠢᠨ ᠬᠥᠮᠦᠨ ᠳᠤ ᠬᠦᠷᠭᠡᠵᠦ ᠥᠭᠬᠦ ᠬᠡᠷᠡᠭᠲᠡᠶ᠃ | | ᠲᠤᠬᠠᠶ ᠶᠢᠨ ᠬᠥᠮᠦᠨ ᠵᠥᠪᠰᠢᠶᠡᠷᠡᠬᠦ ᠶᠢᠨ ᠬᠠᠮᠲᠤ ᠨᠤᠲᠠᠯᠠᠯᠲᠠ ᠶᠢᠨ ᠪᠢᠴᠢᠭ ᠲᠣᠭᠲᠠᠭᠠᠭᠰᠠᠨ ᠪᠠᠶᠢᠪᠠᠯ᠂ | ᠵᠠᠰᠠᠭ ᠵᠠᠬᠢᠷᠭᠠᠨ ᠤ ᠪᠠᠶᠢᠭᠤᠯᠭ᠎ᠠ ᠹᠠᠺᠰ᠂ ᠴᠠᠬᠢᠮ ᠰᠢᠦᠳᠠᠨ ᠵᠦᠢᠯ ᠵᠡᠷᠭᠡ ᠠᠷᠭ᠎ᠠ ᠮᠠᠶ᠋ᠢᠭ ᠢᠶᠠᠷ ᠵᠠᠰᠠᠭ ᠵᠠᠬᠢᠷᠭᠠᠨ ᠤ | ᠰᠢᠳᠬᠡᠯ ᠤᠨ ᠲᠣᠭᠲᠠᠭᠠᠯ ᠤᠨ ᠪᠢᠴᠢᠭ ᠵᠡᠷᠭᠡ ᠶᠢ ᠲᠤᠬᠠᠶ ᠶᠢᠨ ᠬᠥᠮᠦᠨ ᠳᠤ ᠬᠦᠷᠭᠡᠵᠦ ᠪᠣᠯᠤᠨ᠎ᠠ᠃ | | ᠵᠢᠷᠠᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠲᠡᠭᠦᠨ ᠤ ᠬᠠᠤᠯᠢ | ᠬᠡᠷᠡᠭᠵᠢᠭᠦᠯᠦᠭᠴᠢ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠭᠠᠷᠭᠠᠬᠤ ᠠᠴᠠ ᠪᠠᠨ ᠡᠮᠦᠨ᠎ᠡ᠂ ᠲᠤᠰ | ᠬᠠᠤᠯᠢ ᠶᠢᠨ ᠳᠥᠴᠢᠨ ᠳᠥᠷᠪᠡᠳᠦᠭᠡᠷ ᠵᠦᠢᠯ ᠂ ᠳᠥᠴᠢᠨ ᠲᠠᠪᠤᠳᠤᠭᠠᠷ ᠵᠦᠢᠯ ᠤᠨ ᠲᠣᠭᠲᠠᠭᠠᠯ ᠶᠣᠰᠣᠭᠠᠷ | ᠭᠠᠷᠭᠠᠬᠤ ᠪᠠᠷ ᠪᠠᠶᠢᠭ᠎ᠠ ᠵᠠᠰᠠᠭ ᠵᠠᠬᠢᠷᠭᠠᠨ ᠤ ᠰᠢᠳᠬᠡᠯ ᠤᠨ ᠠᠭᠤᠯᠭ᠎ᠠ ᠵᠢᠴᠢ ᠪᠣᠳᠠᠲᠤ ᠬᠡᠷᠡᠭ᠂ ᠤᠴᠢᠷ ᠰᠢᠯᠲᠠᠭᠠᠨ᠂ | ᠦᠨᠳᠦᠰᠦ ᠪᠠᠷᠢᠮᠲᠠ ᠶᠢ ᠲᠤᠬᠠᠶ ᠶᠢᠨ ᠬᠥᠮᠦᠨ ᠳᠤ ᠮᠡᠳᠡᠭᠳᠡᠭᠰᠡᠨ ᠦᠭᠡᠢ᠂ ᠡᠰᠡᠬᠦᠯ᠎ᠡ ᠲᠤᠬᠠᠶ ᠶᠢᠨ ᠬᠥᠮᠦᠨ ᠤ | ᠲᠣᠭᠠᠴᠢᠯᠲᠠ ᠪᠠ ᠵᠥᠪᠲᠦᠭᠡᠯᠲᠡ ᠶᠢ ᠰᠣᠨᠣᠰᠬᠤ ᠦᠭᠡᠢ ᠪᠠᠶᠢᠪᠠᠯ᠂ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ | ᠭᠠᠷᠭᠠᠵᠤ ᠪᠣᠯᠬᠤ ᠦᠭᠡᠢ︔ ᠲᠤᠬᠠᠶ ᠶᠢᠨ ᠬᠥᠮᠦᠨ ᠲᠣᠭᠠᠴᠢᠯᠲᠠ ᠬᠢᠬᠦ ᠪᠤᠶᠤ ᠵᠥᠪᠲᠦᠭᠡᠨ ᠲᠣᠳᠣᠷᠬᠠᠶᠢᠯᠠᠬᠤ | ᠡᠷᠬᠡ ᠪᠠᠨ ᠬᠠᠶᠠᠬᠤ ᠪᠠᠷ ᠲᠣᠳᠣᠷᠬᠠᠶ ᠲᠣᠭᠲᠠᠭᠠᠭᠰᠠᠨ ᠪᠠᠶᠢᠪᠠᠯ ᠡᠭᠦᠨ ᠳᠤ ᠪᠠᠭᠲᠠᠬᠤ ᠦᠭᠡᠢ᠃ | | ᠳᠥᠷᠪᠡᠳᠦᠭᠡᠷ ᠬᠡᠰᠡᠭ ᠭᠡᠷᠡᠴᠢᠯᠡᠭᠡ ᠰᠣᠨᠣᠰᠬᠤ ᠵᠢᠷᠤᠮ | | ᠵᠢᠷᠠᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠳᠣᠣᠷ᠎ᠠ ᠵᠢᠭᠰᠠᠭᠠᠭᠰᠠᠨ ᠵᠠᠰᠠᠭ | ᠵᠠᠬᠢᠷᠭᠠᠨ ᠤ ᠰᠢᠳᠬᠡᠯ ᠤᠨ ᠲᠣᠭᠲᠠᠭᠠᠯ ᠢ ᠭᠠᠷᠭᠠᠬᠤ ᠪᠠᠷ ᠲᠥᠯᠥᠪᠯᠡᠪᠡᠯ᠂ ᠲᠤᠬᠠᠶ ᠶᠢᠨ ᠬᠥᠮᠦᠨ ᠳᠤ ᠰᠠᠨᠠᠯ | ᠰᠣᠨᠣᠰᠤᠭᠤᠯᠬᠤ ᠪᠠᠷ ᠱᠠᠭᠠᠷᠳᠠᠬᠤ ᠡᠷᠬᠡ ᠲᠠᠢ ᠭᠡᠳᠡᠭ ᠢ ᠬᠡᠯᠡᠵᠦ ᠥᠭᠬᠦ ᠬᠡᠷᠡᠭᠲᠡᠶ᠂ ᠲᠤᠬᠠᠶ ᠶᠢᠨ ᠬᠥᠮᠦᠨ ᠨᠢ ᠰᠠᠨᠠᠯ | ᠰᠣᠨᠣᠰᠤᠭᠤᠯᠬᠤ ᠪᠠᠷ ᠱᠠᠭᠠᠷᠳᠠᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠰᠠᠨᠠᠯ ᠰᠣᠨᠣᠰᠬᠤ ᠶᠢ ᠵᠣᠬᠢᠶᠠᠨ | ᠪᠠᠶᠢᠭᠤᠯᠬᠤ ᠬᠡᠷᠡᠭᠲᠡᠶ᠄ | | ︵ᠨᠢᠭᠡ︶ ᠨᠡᠯᠢᠶᠡᠳ ᠶᠡᠭᠡ ᠲᠣᠭᠠᠨ ᠤ ᠵᠣᠭᠤᠰ ᠢᠶᠠᠷ ᠲᠣᠷᠭᠠᠬᠤ︔ | | ︵ᠬᠤᠶᠠᠷ︶ ᠬᠠᠤᠯᠢ ᠶᠢ ᠵᠥᠷᠢᠴᠡᠵᠦ ᠣᠯᠤᠭᠰᠠᠨ ᠨᠡᠯᠢᠶᠡᠳ ᠶᠡᠭᠡ ᠲᠣᠭᠠᠨ ᠤ ᠣᠯᠵᠠ ᠠᠰᠢᠭ ᠢ ᠨᠢ | ᠬᠤᠷᠢᠶᠡᠠ ᠠᠪᠴᠤ᠂ ᠨᠡᠯᠢᠶᠡᠳ ᠶᠡᠭᠡ ᠦᠨ᠎ᠡ ᠤᠢᠷᠳᠡᠭ ᠲᠠᠢ ᠬᠠᠤᠯᠢ ᠪᠤᠰᠤ ᠡᠳ᠋ ᠪᠣᠳᠠᠰ ᠢ ᠬᠤᠷᠢᠶᠡᠠ ᠠᠪᠬᠤ︔ | | ︵ᠭᠤᠷᠪᠠ︶ ᠬᠢᠷᠢ ᠴᠢᠳᠠᠯ ᠤᠨ ᠵᠡᠷᠭᠡ ᠳᠡᠰ ᠢ ᠨᠢ ᠪᠠᠭᠤᠷᠠᠭᠤᠯᠵᠤ᠂ ᠵᠥᠪᠰᠢᠶᠡᠷᠡᠯ ᠤᠨ ᠦᠨᠡᠮᠯᠡᠯ ᠢ ᠨᠢ | ᠬᠤᠷᠢᠶᠠᠨ ᠠᠪᠴᠤ ᠬᠦᠴᠦᠨ ᠦᠭᠡᠢ ᠪᠣᠯᠭᠠᠬᠤ︔ | | ︵ᠲᠦᠷᠪᠡ︶ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠡᠵᠡᠩᠨᠡᠯᠲᠡ ᠶᠢ ᠨᠢ ᠵᠣᠭᠰᠣᠭᠠᠵᠤ᠂ ᠵᠠᠷᠯᠢᠭᠳᠠᠵᠤ | ᠪᠠᠶᠢᠭᠠᠳ ᠡᠭᠦᠳᠡ ᠶᠢ ᠨᠢ ᠬᠠᠭᠠᠯᠭᠠᠵᠤ᠂ ᠠᠵᠢᠯ ᠡᠷᠬᠢᠯᠡᠬᠦ ᠶᠢ ᠨᠢ ᠬᠢᠵᠠᠭᠠᠷᠯᠠᠬᠤ︔ | | ︵ᠲᠠᠪᠤ︶ ᠪᠤᠰᠤᠳ ᠨᠡᠯᠢᠶᠡᠳ ᠬᠦᠨᠳᠦ ᠵᠠᠰᠠᠭ ᠵᠠᠬᠢᠷᠭᠠᠨ ᠤ ᠰᠢᠳᠬᠡᠯ︔ | | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠭᠰᠠᠨ | ᠪᠤᠰᠤᠳ ᠪᠠᠶᠢᠳᠠᠯ ᠤᠳ᠃ | | ᠲᠤᠬᠠᠶ ᠶᠢᠨ ᠬᠥᠮᠦᠨ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠣᠬᠢᠶᠠᠨ ᠪᠠᠶᠢᠭᠤᠯᠤᠭᠰᠠᠨ ᠭᠡᠷᠡᠴᠢᠯᠡᠭᠡ | ᠰᠣᠨᠣᠰᠬᠤ ᠵᠠᠷᠤᠳᠠᠯ ᠢ ᠡᠭᠦᠷᠭᠡᠯᠡᠬᠦ ᠦᠭᠡᠢ᠃ | | ᠵᠢᠷᠠᠨ ᠳᠥᠷᠪᠡᠳᠦᠭᠡᠷ ᠵᠦᠢᠯ ᠰᠠᠨᠠᠯ ᠰᠣᠨᠣᠰᠤᠯᠲᠠ ᠶᠢ ᠳᠣᠣᠷᠠᠬᠢ ᠵᠢᠷᠤᠮ ᠢᠶᠠᠷ ᠵᠣᠬᠢᠶᠠᠨ | ᠪᠠᠶᠢᠭᠤᠯᠬᠤ ᠬᠡᠷᠡᠭᠲᠡᠶ᠄ | | ︵ᠨᠢᠭᠡ︶ ᠲᠤᠬᠠᠶ ᠶᠢᠨ ᠬᠥᠮᠦᠨ ᠨᠢ ᠰᠠᠨᠠᠯ ᠰᠣᠨᠣᠰᠤᠭᠤᠯᠬᠤ ᠪᠠᠷ ᠱᠠᠭᠠᠷᠳᠠᠪᠠᠯ᠂ ᠵᠠᠰᠠᠭ ᠵᠠᠬᠢᠷᠭᠠᠨ ᠤ | ᠪᠠᠶᠢᠭᠤᠯᠭ᠎ᠠ ᠮᠡᠳᠡᠭᠳᠡᠭᠰᠡᠨ ᠤ ᠲᠠᠷᠠᠭ᠎ᠠ ᠲᠠᠪᠤᠨ ᠡᠳᠦᠷ ᠤᠨ ᠳᠣᠲᠣᠷ᠎ᠠ ᠳᠤᠷᠠᠳᠬᠤ ᠬᠡᠷᠡᠭᠲᠡᠶ︔ | | ︵ᠬᠤᠶᠠᠷ︶ ᠵᠠᠰᠠᠭ ᠵᠠᠬᠢᠷᠭᠠᠨ ᠤ ᠪᠠᠶᠢᠭᠤᠯᠭ᠎ᠠ ᠭᠡᠷᠡᠴᠢᠯᠡᠭᠡ ᠰᠣᠨᠣᠰᠬᠤ ᠠᠴᠠ ᠲᠤᠯᠤᠭᠠᠨ ᠡᠳᠦᠷ ᠤᠨ | ᠡᠮᠦᠨ᠎ᠡ᠂ ᠲᠤᠬᠠᠶ ᠶᠢᠨ ᠬᠥᠮᠦᠨ ᠵᠢᠴᠢ ᠬᠤᠯᠪᠣᠭᠳᠠᠯ ᠪᠦᠬᠦᠢ ᠬᠥᠮᠦᠰ ᠲᠤ ᠭᠡᠷᠡᠴᠢᠯᠡᠭᠡ ᠰᠣᠨᠣᠰᠬᠤ ᠴᠠᠭ᠂ ᠭᠠᠵᠠᠷ ᠢ | ᠮᠡᠳᠡᠭᠳᠡᠬᠦ ᠬᠡᠷᠡᠭᠲᠡᠶ︔ | | ︵ᠭᠤᠷᠪᠠ︶ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠤᠶᠤ ᠬᠤᠪᠢ ᠬᠥᠮᠦᠨ ᠤ | ᠨᠢᠭᠤᠴᠠ ᠳᠤ ᠬᠤᠯᠪᠣᠭᠳᠠᠬᠤ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠶᠢ ᠭᠠᠷᠭᠠᠪᠠᠯ᠂ ᠰᠠᠨᠠᠯ | ᠰᠣᠨᠣᠰᠤᠯᠲᠠ ᠶᠢ ᠢᠯᠡ ᠪᠠᠷ ᠶᠠᠪᠤᠭᠤᠯᠤᠨ᠎ᠠ︔ | | ︵ᠲᠦᠷᠪᠡ︶ ᠰᠠᠨᠠᠯ ᠰᠣᠨᠣᠰᠤᠯᠲᠠ ᠶᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠢᠭᠠᠨ ᠲᠣᠭᠲᠠᠭᠠᠭᠰᠠᠨ | ᠲᠤᠰ ᠬᠡᠷᠡᠭ ᠤᠨ ᠪᠤᠰᠤ ᠪᠠᠶᠢᠴᠠᠭᠠᠬᠤ ᠠᠵᠢᠯᠳᠠᠨ ᠠᠴᠠ ᠡᠷᠬᠢᠯᠡᠨ᠎ᠡ︔ ᠲᠤᠬᠠᠶ ᠶᠢᠨ ᠬᠥᠮᠦᠨ ᠨᠢ ᠡᠷᠬᠢᠯᠡᠭᠴᠢ ᠶᠢ | ᠲᠤᠰ ᠬᠡᠷᠡᠭ ᠲᠠᠢ ᠰᠢᠭᠤᠳ ᠠᠰᠢᠭ ᠬᠤᠣᠷ ᠤᠨ ᠬᠠᠷᠢᠴᠠᠭ᠎ᠠ ᠲᠠᠢ ᠭᠡᠵᠦ ᠦᠵᠡᠪᠡᠯ᠂ ᠵᠠᠶᠢᠯᠠᠭᠤᠯᠬᠤ ᠪᠠᠷ | ᠭᠤᠶᠤᠴᠢᠯᠠᠬᠤ ᠡᠷᠬᠡ ᠲᠠᠢ︔ | | ︵ᠲᠠᠪᠤ︶ ᠲᠤᠬᠠᠶ ᠶᠢᠨ ᠬᠥᠮᠦᠨ ᠭᠡᠷᠡᠴᠢᠯᠡᠭᠡ ᠰᠣᠨᠣᠰᠬᠤ ᠳᠤ ᠪᠡᠶ᠎ᠡ ᠪᠠᠷ ᠢᠶᠠᠨ ᠣᠷᠣᠯᠴᠠᠵᠤ ᠪᠣᠯᠤᠨ᠎ᠠ᠂ | ᠨᠢᠭᠡ ᠠᠴᠠ ᠬᠤᠶᠠᠷ ᠬᠥᠮᠦᠨ ᠳᠤ ᠨᠠᠶᠢᠳᠠᠵᠤ ᠣᠷᠣᠯᠠᠭᠤᠯᠤᠭᠰᠠᠨ ᠴᠤ ᠪᠣᠯᠤᠨ᠎ᠠ︔ | | ︵ᠵᠢᠷᠭᠤᠭ᠎ᠠ︶ ᠲᠤᠬᠠᠶ ᠶᠢᠨ ᠬᠥᠮᠦᠨ ᠵᠢᠴᠢ ᠲᠡᠭᠦᠨ ᠤ ᠣᠷᠣᠯᠠᠭᠴᠢ ᠨᠢ ᠵᠦᠢ ᠶᠣᠰᠣᠨ ᠤ ᠤᠴᠢᠷ | ᠰᠢᠯᠲᠠᠭᠠᠨ ᠦᠭᠡᠢ ᠪᠠᠷ ᠭᠡᠷᠡᠴᠢᠯᠡᠭᠡ ᠰᠣᠨᠣᠰᠬᠤ ᠳᠤ ᠣᠷᠣᠯᠴᠠᠬᠤ ᠶᠢ ᠲᠡᠪᠴᠢᠭᠰᠡᠨ ᠪᠤᠶᠤ ᠵᠥᠪᠰᠢᠶᠡᠷᠡᠯ ᠣᠯᠤᠭᠰᠠᠨ | ᠦᠭᠡᠢ ᠪᠠᠷ ᠭᠡᠷᠡᠴᠢᠯᠡᠭᠡ ᠰᠣᠨᠣᠰᠬᠤ ᠠᠴᠠ ᠳᠤᠮᠳᠠ ᠠᠴᠠ ᠨᠢ ᠭᠠᠷᠤᠭᠰᠠᠨ ᠪᠠᠶᠢᠪᠠᠯ᠂ ᠭᠡᠷᠡᠴᠢᠯᠡᠭᠡ ᠰᠣᠨᠣᠰᠬᠤ | ᠡᠷᠬᠡ ᠪᠠᠨ ᠬᠠᠶᠠᠭᠰᠠᠨ ᠢᠶᠠᠷ ᠦᠵᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠭᠡᠷᠡᠴᠢᠯᠡᠭᠡ ᠰᠣᠨᠣᠰᠬᠤ ᠶᠢ ᠳᠠᠭᠤᠰᠬᠠᠨ᠎ᠠ | ︔ | | ︵ᠲᠤᠯᠤᠭ᠎ᠠ︶ ᠭᠡᠷᠡᠴᠢᠯᠡᠭᠡ ᠰᠣᠨᠣᠰᠬᠤ ᠦᠶ᠎ᠡ ᠳᠤ᠂ ᠪᠠᠶᠢᠴᠠᠭᠠᠬᠤ ᠠᠵᠢᠯᠳᠠᠨ ᠠᠴᠠ ᠲᠤᠬᠠᠶ ᠶᠢᠨ | ᠬᠥᠮᠦᠨ ᠤ ᠬᠠᠤᠯᠢ ᠶᠢ ᠵᠥᠷᠢᠴᠡᠭᠰᠡᠨ ᠪᠣᠳᠠᠲᠤ ᠬᠡᠷᠡᠭ᠂ ᠭᠡᠷᠡᠴᠢ ᠪᠠᠷᠢᠮᠲᠠ ᠪᠠ ᠵᠠᠰᠠᠭ ᠵᠠᠬᠢᠷᠭᠠᠨ ᠤ ᠰᠢᠳᠬᠡᠯ ᠤᠨ | ᠰᠠᠨᠠᠭᠤᠯᠭ᠎ᠠ ᠶᠢ ᠳᠤᠷᠠᠳᠴᠤ᠂ ᠲᠤᠬᠠᠶ ᠶᠢᠨ ᠬᠥᠮᠦᠨ ᠨᠢ ᠵᠥᠪᠲᠦᠭᠡᠨ ᠲᠣᠳᠣᠷᠬᠠᠶᠢᠯᠠᠬᠤ ᠪᠠ ᠲᠤᠯᠭᠠᠨ ᠭᠡᠷᠡᠴᠢᠯᠡᠨ᠎ᠡ︔ | | | ︵ᠨᠠᠢᠮᠠ︶ ᠰᠠᠨᠠᠯ ᠰᠣᠨᠣᠰᠬᠤ ᠳᠠᠭᠠᠨ ᠲᠡᠮᠳᠡᠭᠯᠡᠯ ᠬᠢᠬᠦ ᠬᠡᠷᠡᠭᠲᠡᠶ᠃ ᠲᠡᠮᠳᠡᠭᠯᠡᠯ ᠢ ᠲᠤᠬᠠᠶ ᠶᠢᠨ ᠬᠥᠮᠦᠨ | ᠪᠤᠶᠤ ᠲᠡᠭᠦᠨ ᠤ ᠣᠷᠣᠯᠠᠭᠴᠢ ᠳᠤ ᠥᠭᠴᠦ ᠬᠠᠷᠭᠤᠭᠤᠯᠤᠭᠠᠳ ᠲᠠᠰᠢᠶ᠎ᠠ ᠦᠭᠡᠢ ᠪᠣᠯᠤᠭᠰᠠᠨ ᠤ ᠳᠠᠷᠠᠭ᠎ᠠ ᠭᠠᠷ ᠤᠨ | ᠦᠰᠦᠭ ᠵᠢᠷᠤᠭᠤᠯᠬᠤ ᠪᠤᠶᠤ ᠲᠠᠮᠠᠭ᠎ᠠ ᠶᠢ ᠨᠢ ᠳᠠᠷᠤᠭᠤᠯᠬᠤ ᠬᠡᠷᠡᠭᠲᠡᠶ᠃ ᠲᠤᠬᠠᠶ ᠶᠢᠨ ᠬᠥᠮᠦᠨ ᠪᠤᠶᠤ ᠲᠡᠭᠦᠨ ᠤ | ᠣᠷᠣᠯᠠᠭᠴᠢ ᠨᠢ ᠭᠠᠷ ᠤᠨ ᠦᠰᠦᠭ ᠵᠢᠷᠤᠬᠤ ᠪᠤᠶᠤ ᠲᠠᠮᠠᠭ᠎ᠠ ᠳᠠᠷᠤᠬᠤ ᠶᠢ ᠲᠡᠪᠴᠢᠭᠰᠡᠨ ᠪᠠᠶᠢᠪᠠᠯ᠂ ᠰᠠᠨᠠᠯ | ᠰᠣᠨᠣᠰᠤᠯᠲᠠ ᠶᠢᠨ ᠡᠷᠬᠢᠯᠡᠭᠴᠢ ᠠᠴᠠ ᠲᠡᠮᠳᠡᠭᠯᠡᠯ ᠳᠤ ᠲᠣᠳᠣᠷᠬᠠᠶᠢᠯᠠᠯᠲᠠ ᠬᠢᠨ᠎ᠡ᠃ | | ᠵᠢᠷᠠᠨ ᠲᠠᠪᠤᠳᠤᠭᠠᠷ ᠵᠦᠢᠯ ᠰᠠᠨᠠᠯ ᠰᠣᠨᠣᠰᠤᠯᠲᠠ ᠶᠢ ᠳᠠᠭᠤᠰᠬᠠᠭᠰᠠᠨ ᠤ ᠳᠠᠷᠠᠭ᠎ᠠ᠂ ᠵᠠᠰᠠᠭ | ᠵᠠᠬᠢᠷᠭᠠᠨ ᠤ ᠪᠠᠶᠢᠭᠤᠯᠭ᠎ᠠ ᠰᠠᠨᠠᠯ ᠰᠣᠨᠣᠰᠤᠯᠲᠠ ᠶᠢᠨ ᠲᠡᠮᠳᠡᠭᠯᠡᠯ ᠢ ᠦᠨᠳᠦᠰᠦᠯᠡᠨ᠂ ᠲᠤᠰ ᠬᠠᠤᠯᠢ ᠶᠢᠨ ᠲᠠᠪᠢᠨ | ᠳᠣᠯᠣᠳᠤᠭᠠᠷ ᠵᠦᠢᠯ ᠤᠨ ᠲᠣᠭᠲᠠᠭᠠᠯ ᠶᠣᠰᠣᠭᠠᠷ ᠲᠣᠭᠲᠠᠭᠠᠯ ᠭᠠᠷᠭᠠᠬᠤ ᠬᠡᠷᠡᠭᠲᠡᠶ᠃ | | ᠵᠢᠷᠭᠤᠳᠤᠭᠠᠷ ᠪᠦᠯᠦᠭ ᠵᠠᠰᠠᠭ ᠵᠠᠬᠢᠷᠭᠠᠨ ᠤ ᠰᠢᠳᠬᠡᠯ ᠢ ᠬᠡᠷᠡᠭᠵᠢᠭᠦᠯᠬᠦ | | ᠵᠢᠷᠠᠨ ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠢ ᠬᠠᠤᠯᠢ ᠶᠣᠰᠣᠭᠠᠷ | ᠭᠠᠷᠭᠠᠭᠰᠠᠨ ᠤ ᠲᠠᠷᠠᠭ᠎ᠠ᠂ ᠲᠤᠬᠠᠶ ᠶᠢᠨ ᠬᠥᠮᠦᠨ ᠨᠢ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠪᠢᠴᠢᠭ ᠲᠤ | ᠲᠣᠳᠣᠷᠬᠠᠶ ᠲᠡᠮᠳᠡᠭᠯᠡᠭᠰᠡᠨ ᠬᠤᠭᠤᠴᠠᠭᠠᠨ ᠤ ᠳᠣᠲᠣᠷ᠎ᠠ ᠭᠦᠢᠴᠡᠳᠬᠡᠬᠦ ᠬᠡᠷᠡᠭᠲᠡᠶ᠃ | | ᠲᠤᠬᠠᠶ ᠶᠢᠨ ᠬᠥᠮᠦᠨ ᠨᠢ ᠦᠨᠡᠬᠡᠷ ᠠᠵᠤ ᠠᠬᠤᠶ ᠶᠢᠨ ᠲᠠᠯ᠎ᠠ ᠪᠠᠷ ᠬᠦᠴᠢᠷᠳᠡᠯ ᠲᠠᠢ ᠪᠠᠶᠢᠵᠤ᠂ | ᠲᠣᠷᠭᠠᠭᠤᠯᠢ ᠶᠢᠨ ᠵᠣᠭᠤᠰ ᠢ ᠬᠤᠭᠤᠴᠠᠭ᠎ᠠ ᠶᠢ ᠨᠢ ᠤᠷᠲᠤᠳᠬᠠᠬᠤ ᠪᠤᠶᠤ ᠬᠤᠭᠤᠴᠠᠭ᠎ᠠ ᠬᠤᠪᠢᠶᠠᠨ ᠲᠤᠰᠢᠶᠠᠬᠤ | ᠴᠢᠬᠤᠯᠠᠲᠠᠶ ᠪᠠᠶᠢᠪᠠᠯ᠂ ᠲᠤᠬᠠᠶ ᠶᠢᠨ ᠬᠥᠮᠦᠨ ᠤ ᠭᠤᠶᠤᠴᠢᠯᠠᠯ ᠪᠠ ᠵᠠᠰᠠᠭ ᠵᠠᠬᠢᠷᠭᠠᠨ ᠤ ᠪᠠᠶᠢᠭᠤᠯᠭ᠎ᠠ ᠪᠠᠷ | ᠵᠥᠪᠰᠢᠶᠡᠷᠡᠭᠦᠯᠦᠭᠡᠳ ᠲᠦᠷ ᠬᠤᠶᠢᠰᠢᠯᠠᠭᠤᠯᠬᠤ ᠪᠤᠶᠤ ᠬᠤᠭᠤᠴᠠᠭ᠎ᠠ ᠬᠤᠪᠢᠶᠠᠨ ᠲᠤᠰᠢᠶᠠᠵᠤ ᠪᠣᠯᠤᠨ᠎ᠠ᠃ | | ᠵᠢᠷᠠᠨ ᠳᠣᠯᠣᠳᠤᠭᠠᠷ ᠵᠦᠢᠯ ᠵᠣᠭᠤᠰ ᠢᠶᠠᠷ ᠲᠣᠷᠭᠠᠬᠤ ᠲᠣᠭᠲᠠᠭᠠᠯ ᠭᠠᠷᠭᠠᠭᠰᠠᠨ ᠵᠠᠰᠠᠭ ᠵᠠᠬᠢᠷᠭᠠᠨ ᠤ | ᠪᠠᠶᠢᠭᠤᠯᠭ᠎ᠠ ᠶᠢ ᠲᠣᠷᠭᠠᠭᠤᠯᠢ ᠶᠢᠨ ᠵᠣᠭᠤᠰ ᠢ ᠬᠤᠷᠢᠶᠠᠨ ᠠᠪᠬᠤ ᠪᠠᠶᠢᠭᠤᠯᠤᠮᠵᠢ ᠠᠴᠠ ᠰᠠᠯᠭᠠᠬᠤ ᠬᠡᠷᠡᠭᠲᠡᠶ᠃ | | ᠲᠤᠰ ᠬᠠᠤᠯᠢ ᠶᠢᠨ ᠵᠢᠷᠠᠨ ᠨᠠᠢᠮᠠᠳᠤᠭᠠᠷ ᠵᠦᠢᠯ ᠂ ᠵᠢᠷᠠ ᠶᠢᠰᠦᠳᠦᠭᠡᠷ ᠵᠦᠢᠯ ᠤᠨ ᠲᠣᠭᠲᠠᠭᠠᠯ | ᠶᠣᠰᠣᠭᠠᠷ ᠲᠤᠬᠠᠶ ᠶᠢᠨ ᠭᠠᠵᠠᠷ ᠲᠤᠨᠢ ᠬᠤᠷᠢᠶᠠᠨ ᠠᠪᠤᠭᠰᠠᠨ ᠲᠣᠷᠭᠠᠭᠤᠯᠢ ᠶᠢᠨ ᠵᠣᠭᠤᠰ ᠢ ᠭᠠᠷᠭᠠᠪᠠᠯ᠂ ᠵᠠᠰᠠᠭ | ᠵᠠᠬᠢᠷᠭᠠᠨ ᠤ ᠰᠢᠳᠬᠡᠯ ᠥᠭᠬᠦ ᠲᠣᠭᠲᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠲᠡᠭᠦᠨ ᠤ ᠬᠠᠤᠯᠢ | ᠬᠡᠷᠡᠭᠵᠢᠭᠦᠯᠬᠦ ᠠᠵᠢᠯᠳᠠᠨ ᠲᠣᠷᠭᠠᠭᠤᠯᠢ ᠶᠢᠨ ᠵᠣᠭᠤᠰ ᠢ ᠥᠪᠡᠰᠦᠪᠡᠨ ᠬᠤᠷᠢᠶᠠᠨ ᠠᠪᠴᠤ ᠪᠣᠯᠬᠤ ᠦᠭᠡᠢ᠃ | | ᠲᠤᠬᠠᠶ ᠶᠢᠨ ᠬᠥᠮᠦᠨ ᠨᠢ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠪᠢᠴᠢᠭ ᠢ ᠣᠯᠤᠭᠰᠠᠨ | ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ ᠵᠢᠭᠠᠨ ᠲᠣᠭᠲᠠᠭᠠᠭᠰᠠᠨ ᠪᠠᠩᠬᠢ ᠳᠤ ᠣᠴᠢᠬᠤ ᠪᠤᠶᠤ | ᠴᠠᠬᠢᠮ ᠲᠥᠯᠥᠪᠦᠷᠢ ᠶᠢᠨ ᠰᠢᠰᠲ᠋ᠧᠮ ᠢᠶᠠᠷ ᠳᠠᠮᠵᠢᠭᠤᠯᠤᠨ ᠲᠣᠷᠭᠠᠭᠤᠯᠢ ᠶᠢᠨ ᠵᠣᠭᠤᠰ ᠢ ᠲᠤᠰᠢᠶᠠᠬᠤ ᠬᠡᠷᠡᠭᠲᠡᠶ᠃ | ᠪᠠᠩᠬᠢ ᠲᠣᠷᠭᠠᠭᠤᠯᠢ ᠶᠢᠨ ᠵᠣᠭᠤᠰ ᠢ ᠬᠦᠯᠢᠶᠡᠨ ᠠᠪᠬᠤ ᠬᠡᠷᠡᠭᠲᠡᠶ ᠪᠥᠭᠡᠳ ᠲᠣᠷᠭᠠᠭᠤᠯᠢ ᠶᠢᠨ ᠵᠣᠭᠤᠰ ᠢ ᠰᠢᠭᠤᠳ | ᠤᠯᠤᠰ ᠤᠨ ᠰᠠᠩ ᠳᠤ ᠲᠤᠰᠢᠶᠠᠬᠤ ᠬᠡᠷᠡᠭᠲᠡᠶ᠃ | | ᠵᠢᠷᠠᠨ ᠨᠠᠢᠮᠠᠳᠤᠭᠠᠷ ᠵᠦᠢᠯ ᠲᠤᠰ ᠬᠠᠤᠯᠢ ᠶᠢᠨ ᠲᠠᠪᠢᠨ ᠨᠢᠭᠡᠳᠦᠭᠡᠷ ᠵᠦᠢᠯ ᠤᠨ ᠲᠣᠭᠲᠠᠭᠠᠯ | ᠶᠣᠰᠣᠭᠠᠷ ᠲᠤᠬᠠᠶ ᠶᠢᠨ ᠭᠠᠵᠠᠷ ᠲᠤᠨᠢ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠭᠠᠷᠭᠠᠬᠤ ᠳᠤ ᠳᠣᠣᠷ᠎ᠠ | ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠠᠤᠯᠢ ᠬᠡᠷᠡᠭᠵᠢᠭᠦᠯᠬᠦ ᠠᠵᠢᠯᠳᠠᠨ ᠲᠤᠬᠠᠶ ᠶᠢᠨ ᠭᠠᠵᠠᠷ ᠲᠤᠨᠢ | ᠲᠣᠷᠭᠠᠭᠤᠯᠢ ᠶᠢᠨ ᠵᠣᠭᠤᠰ ᠢ ᠬᠤᠷᠢᠶᠠᠨ ᠠᠪᠴᠤ ᠪᠣᠯᠤᠨ᠎ᠠ᠄ | | ︵ᠨᠢᠭᠡ︶ ᠬᠠᠤᠯᠢ ᠶᠣᠰᠣᠭᠠᠷ ᠵᠠᠭᠤᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠭᠰᠠᠨ︔ | | ︵ᠬᠤᠶᠠᠷ︶ ᠲᠤᠬᠠᠶ ᠶᠢᠨ ᠭᠠᠵᠠᠷ ᠲᠤᠨᠢ ᠬᠤᠷᠢᠶᠠᠨ ᠠᠪᠬᠤ ᠦᠭᠡᠢ ᠪᠣᠯ ᠬᠡᠷᠡᠭ ᠤᠨ ᠲᠠᠷᠠᠭ᠎ᠠ | ᠭᠦᠢᠴᠡᠳᠬᠡᠬᠦ ᠳᠤ ᠪᠡᠷᠬᠡᠲᠡᠶ ᠪᠠᠶᠢᠬᠤ᠃ | | ᠵᠢᠷᠠ ᠶᠢᠰᠦᠳᠦᠭᠡᠷ ᠵᠦᠢᠯ ᠵᠠᠬ᠎ᠠ ᠬᠢᠵᠠᠭᠠᠷ ᠣᠷᠣᠨ᠂ ᠤᠰᠤᠨ ᠳᠡᠭᠡᠷ᠎ᠡ᠂ ᠵᠠᠮ ᠬᠠᠷᠢᠯᠴᠠᠭ᠎ᠠ | ᠳᠥᠭᠦᠮ ᠦᠭᠡᠢ ᠭᠠᠵᠠᠷ ᠣᠷᠣᠨ ᠳᠤ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠲᠡᠭᠦᠨ ᠤ ᠬᠠᠤᠯᠢ ᠬᠡᠷᠡᠭᠵᠢᠭᠦᠯᠬᠦ | ᠠᠵᠢᠯᠲᠠᠨ ᠲᠤᠰ ᠬᠠᠤᠯᠢ ᠶᠢᠨ ᠲᠠᠪᠢᠨ ᠨᠢᠭᠡᠳᠦᠭᠡᠷ ᠵᠦᠢᠯ ᠂ ᠲᠠᠪᠢᠨ ᠳᠣᠯᠣᠳᠤᠭᠠᠷ ᠵᠦᠢᠯ ᠤᠨ ᠲᠣᠭᠲᠠᠭᠠᠯ | ᠶᠣᠰᠣᠭᠠᠷ ᠵᠣᠭᠤᠰ ᠢᠶᠠᠷ ᠲᠣᠷᠭᠠᠬᠤ ᠲᠣᠭᠲᠠᠭᠠᠯ ᠭᠠᠷᠭᠠᠭᠰᠠᠨ ᠤ ᠳᠠᠷᠠᠭ᠎ᠠ᠂ ᠲᠤᠬᠠᠶ ᠶᠢᠨ ᠬᠥᠮᠦᠨ ᠨᠢ ᠵᠢᠭᠠᠨ | ᠲᠣᠭᠲᠠᠭᠠᠭᠰᠠᠨ ᠪᠠᠩᠬᠢ ᠳᠤ ᠣᠴᠢᠬᠤ ᠪᠤᠶᠤ ᠴᠠᠬᠢᠮ ᠲᠥᠯᠥᠪᠦᠷᠢ ᠶᠢᠨ ᠰᠢᠰᠲ᠋ᠧᠮ ᠢᠶᠠᠷ ᠳᠠᠮᠵᠢᠭᠤᠯᠤᠨ | ᠲᠣᠷᠭᠠᠭᠤᠯᠢ ᠶᠢᠨ ᠵᠣᠭᠤᠰ ᠢ ᠲᠤᠰᠢᠶᠠᠬᠤ ᠳᠤ ᠦᠨᠡᠬᠡᠷ ᠬᠦᠴᠢᠷᠲᠡᠶ ᠪᠠᠶᠢᠪᠠᠯ᠂ ᠲᠤᠬᠠᠶ ᠶᠢᠨ ᠬᠥᠮᠦᠨ ᠨᠢ ᠳᠤᠷᠠᠳᠤᠨ | ᠭᠠᠷᠭᠠᠭᠰᠠᠨ ᠤ ᠳᠠᠷᠠᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠲᠡᠭᠦᠨ ᠤ ᠬᠠᠤᠯᠢ ᠬᠡᠷᠡᠭᠵᠢᠭᠦᠯᠬᠦ ᠠᠵᠢᠯᠲᠠᠨ | ᠲᠤᠬᠠᠶ ᠶᠢᠨ ᠲᠠᠯᠠᠪᠤᠷ ᠲᠤᠨᠢ ᠲᠣᠷᠭᠠᠭᠤᠯᠢ ᠶᠢᠨ ᠵᠣᠭᠤᠰ ᠢ ᠬᠤᠷᠢᠶᠠᠨ ᠠᠪᠴᠤ ᠪᠣᠯᠤᠨ᠎ᠠ᠃ | | ᠳᠠᠯᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠲᠡᠭᠦᠨ ᠤ ᠬᠠᠤᠯᠢ ᠬᠡᠷᠡᠭᠵᠢᠭᠦᠯᠬᠦ | ᠠᠵᠢᠯᠲᠠᠨ ᠲᠤᠬᠠᠶ ᠶᠢᠨ ᠭᠠᠵᠠᠷ ᠲᠤᠨᠢ ᠲᠣᠷᠭᠠᠭᠤᠯᠢ ᠶᠢᠨ ᠵᠣᠭᠤᠰ ᠢ ᠬᠤᠷᠢᠶᠠᠨ ᠠᠪᠬᠤ ᠳᠠᠭᠠᠨ ᠡᠷᠬᠡᠪᠰᠢ | ᠲᠤᠬᠠᠶ ᠶᠢᠨ ᠬᠥᠮᠦᠨ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠤᠶᠤ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠨᠢᠭᠡᠳᠦᠯᠲᠡᠶ ᠦᠢᠯᠡᠳᠴᠦ ᠲᠠᠷᠬᠠᠭᠠᠭᠰᠠᠨ ᠲᠤᠰᠬᠠᠶ ᠫᠢᠶᠣᠣ ᠪᠠᠷᠢᠮᠲᠠ ᠶᠢ | ᠭᠠᠷᠭᠠᠵᠤ ᠥᠭᠬᠦ ᠬᠡᠷᠡᠭᠲᠡᠶ︔ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠨᠢᠭᠡᠳᠦᠯᠲᠡᠶ ᠦᠢᠯᠡᠳᠴᠦ ᠲᠠᠷᠬᠠᠭᠠᠭᠰᠠᠨ | ᠲᠤᠰᠬᠠᠶ ᠫᠢᠶᠣᠣ ᠪᠠᠷᠢᠮᠲᠠ ᠶᠢ ᠭᠠᠷᠭᠠᠵᠤ ᠥᠭᠬᠦ ᠦᠭᠡᠢ ᠪᠣᠯ ᠲᠤᠬᠠᠶ ᠶᠢᠨ ᠬᠥᠮᠦᠨ ᠲᠣᠷᠭᠠᠭᠤᠯᠢ ᠶᠢᠨ ᠵᠣᠭᠤᠰ | ᠲᠤᠰᠢᠶᠠᠬᠤ ᠶᠢ ᠲᠡᠪᠴᠢᠬᠦ ᠡᠷᠬᠡ ᠲᠠᠢ᠃ | | ᠲᠠᠯᠠᠨ ᠨᠢᠭᠡᠳᠦᠭᠡᠷ ᠵᠦᠢᠯ ᠬᠠᠤᠯᠢ ᠬᠡᠷᠡᠭᠵᠢᠭᠦᠯᠬᠦ ᠠᠵᠢᠯᠳᠠᠨ ᠲᠤᠬᠠᠶ ᠶᠢᠨ ᠲᠠᠯᠠᠪᠤᠷ ᠲᠤ ᠬᠤᠷᠢᠶᠠᠨ | ᠠᠪᠤᠭᠰᠠᠨ ᠲᠣᠷᠭᠠᠭᠤᠯᠢ ᠶᠢᠨ ᠵᠣᠭᠤᠰ ᠢ ᠲᠣᠷᠭᠠᠭᠤᠯᠢ ᠶᠢᠨ ᠵᠣᠭᠤᠰ ᠢ ᠬᠤᠷᠢᠶᠠᠨ ᠠᠪᠤᠭᠰᠠᠨ ᠡᠳᠦᠷ ᠠᠴᠠ ᠡᠬᠢᠯᠡᠨ | ᠬᠤᠶᠠᠷ ᠡᠳᠦᠷ ᠤᠨ ᠳᠣᠲᠣᠷ᠎ᠠ ᠵᠠᠰᠠᠭ ᠵᠠᠬᠢᠷᠭᠠᠨ ᠤ ᠪᠠᠶᠢᠭᠤᠯᠭ᠎ᠠ ᠳᠤ ᠲᠤᠰᠢᠶᠠᠬᠤ ᠬᠡᠷᠡᠭᠲᠡᠶ︔ ᠤᠰᠤᠨ ᠳᠡᠭᠡᠷ᠎ᠡ | ᠲᠤᠬᠠᠶ ᠶᠢᠨ ᠭᠠᠵᠠᠷ ᠲᠤᠨᠢ ᠬᠤᠷᠢᠶᠠᠵᠤ ᠠᠪᠤᠭᠰᠠᠨ ᠲᠣᠷᠭᠠᠭᠤᠯᠢ ᠶᠢᠨ ᠵᠣᠭᠤᠰ ᠢ ᠡᠷᠭᠢ ᠳᠤ ᠭᠠᠷᠤᠭᠰᠠᠨ | ᠡᠳᠦᠷ ᠠᠴᠠ ᠡᠬᠢᠯᠡᠨ ᠬᠤᠶᠠᠷ ᠡᠳᠦᠷ ᠤᠨ ᠳᠣᠲᠣᠷ᠎ᠠ ᠵᠠᠰᠠᠭ ᠵᠠᠬᠢᠷᠭᠠᠨ ᠤ ᠪᠠᠶᠢᠭᠤᠯᠭ᠎ᠠ ᠳᠤ ᠲᠤᠰᠢᠶᠠᠬᠤ ᠬᠡᠷᠡᠭᠲᠡᠶ︔ | ᠵᠠᠰᠠᠭ ᠵᠠᠬᠢᠷᠭᠠᠨ ᠤ ᠪᠠᠶᠢᠭᠤᠯᠭ᠎ᠠ ᠬᠤᠶᠠᠷ ᠡᠳᠦᠷ ᠤᠨ ᠳᠣᠲᠣᠷ᠎ᠠ ᠲᠣᠷᠭᠠᠭᠤᠯᠢ ᠶᠢᠨ ᠵᠣᠭᠤᠰ ᠢ ᠵᠢᠭᠠᠨ | ᠲᠣᠭᠲᠠᠭᠠᠭᠰᠠᠨ ᠪᠠᠩᠬᠢ ᠳᠤ ᠲᠤᠰᠢᠶᠠᠬᠤ ᠬᠡᠷᠡᠭᠲᠡᠶ᠃ | | ᠲᠠᠯᠠᠨ ᠬᠤᠶᠠᠳᠤᠭᠠᠷ ᠵᠦᠢᠯ ᠲᠤᠬᠠᠶ ᠶᠢᠨ ᠬᠥᠮᠦᠨ ᠬᠤᠭᠤᠴᠠᠭ᠎ᠠ ᠬᠡᠲᠦᠷᠡᠲᠡᠯ᠎ᠡ ᠵᠠᠰᠠᠭ ᠵᠠᠬᠢᠷᠭᠠᠨ ᠤ | ᠰᠢᠳᠬᠡᠯ ᠤᠨ ᠲᠣᠭᠲᠠᠭᠠᠯ ᠢ ᠭᠦᠢᠴᠡᠳᠬᠡᠬᠦ ᠦᠭᠡᠢ ᠪᠠᠶᠢᠪᠠᠯ᠂ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ | ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠶᠢ ᠠᠪᠴᠤ ᠪᠣᠯᠤᠨ᠎ᠠ᠄ | | ︵ᠨᠢᠭᠡ︶ ᠬᠤᠭᠤᠴᠠᠭ᠎ᠠ ᠲᠤᠯᠤᠭᠰᠠᠨ ᠪᠠᠶᠢᠲᠠᠯ᠎ᠠ ᠲᠣᠷᠭᠠᠭᠤᠯᠢ ᠶᠢᠨ ᠵᠣᠭᠤᠰ ᠢ ᠲᠤᠰᠢᠶᠠᠬᠤ ᠦᠭᠡᠢ | ᠪᠠᠶᠢᠪᠠᠯ᠂ ᠡᠳᠦᠷ ᠪᠦᠷᠢ ᠲᠣᠷᠭᠠᠭᠤᠯᠢ ᠶᠢᠨ ᠵᠣᠭᠤᠰ ᠤᠨ ᠲᠣᠭᠠᠨ ᠤ ᠵᠠᠭᠤᠨ ᠤ ᠭᠤᠷᠪᠠ ᠪᠠᠷ ᠵᠣᠭᠤᠰ ᠢᠶᠠᠷ ᠨᠡᠮᠡᠵᠦ | ᠲᠣᠷᠭᠠᠨ᠎ᠠ᠂ ᠨᠡᠮᠡᠵᠦ ᠰᠢᠳᠬᠡᠬᠦ ᠲᠣᠷᠭᠠᠭᠤᠯᠢ ᠶᠢᠨ ᠵᠣᠭᠤᠰ ᠤᠨ ᠲᠤᠭ᠎ᠠ ᠨᠢ ᠲᠣᠷᠭᠠᠭᠤᠯᠢ ᠶᠢᠨ ᠵᠣᠭᠤᠰ ᠤᠨ | ᠲᠤᠭ᠎ᠠ ᠠᠴᠠ ᠬᠡᠲᠦᠷᠡᠵᠦ ᠪᠣᠯᠬᠤ ᠦᠭᠡᠢ︔ | | ︵ᠬᠤᠶᠠᠷ︶ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠪᠠᠶᠢᠴᠠᠭᠠᠨ ᠪᠢᠲᠡᠭᠦᠮᠵᠢᠯᠡᠭᠰᠡᠨ᠂ | ᠳᠠᠷᠤᠵᠤ ᠠᠪᠤᠭᠰᠠᠨ ᠵᠣᠭᠤᠰ ᠮᠥᠩᠭᠦ ᠡᠳ᠋ ᠪᠣᠳᠠᠰ ᠢ ᠦᠨ᠎ᠡ ᠬᠠᠶᠠᠨ ᠬᠤᠳᠠᠯᠳᠤᠬᠤ᠂ ᠬᠠᠤᠯᠢ ᠶᠣᠰᠣᠭᠠᠷ | ᠰᠢᠢᠳᠪᠦᠷᠢᠯᠡᠬᠦ ᠪᠤᠶᠤ ᠴᠡᠪᠳᠡᠭᠯᠡᠭᠰᠡᠨ ᠬᠠᠳᠠᠭᠠᠯᠠᠮᠵᠢ᠂ ᠭᠤᠪᠢᠭᠤᠯᠭ᠎ᠠ ᠶᠢᠨ ᠵᠣᠭᠤᠰ ᠢ ᠰᠢᠯᠵᠢᠭᠦᠯᠦᠨ ᠥᠭᠴᠦ | ᠲᠣᠷᠭᠠᠭᠤᠯᠢ ᠶᠢᠨ ᠵᠣᠭᠤᠰ ᠢ ᠲᠤᠯᠭᠠᠨ ᠲᠤᠰᠢᠶᠠᠯᠭᠠᠬᠤ︔ | | ︵ᠭᠤᠷᠪᠠ︶ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠵᠠᠰᠠᠭ ᠵᠠᠬᠢᠷᠭᠠᠨ ᠤ ᠠᠯᠪᠠᠳᠠᠨ | ᠭᠦᠢᠴᠡᠳᠬᠡᠭᠦᠯᠬᠦ ᠪᠤᠰᠤᠳ ᠠᠷᠭ᠎ᠠ ᠮᠠᠶ᠋ᠢᠭ ᠢ ᠬᠡᠷᠡᠭᠯᠡᠬᠦ︔ | | ︵ᠲᠦᠷᠪᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ | ᠠᠯᠪᠠᠳᠠᠯᠭ᠎ᠠ ᠶᠢᠨ ᠬᠠᠤᠯᠢ︾ ᠶᠢᠨ ᠲᠣᠭᠲᠠᠭᠠᠯ ᠶᠣᠰᠣᠭᠠᠷ ᠠᠯᠪᠠᠳᠠᠨ ᠭᠦᠢᠴᠡᠳᠬᠡᠭᠦᠯᠬᠦ ᠪᠠᠷ ᠠᠷᠠᠳ ᠤᠨ ᠰᠢᠭᠦᠬᠦ | ᠬᠤᠷᠢᠶᠠᠨ ᠳᠤ ᠭᠤᠶᠤᠴᠢᠯᠠᠬᠤ᠃ | | ᠵᠠᠰᠠᠭ ᠵᠠᠬᠢᠷᠭᠠᠨ ᠤ ᠪᠠᠶᠢᠭᠤᠯᠭ᠎ᠠ ᠲᠣᠷᠭᠠᠭᠤᠯᠢ ᠶᠢᠨ ᠵᠣᠭᠤᠰ ᠢ ᠬᠤᠭᠤᠴᠠᠭ᠎ᠠ ᠤᠷᠲᠤᠳᠬᠠᠬᠤ᠂ | ᠬᠤᠭᠤᠴᠠᠭ᠎ᠠ ᠬᠤᠪᠢᠶᠠᠨ ᠲᠤᠰᠢᠶᠠᠬᠤ ᠶᠢ ᠵᠥᠪᠰᠢᠶᠡᠷᠡᠭᠰᠡᠨ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠳᠤ ᠠᠯᠪᠠᠳᠠᠨ | ᠭᠦᠢᠴᠡᠳᠬᠡᠭᠦᠯᠬᠦ ᠪᠠᠷ ᠭᠤᠶᠤᠴᠢᠯᠠᠬᠤ ᠬᠤᠭᠤᠴᠠᠭ᠎ᠠ ᠶᠢ ᠲᠣᠷᠭᠠᠭᠤᠯᠢ ᠶᠢᠨ ᠵᠣᠭᠤᠰ ᠢ ᠲᠦᠷ ᠬᠤᠶᠢᠰᠢᠯᠠᠭᠤᠯᠤᠭᠰᠠᠨ | ᠪᠤᠶᠤ ᠬᠤᠭᠤᠴᠠᠭ᠎ᠠ ᠬᠤᠪᠢᠶᠠᠨ ᠲᠤᠰᠢᠶᠠᠬᠤ ᠬᠤᠭᠤᠴᠠᠭ᠎ᠠ ᠳᠠᠭᠤᠰᠤᠭᠰᠠᠨ ᠡᠳᠦᠷ ᠠᠴᠠ ᠡᠬᠢᠯᠡᠵᠦ ᠪᠤᠳᠤᠨ᠎ᠠ᠃ | | ᠲᠡᠯᠡᠠ ᠭᠤᠷᠪᠠᠳᠤᠭᠠᠷ ᠵᠦᠢᠯ ᠲᠤᠬᠠᠶ ᠶᠢᠨ ᠬᠥᠮᠦᠨ ᠨᠢ ᠵᠠᠰᠠᠭ ᠵᠠᠬᠢᠷᠭᠠᠨ ᠤ ᠰᠢᠳᠬᠡᠯ ᠤᠨ | ᠲᠣᠭᠲᠠᠭᠠᠯ ᠢ ᠵᠥᠪᠰᠢᠶᠡᠷᠡᠬᠦ ᠤᠢᠭᠡᠢ᠂ ᠵᠠᠰᠠᠭ ᠵᠠᠬᠢᠷᠭᠠᠨ ᠢᠶᠠᠷ ᠲᠡᠬᠢᠠ ᠵᠥᠪᠯᠡᠭᠦᠯᠬᠦ ᠪᠠᠷ ᠭᠤᠶᠤᠴᠢᠯᠠᠭᠰᠠᠨ ᠪᠤᠶᠤ | ᠵᠠᠰᠠᠭ ᠵᠠᠬᠢᠷᠭᠠᠨ ᠤ ᠵᠠᠷᠭᠤ ᠬᠢᠭᠰᠡᠨ ᠪᠠᠶᠢᠪᠠᠯ᠂ ᠵᠠᠰᠠᠭ ᠵᠠᠬᠢᠷᠭᠠᠨ ᠤ ᠰᠢᠳᠬᠡᠯ ᠢ ᠭᠦᠢᠴᠡᠳᠬᠡᠬᠦ ᠶᠢ ᠵᠣᠭᠰᠣᠭᠠᠬᠤ | ᠤᠢᠭᠡᠢ᠂ ᠬᠠᠤᠯᠢ ᠴᠠᠭᠠᠵᠠ ᠳᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠤᠢᠭᠡᠢ᠃ | | ᠲᠤᠬᠠᠶ ᠶᠢᠨ ᠬᠥᠮᠦᠨ ᠨᠢ ᠪᠡᠶ᠎ᠡ ᠶᠢᠨ ᠡᠷᠬᠡ ᠴᠢᠯᠥᠭᠡ ᠶᠢ ᠬᠢᠵᠠᠭᠠᠷᠯᠠᠬᠤ ᠵᠠᠰᠠᠭ ᠵᠠᠬᠢᠷᠭᠠᠨ ᠤ ᠰᠢᠳᠬᠡᠯ ᠤᠨ | ᠲᠣᠭᠲᠠᠭᠠᠯ ᠢ ᠬᠦᠯᠢᠶᠡᠬᠦ ᠤᠢᠭᠡᠢ᠂ ᠵᠠᠰᠠᠭ ᠵᠠᠬᠢᠷᠭᠠᠨ ᠢᠶᠠᠷ ᠲᠡᠬᠢᠠ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ | ᠵᠠᠬᠢᠷᠭᠠᠨ ᠤ ᠵᠠᠷᠭᠤ ᠬᠢᠬᠦ ᠳᠤ ᠬᠦᠷᠪᠡᠯ᠂ ᠲᠣᠭᠲᠠᠭᠠᠯ ᠭᠠᠷᠭᠠᠭᠰᠠᠨ ᠪᠠᠶᠢᠭᠤᠯᠭ᠎ᠠ ᠳᠤ ᠲᠦᠷ ᠬᠤᠶᠢᠰᠢᠯᠠᠭᠤᠯᠤᠨ | ᠭᠦᠢᠴᠡᠳᠬᠡᠭᠦᠯᠬᠦ ᠪᠠᠷ ᠭᠤᠶᠤᠴᠢᠯᠠᠵᠤ ᠪᠣᠯᠤᠨ᠎ᠠ᠃ ᠬᠠᠤᠯᠢ ᠴᠠᠭᠠᠵᠠ ᠳᠤ ᠲᠣᠭᠲᠠᠭᠠᠭᠰᠠᠨ ᠪᠠᠶᠢᠳᠠᠯ ᠲᠠᠢ ᠨᠡᠶᠢᠴᠡᠵᠦ | ᠪᠠᠶᠢᠪᠠᠯ᠂ ᠭᠦᠢᠴᠡᠳᠬᠡᠬᠦ ᠶᠢ ᠲᠦᠷ ᠬᠤᠶᠢᠰᠢᠯᠠᠭᠤᠯᠬᠤ ᠬᠡᠷᠡᠭᠲᠡᠶ᠃ | | ᠲᠤᠬᠠᠶ ᠶᠢᠨ ᠬᠥᠮᠦᠨ ᠨᠢ ᠵᠠᠰᠠᠭ ᠵᠠᠬᠢᠷᠭᠠᠨ ᠢᠶᠠᠷ ᠲᠡᠬᠢᠠ ᠵᠥᠪᠯᠡᠭᠦᠯᠬᠦ ᠪᠠᠷ ᠭᠤᠶᠤᠴᠢᠯᠠᠭᠰᠠᠨ ᠪᠤᠶᠤ ᠵᠠᠰᠠᠭ | ᠵᠠᠬᠢᠷᠭᠠᠨ ᠤ ᠵᠠᠷᠭᠤ ᠬᠢᠭᠰᠡᠨ ᠪᠠᠶᠢᠪᠠᠯ᠂ ᠨᠡᠮᠡᠵᠦ ᠰᠢᠳᠬᠡᠬᠦ ᠵᠣᠭᠤᠰ ᠤᠨ ᠲᠤᠭ᠎ᠠ ᠶᠢ ᠵᠠᠰᠠᠭ ᠵᠠᠬᠢᠷᠭᠠᠨ ᠢᠶᠠᠷ ᠲᠡᠬᠢᠠ | ᠵᠥᠪᠯᠡᠬᠦ ᠪᠤᠶᠤ ᠵᠠᠰᠠᠭ ᠵᠠᠬᠢᠷᠭᠠᠨ ᠤ ᠵᠠᠷᠭᠤ ᠶᠢᠨ ᠬᠤᠭᠤᠴᠠᠭᠠᠨ ᠳᠤ ᠪᠤᠳᠦᠬᠤ ᠤᠢᠭᠡᠢ᠃ | | ᠲᠠᠯᠠᠨ ᠳᠥᠷᠪᠡᠳᠦᠭᠡᠷ ᠵᠦᠢᠯ ᠬᠠᠤᠯᠢ ᠶᠣᠰᠣᠭᠠᠷ ᠤᠰᠠᠳᠬᠠᠬᠤ ᠶᠣᠰᠣᠲᠠᠶ ᠡᠳ᠋ ᠪᠣᠳᠠᠰ ᠠᠴᠠ | ᠭᠠᠳᠠᠨ᠎ᠠ᠂ ᠬᠠᠤᠯᠢ ᠶᠣᠰᠣᠭᠠᠷ ᠬᠤᠷᠢᠶᠠᠵᠤ ᠠᠪᠤᠭᠰᠠᠨ ᠬᠠᠤᠯᠢ ᠪᠤᠰᠤ ᠡᠳ᠋ ᠪᠣᠳᠠᠰ ᠢ ᠡᠷᠬᠡᠪᠰᠢ ᠤᠯᠤᠰ ᠤᠨ | ᠲᠣᠭᠲᠠᠭᠠᠯ ᠶᠣᠰᠣᠭᠠᠷ ᠢᠯᠡ ᠪᠠᠷ ᠦᠨ᠎ᠡ ᠬᠠᠶᠠᠵᠤ ᠬᠤᠳᠠᠯᠳᠤᠬᠤ ᠪᠤᠶᠤ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠶ᠃ | | ᠵᠣᠭᠤᠰ ᠢᠶᠠᠷ ᠲᠣᠷᠭᠠᠭᠰᠠᠨ᠂ ᠬᠤᠷᠢᠶᠠᠨ ᠠᠪᠤᠭᠰᠠᠨ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ | ᠪᠤᠶᠤ ᠬᠠᠤᠯᠢ ᠪᠤᠰᠤ ᠡᠳ᠋ ᠪᠣᠳᠠᠰ ᠢ ᠬᠤᠷᠢᠶᠠᠨ ᠠᠪᠴᠤ ᠦᠨ᠎ᠡ ᠬᠠᠶᠠᠵᠤ ᠬᠤᠳᠠᠯᠳᠤᠭᠰᠠᠨ ᠵᠣᠭᠤᠰ ᠢ ᠡᠷᠬᠡᠪᠰᠢ | ᠪᠥᠬᠦᠳᠡ ᠶᠢ ᠤᠯᠤᠰ ᠤᠨ ᠰᠠᠩ ᠳᠤ ᠲᠤᠰᠢᠶᠠᠬᠤ ᠬᠡᠷᠡᠭᠲᠡᠶ᠂ ᠶᠠᠮᠠᠷᠪᠠ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ | ᠬᠤᠪᠢ ᠬᠥᠮᠦᠨ ᠶᠠᠮᠠᠷᠪᠠ ᠬᠡᠯᠪᠡᠷᠢ ᠪᠠᠷ ᠦᠯᠡᠳᠡᠭᠡᠨ ᠠᠪᠬᠤ᠂ ᠳᠣᠲᠣᠷ᠎ᠠ ᠵᠠᠭᠤᠷ᠎ᠠ ᠪᠠᠨ ᠬᠤᠪᠢᠶᠠᠯᠴᠠᠬᠤ ᠪᠤᠶᠤ | ᠬᠡᠯᠪᠡᠷᠢ ᠶᠢ ᠨᠢ ᠥᠭᠡᠷᠡᠲᠦᠭᠦᠯᠦᠨ ᠳᠣᠲᠣᠷ᠎ᠠ ᠵᠠᠭᠤᠷ᠎ᠠ ᠪᠠᠨ ᠬᠤᠪᠢᠶᠠᠯᠴᠠᠵᠤ ᠪᠣᠯᠬᠤ ᠦᠭᠡᠢ᠃ | | ᠵᠣᠭᠤᠰ ᠢᠶᠠᠷ ᠲᠣᠷᠭᠠᠬᠤ᠂ ᠬᠤᠷᠢᠶᠠᠨ ᠠᠪᠬᠤ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠪᠤᠶᠤ | ᠬᠠᠤᠯᠢ ᠪᠤᠰᠤ ᠡᠳ᠋ ᠪᠣᠳᠠᠰ ᠢ ᠬᠤᠷᠢᠶᠠᠨ ᠠᠪᠴᠤ ᠦᠨ᠎ᠡ ᠬᠠᠶᠠᠵᠤ ᠬᠤᠳᠠᠯᠳᠤᠬᠤ ᠵᠣᠭᠤᠰ ᠢ ᠵᠠᠰᠠᠭ ᠵᠠᠬᠢᠷᠭᠠᠨ ᠤ | ᠰᠢᠳᠬᠡᠯ ᠥᠭᠬᠦ ᠲᠣᠭᠲᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠲᠡᠭᠦᠨ ᠤ ᠠᠵᠢᠯᠳᠠᠨ ᠢ ᠬᠢᠨᠠᠨ | ᠰᠢᠯᠭᠠᠬᠤ᠂ ᠰᠢᠯᠭᠠᠨ ᠦᠨᠡᠯᠡᠬᠦ ᠲᠠᠢ ᠰᠢᠭᠤᠳ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠤᠯᠪᠣᠭᠳᠠᠭᠤᠯᠵᠤ ᠪᠣᠯᠬᠤ | ᠦᠭᠡᠢ᠃ ᠬᠠᠤᠯᠢ ᠶᠣᠰᠣᠭᠠᠷ ᠪᠤᠴᠠᠭᠠᠵᠤ ᠥᠭᠬᠦ᠂ ᠪᠤᠴᠠᠭᠠᠵᠤ ᠲᠦᠯᠦᠬᠦ ᠶᠣᠰᠣᠲᠠᠶ ᠶᠢ ᠭᠠᠷᠭᠠᠪᠠᠯ᠂ ᠡᠳ᠋ ᠤᠨ | ᠵᠠᠰᠠᠭ ᠤᠨ ᠰᠠᠯᠠᠭ᠎ᠠ ᠮᠥᠴᠢᠷ ᠶᠠᠮᠠᠷᠪᠠ ᠬᠡᠯᠪᠡᠷᠢ ᠪᠠᠷ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠭᠠᠷᠭᠠᠭᠰᠠᠨ | ᠵᠠᠰᠠᠭ ᠵᠠᠬᠢᠷᠭᠠᠨ ᠤ ᠪᠠᠶᠢᠭᠤᠯᠭ᠎ᠠ ᠳᠤ ᠲᠣᠷᠭᠠᠭᠤᠯᠢ ᠶᠢᠨ ᠵᠣᠭᠤᠰ᠂ ᠬᠤᠷᠢᠶᠡᠠ ᠠᠪᠤᠭᠰᠠᠨ ᠬᠠᠤᠯᠢ ᠶᠢ ᠵᠥᠷᠢᠴᠡᠵᠦ | ᠣᠯᠤᠭᠰᠠᠨ ᠣᠯᠵᠠ ᠠᠰᠢᠭ ᠪᠤᠶᠤ ᠬᠠᠤᠯᠢ ᠪᠤᠰᠤ ᠵᠣᠭᠤᠰ ᠮᠥᠩᠭᠦ ᠡᠳ᠋ ᠪᠣᠳᠠᠰ ᠢ ᠬᠤᠷᠢᠶᠡᠠ ᠠᠪᠴᠤ ᠦᠨ᠎ᠡ | ᠬᠠᠶᠠᠨ ᠬᠤᠳᠠᠯᠳᠤᠭᠰᠠᠨ ᠵᠣᠭᠤᠰ ᠢ ᠪᠤᠴᠠᠭᠠᠨ ᠥᠭᠴᠦ ᠪᠣᠯᠬᠤ ᠤᠢᠭᠡᠢ᠃ | | ᠲᠡᠯᠡᠠ ᠲᠠᠪᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠰᠢᠳᠬᠡᠯ ᠳᠤ | ᠬᠢᠨᠠᠯᠲᠠ ᠲᠠᠯᠪᠢᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠨᠤᠭᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠤᠬᠠᠶ ᠦᠨᠡᠯᠡᠨ | ᠶᠠᠷᠢᠯᠴᠠᠬᠤ᠂ ᠬᠢᠨᠠᠨ ᠰᠢᠯᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ | ᠵᠠᠰᠠᠭ ᠵᠠᠬᠢᠷᠭᠠᠨ ᠤ ᠰᠢᠳᠬᠡᠯ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠰᠢᠳᠬᠡᠯ ᠤᠨ | ᠬᠡᠷᠡᠭᠵᠢᠭᠦᠯᠦᠭᠳᠡᠬᠦ ᠶᠢ ᠵᠢᠷᠤᠮᠵᠢᠭᠤᠯᠤᠨ ᠪᠠᠲᠤᠯᠠᠬᠤ ᠬᠡᠷᠡᠭᠲᠡᠶ᠃ | | ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠰᠢᠳᠬᠡᠯ ᠥᠭᠬᠦ ᠳᠡᠭᠡᠨ ᠨᠡᠶᠢᠭᠡᠮ ᠤᠨ ᠬᠢᠨᠠᠯᠲᠠ ᠶᠢ | ᠬᠦᠯᠢᠶᠡᠬᠦ ᠬᠡᠷᠡᠭᠲᠡᠶ᠃ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠰᠢᠳᠬᠡᠯ ᠥᠭᠭᠦᠭᠰᠡᠨ ᠠᠵᠢᠯᠯᠠᠭ᠎ᠠ ᠳᠤ ᠭᠤᠮᠣᠳᠠᠯ ᠲᠣᠭᠠᠴᠢᠬᠤ | ᠪᠤᠶᠤ ᠢᠯᠡᠴᠢᠯᠡᠬᠦ ᠡᠷᠬᠡ ᠲᠠᠢ︔ ᠵᠠᠰᠠᠭ ᠵᠠᠬᠢᠷᠭᠠᠨ ᠤ ᠪᠠᠶᠢᠭᠤᠯᠭ᠎ᠠ ᠨᠠᠷᠢᠨ ᠬᠢᠨᠠᠮᠠᠭᠠᠶ ᠬᠢᠨᠠᠨ ᠪᠠᠶᠢᠴᠠᠭᠠᠵᠤ᠂ | ᠠᠯᠳᠠᠭ᠎ᠠ ᠲᠠᠢ ᠪᠠᠶᠢᠬᠤ ᠶᠢ ᠣᠯᠵᠤ ᠮᠡᠳᠡᠪᠡᠯ ᠰᠠᠨᠠᠭᠠᠴᠢᠯᠠᠭ᠎ᠠ ᠠᠴᠠ ᠪᠠᠨ ᠵᠠᠯᠠᠷᠠᠭᠤᠯᠬᠤ ᠬᠡᠷᠡᠭᠲᠡᠶ᠃ | | | | ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | | ᠲᠠᠯᠠᠨ ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠰᠢᠳᠬᠡᠯ ᠢ | ᠬᠡᠷᠡᠭᠵᠢᠭᠦᠯᠬᠦ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠳᠡᠭᠡᠳᠦ ᠱᠠᠲᠤᠨ ᠤ ᠵᠠᠰᠠᠭ | ᠵᠠᠬᠢᠷᠭᠠᠨ ᠤ ᠪᠠᠶᠢᠭᠤᠯᠭ᠎ᠠ ᠪᠤᠶᠤ ᠬᠤᠯᠪᠣᠭᠳᠠᠯ ᠪᠦᠬᠦᠢ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠵᠤ᠂ | ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ | ᠬᠥᠮᠦᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ᠄ | | ︵ᠨᠢᠭᠡ︶ ᠬᠠᠤᠯᠢ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠳᠬᠡᠯ ᠤᠨ ᠦᠨᠳᠦᠰᠦ ᠪᠠᠷᠢᠮᠲᠠ ᠦᠭᠡᠢ︔ | | | ︵ᠬᠤᠶᠠᠷ︶ ᠵᠠᠰᠠᠭ ᠵᠠᠬᠢᠷᠭᠠᠨ ᠤ ᠰᠢᠳᠬᠡᠯ ᠤᠨ ᠲᠦᠷᠦᠯ ᠵᠦᠢᠯ᠂ ᠬᠡᠮᠵᠢᠶ᠎ᠡ ᠶᠢ ᠳᠤᠷ᠎ᠠ ᠪᠠᠷ ᠢᠶᠠᠨ | ᠬᠤᠪᠢᠷᠠᠭᠤᠯᠤᠭᠰᠠᠨ︔ | | ︵ᠭᠤᠷᠪᠠ︶ ᠬᠠᠤᠯᠢ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠳᠬᠡᠯ ᠤᠨ ᠵᠢᠷᠤᠮ ᠢ ᠵᠥᠷᠢᠴᠡᠭᠰᠡᠨ︔ | | ︵ᠲᠦᠷᠪᠡ︶ ᠲᠤᠰ ᠬᠠᠤᠯᠢ ᠶᠢᠨ ᠬᠤᠷᠢᠳᠤᠭᠠᠷ ᠵᠦᠢᠯ ᠳᠠᠬᠢ ᠨᠠᠶᠢᠳᠠᠵᠤ ᠰᠢᠳᠬᠡᠭᠦᠯᠬᠦ ᠲᠤᠬᠠᠶ | ᠲᠣᠭᠲᠠᠭᠠᠯ ᠢ ᠵᠥᠷᠢᠴᠡᠭᠰᠡᠨ︔ | | ︵ᠲᠠᠪᠤ︶ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠬᠡᠷᠡᠭᠵᠢᠭᠦᠯᠬᠦ ᠦᠨᠡᠮᠯᠡᠯ ᠣᠯᠤᠭᠰᠠᠨ ᠥᠬᠡᠶ᠃ | | ᠵᠠᠰᠠᠭ ᠵᠠᠬᠢᠷᠭᠠᠨ ᠤ ᠪᠠᠶᠢᠭᠤᠯᠭ᠎ᠠ ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ ᠳᠤ ᠨᠡᠶᠢᠴᠡᠭᠰᠡᠨ ᠬᠡᠷᠡᠭ ᠢ ᠴᠠᠭ | ᠲᠤᠬᠠᠶ ᠳᠤᠨᠢ ᠬᠡᠷᠡᠭ ᠪᠣᠯᠭᠠᠨ ᠳᠠᠩᠰᠠᠯᠠᠭᠰᠠᠨ ᠦᠭᠡᠢ ᠪᠠᠶᠢᠪᠠᠯ᠂ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ | ᠰᠢᠢᠳᠪᠦᠷᠢᠯᠡᠨ᠎ᠡ᠃ | | ᠳᠠᠯᠠᠨ ᠳᠣᠯᠣᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠲᠤᠬᠠᠶ ᠶᠢᠨ ᠬᠥᠮᠦᠨ ᠢ | ᠰᠢᠢᠳᠬᠡᠬᠦ ᠳᠡᠭᠡᠨ ᠵᠣᠭᠤᠰ ᠢᠶᠠᠷ ᠲᠣᠷᠭᠠᠭᠰᠠᠨ᠂ ᠵᠣᠭᠤᠰ ᠮᠥᠩᠭᠦ ᠡᠳ᠋ ᠪᠣᠳᠠᠰ ᠢ ᠬᠤᠷᠢᠶᠠᠨ ᠠᠪᠤᠭᠰᠠᠨ ᠪᠠᠷᠢᠮᠲᠠ ᠶᠢ | ᠬᠡᠷᠡᠭᠯᠡᠭᠰᠡᠨ ᠦᠭᠡᠢ ᠪᠤᠶᠤ ᠬᠠᠤᠯᠢ ᠪᠠᠷ ᠲᠣᠭᠲᠠᠭᠠᠭᠰᠠᠨ ᠪᠤᠰᠤ ᠰᠠᠯᠠᠭ᠎ᠠ ᠮᠥᠴᠢᠷ ᠤᠨ ᠦᠢᠯᠡᠳᠴᠦ ᠲᠠᠷᠬᠠᠭᠠᠭᠰᠠᠨ | ᠵᠣᠭᠤᠰ ᠢᠶᠠᠷ ᠲᠣᠷᠭᠠᠭᠰᠠᠨ᠂ ᠵᠣᠭᠤᠰ ᠮᠥᠩᠭᠦ ᠡᠳ᠋ ᠪᠣᠳᠠᠰ ᠢ ᠬᠤᠷᠢᠶᠠᠨ ᠠᠪᠤᠭᠰᠠᠨ ᠪᠠᠷᠢᠮᠲᠠ ᠶᠢ ᠬᠡᠷᠡᠭᠯᠡᠭᠰᠡᠨ | ᠦᠭᠡᠢ ᠪᠠᠶᠢᠪᠠᠯ᠂ ᠲᠤᠬᠠᠶ ᠶᠢᠨ ᠬᠥᠮᠦᠨ ᠲᠡᠪᠴᠢᠬᠦ ᠡᠷᠬᠡ ᠲᠠᠢ ᠪᠥᠭᠡᠳ ᠢᠯᠡᠴᠢᠯᠡᠬᠦ ᠡᠷᠬᠡ ᠲᠠᠢ᠂ ᠳᠡᠭᠡᠳᠦ | ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠤᠯᠪᠣᠭᠳᠠᠯ ᠪᠦᠬᠦᠢ ᠪᠠᠶᠢᠭᠤᠯᠭ᠎ᠠ ᠠᠴᠠ ᠬᠡᠷᠡᠭᠯᠡᠭᠰᠡᠨ ᠬᠠᠤᠯᠢ | ᠪᠤᠰᠤ ᠪᠠᠷᠢᠮᠲᠠ ᠶᠢ ᠨᠢ ᠬᠤᠷᠢᠶᠠᠨ ᠠᠪᠴᠤ ᠤᠰᠠᠳᠬᠠᠨ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ | ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ᠃ | | ᠳᠠᠯᠠᠨ ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠲᠤᠰ ᠬᠠᠤᠯᠢ ᠶᠢᠨ ᠵᠢᠷᠠᠨ | ᠳᠣᠯᠣᠳᠤᠭᠠᠷ ᠵᠦᠢᠯ ᠤᠨ ᠲᠣᠭᠲᠠᠭᠠᠯ ᠢ ᠵᠥᠷᠢᠴᠡᠵᠦ ᠥᠪᠡᠷ ᠢᠶᠠᠨ ᠲᠣᠷᠭᠠᠭᠤᠯᠢ ᠶᠢᠨ ᠵᠣᠭᠤᠰ ᠢ ᠬᠤᠷᠢᠶᠠᠨ | ᠠᠪᠤᠭᠰᠠᠨ ᠪᠠᠶᠢᠪᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠤᠰ ᠬᠠᠤᠯᠢ ᠶᠢᠨ ᠲᠠᠯᠠᠨ ᠳᠥᠷᠪᠡᠳᠦᠭᠡᠷ ᠵᠦᠢᠯ ᠤᠨ | ᠲᠣᠭᠲᠠᠭᠠᠯ ᠢ ᠵᠥᠷᠢᠴᠡᠵᠦ᠂ ᠲᠣᠷᠭᠠᠭᠤᠯᠢ ᠶᠢᠨ ᠵᠣᠭᠤᠰ᠂ ᠬᠤᠷᠢᠶᠠᠨ ᠠᠪᠤᠭᠰᠠᠨ ᠬᠠᠤᠯᠢ ᠶᠢ ᠵᠥᠷᠢᠴᠡᠵᠦ | ᠣᠯᠤᠭᠰᠠᠨ ᠣᠯᠵᠠ ᠠᠰᠢᠭ ᠪᠤᠶᠤ ᠦᠨ᠎ᠡ ᠬᠠᠶᠠᠵᠤ ᠬᠤᠳᠠᠯᠳᠤᠭᠰᠠᠨ ᠵᠣᠭᠤᠰ ᠢ ᠵᠠᠰᠠᠭ ᠵᠠᠬᠢᠷᠭᠠᠨ ᠤ | ᠪᠠᠶᠢᠭᠤᠯᠭ᠎ᠠ ᠳᠤ ᠪᠤᠴᠠᠭᠠᠨ ᠥᠭᠭᠦᠭᠰᠡᠨ ᠪᠠᠶᠢᠪᠠᠯ᠂ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ | ᠬᠤᠯᠪᠣᠭᠳᠠᠯ ᠪᠦᠬᠦᠢ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠵᠤ᠂ ᠰᠢᠭᠤᠳ ᠬᠠᠷᠢᠭᠤᠴᠠᠵᠤ ᠪᠠᠶᠢᠭ᠎ᠠ | ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ | ᠰᠢᠳᠬᠡᠯ ᠥᠭᠭᠦᠨ᠎ᠡ᠃ | | ᠳᠠᠯ᠎ᠠ ᠶᠢᠰᠦᠳᠦᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠲᠣᠷᠭᠠᠭᠤᠯᠢ ᠶᠢᠨ ᠵᠣᠭᠤᠰ᠂ | ᠬᠤᠷᠢᠶᠠᠨ ᠠᠪᠤᠭᠰᠠᠨ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠪᠤᠶᠤ ᠵᠣᠭᠤᠰ ᠮᠥᠩᠭᠦ ᠡᠳ᠋ ᠪᠣᠳᠠᠰ ᠢ | ᠦᠯᠡᠳᠡᠭᠡᠨ ᠠᠪᠤᠭᠰᠠᠨ᠂ ᠳᠣᠲᠣᠷ᠎ᠠ ᠵᠠᠭᠤᠷ᠎ᠠ ᠪᠠᠨ ᠬᠤᠪᠢᠶᠠᠯᠴᠠᠭᠰᠠᠨ ᠪᠤᠶᠤ ᠬᠡᠯᠪᠡᠷᠢ ᠶᠢ ᠨᠢ ᠥᠭᠡᠷᠡᠲᠦᠭᠦᠯᠦᠨ | ᠳᠣᠲᠣᠷ᠎ᠠ ᠵᠠᠭᠤᠷ᠎ᠠ ᠪᠠᠨ ᠬᠤᠪᠢᠶᠠᠯᠴᠠᠭᠰᠠᠨ ᠪᠠᠶᠢᠪᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠤᠶᠤ ᠬᠤᠯᠪᠣᠭᠳᠠᠯ | ᠪᠦᠬᠦᠢ ᠪᠠᠶᠢᠭᠤᠯᠭ᠎ᠠ ᠠᠴᠠ ᠨᠡᠬᠡᠮᠵᠢᠯᠡᠨ ᠲᠤᠰᠢᠶᠠᠯᠭᠠᠵᠤ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ | ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ︔ | ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠵᠤ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ᠃ | | ᠬᠠᠤᠯᠢ ᠬᠡᠷᠡᠭᠵᠢᠭᠦᠯᠬᠦ ᠠᠵᠢᠯᠲᠠᠨ ᠡᠭᠦᠷᠭᠡ ᠲᠤᠰᠢᠶᠠᠯ ᠤᠨ ᠢᠶᠠᠨ ᠳᠥᠭᠦᠮ ᠢ ᠠᠰᠢᠭᠯᠠᠨ ᠪᠤᠰᠤᠳ ᠤᠨ | ᠵᠣᠭᠤᠰ ᠮᠥᠩᠭᠦ ᠡᠳ᠋ ᠪᠣᠳᠠᠰ ᠢ ᠨᠡᠬᠡᠵᠦ ᠠᠪᠤᠭᠰᠠᠨ ᠪᠤᠶᠤ ᠬᠦᠯᠢᠶᠡᠨ ᠠᠪᠴᠤ᠂ ᠬᠤᠷᠢᠶᠠᠵᠤ ᠠᠪᠤᠭᠰᠠᠨ | ᠲᠣᠷᠭᠠᠭᠤᠯᠢ ᠶᠢᠨ ᠵᠣᠭᠤᠰ ᠢ ᠥᠪᠡᠷ ᠤᠨ ᠬᠢ ᠪᠠᠨ ᠪᠣᠯᠭᠠᠭᠠᠳ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ | ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ︔ ᠦᠢᠯᠡ ᠪᠠᠶᠢᠳᠠᠯ ᠨᠢ ᠬᠥᠩᠭᠡᠪᠲᠦᠷ᠂ ᠶᠠᠯ᠎ᠠ ᠪᠤᠯᠵᠤ | ᠪᠦᠷᠢᠯᠳᠦᠭᠰᠡᠨ ᠦᠭᠡᠢ ᠪᠠᠶᠢᠪᠠᠯ᠂ ᠬᠠᠤᠯᠢ ᠶᠣᠰᠣᠭᠠᠷ ᠰᠢᠳᠬᠡᠯ ᠥᠭᠭᠦᠨ᠎ᠡ᠃ | | ᠨᠠᠶᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠪᠠᠶᠢᠴᠠᠭᠠᠨ ᠪᠢᠲᠡᠭᠦᠮᠵᠢᠯᠡᠭᠰᠡᠨ᠂ ᠳᠠᠷᠤᠵᠤ | ᠠᠪᠤᠭᠰᠠᠨ ᠵᠣᠭᠤᠰ ᠮᠥᠩᠭᠦ ᠡᠳ᠋ ᠪᠣᠳᠠᠰ ᠢ ᠬᠡᠷᠡᠭᠯᠡᠭᠰᠡᠨ ᠪᠤᠶᠤ ᠡᠪᠳᠡᠨ ᠰᠦᠢᠳᠬᠡᠭᠡᠳ ᠲᠤᠬᠠᠶ ᠶᠢᠨ ᠬᠥᠮᠦᠨ ᠳᠤ | ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠥᠭᠬᠦ ᠬᠡᠷᠡᠭᠲᠡᠶ᠂ ᠰᠢᠭᠤᠳ ᠬᠠᠷᠢᠭᠤᠴᠠᠵᠤ | ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ | ᠶᠣᠰᠣᠭᠠᠷ ᠰᠢᠳᠬᠡᠯ ᠥᠭᠬᠦ ᠬᠡᠷᠡᠭᠲᠡᠶ᠃ | | ᠨᠠᠶᠠᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠢ ᠵᠥᠷᠢᠴᠡᠨ ᠪᠠᠶᠢᠴᠠᠭᠠᠬᠤ | ᠠᠷᠭ᠎ᠠ ᠬᠡᠮᠵᠢᠶ᠎ᠡ ᠪᠤᠶᠤ ᠭᠦᠢᠴᠡᠳᠬᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠡᠳ ᠠᠷᠠᠳ ᠢᠷᠭᠡᠨ ᠤ ᠪᠡᠶ᠎ᠡ ᠮᠠᠬᠠᠪᠣᠳ | ᠪᠤᠶᠤ ᠡᠳ᠋ ᠬᠦᠷᠦᠩᠭᠡ ᠳᠤ ᠬᠤᠬᠢᠷᠠᠯ ᠤᠴᠠᠷᠠᠭᠤᠯᠵᠤ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠥᠭᠬᠦ ᠬᠡᠷᠡᠭᠲᠡᠶ᠂ | ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ | ᠬᠥᠮᠦᠨ ᠳᠤ ᠬᠠᠤᠯᠢ ᠶᠣᠰᠣᠭᠠᠷ ᠰᠢᠳᠬᠡᠯ ᠥᠭᠬᠦ ᠬᠡᠷᠡᠭᠲᠡᠶ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠵᠤ | ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ᠃ | | ᠨᠠᠶᠠᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠣᠰᠣᠭᠠᠷ ᠬᠠᠤᠯᠢ | ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠭᠦᠯᠬᠦ ᠶᠣᠰᠣᠲᠠᠶ | ᠬᠡᠷᠡᠭ ᠢ ᠰᠢᠯᠵᠢᠭᠦᠯᠦᠨ ᠲᠤᠰᠢᠶᠠᠭᠰᠠᠨ ᠦᠭᠡᠢ᠂ ᠵᠠᠰᠠᠭ ᠵᠠᠬᠢᠷᠭᠠᠨ ᠤ ᠰᠢᠳᠬᠡᠯ ᠢᠶᠠᠷ ᠡᠷᠡᠭᠦᠦ ᠶᠢᠨ ᠰᠢᠳᠬᠡᠯ ᠢ | ᠣᠷᠣᠯᠠᠭᠤᠯᠪᠠᠯ᠂ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠤᠯᠪᠣᠭᠳᠠᠯ ᠪᠦᠬᠦᠢ | ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠵᠤ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ | ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ︔ | ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠵᠤ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ᠃ | | ᠨᠠᠶᠠᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠬᠤᠷᠢᠭᠯᠠᠨ ᠵᠣᠭᠰᠣᠭᠠᠬᠤ ᠪᠠ | ᠰᠢᠳᠬᠡᠬᠦ ᠶᠣᠰᠣᠲᠠᠶ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠬᠤᠷᠢᠭᠯᠠᠨ ᠵᠣᠭᠰᠣᠭᠠᠵᠤ ᠰᠢᠳᠬᠡᠭᠰᠡᠨ ᠤᠢᠭᠡᠢ ᠠᠴᠠ | ᠪᠤᠯᠵᠦ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ | ᠡᠷᠬᠡ ᠠᠰᠢᠭ᠂ ᠤᠯᠡᠠ ᠨᠡᠶᠢᠲᠡ ᠶᠢᠨ ᠠᠰᠢᠭ ᠲᠤᠰᠠ ᠪᠠ ᠨᠡᠶᠢᠭᠡᠮ ᠤᠨ ᠡᠮᠬᠢ ᠵᠢᠷᠤᠮ ᠳᠤ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠦᠨ ᠪᠠ ᠰᠢᠭᠤᠳ | ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ︔ ᠤᠢᠢᠯᠠ ᠪᠠᠶᠢᠳᠠᠯ ᠨᠢ | ᠬᠦᠨᠳᠦ ᠨᠣᠴᠢᠲᠠᠶ ᠪᠠᠶᠢᠵᠤ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠬᠦᠯᠢᠶᠡᠯᠭᠡᠨ᠎ᠡ᠃ | | | | ᠨᠠᠢᠮᠠᠳᠤᠭᠠᠷ ᠪᠦᠯᠦᠭ ᠬᠠᠪᠰᠤᠷᠤᠯᠲᠠ ᠲᠦᠷᠢᠮ | | ᠨᠠᠶᠠᠨ ᠳᠥᠷᠪᠡᠳᠦᠭᠡᠷ ᠵᠦᠢᠯ ᠭᠠᠳᠠᠭᠠᠳᠤ ᠶᠢᠨ ᠬᠥᠮᠦᠨ᠂ ᠤᠯᠤᠰ ᠤᠨ ᠬᠠᠷᠢᠶ᠎ᠠ ᠦᠭᠡᠢ ᠬᠥᠮᠦᠨ᠂ | ᠭᠠᠳᠠᠭᠠᠳᠤ ᠶᠢᠨ ᠵᠣᠬᠢᠶᠠᠨ ᠪᠠᠶᠢᠭᠤᠯᠤᠯᠲᠠ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ | ᠳᠡᠪᠢᠰᠬᠡᠷ ᠤᠨ ᠳᠣᠲᠣᠷ᠎ᠠ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠵᠤ᠂ ᠵᠠᠰᠠᠭ ᠵᠠᠬᠢᠷᠭᠠᠨ ᠤ | ᠰᠢᠳᠬᠡᠯ ᠥᠭᠬᠦ ᠬᠡᠷᠡᠭᠲᠡᠶ ᠪᠠᠶᠢᠪᠠᠯ᠂ ᠲᠤᠰ ᠬᠠᠤᠯᠢ ᠶᠢ ᠬᠡᠷᠡᠭᠯᠡᠨ᠎ᠡ᠂ ᠬᠠᠤᠯᠢ ᠴᠠᠭᠠᠵᠠ ᠳᠤ ᠠᠰᠲᠠᠭᠠᠨ | ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃ | | ᠨᠠᠶᠠᠨ ᠲᠠᠪᠤᠳᠤᠭᠠᠷ ᠵᠦᠢᠯ ᠲᠤᠰ ᠬᠠᠤᠯᠢ ᠳᠠᠬᠢ ︽ᠬᠤᠶᠠᠷ ᠡᠳᠦᠷ︾᠂ ︽ᠭᠤᠷᠪᠠᠨ ᠡᠳᠦᠷ︾᠂ | ︽ᠲᠠᠪᠤᠨ ᠡᠳᠦᠷ︾᠂ ︽ᠲᠤᠯᠤᠭᠠᠨ ᠡᠳᠦᠷ︾ ᠤᠨ ᠲᠣᠭᠲᠠᠭᠠᠯ ᠭᠡᠳᠡᠭ ᠨᠢ ᠠᠵᠢᠯ ᠤᠨ ᠡᠳᠦᠷ ᠢ ᠬᠡᠯᠡᠨ᠎ᠡ᠂ | ᠡᠭᠦᠨ ᠳᠤ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠪᠠᠭᠲᠠᠬᠤ ᠦᠭᠡᠢ | ᠃ | | ᠨᠠᠶᠠᠨ ᠵᠢᠷᠭᠤᠳᠤᠭᠠᠷ ᠵᠦᠢᠯ ᠲᠤᠰ ᠬᠠᠤᠯᠢ ᠶᠢ 2021 ᠣᠨ ᠤ 7 ᠰᠠᠷ᠎ᠠ ᠶᠢᠨ 15 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ | ᠠᠯᠠᠱᠠ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶᠠᠨ ᠤ ᠳᠠᠮᠵᠢᠭᠤᠯᠤᠨ ᠨᠡᠶᠢᠲᠡᠯᠡᠬᠦ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ᠳᠤ ᠨᠡᠮᠡᠯᠲᠡ | ᠂ ᠥᠭᠡᠷᠡᠴᠢᠯᠡᠯᠲᠡ ᠣᠷᠣᠭᠤᠯᠤᠭᠰᠠᠨ ᠭᠤᠤᠯ ᠠᠭᠤᠯᠭ᠎ᠠ ᠶᠢᠨ ᠲᠠᠶᠢᠯᠤᠮᠵᠢ | | | | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | | |