ᠠᠯᠠᠱᠠ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶᠠᠨ ᠤ ᠳᠠᠮᠵᠢᠭᠤᠯᠤᠨ ᠨᠡᠶᠢᠲᠡᠯᠡᠬᠦ ︽ᠨᠠᠮ ᠵᠠᠰᠠᠭ ᠤᠨ ᠭᠤᠤᠯ ᠤᠳᠤᠷᠢᠳᠬᠤ ᠺᠠᠳ᠋ᠷ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠤᠯ ᠤᠳᠤᠷᠢᠳᠬᠤ ᠬᠥᠮᠦᠰ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠲᠣᠭᠲᠠᠭᠠᠯ︾
ᠨᠡᠶᠢᠲᠡᠯᠡᠭᠰᠡᠨ ᠴᠠᠭ᠄
2021/12/19
       ᠲᠥᠪ ᠠᠯᠪᠠᠨ ᠲᠠᠷᠬᠠᠭᠠᠭᠰᠠᠨ ︹ 2019 ︺ 45 ᠳ᠋ᠤᠭᠠᠷ ᠲᠣᠭᠠᠲᠤ      ᠨᠢᠭᠡᠳᠦᠭᠡᠷ ᠪᠦᠯᠦᠭ ᠵᠡᠷᠦᠩᠬᠡᠶ ᠲᠦᠷᠢᠮ      ᠨᠢᠭᠡᠳᠦᠭᠡᠷ ᠵᠦᠢᠯ ᠬᠢᠨᠠᠨ ᠪᠣᠳᠣᠬᠤ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢᠨ ᠲᠥᠯᠥᠭᠡ᠂ ᠨᠠᠮ ᠵᠠᠰᠠᠭ ᠤᠨ ᠭᠤᠣᠯ ᠤᠳᠤᠷᠢᠳᠬᠤ ᠺᠠᠳ᠋ᠷ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠣᠯ ᠤᠳᠤᠷᠢᠳᠬᠤ ᠬᠥᠮᠦᠰ ︵ᠳᠣᠷᠣᠭᠰᠢ ᠤᠳᠤᠷᠢᠳᠬᠤ ᠺᠠᠳ᠋ᠷ ᠭᠡᠵᠦ ᠶᠡᠷᠦᠩᠬᠡᠶᠢᠯᠡᠨ ᠨᠡᠷᠡᠶᠢᠳᠦᠨ᠎ᠡ︶᠎ ᠤᠨ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ᠤᠳᠤᠷᠢᠳᠬᠤ ᠺᠠᠳ᠋ᠷᠴᠤᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠠᠬᠢᠭᠤᠯᠵᠤ᠂ ᠨᠠᠮ ᠤᠨ ᠲᠥᠪ ᠬᠤᠷᠢᠶᠠᠨ ᠤ ᠵᠠᠷᠯᠢᠭ ᠴᠠᠭᠠᠵᠠ ᠶᠢ ᠲᠠᠭᠠᠬᠤ ᠶᠢ ᠦᠨᠡᠨ ᠬᠦ ᠪᠠᠲᠤᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠤᠳᠤᠬᠤ ᠬᠠᠤᠯᠢ︾ ᠪᠠ ᠬᠤᠯᠪᠣᠭᠳᠠᠯ ᠪᠦᠬᠦᠢ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃      ᠬᠤᠶᠠᠳᠤᠭᠠᠷ ᠵᠦᠢᠯ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠠᠵᠢᠯ ᠨᠢ ᠰᠢ ᠶᠢᠨ ᠫᠢᠩ ᠯᠧᠨᠢᠨ ᠤ ᠦᠵᠡᠯ ᠰᠠᠨᠠᠭ᠎ᠠ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ ︽ᠳᠥᠷᠪᠡᠨ ᠪᠥᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠩᠭᠤᠶ ᠪᠠᠷ ᠠᠬᠢᠭᠤᠯᠬᠤ ᠲᠠᠢ ᠨᠢᠭᠲᠠ ᠤᠶᠠᠯᠳᠤᠭᠤᠯᠤᠨ ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠵᠤ᠂ ᠠᠵᠤ ᠠᠬᠤᠶ ᠶᠢᠨ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠪᠤᠰᠤᠳᠴᠢ ᠪᠠᠷ ᠦᠨᠡᠯᠡᠵᠦ᠂ ᠠᠰᠠᠭᠤᠳᠠᠯ ᠢ ᠢᠯᠡᠷᠡᠭᠦᠯᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠵᠤ᠂ ᠡᠷᠬᠡ ᠶᠢᠨ ᠵᠢᠷᠤᠮᠵᠢᠯ ᠲᠠᠢ ᠠᠵᠢᠯᠯᠠᠭᠠᠨ ᠢ ᠠᠬᠢᠭᠤᠯᠤᠨ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠶᠢ ᠠᠬᠢᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠶ᠃      ᠭᠤᠷᠪᠠᠳᠤᠭᠠᠷ ᠵᠦᠢᠯ ᠲᠤᠰ ᠲᠣᠭᠲᠠᠭᠠᠯ ᠳᠤ ᠬᠡᠯᠡᠵᠦ ᠪᠠᠶᠢᠭ᠎ᠠ ᠠᠵᠤ ᠠᠬᠤᠶ ᠶᠢᠨ ᠬᠠᠷᠢᠭᠤᠴᠠᠯᠭ᠎ᠠ ᠭᠡᠳᠡᠭ ᠪᠣᠯ ᠤᠳᠤᠷᠢᠳᠬᠤ ᠺᠠᠳ᠋ᠷ ᠲᠤᠰᠢᠶᠠᠯ ᠳᠤ ᠪᠠᠶᠢᠬᠤ ᠬᠤᠭᠤᠴᠠᠭᠠᠨ ᠳᠠᠭᠠᠨ ᠲᠡᠭᠦᠨ ᠤ ᠬᠠᠷᠢᠶᠠᠯᠠᠯ ᠤᠨ ᠬᠡᠪᠴᠢᠶᠡᠨ ᠳᠣᠲᠣᠷ᠎ᠠ ᠪᠠᠨ ᠨᠠᠮ ᠪᠠ ᠤᠯᠤᠰ ᠤᠨ ᠠᠵᠤ ᠠᠬᠤᠶ ᠶᠢᠨ ᠴᠢᠭᠯᠡᠯᠲᠡ ᠲᠦᠷᠦ ᠶᠢᠨ ᠪᠤᠳᠤᠯᠭ᠎ᠠ᠂ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠬᠦ᠂ ᠠᠵᠤ ᠠᠬᠤᠶ ᠪᠠ ᠨᠡᠶᠢᠭᠡᠮ ᠤᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ᠂ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠬᠠᠮᠢᠶᠠᠷᠬᠤ᠂ ᠠᠵᠤ ᠠᠬᠤᠶ ᠶᠢᠨ ᠴᠢᠬᠤᠯᠠ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠬᠤᠯᠪᠣᠭᠳᠠᠯ ᠪᠦᠬᠦᠢ ᠠᠵᠤ ᠠᠬᠤᠶ ᠶᠢᠨ ᠠᠵᠢᠯᠯᠠᠭ᠎ᠠ ᠶᠢᠨ ᠭᠦᠢᠴᠡᠳᠬᠡᠪᠡᠰᠦ ᠵᠣᠬᠢᠬᠤ ᠲᠤᠰᠢᠶᠠᠯ ᠬᠠᠷᠢᠭᠤᠴᠠᠯᠭ᠎ᠠ ᠶᠢ ᠵᠢᠭᠠᠵᠤ ᠪᠠᠶᠢᠨ᠎ᠠ᠃      ᠳᠥᠷᠪᠡᠳᠦᠭᠡᠷ ᠵᠦᠢᠯ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠳ᠋ᠦᠶ᠋ᠰᠢᠶᠠᠩ ᠳᠤ᠄      ︵ᠨᠢᠭᠡ︶ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠵᠢᠩᠬᠢᠨᠢ ᠲᠤᠰᠢᠶᠠᠯ ᠲᠠᠢ ᠤᠳᠤᠷᠢᠳᠬᠤ ᠺᠠᠳ᠋ᠷ ᠪᠤᠶᠤ 1 ᠵᠢᠯ ᠠᠴᠠ ᠳᠡᠭᠡᠭᠰᠢ ᠠᠵᠢᠯ ᠡᠷᠬᠢᠯᠡᠭᠰᠡᠨ ᠳᠡᠳ᠋ ᠲᠤᠰᠢᠶᠠᠯ ᠲᠠᠢ ᠤᠳᠤᠷᠢᠳᠬᠤ ᠺᠠᠳ᠋ᠷ︔      ︵ᠬᠤᠶᠠᠷ︶ ᠲᠥᠪ ᠤᠨ ᠪᠠ ᠣᠷᠣᠨ ᠨᠤᠲᠤᠭ ᠤᠨ ᠡᠯ᠎ᠡ ᠱᠠᠲᠤᠨ ᠤ ᠨᠠᠮ ᠵᠠᠰᠠᠭ ᠤᠨ ᠠᠵᠢᠯ ᠤᠨ ᠰᠠᠯᠠᠭ᠎ᠠ ᠮᠥᠴᠢᠷ᠂ ᠠᠵᠢᠯ ᠦᠢᠯᠡᠰ ᠤᠨ ᠨᠢᠭᠡᠴᠢ ᠪᠠ ᠠᠷᠠᠳ ᠤᠨ ᠪᠦᠯᠬᠦᠮ ᠵᠡᠷᠭᠡ ᠨᠢᠭᠡᠴᠢ ᠶᠢᠨ ᠵᠢᠩᠬᠢᠨᠢ ᠲᠤᠰᠢᠶᠠᠯ ᠲᠠᠢ ᠤᠳᠤᠷᠢᠳᠬᠤ ᠺᠠᠳ᠋ᠷ ᠪᠤᠶᠤ 1 ᠵᠢᠯ ᠠᠴᠠ ᠳᠡᠭᠡᠭᠰᠢ ᠠᠵᠢᠯ ᠡᠷᠬᠢᠯᠡᠭᠰᠡᠨ ᠳᠡᠳ᠋ ᠲᠤᠰᠢᠶᠠᠯ ᠲᠠᠢ ᠤᠳᠤᠷᠢᠳᠬᠤ ᠺᠠᠳ᠋ᠷ︔      ︵ᠭᠤᠷᠪᠠ︶ ᠤᠯᠤᠰ ᠤᠨ ᠥᠮᠴᠢᠯᠡᠯ ᠤᠨ ᠪᠠ ᠤᠯᠤᠰ ᠤᠨ ᠥᠮᠴᠢᠯᠡᠯ ᠤᠨ ᠬᠦᠷᠦᠩᠭᠡ ᠨᠢ ᠬᠤᠪᠢ ᠡᠵᠡᠮᠳᠡᠬᠦ ᠪᠠᠶᠢᠷᠢ ᠶᠢ ᠡᠵᠡᠯᠡᠵᠦ ᠪᠠᠶᠢᠭ᠎ᠠ ᠪᠤᠶᠤ ᠭᠤᠣᠯᠯᠠᠬᠤ ᠪᠠᠶᠢᠷᠢ ᠶᠢ ᠡᠵᠡᠯᠡᠵᠦ ᠪᠠᠶᠢᠭ᠎ᠠ ᠠᠵᠤ ᠠᠬᠤᠶᠢᠯᠠᠯ ︵ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠪᠠᠭᠲᠠᠭᠠᠨ᠎ᠠ᠂ ᠳᠣᠷᠣᠭᠰᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠭᠡᠵᠦ ᠶᠡᠷᠦᠩᠬᠡᠶᠢᠯᠡᠨ ᠨᠡᠷᠡᠶᠢᠳᠦᠨ᠎ᠡ︶᠎ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠲᠤᠰᠢᠶᠠᠯ ᠢ ᠡᠭᠦᠷᠭᠡᠯᠡᠬᠦ ᠦᠭᠡᠢ ᠪᠣᠯᠪᠠᠴᠤ ᠵᠣᠬᠢᠴᠠᠩᠭᠤᠶ ᠡᠷᠬᠡ ᠲᠤᠰᠢᠶᠠᠯ ᠢ ᠪᠣᠳᠠᠲᠠᠶ ᠪᠠᠷ ᠬᠡᠷᠡᠭᠵᠢᠭᠦᠯᠵᠦ ᠪᠠᠶᠢᠭ᠎ᠠ ᠭᠤᠣᠯ ᠤᠳᠤᠷᠢᠳᠬᠤ ᠬᠥᠮᠦᠰ︔      ︵ᠲᠦᠷᠪᠡ︶ ᠳᠡᠭᠡᠳᠦ ᠱᠠᠲᠤᠨ ᠤ ᠤᠳᠤᠷᠢᠳᠬᠤ ᠺᠠᠳ᠋ᠷ ᠲᠤᠤᠷᠠᠳᠤ ᠱᠠᠲᠤᠨ ᠤ ᠨᠢᠭᠡᠴᠢ ᠶᠢᠨ ᠢᠶᠠᠨ ᠵᠢᠩᠬᠢᠨᠢ ᠲᠤᠰᠢᠶᠠᠯ ᠤᠨ ᠤᠳᠤᠷᠢᠳᠬᠤ ᠲᠤᠰᠢᠶᠠᠯ ᠢ ᠬᠠᠪᠰᠤᠷᠭᠠᠨ ᠬᠠᠷᠢᠭᠤᠴᠠᠵᠤ ᠪᠠᠶᠢᠬᠤ ᠪᠥᠭᠡᠳ ᠠᠵᠤ ᠠᠬᠤᠶ ᠶᠢᠨ ᠬᠠᠷᠢᠭᠤᠴᠠᠯᠭ᠎ᠠ ᠪᠠᠨ ᠪᠣᠳᠠᠲᠠᠶ ᠪᠠᠷ ᠭᠦᠢᠴᠡᠳᠬᠡᠭᠰᠡᠨ ᠦᠭᠡᠢ ᠦᠶ᠎ᠡ ᠳᠤ᠂ ᠡᠳᠦᠷ ᠲᠤᠳᠤᠮ ᠤᠨ ᠠᠵᠢᠯ ᠢ ᠪᠣᠳᠠᠲᠠᠶ ᠪᠠᠷ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠤᠰᠢᠶᠠᠯ ᠲᠠᠢ ᠤᠳᠤᠷᠢᠳᠬᠤ ᠺᠠᠳ᠋ᠷ︔      ︵ᠲᠠᠪᠤ︶ ᠨᠠᠮ ᠤᠨ ᠲᠥᠪ ᠬᠤᠷᠢᠶ᠎ᠠ ᠪᠠ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠨᠠᠮ ᠤᠨ ᠬᠤᠷᠢᠶ᠎ᠠ ᠠᠴᠠ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠬᠢᠯᠭᠡᠬᠦ ᠪᠠᠷ ᠱᠠᠭᠠᠷᠳᠠᠭᠰᠠᠨ ᠪᠤᠰᠤᠳ ᠭᠤᠣᠯ ᠤᠳᠤᠷᠢᠳᠬᠤ ᠺᠠᠳ᠋ᠷ᠃      ᠲᠠᠪᠤᠳᠤᠭᠠᠷ ᠵᠦᠢᠯ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠨᠢ ᠬᠢᠨᠠᠨ ᠪᠤᠳᠤᠬᠤ ᠬᠢᠨᠠᠯᠲᠠ ᠶᠢ ᠲᠣᠭᠲᠠᠭᠠᠯ ᠶᠣᠰᠣᠭᠠᠷ ᠬᠠᠤᠯᠢ ᠶᠣᠰᠣᠭᠠᠷ ᠬᠦᠯᠢᠶᠡᠬᠦ ᠬᠡᠷᠡᠭᠲᠡᠶ᠃      ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢ ᠤᠳᠤᠷᠢᠳᠬᠤ ᠺᠠᠳ᠋ᠷ ᠤᠨ ᠲᠤᠰᠢᠶᠠᠯ ᠤᠨ ᠬᠤᠭᠤᠴᠠᠭᠠᠨ ᠳᠤ ᠬᠢᠵᠦ ᠪᠣᠯᠤᠨ᠎ᠠ᠂ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠤᠭᠰᠠᠨ ᠤ ᠲᠠᠷᠠᠭ᠎ᠠ ᠬᠢᠭᠰᠡᠨ ᠴᠦ ᠪᠣᠯᠤᠨ᠎ᠠ᠂ ᠲᠤᠰᠢᠶᠠᠯ ᠤᠨ ᠬᠤᠭᠤᠴᠠᠭᠠᠨ ᠳᠤ ᠬᠢᠨᠠᠨ ᠪᠤᠳᠤᠯᠳᠠ ᠪᠠᠷ ᠭᠤᠣᠯ ᠪᠣᠯᠭᠠᠵᠤ ᠪᠣᠯᠤᠨ᠎ᠠ᠃      ᠵᠢᠷᠭᠤᠳᠤᠭᠠᠷ ᠵᠦᠢᠯ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢ ᠺᠠᠳ᠋ᠷ ᠢ ᠬᠠᠮᠢᠶᠠᠷᠬᠤ ᠡᠷᠬᠡ ᠶᠢᠨ ᠬᠡᠪᠴᠢᠶ᠎ᠡ ᠶᠣᠰᠣᠭᠠᠷ ᠲᠣᠭᠲᠠᠭᠠᠨ᠎ᠠ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠨᠢ ᠡᠳ᠋ ᠤᠨ ᠵᠠᠰᠠᠭ ᠡᠳ᠋ ᠤᠨ ᠶᠠᠪᠤᠳᠠᠯ ᠤᠨ ᠬᠠᠷᠢᠶᠠᠯᠠᠭᠳᠠᠬᠤ ᠬᠠᠷᠢᠴᠠᠭ᠎ᠠ ᠲᠠᠢ ᠨᠢᠭᠡᠳᠦᠯ ᠦᠭᠡᠢ ᠪᠠᠶᠢᠳᠠᠯ ᠲᠣᠬᠢᠶᠠᠯᠳᠤᠪᠠᠯ᠂ ᠤᠳᠤᠷᠢᠳᠬᠤ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠲᠠᠢ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠲᠠᠢ ᠬᠠᠮᠲᠤ ᠪᠠᠷ ᠬᠢᠨᠠᠨ ᠪᠤᠳᠤᠬᠤ ᠬᠢᠨᠠᠨ ᠪᠤᠳᠤᠬᠤ ᠪᠠᠶᠢᠭᠤᠯᠭ᠎ᠠ ᠶᠢ ᠲᠣᠭᠲᠠᠭᠠᠨ᠎ᠠ᠃      ᠨᠢᠭᠲᠠᠯᠠᠨ ᠪᠠᠶᠢᠴᠠᠭᠠᠬᠤ ᠵᠠᠬᠢᠷᠭ᠎ᠠ ᠶᠢᠨ ᠨᠢᠭᠲᠠᠯᠠᠨ ᠪᠠᠶᠢᠴᠠᠭᠠᠬᠤ ᠳᠠᠷᠤᠭ᠎ᠠ ᠶᠢᠨ ᠠᠵᠤ ᠠᠬᠤᠶ ᠶᠢᠨ ᠬᠠᠷᠢᠭᠤᠴᠠᠯᠭ᠎ᠠ ᠶᠢᠨ ᠨᠢᠭᠲᠠᠯᠠᠨ ᠪᠠᠶᠢᠴᠠᠭᠠᠬᠤ ᠠᠵᠢᠯ ᠢ ᠲᠥᠪ ᠤᠨ ᠨᠢᠭᠲᠠᠯᠠᠨ ᠪᠠᠶᠢᠴᠠᠭᠠᠬᠤ ᠬᠤᠷᠢᠶᠠᠨ ᠤ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠣᠷᠣᠨ ᠨᠤᠲᠤᠭ ᠤᠨ ᠬᠢᠨᠠᠨ ᠪᠤᠳᠤᠬᠤ ᠪᠠᠶᠢᠭᠤᠯᠭ᠎ᠠ ᠶᠢᠨ ᠭᠤᠣᠯ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ ᠢ ᠣᠷᠣᠨ ᠨᠤᠲᠤᠭ ᠤᠨ ᠨᠠᠮ ᠤᠨ ᠬᠤᠷᠢᠶ᠎ᠠ ᠪᠣᠯᠤᠨ ᠳᠡᠭᠡᠷ᠎ᠡ ᠨᠢᠭᠡ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠵᠥᠪᠳᠡᠯᠴᠡᠭᠰᠡᠨ ᠤ ᠲᠠᠷᠠᠭ᠎ᠠ᠂ ᠳᠡᠭᠡᠷ᠎ᠡ ᠨᠢᠭᠡ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ᠳᠣᠯᠣᠳᠤᠭᠠᠷ ᠵᠦᠢᠯ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠲᠣᠭᠲᠠᠭᠠᠯ ᠶᠣᠰᠣᠭᠠᠷ ᠬᠠᠤᠯᠢ ᠶᠣᠰᠣᠭᠠᠷ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢ ᠪᠡᠶ᠎ᠡ ᠪᠠᠨ ᠳᠠᠭᠠᠭᠠᠵᠤ ᠬᠡᠷᠡᠭᠵᠢᠭᠦᠯᠦᠨ᠎ᠡ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠲᠡᠪᠴᠢᠵᠦ᠂ ᠬᠠᠷᠰᠢᠯᠠᠵᠤ᠂ ᠭᠠᠷ ᠲᠦᠷᠤᠵᠤ ᠪᠣᠯᠬᠤ ᠦᠭᠡᠢ᠂ ᠬᠢᠨᠠᠨ ᠪᠤᠳᠤᠬᠤ ᠠᠵᠢᠯᠳᠠᠨ ᠳᠤ ᠴᠣᠬᠢᠯᠲᠠ ᠥᠭᠴᠦ ᠲᠡᠳᠡᠨ ᠠᠴᠠ ᠬᠠᠷᠢᠭᠤ ᠠᠪᠴᠤ ᠪᠣᠯᠬᠤ ᠦᠭᠡᠢ᠃      ᠰᠠᠨᠠᠭᠠᠴᠢᠯᠠᠭ᠎ᠠ ᠲᠠᠢ ᠪᠠᠷ ᠬᠠᠷᠰᠢ ᠰᠠᠭᠠᠳ ᠲᠠᠯᠪᠢᠭᠰᠠᠨ᠂ ᠰᠢᠯᠲᠠᠭᠯᠠᠨ ᠤᠳᠠᠭᠠᠰᠢᠷᠠᠭᠤᠯᠤᠭᠰᠠᠨ ᠢ ᠰᠢᠭᠦᠮᠵᠢᠯᠡᠬᠦ ᠪᠠ ᠵᠠᠷᠯᠠᠨ ᠮᠡᠳᠡᠭᠳᠡᠬᠦ ᠬᠡᠷᠡᠭᠲᠡᠶ︔ ᠮᠠᠭᠤ ᠨᠥᠯᠥᠭᠡ ᠭᠠᠷᠭᠠᠭᠰᠠᠨ ᠪᠠᠶᠢᠪᠠᠯ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃      ᠨᠠᠢᠮᠠᠳᠤᠭᠠᠷ ᠵᠦᠢᠯ ᠨᠢᠭᠲᠠᠯᠠᠨ ᠪᠠᠶᠢᠴᠠᠭᠠᠬᠤ ᠺᠣᠮᠢᠰ ᠤᠨ ᠠᠯᠪᠠᠨ ᠭᠡᠷ᠂ ᠨᠢᠭᠲᠠᠯᠠᠨ ᠪᠠᠶᠢᠴᠠᠭᠠᠬᠤ ᠪᠠᠶᠢᠭᠤᠯᠤᠯᠭ᠎ᠠ ᠪᠠ ᠨᠢᠭᠲᠠᠯᠠᠨ ᠪᠠᠶᠢᠴᠠᠭᠠᠬᠤ ᠠᠵᠢᠯᠲᠠᠳ ᠠᠵᠤ ᠠᠬᠤᠶ ᠶᠢᠨ ᠬᠠᠷᠢᠭᠤᠴᠠᠯᠭ᠎ᠠ ᠶᠢ ᠨᠢᠭᠲᠠᠯᠠᠨ ᠪᠠᠶᠢᠴᠠᠭᠠᠬᠤ ᠠᠵᠢᠯ ᠤᠨ ᠳᠤᠮᠳᠠ ᠣᠯᠵᠤ ᠮᠡᠳᠡᠭᠰᠡᠨ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠨᠢᠭᠤᠴᠠ ᠶᠢ ᠬᠠᠮᠠᠭᠠᠯᠠᠬᠤ ᠡᠭᠦᠷᠭᠡ ᠲᠠᠢ᠃      ᠶᠢᠰᠦᠳᠦᠭᠡᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠵᠠᠪᠠᠯ ᠱᠠᠭᠠᠷᠳᠠᠭᠳᠠᠬᠤ ᠪᠠᠶᠢᠭᠤᠯᠤᠮᠵᠢ᠂ ᠠᠵᠢᠯᠳᠠᠨ ᠪᠠ ᠵᠠᠷᠤᠳᠠᠯ ᠢ ᠪᠠᠲᠤᠯᠠᠬᠤ ᠬᠡᠷᠡᠭᠲᠡᠶ᠃      ᠬᠤᠶᠠᠳᠤᠭᠠᠷ ᠪᠦᠯᠦᠭ ᠵᠣᠬᠢᠶᠠᠨ ᠪᠠᠶᠢᠭᠤᠯᠵᠤ ᠵᠣᠬᠢᠴᠠᠭᠤᠯᠬᠤ      ᠠᠷᠪᠠᠳᠤᠭᠠᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠬᠠᠮᠲᠤᠷᠠᠭᠰᠠᠨ ᠬᠤᠷᠠᠯᠳᠤᠭᠠᠨ ︵ᠳᠣᠷᠣᠭᠰᠢ ᠬᠠᠮᠲᠤᠷᠠᠭᠰᠠᠨ ᠬᠤᠷᠠᠯᠳᠤᠭᠠᠨ ᠭᠡᠵᠦ ᠲᠣᠪᠴᠢᠯᠠᠨ᠎ᠠ︶᠎ ᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠬᠠᠮᠲᠤᠷᠠᠭᠰᠠᠨ ᠬᠤᠷᠠᠯ ᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠪᠠ ᠵᠣᠬᠢᠶᠠᠨ ᠪᠠᠶᠢᠭᠤᠯᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠢᠨᠠᠨ ᠪᠤᠳᠤᠬᠤ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠮᠥᠩᠭᠦᠨ ᠭᠦᠶ᠋ᠯᠭᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠵᠦ᠂ ᠬᠤᠷᠠᠯᠳᠤᠭᠤᠯᠤᠭᠴᠢ ᠶᠢᠨ ᠲᠤᠰᠢᠶᠠᠯ ᠢ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠤᠨ ᠡᠷᠬᠢᠯᠡᠭᠴᠢ ᠡᠭᠦᠷᠭᠡᠯᠡᠨ᠎ᠡ᠃ ᠬᠠᠮᠲᠤᠷᠠᠭᠰᠠᠨ ᠬᠤᠷᠠᠯᠳᠤᠭᠠᠨ ᠨᠢ ᠠᠳᠠᠯᠢ ᠱᠠᠲᠤᠨ ᠤ ᠬᠢᠨᠠᠨ ᠪᠤᠳᠤᠬᠤ ᠺᠣᠮᠢᠰ ᠤᠨ ᠤᠳᠤᠷᠢᠳᠤᠯᠭ᠎ᠠ ᠶᠢᠨ ᠳᠣᠣᠷ᠎ᠠ ᠠᠵᠢᠯ ᠢᠶᠠᠨ ᠥᠷᠨᠢᠭᠦᠯᠦᠨ᠎ᠡ᠃      ᠬᠠᠮᠲᠤᠷᠠᠭᠰᠠᠨ ᠬᠤᠷᠠᠯ ᠤᠨ ᠳᠣᠤᠷ᠎ᠠ ᠠᠯᠪᠠᠨ ᠬᠡᠷ ᠪᠠᠶᠢᠭᠤᠯᠵᠤ᠂ ᠠᠳᠠᠯᠢ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠳᠣᠲᠣᠭᠠᠳᠤ ᠳᠤ ᠪᠠᠶᠢᠭᠤᠯᠤᠭᠰᠠᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠪᠠᠶᠢᠭᠤᠯᠤᠮᠵᠢ ᠲᠠᠢ ᠬᠠᠮᠲᠤᠷᠠᠨ ᠠᠵᠢᠯᠯᠠᠨ᠎ᠠ᠃ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠠᠳᠠᠯᠢ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠳᠡᠳ᠋ ᠲᠤᠰᠢᠶᠠᠯ ᠲᠠᠢ ᠤᠳᠤᠷᠢᠳᠤᠯᠭ᠎ᠠ ᠪᠤᠶᠤ ᠲᠡᠭᠦᠨ ᠲᠠᠢ ᠲᠡᠩᠴᠡᠬᠦ ᠲᠤᠰᠢᠶᠠᠯ ᠤᠨ ᠲᠡᠰ ᠳᠠᠪᠬᠤᠷᠭ᠎ᠠ ᠶᠢᠨ ᠤᠳᠤᠷᠢᠳᠤᠯᠭ᠎ᠠ ᠡᠭᠦᠷᠭᠡᠯᠡᠨ᠎ᠡ᠃      ᠠᠷᠪᠠᠨ ᠨᠢᠭᠡᠳᠦᠭᠡᠷ ᠵᠦᠢᠯ ᠬᠠᠮᠲᠤᠷᠠᠭᠰᠠᠨ ᠬᠤᠷᠠᠯ ᠨᠢ ᠭᠤᠣᠯᠳᠠᠭᠤ ᠬᠤᠯᠪᠣᠭᠳᠠᠯ ᠪᠦᠬᠦᠢ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠳᠦᠷᠢᠮ ᠤᠨ ᠪᠢᠴᠢᠭ ᠮᠠᠲ᠋ᠧᠷᠢᠶᠠᠯ ᠢ ᠰᠤᠳᠤᠯᠤᠨ ᠲᠣᠭᠲᠠᠭᠠᠬᠤ ᠶᠢ ᠬᠠᠷᠢᠭᠤᠴᠠᠵᠤ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠠᠵᠢᠯ ᠤᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠠᠵᠢᠯ ᠤᠨ ᠳᠤᠮᠳᠠ ᠭᠠᠷᠤᠭᠰᠠᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠦᠷ᠎ᠡ ᠳ᠋ᠦᠩ ᠤᠨ ᠬᠡᠷᠡᠭᠯᠡᠯᠲᠡ ᠶᠢ ᠲᠦᠯᠬᠢᠨ ᠠᠬᠢᠭᠤᠯᠵᠤ᠂ ᠲᠤᠤᠷᠠᠳᠤ ᠱᠠᠲᠤᠨ ᠤ ᠬᠠᠮᠲᠤᠷᠠᠭᠰᠠᠨ ᠬᠤᠷᠠᠯᠳᠤᠭᠠᠨ ᠤ ᠠᠵᠢᠯ ᠢ ᠵᠢᠯᠣᠭᠤᠳᠴᠤ᠂ ᠰᠠᠯᠠᠭ᠎ᠠ ᠮᠥᠴᠢᠷ᠂ ᠨᠢᠭᠡᠴᠢ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠠᠵᠢᠯ ᠢ ᠵᠢᠯᠣᠭᠤᠳᠬᠤ ᠪᠠ ᠲᠡᠭᠦᠨ ᠳᠤ ᠬᠢᠨᠠᠯᠲᠠ ᠲᠠᠯᠪᠢᠵᠤ᠂ ᠬᠢᠨᠠᠨ ᠪᠤᠳᠤᠬᠤ ᠺᠣᠮᠢᠰ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠬᠠᠮᠲᠤᠷᠠᠭᠰᠠᠨ ᠬᠤᠷᠠᠯᠳᠤᠭᠠᠨ ᠤ ᠠᠯᠪᠠᠨ ᠭᠡᠷ ᠨᠢ ᠬᠠᠮᠲᠤᠷᠠᠭᠰᠠᠨ ᠬᠤᠷᠠᠯᠳᠤᠭᠠᠨ ᠤ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠃      ᠠᠷᠪᠠᠨ ᠬᠤᠶᠠᠳᠤᠭᠠᠷ ᠵᠦᠢᠯ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢ ᠲᠥᠯᠥᠪᠯᠡᠭᠡ ᠲᠠᠢ ᠪᠠᠷ ᠶᠠᠪᠤᠭᠳᠠᠭᠤᠯᠵᠤ᠂ ᠺᠠᠳ᠋ᠷ ᠤᠨ ᠬᠠᠮᠢᠶᠠᠷᠤᠯᠲᠠ ᠬᠢᠨᠠᠯᠲᠠ ᠶᠢᠨ ᠬᠡᠷᠡᠭᠴᠡᠭᠡ ᠪᠠ ᠬᠢᠨᠠᠨ ᠪᠤᠳᠤᠯᠳᠠ ᠶᠢᠨ ᠡᠬᠢ ᠪᠠᠶᠠᠯᠢᠭ ᠵᠡᠷᠭᠡ ᠪᠣᠳᠠᠲᠤ ᠪᠠᠶᠢᠳᠠᠯ ᠢ ᠦᠨᠳᠦᠰᠦᠯᠡᠨ᠂ ᠬᠢᠨᠠᠨ ᠪᠤᠳᠤᠬᠤ ᠡᠲᠡᠭᠡᠳ ᠲᠤ ᠲᠦᠷᠦᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠤᠷᠲᠤᠪᠲᠤᠷ ᠪᠠ ᠤᠷᠳᠤ ᠬᠤᠭᠤᠴᠠᠭᠠᠨ ᠤ ᠲᠥᠯᠥᠪᠵᠢᠭᠦᠯᠭᠡ ᠪᠠ ᠣᠨ ᠤ ᠬᠢᠨᠠᠨ ᠪᠤᠳᠤᠬᠤ ᠵᠦᠢᠯᠡᠰ ᠤᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠬᠢᠨᠠᠨ ᠪᠤᠳᠤᠯᠳᠠ ᠶᠢ ᠨᠡᠶᠢᠳᠡᠮ ᠬᠡᠷᠡᠭᠵᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠶ᠃      ᠠᠷᠪᠠᠨ ᠭᠤᠷᠪᠠᠳᠤᠭᠠᠷ ᠵᠦᠢᠯ ᠣᠨ ᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠲᠥᠷᠥᠯ ᠵᠦᠢᠯ ᠤᠨ ᠲᠥᠯᠥᠪᠯᠡᠭᠡ ᠶᠢ ᠳᠣᠤᠷᠠᠬᠢ ᠲᠠᠰ ᠳᠠᠷᠠᠭᠠᠯᠠᠯ ᠢᠶᠠᠷ ᠲᠣᠭᠲᠠᠭᠠᠨ᠎ᠠ᠄      ︵ᠨᠢᠭᠡ︶ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠠᠴᠠ ᠠᠳᠠᠯᠢ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠠᠢ ᠵᠥᠪᠳᠡᠯᠴᠡᠵᠦ ᠪᠠᠶᠢᠭᠠᠳ ᠬᠢᠨᠠᠨ ᠪᠤᠳᠤᠬᠤ ᠲᠥᠯᠥᠪᠯᠡᠭᠡ ᠶᠢᠨ ᠲᠣᠬᠢᠷᠠᠭᠤᠯᠤᠯᠲᠠ ᠶᠢ ᠳᠤᠷᠠᠳᠴᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠴᠠ ᠤᠳᠤᠷᠢᠳᠬᠤ ᠺᠠᠳ᠋ᠷ ᠤᠨ ᠣᠨ ᠤ ᠬᠢᠨᠠᠨ ᠪᠤᠳᠤᠬᠤ ᠰᠠᠨᠠᠭᠤᠯᠭ᠎ᠠ ᠶᠢᠨ ᠨᠡᠷᠡᠰ ᠢ ᠳᠤᠷᠠᠳᠤᠨ᠎ᠠ︔      ︵ᠬᠤᠶᠠᠷ︶ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠨᠢ ᠠᠳᠠᠯᠢ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠵᠡᠷᠭᠡ ᠬᠤᠯᠪᠣᠭᠳᠠᠯ ᠪᠥᠬᠦᠶ ᠨᠢᠭᠡᠴᠡ ᠶᠢᠨ ᠰᠠᠨᠠᠯ ᠢ ᠬᠤᠷᠢᠶᠠᠭᠰᠠᠨ ᠤ ᠳᠠᠷᠠᠭ᠎ᠠ᠂ ᠬᠢᠨᠠᠨ ᠪᠤᠳᠤᠬᠤ ᠪᠠᠶᠢᠭᠤᠯᠤᠯᠭ᠎ᠠ ᠶᠢᠨ ᠣᠨ ᠤ ᠬᠢᠨᠠᠨ ᠪᠤᠳᠤᠬᠤ ᠲᠥᠷᠥᠯ ᠵᠦᠢᠯ ᠤᠨ ᠲᠥᠯᠥᠪᠯᠡᠭᠡ ᠳᠤ ᠣᠷᠣᠭᠤᠯᠤᠨ᠎ᠠ︔      ︵ᠭᠤᠷᠪᠠ︶ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠠᠴᠠ ᠠᠳᠠᠯᠢ ᠱᠠᠲᠤᠨ ᠤ ᠬᠢᠨᠠᠨ ᠪᠤᠳᠤᠬᠤ ᠵᠥᠪᠯᠡᠯ ᠳᠤ ᠳᠡᠪᠰᠢᠭᠦᠯᠵᠦ ᠬᠢᠨᠠᠨ ᠵᠥᠪᠯᠡᠭᠦᠯᠵᠦ ᠲᠣᠭᠲᠠᠭᠠᠯᠭᠠᠨ᠎ᠠ᠃      ᠬᠤᠯᠪᠣᠭᠳᠠᠯ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠢᠶᠠᠷᠤᠯᠲᠠ ᠳᠤ ᠬᠠᠷᠢᠶᠠᠯᠠᠭᠳᠠᠬᠤ ᠤᠳᠤᠷᠢᠳᠬᠤ ᠺᠠᠳ᠋ᠷ ᠲᠤ ᠬᠢᠨᠠᠨ ᠪᠤᠳᠤᠯᠲᠠ ᠬᠢᠬᠦ ᠳᠤ ᠭᠦᠷᠪᠡᠯ᠂ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠠᠴᠠ ᠬᠤᠯᠪᠣᠭᠳᠠᠯ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠵᠥᠪᠳᠡᠯᠴᠡᠵᠦ ᠪᠠᠶᠢᠭᠠᠳ ᠣᠨ ᠤ ᠬᠢᠨᠠᠨ ᠪᠤᠳᠤᠬᠤ ᠰᠠᠨᠠᠭᠤᠯᠭ᠎ᠠ ᠶᠢᠨ ᠨᠡᠷᠡᠰ ᠢ ᠳᠤᠷᠠᠳᠴᠤ᠂ ᠬᠢᠨᠠᠨ ᠪᠤᠳᠤᠬᠤ ᠪᠠᠶᠢᠭᠤᠯᠭ᠎ᠠ ᠶᠢᠨ ᠣᠨ ᠤ ᠬᠢᠨᠠᠨ ᠪᠤᠳᠤᠬᠤ ᠲᠥᠷᠥᠯ ᠵᠦᠢᠯ ᠤᠨ ᠲᠥᠯᠥᠪᠯᠡᠭᠡ ᠳᠤ ᠣᠷᠣᠭᠤᠯᠤᠨ᠂ ᠬᠢᠨᠠᠨ ᠪᠤᠳᠤᠬᠤ ᠵᠥᠪᠯᠡᠯ ᠳᠤ ᠳᠡᠪᠰᠢᠭᠦᠯᠵᠦ ᠬᠢᠨᠠᠨ ᠵᠥᠪᠯᠡᠭᠦᠯᠵᠦ ᠲᠣᠭᠲᠠᠭᠠᠯᠭᠠᠨ᠎ᠠ᠃      ᠠᠷᠪᠠᠨ ᠳᠥᠷᠪᠡᠳᠦᠭᠡᠷ ᠵᠦᠢᠯ ᠣᠨ ᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠲᠥᠷᠥᠯ ᠵᠦᠢᠯ ᠤᠨ ᠲᠥᠯᠥᠪᠯᠡᠭᠡ ᠶᠢ ᠲᠣᠭᠲᠠᠭᠠᠮᠠᠭᠴᠠ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠥᠭᠡᠢ᠃ ᠦᠨᠡᠬᠡᠷ ᠲᠣᠬᠢᠷᠠᠭᠤᠯᠤᠨ ᠬᠠᠰᠤᠬᠤ ᠪᠤᠶᠤ ᠨᠡᠮᠡᠬᠦ ᠴᠢᠬᠤᠯᠠᠲᠠᠶ ᠪᠠᠶᠢᠪᠠᠯ᠂ ᠤᠤᠯ ᠤᠨ ᠲᠣᠭᠲᠠᠭᠠᠭᠰᠠᠨ ᠵᠢᠷᠤᠮ ᠶᠣᠰᠣᠭᠠᠷ ᠬᠢᠨᠠᠨ ᠪᠤᠳᠤᠬᠤ ᠺᠣᠮᠢᠰ ᠲᠤ ᠮᠡᠳᠡᠭᠦᠯᠵᠦ ᠵᠥᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠬᠦ ᠬᠡᠷᠡᠭᠲᠡᠶ᠃      ᠠᠷᠪᠠᠨ ᠲᠠᠪᠤᠳᠤᠭᠠᠷ ᠵᠦᠢᠯ ᠬᠢᠨᠠᠨ ᠪᠣᠳᠣᠭᠳᠠᠵᠤ ᠪᠠᠶᠢᠭ᠎ᠠ ᠤᠳᠤᠷᠢᠳᠬᠤ ᠺᠠᠳ᠋ᠷ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ᠂ ᠰᠠᠬᠢᠯᠭ᠎ᠠ ᠪᠠᠲᠤ ᠶᠢᠨ ᠬᠢᠨᠠᠨ ᠪᠠᠶᠢᠴᠠᠭᠠᠯᠲᠠ ᠬᠢᠭᠰᠡᠨ᠂ ᠬᠢᠨᠠᠨ ᠪᠠᠶᠢᠴᠠᠭᠠᠯᠲᠠ ᠬᠢᠭᠰᠡᠨ ᠪᠤᠶᠤ ᠥᠭᠦᠭᠰᠡᠨ ᠵᠡᠷᠭᠡ ᠣᠨᠴᠠᠭᠠᠶ ᠪᠠᠶᠢᠳᠠᠯ ᠳᠤ ᠲᠤᠯᠭᠠᠷᠠᠪᠠᠯ᠂ ᠵᠢᠴᠢ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢ ᠦᠷᠭᠦᠯᠵᠢᠯᠡᠨ ᠬᠢᠬᠦ ᠳᠤ ᠲᠤᠬᠢᠷᠠᠬᠤ ᠦᠭᠡᠢ ᠪᠤᠰᠤᠳ ᠪᠠᠶᠢᠳᠠᠯ ᠣᠷᠣᠰᠢᠵᠤ ᠪᠠᠶᠢᠪᠠᠯ᠂ ᠬᠢᠨᠠᠨ ᠪᠤᠳᠤᠬᠤ ᠵᠥᠪᠯᠡᠯ ᠤᠨ ᠠᠯᠪᠠᠨ ᠭᠡᠷ ᠨᠢ ᠠᠳᠠᠯᠢ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠵᠡᠷᠭᠡ ᠬᠤᠯᠪᠣᠭᠳᠠᠯ ᠪᠦᠬᠦᠢ ᠨᠢᠭᠡᠴᠢ ᠲᠠᠢ ᠵᠥᠪᠳᠡᠯᠴᠡᠵᠦ ᠰᠠᠨᠠᠯ ᠢᠶᠠᠨ ᠳᠤᠷᠠᠳᠴᠤ᠂ ᠬᠢᠨᠠᠨ ᠪᠤᠳᠤᠬᠤ ᠵᠥᠪᠯᠡᠯ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠲᠠᠷᠠᠭ᠎ᠠ ᠬᠢᠨᠠᠨ ᠪᠤᠳᠤᠯᠳᠠ ᠶᠢ ᠵᠣᠭᠰᠣᠭᠠᠨ᠎ᠠ᠃      ᠭᠤᠷᠪᠠᠳᠤᠭᠠᠷ ᠪᠦᠯᠦᠭ ᠬᠢᠨᠠᠨ ᠪᠤᠳᠤᠬᠤ ᠠᠭᠤᠯᠭ᠎ᠠ      ᠠᠷᠪᠠᠨ ᠵᠢᠷᠭᠤᠳᠤᠭᠠᠷ ᠵᠦᠢᠯ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠨᠢ ᠤᠳᠤᠷᠢᠳᠬᠤ ᠺᠠᠳ᠋ᠷ ᠤᠨ ᠲᠤᠰᠢᠶᠠᠯ ᠤᠨ ᠬᠤᠭᠤᠴᠠᠭᠠᠨ ᠳᠠᠬᠢ ᠣᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠤᠨ ᠬᠠᠮᠢᠶᠠᠷᠤᠯᠲᠠ᠂ ᠬᠤᠪᠢᠶᠠᠷᠢᠯᠠᠯᠲᠠ ᠪᠠ ᠬᠡᠷᠡᠭᠯᠡᠯᠲᠡ ᠪᠠᠷ ᠰᠠᠭᠤᠷᠢ ᠪᠣᠯᠭᠠᠬᠤ ᠬᠡᠷᠡᠭᠲᠡᠶ᠃ ᠤᠳᠤᠷᠢᠳᠬᠤ ᠺᠠᠳ᠋ᠷᠴᠤᠳ ᠤᠨ ᠡᠷᠬᠡ ᠶᠢᠨ ᠠᠵᠢᠯᠯᠠᠭᠠᠨ ᠪᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠷ ᠭᠤᠤᠯᠳᠠᠯᠭ᠎ᠠ ᠪᠣᠯᠭᠠᠵᠤ᠂ ᠤᠳᠤᠷᠢᠳᠬᠤ ᠺᠠᠳ᠋ᠷᠴᠤᠳ ᠤᠨ ᠬᠠᠮᠢᠶᠠᠷᠤᠯᠲᠠ ᠬᠢᠨᠠᠯᠲᠠ ᠶᠢᠨ ᠬᠡᠷᠡᠭᠴᠡᠭᠡ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠣᠨᠴᠠᠯᠢᠭ ᠪᠠ ᠬᠢᠨᠠᠨ ᠪᠤᠳᠤᠬᠤ ᠡᠬᠢ ᠪᠠᠶᠠᠯᠢᠭ ᠵᠡᠷᠭᠡ ᠬᠦᠴᠦᠨ ᠵᠦᠢᠯ ᠢ ᠭᠦᠢᠴᠡᠳ ᠪᠣᠳᠣᠯᠬᠢᠯᠠᠨ᠂ ᠬᠢᠨᠠᠨ ᠪᠤᠳᠤᠬᠤ ᠠᠭᠤᠯᠭ᠎ᠠ ᠶᠢ ᠲᠣᠭᠲᠠᠭᠠᠯ ᠶᠣᠰᠣᠭᠠᠷ ᠬᠠᠤᠯᠢ ᠶᠣᠰᠣᠭᠠᠷ ᠲᠣᠭᠲᠠᠭᠠᠨ᠎ᠠ᠃      ᠠᠷᠪᠠᠨ ᠳᠣᠯᠣᠳᠤᠭᠠᠷ ᠵᠦᠢᠯ ‍ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠭᠤᠣᠯ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠭᠤᠯᠭ᠎ᠠ ᠳᠤ᠄      ︵ᠨᠢᠭᠡ︶ ᠨᠠᠮ ᠪᠠ ᠤᠯᠤᠰ ᠤᠨ ᠠᠵᠤ ᠠᠬᠤᠶ ᠶᠢᠨ ᠴᠢᠭᠯᠡᠯᠲᠡ ᠲᠦᠷᠦ ᠶᠢᠨ ᠪᠤᠳᠤᠯᠭ᠎ᠠ᠂ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ︔      ︵ᠬᠤᠶᠠᠷ︶ ᠲᠤᠰ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠭᠰᠠᠨ᠂ ᠬᠡᠷᠡᠭᠵᠢᠭᠦᠯᠦᠭᠰᠡᠨ ᠪᠠ ᠦᠷ᠎ᠡ ᠪᠦᠲᠦᠮᠵᠢ ᠶᠢᠨ ᠪᠠᠶᠢᠳᠠᠯ︔      ︵ᠭᠤᠷᠪᠠ︶ ᠴᠢᠬᠤᠯᠠ ᠶᠡᠭᠡ ᠠᠵᠤ ᠠᠬᠤᠶ ᠶᠢᠨ ᠬᠡᠷᠡᠭ ᠶᠠᠪᠤᠳᠠᠯ ᠤᠨ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ᠂ ᠬᠡᠷᠡᠭᠵᠢᠭᠦᠯᠦᠭᠰᠡᠨ ᠪᠠ ᠦᠷ᠎ᠡ ᠪᠦᠲᠦᠮᠵᠢ ᠶᠢᠨ ᠪᠠᠶᠢᠳᠠᠯ︔      ︵ᠲᠦᠷᠪᠡ︶ ᠡᠳ᠋ ᠤᠨ ᠵᠠᠰᠠᠭ ᠡᠳ᠋ ᠤᠨ ᠶᠠᠪᠤᠳᠠᠯ ᠤᠨ ᠬᠠᠮᠢᠶᠠᠷᠤᠯᠲᠠ ᠪᠠ ᠠᠵᠤ ᠠᠬᠤᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠭᠰᠡᠨ ᠪᠠᠶᠢᠳᠠᠯ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠰᠠᠶᠢᠵᠢᠷᠠᠭᠤᠯᠤᠯᠲᠠ ᠶᠢᠨ ᠪᠠᠶᠢᠳᠠᠯ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠦᠷᠦᠯ ᠵᠦᠢᠯ᠂ ᠪᠡᠯᠡ ᠮᠥᠩᠭᠦ ᠵᠡᠷᠭᠡ ᠶᠢᠨ ᠬᠠᠮᠢᠶᠠᠷᠤᠯᠲᠠ ᠬᠡᠷᠡᠭᠯᠡᠯᠲᠡ ᠪᠠ ᠦᠷ᠎ᠡ ᠠᠰᠢᠭ ᠤᠨ ᠪᠠᠶᠢᠳᠠᠯ᠂ ᠵᠢᠴᠢ ᠲᠥᠰᠦᠪ ᠤᠨ ᠬᠠᠮᠢᠶᠠᠷᠤᠯᠲᠠ ᠳᠤᠮᠳᠠ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ︔      ︵ᠲᠠᠪᠤ︶ ᠠᠵᠤ ᠠᠬᠤᠶ ᠶᠢᠨ ᠠᠵᠢᠯᠯᠠᠭ᠎ᠠ ᠶᠢᠨ ᠳᠤᠮᠳᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠣᠭᠲᠠᠭᠠᠯ ᠢ ᠵᠢᠷᠤᠮᠯᠠᠭᠰᠠᠨ ᠪᠠᠶᠢᠳᠠᠯ︔      ︵ᠵᠢᠷᠭᠤᠭ᠎ᠠ︶ ᠥᠩᠭᠡᠷᠡᠭᠰᠡᠨ ᠤ ᠬᠢᠨᠠᠨ ᠪᠤᠳᠤᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ︔      ︵ᠲᠤᠯᠤᠭ᠎ᠠ︶ ᠬᠢᠨᠠᠨ ᠪᠤᠳᠤᠬᠤ ᠴᠢᠬᠤᠯᠠᠲᠠᠶ ᠪᠤᠰᠤᠳ ᠠᠭᠤᠯᠭ᠎ᠠ᠃      ᠠᠷᠪᠠᠨ ᠨᠠᠢᠮᠠᠳᠤᠭᠠᠷ ᠵᠦᠢᠯ ᠨᠠᠮ ᠵᠠᠰᠠᠭ ᠤᠨ ᠠᠵᠢᠯ ᠤᠨ ᠰᠠᠯᠠᠭ᠎ᠠ ᠮᠥᠴᠢᠷ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠠᠵᠢᠯ ᠦᠢᠯᠡᠰ ᠤᠨ ᠨᠢᠭᠡᠴᠢ ᠪᠠ ᠠᠷᠠᠳ ᠤᠨ ᠪᠦᠯᠬᠦᠮ ᠵᠡᠷᠭᠡ ᠨᠢᠭᠡᠴᠢ ᠶᠢᠨ ᠭᠤᠣᠯ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠭᠤᠯᠭ᠎ᠠ ᠳᠤ ᠳᠣᠣᠷᠠᠬᠢ ᠠᠭᠤᠯᠭ᠎ᠠ ᠶᠢ ᠪᠠᠭᠲᠠᠭᠠᠨ᠎ᠠ᠄      ︵ᠨᠢᠭᠡ︶ ᠨᠠᠮ ᠪᠠ ᠤᠯᠤᠰ ᠤᠨ ᠠᠵᠤ ᠠᠬᠤᠶ ᠶᠢᠨ ᠴᠢᠭᠯᠡᠯᠲᠡ ᠲᠦᠷᠦ ᠶᠢᠨ ᠪᠤᠳᠤᠯᠭ᠎ᠠ᠂ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ︔      ︵ᠬᠤᠶᠠᠷ︶ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠴᠢᠬᠤᠯᠠ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠭᠰᠠᠨ᠂ ᠬᠡᠷᠡᠭᠵᠢᠭᠦᠯᠦᠭᠰᠡᠨ ᠪᠠ ᠦᠷ᠎ᠡ ᠪᠦᠲᠦᠮᠵᠢ ᠶᠢᠨ ᠪᠠᠶᠢᠳᠠᠯ︔      ︵ᠭᠤᠷᠪᠠ︶ ᠴᠢᠬᠤᠯᠠ ᠶᠡᠭᠡ ᠠᠵᠤ ᠠᠬᠤᠶ ᠶᠢᠨ ᠬᠡᠷᠡᠭ ᠶᠠᠪᠤᠳᠠᠯ ᠤᠨ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ᠂ ᠬᠡᠷᠡᠭᠵᠢᠭᠦᠯᠦᠭᠰᠡᠨ ᠪᠠ ᠦᠷ᠎ᠡ ᠪᠦᠲᠦᠮᠵᠢ ᠶᠢᠨ ᠪᠠᠶᠢᠳᠠᠯ︔      ︵ᠲᠦᠷᠪᠡ︶ ᠡᠳ᠋ ᠤᠨ ᠵᠠᠰᠠᠭ ᠡᠳ᠋ ᠤᠨ ᠶᠠᠪᠤᠳᠠᠯ ᠤᠨ ᠬᠠᠮᠢᠶᠠᠷᠤᠯᠲᠠ ᠪᠠ ᠠᠵᠤ ᠠᠬᠤᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠭᠰᠡᠨ ᠪᠠᠶᠢᠳᠠᠯ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠦᠢᠯᠡᠰ᠂ ᠪᠡᠯᠡ ᠮᠥᠩᠭᠦ ᠵᠡᠷᠭᠡ ᠶᠢᠨ ᠬᠠᠮᠢᠶᠠᠷᠤᠯᠲᠠ ᠬᠡᠷᠡᠭᠯᠡᠯᠲᠡ ᠪᠠ ᠦᠷ᠎ᠡ ᠠᠰᠢᠭ ᠤᠨ ᠪᠠᠶᠢᠳᠠᠯ᠂ ᠵᠢᠴᠢ ᠲᠥᠰᠦᠪ ᠤᠨ ᠬᠠᠮᠢᠶᠠᠷᠤᠯᠲᠠ ᠶᠢᠨ ᠳᠤᠮᠳᠠ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ︔      ︵ᠲᠠᠪᠤ︶ ᠠᠵᠤ ᠠᠬᠤᠶ ᠶᠢᠨ ᠠᠵᠢᠯᠯᠠᠭ᠎ᠠ ᠶᠢᠨ ᠳᠤᠮᠳᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠣᠭᠲᠠᠭᠠᠯ ᠢ ᠵᠢᠷᠤᠮᠯᠠᠭᠰᠠᠨ ᠪᠠᠶᠢᠳᠠᠯ︔      ︵ᠵᠢᠷᠭᠤᠭ᠎ᠠ︶ ᠥᠩᠭᠡᠷᠡᠭᠰᠡᠨ ᠤ ᠬᠢᠨᠠᠨ ᠪᠤᠳᠤᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ︔      ︵ᠲᠤᠯᠤᠭ᠎ᠠ︶ ᠬᠢᠨᠠᠨ ᠪᠤᠳᠤᠬᠤ ᠴᠢᠬᠤᠯᠠᠲᠠᠶ ᠪᠤᠰᠤᠳ ᠠᠭᠤᠯᠭ᠎ᠠ᠃      ᠠᠷᠪᠠ ᠶᠢᠰᠦᠳᠦᠭᠡᠷ ᠵᠦᠢᠯ ᠤᠮᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠤᠳᠤᠷᠢᠳᠬᠤ ᠬᠥᠮᠦᠰ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠭᠤᠯᠭ᠎ᠠ ᠳᠤ᠄      ︵ᠨᠢᠭᠡ︶ ᠨᠠᠮ ᠪᠠ ᠤᠯᠤᠰ ᠤᠨ ᠠᠵᠤ ᠠᠬᠤᠶ ᠶᠢᠨ ᠴᠢᠭᠯᠡᠯᠲᠡ ᠲᠦᠷᠦ ᠶᠢᠨ ᠪᠤᠳᠤᠯᠭ᠎ᠠ᠂ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ︔      ︵ᠬᠤᠶᠠᠷ︶ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠶᠢ ᠲᠣᠭᠲᠠᠭᠠᠭᠰᠠᠨ᠂ ᠬᠡᠷᠡᠭᠵᠢᠭᠦᠯᠦᠭᠰᠡᠨ ᠪᠠ ᠦᠷ᠎ᠡ ᠪᠦᠲᠦᠮᠵᠢ ᠶᠢᠨ ᠪᠠᠶᠢᠳᠠᠯ︔      ︵ᠭᠤᠷᠪᠠ︶ ᠴᠢᠬᠤᠯᠠ ᠶᠡᠭᠡ ᠠᠵᠤ ᠠᠬᠤᠶ ᠶᠢᠨ ᠬᠡᠷᠡᠭ ᠶᠠᠪᠤᠳᠠᠯ ᠤᠨ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ᠂ ᠬᠡᠷᠡᠭᠵᠢᠭᠦᠯᠦᠭᠰᠡᠨ ᠪᠠ ᠦᠷ᠎ᠡ ᠪᠦᠲᠦᠮᠵᠢ ᠶᠢᠨ ᠪᠠᠶᠢᠳᠠᠯ︔      ︵ᠲᠦᠷᠪᠡ︶ ᠠᠵᠤ ᠠᠬᠤᠶᠢᠯᠠᠯ ᠬᠠᠤᠯᠢ ᠶᠢᠨ ᠬᠥᠮᠦᠨ ᠤ ᠵᠠᠰᠠᠬᠤ ᠪᠦᠲᠦᠴᠡ ᠶᠢ ᠪᠠᠶᠢᠭᠤᠯᠤᠭᠰᠠᠨ᠂ ᠲᠡᠭᠦᠯᠳᠡᠷᠵᠢᠭᠦᠯᠦᠭᠰᠡᠨ ᠪᠠ ᠠᠵᠢᠯᠯᠠᠭᠠᠨ ᠤ ᠪᠠᠶᠢᠳᠠᠯ᠂ ᠳᠣᠲᠣᠭᠠᠳᠤ ᠶᠢᠨ ᠬᠢᠵᠠᠭᠠᠷᠯᠠᠬᠤ ᠲᠦᠷᠢᠮ ᠢ ᠲᠣᠭᠲᠠᠭᠠᠭᠰᠠᠨ ᠪᠠ ᠬᠡᠷᠡᠭᠵᠢᠭᠦᠯᠦᠭᠰᠡᠨ ᠪᠠᠶᠢᠳᠠᠯ︔      ︵ᠲᠠᠪᠤ︶ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠦᠨᠡᠨ ᠪᠣᠳᠠᠲᠠᠶ ᠬᠠᠤᠯᠢ ᠶᠣᠰᠣᠨ ᠤ ᠦᠷ᠎ᠡ ᠠᠰᠢᠭ ᠤᠨ ᠪᠠᠶᠢᠳᠠᠯ᠂ ᠲᠦᠭᠰᠢᠭᠦᠷᠢ ᠶᠢ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ᠂ ᠬᠢᠯᠢ ᠶᠢᠨ ᠭᠠᠳᠠᠨᠠᠬᠢ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠳᠠᠯ︔      ︵ᠵᠢᠷᠭᠤᠭ᠎ᠠ︶ ᠠᠵᠤ ᠠᠬᠤᠶ ᠶᠢᠨ ᠠᠵᠢᠯᠯᠠᠭ᠎ᠠ ᠶᠢᠨ ᠳᠤᠮᠳᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠠᠷᠢᠭᠤᠨ ᠴᠢᠬᠡᠴᠢ ᠪᠠᠷ ᠠᠵᠢᠯ ᠡᠷᠬᠢᠯᠡᠬᠦ ᠲᠣᠭᠲᠠᠭᠠᠯ ᠢ ᠵᠢᠷᠤᠮᠯᠠᠭᠰᠠᠨ ᠪᠠᠶᠢᠳᠠᠯ︔      ︵ᠳᠣᠯᠤᠭ᠎ᠠ︶ ᠥᠩᠭᠡᠷᠡᠭᠰᠡᠨ ᠤ ᠬᠢᠨᠠᠨ ᠪᠤᠳᠤᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ︔      ︵ᠨᠠᠢᠮᠠ︶ ᠬᠢᠨᠠᠨ ᠪᠤᠳᠤᠬᠤ ᠴᠢᠬᠤᠯᠠᠲᠠᠶ ᠪᠤᠰᠤᠳ ᠠᠭᠤᠯᠭ᠎ᠠ᠃      ᠬᠤᠷᠢᠳᠤᠭᠠᠷ ᠵᠦᠢᠯ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠂ ᠣᠷᠣᠨ ᠨᠤᠲᠤᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠭᠤᠣᠯ ᠤᠳᠤᠷᠢᠳᠬᠤ ᠺᠠᠳ᠋ᠷ ᠢ ᠳᠡᠭᠡᠳᠦ ᠱᠠᠲᠤᠨ ᠤ ᠤᠳᠤᠷᠢᠳᠬᠤ ᠺᠠᠳ᠋ᠷ ᠬᠠᠪᠰᠤᠷᠭᠠᠨ ᠬᠠᠷᠢᠭᠤᠴᠠᠬᠤ ᠮᠥᠷᠲᠡᠭᠡᠨ ᠠᠵᠤ ᠠᠬᠤᠶ ᠶᠢᠨ ᠬᠠᠷᠢᠭᠤᠴᠠᠯᠭ᠎ᠠ ᠶᠢ ᠪᠣᠳᠠᠲᠠᠶ ᠪᠠᠷ ᠭᠦᠢᠴᠡᠳᠬᠡᠭᠰᠡᠨ ᠪᠠᠶᠢᠪᠠᠯ᠂ ᠲᠡᠭᠦᠨ ᠳᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠬᠢᠬᠦ ᠦᠶ᠎ᠡ ᠳᠤ᠂ ᠬᠢᠨᠠᠨ ᠪᠤᠳᠤᠬᠤ ᠠᠭᠤᠯᠭ᠎ᠠ ᠶᠢ ᠵᠥᠪᠬᠡᠨ ᠲᠤᠰ ᠤᠳᠤᠷᠢᠳᠬᠤ ᠺᠠᠳ᠋ᠷ ᠤᠨ ᠬᠠᠪᠰᠤᠷᠭᠠᠨ ᠡᠭᠦᠷᠭᠡᠯᠡᠵᠦ ᠪᠠᠶᠢᠭ᠎ᠠ ᠲᠤᠰᠢᠶᠠᠯ ᠤᠨ ᠭᠦᠢᠴᠡᠳᠬᠡᠪᠡᠰᠦ ᠵᠣᠬᠢᠬᠤ ᠠᠵᠤ ᠠᠬᠤᠶ ᠶᠢᠨ ᠬᠠᠷᠢᠭᠤᠴᠠᠯᠭ᠎ᠠ ᠪᠠᠷ ᠬᠢᠵᠠᠭᠠᠷᠯᠠᠨ᠎ᠠ᠃      ᠳᠥᠷᠪᠡᠳᠦᠭᠡᠷ ᠪᠦᠯᠦᠭ ᠬᠢᠨᠠᠨ ᠪᠤᠳᠤᠯᠳᠠ ᠶᠢ ᠬᠡᠷᠡᠭᠵᠢᠭᠦᠯᠬᠦ      ᠬᠤᠷᠢᠨ ᠨᠢᠭᠡᠳᠦᠭᠡᠷ ᠵᠦᠢᠯ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠨᠤᠭᠤᠳ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠵᠦᠢᠯ ᠤᠨ ᠣᠨ ᠤ ᠲᠥᠯᠥᠪᠯᠡᠭᠡ ᠶᠢ ᠦᠨᠳᠦᠰᠦᠯᠡᠨ᠂ ᠬᠢᠨᠠᠨ ᠪᠤᠳᠤᠬᠤ ᠳᠤᠭᠤᠶᠢᠯᠠᠩ ᠪᠠᠶᠢᠭᠤᠯᠬᠤ ᠶᠢᠨ ᠬᠠᠮᠲᠤ ᠬᠢᠨᠠᠨ ᠪᠤᠳᠤᠬᠤ ᠬᠡᠷᠡᠭᠲᠡᠶ᠃      ᠬᠤᠷᠢᠨ ᠬᠤᠶᠠᠳᠤᠭᠠᠷ ᠵᠦᠢᠯ ᠡᠳᠠᠯᠢ ᠨᠢᠭᠡᠨ ᠣᠷᠣᠨ ᠨᠤᠲᠤᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠭᠤᠣᠯ ᠤᠳᠤᠷᠢᠳᠬᠤ ᠺᠠᠳ᠋ᠷ ᠵᠢᠴᠢ ᠠᠳᠠᠯᠢ ᠨᠢᠭᠡᠨ ᠰᠠᠯᠠᠭ᠎ᠠ ᠮᠥᠴᠢᠷ᠂ ᠨᠢᠭᠡᠴᠢ ᠶᠢᠨ 2᠎ ᠠᠴᠠ ᠳᠡᠭᠡᠭᠰᠢᠬᠢ ᠭᠤᠣᠯ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢ ᠵᠡᠷᠭᠡ ᠳᠤᠨᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠷᠢᠭᠤᠴᠠᠯᠭ᠎ᠠ ᠶᠢ ᠲᠤᠰ ᠲᠤᠰ ᠲᠤᠨᠢ ᠮᠠᠭᠠᠳᠯᠠᠨ ᠲᠣᠭᠲᠠᠭᠠᠵᠤ ᠪᠣᠯᠤᠨ᠎ᠠ᠃      ᠬᠤᠷᠢᠨ ᠭᠤᠷᠪᠠᠳᠤᠭᠠᠷ ᠵᠦᠢᠯ ᠬᠢᠨᠠᠨ ᠪᠤᠳᠤᠬᠤ ᠵᠥᠪᠯᠡᠯ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠨᠤᠭᠤᠳ ᠲᠣᠭᠲᠠᠭᠠᠯ ᠶᠣᠰᠣᠭᠠᠷ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ ᠨᠢᠭᠡᠴᠢ ᠪᠤᠶᠤ ᠤᠤᠯ ᠤᠨ ᠲᠤᠰᠢᠶᠠᠯ ᠡᠭᠦᠷᠭᠡᠯᠡᠵᠦ ᠪᠠᠶᠢᠭᠰᠠᠨ ᠨᠢᠭᠡᠴᠢ ︵ᠳᠣᠷᠣᠭᠰᠢ ᠪᠠᠶᠢᠭ᠎ᠠ ᠨᠢᠭᠡᠴᠢ ᠭᠡᠵᠦ ᠶᠡᠷᠦᠩᠬᠡᠶᠢᠯᠡᠨ ᠨᠡᠷᠡᠶᠢᠳᠦᠨ᠎ᠡ︶᠎ ᠳᠤ ᠬᠢᠨᠠᠨ ᠪᠤᠳᠤᠬᠤ ᠮᠡᠳᠡᠭᠳᠡᠯ ᠤᠨ ᠪᠢᠴᠢᠭ ᠢ ᠬᠦᠷᠭᠡᠵᠦ᠂ ᠠᠳᠠᠯᠢ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠵᠡᠷᠭᠡ ᠬᠤᠯᠪᠣᠭᠳᠠᠯ ᠪᠦᠬᠦᠢ ᠨᠢᠭᠡᠴᠢ ᠳᠤ ᠬᠠᠭᠤᠯᠤᠨ ᠬᠦᠷᠭᠡᠬᠦ ᠬᠡᠷᠡᠭᠲᠡᠶ᠃      ᠣᠷᠣᠨ ᠨᠤᠲᠤᠭ ᠤᠨ ᠨᠢᠭᠲᠠᠯᠠᠨ ᠪᠠᠶᠢᠴᠠᠭᠠᠬᠤ ᠪᠠᠶᠢᠭᠤᠯᠤᠯᠭ᠎ᠠ ᠶᠢᠨ ᠭᠤᠣᠯ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠨᠢᠭᠲᠠᠯᠠᠨ ᠪᠠᠶᠢᠴᠠᠭᠠᠬᠤ ᠮᠡᠳᠡᠭᠳᠡᠯ ᠤᠨ ᠪᠢᠴᠢᠭ ᠢ ᠳᠡᠭᠡᠷ᠎ᠡ ᠨᠢᠭᠡ ᠱᠠᠲᠤᠨ ᠤ ᠨᠢᠭᠲᠠᠯᠠᠨ ᠪᠠᠶᠢᠴᠠᠭᠠᠬᠤ ᠪᠠᠶᠢᠭᠤᠯᠤᠯᠭ᠎ᠠ ᠠᠴᠠ ᠬᠦᠷᠭᠡᠵᠦ ᠥᠭᠭᠦᠨ᠎ᠡ᠃      ᠬᠤᠷᠢᠨ ᠳᠥᠷᠪᠡᠳᠦᠭᠡᠷ ᠵᠦᠢᠯ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢ ᠬᠡᠷᠡᠭᠵᠢᠭᠦᠯᠬᠦ ᠦᠶ᠎ᠡ ᠳᠤ᠂ ᠬᠢᠨᠠᠨ ᠪᠤᠳᠤᠬᠤ ᠳᠤᠭᠤᠶᠢᠯᠠᠩ ᠤᠨ ᠭᠤᠣᠯ ᠪᠦᠷᠢᠯᠳᠦᠬᠦᠨ᠂ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ ᠨᠢᠭᠡᠴᠢ ᠶᠢᠨ ᠬᠤᠯᠪᠣᠭᠳᠠᠯ ᠪᠦᠬᠦᠢ ᠬᠥᠮᠦᠰ ᠤᠨ ᠣᠷᠣᠯᠴᠠᠭᠰᠠᠨ ᠬᠤᠷᠠᠯ ᠢ ᠬᠤᠷᠠᠯᠳᠤᠭᠤᠯᠵᠤ᠂ ᠬᠢᠨᠠᠨ ᠪᠤᠳᠤᠬᠤ ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠲᠣᠬᠢᠷᠠᠭᠤᠯᠬᠤ ᠬᠡᠷᠡᠭᠲᠡᠶ᠃ ᠬᠠᠮᠲᠤᠷᠠᠭᠰᠠᠨ ᠬᠤᠷᠠᠯᠳᠤᠭᠠᠨ ᠤ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠢ ᠨᠦᠭᠦᠳ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠥᠮᠦᠨ ᠲᠣᠮᠢᠯᠠᠨ ᠣᠷᠣᠯᠴᠠᠭᠤᠯᠵᠤ ᠪᠣᠯᠤᠨ᠎ᠠ᠃      ᠬᠢᠨᠠᠨ ᠪᠤᠳᠤᠬᠤ ᠳᠤᠭᠤᠶᠢᠯᠠᠩ ᠬᠢᠨᠠᠨ ᠪᠤᠳᠤᠭᠳᠠᠵᠦ ᠪᠠᠶᠢᠭ᠎ᠠ ᠨᠢᠭᠡᠴᠢ ᠳᠤ ᠬᠢᠨᠠᠨ ᠪᠤᠳᠤᠬᠤ ᠵᠦᠢᠯᠡᠰ ᠤᠨ ᠨᠡᠷᠡᠶᠢᠳᠦᠯ᠂ ᠬᠢᠨᠠᠨ ᠪᠤᠳᠤᠬᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠪᠠ ᠢᠯᠡᠴᠢᠯᠡᠨ ᠮᠡᠳᠡᠭᠦᠯᠬᠦ ᠤᠲᠠᠰᠤ ᠵᠡᠷᠭᠡ ᠠᠭᠤᠯᠭ᠎ᠠ ᠶᠢ ᠵᠠᠷᠯᠠᠨ ᠨᠡᠶᠢᠲᠡᠯᠡᠬᠦ ᠬᠡᠷᠡᠭᠲᠡᠶ᠃      ᠬᠤᠷᠢᠨ ᠲᠠᠪᠤᠳᠤᠭᠠᠷ ᠵᠦᠢᠯ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠶᠠᠪᠤᠴᠠ ᠳᠤ᠂ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠤᠨ ᠪᠠᠶᠢᠭ᠎ᠠ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠬᠦᠨ ᠤ ᠰᠠᠨᠠᠯ ᠢ ᠰᠣᠨᠣᠰᠬᠤ ᠬᠡᠷᠡᠭᠲᠡᠶ᠃      ᠣᠷᠣᠨ ᠨᠤᠲᠤᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠭᠤᠣᠯ ᠤᠳᠤᠷᠢᠳᠬᠤ ᠺᠠᠳ᠋ᠷ ᠢ ᠬᠢᠨᠠᠨ ᠪᠤᠳᠤᠬᠤ ᠳᠠᠭᠠᠨ ᠪᠠᠰᠠ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠥᠪᠯᠡᠯᠭᠡᠨ ᠤ ᠭᠤᠣᠯ ᠬᠠᠷᠢᠭᠤᠴᠠᠯᠭᠠᠲᠠᠨ ᠨᠥᠬᠦᠳ ᠤᠨ ᠰᠠᠨᠠᠯ ᠢ ᠰᠣᠨᠣᠰᠬᠤ ᠬᠡᠷᠡᠭᠲᠡᠶ᠃      ᠬᠢᠨᠠᠨ ᠪᠤᠳᠤᠬᠤ ᠵᠥᠪᠯᠡᠯ ᠤᠨ ᠠᠯᠪᠠᠨ ᠬᠡᠷ᠂ ᠬᠢᠨᠠᠨ ᠪᠤᠳᠤᠬᠤ ᠪᠠᠶᠢᠭᠤᠯᠤᠯᠭ᠎ᠠ ᠨᠤᠭᠤᠳ ᠬᠠᠮᠲᠤᠷᠠᠭᠰᠠᠨ ᠬᠤᠷᠠᠯ ᠤᠨ ᠬᠤᠯᠪᠣᠭᠳᠠᠯ ᠪᠥᠬᠦᠶ ᠪᠦᠷᠢᠯᠳᠦᠬᠦᠨ ᠨᠢᠭᠡᠴᠡ ᠶᠢᠨ ᠰᠠᠨᠠᠯ ᠢ ᠰᠣᠨᠣᠰᠴᠤ᠂ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠤᠯᠪᠣᠭᠳᠠᠬᠤ ᠬᠢᠨᠠᠨ ᠪᠠᠶᠢᠴᠠᠭᠠᠵᠤ ᠬᠢᠨᠠᠨ ᠰᠢᠯᠭᠠᠭᠰᠠᠨ᠂ ᠣᠯᠠᠨ ᠲᠦᠮᠡᠨ ᠤ ᠲᠤᠰᠬᠠᠭᠰᠠᠨ᠂ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ᠂ ᠵᠣᠬᠢᠶᠠᠨ ᠪᠠᠶᠢᠭᠤᠯᠵᠤ ᠪᠣᠯᠵᠣᠨ ᠶᠠᠷᠢᠯᠴᠠᠭᠰᠠᠨ᠂ ᠵᠠᠬᠢᠳᠠᠯ ᠢᠶᠠᠷ ᠠᠰᠠᠭᠤᠨ ᠪᠠᠶᠢᠴᠠᠭᠠᠭᠰᠠᠨ᠂ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠵᠡᠷᠭᠡ ᠪᠠᠶᠢᠳᠠᠯ ᠢ ᠴᠠᠭ ᠲᠤᠬᠠᠶ ᠳᠤᠨᠢ ᠣᠶᠢᠯᠠᠭᠠᠬᠤ ᠬᠡᠷᠡᠭᠲᠡᠶ᠃      ᠬᠤᠷᠢᠨ ᠵᠢᠷᠭᠤᠳᠤᠭᠠᠷ ᠵᠦᠢᠯ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ ᠨᠢᠭᠡᠴᠢ ᠵᠢᠴᠢ ᠬᠤᠯᠪᠣᠭᠳᠠᠯ ᠪᠦᠬᠦᠢ ᠪᠤᠰᠤᠳ ᠨᠢᠭᠡᠴᠢ ᠨᠦᠭᠦᠳ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠤᠯᠪᠣᠭᠳᠠᠬᠤ ᠳᠣᠣᠷ᠎ᠠ ᠵᠢᠭᠰᠠᠭᠠᠭᠰᠠᠨ ᠮᠠᠲ᠋ᠧᠷᠢᠶᠠᠯ ᠤᠳ ᠢ ᠴᠠᠭ ᠲᠤᠬᠠᠶ ᠳᠤᠨᠢ᠂ ᠣᠨᠣᠪᠴᠢᠲᠠᠶ᠂ ᠪᠦᠷᠢᠨ ᠪᠦᠲᠦᠨ ᠢᠶᠠᠷ ᠬᠠᠩᠭᠠᠬᠤ ᠬᠡᠷᠡᠭᠲᠡᠶ᠄      ︵ᠨᠢᠭᠡ︶ ᠬᠢᠨᠠᠨ ᠪᠣᠳᠣᠭᠳᠠᠬᠤ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ︔      ︵ᠬᠤᠶᠠᠷ︶ ᠠᠵᠢᠯ ᠤᠨ ᠲᠥᠯᠥᠪᠯᠡᠭᠡ᠂ ᠠᠵᠢᠯ ᠤᠨ ᠳ᠋ᠦᠩᠨᠡᠯᠲᠡ᠂ ᠠᠵᠢᠯ ᠤᠨ ᠮᠡᠳᠡᠭᠦᠯᠦᠯᠲᠡ᠂ ᠬᠤᠷᠠᠯ ᠤᠨ ᠲᠡᠮᠳᠡᠭᠯᠡᠯ᠂ ᠬᠤᠷᠠᠯ ᠤᠨ ᠲᠣᠪᠴᠢ ᠲᠡᠮᠳᠡᠭᠯᠡᠯ᠂ ᠰᠢᠢᠳᠪᠦᠷᠢ ᠲᠣᠭᠲᠠᠭᠠᠯ᠂ ᠵᠢᠭᠠᠪᠤᠷᠢ ᠠᠪᠬᠤ᠂ ᠴᠣᠬᠤᠯᠠᠪᠤᠷᠢ᠂ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ᠂ ᠠᠵᠤ ᠠᠬᠤᠶ ᠶᠢᠨ ᠭᠡᠷ᠎ᠡ᠂ ᠬᠢᠨᠠᠨ ᠰᠢᠯᠭᠠᠵᠤ ᠪᠠᠶᠢᠴᠠᠭᠠᠭᠰᠠᠨ ᠦᠷ᠎ᠡ ᠳ᠋ᠦᠩ᠂ ᠲᠤᠬᠠᠶᠢᠯᠠᠭᠰᠠᠨ ᠠᠵᠢᠯ ᠤᠨ ᠲᠠᠩᠰᠠ ᠡᠪᠬᠡᠮᠡᠯ᠂ ᠪᠠᠶᠢᠭᠤᠯᠤᠮᠵᠢ ᠶᠢᠨ ᠣᠷᠣᠨ ᠲᠤᠭ᠎ᠠ᠂ ᠲᠦᠷᠢᠮ ᠲᠣᠭᠲᠠᠭᠠᠯ᠂ ᠥᠩᠭᠡᠷᠡᠭᠰᠡᠨ ᠤ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠡᠷᠭᠡ ᠮᠠᠲ᠋ᠧᠷᠢᠶᠠᠯ︔      ︵ᠭᠤᠷᠪᠠ︶ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠬᠤᠯᠪᠣᠭᠳᠠᠯ ᠪᠦᠬᠦᠢ ᠮᠠᠲ᠋ᠧᠷᠢᠶᠠᠯ︔      ︵ᠲᠦᠷᠪᠡ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠢ ᠬᠤᠯᠪᠣᠭᠳᠠᠬᠤ ᠡᠯᠧᠺᠲᠷᠣᠨ ᠳ᠋ᠠᠶᠢᠲ᠋ᠠ ᠪᠠ ᠴᠢᠬᠤᠯᠠ ᠪᠦᠬᠦᠢ ᠮᠡᠷᠭᠡᠵᠢᠯ ᠤᠨ ᠪᠢᠴᠢᠭᠯᠡᠯ︔      ︵ᠲᠠᠪᠤ︶ ᠬᠢᠨᠠᠨ ᠪᠤᠳᠤᠬᠤ ᠳᠤ ᠬᠡᠷᠡᠭᠰᠡᠬᠦ ᠪᠤᠰᠤᠳ ᠮᠠᠲ᠋ᠧᠷᠢᠶᠠᠯ᠃      ᠬᠤᠷᠢᠨ ᠳᠣᠯᠣᠳᠤᠭᠠᠷ ᠵᠦᠢᠯ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ ᠨᠢᠭᠡᠴᠢ ᠨᠢ ᠬᠠᠩᠭᠠᠭᠰᠠᠨ ᠮᠠᠲ᠋ᠧᠷᠢᠶᠠᠯ ᠤᠨ ᠢᠶᠠᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠲᠤ ᠬᠠᠷᠢᠭᠤᠴᠠᠬᠤ ᠬᠡᠷᠡᠭᠲᠡᠶ ᠪᠥᠭᠡᠳ ᠪᠢᠴᠢᠭ ᠤᠨ ᠠᠮᠠᠯᠠᠯᠲᠠ ᠬᠢᠬᠦ ᠬᠡᠷᠡᠭᠲᠡᠶ᠃      ᠬᠤᠷᠢᠨ ᠨᠠᠢᠮᠠᠳᠤᠭᠠᠷ ᠵᠦᠢᠯ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠳᠤ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠤᠳᠤᠯᠲᠠ ᠵᠡᠷᠭᠡ ᠪᠤᠰᠤᠳ ᠬᠢᠨᠠᠨ ᠪᠤᠳᠤᠯᠲᠠ ᠯᠤᠭ᠎ᠠ ᠶᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠬᠢᠨᠠᠨ ᠪᠤᠳᠤᠯᠲᠠ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠬᠢᠨᠠᠨ ᠪᠤᠳᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠨ᠎ᠡ ᠶᠢ ᠡᠭᠦᠳᠴᠦ᠂ ᠲᠣᠮᠣ ᠳ᠋ᠠᠶᠢᠲ᠋ᠠ ᠵᠡᠷᠭᠡ ᠰᠢᠨ᠎ᠡ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠤᠨ᠂ ᠬᠢᠨᠠᠨ ᠪᠤᠳᠤᠯᠲᠠ ᠶᠢᠨ ᠠᠵᠢᠯ ᠤᠨ ᠮᠡᠳᠡᠭᠡ ᠵᠠᠩᠭᠢ ᠪᠠ ᠦᠷ᠎ᠡ ᠳ᠋ᠦᠩ ᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠪᠦᠬᠦᠯᠢ ᠴᠣᠭᠴᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃      ᠬᠤᠷᠢ ᠶᠢᠰᠦᠳᠦᠭᠡᠷ ᠵᠦᠢᠯ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠶᠠᠪᠤᠴᠠ ᠳᠤ᠂ ᠲᠣᠭᠲᠠᠭᠠᠯ ᠶᠣᠰᠣᠭᠠᠷ ᠬᠠᠤᠯᠢ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠳᠤ ᠬᠠᠮᠵᠢᠯᠴᠠᠭᠤᠯᠬᠤ ᠪᠠᠷ ᠳᠡᠪᠰᠢᠭᠦᠯᠵᠦ ᠪᠣᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠳᠡᠮᠵᠢᠯᠭᠡ ᠦᠵᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠮᠠᠲ᠋ᠧᠷᠢᠶᠠᠯ ᠪᠠ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠩᠭᠠᠬᠤ ᠬᠡᠷᠡᠭᠲᠡᠶ᠃      ᠭᠤᠴᠢᠳᠤᠭᠠᠷ ᠵᠦᠢᠯ ᠨᠢᠭᠲᠠᠯᠠᠨ ᠪᠠᠶᠢᠴᠠᠭᠠᠬᠤ ᠳᠤᠭᠤᠶᠢᠯᠠᠩ ᠨᠢᠭᠲᠠᠯᠠᠨ ᠪᠠᠢᠴᠠᠭᠠᠭᠰᠠᠨ ᠤ ᠳᠠᠷᠠᠭ᠎ᠠ᠂ ᠨᠢᠭᠲᠠᠯᠠᠨ ᠪᠠᠶᠢᠴᠠᠭᠠᠬᠤ ᠳᠤᠭᠤᠢᠯᠠᠩ ᠢ ᠲᠣᠮᠢᠯᠠᠭᠰᠠᠨ ᠨᠢᠭᠲᠠᠯᠠᠨ ᠪᠠᠶᠢᠴᠠᠭᠠᠬᠤ ᠬᠤᠮᠢᠰ ᠤᠨ ᠠᠯᠪᠠᠨ ᠭᠡᠷ᠂ ᠨᠢᠭᠲᠠᠯᠠᠨ ᠪᠠᠶᠢᠴᠠᠭᠠᠬᠤ ᠪᠠᠢᠭᠤᠯᠤᠯᠭ᠎ᠠ ᠳᠤ ᠨᠢᠭᠲᠠᠯᠠᠨ ᠪᠠᠢᠴᠠᠭᠠᠭᠰᠠᠨ ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠶ᠃      ᠬᠢᠨᠠᠨ ᠪᠤᠳᠤᠯᠲᠠ ᠶᠢᠨ ᠮᠡᠳᠡᠭᠦᠯᠦᠯᠲᠡ ᠳᠤ ᠶᠡᠷᠦ ᠳᠡᠭᠡᠨ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠤᠨ ᠲᠤᠰᠢᠶᠠᠯ ᠤᠨ ᠬᠤᠭᠤᠴᠠᠭᠠᠨ ᠳᠠᠬᠢ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠲᠤᠬᠠᠶ ᠶᠡᠷᠦᠩᠬᠡᠶ ᠦᠨᠡᠯᠡᠯᠲᠡ᠂ ᠭᠤᠣᠯ ᠠᠵᠢᠯ ᠤᠨ ᠪᠦᠲᠦᠮᠵᠢ᠂ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠭᠤᠣᠯ ᠠᠰᠠᠭᠤᠳᠠᠯ ᠪᠠ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠬᠤ᠂ ᠬᠢᠨᠠᠨ ᠪᠤᠳᠤᠯᠲᠠ ᠶᠢᠨ ᠰᠠᠨᠠᠭᠤᠯᠭ᠎ᠠ ᠵᠡᠷᠭᠡ ᠠᠭᠤᠯᠭ᠎ᠠ ᠶᠢ ᠪᠠᠭᠲᠠᠭᠠᠳᠠᠭ᠃      ᠭᠤᠴᠢᠨ ᠨᠢᠭᠡᠳᠦᠭᠡᠷ ᠵᠦᠢᠯ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠨᠢ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ ᠨᠢᠭᠡᠴᠢ ᠶᠢᠨ ᠬᠢᠨᠠᠨ ᠪᠤᠳᠤᠬᠤ ᠳᠤᠭᠤᠶᠢᠯᠠᠩ ᠤᠨ ᠬᠢᠨᠠᠨ ᠪᠤᠳᠤᠭᠰᠠᠨ ᠮᠡᠳᠡᠭᠦᠯᠦᠯᠲᠡ ᠶᠢᠨ ᠲᠤᠬᠠᠢ ᠰᠠᠨᠠᠯ ᠢ ᠪᠢᠴᠢᠭ ᠢᠶᠠᠷ ᠬᠤᠷᠢᠶᠠᠬᠤ ᠬᠡᠷᠡᠭᠲᠡᠢ᠃      ᠭᠤᠴᠢᠨ ᠬᠤᠶᠠᠳᠤᠭᠠᠷ ᠵᠦᠢᠯ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ ᠨᠢᠭᠡᠴᠢ ᠨᠢ ᠬᠢᠨᠠᠨ ᠪᠤᠳᠤᠬᠤ ᠳᠤᠭᠤᠶᠢᠯᠠᠩ ᠤᠨ ᠬᠢᠨᠠᠨ ᠪᠤᠳᠤᠭᠰᠠᠨ ᠮᠡᠳᠡᠭᠦᠯᠦᠯᠲᠡ ᠶᠢ ᠣᠯᠤᠭᠰᠠᠨ ᠡᠳᠦᠷ ᠠᠴᠠ ᠡᠬᠢᠯᠡᠨ 10 ᠠᠵᠢᠯ ᠤᠨ ᠡᠳᠦᠷ ᠤᠨ ᠳᠣᠲᠣᠷ᠎ᠠ ᠪᠢᠴᠢᠭ ᠢᠶᠠᠷ ᠰᠠᠨᠠᠯ ᠢᠶᠠᠨ ᠳᠤᠷᠠᠳᠬᠤ ᠬᠡᠷᠡᠭᠲᠡᠶ︔ 10 ᠠᠵᠢᠯᠯᠠᠬᠤ ᠡᠳᠦᠷ ᠤᠨ ᠳᠣᠲᠣᠷ᠎ᠠ ᠪᠢᠴᠢᠭ ᠢᠶᠠᠷ ᠰᠠᠨᠠᠯ ᠳᠤᠷᠠᠳᠤᠭᠰᠠᠨ ᠦᠭᠡᠢ ᠪᠠᠶᠢᠪᠠᠯ᠂ ᠣᠨᠳᠣᠣ ᠰᠠᠨᠠᠯ ᠦᠭᠡᠢ ᠪᠠᠷ ᠦᠵᠡᠨ᠎ᠡ᠃      ᠬᠢᠨᠠᠨ ᠪᠤᠳᠤᠬᠤ ᠳᠤᠭᠤᠶᠢᠯᠠᠩ ᠨᠢ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ ᠨᠢᠭᠡᠴᠢ ᠶᠢᠨ ᠳᠤᠷᠠᠳᠤᠭᠰᠠᠨ ᠪᠢᠴᠢᠭ ᠤᠨ ᠰᠠᠨᠠᠯ ᠳᠤ ᠴᠢᠭᠯᠡᠭᠦᠯᠦᠨ ᠤᠯᠠᠮ ᠨᠢᠭᠡ ᠠᠯᠬᠤᠮ ᠰᠤᠳᠤᠯᠤᠨ ᠬᠢᠨᠠᠨ ᠬᠠᠷᠭᠤᠭᠤᠯᠵᠤ᠂ ᠬᠢᠨᠠᠨ ᠪᠤᠳᠤᠭᠰᠠᠨ ᠮᠡᠳᠡᠭᠦᠯᠦᠯᠲᠡ ᠳᠤ ᠴᠢᠬᠤᠯᠠ ᠪᠦᠬᠦᠢ ᠵᠠᠰᠠᠪᠤᠷᠢ ᠣᠷᠣᠭᠤᠯᠵᠤ᠂ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ ᠨᠢᠭᠡᠴᠢ ᠶᠢᠨ ᠪᠢᠴᠢᠭ ᠤᠨ ᠰᠠᠨᠠᠯ ᠲᠠᠢ ᠬᠠᠮᠲᠤ ᠳᠤᠨᠢ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠳᠤ ᠮᠡᠳᠡᠭᠦᠯᠦᠨ ᠬᠦᠷᠭᠡᠬᠦ ᠬᠡᠷᠡᠭᠲᠡᠶ᠃      ᠭᠤᠴᠢᠨ ᠭᠤᠷᠪᠠᠳᠤᠭᠠᠷ ᠵᠦᠢᠯ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠲᠣᠭᠲᠠᠭᠠᠭᠰᠠᠨ ᠵᠢᠷᠤᠮ ᠶᠣᠰᠣᠭᠠᠷ ᠬᠢᠨᠠᠨ ᠪᠤᠳᠤᠬᠤ ᠳᠤᠭᠤᠶᠢᠯᠠᠩ ᠤᠨ ᠬᠢᠨᠠᠨ ᠪᠤᠳᠤᠭᠰᠠᠨ ᠮᠡᠳᠡᠭᠦᠯᠦᠯᠲᠡ ᠶᠢ ᠬᠢᠨᠠᠨ ᠲᠣᠭᠲᠠᠭᠠᠵᠤ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠭᠰᠠᠨ ᠮᠡᠳᠡᠭᠦᠯᠦᠯᠲᠡ ᠬᠢᠵᠦ ᠥᠭᠭᠦᠨ᠎ᠡ︔ ᠡᠭᠦᠨ ᠤ ᠬᠠᠮᠲᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠦᠷ᠎ᠡ ᠳ᠋ᠦᠩ ᠤᠨ ᠮᠡᠳᠡᠭᠦᠯᠦᠯᠲᠡ ᠶᠢ ᠭᠠᠷᠭᠠᠵᠤ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠮᠡᠳᠡᠭᠦᠯᠦᠯᠲᠡ ᠶᠢᠨ ᠰᠠᠭᠤᠷᠢᠨ ᠳᠡᠭᠡᠷ᠎ᠡ᠂ ᠬᠢᠨᠠᠨ ᠪᠤᠳᠤᠯᠳᠠ ᠶᠢᠨ ᠦᠷ᠎ᠡ ᠳ᠋ᠦᠩ ᠢ ᠲᠦᠬᠦᠮ ᠲᠤᠰᠬᠠᠨ᠎ᠠ᠃      ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠮᠡᠳᠡᠭᠦᠯᠦᠯᠲᠡ ᠪᠠ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠦᠷ᠎ᠡ ᠳ᠋ᠦᠩ ᠤᠨ ᠮᠡᠳᠡᠭᠦᠯᠦᠯᠲᠡ ᠶᠢᠨ ᠪᠣᠳᠠᠲᠤ ᠶᠠᠪᠤᠳᠠᠯ ᠨᠢ ᠲᠣᠳᠣᠷᠬᠠᠶ᠂ ᠦᠨᠡᠯᠡᠯᠲᠡ ᠨᠢ ᠪᠤᠰᠤᠳᠴᠢ᠂ ᠬᠠᠷᠢᠭᠤᠴᠠᠯᠭ᠎ᠠ ᠨᠢ ᠲᠣᠳᠣᠷᠬᠠᠶ᠂ ᠬᠡᠷᠡᠭᠯᠡᠭᠰᠡᠨ ᠦᠭᠡ ᠨᠢ ᠲᠣᠬᠢᠷᠠᠮᠵᠢᠲᠠᠶ᠂ ᠦᠭᠡ ᠥᠭᠦᠯᠡᠪᠦᠷᠢ ᠨᠢ ᠨᠠᠷᠢᠨ ᠪᠣᠯᠪᠠᠰᠤᠷᠠᠩᠭᠤᠶ᠂ ᠣᠶᠢᠯᠠᠭᠠᠮᠵᠢᠲᠠᠶ ᠪᠠᠶᠢᠬᠤ ᠬᠡᠷᠡᠭᠲᠡᠶ᠃      ᠭᠤᠴᠢᠨ ᠳᠥᠷᠪᠡᠳᠦᠭᠡᠷ ᠵᠦᠢᠯ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠮᠡᠳᠡᠭᠦᠯᠦᠯᠲᠡ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠦᠷ᠎ᠡ ᠳ᠋ᠦᠩ ᠤᠨ ᠮᠡᠳᠡᠭᠦᠯᠦᠯᠲᠡ ᠵᠡᠷᠭᠡ ᠬᠢᠨᠠᠨ ᠪᠤᠳᠤᠯᠳᠠ ᠶᠢᠨ ᠳ᠋ᠦᠩᠨᠡᠯᠲᠡ ᠶᠢᠨ ᠴᠢᠨᠠᠷᠲᠠᠶ ᠪᠢᠴᠢᠭ ᠬᠠᠷ᠎ᠠ ᠶᠢ ᠲᠣᠭᠲᠠᠭᠠᠭᠰᠠᠨ ᠵᠢᠷᠤᠮ ᠶᠣᠰᠣᠭᠠᠷ ᠠᠳᠠᠯᠢ ᠱᠠᠲᠤᠨ ᠤ ᠬᠢᠨᠠᠨ ᠪᠤᠳᠤᠬᠤ ᠺᠣᠮᠢᠰ ᠲᠤ ᠮᠡᠳᠡᠭᠦᠯᠵᠦ᠂ ᠺᠠᠳ᠋ᠷ ᠢ ᠬᠠᠮᠢᠶᠠᠷᠬᠤ ᠡᠷᠬᠡ ᠶᠢᠨ ᠬᠡᠪᠴᠢᠶ᠎ᠡ ᠶᠣᠰᠣᠭᠠᠷ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤ ᠬᠦᠷᠭᠡᠨ᠎ᠡ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠵᠡᠷᠭᠡ ᠬᠠᠮᠲᠤᠷᠠᠭᠰᠠᠨ ᠬᠤᠷᠠᠯᠳᠤᠭᠠᠨ ᠤ ᠪᠤᠰᠤᠳ ᠪᠦᠷᠢᠯᠳᠦᠬᠦᠨ ᠨᠢᠭᠡᠴᠢ᠂ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠬᠦᠷᠭᠡᠨ᠎ᠡ᠃      ᠣᠷᠣᠨ ᠨᠤᠲᠤᠭ ᠤᠨ ᠬᠢᠨᠠᠨ ᠪᠤᠳᠤᠬᠤ ᠪᠠᠶᠢᠭᠤᠯᠭ᠎ᠠ ᠶᠢᠨ ᠭᠤᠣᠯ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠳ᠋ᠦᠩᠨᠡᠯᠲᠡ ᠶᠢᠨ ᠴᠢᠨᠠᠷᠲᠠᠶ ᠪᠢᠴᠢᠭ ᠬᠠᠷ᠎ᠠ ᠶᠢ ᠳᠡᠭᠡᠷ᠎ᠡ ᠨᠢᠭᠡ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠠᠴᠠ ᠬᠤᠯᠪᠣᠭᠳᠠᠯ ᠪᠦᠬᠦᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤ ᠬᠦᠷᠭᠡᠨ᠎ᠡ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠤᠯᠪᠣᠭᠳᠠᠯ ᠪᠦᠬᠦᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠬᠦᠷᠭᠡᠬᠦ ᠬᠡᠷᠡᠭᠲᠡᠶ᠃      ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠮᠡᠳᠡᠭᠦᠯᠦᠯᠲᠡ ᠶᠢ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ ᠨᠢᠭᠡᠴᠢ ᠳᠤ ᠬᠦᠷᠭᠡᠬᠦ ᠬᠡᠷᠡᠭᠲᠡᠶ᠃      ᠭᠤᠴᠢᠨ ᠲᠠᠪᠤᠳᠤᠭᠠᠷ ᠵᠦᠢᠯ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠶᠠᠪᠤᠴᠠ ᠳᠤ ᠣᠯᠵᠤ ᠮᠡᠳᠡᠭᠰᠡᠨ ᠴᠢᠬᠤᠯᠠ ᠶᠡᠭᠡ ᠠᠰᠠᠭᠤᠳᠠᠯ ᠤᠨ ᠰᠦᠪᠡᠭᠴᠢ ᠶᠢ ᠬᠢᠨᠠᠨ ᠪᠤᠳᠤᠬᠤ ᠺᠣᠮᠢᠰ ᠤᠨ ᠠᠯᠪᠠᠨ ᠭᠡᠷ ᠠᠴᠠ ᠲᠣᠭᠲᠠᠭᠠᠯ ᠶᠣᠰᠣᠭᠠᠷ ᠬᠢᠨᠠᠨ ᠪᠤᠳᠤᠬᠤ ᠺᠣᠮᠢᠰ ᠲᠤ ᠮᠡᠳᠡᠭᠦᠯᠦᠨ᠎ᠡ᠃      ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠰᠢᠢᠳᠪᠦᠷᠢᠯᠡᠬᠦ ᠶᠣᠰᠣᠲᠠᠶ ᠠᠰᠠᠭᠤᠳᠠᠯ ᠤᠨ ᠰᠦᠪᠡᠭᠴᠢ ᠶᠢ ᠬᠢᠨᠠᠨ ᠪᠤᠳᠤᠬᠤ ᠪᠠᠶᠢᠭᠤᠯᠭ᠎ᠠ ᠠᠴᠠ ᠲᠣᠭᠲᠠᠭᠠᠯ ᠰᠠᠬᠢᠯᠭ᠎ᠠ ᠬᠠᠤᠯᠢ ᠶᠣᠰᠣᠭᠠᠷ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃      ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠤᠨ ᠪᠠᠶᠢᠭ᠎ᠠ ᠨᠢᠭᠡᠴᠢ ᠳᠤ ᠣᠷᠣᠰᠢᠵᠤ ᠪᠠᠶᠢᠭ᠎ᠠ ᠤᠯᠤᠰ ᠤᠨ ᠲᠣᠭᠲᠠᠭᠠᠯ ᠢ ᠵᠥᠷᠢᠴᠡᠭᠰᠡᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠵᠦ ᠰᠢᠳᠬᠡᠬᠦ ᠬᠡᠷᠡᠭᠲᠡᠶ ᠪᠠᠶᠢᠪᠠᠯ᠂ ᠬᠢᠨᠠᠨ ᠪᠤᠳᠤᠬᠤ ᠪᠠᠶᠢᠭᠤᠯᠭ᠎ᠠ ᠠᠴᠠ ᠬᠠᠤᠯᠢ ᠳᠤ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠤ ᠳᠣᠲᠣᠷ᠎ᠠ ᠬᠢᠨᠠᠨ ᠪᠤᠳᠤᠭᠰᠠᠨ ᠲᠣᠭᠲᠠᠭᠠᠯ ᠭᠠᠷᠭᠠᠨ᠎ᠠ᠃      ᠭᠤᠴᠢᠨ ᠵᠢᠷᠭᠤᠳᠤᠭᠠᠷ ᠵᠦᠢᠯ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠲᠦᠷᠦᠯ ᠵᠦᠢᠯ ᠳᠠᠭᠤᠰᠤᠭᠰᠠᠨ ᠤ ᠲᠠᠷᠠᠭ᠎ᠠ᠂ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠤᠯᠭ᠎ᠠ ᠠᠴᠠ ᠵᠣᠬᠢᠶᠠᠨ ᠪᠠᠶᠢᠭᠤᠯᠤᠨ ᠬᠤᠷᠠᠯ ᠬᠤᠷᠠᠯᠳᠤᠭᠤᠯᠵᠤ᠂ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠬᠢᠭᠡᠳ ᠲᠡᠭᠦᠨ ᠤ ᠪᠠᠶᠢᠭ᠎ᠠ ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠬᠦᠨ ᠵᠡᠷᠭᠡ ᠬᠤᠯᠪᠣᠭᠳᠠᠯ ᠪᠥᠬᠦᠢ ᠬᠥᠮᠦᠰ ᠲᠤ ᠬᠢᠨᠠᠨ ᠪᠤᠳᠤᠭᠰᠠᠨ ᠦᠷ᠎ᠡ ᠳ᠋ᠦᠩ ᠪᠣᠯᠤᠨ ᠬᠠᠮᠢᠶ᠎ᠠ ᠪᠥᠬᠦᠢ ᠪᠠᠶᠢᠳᠠᠯ ᠢ ᠬᠠᠷᠢᠭᠤ ᠲᠤᠰᠬᠠᠬᠤ ᠬᠡᠷᠡᠭᠲᠡᠶ᠃ ᠬᠠᠮᠲᠤᠷᠠᠭᠰᠠᠨ ᠬᠤᠷᠠᠯᠳᠤᠭᠠᠨ ᠤ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠢ ᠨᠦᠭᠦᠳ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠥᠮᠦᠨ ᠲᠣᠮᠢᠯᠠᠨ ᠣᠷᠣᠯᠴᠠᠭᠤᠯᠵᠤ ᠪᠣᠯᠤᠨ᠎ᠠ᠃      ᠭᠤᠴᠢᠨ ᠳᠣᠯᠣᠳᠤᠭᠠᠷ ᠵᠦᠢᠯ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠶᠢᠨ ᠭᠠᠷᠭᠠᠭᠰᠠᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠭᠰᠠᠨ ᠮᠡᠳᠡᠭᠦᠯᠦᠯᠲᠡ ᠳᠤ ᠣᠨᠳᠣᠣ ᠰᠠᠨᠠᠯ ᠲᠠᠢ ᠪᠠᠶᠢᠪᠠᠯ᠂ ᠬᠢᠨᠠᠨ ᠪᠤᠳᠤᠭᠰᠠᠨ ᠮᠡᠳᠡᠭᠦᠯᠦᠯᠲᠡ ᠶᠢ ᠣᠯᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠠᠳᠠᠯᠢ ᠱᠠᠲᠤᠨ ᠤ ᠬᠢᠨᠠᠨ ᠪᠤᠳᠤᠬᠤ ᠺᠣᠮᠢᠰ ᠤᠨ ᠠᠯᠪᠠᠨ ᠭᠡᠷ ᠲᠤ ᠭᠤᠮᠣᠳᠠᠯ ᠲᠣᠭᠠᠴᠢᠵᠤ ᠪᠣᠯᠤᠨ᠎ᠠ᠃ ᠬᠢᠨᠠᠨ ᠪᠤᠳᠤᠬᠤ ᠺᠣᠮᠢᠰ ᠤᠨ ᠠᠯᠪᠠᠨ ᠭᠡᠷ ᠨᠢ ᠳᠠᠪᠲᠠᠨ ᠪᠠᠶᠢᠴᠠᠭᠠᠬᠤ ᠠᠵᠢᠯ ᠤᠨ ᠳᠤᠭᠤᠶᠢᠯᠠᠩ ᠪᠠᠶᠢᠭᠤᠯᠬᠤ ᠶᠢᠨ ᠬᠠᠮᠲᠤ ᠤᠤᠯ ᠤᠨ ᠬᠢᠨᠠᠨ ᠪᠤᠳᠤᠬᠤ ᠳᠤᠭᠤᠶᠢᠯᠠᠩ ᠤᠨ ᠠᠵᠢᠯᠳᠠᠨ ᠵᠡᠷᠭᠡ ᠶᠢ ᠵᠠᠶᠢᠯᠠᠭᠤᠯᠬᠤ ᠪᠠᠷ ᠱᠠᠭᠠᠷᠳᠠᠵᠤ᠂ ᠭᠤᠮᠣᠳᠠᠯ ᠲᠣᠭᠠᠴᠢᠯᠲᠠ ᠶᠢ ᠣᠯᠤᠭᠰᠠᠨ ᠡᠳᠦᠷ ᠠᠴᠠ ᠡᠬᠢᠯᠡᠨ 90 ᠡᠳᠦᠷ ᠤᠨ ᠳᠣᠲᠣᠷ᠎ᠠ ᠳᠠᠪᠲᠠᠨ ᠪᠠᠶᠢᠴᠠᠭᠠᠭᠰᠠᠨ ᠰᠠᠨᠠᠯ ᠢᠶᠠᠨ ᠳᠤᠷᠠᠳᠴᠤ᠂ ᠬᠢᠨᠠᠨ ᠪᠤᠳᠤᠬᠤ ᠺᠣᠮᠢᠰ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠲᠠᠷᠠᠭ᠎ᠠ ᠳᠠᠪᠲᠠᠨ ᠪᠠᠶᠢᠴᠠᠭᠠᠭᠰᠠᠨ ᠲᠣᠭᠲᠠᠭᠠᠯ ᠭᠠᠷᠭᠠᠬᠤ ᠬᠡᠷᠡᠭᠲᠡᠶ ᠃ ᠳᠠᠪᠲᠠᠨ ᠪᠠᠶᠢᠴᠠᠭᠠᠭᠰᠠᠨ ᠲᠣᠭᠲᠠᠭᠠᠯ ᠪᠣᠯ ᠡᠴᠦᠰ ᠤᠨ ᠲᠣᠭᠲᠠᠭᠠᠯ ᠪᠣᠯᠤᠨ᠎ᠠ᠃      ᠣᠷᠣᠨ ᠨᠤᠲᠤᠭ ᠤᠨ ᠬᠢᠨᠠᠨ ᠪᠤᠳᠤᠬᠤ ᠪᠠᠶᠢᠭᠤᠯᠭ᠎ᠠ ᠶᠢᠨ ᠭᠤᠣᠯ ᠤᠳᠤᠷᠢᠳᠬᠤ ᠺᠠᠳ᠋ᠷ ᠳᠡᠭᠡᠷ᠎ᠡ ᠨᠢᠭᠡ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠭᠠᠷᠭᠠᠭᠰᠠᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠭᠰᠠᠨ ᠮᠡᠳᠡᠭᠦᠯᠦᠯᠲᠡ ᠳᠤ ᠣᠨᠳᠣᠣ ᠰᠠᠨᠠᠯ ᠲᠠᠢ ᠪᠠᠶᠢᠪᠠᠯ᠂ ᠬᠢᠨᠠᠨ ᠪᠤᠳᠤᠭᠰᠠᠨ ᠮᠡᠳᠡᠭᠦᠯᠦᠯᠲᠡ ᠶᠢ ᠣᠯᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠳᠡᠭᠡᠷ᠎ᠡ ᠨᠢᠭᠡ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠳᠤ ᠭᠤᠮᠣᠳᠠᠯ ᠲᠣᠭᠠᠴᠢᠵᠤ ᠪᠣᠯᠤᠨ᠎ᠠ᠃ ᠳᠡᠭᠡᠷ᠎ᠡ ᠨᠢᠭᠡ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠨᠢ ᠳᠠᠪᠲᠠᠨ ᠪᠠᠶᠢᠴᠠᠭᠠᠬᠤ ᠠᠵᠢᠯ ᠤᠨ ᠳᠤᠭᠤᠶᠢᠯᠠᠩ ᠪᠠᠶᠢᠭᠤᠯᠬᠤ ᠶᠢᠨ ᠬᠠᠮᠲᠤ ᠤᠤᠯ ᠤᠨ ᠬᠢᠨᠠᠨ ᠪᠤᠳᠤᠬᠤ ᠳᠤᠭᠤᠶᠢᠯᠠᠩ ᠤᠨ ᠬᠥᠮᠦᠰ ᠢ ᠵᠠᠶᠢᠯᠠᠭᠤᠯᠬᠤ ᠪᠠᠷ ᠱᠠᠭᠠᠷᠳᠠᠵᠤ᠂ ᠭᠤᠮᠣᠳᠠᠯ ᠲᠣᠭᠠᠴᠢᠯᠲᠠ ᠶᠢ ᠣᠯᠤᠭᠰᠠᠨ ᠡᠳᠦᠷ ᠠᠴᠠ ᠡᠬᠢᠯᠡᠨ 90 ᠡᠳᠦᠷ ᠤᠨ ᠳᠣᠲᠣᠷ᠎ᠠ ᠳᠠᠪᠲᠠᠨ ᠪᠠᠶᠢᠴᠠᠭᠠᠭᠰᠠᠨ ᠲᠣᠭᠲᠠᠭᠠᠯ ᠭᠠᠷᠭᠠᠬᠤ ᠬᠡᠷᠡᠭᠲᠡᠶ᠃ ᠳᠠᠪᠲᠠᠨ ᠪᠠᠶᠢᠴᠠᠭᠠᠭᠰᠠᠨ ᠲᠣᠭᠲᠠᠭᠠᠯ ᠪᠣᠯ ᠡᠴᠦᠰ ᠤᠨ ᠲᠣᠭᠲᠠᠭᠠᠯ ᠪᠣᠯᠤᠨ᠎ᠠ᠃      ᠲᠤᠰ ᠵᠦᠢᠯ ᠳᠤ ᠲᠣᠭᠲᠠᠭᠠᠭᠰᠠᠨ ᠬᠤᠭᠤᠴᠠᠭᠠᠨ ᠤ ᠬᠠᠮᠤᠭ ᠰᠡᠭᠦᠯᠴᠢ ᠶᠢᠨ ᠡᠳᠦᠷ ᠨᠢ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠪᠠᠶᠢᠪᠠᠯ᠂ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠤᠨ ᠳᠠᠷᠠᠭᠠᠬᠢ ᠨᠢᠭᠡᠳᠦᠭᠡᠷ ᠠᠵᠢᠯ ᠤᠨ ᠡᠳᠦᠷ ᠢᠶᠠᠷ ᠬᠤᠭᠤᠴᠠᠭ᠎ᠠ ᠳᠦᠭᠦᠷᠬᠦ ᠡᠳᠦᠷ ᠪᠣᠯᠭᠠᠨ᠎ᠠ᠃      ᠲᠠᠪᠤᠳᠤᠭᠠᠷ ᠪᠦᠯᠦᠭ ᠬᠢᠨᠠᠨ ᠪᠤᠳᠤᠵᠤ ᠦᠨᠡᠯᠡᠬᠦ      ᠭᠤᠴᠢᠨ ᠨᠠᠢᠮᠠᠳᠤᠭᠠᠷ ᠵᠦᠢᠯ ᠬᠢᠨᠠᠨ ᠪᠣᠳᠣᠬᠤ ᠵᠥᠪᠯᠡᠯ ᠤᠨ ᠠᠯᠪᠠᠨ ᠭᠡᠷ᠂ ᠬᠢᠨᠠᠨ ᠪᠣᠳᠣᠬᠤ ᠪᠠᠶᠢᠭᠤᠯᠤᠯᠭ᠎ᠠ ᠠᠳᠠᠯᠢ ᠪᠤᠰᠤ ᠤᠳᠤᠷᠢᠳᠬᠤ ᠲᠤᠰᠢᠶᠠᠯ ᠤᠨ ᠲᠤᠰᠢᠶᠠᠯ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠬᠢᠨᠠᠨ ᠪᠣᠳᠣᠵᠤ ᠭᠡᠷᠡᠴᠢ ᠪᠠᠶᠢᠴᠠᠭᠠᠭᠰᠠᠨ ᠪᠤᠶᠤ ᠪᠣᠳᠠᠲᠤ ᠶᠠᠪᠤᠳᠠᠯ ᠢ ᠨᠤᠲᠠᠯᠠᠭᠰᠠᠨ ᠰᠠᠭᠤᠷᠢᠨ ᠳᠡᠭᠡᠷ᠎ᠡ᠂ ᠣᠯᠠᠨ ᠵᠦᠢᠯ ᠤᠨ ᠠᠷᠭ᠎ᠠ ᠶᠢ ᠶᠡᠷᠦᠩᠬᠡᠶᠢᠯᠡᠨ ᠬᠡᠷᠡᠭᠯᠡᠵᠦ᠂ ᠴᠢᠨᠠᠷ ᠢ ᠲᠣᠭᠲᠠᠭᠠᠨ ᠦᠨᠡᠯᠡᠬᠦ ᠪᠠ ᠬᠡᠮᠵᠢᠶ᠎ᠡ ᠶᠢ ᠲᠣᠭᠲᠠᠭᠠᠨ ᠦᠨᠡᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠤᠯᠪᠣᠭᠳᠠᠯ ᠪᠥᠬᠦᠶ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ᠂ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠠᠷᠢᠭᠤᠴᠠᠯᠭ᠎ᠠ ᠶᠢᠨ ᠲᠦᠷᠢᠮ ᠤᠨ ᠬᠢᠨᠠᠨ ᠰᠢᠯᠭᠠᠬᠤ ᠬᠠᠷᠠᠯᠲᠠ ᠵᠡᠷᠭᠡ ᠶᠢ ᠦᠨᠳᠦᠰᠦᠯᠡᠨ᠂ ᠬᠢᠨᠠᠨ ᠪᠤᠳᠤᠬᠤ ᠬᠡᠪᠴᠢᠶᠡᠨ ᠳᠣᠲᠣᠷ᠎ᠠ᠂ ᠣᠯᠠᠨ ᠨᠡᠶᠢᠲᠡ ᠶᠢᠨ ᠪᠠᠯᠠ ᠮᠥᠩᠭᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠤᠨ ᠬᠠᠮᠢᠶᠠᠷᠤᠯᠲᠠ᠂ ᠬᠤᠪᠢᠶᠠᠷᠢᠯᠠᠯᠲᠠ ᠪᠠ ᠬᠡᠷᠡᠭᠯᠡᠯᠲᠡ ᠶᠢᠨ ᠳᠤᠮᠳᠠᠬᠢ ᠬᠤᠪᠢ ᠬᠥᠮᠦᠨ ᠤ ᠠᠷᠢᠭᠤᠨ ᠴᠢᠬᠡᠴᠢ ᠪᠠᠷ ᠵᠠᠰᠠᠭ ᠡᠷᠭᠢᠯᠡᠬᠦ ︵ᠠᠵᠢᠯ ᠡᠷᠭᠢᠯᠡᠬᠦ︶ ᠲᠣᠭᠲᠠᠭᠠᠯ ᠢ ᠵᠢᠷᠤᠮᠯᠠᠭᠰᠠᠨ ᠵᠡᠷᠭᠡ ᠪᠠᠶᠢᠳᠠᠯ ᠢ ᠪᠠᠭᠲᠠᠭᠠᠭᠰᠠᠨ ᠬᠢᠨᠠᠨ ᠪᠤᠳᠤᠯᠲᠠ ᠬᠢᠯᠭᠡᠭᠰᠡᠨ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠪᠤᠰᠤᠳᠴᠢ ᠪᠥᠭᠡᠳ ᠲᠥᠪ ᠭᠤᠤᠯᠴᠢ᠂ ᠦᠨᠡᠨ ᠠᠴᠠ ᠵᠥᠪ ᠢ ᠡᠷᠢᠭ᠍ᠰᠡᠨ ᠦᠨᠡᠯᠡᠯᠲᠡ ᠬᠢᠨ᠎ᠠ᠃      ᠬᠢᠨᠠᠨ ᠪᠤᠳᠤᠬᠤ ᠦᠨᠡᠯᠡᠯᠲᠡ ᠳᠤ ᠭᠦᠢᠴᠡᠳ ᠬᠢᠨᠠᠨ ᠪᠤᠳᠤᠬᠤ ᠬᠡᠷᠡᠴᠢ ᠪᠠᠷᠢᠮᠲᠠ ᠶᠢᠨ ᠳᠡᠮᠵᠢᠯᠭᠡ ᠪᠠᠶᠢᠬᠤ ᠬᠡᠷᠡᠭᠲᠡᠢ᠂ ᠬᠢᠨᠠᠨ ᠪᠤᠳᠤᠬᠤ ᠶᠠᠪᠤᠴᠠ ᠳᠤ ᠬᠤᠯᠪᠣᠭᠳᠠᠭᠰᠠᠨ ᠦᠭᠡᠢ ᠵᠦᠢᠯᠡᠰ ᠲᠤ ᠦᠨᠡᠯᠡᠯᠲᠡ ᠬᠢᠬᠦ ᠦᠭᠡᠢ᠃      ᠭᠤᠴᠢ ᠶᠢᠰᠦᠳᠦᠭᠡᠷ ᠵᠦᠢᠯ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠳᠤ᠂ ᠬᠢᠨᠠᠨ ᠪᠤᠳᠤᠬᠤ ᠵᠥᠪᠯᠡᠯ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠡᠷᠬᠡ ᠬᠠᠷᠢᠭᠤᠴᠠᠯᠭ᠎ᠠ ᠶᠢ ᠨᠢᠭᠡᠳᠦᠯᠲᠡᠢ ᠪᠠᠶᠢᠯᠭᠠᠬᠤ ᠵᠠᠷᠴᠢᠮ ᠶᠣᠰᠣᠭᠠᠷ᠂ ᠤᠳᠤᠷᠢᠳᠬᠤ ᠺᠠᠳ᠋ᠷ ᠤᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠬᠤᠯᠪᠣᠭᠳᠠᠯ ᠪᠦᠬᠦᠢ ᠠᠰᠠᠭᠤᠳᠠᠯ ᠤᠨ ᠲᠡᠦᠬᠡᠨ ᠠᠬᠤᠢ ᠪᠠᠶᠢᠳᠠᠯ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠠᠪᠤᠴᠠ᠂ ᠰᠢᠨᠵᠢ ᠴᠢᠨᠠᠷ᠂ ᠦᠷ᠎ᠡ ᠤᠷᠰᠢᠭ ᠪᠠ ᠤᠳᠤᠷᠢᠳᠬᠤ ᠺᠠᠳ᠋ᠷ ᠤᠨ ᠪᠣᠳᠠᠲᠠᠢ ᠭᠠᠷᠭᠠᠭᠰᠠᠨ ᠦᠢᠯᠡᠳᠦᠯ ᠵᠡᠷᠭᠡ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠲᠡᠭᠦᠨ ᠤ ᠡᠭᠦᠷᠭᠡᠯᠡᠪᠡᠰᠦ ᠵᠣᠬᠢᠬᠤ ᠰᠢᠭᠤᠳ ᠬᠠᠷᠢᠭᠤᠴᠠᠯᠭ᠎ᠠ ᠪᠤᠶᠤ ᠤᠳᠤᠷᠢᠳᠬᠤ ᠬᠠᠷᠢᠭᠤᠴᠠᠯᠭ᠎ᠠ ᠶᠢ ᠵᠠᠭᠠᠭᠯᠠᠨ ᠲᠣᠭᠲᠠᠭᠠᠬᠤ ᠬᠡᠷᠡᠭᠲᠡᠢ᠃      ᠳᠥᠴᠢᠳᠦᠭᠡᠷ ᠵᠦᠢᠯ ᠤᠳᠤᠷᠢᠳᠬᠤ ᠺᠠᠳ᠋ᠷᠴᠤᠳ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠠᠬᠢ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠲᠤ ᠰᠢᠭᠤᠳ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠄      ︵ᠨᠢᠭᠡ︶ ᠬᠤᠯᠪᠣᠭᠳᠠᠯ ᠪᠦᠬᠦᠢ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ᠂ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠶᠢᠨ ᠲᠣᠭᠲᠠᠭᠠᠯ ᠢ ᠰᠢᠭᠤᠳ ᠵᠥᠷᠢᠴᠡᠭᠰᠡᠨ︔      ︵ᠬᠤᠶᠠᠷ︶ ᠳᠣᠣᠷ᠎ᠠ ᠱᠠᠲᠤᠨ ᠤ ᠪᠠᠨ ᠬᠥᠮᠦᠰ ᠢ ᠰᠠᠨᠠᠭᠤᠯᠵᠤ᠂ ᠵᠢᠭᠠᠨ ᠲᠤᠬᠢᠵᠤ᠂ ᠠᠯᠪᠠᠳᠠᠨ ᠵᠠᠷᠯᠢᠭᠳᠠᠵᠤ ᠂ ᠳᠤᠷ᠎ᠠ ᠪᠠᠷ ᠨᠢ ᠲᠠᠯᠪᠢᠵᠤ᠂ ᠥᠮᠥᠭᠯᠡᠵᠦ ᠪᠠᠶᠢᠭᠠᠳ ᠨᠠᠮ ᠤᠨ ᠳᠣᠲᠣᠭᠠᠳᠤ ᠶᠢᠨ ᠬᠤᠯᠪᠣᠭᠳᠠᠯ ᠪᠦᠬᠦᠢ ᠬᠠᠤᠯᠢ ᠲᠣᠭᠲᠠᠭᠠᠯ᠂ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠶᠢᠨ ᠲᠣᠭᠲᠠᠭᠠᠯ ᠢ ᠵᠥᠷᠢᠴᠡᠭᠦᠯᠦᠭᠰᠡᠨ︔      ︵ᠭᠤᠷᠪᠠ︶ ᠨᠠᠮ ᠪᠠ ᠤᠯᠤᠰ ᠤᠨ ᠠᠵᠤ ᠠᠬᠤᠢ ᠶᠢᠨ ᠴᠢᠭᠯᠡᠯᠲᠡ ᠲᠦᠷᠦ ᠶᠢᠨ ᠪᠤᠳᠤᠯᠭ᠎ᠠ᠂ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠰᠢᠭᠤᠷᠬᠠᠢ ᠪᠢᠰᠢ᠂ ᠪᠦᠬᠦ ᠲᠠᠯ᠎ᠠ ᠶᠢᠨ ᠪᠢᠰᠢ ᠪᠥᠭᠡᠳ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ ᠠᠴᠠ ᠪᠤᠯᠵᠤ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠪᠦᠷᠢᠯᠭᠡᠨ ᠰᠦᠢᠳᠬᠡᠬᠦ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ᠂ ᠤᠯᠠᠨ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠬᠤ ᠵᠡᠷᠭᠡ ᠦᠷ᠎ᠡ ᠳ᠋ᠦᠩ ᠢ ᠪᠤᠢ ᠪᠣᠯᠭᠠᠭᠰᠠᠨ︔      ︵ᠳᠥᠷᠪᠡ︶ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠵᠡᠷᠭᠡ ᠶᠢᠨ ᠲᠣᠭᠲᠠᠭᠠᠯ ᠢ ᠪᠡᠶᠡᠯᠡᠭᠦᠯᠦᠭᠰᠡᠨ ᠥᠬᠡᠶ ᠤᠳᠤᠷᠢᠳᠬᠤ ᠺᠠᠳ᠋ᠷ ᠨᠢᠭᠡᠳᠦᠭᠡᠷ ᠬᠠᠷᠢᠭᠤᠴᠠᠯᠭᠠᠲᠠᠨ ︵ᠶᠡᠷᠦᠩᠬᠡᠶ ᠬᠠᠷᠢᠭᠤᠴᠠᠯᠭ᠎ᠠ ᠡᠭᠦᠷᠭᠡᠯᠡᠨ᠎ᠡ︶᠎ ᠤ ᠵᠦᠶ᠋ᠯᠡᠰ ᠪᠣᠯᠤᠭᠰᠠᠨ ᠤ ᠬᠤᠪᠢ ᠳᠤ᠂ ᠣᠯᠠᠨ ᠨᠡᠶᠢᠲᠡ ᠶᠢᠨ ᠪᠠᠯᠠ ᠮᠥᠩᠭᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠬᠤᠬᠢᠷᠠᠭᠤᠯᠤᠨ ᠪᠦᠷᠢᠯᠭᠡᠬᠦ᠂ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ᠂ ᠣᠯᠠᠨ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠬᠤ ᠵᠡᠷᠭᠡ ᠦᠷ᠎ᠡ ᠳ᠋ᠦᠩ ᠢ ᠪᠣᠶ ᠪᠣᠯᠭᠠᠭᠰᠠᠨ︔      ︵ᠲᠠᠪᠤ︶ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠢ ᠳᠠᠮᠵᠢᠭᠰᠠᠨ ᠦᠭᠡᠢ ᠪᠤᠶᠤ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠦᠭᠡᠢ ᠦᠶ᠎ᠡ ᠳᠤ ᠣᠯᠠᠩᠬᠢ ᠬᠥᠮᠦᠰ ᠵᠥᠪᠰᠢᠶᠡᠷᠡᠬᠦ ᠦᠭᠡᠢ ᠪᠠᠶᠢᠳᠠᠯ ᠤᠨ ᠳᠣᠣᠷ᠎ᠠ᠂ ᠴᠢᠬᠤᠯᠠ ᠶᠡᠭᠡ ᠠᠵᠤ ᠠᠬᠤᠶ ᠶᠢᠨ ᠵᠦᠢᠯᠡᠰ ᠢ ᠰᠢᠭᠤᠳ ᠲᠣᠭᠲᠠᠭᠠᠵᠤ᠂ ᠵᠥᠪᠰᠢᠶᠡᠷᠡᠵᠦ᠂ ᠵᠣᠬᠢᠶᠠᠨ ᠪᠠᠶᠢᠭᠤᠯᠵᠤ ᠬᠡᠷᠡᠭᠵᠢᠭᠦᠯᠦᠭᠡᠳ᠂ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠬᠤᠬᠢᠷᠠᠭᠤᠯᠤᠨ ᠪᠦᠷᠢᠯᠭᠡᠬᠦ᠂ ᠠᠮᠢ ᠠᠬᠤᠶ ᠶᠢᠨ ᠣᠷᠴᠢᠨ ᠨᠥᠬᠦᠴᠡᠯ ᠢ ᠡᠪᠳᠡᠬᠦ᠂ ᠤᠯᠠᠨ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠬᠤ ᠵᠡᠷᠭᠡ ᠦᠷ᠎ᠡ ᠤᠷᠰᠢᠭ ᠢ ᠪᠤᠢ ᠪᠣᠯᠭᠠᠭᠰᠠᠨ︔      ︵ᠵᠢᠷᠭᠤᠭ᠎ᠠ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠤᠶᠤ ᠵᠥᠪ ᠢᠶᠠᠷ ᠭᠦᠢᠴᠡᠳᠬᠡᠬᠦ ᠦᠭᠡᠢ ᠶᠢᠨ ᠤᠯᠠᠮ ᠠᠴᠠ ᠪᠤᠢ ᠪᠣᠯᠭᠠᠭᠰᠠᠨ ᠦᠷ᠎ᠡ ᠤᠷᠰᠢᠭ ᠲᠤ ᠰᠢᠢᠳᠪᠦᠷᠢᠯᠡᠭᠴᠢ ᠴᠢᠨᠠᠷᠲᠠᠶ ᠦᠢᠯᠡᠳᠦᠯ ᠦᠵᠡᠭᠦᠯᠬᠦ ᠪᠤᠰᠤᠳ ᠦᠢᠯᠡ ᠠᠵᠢᠯᠯᠠᠭ᠎ᠠ᠃      ᠳᠥᠴᠢᠨ ᠨᠢᠭᠡᠳᠦᠭᠡᠷ ᠵᠦᠢᠯ ᠤᠳᠤᠷᠢᠳᠬᠤ ᠺᠠᠳ᠋ᠷᠴᠤᠳ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠠᠬᠢ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠲᠤ ᠤᠳᠤᠷᠢᠳᠬᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠄      ︵ᠨᠢᠭᠡ︶ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠦᠶ᠎ᠡ ᠳᠤ᠂ ᠣᠯᠠᠩᠬᠢ ᠬᠥᠮᠦᠰ ᠵᠥᠪᠰᠢᠶᠡᠷᠡᠭᠰᠡᠨ ᠪᠠᠶᠢᠳᠠᠯ ᠤᠨ ᠳᠣᠣᠷ᠎ᠠ᠂ ᠴᠢᠬᠤᠯᠠ ᠶᠡᠭᠡ ᠠᠵᠤ ᠠᠬᠤᠶ ᠶᠢᠨ ᠵᠦᠢᠯᠡᠰ ᠢ ᠲᠣᠭᠲᠠᠭᠠᠵᠤ᠂ ᠵᠥᠪᠰᠢᠶᠡᠷᠡᠵᠦ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠳᠡᠭᠡᠨ ᠰᠢᠢᠳᠪᠦᠷᠢᠲᠦ ᠪᠤᠳᠤᠯᠭ᠎ᠠ ᠨᠢ ᠵᠤᠬᠢᠰ ᠦᠭᠡᠢ ᠪᠤᠶᠤ ᠰᠢᠢᠳᠪᠦᠷᠢᠲᠦ ᠪᠤᠳᠤᠯᠭ᠎ᠠ ᠶᠢᠨ ᠠᠯᠳᠠᠰᠢ ᠠᠴᠠ ᠪᠤᠯᠵᠤ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠬᠤᠬᠢᠷᠠᠭᠤᠯᠤᠨ ᠪᠦᠷᠢᠯᠭᠡᠭᠰᠡᠨ᠂ ᠠᠮᠢ ᠠᠬᠤᠶ ᠶᠢᠨ ᠣᠷᠴᠢᠨ ᠨᠥᠬᠦᠴᠡᠯ ᠢ ᠡᠪᠳᠡᠭᠰᠡᠨ᠂ ᠤᠯᠠᠨ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ᠵᠡᠷᠭᠡ ᠦᠷ᠎ᠡ ᠤᠷᠰᠢᠭ ᠢ ᠪᠤᠢ ᠪᠣᠯᠭᠠᠭᠰᠠᠨ︔      ︵ᠬᠤᠶᠠᠷ︶ ᠰᠠᠯᠠᠭ᠎ᠠ ᠮᠥᠴᠢᠷ᠂ ᠨᠢᠭᠡᠴᠢ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠵᠦ᠂ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠪᠦᠷᠢᠯᠭᠡᠨ ᠰᠦᠢᠳᠬᠡᠬᠦ᠂ ᠠᠮᠢ ᠠᠬᠤᠶ ᠶᠢᠨ ᠣᠷᠴᠢᠨ ᠨᠥᠬᠦᠴᠡᠯ ᠢ ᠡᠪᠳᠡᠬᠦ᠂ ᠤᠯᠠᠨ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠬᠤ ᠵᠡᠷᠭᠡ ᠦᠷ᠎ᠡ ᠤᠷᠰᠢᠭ ᠢ ᠪᠤᠢ ᠪᠣᠯᠭᠠᠭᠰᠠᠨ︔      ︵ᠭᠤᠷᠪᠠ︶ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ ᠪᠠ ᠠᠵᠢᠯ ᠳᠤ ᠣᠷᠣᠯᠴᠠᠬᠤ ᠳᠠᠭᠠᠨ ᠲᠣᠳᠣᠷᠬᠠᠢ ᠡᠰᠡᠷᠭᠦᠴᠡᠬᠦ ᠰᠠᠨᠠᠯ ᠳᠤᠷᠠᠳᠤᠭᠰᠠᠨ ᠦᠭᠡᠢ᠂ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ ᠪᠠ ᠠᠵᠢᠯ ᠨᠢ ᠬᠤᠯᠪᠣᠭᠳᠠᠯ ᠪᠦᠬᠦᠢ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ᠂ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠶᠢᠨ ᠲᠣᠭᠲᠠᠭᠠᠯ ᠢ ᠵᠥᠷᠢᠴᠡᠭᠰᠡᠨ᠂ ᠡᠰᠡᠬᠦᠯ᠎ᠡ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠬᠤᠬᠢᠷᠠᠭᠤᠯᠤᠨ ᠪᠦᠷᠢᠯᠭᠡᠭᠰᠡᠨ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ᠂ ᠤᠯᠠᠨ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ᠵᠡᠷᠭᠡ ᠦᠷ᠎ᠡ ᠳ᠋ᠦᠩ ᠢ ᠪᠤᠢ ᠪᠣᠯᠭᠠᠭᠰᠠᠨ︔      ︵ᠲᠦᠷᠪᠡ︶ ᠬᠢᠨᠠᠨ ᠬᠠᠮᠢᠶᠠᠷᠬᠤ ᠪᠠᠨ ᠣᠮᠲᠣᠭᠠᠶᠢᠯᠠᠵᠤ᠂ ᠬᠠᠷᠢᠶᠠᠯᠠᠬᠤ ᠬᠡᠪᠴᠢᠶᠡᠨ ᠳᠠᠬᠢ ᠲᠤᠰ ᠱᠠᠲᠤᠨ ᠤ ᠪᠤᠶᠤ ᠳᠣᠣᠷ᠎ᠠ ᠨᠢᠭᠡ ᠱᠠᠲᠤᠨ ᠤ ᠭᠠᠵᠠᠷ ᠣᠷᠣᠨ ︵ᠰᠠᠯᠠᠭ᠎ᠠ ᠮᠥᠴᠢᠷ᠂ ᠨᠢᠭᠡᠴᠢ︶᠎ ᠤ ᠨᠠᠮ ᠤᠨ ᠳᠣᠲᠣᠭᠠᠳᠤ ᠶᠢᠨ ᠬᠤᠯᠪᠣᠭᠳᠠᠯ ᠪᠦᠬᠦᠢ ᠬᠠᠤᠯᠢ ᠲᠣᠭᠲᠠᠭᠠᠯ᠂ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠶᠢᠨ ᠲᠣᠭᠲᠠᠭᠠᠯ ᠢ ᠵᠥᠷᠢᠴᠡᠭᠰᠡᠨ ᠠᠰᠠᠭᠤᠳᠠᠯ ᠢ ᠴᠠᠭ ᠲᠤᠬᠠᠢ ᠳᠤᠨᠢ ᠣᠯᠵᠤ ᠮᠡᠳᠡᠭᠰᠡᠨ ᠦᠭᠡᠢ ᠪᠠ ᠰᠢᠢᠳᠪᠦᠷᠢᠯᠡᠭᠰᠡᠨ ᠦᠭᠡᠢ ᠠᠴᠠ ᠪᠤᠯᠵᠤ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠬᠤᠬᠢᠷᠠᠭᠤᠯᠤᠨ ᠪᠦᠷᠢᠯᠭᠡᠭᠰᠡᠨ᠂ ᠠᠮᠢ ᠠᠬᠤᠢ ᠶᠢᠨ ᠣᠷᠴᠢᠨ ᠨᠥᠬᠦᠴᠡᠯ ᠢ ᠡᠪᠳᠡᠭᠰᠡᠨ᠂ ᠤᠯᠠᠨ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ᠵᠡᠷᠭᠡ ᠦᠷ᠎ᠡ ᠤᠷᠰᠢᠭ ᠢ ᠪᠤᠢ ᠪᠣᠯᠭᠠᠭᠰᠠᠨ︔      ︵ᠲᠠᠪᠤ︶ ᠰᠢᠭᠤᠳ ᠬᠠᠷᠢᠭᠤᠴᠠᠯᠭ᠎ᠠ ᠠᠴᠠ ᠭᠠᠳᠠᠨ᠎ᠠ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠤᠶᠤ ᠵᠥᠪ ᠢᠶᠠᠷ ᠭᠦᠢᠴᠡᠳᠬᠡᠬᠦ ᠦᠭᠡᠢ᠂ ᠤᠴᠠᠷᠠᠭᠤᠯᠤᠭᠰᠠᠨ ᠦᠷ᠎ᠡ ᠤᠷᠰᠢᠭ ᠲᠤ ᠬᠠᠷᠢᠭᠤᠴᠠᠯᠭ᠎ᠠ ᠡᠭᠦᠷᠭᠡᠯᠡᠬᠦ ᠶᠣᠰᠣᠲᠠᠶ ᠪᠤᠰᠤᠳ ᠦᠢᠯᠡ ᠠᠵᠢᠯᠯᠠᠭ᠎ᠠ᠃      ᠳᠥᠴᠢᠨ ᠬᠤᠶᠠᠳᠤᠭᠠᠷ ᠵᠦᠢᠯ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠠᠴᠠ ᠪᠤᠰᠤᠳ ᠬᠠᠷᠢᠭᠤᠴᠠᠯᠭ᠎ᠠ ᠲᠠᠢ ᠬᠥᠮᠦᠰ ᠲᠤ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠠᠴᠠ ᠵᠣᠬᠢᠬᠤ ᠠᠷᠭ᠎ᠠ ᠮᠠᠶ᠋ᠢᠭ ᠢᠶᠠᠷ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠳᠤ ᠬᠤᠯᠪᠣᠭᠳᠠᠯ ᠪᠦᠬᠦᠢ ᠪᠠᠶᠢᠳᠠᠯ ᠢ ᠬᠠᠩᠭᠠᠵᠤ ᠪᠣᠯᠤᠨ᠎ᠠ᠃      ᠳᠥᠴᠢᠨ ᠭᠤᠷᠪᠠᠳᠤᠭᠠᠷ ᠵᠦᠢᠯ ᠬᠢᠨᠠᠨ ᠪᠤᠳᠤᠵᠤ ᠦᠨᠡᠯᠡᠬᠦ ᠦᠶ᠎ᠡ ᠳᠤ᠂ ᠤᠳᠤᠷᠢᠳᠬᠤ ᠺᠠᠳ᠋ᠷᠴᠤᠳ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠠᠪᠤᠴᠠ ᠳᠤ ᠲᠤᠷᠰᠢᠯᠭ᠎ᠠ ᠳᠤᠲᠠᠮᠠᠭ᠂ ᠤᠷᠢᠳᠠᠪᠠᠷ ᠬᠢᠵᠦ ᠤᠷᠢᠳᠠᠪᠠᠷ ᠲᠤᠷᠰᠢᠭᠠᠳ ᠭᠠᠷᠭᠠᠭᠰᠠᠨ ᠠᠯᠳᠠᠰᠢ ᠪᠠ ᠠᠯᠳᠠᠭ᠎ᠠ ᠶᠢ ᠮᠡᠳᠡᠵᠦ ᠪᠠᠶᠢᠭᠠᠳ ᠵᠣᠷᠢᠭᠤᠳᠠ ᠵᠥᠷᠢᠴᠡᠭᠰᠡᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠦᠢᠯᠡ ᠠᠵᠢᠯᠯᠠᠭ᠎ᠠ ᠠᠴᠠ ᠢᠯᠭᠠᠬᠤ ᠬᠡᠷᠡᠭᠲᠡᠶ︔ ᠳᠡᠭᠡᠳᠦ ᠱᠠᠲᠤᠨ ᠤ ᠬᠠᠷᠠᠬᠠᠨ ᠲᠣᠳᠣᠷᠬᠠᠶ ᠬᠢᠵᠠᠭᠠᠷᠯᠠᠯ ᠦᠭᠡᠢ ᠬᠠᠶᠢᠨ ᠰᠦᠪᠡᠭᠴᠢᠯᠡᠯᠳᠡ ᠶᠢᠨ ᠴᠢᠨᠠᠷᠲᠠᠶ ᠲᠤᠷᠰᠢᠯᠲᠠ ᠶᠢᠨ ᠳᠤᠮᠳᠠᠬᠢ ᠠᠯᠳᠠᠰᠢ ᠪᠠ ᠠᠯᠳᠠᠭ᠎ᠠ ᠶᠢ ᠳᠡᠭᠡᠳᠦ ᠱᠠᠲᠤᠨ ᠤ ᠲᠣᠳᠣᠷᠬᠠᠶ ᠵᠠᠷᠯᠢᠭ ᠢᠶᠠᠷ ᠴᠠᠭᠠᠵᠠᠯᠠᠭᠰᠠᠨ ᠪᠠᠶᠢᠲᠠᠯ᠎ᠠ ᠮᠥᠨ ᠯᠡ ᠥᠪᠡᠷ ᠤᠨ ᠬᠢ ᠪᠠᠷ ᠢᠶᠠᠨ ᠬᠢᠳᠡᠭ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠠᠴᠠ ᠢᠯᠭᠠᠬᠤ ᠬᠡᠷᠡᠭᠲᠡᠶ︔ ᠡᠭᠦᠨ ᠢ ᠳᠡᠭᠡᠳᠦ ᠱᠠᠲᠤᠨ ᠠᠴᠠ ᠲᠣᠳᠣᠷᠬᠠᠶ ᠵᠠᠷᠯᠢᠭᠳᠠᠨ ᠴᠠᠭᠠᠵᠠᠯᠠᠭᠰᠠᠨ ᠪᠠᠶᠢᠲᠠᠯ᠎ᠠ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠠᠴᠠ ᠢᠯᠭᠠᠬᠤ ᠬᠡᠷᠡᠭᠲᠡᠶ ︔ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠥᠯᠥᠭᠡ ᠭᠠᠷᠭᠠᠭᠰᠠᠨ ᠰᠠᠨᠠᠮᠰᠠᠷ ᠦᠭᠡᠢ ᠡ᠊ᠨᠳᠡᠯ ᠢ ᠬᠤᠪᠢ ᠶᠢᠨ ᠠᠰᠢᠭ ᠤᠯᠬᠤ ᠶᠢᠨ ᠲᠥᠯᠥᠭᠡ ᠭᠠᠷᠭᠠᠭᠰᠠᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠦᠢᠯᠡ ᠠᠵᠢᠯᠯᠠᠭ᠎ᠠ ᠲᠠᠢ ᠢᠯᠭᠠᠬᠤ ᠬᠡᠷᠡᠭᠲᠡᠶ᠃ ᠤᠳᠤᠷᠢᠳᠬᠤ ᠺᠠᠳ᠋ᠷᠴᠤᠳ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠠᠪᠤᠴᠠ ᠳᠠᠬᠢ ᠠᠯᠳᠠᠰᠢ ᠪᠠ ᠠᠯᠳᠠᠭ᠎ᠠ ᠪᠤᠷᠤᠭᠤ ᠳᠤ᠂ ᠠᠵᠢᠯ ᠦᠢᠯᠡᠰ ᠢ ᠳᠡᠭᠡᠳᠦᠯᠡᠬᠦ᠂ ᠦᠨᠡᠨ ᠠᠴᠠ ᠵᠥᠪ ᠢ ᠡᠷᠢᠬᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ᠂ ᠵᠠᠯᠠᠷᠠᠭᠤᠯᠬᠤ ᠶᠢ ᠵᠡᠷᠭᠡᠪᠡᠷ ᠠᠳᠬᠤᠬᠤ ᠵᠡᠷᠭᠡ ᠵᠠᠷᠴᠢᠮ ᠢ ᠵᠥᠪ ᠣᠨᠣᠪᠴᠢᠲᠠᠢ ᠡᠵᠡᠮᠳᠡᠵᠦ᠂ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠬᠤ ᠪᠠᠷ ᠳᠠᠮᠵᠢᠨ᠂ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠤᠶᠤ ᠬᠥᠩᠭᠡᠨ ᠢᠶᠠᠷ ᠬᠠᠷᠢᠭᠤᠴᠠᠯᠭ᠎ᠠ ᠲᠣᠭᠲᠠᠭᠠᠵᠤ᠂ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠬᠠᠷᠢᠭᠤᠴᠠᠯᠭ᠎ᠠ ᠡᠭᠦᠷᠭᠡᠯᠡᠨ ᠦᠢᠯᠡᠰ ᠪᠦᠲᠦᠭᠡᠬᠦ ᠶᠢ ᠳᠡᠮᠵᠢᠵᠦ᠂ ᠤᠳᠤᠷᠢᠳᠬᠤ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠬᠠᠮᠠᠭᠠᠯᠠᠬᠤ ᠬᠡᠷᠡᠭᠲᠡᠢ᠃      ᠵᠢᠷᠭᠤᠳᠤᠭᠠᠷ ᠪᠦᠯᠦᠭ ᠬᠢᠨᠠᠨ ᠪᠤᠳᠤᠭᠰᠠᠨ ᠦᠷ᠎ᠡ ᠳ᠋ᠦᠩ ᠢ ᠬᠡᠷᠡᠭᠯᠡᠬᠦ      ᠳᠥᠴᠢᠨ ᠳᠥᠷᠪᠡᠳᠦᠭᠡᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠨᠤᠭᠤᠳ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠪᠠᠶᠢᠳᠠᠯ ᠢ ᠨᠡᠪᠲᠡᠷᠡᠭᠦᠯᠬᠦ᠂ ᠬᠠᠷᠢᠭᠤᠴᠠᠯᠭ᠎ᠠ ᠨᠡᠬᠡᠮᠵᠢᠯᠡᠬᠦ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ᠂ ᠦᠷ᠎ᠡ ᠳ᠋ᠦᠩ ᠢ ᠵᠠᠷᠯᠠᠨ ᠨᠡᠶᠢᠲᠡᠯᠡᠬᠦ ᠵᠡᠷᠭᠡ ᠦᠷ᠎ᠡ ᠳ᠋ᠦᠩ ᠢ ᠬᠡᠷᠡᠭᠯᠡᠬᠦ ᠲᠥᠷᠢᠮ ᠢ ᠪᠠᠶᠢᠭᠤᠯᠤᠨ ᠪᠥᠷᠢᠨᠰᠢᠬᠦᠯᠵᠤ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠦᠷ᠎ᠡ ᠳ᠋ᠦᠩ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠷ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠢ ᠬᠢᠨᠠᠨ ᠰᠢᠯᠭᠠᠬᠤ᠂ ᠲᠣᠮᠢᠯᠠᠵᠤ ᠪᠠᠭᠤᠯᠭᠠᠬᠤ᠂ ᠱᠠᠩᠨᠠᠵᠤ ᠲᠣᠷᠭᠠᠬᠤ ᠶᠢᠨ ᠴᠢᠬᠤᠯᠠ ᠯᠠᠪᠯᠠᠯᠲᠠ ᠪᠣᠯᠭᠠᠬᠤ ᠬᠡᠷᠡᠭᠲᠡᠶ᠃      ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠶᠢᠨ ᠦᠷ᠎ᠡ ᠳ᠋ᠦᠩ ᠤᠨ ᠮᠡᠳᠡᠭᠦᠯᠦᠯᠲᠡ ᠵᠢᠴᠢ ᠬᠢᠨᠠᠨ ᠪᠤᠳᠤᠯᠲᠠ ᠶᠢᠨ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ᠶᠢ ᠬᠢᠨᠠᠨ ᠪᠤᠳᠤᠯᠲᠠ ᠬᠢᠯᠭᠡᠭᠰᠡᠨ ᠤᠳᠤᠷᠢᠳᠬᠤ ᠺᠠᠳ᠋ᠷ ᠤᠨ ᠲᠣᠰ ᠬᠥᠮᠦᠨ ᠤ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ᠃      ᠳᠥᠴᠢᠨ ᠲᠠᠪᠤᠳᠤᠭᠠᠷ ᠵᠦᠢᠯ ᠬᠢᠨᠠᠨ ᠪᠤᠳᠤᠬᠤ ᠵᠥᠪᠯᠡᠯ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠨᠤᠭᠤᠳ ᠲᠣᠭᠲᠠᠭᠠᠯ ᠶᠣᠰᠣᠭᠠᠷ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠦᠷ᠎ᠡ ᠳ᠋ᠦᠩ ᠢ ᠵᠣᠬᠢᠰᠲᠠᠶ ᠠᠷᠭ᠎ᠠ ᠮᠠᠶ᠋ᠢᠭ ᠢᠶᠠᠷ ᠮᠡᠳᠡᠭᠳᠡᠬᠦ ᠪᠤᠶᠤ ᠵᠠᠷᠯᠠᠨ ᠨᠡᠶᠢᠲᠡᠯᠡᠵᠦ᠂ ᠬᠢᠨᠠᠨ ᠪᠤᠳᠤᠯᠳᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠶ᠃      ᠳᠥᠴᠢᠨ ᠵᠢᠷᠭᠤᠳᠤᠭᠠᠷ ᠵᠦᠢᠯ ᠬᠠᠮᠲᠤᠷᠠᠭᠰᠠᠨ ᠬᠤᠷᠠᠯᠳᠤᠭᠠᠨ ᠤ ᠪᠤᠰᠤᠳ ᠪᠦᠷᠢᠯᠳᠦᠬᠦᠨ ᠨᠢᠭᠡᠴᠢ ᠨᠦᠭᠦᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷ᠎ᠠ ᠬᠢᠨᠠᠨ ᠪᠤᠳᠤᠭᠰᠠᠨ ᠦᠷ᠎ᠡ ᠳ᠋ᠦᠩ ᠢ ᠬᠡᠷᠡᠭᠯᠡᠬᠦ ᠬᠡᠷᠡᠭᠲᠡᠶ᠄      ︵ᠨᠢᠭᠡ︶ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠢ ᠦᠨᠳᠦᠰᠦᠯᠡᠨ᠂ ᠬᠢᠨᠠᠨ ᠪᠤᠳᠤᠭᠰᠠᠨ ᠦᠷ᠎ᠡ ᠳ᠋ᠦᠩ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠪᠤᠳᠤᠯᠲᠠ ᠬᠢᠯᠭᠡᠭᠰᠡᠨ ᠤᠳᠤᠷᠢᠳᠬᠤ ᠺᠠᠳ᠋ᠷ ᠢ ᠬᠢᠨᠠᠨ ᠰᠢᠯᠭᠠᠬᠤ᠂ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ᠂ ᠱᠠᠩᠨᠠᠵᠤ ᠰᠢᠳᠬᠡᠬᠦ ᠶᠢᠨ ᠴᠢᠬᠤᠯᠠ ᠯᠠᠪᠯᠠᠯᠲᠠ ᠪᠣᠯᠭᠠᠨ᠎ᠠ︔      ︵ᠬᠤᠶᠠᠷ︶ ᠬᠢᠨᠠᠨ ᠪᠤᠳᠤᠯᠳᠠ ᠪᠠᠷ ᠣᠯᠵᠤ ᠮᠡᠳᠡᠭᠰᠡᠨ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠨ᠎ᠡ︔      ︵ᠭᠤᠷᠪᠠ︶ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ︔      ︵ᠳᠥᠷᠪᠡ︶ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠨᠡᠶᠢᠲᠡᠯᠢᠭ ᠴᠢᠨᠠᠷᠲᠠᠶ᠂ ᠲᠦᠭᠡᠮᠡᠯ ᠴᠢᠨᠠᠷᠲᠠᠶ᠂ ᠬᠡᠯᠪᠡᠷᠢᠯ ᠤᠨ ᠴᠢᠨᠠᠷᠲᠠᠶ ᠠᠰᠠᠭᠤᠳᠠᠯ ᠪᠠ ᠳᠤᠷᠠᠳᠤᠭᠰᠠᠨ ᠬᠢᠨᠠᠨ ᠪᠤᠳᠤᠯᠲᠠ ᠶᠢᠨ ᠰᠠᠨᠠᠭᠤᠯᠭ᠎ᠠ ᠶᠢ ᠴᠠᠭ ᠲᠤᠬᠠᠶ ᠳᠤᠨᠢ ᠰᠤᠳᠤᠯᠵᠤ᠂ ᠲᠡᠭᠦᠨ ᠢᠶᠠᠷ ᠬᠤᠯᠪᠣᠭᠳᠠᠯ ᠪᠥᠬᠦᠶ ᠠᠷᠭ᠎ᠠ ᠬᠡᠮᠵᠢᠶ᠎ᠡ ᠠᠪᠬᠤ᠂ ᠬᠤᠯᠪᠣᠭᠳᠠᠯ ᠪᠥᠬᠦᠶ ᠲᠦᠷᠢᠮ ᠲᠣᠭᠲᠠᠭᠠᠯ ᠢ ᠲᠡᠭᠦᠯᠳᠡᠷᠵᠢᠭᠦᠯᠬᠦ ᠶᠢᠨ ᠴᠢᠬᠤᠯᠠ ᠯᠠᠪᠯᠠᠯᠲᠠ ᠪᠣᠯᠭᠠᠨ᠎ᠠ᠃      ᠬᠠᠮᠲᠤᠷᠠᠭᠰᠠᠨ ᠬᠤᠷᠠᠯᠳᠤᠭᠠᠨ ᠤ ᠪᠤᠰᠤᠳ ᠪᠦᠷᠢᠯᠳᠦᠬᠦᠨ ᠨᠢᠭᠡᠴᠢ ᠨᠦᠭᠦᠳ ᠵᠣᠬᠢᠰᠲᠠᠶ ᠠᠷᠭ᠎ᠠ ᠮᠠᠶ᠋ᠢᠭ ᠢᠶᠠᠷ ᠬᠢᠨᠠᠨ ᠪᠤᠳᠤᠭᠰᠠᠨ ᠦᠷ᠎ᠡ ᠳ᠋ᠦᠩ ᠢ ᠬᠡᠷᠡᠭᠯᠡᠭᠰᠡᠨ ᠪᠠᠶᠢᠳᠠᠯ ᠢᠶᠠᠨ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠳᠤ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃ ᠨᠠᠮ ᠤᠨ ᠲᠥᠪ ᠬᠤᠷᠢᠶ᠎ᠠ ᠠᠴᠠ ᠠᠰᠲᠠᠭᠠᠨ ᠲᠣᠭᠲᠠᠭᠠᠯ ᠲᠠᠢ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃      ᠳᠥᠴᠢᠨ ᠳᠣᠯᠣᠳᠤᠭᠠᠷ ᠵᠦᠢᠯ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷ᠎ᠠ ᠬᠢᠨᠠᠨ ᠪᠤᠳᠤᠭᠰᠠᠨ ᠦᠷ᠎ᠡ ᠳ᠋ᠦᠩ ᠢ ᠬᠡᠷᠡᠭᠯᠡᠬᠦ ᠬᠡᠷᠡᠭᠲᠡᠶ᠄      ︵ᠨᠢᠭᠡ︶ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠢ ᠦᠨᠳᠦᠰᠦᠯᠡᠨ᠂ ᠬᠢᠨᠠᠨ ᠪᠤᠳᠤᠭᠰᠠᠨ ᠦᠷ᠎ᠡ ᠳ᠋ᠦᠩ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠪᠤᠳᠤᠯᠲᠠ ᠬᠢᠯᠭᠡᠭᠰᠡᠨ ᠤᠳᠤᠷᠢᠳᠬᠤ ᠺᠠᠳ᠋ᠷ ᠢ ᠬᠢᠨᠠᠨ ᠰᠢᠯᠭᠠᠬᠤ᠂ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ᠂ ᠱᠠᠩᠨᠠᠵᠤ ᠰᠢᠳᠬᠡᠬᠦ ᠶᠢᠨ ᠴᠢᠬᠤᠯᠠ ᠯᠠᠪᠯᠠᠯᠲᠠ ᠪᠣᠯᠭᠠᠨ᠎ᠠ︔      ︵ᠬᠤᠶᠠᠷ︶ ᠬᠢᠨᠠᠨ ᠪᠤᠳᠤᠯᠲᠠ ᠶᠢᠨ ᠰᠢᠯᠵᠢᠭᠦᠯᠦᠨ ᠬᠦᠷᠭᠡᠭᠰᠡᠨ ᠵᠦᠶ᠋ᠯᠡᠰ ᠢ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠶᠣᠰᠣᠭᠠᠷ ᠰᠢᠢᠳᠪᠦᠷᠢᠯᠡᠬᠦ ᠰᠢᠳᠬᠡᠯ ᠥᠭᠬᠦ ᠬᠡᠷᠡᠭᠲᠡᠶ︔      ︵ᠭᠤᠷᠪᠠ︶ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠡ ᠶᠢ ᠰᠢᠮᠳᠠᠭᠤᠯᠵᠤ ᠪᠠᠶᠢᠭᠠᠳ ᠬᠢᠨᠠᠨ ᠪᠤᠳᠤᠭᠰᠠᠨ ᠲᠣᠭᠲᠠᠭᠠᠯ ᠪᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠠᠵᠢᠯ ᠲᠥᠷᠥᠯ᠂ ᠨᠢᠭᠡᠴᠡ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢᠨ ᠳᠤᠮᠳᠠ ᠬᠢᠨᠠᠨ ᠪᠤᠳᠤᠭᠰᠠᠨ ᠦᠷ᠎ᠡ ᠳ᠋ᠦᠩ ᠢ ᠪᠦᠲᠦᠮᠵᠢᠲᠡᠶ ᠬᠡᠷᠡᠭᠯᠡᠬᠦ ᠬᠡᠷᠡᠭᠲᠡᠶ︔      ︵ᠳᠥᠷᠪᠡ︶ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠨᠡᠶᠢᠲᠡᠯᠢᠭ ᠴᠢᠨᠠᠷᠲᠠᠶ᠂ ᠲᠦᠭᠡᠮᠡᠯ ᠴᠢᠨᠠᠷᠲᠠᠶ᠂ ᠬᠡᠯᠪᠡᠷᠢᠯ ᠤᠨ ᠴᠢᠨᠠᠷᠲᠠᠶ ᠠᠰᠠᠭᠤᠳᠠᠯ ᠪᠠ ᠳᠤᠷᠠᠳᠤᠭᠰᠠᠨ ᠬᠢᠨᠠᠨ ᠪᠤᠳᠤᠯᠲᠠ ᠶᠢᠨ ᠰᠠᠨᠠᠭᠤᠯᠭ᠎ᠠ ᠶᠢ ᠴᠠᠭ ᠲᠤᠬᠠᠶ ᠳᠤᠨᠢ ᠰᠤᠳᠤᠯᠬᠤ ᠶᠢᠨ ᠬᠠᠮᠲᠤ᠂ ᠲᠡᠭᠦᠨ ᠢᠶᠠᠷ ᠬᠤᠯᠪᠣᠭᠳᠠᠯ ᠪᠥᠬᠦᠶ ᠠᠷᠭ᠎ᠠ ᠬᠡᠮᠵᠢᠶ᠎ᠡ ᠠᠪᠬᠤ᠂ ᠬᠤᠯᠪᠣᠭᠳᠠᠯ ᠪᠥᠬᠦᠶ ᠲᠦᠷᠢᠮ ᠲᠣᠭᠲᠠᠭᠠᠯ ᠢ ᠲᠡᠭᠦᠯᠳᠡᠷᠵᠢᠭᠦᠯᠬᠦ ᠶᠢᠨ ᠴᠢᠬᠤᠯᠠ ᠯᠠᠪᠯᠠᠯᠲᠠ ᠪᠣᠯᠭᠠᠨ᠎ᠠ᠃      ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠵᠣᠬᠢᠰᠲᠠᠶ ᠠᠷᠭ᠎ᠠ ᠮᠠᠶ᠋ᠢᠭ ᠢᠶᠠᠷ ᠬᠢᠨᠠᠨ ᠪᠤᠳᠤᠭᠰᠠᠨ ᠦᠷ᠎ᠡ ᠳ᠋ᠦᠩ ᠢ ᠬᠡᠷᠡᠭᠯᠡᠭᠰᠡᠨ ᠪᠠᠶᠢᠳᠠᠯ ᠢ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠳᠤ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃      ᠳᠥᠴᠢᠨ ᠨᠠᠢᠮᠠᠳᠤᠭᠠᠷ ᠵᠦᠢᠯ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ ᠨᠢᠭᠡᠴᠢ ᠬᠢᠨᠠᠨ ᠪᠤᠳᠤᠭᠰᠠᠨ ᠦᠷ᠎ᠡ ᠳ᠋ᠦᠩ ᠢ ᠦᠨᠳᠦᠰᠦᠯᠡᠨ᠂ ᠳᠣᠣᠷᠠᠬᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠦᠭᠦᠳ ᠢ ᠠᠪᠬᠤ ᠬᠡᠷᠡᠭᠲᠡᠶ᠄      ︵ᠨᠢᠭᠡ︶ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠲᠣᠭᠲᠠᠭᠰᠠᠨ ᠬᠤᠭᠤᠴᠠᠭᠠᠨ ᠤ ᠳᠣᠲᠣᠷ᠎ᠠ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢᠶᠠᠨ ᠬᠢᠨᠠᠨ ᠪᠤᠳᠤᠬᠤ ᠵᠥᠪᠯᠡᠯ ᠤᠨ ᠠᠯᠪᠠᠨ ᠬᠡᠷ᠂ ᠬᠢᠨᠠᠨ ᠪᠤᠳᠤᠬᠤ ᠪᠠᠶᠢᠭᠤᠯᠭ᠎ᠠ ᠵᠢᠴᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠪᠤᠶᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠦᠯᠬᠦ ᠬᠡᠷᠡᠭᠲᠡᠶ︔      ︵ᠬᠤᠶᠠᠷ︶ ᠬᠢᠨᠠᠨ ᠪᠤᠳᠤᠭᠰᠠᠨ ᠲᠣᠭᠲᠠᠭᠠᠯ ᠢ ᠲᠣᠭᠲᠠᠭᠰᠠᠨ ᠬᠤᠭᠤᠴᠠᠭᠠᠨ ᠤ ᠳᠣᠲᠣᠷ᠎ᠠ ᠭᠦᠢᠴᠡᠳᠬᠡᠵᠦ ᠳᠠᠭᠤᠰᠬᠠᠭᠠᠳ᠂ ᠭᠦᠢᠴᠡᠳᠬᠡᠭᠰᠡᠨ ᠪᠠᠶᠢᠳᠠᠯ ᠢᠶᠠᠨ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠳᠤ ᠪᠢᠴᠢᠭ ᠢᠶᠠᠷ ᠮᠡᠳᠡᠭᠦᠯᠦᠨ᠎ᠡ︔      ︵ᠭᠤᠷᠪᠠ︶ ᠬᠢᠨᠠᠨ ᠪᠤᠳᠤᠯᠳᠠ ᠪᠠᠷ ᠣᠯᠵᠤ ᠮᠡᠳᠡᠭᠰᠡᠨ ᠠᠰᠠᠭᠤᠳᠠᠯ ᠢ ᠦᠨᠳᠦᠰᠦᠯᠡᠨ᠂ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠦᠰ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠣᠬᠢᠴᠠᠩᠭᠤᠶ ᠰᠢᠢᠳᠪᠦᠷᠢᠯᠡᠬᠦ ᠠᠷᠭ᠎ᠠ ᠬᠡᠮᠵᠢᠶ᠎ᠡ ᠠᠪᠤᠨ᠎ᠠ︔      ︵ᠲᠦᠷᠪᠡ︶ ᠨᠢᠭᠲᠠᠯᠠᠨ ᠪᠠᠶᠢᠴᠠᠭᠠᠬᠤ ᠰᠠᠨᠠᠭᠤᠯᠭ᠎ᠠ ᠶᠢ ᠦᠨᠳᠦᠰᠦᠯᠡᠨ ᠠᠷᠭ᠎ᠠ ᠬᠡᠮᠵᠢᠶ᠎ᠡ ᠠᠪᠴᠤ᠂ ᠲᠦᠷᠢᠮ ᠢᠶᠠᠨ ᠲᠡᠭᠦᠯᠳᠡᠷᠵᠢᠭᠦᠯᠵᠦ᠂ ᠬᠠᠮᠢᠶᠠᠷᠤᠯᠲᠠ ᠪᠠᠨ ᠴᠢᠩᠭᠠᠳᠬᠠᠨ᠎ᠠ︔      ︵ᠲᠠᠪᠤ︶ ᠬᠢᠨᠠᠨ ᠪᠤᠳᠤᠭᠰᠠᠨ ᠦᠷ᠎ᠡ ᠳ᠋ᠦᠩ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠭ᠎ᠠ ᠨᠢᠭᠡᠴᠡ ᠶᠢᠨ ᠢᠶᠠᠨ ᠤᠳᠤᠷᠢᠳᠬᠤ ᠪᠠᠭ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠤᠨ ᠪᠠᠶᠢᠴᠠᠭᠠᠵᠤ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠤ ᠂ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠤᠳᠤᠷᠢᠳᠬᠤ ᠪᠠᠭ ᠤᠨ ᠪᠦᠷᠢᠯᠳᠦᠬᠦᠨ ᠤ ᠬᠠᠷᠢᠭᠤᠴᠠᠯᠭ᠎ᠠ ᠶᠢᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠶᠢᠨ ᠴᠢᠬᠤᠯᠠ ᠠᠭᠤᠯᠭ᠎ᠠ ᠪᠣᠯᠭᠠᠨ᠎ᠠ᠃      ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ      ᠳᠥᠴᠢ ᠶᠢᠰᠦᠳᠦᠭᠡᠷ ᠵᠦᠢᠯ ᠬᠢᠨᠠᠨ ᠪᠤᠳᠤᠬᠤ ᠵᠥᠪᠯᠡᠯ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠪᠠ ᠬᠢᠨᠠᠨ ᠪᠤᠳᠤᠬᠤ ᠠᠵᠢᠯᠲᠠᠨ᠂ ᠬᠢᠨᠠᠨ ᠪᠣᠳᠣᠭᠳᠠᠬᠤ ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ ᠨᠢᠭᠡᠴᠢ ᠵᠢᠴᠢ ᠪᠤᠰᠤᠳ ᠬᠤᠯᠪᠣᠭᠳᠠᠯ ᠪᠥᠬᠦᠢ ᠨᠢᠭᠡᠴᠢ ᠪᠠ ᠬᠤᠪᠢ ᠬᠥᠮᠦᠨ ᠤ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠣᠳᠣᠬᠤ ᠶᠠᠪᠤᠴᠠ ᠳᠠᠬᠢ ᠲᠤᠰᠢᠶᠠᠯ ᠬᠠᠷᠢᠭᠤᠴᠠᠯᠭ᠎ᠠ᠂ ᠡᠷᠬᠡ ᠶᠢᠨ ᠬᠡᠪᠴᠢᠶ᠎ᠡ᠂ ᠬᠠᠤᠯᠢ ᠶᠢᠨ ᠬᠠᠷᠢᠭᠤᠴᠠᠯᠭ᠎ᠠ ᠵᠡᠷᠭᠡ ᠶᠢ ᠲᠣᠰ ᠲᠣᠭᠲᠠᠭᠠᠯ ᠳᠤ ᠲᠣᠭᠲᠠᠭᠠᠭᠰᠠᠨ ᠥᠭᠡᠢ ᠪᠠᠶᠢᠪᠠᠯ᠂ ᠨᠠᠮ ᠤᠨ ᠲᠥᠪ ᠬᠤᠷᠢᠶᠠᠨ ᠤ ᠬᠤᠯᠪᠣᠭᠳᠠᠯ ᠪᠥᠬᠦᠢ ᠲᠣᠭᠲᠠᠭᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠣᠳᠣᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠣᠳᠣᠬᠤ ᠬᠠᠤᠯᠢ ᠶᠢ ᠬᠡᠷᠡᠭᠵᠢᠭᠦᠯᠬᠦ ᠲᠥᠷᠢᠮ︾ ᠪᠠ ᠪᠤᠰᠤᠳ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠲᠠᠪᠢᠳᠤᠭᠠᠷ ᠵᠦᠢᠯ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠳᠣᠲᠣᠭᠠᠳᠤ ᠶᠢᠨ ᠬᠠᠮᠢᠶᠠᠷᠤᠯᠲᠠ ᠶᠢᠨ ᠤᠳᠤᠷᠢᠳᠬᠤ ᠺᠠᠳ᠋ᠷ ᠲᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠬᠢᠬᠦ ᠳᠤ ᠲᠤᠰ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠬᠦ ᠪᠤᠶᠤ ᠲᠤᠰ ᠲᠣᠭᠲᠠᠭᠠᠯ ᠢ ᠦᠨᠳᠦᠰᠦᠯᠡᠨ ᠪᠣᠳᠠᠲᠠᠶ ᠠᠷᠭ᠎ᠠ ᠶᠢ ᠲᠣᠭᠲᠠᠭᠠᠨ᠎ᠠ᠃      ᠲᠠᠪᠢᠨ ᠨᠢᠭᠡᠳᠦᠭᠡᠷ ᠵᠦᠢᠯ ᠲᠤᠰ ᠲᠣᠭᠲᠠᠭᠠᠯ ᠢ ᠲᠥᠪ ᠤᠨ ᠬᠢᠨᠠᠨ ᠪᠤᠳᠤᠬᠤ ᠵᠥᠪᠯᠡᠯ ᠤᠨ ᠠᠯᠪᠠᠨ ᠭᠡᠷ᠂ ᠬᠢᠨᠠᠨ ᠪᠤᠳᠤᠬᠤ ᠵᠠᠬᠢᠷᠭ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃      ᠲᠠᠪᠢᠨ ᠬᠤᠶᠠᠳᠤᠭᠠᠷ ᠵᠦᠢᠯ ᠲᠣᠰ ᠲᠣᠭᠲᠠᠭᠠᠯ ᠢ 2019 ᠣᠨ ᠤ 7 ᠰᠠᠷ᠎ᠠ ᠶᠢᠨ 7᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2010 ᠣᠨ ᠤ 10 ᠰᠠᠷ᠎ᠠ ᠶᠢᠨ 12᠎ ᠤᠨ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠨᠠᠮ ᠵᠠᠰᠠᠭ ᠤᠨ ᠭᠤᠣᠯ ᠤᠳᠤᠷᠢᠳᠬᠤ ᠺᠠᠳ᠋ᠷ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤᠷᠢᠳᠬᠤ ᠬᠥᠮᠦᠰ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠲᠣᠭᠲᠠᠭᠠᠯ︾᠎ ᠢ ᠳᠠᠭᠠᠤ ᠳᠤᠨᠢ ᠬᠦᠴᠦᠨ ᠦᠭᠡᠢ ᠪᠣᠯᠭᠠᠨ᠎ᠠ᠃       ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ           ︽ᠨᠠᠮ ᠵᠠᠰᠠᠭ ᠤᠨ ᠭᠤᠤᠯ ᠤᠳᠤᠷᠢᠳᠬᠤ ᠺᠠᠳ᠋ᠷ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠤᠯ ᠤᠳᠤᠷᠢᠳᠬᠤ ᠬᠥᠮᠦᠰ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠲᠣᠭᠲᠠᠭᠠᠯ︾᠎ ᠤᠨ ᠲᠤᠬᠠᠢ ᠲᠠᠶᠢᠯᠤᠮᠵᠢ             ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ  ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号