| | ᠲᠥᠪ ᠠᠯᠪᠠᠨ ᠲᠠᠷᠬᠠᠭᠠᠭᠰᠠᠨ ︹ 2019 ︺ 45 ᠳ᠋ᠤᠭᠠᠷ ᠲᠣᠭᠠᠲᠤ | | | ᠨᠢᠭᠡᠳᠦᠭᠡᠷ ᠪᠦᠯᠦᠭ ᠵᠡᠷᠦᠩᠬᠡᠶ ᠲᠦᠷᠢᠮ | ᠨᠢᠭᠡᠳᠦᠭᠡᠷ ᠵᠦᠢᠯ ᠬᠢᠨᠠᠨ ᠪᠣᠳᠣᠬᠤ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠬᠤ ᠶᠢᠨ ᠲᠥᠯᠥᠭᠡ᠂ ᠨᠠᠮ ᠵᠠᠰᠠᠭ ᠤᠨ ᠭᠤᠣᠯ ᠤᠳᠤᠷᠢᠳᠬᠤ ᠺᠠᠳ᠋ᠷ ᠪᠠ ᠤᠯᠤᠰ ᠤᠨ | ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠣᠯ ᠤᠳᠤᠷᠢᠳᠬᠤ ᠬᠥᠮᠦᠰ ︵ᠳᠣᠷᠣᠭᠰᠢ | ᠤᠳᠤᠷᠢᠳᠬᠤ ᠺᠠᠳ᠋ᠷ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠤᠨ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ | ᠤᠳᠤᠷᠢᠳᠬᠤ ᠺᠠᠳ᠋ᠷᠴᠤᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠨ ᠠᠵᠢᠯ | ᠬᠢᠬᠦ ᠶᠢ ᠠᠬᠢᠭᠤᠯᠵᠤ᠂ ᠨᠠᠮ ᠤᠨ ᠲᠥᠪ ᠬᠤᠷᠢᠶᠠᠨ ᠤ ᠵᠠᠷᠯᠢᠭ ᠴᠠᠭᠠᠵᠠ ᠶᠢ ᠲᠠᠭᠠᠬᠤ ᠶᠢ ᠦᠨᠡᠨ ᠬᠦ ᠪᠠᠲᠤᠯᠠᠵᠤ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠤᠳᠤᠬᠤ ᠬᠠᠤᠯᠢ︾ ᠪᠠ ᠬᠤᠯᠪᠣᠭᠳᠠᠯ ᠪᠦᠬᠦᠢ | ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠠᠵᠢᠯ ᠨᠢ ᠰᠢ ᠶᠢᠨ | ᠫᠢᠩ ᠯᠧᠨᠢᠨ ᠤ ᠦᠵᠡᠯ ᠰᠠᠨᠠᠭ᠎ᠠ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠣᠨᠣᠯ᠂ ︽ | ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ | ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ︽ᠲᠠᠪᠤ ᠶᠢ ᠨᠢᠭᠡ ᠴᠤᠭᠴᠠᠵᠢᠭᠤᠯᠬᠤ︾ | ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ ︽ᠳᠥᠷᠪᠡᠨ ᠪᠥᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠩᠭᠤᠶ ᠪᠠᠷ ᠠᠬᠢᠭᠤᠯᠬᠤ ᠲᠠᠢ ᠨᠢᠭᠲᠠ ᠤᠶᠠᠯᠳᠤᠭᠤᠯᠤᠨ | ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠵᠤ᠂ ᠠᠵᠤ ᠠᠬᠤᠶ ᠶᠢᠨ ᠬᠠᠷᠢᠭᠤᠴᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠦᠨ᠂ ᠪᠤᠰᠤᠳᠴᠢ ᠪᠠᠷ ᠦᠨᠡᠯᠡᠵᠦ᠂ ᠠᠰᠠᠭᠤᠳᠠᠯ ᠢ ᠢᠯᠡᠷᠡᠭᠦᠯᠵᠦ᠂ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ | ᠠᠬᠢᠭᠤᠯᠵᠤ᠂ ᠡᠷᠬᠡ ᠶᠢᠨ ᠵᠢᠷᠤᠮᠵᠢᠯ ᠲᠠᠢ ᠠᠵᠢᠯᠯᠠᠭᠠᠨ ᠢ ᠠᠬᠢᠭᠤᠯᠤᠨ᠂ ᠢᠯᠵᠠᠷᠠᠯ ᠢ ᠡᠰᠡᠷᠭᠦᠴᠡᠨ ᠠᠷᠢᠭᠤᠨ | ᠴᠢᠬᠡᠴᠢ ᠶᠢ ᠡᠷᠬᠢᠮᠯᠡᠬᠦ ᠶᠢ ᠠᠬᠢᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠶ᠃ | ᠭᠤᠷᠪᠠᠳᠤᠭᠠᠷ ᠵᠦᠢᠯ ᠲᠤᠰ ᠲᠣᠭᠲᠠᠭᠠᠯ ᠳᠤ ᠬᠡᠯᠡᠵᠦ ᠪᠠᠶᠢᠭ᠎ᠠ ᠠᠵᠤ ᠠᠬᠤᠶ ᠶᠢᠨ ᠬᠠᠷᠢᠭᠤᠴᠠᠯᠭ᠎ᠠ ᠭᠡᠳᠡᠭ | ᠪᠣᠯ ᠤᠳᠤᠷᠢᠳᠬᠤ ᠺᠠᠳ᠋ᠷ ᠲᠤᠰᠢᠶᠠᠯ ᠳᠤ ᠪᠠᠶᠢᠬᠤ ᠬᠤᠭᠤᠴᠠᠭᠠᠨ ᠳᠠᠭᠠᠨ ᠲᠡᠭᠦᠨ ᠤ ᠬᠠᠷᠢᠶᠠᠯᠠᠯ ᠤᠨ ᠬᠡᠪᠴᠢᠶᠡᠨ | ᠳᠣᠲᠣᠷ᠎ᠠ ᠪᠠᠨ ᠨᠠᠮ ᠪᠠ ᠤᠯᠤᠰ ᠤᠨ ᠠᠵᠤ ᠠᠬᠤᠶ ᠶᠢᠨ ᠴᠢᠭᠯᠡᠯᠲᠡ ᠲᠦᠷᠦ ᠶᠢᠨ ᠪᠤᠳᠤᠯᠭ᠎ᠠ᠂ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠬᠦ᠂ ᠠᠵᠤ ᠠᠬᠤᠶ ᠪᠠ ᠨᠡᠶᠢᠭᠡᠮ ᠤᠨ | ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ᠂ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ | ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠬᠠᠮᠢᠶᠠᠷᠬᠤ᠂ ᠠᠵᠤ ᠠᠬᠤᠶ ᠶᠢᠨ | ᠴᠢᠬᠤᠯᠠ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠬᠤᠯᠪᠣᠭᠳᠠᠯ ᠪᠦᠬᠦᠢ ᠠᠵᠤ ᠠᠬᠤᠶ ᠶᠢᠨ | ᠠᠵᠢᠯᠯᠠᠭ᠎ᠠ ᠶᠢᠨ ᠭᠦᠢᠴᠡᠳᠬᠡᠪᠡᠰᠦ ᠵᠣᠬᠢᠬᠤ ᠲᠤᠰᠢᠶᠠᠯ ᠬᠠᠷᠢᠭᠤᠴᠠᠯᠭ᠎ᠠ ᠶᠢ ᠵᠢᠭᠠᠵᠤ ᠪᠠᠶᠢᠨ᠎ᠠ᠃ | ᠳᠥᠷᠪᠡᠳᠦᠭᠡᠷ ᠵᠦᠢᠯ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ | ᠳ᠋ᠦᠶ᠋ᠰᠢᠶᠠᠩ ᠳᠤ᠄ | ︵ᠨᠢᠭᠡ︶ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠵᠢᠩᠬᠢᠨᠢ | ᠲᠤᠰᠢᠶᠠᠯ ᠲᠠᠢ ᠤᠳᠤᠷᠢᠳᠬᠤ ᠺᠠᠳ᠋ᠷ ᠪᠤᠶᠤ 1 ᠵᠢᠯ ᠠᠴᠠ ᠳᠡᠭᠡᠭᠰᠢ ᠠᠵᠢᠯ ᠡᠷᠬᠢᠯᠡᠭᠰᠡᠨ ᠳᠡᠳ᠋ ᠲᠤᠰᠢᠶᠠᠯ ᠲᠠᠢ | ᠤᠳᠤᠷᠢᠳᠬᠤ ᠺᠠᠳ᠋ᠷ︔ | ︵ᠬᠤᠶᠠᠷ︶ ᠲᠥᠪ ᠤᠨ ᠪᠠ ᠣᠷᠣᠨ ᠨᠤᠲᠤᠭ ᠤᠨ ᠡᠯ᠎ᠡ ᠱᠠᠲᠤᠨ ᠤ ᠨᠠᠮ ᠵᠠᠰᠠᠭ ᠤᠨ ᠠᠵᠢᠯ ᠤᠨ ᠰᠠᠯᠠᠭ᠎ᠠ | ᠮᠥᠴᠢᠷ᠂ ᠠᠵᠢᠯ ᠦᠢᠯᠡᠰ ᠤᠨ ᠨᠢᠭᠡᠴᠢ ᠪᠠ ᠠᠷᠠᠳ ᠤᠨ ᠪᠦᠯᠬᠦᠮ ᠵᠡᠷᠭᠡ ᠨᠢᠭᠡᠴᠢ ᠶᠢᠨ ᠵᠢᠩᠬᠢᠨᠢ ᠲᠤᠰᠢᠶᠠᠯ ᠲᠠᠢ | ᠤᠳᠤᠷᠢᠳᠬᠤ ᠺᠠᠳ᠋ᠷ ᠪᠤᠶᠤ 1 ᠵᠢᠯ ᠠᠴᠠ ᠳᠡᠭᠡᠭᠰᠢ ᠠᠵᠢᠯ ᠡᠷᠬᠢᠯᠡᠭᠰᠡᠨ ᠳᠡᠳ᠋ ᠲᠤᠰᠢᠶᠠᠯ ᠲᠠᠢ ᠤᠳᠤᠷᠢᠳᠬᠤ ᠺᠠᠳ᠋ᠷ︔ | | ︵ᠭᠤᠷᠪᠠ︶ ᠤᠯᠤᠰ ᠤᠨ ᠥᠮᠴᠢᠯᠡᠯ ᠤᠨ ᠪᠠ ᠤᠯᠤᠰ ᠤᠨ ᠥᠮᠴᠢᠯᠡᠯ ᠤᠨ ᠬᠦᠷᠦᠩᠭᠡ ᠨᠢ ᠬᠤᠪᠢ ᠡᠵᠡᠮᠳᠡᠬᠦ | ᠪᠠᠶᠢᠷᠢ ᠶᠢ ᠡᠵᠡᠯᠡᠵᠦ ᠪᠠᠶᠢᠭ᠎ᠠ ᠪᠤᠶᠤ ᠭᠤᠣᠯᠯᠠᠬᠤ ᠪᠠᠶᠢᠷᠢ ᠶᠢ ᠡᠵᠡᠯᠡᠵᠦ ᠪᠠᠶᠢᠭ᠎ᠠ ᠠᠵᠤ ᠠᠬᠤᠶᠢᠯᠠᠯ ︵ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠪᠠᠭᠲᠠᠭᠠᠨ᠎ᠠ᠂ ᠳᠣᠷᠣᠭᠰᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠭᠡᠵᠦ | ᠶᠡᠷᠦᠩᠬᠡᠶᠢᠯᠡᠨ ᠨᠡᠷᠡᠶᠢᠳᠦᠨ᠎ᠡ︶ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠠᠤᠯᠢ ᠪᠠᠷ | ᠲᠣᠭᠲᠠᠭᠠᠭᠰᠠᠨ ᠲᠥᠯᠥᠭᠡᠯᠡᠭᠴᠢ ᠶᠢᠨ ᠲᠤᠰᠢᠶᠠᠯ ᠢ ᠡᠭᠦᠷᠭᠡᠯᠡᠬᠦ ᠦᠭᠡᠢ ᠪᠣᠯᠪᠠᠴᠤ ᠵᠣᠬᠢᠴᠠᠩᠭᠤᠶ ᠡᠷᠬᠡ ᠲᠤᠰᠢᠶᠠᠯ ᠢ | ᠪᠣᠳᠠᠲᠠᠶ ᠪᠠᠷ ᠬᠡᠷᠡᠭᠵᠢᠭᠦᠯᠵᠦ ᠪᠠᠶᠢᠭ᠎ᠠ ᠭᠤᠣᠯ ᠤᠳᠤᠷᠢᠳᠬᠤ ᠬᠥᠮᠦᠰ︔ | ︵ᠲᠦᠷᠪᠡ︶ ᠳᠡᠭᠡᠳᠦ ᠱᠠᠲᠤᠨ ᠤ ᠤᠳᠤᠷᠢᠳᠬᠤ ᠺᠠᠳ᠋ᠷ ᠲᠤᠤᠷᠠᠳᠤ ᠱᠠᠲᠤᠨ ᠤ ᠨᠢᠭᠡᠴᠢ ᠶᠢᠨ ᠢᠶᠠᠨ ᠵᠢᠩᠬᠢᠨᠢ | ᠲᠤᠰᠢᠶᠠᠯ ᠤᠨ ᠤᠳᠤᠷᠢᠳᠬᠤ ᠲᠤᠰᠢᠶᠠᠯ ᠢ ᠬᠠᠪᠰᠤᠷᠭᠠᠨ ᠬᠠᠷᠢᠭᠤᠴᠠᠵᠤ ᠪᠠᠶᠢᠬᠤ ᠪᠥᠭᠡᠳ ᠠᠵᠤ ᠠᠬᠤᠶ ᠶᠢᠨ | ᠬᠠᠷᠢᠭᠤᠴᠠᠯᠭ᠎ᠠ ᠪᠠᠨ ᠪᠣᠳᠠᠲᠠᠶ ᠪᠠᠷ ᠭᠦᠢᠴᠡᠳᠬᠡᠭᠰᠡᠨ ᠦᠭᠡᠢ ᠦᠶ᠎ᠡ ᠳᠤ᠂ ᠡᠳᠦᠷ ᠲᠤᠳᠤᠮ ᠤᠨ ᠠᠵᠢᠯ ᠢ | ᠪᠣᠳᠠᠲᠠᠶ ᠪᠠᠷ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠤᠰᠢᠶᠠᠯ ᠲᠠᠢ ᠤᠳᠤᠷᠢᠳᠬᠤ ᠺᠠᠳ᠋ᠷ︔ | ︵ᠲᠠᠪᠤ︶ ᠨᠠᠮ ᠤᠨ ᠲᠥᠪ ᠬᠤᠷᠢᠶ᠎ᠠ ᠪᠠ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠨᠠᠮ ᠤᠨ ᠬᠤᠷᠢᠶ᠎ᠠ ᠠᠴᠠ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠬᠢᠯᠭᠡᠬᠦ ᠪᠠᠷ ᠱᠠᠭᠠᠷᠳᠠᠭᠰᠠᠨ | ᠪᠤᠰᠤᠳ ᠭᠤᠣᠯ ᠤᠳᠤᠷᠢᠳᠬᠤ ᠺᠠᠳ᠋ᠷ᠃ | ᠲᠠᠪᠤᠳᠤᠭᠠᠷ ᠵᠦᠢᠯ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠳᠠᠯ ᠨᠢ ᠬᠢᠨᠠᠨ ᠪᠤᠳᠤᠬᠤ ᠬᠢᠨᠠᠯᠲᠠ ᠶᠢ ᠲᠣᠭᠲᠠᠭᠠᠯ ᠶᠣᠰᠣᠭᠠᠷ ᠬᠠᠤᠯᠢ ᠶᠣᠰᠣᠭᠠᠷ ᠬᠦᠯᠢᠶᠡᠬᠦ | ᠬᠡᠷᠡᠭᠲᠡᠶ᠃ | ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢ ᠤᠳᠤᠷᠢᠳᠬᠤ ᠺᠠᠳ᠋ᠷ ᠤᠨ ᠲᠤᠰᠢᠶᠠᠯ ᠤᠨ | ᠬᠤᠭᠤᠴᠠᠭᠠᠨ ᠳᠤ ᠬᠢᠵᠦ ᠪᠣᠯᠤᠨ᠎ᠠ᠂ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠤᠭᠰᠠᠨ ᠤ ᠲᠠᠷᠠᠭ᠎ᠠ | ᠬᠢᠭᠰᠡᠨ ᠴᠦ ᠪᠣᠯᠤᠨ᠎ᠠ᠂ ᠲᠤᠰᠢᠶᠠᠯ ᠤᠨ ᠬᠤᠭᠤᠴᠠᠭᠠᠨ ᠳᠤ ᠬᠢᠨᠠᠨ ᠪᠤᠳᠤᠯᠳᠠ ᠪᠠᠷ ᠭᠤᠣᠯ ᠪᠣᠯᠭᠠᠵᠤ ᠪᠣᠯᠤᠨ᠎ᠠ᠃ | ᠵᠢᠷᠭᠤᠳᠤᠭᠠᠷ ᠵᠦᠢᠯ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢ | ᠺᠠᠳ᠋ᠷ ᠢ ᠬᠠᠮᠢᠶᠠᠷᠬᠤ ᠡᠷᠬᠡ ᠶᠢᠨ ᠬᠡᠪᠴᠢᠶ᠎ᠡ ᠶᠣᠰᠣᠭᠠᠷ ᠲᠣᠭᠲᠠᠭᠠᠨ᠎ᠠ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ | ᠬᠡᠪᠴᠢᠶ᠎ᠡ ᠨᠢ ᠡᠳ᠋ ᠤᠨ ᠵᠠᠰᠠᠭ ᠡᠳ᠋ ᠤᠨ ᠶᠠᠪᠤᠳᠠᠯ ᠤᠨ ᠬᠠᠷᠢᠶᠠᠯᠠᠭᠳᠠᠬᠤ ᠬᠠᠷᠢᠴᠠᠭ᠎ᠠ ᠲᠠᠢ ᠨᠢᠭᠡᠳᠦᠯ ᠦᠭᠡᠢ ᠪᠠᠶᠢᠳᠠᠯ | ᠲᠣᠬᠢᠶᠠᠯᠳᠤᠪᠠᠯ᠂ ᠤᠳᠤᠷᠢᠳᠬᠤ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠲᠠᠢ ᠰᠠᠯᠠᠭ᠎ᠠ | ᠮᠥᠴᠢᠷ ᠠᠴᠠ ᠠᠳᠠᠯᠢ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠲᠠᠢ ᠬᠠᠮᠲᠤ ᠪᠠᠷ ᠬᠢᠨᠠᠨ ᠪᠤᠳᠤᠬᠤ ᠬᠢᠨᠠᠨ ᠪᠤᠳᠤᠬᠤ | ᠪᠠᠶᠢᠭᠤᠯᠭ᠎ᠠ ᠶᠢ ᠲᠣᠭᠲᠠᠭᠠᠨ᠎ᠠ᠃ | ᠨᠢᠭᠲᠠᠯᠠᠨ ᠪᠠᠶᠢᠴᠠᠭᠠᠬᠤ ᠵᠠᠬᠢᠷᠭ᠎ᠠ ᠶᠢᠨ ᠨᠢᠭᠲᠠᠯᠠᠨ ᠪᠠᠶᠢᠴᠠᠭᠠᠬᠤ ᠳᠠᠷᠤᠭ᠎ᠠ ᠶᠢᠨ ᠠᠵᠤ ᠠᠬᠤᠶ ᠶᠢᠨ | ᠬᠠᠷᠢᠭᠤᠴᠠᠯᠭ᠎ᠠ ᠶᠢᠨ ᠨᠢᠭᠲᠠᠯᠠᠨ ᠪᠠᠶᠢᠴᠠᠭᠠᠬᠤ ᠠᠵᠢᠯ ᠢ ᠲᠥᠪ ᠤᠨ ᠨᠢᠭᠲᠠᠯᠠᠨ ᠪᠠᠶᠢᠴᠠᠭᠠᠬᠤ ᠬᠤᠷᠢᠶᠠᠨ ᠤ | ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠣᠷᠣᠨ ᠨᠤᠲᠤᠭ ᠤᠨ ᠬᠢᠨᠠᠨ ᠪᠤᠳᠤᠬᠤ | ᠪᠠᠶᠢᠭᠤᠯᠭ᠎ᠠ ᠶᠢᠨ ᠭᠤᠣᠯ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ | ᠠᠵᠢᠯ ᠢ ᠣᠷᠣᠨ ᠨᠤᠲᠤᠭ ᠤᠨ ᠨᠠᠮ ᠤᠨ ᠬᠤᠷᠢᠶ᠎ᠠ ᠪᠣᠯᠤᠨ ᠳᠡᠭᠡᠷ᠎ᠡ ᠨᠢᠭᠡ ᠱᠠᠲᠤᠨ ᠤ ᠬᠢᠨᠠᠨ ᠪᠤᠳᠤᠬᠤ ᠪᠠᠶᠢᠭᠤᠯᠭ᠎ᠠ | ᠵᠥᠪᠳᠡᠯᠴᠡᠭᠰᠡᠨ ᠤ ᠲᠠᠷᠠᠭ᠎ᠠ᠂ ᠳᠡᠭᠡᠷ᠎ᠡ ᠨᠢᠭᠡ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠠᠴᠠ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ | ᠳᠣᠯᠣᠳᠤᠭᠠᠷ ᠵᠦᠢᠯ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠲᠣᠭᠲᠠᠭᠠᠯ | ᠶᠣᠰᠣᠭᠠᠷ ᠬᠠᠤᠯᠢ ᠶᠣᠰᠣᠭᠠᠷ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢ ᠪᠡᠶ᠎ᠡ ᠪᠠᠨ ᠳᠠᠭᠠᠭᠠᠵᠤ | ᠬᠡᠷᠡᠭᠵᠢᠭᠦᠯᠦᠨ᠎ᠡ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠲᠡᠪᠴᠢᠵᠦ᠂ ᠬᠠᠷᠰᠢᠯᠠᠵᠤ᠂ ᠭᠠᠷ | ᠲᠦᠷᠤᠵᠤ ᠪᠣᠯᠬᠤ ᠦᠭᠡᠢ᠂ ᠬᠢᠨᠠᠨ ᠪᠤᠳᠤᠬᠤ ᠠᠵᠢᠯᠳᠠᠨ ᠳᠤ ᠴᠣᠬᠢᠯᠲᠠ ᠥᠭᠴᠦ ᠲᠡᠳᠡᠨ ᠠᠴᠠ ᠬᠠᠷᠢᠭᠤ ᠠᠪᠴᠤ | ᠪᠣᠯᠬᠤ ᠦᠭᠡᠢ᠃ | ᠰᠠᠨᠠᠭᠠᠴᠢᠯᠠᠭ᠎ᠠ ᠲᠠᠢ ᠪᠠᠷ ᠬᠠᠷᠰᠢ ᠰᠠᠭᠠᠳ ᠲᠠᠯᠪᠢᠭᠰᠠᠨ᠂ ᠰᠢᠯᠲᠠᠭᠯᠠᠨ ᠤᠳᠠᠭᠠᠰᠢᠷᠠᠭᠤᠯᠤᠭᠰᠠᠨ ᠢ | ᠰᠢᠭᠦᠮᠵᠢᠯᠡᠬᠦ ᠪᠠ ᠵᠠᠷᠯᠠᠨ ᠮᠡᠳᠡᠭᠳᠡᠬᠦ ᠬᠡᠷᠡᠭᠲᠡᠶ︔ ᠮᠠᠭᠤ ᠨᠥᠯᠥᠭᠡ ᠭᠠᠷᠭᠠᠭᠰᠠᠨ ᠪᠠᠶᠢᠪᠠᠯ᠂ ᠬᠠᠷᠢᠭᠤᠴᠠᠯᠭ᠎ᠠ ᠶᠢ | ᠴᠢᠩᠭ᠎ᠠ ᠨᠡᠬᠡᠮᠵᠢᠯᠡᠬᠦ ᠬᠡᠷᠡᠭᠲᠡᠶ᠃ | ᠨᠠᠢᠮᠠᠳᠤᠭᠠᠷ ᠵᠦᠢᠯ ᠨᠢᠭᠲᠠᠯᠠᠨ ᠪᠠᠶᠢᠴᠠᠭᠠᠬᠤ ᠺᠣᠮᠢᠰ ᠤᠨ ᠠᠯᠪᠠᠨ ᠭᠡᠷ᠂ ᠨᠢᠭᠲᠠᠯᠠᠨ ᠪᠠᠶᠢᠴᠠᠭᠠᠬᠤ | ᠪᠠᠶᠢᠭᠤᠯᠤᠯᠭ᠎ᠠ ᠪᠠ ᠨᠢᠭᠲᠠᠯᠠᠨ ᠪᠠᠶᠢᠴᠠᠭᠠᠬᠤ ᠠᠵᠢᠯᠲᠠᠳ ᠠᠵᠤ ᠠᠬᠤᠶ ᠶᠢᠨ ᠬᠠᠷᠢᠭᠤᠴᠠᠯᠭ᠎ᠠ ᠶᠢ ᠨᠢᠭᠲᠠᠯᠠᠨ | ᠪᠠᠶᠢᠴᠠᠭᠠᠬᠤ ᠠᠵᠢᠯ ᠤᠨ ᠳᠤᠮᠳᠠ ᠣᠯᠵᠤ ᠮᠡᠳᠡᠭᠰᠡᠨ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ | ᠬᠤᠪᠢ ᠬᠥᠮᠦᠨ ᠤ ᠨᠢᠭᠤᠴᠠ ᠶᠢ ᠬᠠᠮᠠᠭᠠᠯᠠᠬᠤ ᠡᠭᠦᠷᠭᠡ ᠲᠠᠢ᠃ | ᠶᠢᠰᠦᠳᠦᠭᠡᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠵᠤ ᠠᠬᠤᠶ ᠶᠢᠨ | ᠬᠠᠷᠢᠭᠤᠴᠠᠯᠭ᠎ᠠ ᠶᠢ ᠬᠢᠨᠠᠨ ᠪᠤᠳᠤᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠵᠠᠪᠠᠯ ᠱᠠᠭᠠᠷᠳᠠᠭᠳᠠᠬᠤ | ᠪᠠᠶᠢᠭᠤᠯᠤᠮᠵᠢ᠂ ᠠᠵᠢᠯᠳᠠᠨ ᠪᠠ ᠵᠠᠷᠤᠳᠠᠯ ᠢ ᠪᠠᠲᠤᠯᠠᠬᠤ ᠬᠡᠷᠡᠭᠲᠡᠶ᠃ | ᠬᠤᠶᠠᠳᠤᠭᠠᠷ ᠪᠦᠯᠦᠭ ᠵᠣᠬᠢᠶᠠᠨ ᠪᠠᠶᠢᠭᠤᠯᠵᠤ ᠵᠣᠬᠢᠴᠠᠭᠤᠯᠬᠤ | ᠠᠷᠪᠠᠳᠤᠭᠠᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠵᠤ ᠠᠬᠤᠶ ᠶᠢᠨ | ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠤ ᠠᠬᠤᠶ ᠶᠢᠨ | ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠬᠠᠮᠲᠤᠷᠠᠭᠰᠠᠨ ᠬᠤᠷᠠᠯᠳᠤᠭᠠᠨ ︵ᠳᠣᠷᠣᠭᠰᠢ ᠬᠠᠮᠲᠤᠷᠠᠭᠰᠠᠨ | ᠬᠤᠷᠠᠯᠳᠤᠭᠠᠨ ᠭᠡᠵᠦ ᠲᠣᠪᠴᠢᠯᠠᠨ᠎ᠠ︶ ᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠬᠠᠮᠲᠤᠷᠠᠭᠰᠠᠨ | ᠬᠤᠷᠠᠯ ᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠪᠠ ᠵᠣᠬᠢᠶᠠᠨ ᠪᠠᠶᠢᠭᠤᠯᠤᠯᠲᠠ᠂ | ᠪᠠᠶᠢᠭᠤᠯᠤᠮᠵᠢ ᠶᠢᠨ ᠣᠷᠣᠨ ᠲᠤᠭ᠎ᠠ᠂ ᠬᠢᠨᠠᠨ ᠪᠤᠳᠤᠬᠤ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠮᠥᠩᠭᠦᠨ | ᠭᠦᠶ᠋ᠯᠭᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠵᠦ᠂ ᠬᠤᠷᠠᠯᠳᠤᠭᠤᠯᠤᠭᠴᠢ ᠶᠢᠨ | ᠲᠤᠰᠢᠶᠠᠯ ᠢ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠤᠨ ᠡᠷᠬᠢᠯᠡᠭᠴᠢ ᠡᠭᠦᠷᠭᠡᠯᠡᠨ᠎ᠡ᠃ ᠬᠠᠮᠲᠤᠷᠠᠭᠰᠠᠨ | ᠬᠤᠷᠠᠯᠳᠤᠭᠠᠨ ᠨᠢ ᠠᠳᠠᠯᠢ ᠱᠠᠲᠤᠨ ᠤ ᠬᠢᠨᠠᠨ ᠪᠤᠳᠤᠬᠤ ᠺᠣᠮᠢᠰ ᠤᠨ ᠤᠳᠤᠷᠢᠳᠤᠯᠭ᠎ᠠ ᠶᠢᠨ ᠳᠣᠣᠷ᠎ᠠ ᠠᠵᠢᠯ ᠢᠶᠠᠨ | ᠥᠷᠨᠢᠭᠦᠯᠦᠨ᠎ᠡ᠃ | ᠬᠠᠮᠲᠤᠷᠠᠭᠰᠠᠨ ᠬᠤᠷᠠᠯ ᠤᠨ ᠳᠣᠤᠷ᠎ᠠ ᠠᠯᠪᠠᠨ ᠬᠡᠷ ᠪᠠᠶᠢᠭᠤᠯᠵᠤ᠂ ᠠᠳᠠᠯᠢ ᠱᠠᠲᠤᠨ ᠤ ᠬᠢᠨᠠᠨ ᠪᠤᠳᠤᠬᠤ | ᠪᠠᠶᠢᠭᠤᠯᠭ᠎ᠠ ᠶᠢᠨ ᠳᠣᠲᠣᠭᠠᠳᠤ ᠳᠤ ᠪᠠᠶᠢᠭᠤᠯᠤᠭᠰᠠᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ | ᠪᠠᠶᠢᠭᠤᠯᠤᠮᠵᠢ ᠲᠠᠢ ᠬᠠᠮᠲᠤᠷᠠᠨ ᠠᠵᠢᠯᠯᠠᠨ᠎ᠠ᠃ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠠᠳᠠᠯᠢ ᠱᠠᠲᠤᠨ ᠤ | ᠬᠢᠨᠠᠨ ᠪᠤᠳᠤᠬᠤ ᠪᠠᠶᠢᠭᠤᠯᠭ᠎ᠠ ᠶᠢᠨ ᠳᠡᠳ᠋ ᠲᠤᠰᠢᠶᠠᠯ ᠲᠠᠢ ᠤᠳᠤᠷᠢᠳᠤᠯᠭ᠎ᠠ ᠪᠤᠶᠤ ᠲᠡᠭᠦᠨ ᠲᠠᠢ ᠲᠡᠩᠴᠡᠬᠦ | ᠲᠤᠰᠢᠶᠠᠯ ᠤᠨ ᠲᠡᠰ ᠳᠠᠪᠬᠤᠷᠭ᠎ᠠ ᠶᠢᠨ ᠤᠳᠤᠷᠢᠳᠤᠯᠭ᠎ᠠ ᠡᠭᠦᠷᠭᠡᠯᠡᠨ᠎ᠡ᠃ | ᠠᠷᠪᠠᠨ ᠨᠢᠭᠡᠳᠦᠭᠡᠷ ᠵᠦᠢᠯ ᠬᠠᠮᠲᠤᠷᠠᠭᠰᠠᠨ ᠬᠤᠷᠠᠯ ᠨᠢ ᠭᠤᠣᠯᠳᠠᠭᠤ ᠬᠤᠯᠪᠣᠭᠳᠠᠯ ᠪᠦᠬᠦᠢ ᠠᠵᠤ ᠠᠬᠤᠶ ᠶᠢᠨ | ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠳᠦᠷᠢᠮ ᠤᠨ ᠪᠢᠴᠢᠭ ᠮᠠᠲ᠋ᠧᠷᠢᠶᠠᠯ ᠢ ᠰᠤᠳᠤᠯᠤᠨ ᠲᠣᠭᠲᠠᠭᠠᠬᠤ ᠶᠢ | ᠬᠠᠷᠢᠭᠤᠴᠠᠵᠤ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠠᠵᠢᠯ ᠤᠨ ᠪᠠᠶᠢᠳᠠᠯ ᠳᠤ ᠬᠢᠨᠠᠯᠲᠠ | ᠲᠠᠯᠪᠢᠨ ᠪᠠᠶᠢᠴᠠᠭᠠᠵᠤ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠠᠵᠢᠯ ᠤᠨ ᠳᠤᠮᠳᠠ | ᠭᠠᠷᠤᠭᠰᠠᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ | ᠪᠤᠳᠤᠯᠳᠠ ᠶᠢᠨ ᠦᠷ᠎ᠡ ᠳ᠋ᠦᠩ ᠤᠨ ᠬᠡᠷᠡᠭᠯᠡᠯᠲᠡ ᠶᠢ ᠲᠦᠯᠬᠢᠨ ᠠᠬᠢᠭᠤᠯᠵᠤ᠂ ᠲᠤᠤᠷᠠᠳᠤ ᠱᠠᠲᠤᠨ ᠤ ᠬᠠᠮᠲᠤᠷᠠᠭᠰᠠᠨ | ᠬᠤᠷᠠᠯᠳᠤᠭᠠᠨ ᠤ ᠠᠵᠢᠯ ᠢ ᠵᠢᠯᠣᠭᠤᠳᠴᠤ᠂ ᠰᠠᠯᠠᠭ᠎ᠠ ᠮᠥᠴᠢᠷ᠂ ᠨᠢᠭᠡᠴᠢ ᠶᠢᠨ ᠳᠣᠲᠣᠭᠠᠳᠤ ᠶᠢᠨ ᠬᠠᠮᠢᠶᠠᠷᠤᠯᠲᠠ ᠶᠢᠨ | ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠠᠵᠢᠯ ᠢ | ᠵᠢᠯᠣᠭᠤᠳᠬᠤ ᠪᠠ ᠲᠡᠭᠦᠨ ᠳᠤ ᠬᠢᠨᠠᠯᠲᠠ ᠲᠠᠯᠪᠢᠵᠤ᠂ ᠬᠢᠨᠠᠨ ᠪᠤᠳᠤᠬᠤ ᠺᠣᠮᠢᠰ ᠤᠨ ᠲᠤᠰᠢᠶᠠᠭᠰᠠᠨ ᠪᠤᠰᠤᠳ ᠠᠵᠢᠯ ᠢ | ᠪᠡᠶᠡᠯᠡᠭᠦᠯᠦᠨ᠎ᠡ᠃ | ᠬᠠᠮᠲᠤᠷᠠᠭᠰᠠᠨ ᠬᠤᠷᠠᠯᠳᠤᠭᠠᠨ ᠤ ᠠᠯᠪᠠᠨ ᠭᠡᠷ ᠨᠢ ᠬᠠᠮᠲᠤᠷᠠᠭᠰᠠᠨ ᠬᠤᠷᠠᠯᠳᠤᠭᠠᠨ ᠤ ᠡᠳᠦᠷ ᠲᠤᠳᠤᠮ ᠤᠨ | ᠠᠵᠢᠯ ᠢ ᠬᠠᠷᠢᠭᠤᠴᠠᠨ᠎ᠠ᠃ | ᠠᠷᠪᠠᠨ ᠬᠤᠶᠠᠳᠤᠭᠠᠷ ᠵᠦᠢᠯ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢ | ᠲᠥᠯᠥᠪᠯᠡᠭᠡ ᠲᠠᠢ ᠪᠠᠷ ᠶᠠᠪᠤᠭᠳᠠᠭᠤᠯᠵᠤ᠂ ᠺᠠᠳ᠋ᠷ ᠤᠨ ᠬᠠᠮᠢᠶᠠᠷᠤᠯᠲᠠ ᠬᠢᠨᠠᠯᠲᠠ ᠶᠢᠨ ᠬᠡᠷᠡᠭᠴᠡᠭᠡ ᠪᠠ ᠬᠢᠨᠠᠨ | ᠪᠤᠳᠤᠯᠳᠠ ᠶᠢᠨ ᠡᠬᠢ ᠪᠠᠶᠠᠯᠢᠭ ᠵᠡᠷᠭᠡ ᠪᠣᠳᠠᠲᠤ ᠪᠠᠶᠢᠳᠠᠯ ᠢ ᠦᠨᠳᠦᠰᠦᠯᠡᠨ᠂ ᠬᠢᠨᠠᠨ ᠪᠤᠳᠤᠬᠤ ᠡᠲᠡᠭᠡᠳ ᠲᠤ ᠲᠦᠷᠦᠯ | ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ | ᠤᠷᠲᠤᠪᠲᠤᠷ ᠪᠠ ᠤᠷᠳᠤ ᠬᠤᠭᠤᠴᠠᠭᠠᠨ ᠤ ᠲᠥᠯᠥᠪᠵᠢᠭᠦᠯᠭᠡ ᠪᠠ ᠣᠨ ᠤ ᠬᠢᠨᠠᠨ ᠪᠤᠳᠤᠬᠤ ᠵᠦᠢᠯᠡᠰ ᠤᠨ | ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠤᠳᠤᠷᠢᠳᠬᠤ ᠺᠠᠳ᠋ᠷ ᠤᠨ ᠠᠵᠤ ᠠᠬᠤᠶ ᠶᠢᠨ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠬᠢᠨᠠᠨ ᠪᠤᠳᠤᠯᠳᠠ ᠶᠢ ᠨᠡᠶᠢᠳᠡᠮ ᠬᠡᠷᠡᠭᠵᠢᠭᠦᠯᠬᠦ ᠶᠢ ᠲᠦᠯᠬᠢᠨ | ᠠᠬᠢᠭᠤᠯᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠣᠨ ᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠲᠥᠷᠥᠯ | ᠵᠦᠢᠯ ᠤᠨ ᠲᠥᠯᠥᠪᠯᠡᠭᠡ ᠶᠢ ᠳᠣᠤᠷᠠᠬᠢ ᠲᠠᠰ ᠳᠠᠷᠠᠭᠠᠯᠠᠯ ᠢᠶᠠᠷ ᠲᠣᠭᠲᠠᠭᠠᠨ᠎ᠠ᠄ | ︵ᠨᠢᠭᠡ︶ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠠᠴᠠ ᠠᠳᠠᠯᠢ ᠱᠠᠲᠤᠨ ᠤ ᠵᠣᠬᠢᠶᠠᠨ ᠪᠠᠶᠢᠭᠤᠯᠬᠤ | ᠰᠠᠯᠠᠭ᠎ᠠ ᠮᠥᠴᠢᠷ ᠲᠠᠢ ᠵᠥᠪᠳᠡᠯᠴᠡᠵᠦ ᠪᠠᠶᠢᠭᠠᠳ ᠬᠢᠨᠠᠨ ᠪᠤᠳᠤᠬᠤ ᠲᠥᠯᠥᠪᠯᠡᠭᠡ ᠶᠢᠨ ᠲᠣᠬᠢᠷᠠᠭᠤᠯᠤᠯᠲᠠ ᠶᠢ | ᠳᠤᠷᠠᠳᠴᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠴᠠ ᠤᠳᠤᠷᠢᠳᠬᠤ ᠺᠠᠳ᠋ᠷ ᠤᠨ ᠣᠨ ᠤ ᠬᠢᠨᠠᠨ ᠪᠤᠳᠤᠬᠤ | ᠰᠠᠨᠠᠭᠤᠯᠭ᠎ᠠ ᠶᠢᠨ ᠨᠡᠷᠡᠰ ᠢ ᠳᠤᠷᠠᠳᠤᠨ᠎ᠠ︔ | ︵ᠬᠤᠶᠠᠷ︶ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠨᠢ ᠠᠳᠠᠯᠢ ᠱᠠᠲᠤᠨ ᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠵᠡᠷᠭᠡ ᠬᠤᠯᠪᠣᠭᠳᠠᠯ ᠪᠥᠬᠦᠶ ᠨᠢᠭᠡᠴᠡ ᠶᠢᠨ ᠰᠠᠨᠠᠯ ᠢ | ᠬᠤᠷᠢᠶᠠᠭᠰᠠᠨ ᠤ ᠳᠠᠷᠠᠭ᠎ᠠ᠂ ᠬᠢᠨᠠᠨ ᠪᠤᠳᠤᠬᠤ ᠪᠠᠶᠢᠭᠤᠯᠤᠯᠭ᠎ᠠ ᠶᠢᠨ ᠣᠨ ᠤ ᠬᠢᠨᠠᠨ ᠪᠤᠳᠤᠬᠤ ᠲᠥᠷᠥᠯ ᠵᠦᠢᠯ ᠤᠨ | ᠲᠥᠯᠥᠪᠯᠡᠭᠡ ᠳᠤ ᠣᠷᠣᠭᠤᠯᠤᠨ᠎ᠠ︔ | ︵ᠭᠤᠷᠪᠠ︶ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠠᠴᠠ ᠠᠳᠠᠯᠢ ᠱᠠᠲᠤᠨ ᠤ ᠬᠢᠨᠠᠨ ᠪᠤᠳᠤᠬᠤ | ᠵᠥᠪᠯᠡᠯ ᠳᠤ ᠳᠡᠪᠰᠢᠭᠦᠯᠵᠦ ᠬᠢᠨᠠᠨ ᠵᠥᠪᠯᠡᠭᠦᠯᠵᠦ ᠲᠣᠭᠲᠠᠭᠠᠯᠭᠠᠨ᠎ᠠ᠃ | ᠬᠤᠯᠪᠣᠭᠳᠠᠯ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠢᠶᠠᠷᠤᠯᠲᠠ ᠳᠤ ᠬᠠᠷᠢᠶᠠᠯᠠᠭᠳᠠᠬᠤ | ᠤᠳᠤᠷᠢᠳᠬᠤ ᠺᠠᠳ᠋ᠷ ᠲᠤ ᠬᠢᠨᠠᠨ ᠪᠤᠳᠤᠯᠲᠠ ᠬᠢᠬᠦ ᠳᠤ ᠭᠦᠷᠪᠡᠯ᠂ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠠᠴᠠ | ᠬᠤᠯᠪᠣᠭᠳᠠᠯ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠵᠥᠪᠳᠡᠯᠴᠡᠵᠦ ᠪᠠᠶᠢᠭᠠᠳ ᠣᠨ ᠤ ᠬᠢᠨᠠᠨ | ᠪᠤᠳᠤᠬᠤ ᠰᠠᠨᠠᠭᠤᠯᠭ᠎ᠠ ᠶᠢᠨ ᠨᠡᠷᠡᠰ ᠢ ᠳᠤᠷᠠᠳᠴᠤ᠂ ᠬᠢᠨᠠᠨ ᠪᠤᠳᠤᠬᠤ ᠪᠠᠶᠢᠭᠤᠯᠭ᠎ᠠ ᠶᠢᠨ ᠣᠨ ᠤ ᠬᠢᠨᠠᠨ ᠪᠤᠳᠤᠬᠤ | ᠲᠥᠷᠥᠯ ᠵᠦᠢᠯ ᠤᠨ ᠲᠥᠯᠥᠪᠯᠡᠭᠡ ᠳᠤ ᠣᠷᠣᠭᠤᠯᠤᠨ᠂ ᠬᠢᠨᠠᠨ ᠪᠤᠳᠤᠬᠤ ᠵᠥᠪᠯᠡᠯ ᠳᠤ ᠳᠡᠪᠰᠢᠭᠦᠯᠵᠦ ᠬᠢᠨᠠᠨ | ᠵᠥᠪᠯᠡᠭᠦᠯᠵᠦ ᠲᠣᠭᠲᠠᠭᠠᠯᠭᠠᠨ᠎ᠠ᠃ | ᠠᠷᠪᠠᠨ ᠳᠥᠷᠪᠡᠳᠦᠭᠡᠷ ᠵᠦᠢᠯ ᠣᠨ ᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠲᠥᠷᠥᠯ | ᠵᠦᠢᠯ ᠤᠨ ᠲᠥᠯᠥᠪᠯᠡᠭᠡ ᠶᠢ ᠲᠣᠭᠲᠠᠭᠠᠮᠠᠭᠴᠠ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠥᠭᠡᠢ᠃ ᠦᠨᠡᠬᠡᠷ | ᠲᠣᠬᠢᠷᠠᠭᠤᠯᠤᠨ ᠬᠠᠰᠤᠬᠤ ᠪᠤᠶᠤ ᠨᠡᠮᠡᠬᠦ ᠴᠢᠬᠤᠯᠠᠲᠠᠶ ᠪᠠᠶᠢᠪᠠᠯ᠂ ᠤᠤᠯ ᠤᠨ ᠲᠣᠭᠲᠠᠭᠠᠭᠰᠠᠨ ᠵᠢᠷᠤᠮ ᠶᠣᠰᠣᠭᠠᠷ | ᠬᠢᠨᠠᠨ ᠪᠤᠳᠤᠬᠤ ᠺᠣᠮᠢᠰ ᠲᠤ ᠮᠡᠳᠡᠭᠦᠯᠵᠦ ᠵᠥᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠬᠦ ᠬᠡᠷᠡᠭᠲᠡᠶ᠃ | ᠠᠷᠪᠠᠨ ᠲᠠᠪᠤᠳᠤᠭᠠᠷ ᠵᠦᠢᠯ ᠬᠢᠨᠠᠨ ᠪᠣᠳᠣᠭᠳᠠᠵᠤ ᠪᠠᠶᠢᠭ᠎ᠠ ᠤᠳᠤᠷᠢᠳᠬᠤ ᠺᠠᠳ᠋ᠷ ᠬᠤᠯᠪᠣᠭᠳᠠᠯ ᠪᠦᠬᠦᠢ | ᠰᠠᠯᠠᠭ᠎ᠠ ᠮᠥᠴᠢᠷ ᠠᠴᠠ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ᠂ ᠰᠠᠬᠢᠯᠭ᠎ᠠ ᠪᠠᠲᠤ ᠶᠢᠨ ᠬᠢᠨᠠᠨ | ᠪᠠᠶᠢᠴᠠᠭᠠᠯᠲᠠ ᠬᠢᠭᠰᠡᠨ᠂ ᠬᠢᠨᠠᠨ ᠪᠠᠶᠢᠴᠠᠭᠠᠯᠲᠠ ᠬᠢᠭᠰᠡᠨ ᠪᠤᠶᠤ ᠥᠭᠦᠭᠰᠡᠨ ᠵᠡᠷᠭᠡ ᠣᠨᠴᠠᠭᠠᠶ ᠪᠠᠶᠢᠳᠠᠯ ᠳᠤ | ᠲᠤᠯᠭᠠᠷᠠᠪᠠᠯ᠂ ᠵᠢᠴᠢ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢ ᠦᠷᠭᠦᠯᠵᠢᠯᠡᠨ ᠬᠢᠬᠦ ᠳᠤ | ᠲᠤᠬᠢᠷᠠᠬᠤ ᠦᠭᠡᠢ ᠪᠤᠰᠤᠳ ᠪᠠᠶᠢᠳᠠᠯ ᠣᠷᠣᠰᠢᠵᠤ ᠪᠠᠶᠢᠪᠠᠯ᠂ ᠬᠢᠨᠠᠨ ᠪᠤᠳᠤᠬᠤ ᠵᠥᠪᠯᠡᠯ ᠤᠨ ᠠᠯᠪᠠᠨ ᠭᠡᠷ ᠨᠢ ᠠᠳᠠᠯᠢ | ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ | ᠮᠥᠴᠢᠷ ᠵᠡᠷᠭᠡ ᠬᠤᠯᠪᠣᠭᠳᠠᠯ ᠪᠦᠬᠦᠢ ᠨᠢᠭᠡᠴᠢ ᠲᠠᠢ ᠵᠥᠪᠳᠡᠯᠴᠡᠵᠦ ᠰᠠᠨᠠᠯ ᠢᠶᠠᠨ ᠳᠤᠷᠠᠳᠴᠤ᠂ ᠬᠢᠨᠠᠨ ᠪᠤᠳᠤᠬᠤ | ᠵᠥᠪᠯᠡᠯ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠲᠠᠷᠠᠭ᠎ᠠ ᠬᠢᠨᠠᠨ ᠪᠤᠳᠤᠯᠳᠠ ᠶᠢ ᠵᠣᠭᠰᠣᠭᠠᠨ᠎ᠠ᠃ | ᠭᠤᠷᠪᠠᠳᠤᠭᠠᠷ ᠪᠦᠯᠦᠭ ᠬᠢᠨᠠᠨ ᠪᠤᠳᠤᠬᠤ ᠠᠭᠤᠯᠭ᠎ᠠ | ᠠᠷᠪᠠᠨ ᠵᠢᠷᠭᠤᠳᠤᠭᠠᠷ ᠵᠦᠢᠯ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠨᠢ ᠤᠳᠤᠷᠢᠳᠬᠤ | ᠺᠠᠳ᠋ᠷ ᠤᠨ ᠲᠤᠰᠢᠶᠠᠯ ᠤᠨ ᠬᠤᠭᠤᠴᠠᠭᠠᠨ ᠳᠠᠬᠢ ᠣᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ | ᠡᠳ᠋ ᠬᠥᠷᠥᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠤᠨ ᠬᠠᠮᠢᠶᠠᠷᠤᠯᠲᠠ᠂ ᠬᠤᠪᠢᠶᠠᠷᠢᠯᠠᠯᠲᠠ ᠪᠠ | ᠬᠡᠷᠡᠭᠯᠡᠯᠲᠡ ᠪᠠᠷ ᠰᠠᠭᠤᠷᠢ ᠪᠣᠯᠭᠠᠬᠤ ᠬᠡᠷᠡᠭᠲᠡᠶ᠃ ᠤᠳᠤᠷᠢᠳᠬᠤ ᠺᠠᠳ᠋ᠷᠴᠤᠳ ᠤᠨ ᠡᠷᠬᠡ ᠶᠢᠨ ᠠᠵᠢᠯᠯᠠᠭᠠᠨ ᠪᠠ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠷ ᠭᠤᠤᠯᠳᠠᠯᠭ᠎ᠠ ᠪᠣᠯᠭᠠᠵᠤ᠂ ᠤᠳᠤᠷᠢᠳᠬᠤ | ᠺᠠᠳ᠋ᠷᠴᠤᠳ ᠤᠨ ᠬᠠᠮᠢᠶᠠᠷᠤᠯᠲᠠ ᠬᠢᠨᠠᠯᠲᠠ ᠶᠢᠨ ᠬᠡᠷᠡᠭᠴᠡᠭᠡ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠣᠨᠴᠠᠯᠢᠭ ᠪᠠ | ᠬᠢᠨᠠᠨ ᠪᠤᠳᠤᠬᠤ ᠡᠬᠢ ᠪᠠᠶᠠᠯᠢᠭ ᠵᠡᠷᠭᠡ ᠬᠦᠴᠦᠨ ᠵᠦᠢᠯ ᠢ ᠭᠦᠢᠴᠡᠳ ᠪᠣᠳᠣᠯᠬᠢᠯᠠᠨ᠂ ᠬᠢᠨᠠᠨ ᠪᠤᠳᠤᠬᠤ ᠠᠭᠤᠯᠭ᠎ᠠ ᠶᠢ | ᠲᠣᠭᠲᠠᠭᠠᠯ ᠶᠣᠰᠣᠭᠠᠷ ᠬᠠᠤᠯᠢ ᠶᠣᠰᠣᠭᠠᠷ ᠲᠣᠭᠲᠠᠭᠠᠨ᠎ᠠ᠃ | ᠠᠷᠪᠠᠨ ᠳᠣᠯᠣᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ | ᠣᠷᠳᠣᠨ ᠤ ᠭᠤᠣᠯ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ | ᠠᠭᠤᠯᠭ᠎ᠠ ᠳᠤ᠄ | ︵ᠨᠢᠭᠡ︶ ᠨᠠᠮ ᠪᠠ ᠤᠯᠤᠰ ᠤᠨ ᠠᠵᠤ ᠠᠬᠤᠶ ᠶᠢᠨ ᠴᠢᠭᠯᠡᠯᠲᠡ ᠲᠦᠷᠦ ᠶᠢᠨ ᠪᠤᠳᠤᠯᠭ᠎ᠠ᠂ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ︔ | ︵ᠬᠤᠶᠠᠷ︶ ᠲᠤᠰ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠪᠠ | ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠭᠰᠠᠨ᠂ ᠬᠡᠷᠡᠭᠵᠢᠭᠦᠯᠦᠭᠰᠡᠨ ᠪᠠ ᠦᠷ᠎ᠡ ᠪᠦᠲᠦᠮᠵᠢ ᠶᠢᠨ | ᠪᠠᠶᠢᠳᠠᠯ︔ | ︵ᠭᠤᠷᠪᠠ︶ ᠴᠢᠬᠤᠯᠠ ᠶᠡᠭᠡ ᠠᠵᠤ ᠠᠬᠤᠶ ᠶᠢᠨ ᠬᠡᠷᠡᠭ ᠶᠠᠪᠤᠳᠠᠯ ᠤᠨ ᠰᠢᠢᠳᠪᠦᠷᠢᠲᠦ ᠪᠤᠳᠤᠯᠭ᠎ᠠ | ᠲᠣᠭᠲᠠᠭᠠᠭᠰᠠᠨ᠂ ᠬᠡᠷᠡᠭᠵᠢᠭᠦᠯᠦᠭᠰᠡᠨ ᠪᠠ ᠦᠷ᠎ᠡ ᠪᠦᠲᠦᠮᠵᠢ ᠶᠢᠨ ᠪᠠᠶᠢᠳᠠᠯ︔ | ︵ᠲᠦᠷᠪᠡ︶ ᠡᠳ᠋ ᠤᠨ ᠵᠠᠰᠠᠭ ᠡᠳ᠋ ᠤᠨ ᠶᠠᠪᠤᠳᠠᠯ ᠤᠨ ᠬᠠᠮᠢᠶᠠᠷᠤᠯᠲᠠ ᠪᠠ ᠠᠵᠤ ᠠᠬᠤᠢ ᠶᠢᠨ ᠠᠶᠤᠯ | ᠲᠦᠭᠰᠢᠭᠦᠷᠢ ᠶᠢ ᠰᠡᠷᠭᠡᠶᠢᠯᠡᠭᠰᠡᠨ ᠪᠠᠶᠢᠳᠠᠯ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠰᠠᠶᠢᠵᠢᠷᠠᠭᠤᠯᠤᠯᠲᠠ ᠶᠢᠨ | ᠪᠠᠶᠢᠳᠠᠯ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠦᠷᠦᠯ ᠵᠦᠢᠯ᠂ ᠪᠡᠯᠡ ᠮᠥᠩᠭᠦ ᠵᠡᠷᠭᠡ ᠶᠢᠨ | ᠬᠠᠮᠢᠶᠠᠷᠤᠯᠲᠠ ᠬᠡᠷᠡᠭᠯᠡᠯᠲᠡ ᠪᠠ ᠦᠷ᠎ᠡ ᠠᠰᠢᠭ ᠤᠨ ᠪᠠᠶᠢᠳᠠᠯ᠂ ᠵᠢᠴᠢ ᠲᠥᠰᠦᠪ ᠤᠨ ᠬᠠᠮᠢᠶᠠᠷᠤᠯᠲᠠ ᠳᠤᠮᠳᠠ | ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ︔ | ︵ᠲᠠᠪᠤ︶ ᠠᠵᠤ ᠠᠬᠤᠶ ᠶᠢᠨ ᠠᠵᠢᠯᠯᠠᠭ᠎ᠠ ᠶᠢᠨ ᠳᠤᠮᠳᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠲᠣᠭᠲᠠᠭᠠᠯ ᠢ ᠵᠢᠷᠤᠮᠯᠠᠭᠰᠠᠨ ᠪᠠᠶᠢᠳᠠᠯ︔ | ︵ᠵᠢᠷᠭᠤᠭ᠎ᠠ︶ ᠥᠩᠭᠡᠷᠡᠭᠰᠡᠨ ᠤ ᠬᠢᠨᠠᠨ ᠪᠤᠳᠤᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ︔ | ︵ᠲᠤᠯᠤᠭ᠎ᠠ︶ ᠬᠢᠨᠠᠨ ᠪᠤᠳᠤᠬᠤ ᠴᠢᠬᠤᠯᠠᠲᠠᠶ ᠪᠤᠰᠤᠳ ᠠᠭᠤᠯᠭ᠎ᠠ᠃ | ᠠᠷᠪᠠᠨ ᠨᠠᠢᠮᠠᠳᠤᠭᠠᠷ ᠵᠦᠢᠯ ᠨᠠᠮ ᠵᠠᠰᠠᠭ ᠤᠨ ᠠᠵᠢᠯ ᠤᠨ ᠰᠠᠯᠠᠭ᠎ᠠ ᠮᠥᠴᠢᠷ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠠᠵᠢᠯ ᠦᠢᠯᠡᠰ ᠤᠨ ᠨᠢᠭᠡᠴᠢ ᠪᠠ | ᠠᠷᠠᠳ ᠤᠨ ᠪᠦᠯᠬᠦᠮ ᠵᠡᠷᠭᠡ ᠨᠢᠭᠡᠴᠢ ᠶᠢᠨ ᠭᠤᠣᠯ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢ | ᠬᠢᠨᠠᠨ ᠪᠤᠳᠤᠬᠤ ᠠᠭᠤᠯᠭ᠎ᠠ ᠳᠤ ᠳᠣᠣᠷᠠᠬᠢ ᠠᠭᠤᠯᠭ᠎ᠠ ᠶᠢ ᠪᠠᠭᠲᠠᠭᠠᠨ᠎ᠠ᠄ | ︵ᠨᠢᠭᠡ︶ ᠨᠠᠮ ᠪᠠ ᠤᠯᠤᠰ ᠤᠨ ᠠᠵᠤ ᠠᠬᠤᠶ ᠶᠢᠨ ᠴᠢᠭᠯᠡᠯᠲᠡ ᠲᠦᠷᠦ ᠶᠢᠨ ᠪᠤᠳᠤᠯᠭ᠎ᠠ᠂ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ︔ | ︵ᠬᠤᠶᠠᠷ︶ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠴᠢᠬᠤᠯᠠ ᠬᠥᠭᠵᠢᠯᠲᠡ ᠶᠢᠨ | ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠭᠰᠠᠨ᠂ ᠬᠡᠷᠡᠭᠵᠢᠭᠦᠯᠦᠭᠰᠡᠨ ᠪᠠ | ᠦᠷ᠎ᠡ ᠪᠦᠲᠦᠮᠵᠢ ᠶᠢᠨ ᠪᠠᠶᠢᠳᠠᠯ︔ | ︵ᠭᠤᠷᠪᠠ︶ ᠴᠢᠬᠤᠯᠠ ᠶᠡᠭᠡ ᠠᠵᠤ ᠠᠬᠤᠶ ᠶᠢᠨ ᠬᠡᠷᠡᠭ ᠶᠠᠪᠤᠳᠠᠯ ᠤᠨ ᠰᠢᠢᠳᠪᠦᠷᠢᠲᠦ ᠪᠤᠳᠤᠯᠭ᠎ᠠ | ᠲᠣᠭᠲᠠᠭᠠᠭᠰᠠᠨ᠂ ᠬᠡᠷᠡᠭᠵᠢᠭᠦᠯᠦᠭᠰᠡᠨ ᠪᠠ ᠦᠷ᠎ᠡ ᠪᠦᠲᠦᠮᠵᠢ ᠶᠢᠨ ᠪᠠᠶᠢᠳᠠᠯ︔ | ︵ᠲᠦᠷᠪᠡ︶ ᠡᠳ᠋ ᠤᠨ ᠵᠠᠰᠠᠭ ᠡᠳ᠋ ᠤᠨ ᠶᠠᠪᠤᠳᠠᠯ ᠤᠨ ᠬᠠᠮᠢᠶᠠᠷᠤᠯᠲᠠ ᠪᠠ ᠠᠵᠤ ᠠᠬᠤᠢ ᠶᠢᠨ ᠠᠶᠤᠯ | ᠲᠦᠭᠰᠢᠭᠦᠷᠢ ᠶᠢ ᠰᠡᠷᠭᠡᠶᠢᠯᠡᠭᠰᠡᠨ ᠪᠠᠶᠢᠳᠠᠯ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠦᠢᠯᠡᠰ᠂ ᠪᠡᠯᠡ | ᠮᠥᠩᠭᠦ ᠵᠡᠷᠭᠡ ᠶᠢᠨ ᠬᠠᠮᠢᠶᠠᠷᠤᠯᠲᠠ ᠬᠡᠷᠡᠭᠯᠡᠯᠲᠡ ᠪᠠ ᠦᠷ᠎ᠡ ᠠᠰᠢᠭ ᠤᠨ ᠪᠠᠶᠢᠳᠠᠯ᠂ ᠵᠢᠴᠢ ᠲᠥᠰᠦᠪ ᠤᠨ | ᠬᠠᠮᠢᠶᠠᠷᠤᠯᠲᠠ ᠶᠢᠨ ᠳᠤᠮᠳᠠ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠲᠣᠭᠲᠠᠭᠠᠯ ᠢ | ᠬᠡᠷᠡᠭᠵᠢᠭᠦᠯᠦᠭᠰᠡᠨ ᠪᠠᠶᠢᠳᠠᠯ︔ | ︵ᠲᠠᠪᠤ︶ ᠠᠵᠤ ᠠᠬᠤᠶ ᠶᠢᠨ ᠠᠵᠢᠯᠯᠠᠭ᠎ᠠ ᠶᠢᠨ ᠳᠤᠮᠳᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠲᠣᠭᠲᠠᠭᠠᠯ ᠢ ᠵᠢᠷᠤᠮᠯᠠᠭᠰᠠᠨ ᠪᠠᠶᠢᠳᠠᠯ︔ | ︵ᠵᠢᠷᠭᠤᠭ᠎ᠠ︶ ᠥᠩᠭᠡᠷᠡᠭᠰᠡᠨ ᠤ ᠬᠢᠨᠠᠨ ᠪᠤᠳᠤᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ︔ | ︵ᠲᠤᠯᠤᠭ᠎ᠠ︶ ᠬᠢᠨᠠᠨ ᠪᠤᠳᠤᠬᠤ ᠴᠢᠬᠤᠯᠠᠲᠠᠶ ᠪᠤᠰᠤᠳ ᠠᠭᠤᠯᠭ᠎ᠠ᠃ | ᠠᠷᠪᠠ ᠶᠢᠰᠦᠳᠦᠭᠡᠷ ᠵᠦᠢᠯ ᠤᠮᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠤᠳᠤᠷᠢᠳᠬᠤ | ᠬᠥᠮᠦᠰ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠭᠤᠯᠭ᠎ᠠ ᠳᠤ᠄ | ︵ᠨᠢᠭᠡ︶ ᠨᠠᠮ ᠪᠠ ᠤᠯᠤᠰ ᠤᠨ ᠠᠵᠤ ᠠᠬᠤᠶ ᠶᠢᠨ ᠴᠢᠭᠯᠡᠯᠲᠡ ᠲᠦᠷᠦ ᠶᠢᠨ ᠪᠤᠳᠤᠯᠭ᠎ᠠ᠂ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ︔ | ︵ᠬᠤᠶᠠᠷ︶ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠶᠢ | ᠲᠣᠭᠲᠠᠭᠠᠭᠰᠠᠨ᠂ ᠬᠡᠷᠡᠭᠵᠢᠭᠦᠯᠦᠭᠰᠡᠨ ᠪᠠ ᠦᠷ᠎ᠡ ᠪᠦᠲᠦᠮᠵᠢ ᠶᠢᠨ ᠪᠠᠶᠢᠳᠠᠯ︔ | ︵ᠭᠤᠷᠪᠠ︶ ᠴᠢᠬᠤᠯᠠ ᠶᠡᠭᠡ ᠠᠵᠤ ᠠᠬᠤᠶ ᠶᠢᠨ ᠬᠡᠷᠡᠭ ᠶᠠᠪᠤᠳᠠᠯ ᠤᠨ ᠰᠢᠢᠳᠪᠦᠷᠢᠲᠦ ᠪᠤᠳᠤᠯᠭ᠎ᠠ | ᠲᠣᠭᠲᠠᠭᠠᠭᠰᠠᠨ᠂ ᠬᠡᠷᠡᠭᠵᠢᠭᠦᠯᠦᠭᠰᠡᠨ ᠪᠠ ᠦᠷ᠎ᠡ ᠪᠦᠲᠦᠮᠵᠢ ᠶᠢᠨ ᠪᠠᠶᠢᠳᠠᠯ︔ | ︵ᠲᠦᠷᠪᠡ︶ ᠠᠵᠤ ᠠᠬᠤᠶᠢᠯᠠᠯ ᠬᠠᠤᠯᠢ ᠶᠢᠨ ᠬᠥᠮᠦᠨ ᠤ ᠵᠠᠰᠠᠬᠤ ᠪᠦᠲᠦᠴᠡ ᠶᠢ ᠪᠠᠶᠢᠭᠤᠯᠤᠭᠰᠠᠨ᠂ | ᠲᠡᠭᠦᠯᠳᠡᠷᠵᠢᠭᠦᠯᠦᠭᠰᠡᠨ ᠪᠠ ᠠᠵᠢᠯᠯᠠᠭᠠᠨ ᠤ ᠪᠠᠶᠢᠳᠠᠯ᠂ ᠳᠣᠲᠣᠭᠠᠳᠤ ᠶᠢᠨ ᠬᠢᠵᠠᠭᠠᠷᠯᠠᠬᠤ ᠲᠦᠷᠢᠮ ᠢ ᠲᠣᠭᠲᠠᠭᠠᠭᠰᠠᠨ | ᠪᠠ ᠬᠡᠷᠡᠭᠵᠢᠭᠦᠯᠦᠭᠰᠡᠨ ᠪᠠᠶᠢᠳᠠᠯ︔ | ︵ᠲᠠᠪᠤ︶ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠦᠨᠡᠨ ᠪᠣᠳᠠᠲᠠᠶ ᠬᠠᠤᠯᠢ ᠶᠣᠰᠣᠨ ᠤ ᠦᠷ᠎ᠡ | ᠠᠰᠢᠭ ᠤᠨ ᠪᠠᠶᠢᠳᠠᠯ᠂ ᠲᠦᠭᠰᠢᠭᠦᠷᠢ ᠶᠢ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ᠂ ᠬᠢᠯᠢ ᠶᠢᠨ ᠭᠠᠳᠠᠨᠠᠬᠢ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠪᠠᠶᠢᠳᠠᠯ︔ | ︵ᠵᠢᠷᠭᠤᠭ᠎ᠠ︶ ᠠᠵᠤ ᠠᠬᠤᠶ ᠶᠢᠨ ᠠᠵᠢᠯᠯᠠᠭ᠎ᠠ ᠶᠢᠨ ᠳᠤᠮᠳᠠ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠪᠠ ᠠᠷᠢᠭᠤᠨ ᠴᠢᠬᠡᠴᠢ ᠪᠠᠷ ᠠᠵᠢᠯ ᠡᠷᠬᠢᠯᠡᠬᠦ ᠲᠣᠭᠲᠠᠭᠠᠯ ᠢ ᠵᠢᠷᠤᠮᠯᠠᠭᠰᠠᠨ ᠪᠠᠶᠢᠳᠠᠯ︔ | ︵ᠳᠣᠯᠤᠭ᠎ᠠ︶ ᠥᠩᠭᠡᠷᠡᠭᠰᠡᠨ ᠤ ᠬᠢᠨᠠᠨ ᠪᠤᠳᠤᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ︔ | ︵ᠨᠠᠢᠮᠠ︶ ᠬᠢᠨᠠᠨ ᠪᠤᠳᠤᠬᠤ ᠴᠢᠬᠤᠯᠠᠲᠠᠶ ᠪᠤᠰᠤᠳ ᠠᠭᠤᠯᠭ᠎ᠠ᠃ | ᠬᠤᠷᠢᠳᠤᠭᠠᠷ ᠵᠦᠢᠯ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠂ ᠣᠷᠣᠨ ᠨᠤᠲᠤᠭ ᠤᠨ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠤ ᠭᠤᠣᠯ ᠤᠳᠤᠷᠢᠳᠬᠤ ᠺᠠᠳ᠋ᠷ ᠢ ᠳᠡᠭᠡᠳᠦ ᠱᠠᠲᠤᠨ ᠤ ᠤᠳᠤᠷᠢᠳᠬᠤ ᠺᠠᠳ᠋ᠷ | ᠬᠠᠪᠰᠤᠷᠭᠠᠨ ᠬᠠᠷᠢᠭᠤᠴᠠᠬᠤ ᠮᠥᠷᠲᠡᠭᠡᠨ ᠠᠵᠤ ᠠᠬᠤᠶ ᠶᠢᠨ ᠬᠠᠷᠢᠭᠤᠴᠠᠯᠭ᠎ᠠ ᠶᠢ ᠪᠣᠳᠠᠲᠠᠶ ᠪᠠᠷ ᠭᠦᠢᠴᠡᠳᠬᠡᠭᠰᠡᠨ | ᠪᠠᠶᠢᠪᠠᠯ᠂ ᠲᠡᠭᠦᠨ ᠳᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠬᠢᠬᠦ ᠦᠶ᠎ᠡ ᠳᠤ᠂ ᠬᠢᠨᠠᠨ | ᠪᠤᠳᠤᠬᠤ ᠠᠭᠤᠯᠭ᠎ᠠ ᠶᠢ ᠵᠥᠪᠬᠡᠨ ᠲᠤᠰ ᠤᠳᠤᠷᠢᠳᠬᠤ ᠺᠠᠳ᠋ᠷ ᠤᠨ ᠬᠠᠪᠰᠤᠷᠭᠠᠨ ᠡᠭᠦᠷᠭᠡᠯᠡᠵᠦ ᠪᠠᠶᠢᠭ᠎ᠠ ᠲᠤᠰᠢᠶᠠᠯ ᠤᠨ | ᠭᠦᠢᠴᠡᠳᠬᠡᠪᠡᠰᠦ ᠵᠣᠬᠢᠬᠤ ᠠᠵᠤ ᠠᠬᠤᠶ ᠶᠢᠨ ᠬᠠᠷᠢᠭᠤᠴᠠᠯᠭ᠎ᠠ ᠪᠠᠷ ᠬᠢᠵᠠᠭᠠᠷᠯᠠᠨ᠎ᠠ᠃ | ᠳᠥᠷᠪᠡᠳᠦᠭᠡᠷ ᠪᠦᠯᠦᠭ ᠬᠢᠨᠠᠨ ᠪᠤᠳᠤᠯᠳᠠ ᠶᠢ ᠬᠡᠷᠡᠭᠵᠢᠭᠦᠯᠬᠦ | ᠬᠤᠷᠢᠨ ᠨᠢᠭᠡᠳᠦᠭᠡᠷ ᠵᠦᠢᠯ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ | ᠪᠠᠶᠢᠭᠤᠯᠭ᠎ᠠ ᠨᠤᠭᠤᠳ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠵᠦᠢᠯ ᠤᠨ ᠣᠨ ᠤ | ᠲᠥᠯᠥᠪᠯᠡᠭᠡ ᠶᠢ ᠦᠨᠳᠦᠰᠦᠯᠡᠨ᠂ ᠬᠢᠨᠠᠨ ᠪᠤᠳᠤᠬᠤ ᠳᠤᠭᠤᠶᠢᠯᠠᠩ ᠪᠠᠶᠢᠭᠤᠯᠬᠤ ᠶᠢᠨ ᠬᠠᠮᠲᠤ ᠬᠢᠨᠠᠨ ᠪᠤᠳᠤᠬᠤ | ᠬᠡᠷᠡᠭᠲᠡᠶ᠃ | ᠬᠤᠷᠢᠨ ᠬᠤᠶᠠᠳᠤᠭᠠᠷ ᠵᠦᠢᠯ ᠡᠳᠠᠯᠢ ᠨᠢᠭᠡᠨ ᠣᠷᠣᠨ ᠨᠤᠲᠤᠭ ᠤᠨ ᠨᠠᠮ ᠤᠨ ᠬᠤᠷᠢᠶ᠎ᠠ ᠪᠠ ᠵᠠᠰᠠᠭ ᠤᠨ | ᠣᠷᠳᠣᠨ ᠤ ᠭᠤᠣᠯ ᠤᠳᠤᠷᠢᠳᠬᠤ ᠺᠠᠳ᠋ᠷ ᠵᠢᠴᠢ ᠠᠳᠠᠯᠢ ᠨᠢᠭᠡᠨ ᠰᠠᠯᠠᠭ᠎ᠠ ᠮᠥᠴᠢᠷ᠂ ᠨᠢᠭᠡᠴᠢ ᠶᠢᠨ 2 ᠠᠴᠠ | ᠳᠡᠭᠡᠭᠰᠢᠬᠢ ᠭᠤᠣᠯ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢ | ᠵᠡᠷᠭᠡ ᠳᠤᠨᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠷᠢᠭᠤᠴᠠᠯᠭ᠎ᠠ ᠶᠢ ᠲᠤᠰ ᠲᠤᠰ ᠲᠤᠨᠢ ᠮᠠᠭᠠᠳᠯᠠᠨ | ᠲᠣᠭᠲᠠᠭᠠᠵᠤ ᠪᠣᠯᠤᠨ᠎ᠠ᠃ | ᠬᠤᠷᠢᠨ ᠭᠤᠷᠪᠠᠳᠤᠭᠠᠷ ᠵᠦᠢᠯ ᠬᠢᠨᠠᠨ ᠪᠤᠳᠤᠬᠤ ᠵᠥᠪᠯᠡᠯ ᠤᠨ ᠠᠯᠪᠠᠨ ᠭᠡᠷ᠂ ᠬᠢᠨᠠᠨ ᠪᠤᠳᠤᠬᠤ | ᠪᠠᠶᠢᠭᠤᠯᠭ᠎ᠠ ᠨᠤᠭᠤᠳ ᠲᠣᠭᠲᠠᠭᠠᠯ ᠶᠣᠰᠣᠭᠠᠷ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠵᠢᠴᠢ ᠲᠡᠭᠦᠨ ᠤ | ᠪᠠᠶᠢᠭ᠎ᠠ ᠨᠢᠭᠡᠴᠢ ᠪᠤᠶᠤ ᠤᠤᠯ ᠤᠨ ᠲᠤᠰᠢᠶᠠᠯ ᠡᠭᠦᠷᠭᠡᠯᠡᠵᠦ ᠪᠠᠶᠢᠭᠰᠠᠨ ᠨᠢᠭᠡᠴᠢ ︵ᠳᠣᠷᠣᠭᠰᠢ ᠪᠠᠶᠢᠭ᠎ᠠ ᠨᠢᠭᠡᠴᠢ | ᠭᠡᠵᠦ ᠶᠡᠷᠦᠩᠬᠡᠶᠢᠯᠡᠨ ᠨᠡᠷᠡᠶᠢᠳᠦᠨ᠎ᠡ︶ ᠳᠤ ᠬᠢᠨᠠᠨ ᠪᠤᠳᠤᠬᠤ ᠮᠡᠳᠡᠭᠳᠡᠯ ᠤᠨ ᠪᠢᠴᠢᠭ ᠢ ᠬᠦᠷᠭᠡᠵᠦ᠂ ᠠᠳᠠᠯᠢ ᠱᠠᠲᠤᠨ ᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠵᠡᠷᠭᠡ | ᠬᠤᠯᠪᠣᠭᠳᠠᠯ ᠪᠦᠬᠦᠢ ᠨᠢᠭᠡᠴᠢ ᠳᠤ ᠬᠠᠭᠤᠯᠤᠨ ᠬᠦᠷᠭᠡᠬᠦ ᠬᠡᠷᠡᠭᠲᠡᠶ᠃ | ᠣᠷᠣᠨ ᠨᠤᠲᠤᠭ ᠤᠨ ᠨᠢᠭᠲᠠᠯᠠᠨ ᠪᠠᠶᠢᠴᠠᠭᠠᠬᠤ ᠪᠠᠶᠢᠭᠤᠯᠤᠯᠭ᠎ᠠ ᠶᠢᠨ ᠭᠤᠣᠯ ᠤᠳᠤᠷᠢᠳᠬᠤ ᠺᠠᠳ᠋ᠷ ᠤᠨ ᠠᠵᠤ | ᠠᠬᠤᠶ ᠶᠢᠨ ᠬᠠᠷᠢᠭᠤᠴᠠᠯᠭ᠎ᠠ ᠶᠢ ᠨᠢᠭᠲᠠᠯᠠᠨ ᠪᠠᠶᠢᠴᠠᠭᠠᠬᠤ ᠮᠡᠳᠡᠭᠳᠡᠯ ᠤᠨ ᠪᠢᠴᠢᠭ ᠢ ᠳᠡᠭᠡᠷ᠎ᠡ ᠨᠢᠭᠡ ᠱᠠᠲᠤᠨ ᠤ | ᠨᠢᠭᠲᠠᠯᠠᠨ ᠪᠠᠶᠢᠴᠠᠭᠠᠬᠤ ᠪᠠᠶᠢᠭᠤᠯᠤᠯᠭ᠎ᠠ ᠠᠴᠠ ᠬᠦᠷᠭᠡᠵᠦ ᠥᠭᠭᠦᠨ᠎ᠡ᠃ | ᠬᠤᠷᠢᠨ ᠳᠥᠷᠪᠡᠳᠦᠭᠡᠷ ᠵᠦᠢᠯ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢ ᠬᠡᠷᠡᠭᠵᠢᠭᠦᠯᠬᠦ | ᠦᠶ᠎ᠡ ᠳᠤ᠂ ᠬᠢᠨᠠᠨ ᠪᠤᠳᠤᠬᠤ ᠳᠤᠭᠤᠶᠢᠯᠠᠩ ᠤᠨ ᠭᠤᠣᠯ ᠪᠦᠷᠢᠯᠳᠦᠬᠦᠨ᠂ ᠬᠢᠨᠠᠨ ᠪᠤᠳᠤᠭᠳᠠᠵᠦ ᠪᠠᠶᠢᠭ᠎ᠠ | ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ ᠨᠢᠭᠡᠴᠢ ᠶᠢᠨ ᠬᠤᠯᠪᠣᠭᠳᠠᠯ ᠪᠦᠬᠦᠢ ᠬᠥᠮᠦᠰ ᠤᠨ ᠣᠷᠣᠯᠴᠠᠭᠰᠠᠨ | ᠬᠤᠷᠠᠯ ᠢ ᠬᠤᠷᠠᠯᠳᠤᠭᠤᠯᠵᠤ᠂ ᠬᠢᠨᠠᠨ ᠪᠤᠳᠤᠬᠤ ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠲᠣᠬᠢᠷᠠᠭᠤᠯᠬᠤ | ᠬᠡᠷᠡᠭᠲᠡᠶ᠃ ᠬᠠᠮᠲᠤᠷᠠᠭᠰᠠᠨ ᠬᠤᠷᠠᠯᠳᠤᠭᠠᠨ ᠤ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠢ ᠨᠦᠭᠦᠳ ᠠᠵᠢᠯ ᠤᠨ | ᠬᠡᠷᠡᠭᠴᠡᠭᠡ ᠪᠠᠨ ᠦᠨᠳᠦᠰᠦᠯᠡᠨ ᠬᠥᠮᠦᠨ ᠲᠣᠮᠢᠯᠠᠨ ᠣᠷᠣᠯᠴᠠᠭᠤᠯᠵᠤ ᠪᠣᠯᠤᠨ᠎ᠠ᠃ | ᠬᠢᠨᠠᠨ ᠪᠤᠳᠤᠬᠤ ᠳᠤᠭᠤᠶᠢᠯᠠᠩ ᠬᠢᠨᠠᠨ ᠪᠤᠳᠤᠭᠳᠠᠵᠦ ᠪᠠᠶᠢᠭ᠎ᠠ ᠨᠢᠭᠡᠴᠢ ᠳᠤ ᠬᠢᠨᠠᠨ ᠪᠤᠳᠤᠬᠤ ᠵᠦᠢᠯᠡᠰ ᠤᠨ | ᠨᠡᠷᠡᠶᠢᠳᠦᠯ᠂ ᠬᠢᠨᠠᠨ ᠪᠤᠳᠤᠬᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠪᠠ ᠢᠯᠡᠴᠢᠯᠡᠨ ᠮᠡᠳᠡᠭᠦᠯᠬᠦ ᠤᠲᠠᠰᠤ ᠵᠡᠷᠭᠡ | ᠠᠭᠤᠯᠭ᠎ᠠ ᠶᠢ ᠵᠠᠷᠯᠠᠨ ᠨᠡᠶᠢᠲᠡᠯᠡᠬᠦ ᠬᠡᠷᠡᠭᠲᠡᠶ᠃ | ᠬᠤᠷᠢᠨ ᠲᠠᠪᠤᠳᠤᠭᠠᠷ ᠵᠦᠢᠯ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠶᠠᠪᠤᠴᠠ ᠳᠤ᠂ ᠬᠢᠨᠠᠨ | ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠤᠨ ᠪᠠᠶᠢᠭ᠎ᠠ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠬᠦᠨ ᠤ | ᠰᠠᠨᠠᠯ ᠢ ᠰᠣᠨᠣᠰᠬᠤ ᠬᠡᠷᠡᠭᠲᠡᠶ᠃ | ᠣᠷᠣᠨ ᠨᠤᠲᠤᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠭᠤᠣᠯ ᠤᠳᠤᠷᠢᠳᠬᠤ ᠺᠠᠳ᠋ᠷ ᠢ ᠬᠢᠨᠠᠨ | ᠪᠤᠳᠤᠬᠤ ᠳᠠᠭᠠᠨ ᠪᠠᠰᠠ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠤᠯᠤᠰ ᠲᠦᠷᠦ ᠶᠢᠨ ᠵᠥᠪᠯᠡᠯᠭᠡᠨ ᠤ ᠭᠤᠣᠯ ᠬᠠᠷᠢᠭᠤᠴᠠᠯᠭᠠᠲᠠᠨ ᠨᠥᠬᠦᠳ ᠤᠨ ᠰᠠᠨᠠᠯ ᠢ ᠰᠣᠨᠣᠰᠬᠤ | ᠬᠡᠷᠡᠭᠲᠡᠶ᠃ | ᠬᠢᠨᠠᠨ ᠪᠤᠳᠤᠬᠤ ᠵᠥᠪᠯᠡᠯ ᠤᠨ ᠠᠯᠪᠠᠨ ᠬᠡᠷ᠂ ᠬᠢᠨᠠᠨ ᠪᠤᠳᠤᠬᠤ ᠪᠠᠶᠢᠭᠤᠯᠤᠯᠭ᠎ᠠ ᠨᠤᠭᠤᠳ ᠬᠠᠮᠲᠤᠷᠠᠭᠰᠠᠨ | ᠬᠤᠷᠠᠯ ᠤᠨ ᠬᠤᠯᠪᠣᠭᠳᠠᠯ ᠪᠥᠬᠦᠶ ᠪᠦᠷᠢᠯᠳᠦᠬᠦᠨ ᠨᠢᠭᠡᠴᠡ ᠶᠢᠨ ᠰᠠᠨᠠᠯ ᠢ ᠰᠣᠨᠣᠰᠴᠤ᠂ ᠬᠢᠨᠠᠨ ᠪᠤᠳᠤᠭᠳᠠᠵᠦ ᠪᠠᠶᠢᠭ᠎ᠠ | ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠤᠯᠪᠣᠭᠳᠠᠬᠤ ᠬᠢᠨᠠᠨ | ᠪᠠᠶᠢᠴᠠᠭᠠᠵᠤ ᠬᠢᠨᠠᠨ ᠰᠢᠯᠭᠠᠭᠰᠠᠨ᠂ ᠣᠯᠠᠨ ᠲᠦᠮᠡᠨ ᠤ ᠲᠤᠰᠬᠠᠭᠰᠠᠨ᠂ ᠲᠣᠭᠤᠷᠢᠨ ᠪᠠᠶᠢᠴᠠᠭᠠᠵᠤ ᠲᠣᠭᠤᠷᠢᠨ | ᠪᠠᠶᠢᠴᠠᠭᠠᠵᠤ ᠬᠠᠷᠢᠭᠤ ᠲᠤᠰᠬᠠᠭᠰᠠᠨ᠂ ᠵᠣᠬᠢᠶᠠᠨ ᠪᠠᠶᠢᠭᠤᠯᠵᠤ ᠪᠣᠯᠵᠣᠨ ᠶᠠᠷᠢᠯᠴᠠᠭᠰᠠᠨ᠂ ᠵᠠᠬᠢᠳᠠᠯ ᠢᠶᠠᠷ ᠠᠰᠠᠭᠤᠨ | ᠪᠠᠶᠢᠴᠠᠭᠠᠭᠰᠠᠨ᠂ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠵᠡᠷᠭᠡ ᠪᠠᠶᠢᠳᠠᠯ ᠢ ᠴᠠᠭ ᠲᠤᠬᠠᠶ ᠳᠤᠨᠢ | ᠣᠶᠢᠯᠠᠭᠠᠬᠤ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ | ᠨᠢᠭᠡᠴᠢ ᠵᠢᠴᠢ ᠬᠤᠯᠪᠣᠭᠳᠠᠯ ᠪᠦᠬᠦᠢ ᠪᠤᠰᠤᠳ ᠨᠢᠭᠡᠴᠢ ᠨᠦᠭᠦᠳ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ | ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠤᠯᠪᠣᠭᠳᠠᠬᠤ ᠳᠣᠣᠷ᠎ᠠ ᠵᠢᠭᠰᠠᠭᠠᠭᠰᠠᠨ | ᠮᠠᠲ᠋ᠧᠷᠢᠶᠠᠯ ᠤᠳ ᠢ ᠴᠠᠭ ᠲᠤᠬᠠᠶ ᠳᠤᠨᠢ᠂ ᠣᠨᠣᠪᠴᠢᠲᠠᠶ᠂ ᠪᠦᠷᠢᠨ ᠪᠦᠲᠦᠨ ᠢᠶᠠᠷ ᠬᠠᠩᠭᠠᠬᠤ ᠬᠡᠷᠡᠭᠲᠡᠶ᠄ | ︵ᠨᠢᠭᠡ︶ ᠬᠢᠨᠠᠨ ᠪᠣᠳᠣᠭᠳᠠᠬᠤ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ︔ | ︵ᠬᠤᠶᠠᠷ︶ ᠠᠵᠢᠯ ᠤᠨ ᠲᠥᠯᠥᠪᠯᠡᠭᠡ᠂ ᠠᠵᠢᠯ ᠤᠨ ᠳ᠋ᠦᠩᠨᠡᠯᠲᠡ᠂ ᠠᠵᠢᠯ ᠤᠨ ᠮᠡᠳᠡᠭᠦᠯᠦᠯᠲᠡ᠂ | ᠬᠤᠷᠠᠯ ᠤᠨ ᠲᠡᠮᠳᠡᠭᠯᠡᠯ᠂ ᠬᠤᠷᠠᠯ ᠤᠨ ᠲᠣᠪᠴᠢ ᠲᠡᠮᠳᠡᠭᠯᠡᠯ᠂ ᠰᠢᠢᠳᠪᠦᠷᠢ ᠲᠣᠭᠲᠠᠭᠠᠯ᠂ ᠵᠢᠭᠠᠪᠤᠷᠢ ᠠᠪᠬᠤ᠂ | ᠴᠣᠬᠤᠯᠠᠪᠤᠷᠢ᠂ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ᠂ ᠠᠵᠤ ᠠᠬᠤᠶ ᠶᠢᠨ ᠭᠡᠷ᠎ᠡ᠂ ᠬᠢᠨᠠᠨ ᠰᠢᠯᠭᠠᠵᠤ | ᠪᠠᠶᠢᠴᠠᠭᠠᠭᠰᠠᠨ ᠦᠷ᠎ᠡ ᠳ᠋ᠦᠩ᠂ ᠲᠤᠬᠠᠶᠢᠯᠠᠭᠰᠠᠨ ᠠᠵᠢᠯ ᠤᠨ ᠲᠠᠩᠰᠠ ᠡᠪᠬᠡᠮᠡᠯ᠂ ᠪᠠᠶᠢᠭᠤᠯᠤᠮᠵᠢ ᠶᠢᠨ ᠣᠷᠣᠨ | ᠲᠤᠭ᠎ᠠ᠂ ᠲᠦᠷᠢᠮ ᠲᠣᠭᠲᠠᠭᠠᠯ᠂ ᠥᠩᠭᠡᠷᠡᠭᠰᠡᠨ ᠤ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠡᠷᠭᠡ ᠮᠠᠲ᠋ᠧᠷᠢᠶᠠᠯ︔ | ︵ᠭᠤᠷᠪᠠ︶ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ | ᠬᠤᠯᠪᠣᠭᠳᠠᠯ ᠪᠦᠬᠦᠢ ᠮᠠᠲ᠋ᠧᠷᠢᠶᠠᠯ︔ | ︵ᠲᠦᠷᠪᠡ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠢ ᠬᠤᠯᠪᠣᠭᠳᠠᠬᠤ ᠡᠯᠧᠺᠲᠷᠣᠨ ᠳ᠋ᠠᠶᠢᠲ᠋ᠠ ᠪᠠ | ᠴᠢᠬᠤᠯᠠ ᠪᠦᠬᠦᠢ ᠮᠡᠷᠭᠡᠵᠢᠯ ᠤᠨ ᠪᠢᠴᠢᠭᠯᠡᠯ︔ | ︵ᠲᠠᠪᠤ︶ ᠬᠢᠨᠠᠨ ᠪᠤᠳᠤᠬᠤ ᠳᠤ ᠬᠡᠷᠡᠭᠰᠡᠬᠦ ᠪᠤᠰᠤᠳ ᠮᠠᠲ᠋ᠧᠷᠢᠶᠠᠯ᠃ | ᠬᠤᠷᠢᠨ ᠳᠣᠯᠣᠳᠤᠭᠠᠷ ᠵᠦᠢᠯ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ | ᠨᠢᠭᠡᠴᠢ ᠨᠢ ᠬᠠᠩᠭᠠᠭᠰᠠᠨ ᠮᠠᠲ᠋ᠧᠷᠢᠶᠠᠯ ᠤᠨ ᠢᠶᠠᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠲᠤ | ᠬᠠᠷᠢᠭᠤᠴᠠᠬᠤ ᠬᠡᠷᠡᠭᠲᠡᠶ ᠪᠥᠭᠡᠳ ᠪᠢᠴᠢᠭ ᠤᠨ ᠠᠮᠠᠯᠠᠯᠲᠠ ᠬᠢᠬᠦ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠳᠤ ᠤᠳᠤᠷᠢᠳᠬᠤ | ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ | ᠪᠤᠳᠤᠯᠲᠠ ᠵᠡᠷᠭᠡ ᠪᠤᠰᠤᠳ ᠬᠢᠨᠠᠨ ᠪᠤᠳᠤᠯᠲᠠ ᠯᠤᠭ᠎ᠠ ᠶᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ | ᠴᠢᠩᠭᠠᠳᠬᠠᠵᠤ᠂ ᠬᠢᠨᠠᠨ ᠪᠤᠳᠤᠯᠲᠠ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠬᠢᠨᠠᠨ | ᠪᠤᠳᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠨ᠎ᠡ ᠶᠢ ᠡᠭᠦᠳᠴᠦ᠂ ᠲᠣᠮᠣ ᠳ᠋ᠠᠶᠢᠲ᠋ᠠ ᠵᠡᠷᠭᠡ | ᠰᠢᠨ᠎ᠡ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠤᠨ᠂ ᠬᠢᠨᠠᠨ ᠪᠤᠳᠤᠯᠲᠠ ᠶᠢᠨ ᠠᠵᠢᠯ ᠤᠨ ᠮᠡᠳᠡᠭᠡ ᠵᠠᠩᠭᠢ ᠪᠠ ᠦᠷ᠎ᠡ | ᠳ᠋ᠦᠩ ᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠢᠨᠠᠨ ᠪᠤᠳᠤᠯᠲᠠ ᠶᠢᠨ ᠬᠢᠨᠠᠯᠲᠠ | ᠲᠠᠯᠪᠢᠬᠤ ᠪᠦᠬᠦᠯᠢ ᠴᠣᠭᠴᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | ᠬᠤᠷᠢ ᠶᠢᠰᠦᠳᠦᠭᠡᠷ ᠵᠦᠢᠯ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠶᠠᠪᠤᠴᠠ ᠳᠤ᠂ | ᠲᠣᠭᠲᠠᠭᠠᠯ ᠶᠣᠰᠣᠭᠠᠷ ᠬᠠᠤᠯᠢ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠳᠤ | ᠬᠠᠮᠵᠢᠯᠴᠠᠭᠤᠯᠬᠤ ᠪᠠᠷ ᠳᠡᠪᠰᠢᠭᠦᠯᠵᠦ ᠪᠣᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠳᠡᠮᠵᠢᠯᠭᠡ | ᠦᠵᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠮᠠᠲ᠋ᠧᠷᠢᠶᠠᠯ ᠪᠠ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠩᠭᠠᠬᠤ | ᠬᠡᠷᠡᠭᠲᠡᠶ᠃ | ᠭᠤᠴᠢᠳᠤᠭᠠᠷ ᠵᠦᠢᠯ ᠨᠢᠭᠲᠠᠯᠠᠨ ᠪᠠᠶᠢᠴᠠᠭᠠᠬᠤ ᠳᠤᠭᠤᠶᠢᠯᠠᠩ ᠨᠢᠭᠲᠠᠯᠠᠨ ᠪᠠᠢᠴᠠᠭᠠᠭᠰᠠᠨ ᠤ ᠳᠠᠷᠠᠭ᠎ᠠ᠂ | ᠨᠢᠭᠲᠠᠯᠠᠨ ᠪᠠᠶᠢᠴᠠᠭᠠᠬᠤ ᠳᠤᠭᠤᠢᠯᠠᠩ ᠢ ᠲᠣᠮᠢᠯᠠᠭᠰᠠᠨ ᠨᠢᠭᠲᠠᠯᠠᠨ ᠪᠠᠶᠢᠴᠠᠭᠠᠬᠤ ᠬᠤᠮᠢᠰ ᠤᠨ ᠠᠯᠪᠠᠨ ᠭᠡᠷ᠂ | ᠨᠢᠭᠲᠠᠯᠠᠨ ᠪᠠᠶᠢᠴᠠᠭᠠᠬᠤ ᠪᠠᠢᠭᠤᠯᠤᠯᠭ᠎ᠠ ᠳᠤ ᠨᠢᠭᠲᠠᠯᠠᠨ ᠪᠠᠢᠴᠠᠭᠠᠭᠰᠠᠨ ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠶ᠃ | ᠬᠢᠨᠠᠨ ᠪᠤᠳᠤᠯᠲᠠ ᠶᠢᠨ ᠮᠡᠳᠡᠭᠦᠯᠦᠯᠲᠡ ᠳᠤ ᠶᠡᠷᠦ ᠳᠡᠭᠡᠨ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ | ᠺᠠᠳ᠋ᠷ ᠤᠨ ᠲᠤᠰᠢᠶᠠᠯ ᠤᠨ ᠬᠤᠭᠤᠴᠠᠭᠠᠨ ᠳᠠᠬᠢ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ | ᠪᠠᠶᠢᠳᠠᠯ ᠤᠨ ᠲᠤᠬᠠᠶ ᠶᠡᠷᠦᠩᠬᠡᠶ ᠦᠨᠡᠯᠡᠯᠲᠡ᠂ ᠭᠤᠣᠯ ᠠᠵᠢᠯ ᠤᠨ ᠪᠦᠲᠦᠮᠵᠢ᠂ ᠬᠢᠨᠠᠨ ᠪᠤᠳᠤᠯᠲᠠ ᠪᠠᠷ | ᠢᠯᠡᠷᠡᠭᠦᠯᠦᠭᠰᠡᠨ ᠭᠤᠣᠯ ᠠᠰᠠᠭᠤᠳᠠᠯ ᠪᠠ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠬᠤ᠂ ᠬᠢᠨᠠᠨ ᠪᠤᠳᠤᠯᠲᠠ ᠶᠢᠨ | ᠰᠠᠨᠠᠭᠤᠯᠭ᠎ᠠ ᠵᠡᠷᠭᠡ ᠠᠭᠤᠯᠭ᠎ᠠ ᠶᠢ ᠪᠠᠭᠲᠠᠭᠠᠳᠠᠭ᠃ | ᠭᠤᠴᠢᠨ ᠨᠢᠭᠡᠳᠦᠭᠡᠷ ᠵᠦᠢᠯ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠨᠢ | ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ ᠨᠢᠭᠡᠴᠢ ᠶᠢᠨ ᠬᠢᠨᠠᠨ ᠪᠤᠳᠤᠬᠤ | ᠳᠤᠭᠤᠶᠢᠯᠠᠩ ᠤᠨ ᠬᠢᠨᠠᠨ ᠪᠤᠳᠤᠭᠰᠠᠨ ᠮᠡᠳᠡᠭᠦᠯᠦᠯᠲᠡ ᠶᠢᠨ ᠲᠤᠬᠠᠢ ᠰᠠᠨᠠᠯ ᠢ ᠪᠢᠴᠢᠭ ᠢᠶᠠᠷ ᠬᠤᠷᠢᠶᠠᠬᠤ ᠬᠡᠷᠡᠭᠲᠡᠢ᠃ | ᠭᠤᠴᠢᠨ ᠬᠤᠶᠠᠳᠤᠭᠠᠷ ᠵᠦᠢᠯ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ | ᠨᠢᠭᠡᠴᠢ ᠨᠢ ᠬᠢᠨᠠᠨ ᠪᠤᠳᠤᠬᠤ ᠳᠤᠭᠤᠶᠢᠯᠠᠩ ᠤᠨ ᠬᠢᠨᠠᠨ ᠪᠤᠳᠤᠭᠰᠠᠨ ᠮᠡᠳᠡᠭᠦᠯᠦᠯᠲᠡ ᠶᠢ ᠣᠯᠤᠭᠰᠠᠨ ᠡᠳᠦᠷ ᠠᠴᠠ | ᠡᠬᠢᠯᠡᠨ 10 ᠠᠵᠢᠯ ᠤᠨ ᠡᠳᠦᠷ ᠤᠨ ᠳᠣᠲᠣᠷ᠎ᠠ ᠪᠢᠴᠢᠭ ᠢᠶᠠᠷ ᠰᠠᠨᠠᠯ ᠢᠶᠠᠨ ᠳᠤᠷᠠᠳᠬᠤ ᠬᠡᠷᠡᠭᠲᠡᠶ︔ 10 ᠠᠵᠢᠯᠯᠠᠬᠤ | ᠡᠳᠦᠷ ᠤᠨ ᠳᠣᠲᠣᠷ᠎ᠠ ᠪᠢᠴᠢᠭ ᠢᠶᠠᠷ ᠰᠠᠨᠠᠯ ᠳᠤᠷᠠᠳᠤᠭᠰᠠᠨ ᠦᠭᠡᠢ ᠪᠠᠶᠢᠪᠠᠯ᠂ ᠣᠨᠳᠣᠣ ᠰᠠᠨᠠᠯ ᠦᠭᠡᠢ ᠪᠠᠷ ᠦᠵᠡᠨ᠎ᠡ᠃ | | ᠬᠢᠨᠠᠨ ᠪᠤᠳᠤᠬᠤ ᠳᠤᠭᠤᠶᠢᠯᠠᠩ ᠨᠢ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠵᠢᠴᠢ ᠲᠡᠭᠦᠨ ᠤ | ᠪᠠᠶᠢᠭ᠎ᠠ ᠨᠢᠭᠡᠴᠢ ᠶᠢᠨ ᠳᠤᠷᠠᠳᠤᠭᠰᠠᠨ ᠪᠢᠴᠢᠭ ᠤᠨ ᠰᠠᠨᠠᠯ ᠳᠤ ᠴᠢᠭᠯᠡᠭᠦᠯᠦᠨ ᠤᠯᠠᠮ ᠨᠢᠭᠡ ᠠᠯᠬᠤᠮ ᠰᠤᠳᠤᠯᠤᠨ | ᠬᠢᠨᠠᠨ ᠬᠠᠷᠭᠤᠭᠤᠯᠵᠤ᠂ ᠬᠢᠨᠠᠨ ᠪᠤᠳᠤᠭᠰᠠᠨ ᠮᠡᠳᠡᠭᠦᠯᠦᠯᠲᠡ ᠳᠤ ᠴᠢᠬᠤᠯᠠ ᠪᠦᠬᠦᠢ ᠵᠠᠰᠠᠪᠤᠷᠢ ᠣᠷᠣᠭᠤᠯᠵᠤ᠂ ᠬᠢᠨᠠᠨ | ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ ᠨᠢᠭᠡᠴᠢ ᠶᠢᠨ ᠪᠢᠴᠢᠭ ᠤᠨ ᠰᠠᠨᠠᠯ ᠲᠠᠢ | ᠬᠠᠮᠲᠤ ᠳᠤᠨᠢ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠳᠤ ᠮᠡᠳᠡᠭᠦᠯᠦᠨ ᠬᠦᠷᠭᠡᠬᠦ | ᠬᠡᠷᠡᠭᠲᠡᠶ᠃ | ᠭᠤᠴᠢᠨ ᠭᠤᠷᠪᠠᠳᠤᠭᠠᠷ ᠵᠦᠢᠯ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ | ᠲᠣᠭᠲᠠᠭᠠᠭᠰᠠᠨ ᠵᠢᠷᠤᠮ ᠶᠣᠰᠣᠭᠠᠷ ᠬᠢᠨᠠᠨ ᠪᠤᠳᠤᠬᠤ ᠳᠤᠭᠤᠶᠢᠯᠠᠩ ᠤᠨ ᠬᠢᠨᠠᠨ ᠪᠤᠳᠤᠭᠰᠠᠨ ᠮᠡᠳᠡᠭᠦᠯᠦᠯᠲᠡ ᠶᠢ ᠬᠢᠨᠠᠨ | ᠲᠣᠭᠲᠠᠭᠠᠵᠤ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠭᠰᠠᠨ ᠮᠡᠳᠡᠭᠦᠯᠦᠯᠲᠡ ᠬᠢᠵᠦ ᠥᠭᠭᠦᠨ᠎ᠡ︔ | ᠡᠭᠦᠨ ᠤ ᠬᠠᠮᠲᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠦᠷ᠎ᠡ ᠳ᠋ᠦᠩ ᠤᠨ | ᠮᠡᠳᠡᠭᠦᠯᠦᠯᠲᠡ ᠶᠢ ᠭᠠᠷᠭᠠᠵᠤ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠮᠡᠳᠡᠭᠦᠯᠦᠯᠲᠡ ᠶᠢᠨ | ᠰᠠᠭᠤᠷᠢᠨ ᠳᠡᠭᠡᠷ᠎ᠡ᠂ ᠬᠢᠨᠠᠨ ᠪᠤᠳᠤᠯᠳᠠ ᠶᠢᠨ ᠦᠷ᠎ᠡ ᠳ᠋ᠦᠩ ᠢ ᠲᠦᠬᠦᠮ ᠲᠤᠰᠬᠠᠨ᠎ᠠ᠃ | ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠮᠡᠳᠡᠭᠦᠯᠦᠯᠲᠡ ᠪᠠ ᠠᠵᠤ ᠠᠬᠤᠶ ᠶᠢᠨ | ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠦᠷ᠎ᠡ ᠳ᠋ᠦᠩ ᠤᠨ ᠮᠡᠳᠡᠭᠦᠯᠦᠯᠲᠡ ᠶᠢᠨ ᠪᠣᠳᠠᠲᠤ ᠶᠠᠪᠤᠳᠠᠯ ᠨᠢ | ᠲᠣᠳᠣᠷᠬᠠᠶ᠂ ᠦᠨᠡᠯᠡᠯᠲᠡ ᠨᠢ ᠪᠤᠰᠤᠳᠴᠢ᠂ ᠬᠠᠷᠢᠭᠤᠴᠠᠯᠭ᠎ᠠ ᠨᠢ ᠲᠣᠳᠣᠷᠬᠠᠶ᠂ ᠬᠡᠷᠡᠭᠯᠡᠭᠰᠡᠨ ᠦᠭᠡ ᠨᠢ | ᠲᠣᠬᠢᠷᠠᠮᠵᠢᠲᠠᠶ᠂ ᠦᠭᠡ ᠥᠭᠦᠯᠡᠪᠦᠷᠢ ᠨᠢ ᠨᠠᠷᠢᠨ ᠪᠣᠯᠪᠠᠰᠤᠷᠠᠩᠭᠤᠶ᠂ ᠣᠶᠢᠯᠠᠭᠠᠮᠵᠢᠲᠠᠶ ᠪᠠᠶᠢᠬᠤ ᠬᠡᠷᠡᠭᠲᠡᠶ᠃ | ᠭᠤᠴᠢᠨ ᠳᠥᠷᠪᠡᠳᠦᠭᠡᠷ ᠵᠦᠢᠯ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ | ᠮᠡᠳᠡᠭᠦᠯᠦᠯᠲᠡ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠦᠷ᠎ᠡ ᠳ᠋ᠦᠩ ᠤᠨ ᠮᠡᠳᠡᠭᠦᠯᠦᠯᠲᠡ | ᠵᠡᠷᠭᠡ ᠬᠢᠨᠠᠨ ᠪᠤᠳᠤᠯᠳᠠ ᠶᠢᠨ ᠳ᠋ᠦᠩᠨᠡᠯᠲᠡ ᠶᠢᠨ ᠴᠢᠨᠠᠷᠲᠠᠶ ᠪᠢᠴᠢᠭ ᠬᠠᠷ᠎ᠠ ᠶᠢ ᠲᠣᠭᠲᠠᠭᠠᠭᠰᠠᠨ ᠵᠢᠷᠤᠮ ᠶᠣᠰᠣᠭᠠᠷ | ᠠᠳᠠᠯᠢ ᠱᠠᠲᠤᠨ ᠤ ᠬᠢᠨᠠᠨ ᠪᠤᠳᠤᠬᠤ ᠺᠣᠮᠢᠰ ᠲᠤ ᠮᠡᠳᠡᠭᠦᠯᠵᠦ᠂ ᠺᠠᠳ᠋ᠷ ᠢ ᠬᠠᠮᠢᠶᠠᠷᠬᠤ ᠡᠷᠬᠡ ᠶᠢᠨ ᠬᠡᠪᠴᠢᠶ᠎ᠡ ᠶᠣᠰᠣᠭᠠᠷ | ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤ ᠬᠦᠷᠭᠡᠨ᠎ᠡ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠵᠡᠷᠭᠡ ᠬᠠᠮᠲᠤᠷᠠᠭᠰᠠᠨ ᠬᠤᠷᠠᠯᠳᠤᠭᠠᠨ ᠤ ᠪᠤᠰᠤᠳ | ᠪᠦᠷᠢᠯᠳᠦᠬᠦᠨ ᠨᠢᠭᠡᠴᠢ᠂ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠬᠦᠷᠭᠡᠨ᠎ᠡ᠃ | ᠣᠷᠣᠨ ᠨᠤᠲᠤᠭ ᠤᠨ ᠬᠢᠨᠠᠨ ᠪᠤᠳᠤᠬᠤ ᠪᠠᠶᠢᠭᠤᠯᠭ᠎ᠠ ᠶᠢᠨ ᠭᠤᠣᠯ ᠤᠳᠤᠷᠢᠳᠬᠤ ᠺᠠᠳ᠋ᠷ ᠤᠨ ᠠᠵᠤ | ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠳ᠋ᠦᠩᠨᠡᠯᠲᠡ ᠶᠢᠨ ᠴᠢᠨᠠᠷᠲᠠᠶ ᠪᠢᠴᠢᠭ ᠬᠠᠷ᠎ᠠ ᠶᠢ ᠳᠡᠭᠡᠷ᠎ᠡ | ᠨᠢᠭᠡ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠠᠴᠠ ᠬᠤᠯᠪᠣᠭᠳᠠᠯ ᠪᠦᠬᠦᠢ ᠵᠣᠬᠢᠶᠠᠨ ᠪᠠᠶᠢᠭᠤᠯᠬᠤ ᠰᠠᠯᠠᠭ᠎ᠠ | ᠮᠥᠴᠢᠷ ᠲᠤ ᠬᠦᠷᠭᠡᠨ᠎ᠡ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠤᠯᠪᠣᠭᠳᠠᠯ ᠪᠦᠬᠦᠢ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠬᠦᠷᠭᠡᠬᠦ ᠬᠡᠷᠡᠭᠲᠡᠶ᠃ | ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠮᠡᠳᠡᠭᠦᠯᠦᠯᠲᠡ ᠶᠢ ᠬᠢᠨᠠᠨ ᠪᠤᠳᠤᠭᠳᠠᠵᠦ | ᠪᠠᠶᠢᠭ᠎ᠠ ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ ᠨᠢᠭᠡᠴᠢ ᠳᠤ ᠬᠦᠷᠭᠡᠬᠦ ᠬᠡᠷᠡᠭᠲᠡᠶ᠃ | ᠭᠤᠴᠢᠨ ᠲᠠᠪᠤᠳᠤᠭᠠᠷ ᠵᠦᠢᠯ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠶᠠᠪᠤᠴᠠ ᠳᠤ ᠣᠯᠵᠤ | ᠮᠡᠳᠡᠭᠰᠡᠨ ᠴᠢᠬᠤᠯᠠ ᠶᠡᠭᠡ ᠠᠰᠠᠭᠤᠳᠠᠯ ᠤᠨ ᠰᠦᠪᠡᠭᠴᠢ ᠶᠢ ᠬᠢᠨᠠᠨ ᠪᠤᠳᠤᠬᠤ ᠺᠣᠮᠢᠰ ᠤᠨ ᠠᠯᠪᠠᠨ ᠭᠡᠷ ᠠᠴᠠ | ᠲᠣᠭᠲᠠᠭᠠᠯ ᠶᠣᠰᠣᠭᠠᠷ ᠬᠢᠨᠠᠨ ᠪᠤᠳᠤᠬᠤ ᠺᠣᠮᠢᠰ ᠲᠤ ᠮᠡᠳᠡᠭᠦᠯᠦᠨ᠎ᠡ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠬᠤᠯᠪᠣᠭᠳᠠᠯ ᠪᠦᠬᠦᠢ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠤᠨ ᠰᠢᠢᠳᠪᠦᠷᠢᠯᠡᠬᠦ ᠶᠣᠰᠣᠲᠠᠶ ᠠᠰᠠᠭᠤᠳᠠᠯ ᠤᠨ ᠰᠦᠪᠡᠭᠴᠢ ᠶᠢ ᠬᠢᠨᠠᠨ ᠪᠤᠳᠤᠬᠤ | ᠪᠠᠶᠢᠭᠤᠯᠭ᠎ᠠ ᠠᠴᠠ ᠲᠣᠭᠲᠠᠭᠠᠯ ᠰᠠᠬᠢᠯᠭ᠎ᠠ ᠬᠠᠤᠯᠢ ᠶᠣᠰᠣᠭᠠᠷ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃ | ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠤᠨ ᠪᠠᠶᠢᠭ᠎ᠠ ᠨᠢᠭᠡᠴᠢ ᠳᠤ ᠣᠷᠣᠰᠢᠵᠤ ᠪᠠᠶᠢᠭ᠎ᠠ | ᠤᠯᠤᠰ ᠤᠨ ᠲᠣᠭᠲᠠᠭᠠᠯ ᠢ ᠵᠥᠷᠢᠴᠡᠭᠰᠡᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠡᠳ᠋ ᠤᠨ ᠶᠠᠪᠤᠳᠠᠯ ᠤᠨ | ᠣᠷᠣᠯᠭ᠎ᠠ ᠵᠠᠷᠤᠯᠭ᠎ᠠ ᠶᠢᠨ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠵᠦ ᠰᠢᠳᠬᠡᠬᠦ ᠬᠡᠷᠡᠭᠲᠡᠶ ᠪᠠᠶᠢᠪᠠᠯ᠂ ᠬᠢᠨᠠᠨ | ᠪᠤᠳᠤᠬᠤ ᠪᠠᠶᠢᠭᠤᠯᠭ᠎ᠠ ᠠᠴᠠ ᠬᠠᠤᠯᠢ ᠳᠤ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠤ ᠳᠣᠲᠣᠷ᠎ᠠ ᠬᠢᠨᠠᠨ | ᠪᠤᠳᠤᠭᠰᠠᠨ ᠲᠣᠭᠲᠠᠭᠠᠯ ᠭᠠᠷᠭᠠᠨ᠎ᠠ᠃ | ᠭᠤᠴᠢᠨ ᠵᠢᠷᠭᠤᠳᠤᠭᠠᠷ ᠵᠦᠢᠯ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠲᠦᠷᠦᠯ ᠵᠦᠢᠯ | ᠳᠠᠭᠤᠰᠤᠭᠰᠠᠨ ᠤ ᠲᠠᠷᠠᠭ᠎ᠠ᠂ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠤᠯᠭ᠎ᠠ ᠠᠴᠠ | ᠵᠣᠬᠢᠶᠠᠨ ᠪᠠᠶᠢᠭᠤᠯᠤᠨ ᠬᠤᠷᠠᠯ ᠬᠤᠷᠠᠯᠳᠤᠭᠤᠯᠵᠤ᠂ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠬᠢᠭᠡᠳ | ᠲᠡᠭᠦᠨ ᠤ ᠪᠠᠶᠢᠭ᠎ᠠ ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠬᠦᠨ ᠵᠡᠷᠭᠡ ᠬᠤᠯᠪᠣᠭᠳᠠᠯ ᠪᠥᠬᠦᠢ ᠬᠥᠮᠦᠰ ᠲᠤ | ᠬᠢᠨᠠᠨ ᠪᠤᠳᠤᠭᠰᠠᠨ ᠦᠷ᠎ᠡ ᠳ᠋ᠦᠩ ᠪᠣᠯᠤᠨ ᠬᠠᠮᠢᠶ᠎ᠠ ᠪᠥᠬᠦᠢ ᠪᠠᠶᠢᠳᠠᠯ ᠢ ᠬᠠᠷᠢᠭᠤ ᠲᠤᠰᠬᠠᠬᠤ ᠬᠡᠷᠡᠭᠲᠡᠶ᠃ | ᠬᠠᠮᠲᠤᠷᠠᠭᠰᠠᠨ ᠬᠤᠷᠠᠯᠳᠤᠭᠠᠨ ᠤ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠢ ᠨᠦᠭᠦᠳ ᠠᠵᠢᠯ ᠤᠨ ᠬᠡᠷᠡᠭᠴᠡᠭᠡ ᠪᠠᠨ | ᠦᠨᠳᠦᠰᠦᠯᠡᠨ ᠬᠥᠮᠦᠨ ᠲᠣᠮᠢᠯᠠᠨ ᠣᠷᠣᠯᠴᠠᠭᠤᠯᠵᠤ ᠪᠣᠯᠤᠨ᠎ᠠ᠃ | ᠭᠤᠴᠢᠨ ᠳᠣᠯᠣᠳᠤᠭᠠᠷ ᠵᠦᠢᠯ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠬᠢᠨᠠᠨ ᠪᠤᠳᠤᠬᠤ | ᠺᠣᠮᠢᠰ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠶᠢᠨ ᠭᠠᠷᠭᠠᠭᠰᠠᠨ ᠠᠵᠤ ᠠᠬᠤᠶ ᠶᠢᠨ ᠬᠠᠷᠢᠭᠤᠴᠠᠯᠭ᠎ᠠ ᠶᠢᠨ | ᠬᠢᠨᠠᠨ ᠪᠤᠳᠤᠭᠰᠠᠨ ᠮᠡᠳᠡᠭᠦᠯᠦᠯᠲᠡ ᠳᠤ ᠣᠨᠳᠣᠣ ᠰᠠᠨᠠᠯ ᠲᠠᠢ ᠪᠠᠶᠢᠪᠠᠯ᠂ ᠬᠢᠨᠠᠨ ᠪᠤᠳᠤᠭᠰᠠᠨ ᠮᠡᠳᠡᠭᠦᠯᠦᠯᠲᠡ ᠶᠢ | ᠣᠯᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠠᠳᠠᠯᠢ ᠱᠠᠲᠤᠨ ᠤ ᠬᠢᠨᠠᠨ ᠪᠤᠳᠤᠬᠤ ᠺᠣᠮᠢᠰ ᠤᠨ | ᠠᠯᠪᠠᠨ ᠭᠡᠷ ᠲᠤ ᠭᠤᠮᠣᠳᠠᠯ ᠲᠣᠭᠠᠴᠢᠵᠤ ᠪᠣᠯᠤᠨ᠎ᠠ᠃ ᠬᠢᠨᠠᠨ ᠪᠤᠳᠤᠬᠤ ᠺᠣᠮᠢᠰ ᠤᠨ ᠠᠯᠪᠠᠨ ᠭᠡᠷ ᠨᠢ ᠳᠠᠪᠲᠠᠨ | ᠪᠠᠶᠢᠴᠠᠭᠠᠬᠤ ᠠᠵᠢᠯ ᠤᠨ ᠳᠤᠭᠤᠶᠢᠯᠠᠩ ᠪᠠᠶᠢᠭᠤᠯᠬᠤ ᠶᠢᠨ ᠬᠠᠮᠲᠤ ᠤᠤᠯ ᠤᠨ ᠬᠢᠨᠠᠨ ᠪᠤᠳᠤᠬᠤ ᠳᠤᠭᠤᠶᠢᠯᠠᠩ ᠤᠨ | ᠠᠵᠢᠯᠳᠠᠨ ᠵᠡᠷᠭᠡ ᠶᠢ ᠵᠠᠶᠢᠯᠠᠭᠤᠯᠬᠤ ᠪᠠᠷ ᠱᠠᠭᠠᠷᠳᠠᠵᠤ᠂ ᠭᠤᠮᠣᠳᠠᠯ ᠲᠣᠭᠠᠴᠢᠯᠲᠠ ᠶᠢ ᠣᠯᠤᠭᠰᠠᠨ ᠡᠳᠦᠷ ᠠᠴᠠ | ᠡᠬᠢᠯᠡᠨ 90 ᠡᠳᠦᠷ ᠤᠨ ᠳᠣᠲᠣᠷ᠎ᠠ ᠳᠠᠪᠲᠠᠨ ᠪᠠᠶᠢᠴᠠᠭᠠᠭᠰᠠᠨ ᠰᠠᠨᠠᠯ ᠢᠶᠠᠨ ᠳᠤᠷᠠᠳᠴᠤ᠂ ᠬᠢᠨᠠᠨ ᠪᠤᠳᠤᠬᠤ | ᠺᠣᠮᠢᠰ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠲᠠᠷᠠᠭ᠎ᠠ ᠳᠠᠪᠲᠠᠨ ᠪᠠᠶᠢᠴᠠᠭᠠᠭᠰᠠᠨ ᠲᠣᠭᠲᠠᠭᠠᠯ ᠭᠠᠷᠭᠠᠬᠤ ᠬᠡᠷᠡᠭᠲᠡᠶ | ᠃ ᠳᠠᠪᠲᠠᠨ ᠪᠠᠶᠢᠴᠠᠭᠠᠭᠰᠠᠨ ᠲᠣᠭᠲᠠᠭᠠᠯ ᠪᠣᠯ ᠡᠴᠦᠰ ᠤᠨ ᠲᠣᠭᠲᠠᠭᠠᠯ ᠪᠣᠯᠤᠨ᠎ᠠ᠃ | ᠣᠷᠣᠨ ᠨᠤᠲᠤᠭ ᠤᠨ ᠬᠢᠨᠠᠨ ᠪᠤᠳᠤᠬᠤ ᠪᠠᠶᠢᠭᠤᠯᠭ᠎ᠠ ᠶᠢᠨ ᠭᠤᠣᠯ ᠤᠳᠤᠷᠢᠳᠬᠤ ᠺᠠᠳ᠋ᠷ ᠳᠡᠭᠡᠷ᠎ᠡ ᠨᠢᠭᠡ | ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠭᠠᠷᠭᠠᠭᠰᠠᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ | ᠪᠤᠳᠤᠭᠰᠠᠨ ᠮᠡᠳᠡᠭᠦᠯᠦᠯᠲᠡ ᠳᠤ ᠣᠨᠳᠣᠣ ᠰᠠᠨᠠᠯ ᠲᠠᠢ ᠪᠠᠶᠢᠪᠠᠯ᠂ ᠬᠢᠨᠠᠨ ᠪᠤᠳᠤᠭᠰᠠᠨ ᠮᠡᠳᠡᠭᠦᠯᠦᠯᠲᠡ ᠶᠢ ᠣᠯᠤᠭᠰᠠᠨ | ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠳᠡᠭᠡᠷ᠎ᠡ ᠨᠢᠭᠡ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠳᠤ | ᠭᠤᠮᠣᠳᠠᠯ ᠲᠣᠭᠠᠴᠢᠵᠤ ᠪᠣᠯᠤᠨ᠎ᠠ᠃ ᠳᠡᠭᠡᠷ᠎ᠡ ᠨᠢᠭᠡ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠨᠢ ᠳᠠᠪᠲᠠᠨ | ᠪᠠᠶᠢᠴᠠᠭᠠᠬᠤ ᠠᠵᠢᠯ ᠤᠨ ᠳᠤᠭᠤᠶᠢᠯᠠᠩ ᠪᠠᠶᠢᠭᠤᠯᠬᠤ ᠶᠢᠨ ᠬᠠᠮᠲᠤ ᠤᠤᠯ ᠤᠨ ᠬᠢᠨᠠᠨ ᠪᠤᠳᠤᠬᠤ ᠳᠤᠭᠤᠶᠢᠯᠠᠩ ᠤᠨ | ᠬᠥᠮᠦᠰ ᠢ ᠵᠠᠶᠢᠯᠠᠭᠤᠯᠬᠤ ᠪᠠᠷ ᠱᠠᠭᠠᠷᠳᠠᠵᠤ᠂ ᠭᠤᠮᠣᠳᠠᠯ ᠲᠣᠭᠠᠴᠢᠯᠲᠠ ᠶᠢ ᠣᠯᠤᠭᠰᠠᠨ ᠡᠳᠦᠷ ᠠᠴᠠ ᠡᠬᠢᠯᠡᠨ 90 | ᠡᠳᠦᠷ ᠤᠨ ᠳᠣᠲᠣᠷ᠎ᠠ ᠳᠠᠪᠲᠠᠨ ᠪᠠᠶᠢᠴᠠᠭᠠᠭᠰᠠᠨ ᠲᠣᠭᠲᠠᠭᠠᠯ ᠭᠠᠷᠭᠠᠬᠤ ᠬᠡᠷᠡᠭᠲᠡᠶ᠃ ᠳᠠᠪᠲᠠᠨ ᠪᠠᠶᠢᠴᠠᠭᠠᠭᠰᠠᠨ | ᠲᠣᠭᠲᠠᠭᠠᠯ ᠪᠣᠯ ᠡᠴᠦᠰ ᠤᠨ ᠲᠣᠭᠲᠠᠭᠠᠯ ᠪᠣᠯᠤᠨ᠎ᠠ᠃ | ᠲᠤᠰ ᠵᠦᠢᠯ ᠳᠤ ᠲᠣᠭᠲᠠᠭᠠᠭᠰᠠᠨ ᠬᠤᠭᠤᠴᠠᠭᠠᠨ ᠤ ᠬᠠᠮᠤᠭ ᠰᠡᠭᠦᠯᠴᠢ ᠶᠢᠨ ᠡᠳᠦᠷ ᠨᠢ ᠬᠠᠤᠯᠢ ᠪᠠᠷ | ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠪᠠᠶᠢᠪᠠᠯ᠂ ᠪᠠᠶᠠᠷ ᠳᠤᠷᠠᠰᠬᠠᠯ ᠤᠨ ᠡᠳᠦᠷ | ᠪᠠ ᠠᠮᠠᠷᠠᠯᠲᠠ ᠶᠢᠨ ᠡᠳᠦᠷ ᠤᠨ ᠳᠠᠷᠠᠭᠠᠬᠢ ᠨᠢᠭᠡᠳᠦᠭᠡᠷ ᠠᠵᠢᠯ ᠤᠨ ᠡᠳᠦᠷ ᠢᠶᠠᠷ ᠬᠤᠭᠤᠴᠠᠭ᠎ᠠ ᠳᠦᠭᠦᠷᠬᠦ ᠡᠳᠦᠷ | ᠪᠣᠯᠭᠠᠨ᠎ᠠ᠃ | ᠲᠠᠪᠤᠳᠤᠭᠠᠷ ᠪᠦᠯᠦᠭ ᠬᠢᠨᠠᠨ ᠪᠤᠳᠤᠵᠤ ᠦᠨᠡᠯᠡᠬᠦ | ᠭᠤᠴᠢᠨ ᠨᠠᠢᠮᠠᠳᠤᠭᠠᠷ ᠵᠦᠢᠯ ᠬᠢᠨᠠᠨ ᠪᠣᠳᠣᠬᠤ ᠵᠥᠪᠯᠡᠯ ᠤᠨ ᠠᠯᠪᠠᠨ ᠭᠡᠷ᠂ ᠬᠢᠨᠠᠨ ᠪᠣᠳᠣᠬᠤ ᠪᠠᠶᠢᠭᠤᠯᠤᠯᠭ᠎ᠠ | ᠠᠳᠠᠯᠢ ᠪᠤᠰᠤ ᠤᠳᠤᠷᠢᠳᠬᠤ ᠲᠤᠰᠢᠶᠠᠯ ᠤᠨ ᠲᠤᠰᠢᠶᠠᠯ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠵᠦ᠂ | ᠬᠢᠨᠠᠨ ᠪᠣᠳᠣᠵᠤ ᠭᠡᠷᠡᠴᠢ ᠪᠠᠶᠢᠴᠠᠭᠠᠭᠰᠠᠨ ᠪᠤᠶᠤ ᠪᠣᠳᠠᠲᠤ ᠶᠠᠪᠤᠳᠠᠯ ᠢ ᠨᠤᠲᠠᠯᠠᠭᠰᠠᠨ ᠰᠠᠭᠤᠷᠢᠨ ᠳᠡᠭᠡᠷ᠎ᠡ᠂ ᠣᠯᠠᠨ | ᠵᠦᠢᠯ ᠤᠨ ᠠᠷᠭ᠎ᠠ ᠶᠢ ᠶᠡᠷᠦᠩᠬᠡᠶᠢᠯᠡᠨ ᠬᠡᠷᠡᠭᠯᠡᠵᠦ᠂ ᠴᠢᠨᠠᠷ ᠢ ᠲᠣᠭᠲᠠᠭᠠᠨ ᠦᠨᠡᠯᠡᠬᠦ ᠪᠠ ᠬᠡᠮᠵᠢᠶ᠎ᠡ ᠶᠢ ᠲᠣᠭᠲᠠᠭᠠᠨ | ᠦᠨᠡᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠤᠯᠪᠣᠭᠳᠠᠯ ᠪᠥᠬᠦᠶ ᠨᠠᠮ ᠤᠨ ᠳᠣᠲᠣᠭᠠᠳᠤ ᠶᠢᠨ ᠬᠠᠤᠯᠢ | ᠲᠣᠭᠲᠠᠭᠠᠯ᠂ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ | ᠬᠠᠷᠢᠭᠤᠴᠠᠯᠭ᠎ᠠ ᠶᠢᠨ ᠲᠦᠷᠢᠮ ᠤᠨ ᠬᠢᠨᠠᠨ ᠰᠢᠯᠭᠠᠬᠤ ᠬᠠᠷᠠᠯᠲᠠ ᠵᠡᠷᠭᠡ ᠶᠢ ᠦᠨᠳᠦᠰᠦᠯᠡᠨ᠂ ᠬᠢᠨᠠᠨ ᠪᠤᠳᠤᠬᠤ | ᠬᠡᠪᠴᠢᠶᠡᠨ ᠳᠣᠲᠣᠷ᠎ᠠ᠂ ᠣᠯᠠᠨ ᠨᠡᠶᠢᠲᠡ ᠶᠢᠨ ᠪᠠᠯᠠ ᠮᠥᠩᠭᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ᠂ | ᠤᠯᠤᠰ ᠤᠨ ᠥᠮᠴᠢᠯᠡᠯ ᠤᠨ ᠡᠬᠢ ᠪᠠᠶᠠᠯᠢᠭ ᠤᠨ ᠬᠠᠮᠢᠶᠠᠷᠤᠯᠲᠠ᠂ ᠬᠤᠪᠢᠶᠠᠷᠢᠯᠠᠯᠲᠠ ᠪᠠ ᠬᠡᠷᠡᠭᠯᠡᠯᠲᠡ ᠶᠢᠨ ᠳᠤᠮᠳᠠᠬᠢ | ᠬᠤᠪᠢ ᠬᠥᠮᠦᠨ ᠤ ᠠᠷᠢᠭᠤᠨ ᠴᠢᠬᠡᠴᠢ ᠪᠠᠷ ᠵᠠᠰᠠᠭ ᠡᠷᠭᠢᠯᠡᠬᠦ ︵ᠠᠵᠢᠯ ᠡᠷᠭᠢᠯᠡᠬᠦ︶ ᠲᠣᠭᠲᠠᠭᠠᠯ ᠢ ᠵᠢᠷᠤᠮᠯᠠᠭᠰᠠᠨ | ᠵᠡᠷᠭᠡ ᠪᠠᠶᠢᠳᠠᠯ ᠢ ᠪᠠᠭᠲᠠᠭᠠᠭᠰᠠᠨ ᠬᠢᠨᠠᠨ ᠪᠤᠳᠤᠯᠲᠠ ᠬᠢᠯᠭᠡᠭᠰᠡᠨ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠪᠤᠰᠤᠳᠴᠢ ᠪᠥᠭᠡᠳ ᠲᠥᠪ ᠭᠤᠤᠯᠴᠢ᠂ ᠦᠨᠡᠨ ᠠᠴᠠ ᠵᠥᠪ ᠢ | ᠡᠷᠢᠭ᠍ᠰᠡᠨ ᠦᠨᠡᠯᠡᠯᠲᠡ ᠬᠢᠨ᠎ᠠ᠃ | ᠬᠢᠨᠠᠨ ᠪᠤᠳᠤᠬᠤ ᠦᠨᠡᠯᠡᠯᠲᠡ ᠳᠤ ᠭᠦᠢᠴᠡᠳ ᠬᠢᠨᠠᠨ ᠪᠤᠳᠤᠬᠤ ᠬᠡᠷᠡᠴᠢ ᠪᠠᠷᠢᠮᠲᠠ ᠶᠢᠨ ᠳᠡᠮᠵᠢᠯᠭᠡ ᠪᠠᠶᠢᠬᠤ | ᠬᠡᠷᠡᠭᠲᠡᠢ᠂ ᠬᠢᠨᠠᠨ ᠪᠤᠳᠤᠬᠤ ᠶᠠᠪᠤᠴᠠ ᠳᠤ ᠬᠤᠯᠪᠣᠭᠳᠠᠭᠰᠠᠨ ᠦᠭᠡᠢ ᠵᠦᠢᠯᠡᠰ ᠲᠤ ᠦᠨᠡᠯᠡᠯᠲᠡ ᠬᠢᠬᠦ ᠦᠭᠡᠢ᠃ | ᠭᠤᠴᠢ ᠶᠢᠰᠦᠳᠦᠭᠡᠷ ᠵᠦᠢᠯ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠬᠦ | ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠳᠤ᠂ ᠬᠢᠨᠠᠨ ᠪᠤᠳᠤᠬᠤ ᠵᠥᠪᠯᠡᠯ ᠤᠨ ᠠᠯᠪᠠᠨ ᠭᠡᠷ᠂ ᠬᠢᠨᠠᠨ ᠪᠤᠳᠤᠬᠤ | ᠪᠠᠶᠢᠭᠤᠯᠭ᠎ᠠ ᠡᠷᠬᠡ ᠬᠠᠷᠢᠭᠤᠴᠠᠯᠭ᠎ᠠ ᠶᠢ ᠨᠢᠭᠡᠳᠦᠯᠲᠡᠢ ᠪᠠᠶᠢᠯᠭᠠᠬᠤ ᠵᠠᠷᠴᠢᠮ ᠶᠣᠰᠣᠭᠠᠷ᠂ ᠤᠳᠤᠷᠢᠳᠬᠤ ᠺᠠᠳ᠋ᠷ ᠤᠨ | ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠬᠤᠯᠪᠣᠭᠳᠠᠯ ᠪᠦᠬᠦᠢ ᠠᠰᠠᠭᠤᠳᠠᠯ ᠤᠨ | ᠲᠡᠦᠬᠡᠨ ᠠᠬᠤᠢ ᠪᠠᠶᠢᠳᠠᠯ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠠᠪᠤᠴᠠ᠂ ᠰᠢᠨᠵᠢ ᠴᠢᠨᠠᠷ᠂ ᠦᠷ᠎ᠡ ᠤᠷᠰᠢᠭ | ᠪᠠ ᠤᠳᠤᠷᠢᠳᠬᠤ ᠺᠠᠳ᠋ᠷ ᠤᠨ ᠪᠣᠳᠠᠲᠠᠢ ᠭᠠᠷᠭᠠᠭᠰᠠᠨ ᠦᠢᠯᠡᠳᠦᠯ ᠵᠡᠷᠭᠡ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ | ᠲᠡᠭᠦᠨ ᠤ ᠡᠭᠦᠷᠭᠡᠯᠡᠪᠡᠰᠦ ᠵᠣᠬᠢᠬᠤ ᠰᠢᠭᠤᠳ ᠬᠠᠷᠢᠭᠤᠴᠠᠯᠭ᠎ᠠ ᠪᠤᠶᠤ ᠤᠳᠤᠷᠢᠳᠬᠤ ᠬᠠᠷᠢᠭᠤᠴᠠᠯᠭ᠎ᠠ ᠶᠢ ᠵᠠᠭᠠᠭᠯᠠᠨ | ᠲᠣᠭᠲᠠᠭᠠᠬᠤ ᠬᠡᠷᠡᠭᠲᠡᠢ᠃ | ᠳᠥᠴᠢᠳᠦᠭᠡᠷ ᠵᠦᠢᠯ ᠤᠳᠤᠷᠢᠳᠬᠤ ᠺᠠᠳ᠋ᠷᠴᠤᠳ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠬᠦ | ᠶᠠᠪᠤᠴᠠ ᠳᠠᠬᠢ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠲᠤ ᠰᠢᠭᠤᠳ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠄ | | ︵ᠨᠢᠭᠡ︶ ᠬᠤᠯᠪᠣᠭᠳᠠᠯ ᠪᠦᠬᠦᠢ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ᠂ ᠬᠠᠤᠯᠢ ᠴᠠᠭᠠᠵᠠ | ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠶᠢᠨ ᠲᠣᠭᠲᠠᠭᠠᠯ ᠢ ᠰᠢᠭᠤᠳ ᠵᠥᠷᠢᠴᠡᠭᠰᠡᠨ︔ | ︵ᠬᠤᠶᠠᠷ︶ ᠳᠣᠣᠷ᠎ᠠ ᠱᠠᠲᠤᠨ ᠤ ᠪᠠᠨ ᠬᠥᠮᠦᠰ ᠢ ᠰᠠᠨᠠᠭᠤᠯᠵᠤ᠂ ᠵᠢᠭᠠᠨ ᠲᠤᠬᠢᠵᠤ᠂ ᠠᠯᠪᠠᠳᠠᠨ ᠵᠠᠷᠯᠢᠭᠳᠠᠵᠤ | ᠂ ᠳᠤᠷ᠎ᠠ ᠪᠠᠷ ᠨᠢ ᠲᠠᠯᠪᠢᠵᠤ᠂ ᠥᠮᠥᠭᠯᠡᠵᠦ ᠪᠠᠶᠢᠭᠠᠳ ᠨᠠᠮ ᠤᠨ ᠳᠣᠲᠣᠭᠠᠳᠤ ᠶᠢᠨ ᠬᠤᠯᠪᠣᠭᠳᠠᠯ ᠪᠦᠬᠦᠢ ᠬᠠᠤᠯᠢ | ᠲᠣᠭᠲᠠᠭᠠᠯ᠂ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠶᠢᠨ ᠲᠣᠭᠲᠠᠭᠠᠯ ᠢ | ᠵᠥᠷᠢᠴᠡᠭᠦᠯᠦᠭᠰᠡᠨ︔ | ︵ᠭᠤᠷᠪᠠ︶ ᠨᠠᠮ ᠪᠠ ᠤᠯᠤᠰ ᠤᠨ ᠠᠵᠤ ᠠᠬᠤᠢ ᠶᠢᠨ ᠴᠢᠭᠯᠡᠯᠲᠡ ᠲᠦᠷᠦ ᠶᠢᠨ ᠪᠤᠳᠤᠯᠭ᠎ᠠ᠂ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠰᠢᠭᠤᠷᠬᠠᠢ ᠪᠢᠰᠢ᠂ ᠪᠦᠬᠦ ᠲᠠᠯ᠎ᠠ ᠶᠢᠨ ᠪᠢᠰᠢ ᠪᠥᠭᠡᠳ ᠪᠣᠳᠠᠲᠠᠢ | ᠨᠠᠶᠢᠳᠠᠪᠤᠷᠢᠵᠢᠭᠤᠯᠤᠭᠰᠠᠨ ᠦᠭᠡᠢ ᠠᠴᠠ ᠪᠤᠯᠵᠤ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ | ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠪᠦᠷᠢᠯᠭᠡᠨ ᠰᠦᠢᠳᠬᠡᠬᠦ᠂ ᠠᠮᠢ ᠠᠬᠤᠢ ᠶᠢᠨ | ᠣᠷᠴᠢᠨ ᠲᠣᠭᠤᠷᠢᠨ ᠢ ᠡᠪᠳᠡᠬᠦ᠂ ᠤᠯᠠᠨ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠬᠤ ᠵᠡᠷᠭᠡ ᠦᠷ᠎ᠡ ᠳ᠋ᠦᠩ ᠢ | ᠪᠤᠢ ᠪᠣᠯᠭᠠᠭᠰᠠᠨ︔ | ︵ᠳᠥᠷᠪᠡ︶ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ᠂ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠵᠡᠷᠭᠡ ᠶᠢᠨ | ᠲᠣᠭᠲᠠᠭᠠᠯ ᠢ ᠪᠡᠶᠡᠯᠡᠭᠦᠯᠦᠭᠰᠡᠨ ᠥᠬᠡᠶ ᠤᠳᠤᠷᠢᠳᠬᠤ ᠺᠠᠳ᠋ᠷ ᠨᠢᠭᠡᠳᠦᠭᠡᠷ ᠬᠠᠷᠢᠭᠤᠴᠠᠯᠭᠠᠲᠠᠨ ︵ᠶᠡᠷᠦᠩᠬᠡᠶ | ᠬᠠᠷᠢᠭᠤᠴᠠᠯᠭ᠎ᠠ ᠡᠭᠦᠷᠭᠡᠯᠡᠨ᠎ᠡ︶ ᠤ ᠵᠦᠶ᠋ᠯᠡᠰ ᠪᠣᠯᠤᠭᠰᠠᠨ ᠤ ᠬᠤᠪᠢ ᠳᠤ᠂ ᠣᠯᠠᠨ ᠨᠡᠶᠢᠲᠡ ᠶᠢᠨ ᠪᠠᠯᠠ ᠮᠥᠩᠭᠦ᠂ | ᠤᠯᠤᠰ ᠤᠨ ᠥᠮᠴᠢᠯᠡᠯ ᠤᠨ ᠡᠳ᠋ ᠬᠥᠷᠥᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠬᠤᠬᠢᠷᠠᠭᠤᠯᠤᠨ | ᠪᠦᠷᠢᠯᠭᠡᠬᠦ᠂ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ᠂ ᠣᠯᠠᠨ ᠨᠡᠶᠢᠲᠡ ᠶᠢᠨ ᠠᠰᠢᠭ ᠲᠤᠰᠠ ᠶᠢ | ᠬᠤᠬᠢᠷᠠᠭᠤᠯᠬᠤ ᠵᠡᠷᠭᠡ ᠦᠷ᠎ᠡ ᠳ᠋ᠦᠩ ᠢ ᠪᠣᠶ ᠪᠣᠯᠭᠠᠭᠰᠠᠨ︔ | ︵ᠲᠠᠪᠤ︶ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠢ ᠳᠠᠮᠵᠢᠭᠰᠠᠨ ᠦᠭᠡᠢ ᠪᠤᠶᠤ | ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠦᠭᠡᠢ ᠦᠶ᠎ᠡ ᠳᠤ ᠣᠯᠠᠩᠬᠢ ᠬᠥᠮᠦᠰ ᠵᠥᠪᠰᠢᠶᠡᠷᠡᠬᠦ | ᠦᠭᠡᠢ ᠪᠠᠶᠢᠳᠠᠯ ᠤᠨ ᠳᠣᠣᠷ᠎ᠠ᠂ ᠴᠢᠬᠤᠯᠠ ᠶᠡᠭᠡ ᠠᠵᠤ ᠠᠬᠤᠶ ᠶᠢᠨ ᠵᠦᠢᠯᠡᠰ ᠢ ᠰᠢᠭᠤᠳ ᠲᠣᠭᠲᠠᠭᠠᠵᠤ᠂ | ᠵᠥᠪᠰᠢᠶᠡᠷᠡᠵᠦ᠂ ᠵᠣᠬᠢᠶᠠᠨ ᠪᠠᠶᠢᠭᠤᠯᠵᠤ ᠬᠡᠷᠡᠭᠵᠢᠭᠦᠯᠦᠭᠡᠳ᠂ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ | ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠬᠤᠬᠢᠷᠠᠭᠤᠯᠤᠨ ᠪᠦᠷᠢᠯᠭᠡᠬᠦ᠂ ᠠᠮᠢ | ᠠᠬᠤᠶ ᠶᠢᠨ ᠣᠷᠴᠢᠨ ᠨᠥᠬᠦᠴᠡᠯ ᠢ ᠡᠪᠳᠡᠬᠦ᠂ ᠤᠯᠠᠨ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠬᠤ ᠵᠡᠷᠭᠡ | ᠦᠷ᠎ᠡ ᠤᠷᠰᠢᠭ ᠢ ᠪᠤᠢ ᠪᠣᠯᠭᠠᠭᠰᠠᠨ︔ | ︵ᠵᠢᠷᠭᠤᠭ᠎ᠠ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠤᠶᠤ ᠵᠥᠪ ᠢᠶᠠᠷ ᠭᠦᠢᠴᠡᠳᠬᠡᠬᠦ | ᠦᠭᠡᠢ ᠶᠢᠨ ᠤᠯᠠᠮ ᠠᠴᠠ ᠪᠤᠢ ᠪᠣᠯᠭᠠᠭᠰᠠᠨ ᠦᠷ᠎ᠡ ᠤᠷᠰᠢᠭ ᠲᠤ ᠰᠢᠢᠳᠪᠦᠷᠢᠯᠡᠭᠴᠢ ᠴᠢᠨᠠᠷᠲᠠᠶ ᠦᠢᠯᠡᠳᠦᠯ | ᠦᠵᠡᠭᠦᠯᠬᠦ ᠪᠤᠰᠤᠳ ᠦᠢᠯᠡ ᠠᠵᠢᠯᠯᠠᠭ᠎ᠠ᠃ | ᠳᠥᠴᠢᠨ ᠨᠢᠭᠡᠳᠦᠭᠡᠷ ᠵᠦᠢᠯ ᠤᠳᠤᠷᠢᠳᠬᠤ ᠺᠠᠳ᠋ᠷᠴᠤᠳ ᠠᠵᠤ ᠠᠬᠤᠶ ᠶᠢᠨ ᠬᠠᠷᠢᠭᠤᠴᠠᠯᠭ᠎ᠠ ᠪᠠᠨ | ᠭᠦᠢᠴᠡᠳᠬᠡᠬᠦ ᠶᠠᠪᠤᠴᠠ ᠳᠠᠬᠢ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠲᠤ ᠤᠳᠤᠷᠢᠳᠬᠤ ᠬᠠᠷᠢᠭᠤᠴᠠᠯᠭ᠎ᠠ | ᠡᠭᠦᠷᠭᠡᠯᠡᠬᠦ ᠬᠡᠷᠡᠭᠲᠡᠶ᠄ | ︵ᠨᠢᠭᠡ︶ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠦᠶ᠎ᠡ ᠳᠤ᠂ ᠣᠯᠠᠩᠬᠢ ᠬᠥᠮᠦᠰ | ᠵᠥᠪᠰᠢᠶᠡᠷᠡᠭᠰᠡᠨ ᠪᠠᠶᠢᠳᠠᠯ ᠤᠨ ᠳᠣᠣᠷ᠎ᠠ᠂ ᠴᠢᠬᠤᠯᠠ ᠶᠡᠭᠡ ᠠᠵᠤ ᠠᠬᠤᠶ ᠶᠢᠨ ᠵᠦᠢᠯᠡᠰ ᠢ ᠲᠣᠭᠲᠠᠭᠠᠵᠤ᠂ | ᠵᠥᠪᠰᠢᠶᠡᠷᠡᠵᠦ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠳᠡᠭᠡᠨ ᠰᠢᠢᠳᠪᠦᠷᠢᠲᠦ ᠪᠤᠳᠤᠯᠭ᠎ᠠ ᠨᠢ ᠵᠤᠬᠢᠰ ᠦᠭᠡᠢ ᠪᠤᠶᠤ | ᠰᠢᠢᠳᠪᠦᠷᠢᠲᠦ ᠪᠤᠳᠤᠯᠭ᠎ᠠ ᠶᠢᠨ ᠠᠯᠳᠠᠰᠢ ᠠᠴᠠ ᠪᠤᠯᠵᠤ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ | ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠬᠤᠬᠢᠷᠠᠭᠤᠯᠤᠨ ᠪᠦᠷᠢᠯᠭᠡᠭᠰᠡᠨ᠂ | ᠠᠮᠢ ᠠᠬᠤᠶ ᠶᠢᠨ ᠣᠷᠴᠢᠨ ᠨᠥᠬᠦᠴᠡᠯ ᠢ ᠡᠪᠳᠡᠭᠰᠡᠨ᠂ ᠤᠯᠠᠨ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ | ᠵᠡᠷᠭᠡ ᠦᠷ᠎ᠡ ᠤᠷᠰᠢᠭ ᠢ ᠪᠤᠢ ᠪᠣᠯᠭᠠᠭᠰᠠᠨ︔ | ︵ᠬᠤᠶᠠᠷ︶ ᠰᠠᠯᠠᠭ᠎ᠠ ᠮᠥᠴᠢᠷ᠂ ᠨᠢᠭᠡᠴᠢ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠲᠣᠭᠲᠠᠭᠠᠯ ᠢ | ᠵᠥᠷᠢᠴᠡᠵᠦ᠂ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ᠂ ᠤᠯᠤᠰ ᠤᠨ | ᠥᠮᠴᠢᠯᠡᠯ ᠤᠨ ᠡᠬᠢ ᠪᠠᠶᠠᠯᠢᠭ ᠢ ᠪᠦᠷᠢᠯᠭᠡᠨ ᠰᠦᠢᠳᠬᠡᠬᠦ᠂ ᠠᠮᠢ ᠠᠬᠤᠶ ᠶᠢᠨ ᠣᠷᠴᠢᠨ ᠨᠥᠬᠦᠴᠡᠯ ᠢ ᠡᠪᠳᠡᠬᠦ᠂ | ᠤᠯᠠᠨ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠬᠤ ᠵᠡᠷᠭᠡ ᠦᠷ᠎ᠡ ᠤᠷᠰᠢᠭ ᠢ ᠪᠤᠢ ᠪᠣᠯᠭᠠᠭᠰᠠᠨ︔ | ︵ᠭᠤᠷᠪᠠ︶ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ ᠪᠠ ᠠᠵᠢᠯ ᠳᠤ ᠣᠷᠣᠯᠴᠠᠬᠤ ᠳᠠᠭᠠᠨ | ᠲᠣᠳᠣᠷᠬᠠᠢ ᠡᠰᠡᠷᠭᠦᠴᠡᠬᠦ ᠰᠠᠨᠠᠯ ᠳᠤᠷᠠᠳᠤᠭᠰᠠᠨ ᠦᠭᠡᠢ᠂ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ ᠪᠠ | ᠠᠵᠢᠯ ᠨᠢ ᠬᠤᠯᠪᠣᠭᠳᠠᠯ ᠪᠦᠬᠦᠢ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ᠂ ᠬᠠᠤᠯᠢ ᠴᠠᠭᠠᠵᠠ ᠬᠠᠤᠯᠢ | ᠲᠣᠭᠲᠠᠭᠠᠯ᠂ ᠲᠦᠷᠦ ᠶᠢᠨ ᠪᠤᠳᠤᠯᠭ᠎ᠠ ᠶᠢᠨ ᠲᠣᠭᠲᠠᠭᠠᠯ ᠢ ᠵᠥᠷᠢᠴᠡᠭᠰᠡᠨ᠂ ᠡᠰᠡᠬᠦᠯ᠎ᠡ ᠤᠯᠠᠨ ᠨᠡᠶᠢᠲᠡ ᠶᠢᠨ ᠪᠡᠯᠡ | ᠮᠥᠩᠭᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ | ᠬᠤᠬᠢᠷᠠᠭᠤᠯᠤᠨ ᠪᠦᠷᠢᠯᠭᠡᠭᠰᠡᠨ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ᠂ ᠤᠯᠠᠨ ᠨᠡᠶᠢᠲᠡ ᠶᠢᠨ | ᠠᠰᠢᠭ ᠲᠤᠰᠠ ᠶᠢ ᠬᠤᠬᠢᠷᠠᠭᠤᠯᠤᠭᠰᠠᠨ ᠵᠡᠷᠭᠡ ᠦᠷ᠎ᠡ ᠳ᠋ᠦᠩ ᠢ ᠪᠤᠢ ᠪᠣᠯᠭᠠᠭᠰᠠᠨ︔ | ︵ᠲᠦᠷᠪᠡ︶ ᠬᠢᠨᠠᠨ ᠬᠠᠮᠢᠶᠠᠷᠬᠤ ᠪᠠᠨ ᠣᠮᠲᠣᠭᠠᠶᠢᠯᠠᠵᠤ᠂ ᠬᠠᠷᠢᠶᠠᠯᠠᠬᠤ ᠬᠡᠪᠴᠢᠶᠡᠨ ᠳᠠᠬᠢ ᠲᠤᠰ ᠱᠠᠲᠤᠨ ᠤ | ᠪᠤᠶᠤ ᠳᠣᠣᠷ᠎ᠠ ᠨᠢᠭᠡ ᠱᠠᠲᠤᠨ ᠤ ᠭᠠᠵᠠᠷ ᠣᠷᠣᠨ ︵ᠰᠠᠯᠠᠭ᠎ᠠ ᠮᠥᠴᠢᠷ᠂ ᠨᠢᠭᠡᠴᠢ︶ ᠤ ᠨᠠᠮ ᠤᠨ ᠳᠣᠲᠣᠭᠠᠳᠤ ᠶᠢᠨ | ᠬᠤᠯᠪᠣᠭᠳᠠᠯ ᠪᠦᠬᠦᠢ ᠬᠠᠤᠯᠢ ᠲᠣᠭᠲᠠᠭᠠᠯ᠂ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠶᠢᠨ | ᠲᠣᠭᠲᠠᠭᠠᠯ ᠢ ᠵᠥᠷᠢᠴᠡᠭᠰᠡᠨ ᠠᠰᠠᠭᠤᠳᠠᠯ ᠢ ᠴᠠᠭ ᠲᠤᠬᠠᠢ ᠳᠤᠨᠢ ᠣᠯᠵᠤ ᠮᠡᠳᠡᠭᠰᠡᠨ ᠦᠭᠡᠢ ᠪᠠ ᠰᠢᠢᠳᠪᠦᠷᠢᠯᠡᠭᠰᠡᠨ | ᠦᠭᠡᠢ ᠠᠴᠠ ᠪᠤᠯᠵᠤ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ᠂ | ᠤᠯᠤᠰ ᠤᠨ ᠥᠮᠴᠢᠯᠡᠯ ᠤᠨ ᠡᠬᠢ ᠪᠠᠶᠠᠯᠢᠭ ᠢ ᠬᠤᠬᠢᠷᠠᠭᠤᠯᠤᠨ ᠪᠦᠷᠢᠯᠭᠡᠭᠰᠡᠨ᠂ ᠠᠮᠢ ᠠᠬᠤᠢ ᠶᠢᠨ ᠣᠷᠴᠢᠨ | ᠨᠥᠬᠦᠴᠡᠯ ᠢ ᠡᠪᠳᠡᠭᠰᠡᠨ᠂ ᠤᠯᠠᠨ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ᠵᠡᠷᠭᠡ ᠦᠷ᠎ᠡ ᠤᠷᠰᠢᠭ ᠢ | ᠪᠤᠢ ᠪᠣᠯᠭᠠᠭᠰᠠᠨ︔ | ︵ᠲᠠᠪᠤ︶ ᠰᠢᠭᠤᠳ ᠬᠠᠷᠢᠭᠤᠴᠠᠯᠭ᠎ᠠ ᠠᠴᠠ ᠭᠠᠳᠠᠨ᠎ᠠ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠦᠭᠡᠢ ᠪᠤᠶᠤ ᠵᠥᠪ ᠢᠶᠠᠷ ᠭᠦᠢᠴᠡᠳᠬᠡᠬᠦ ᠦᠭᠡᠢ᠂ ᠤᠴᠠᠷᠠᠭᠤᠯᠤᠭᠰᠠᠨ ᠦᠷ᠎ᠡ ᠤᠷᠰᠢᠭ ᠲᠤ ᠬᠠᠷᠢᠭᠤᠴᠠᠯᠭ᠎ᠠ | ᠡᠭᠦᠷᠭᠡᠯᠡᠬᠦ ᠶᠣᠰᠣᠲᠠᠶ ᠪᠤᠰᠤᠳ ᠦᠢᠯᠡ ᠠᠵᠢᠯᠯᠠᠭ᠎ᠠ᠃ | ᠳᠥᠴᠢᠨ ᠬᠤᠶᠠᠳᠤᠭᠠᠷ ᠵᠦᠢᠯ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠠᠴᠠ ᠪᠤᠰᠤᠳ | ᠬᠠᠷᠢᠭᠤᠴᠠᠯᠭ᠎ᠠ ᠲᠠᠢ ᠬᠥᠮᠦᠰ ᠲᠤ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠠᠴᠠ | ᠵᠣᠬᠢᠬᠤ ᠠᠷᠭ᠎ᠠ ᠮᠠᠶ᠋ᠢᠭ ᠢᠶᠠᠷ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠳᠤ ᠬᠤᠯᠪᠣᠭᠳᠠᠯ ᠪᠦᠬᠦᠢ | ᠪᠠᠶᠢᠳᠠᠯ ᠢ ᠬᠠᠩᠭᠠᠵᠤ ᠪᠣᠯᠤᠨ᠎ᠠ᠃ | ᠳᠥᠴᠢᠨ ᠭᠤᠷᠪᠠᠳᠤᠭᠠᠷ ᠵᠦᠢᠯ ᠬᠢᠨᠠᠨ ᠪᠤᠳᠤᠵᠤ ᠦᠨᠡᠯᠡᠬᠦ ᠦᠶ᠎ᠡ ᠳᠤ᠂ ᠤᠳᠤᠷᠢᠳᠬᠤ ᠺᠠᠳ᠋ᠷᠴᠤᠳ ᠤᠨ | ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠠᠪᠤᠴᠠ ᠳᠤ ᠲᠤᠷᠰᠢᠯᠭ᠎ᠠ ᠳᠤᠲᠠᠮᠠᠭ᠂ ᠤᠷᠢᠳᠠᠪᠠᠷ ᠬᠢᠵᠦ ᠤᠷᠢᠳᠠᠪᠠᠷ | ᠲᠤᠷᠰᠢᠭᠠᠳ ᠭᠠᠷᠭᠠᠭᠰᠠᠨ ᠠᠯᠳᠠᠰᠢ ᠪᠠ ᠠᠯᠳᠠᠭ᠎ᠠ ᠶᠢ ᠮᠡᠳᠡᠵᠦ ᠪᠠᠶᠢᠭᠠᠳ ᠵᠣᠷᠢᠭᠤᠳᠠ ᠵᠥᠷᠢᠴᠡᠭᠰᠡᠨ ᠰᠠᠬᠢᠯᠭ᠎ᠠ | ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠦᠢᠯᠡ ᠠᠵᠢᠯᠯᠠᠭ᠎ᠠ ᠠᠴᠠ ᠢᠯᠭᠠᠬᠤ ᠬᠡᠷᠡᠭᠲᠡᠶ︔ ᠳᠡᠭᠡᠳᠦ | ᠱᠠᠲᠤᠨ ᠤ ᠬᠠᠷᠠᠬᠠᠨ ᠲᠣᠳᠣᠷᠬᠠᠶ ᠬᠢᠵᠠᠭᠠᠷᠯᠠᠯ ᠦᠭᠡᠢ ᠬᠠᠶᠢᠨ ᠰᠦᠪᠡᠭᠴᠢᠯᠡᠯᠳᠡ ᠶᠢᠨ ᠴᠢᠨᠠᠷᠲᠠᠶ ᠲᠤᠷᠰᠢᠯᠲᠠ ᠶᠢᠨ | ᠳᠤᠮᠳᠠᠬᠢ ᠠᠯᠳᠠᠰᠢ ᠪᠠ ᠠᠯᠳᠠᠭ᠎ᠠ ᠶᠢ ᠳᠡᠭᠡᠳᠦ ᠱᠠᠲᠤᠨ ᠤ ᠲᠣᠳᠣᠷᠬᠠᠶ ᠵᠠᠷᠯᠢᠭ ᠢᠶᠠᠷ ᠴᠠᠭᠠᠵᠠᠯᠠᠭᠰᠠᠨ ᠪᠠᠶᠢᠲᠠᠯ᠎ᠠ | ᠮᠥᠨ ᠯᠡ ᠥᠪᠡᠷ ᠤᠨ ᠬᠢ ᠪᠠᠷ ᠢᠶᠠᠨ ᠬᠢᠳᠡᠭ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠦᠢᠯᠡ | ᠠᠵᠢᠯᠯᠠᠭ᠎ᠠ ᠠᠴᠠ ᠢᠯᠭᠠᠬᠤ ᠬᠡᠷᠡᠭᠲᠡᠶ︔ ᠡᠭᠦᠨ ᠢ ᠳᠡᠭᠡᠳᠦ ᠱᠠᠲᠤᠨ ᠠᠴᠠ ᠲᠣᠳᠣᠷᠬᠠᠶ ᠵᠠᠷᠯᠢᠭᠳᠠᠨ ᠴᠠᠭᠠᠵᠠᠯᠠᠭᠰᠠᠨ | ᠪᠠᠶᠢᠲᠠᠯ᠎ᠠ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠠᠴᠠ ᠢᠯᠭᠠᠬᠤ ᠬᠡᠷᠡᠭᠲᠡᠶ | ︔ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠥᠯᠥᠭᠡ ᠭᠠᠷᠭᠠᠭᠰᠠᠨ ᠰᠠᠨᠠᠮᠰᠠᠷ ᠦᠭᠡᠢ ᠡ᠊ᠨᠳᠡᠯ ᠢ ᠬᠤᠪᠢ ᠶᠢᠨ | ᠠᠰᠢᠭ ᠤᠯᠬᠤ ᠶᠢᠨ ᠲᠥᠯᠥᠭᠡ ᠭᠠᠷᠭᠠᠭᠰᠠᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ | ᠦᠢᠯᠡ ᠠᠵᠢᠯᠯᠠᠭ᠎ᠠ ᠲᠠᠢ ᠢᠯᠭᠠᠬᠤ ᠬᠡᠷᠡᠭᠲᠡᠶ᠃ ᠤᠳᠤᠷᠢᠳᠬᠤ ᠺᠠᠳ᠋ᠷᠴᠤᠳ ᠤᠨ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠠᠪᠤᠴᠠ ᠳᠠᠬᠢ ᠠᠯᠳᠠᠰᠢ ᠪᠠ ᠠᠯᠳᠠᠭ᠎ᠠ ᠪᠤᠷᠤᠭᠤ ᠳᠤ᠂ ᠠᠵᠢᠯ ᠦᠢᠯᠡᠰ ᠢ ᠳᠡᠭᠡᠳᠦᠯᠡᠬᠦ᠂ ᠦᠨᠡᠨ ᠠᠴᠠ | ᠵᠥᠪ ᠢ ᠡᠷᠢᠬᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ᠂ ᠵᠠᠯᠠᠷᠠᠭᠤᠯᠬᠤ ᠶᠢ ᠵᠡᠷᠭᠡᠪᠡᠷ ᠠᠳᠬᠤᠬᠤ ᠵᠡᠷᠭᠡ | ᠵᠠᠷᠴᠢᠮ ᠢ ᠵᠥᠪ ᠣᠨᠣᠪᠴᠢᠲᠠᠢ ᠡᠵᠡᠮᠳᠡᠵᠦ᠂ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠬᠤ ᠪᠠᠷ ᠳᠠᠮᠵᠢᠨ᠂ | ᠬᠠᠷᠢᠭᠤᠴᠠᠯᠭ᠎ᠠ ᠠᠴᠠ ᠬᠡᠯᠲᠦᠷᠢᠭᠦᠯᠬᠦ ᠪᠤᠶᠤ ᠬᠥᠩᠭᠡᠨ ᠢᠶᠠᠷ ᠬᠠᠷᠢᠭᠤᠴᠠᠯᠭ᠎ᠠ ᠲᠣᠭᠲᠠᠭᠠᠵᠤ᠂ ᠬᠠᠶᠢᠨ ᠰᠦᠪᠡᠭᠴᠢᠯᠡᠵᠦ | ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠬᠠᠷᠢᠭᠤᠴᠠᠯᠭ᠎ᠠ ᠡᠭᠦᠷᠭᠡᠯᠡᠨ ᠦᠢᠯᠡᠰ ᠪᠦᠲᠦᠭᠡᠬᠦ ᠶᠢ ᠳᠡᠮᠵᠢᠵᠦ᠂ | ᠤᠳᠤᠷᠢᠳᠬᠤ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ | ᠪᠦᠲᠦᠭᠡᠯᠴᠢ ᠴᠢᠨᠠᠷ ᠢ ᠬᠠᠮᠠᠭᠠᠯᠠᠬᠤ ᠬᠡᠷᠡᠭᠲᠡᠢ᠃ | ᠵᠢᠷᠭᠤᠳᠤᠭᠠᠷ ᠪᠦᠯᠦᠭ ᠬᠢᠨᠠᠨ ᠪᠤᠳᠤᠭᠰᠠᠨ ᠦᠷ᠎ᠡ ᠳ᠋ᠦᠩ ᠢ ᠬᠡᠷᠡᠭᠯᠡᠬᠦ | ᠳᠥᠴᠢᠨ ᠳᠥᠷᠪᠡᠳᠦᠭᠡᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠨᠤᠭᠤᠳ | ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠪᠠᠶᠢᠳᠠᠯ ᠢ ᠨᠡᠪᠲᠡᠷᠡᠭᠦᠯᠬᠦ᠂ ᠬᠠᠷᠢᠭᠤᠴᠠᠯᠭ᠎ᠠ | ᠨᠡᠬᠡᠮᠵᠢᠯᠡᠬᠦ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ᠂ ᠦᠷ᠎ᠡ ᠳ᠋ᠦᠩ ᠢ ᠵᠠᠷᠯᠠᠨ ᠨᠡᠶᠢᠲᠡᠯᠡᠬᠦ ᠵᠡᠷᠭᠡ ᠦᠷ᠎ᠡ | ᠳ᠋ᠦᠩ ᠢ ᠬᠡᠷᠡᠭᠯᠡᠬᠦ ᠲᠥᠷᠢᠮ ᠢ ᠪᠠᠶᠢᠭᠤᠯᠤᠨ ᠪᠥᠷᠢᠨᠰᠢᠬᠦᠯᠵᠤ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ | ᠪᠤᠳᠤᠯᠳᠠ ᠶᠢᠨ ᠦᠷ᠎ᠡ ᠳ᠋ᠦᠩ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠷ ᠬᠢᠨᠠᠨ ᠪᠤᠳᠤᠭᠳᠠᠵᠦ ᠪᠠᠶᠢᠭ᠎ᠠ | ᠤᠳᠤᠷᠢᠳᠬᠤ ᠺᠠᠳ᠋ᠷ ᠢ ᠬᠢᠨᠠᠨ ᠰᠢᠯᠭᠠᠬᠤ᠂ ᠲᠣᠮᠢᠯᠠᠵᠤ ᠪᠠᠭᠤᠯᠭᠠᠬᠤ᠂ ᠱᠠᠩᠨᠠᠵᠤ ᠲᠣᠷᠭᠠᠬᠤ ᠶᠢᠨ ᠴᠢᠬᠤᠯᠠ | ᠯᠠᠪᠯᠠᠯᠲᠠ ᠪᠣᠯᠭᠠᠬᠤ ᠬᠡᠷᠡᠭᠲᠡᠶ᠃ | ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠶᠢᠨ ᠦᠷ᠎ᠡ ᠳ᠋ᠦᠩ ᠤᠨ ᠮᠡᠳᠡᠭᠦᠯᠦᠯᠲᠡ ᠵᠢᠴᠢ | ᠬᠢᠨᠠᠨ ᠪᠤᠳᠤᠯᠲᠠ ᠶᠢᠨ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ᠶᠢ ᠬᠢᠨᠠᠨ ᠪᠤᠳᠤᠯᠲᠠ ᠬᠢᠯᠭᠡᠭᠰᠡᠨ | ᠤᠳᠤᠷᠢᠳᠬᠤ ᠺᠠᠳ᠋ᠷ ᠤᠨ ᠲᠣᠰ ᠬᠥᠮᠦᠨ ᠤ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ᠃ | ᠳᠥᠴᠢᠨ ᠲᠠᠪᠤᠳᠤᠭᠠᠷ ᠵᠦᠢᠯ ᠬᠢᠨᠠᠨ ᠪᠤᠳᠤᠬᠤ ᠵᠥᠪᠯᠡᠯ ᠤᠨ ᠠᠯᠪᠠᠨ ᠭᠡᠷ᠂ ᠬᠢᠨᠠᠨ ᠪᠤᠳᠤᠬᠤ | ᠪᠠᠶᠢᠭᠤᠯᠭ᠎ᠠ ᠨᠤᠭᠤᠳ ᠲᠣᠭᠲᠠᠭᠠᠯ ᠶᠣᠰᠣᠭᠠᠷ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ | ᠦᠷ᠎ᠡ ᠳ᠋ᠦᠩ ᠢ ᠵᠣᠬᠢᠰᠲᠠᠶ ᠠᠷᠭ᠎ᠠ ᠮᠠᠶ᠋ᠢᠭ ᠢᠶᠠᠷ ᠮᠡᠳᠡᠭᠳᠡᠬᠦ ᠪᠤᠶᠤ ᠵᠠᠷᠯᠠᠨ ᠨᠡᠶᠢᠲᠡᠯᠡᠵᠦ᠂ ᠬᠢᠨᠠᠨ ᠪᠤᠳᠤᠯᠳᠠ ᠪᠠᠷ | ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ | ᠬᠢᠬᠦ ᠬᠡᠷᠡᠭᠲᠡᠶ᠃ | ᠳᠥᠴᠢᠨ ᠵᠢᠷᠭᠤᠳᠤᠭᠠᠷ ᠵᠦᠢᠯ ᠬᠠᠮᠲᠤᠷᠠᠭᠰᠠᠨ ᠬᠤᠷᠠᠯᠳᠤᠭᠠᠨ ᠤ ᠪᠤᠰᠤᠳ ᠪᠦᠷᠢᠯᠳᠦᠬᠦᠨ ᠨᠢᠭᠡᠴᠢ ᠨᠦᠭᠦᠳ | ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷ᠎ᠠ ᠬᠢᠨᠠᠨ ᠪᠤᠳᠤᠭᠰᠠᠨ ᠦᠷ᠎ᠡ ᠳ᠋ᠦᠩ ᠢ | ᠬᠡᠷᠡᠭᠯᠡᠬᠦ ᠬᠡᠷᠡᠭᠲᠡᠶ᠄ | ︵ᠨᠢᠭᠡ︶ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠢ ᠦᠨᠳᠦᠰᠦᠯᠡᠨ᠂ ᠬᠢᠨᠠᠨ | ᠪᠤᠳᠤᠭᠰᠠᠨ ᠦᠷ᠎ᠡ ᠳ᠋ᠦᠩ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠪᠤᠳᠤᠯᠲᠠ ᠬᠢᠯᠭᠡᠭᠰᠡᠨ | ᠤᠳᠤᠷᠢᠳᠬᠤ ᠺᠠᠳ᠋ᠷ ᠢ ᠬᠢᠨᠠᠨ ᠰᠢᠯᠭᠠᠬᠤ᠂ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ᠂ ᠱᠠᠩᠨᠠᠵᠤ | ᠰᠢᠳᠬᠡᠬᠦ ᠶᠢᠨ ᠴᠢᠬᠤᠯᠠ ᠯᠠᠪᠯᠠᠯᠲᠠ ᠪᠣᠯᠭᠠᠨ᠎ᠠ︔ | ︵ᠬᠤᠶᠠᠷ︶ ᠬᠢᠨᠠᠨ ᠪᠤᠳᠤᠯᠳᠠ ᠪᠠᠷ ᠣᠯᠵᠤ ᠮᠡᠳᠡᠭᠰᠡᠨ ᠠᠰᠠᠭᠤᠳᠠᠯ ᠢ ᠤᠯᠠᠮ ᠨᠢᠭᠡ ᠠᠯᠬᠤᠮ | ᠰᠢᠢᠳᠪᠦᠷᠢᠯᠡᠨ᠎ᠡ︔ | ︵ᠭᠤᠷᠪᠠ︶ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ︔ | ︵ᠳᠥᠷᠪᠡ︶ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠨᠡᠶᠢᠲᠡᠯᠢᠭ ᠴᠢᠨᠠᠷᠲᠠᠶ᠂ ᠲᠦᠭᠡᠮᠡᠯ ᠴᠢᠨᠠᠷᠲᠠᠶ᠂ | ᠬᠡᠯᠪᠡᠷᠢᠯ ᠤᠨ ᠴᠢᠨᠠᠷᠲᠠᠶ ᠠᠰᠠᠭᠤᠳᠠᠯ ᠪᠠ ᠳᠤᠷᠠᠳᠤᠭᠰᠠᠨ ᠬᠢᠨᠠᠨ ᠪᠤᠳᠤᠯᠲᠠ ᠶᠢᠨ ᠰᠠᠨᠠᠭᠤᠯᠭ᠎ᠠ ᠶᠢ ᠴᠠᠭ ᠲᠤᠬᠠᠶ ᠳᠤᠨᠢ | ᠰᠤᠳᠤᠯᠵᠤ᠂ ᠲᠡᠭᠦᠨ ᠢᠶᠠᠷ ᠬᠤᠯᠪᠣᠭᠳᠠᠯ ᠪᠥᠬᠦᠶ ᠠᠷᠭ᠎ᠠ ᠬᠡᠮᠵᠢᠶ᠎ᠡ ᠠᠪᠬᠤ᠂ ᠬᠤᠯᠪᠣᠭᠳᠠᠯ ᠪᠥᠬᠦᠶ ᠲᠦᠷᠢᠮ | ᠲᠣᠭᠲᠠᠭᠠᠯ ᠢ ᠲᠡᠭᠦᠯᠳᠡᠷᠵᠢᠭᠦᠯᠬᠦ ᠶᠢᠨ ᠴᠢᠬᠤᠯᠠ ᠯᠠᠪᠯᠠᠯᠲᠠ ᠪᠣᠯᠭᠠᠨ᠎ᠠ᠃ | ᠬᠠᠮᠲᠤᠷᠠᠭᠰᠠᠨ ᠬᠤᠷᠠᠯᠳᠤᠭᠠᠨ ᠤ ᠪᠤᠰᠤᠳ ᠪᠦᠷᠢᠯᠳᠦᠬᠦᠨ ᠨᠢᠭᠡᠴᠢ ᠨᠦᠭᠦᠳ ᠵᠣᠬᠢᠰᠲᠠᠶ ᠠᠷᠭ᠎ᠠ ᠮᠠᠶ᠋ᠢᠭ ᠢᠶᠠᠷ | ᠬᠢᠨᠠᠨ ᠪᠤᠳᠤᠭᠰᠠᠨ ᠦᠷ᠎ᠡ ᠳ᠋ᠦᠩ ᠢ ᠬᠡᠷᠡᠭᠯᠡᠭᠰᠡᠨ ᠪᠠᠶᠢᠳᠠᠯ ᠢᠶᠠᠨ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ | ᠪᠤᠳᠤᠬᠤ ᠪᠠᠶᠢᠭᠤᠯᠭ᠎ᠠ ᠳᠤ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃ ᠨᠠᠮ ᠤᠨ ᠲᠥᠪ ᠬᠤᠷᠢᠶ᠎ᠠ ᠠᠴᠠ | ᠠᠰᠲᠠᠭᠠᠨ ᠲᠣᠭᠲᠠᠭᠠᠯ ᠲᠠᠢ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | ᠳᠥᠴᠢᠨ ᠳᠣᠯᠣᠳᠤᠭᠠᠷ ᠵᠦᠢᠯ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠳ ᠲᠤᠰ | ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷ᠎ᠠ ᠬᠢᠨᠠᠨ ᠪᠤᠳᠤᠭᠰᠠᠨ ᠦᠷ᠎ᠡ ᠳ᠋ᠦᠩ ᠢ | ᠬᠡᠷᠡᠭᠯᠡᠬᠦ ᠬᠡᠷᠡᠭᠲᠡᠶ᠄ | ︵ᠨᠢᠭᠡ︶ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠢ ᠦᠨᠳᠦᠰᠦᠯᠡᠨ᠂ ᠬᠢᠨᠠᠨ | ᠪᠤᠳᠤᠭᠰᠠᠨ ᠦᠷ᠎ᠡ ᠳ᠋ᠦᠩ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠪᠤᠳᠤᠯᠲᠠ ᠬᠢᠯᠭᠡᠭᠰᠡᠨ | ᠤᠳᠤᠷᠢᠳᠬᠤ ᠺᠠᠳ᠋ᠷ ᠢ ᠬᠢᠨᠠᠨ ᠰᠢᠯᠭᠠᠬᠤ᠂ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ᠂ ᠱᠠᠩᠨᠠᠵᠤ | ᠰᠢᠳᠬᠡᠬᠦ ᠶᠢᠨ ᠴᠢᠬᠤᠯᠠ ᠯᠠᠪᠯᠠᠯᠲᠠ ᠪᠣᠯᠭᠠᠨ᠎ᠠ︔ | ︵ᠬᠤᠶᠠᠷ︶ ᠬᠢᠨᠠᠨ ᠪᠤᠳᠤᠯᠲᠠ ᠶᠢᠨ ᠰᠢᠯᠵᠢᠭᠦᠯᠦᠨ ᠬᠦᠷᠭᠡᠭᠰᠡᠨ ᠵᠦᠶ᠋ᠯᠡᠰ ᠢ ᠲᠦᠷᠢᠮ ᠲᠣᠭᠲᠠᠭᠠᠯ ᠰᠠᠬᠢᠯᠭ᠎ᠠ | ᠪᠠᠲᠤ ᠬᠠᠤᠯᠢ ᠶᠣᠰᠣᠭᠠᠷ ᠰᠢᠢᠳᠪᠦᠷᠢᠯᠡᠬᠦ ᠰᠢᠳᠬᠡᠯ ᠥᠭᠬᠦ ᠬᠡᠷᠡᠭᠲᠡᠶ︔ | ︵ᠭᠤᠷᠪᠠ︶ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠡ ᠶᠢ ᠰᠢᠮᠳᠠᠭᠤᠯᠵᠤ ᠪᠠᠶᠢᠭᠠᠳ ᠬᠢᠨᠠᠨ | ᠪᠤᠳᠤᠭᠰᠠᠨ ᠲᠣᠭᠲᠠᠭᠠᠯ ᠪᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ | ᠠᠵᠢᠯ ᠲᠥᠷᠥᠯ᠂ ᠨᠢᠭᠡᠴᠡ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢᠨ ᠳᠤᠮᠳᠠ ᠬᠢᠨᠠᠨ ᠪᠤᠳᠤᠭᠰᠠᠨ ᠦᠷ᠎ᠡ | ᠳ᠋ᠦᠩ ᠢ ᠪᠦᠲᠦᠮᠵᠢᠲᠡᠶ ᠬᠡᠷᠡᠭᠯᠡᠬᠦ ᠬᠡᠷᠡᠭᠲᠡᠶ︔ | ︵ᠳᠥᠷᠪᠡ︶ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠨᠡᠶᠢᠲᠡᠯᠢᠭ ᠴᠢᠨᠠᠷᠲᠠᠶ᠂ ᠲᠦᠭᠡᠮᠡᠯ ᠴᠢᠨᠠᠷᠲᠠᠶ᠂ | ᠬᠡᠯᠪᠡᠷᠢᠯ ᠤᠨ ᠴᠢᠨᠠᠷᠲᠠᠶ ᠠᠰᠠᠭᠤᠳᠠᠯ ᠪᠠ ᠳᠤᠷᠠᠳᠤᠭᠰᠠᠨ ᠬᠢᠨᠠᠨ ᠪᠤᠳᠤᠯᠲᠠ ᠶᠢᠨ ᠰᠠᠨᠠᠭᠤᠯᠭ᠎ᠠ ᠶᠢ ᠴᠠᠭ ᠲᠤᠬᠠᠶ ᠳᠤᠨᠢ | ᠰᠤᠳᠤᠯᠬᠤ ᠶᠢᠨ ᠬᠠᠮᠲᠤ᠂ ᠲᠡᠭᠦᠨ ᠢᠶᠠᠷ ᠬᠤᠯᠪᠣᠭᠳᠠᠯ ᠪᠥᠬᠦᠶ ᠠᠷᠭ᠎ᠠ ᠬᠡᠮᠵᠢᠶ᠎ᠡ ᠠᠪᠬᠤ᠂ ᠬᠤᠯᠪᠣᠭᠳᠠᠯ ᠪᠥᠬᠦᠶ | ᠲᠦᠷᠢᠮ ᠲᠣᠭᠲᠠᠭᠠᠯ ᠢ ᠲᠡᠭᠦᠯᠳᠡᠷᠵᠢᠭᠦᠯᠬᠦ ᠶᠢᠨ ᠴᠢᠬᠤᠯᠠ ᠯᠠᠪᠯᠠᠯᠲᠠ ᠪᠣᠯᠭᠠᠨ᠎ᠠ᠃ | ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠵᠣᠬᠢᠰᠲᠠᠶ ᠠᠷᠭ᠎ᠠ ᠮᠠᠶ᠋ᠢᠭ ᠢᠶᠠᠷ ᠬᠢᠨᠠᠨ | ᠪᠤᠳᠤᠭᠰᠠᠨ ᠦᠷ᠎ᠡ ᠳ᠋ᠦᠩ ᠢ ᠬᠡᠷᠡᠭᠯᠡᠭᠰᠡᠨ ᠪᠠᠶᠢᠳᠠᠯ ᠢ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ | ᠪᠠᠶᠢᠭᠤᠯᠭ᠎ᠠ ᠳᠤ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃ | ᠳᠥᠴᠢᠨ ᠨᠠᠢᠮᠠᠳᠤᠭᠠᠷ ᠵᠦᠢᠯ ᠬᠢᠨᠠᠨ ᠪᠤᠳᠤᠭᠳᠠᠵᠦ ᠪᠠᠶᠢᠭ᠎ᠠ ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ | ᠨᠢᠭᠡᠴᠢ ᠬᠢᠨᠠᠨ ᠪᠤᠳᠤᠭᠰᠠᠨ ᠦᠷ᠎ᠡ ᠳ᠋ᠦᠩ ᠢ ᠦᠨᠳᠦᠰᠦᠯᠡᠨ᠂ ᠳᠣᠣᠷᠠᠬᠢ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠨᠦᠭᠦᠳ ᠢ ᠠᠪᠬᠤ ᠬᠡᠷᠡᠭᠲᠡᠶ᠄ | ︵ᠨᠢᠭᠡ︶ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠲᠣᠭᠲᠠᠭᠰᠠᠨ ᠬᠤᠭᠤᠴᠠᠭᠠᠨ ᠤ ᠳᠣᠲᠣᠷ᠎ᠠ | ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢᠶᠠᠨ ᠬᠢᠨᠠᠨ ᠪᠤᠳᠤᠬᠤ ᠵᠥᠪᠯᠡᠯ ᠤᠨ | ᠠᠯᠪᠠᠨ ᠬᠡᠷ᠂ ᠬᠢᠨᠠᠨ ᠪᠤᠳᠤᠬᠤ ᠪᠠᠶᠢᠭᠤᠯᠭ᠎ᠠ ᠵᠢᠴᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠪᠤᠶᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠦᠯᠬᠦ ᠬᠡᠷᠡᠭᠲᠡᠶ︔ | ︵ᠬᠤᠶᠠᠷ︶ ᠬᠢᠨᠠᠨ ᠪᠤᠳᠤᠭᠰᠠᠨ ᠲᠣᠭᠲᠠᠭᠠᠯ ᠢ ᠲᠣᠭᠲᠠᠭᠰᠠᠨ ᠬᠤᠭᠤᠴᠠᠭᠠᠨ ᠤ ᠳᠣᠲᠣᠷ᠎ᠠ ᠭᠦᠢᠴᠡᠳᠬᠡᠵᠦ | ᠳᠠᠭᠤᠰᠬᠠᠭᠠᠳ᠂ ᠭᠦᠢᠴᠡᠳᠬᠡᠭᠰᠡᠨ ᠪᠠᠶᠢᠳᠠᠯ ᠢᠶᠠᠨ ᠬᠢᠨᠠᠨ ᠪᠤᠳᠤᠬᠤ ᠺᠣᠮᠢᠰ ᠤᠨ ᠠᠯᠪᠠᠨ ᠭᠡᠷ᠂ ᠬᠢᠨᠠᠨ ᠪᠤᠳᠤᠬᠤ | ᠪᠠᠶᠢᠭᠤᠯᠭ᠎ᠠ ᠳᠤ ᠪᠢᠴᠢᠭ ᠢᠶᠠᠷ ᠮᠡᠳᠡᠭᠦᠯᠦᠨ᠎ᠡ︔ | ︵ᠭᠤᠷᠪᠠ︶ ᠬᠢᠨᠠᠨ ᠪᠤᠳᠤᠯᠳᠠ ᠪᠠᠷ ᠣᠯᠵᠤ ᠮᠡᠳᠡᠭᠰᠡᠨ ᠠᠰᠠᠭᠤᠳᠠᠯ ᠢ ᠦᠨᠳᠦᠰᠦᠯᠡᠨ᠂ ᠬᠤᠯᠪᠣᠭᠳᠠᠯ | ᠪᠦᠬᠦᠢ ᠬᠠᠷᠢᠭᠤᠴᠠᠯᠭ᠎ᠠ ᠲᠠᠢ ᠬᠥᠮᠦᠰ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠣᠬᠢᠴᠠᠩᠭᠤᠶ | ᠰᠢᠢᠳᠪᠦᠷᠢᠯᠡᠬᠦ ᠠᠷᠭ᠎ᠠ ᠬᠡᠮᠵᠢᠶ᠎ᠡ ᠠᠪᠤᠨ᠎ᠠ︔ | ︵ᠲᠦᠷᠪᠡ︶ ᠨᠢᠭᠲᠠᠯᠠᠨ ᠪᠠᠶᠢᠴᠠᠭᠠᠬᠤ ᠰᠠᠨᠠᠭᠤᠯᠭ᠎ᠠ ᠶᠢ ᠦᠨᠳᠦᠰᠦᠯᠡᠨ ᠠᠷᠭ᠎ᠠ ᠬᠡᠮᠵᠢᠶ᠎ᠡ ᠠᠪᠴᠤ᠂ | ᠲᠦᠷᠢᠮ ᠢᠶᠠᠨ ᠲᠡᠭᠦᠯᠳᠡᠷᠵᠢᠭᠦᠯᠵᠦ᠂ ᠬᠠᠮᠢᠶᠠᠷᠤᠯᠲᠠ ᠪᠠᠨ ᠴᠢᠩᠭᠠᠳᠬᠠᠨ᠎ᠠ︔ | ︵ᠲᠠᠪᠤ︶ ᠬᠢᠨᠠᠨ ᠪᠤᠳᠤᠭᠰᠠᠨ ᠦᠷ᠎ᠡ ᠳ᠋ᠦᠩ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠭ᠎ᠠ | ᠨᠢᠭᠡᠴᠡ ᠶᠢᠨ ᠢᠶᠠᠨ ᠤᠳᠤᠷᠢᠳᠬᠤ ᠪᠠᠭ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠤᠨ ᠪᠠᠶᠢᠴᠠᠭᠠᠵᠤ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠤ | ᠂ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠤᠳᠤᠷᠢᠳᠬᠤ ᠪᠠᠭ ᠤᠨ ᠪᠦᠷᠢᠯᠳᠦᠬᠦᠨ ᠤ | ᠬᠠᠷᠢᠭᠤᠴᠠᠯᠭ᠎ᠠ ᠶᠢᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠶᠢᠨ ᠴᠢᠬᠤᠯᠠ ᠠᠭᠤᠯᠭ᠎ᠠ | ᠪᠣᠯᠭᠠᠨ᠎ᠠ᠃ | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠳᠥᠴᠢ ᠶᠢᠰᠦᠳᠦᠭᠡᠷ ᠵᠦᠢᠯ ᠬᠢᠨᠠᠨ ᠪᠤᠳᠤᠬᠤ ᠵᠥᠪᠯᠡᠯ ᠤᠨ ᠠᠯᠪᠠᠨ ᠭᠡᠷ᠂ ᠬᠢᠨᠠᠨ ᠪᠤᠳᠤᠬᠤ ᠪᠠᠶᠢᠭᠤᠯᠭ᠎ᠠ ᠪᠠ | ᠬᠢᠨᠠᠨ ᠪᠤᠳᠤᠬᠤ ᠠᠵᠢᠯᠲᠠᠨ᠂ ᠬᠢᠨᠠᠨ ᠪᠣᠳᠣᠭᠳᠠᠬᠤ ᠤᠳᠤᠷᠢᠳᠬᠤ ᠺᠠᠳ᠋ᠷ ᠵᠢᠴᠢ ᠲᠡᠭᠦᠨ ᠤ ᠪᠠᠶᠢᠭ᠎ᠠ ᠨᠢᠭᠡᠴᠢ ᠵᠢᠴᠢ | ᠪᠤᠰᠤᠳ ᠬᠤᠯᠪᠣᠭᠳᠠᠯ ᠪᠥᠬᠦᠢ ᠨᠢᠭᠡᠴᠢ ᠪᠠ ᠬᠤᠪᠢ ᠬᠥᠮᠦᠨ ᠤ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ | ᠪᠣᠳᠣᠬᠤ ᠶᠠᠪᠤᠴᠠ ᠳᠠᠬᠢ ᠲᠤᠰᠢᠶᠠᠯ ᠬᠠᠷᠢᠭᠤᠴᠠᠯᠭ᠎ᠠ᠂ ᠡᠷᠬᠡ ᠶᠢᠨ ᠬᠡᠪᠴᠢᠶ᠎ᠡ᠂ ᠬᠠᠤᠯᠢ ᠶᠢᠨ ᠬᠠᠷᠢᠭᠤᠴᠠᠯᠭ᠎ᠠ | ᠵᠡᠷᠭᠡ ᠶᠢ ᠲᠣᠰ ᠲᠣᠭᠲᠠᠭᠠᠯ ᠳᠤ ᠲᠣᠭᠲᠠᠭᠠᠭᠰᠠᠨ ᠥᠭᠡᠢ ᠪᠠᠶᠢᠪᠠᠯ᠂ ᠨᠠᠮ ᠤᠨ ᠲᠥᠪ ᠬᠤᠷᠢᠶᠠᠨ ᠤ ᠬᠤᠯᠪᠣᠭᠳᠠᠯ | ᠪᠥᠬᠦᠢ ᠲᠣᠭᠲᠠᠭᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠣᠳᠣᠬᠤ ᠬᠠᠤᠯᠢ︾᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠣᠳᠣᠬᠤ ᠬᠠᠤᠯᠢ ᠶᠢ ᠬᠡᠷᠡᠭᠵᠢᠭᠦᠯᠬᠦ ᠲᠥᠷᠢᠮ︾ ᠪᠠ | ᠪᠤᠰᠤᠳ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠲᠠᠪᠢᠳᠤᠭᠠᠷ ᠵᠦᠢᠯ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠳᠣᠲᠣᠭᠠᠳᠤ ᠶᠢᠨ | ᠬᠠᠮᠢᠶᠠᠷᠤᠯᠲᠠ ᠶᠢᠨ ᠤᠳᠤᠷᠢᠳᠬᠤ ᠺᠠᠳ᠋ᠷ ᠲᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠬᠢᠬᠦ ᠳᠤ | ᠲᠤᠰ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠬᠦ ᠪᠤᠶᠤ ᠲᠤᠰ ᠲᠣᠭᠲᠠᠭᠠᠯ ᠢ ᠦᠨᠳᠦᠰᠦᠯᠡᠨ ᠪᠣᠳᠠᠲᠠᠶ | ᠠᠷᠭ᠎ᠠ ᠶᠢ ᠲᠣᠭᠲᠠᠭᠠᠨ᠎ᠠ᠃ | ᠲᠠᠪᠢᠨ ᠨᠢᠭᠡᠳᠦᠭᠡᠷ ᠵᠦᠢᠯ ᠲᠤᠰ ᠲᠣᠭᠲᠠᠭᠠᠯ ᠢ ᠲᠥᠪ ᠤᠨ ᠬᠢᠨᠠᠨ ᠪᠤᠳᠤᠬᠤ ᠵᠥᠪᠯᠡᠯ ᠤᠨ ᠠᠯᠪᠠᠨ ᠭᠡᠷ᠂ | ᠬᠢᠨᠠᠨ ᠪᠤᠳᠤᠬᠤ ᠵᠠᠬᠢᠷᠭ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠲᠠᠪᠢᠨ ᠬᠤᠶᠠᠳᠤᠭᠠᠷ ᠵᠦᠢᠯ ᠲᠣᠰ ᠲᠣᠭᠲᠠᠭᠠᠯ ᠢ 2019 ᠣᠨ ᠤ 7 ᠰᠠᠷ᠎ᠠ ᠶᠢᠨ 7 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ 2010 ᠣᠨ ᠤ 10 ᠰᠠᠷ᠎ᠠ ᠶᠢᠨ 12 ᠤᠨ ᠡᠳᠦᠷ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠨᠠᠮ ᠵᠠᠰᠠᠭ ᠤᠨ ᠭᠤᠣᠯ ᠤᠳᠤᠷᠢᠳᠬᠤ ᠺᠠᠳ᠋ᠷ ᠪᠣᠯᠤᠨ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠤᠳᠤᠷᠢᠳᠬᠤ ᠬᠥᠮᠦᠰ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ | ᠪᠤᠳᠤᠬᠤ ᠲᠣᠭᠲᠠᠭᠠᠯ︾ ᠢ ᠳᠠᠭᠠᠤ ᠳᠤᠨᠢ ᠬᠦᠴᠦᠨ ᠦᠭᠡᠢ ᠪᠣᠯᠭᠠᠨ᠎ᠠ᠃ | | | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ | | ︽ᠨᠠᠮ ᠵᠠᠰᠠᠭ ᠤᠨ ᠭᠤᠤᠯ ᠤᠳᠤᠷᠢᠳᠬᠤ ᠺᠠᠳ᠋ᠷ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ ᠶᠢᠨ ᠭᠤᠤᠯ ᠤᠳᠤᠷᠢᠳᠬᠤ ᠬᠥᠮᠦᠰ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ | ᠪᠤᠳᠤᠬᠤ ᠲᠣᠭᠲᠠᠭᠠᠯ︾ ᠤᠨ ᠲᠤᠬᠠᠢ ᠲᠠᠶᠢᠯᠤᠮᠵᠢ | | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | | |