ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ ᠳᠦᠷᠢᠮ | | | ︵2011 ᠤᠨ ᠤ 9 ᠳ᠋ᠦᠭᠡᠷ ᠰᠠᠷ᠎ᠠ ᠶᠢᠨ 28 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠬᠤᠷᠢᠨ ᠳᠦᠷᠪᠡᠳᠡᠭᠡᠷ ᠤᠳᠠᠭᠠᠨ ᠤ ᠬᠤᠷᠠᠯ ᠠᠴᠠ ᠪᠠᠳᠤᠯᠠᠪᠠ︶ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠮᠡᠳᠡᠭᠡ | | 31 ᠳ᠋ᠦ᠋ᠭᠡᠷ ᠳᠤᠭᠠᠳᠤ | | 2011 ᠤᠨ ᠤ 9 ᠰᠠᠷ᠎ᠠ ᠶᠢᠨ 28 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠤᠷᠢᠨ ᠳᠦᠷᠪᠡᠳᠡᠭᠡᠷ ᠤᠳᠠᠭᠠᠨ ᠤ ᠬᠤᠷᠠᠯ ᠳᠡᠭᠡᠷ᠎ᠠ ᠵᠠᠰᠠᠪᠤᠷᠢ ᠤᠷᠤᠭᠤᠯᠵᠤ ᠪᠠᠳᠤᠯᠠᠭᠰᠠᠨ ︽ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ ᠳᠦᠷᠢᠮ︾ ᠢ | ᠤᠳᠤ ᠨᠠᠶᠢᠳᠠᠯᠡᠪᠠ᠂ 2011 ᠤᠨ ᠤ 12 ᠰᠠᠷ᠎ᠠ ᠶᠢᠨ 1 ᠤ ᠡᠳᠦᠷ ᠠᠴᠠ ᠡᠬᠢᠯᠡᠵᠤ ᠬᠡᠷᠡᠭᠵᠢᠭᠦᠯᠦᠨ᠎ᠠ᠃ 1998 | ᠤᠨ ᠤ 11 ᠰᠠᠷ᠎ᠠ ᠶᠢᠨ 27 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ | ᠤᠳᠠᠭᠠᠨ ᠤ ᠬᠤᠷᠠᠯ ᠠᠴᠠ ᠪᠠᠳᠤᠯᠠᠭᠰᠡᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ | ᠨᠤᠳᠤᠭ ᠪᠡᠯᠴᠢᠭᠡᠷ ᠢ ᠬᠠᠮᠠᠭᠠᠯᠠᠬᠤ ᠳᠦᠷᠢᠮ︾ ᠢ ᠬᠠᠮᠳᠤ ᠳᠤᠨᠢ ᠬᠦᠴᠦᠨ ᠦᠭᠡᠢ ᠪᠤᠯᠭᠠᠨ᠎ᠠ᠃ | | | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ ᠳᠦᠷᠢᠮ | | | ᠲᠤᠰ ᠳᠦᠷᠢᠮ ᠳᠤ ᠬᠡᠯᠡᠵᠦ ᠪᠠᠶᠢᠭ᠎ᠠ ᠦᠨᠳᠦᠰᠦᠨ ᠨᠤᠳᠤᠭ ᠪᠡᠯᠴᠢᠭᠡᠷ ᠭᠡᠳᠡᠭ ᠨᠢ ᠬᠠᠦᠯᠢ ᠶᠤᠰᠤᠭᠠᠷ | ᠤᠨᠴᠠᠭᠠᠢ ᠬᠠᠮᠠᠭᠠᠯᠠᠯᠳᠠ ᠬᠢᠭᠦ ᠪᠠᠷ ᠲᠤᠭᠳᠠᠭᠰᠡᠨ ᠲᠠᠯ᠎ᠠ ᠨᠤᠳᠤᠭ ᠤᠨ ᠠᠮᠢ ᠠᠬᠤᠢ ᠶᠢᠨ ᠴᠢᠳᠠᠪᠬᠢ ᠪᠠ ᠮᠠᠯ ᠠᠵᠤ | ᠠᠬᠤᠢ ᠶᠢᠨ ᠦᠢᠯᠡᠳᠪᠦᠷᠢᠯᠡᠯ ᠳᠤ ᠲᠤᠬᠢᠷᠠᠬᠤ ᠪᠠᠶᠢᠭᠠᠯᠢ ᠶᠢᠨ ᠨᠤᠳᠤᠭ ᠪᠡᠯᠴᠢᠭᠡᠷ ᠪᠠ ᠲᠠᠷᠢᠮᠠᠯ ᠪᠡᠯᠴᠢᠬᠡᠷ ᠢ ᠵᠢᠭᠠᠵᠤ | ᠪᠤᠢ᠃ | ※ ᠦᠨᠳᠦᠰᠦᠨ ᠨᠤᠳᠤᠭ ᠪᠡᠯᠴᠢᠭᠡᠷ ᠲᠤ ᠲᠤᠤᠷᠠᠬᠢ ᠨᠤᠳᠤᠭ ᠪᠡᠯᠴᠢᠭᠡᠷ ᠪᠠᠭᠳᠠᠨ᠎ᠠ᠄ | ① ᠠᠭᠤᠷ ᠠᠮᠢᠰᠬᠤᠯ ᠢ ᠵᠤᠬᠢᠴᠠᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠬᠦᠷᠦᠰᠦ | ᠰᠢᠷᠤᠢ ᠶᠢ ᠬᠠᠮᠭᠠᠯᠠᠬᠤ᠂ ᠰᠠᠯᠬᠢᠨ ᠢ ᠬᠠᠯᠬᠠᠯᠠᠵᠤ ᠡᠯᠡᠰᠤ ᠶᠢ ᠲᠤᠭᠳᠠᠪᠤᠷᠢᠵᠢᠭᠤᠯᠬᠤ ᠤᠨᠴᠠᠭᠠᠢ ᠠᠮᠢ ᠠᠬᠤᠢ ᠶᠢᠨ | ᠴᠢᠳᠠᠪᠬᠢ ᠲᠠᠢ ᠨᠤᠳᠤᠭ ᠪᠡᠯᠴᠢᠭᠡᠷ︔ | ② ᠮᠠᠯ ᠮᠠᠯᠵᠢᠬᠤ ᠴᠢᠬᠤᠯᠠ ᠪᠡᠯᠴᠢᠭᠡᠷ︔ | ③ ᠬᠠᠳᠤᠯᠠᠩ ᠤᠨ ᠭᠠᠵᠠᠷ︔ | ④ ᠮᠠᠯ ᠠᠵᠤ ᠠᠬᠤᠢ ᠶᠢᠨ ᠦᠢᠯᠡᠳᠪᠤᠷᠢᠯᠡᠯ ᠳᠤ ᠬᠡᠷᠡᠭᠯᠡᠳᠡᠭ ᠲᠠᠷᠢᠮᠠᠯ ᠪᠡᠯᠴᠢᠭᠡᠷ᠂ ᠡᠪᠡᠰᠦ ᠪᠤᠷᠳᠤᠭᠠᠨ | ᠰᠠᠭᠤᠷᠢᠨ ᠭᠠᠵᠠᠷ᠂ ᠲᠠᠷᠢᠶᠠᠯᠠᠬᠤ ᠶᠢ ᠵᠤᠭᠰᠤᠭᠠᠵᠤ ᠪᠡᠯᠴᠢᠭᠡᠷ ᠢ ᠰᠡᠷᠭᠦᠭᠡᠭᠰᠡᠨ ᠨᠤᠲᠤᠭ ᠪᠠ ᠰᠢᠯᠢᠳᠡᠭᠵᠢᠭᠦᠯᠦᠨ | ᠰᠠᠶᠢᠵᠢᠷᠠᠭᠤᠯᠤᠭᠰᠠᠨ ᠪᠡᠯᠴᠢᠭᠡᠷ᠂ ᠡᠪᠡᠰᠦᠨ ᠦᠷ᠎ᠡ ᠶᠢᠨ ᠰᠠᠭᠤᠷᠢᠨ ᠭᠠᠵᠠᠷ︔ | ⑤ ᠤᠯᠤᠰ ᠪᠠ ᠦᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠳᠠᠨ | ᠤᠷᠭᠤᠮᠠᠯ ᠤᠨ ᠤᠷᠤᠰᠢᠨ ᠳᠤᠬᠳᠠᠨᠢᠬᠤ ᠤᠷᠴᠢᠨ ᠪᠤᠯᠳᠠᠭ ᠨᠤᠲᠤᠭ ᠪᠡᠯᠴᠢᠭᠡᠷ︔ | ⑥ ᠨᠤᠲᠤᠭ ᠪᠡᠯᠴᠢᠭᠡᠷ ᠤᠨ ᠰᠤᠳᠤᠯᠭᠠᠨ ᠪᠠ ᠵᠢᠭᠠᠨ ᠰᠤᠷᠭᠠᠯᠳᠠ ᠶᠢᠨ ᠲᠤᠷᠰᠢᠯᠳᠠ ᠶᠢᠨ ᠰᠠᠭᠤᠷᠢᠨ︔ | ⑦ ᠤᠯᠤᠰ ᠪᠠ ᠦᠪᠡᠷᠳᠡᠭᠡᠨ ᠵᠠᠰᠠᠬᠤ ᠤᠷᠤᠨ ᠤ ᠳᠤᠭᠳᠠᠭᠠᠯ ᠢᠶᠠᠷ ᠦᠨᠳᠦᠰᠦᠨ ᠨᠤᠲᠤᠭ ᠪᠡᠯᠴᠢᠭᠡᠷ ᠲᠤ | ᠤᠷᠤᠭᠤᠯᠪᠠᠰᠤ ᠵᠤᠬᠢᠬᠤ ᠪᠤᠰᠤᠳ ᠨᠤᠲᠤᠭ ᠪᠡᠯᠴᠢᠭᠡᠷ᠃ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ | ᠤᠷᠤᠨ ᠤ ᠲᠤᠳᠤᠷ᠎ᠠ ᠦᠨᠳᠦᠰᠦᠨ ᠨᠤᠳᠤᠭ ᠪᠡᠯᠴᠢᠭᠡᠷ ᠢ ᠲᠦᠯᠦᠪᠵᠢᠭᠦᠯᠭᠦ᠂ ᠬᠤᠪᠢᠶᠠᠨ ᠲᠤᠭᠳᠠᠭᠠᠬᠤ᠂ | ᠬᠠᠮᠠᠭᠠᠯᠠᠬᠤ᠂ ᠪᠦᠳᠦᠭᠡᠨ ᠪᠠᠶᠢᠭᠤᠯᠬᠤ᠂ ᠠᠰᠢᠭᠯᠠᠬᠤ ᠪᠠ ᠬᠠᠮᠢᠶᠠᠷᠬᠤ ᠳᠤ ᠲᠤᠰ ᠳᠦᠷᠢᠮ ᠢ ᠲᠤᠬᠢᠷᠠᠭᠤᠯᠤᠨ | ᠬᠡᠷᠡᠭᠯᠡᠨ᠎ᠠ᠃ | ᠦᠨᠳᠦᠰᠦᠨ ᠨᠤᠳᠤᠭ ᠪᠡᠯᠴᠢᠭᠡᠷ ᠢ ᠬᠠᠮᠭᠠᠯᠠᠬᠤ ᠳᠤ ᠰᠢᠨᠵᠢᠯᠡᠭᠦ ᠤᠬᠠᠭᠠᠨᠴᠢ ᠪᠠᠷ ᠲᠦᠯᠦᠪᠵᠢᠭᠦᠯᠵᠤ᠂ | ᠬᠠᠮᠭᠠᠯᠠᠬᠤ ᠶᠢ ᠲᠡᠭᠡᠳᠦᠯᠡᠵᠦ᠂ ᠭᠤᠤᠯᠳᠠᠯᠭ᠎ᠠ ᠲᠠᠢ ᠪᠠᠷ ᠪᠦᠳᠦᠭᠡᠨ ᠪᠠᠶᠢᠭᠤᠯᠵᠤ᠂ ᠵᠦᠢ ᠵᠤᠬᠢᠰᠳᠠᠢ ᠠᠰᠢᠭᠯᠠᠵᠤ᠂ | ᠴᠢᠩᠬ᠎ᠠ ᠨᠢᠮᠪᠠᠢ ᠬᠠᠮᠢᠶᠠᠷᠬᠤ ᠵᠠᠷᠴᠢᠮ ᠢ ᠪᠠᠷᠢᠮᠳᠠᠯᠠᠬᠤ ᠬᠡᠷᠡᠭᠳᠠᠢ᠃ | | ᠨᠢᠭᠡᠳᠦᠭᠡᠷ ᠪᠦᠯᠦᠭ ᠶᠡᠷᠦᠩᠭᠡᠢ ᠳᠦᠷᠢᠮ | | ᠨᠢᠭᠡᠳᠦᠭᠡᠷ ᠵᠦᠢᠯ ᠦᠨᠳᠦᠰᠦᠨ ᠨᠤᠳᠤᠭ ᠪᠡᠯᠴᠢᠭᠡᠷ ᠲᠤ ᠤᠨᠴᠠᠭᠠᠢ ᠬᠠᠮᠠᠭᠠᠯᠠᠯᠳᠠ ᠬᠢᠵᠤ᠂ ᠲᠠᠯ᠎ᠠ | ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠪᠠ ᠪᠦᠳᠦᠭᠡᠨ ᠪᠠᠶᠢᠭᠤᠯᠤᠯᠳᠠ ᠪᠠᠨ ᠴᠢᠩᠭᠠᠳᠬᠠᠨ᠂ ᠠᠵᠤ ᠠᠬᠤᠢ | ᠪᠠ ᠨᠡᠶᠢᠭᠡᠮ ᠤᠨ ᠦᠷᠭᠦᠯᠵᠢᠯᠡᠠ ᠬᠦᠭᠵᠢᠬᠦ ᠶᠢ ᠠᠬᠢᠭᠤᠯᠬᠤ ᠶᠢᠨ ᠲᠦᠯᠦᠭᠡ᠂ ︽ᠪᠦᠭᠦᠳᠠ ᠨᠠᠶᠢᠷᠠᠮᠳᠠᠬᠤ ᠲᠤᠮᠳᠠᠳᠤ | ᠠᠷᠠᠳ ᠤᠯᠤᠰ ᠤᠨ ᠨᠤᠳᠤᠭ ᠪᠡᠯᠴᠢᠭᠡᠷ ᠤᠨ ᠬᠠᠦᠯᠢ︾ ᠪᠠ ᠤᠯᠤᠰ ᠤᠨ ᠬᠤᠯᠪᠤᠭᠳᠠᠯ ᠪᠦᠭᠦᠢ ᠬᠠᠦᠯᠢ ᠴᠠᠭᠠᠵᠠ᠂ | ᠬᠠᠤᠯᠢ ᠲᠤᠭᠳᠠᠭᠠᠯ ᠢ ᠦᠨᠳᠦᠰᠦᠯᠡᠵᠤ᠂ ᠦᠪᠡᠷᠳᠡᠭᠡᠨ ᠵᠠᠰᠠᠬᠤ ᠤᠷᠤᠨ ᠤ ᠪᠤᠳᠠᠳᠠᠢ ᠪᠠᠶᠢᠳᠠᠯ ᠲᠠᠢ ᠤᠶᠠᠯᠳᠤᠭᠤᠯᠤᠨ | ᠲᠤᠰ ᠳᠦᠷᠢᠮ ᠢ ᠲᠤᠭᠳᠠᠭᠠᠪᠠ᠃ | ᠬᠤᠶᠠᠳᠤᠭᠠᠷ ᠵᠦᠢᠯ ᠲᠤᠰ ᠳᠦᠷᠢᠮ ᠳᠤ ᠬᠡᠯᠡᠵᠦ ᠪᠠᠶᠢᠭ᠎ᠠ ᠦᠨᠳᠦᠰᠦᠨ ᠨᠤᠳᠤᠭ ᠪᠡᠯᠴᠢᠭᠡᠷ ᠭᠡᠳᠡᠭ | ᠨᠢ ᠬᠠᠦᠯᠢ ᠶᠤᠰᠤᠭᠠᠷ ᠤᠨᠴᠠᠭᠠᠢ ᠬᠠᠮᠠᠭᠠᠯᠠᠯᠳᠠ ᠬᠢᠭᠦ ᠪᠠᠷ ᠲᠤᠭᠳᠠᠭᠰᠡᠨ ᠲᠠᠯ᠎ᠠ ᠨᠤᠳᠤᠭ ᠤᠨ ᠠᠮᠢ ᠠᠬᠤᠢ ᠶᠢᠨ | ᠴᠢᠳᠠᠪᠬᠢ ᠪᠠ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠲᠤᠬᠢᠷᠠᠬᠤ ᠪᠠᠶᠢᠭᠠᠯᠢ ᠶᠢᠨ ᠨᠤᠳᠤᠭ ᠪᠡᠯᠴᠢᠭᠡᠷ ᠪᠠ | ᠲᠠᠷᠢᠮᠠᠯ ᠪᠡᠯᠴᠢᠬᠡᠷ ᠢ ᠵᠢᠭᠠᠨ᠎ᠠ᠃ | ᠭᠤᠷᠪᠠᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠲᠤᠳᠤᠷ᠎ᠠ | ᠦᠨᠳᠦᠰᠦᠨ ᠨᠤᠳᠤᠭ ᠪᠡᠯᠴᠢᠭᠡᠷ ᠢ ᠲᠦᠯᠦᠪᠵᠢᠭᠦᠯᠭᠦ᠂ ᠬᠤᠪᠢᠶᠠᠨ ᠲᠤᠭᠳᠠᠭᠠᠬᠤ᠂ ᠬᠠᠮᠠᠭᠠᠯᠠᠬᠤ᠂ ᠪᠦᠳᠦᠭᠡᠨ | ᠪᠠᠶᠢᠭᠤᠯᠬᠤ᠂ ᠠᠰᠢᠭᠯᠠᠬᠤ ᠪᠠ ᠬᠠᠮᠢᠶᠠᠷᠬᠤ ᠳᠤ ᠲᠤᠰ ᠳᠦᠷᠢᠮ ᠢ ᠲᠤᠬᠢᠷᠠᠭᠤᠯᠤᠨ ᠬᠡᠷᠡᠭᠯᠡᠨ᠎ᠠ᠃ | ᠳᠦᠷᠪᠡᠳᠦᠭᠡᠷ ᠵᠦᠢᠯ ᠦᠨᠳᠦᠰᠦᠨ ᠨᠤᠳᠤᠭ ᠪᠡᠯᠴᠢᠭᠡᠷ ᠢ ᠬᠠᠮᠭᠠᠯᠠᠬᠤ ᠳᠤ ᠰᠢᠨᠵᠢᠯᠡᠭᠦ ᠤᠬᠠᠭᠠᠨᠴᠢ ᠪᠠᠷ | ᠲᠦᠯᠦᠪᠵᠢᠭᠦᠯᠵᠤ᠂ ᠬᠠᠮᠭᠠᠯᠠᠬᠤ ᠶᠢ ᠲᠡᠭᠡᠳᠦᠯᠡᠵᠦ᠂ ᠭᠤᠤᠯᠳᠠᠯᠭ᠎ᠠ ᠲᠠᠢ ᠪᠠᠷ ᠪᠦᠳᠦᠭᠡᠨ ᠪᠠᠶᠢᠭᠤᠯᠵᠤ᠂ ᠵᠦᠢ | ᠵᠤᠬᠢᠰᠳᠠᠢ ᠠᠰᠢᠭᠯᠠᠵᠤ᠂ ᠴᠢᠩᠬ᠎ᠠ ᠨᠢᠮᠪᠠᠢ ᠬᠠᠮᠢᠶᠠᠷᠬᠤ ᠵᠠᠷᠴᠢᠮ ᠢ ᠪᠠᠷᠢᠮᠳᠠᠯᠠᠬᠤ ᠬᠡᠷᠡᠭᠳᠠᠢ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ | ᠤᠷᠳᠤᠨ ᠦᠨᠳᠦᠰᠦᠨ ᠨᠤᠳᠤᠭ ᠪᠡᠯᠴᠢᠭᠡᠷ ᠢ ᠬᠠᠮᠭᠠᠯᠠᠬᠤ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠦᠭᠵᠢᠯᠳᠠ ᠶᠢᠨ ᠲᠦᠯᠦᠪᠵᠢᠭᠦᠯᠭᠡ ᠳᠡᠭᠡᠨ ᠤᠷᠤᠭᠤᠯᠤᠨ᠂ ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ | ᠠᠵᠢᠯ ᠳᠤ ᠬᠡᠷᠡᠭᠰᠡᠬᠦ ᠵᠠᠷᠤᠳᠠᠯ ᠢ ᠪᠠᠳᠤᠯᠠᠬᠤ ᠬᠡᠷᠡᠭᠳᠠᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ | ᠤᠷᠳᠤᠨ ᠤ ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ | ᠵᠠᠬᠢᠷᠭᠠᠨ ᠤ ᠤᠷᠤᠨ ᠤ ᠲᠤᠳᠤᠷᠠᠬᠢ ᠦᠨᠳᠦᠰᠦᠨ ᠨᠤᠳᠤᠭ ᠪᠡᠯᠴᠢᠭᠡᠷ ᠢ ᠬᠠᠮᠭᠠᠯᠠᠵᠤ ᠬᠢᠨᠠᠨ ᠬᠠᠮᠢᠶᠠᠷᠬᠤ ᠠᠵᠢᠯ ᠢ | ᠭᠤᠤᠯᠯᠠᠨ ᠬᠠᠮᠢᠶᠠᠷᠤᠨ᠎ᠠ᠃ | ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠤᠨ ᠨᠤᠳᠤᠭ ᠪᠡᠯᠴᠢᠭᠡᠷ ᠢ ᠬᠢᠨᠠᠨ ᠬᠠᠮᠢᠶᠠᠷᠬᠤ ᠪᠠᠶᠢᠭᠤᠯᠤᠮᠵᠢ ᠲᠤᠰ ᠵᠠᠰᠠᠭ | ᠵᠠᠬᠢᠷᠭᠠᠨ ᠤ ᠤᠷᠤᠨ ᠤ ᠲᠤᠳᠤᠷᠠᠬᠢ ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠵᠤ ᠬᠢᠨᠠᠨ ᠬᠠᠮᠢᠶᠠᠷᠬᠤ ᠪᠤᠳᠠᠳᠠᠢ | ᠠᠵᠢᠯ ᠢ ᠬᠠᠷᠢᠭᠤᠴᠠᠨ᠎ᠠ᠃ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠲᠤᠰ ᠵᠠᠰᠠᠭ ᠵᠠᠬᠢᠷᠭᠠᠨ ᠤ ᠤᠷᠤᠨ ᠤ | ᠲᠤᠳᠤᠷᠠᠬᠢ ᠦᠨᠳᠦᠰᠦᠨ ᠨᠤᠳᠤᠭ ᠪᠡᠯᠴᠢᠭᠡᠷ ᠢ ᠬᠠᠮᠠᠯᠭᠠᠬᠤ ᠶᠢ ᠬᠢᠨᠠᠯᠳᠠ ᠲᠠᠯᠪᠢᠨ ᠪᠠᠶᠢᠴᠠᠭᠠᠬᠤ ᠠᠵᠢᠯ ᠢᠶᠠᠨ | ᠴᠢᠩᠭᠠᠳᠬᠠᠬᠤ ᠬᠡᠷᠡᠭᠳᠠᠢ᠃ | ᠲᠤᠯᠤᠳᠤᠭᠠᠷ ᠵᠦᠢᠯ ᠶᠠᠮᠠᠷᠪᠠ ᠨᠢᠭᠡᠴᠠ ᠪᠠ ᠬᠤᠪᠢ ᠬᠦᠮᠦᠨ ᠪᠦᠷ ᠦᠨᠳᠦᠰᠦᠨ ᠨᠤᠳᠤᠭ ᠪᠡᠯᠴᠢᠭᠡᠷ ᠢ | ᠬᠠᠮᠭᠠᠯᠠᠬᠤ ᠡᠭᠦᠷᠭᠡ ᠲᠠᠢ᠂ ᠦᠨᠳᠦᠰᠦᠨ ᠨᠤᠳᠤᠭ ᠪᠡᠯᠴᠢᠭᠡᠷ ᠢ ᠬᠠᠮᠭᠠᠯᠠᠬᠤ ᠪᠠᠷ ᠨᠡᠶᠢᠭᠡᠮ ᠠᠴᠠ ᠬᠢᠨᠠᠯᠳᠠ | ᠲᠠᠯᠪᠢᠬᠤ ᠳᠤ ᠤᠷᠤᠯᠴᠠᠬᠤ ᠡᠷᠭᠡ ᠲᠠᠢ ᠪᠦᠭᠡᠳ ᠦᠨᠳᠦᠰᠦᠨ ᠨᠤᠳᠤᠭ ᠪᠡᠯᠴᠢᠭᠡᠷ ᠢ ᠡᠪᠳᠡᠭᠰᠡᠨ ᠬᠠᠦᠯᠢ ᠪᠤᠰᠤ | ᠠᠵᠢᠯᠯᠠᠭ᠎ᠠ ᠢ ᠢᠯᠡᠴᠢᠯᠡᠨ ᠵᠠᠭᠠᠯᠳᠤᠬᠤ ᠡᠷᠭᠡ ᠲᠠᠢ᠃ | ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ | ᠤᠷᠳᠤᠨ ᠪᠡᠯᠡ ᠮᠦᠡᠭᠭᠦᠨ ᠤ ᠨᠦᠬᠦᠪᠦᠷᠢ᠂ ᠮᠡᠷᠭᠡᠵᠢᠯ ᠤᠨ ᠲᠠᠮᠵᠢᠯᠭᠡ ᠵᠡᠷᠭᠡ ᠠᠷᠭ᠎ᠠ ᠪᠠᠷ ᠦᠨᠳᠦᠰᠦᠨ ᠨᠤᠳᠤᠭ | ᠪᠡᠯᠴᠢᠭᠡᠷ ᠤᠨ ᠠᠮᠢ ᠠᠬᠤᠢ ᠶᠢ ᠨᠦᠭᠦᠪᠦᠷᠢᠯᠡᠭᠦ ᠤᠷᠳᠤ ᠬᠤᠭᠤᠴᠠᠭᠠᠨ ᠤ ᠪᠦᠲᠦᠮᠵᠢᠲᠡᠢ ᠲᠤᠭᠳᠠᠴᠠ ᠪᠠ ᠤᠯᠠᠨ | ᠠᠷᠭ᠎ᠠ ᠵᠠᠮ ᠢᠶᠠᠷ ᠦᠨᠳᠦᠰᠦᠨ ᠨᠤᠳᠤᠭ ᠪᠡᠯᠴᠢᠭᠡᠷ ᠤᠨ ᠪᠦᠳᠦᠭᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠶᠢ | ᠨᠡᠮᠡᠭᠲᠡᠬᠦᠯᠬᠦ ᠲᠤᠭᠳᠠᠴᠠ ᠪᠠᠶᠢᠭᠤᠯᠬᠤ ᠬᠡᠷᠡᠭᠳᠠᠢ᠃ | ᠶᠢᠰᠦᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ | ᠤᠷᠳᠤᠨ ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ ᠠᠵᠢᠯ ᠳᠤ ᠲᠤᠪᠤᠶᠢᠮ᠎ᠠ ᠠᠮᠵᠢᠯᠳᠠ ᠭᠠᠷᠭᠠᠭᠰᠡᠨ ᠨᠢᠭᠡᠴᠠ | ᠪᠠ ᠬᠤᠪᠢ ᠬᠦᠮᠦᠨ ᠢ ᠬᠦᠬᠢᠭᠦᠯᠦᠨ ᠱᠠᠩᠨᠠᠬᠤ ᠬᠡᠷᠡᠭᠳᠠᠢ᠃ | | ᠬᠤᠶᠠᠳᠤᠭᠠᠷ ᠪᠦᠯᠦᠭ ᠲᠦᠯᠦᠪᠵᠢᠭᠦᠯᠬᠦ ᠪᠠ ᠬᠤᠪᠢᠶᠠᠨ ᠲᠤᠭᠳᠠᠭᠠᠬᠤ | | ᠠᠷᠪᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ | ᠤᠷᠳᠤᠨ ᠤ ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠳᠠᠯᠢ | ᠱᠠᠳᠤᠨ ᠤ ᠬᠤᠯᠪᠤᠭᠳᠠᠯ ᠪᠦᠭᠦᠢ ᠰᠠᠯᠠᠭ᠎ᠠ ᠮᠦᠴᠢᠷ ᠲᠠᠢ ᠬᠠᠮᠳᠤᠷᠠᠠ ᠳᠡᠭᠡᠷ᠎ᠠ ᠨᠢᠭᠡ ᠱᠠᠳᠤᠨ ᠤ ᠦᠨᠳᠦᠰᠤᠨ | ᠨᠤᠳᠤᠭ ᠪᠡᠯᠴᠢᠭᠡᠷ ᠢ ᠬᠠᠮᠠᠭᠠᠯᠠᠬᠤ ᠲᠦᠯᠦᠪᠵᠢᠭᠦᠯᠭᠡ ᠶᠢ ᠦᠨᠳᠦᠰᠦᠯᠡᠵᠦ᠂ ᠲᠤᠬᠠᠢ ᠶᠢᠨ ᠭᠠᠵᠠᠷ ᠤᠷᠤᠨ ᠤ ᠪᠠᠨ | ᠪᠤᠳᠠᠳᠠᠢ ᠲᠠᠢ ᠤᠶᠠᠯᠳᠤᠭᠤᠯᠤᠨ᠂ ᠪᠠᠶᠢᠭᠠᠯᠢ ᠶᠢᠨ ᠵᠢᠮ᠎ᠠ ᠶᠤᠰᠤ᠂ ᠠᠵᠤ ᠠᠬᠤᠢ ᠨᠡᠶᠢᠭᠡᠮ ᠤᠨ ᠬᠦᠭᠵᠢᠯᠳᠠ ᠶᠢᠨ | ᠵᠢᠮ᠎ᠠ ᠶᠤᠰᠤ ᠶᠢ ᠬᠦᠨᠳᠦᠳᠭᠡᠨ᠂ ᠲᠤᠰ ᠵᠠᠰᠠᠭ ᠵᠠᠬᠢᠷᠭᠠᠨ ᠤ ᠤᠷᠤᠨ ᠤ ᠲᠤᠳᠤᠷᠠᠬᠢ ᠦᠨᠳᠦᠰᠦᠨ ᠨᠤᠳᠤᠭ | ᠪᠡᠯᠴᠢᠭᠡᠷ ᠢ ᠬᠠᠮᠭᠠᠯᠠᠬᠤ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠵᠤ᠂ ᠲᠤᠰ ᠱᠠᠳᠤᠨ ᠤ ᠪᠠᠨ ᠠᠷᠠᠳ ᠤᠨ | ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠠ᠃ | ᠵᠦᠪᠰᠢᠶᠡᠷᠡᠭᠦᠯᠦᠭᠰᠡᠨ ᠨᠤᠳᠤᠭ ᠪᠡᠯᠴᠢᠭᠡᠷ ᠢ ᠬᠠᠮᠠᠭᠠᠯᠠᠬᠤ ᠲᠦᠯᠦᠪᠵᠢᠭᠦᠯᠭᠡ ᠨᠢ ᠲᠤᠬᠢᠷᠠᠭᠤᠯᠤᠯᠳᠠ ᠬᠢᠵᠤ | ᠵᠠᠰᠠᠪᠤᠷᠢ ᠤᠷᠤᠭᠤᠯᠬᠤ ᠴᠢᠬᠤᠯᠠᠳᠠᠢ ᠪᠤᠯ ᠤᠤᠯ ᠤᠨ ᠬᠢᠨᠠᠨ ᠵᠦᠪᠰᠢᠶᠡᠷᠡᠭᠰᠡᠨ ᠪᠠᠶᠢᠭᠤᠯᠭ᠎ᠠ ᠳᠤ ᠮᠡᠳᠡᠬᠦᠯᠦᠨ | ᠵᠦᠪᠰᠢᠶᠡᠷᠡᠭᠦᠯᠬᠦ ᠬᠡᠷᠡᠭᠳᠠᠢ᠃ | ᠠᠷᠪᠠᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ | ᠦᠨᠳᠦᠰᠦᠨ ᠨᠤᠳᠤᠭ ᠪᠡᠯᠴᠢᠭᠡᠷ ᠢ ᠬᠤᠪᠢᠶᠠᠨ ᠲᠤᠭᠳᠠᠭᠠᠬᠤ ᠠᠵᠢᠯ ᠢ ᠬᠠᠷᠢᠭᠤᠴᠠᠨ᠎ᠠ᠃ ᠬᠤᠰᠢᠭᠤ ᠰᠢᠶᠠᠨ ᠤ | ᠱᠠᠳᠤᠨ ᠤ ᠠᠷᠠᠳ ᠤᠨ ᠵᠠᠰᠠᠭ ᠤᠨ ᠤᠷᠳᠤᠨ ᠤ ᠨᠤᠳᠤᠭ ᠪᠡᠯᠴᠢᠭᠡᠷ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠠᠳᠠᠯᠢ ᠱᠠᠳᠤᠨ ᠤ ᠬᠤᠯᠪᠤᠭᠳᠠᠯ ᠪᠦᠭᠦᠢ ᠰᠠᠯᠠᠭ᠎ᠠ ᠮᠦᠴᠢᠷ ᠲᠠᠢ ᠬᠠᠮᠳᠤ ᠦᠨᠳᠦᠰᠦᠨ ᠨᠤᠳᠤᠭ ᠪᠡᠯᠴᠢᠭᠡᠷ ᠢ | ᠬᠤᠪᠢᠶᠠᠨ ᠲᠤᠭᠳᠠᠭᠠᠬᠤ ᠪᠤᠳᠠᠳᠠᠢ ᠠᠵᠢᠯ ᠢ ᠬᠠᠷᠢᠭᠤᠴᠠᠨ᠎ᠠ᠃ | ᠠᠷᠪᠠᠨ ᠬᠤᠶᠠᠳᠤᠭᠠᠷ ᠵᠦᠢᠯ ᠲᠤᠤᠷᠠᠬᠢ ᠨᠤᠳᠤᠭ ᠪᠡᠯᠴᠢᠭᠡᠷ ᠢ ᠦᠨᠳᠦᠰᠦᠨ ᠨᠤᠳᠤᠭ ᠪᠡᠯᠴᠢᠭᠡᠷ ᠲᠤ | ᠤᠷᠤᠭᠤᠯᠬᠤ ᠬᠡᠷᠡᠭᠳᠠᠢ᠄ | ︵ᠨᠢᠬᠡ︶ ᠠᠭᠤᠷ ᠠᠮᠢᠰᠬᠤᠯ ᠢ ᠵᠤᠬᠢᠴᠠᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ | ᠬᠦᠷᠦᠰᠦ ᠰᠢᠷᠤᠢ ᠶᠢ ᠬᠠᠮᠭᠠᠯᠠᠬᠤ᠂ ᠰᠠᠯᠬᠢᠨ ᠢ ᠬᠠᠯᠬᠠᠯᠠᠵᠤ ᠡᠯᠡᠰᠤ ᠶᠢ ᠲᠤᠭᠳᠠᠪᠤᠷᠢᠵᠢᠭᠤᠯᠬᠤ ᠤᠨᠴᠠᠭᠠᠢ ᠠᠮᠢ | ᠠᠬᠤᠢ ᠶᠢᠨ ᠴᠢᠳᠠᠪᠬᠢ ᠲᠠᠢ ᠨᠤᠳᠤᠭ ᠪᠡᠯᠴᠢᠭᠡᠷ︔ | ︵ᠬᠤᠶᠠᠷ︶ ᠮᠠᠯ ᠮᠠᠯᠵᠢᠬᠤ ᠴᠢᠬᠤᠯᠠ ᠪᠡᠯᠴᠢᠭᠡᠷ︔ | ︵ᠭᠤᠷᠪᠠ︶ ᠬᠠᠳᠤᠯᠠᠩ ᠤᠨ ᠭᠠᠵᠠᠷ︔ | ︵ᠳᠦᠷᠪᠡ︶ ᠮᠠᠯ ᠠᠵᠤ ᠠᠬᠤᠢ ᠶᠢᠨ ᠦᠢᠯᠡᠳᠪᠤᠷᠢᠯᠡᠯ ᠳᠤ ᠬᠡᠷᠡᠭᠯᠡᠳᠡᠭ ᠲᠠᠷᠢᠮᠠᠯ ᠪᠡᠯᠴᠢᠭᠡᠷ᠂ ᠡᠪᠡᠰᠦ | ᠪᠤᠷᠳᠤᠭᠠᠨ ᠰᠠᠭᠤᠷᠢᠨ ᠭᠠᠵᠠᠷ᠂ ᠲᠠᠷᠢᠶᠠᠯᠠᠬᠤ ᠶᠢ ᠵᠤᠭᠰᠤᠭᠠᠵᠤ ᠪᠡᠯᠴᠢᠭᠡᠷ ᠢ ᠰᠡᠷᠭᠦᠭᠡᠭᠰᠡᠨ ᠨᠤᠲᠤᠭ ᠪᠠ | ᠰᠢᠯᠢᠳᠡᠭᠵᠢᠭᠦᠯᠦᠨ ᠰᠠᠶᠢᠵᠢᠷᠠᠭᠤᠯᠤᠭᠰᠠᠨ ᠪᠡᠯᠴᠢᠭᠡᠷ᠂ ᠡᠪᠡᠰᠦᠨ ᠦᠷ᠎ᠡ ᠶᠢᠨ ᠰᠠᠭᠤᠷᠢᠨ ᠭᠠᠵᠠᠷ︔ | ︵ᠲᠠᠪᠤ︶ ᠤᠯᠤᠰ ᠪᠠ ᠦᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ | ᠠᠮᠢᠳᠠᠨ ᠤᠷᠭᠤᠮᠠᠯ ᠤᠨ ᠤᠷᠤᠰᠢᠨ ᠳᠤᠬᠳᠠᠨᠢᠬᠤ ᠤᠷᠴᠢᠨ ᠪᠤᠯᠳᠠᠭ ᠨᠤᠲᠤᠭ ᠪᠡᠯᠴᠢᠭᠡᠷ︔ | ︵ᠵᠢᠷᠭᠤᠭ᠎ᠠ︶ ᠨᠤᠲᠤᠭ ᠪᠡᠯᠴᠢᠭᠡᠷ ᠤᠨ ᠰᠤᠳᠤᠯᠭᠠᠨ ᠪᠠ ᠵᠢᠭᠠᠨ ᠰᠤᠷᠭᠠᠯᠳᠠ ᠶᠢᠨ ᠲᠤᠷᠰᠢᠯᠳᠠ ᠶᠢᠨ | ᠰᠠᠭᠤᠷᠢᠨ ᠭᠠᠵᠠᠷ︔ | ︵ᠳᠤᠯᠤᠭ᠎ᠠ︶ ᠤᠯᠤᠰ ᠪᠠ ᠦᠪᠡᠷᠳᠡᠭᠡᠨ ᠵᠠᠰᠠᠬᠤ ᠤᠷᠤᠨ ᠤ ᠳᠤᠭᠳᠠᠭᠠᠯ ᠢᠶᠠᠷ ᠦᠨᠳᠦᠰᠦᠨ ᠨᠤᠲᠤᠭ | ᠪᠡᠯᠴᠢᠭᠡᠷ ᠲᠤ ᠤᠷᠤᠭᠤᠯᠪᠠᠰᠤ ᠵᠤᠬᠢᠬᠤ ᠪᠤᠰᠤᠳ ᠨᠤᠲᠤᠭ ᠪᠡᠯᠴᠢᠭᠡᠷ᠃ | ᠠᠷᠪᠠᠨ ᠭᠤᠷᠪᠠᠳᠤᠭᠠᠷ ᠵᠦᠢᠯ ᠬᠠᠮᠳᠤ ᠶᠢᠨ ᠦᠮᠴᠢᠯᠡᠯ ᠤᠨ ᠨᠤᠲᠤᠭ ᠪᠡᠯᠴᠢᠭᠡᠷ ᠢ ᠭᠠᠴᠠᠭ᠎ᠠ | ᠲᠤᠰᠬᠤᠨ ᠢᠶᠠᠷ ᠨᠢᠭᠡᠴᠢ ᠪᠤᠯᠭᠠᠨ ᠬᠤᠪᠢᠶᠠᠨ ᠲᠤᠭᠳᠠᠭᠠᠵᠤ᠂ ᠤᠯᠤᠰ ᠤᠨ ᠦᠮᠴᠢᠯᠡᠯ ᠤᠨ ᠨᠤᠲᠤᠭ ᠪᠡᠯᠴᠢᠭᠡᠷ ᠢ | ᠬᠡᠷᠡᠭᠯᠡᠬᠦ ᠡᠷᠬᠡ ᠶᠢᠨ ᠨᠢᠭᠡᠴᠡ ᠪᠠᠷ ᠨᠢᠭᠡᠴᠢ ᠪᠤᠯᠭᠠᠨ ᠬᠤᠪᠢᠶᠠᠨ ᠲᠤᠭᠳᠠᠭᠠᠨ᠎ᠠ᠃ | ᠬᠤᠪᠢᠶᠠᠨ ᠲᠤᠭᠳᠠᠭᠠᠭᠰᠠᠨ ᠦᠨᠳᠦᠰᠦᠨ ᠨᠤᠲᠤᠭ ᠪᠡᠯᠴᠢᠭᠡᠷ ᠢ ᠬᠤᠰᠢᠭᠤ ᠰᠢᠶᠠᠨ ᠤ ᠱᠠᠳᠤᠨ ᠤ | ᠠᠷᠠᠳ ᠤᠨ ᠵᠠᠰᠠᠭ ᠤᠨ ᠤᠷᠳᠤᠨ ᠠᠴᠠ ᠳᠠᠩᠰᠠ ᠡᠪᠬᠡᠮᠡᠯ ᠪᠠᠶᠢᠭᠤᠯᠵᠤ᠂ ᠦᠨᠳᠦᠰᠦᠨ ᠨᠤᠲᠤᠭ ᠪᠡᠯᠴᠢᠭᠡᠷ ᠤᠨ | ᠲᠠᠷᠬᠠᠭᠠᠯᠳᠠ ᠶᠢᠨ ᠵᠢᠷᠤᠭ ᠢ ᠵᠢᠷᠤᠵᠤ᠂ ᠬᠠᠮᠠᠭᠠᠯᠠᠯᠳᠠ ᠬᠢᠬᠦ ᠲᠡᠮᠳᠡᠭ ᠲᠠᠯᠪᠢᠵᠤ ᠤᠯᠠᠨ ᠳᠤ ᠵᠠᠷᠯᠠᠬᠤ ᠶᠢᠨ ᠬᠠᠮᠳᠤ᠂ | ᠳᠡᠭᠡᠷ᠎ᠡ ᠨᠢᠭᠡ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠳᠠᠩᠰᠠᠯᠠᠭᠤᠯᠬᠤ ᠬᠡᠷᠡᠭᠳᠠᠢ᠃ | ᠠᠷᠪᠠᠨ ᠳᠦᠷᠪᠡᠳᠦᠭᠡᠷ ᠵᠦᠢᠯ ᠦᠨᠳᠦᠰᠦᠨ ᠨᠤᠲᠤᠭ ᠪᠡᠯᠴᠢᠭᠡᠷ ᠢ ᠬᠤᠪᠢᠶᠠᠨ ᠲᠤᠭᠳᠠᠭᠠᠬᠤ | ᠮᠡᠷᠭᠡᠵᠢᠯ ᠤᠨ ᠳᠦᠷᠢᠮᠵᠢᠯ ᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠨᠤᠲᠤᠭ | ᠪᠡᠯᠴᠢᠭᠡᠷ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠳᠤᠭᠳᠠᠭᠠᠨ᠎ᠠ᠃ | | ᠭᠤᠷᠪᠠᠳᠤᠭᠠᠷ ᠪᠦᠯᠦᠭ ᠬᠠᠮᠠᠭᠠᠯᠠᠬᠤ ᠪᠠ ᠠᠰᠢᠭᠯᠠᠬᠤ | | ᠠᠷᠪᠠᠨ ᠲᠠᠪᠤᠳᠤᠭᠠᠷ ᠵᠦᠢᠯ ᠦᠨᠳᠦᠰᠦᠨ ᠨᠤᠲᠤᠭ ᠪᠡᠯᠴᠢᠭᠡᠷ ᠲᠡᠭᠡᠷ᠎ᠡ ᠳᠤᠤᠷᠠᠬᠢ ᠠᠵᠢᠯᠯᠠᠭ᠎ᠠ ᠬᠢᠬᠦ ᠶᠢ | ᠴᠠᠭᠠᠵᠠᠯᠠᠨ᠎ᠠ᠄ | ︵ᠨᠢᠭᠡ︶ ᠦᠨᠳᠦᠰᠦᠨ ᠨᠤᠲᠤᠭ ᠪᠡᠯᠴᠢᠭᠡᠷ ᠢ ᠬᠠᠭᠠᠯᠪᠤᠷᠢᠯᠠᠬᠤ︔ | ︵ᠬᠤᠶᠠᠷ︶ ᠦᠨᠳᠦᠰᠦᠨ ᠨᠤᠲᠤᠭ ᠪᠡᠯᠴᠢᠭᠡᠷ ᠤᠨ ᠬᠡᠷᠡᠭᠴᠡᠭᠡ ᠶᠢ ᠳᠤᠷ᠎ᠠ ᠪᠠᠷ ᠦᠭᠡᠷᠡᠴᠢᠯᠡᠬᠦ︔ | ︵ᠭᠤᠷᠪᠠ︶ ᠨᠤᠲᠤᠭ ᠪᠡᠯᠴᠢᠭᠡᠷ ᠤᠨ ᠳᠤᠤᠷ ᠬᠦᠷᠢᠶ᠎ᠠ ᠪᠠ ᠬᠦᠮᠦᠨ ᠮᠠᠯ ᠤᠨ ᠤᠤᠭᠤᠬᠤ ᠤᠰᠤᠨ ᠤ | ᠲᠦᠭᠦᠭᠡᠷᠦᠮᠵᠢ ᠵᠡᠷᠭᠡ ᠨᠤᠲᠤᠭ ᠪᠡᠯᠴᠢᠭᠡᠷ ᠤᠨ ᠬᠠᠮᠠᠭᠠᠯᠠᠯᠳᠠ ᠪᠠ ᠪᠦᠲᠦᠭᠡᠨ ᠪᠠᠶᠢᠭᠤᠯᠤᠯᠳᠠ ᠶᠢᠨ ᠲᠤᠨᠤᠭ | ᠲᠦᠬᠦᠭᠡᠷᠦᠮᠵᠢ ᠶᠢ ᠡᠪᠳᠡᠬᠦ︔ | ︵ᠳᠦᠷᠪᠡ︶ ᠳᠤᠷ᠎ᠠ ᠪᠠᠷ ᠬᠤᠳᠳᠤᠭ ᠦᠷᠦᠮᠲᠡᠵᠦ ᠠᠵᠤ ᠦᠢᠯᠡᠳᠪᠤᠷᠢ ᠳᠤ ᠬᠡᠷᠡᠭᠯᠡᠬᠦ ᠤᠰᠤ ᠳᠠᠳᠠᠬᠤ︔ | | ︵ᠲᠠᠪᠤ︶ ᠵᠢᠭᠠᠰᠦᠨ ᠴᠦᠬᠦᠷᠦᠮ ᠪᠤᠶᠤ ᠭᠤᠤ ᠰᠤᠪᠠᠭ ᠮᠠᠯᠳᠠᠵᠤ᠂ ᠭᠠᠵᠠᠷ ᠤᠨ ᠬᠦᠷᠦᠰᠦ ᠶᠢ ᠬᠤᠰᠤᠬᠤ᠂ | ᠬᠦᠯᠦᠷ᠎ᠡ ᠮᠠᠯᠳᠠᠬᠤ ᠵᠡᠷᠭᠡ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠡᠪᠳᠡᠬᠦ ᠠᠵᠢᠯᠯᠠᠭ᠎ᠠ︔ | ︵ᠵᠢᠷᠭᠤᠭ᠎ᠠ︶ ᠪᠤᠯᠠᠰᠢ ᠤᠩᠭᠤᠨ ᠪᠤᠰᠬᠠᠬᠤ︔ | ︵ᠳᠤᠯᠤᠭ᠎ᠠ︶ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ ᠴᠠᠭᠠᠵᠠ᠂ ᠬᠠᠤᠯᠢ ᠲᠤᠭᠳᠠᠭᠠᠯ ᠢ | ᠵᠦᠷᠢᠴᠡᠵᠦ᠂ ᠬᠠᠳᠠᠭᠤ ᠪᠡᠶᠡᠳᠦ᠂ ᠰᠢᠩᠭᠡᠨ ᠪᠡᠶᠡᠳᠦ ᠪᠤᠶᠤ ᠬᠡᠢ ᠪᠡᠶᠡᠳᠦ ᠬᠠᠶᠠᠭᠳᠠᠮᠠᠯ ᠪᠤᠳᠠᠰ᠂ ᠠᠮᠢᠳᠤᠷᠠᠯ ᠤᠨ | ᠬᠤᠭ ᠨᠤᠪᠰᠢ ᠶᠢ ᠭᠠᠳᠠᠭᠰᠢᠯᠠᠭᠤᠯᠬᠤ ᠪᠠ ᠬᠠᠶᠠᠬᠤ᠂ ᠡᠰᠡᠭᠦᠯ᠎ᠡ ᠤᠷᠴᠢᠨ ᠲᠤᠭᠤᠷᠢᠨ ᠤ ᠳᠠᠭᠤ ᠱᠤᠤᠬᠢᠶᠠᠨ ᠤ | ᠪᠤᠬᠢᠷᠳᠦᠯ᠂ ᠲᠤᠭᠤᠰᠤ ᠰᠢᠷᠤᠢ ᠶᠢᠨ ᠪᠤᠬᠢᠷᠳᠦᠯ᠂ ᠰᠠᠴᠤᠷᠠᠭ ᠪᠤᠳᠠᠰ ᠤᠨ ᠪᠤᠬᠢᠷᠳᠦᠯ᠂ ᠴᠠᠬᠢᠯᠭᠠᠨ ᠰᠤᠷᠢᠨᠵᠢᠨ | ᠳᠤᠯᠬᠢᠶᠠᠨ ᠤ ᠪᠤᠬᠢᠷᠳᠦᠯ ᠡᠭᠦᠰᠭᠡᠬᠦ ᠠᠵᠢᠯᠯᠠᠭ᠎ᠠ︔ | ︵ᠨᠠᠢᠮᠠ︶ ᠦᠨᠳᠦᠰᠦᠨ ᠨᠤᠲᠤᠭ ᠪᠡᠯᠴᠢᠭᠡᠷ ᠢ ᠡᠪᠳᠡᠬᠦ ᠪᠤᠰᠤᠳ ᠠᠵᠢᠯᠯᠠᠭ᠎ᠠ᠃ | ᠠᠷᠪᠠᠨ ᠵᠢᠷᠭᠤᠳᠤᠭᠠᠷ ᠵᠦᠢᠯ ᠠᠶᠤᠯ ᠠᠴᠠ ᠵᠠᠶᠢᠯᠠᠭᠤᠯᠵᠤ ᠭᠠᠮᠰᠢᠭ ᠠᠴᠠ ᠠᠪᠤᠷᠠᠬᠤ ᠪᠤᠶᠤ ᠮᠠᠯᠴᠢᠳ | ᠤᠳᠤᠷᠯᠠᠨ ᠨᠡᠭᠦᠬᠦ ᠳᠤ ᠬᠡᠷᠡᠭᠯᠡᠬᠦ ᠮᠠᠰᠢᠨ ᠬᠦᠳᠡᠯᠭᠡᠭᠦᠷᠳᠦ ᠲᠡᠷᠭᠡ ᠠᠴᠠ ᠭᠠᠳᠠᠨ᠎ᠠ᠂ ᠮᠠᠰᠢᠨ ᠬᠦᠳᠡᠯᠭᠡᠭᠦᠷᠳᠦ ᠲᠡᠷᠭᠡ | ᠵᠠᠮ ᠠᠴᠠ ᠭᠠᠷᠴᠤ ᠦᠨᠳᠦᠰᠦᠨ ᠨᠤᠲᠤᠭ ᠪᠡᠯᠴᠢᠭᠡᠷ ᠲᠡᠭᠡᠷ᠎ᠡ ᠳᠤᠷ᠎ᠠ ᠪᠠᠷ ᠳᠠᠪᠬᠢᠵᠤ ᠨᠤᠲᠤᠭ ᠪᠡᠯᠴᠢᠭᠡᠷ ᠤᠨ | ᠤᠷᠭᠤᠮᠠᠯ ᠤᠨ ᠪᠦᠷᠬᠦᠴᠡ ᠶᠢ ᠡᠪᠳᠡᠬᠦ ᠶᠢ ᠴᠠᠭᠠᠵᠠᠯᠠᠨ᠎ᠠ︔ ᠭᠠᠵᠠᠷ ᠰᠢᠨᠵᠢᠯᠡᠭᠡᠨ ᠤ ᠬᠠᠶᠢᠯᠳᠠ ᠬᠢᠬᠦ ᠪᠤᠶᠤ | ᠰᠢᠨᠵᠢᠯᠡᠬᠦ ᠤᠬᠠᠭᠠᠨ ᠤ ᠪᠠᠶᠢᠴᠠᠭᠠᠯᠳᠠ ᠬᠢᠬᠦ ᠵᠡᠷᠭᠡ ᠠᠵᠢᠯᠯᠠᠭ᠎ᠠ ᠠᠴᠠ ᠪᠤᠯᠵᠤ ᠵᠠᠮ ᠠᠴᠠ ᠭᠠᠷᠴᠤ ᠦᠨᠳᠦᠰᠦᠨ | ᠨᠤᠲᠤᠭ ᠪᠡᠯᠴᠢᠭᠡᠷ ᠢᠶᠠᠷ ᠶᠠᠪᠤᠬᠤ ᠴᠢᠬᠤᠯᠠ ᠲᠠᠢ ᠪᠤᠯ᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ | ᠤᠷᠳᠤᠨ ᠤ ᠨᠤᠲᠤᠭ ᠪᠡᠯᠴᠢᠭᠡᠷ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠶᠠᠪᠤᠵᠤ ᠪᠠᠭᠤᠬᠤ ᠤᠷᠤᠨ ᠪᠠ | ᠶᠠᠪᠤᠵᠤ ᠪᠠᠭᠤᠬᠤ ᠵᠠᠮ ᠱᠤᠭᠤᠮ ᠤᠨ ᠲᠦᠰᠦᠯ ᠢᠶᠠᠨ ᠮᠡᠳᠡᠭᠳᠡᠵᠦ᠂ ᠨᠤᠳᠠᠯᠠᠭᠤᠯᠤᠭᠰᠠᠨ ᠤ ᠲᠠᠷᠠᠭ᠎ᠠ ᠰᠠᠶ᠋ᠢ | ᠬᠡᠷᠡᠭᠵᠢᠭᠦᠯᠦᠨ᠎ᠡ᠃ | ᠠᠷᠪᠠᠨ ᠳᠤᠯᠤᠳᠤᠭᠠᠷ ᠵᠦᠢᠯ ᠦᠨᠳᠦᠰᠦᠨ ᠨᠤᠲᠤᠭ ᠪᠡᠯᠴᠢᠭᠡᠷ ᠲᠡᠭᠡᠷ᠎ᠡ ᠡᠵᠡᠩᠨᠡᠯᠳᠡ ᠶᠢᠨ ᠴᠢᠨᠠᠷᠳᠠᠢ | ᠵᠤᠭᠠᠴᠠᠯ ᠤᠨ ᠠᠵᠢᠯᠯᠠᠭ᠎ᠠ ᠡᠷᠬᠢᠯᠡᠬᠦ ᠳᠤ᠂ ᠦᠨᠳᠦᠰᠦᠨ ᠨᠤᠳᠤᠭ ᠪᠡᠯᠴᠢᠭᠡᠷ ᠤᠨ ᠬᠠᠮᠠᠭᠠᠯᠠᠯᠳᠠ ᠶᠢᠨ | ᠲᠦᠯᠦᠪᠵᠢᠭᠦᠯᠭᠡ ᠳᠤ ᠨᠡᠶᠢᠴᠡᠬᠦ ᠬᠡᠷᠡᠭᠳᠠᠢ ᠪᠦᠭᠡᠳ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠤᠷᠳᠤᠨ ᠤ ᠨᠤᠲᠤᠭ ᠪᠡᠯᠴᠢᠭᠡᠷ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ | ᠵᠦᠪᠰᠢᠶᠡᠷᠡᠬᠦᠯᠥᠭᠰᠡᠡ ᠤ ᠳᠠᠷᠠᠭ᠎ᠠ ᠬᠤᠯᠪᠤᠭᠳᠠᠯ ᠪᠦᠬᠦᠢ ᠭᠠᠷᠳᠠᠮ ᠢ ᠭᠦᠢᠴᠡᠳᠭᠡᠵᠦ ᠪᠤᠯᠤᠨ᠎ᠠ᠃ | ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠨᠤᠲᠤᠭ ᠪᠡᠯᠴᠢᠭᠡᠷ ᠢ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠤᠭᠠᠴᠠᠯ ᠤᠨ ᠠᠵᠢᠯᠯᠠᠭ᠎ᠠ ᠡᠷᠬᠢᠯᠡᠭᠰᠡᠳ ᠤᠨ ᠦᠨᠳᠦᠰᠦᠨ ᠨᠤᠲᠤᠭ | ᠪᠡᠯᠴᠢᠭᠡᠷ ᠢ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠬᠰᠠᠠ ᠪᠠᠶᠢᠳᠠᠯ ᠢ ᠦᠷᠭᠦᠯᠵᠢ ᠬᠢᠨᠠᠵᠤ | ᠪᠠᠶᠢᠴᠠᠭᠠᠬᠤ ᠬᠡᠷᠡᠭᠳᠠᠢ᠃ | ᠠᠷᠪᠠᠨ ᠨᠠᠢᠮᠠᠳᠤᠭᠠᠷ ᠵᠦᠢᠯ ᠠᠭᠤᠷᠬᠠᠢ ᠶᠢᠨ ᠪᠤᠯᠠᠬᠳᠠᠴᠠ ᠮᠠᠯᠳᠠᠬᠤ ᠪᠤᠶᠤ ᠪᠠᠷᠢᠯᠭ᠎ᠠ ᠪᠠᠶᠢᠭᠤᠯᠬᠤ ᠳᠤ | ᠦᠨᠳᠦᠰᠦᠨ ᠨᠤᠲᠤᠭ ᠪᠡᠯᠴᠢᠭᠡᠷ ᠢ ᠳᠠᠳᠠᠪᠤᠷᠢᠯᠠᠨ ᠠᠪᠴᠤ᠂ ᠳᠠᠳᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠦᠨᠡᠩᠬᠦ | ᠴᠢᠬᠤᠯᠠ ᠲᠠᠢ ᠦᠶᠡᠰ ᠲᠤ᠂ ᠡᠷᠬᠡᠪᠰᠢ ᠦᠪᠡᠷᠳᠡᠭᠡᠨ ᠵᠠᠰᠠᠬᠤ ᠤᠷᠤᠨ ᠤ ᠱᠠᠳᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠤᠷᠳᠤᠨ ᠤ ᠨᠤᠲᠤᠭ ᠪᠡᠯᠴᠢᠭᠡᠷ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠡᠨ | ᠵᠦᠪᠰᠢᠶᠡᠷᠡᠬᠦᠯᠥᠭᠰᠡᠡ ᠤ ᠳᠠᠷᠠᠭ᠎ᠠ ᠭᠠᠵᠠᠷ ᠰᠢᠷᠤᠢ ᠶᠢᠨ ᠬᠠᠮᠢᠶᠠᠷᠤᠯᠳᠠ ᠶᠢᠨ ᠬᠠᠤᠯᠢ ᠴᠠᠭᠠᠵᠠ ᠪᠠ ᠵᠠᠰᠠᠭ | ᠵᠠᠬᠢᠷᠭᠠᠨ ᠤ ᠬᠠᠤᠯᠢ ᠳᠤᠭᠳᠠᠭᠠᠯ ᠢ ᠦᠨᠳᠦᠰᠦᠯᠡᠨ ᠪᠦᠲᠦᠭᠡᠨ ᠪᠠᠶᠢᠭᠤᠯᠤᠯᠳᠠ ᠳᠤ ᠭᠠᠵᠠᠷ ᠬᠡᠷᠡᠭᠯᠡᠬᠦ ᠶᠢ ᠬᠢᠨᠠᠨ | ᠵᠦᠪᠰᠢᠶᠡᠷᠡᠬᠦᠯᠬᠦ ᠭᠠᠷ ᠭᠦᠢᠴᠡᠳᠭᠡᠯ ᠬᠢᠯᠭᠡᠨ᠎ᠠ᠃ | ᠦᠨᠳᠦᠰᠦᠨ ᠨᠤᠲᠤᠭ ᠪᠡᠯᠴᠢᠭᠡᠷ ᠢ ᠳᠠᠳᠠᠪᠤᠷᠢᠯᠠᠨ ᠠᠪᠬᠤ᠂ ᠳᠠᠳᠠᠪᠤᠷᠢᠯᠠᠨ ᠬᠡᠷᠡᠭᠯᠡᠬᠦ ᠪᠤᠶᠤ ᠬᠡᠷᠡᠭᠯᠡᠭᠰᠡᠨ | ᠪᠠᠶᠢᠳᠠᠯ ᠢ ᠬᠢᠨᠠᠵᠤ ᠪᠠᠶᠢᠴᠠᠭᠠᠬᠤ ᠠᠵᠢᠯ ᠢ ᠦᠪᠡᠷᠳᠡᠭᠡᠨ ᠵᠠᠰᠠᠬᠤ ᠤᠷᠤᠨ ᠤ ᠨᠤᠲᠤᠭ ᠪᠡᠯᠴᠢᠭᠡᠷ ᠢ ᠬᠢᠨᠠᠵᠤ | ᠬᠠᠮᠢᠶᠠᠷᠬᠤ ᠪᠠᠶᠢᠭᠤᠯᠤᠮᠵᠢ ᠠᠴᠠ ᠬᠠᠷᠢᠭᠤᠴᠠᠨ ᠵᠤᠬᠢᠶᠠᠨ ᠪᠠᠶᠢᠭᠤᠯᠵᠤ ᠬᠢᠨ᠎ᠡ᠃ | ᠠᠷᠪᠠᠨ ᠶᠢᠰᠤᠳᠦᠬᠡᠷ ᠵᠦᠢᠯ ᠦᠨᠳᠤᠰᠤᠨ ᠨᠤᠳᠤᠭ ᠪᠡᠯᠴᠢᠬᠡᠷ ᠲᠡᠬᠡᠷ᠎ᠠ ᠬᠠᠶᠢᠨ ᠰᠢᠨᠵᠢᠯᠡᠬᠡᠨ ᠬᠢᠬᠦ᠂ | ᠬᠤᠳᠳᠤᠭ ᠦᠷᠦᠮᠳᠡᠬᠦ᠂ ᠭᠠᠵᠠᠷ ᠲᠡᠬᠡᠷᠡᠬᠢ ᠪᠤᠶᠤ ᠭᠠᠵᠠᠷ ᠲᠤᠤᠷᠠᠬᠢ ᠪᠠᠷᠢᠯᠭ᠎ᠠ ᠪᠠᠷᠢᠬᠤ᠂ ᠰᠢᠷᠤᠢ ᠪᠠ ᠬᠠᠶᠢᠷ | ᠴᠢᠯᠠᠭᠤ ᠠᠪᠬᠤ᠂ ᠠᠭᠤᠷᠬᠠᠢ ᠶᠢᠨ ᠡᠬᠢ ᠪᠠᠶᠠᠯᠢᠭ ᠢ ᠨᠡᠬᠡᠬᠡᠬᠦ ᠵᠡᠷᠭᠡ ᠠᠵᠢᠯᠯᠠᠭ᠎ᠠ ᠶᠢ ᠬᠢᠬᠦ ᠳᠡᠭᠡᠨ ᠦᠨᠳᠤᠰᠤᠨ | ᠨᠤᠳᠤᠭ ᠪᠡᠯᠴᠢᠬᠡᠷ ᠢ ᠲᠦᠷ ᠡᠵᠡᠯᠡᠭᠰᠡᠨ ᠲᠠᠯᠠᠪᠠᠢ ᠨᠢ 2 ᠾᠧᠺᠲ᠋ᠠᠷ ᠲᠤ ᠬᠦᠷᠬᠦ ᠦᠬᠡᠢ ᠪᠤᠯ ᠬᠤᠰᠢᠭᠤ ᠰᠢᠶᠠᠨ ᠤ | ᠱᠠᠳᠤᠨ ᠤ ᠠᠷᠠᠳ ᠤᠨ ᠵᠠᠰᠠᠭ ᠤᠨ ᠤᠷᠳᠤᠨ ᠤ ᠨᠤᠳᠤᠭ ᠪᠡᠯᠴᠢᠬᠡᠷ ᠤᠨ ᠵᠠᠰᠠᠭ ᠵᠠᠬᠢᠷᠭ᠎ᠠ ᠶᠢᠨ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠡᠨ ᠵᠦᠪᠰᠢᠶᠡᠷᠡᠬᠦᠯᠦᠨ᠎ᠠ︔ 2 ᠾᠧᠺᠲ᠋ᠠᠷ ᠠᠴᠠ ᠲᠡᠬᠡᠭᠰᠢ 30 ᠾᠧᠺᠲ᠋ᠠᠷ | ᠠᠴᠠ ᠲᠤᠭᠤᠭᠰᠢ ᠪᠤᠯ ᠠᠶᠢᠮᠠᠭ ᠤᠨ ᠵᠠᠬᠢᠷᠭ᠎ᠠ ᠪᠤᠶᠤ ᠲᠤᠭᠤᠷᠢᠭ ᠪᠦᠬᠦᠢ ᠬᠤᠳᠠ ᠶᠢᠨ ᠵᠠᠰᠠᠭ ᠤᠨ ᠤᠷᠳᠤᠨ ᠤ | ᠨᠤᠳᠤᠭ ᠪᠡᠯᠴᠢᠬᠡᠷ ᠤᠨ ᠵᠠᠰᠠᠭ ᠵᠠᠬᠢᠷᠭ᠎ᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ | ᠵᠦᠪᠰᠢᠶᠡᠷᠡᠬᠦᠯᠦᠨ᠎ᠠ︔ 30 ᠾᠧᠲ᠋ᠠᠷ ᠠᠴᠠ ᠲᠡᠭᠡᠭᠰᠢ ᠪᠤᠯ ᠦᠪᠡᠷᠳᠡᠬᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠤ ᠨᠤᠳᠤᠭ ᠪᠡᠯᠴᠢᠬᠡᠷ ᠤᠨ ᠵᠠᠰᠠᠭ ᠵᠠᠬᠢᠷᠭ᠎ᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠢᠶᠠᠷ ᠬᠢᠨᠠᠨ ᠵᠦᠪᠰᠢᠶᠡᠷᠡᠬᠦᠯᠦᠨ᠎ᠠ᠃ | ᠦᠨᠳᠤᠰᠤᠨ ᠨᠤᠳᠤᠭ ᠪᠡᠯᠴᠢᠬᠡᠷ ᠢ ᠲᠦᠷ ᠡᠵᠡᠯᠡᠬᠦ ᠬᠤᠭᠤᠴᠠᠭ᠎ᠠ ᠨᠢ 2 ᠵᠢᠯ ᠠᠴᠠ ᠲᠠᠪᠠᠵᠤ ᠪᠤᠯᠬᠤ | ᠦᠬᠡᠢ ᠮᠦᠷᠳᠡᠬᠡᠨ ᠲᠦᠷ ᠡᠵᠡᠯᠡᠭᠰᠡᠨ ᠦᠨᠳᠤᠰᠤᠨ ᠨᠤᠳᠤᠭ ᠪᠡᠯᠴᠢᠬᠡᠷ ᠲᠠᠬᠡᠷ᠎ᠠ ᠪᠠᠶᠢᠩᠭᠤ ᠶᠢᠨ ᠴᠢᠨᠠᠷᠳᠠᠢ ᠪᠠᠷᠢᠯᠭ᠎ᠠ | ᠪᠠᠷᠢᠵᠤ ᠪᠤᠯᠬᠤ ᠦᠬᠡᠢ᠃ | ᠬᠤᠷᠢᠳᠤᠭᠠᠷ ᠵᠦᠢᠯ ᠵᠦᠪᠰᠢᠶᠡᠷᠡᠯ ᠢᠶᠠᠷ ᠲᠠᠮᠵᠢᠨ ᠦᠨᠳᠤᠰᠤᠨ ᠨᠤᠳᠤᠭ ᠪᠡᠯᠴᠢᠬᠡᠷ ᠢ ᠲᠠᠳᠠᠪᠤᠷᠢᠯᠠᠨ ᠠᠪᠬᠤ | ᠂ ᠲᠠᠳᠠᠪᠤᠷᠢᠯᠠᠨ ᠬᠡᠷᠡᠭᠯᠡᠬᠦ ᠳᠡᠭᠡᠨ ᠨᠤᠳᠤᠭ ᠪᠡᠯᠴᠢᠬᠡᠷ ᠤᠨ ᠨᠦᠬᠦᠪᠤᠷᠢ᠂ ᠲᠦᠪᠬᠢᠨᠡᠬᠦᠯᠬᠦ ᠨᠦᠬᠦᠪᠤᠷᠢ ᠪᠠ ᠲᠠᠭᠠᠯᠳᠠ | ᠪᠤᠳᠠᠰ ᠤᠨ ᠨᠦᠬᠦᠪᠤᠷᠢ ᠦᠭᠬᠦ ᠬᠡᠷᠡᠭᠳᠠᠢ᠃ | ᠨᠤᠳᠤᠭ ᠪᠡᠯᠴᠢᠬᠡᠷ ᠤᠨ ᠨᠦᠬᠦᠪᠤᠷᠢ᠂ ᠲᠦᠪᠬᠢᠨᠡᠬᠦᠯᠬᠦ ᠨᠦᠬᠦᠪᠤᠷᠢ ᠶᠢᠨ ᠪᠠᠷᠢᠮᠵᠢᠶ᠎ᠠ ᠶᠢ ᠤᠯᠤᠰ ᠪᠠ | ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠲᠤᠭᠳᠠᠭᠠᠯ ᠢ ᠦᠨᠳᠤᠰᠤᠯᠡᠨ ᠬᠡᠷᠡᠭᠵᠢᠬᠦᠯᠵᠤ᠂ ᠲᠠᠭᠠᠯᠳᠠ | ᠪᠤᠳᠠᠰ ᠤᠨ ᠨᠦᠬᠦᠪᠤᠷᠢ ᠶᠢ ᠪᠤᠳᠠᠳᠠᠢ ᠬᠤᠬᠢᠷᠠᠯ ᠢ ᠦᠨᠳᠤᠰᠤᠯᠡᠨ ᠵᠤᠬᠢᠰᠳᠠᠢ ᠲᠦᠯᠦᠨ᠎ᠡ᠃ | ᠬᠤᠷᠢᠨ ᠨᠢᠬᠡᠳᠤᠬᠡᠷ ᠵᠦᠢᠯ ᠦᠨᠳᠤᠰᠤᠨ ᠨᠤᠳᠤᠭ ᠪᠡᠯᠴᠢᠬᠡᠷ ᠢ ᠲᠠᠳᠠᠪᠤᠷᠢᠯᠠᠬᠤ᠂ ᠲᠠᠳᠠᠪᠤᠷᠢᠯᠠᠨ ᠬᠡᠷᠡᠭᠯᠡᠬᠦ | ᠪᠠ ᠬᠡᠷᠡᠭᠯᠡᠬᠦ ᠪᠤᠶᠤ ᠡᠰᠡᠬᠦᠯ᠎ᠠ ᠦᠨᠳᠤᠰᠤᠨ ᠨᠤᠳᠤᠭ ᠪᠡᠯᠴᠢᠬᠡᠷ ᠢ ᠲᠦᠷ ᠡᠵᠡᠯᠡᠨ ᠬᠡᠷᠡᠭᠯᠡᠭᠰᠡᠨ ᠤ ᠲᠠᠷᠠᠭ᠎ᠠ ᠨᠤᠳᠤᠭ | ᠪᠡᠯᠴᠢᠬᠡᠷ ᠢ ᠰᠡᠷᠬᠦᠬᠡᠬᠦ ᠡᠬᠦᠷᠬᠡ ᠪᠠᠨ ᠪᠡᠶᠡᠯᠡᠬᠦᠯᠦᠭᠰᠡᠨ ᠦᠬᠡᠢ ᠪᠤᠯ᠂ ᠬᠠᠤᠯᠢ ᠶᠤᠰᠤᠭᠠᠷ ᠨᠤᠳᠤᠭ ᠪᠡᠯᠴᠢᠬᠡᠷ ᠤᠨ | ᠤᠷᠭᠤᠮᠠᠯ ᠤᠨ ᠪᠦᠷᠬᠦᠴᠡ ᠶᠢ ᠰᠡᠷᠬᠦᠬᠡᠬᠦ ᠰᠦᠢᠳᠬᠡᠯ ᠲᠤᠰᠢᠶᠠᠬᠤ ᠶᠢᠨ ᠬᠠᠮᠳᠤ ᠬᠠᠷᠠᠭᠠᠯᠵᠠᠭᠰᠠᠨ ᠤᠷᠢᠳᠴᠢᠯᠠᠨ | ᠰᠡᠷᠬᠡᠶᠢᠯᠡᠬᠦ ᠠᠷᠭ᠎ᠠ ᠬᠡᠮᠵᠢᠶ᠎ᠠ ᠠᠪᠴᠦ ᠪᠠᠶᠢᠭᠠᠳ ᠨᠤᠳᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠰᠡᠷᠬᠦᠬᠡᠬᠦ | ᠶᠢ ᠪᠠᠳᠤᠯᠠᠬᠤ ᠬᠡᠷᠡᠭᠳᠠᠢ᠃ ᠨᠤᠳᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠰᠡᠷᠬᠦᠬᠡᠬᠦ ᠲᠤᠰᠬᠠᠢ | ᠰᠦᠢᠳᠬᠡᠯ ᠢ ᠲᠤᠰᠬᠠᠢ ᠬᠡᠷᠡᠭᠯᠡᠵᠤ᠂ ᠨᠤᠳᠤᠭ ᠪᠡᠯᠴᠢᠬᠡᠷ ᠤᠨ ᠵᠠᠰᠠᠭ ᠵᠠᠬᠢᠷᠭ᠎ᠠ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠲᠤᠭᠳᠠᠭᠠᠯ ᠶᠤᠰᠤᠭᠠᠷ ᠨᠤᠳᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠰᠡᠷᠬᠦᠬᠡᠬᠦ ᠳᠤ | ᠬᠡᠷᠡᠭᠯᠡᠵᠤ᠂ ᠶᠠᠮᠠᠷᠪᠠ ᠪᠠᠶᠢᠭᠤᠯᠭ᠎ᠠ ᠨᠢᠬᠡᠴᠡ ᠪᠠ ᠬᠤᠪᠢ ᠬᠦᠮᠦᠨ ᠦᠯᠡᠳᠡᠬᠡᠨ ᠠᠪᠬᠤ ᠪᠤᠶᠤ ᠨᠡᠬᠦᠯᠬᠡᠨ ᠬᠡᠷᠡᠭᠯᠡᠵᠤ | ᠪᠤᠯᠬᠤ ᠦᠬᠡᠢ᠃ | ᠬᠤᠷᠢᠨ ᠬᠤᠶᠠᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠠᠴᠠ ᠬᠠᠤᠯᠢ ᠶᠤᠰᠤᠭᠠᠷ ᠮᠠᠯ ᠪᠡᠯᠴᠢᠬᠡᠷ ᠤᠨ | ᠲᠠᠩᠴᠡᠬᠦᠷᠢ ᠶᠢᠨ ᠲᠦᠷᠢᠮ ᠪᠠ ᠪᠡᠯᠴᠢᠬᠡᠷᠯᠡᠬᠦᠯᠬᠦ ᠶᠢ ᠵᠤᠭᠰᠤᠭᠠᠬᠤ᠂ ᠪᠡᠯᠴᠢᠬᠡᠷ ᠢ ᠰᠡᠷᠬᠦᠬᠡᠬᠦ᠂ ᠪᠡᠯᠴᠢᠬᠡᠷ ᠢᠶᠠᠨ | ᠬᠡᠰᠡᠭᠯᠡᠨ ᠰᠡᠯᠬᠦᠨ ᠮᠠᠯᠵᠢᠬᠤ ᠲᠦᠷᠢᠮ ᠢ ᠬᠡᠷᠡᠭᠵᠢᠬᠦᠯᠬᠦ ᠶᠢᠨ ᠬᠠᠮᠳᠤ᠂ ᠤᠯᠤᠰ ᠪᠠ ᠦᠪᠡᠷᠳᠡᠬᠡᠨ ᠵᠠᠰᠠᠬᠤ ᠤᠷᠤᠨ ᠤ | ᠬᠠᠮᠢᠶ᠎ᠠ ᠪᠦᠬᠦᠢ ᠲᠤᠭᠳᠠᠭᠠᠯ ᠶᠤᠰᠤᠭᠠᠷ ᠲᠦᠷᠢᠮ ᠢ ᠨᠠᠶᠢᠳᠠᠪᠤᠷᠵᠢᠭᠤᠯᠤᠭᠰᠠᠨ ᠮᠠᠯᠴᠢᠨ ᠲᠠᠷᠢᠶᠠᠴᠢᠨ ᠳᠤ ᠱᠠᠩᠨᠠᠯ | ᠨᠦᠬᠦᠪᠤᠷᠢ ᠤᠯᠭᠤᠬᠤ ᠬᠡᠷᠡᠭᠳᠠᠢ᠃ | ᠬᠤᠷᠢᠨ ᠭᠤᠷᠪᠠᠳᠤᠭᠠᠷ ᠵᠦᠢᠯ ᠡᠪᠡᠰᠤ ᠪᠤᠷᠳᠤᠭᠠᠨ ᠤ ᠰᠠᠭᠤᠷᠢᠨ ᠭᠠᠵᠠᠷ ᠪᠠᠶᠢᠭᠤᠯᠬᠤ ᠳᠠᠭᠠᠨ ᠦᠨᠳᠤᠰᠤᠨ | ᠨᠤᠳᠤᠭ ᠪᠡᠯᠴᠢᠬᠡᠷ ᠢ ᠬᠠᠮᠠᠭᠠᠯᠠᠬᠤ ᠲᠦᠯᠦᠪᠵᠢᠬᠦᠯᠬᠡ ᠳᠤ ᠵᠤᠬᠢᠴᠠᠭᠰᠠᠨ ᠪᠠᠶᠢᠬᠤ ᠬᠡᠷᠡᠭᠳᠠᠢ᠃ ᠡᠪᠡᠰᠤ ᠪᠤᠷᠳᠤᠭ᠎ᠠ | ᠶᠢᠨ ᠲᠠᠷᠢᠮᠠᠯ ᠤᠨ ᠲᠦᠷᠦᠯ ᠢ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠨᠤᠳᠤᠭ | ᠪᠡᠯᠴᠢᠬᠡᠷ ᠤᠨ ᠵᠠᠰᠠᠭ ᠵᠠᠬᠢᠷᠭ᠎ᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠪᠤᠳᠠᠳᠠᠢ ᠲᠤᠭᠳᠠᠭᠠᠯ | ᠭᠠᠷᠭᠠᠬᠤ ᠬᠡᠷᠡᠭᠳᠠᠢ᠃ | ᠬᠤᠷᠢᠨ ᠲᠦᠷᠪᠡᠳᠤᠬᠡᠷ ᠵᠦᠢᠯ ᠦᠨᠳᠤᠰᠤᠨ ᠨᠤᠳᠤᠭ ᠪᠡᠯᠴᠢᠬᠡᠷ ᠲᠡᠬᠡᠷ᠎ᠠ ᠠᠴᠠ ᠤᠯᠤᠰ ᠤᠨ ᠬᠤᠶᠠᠳᠤᠭᠠᠷ | ᠲᠡᠰ ᠤᠨ ᠬᠠᠮᠠᠭᠠᠯᠠᠯᠳᠠ ᠲᠠᠢ ᠪᠠ ᠦᠪᠡᠷᠳᠡᠬᠡᠨ ᠵᠠᠰᠠᠬᠤ ᠤᠷᠤᠨ ᠠᠴᠠ ᠲᠤᠭᠳᠠᠭᠠᠭᠰᠠᠨ ᠭᠤᠤᠯᠳᠠᠯᠭ᠎ᠠ ᠲᠠᠢ ᠪᠠᠷ | ᠬᠠᠮᠠᠭᠠᠯᠠᠬᠤ ᠲᠠᠯ᠎ᠠ ᠨᠤᠳᠤᠭ ᠤᠨ ᠬᠡᠬᠡᠷ᠎ᠠ ᠶᠢᠨ ᠤᠷᠭᠤᠮᠠᠯ ᠢ ᠴᠤᠭᠯᠠᠭᠤᠯᠵᠤ ᠬᠤᠷᠢᠶᠠᠬᠤ ᠳᠠᠭᠠᠨ ᠬᠠᠤᠯᠢ ᠶᠤᠰᠤᠭᠠᠷ | ᠲᠠᠯ᠎ᠠ ᠨᠤᠳᠤᠭ ᠤᠨ ᠬᠡᠬᠡᠷ᠎ᠠ ᠶᠢᠨ ᠤᠷᠭᠤᠮᠠᠯ ᠢ ᠴᠤᠭᠯᠠᠭᠤᠯᠵᠤ ᠬᠤᠷᠢᠶᠠᠬᠤ ᠵᠦᠪᠰᠢᠶᠡᠷᠡᠯ ᠢ ᠤᠯᠬᠤ ᠬᠡᠷᠡᠭᠳᠠᠢ᠃ | ᠲᠠᠯ᠎ᠠ ᠨᠤᠳᠤᠭ ᠤᠨ ᠬᠡᠬᠡᠷ᠎ᠠ ᠶᠢᠨ ᠤᠷᠭᠤᠮᠠᠯ ᠢ ᠴᠤᠭᠯᠠᠭᠤᠯᠵᠤ ᠬᠤᠷᠢᠶᠠᠬᠤ ᠵᠦᠪᠰᠢᠶᠡᠷᠡᠯ ᠤᠨ ᠦᠨᠡᠮᠯᠡᠯ ᠢ | ᠤᠯᠤᠭᠰᠠᠨ ᠪᠤᠯ ᠴᠤᠭᠯᠠᠭᠤᠯᠵᠤ ᠬᠤᠷᠢᠶᠠᠬᠤ ᠵᠦᠪᠰᠢᠶᠡᠷᠡᠯ ᠤᠨ ᠦᠨᠡᠮᠯᠡᠯ ᠳᠤ ᠲᠤᠭᠳᠠᠭᠠᠭᠰᠠᠨ ᠲᠠᠯ᠎ᠠ ᠨᠤᠳᠤᠭ ᠤᠨ | ᠬᠡᠬᠡᠷ᠎ᠠ ᠶᠢᠨ ᠤᠷᠭᠤᠮᠠᠯ ᠤᠨ ᠲᠦᠷᠦᠯ ᠵᠦᠢᠯ᠂ ᠤᠷᠤᠨ ᠲᠤᠭᠤᠷᠢᠭ᠂ ᠴᠠᠭ ᠬᠤᠭᠤᠴᠠᠭ᠎ᠠ᠂ ᠲᠤᠭ᠎ᠠ ᠬᠡᠮᠵᠢᠶ᠎ᠠ ᠪᠠ | ᠠᠷᠭ᠎ᠠ ᠬᠡᠯᠪᠡᠷᠢ ᠶᠤᠰᠤᠭᠠᠷ ᠴᠤᠭᠯᠠᠭᠤᠯᠵᠤ ᠬᠤᠷᠢᠶᠠᠬᠤ ᠬᠡᠷᠡᠭᠳᠠᠢ᠃ | ᠬᠤᠷᠢᠨ ᠲᠠᠪᠤᠳᠤᠭᠠᠷ ᠵᠦᠢᠯ ᠦᠨᠳᠤᠰᠤᠨ ᠨᠤᠳᠤᠭ ᠪᠡᠯᠴᠢᠬᠡᠷ ᠢ ᠲᠠᠳᠠᠪᠤᠷᠢᠯᠠᠨ ᠠᠪᠬᠤ᠂ ᠲᠠᠳᠠᠪᠤᠷᠢᠯᠠᠨ | ᠬᠡᠷᠡᠭᠯᠡᠬᠦ᠂ ᠬᠡᠷᠡᠭᠯᠡᠬᠦ ᠪᠤᠶᠤ ᠲᠦᠷ ᠡᠵᠡᠯᠡᠪᠡᠯ ᠬᠠᠮᠢᠶ᠎ᠠ ᠪᠦᠬᠦᠢ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠤᠨ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ ᠴᠠᠭᠠᠵᠠ᠂ ᠬᠠᠤᠯᠢ ᠲᠤᠭᠳᠠᠭᠠᠯ ᠤᠨ ᠲᠤᠭᠳᠠᠭᠠᠯ ᠢ ᠵᠢᠷᠤᠮᠯᠡᠵᠤ᠂ | ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠤᠨ ᠤᠷᠴᠢᠨ ᠲᠤᠭᠤᠷᠢᠨ ᠤᠨ ᠨᠦᠯᠦᠬᠡᠯᠡᠯ ᠤᠨ ᠮᠡᠳᠡᠬᠦᠯᠦᠯᠳᠡ ᠶᠢᠨ | ᠪᠢᠴᠢᠭ ᠲᠡᠭᠡᠨ ᠦᠨᠳᠤᠰᠤᠨ ᠨᠤᠳᠤᠭ ᠪᠡᠯᠴᠢᠬᠡᠷ ᠤᠨ ᠤᠷᠴᠢᠨ ᠲᠤᠭᠤᠷᠢᠨ ᠢ ᠬᠠᠮᠠᠭᠠᠯᠠᠬᠤ ᠲᠦᠰᠦᠯ ᠲᠠᠢ ᠪᠠᠶᠢᠬᠤ | ᠬᠡᠷᠡᠭᠳᠠᠢ᠃ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠵᠦᠪᠰᠢᠶᠡᠷᠡᠭᠳᠡᠭᠰᠡᠨ ᠬᠤᠶᠢᠨ᠎ᠠ ᠦᠨᠳᠤᠰᠤᠨ ᠨᠤᠳᠤᠭ | ᠪᠡᠯᠴᠢᠬᠡᠷ ᠤᠨ ᠤᠷᠴᠢᠨ ᠲᠤᠭᠤᠷᠢᠨ ᠢ ᠬᠠᠮᠠᠭᠠᠯᠠᠬᠤ ᠲᠦᠰᠦᠯ ᠢ ᠪᠦᠳᠦᠬᠡᠨ ᠪᠠᠶᠢᠭᠤᠯᠤᠯᠳᠠ ᠶᠢᠨ ᠲᠦᠷᠦᠯ | ᠵᠦᠢᠯ ᠯᠤᠭ᠎ᠠ ᠵᠡᠷᠬᠡᠪᠡᠷ ᠬᠡᠷᠡᠭᠵᠢᠬᠦᠯᠬᠦ ᠬᠡᠷᠡᠭᠳᠠᠢ᠃ | ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ | ᠤᠷᠳᠤᠨ ᠤ ᠨᠤᠳᠤᠬ ᠪᠠᠯᠴᠢᠬᠡᠷ ᠤᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠳᠠᠯᠢ | ᠱᠠᠳᠤᠨ ᠤ ᠤᠷᠴᠢᠨ ᠳᠤᠭᠤᠷᠢᠨ ᠤ ᠬᠠᠮᠠᠭᠠᠯᠠᠯᠳᠠ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠲᠠᠢ ᠬᠠᠮᠵᠢᠯᠴᠠᠨ ᠦᠡᠳᠤᠰᠤᠨ ᠨᠤᠳᠤᠬ ᠪᠠᠯᠴᠢᠬᠡᠷ ᠤᠨ ᠤᠷᠴᠢᠨ ᠳᠤᠭᠤᠷᠢᠨ ᠤ ᠶᠠᠰᠤ ᠴᠢᠨᠠᠷ ᠪᠠ | ᠪᠤᠬᠢᠷᠳᠤᠯ ᠤᠨ ᠪᠠᠶᠢᠳᠠᠯ ᠳᠤ ᠮᠦᠷᠳᠡᠠ ᠬᠢᠨᠠᠨ ᠬᠡᠮᠵᠢᠯᠳᠡ ᠬᠢᠵᠤ᠂ ᠳᠤᠬᠳᠠᠬᠰᠠᠨ ᠬᠤᠭᠤᠴᠠᠭᠠᠨ ᠳᠤ ᠳᠤᠰ | ᠱᠠᠳᠤᠨ ᠤ ᠠᠷᠠᠳ ᠤᠨ ᠵᠠᠰᠠᠬ ᠤᠨ ᠤᠷᠳᠤᠨ ᠳᠤ ᠤᠷᠴᠢᠨ ᠳᠤᠭᠤᠷᠢᠨ ᠤ ᠶᠠᠰᠤ ᠴᠢᠨᠠᠷ ᠪᠤᠯᠤᠨ ᠬᠤᠪᠢᠷᠠᠯᠳᠠ ᠶᠢᠨ | ᠪᠠᠶᠢᠳᠠᠯ ᠢ ᠮᠡᠳᠡᠭᠦᠯᠬᠦ ᠬᠡᠷᠡᠭᠳᠠᠢ᠃ | ᠬᠤᠷᠢᠨ ᠳᠤᠯᠤᠳᠤᠭᠠᠷ ᠵᠦᠢᠯ ᠠᠳᠡᠯ ᠡᠭᠦᠰᠦᠭᠰᠡᠨ ᠪᠤᠶᠤ ᠭᠡᠨᠡᠳᠳᠡ ᠶᠢᠨ ᠴᠢᠨᠠᠷ ᠲᠠᠢ ᠬᠡᠷᠡᠭ ᠶᠠᠪᠤᠳᠠᠯ | ᠠᠴᠠ ᠪᠤᠯᠵᠤ᠂ ᠦᠨᠳᠦᠰᠦᠨ ᠨᠤᠳᠤᠬ ᠪᠡᠯᠴᠢᠭᠡᠷ ᠤᠨ ᠠᠮᠢ ᠠᠬᠤᠢ ᠶᠢ ᠡᠪᠳᠡᠭᠰᠡᠨ ᠪᠤᠶᠤ ᠤᠷᠴᠢᠨ ᠳᠤᠭᠤᠷᠢᠨ ᠢ | ᠪᠤᠬᠢᠷᠳᠤᠭᠤᠯᠤᠬᠰᠠᠨ ᠪᠤᠶᠤ ᠪᠤᠬᠢᠷᠳᠤᠭᠤᠯᠬᠤ ᠪᠤᠯᠤᠮᠵᠢ ᠲᠠᠢ ᠪᠤᠯᠤᠭᠰᠠᠨ ᠪᠤᠯ᠂ ᠳᠤᠬᠠᠢ ᠶᠢᠨ ᠬᠦᠮᠤᠨ ᠡᠷᠬᠡᠪᠰᠢ | ᠴᠠᠬ ᠳᠤᠬᠠᠢ ᠳᠤᠨᠢ ᠠᠷᠭ᠎ᠠ ᠬᠡᠮᠵᠢᠶ᠎ᠠ ᠠᠪᠴᠤ᠂ ᠪᠠᠰᠠ ᠰᠠᠭᠤᠭ᠎ᠠ ᠭᠠᠵᠠᠷ ᠤᠨ ᠤᠷᠴᠢᠨ ᠳᠤᠭᠤᠷᠢᠨ ᠤ | ᠬᠠᠮᠠᠭᠠᠯᠠᠯᠳᠠ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠨᠤᠳᠤᠬ ᠪᠠᠯᠴᠢᠬᠡᠷ ᠤᠨ | ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠵᠤ᠂ ᠪᠠᠶᠢᠴᠠᠭᠠᠨ ᠰᠢᠢᠳᠪᠤᠷᠢᠯᠡᠬᠦ ᠶᠢ | ᠬᠦᠯᠢᠶᠡᠨ ᠠᠪᠬᠤ ᠬᠡᠷᠡᠭᠳᠠᠢ᠃ | | ᠳᠦᠷᠪᠡᠳᠤᠭᠡᠷ ᠪᠦᠯᠦᠭ ᠬᠢᠨᠠᠯᠳᠠ ᠳᠠᠯᠪᠢᠵᠤ ᠬᠠᠮᠢᠶᠠᠷᠬᠤ | | ᠬᠤᠷᠢᠨ ᠨᠠᠢᠮᠠᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠠᠴᠠ ᠦᠡᠳᠤᠰᠤᠨ ᠨᠤᠳᠤᠬ ᠪᠠᠯᠴᠢᠬᠡᠷ ᠤᠨ | ᠬᠠᠮᠠᠭᠠᠯᠠᠯᠳᠠ ᠶᠢᠨ ᠬᠠᠮᠢᠶᠠᠷᠤᠯᠳᠠ ᠶᠢᠨ ᠬᠠᠷᠠᠯᠳᠠᠳᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠤᠨ᠎ᠠ᠃ | ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠤᠷᠳᠤᠨ ᠡᠷᠬᠡᠪᠰᠢ ᠨᠤᠳᠤᠬ ᠪᠠᠯᠴᠢᠬᠡᠷ ᠢ | ᠬᠠᠮᠠᠭᠠᠯᠠᠬᠤ ᠬᠠᠮᠢᠶᠠᠷᠤᠯᠳᠠ ᠶᠢᠨ ᠠᠵᠢᠯ ᠢ ᠤᠨ ᠤ ᠬᠠᠷᠠᠯᠳᠠᠳᠤ ᠬᠠᠷᠢᠭᠤᠴᠠᠯᠭ᠎ᠠ ᠶᠢᠨ ᠬᠢᠨᠠᠨ ᠰᠢᠯᠭᠠᠯᠳᠠ ᠳᠠᠭᠠᠨ | ᠤᠷᠤᠭᠤᠯᠵᠤ᠂ ᠪᠠᠰᠠ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠬ ᠤᠨ ᠤᠷᠳᠤᠨ ᠲᠠᠢ ᠦᠡᠳᠤᠰᠤᠨ ᠨᠤᠳᠤᠬ | ᠪᠠᠯᠴᠢᠬᠡᠷ ᠢ ᠬᠠᠮᠠᠭᠠᠯᠠᠬᠤ ᠬᠠᠷᠢᠭᠤᠴᠠᠯᠭ᠎ᠠ ᠶᠢᠨ ᠭᠡᠷ᠎ᠠ ᠳᠤᠬᠳᠠᠬᠤ ᠬᠡᠷᠡᠭᠳᠠᠢ᠃ ᠬᠤᠰᠢᠭᠤ ᠰᠢᠶᠠᠨ ᠤ ᠱᠠᠳᠤᠨ ᠤ | ᠠᠷᠠᠳ ᠤᠨ ᠵᠠᠰᠠᠬ ᠤᠨ ᠤᠷᠳᠤᠨ ᠡᠷᠬᠡᠪᠰᠢ ᠨᠤᠳᠤᠬ ᠪᠠᠯᠴᠢᠬᠡᠷ ᠢ ᠬᠡᠷᠡᠭᠯᠡᠬᠦ ᠡᠷᠬᠡ ᠶᠢᠨ ᠨᠢᠭᠡᠴᠡ ᠲᠠᠢ ᠦᠡᠳᠤᠰᠤᠨ | ᠨᠤᠳᠤᠬ ᠪᠠᠯᠴᠢᠬᠡᠷ ᠢ ᠬᠠᠮᠠᠭᠠᠯᠠᠬᠤ ᠬᠠᠷᠢᠭᠤᠴᠠᠯᠭ᠎ᠠ ᠶᠢᠨ ᠭᠡᠷ᠎ᠠ ᠳᠤᠬᠳᠠᠬᠤ ᠬᠡᠷᠡᠭᠳᠠᠢ᠃ ᠰᠤᠮᠤ ᠰᠢᠶᠠᠩ | ᠪᠠᠯᠭᠠᠰᠤᠨ ᠤ ᠠᠷᠠᠳ ᠤᠨ ᠵᠠᠰᠠᠬ ᠤᠨ ᠤᠷᠳᠤᠨ ᠡᠷᠬᠡᠪᠰᠢ ᠨᠤᠳᠤᠬ ᠪᠠᠯᠴᠢᠬᠡᠷ ᠢ ᠦᠮᠴᠢᠯᠡᠬᠦ ᠡᠷᠭᠡ ᠲᠠᠢ ᠨᠢᠭᠡᠴᠡ | ᠲᠠᠢ ᠦᠡᠳᠤᠰᠤᠨ ᠨᠤᠳᠤᠬ ᠪᠠᠯᠴᠢᠬᠡᠷ ᠢ ᠬᠠᠮᠠᠭᠠᠯᠠᠬᠤ ᠬᠠᠷᠢᠭᠤᠴᠠᠯᠭ᠎ᠠ ᠶᠢᠨ ᠭᠡᠷ᠎ᠠ ᠳᠤᠬᠳᠠᠬᠤ ᠬᠡᠷᠡᠭᠳᠠᠢ᠃ | ᠬᠤᠷᠢᠨ ᠶᠢᠰᠤᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ | ᠤᠷᠳᠤᠨ ᠡᠷᠬᠡᠪᠰᠢ ᠦᠡᠳᠤᠰᠤᠨ ᠨᠤᠳᠤᠬ ᠪᠠᠯᠴᠢᠬᠡᠷ ᠤᠨ ᠬᠠᠮᠠᠭᠠᠯᠠᠯᠳᠠ ᠶᠢ ᠬᠢᠨᠠᠨ ᠪᠠᠶᠢᠴᠠᠭᠠᠬᠤ ᠳᠦᠷᠢᠮ ᠢ | ᠪᠠᠶᠢᠭᠤᠯᠵᠤ᠂ ᠳᠤᠬᠳᠠᠬᠰᠠᠨ ᠬᠤᠭᠤᠴᠠᠭᠠᠨ ᠳᠤ ᠬᠤᠯᠪᠤᠬᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ᠂ | ᠢᠯᠡᠴᠢᠯᠡᠨ ᠮᠡᠳᠡᠭᠦᠯᠦᠭᠰᠡᠨ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠭᠰᠡᠨ ᠪᠠ ᠦᠡᠳᠤᠰᠤᠨ ᠨᠤᠳᠤᠬ | ᠪᠠᠯᠴᠢᠬᠡᠷ ᠢ ᠡᠪᠳᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠭᠰᠡᠨ ᠪᠠᠶᠢᠳᠠᠯ᠂ ᠮᠠᠯ ᠪᠡᠯᠴᠢᠭᠡᠷ ᠤᠨ ᠳᠡᠩᠴᠡᠭᠦᠷᠢ᠂ | ᠪᠡᠯᠴᠢᠭᠡᠷᠯᠡᠭᠦᠯᠬᠦ ᠶᠢ ᠵᠤᠬᠰᠤᠭᠠᠬᠤ ᠰᠡᠯᠭᠦᠨ ᠮᠡᠯᠵᠢᠬᠤ ᠡᠭᠡᠯᠵᠢᠯᠡᠨ ᠮᠡᠯᠵᠢᠬᠤ᠂ ᠳᠠᠯ᠎ᠠ ᠨᠤᠳᠤᠬ ᠤᠨ ᠠᠮᠢ | ᠠᠬᠤᠢ ᠶᠢᠨ ᠬᠠᠮᠠᠭᠠᠯᠠᠯᠳᠠ ᠶᠢᠨ ᠱᠠᠩᠨᠠᠬᠤ ᠨᠦᠬᠦᠪᠤᠷᠢ ᠶᠢᠨ ᠪᠠᠶᠢᠳᠠᠯ᠂ ᠨᠤᠳᠤᠬ ᠪᠠᠯᠴᠢᠬᠡᠷ ᠤᠨ ᠭᠤᠤᠯᠳᠠᠯᠭ᠎ᠠ ᠲᠠᠢ | ᠪᠦᠳᠤᠭᠡᠨ ᠪᠠᠶᠢᠭᠤᠯᠤᠯᠳᠠ ᠶᠢᠨ ᠪᠠᠶᠢᠳᠠᠯ ᠵᠢᠴᠢ ᠦᠨᠳᠦᠰᠦᠨ ᠨᠤᠳᠤᠬ ᠪᠠᠯᠴᠢᠬᠡᠷ ᠢ ᠳᠠᠳᠠᠪᠤᠷᠢᠯᠠᠨ ᠠᠪᠬᠤ᠂ | ᠳᠠᠳᠠᠪᠤᠷᠢᠯᠠᠨ ᠬᠡᠷᠡᠭᠯᠡᠬᠦ᠂ ᠬᠡᠷᠡᠭᠯᠡᠬᠦ ᠪᠤᠶᠤ ᠳᠦᠷ ᠴᠠᠬ ᠡᠵᠡᠯᠡᠬᠦ ᠵᠡᠷᠭᠡ ᠪᠠᠶᠢᠳᠠᠯ ᠳᠤ ᠪᠠᠶᠢᠴᠠᠭᠠᠯᠳᠠ ᠬᠢᠬᠦ ᠶᠢᠨ | ᠬᠠᠮᠳᠤ᠂ ᠪᠠᠰᠠ ᠳᠡᠭᠡᠷ᠎ᠠ ᠨᠢᠭᠡ ᠱᠠᠳᠤᠨ ᠤ ᠠᠷᠠᠳ ᠤᠨ ᠵᠠᠰᠠᠬ ᠤᠨ ᠤᠷᠳᠤᠨ ᠳᠤ ᠮᠡᠳᠡᠭᠦᠯᠬᠦ ᠬᠡᠷᠡᠭᠳᠠᠢ᠃ | ᠭᠤᠴᠢᠳᠤᠭᠠᠷ ᠵᠦᠢᠯ ᠨᠤᠳᠤᠬ ᠪᠠᠯᠴᠢᠬᠡᠷ ᠤᠨ ᠬᠢᠨᠠᠨ ᠬᠠᠮᠢᠶᠠᠷᠤᠯᠳᠠ ᠶᠢᠨ ᠠᠵᠢᠯᠳᠠᠳ ᠡᠭᠦᠷᠭᠡ | ᠳᠤᠰᠢᠶᠠᠯ ᠢᠶᠠᠨ ᠬᠠᠤᠯᠢ ᠶᠤᠰᠤᠭᠠᠷ ᠭᠦᠢᠴᠡᠳᠬᠡᠬᠦ ᠦᠶᠡᠰ᠂ ᠡᠷᠬᠡᠪᠰᠢ ᠨᠢᠭᠡᠳᠤᠯᠳᠠᠢ ᠢᠯᠡ ᠳᠤᠳᠤ ᠳᠡᠮᠳᠡᠭ ᠵᠡᠭᠦᠵᠤ᠂ | ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠬᠠᠷᠭᠤᠭᠤᠯᠤᠨ ᠳᠠᠷᠬᠠᠭᠠᠬᠰᠠᠨ ᠵᠠᠰᠠᠬ | ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠴᠢ ᠳᠡᠮᠳᠡᠭ ᠢᠶᠠᠨ ᠭᠠᠷᠭᠠᠨ ᠦᠵᠡᠭᠦᠯᠬᠦ ᠬᠡᠷᠡᠭᠳᠠᠢ᠃ ᠬᠤᠯᠪᠤᠬᠳᠠᠯ ᠪᠦᠬᠦᠢ | ᠨᠢᠭᠡᠴᠡ ᠪᠡ ᠬᠤᠪᠢ ᠬᠦᠮᠤᠨ ᠡᠷᠬᠡᠪᠰᠢ ᠳᠡᠮᠵᠢᠬᠦ ᠪᠡ ᠬᠠᠮᠵᠢᠯᠴᠠᠬᠤ ᠬᠡᠷᠡᠭᠳᠠᠢ᠂ ᠳᠡᠪᠴᠢᠬᠦ ᠪᠤᠶᠤ ᠬᠠᠷᠰᠢᠯᠠᠵᠤ | ᠪᠤᠯᠬᠤ ᠦᠭᠡᠢ᠃ | | ᠳᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | | ᠭᠤᠴᠢᠨ ᠨᠢᠭᠡᠳᠤᠭᠡᠷ ᠵᠦᠢᠯ ᠳᠤᠰ ᠳᠦᠷᠢᠮ ᠤᠨ ᠠᠷᠪᠠᠨ ᠨᠢᠭᠡᠳᠤᠭᠡᠷ ᠵᠦᠢᠯ᠂ ᠠᠷᠪᠠᠨ ᠬᠤᠶᠠᠳᠤᠭᠠᠷ | ᠵᠦᠢᠯ᠂ ᠠᠷᠪᠠᠨ ᠭᠤᠷᠪᠠᠳᠤᠭᠠᠷ ᠵᠦᠢᠯ ᠤᠨ ᠳᠤᠬᠳᠠᠭᠠᠯ ᠶᠤᠰᠤᠭᠠᠷ ᠨᠤᠳᠤᠬ ᠪᠠᠯᠴᠢᠬᠡᠷ ᠢ ᠬᠤᠪᠢᠶᠠᠨ | ᠲᠤᠭᠳᠠᠭᠠᠭᠰᠠᠨ ᠦᠭᠡᠢ ᠪᠤᠯ᠂ ᠳᠡᠭᠡᠷ᠎ᠠ ᠨᠢᠭᠡ ᠱᠠᠳᠤᠨ ᠤ ᠠᠷᠠᠳ ᠤᠨ ᠵᠠᠰᠠᠬ ᠤᠨ ᠤᠷᠳᠤᠨ ᠵᠠᠷᠯᠢᠬᠳᠠᠨ | ᠳᠤᠬᠳᠠᠬᠰᠠᠨ ᠬᠤᠭᠤᠴᠠᠭᠠᠨ ᠳᠤ ᠵᠠᠯᠠᠷᠠᠭᠤᠯᠵᠤ᠂ ᠰᠢᠭᠤᠳ ᠬᠠᠷᠢᠭᠤᠴᠠᠯᠭ᠎ᠠ ᠲᠠᠢ ᠭᠤᠤᠯᠯᠠᠨ ᠬᠠᠮᠢᠶᠠᠷᠬᠤ ᠬᠦᠮᠤᠨ | ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠤᠨ ᠳᠤ ᠬᠠᠤᠯᠢ ᠶᠤᠰᠤᠭᠠᠷ ᠵᠠᠰᠠᠬ ᠵᠠᠬᠢᠷᠭᠠᠨ ᠤ ᠰᠢᠳᠬᠡᠯ | ᠦᠭᠬᠦᠨ᠎ᠠ᠃ | ᠭᠤᠴᠢᠨ ᠬᠤᠶᠠᠳᠤᠭᠠᠷ ᠵᠦᠢᠯ ᠳᠤᠰ ᠳᠦᠷᠢᠮ ᠤᠨ ᠠᠷᠪᠠᠨ ᠳᠠᠪᠤᠳᠤᠭᠠᠷ ᠵᠦᠢᠯ ᠤᠨ ᠳᠤᠬᠳᠠᠭᠠᠯ ᠢ | ᠵᠦᠷᠢᠴᠡᠨ᠂ ᠳᠤᠤᠷᠠᠬᠢ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠬᠤᠰᠢᠭᠤ ᠰᠢᠶᠠᠨ ᠤ ᠱᠠᠳᠤᠨ ᠠᠴᠠ | ᠳᠡᠭᠡᠭᠰᠢᠬᠢ ᠨᠤᠳᠤᠬ ᠪᠠᠯᠴᠢᠬᠡᠷ ᠤᠨ ᠬᠢᠨᠠᠨ ᠬᠠᠮᠢᠶᠠᠷᠬᠤ ᠪᠠᠶᠢᠭᠤᠯᠤᠮᠵᠢ ᠬᠠᠤᠯᠢ ᠪᠤᠰᠤ ᠠᠵᠢᠯᠯᠠᠭ᠎ᠠ ᠶᠢ ᠨᠢ ᠵᠠᠷᠯᠢᠬᠳᠠᠨ | ᠵᠤᠬᠰᠤᠭᠠᠵᠤ᠂ ᠳᠤᠬᠳᠠᠬᠰᠠᠨ ᠬᠤᠭᠤᠴᠠᠭᠠᠨ ᠳᠤ ᠤᠷᠭᠤᠮᠠᠯ ᠤᠨ ᠪᠦᠷᠬᠦᠴᠡ ᠶᠢ ᠰᠡᠷᠭᠦᠭᠡᠯᠭᠡᠨ᠂ ᠬᠠᠤᠯᠢ ᠪᠤᠰᠤ ᠡᠳ᠋ | ᠪᠤᠳᠠᠰ ᠪᠠ ᠬᠠᠤᠯᠢ ᠪᠤᠰᠤ ᠪᠠᠷ ᠤᠯᠤᠬᠰᠠᠨ ᠤᠯᠵᠠ ᠶᠢ ᠬᠤᠷᠢᠶᠠᠨ ᠠᠪᠬᠤ ᠶᠢᠨ ᠬᠠᠮᠳᠤ᠂ ᠳᠤᠤᠷᠠᠬᠢ | ᠳᠤᠬᠳᠠᠭᠠᠯ ᠢᠶᠠᠷ ᠰᠢᠳᠭᠡᠨ᠎ᠡ᠄ ᠨᠤᠳᠤᠬ ᠪᠠᠯᠴᠢᠬᠡᠷ ᠤᠨ ᠦᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ | ᠤᠴᠠᠷᠠᠭᠤᠯᠤᠭᠰᠠᠨ ᠪᠤᠯ᠂ ᠳᠦᠯᠤᠪᠤᠷᠢ ᠶᠢᠨ ᠬᠠᠷᠢᠭᠤᠴᠠᠯᠭ᠎ᠠ ᠶᠢ ᠬᠠᠤᠯᠢ ᠶᠤᠰᠤᠭᠠᠷ ᠡᠭᠦᠷᠭᠡᠯᠡᠨ᠎ᠠ︔ ᠶᠠᠯ᠎ᠠ ᠬᠢᠭᠰᠡᠨ | ᠳᠤ ᠳᠤᠭᠠᠴᠢᠬᠳᠠᠪᠠᠯ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠠ᠄ | ︵ᠨᠢᠬᠡ︶ ᠦᠨᠳᠦᠰᠦᠨ ᠨᠤᠲᠤᠭ ᠪᠡᠯᠴᠢᠬᠡᠷ ᠢ ᠬᠠᠭᠠᠯᠪᠤᠷᠢᠯᠠᠬᠰᠠᠨ ᠪᠤᠯ ᠬᠠᠤᠯᠢ ᠪᠤᠰᠤ ᠤᠯᠵᠠᠪᠤᠷᠢ ᠶᠢᠨ | ᠭᠤᠷᠪᠠᠨ ᠲᠠᠬᠢᠨ ᠠᠴᠠ ᠲᠡᠭᠡᠭᠰᠢ ᠲᠠᠪᠤᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠨ᠎ᠠ︔ ᠬᠠᠤᠯᠢ ᠪᠤᠰᠤ | ᠤᠯᠵᠠᠪᠤᠷᠢ ᠦᠬᠡᠢ ᠪᠤᠯ 5000 ᠲᠦᠬᠦᠷᠢᠭ ᠠᠴᠠ ᠲᠡᠭᠡᠭᠰᠢ 5 ᠲᠦᠮᠡᠨ ᠲᠦᠬᠦᠷᠢᠭ ᠠᠴᠠ ᠲᠤᠭᠤᠭᠰᠢ ᠵᠤᠭᠤᠰ | ᠢᠶᠠᠷ ᠲᠤᠷᠭᠠᠨ᠎ᠠ︔ | ︵ᠬᠤᠶᠠᠷ︶ ᠦᠨᠳᠦᠰᠦᠨ ᠨᠤᠲᠤᠭ ᠪᠡᠯᠴᠢᠬᠡᠷ ᠤᠨ ᠬᠡᠷᠡᠭᠴᠡᠭᠡ ᠶᠢ ᠲᠤᠷ᠎ᠠ ᠪᠠᠷ ᠢᠶᠠᠨ ᠬᠤᠪᠢᠷᠠᠭᠤᠯᠤᠬᠰᠠᠨ | ᠪᠤᠯ ᠮᠦ ᠪᠦᠷᠢ ᠶᠢ 1000 ᠲᠦᠬᠦᠷᠢᠭ ᠠᠴᠠ ᠲᠡᠭᠡᠭᠰᠢ 5000 ᠲᠦᠬᠦᠷᠢᠭ ᠠᠴᠠ ᠲᠤᠭᠤᠭᠰᠢ ᠵᠤᠭᠤᠰ ᠢᠶᠠᠷ | ᠲᠤᠷᠭᠠᠨ᠎ᠠ︔ | ︵ᠭᠤᠷᠪᠠ︶ ᠲᠤᠤᠷ ᠬᠦᠷᠢᠶ᠎ᠠ᠂ ᠬᠦᠮᠦᠨ ᠮᠠᠯ ᠤᠨ ᠤᠤᠭᠤᠬᠤ ᠤᠰᠤᠨ ᠤ ᠲᠦᠬᠦᠬᠡᠷᠦᠮᠵᠢ ᠵᠡᠷᠭᠡ ᠨᠤᠲᠤᠭ | ᠪᠡᠯᠴᠢᠬᠡᠷ ᠤᠨ ᠪᠦᠲᠦᠬᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠲᠦᠬᠦᠬᠡᠷᠦᠮᠵᠢ ᠶᠢ ᠡᠪᠳᠡᠭᠰᠡᠨ ᠪᠤᠯ ᠵᠠᠷᠯᠢᠬᠳᠠᠵᠦ | ᠬᠤᠭᠤᠴᠠᠭ᠎ᠠ ᠲᠤᠭᠲᠠᠭᠠᠨ ᠵᠠᠰᠠᠨ ᠰᠡᠯᠪᠢᠬᠦᠯᠬᠦ ᠶᠢᠨ ᠬᠠᠮᠲᠤ᠂ ᠪᠤᠲᠠᠲᠤ ᠬᠤᠬᠢᠷᠠᠯ ᠤᠨ ᠭᠤᠷᠪᠠᠨ ᠲᠠᠬᠢᠨ ᠠᠴᠠ | ᠲᠤᠭᠤᠭᠰᠢ ᠵᠤᠭᠤᠰ ᠢᠶᠠᠷ ᠲᠤᠷᠭᠠᠨ᠎ᠠ︔ | ︵ᠲᠦᠷᠪᠡ︶ ᠵᠢᠭᠠᠰᠤᠨ ᠴᠦᠬᠦᠷᠦᠮ ᠮᠠᠯᠲᠠᠬᠤ᠂ ᠭᠤᠤ ᠰᠤᠪᠠᠬ ᠮᠠᠯᠲᠠᠬᠤ᠂ ᠡᠪᠡᠰᠦ ᠮᠠᠯᠲᠠᠬᠤ᠂ ᠡᠪᠡᠰᠦᠨ | ᠦᠨᠳᠦᠰᠦ ᠮᠠᠯᠲᠠᠭᠰᠠᠨ ᠪᠤᠯ ᠮᠦ ᠪᠦᠷᠢ ᠶᠢ 5000 ᠲᠦᠬᠦᠷᠢᠭ ᠠᠴᠠ ᠲᠡᠭᠡᠭᠰᠢ ᠲᠦᠮᠡᠨ ᠲᠦᠬᠦᠷᠢᠭ ᠠᠴᠠ | ᠲᠤᠭᠤᠭᠰᠢ ᠵᠤᠭᠤᠰ ᠢᠶᠠᠷ ᠲᠤᠷᠭᠠᠨ᠎ᠠ︔ | ︵ᠲᠠᠪᠤ︶ ᠪᠤᠯᠠᠰᠢ ᠤᠩᠭᠤᠨ ᠪᠤᠰᠬᠠᠭᠰᠠᠨ ᠪᠤᠯ ᠵᠠᠷᠯᠢᠬᠳᠠᠵᠦ ᠬᠤᠭᠤᠴᠠᠭ᠎ᠠ ᠲᠤᠭᠲᠠᠭᠠᠨ ᠰᠢᠯᠵᠢᠬᠦᠯᠬᠦ ᠶᠢᠨ | ᠬᠠᠮᠲᠤ᠂ 1000 ᠲᠦᠬᠦᠷᠢᠭ ᠠᠴᠠ ᠲᠡᠭᠡᠭᠰᠢ 2000 ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠨ᠎ᠠ᠃ | | ᠭᠤᠴᠢᠨ ᠭᠤᠷᠪᠠᠳᠤᠭᠠᠷ ᠵᠦᠢᠯ ᠲᠤᠰ ᠲᠦᠷᠢᠮ ᠤᠨ ᠠᠷᠪᠠᠨ ᠲᠠᠪᠤᠳᠤᠭᠠᠷ ᠵᠦᠢᠯ ᠤᠨ ᠲᠦᠷᠪᠡᠳᠦᠬᠡᠷ | ᠪᠠᠳᠠᠭ᠂ ᠲᠤᠯᠤᠳᠤᠭᠠᠷ ᠪᠠᠳᠠᠭ ᠤᠨ ᠲᠤᠭᠲᠠᠭᠠᠯ ᠢ ᠵᠦᠷᠢᠴᠡᠨ᠂ ᠲᠤᠷ᠎ᠠ ᠪᠠᠷ ᠢᠶᠠᠨ ᠬᠤᠳᠳᠤᠭ ᠮᠠᠯᠲᠠᠵᠦ ᠠᠵᠦ | ᠦᠢᠯᠡᠳᠪᠦᠷᠢ ᠶᠢᠨ ᠭᠡᠷᠡᠭᠯᠡᠭᠡᠨ ᠤ ᠤᠰᠤ ᠠᠪᠤᠬᠰᠠᠨ᠂ ᠦᠨᠳᠦᠰᠦᠨ ᠨᠤᠲᠤᠭ ᠪᠡᠯᠴᠢᠬᠡᠷ ᠲᠤ ᠬᠠᠲᠠᠭᠤ ᠪᠡᠶᠡᠲᠦ᠂ | ᠰᠢᠩᠭᠡᠨ ᠪᠡᠶᠡᠲᠦ᠂ ᠬᠡᠢ ᠪᠡᠶᠡᠲᠦ ᠬᠠᠶᠠᠬᠳᠠᠮᠠᠯ ᠪᠤᠳᠠᠰ ᠢ ᠭᠠᠳᠠᠭᠰᠢᠯᠠᠭᠤᠯᠤᠭᠰᠠᠨ ᠪᠠ ᠠᠮᠢᠳᠤᠷᠠᠯ ᠤᠨ ᠬᠤᠬ ᠨᠤᠪᠰᠢ | ᠬᠠᠶᠠᠬᠰᠠᠨ ᠵᠢᠴᠢ ᠤᠷᠴᠢᠨ ᠲᠤᠭᠤᠷᠢᠨ ᠳᠤ ᠲᠠᠭᠤ ᠱᠤᠤᠬᠢᠶᠠᠨ ᠤ ᠪᠤᠬᠢᠷᠲᠤᠯ᠂ ᠲᠤᠭᠤᠰᠤ ᠰᠢᠷᠤᠢ ᠶᠢᠨ ᠪᠤᠬᠢᠷᠲᠤᠯ᠂ | ᠰᠠᠴᠤᠷᠠᠬ ᠪᠤᠳᠠᠰ ᠤᠨ ᠪᠤᠬᠢᠷᠲᠤᠯ᠂ ᠴᠠᠬᠢᠯᠭᠠᠨ ᠰᠤᠷᠢᠨᠵᠢᠨ ᠲᠤᠯᠬᠢᠶᠠᠨ ᠤ ᠪᠤᠬᠢᠷᠲᠤᠯ ᠡᠬᠦᠰᠭᠡᠭᠰᠡᠨ ᠪᠤᠯ ᠨᠤᠲᠤᠭ | ᠪᠡᠯᠴᠢᠬᠡᠷ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ | ᠬᠠᠮᠵᠢᠯᠴᠠᠵᠦ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ ᠤᠨ ᠲᠤᠭᠲᠠᠭᠠᠯ ᠶᠢ ᠦᠨᠳᠦᠰᠦᠯᠡᠵᠦ | ᠲᠤᠷᠭᠠᠨ᠎ᠠ︔ ᠨᠤᠲᠤᠭ ᠪᠡᠯᠴᠢᠬᠡᠷ ᠤᠨ ᠦᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠬᠰᠠᠨ ᠪᠤᠯ | ᠬᠠᠤᠯᠢ ᠶᠤᠰᠤᠭᠠᠷ ᠲᠦᠯᠦᠪᠦᠷᠢ ᠶᠢᠨ ᠬᠠᠷᠢᠭᠤᠴᠠᠯᠭ᠎ᠠ ᠡᠬᠦᠷᠭᠡᠯᠡᠨ᠎ᠠ᠃ | ᠭᠤᠴᠢᠨ ᠲᠦᠷᠪᠡᠳᠦᠭᠡᠷ ᠵᠦᠢᠯ ᠲᠤᠰ ᠲᠦᠷᠢᠮ ᠤᠨ ᠠᠷᠪᠠᠨ ᠵᠢᠷᠭᠤᠳᠤᠭᠠᠷ ᠵᠦᠢᠯ ᠤᠨ ᠲᠤᠭᠲᠠᠭᠠᠯ ᠢ | ᠵᠦᠷᠢᠴᠡᠨ᠂ ᠵᠠᠮ ᠠᠴᠠ ᠭᠠᠷᠴᠤ ᠦᠨᠳᠦᠰᠦᠨ ᠨᠤᠲᠤᠭ ᠪᠡᠯᠴᠢᠬᠡᠷ ᠢᠶᠠᠷ ᠲᠠᠪᠬᠢᠭᠤᠯᠤᠬᠰᠠᠨ ᠪᠤᠶᠤ ᠲᠤᠭᠲᠠᠬᠰᠠᠨ | ᠮᠠᠰᠢᠨ ᠲᠡᠷᠭᠡ ᠶᠠᠪᠤᠬᠤ ᠤᠷᠤᠨ ᠪᠠ ᠮᠠᠰᠢᠨ ᠲᠡᠷᠭᠡ ᠶᠠᠪᠤᠬᠤ ᠵᠠᠮ ᠱᠤᠭᠤᠮ ᠢᠶᠠᠷ ᠶᠠᠪᠤᠬᠤ ᠦᠬᠡᠢ ᠪᠠᠷ ᠦᠨᠳᠦᠰᠦᠨ | ᠨᠤᠳᠤᠭ ᠪᠡᠯᠴᠢᠭᠡᠷ ᠲᠡᠭᠡᠷ᠎ᠡ ᠶᠠᠪᠤᠵᠤ᠂ ᠨᠤᠲᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠡᠪᠳᠡᠭᠰᠡᠨ ᠪᠤᠯ᠂ | ᠬᠤᠰᠢᠭᠤ ᠰᠢᠶᠠᠨ ᠤ ᠱᠠᠲᠤᠨ ᠤ ᠨᠤᠲᠤᠭ ᠪᠡᠯᠴᠢᠬᠡᠷ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠤᠯᠢ | ᠪᠤᠰᠤ ᠠᠵᠢᠯᠯᠠᠭ᠎ᠠ ᠶᠢ ᠵᠠᠷᠯᠢᠬᠳᠠᠵᠦ ᠵᠤᠭᠰᠤᠭᠠᠨ᠂ ᠬᠤᠭᠤᠴᠠᠭ᠎ᠠ ᠲᠤᠭᠲᠠᠭᠠᠨ ᠤᠷᠭᠤᠮᠠᠯ ᠤᠨ ᠪᠦᠷᠬᠦᠴᠡ ᠶᠢ | ᠰᠡᠷᠬᠦᠬᠡᠯᠬᠡᠬᠦ ᠶᠢᠨ ᠬᠠᠮᠲᠤ᠂ ᠨᠤᠲᠤᠭ ᠪᠡᠯᠴᠢᠬᠡᠷ ᠤᠨ ᠡᠪᠳᠡᠭᠳᠡᠬᠦ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ | ᠦᠢᠯᠡᠳᠪᠦᠷᠢᠯᠡᠯ ᠤᠨ ᠦᠷᠲᠡᠭ ᠤᠨ ᠭᠤᠷᠪᠠᠨ ᠲᠠᠬᠢᠨ ᠠᠴᠠ ᠲᠡᠭᠡᠭᠰᠢ ᠶᠢᠰᠦᠨ ᠲᠠᠬᠢᠨ ᠠᠴᠠ ᠲᠤᠭᠤᠭᠰᠢ ᠵᠤᠭᠤᠰ | ᠢᠶᠠᠷ ᠲᠤᠷᠭᠠᠨ᠎ᠠ︔ ᠨᠤᠲᠤᠭ ᠪᠡᠯᠴᠢᠬᠡᠷ ᠤᠨ ᠦᠮᠴᠢᠯᠡᠭᠴᠢ ᠪᠠ ᠬᠡᠷᠡᠭᠯᠡᠭᠴᠢ ᠳᠤ ᠬᠤᠬᠢᠷᠠᠯ ᠤᠴᠠᠷᠠᠭᠤᠯᠤᠬᠰᠠ ᠪᠤᠯ | ᠬᠠᠤᠯᠢ ᠶᠤᠰᠤᠭᠠᠷ ᠲᠦᠯᠦᠪᠦᠷᠢ ᠶᠢᠨ ᠬᠠᠷᠢᠭᠤᠴᠠᠯᠭ᠎ᠠ ᠡᠬᠦᠷᠭᠡᠯᠡᠨ᠎ᠠ᠃ | ᠭᠤᠴᠢᠨ ᠲᠠᠪᠤᠳᠤᠭᠠᠷ ᠵᠦᠢᠯ ᠲᠤᠰ ᠲᠦᠷᠢᠮ ᠤᠨ ᠲᠤᠭᠲᠠᠭᠠᠯ ᠢ ᠵᠦᠷᠢᠴᠡᠨ᠂ ᠤᠳᠤ ᠶᠠᠬ ᠮᠠᠰᠢᠨ | ᠲᠦᠬᠦᠬᠡᠷᠦᠮᠵᠢ ᠬᠡᠷᠡᠭᠯᠡᠵᠦ ᠦᠨᠳᠦᠰᠦᠨ ᠨᠤᠲᠤᠭ ᠪᠡᠯᠴᠢᠬᠡᠷ ᠢ ᠬᠠᠭᠠᠯᠪᠤᠷᠢᠯᠠᠨ ᠡᠪᠳᠡᠭᠰᠡᠨ ᠪᠤᠯ ᠬᠤᠰᠢᠭᠤ ᠰᠢᠶᠠᠨ ᠤ | ᠱᠠᠲᠤᠨ ᠠᠴᠠ ᠲᠡᠭᠡᠭᠰᠢᠬᠢ ᠨᠤᠲᠤᠭ ᠪᠡᠯᠴᠢᠬᠡᠷ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠪᠠᠯ ᠬᠠᠤᠯᠢ | ᠪᠤᠰᠤ ᠠᠵᠢᠯᠯᠠᠭ᠎ᠠ ᠶᠢ ᠲᠡᠷᠡ ᠲᠠᠷᠤᠢ ᠳᠤᠨᠢ ᠵᠤᠭᠰᠤᠭᠠᠬᠤ ᠶᠢᠨ ᠬᠠᠮᠲᠤ᠂ ︽ᠪᠦᠬᠦᠳᠡ ᠨᠠᠶᠢᠷᠠᠮᠳᠠᠬᠤ ᠲᠤᠮᠲᠠᠲᠤ | ᠠᠷᠠᠳ ᠤᠯᠤᠰ ᠤᠨ ᠵᠠᠰᠠᠬ ᠵᠠᠬᠢᠷᠭᠠᠨ ᠤ ᠲᠤᠷᠭᠠᠭᠤᠯᠢ ᠶᠢᠨ ᠬᠠᠤᠯᠢ︾ ᠶᠢᠨ ᠭᠤᠴᠢᠨ ᠲᠤᠯᠤᠳᠤᠭᠠᠷ ᠵᠦᠢᠯ ᠤᠨ | ᠬᠠᠮᠢᠶ᠎ᠠ ᠪᠦᠬᠦᠢ ᠲᠤᠭᠲᠠᠭᠠᠯ ᠢ ᠦᠨᠳᠦᠰᠦᠯᠡᠨ ᠰᠢᠢᠳᠪᠦᠷᠢᠯᠡᠨ᠎ᠠ᠃ | ᠭᠤᠴᠢᠨ ᠵᠢᠷᠭᠤᠳᠤᠭᠠᠷ ᠵᠦᠢᠯ ᠲᠤᠰ ᠲᠦᠷᠢᠮ ᠤᠨ ᠲᠤᠭᠲᠠᠭᠠᠯ ᠢ ᠵᠦᠷᠢᠴᠡᠨ᠂ ᠵᠦᠪᠰᠢᠶᠡᠷᠡᠯ ᠦᠬᠡᠢ | ᠪᠠᠷ ᠪᠤᠶᠤ ᠮᠡᠬᠡᠯᠡᠬᠦ ᠠᠷᠭ᠎ᠠ ᠠᠪᠴᠠᠯ ᠢᠶᠠᠷ ᠵᠦᠪᠰᠢᠶᠡᠷᠡᠯ ᠤᠯᠵᠦ᠂ ᠦᠨᠳᠦᠰᠦᠨ ᠨᠤᠲᠤᠭ ᠪᠡᠯᠴᠢᠬᠡᠷ ᠢ ᠬᠠᠤᠯᠢ ᠪᠤᠰᠤ | ᠪᠠᠷ ᠬᠡᠷᠡᠭᠯᠡᠭᠰᠡᠨ ᠪᠤᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠨᠤᠲᠤᠭ ᠪᠡᠯᠴᠢᠬᠡᠷ ᠤᠨ ᠬᠢᠨᠠᠨ | ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠬᠳᠠᠨ ᠬᠠᠤᠯᠢ ᠪᠤᠰᠤ ᠪᠠᠷ ᠭᠡᠷᠡᠭᠯᠡᠭᠰᠡᠨ ᠦᠨᠳᠦᠰᠦᠨ ᠨᠤᠲᠤᠭ | ᠪᠡᠯᠴᠢᠬᠡᠷ ᠢ ᠪᠤᠴᠠᠭᠠᠯᠭᠠᠵᠦ᠂ ᠬᠠᠤᠯᠢ ᠪᠤᠰᠤ ᠪᠠᠷ ᠬᠡᠷᠡᠭᠯᠡᠭᠰᠡᠨ ᠦᠨᠳᠦᠰᠦᠨ ᠨᠤᠲᠤᠭ ᠪᠡᠯᠴᠢᠬᠡᠷ ᠲᠡᠭᠡᠷ᠎ᠠ ᠰᠢᠨ᠎ᠠ ᠪᠠᠷ | ᠪᠠᠶᠢᠭᠤᠯᠤᠬᠰᠠᠨ ᠪᠠᠷᠢᠯᠭ᠎ᠠ ᠪᠠ ᠪᠤᠰᠤᠳ ᠲᠦᠬᠦᠬᠡᠷᠦᠮᠵᠢ ᠶᠢ ᠬᠤᠭᠤᠴᠠᠭ᠎ᠠ ᠲᠤᠭᠲᠠᠭᠠᠨ ᠨᠤᠷᠠᠭᠠᠯᠭᠠᠵᠤ᠂ ᠨᠤᠲᠤᠭ | ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠰᠡᠷᠬᠦᠬᠡᠯᠬᠡᠬᠦ ᠶᠢᠨ ᠬᠠᠮᠲᠤ᠂ ᠲᠤᠰ ᠦᠨᠳᠦᠰᠦᠨ ᠨᠤᠲᠤᠭ | ᠪᠡᠯᠴᠢᠬᠡᠷ ᠤᠨ ᠬᠠᠤᠯᠢ ᠪᠤᠰᠤ ᠪᠠᠷ ᠬᠡᠷᠡᠭᠯᠡᠭᠳᠡᠬᠦ ᠠᠴᠠ ᠡᠮᠦᠨᠡᠬᠢ ᠭᠤᠷᠪᠠᠨ ᠵᠢᠯ ᠤᠨ ᠲᠤᠮᠲᠠᠴᠢ ᠦᠢᠯᠡᠳᠪᠦᠷᠢᠯᠡᠯ ᠤᠨ | ᠦᠷᠲᠡᠭ ᠤᠨ ᠶᠢᠰᠦᠨ ᠲᠠᠬᠢᠨ ᠠᠴᠠ ᠲᠡᠭᠡᠭᠰᠢ ᠠᠷᠪᠠᠨ ᠬᠤᠶᠠᠷ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠨ᠎ᠠ | ︔ ᠶᠠᠯ᠎ᠠ ᠪᠤᠯᠵᠤ ᠪᠦᠷᠢᠯᠳᠦᠪᠡᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠠ᠃ | ᠭᠤᠴᠢᠨ ᠲᠤᠯᠤᠳᠤᠭᠠᠷ ᠵᠦᠢᠯ ᠲᠤᠰ ᠲᠦᠷᠢᠮ ᠤᠨ ᠭᠤᠴᠢ ᠶᠢᠰᠦᠳᠦᠭᠡᠷ ᠵᠦᠢᠯ ᠤᠨ ᠬᠤᠶᠠᠳᠤᠭᠠᠷ | ᠵᠤᠷᠪᠤᠰ ᠤᠨ ᠲᠤᠭᠲᠠᠭᠠᠯ ᠢ ᠵᠦᠷᠢᠴᠡᠨ᠂ ᠲᠦᠷ ᠴᠠᠬ ᠡᠵᠡᠯᠡᠨ ᠬᠡᠷᠡᠭᠯᠡᠭᠰᠡᠨ ᠦᠨᠳᠦᠰᠦᠨ ᠨᠤᠲᠤᠭ ᠪᠡᠯᠴᠢᠬᠡᠷ | ᠲᠡᠭᠡᠷ᠎ᠠ ᠦᠨᠢᠳᠡ ᠶᠢᠨ ᠴᠢᠨᠠᠷᠲᠠᠢ ᠪᠠᠷᠢᠯᠭ᠎ᠠ᠂ ᠤᠷᠤᠨ ᠰᠠᠭᠤᠴᠠ ᠶᠢᠨ ᠪᠤᠰᠤ ᠪᠠᠷᠢᠯᠭ᠎ᠠ ᠪᠤᠶᠤ ᠲᠦᠷ ᠴᠠᠬ ᠡᠵᠡᠯᠡᠨ | ᠬᠡᠷᠡᠭᠯᠡᠭᠦ ᠬᠤᠭᠤᠴᠠᠭ᠎ᠠ ᠨᠢ ᠲᠦᠬᠦᠷᠦᠭᠰᠡᠨ ᠪᠠᠶᠢᠲᠠᠯ᠎ᠠ ᠲᠦᠷ ᠴᠠᠬ ᠤᠨ ᠴᠢᠨᠠᠷᠲᠠᠢ ᠪᠠᠷᠢᠯᠭ᠎ᠠ᠂ ᠤᠷᠤᠨ ᠰᠠᠭᠤᠴᠠ | ᠶᠢᠨ ᠪᠤᠰᠤ ᠪᠠᠷᠢᠯᠭ᠎ᠠ ᠪᠠᠨ ᠨᠤᠷᠠᠭᠠᠬᠰᠠᠨ ᠦᠬᠡᠢ ᠪᠤᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠨᠤᠲᠤᠭ | ᠪᠡᠯᠴᠢᠬᠡᠷ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠬᠳᠠᠨ ᠬᠤᠭᠤᠴᠠᠭ᠎ᠠ ᠲᠤᠭᠲᠠᠭᠠᠨ | ᠨᠤᠷᠠᠭᠠᠯᠭᠠᠨ᠎ᠠ︔ ᠬᠤᠭᠤᠴᠠᠭ᠎ᠠ ᠨᠢ ᠦᠩᠭᠡᠷᠡᠭᠰᠡᠨ ᠪᠠᠶᠢᠳᠠᠯ᠎ᠠ ᠨᠤᠷᠠᠭᠠᠬᠰᠠᠨ ᠦᠬᠡᠢ ᠪᠤᠯ ᠬᠠᠤᠯᠢ ᠶᠤᠰᠤᠭᠠᠷ | ᠠᠯᠪᠠᠳᠠᠯᠭ᠎ᠠ ᠪᠠᠷ ᠨᠤᠷᠠᠭᠠᠨ᠂ ᠬᠡᠷᠡᠭᠰᠡᠬᠦ ᠵᠠᠷᠤᠳᠠᠯ ᠢ ᠬᠠᠤᠯᠢ ᠶᠢ ᠵᠦᠷᠢᠴᠡᠭᠴᠢ ᠠᠴᠠ ᠡᠭᠦᠷᠭᠡᠯᠡᠨ᠎ᠡ᠃ | ᠭᠤᠴᠢᠨ ᠨᠡᠢᠮᠠᠳᠤᠭᠠᠷ ᠵᠦᠢᠯ ᠲᠤᠰ ᠲᠦᠷᠢᠮ ᠤᠨ ᠬᠤᠷᠢᠨ ᠬᠤᠶᠠᠳᠤᠭᠠᠷ ᠵᠦᠢᠯ ᠤᠨ ᠲᠤᠭᠳᠠᠭᠠᠯ ᠢ | ᠵᠦᠷᠢᠴᠡᠭᠰᠡᠨ ᠲᠤᠤᠷᠠᠬᠢ ᠠᠵᠢᠯᠯᠠᠭ᠎ᠠ ᠶᠢᠨ ᠨᠢᠭᠡ ᠪᠠᠶᠢᠪᠠᠯ᠂ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ | ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠰᠡᠷᠡᠮᠵᠢ ᠦᠭᠬᠦ ᠶᠢᠨ ᠬᠠᠮᠳᠤ ᠲᠤᠤᠤᠷᠠᠬᠢ | ᠲᠤᠭᠳᠠᠭᠠᠯ ᠢᠶᠠᠷ ᠲᠤᠷᠭᠠᠨ ᠰᠢᠳᠬᠡᠨ᠎ᠡ᠃ | ︵ᠨᠢᠬᠡ︶ ᠦᠨᠳᠦᠰᠦᠨ ᠨᠤᠲᠤᠭ ᠪᠡᠯᠴᠢᠭᠡᠷ ᠲᠡᠭᠡᠷ᠎ᠡ ᠬᠢᠨᠠᠨ ᠲᠤᠭᠳᠠᠭᠠᠭᠰᠠᠨ ᠪᠡᠯᠴᠢᠭᠡᠷ ᠤᠨ ᠳᠠᠭᠠᠭᠠᠴᠠ | ᠠᠴᠠ ᠭᠡᠲᠦᠷᠡᠳᠡᠯ᠎ᠡ ᠮᠠᠯᠵᠢᠭᠰᠠᠳ ᠢ ᠬᠤᠭᠤᠴᠠᠭ᠎ᠠ ᠲᠤᠭᠳᠠᠨ ᠵᠠᠷᠯᠢᠭᠳᠠᠨ ᠵᠠᠯᠠᠷᠠᠭᠤᠯᠬᠤ ᠬᠡᠷᠡᠭᠳᠡᠢ︔ ᠲᠤᠭᠳᠠᠭᠰᠠᠨ | ᠬᠤᠭᠤᠴᠠᠭ᠎ᠠ ᠳᠤ ᠵᠠᠯᠠᠷᠠᠭᠤᠯᠤᠭᠰᠠᠨ ᠦᠭᠡᠢ ᠪᠤᠯ ᠭᠡᠳᠦᠷᠡᠭᠰᠡᠨ ᠬᠤᠨᠢᠨ ᠨᠢᠭᠡᠴᠢ ᠪᠦᠷᠢ ᠶᠢ 100 ᠲᠦᠭᠦᠷᠢᠭ | ᠵᠤᠭᠤᠰ ᠢᠶᠠᠷ ᠲᠤᠷᠭᠠᠨ᠎ᠠ᠃ | ︵ᠬᠤᠶᠠᠷ︶ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠦᠨᠳᠤᠰᠤᠨ ᠨᠤᠲᠤᠭ ᠪᠡᠯᠴᠢᠭᠡᠷ | ᠲᠡᠭᠡᠷ᠎ᠡ ᠮᠠᠯ ᠮᠠᠯᠵᠢᠭᠰᠠᠳ ᠢ ᠭᠡᠳᠦᠷᠡᠭᠰᠡᠨ ᠬᠤᠨᠢᠨ ᠨᠢᠭᠡᠴᠢ ᠪᠦᠷᠢ ᠶᠢ 30 ᠲᠦᠭᠦᠷᠢᠭ ᠵᠤᠭᠤᠰ ᠢᠶᠠᠷ ᠲᠤᠷᠭᠠᠨ᠎ᠠ᠃ | | ᠭᠤᠴᠢ ᠶᠢᠰᠦᠳᠦᠭᠡᠷ ᠵᠦᠢᠯ ᠲᠤᠰ ᠲᠦᠷᠢᠮ ᠤᠨ ᠬᠤᠷᠢᠨ ᠭᠤᠷᠪᠠᠳᠤᠭᠠᠷ ᠵᠦᠢᠯ ᠤᠨ ᠲᠤᠭᠳᠠᠭᠠᠯ ᠢ | ᠵᠦᠷᠢᠴᠡᠵᠦ᠂ ᠡᠪᠡᠰᠦ ᠪᠤᠷᠳᠤᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠳᠠ ᠨᠢ ᠦᠨᠳᠦᠰᠦᠨ ᠨᠤᠲᠤᠭ | ᠪᠡᠯᠴᠢᠭᠡᠷ ᠤᠨ ᠲᠦᠯᠦᠪᠵᠢᠭᠦᠯᠭᠡ ᠳᠤ ᠨᠡᠶᠢᠴᠡᠬᠦ ᠦᠭᠡᠢ ᠪᠤᠶᠤ ᠡᠪᠡᠰᠦ ᠪᠤᠷᠳᠤᠭ᠎ᠠ ᠶᠢᠨ ᠰᠠᠭᠤᠷᠢᠨ ᠤ ᠲᠠᠷᠢᠮᠠᠯ ᠤᠨ | ᠲᠦᠷᠦᠯ ᠵᠦᠢᠯ ᠨᠢ ᠲᠤᠭᠳᠠᠭᠠᠯ ᠳᠤ ᠨᠡᠶᠢᠴᠡᠬᠦ ᠦᠭᠡᠢ ᠪᠤᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ | ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠬᠠᠤᠯᠢ ᠠᠴᠠ ᠵᠦᠷᠢᠴᠡᠭᠰᠡᠨ ᠠᠵᠢᠯᠯᠠᠭ᠎ᠠ | ᠶᠢ ᠨᠢ ᠵᠠᠷᠯᠢᠭᠳᠠᠨ ᠵᠤᠭᠰᠤᠭᠠᠯᠭᠠᠵᠤ᠂ ᠬᠤᠭᠤᠴᠠᠭ᠎ᠠ ᠲᠤᠭᠳᠠᠭᠠᠨ ᠵᠠᠯᠠᠷᠠᠭᠤᠯᠬᠤ ᠬᠡᠷᠡᠭᠳᠡᠢ︔ ᠲᠤᠭᠳᠠᠭᠰᠠᠨ | ᠬᠤᠭᠤᠴᠠᠭ᠎ᠠ ᠳᠤ ᠵᠠᠯᠠᠷᠠᠭᠤᠯᠤᠭᠰᠠᠨ ᠦᠭᠡᠢ ᠪᠤᠯ ᠮᠦ ᠪᠦᠷᠢ ᠠᠴᠠ 200 ᠲᠦᠭᠦᠷᠢᠭ ᠠᠴᠠ ᠳᠡᠭᠡᠭᠰᠢ 500 | ᠲᠦᠭᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠨ᠎ᠠ᠃ | ᠲᠦᠴᠢᠳᠦᠭᠡᠷ ᠵᠦᠢᠯ ᠲᠤᠰ ᠲᠦᠷᠢᠮ ᠤᠨ ᠬᠤᠷᠢᠨ ᠲᠦᠷᠪᠡᠳᠦᠭᠡᠷ ᠵᠦᠢᠯ ᠤᠨ ᠲᠤᠭᠳᠠᠭᠠᠯ ᠢ | ᠵᠦᠷᠢᠴᠡᠵᠦ᠂ ᠲᠠᠯ᠎ᠠ ᠨᠤᠲᠤᠭ ᠤᠨ ᠬᠡᠭᠡᠷ᠎ᠡ ᠶᠢᠨ ᠤᠷᠭᠤᠮᠠᠯ ᠢ ᠲᠡᠭᠦᠨ ᠴᠤᠭᠯᠠᠭᠤᠯᠬᠤ᠂ ᠬᠤᠳᠠᠯᠳᠤᠨ ᠠᠪᠬᠤ | ᠵᠦᠪᠰᠢᠶᠡᠷᠡᠯ ᠤᠨ ᠦᠨᠠᠮᠯᠠᠯ ᠤᠯᠤᠭᠰᠠᠨ ᠦᠭᠡᠢ ᠪᠤᠶᠤ ᠳᠡᠭᠦᠨ ᠴᠤᠭᠯᠠᠭᠤᠯᠬᠤ᠂ ᠬᠤᠳᠠᠯᠳᠤᠨ ᠠᠪᠬᠤ | ᠵᠦᠪᠰᠢᠶᠡᠷᠡᠯ ᠤᠨ ᠦᠨᠠᠮᠯᠠᠯ ᠤᠨ ᠲᠤᠭᠳᠠᠭᠠᠯ ᠶᠤᠰᠤᠭᠠᠷ ᠲᠠᠯ᠎ᠠ ᠨᠤᠲᠤᠭ ᠤᠨ ᠬᠡᠭᠡᠷ᠎ᠡ ᠶᠢᠨ ᠤᠷᠭᠤᠮᠠᠯ ᠢ ᠲᠡᠭᠦᠨ | ᠴᠤᠭᠯᠠᠭᠤᠯᠬᠤ᠂ ᠬᠤᠳᠠᠯᠳᠤᠨ ᠠᠪᠤᠭᠰᠠᠨ ᠦᠭᠡᠢ ᠪᠤᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠨᠤᠲᠤᠭ | ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠬᠠᠤᠯᠢ ᠪᠤᠰᠤ ᠠᠵᠢᠯᠯᠠᠭ᠎ᠠ ᠶᠢ ᠵᠠᠷᠯᠢᠭᠳᠠᠨ | ᠵᠤᠭᠰᠤᠭᠠᠯᠭᠠᠵᠤ᠂ ᠬᠠᠤᠯᠢ ᠪᠤᠰᠤ ᠡᠳ᠋ ᠪᠤᠳᠠᠰ ᠪᠠ ᠤᠯᠵᠠᠪᠤᠷᠢ ᠶᠢ ᠨᠢ ᠬᠤᠷᠢᠶᠠᠨ ᠠᠪᠬᠤ ᠶᠢᠨ ᠬᠠᠮᠳᠤ᠂ ᠬᠠᠤᠯᠢ | ᠪᠤᠰᠤ ᠤᠯᠵᠠᠪᠤᠷᠢ ᠶᠢᠨ ᠬᠢᠨ ᠭᠤᠷᠪᠠ ᠳᠠᠬᠢᠨ ᠠᠴᠠ ᠳᠡᠭᠡᠭᠰᠢ ᠲᠠᠪᠤ ᠳᠠᠬᠢᠨ ᠠᠴᠠ ᠲᠤᠭᠤᠭᠰᠢ ᠵᠤᠭᠤᠰ ᠢᠶᠠᠷ | ᠲᠤᠷᠭᠠᠨ᠎ᠠ︔ ᠲᠠᠯ᠎ᠠ ᠨᠤᠲᠤᠭ ᠤᠨ ᠬᠡᠭᠡᠷ᠎ᠡ ᠶᠢᠨ ᠤᠷᠭᠤᠮᠠᠯ ᠢ ᠳᠡᠭᠦᠨ ᠴᠤᠭᠯᠠᠭᠤᠯᠬᠤ᠂ ᠬᠤᠳᠠᠯᠳᠤᠨ ᠠᠪᠬᠤ | ᠵᠦᠪᠰᠢᠶᠡᠷᠡᠯ ᠤᠨ ᠦᠨᠡᠮᠯᠡᠯ ᠲᠠᠢ ᠶᠢ ᠨᠢ ᠲᠠᠯ᠎ᠠ ᠨᠤᠲᠤᠭ ᠤᠨ ᠬᠡᠭᠡᠷ᠎ᠡ ᠶᠢᠨ ᠤᠷᠭᠤᠮᠠᠯ ᠢ ᠲᠡᠭᠦᠨ ᠴᠤᠭᠯᠠᠭᠤᠯᠬᠤ᠂ | ᠬᠤᠳᠠᠯᠳᠤᠨ ᠠᠪᠬᠤ ᠵᠦᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠲᠠᠩᠰᠠᠨ ᠠᠴᠠ ᠬᠠᠰᠤᠬᠤ ᠬᠡᠷᠡᠭᠳᠡᠢ︔ | ᠨᠤᠲᠤᠭ ᠪᠡᠯᠴᠢᠭᠡᠷ ᠤᠨ ᠦᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠠ ᠪᠤᠯ ᠬᠠᠤᠯᠢ ᠶᠤᠰᠤᠭᠠᠷ | ᠲᠦᠯᠦᠪᠦᠷᠢ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃ | ᠲᠦᠴᠢᠨ ᠨᠢᠭᠡᠳᠦᠭᠡᠷ ᠵᠦᠢᠯ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ᠂ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠵᠢᠴᠢ ᠪᠤᠰᠤᠳ ᠲᠦᠷᠦ ᠶᠢᠨ | ᠪᠠᠶᠢᠭᠤᠯᠭ᠎ᠠ ᠶᠢᠨ ᠠᠵᠢᠯᠳᠠᠨ ᠲᠤᠤᠷᠠᠬᠢ ᠠᠵᠢᠯᠯᠠᠭ᠎ᠠ ᠶᠢᠨ ᠨᠢᠭᠡ ᠨᠢ ᠪᠠᠶᠢᠪᠠᠯ ᠠᠵᠢᠯᠯᠠᠵᠤ ᠪᠠᠶᠢᠭ᠎ᠠ ᠪᠠᠶᠢᠭᠤᠯᠤᠯᠭ᠎ᠠ | ᠪᠤᠶᠤ ᠳᠡᠭᠡᠷ᠎ᠡ ᠱᠠᠳᠤᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠢᠭᠤᠳ ᠬᠠᠷᠢᠭᠤᠴᠠᠵᠤ ᠪᠠᠶᠢᠭ᠎ᠠ | ᠭᠤᠤᠯ ᠬᠠᠮᠢᠶᠠᠷᠤᠭᠴᠢ ᠪᠤᠯᠤᠨ ᠪᠤᠰᠤᠳ ᠰᠢᠭᠤᠳ ᠬᠠᠷᠢᠭᠤᠴᠠᠯᠭᠠᠳᠠᠨ ᠳᠤ ᠵᠠᠰᠠᠭ ᠵᠠᠬᠢᠷᠭᠠᠨ ᠤ ᠰᠢᠳᠬᠡᠯ ᠤᠯᠭᠤᠨ᠎ᠠ | ︔ ᠶᠠᠯ᠎ᠠ ᠪᠤᠯᠵᠤ ᠪᠦᠷᠢᠯᠳᠦᠪᠡᠯ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠬᠡ︶ ᠨᠤᠲᠤᠭ ᠪᠡᠯᠴᠢᠭᠡᠷ ᠤᠨ ᠨᠦᠬᠦᠪᠦᠷᠢ᠂ ᠲᠦᠪᠬᠢᠨᠡᠭᠦᠯᠬᠦ ᠨᠦᠬᠦᠪᠦᠷᠢ᠂ ᠲᠠᠭᠠᠯᠳᠠ ᠪᠤᠳᠠᠰ ᠤᠨ | ᠨᠦᠬᠦᠪᠦᠷᠢ᠂ ᠤᠷᠭᠤᠮᠠᠯ ᠤᠨ ᠪᠦᠷᠬᠦᠴᠠ ᠶᠢ ᠰᠡᠷᠭᠦᠭᠡᠬᠦ ᠵᠠᠷᠤᠳᠠᠯ ᠪᠤᠯᠤᠨ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠳᠠ ᠶᠢᠨ ᠱᠠᠩᠨᠠᠯ ᠪᠠ ᠨᠦᠬᠦᠪᠦᠷᠢ ᠶᠢᠨ ᠮᠦᠩᠭᠦ ᠶᠢ ᠲᠤᠮᠳᠠ ᠠᠴᠠ ᠨᠢ ᠦᠯᠡᠳᠡᠭᠡᠬᠦ᠂ ᠰᠢᠯᠵᠢᠭᠦᠯᠦᠨ | ᠬᠡᠷᠡᠭᠯᠡᠬᠦ︔ | ︵ᠬᠤᠶᠠᠷ︶ ᠦᠨᠳᠦᠰᠦᠨ ᠨᠤᠲᠤᠭ ᠪᠡᠯᠴᠢᠭᠡᠷ ᠢ ᠳᠠᠳᠠᠪᠦᠷᠢᠯᠠᠨ ᠠᠪᠬᠤ᠂ ᠳᠠᠳᠠᠪᠦᠷᠢᠯᠡᠨ ᠬᠡᠷᠡᠭᠯᠡᠬᠦ᠂ | ᠬᠡᠷᠡᠭᠯᠡᠬᠦ ᠪᠤᠯᠤᠨ ᠲᠦᠷ ᠴᠠᠭ ᠡᠵᠡᠯᠡᠨ ᠬᠡᠷᠡᠭᠯᠡᠬᠦ ᠶᠢ ᠵᠦᠪᠰᠢᠶᠡᠷᠡᠬᠦ ᠡᠷᠬᠡ ᠦᠭᠡᠢ ᠪᠠᠶᠢᠭᠠᠳ ᠵᠦᠪᠰᠢᠶᠡᠷᠡᠬᠦ ᠪᠤᠶᠤ | ᠵᠦᠪᠰᠢᠶᠡᠷᠡᠬᠦ ᠡᠷᠬᠡ ᠶᠢᠨ ᠵ᠊ ᠵᠦᠪᠰᠶᠡᠷᠡᠬᠦ ᠬᠡᠪᠴᠢᠶᠡᠨ ᠠᠴᠠ ᠲᠠᠪᠠᠵᠤ ᠵᠦᠪᠰᠢᠶᠡᠷᠡᠬᠦ︔ | ︵ᠭᠤᠷᠪᠠ︶ ᠦᠨᠳᠦᠰᠦᠨ ᠨᠤᠲᠤᠭ ᠪᠡᠯᠴᠢᠭᠡᠷ ᠢ ᠳᠠᠳᠠᠪᠦᠷᠢᠯᠠᠨ ᠠᠪᠬᠤ᠂ ᠳᠠᠳᠠᠪᠦᠷᠢᠯᠡᠨ ᠬᠡᠷᠡᠭᠯᠡᠬᠦ᠂ | ᠬᠡᠷᠡᠭᠯᠡᠬᠦ ᠪᠤᠯᠤᠨ ᠲᠦᠷ ᠴᠠᠭ ᠡᠵᠡᠯᠡᠨ ᠬᠡᠷᠡᠭᠯᠡᠬᠦ ᠶᠢ ᠬᠠᠤᠯᠢ ᠳᠤ ᠲᠤᠭᠳᠠᠭᠠᠭᠰᠠᠨ ᠵᠢᠷᠤᠮ ᠢ ᠵᠦᠷᠢᠴᠡᠵᠦ | ᠵᠦᠪᠰᠢᠶᠡᠷᠡᠭᠰᠡᠨ︔ | ︵ᠳᠦᠷᠪᠠ︶ ᠬᠢᠨᠠᠨ ᠬᠠᠮᠢᠶᠠᠷᠤᠯᠳᠠ ᠶᠢᠨ ᠡᠬᠦᠷᠬᠡ ᠬᠠᠷᠢᠭᠤᠴᠠᠯᠭ᠎ᠠ ᠪᠠᠨ ᠬᠠᠤᠯᠢ ᠪᠠᠷ ᠬᠡᠷᠡᠭᠵᠢᠭᠦᠯᠦᠭᠰᠡᠨ | ᠦᠭᠡᠢ︔ | ︵ᠳᠠᠪᠤ︶ ᠦᠨᠳᠦᠰᠦᠨ ᠨᠤᠲᠤᠭ ᠪᠡᠯᠴᠢᠭᠡᠷ ᠢ ᠡᠪᠳᠡᠨ ᠰᠦᠢᠳᠬᠡᠭᠰᠡᠨ ᠬᠠᠤᠯᠢ ᠪᠤᠰᠤ ᠠᠵᠢᠯᠯᠠᠭ᠎ᠠ ᠶᠢ | ᠢᠯᠡᠴᠢᠯᠡᠨ ᠮᠡᠳᠡᠭᠦᠯᠦᠭᠰᠡᠨ ᠪᠤᠯᠤᠨ ᠵᠠᠭᠠᠯᠳᠤᠭᠰᠠᠨ ᠢ ᠬᠦᠯᠢᠶᠡᠨ ᠠᠪᠴᠦ ᠰᠢᠢᠳᠪᠦᠷᠢᠯᠡᠭᠰᠡᠨ ᠦᠭᠡᠢ ᠪᠤᠶᠤ ᠬᠠᠤᠯᠢ | ᠪᠤᠰᠤ ᠠᠵᠢᠯᠯᠠᠭ᠎ᠠ ᠶᠢ ᠮᠡᠳᠡᠭᠡᠳ ᠪᠠᠶᠢᠴᠠᠭᠠᠨ ᠰᠢᠢᠳᠪᠦᠷᠢᠯᠡᠭᠰᠡᠨ ᠦᠭᠡᠢ᠂ ᠬᠦᠨᠳᠦ ᠨᠤᠴᠢᠳᠡᠢ ᠦᠷ᠎ᠡ ᠳ᠋ᠦᠩ | ᠭᠠᠷᠭᠠᠭᠰᠠᠨ︔ | ︵ᠵᠢᠷᠭᠤᠭ᠎ᠠ︶ ᠡᠭᠦᠷᠭᠡ ᠬᠠᠷᠢᠭᠤᠴᠠᠯᠭ᠎ᠠ ᠳᠠᠭᠠᠨ ᠤᠰᠤᠯᠳᠠᠵᠤ᠂ ᠡᠷᠬᠡ ᠲᠤᠰᠢᠶᠠᠯ ᠢᠶᠠᠨ ᠲᠤᠷ᠎ᠠ ᠪᠠᠷ ᠢᠶᠠᠨ | ᠬᠡᠷᠡᠭᠯᠡᠬᠦ᠂ ᠬᠠᠤᠯᠢ ᠶᠢ ᠵᠦᠷᠢᠴᠡᠭᠰᠡᠨ ᠵᠡᠷᠭᠡ ᠪᠤᠰᠤᠳ ᠠᠵᠢᠯᠯᠠᠭ᠎ᠠ᠃ | | ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ | | ᠲᠦᠴᠢᠨ ᠬᠤᠶᠠᠳᠤᠭᠠᠷ ᠵᠦᠢᠯ ᠲᠤᠰ ᠲᠦᠷᠢᠮ ᠤᠨ ᠭᠤᠴᠢᠨ ᠨᠠᠢᠮᠠᠳᠤᠭᠠᠷ ᠵᠦᠢᠯ ᠳᠤ ᠬᠡᠯᠡᠵᠦ | ᠪᠠᠶᠢᠭ᠎ᠠ ︽ᠬᠤᠨᠢᠨ ᠨᠢᠭᠡᠴᠢ︾ ᠭᠡᠳᠡᠭ ᠨᠢ ᠮᠠᠯ ᠤᠨ ᠲᠤᠭ᠎ᠠ ᠬᠡᠮᠵᠢᠯᠳᠡ ᠶᠢᠨ ᠨᠢᠭᠡᠴᠢ ᠪᠤᠯᠤᠨ᠎ᠠ᠃ ᠨᠢᠭᠡ ᠬᠤᠨᠢ ᠨᠢ | ᠨᠢᠭᠡ ᠬᠤᠨᠢᠨ ᠨᠢᠭᠡᠴᠢ᠂ ᠨᠢᠭᠡ ᠦᠬᠡᠷ 5 ᠬᠤᠨᠢᠨ ᠨᠢᠭᠡᠴᠢ᠂ ᠨᠢᠭᠡ ᠮᠤᠷᠢ 6 ᠬᠤᠨᠢᠨ ᠨᠢᠭᠡᠴᠢ᠂ ᠨᠢᠭᠡ ᠡᠯᠵᠢᠭᠡ 3 | ᠬᠤᠨᠢᠨ ᠨᠢᠭᠡᠴᠢ᠂ ᠨᠢᠭᠡ ᠯᠠᠭᠤᠰᠠ 5 ᠬᠤᠨᠢᠨ ᠨᠢᠭᠡᠴᠢ᠂ ᠨᠢᠭᠡ ᠲᠡᠮᠡᠭᠡ 7 ᠬᠤᠨᠢᠨ ᠨᠢᠭᠡᠴᠢ ᠲᠠᠢ ᠲᠡᠩᠴᠡᠨ᠎ᠡ᠃ | ᠲᠦᠴᠢᠨ ᠭᠤᠷᠪᠠᠳᠤᠭᠠᠷ ᠵᠦᠢᠯ ᠲᠤᠰ ᠳᠦᠷᠢᠮ ᠢ 2011 ᠤᠨ ᠤ 12 ᠰᠠᠷ᠎ᠠ ᠶᠢᠨ 1 ᠤ ᠡᠳᠦᠷ | ᠠᠴᠠ ᠡᠬᠢᠯᠡᠵᠦ ᠬᠡᠷᠡᠭᠵᠢᠭᠦᠯᠦᠨ᠎ᠠ᠃ 1998 ᠤᠨ ᠤ 11 ᠰᠠᠷ᠎ᠠ ᠶᠢᠨ 27 ᠤ ᠡᠳᠦᠷ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠤᠳᠠᠭᠠᠨ ᠤ ᠬᠤᠷᠠᠯ ᠠᠴᠠ ᠪᠠᠳᠤᠯᠠᠭᠰᠠᠨ ︽ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ︾ ᠢ | ᠬᠠᠮᠳᠤ ᠳᠤᠨᠢ ᠬᠦᠴᠦᠨ ᠦᠭᠡᠢ ᠪᠤᠯᠭᠠᠨ᠎ᠠ᠃ | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ | ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠮᠵᠢᠭᠤᠯᠤᠨ ᠨᠡᠶᠢᠲᠡᠯᠡᠬᠦ ︽ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ ᠳᠦᠷᠢᠮ︾ ᠤᠨ ᠲᠤᠬᠠᠢ ᠲᠠᠶᠢᠯᠤᠮᠵᠢ | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ | | |