| | ᠣᠶᠢᠷ᠎ᠠ ᠳᠤ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ | ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠪᠣᠯᠤᠨ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠥᠷᠥ ᠶᠢᠨ ᠠᠵᠢᠯ ᠤᠨ ᠬᠡᠯᠲᠡᠰ᠂ ᠪᠣᠯᠪᠠᠰᠤᠷᠠᠯ ᠤᠨ | ᠬᠠᠮᠢᠶᠠᠷᠤᠯᠲᠠ ᠶᠢᠨ ᠬᠡᠯᠲᠡᠰ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠶᠠᠮᠤᠨ ᠬᠠᠮᠲᠤᠷᠠᠨ ︽ | ᠴᠡᠷᠢᠭ ᠠᠴᠠ ᠬᠠᠯᠠᠭᠳᠠᠭᠰᠠᠳ ᠤᠨ ᠪᠣᠯᠪᠠᠰᠤᠷᠠᠯ ᠰᠤᠷᠭᠠᠯᠲᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠲᠤᠬᠠᠶ | ᠵᠢᠯᠣᠭᠤᠳᠬᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠬᠡᠪᠯᠡᠨ ᠡᠳᠦᠭᠡ ᠬᠤᠯᠪᠣᠭᠳᠠᠯ ᠪᠦᠬᠦᠢ | ᠠᠰᠠᠭᠤᠳᠠᠯ ᠤᠨ ᠲᠤᠬᠠᠢ ᠲᠠᠶᠢᠯᠤᠮᠵᠢ ᠬᠢᠶ᠎ᠡ᠃ | | 01. ᠶᠠᠭᠤᠨ ᠤ ᠤᠴᠢᠷ ᠠᠴᠠ ︽ᠰᠠᠨᠠᠯ︾ ᠢ ᠨᠡᠶᠢᠲᠡᠯᠡᠨ ᠬᠡᠷᠡᠭᠵᠢᠭᠦᠯᠬᠦ ᠶᠣᠰᠣᠲᠠᠢ ᠶᠤᠮ ᠪᠣᠢ︖ | | ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ ᠪᠠᠶᠢᠭᠤᠯᠤᠭᠳᠠᠭᠰᠠᠨ ᠠᠴᠠ ᠨᠠᠰᠢ᠂ ᠴᠡᠷᠢᠭ ᠠᠴᠠ | ᠬᠠᠯᠠᠭᠳᠠᠭᠰᠠᠳ ᠤᠨ ᠬᠥᠮᠦᠵᠢᠯ ᠪᠣᠯᠪᠠᠰᠤᠷᠠᠯ ᠪᠣᠯᠤᠨ ᠠᠵᠢᠯ ᠣᠯᠭᠤᠯᠲᠠ ᠦᠢᠯᠡᠰ ᠪᠤᠰᠬᠠᠬᠤ ᠠᠵᠢᠯ ᠢ ᠲᠤᠪᠤᠶᠢᠮ᠎ᠠ | ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠬᠥᠮᠦᠵᠢᠯ ᠪᠣᠯᠪᠠᠰᠤᠷᠠᠯ ᠢᠶᠠᠷ ᠳᠠᠮᠵᠢᠨ ᠲᠣᠭᠲᠠᠭᠤᠨ ᠠᠵᠢᠯ | ᠣᠯᠭᠤᠯᠲᠠ ᠶᠢ ᠪᠡᠶᠡᠯᠡᠭᠦᠯᠬᠦ ᠶᠢ ᠴᠢᠬᠤᠯᠠ ᠡᠭᠦᠷᠭᠡ ᠪᠠᠨ ᠪᠣᠯᠭᠠᠵᠤ᠂ ᠦᠵᠦ ᠲᠥᠯᠥᠪᠯᠡᠭᠡ ᠪᠣᠯᠤᠨ ᠲᠦᠷᠢᠮ ᠤᠨ | ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠴᠡᠷᠢᠭ ᠠᠩᠬᠢ ᠪᠣᠯᠤᠨ ᠣᠷᠣᠨ ᠨᠤᠲᠤᠭ ᠤᠨ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠦᠴᠦᠲᠡᠢ ᠳᠡᠮᠵᠢᠯᠭᠡ ᠳᠣᠣᠷ᠎ᠠ᠂ ᠢᠯᠡᠳᠲᠡ ᠦᠷ᠎ᠡ ᠪᠦᠲᠦᠮᠵᠢ ᠣᠯᠵᠠᠢ᠃ | ᠣᠳᠣᠬᠠᠨ ᠳᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ | ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠᠶᠢᠳᠠᠯ ᠪᠠ ᠡᠭᠦᠷᠭᠡ ᠶᠢᠨ ᠳᠣᠤᠷ᠎ᠠ᠂ | ᠴᠡᠷᠢᠭ ᠠᠴᠠ ᠬᠠᠯᠠᠭᠳᠠᠭᠰᠠᠳ ᠤᠨ ᠪᠣᠯᠪᠠᠰᠤᠷᠠᠯ ᠰᠤᠷᠭᠠᠯᠲᠠ ᠶᠢᠨ ᠲᠥᠷᠥ ᠶᠢᠨ ᠪᠣᠳᠣᠯᠭ᠎ᠠ ᠲᠦᠷᠢᠮ ᠤᠨ | ᠰᠢᠰᠲ᠋ᠧᠮᠵᠢ ᠶᠢ ᠤᠯᠠᠮ ᠨᠢᠭᠡ ᠠᠯᠬᠤᠮ ᠥᠭᠡᠷᠡᠴᠢᠯᠡᠨ ᠲᠡᠭᠦᠯᠳᠡᠷᠵᠢᠭᠦᠯᠬᠦ ᠱᠠᠭᠠᠷᠳᠠᠯᠭ᠎ᠠ ᠮᠠᠰᠢ ᠲᠤᠯᠭᠠᠮ᠎ᠠ ᠪᠠᠶᠢᠨ᠎ᠠ᠃ | | ᠨᠢᠭᠡ ᠳᠤ ᠲᠥᠪ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠨᠠᠮ ᠤᠨ ᠲᠥᠪ ᠬᠤᠷᠢᠶ᠎ᠠ ᠴᠡᠷᠢᠭ ᠠᠴᠠ | ᠬᠠᠯᠠᠭᠳᠠᠭᠰᠠᠳ ᠤᠨ ᠪᠣᠯᠪᠠᠰᠤᠷᠠᠯ ᠰᠤᠷᠭᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠪᠣᠯᠪᠠᠰᠤᠷᠠᠯ ᠰᠤᠷᠭᠠᠯᠲᠠ ᠶᠢᠨ ᠠᠵᠢᠯ ᠤᠨ ᠡᠯ᠎ᠡ ᠲᠠᠯ᠎ᠠ ᠳᠤ ᠠᠯᠢ ᠣᠯᠠᠨ ᠲᠣᠳᠣᠷᠬᠠᠶ ᠪᠥᠭᠡᠳ ᠨᠠᠷᠢᠨ ᠱᠠᠭᠠᠷᠳᠠᠯᠭ᠎ᠠ | ᠭᠠᠷᠭᠠᠭᠰᠠᠨ ᠤ ᠬᠠᠮᠲᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠠᠴᠠ | ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ︾ ᠶᠢ ᠨᠡᠶᠢᠲᠡᠯᠡᠭᠰᠡᠨ ᠨᠢ ᠪᠣᠯᠪᠠᠰᠤᠷᠠᠯ ᠰᠤᠷᠭᠠᠯᠲᠠ ᠶᠢᠨ ᠠᠵᠢᠯ ᠳᠤ | ᠦᠨᠳᠦᠰᠦᠨ ᠵᠢᠷᠤᠮᠯᠠᠯ ᠬᠠᠩᠭᠠᠭᠰᠠᠨ ᠪᠣᠯᠬᠤᠷ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠭᠠᠷᠭᠠᠵᠤ | ᠨᠠᠶᠢᠳᠠᠪᠤᠷᠢᠵᠢᠭᠤᠯᠬᠤ ᠴᠢᠬᠤᠯᠠᠲᠠᠶ ᠪᠠᠶᠢᠨ᠎ᠠ᠃ | ᠬᠤᠶᠠᠷ ᠲᠤ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠤᠨ᠎ᠠ᠃ ᠤᠢᠢᠷ᠎ᠠ ᠶᠢᠨ ᠵᠢᠯ ᠠᠴᠠ᠂ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ᠂ ᠴᠢᠳᠠᠪᠤᠷᠢᠲᠠᠨ ᠢᠶᠠᠷ ᠤᠯᠤᠰ ᠢᠶᠠᠨ | ᠬᠦᠴᠦᠷᠬᠡᠭᠵᠢᠭᠦᠯᠬᠦ᠂ ᠣᠷᠣᠨ ᠪᠦᠰᠡ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠵᠡᠷᠭᠡ ᠠᠯᠢ ᠤᠯᠠᠨ ᠤᠯᠤᠰ ᠤᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠨᠠᠰᠤᠨ | ᠲᠤᠷᠰᠢᠳᠠ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠥᠭᠡᠷᠡᠴᠢᠯᠡᠯᠲᠡ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶᠢᠷᠡᠭᠦᠯᠦᠨ | ᠬᠡᠷᠡᠭᠵᠢᠭᠦᠯᠵᠦ᠂ ᠠᠵᠤ ᠦᠢᠯᠡᠰ ᠤᠨ ᠲᠡᠰ ᠳᠡᠪᠰᠢᠬᠦ᠂ ᠮᠡᠷᠭᠡᠵᠢᠯ ᠤᠨ ᠬᠤᠪᠢᠰᠤᠯᠲᠠ ᠶᠢᠨ ᠬᠠᠨᠳᠤᠰᠢ ᠶᠠᠪᠤᠬᠤ | ᠳᠤᠳᠤᠮ ᠲᠦᠷᠭᠡᠳᠴᠦ᠂ ᠴᠡᠷᠢᠭ ᠠᠴᠠ ᠬᠠᠯᠠᠭᠳᠠᠭᠰᠠᠳ ᠤᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠠᠵᠢᠯ ᠳᠤ | ᠰᠢᠨ᠎ᠡ ᠬᠥᠭᠵᠢᠯᠲᠡ ᠶᠢᠨ ᠠᠵᠠ ᠲᠣᠬᠢᠶᠠᠯ ᠣᠯᠭᠤᠪᠠ᠃ ᠨᠥᠭᠦᠭᠡ ᠲᠠᠯ᠎ᠠ ᠪᠠᠷ᠂ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢᠨ ᠭᠦᠨᠵᠡᠭᠡᠶᠢᠷᠡᠬᠦ ᠶᠢ ᠳᠠᠭᠠᠯᠳᠤᠨ᠂ ᠴᠡᠷᠢᠭ ᠠᠴᠠ | ᠬᠠᠯᠠᠭᠳᠠᠭᠰᠠᠨ ᠪᠠᠶᠢᠯᠳᠤᠭᠴᠢᠳ ᠤᠨ ᠪᠦᠬᠦᠯᠢ ᠴᠣᠭᠴᠠ ᠶᠢᠨ ᠰᠣᠶᠣᠯ ᠤᠨ ᠬᠡᠪ ᠴᠢᠨᠠᠷ ᠤᠨ ᠳᠡᠭᠡᠭᠰᠢᠯᠡᠯᠲᠡ ᠨᠢ ᠴᠦ | ᠪᠣᠯᠪᠠᠰᠤᠷᠠᠯ ᠰᠤᠷᠭᠠᠯᠲᠠ ᠶᠢᠨ ᠠᠵᠢᠯ ᠳᠤ ᠰᠢᠨ᠎ᠡ ᠲᠣᠬᠢᠷᠠᠭᠤᠯᠤᠯᠲᠠ ᠬᠢᠬᠦ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ | ᠭᠤᠷᠪᠠ ᠳᠤ ᠦᠨᠳᠦᠰᠦᠨ ᠱᠠᠲᠤᠨ ᠤ ᠬᠦᠰᠡᠯ ᠱᠠᠭᠠᠷᠳᠠᠯᠭ᠎ᠠ ᠳᠤ ᠬᠠᠷᠢᠭᠤᠯᠲᠠ ᠥᠭᠭᠦᠨ᠎ᠡ᠃ ᠴᠡᠷᠢᠭ ᠠᠴᠠ | ᠬᠠᠯᠠᠭᠳᠠᠭᠰᠠᠨ ᠪᠠᠶᠢᠯᠳᠤᠭᠴᠢᠳ ᠤᠨ ᠪᠣᠯᠪᠠᠰᠤᠷᠠᠯ ᠰᠤᠷᠭᠠᠯᠲᠠ ᠶᠢᠨ ᠲᠥᠷᠥ ᠶᠢᠨ ᠪᠣᠳᠣᠯᠭ᠎ᠠ ᠨᠢ ᠴᠡᠷᠢᠭ ᠠᠴᠠ | ᠬᠠᠯᠠᠭᠳᠠᠭᠰᠠᠨ ᠥᠷᠭᠡᠨ ᠣᠯᠠᠨ ᠪᠠᠶᠢᠯᠳᠤᠭᠴᠢᠳ ᠤᠨ ᠨᠠᠩ ᠣᠯᠠᠨ ᠰᠤᠷᠤᠯᠴᠠᠨ ᠰᠤᠷᠤᠯᠴᠠᠬᠤ ᠲᠣᠬᠢᠶᠠᠯ ᠤᠯᠬᠤ ᠶᠢ | ᠳᠡᠮᠵᠢᠨ ᠵᠣᠷᠢᠭᠵᠢᠭᠤᠯᠬᠤ᠂ ᠶᠡᠷᠦᠩᠬᠡᠶᠢᠯᠡᠭᠰᠡᠨ ᠬᠡᠪ ᠴᠢᠨᠠᠷ ᠪᠠ ᠠᠵᠢᠯ ᠤᠯᠬᠤ ᠴᠢᠳᠠᠪᠤᠷᠢ ᠶᠢ ᠳᠡᠭᠡᠭᠰᠢᠯᠡᠭᠦᠯᠬᠦ | ᠲᠠᠯ᠎ᠠ ᠪᠠᠷ ᠢᠳᠡᠪᠬᠢᠲᠡᠶ ᠦᠢᠯᠡᠳᠦᠯ ᠦᠵᠡᠭᠦᠯᠦᠭᠰᠡᠭᠡᠷ ᠢᠷᠡᠵᠡᠶ᠃ ᠠᠷᠪᠠ ᠭᠠᠷᠤᠶ ᠵᠢᠯ ᠤᠨ ᠬᠥᠭᠵᠢᠯᠲᠡ ᠪᠠᠷ | ᠳᠠᠮᠵᠢᠭᠠᠳ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠨᠡᠯᠢᠶᠡᠳ ᠶᠡᠭᠡ ᠬᠤᠪᠢᠷᠠᠯᠲᠠ ᠭᠠᠷᠴᠤ᠂ | ᠦᠨᠳᠦᠰᠦᠨ ᠱᠠᠲᠤᠨ ᠤ ᠦᠢᠯᠡᠳᠦᠯᠭᠡ ᠶᠢᠨ ᠳᠤᠮᠳᠠ ᠪᠠᠰᠠ ᠪᠠᠴᠢᠮ ᠰᠢᠢᠳᠪᠦᠷᠢᠯᠡᠬᠦ ᠴᠢᠬᠤᠯᠠᠲᠠᠶ ᠵᠠᠷᠢᠮ ᠪᠠᠶᠢᠭᠤᠯᠤᠯ | ᠲᠣᠭᠲᠠᠴᠠ ᠶᠢᠨ ᠠᠰᠠᠭᠤᠳᠠᠯ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠰᠠᠭᠤᠳᠠᠯ ᠪᠠ ᠬᠥᠭᠵᠢᠯᠲᠡ ᠶᠢᠨ | ᠳᠤᠮᠳᠠᠬᠢ ᠠᠰᠠᠭᠤᠳᠠᠯ ᠳᠤ ᠲᠤᠯᠭᠠᠷᠠᠵᠤ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠰᠢᠢᠳᠪᠦᠷᠢᠯᠡᠬᠦ ᠴᠢᠬᠤᠯᠠᠲᠠᠶ | ᠪᠠᠶᠢᠨ᠎ᠠ᠃ | | 2. ︽ᠰᠠᠨᠠᠯ︾ ᠨᠢ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠲᠤ ᠶᠠᠮᠠᠷ ᠶᠠᠮᠠᠷ ᠲᠥᠷᠥ ᠶᠢᠨ | ᠪᠣᠳᠣᠯᠭ᠎ᠠ ᠶᠢᠨ ᠬᠠᠷᠠᠭᠠᠯᠵᠠᠯ ᠦᠵᠡᠭᠦᠯᠬᠦ ᠶᠤᠮ ᠪᠤᠶ︖ | | | ᠨᠢᠭᠡ ᠳᠤ ᠨᠠᠩ ᠣᠯᠠᠨ ᠰᠤᠷᠤᠯᠴᠠᠬᠤ ᠲᠣᠬᠢᠶᠠᠯ ᠬᠠᠩᠭᠠᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠴᠡᠷᠢᠭ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ︾ ᠶᠢᠨ ᠭᠤᠴᠢᠨ ᠬᠤᠶᠠᠳᠤᠭᠠᠷ ᠵᠦᠢᠯ ᠳᠤ | ᠄ ︽ᠤᠯᠤᠰ ᠠᠴᠠ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠰᠤᠷᠭᠠᠯᠲᠠ ᠶᠢ ᠵᠡᠷᠭᠡ ᠪᠠᠷ ᠴᠢᠬᠤᠯᠠᠴᠢᠯᠠᠬᠤ ᠴᠡᠷᠢᠭ ᠠᠴᠠ ᠬᠠᠯᠠᠭᠳᠠᠭᠰᠠᠳ ᠤᠨ ᠪᠣᠯᠪᠠᠰᠤᠷᠠᠯ | ᠰᠤᠷᠭᠠᠯᠲᠠ ᠶᠢᠨ ᠰᠢᠰᠲ᠋ᠧᠮ ᠢ ᠪᠠᠶᠢᠭᠤᠯᠤᠨ᠎ᠠ︾ ᠭᠡᠵᠦ ᠲᠣᠭᠲᠠᠭᠠᠵᠠᠶ᠃ ᠪᠠᠶᠢᠯᠳᠤᠭᠴᠢᠳ ᠢ ᠬᠥᠲᠥᠯᠥᠨ | ᠵᠢᠯᠣᠭᠤᠳᠴᠤ ᠪᠠᠶᠢᠭᠠᠳ ᠴᠡᠷᠢᠭ ᠠᠴᠠ ᠬᠠᠯᠠᠭᠳᠠᠭᠰᠠᠨ ᠤ ᠳᠠᠷᠠᠭᠠᠬᠢ ᠠᠩᠬᠠᠨ ᠤ ᠠᠯᠬᠤᠮ ᠢ ᠰᠠᠶᠢᠲᠤᠷ | ᠠᠯᠬᠤᠬᠤ ᠶᠢᠨ ᠬᠠᠮᠲᠤ ᠠᠵᠢᠯ ᠮᠡᠷᠭᠡᠵᠢᠯ ᠤᠨ ᠬᠥᠭᠵᠢᠯᠲᠡ ᠶᠢᠨ ᠠᠮᠢᠳᠤᠷᠠᠯ ᠳᠤᠮᠳᠠ ᠪᠠᠨ ᠦᠷᠭᠦᠯᠵᠢᠯᠡᠨ ᠴᠢᠳᠠᠪᠤᠷᠢ | ᠣᠯᠭᠤᠬᠤ ᠪᠣᠯ ᠲᠣᠭᠲᠠᠪᠤᠷᠢᠲᠠᠶ ᠠᠵᠢᠯ ᠣᠯᠭᠤᠯᠲᠠ ᠪᠠ ᠴᠢᠨᠠᠷ ᠰᠠᠶᠢᠲᠠᠶ ᠠᠵᠢᠯ ᠣᠯᠭᠤᠯᠲᠠ ᠶᠢ ᠪᠡᠶᠡᠯᠡᠭᠦᠯᠬᠦ ᠶᠢᠨ | ᠵᠠᠩᠭᠢᠯᠠᠭ᠎ᠠ ᠮᠥᠨ᠃ ︽ᠰᠠᠨᠠᠯ︾ ᠳᠤ ︽ᠵᠣᠬᠢᠴᠠᠬᠤ ᠴᠢᠨᠠᠷᠲᠠᠶ ᠰᠤᠷᠭᠠᠯᠲᠠ᠂ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠰᠤᠷᠭᠠᠯᠲᠠ᠂ ᠰᠤᠷᠤᠯᠭ᠎ᠠ ᠶᠢᠨ ᠨᠠᠮᠲᠠᠷ ᠤᠨ ᠬᠥᠮᠦᠵᠢᠯ ᠪᠠ ᠨᠠᠰᠤᠨ ᠲᠤᠷᠰᠢᠳᠠ ᠶᠢᠨ | ᠰᠤᠷᠤᠯᠴᠠᠯᠭ᠎ᠠ ᠶᠢ ᠪᠠᠭᠲᠠᠭᠠᠭᠰᠠᠨ ᠪᠣᠯᠪᠠᠰᠤᠷᠠᠯ ᠰᠤᠷᠭᠠᠯᠲᠠ ᠶᠢᠨ ᠰᠢᠰᠲ᠋ᠧᠮ ᠢ ᠪᠠᠶᠢᠭᠤᠯᠤᠨ᠎ᠠ︾ ᠭᠡᠵᠦ ᠳᠤᠷᠠᠳᠴᠠᠶ᠃ | ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠲᠤ ᠰᠤᠷᠤᠯᠭ᠎ᠠ ᠶᠢᠨ ᠨᠠᠮᠲᠠᠷ ᠤᠨ ᠬᠥᠮᠦᠵᠢᠯ ᠪᠠ ᠮᠡᠷᠭᠡᠵᠢᠯ | ᠴᠢᠳᠠᠪᠤᠷᠢ ᠶᠢᠨ ᠰᠤᠷᠭᠠᠯᠲᠠ ᠬᠦᠷᠲᠡᠭᠡᠬᠦ ᠶᠢᠨ ᠬᠠᠮᠲᠤ᠂ ᠵᠣᠬᠢᠴᠠᠬᠤ ᠴᠢᠨᠠᠷᠲᠠᠶ ᠰᠤᠷᠭᠠᠯᠲᠠ ᠢᠶᠠᠷ ᠳᠠᠮᠵᠢᠭᠤᠯᠤᠨ | ᠳᠦᠷᠢ ᠲᠥᠷᠬᠦ ᠪᠠᠨ ᠲᠦᠷᠭᠡᠨ ᠬᠤᠪᠢᠷᠠᠭᠤᠯᠵᠤ᠂ ᠨᠡᠶᠢᠭᠡᠮ ᠳᠤ ᠠᠭᠤᠰᠤᠯᠴᠠᠭᠤᠯᠤᠨ᠂ ᠠᠵᠢᠯ ᠮᠡᠷᠭᠡᠵᠢᠯ ᠤᠨ | ᠬᠥᠭᠵᠢᠯᠲᠡ ᠶᠢᠨ ᠶᠠᠪᠤᠴᠠ ᠳᠤ ᠨᠠᠰᠤᠨ ᠲᠤᠷᠰᠢᠳᠠ ᠶᠢᠨ ᠰᠤᠷᠤᠯᠴᠠᠯᠭ᠎ᠠ ᠶᠢ ᠳᠠᠭᠠᠯᠳᠤᠭᠤᠯᠵᠤ᠂ ᠰᠤᠷᠤᠯᠴᠠᠬᠤ | ᠲᠣᠬᠢᠶᠠᠯ ᠢ ᠪᠥᠬᠦ ᠲᠠᠯ᠎ᠠ ᠪᠠᠷ ᠨᠡᠮᠡᠭᠳᠡᠭᠦᠯᠵᠦ᠂ ᠠᠵᠢᠯ ᠮᠡᠷᠭᠡᠵᠢᠯ ᠤᠨ ᠴᠢᠳᠠᠪᠤᠷᠢ ᠶᠢ ᠪᠦᠲᠦᠮᠵᠢᠲᠡᠶ ᠪᠠᠷ | ᠳᠡᠭᠡᠭᠰᠢᠯᠡᠭᠦᠯᠦᠨ᠎ᠡ᠃ | ᠬᠤᠶᠠᠷ ᠲᠤ᠂ ᠨᠡᠩ ᠪᠦᠬᠦ ᠲᠠᠯ᠎ᠠ ᠶᠢᠨ ᠰᠤᠷᠤᠯᠴᠠᠯᠭ᠎ᠠ ᠳᠤ ᠲᠤᠰᠠᠯᠠᠮᠵᠢ ᠦᠵᠡᠭᠦᠯᠦᠨ᠎ᠡ᠃ ︽ᠰᠠᠨᠠᠯ︾ ᠳᠤ | ᠳᠤᠷᠠᠳᠤᠭᠰᠠᠨ ᠨᠢ᠂ 2019 ᠣᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠥᠬᠦ | ᠤᠯᠤᠰ ᠤᠨ ᠨᠢᠭᠡᠳᠦᠯᠲᠡᠶ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠪᠤᠶᠤ ᠳᠡᠭᠡᠳᠦ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠶᠢᠨ ᠲᠥᠷᠥᠯ ᠬᠤᠪᠢᠶᠠᠨ ᠰᠢᠯᠭᠠᠨ ᠡᠯᠰᠡᠬᠦ ᠠᠷᠭ᠎ᠠ ᠮᠠᠶ᠋ᠢᠭ ᠢᠶᠠᠷ ᠡᠩ ᠤᠨ | ᠳᠡᠭᠡᠳᠦ ᠵᠡᠷᠭᠡ ᠶᠢᠨ ᠰᠤᠷᠭᠠᠭᠤᠯᠢ ᠳᠤ ᠰᠢᠯᠭᠠᠨ ᠣᠷᠣᠭᠰᠠᠨ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ | ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ᠰᠣᠷᠣᠭᠴᠢ ᠶᠢᠨ | ᠰᠤᠷᠤᠯᠭ᠎ᠠ ᠶᠢᠨ ᠰᠦᠢᠳᠬᠡᠯ ᠢ ᠴᠡᠷᠢᠭ ᠠᠴᠠ ᠬᠠᠯᠠᠭᠳᠠᠭᠰᠠᠳ ᠤᠨ ᠨᠢᠭᠡ ᠵᠢᠯ ᠤᠨ ᠳᠣᠲᠣᠷ᠎ᠠ ᠪᠠ ᠨᠢᠭᠡ ᠵᠢᠯ ᠠᠴᠠ | ᠳᠡᠭᠡᠭᠰᠢ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠳ ᠤᠨ ᠡᠳ᠋ ᠮᠥᠩᠭᠦ ᠪᠠᠷ ᠲᠤᠰᠠᠯᠠᠬᠤ | ᠣᠯᠭᠤᠮᠵᠢ ᠶᠢ ᠨᠢᠭᠡᠳᠦᠯᠲᠡᠶ ᠪᠠᠶᠢᠯᠭᠠᠬᠤ ᠶᠢ ᠪᠡᠶᠡᠯᠡᠭᠦᠯᠵᠦ᠂ ᠬᠠᠰᠤᠵᠤ ᠭᠡᠯᠳᠦᠷᠢᠭᠦᠯᠬᠦ ᠬᠠᠮᠤᠭ ᠤᠨ ᠥᠨᠳᠥᠷ | ᠪᠠᠷᠢᠮᠵᠢᠶ᠎ᠠ ᠶᠢ ︽ᠰᠣᠷᠣᠭᠴᠢ ᠶᠢ ᠡᠳ᠋ ᠮᠥᠩᠭᠦ ᠪᠠᠷ ᠲᠤᠰᠠᠯᠠᠬᠤ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ | ᠳᠤ ᠲᠣᠭᠲᠠᠭᠠᠭᠰᠠᠨ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ ᠬᠥᠮᠦᠨ ᠪᠦᠷᠢ | ᠵᠢᠯ ᠳᠤ 8000 ᠲᠥᠭᠦᠷᠢᠭ ᠶᠣᠰᠣᠭᠠᠷ ᠬᠡᠷᠡᠭᠵᠢᠭᠦᠯᠦᠨ᠎ᠡ᠃ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ | ᠠᠵᠢᠯ ᠰᠤᠷᠤᠯᠭ᠎ᠠ ᠶᠢᠨ ᠵᠥᠷᠢᠴᠡᠯ ᠪᠠ ᠠᠮᠢᠳᠤᠷᠠᠯ ᠤᠨ ᠳᠠᠷᠤᠯᠲᠠ ᠶᠢ ᠭᠦᠢᠴᠡᠳ ᠬᠥᠩᠭᠡᠷᠡᠭᠦᠯᠬᠦ ᠶᠢᠨ ᠲᠥᠯᠥᠭᠡ᠂ ︽ | ᠰᠠᠨᠠᠯ︾ ᠳᠤ ᠪᠠᠰᠠ᠂ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠪᠠᠶᠢᠭ᠎ᠠ ᠴᠡᠷᠢᠭ ᠠᠴᠠ ᠬᠠᠯᠠᠭᠳᠠᠭᠰᠠᠨ | ᠰᠤᠷᠤᠭᠴᠢᠳ ᠴᠥᠮ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ ᠶᠢᠨ ᠤᠯᠤᠰ ᠤᠨ | ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠭᠥᠷᠳᠡᠵᠦ᠂ ᠪᠦᠬᠦᠯᠢ ᠡᠳᠦᠷ ᠤᠨ ᠳᠦᠷᠢᠮᠲᠦ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠣᠷᠣᠯᠴᠠᠭᠰᠠᠨ ᠪᠠᠶᠢᠪᠠᠯ᠂ ᠵᠢᠭᠠᠯᠲᠠ ᠶᠢ ᠦᠨᠳᠦᠰᠦᠯᠡᠵᠦ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠ | ᠰᠤᠷᠤᠯᠭ᠎ᠠ ᠶᠢᠨ ᠰᠦᠢᠳᠬᠡᠯ ᠢ ᠡᠭᠦᠨ ᠠᠴᠠ ᠭᠠᠳᠠᠨ᠎ᠠ᠂ ︽ᠰᠠᠨᠠᠯ︾ ᠳᠤ ᠳᠤᠷᠠᠳᠤᠭᠰᠠᠨ ᠵᠠᠰᠠᠭ ᠤᠨ ᠣᠷᠳᠣᠨ ᠤ | ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠭᠰᠠᠨ ᠵᠣᠬᠢᠴᠠᠬᠤ ᠴᠢᠨᠠᠷᠲᠠᠶ ᠰᠤᠷᠭᠠᠯᠲᠠ᠂ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠰᠤᠷᠭᠠᠯᠲᠠ ᠶᠢ ᠴᠥᠮ ᠰᠦᠢᠳᠬᠡᠯ ᠬᠤᠷᠢᠶᠠᠬᠤ ᠥᠬᠡᠶ ᠪᠠᠷ ᠬᠠᠮᠲᠤ ᠳᠤᠨᠢ ᠭᠥᠷᠳᠡᠵᠦ ᠪᠣᠯᠤᠨ᠎ᠠ᠃ | ᠭᠤᠷᠪᠠ ᠳᠤ᠂ ᠨᠡᠩ ᠤᠯᠠᠨ ᠰᠤᠷᠤᠯᠴᠠᠯᠭ᠎ᠠ ᠶᠢᠨ ᠰᠣᠩᠭᠤᠯᠲᠠ ᠶᠢ ᠪᠠᠲᠤᠯᠠᠨ᠎ᠠ᠃ ᠴᠡᠷᠢᠭ ᠠᠴᠠ | ᠬᠠᠯᠠᠭᠳᠠᠭᠰᠠᠨ ᠪᠠᠶᠢᠯᠳᠤᠭᠴᠢᠳ ᠲᠤ ᠨᠡᠩ ᠣᠯᠠᠨ ᠶᠠᠩᠵᠤ ᠶᠢᠨ᠂ ᠨᠡᠩ ᠥᠨᠳᠥᠷ ᠴᠢᠨᠠᠷ ᠴᠢᠨᠰᠠᠭ᠎ᠠ ᠲᠠᠢ᠂ ᠨᠡᠩ | ᠢᠯᠡᠭᠦᠦ ᠪᠣᠯᠪᠠᠰᠤᠷᠠᠯ ᠬᠦᠷᠲᠡᠭᠡᠬᠦ ᠶᠢᠨ ᠲᠥᠯᠥᠭᠡ᠂ ︽ᠰᠠᠨᠠᠯ︾ ᠳᠤ ᠳᠤᠷᠠᠳᠤᠭᠰᠠᠨ ᠨᠢ᠂ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠰᠤᠷᠭᠠᠯᠲᠠ ᠳᠤ ᠰᠤᠷᠤᠯᠭ᠎ᠠ ᠶᠢᠨ ᠨᠠᠮᠲᠠᠷ ᠤᠨ ᠦᠨᠡᠮᠯᠡᠯ + ᠡᠳᠦᠶ ᠲᠡᠳᠦᠶ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠤᠨ ᠲᠦᠷᠢᠮ ︵1+X ᠦᠨᠡᠮᠯᠡᠯ ᠤᠨ ᠲᠦᠷᠢᠮ︶ | ᠪᠠ ᠰᠤᠷᠤᠯᠭ᠎ᠠ ᠶᠢᠨ ᠬᠤᠪᠢ ᠶᠢᠨ ᠪᠠᠩᠬᠢ ᠶᠢᠨ ᠲᠦᠷᠢᠮ ᠢ ᠣᠷᠣᠭᠤᠯᠤᠨ ᠠᠪᠴᠢᠷᠠᠵᠤ᠂ ᠰᠤᠷᠭᠠᠨ ᠬᠥᠮᠦᠵᠢᠯ ᠤᠨ | ᠰᠤᠷᠭᠠᠯᠲᠠ ᠶᠢᠨ ᠪᠠᠶᠢᠭᠤᠯᠤᠮᠵᠢ ᠶᠢᠨ ᠰᠢᠯᠢᠳᠡᠭ ᠰᠤᠷᠭᠠᠯᠲᠠ ᠶᠢᠨ ᠡᠬᠢ ᠪᠠᠶᠠᠯᠢᠭ ᠢ ᠵᠣᠯᠭᠠᠭᠤᠯᠤᠨ ᠬᠠᠮᠲᠤ ᠪᠠᠷ | ᠡᠳ᠋ᠯᠡᠬᠦ ᠶᠢ ᠵᠣᠷᠢᠭᠵᠢᠭᠤᠯᠵᠤ᠂ ᠨᠠᠩ ᠣᠯᠠᠨ ᠰᠤᠷᠭᠠᠯᠲᠠ ᠶᠢᠨ ᠪᠠᠶᠢᠭᠤᠯᠤᠮᠵᠢ ᠳᠤ ᠣᠷᠣᠭᠤᠯᠤᠨ᠂ ᠪᠡᠶ᠎ᠡ ᠪᠠᠨ | ᠳᠠᠭᠠᠭᠠᠵᠤ ᠠᠵᠢᠯ ᠣᠯᠵᠤ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠪᠡᠶ᠎ᠡ ᠪᠠᠨ ᠳᠠᠭᠠᠭᠠᠵᠤ | ᠰᠣᠩᠭᠤᠬᠤ ᠶᠢ ᠵᠣᠷᠢᠭᠵᠢᠭᠤᠯᠤᠨ᠎ᠠ᠃ ᠨᠢᠭᠡᠨᠲᠡ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠨ | ᠪᠠᠶᠢᠯᠳᠤᠭᠴᠢᠳ ᠲᠤ᠂ ︽ᠰᠠᠨᠠᠯ︾ ᠳᠤ ᠬᠥᠮᠦᠨ ᠬᠡᠷᠡᠭᠯᠡᠬᠦ ᠨᠢᠭᠡᠴᠢ ᠶᠢᠨ ᠲᠣᠭᠲᠠᠮᠠᠯ ᠬᠤᠭᠤᠴᠠᠭ᠎ᠠ ᠲᠠᠢ ᠪᠠᠷ | ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠠ ᠮᠡᠳᠡᠯᠭᠡ ᠶᠢ ᠰᠢᠨᠡᠳᠬᠡᠬᠦ ᠰᠤᠷᠭᠠᠯᠲᠠ ᠶᠢ | ᠵᠣᠬᠢᠶᠠᠨ ᠪᠠᠶᠢᠭᠤᠯᠬᠤ ᠶᠢ ᠵᠣᠷᠢᠭᠵᠢᠭᠤᠯᠵᠤ᠂ ᠠᠵᠢᠯ ᠣᠯᠭᠤᠯᠲᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠭᠰᠠᠨ | ᠠᠵᠤ ᠠᠬᠤᠶᠢᠯᠠᠯ ᠤᠨ ᠣᠯᠠᠨ ᠠᠷᠭ᠎ᠠ ᠵᠠᠮ᠂ ᠣᠯᠠᠨ ᠲᠠᠰ ᠳᠠᠪᠬᠤᠷᠭ᠎ᠠ᠂ ᠣᠯᠠᠨ ᠤᠳᠠᠭᠠᠨ ᠤ ᠬᠥᠮᠦᠵᠢᠯ | ᠰᠤᠷᠭᠠᠯᠲᠠ ᠬᠠᠩᠭᠠᠬᠤ ᠶᠢ ᠳᠡᠮᠵᠢᠨ᠎ᠡ᠃ ︽ᠰᠠᠨᠠᠯ︾ ᠳᠤ ᠪᠠᠰᠠ ᠳᠤᠷᠠᠳᠤᠭᠰᠠᠨ ᠨᠢ᠂ ᠪᠥᠬᠦ ᠤᠯᠤᠰ ᠤᠨ | ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠰᠦᠯᠵᠢᠶᠡᠨ ᠤ ᠰᠤᠷᠤᠯᠴᠠᠯᠭ᠎ᠠ ᠶᠢᠨ ᠲᠠᠪᠴᠠᠩ ᠢ ᠪᠠᠶᠢᠭᠤᠯᠵᠤ᠂ | ᠢᠷᠡᠭᠡᠳᠦᠶ ᠳᠤ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠥᠪᠡᠷ ᠤᠨ ᠬᠡᠷᠡᠭᠴᠡᠭᠡ ᠪᠠᠨ ᠦᠨᠳᠦᠰᠦᠯᠡᠨ | ᠰᠦᠯᠵᠢᠶᠡᠨ ᠳᠡᠭᠡᠷ᠎ᠡ ᠰᠤᠷᠤᠯᠴᠠᠵᠤ ᠪᠣᠯᠤᠨ᠎ᠠ᠃ | | 03. ︽ᠰᠠᠨᠠᠯ︾ ᠳᠤ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠵᠣᠬᠢᠴᠠᠬᠤ ᠴᠢᠨᠠᠷᠲᠠᠶ | ᠰᠤᠷᠭᠠᠯᠲᠠ ᠳᠤ ᠶᠠᠮᠠᠷ ᠶᠠᠮᠠᠷ ᠲᠣᠭᠲᠠᠭᠠᠯ ᠲᠠᠢ ᠪᠤᠶ︖ | | | ᠡᠩ ᠲᠡᠷᠢᠭᠦᠨ ᠳᠤ᠂ ᠵᠣᠬᠢᠴᠠᠬᠤ ᠴᠢᠨᠠᠷᠲᠠᠶ ᠰᠤᠷᠭᠠᠯᠲᠠ ᠶᠢ ᠬᠡᠷᠡᠭᠵᠢᠭᠦᠯᠬᠦ ᠭᠤᠤᠯ ᠴᠣᠭᠴᠠ ᠪᠣᠯ ᠡᠯ᠎ᠡ | ᠭᠠᠵᠠᠷ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠰᠠᠯᠠᠭ᠎ᠠ ᠮᠥᠴᠢᠷ ᠪᠠᠶᠢᠵᠤ᠂ ᠮᠤᠵᠢ ︵ᠣᠷᠣᠨ᠂ | ᠬᠤᠲᠠ︶ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠰᠠᠯᠠᠭ᠎ᠠ ᠮᠥᠴᠢᠷ ᠠᠴᠠ ᠪᠣᠳᠠᠲᠠᠶ | ᠪᠠᠶᠢᠳᠠᠯ ᠲᠠᠢ ᠪᠠᠨ ᠤᠶᠠᠯᠳᠤᠭᠤᠯᠤᠨ ᠨᠢᠭᠡᠳᠦᠯᠲᠡᠶ ᠲᠥᠯᠥᠪᠯᠡᠨ ᠳᠣᠭᠢᠷᠠᠭᠤᠯᠤᠨ᠎ᠠ᠃ | ᠳᠠᠷᠠᠭᠠᠯᠠᠪᠠᠯ᠂ ᠵᠣᠬᠢᠴᠠᠬᠤ ᠴᠢᠨᠠᠷᠲᠠᠶ ᠰᠤᠷᠭᠠᠯᠲᠠ ᠶᠢ ᠪᠡᠶ᠎ᠡ ᠪᠠᠨ ᠳᠠᠭᠠᠭᠠᠵᠤ ᠠᠵᠢᠯ ᠣᠯᠤᠭᠰᠠᠨ | ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠨᠤᠲᠤᠭ ᠲᠠᠭᠠᠨ ᠪᠤᠴᠠᠵᠤ ᠨᠡᠷ᠎ᠡ ᠮᠡᠳᠡᠭᠦᠯᠦᠭᠰᠡᠨ ᠤ ᠳᠠᠷᠠᠭ᠎ᠠ ᠴᠠᠭ | ᠲᠤᠬᠠᠶ ᠳᠤᠨᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠣᠯᠪᠠᠰᠤᠷᠠᠭᠤᠯᠬᠤ ᠴᠠᠭ ᠤᠨ ᠣᠷᠳᠣ ᠨᠢ 80 ᠬᠢᠴᠢᠶᠡᠯ ᠤᠨ | ᠴᠠᠭ ᠠᠴᠠ ᠳᠤᠲᠠᠭᠤ ᠪᠠᠶᠢᠵᠤ ᠪᠣᠯᠬᠤ ᠥᠬᠡᠶ᠃ | ᠭᠤᠷᠪᠠᠳᠤᠭᠠᠷ ᠲᠤ᠂ ᠵᠣᠬᠢᠴᠠᠬᠤ ᠴᠢᠨᠠᠷᠲᠠᠶ ᠰᠤᠷᠭᠠᠯᠲᠠ ᠶᠢᠨ ᠠᠭᠤᠯᠭ᠎ᠠ ᠳᠤ ᠦᠵᠡᠯ ᠰᠠᠨᠠᠭ᠎ᠠ ᠤᠯᠤᠰ | ᠲᠥᠷᠥ ᠪᠠ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠬᠥᠮᠦᠵᠢᠯ᠂ ᠴᠡᠷᠢᠭ ᠤᠨ ᠠᠯᠪᠠᠨ ᠠᠴᠠ ᠪᠠᠭᠤᠬᠤ | ᠲᠥᠷᠥ ᠶᠢᠨ ᠪᠣᠳᠣᠯᠭ᠎ᠠ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠰᠡᠳᠬᠢᠴᠡ ᠶᠢᠨ | ᠲᠣᠬᠢᠷᠠᠭᠤᠯᠤᠯᠲᠠ᠂ ᠠᠵᠢᠯ ᠮᠡᠷᠭᠡᠵᠢᠯ ᠤᠨ ᠵᠢᠯᠣᠭᠤᠳᠣᠯᠭ᠎ᠠ᠂ ᠴᠢᠳᠠᠪᠤᠷᠢᠲᠠᠨ ᠢ ᠰᠢᠯᠭᠠᠨ ᠦᠨᠡᠯᠡᠬᠦ ᠪᠠ | ᠰᠤᠷᠭᠠᠯᠲᠠ ᠶᠢᠨ ᠠᠵᠢᠯ ᠣᠯᠭᠤᠯᠲᠠ ᠶᠢᠨ ᠲᠠᠨᠢᠯᠴᠠᠭᠤᠯᠭ᠎ᠠ ᠵᠡᠷᠭᠡ ᠪᠠᠭᠲᠠᠨ᠎ᠠ᠃ | ᠳᠥᠷᠪᠡᠳᠦᠭᠡᠷ ᠲᠤ᠂ ᠵᠣᠬᠢᠴᠠᠬᠤ ᠴᠢᠨᠠᠷᠲᠠᠶ ᠰᠤᠷᠭᠠᠯᠲᠠ ᠶᠢᠨ ᠬᠡᠯᠪᠡᠷᠢ ᠨᠢ ᠬᠠᠷᠢᠴᠠᠩᠭᠤᠶ ᠠᠮᠢᠳᠤᠯᠢᠭ ᠪᠠᠶᠢᠵᠤ | ᠂ ᠰᠦᠯᠵᠢᠶᠡᠨ ᠠᠴᠠ ᠭᠠᠳᠠᠨ᠎ᠠ ᠲᠥᠪᠯᠡᠷᠡᠭᠦᠯᠦᠨ ᠵᠢᠭᠠᠨ ᠰᠤᠷᠭᠠᠵᠤ ᠪᠣᠯᠤᠨ᠎ᠠ᠂ ᠪᠠᠰᠠ ︽ᠢᠨᠲ᠋ᠧᠷ ᠰᠦᠯᠵᠢᠶ᠎ᠡ + | ᠰᠤᠷᠭᠠᠯᠲᠠ︾ ᠵᠡᠷᠭᠡ ᠣᠯᠠᠨ ᠵᠦᠢᠯ ᠤᠨ ᠠᠷᠭ᠎ᠠ ᠪᠠᠷᠢᠯ ᠢ ᠬᠡᠷᠡᠭᠯᠡᠵᠦ ᠪᠣᠯᠤᠨ᠎ᠠ᠃ | ᠲᠠᠪᠤᠳᠤᠭᠠᠷ ᠲᠤ᠂ ᠰᠤᠷᠭᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠵᠣᠬᠢᠴᠠᠬᠤ ᠴᠢᠨᠠᠷᠲᠠᠶ | ᠰᠤᠷᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠵᠦ᠂ ᠰᠤᠷᠭᠠᠯᠲᠠ ᠶᠢᠨ ᠦᠷ᠎ᠡ ᠪᠦᠲᠦᠮᠵᠢ ᠶᠢ | ᠦᠨᠡᠨᠬᠦ ᠪᠠᠲᠤᠯᠠᠬᠤ ᠬᠡᠷᠡᠭᠲᠡᠶ᠃ | | 04. ︽ᠰᠠᠨᠠᠯ︾ ᠳᠤ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠰᠤᠷᠭᠠᠯᠲᠠ ᠶᠢᠨ ᠲᠠᠯ᠎ᠠ ᠪᠠᠷ ᠶᠠᠮᠠᠷ ᠶᠠᠮᠠᠷ ᠰᠢᠨ᠎ᠡ ᠡᠭᠦᠳᠦᠯᠲᠡ ᠭᠠᠷᠭᠠᠭᠰᠠᠨ ᠪᠤᠶ︖ | | | ᠨᠢᠭᠡ ᠳᠤ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠪᠠᠶᠢᠳᠠᠯ ᠢ | ᠰᠠᠯᠤᠯ ᠥᠬᠡᠶ ᠳᠠᠭᠠᠵᠤ᠂ 1+X ᠦᠨᠡᠮᠯᠡᠯ ᠤᠨ ᠲᠦᠷᠢᠮ ᠪᠠ ᠤᠯᠤᠰ ᠤᠨ ᠰᠤᠷᠤᠯᠭ᠎ᠠ ᠶᠢᠨ ᠬᠤᠪᠢ ᠶᠢᠨ | ᠪᠠᠩᠬᠢ ᠶᠢᠨ ᠲᠦᠷᠢᠮ ᠢ ᠣᠷᠣᠭᠤᠯᠤᠨ ᠠᠪᠴᠢᠷᠠᠵᠤ᠂ ᠰᠤᠷᠤᠯᠴᠠᠭᠰᠠᠨ ᠦᠷ᠎ᠡ ᠪᠦᠲᠦᠭᠡᠯ ᠢ ᠮᠠᠭᠠᠳᠯᠠᠨ ᠲᠣᠭᠲᠠᠭᠠᠬᠤ | ᠂ ᠬᠤᠷᠠᠮᠳᠤᠭᠤᠯᠬᠤ ᠪᠠ ᠬᠤᠪᠢᠷᠠᠭᠤᠯᠬᠤ ᠲᠣᠭᠲᠠᠴᠠ ᠶᠢ ᠪᠠᠶᠢᠭᠤᠯᠤᠨ᠂ ᠴᠡᠷᠢᠭ ᠠᠴᠠ ᠬᠠᠯᠠᠭᠳᠠᠭᠰᠠᠨ | ᠪᠠᠶᠢᠯᠳᠤᠭᠴᠢᠳ ᠢ ᠬᠠᠪᠰᠤᠷᠤᠨ ᠨᠠᠩ ᠣᠯᠠᠨ ᠰᠢᠯᠢᠳᠡᠭ ᠰᠤᠷᠭᠠᠯᠲᠠ ᠶᠢᠨ ᠡᠬᠢ ᠪᠠᠶᠠᠯᠢᠭ ᠲᠠᠢ ᠵᠣᠯᠭᠠᠭᠤᠯᠵᠤ᠂ | ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠨᠠᠩ ᠣᠯᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠤᠯᠬᠤ ᠶᠢ | ᠵᠣᠷᠢᠭᠵᠢᠭᠤᠯᠤᠨ᠎ᠠ᠃ | ᠬᠤᠶᠠᠷ ᠲᠤ ᠰᠤᠷᠭᠠᠯᠲᠠ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠴᠡᠷᠢᠭ ᠠᠴᠠ | ᠬᠠᠯᠠᠭᠳᠠᠭᠰᠠᠨ ᠪᠠᠶᠢᠯᠳᠤᠭᠴᠢᠳ ᠤᠨ ᠪᠣᠯᠪᠠᠰᠤᠷᠠᠯ ᠰᠤᠷᠭᠠᠯᠲᠠ ᠶᠢᠨ ᠡᠬᠡ ᠲᠠᠩᠰᠠ ᠶᠢ ᠰᠦᠯᠵᠢᠶᠡᠵᠢᠭᠦᠯᠦᠨ | ᠪᠠᠶᠢᠭᠤᠯᠵᠤ᠂ ᠦᠨᠡᠨ ᠨᠡᠷ᠎ᠡ ᠶᠢᠨ ᠲᠦᠷᠢᠮ᠂ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠂ ᠰᠤᠷᠭᠠᠯᠲᠠ ᠶᠢᠨ | ᠪᠠᠯᠠ ᠮᠥᠩᠭᠦ ᠶᠢ ᠮᠤᠵᠢ ᠶᠢᠨ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠪᠡᠶᠡᠯᠡᠭᠦᠯᠵᠦ᠂ ᠮᠤᠵᠢ ᠶᠢᠨ | ᠬᠡᠪᠴᠢᠶᠡᠨ ᠳᠠᠬᠢ ᠣᠨᠳᠣᠤ ᠭᠠᠵᠠᠷ ᠲᠤ ᠪᠣᠯᠪᠠᠰᠤᠷᠠᠭᠤᠯᠬᠤ ᠶᠢ ᠪᠡᠶᠡᠯᠡᠭᠦᠯᠦᠨ᠎ᠡ᠃ | ᠭᠤᠷᠪᠠ ᠳᠤ ᠪᠣᠯᠪᠠᠰᠤᠷᠠᠯ ᠤᠨ ᠴᠠᠭ ᠤᠨ ᠤᠷᠲᠤ ᠶᠢᠨ ᠲᠠᠯ᠎ᠠ ᠠᠴᠠ ᠪᠣᠯᠪᠠᠰᠤᠷᠠᠯ ᠤᠨ ᠲᠥᠷᠥᠯ ᠵᠦᠢᠯ ᠤᠨ | ᠪᠣᠳᠠᠲᠠᠶ ᠲᠠᠢ ᠤᠶᠠᠯᠳᠤᠭᠤᠯᠤᠨ᠂ ᠬᠢᠴᠢᠶᠡᠯ ᠤᠨ ᠴᠠᠭ ᠤᠨ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ | ᠲᠣᠭᠲᠠᠭᠠᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠵᠣᠬᠢᠶᠠᠨ ᠪᠠᠶᠢᠭᠤᠯᠤᠯᠲᠠ ᠶᠢ ᠨᠠᠩ | ᠠᠮᠢᠳᠤᠯᠢᠭ ᠪᠣᠯᠭᠠᠨ᠎ᠠ ᠭᠡᠵᠦ ᠳᠤᠷᠠᠳᠤᠨ ᠭᠠᠷᠭᠠᠵᠠᠶ᠃ | ᠳᠥᠷᠪᠡ ᠳᠤ ᠡᠯ᠎ᠡ ᠭᠠᠵᠠᠷ ᠤᠨ ᠣᠲᠣ ᠶᠢᠨ ᠪᠠᠶᠢᠭ᠎ᠠ ᠡᠬᠢ ᠪᠠᠶᠠᠯᠢᠭ ᠲᠠᠭᠠᠨ ᠲᠦᠰᠢᠭᠯᠡᠨ ᠴᠡᠷᠢᠭ ᠠᠴᠠ | ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠬᠦᠷᠢᠶᠡᠯᠡᠩ ᠭᠠᠵᠠᠷ ᠢ ᠨᠢᠭᠡᠳᠦᠯᠲᠡᠶ ᠲᠥᠯᠥᠪᠯᠡᠨ | ᠪᠠᠶᠢᠭᠤᠯᠬᠤ ᠶᠢ ᠵᠣᠷᠢᠭᠵᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠡᠬᠢ ᠪᠠᠶᠠᠯᠢᠭ ᠢ ᠬᠠᠮᠲᠤ ᠪᠠᠷ | ᠡᠳ᠋ᠯᠡᠬᠦ ᠶᠢ ᠪᠡᠶᠡᠯᠡᠭᠦᠯᠦᠨ᠂ ᠬᠥᠲᠥᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠎ᠠ᠃ | ᠲᠠᠪᠤ ᠳᠤ᠂ ᠳᠠᠭᠠᠭᠠᠨ ᠪᠣᠯᠪᠠᠰᠤᠷᠠᠭᠤᠯᠬᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠳᠠᠭᠠᠭᠠᠨ | ᠪᠣᠯᠪᠠᠰᠤᠷᠠᠭᠤᠯᠬᠤ ᠭᠡᠷ᠎ᠡ ᠲᠣᠭᠲᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠵᠤ ᠦᠨᠡᠯᠡᠨ ᠵᠢᠱᠢᠬᠦ ᠪᠠᠷ | ᠬᠢᠨᠠᠯᠲᠠ ᠬᠠᠮᠢᠶᠠᠷᠤᠯᠲᠠ ᠶᠢᠨ ᠭᠠᠷᠳᠠᠴᠠ ᠪᠣᠯᠭᠠᠵᠤ᠂ ᠰᠤᠷᠭᠠᠯᠲᠠ ᠶᠢᠨ ᠶᠠᠰᠤ ᠴᠢᠨᠠᠷ ᠢ ᠴᠢᠩᠭ᠎ᠠ ᠠᠳᠬᠤᠬᠤ | ᠬᠡᠷᠡᠭᠲᠡᠶ᠃ | | 05. ︽ᠰᠠᠨᠠᠯ︾ ᠳᠤ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠰᠤᠷᠤᠯᠭ᠎ᠠ ᠶᠢᠨ ᠨᠠᠮᠲᠠᠷ ᠤᠨ | ᠰᠤᠷᠭᠠᠨ ᠬᠥᠮᠦᠵᠢᠯ ᠳᠤ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠠᠰᠢᠭᠲᠠᠶ ᠪᠠᠶᠢᠳᠠᠭ ᠪᠤᠶ︖ | | | ︽ᠰᠠᠨᠠᠯ︾ ᠳᠤ ᠠᠳᠠᠯᠢ ᠪᠤᠰᠤ ᠰᠤᠷᠤᠯᠭ᠎ᠠ ᠶᠢᠨ ᠨᠠᠮᠲᠠᠷ ᠤᠨ ᠡᠬᠢᠯᠡᠯᠲᠡ ᠶᠢᠨ ᠴᠡᠭ ᠲᠠᠬᠢ ᠴᠡᠷᠢᠭ ᠠᠴᠠ | ᠬᠠᠯᠠᠭᠳᠠᠭᠰᠠᠳ ᠤᠨ ᠰᠤᠷᠤᠯᠭ᠎ᠠ ᠶᠢᠨ ᠨᠠᠮᠲᠠᠷ ᠢ ᠭᠦᠨᠵᠡᠭᠡᠶ ᠰᠤᠷᠤᠯᠴᠠᠬᠤ ᠳᠤ ᠬᠠᠷᠠᠭᠠᠯᠵᠠᠯ ᠤᠨ ᠪᠣᠳᠣᠯᠭ᠎ᠠ ᠬᠠᠩᠭᠠᠪᠠ | ᠃ | ᠴᠡᠷᠢᠭ ᠠᠴᠠ ᠬᠠᠯᠠᠭᠳᠠᠭᠰᠠᠨ ᠣᠶᠤᠲᠠᠨ ᠪᠠᠶᠢᠯᠳᠤᠭᠴᠢᠳ ᠲᠤ ᠰᠤᠷᠤᠯᠭ᠎ᠠ ᠪᠠᠨ ᠰᠡᠷᠭᠦᠭᠡᠬᠦ ᠶᠢ ᠳᠡᠮᠵᠢᠵᠦ᠂ | ᠵᠢᠭᠠᠯᠲᠠ ᠶᠢ ᠦᠨᠳᠦᠰᠦᠯᠡᠵᠦ ᠲᠤᠰᠬᠠᠶ ᠮᠡᠷᠭᠡᠵᠢᠯ ᠢᠶᠠᠨ ᠰᠢᠯᠵᠢᠭᠦᠯᠵᠦ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ᠂ | ᠴᠡᠷᠢᠭ ᠤᠨ ᠶᠠᠪᠤᠳᠠᠯ ᠤᠨ ᠮᠡᠷᠭᠡᠵᠢᠯ ᠴᠢᠳᠠᠪᠤᠷᠢ ᠪᠠ ᠴᠡᠷᠢᠭ ᠤᠨ ᠶᠠᠪᠤᠳᠠᠯ ᠤᠨ ᠣᠨᠣᠯ ᠵᠡᠷᠭᠡ ᠬᠢᠴᠢᠶᠡᠯ ᠢ ᠥᠯᠥ | ᠰᠤᠷᠬᠤ ᠶᠢᠨ ᠬᠠᠮᠲᠤ ᠰᠤᠷᠬᠤ ᠬᠤᠭᠤᠴᠠᠭ᠎ᠠ ᠶᠢ ᠨᠢ ᠵᠣᠬᠢᠬᠤ ᠬᠡᠮᠵᠢᠶ᠎ᠡ ᠪᠠᠷ ᠤᠷᠲᠤᠳᠬᠠᠬᠤ ᠶᠢ ᠵᠥᠪᠰᠢᠶᠡᠷᠡᠨ᠎ᠡ᠃ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠴᠡᠷᠢᠭ ᠠᠴᠠ ᠬᠠᠯᠠᠭᠳᠠᠭᠰᠠᠨ | ᠪᠠᠶᠢᠯᠳᠤᠭᠴᠢ ᠰᠤᠷᠤᠭᠴᠢᠳ ᠲᠡᠭᠦᠰᠦᠭᠰᠡᠨ ᠤ ᠳᠠᠷᠠᠭ᠎ᠠ ᠦᠷᠭᠦᠯᠵᠢᠯᠡᠨ ᠡᠩ ᠤᠨ ᠵᠢᠩᠬᠢᠨᠢ ᠠᠩᠭᠢ ᠳᠤ ᠰᠤᠷᠤᠯᠴᠠᠵᠤ᠂ | ᠨᠠᠰᠤᠨ ᠳᠤ ᠬᠦᠷᠦᠭᠰᠡᠳ ᠤᠨ ᠵᠢᠩᠬᠢᠨᠢ ᠠᠩᠭᠢ ᠳᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠤᠯᠪᠣᠭᠳᠠᠯ | ᠪᠥᠬᠦᠶ ᠵᠢᠭᠠᠯᠲᠠ ᠶᠢ ᠦᠨᠳᠦᠰᠦᠯᠡᠵᠦ ᠰᠢᠯᠭᠠᠬᠤ ᠥᠬᠡᠶ ᠪᠠᠷ ᠰᠤᠷᠭᠠᠭᠤᠯᠢ ᠳᠤ ᠣᠷᠣᠵᠤ ᠪᠣᠯᠤᠨ᠎ᠠ᠃ | ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ | ᠰᠤᠷᠤᠭᠴᠢᠳ ᠪᠥᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ᠳᠤ ᠣᠷᠣᠯᠴᠠᠬᠤ ᠳᠤ᠂ ᠲᠥᠷᠥ ᠶᠢᠨ | ᠪᠣᠳᠣᠯᠭ᠎ᠠ ᠶᠢᠨ ᠨᠥᠬᠦᠴᠡᠯ ᠳᠤ ᠨᠡᠶᠢᠴᠡᠪᠡᠯ ᠬᠤᠪᠢ ᠨᠡᠮᠡᠬᠦ ᠬᠠᠷᠠᠭᠠᠯᠵᠠᠯ ᠪᠤᠶᠤ ᠠᠩᠬᠠᠨ ᠤ ᠰᠢᠯᠭᠠᠯᠲᠠ ᠶᠢ | ᠭᠡᠯᠳᠦᠷᠢᠭᠦᠯᠬᠦ ᠬᠠᠷᠠᠭᠠᠯᠵᠠᠯ ᠭᠥᠷᠳᠡᠵᠦ ᠪᠣᠯᠤᠨ᠎ᠠ᠃ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ ᠴᠡᠷᠢᠭ ᠠᠴᠠ ᠬᠠᠯᠠᠭᠳᠠᠭᠰᠠᠨ | ᠪᠠᠶᠢᠯᠳᠤᠭᠴᠢ ᠰᠣᠷᠣᠭᠴᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠨᠢᠭᠤᠷᠳᠠᠨ | ᠰᠠᠯᠭᠠᠵᠤ ᠣᠷᠣᠯᠴᠠᠨ᠎ᠠ᠃ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ ᠴᠡᠷᠢᠭ ᠠᠴᠠ | ᠬᠠᠯᠠᠭᠳᠠᠭᠰᠠᠨ ᠪᠠᠶᠢᠯᠳᠤᠭᠴᠢ ᠰᠣᠷᠣᠭᠴᠢ ᠶᠢᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ | ᠰᠢᠯᠭᠠᠭᠤᠯᠬᠤ ᠪᠠᠷ ᠨᠡᠷ᠎ᠡ ᠮᠡᠳᠡᠭᠦᠯᠪᠡᠯ ᠲᠤᠰᠠᠭᠠᠷ ᠰᠣᠷᠣᠭᠴᠢ ᠡᠯᠰᠡᠬᠦ᠂ ᠰᠣᠶᠣᠯ ᠤᠨ ᠬᠡᠪ ᠴᠢᠨᠠᠷ ᠤᠨ ᠰᠢᠯᠭᠠᠯᠲᠠ ᠶᠢ | ᠨᠥᠬᠦᠴᠡᠯ ᠳᠤ ᠨᠡᠶᠢᠴᠡᠭᠰᠡᠨ ᠨᠢ ᠪᠥᠬᠦ ᠤᠯᠤᠰ ᠤᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠰᠢᠯᠭᠠᠯᠲᠠ᠂ ᠨᠠᠰᠤᠨ ᠳᠤ ᠭᠦᠷᠦᠭᠰᠡᠳ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ | ᠣᠷᠣᠯᠴᠠᠪᠠᠯ ᠵᠢᠭᠠᠯᠲᠠ ᠶᠢ ᠦᠨᠳᠦᠰᠦᠯᠡᠵᠦ ᠬᠤᠪᠢ ᠨᠡᠮᠡᠬᠦ ᠬᠠᠷᠠᠭᠠᠯᠵᠠᠯ ᠭᠥᠷᠳᠡᠵᠦ ᠪᠣᠯᠤᠨ᠎ᠠ᠃ | ᠡᠭᠦᠨ ᠠᠴᠠ ᠭᠠᠳᠠᠨ᠎ᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠥᠷᠭᠡᠳᠬᠡᠨ ᠡᠯᠰᠡᠬᠦ | ᠲᠤᠰᠬᠠᠶ ᠠᠵᠢᠯ ᠳᠤ ᠲᠦᠰᠢᠭᠯᠡᠨ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠠᠵᠢᠯ ᠤᠯᠬᠤ ᠳᠤ ᠳᠣᠭᠢᠷᠠᠬᠤ | ᠠᠵᠢᠯ ᠲᠥᠷᠥᠯ ᠤᠨ ᠰᠢᠰᠲ᠋ᠧᠮ ᠤᠨ ᠳᠣᠲᠣᠷᠠᠬᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ | ᠰᠣᠩᠭᠤᠨ ᠰᠤᠷᠤᠯᠴᠠᠵᠤ᠂ ᠬᠠᠨᠳᠤᠯᠭ᠎ᠠ ᠲᠠᠢ ᠪᠠᠷ ᠬᠥᠮᠦᠵᠢᠭᠦᠯᠬᠦ ᠬᠡᠯᠡᠯᠴᠡᠭᠡᠷ ᠲᠣᠭᠲᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ︽ᠰᠤᠷᠭᠠᠭᠤᠯᠢ ᠳᠤ ᠣᠷᠣᠪᠠᠯ ᠳᠠᠷᠤᠶ ᠠᠵᠢᠯ ᠳᠤ ᠣᠷᠣᠬᠤ︾ ᠶᠢ ᠪᠡᠶᠡᠯᠡᠭᠦᠯᠵᠦ ᠪᠣᠯᠤᠨ᠎ᠠ᠃ | | 06. ︽ᠰᠠᠨᠠᠯ︾ ᠳᠤ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠨᠠᠰᠤᠨ ᠲᠤᠷᠰᠢᠳᠠ ᠶᠢᠨ | ᠰᠤᠷᠤᠯᠴᠠᠯᠭ᠎ᠠ ᠶᠢ ᠬᠡᠷᠬᠢᠨ ᠠᠬᠢᠭᠤᠯᠬᠤ ᠪᠤᠶ︖ | | | ᠲᠥᠷᠥ ᠶᠢᠨ ᠪᠣᠳᠣᠯᠭ᠎ᠠ ᠶᠢᠨ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢᠨ ᠲᠠᠯ᠎ᠠ ᠪᠠᠷ᠂ | ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠰᠤᠷᠭᠠᠯᠲᠠ ᠶᠢ ᠤᠯᠤᠰ ᠤᠨ ᠨᠠᠰᠤᠨ ᠲᠤᠷᠰᠢᠳᠠ ᠶᠢᠨ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠶᠢᠨ ᠲᠦᠷᠢᠮ ᠤᠨ ᠰᠢᠰᠲ᠋ᠧᠮᠵᠢ ᠳᠤ ᠣᠷᠣᠭᠤᠯᠵᠤ᠂ ᠲᠥᠷᠥ ᠶᠢᠨ | ᠪᠣᠳᠣᠯᠭ᠎ᠠ ᠶᠢᠨ ᠬᠦᠷᠲᠡᠭᠡᠮᠵᠢ ᠶᠢ ᠬᠦᠷᠲᠡᠨ᠎ᠡ᠃ | ᠰᠤᠷᠭᠠᠯᠲᠠ ᠶᠢ ᠬᠡᠷᠡᠭᠵᠢᠭᠦᠯᠬᠦ ᠭᠤᠤᠯ ᠴᠣᠭᠴᠠ ᠶᠢᠨ ᠲᠠᠯ᠎ᠠ ᠠᠴᠠ᠂ ᠬᠥᠮᠦᠨ ᠬᠡᠷᠡᠭᠯᠡᠬᠦ ᠨᠢᠭᠡᠴᠢ ᠪᠣᠯᠤᠨ | ᠭᠡᠷ᠎ᠡ ᠲᠣᠭᠲᠠᠨ ᠬᠤᠷᠰᠢᠭᠰᠠᠨ ᠠᠵᠤ ᠠᠬᠤᠶᠢᠯᠠᠯ ᠤᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠲᠤ ᠠᠵᠢᠯ ᠤᠨ | ᠪᠠᠶᠢᠷᠢ ᠶᠢᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠠ ᠮᠡᠳᠡᠯᠭᠡ ᠶᠢ ᠰᠢᠨᠡᠳᠬᠡᠬᠦ ᠰᠤᠷᠭᠠᠯᠲᠠ ᠬᠠᠩᠭᠠᠬᠤ ᠶᠢ | ᠵᠣᠷᠢᠭᠵᠢᠭᠤᠯᠵᠤ᠂ ᠠᠵᠢᠯ ᠮᠡᠷᠭᠡᠵᠢᠯ ᠤᠨ ᠳᠡᠭᠡᠭᠰᠢᠯᠡᠬᠦ ᠣᠷᠣᠨ ᠵᠠᠶ ᠶᠢ ᠥᠷᠭᠡᠳᠬᠡᠨ᠎ᠡ᠃ | ᠰᠤᠷᠭᠠᠯᠲᠠ ᠶᠢᠨ ᠬᠡᠯᠪᠡᠷᠢ ᠶᠢᠨ ᠲᠠᠯ᠎ᠠ ᠪᠠᠷ᠂ ᠪᠥᠬᠦ ᠤᠯᠤᠰ ᠤᠨ ᠴᠡᠷᠢᠭ ᠠᠴᠠ ᠬᠠᠯᠠᠭᠳᠠᠭᠰᠠᠨ | ᠪᠠᠶᠢᠯᠳᠤᠭᠴᠢᠳ ᠤᠨ ᠰᠦᠯᠵᠢᠶ᠎ᠡ ᠪᠠᠷ ᠰᠤᠷᠤᠯᠴᠠᠬᠤ ᠲᠠᠪᠴᠠᠩ ᠢ ᠪᠠᠶᠢᠭᠤᠯᠵᠤ᠂ ᠰᠦᠯᠵᠢᠶ᠎ᠡ ᠪᠠᠷ ᠵᠢᠭᠠᠨ ᠰᠤᠷᠭᠠᠬᠤ᠂ | ᠮᠡᠳᠡᠭᠡ ᠵᠠᠩᠭᠢ ᠬᠦᠷᠭᠡᠬᠦ᠂ ᠠᠵᠢᠯ ᠮᠡᠷᠭᠡᠵᠢᠯ ᠤᠨ ᠴᠢᠳᠠᠪᠤᠷᠢ ᠶᠢᠨ ᠬᠡᠯᠪᠡᠷᠢᠯ ᠢ ᠰᠢᠯᠭᠠᠬᠤ᠂ ᠰᠤᠷᠤᠯᠴᠠᠯᠭ᠎ᠠ ᠶᠢᠨ ᠡᠬᠡ | ᠲᠠᠩᠰᠠ ᠶᠢ ᠳᠠᠩᠰᠠᠯᠠᠬᠤ ᠵᠡᠷᠭᠡ ᠶᠢ ᠥᠷᠨᠢᠭᠦᠯᠵᠦ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠲᠤ | ᠬᠠᠨᠳᠤᠭᠤᠯᠤᠨ ᠰᠦᠯᠵᠢᠶ᠎ᠡ ᠪᠠᠷ ᠰᠤᠷᠤᠯᠴᠠᠬᠤ ᠦᠢᠯᠡᠴᠢᠯᠡᠭᠡ ᠬᠠᠩᠭᠠᠨ᠎ᠠ᠃ | ᠰᠤᠷᠭᠠᠯᠲᠠ ᠶᠢᠨ ᠬᠠᠩᠭᠠᠯᠭ᠎ᠠ ᠶᠢᠨ ᠲᠠᠯ᠎ᠠ ᠪᠠᠷ᠂ ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠤᠭᠰᠠᠨ᠂ | ᠣᠯᠠᠨ ᠲᠠᠯ᠎ᠠ ᠶᠢᠨ ᠬᠢᠨ ᠣᠷᠣᠯᠴᠠᠭᠰᠠᠨ ᠰᠦᠯᠵᠢᠶᠡᠨ ᠤ ᠰᠤᠷᠭᠠᠯᠲᠠ ᠶᠢᠨ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠰᠤᠷᠭᠠᠯᠲᠠ ᠶᠢᠨ | ᠪᠠᠶᠢᠭᠤᠯᠤᠮᠵᠢ ᠶᠢᠨ ᠰᠦᠯᠵᠢᠶᠡᠨ ᠤ ᠰᠤᠷᠤᠯᠴᠠᠯᠭ᠎ᠠ ᠶᠢᠨ ᠲᠠᠪᠴᠠᠩ ᠳᠡᠭᠡᠷ᠎ᠡ ᠰᠢᠯᠢᠳᠡᠭ ᠬᠢᠴᠢᠶᠡᠯ ᠨᠡᠶᠢᠲᠡᠯᠡᠵᠦ᠂ | ᠴᠠᠬᠢᠮ ᠰᠤᠷᠭᠠᠯᠲᠠ ᠥᠷᠨᠢᠭᠦᠯᠬᠦ ᠶᠢ ᠵᠣᠷᠢᠭᠵᠢᠭᠤᠯᠤᠨ᠎ᠠ᠃ | | 07. ︽ᠰᠠᠨᠠᠯ︾ ᠳᠤ ᠴᠡᠷᠢᠭ ᠠᠩᠬᠢ ᠪᠠ ᠣᠷᠣᠨ ᠨᠤᠲᠤᠭ ᠢ ᠵᠣᠬᠢᠴᠠᠭᠤᠯᠤᠨ ᠵᠣᠯᠭᠠᠭᠤᠯᠬᠤ ᠶᠢ ᠬᠡᠷᠬᠢᠨ | ᠢᠯᠡᠷᠡᠭᠦᠯᠬᠦ ᠪᠤᠢ︖ | | | ᠴᠡᠷᠢᠭ ᠤᠨ ᠠᠯᠪᠠ ᠬᠠᠭᠠᠬᠤ ᠬᠤᠭᠤᠴᠠᠭᠠᠨ ᠳᠠᠬᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠨᠥᠭᠡᠴᠡᠯᠡᠨ | ᠪᠣᠯᠪᠠᠰᠤᠷᠠᠭᠤᠯᠬᠤ ᠪᠠ ᠴᠡᠷᠢᠭ ᠠᠩᠭᠢ ᠠᠴᠠ ᠰᠠᠯᠬᠤ ᠠᠴᠠ ᠡᠮᠦᠨᠡᠬᠢ ᠰᠤᠷᠭᠠᠨ ᠬᠥᠮᠦᠵᠢᠯ ᠢ ᠬᠡᠷᠡᠭᠵᠢᠭᠦᠯᠬᠦ ᠪᠡᠶᠡᠴᠢ | ᠴᠣᠭᠴᠠ ᠪᠣᠯ ᠴᠡᠷᠢᠭ ᠠᠩᠭᠢ ᠮᠥᠨ ᠭᠡᠳᠡᠭ ᠢ ᠲᠣᠳᠣᠷᠬᠠᠶᠢᠯᠠᠵᠤ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ | ᠮᠥᠴᠢᠷ ᠢ ᠰᠠᠭᠤᠭ᠎ᠠ ᠭᠠᠵᠠᠷ ᠤᠨ ᠴᠡᠷᠢᠭ ᠠᠩᠭᠢ ᠲᠠᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠨ | ᠬᠡᠷᠡᠭᠴᠡᠭᠡ ᠶᠣᠰᠣᠭᠠᠷ ︽ᠤᠷ᠎ᠠ ᠴᠢᠳᠠᠪᠤᠷᠢ ᠶᠢ ᠴᠡᠷᠢᠭ ᠤᠨ ᠬᠤᠸᠠᠷᠠᠨ ᠳᠤ ᠬᠦᠷᠭᠡᠬᠦ︾᠂ ᠲᠣᠭᠲᠠᠮᠠᠯ | ᠬᠤᠭᠤᠴᠠᠭ᠎ᠠ ᠲᠠᠢ ᠪᠠᠷ ︽ᠲᠦᠷᠤ ᠶᠢᠨ ᠪᠤᠳᠤᠯᠭ᠎ᠠ ᠶᠢ ᠴᠡᠷᠢᠭ ᠤᠨ ᠬᠤᠸᠠᠷᠠᠨ ᠳᠤ ᠬᠦᠷᠭᠡᠬᠦ︾ ᠵᠡᠷᠭᠡ ᠠᠵᠢᠯᠯᠠᠭ᠎ᠠ | ᠦᠷᠨᠢᠭᠦᠯᠦᠨ᠎ᠡ᠃ | ᠴᠡᠷᠢᠭ ᠠᠴᠠ ᠬᠠᠯᠠᠭᠳᠠᠭᠰᠠᠨ ᠤ ᠳᠠᠷᠠᠭᠠᠬᠢ ᠵᠣᠬᠢᠴᠠᠬᠤ ᠴᠢᠨᠠᠷᠲᠠᠶ ᠰᠤᠷᠭᠠᠯᠲᠠ᠂ ᠰᠤᠷᠤᠯᠭ᠎ᠠ ᠶᠢᠨ ᠨᠠᠮᠲᠠᠷ ᠤᠨ | ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠪᠠ ᠨᠠᠰᠤᠨ ᠲᠤᠷᠰᠢᠳᠠ ᠶᠢᠨ | ᠰᠤᠷᠤᠯᠴᠠᠯᠭ᠎ᠠ ᠶᠢ ᠬᠡᠷᠡᠭᠵᠢᠭᠦᠯᠬᠦ ᠭᠤᠤᠯ ᠴᠣᠭᠴᠠ ᠶᠢ ᠣᠷᠣᠨ ᠨᠤᠲᠤᠭ ᠤᠨ ᠵᠠᠰᠠᠭ ᠤᠨ ᠣᠷᠳᠣᠨ ᠤ ᠰᠠᠯᠠᠭ᠎ᠠ | ᠮᠥᠴᠢᠷ ᠪᠣᠯᠣᠨ᠎ᠠ᠃ | ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠲᠠᠯ᠎ᠠ ᠪᠠᠷ᠂ ᠪᠠᠶᠢᠯᠳᠤᠭᠴᠢ ᠶᠢᠨ ᠠᠯᠪᠠ ᠬᠠᠭᠠᠬᠤ | ᠬᠤᠭᠤᠴᠠᠭᠠᠨ ᠳᠠᠬᠢ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠪᠠ ᠰᠤᠷᠤᠯᠭ᠎ᠠ ᠶᠢᠨ ᠨᠠᠮᠲᠠᠷ ᠤᠨ ᠪᠤᠰᠤ | ᠰᠤᠷᠭᠠᠨ ᠬᠥᠮᠦᠵᠢᠯ ᠤᠨ ᠰᠤᠷᠤᠯᠴᠠᠭᠰᠠᠨ ᠦᠷ᠎ᠡ ᠪᠦᠲᠦᠭᠡᠯ ᠢ ᠵᠢᠭᠠᠯᠲᠠ ᠶᠢ ᠦᠨᠳᠦᠰᠦᠯᠡᠵᠦ ᠤᠯᠤᠰ ᠤᠨ | ᠰᠤᠷᠤᠯᠭ᠎ᠠ ᠶᠢᠨ ᠬᠤᠪᠢ ᠶᠢᠨ ᠪᠠᠩᠬᠢ ᠳᠤ ᠲᠡᠮᠳᠡᠭᠯᠡᠨ ᠣᠷᠣᠭᠤᠯᠵᠤ᠂ ᠴᠡᠷᠢᠭ ᠠᠴᠠ ᠬᠠᠯᠠᠭᠳᠠᠬᠤ ᠶᠢᠨ ᠡᠮᠣᠨ᠎ᠡ | ᠬᠤᠶᠢᠨᠠᠬᠢ ᠰᠤᠷᠤᠯᠭ᠎ᠠ ᠶᠢᠨ ᠦᠷ᠎ᠡ ᠪᠦᠲᠦᠭᠡᠯ ᠢ ᠤᠶᠠᠯᠳᠤᠭᠤᠯᠤᠨ ᠦᠷᠭᠦᠯᠵᠢᠯᠡᠭᠦᠯᠦᠨ᠎ᠡ᠃ | ᠠᠵᠢᠯ ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠪᠠᠷ᠂ ᠴᠡᠷᠢᠭ ᠠᠩᠭᠢ ᠪᠠ ᠣᠷᠣᠨ | ᠨᠤᠲᠤᠭ ᠤᠨ ᠴᠡᠷᠢᠭ ᠤᠨ ᠶᠠᠪᠤᠳᠠᠯ ᠤᠨ ᠲᠤᠰᠬᠠᠶ ᠮᠡᠷᠭᠡᠵᠢᠯ ᠬᠢᠭᠡᠳ ᠠᠵᠢᠯ ᠮᠡᠷᠭᠡᠵᠢᠯ ᠤᠨ ᠬᠠᠷᠠᠭᠠᠯᠵᠠᠭᠰᠠᠨ | ᠭᠠᠷᠴᠠᠭ ᠪᠠ ᠴᠡᠷᠢᠭ ᠠᠩᠭᠢ ᠪᠠ ᠣᠷᠣᠨ ᠨᠤᠲᠤᠭ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠦᠨᠡᠮᠯᠡᠯ ᠢ | ᠵᠣᠯᠭᠠᠭᠤᠯᠬᠤ ᠲᠣᠭᠲᠠᠴᠠ ᠶᠢ ᠪᠠᠶᠢᠭᠤᠯᠬᠤ ᠶᠢ ᠳᠥᠯᠭᠢᠨ ᠠᠬᠢᠭᠤᠯᠵᠤ᠂ ᠪᠠᠶᠢᠯᠳᠤᠭᠴᠢ ᠶᠢᠨ ᠴᠡᠷᠢᠭ ᠠᠩᠭᠢ ᠳᠤ | ᠣᠯᠤᠭᠰᠠᠨ ᠬᠡᠰᠡᠭ ᠴᠡᠷᠢᠭ ᠤᠨ ᠶᠠᠪᠤᠳᠠᠯ ᠤᠨ ᠲᠤᠰᠬᠠᠶ ᠮᠡᠷᠭᠡᠵᠢᠯ ᠤᠨ ᠬᠢᠷᠢ ᠬᠡᠮ ᠤᠨ ᠦᠨᠡᠮᠯᠡᠯ ᠢ ᠴᠡᠷᠢᠭ ᠠᠴᠠ | ᠬᠠᠯᠠᠭᠳᠠᠭᠰᠠᠨ ᠤ ᠳᠠᠷᠠᠭ᠎ᠠ ᠳᠠᠷᠤᠶ ᠬᠠᠷᠠᠭᠠᠯᠵᠠᠭᠰᠠᠨ ᠣᠷᠣᠨ ᠨᠤᠲᠤᠭ ᠤᠨ ᠠᠵᠢᠯ ᠮᠡᠷᠭᠡᠵᠢᠯ ᠤᠨ ᠠᠳᠠᠯᠢ ᠲᠠᠰ ᠤᠨ | ᠤᠷ᠎ᠠ ᠴᠢᠳᠠᠪᠤᠷᠢ ᠶᠢᠨ ᠦᠨᠡᠮᠯᠡᠯ ᠢᠶᠠᠷ ᠦᠵᠡᠵᠦ᠂ ᠠᠳᠠᠯᠢᠬᠠᠨ ᠬᠦᠴᠦᠨ ᠲᠠᠢ ᠪᠠᠶᠢᠵᠤ᠂ ᠳᠠᠭᠢᠵᠤ ᠬᠢᠨᠠᠨ | ᠲᠣᠭᠲᠠᠭᠠᠵᠤ ᠦᠨᠡᠯᠡᠬᠦ ᠴᠢᠬᠤᠯᠠ ᠥᠬᠡᠶ ᠪᠣᠯᠤᠨ᠎ᠠ᠃ | ᠣᠳᠣᠬᠠᠨ ᠳᠤ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠨᠢᠭᠡᠨᠲᠡ ᠴᠡᠷᠢᠭ ᠤᠨ ᠲᠡᠷᠭᠡᠨ ᠤ | ᠵᠢᠯᠣᠭᠤᠴᠢ ᠶᠢᠨ ᠦᠨᠡᠮᠯᠡᠯ ᠢᠶᠠᠷ ᠮᠠᠰᠢᠨᠲᠤ ᠲᠡᠷᠭᠡᠨ ᠤ ᠵᠢᠯᠣᠭᠤᠴᠢ ᠶᠢᠨ ᠦᠨᠡᠮᠯᠡᠯ ᠰᠣᠯᠢᠵᠤ ᠠᠪᠬᠤ ᠳᠤ ᠲᠥᠬᠦᠮ | ᠦᠵᠡᠭᠦᠯᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠢ ᠬᠠᠪᠰᠤᠷᠤᠨ ︽ | ᠵᠠᠯᠭᠠᠭ᠎ᠠ ᠪᠠᠷ ᠲᠡᠷᠭᠡ ᠵᠢᠯᠣᠭᠤᠳᠤᠭᠰᠠᠨ︾ ᠪᠠᠶᠢᠳᠠᠯ ᠢ ᠪᠡᠶᠡᠯᠡᠭᠦᠯᠪᠡ᠃ | | 08. ︽ᠰᠠᠨᠠᠯ︾ ᠢ ᠬᠡᠷᠬᠢᠨ ᠨᠠᠶᠢᠳᠠᠪᠤᠷᠢᠵᠢᠭᠤᠯᠪᠠᠯ ᠬᠦᠴᠦᠨ ᠲᠠᠢ ᠪᠣᠯᠬᠤ ᠪᠤᠢ︖ | | ︽ᠰᠠᠨᠠᠯ︾ ᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ ︽ᠰᠠᠨᠠᠯ︾ | ᠳᠤ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠪᠣᠯᠪᠠᠰᠤᠷᠠᠯ ᠰᠤᠷᠭᠠᠯᠲᠠ ᠶᠢᠨ ᠠᠵᠢᠯ ᠤᠨ ᠳᠤᠮᠳᠠᠬᠢ | ᠴᠡᠷᠢᠭ ᠠᠩᠭᠢ ᠪᠠ ᠣᠷᠣᠨ ᠨᠤᠲᠤᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ | ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠯ᠎ᠡ ᠱᠠᠲᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ | ᠰᠠᠯᠠᠭ᠎ᠠ ᠮᠥᠴᠢᠷ ᠤᠳ ᠲᠣᠰ ᠭᠠᠵᠠᠷ ᠤᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠪᠣᠯᠪᠠᠰᠤᠷᠠᠯ | ᠰᠤᠷᠭᠠᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠠᠵᠢᠯ | ᠬᠤᠪᠢᠶᠠᠷᠢᠯᠠᠨ ᠬᠠᠮᠵᠢᠯᠴᠠᠬᠤ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠬᠠᠮᠲᠤᠪᠠᠷ ᠳᠥᠯᠭᠢᠨ ᠡᠭᠦᠨ ᠤ ᠬᠠᠮᠲᠤ᠂ ︽ᠰᠠᠨᠠᠯ︾ ᠳᠤ᠂ ᠤᠬᠠᠭᠤᠯᠤᠨ ᠬᠥᠲᠥᠯᠦᠨ ᠵᠢᠯᠣᠭᠤᠳᠬᠤ ᠶᠢ | ᠴᠢᠬᠤᠯᠠᠴᠢᠯᠠᠵᠤ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠭᠤᠤᠯ ᠴᠣᠭᠴᠠ ᠶᠢᠨ ᠦᠢᠯᠡᠳᠦᠯ ᠢ | ᠪᠠᠳᠠᠷᠠᠭᠤᠯᠤᠨ᠂ ᠴᠡᠷᠢᠭ ᠠᠴᠠ ᠬᠠᠯᠠᠭᠳᠠᠭᠰᠠᠨ ᠥᠷᠭᠡᠨ ᠣᠯᠠᠨ ᠪᠠᠶᠢᠯᠳᠤᠭᠴᠢᠳ ᠤᠨ ᠢᠳᠡᠪᠬᠢᠲᠡᠶ ᠣᠷᠣᠯᠴᠠᠬᠤ ᠶᠢ | ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ᠂ ᠴᠡᠷᠢᠭ ᠠᠴᠠ ᠬᠠᠯᠠᠭᠳᠠᠭᠰᠠᠨ ᠥᠷᠭᠡᠨ ᠣᠯᠠᠨ | ᠪᠠᠶᠢᠯᠳᠤᠭᠴᠢᠳ ᠤᠨ ᠦᠨᠡᠨ ᠪᠣᠳᠠᠲᠠᠶ ᠠᠰᠢᠭ ᠲᠤᠰᠠ ᠶᠢ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠳᠤᠷᠠᠳᠤᠨ | ᠭᠠᠷᠭᠠᠪᠠ᠃ | | ᠬᠤᠯᠪᠣᠭᠳᠠᠬᠤ ᠪᠢᠴᠢᠭ ᠮᠠᠲ᠋ᠧᠷᠢᠶᠠᠯ ᠨᠢᠭᠡ᠄ | | | ︽ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ ᠵᠡᠷᠭᠡ ᠲᠤᠯᠤᠭᠠᠨ ᠰᠠᠯᠠᠭ᠎ᠠ ᠮᠥᠴᠢᠷ ᠤᠨ | ᠴᠡᠷᠢᠭ ᠠᠴᠠ ᠬᠠᠯᠠᠭᠳᠠᠭᠰᠠᠳ ᠤᠨ ᠪᠣᠯᠪᠠᠰᠤᠷᠠᠯ ᠰᠤᠷᠭᠠᠯᠲᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠲᠤᠬᠠᠶ | ᠵᠢᠯᠣᠭᠤᠳᠬᠤ ᠰᠠᠨᠠᠯ︾ ᠤᠨ ᠪᠥᠬᠦ ᠠᠭᠤᠯᠭ᠎ᠠ | | ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠪᠣᠯᠪᠠᠰᠤᠷᠠᠯ ᠰᠤᠷᠭᠠᠯᠲᠠ ᠶᠢᠨ ᠠᠵᠢᠯ ᠤᠨ ᠵᠢᠯᠣᠭᠤᠳᠬᠤ | ᠰᠠᠨᠠᠯ | ᠴᠡᠷᠢᠭ ᠠᠴᠠ ᠬᠠᠯᠠᠭᠳᠠᠭᠰᠠᠳ ᠤᠨ ᠶᠠᠮᠤᠨ ᠲᠠᠷᠬᠠᠭᠠᠭᠰᠠᠨ ﹇2021﹈ 53 ᠳ᠋ᠤᠭᠠᠷ ᠲᠣᠭᠠᠲᠤ | | | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ | ᠶᠠᠪᠤᠳᠠᠯ ᠤᠨ ᠲᠢᠩᠬᠢᠮ ︵ᠲᠣᠪᠴᠢᠶ᠎ᠠ︶᠂ ᠰᠤᠷᠭᠠᠨ ᠬᠥᠮᠦᠵᠢᠯ ᠤᠨ ᠲᠢᠩᠬᠢᠮ ︵ᠰᠤᠷᠭᠠᠨ ᠬᠥᠮᠦᠵᠢᠯ ᠤᠨ ᠵᠥᠪᠯᠡᠯ︶ | ᠂ ᠡᠳ᠋ ᠤᠨ ᠵᠠᠰᠠᠭ ᠤᠨ ᠲᠢᠩᠬᠢᠮ ︵ᠲᠣᠪᠴᠢᠶ᠎ᠠ︶᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ︵ᠲᠣᠪᠴᠢᠶ᠎ᠠ︶᠂ ᠴᠡᠷᠢᠭ ᠡᠯᠰᠡᠬᠦ ᠠᠯᠪᠠᠨ ᠭᠡᠷ᠂ ᠰᠢᠨᠵᠢᠶᠠᠩ ᠤᠨ ᠦᠢᠯᠡᠳᠪᠦᠷᠢᠯᠡᠯ | ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ | ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠴᠡᠷᠢᠭ ᠡᠯᠰᠡᠬᠦ ᠠᠯᠪᠠᠨ ᠡᠯ᠎ᠡ ᠪᠠᠶᠢᠯᠳᠤᠭᠠᠨ ᠤ ᠲᠣᠭᠤᠷᠢᠭ ᠤᠨ | ᠬᠠᠮᠲᠤᠷᠠᠭᠰᠠᠨ ᠱᠲ᠋ᠠᠪ ᠤᠨ ᠬᠡᠯᠲᠡᠰ᠂ ᠤᠯᠤᠰ ᠲᠥᠷᠥ ᠶᠢᠨ ᠠᠵᠢᠯ ᠤᠨ ᠬᠡᠯᠲᠡᠰ᠂ ᠡᠯ᠎ᠡ ᠴᠡᠷᠢᠭ ᠤᠨ ᠲᠦᠷᠦᠯ ᠤᠨ | ᠱᠲ᠋ᠠᠪ ᠤᠨ ᠬᠡᠯᠲᠡᠰ ︵ᠪᠠᠶᠢᠯᠳᠤᠭᠠᠨ ᠤ ᠦᠢᠯᠡᠴᠢᠯᠡᠭᠡᠨ ᠤ ᠬᠡᠯᠲᠡᠰ︶᠂ ᠤᠯᠤᠰ ᠲᠦᠷᠦ ᠶᠢᠨ ᠠᠵᠢᠯ ᠤᠨ ᠬᠡᠯᠲᠡᠰ᠂ | ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠠᠯᠪᠠᠨ ᠲᠢᠩᠬᠢᠮ ︵ᠨᠠᠷᠢᠨ | ᠪᠢᠴᠢᠭ ᠤᠨ ᠲᠣᠪᠴᠢᠶ᠎ᠠ᠂ ᠶᠡᠷᠦᠩᠬᠡᠶ ᠲᠣᠪᠴᠢᠶ᠎ᠠ︶᠂ ᠤᠯᠤᠰ ᠲᠦᠷᠦ ᠶᠢᠨ ᠠᠵᠢᠯ ᠤᠨ ᠲᠣᠪᠴᠢᠶ᠎ᠠ᠂ ᠴᠡᠷᠢᠭ ᠤᠨ | ᠶᠠᠪᠤᠳᠠᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠡᠯᠲᠡᠰ᠂ ᠤᠯᠤᠰ | ᠲᠦᠷᠦ ᠶᠢᠨ ᠠᠵᠢᠯ ᠤᠨ ᠬᠡᠯᠲᠡᠰ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠡᠭᠡ ᠰᠤᠷᠭᠠᠭᠤᠯᠢ ᠶᠢᠨ ᠰᠤᠷᠭᠠᠨ | ᠬᠥᠮᠦᠵᠢᠯ ᠪᠣᠯᠪᠠᠰᠤᠷᠠᠯ ᠤᠨ ᠬᠡᠯᠲᠡᠰ᠂ ᠤᠯᠤᠰ ᠲᠦᠷᠦ ᠶᠢᠨ ᠠᠵᠢᠯ ᠤᠨ ᠬᠡᠯᠲᠡᠰ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠭᠠᠵᠠᠷ᠂ | ᠤᠯᠤᠰ ᠲᠦᠷᠦ ᠶᠢᠨ ᠠᠵᠢᠯ ᠤᠨ ᠭᠠᠵᠠᠷ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ | ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ | ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠶᠤᠮ᠂ ᠲᠡᠷᠡ ᠪᠣᠯ | ᠤᠯᠤᠰ ᠣᠷᠣᠨ ᠤ ᠡᠷᠬᠢᠮ ᠨᠠᠨᠳᠢᠨ ᠬᠥᠮᠦᠨ ᠤ ᠬᠦᠴᠦᠨ ᠤ ᠡᠬᠢ ᠪᠠᠶᠠᠯᠢᠭ ᠮᠥᠨ᠃ ᠴᠡᠷᠢᠭ ᠠᠴᠠ ᠬᠠᠯᠠᠭᠳᠠᠭᠰᠠᠨ | ᠪᠠᠶᠢᠯᠳᠤᠭᠴᠢᠳ ᠤᠨ ᠪᠣᠯᠪᠠᠰᠤᠷᠠᠯ ᠰᠤᠷᠭᠠᠯᠲᠠ ᠶᠢᠨ ᠠᠵᠢᠯ ᠢ ᠴᠢᠩᠭᠠᠳᠬᠠᠬᠤ ᠨᠢ ᠴᠡᠷᠢᠭ ᠠᠴᠠ ᠬᠠᠯᠠᠭᠳᠠᠭᠰᠠᠨ | ᠪᠠᠶᠢᠯᠳᠤᠭᠴᠢᠳ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠳᠤ ᠠᠰᠢᠭᠲᠠᠶ᠂ ᠠᠵᠢᠯ ᠣᠯᠭᠤᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠬᠦ ᠳᠤ ᠠᠰᠢᠭᠲᠠᠶ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠠᠰᠢᠭᠲᠠᠶ | ᠪᠠᠶᠢᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠢᠨ᠎ᠡ | ᠬᠦᠴᠦᠨ ᠴᠢᠳᠠᠯ ᠢᠶᠠᠨ ᠨᠡᠮᠡᠷᠢᠯᠡᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ | ᠠᠯᠪᠠᠨ ᠠᠴᠠ ᠪᠠᠭᠤᠭᠰᠠᠳ ᠤᠨ ᠪᠠᠲᠤᠯᠠᠭ᠎ᠠ ᠶᠢᠨ ᠬᠠᠤᠯᠢ︾ ᠶᠢ ᠲᠤᠤᠱᠯᠠᠭᠤᠯᠤᠨ᠂ ᠴᠡᠷᠢᠭ ᠠᠴᠠ ᠬᠠᠯᠠᠭᠳᠠᠭᠰᠠᠨ | ᠪᠠᠶᠢᠯᠳᠤᠭᠴᠢᠳ ᠤᠨ ᠪᠣᠯᠪᠠᠰᠤᠷᠠᠯ ᠰᠤᠷᠭᠠᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ | ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠵᠠᠰᠠᠭ ᠤᠨ | ᠣᠷᠳᠣᠨ ᠢᠶᠠᠷ ᠭᠤᠤᠯᠯᠠᠭᠤᠯᠬᠤ᠂ ᠨᠡᠶᠢᠭᠡᠮ ᠠᠴᠠ ᠳᠡᠮᠵᠢᠬᠦ ᠶᠢ ᠪᠠᠷᠢᠮᠲᠠᠯᠠᠨ᠂ ᠴᠡᠷᠢᠭ ᠠᠴᠠ ᠬᠠᠯᠠᠭᠳᠠᠭᠰᠠᠨ | ᠲᠦᠷᠦᠭᠦᠴᠢ ᠪᠠ ᠴᠡᠷᠢᠭ ᠠᠴᠠ ᠬᠠᠯᠠᠭᠳᠠᠭᠰᠠᠨ ᠠᠯᠪᠠᠨ ᠵᠢᠷᠤᠮ ᠤᠨ ᠴᠡᠷᠢᠭ ᠲᠤ ᠬᠠᠨᠳᠤᠭᠤᠯᠵᠤ᠂ ᠵᠣᠬᠢᠴᠠᠬᠤ | ᠴᠢᠨᠠᠷᠲᠠᠶ ᠰᠤᠷᠭᠠᠯᠲᠠ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ᠂ ᠰᠤᠷᠤᠯᠭ᠎ᠠ ᠶᠢᠨ ᠨᠠᠮᠲᠠᠷ ᠤᠨ | ᠬᠥᠮᠦᠵᠢᠯ ᠪᠠ ᠨᠠᠰᠤᠨ ᠲᠤᠷᠰᠢᠳᠠ ᠶᠢᠨ ᠰᠤᠷᠤᠯᠴᠠᠯᠭ᠎ᠠ ᠶᠢ ᠪᠠᠭᠲᠠᠭᠠᠭᠰᠠᠨ ᠪᠣᠯᠪᠠᠰᠤᠷᠠᠯ ᠰᠤᠷᠭᠠᠯᠲᠠ ᠶᠢᠨ | ᠰᠢᠰᠲ᠋ᠧᠮᠵᠢ ᠶᠢ ᠪᠠᠶᠢᠭᠤᠯᠵᠤ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠠᠵᠤ ᠠᠬᠤᠶ ᠨᠡᠶᠢᠭᠡᠮ ᠤᠨ | ᠪᠥᠲᠥᠭᠡᠨ ᠪᠠᠶᠢᠭᠤᠯᠤᠯᠲᠠ ᠳᠤ ᠨᠠᠩ ᠰᠠᠶᠢᠨ ᠦᠢᠯᠡᠴᠢᠯᠡᠬᠦ ᠶᠢ ᠠᠬᠢᠭᠤᠯᠤᠨ᠎ᠠ᠃ | ᠬᠤᠶᠠᠷ᠂ ᠵᠣᠬᠢᠴᠠᠬᠤ ᠴᠢᠨᠠᠷᠲᠠᠶ ᠰᠤᠷᠭᠠᠯᠲᠠ ᠢ ᠨᠡᠶᠢᠳᠡᠮ ᠲᠠᠷᠬᠠᠭᠠᠬᠤ ᠬᠡᠷᠡᠭᠲᠡᠶ | ︵ᠨᠢᠭᠡ︶ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠨᠥᠭᠡᠴᠡᠯᠡᠯᠲᠡ ᠶᠢᠨ ᠰᠤᠷᠭᠠᠯᠲᠠ ᠪᠠ | ᠠᠩᠭᠢ ᠠᠴᠠ ᠰᠠᠯᠬᠤ ᠠᠴᠠ ᠡᠮᠦᠨᠡᠬᠢ ᠰᠤᠷᠭᠠᠨ ᠬᠥᠮᠦᠵᠢᠯ ᠢ ᠴᠢᠩᠭᠠᠳᠬᠠᠬᠤ ᠬᠡᠷᠡᠭᠲᠡᠶ᠃ ᠴᠡᠷᠢᠭ ᠠᠩᠭᠢ ᠶᠢᠨ ᠬᠢᠨ | ᠵᠢᠩᠬᠢᠨᠢ ᠠᠯᠪᠠᠨ ᠤ ᠪᠠᠶᠢᠯᠳᠤᠭᠴᠢᠳ ᠲᠤ ᠬᠠᠨᠳᠤᠭᠤᠯᠤᠭᠰᠠᠨ ᠬᠥᠮᠦᠵᠢᠯ ᠰᠤᠷᠭᠠᠯᠲᠠ ᠶᠢ ᠰᠠᠶᠢᠲᠤᠷ ᠬᠢᠵᠦ᠂ | ᠲᠡᠳᠡᠨ ᠤ ᠴᠡᠷᠢᠭ ᠤᠨ ᠠᠯᠪᠠ ᠬᠠᠭᠠᠵᠤ ᠪᠠᠶᠢᠬᠤ ᠬᠤᠭᠤᠴᠠᠭᠠᠨ ᠳᠠᠭᠠᠨ ᠤᠯᠠᠨ ᠵᠦᠢᠯ ᠤᠨ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢ ᠰᠤᠷᠤᠯᠴᠠᠨ ᠨᠥᠭᠡᠴᠡᠯᠡᠵᠦ᠂ ᠨᠡᠩ ᠤᠯᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ | ᠳᠡᠰ ᠤᠨ ᠦᠨᠡᠮᠯᠡᠯ ᠤᠯᠬᠤ ᠶᠢ ᠳᠡᠮᠵᠢᠨ᠎ᠡ︔ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠴᠡᠷᠢᠭ | ᠠᠩᠬᠢ ᠠᠴᠠ ᠰᠠᠯᠬᠤ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ | ᠬᠡᠷᠡᠭᠲᠡᠶ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠰᠠᠭᠤᠭ᠎ᠠ ᠭᠠᠵᠠᠷ ᠤᠨ ᠴᠡᠷᠢᠭ ᠠᠩᠭᠢ ᠳᠤ | ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠬᠡᠷᠡᠭᠴᠡᠭᠡ ᠶᠣᠰᠣᠭᠠᠷ ︽ᠮᠡᠷᠭᠡᠵᠢᠯ ᠴᠢᠳᠠᠪᠤᠷᠢ ᠶᠢ | ᠴᠡᠷᠢᠭ ᠤᠨ ᠬᠤᠸᠠᠷᠠᠨ ᠳᠤ ᠬᠦᠷᠭᠡᠬᠦ︾᠂ ︽ᠲᠥᠷᠥ ᠶᠢᠨ ᠪᠣᠳᠣᠯᠭ᠎ᠠ ᠶᠢ ᠴᠡᠷᠢᠭ ᠤᠨ ᠬᠤᠸᠠᠷᠠᠨ ᠳᠤ ᠬᠦᠷᠭᠡᠬᠦ︾ | ᠵᠡᠷᠭᠡ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠪᠠᠶᠢᠳᠠᠯ ᠢ | ᠤᠬᠠᠭᠤᠯᠤᠨ ᠲᠠᠶᠢᠯᠪᠤᠷᠢᠯᠠᠵᠤ᠂ ᠠᠵᠢᠯ ᠰᠣᠩᠭᠤᠬᠤ ᠵᠢᠯᠣᠭᠤᠳᠣᠯᠭ᠎ᠠ ᠶᠢ ᠴᠢᠩᠭᠠᠳᠬᠠᠨ᠂ ᠣᠷᠣᠨ ᠪᠦᠰᠡ ᠶᠢᠨ | ᠳᠣᠲᠣᠷᠠᠬᠢ ᠴᠡᠷᠢᠭ ᠠᠩᠭᠢ ᠶᠢᠨ ᠨᠢᠭᠡᠴᠢ ᠶᠢ ᠦᠨᠳᠦᠰᠦᠨ ᠳᠡᠭᠡᠨ ᠬᠠᠮᠤᠷᠤᠭᠤᠯᠤᠨ᠎ᠠ᠃ | ︵ᠬᠤᠶᠠᠷ︶ ᠬᠡᠷᠡᠭᠵᠢᠭᠦᠯᠪᠡᠯ ᠳᠠᠷᠤᠶ ᠠᠵᠢᠯ ᠠᠴᠠ ᠪᠠᠨ ᠪᠠᠭᠤᠵᠤ ᠳᠠᠷᠤᠶ ᠪᠣᠯᠪᠠᠰᠤᠷᠠᠭᠤᠯᠤᠨ᠎ᠠ᠃ ᠪᠡᠶ᠎ᠡ ᠪᠠᠨ | ᠳᠠᠭᠠᠭᠠᠵᠤ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠲᠤ ᠬᠠᠨᠳᠤᠭᠤᠯᠤᠨ ᠵᠣᠬᠢᠴᠠᠬᠤ | ᠴᠢᠨᠠᠷᠲᠠᠶ ᠰᠤᠷᠭᠠᠯᠲᠠ ᠥᠷᠨᠢᠭᠦᠯᠵᠦ᠂ ᠲᠡᠳᠡᠨ ᠢ ᠬᠠᠪᠰᠤᠷᠤᠨ ᠳᠦᠷᠢ ᠲᠥᠷᠬᠦ ᠶᠢ ᠨᠢ ᠲᠦᠷᠭᠡᠬᠡᠨ ᠬᠤᠪᠢᠷᠠᠭᠤᠯᠵᠤ | ᠨᠡᠶᠢᠭᠡᠮ ᠳᠤ ᠠᠭᠤᠰᠤᠯᠴᠠᠭᠤᠯᠬᠤ ᠬᠡᠷᠡᠭᠲᠡᠶ᠃ ᠰᠤᠷᠭᠠᠯᠲᠠ ᠶᠢᠨ ᠠᠵᠢᠯ ᠢ ᠮᠤᠵᠢ ︵ᠣᠷᠣᠨ᠂ ᠬᠤᠲᠠ︶ ᠶᠢᠨ | ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠰᠠᠯᠠᠭ᠎ᠠ ᠮᠥᠴᠢᠷ ᠠᠴᠠ ᠪᠣᠳᠠᠲᠠᠶ ᠲᠠᠢ ᠪᠠᠨ | ᠤᠶᠠᠯᠳᠤᠭᠤᠯᠤᠨ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠪᠡᠶ᠎ᠡ ᠪᠠᠨ ᠳᠠᠭᠠᠭᠠᠵᠤ ᠠᠵᠢᠯ ᠣᠯᠤᠭᠰᠠᠨ | ᠴᠡᠷᠢᠭ ᠠᠴᠠ ᠬᠠᠯᠠᠭᠳᠠᠭᠰᠠᠳ ᠤᠨ ᠨᠤᠲᠤᠭ ᠲᠠᠭᠠᠨ ᠪᠤᠴᠠᠵᠤ ᠨᠡᠷ᠎ᠡ ᠮᠡᠳᠡᠭᠦᠯᠦᠭᠰᠡᠨ ᠤ ᠳᠠᠷᠠᠭ᠎ᠠ ᠴᠠᠭ ᠲᠤᠬᠠᠶ ᠳᠤᠨᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠤᠷᠭᠠᠯᠲᠠ ᠶᠢᠨ ᠴᠠᠭ ᠢ 80 ᠬᠢᠴᠢᠶᠡᠯ ᠤᠨ ᠴᠠᠭ ᠠᠴᠠ ᠳᠤᠲᠠᠭᠤ | ᠪᠠᠶᠢᠯᠭᠠᠵᠤ ᠪᠣᠯᠬᠤ ᠥᠬᠡᠶ᠃ | ︵ᠭᠤᠷᠪᠠ︶ ᠰᠤᠷᠭᠠᠯᠲᠠ ᠶᠢᠨ ᠪᠣᠳᠠᠲᠤ ᠦᠷ᠎ᠡ ᠪᠦᠲᠦᠮᠵᠢ ᠶᠢ ᠦᠨᠡᠨᠬᠦ ᠪᠠᠲᠤᠯᠠᠨ᠎ᠠ᠃ ᠵᠣᠬᠢᠴᠠᠬᠤ ᠴᠢᠨᠠᠷᠲᠠᠶ | ᠰᠤᠷᠭᠠᠯᠲᠠ ᠳᠤ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠦᠨ ᠳᠠᠭᠠᠭᠤᠯᠬᠤ ᠶᠢ ᠴᠢᠩᠭᠠᠳᠬᠠᠵᠤ᠂ ᠪᠡᠶ᠎ᠡ ᠪᠠᠨ | ᠳᠠᠭᠠᠭᠠᠵᠤ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠲᠤ ᠬᠠᠨᠳᠤᠭᠤᠯᠤᠨ ᠠᠮᠤᠷ | ᠲᠦᠪᠰᠢᠨ ᠤ ᠨᠢᠭᠤᠴᠠ ᠶᠢ ᠬᠠᠮᠠᠭᠠᠯᠠᠬᠤ ᠬᠥᠮᠦᠵᠢᠯ ᠢ ᠥᠷᠨᠢᠭᠦᠯᠵᠦ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ | ᠪᠠᠲᠤ ᠶᠢᠨ ᠦᠵᠡᠯ ᠤᠬᠠᠮᠰᠠᠷ ᠢ ᠴᠡᠷᠢᠭ ᠠᠴᠠ ᠬᠠᠯᠠᠭᠳᠠᠬᠤ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠵᠤ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠨ᠎ᠡ︔ | ᠰᠡᠳᠬᠢᠴᠡ ᠶᠢᠨ ᠵᠣᠬᠢᠴᠠᠭᠤᠯᠭ᠎ᠠ ᠶᠢ ᠥᠷᠨᠢᠭᠦᠯᠵᠦ᠂ ᠳᠦᠷᠢ ᠶᠢᠨ ᠰᠣᠯᠢᠭᠳᠠᠯ ᠢ ᠠᠬᠢᠭᠤᠯᠤᠨ᠎ᠠ᠂ ᠠᠵᠢᠯ | ᠮᠡᠷᠭᠡᠵᠢᠯ ᠤᠨ ᠵᠢᠯᠣᠭᠤᠳᠣᠯᠭ᠎ᠠ ᠶᠢ ᠬᠡᠷᠡᠭᠵᠢᠭᠦᠯᠵᠦ᠂ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠪᠠᠶᠢᠳᠠᠯ ᠳᠤ | ᠵᠠᠳᠠᠯᠤᠯᠲᠠ ᠬᠢᠵᠦ᠂ ᠵᠦᠶ ᠵᠣᠬᠢᠰᠲᠠᠶ ᠠᠵᠢᠯ ᠤᠯᠬᠤ ᠵᠢᠱᠢᠯᠲᠡ ᠶᠢ ᠬᠥᠲᠥᠯᠦᠨ ᠵᠢᠯᠣᠭᠤᠳᠤᠨ᠎ᠠ︔ ᠴᠢᠳᠠᠪᠤᠷᠢᠲᠠᠨ ᠢ | ᠰᠢᠯᠭᠠᠨ ᠦᠨᠡᠯᠡᠬᠦ ᠶᠢ ᠵᠣᠬᠢᠶᠠᠨ ᠪᠠᠶᠢᠭᠤᠯᠵᠤ᠂ ᠠᠵᠢᠯ ᠣᠯᠭᠤᠬᠤ ᠲᠠᠨᠢᠯᠴᠠᠭᠤᠯᠭ᠎ᠠ᠂ ᠠᠵᠢᠯ ᠮᠡᠷᠭᠡᠵᠢᠯ ᠤᠨ | ᠰᠤᠷᠭᠠᠯᠲᠠ ᠶᠢᠨ ᠲᠥᠷᠥᠯ ᠵᠦᠢᠯ ᠤᠨ ᠲᠠᠨᠢᠯᠴᠠᠭᠤᠯᠭ᠎ᠠ ᠶᠢ ᠬᠠᠩᠭᠠᠨ᠎ᠠ᠃ ︽ᠢᠨᠲ᠋ᠧᠷ ᠰᠦᠯᠵᠢᠶ᠎ᠡ + ᠰᠤᠷᠭᠠᠯᠲᠠ︾ | ᠵᠡᠷᠭᠡ ᠣᠯᠠᠨ ᠵᠦᠢᠯ ᠤᠨ ᠵᠢᠭᠠᠨ ᠰᠤᠷᠭᠠᠯᠲᠠ ᠶᠢᠨ ᠠᠷᠭ᠎ᠠ ᠪᠠᠷᠢᠯ ᠢ ᠬᠡᠷᠡᠭᠯᠡᠨ᠂ ᠵᠢᠭᠠᠨ ᠰᠤᠷᠭᠠᠯᠲᠠ ᠶᠢ | ᠠᠮᠢᠳᠤᠯᠢᠭ ᠢᠶᠠᠷ ᠳᠣᠭᠢᠷᠠᠭᠤᠯᠵᠤ᠂ ᠰᠤᠷᠭᠠᠯᠲᠠ ᠶᠢᠨ ᠦᠨᠡᠯᠡᠨ ᠵᠢᠱᠢᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠵᠦ᠂ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠦᠨᠡᠨᠬᠦ ᠪᠠᠲᠤᠯᠠᠨ᠎ᠠ᠃ | ᠭᠤᠷᠪᠠ᠂ ᠪᠥᠬᠦ ᠠᠵᠢᠯᠲᠠᠳ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠶᠢ ᠥᠷᠨᠢᠭᠦᠯᠬᠦ | ᠬᠡᠷᠡᠭᠲᠡᠶ | ︵ᠳᠥᠷᠪᠡ︶ ᠰᠤᠷᠭᠠᠯᠲᠠ ᠶᠢᠨ ᠵᠠᠭᠪᠤᠷ ᠢ ᠰᠢᠯᠢᠳᠡᠭᠵᠢᠭᠦᠯᠦᠨ᠎ᠡ᠃ ᠴᠡᠷᠢᠭ ᠠᠴᠠ ᠬᠠᠯᠠᠭᠳᠠᠭᠰᠠᠳ ᠤᠨ | ᠶᠠᠪᠤᠳᠠᠯ ᠤᠨ ᠰᠠᠯᠠᠭ᠎ᠠ ᠮᠥᠴᠢᠷ ᠨᠢ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠤᠨ | ᠭᠠᠷᠴᠠᠭ᠂ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠰᠤᠷᠭᠠᠯᠲᠠ ᠶᠢᠨ ᠪᠠᠶᠢᠭᠤᠯᠤᠮᠵᠢ ᠶᠢᠨ ᠭᠠᠷᠴᠠᠭ ᠲᠠᠬᠢ | ᠪᠠᠶᠢᠭᠤᠯᠤᠮᠵᠢ ᠳᠤ ᠲᠦᠰᠢᠭᠯᠡᠨ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠨ | ᠪᠠᠶᠢᠯᠳᠤᠭᠴᠢᠳ ᠲᠤ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠰᠤᠷᠭᠠᠯᠲᠠ ᠥᠷᠨᠢᠭᠦᠯᠵᠦ᠂ ᠰᠤᠷᠤᠯᠭ᠎ᠠ ᠶᠢᠨ | ᠨᠠᠮᠲᠠᠷ ᠤᠨ ᠦᠨᠡᠮᠯᠡᠯ + ᠡᠳᠦᠶ ᠲᠡᠳᠦᠶ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠵᠡᠷᠭᠡ ᠳᠡᠰ ᠤᠨ | ᠦᠨᠡᠮᠯᠡᠯ ᠤᠨ ᠲᠦᠷᠢᠮ ︵1+X ᠦᠨᠡᠮᠯᠡᠯ ᠤᠨ ᠲᠦᠷᠢᠮ︶ ᠪᠠ ᠰᠤᠷᠤᠯᠭ᠎ᠠ ᠶᠢᠨ ᠬᠤᠪᠢ ᠶᠢᠨ ᠪᠠᠩᠬᠢ ᠶᠢᠨ | ᠲᠦᠷᠢᠮ ᠢ ᠬᠡᠷᠡᠭᠵᠢᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠮᠰᠢᠬᠦ᠂ ᠬᠤᠷᠠᠮᠳᠤᠭᠤᠯᠬᠤ ᠪᠠ ᠰᠣᠯᠢᠬᠤ | ᠲᠣᠭᠲᠠᠴᠠ ᠶᠢ ᠪᠠᠶᠢᠭᠤᠯᠤᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠴᠡᠷᠢᠭ ᠠᠴᠠ ᠬᠠᠯᠠᠭᠳᠠᠭᠰᠠᠳ ᠤᠨ | ᠶᠠᠪᠤᠳᠠᠯ ᠤᠨ ᠰᠠᠯᠠᠭ᠎ᠠ ᠮᠥᠴᠢᠷ ᠤᠳ ᠮᠤᠵᠢ ᠶᠢᠨ ᠬᠡᠪᠴᠢᠶᠡᠨ ᠳᠣᠲᠣᠷ᠎ᠠ ᠪᠠᠨ ᠪᠡᠶ᠎ᠡ ᠪᠠᠨ ᠳᠠᠭᠠᠭᠠᠵᠤ ᠠᠵᠢᠯ | ᠣᠯᠤᠭᠰᠠᠨ ᠴᠡᠷᠢᠭ ᠠᠴᠠ ᠬᠠᠯᠠᠭᠳᠠᠭᠰᠠᠳ ᠤᠨ ᠰᠤᠷᠭᠠᠯᠲᠠ ᠶᠢᠨ ᠡᠬᠡ ᠲᠠᠩᠰᠠ ᠶᠢ ᠰᠦᠯᠵᠢᠶᠡᠵᠢᠭᠦᠯᠦᠨ ᠪᠠᠶᠢᠭᠤᠯᠵᠤ | ᠂ ᠰᠤᠷᠭᠠᠯᠲᠠ ᠳᠤ ᠣᠷᠣᠯᠴᠠᠭᠰᠠᠳ ᠪᠠ ᠪᠣᠯᠪᠠᠰᠤᠷᠠᠯ ᠰᠤᠷᠭᠠᠯᠲᠠ ᠶᠢᠨ ᠵᠠᠷᠤᠳᠠᠯ ᠤᠨ ᠬᠠᠮᠢᠶᠠᠷᠤᠯᠲᠠ ᠶᠢ | ᠴᠢᠩᠭᠠᠳᠬᠠᠨ᠂ ᠰᠤᠷᠭᠠᠯᠲᠠ ᠶᠢᠨ ᠵᠣᠭᠤᠰ ᠢᠶᠠᠷ ᠲᠤᠰᠠᠯᠠᠬᠤ ᠪᠠᠷᠢᠮᠵᠢᠶ᠎ᠠ ᠶᠢ ᠲᠣᠭᠲᠠᠭᠠᠵᠤ᠂ ᠰᠤᠷᠭᠠᠯᠲᠠ ᠶᠢᠨ ᠪᠠᠯᠠ | ᠮᠥᠩᠭᠦ ᠶᠢ ᠮᠤᠵᠢ ᠶᠢᠨ ᠱᠠᠲᠤᠨ ᠳᠤ ᠨᠢᠭᠡᠳᠦᠯᠲᠡᠶ ᠲᠥᠯᠥᠪᠯᠡᠬᠦ ᠲᠣᠭᠲᠠᠴᠠ ᠶᠢ ᠪᠠᠶᠢᠭᠤᠯᠤᠨ᠂ ᠰᠤᠷᠭᠠᠯᠲᠠ ᠶᠢᠨ | ᠣᠯᠭᠤᠮᠵᠢ ᠶᠢ ᠮᠤᠵᠢ ᠶᠢᠨ ᠬᠡᠪᠴᠢᠶᠡᠨ ᠳᠣᠲᠣᠷ᠎ᠠ ᠪᠠᠨ ᠨᠡᠶᠢᠳᠡᠮ ᠰᠣᠯᠢᠬᠤ ᠶᠢ ᠪᠡᠶᠡᠯᠡᠭᠦᠯᠦᠨ᠎ᠡ︔ ᠣᠲᠣ ᠶᠢᠨ | ᠪᠠᠶᠢᠭ᠎ᠠ ᠡᠬᠢ ᠪᠠᠶᠠᠯᠢᠭ ᠲᠠᠭᠠᠨ ᠲᠦᠰᠢᠭᠯᠡᠨ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ | ᠴᠣᠭᠴᠠᠯᠠᠬᠤ ᠬᠦᠷᠢᠶᠡᠯᠡᠩ ᠭᠠᠵᠠᠷ ᠢ ᠨᠢᠭᠡᠳᠦᠯᠲᠡᠶ ᠲᠥᠯᠥᠪᠯᠡᠨ ᠪᠠᠶᠢᠭᠤᠯᠵᠤ᠂ ᠵᠢᠱᠢᠶ᠎ᠡ ᠦᠵᠡᠭᠦᠯᠬᠦ ᠦᠢᠯᠡᠳᠦᠯ ᠢ | ᠪᠠᠳᠠᠷᠠᠭᠤᠯᠤᠨ᠎ᠠ᠃ ᠡᠯ᠎ᠡ ᠮᠤᠵᠢ ︵ᠣᠷᠣᠨ᠂ ᠬᠤᠲᠠ︶ ᠶᠢᠨ ᠰᠤᠷᠭᠠᠨ ᠬᠥᠮᠦᠵᠢᠯ ᠤᠨ ᠰᠤᠷᠭᠠᠯᠲᠠ ᠶᠢᠨ | ᠪᠠᠶᠢᠭᠤᠯᠤᠮᠵᠢ ᠶᠢᠨ ᠰᠢᠯᠢᠳᠡᠭ ᠰᠤᠷᠭᠠᠯᠲᠠ ᠶᠢᠨ ᠡᠬᠢ ᠪᠠᠶᠠᠯᠢᠭ ᠢ ᠵᠣᠯᠭᠠᠭᠤᠯᠤᠨ ᠬᠠᠮᠲᠤᠪᠠᠷ ᠭᠥᠷᠳᠡᠬᠦ ᠶᠢ | ᠵᠣᠷᠢᠭᠵᠢᠭᠤᠯᠵᠤ᠂ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠶᠢ ᠲᠡᠩᠴᠡᠭᠦᠷᠢᠲᠡᠶ ᠬᠥᠭᠵᠢᠭᠦᠯᠬᠦ ᠶᠢ ᠪᠡᠶ᠎ᠡ ᠪᠠᠨ | ᠳᠠᠭᠠᠭᠠᠵᠤ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠬᠠᠤᠯᠢ ᠳᠤ ᠲᠣᠭᠲᠠᠭᠠᠭᠰᠠᠨ | ᠠᠵᠢᠯ ᠠᠴᠠ ᠪᠠᠨ ᠪᠠᠭᠤᠵᠤ ᠠᠮᠠᠷᠠᠬᠤ ᠨᠠᠰᠤᠨ ᠳᠤ ᠬᠦᠷᠬᠦ ᠠᠴᠠ ᠡᠮᠣᠨ᠎ᠡ ᠨᠢᠭᠡ ᠤᠳᠠᠭᠠᠨ ᠤ ᠰᠦᠢᠳᠬᠡᠯ ᠬᠤᠷᠢᠶᠠᠬᠤ | ᠦᠭᠡᠶ ᠠᠵᠢᠯ ᠮᠡᠷᠭᠡᠵᠢᠯ ᠤᠨ ᠤᠷ᠎ᠠ ᠵᠢᠭᠠᠯᠲᠠ ᠶᠢ ᠦᠨᠳᠦᠰᠦᠯᠡᠵᠦ ᠡᠯ᠎ᠡ ᠭᠠᠵᠠᠷ ᠤᠨ ᠴᠡᠷᠢᠭ ᠠᠴᠠ | ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ 1+X | ᠦᠨᠡᠮᠯᠡᠯ ᠤᠨ ᠲᠦᠷᠢᠮ ᠢ ᠬᠡᠷᠡᠭᠵᠢᠭᠦᠯᠬᠦ ᠶᠢᠨ ᠬᠠᠮᠲᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ | ᠰᠤᠷᠤᠯᠭ᠎ᠠ ᠶᠢᠨ ᠬᠤᠪᠢ ᠶᠢᠨ ᠪᠠᠩᠬᠢ ᠲᠠᠢ ᠵᠣᠯᠭᠠᠭᠤᠯᠤᠭᠰᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠢᠴᠢ | ᠬᠡᠷᠡᠭᠯᠡᠭᠡᠨ ᠤ ᠬᠡᠯᠪᠡᠷᠢ ᠶᠢᠨ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠶᠢ ᠰᠤᠷᠭᠠᠯᠲᠠ ᠶᠢᠨ ᠰᠠᠭᠤᠷᠢᠨ ᠭᠠᠵᠠᠷ | ᠪᠣᠯᠭᠠᠨ ᠰᠤᠷᠭᠠᠯᠲᠠ ᠥᠷᠨᠢᠭᠦᠯᠵᠦ᠂ ᠰᠤᠷᠭᠠᠯᠲᠠ ᠶᠢᠨ ᠦᠷ᠎ᠡ ᠪᠦᠲᠦᠭᠡᠯ ᠢ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠤᠯᠤᠰ ᠤᠨ ᠰᠤᠷᠤᠯᠭ᠎ᠠ ᠶᠢᠨ ᠬᠤᠪᠢ ᠶᠢᠨ ᠪᠠᠩᠬᠢ ᠳᠤ ᠲᠡᠮᠳᠡᠭᠯᠡᠨ ᠣᠷᠣᠭᠤᠯᠬᠤ ᠬᠡᠷᠡᠭᠲᠡᠶ᠃ | ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠰᠤᠷᠭᠠᠯᠲᠠ ᠶᠢᠨ | ᠰᠠᠭᠤᠷᠢᠨ ᠭᠠᠵᠠᠷ ᠤᠨ ᠰᠤᠷᠭᠠᠭᠤᠯᠢ ᠠᠴᠠ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ ᠳᠤ ᠰᠤᠷᠭᠠᠯᠲᠠ ᠳᠤ | ᠣᠷᠣᠯᠴᠠᠪᠠᠯ᠂ ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠰᠠᠯᠠᠭ᠎ᠠ ᠮᠥᠴᠢᠷ᠂ ᠬᠥᠮᠦᠨ ᠤ | ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠨᠢᠭᠡᠳᠦᠯᠲᠡᠶ | ᠲᠥᠯᠥᠪᠵᠢᠭᠦᠯᠭᠡ ᠶᠢᠨ ᠳᠣᠣᠷ᠎ᠠ᠂ ᠲᠣᠭᠲᠠᠭᠠᠭᠰᠠᠨ ᠲᠡᠰ ᠳᠠᠷᠠᠭᠠᠯᠠᠯ ᠪᠣᠯᠤᠨ ᠪᠠᠷᠢᠮᠵᠢᠶ᠎ᠠ ᠶᠣᠰᠣᠭᠠᠷ ᠵᠣᠭᠤᠰ | ᠮᠥᠩᠭᠦ ᠪᠠᠷ ᠲᠤᠰᠠᠯᠠᠬᠤ ᠣᠯᠭᠤᠮᠵᠢ ᠬᠥᠷᠳᠡᠵᠤ ᠪᠣᠯᠤᠨ᠎ᠠ᠃ | ︵ᠲᠠᠪᠤ︶ ᠬᠠᠮᠢᠶᠠᠷᠤᠯᠲᠠ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠭᠡᠷ᠎ᠡ ᠲᠣᠭᠲᠠᠵᠤ | ᠬᠤᠷᠰᠢᠭᠰᠠᠨ ᠳᠠᠭᠠᠭᠠᠨ ᠪᠣᠯᠪᠠᠰᠤᠷᠠᠭᠤᠯᠬᠤ ᠨᠢᠭᠡᠴᠢ ᠳᠤ ᠬᠤᠯᠪᠣᠭᠳᠠᠯ ᠪᠥᠬᠦᠶ ᠵᠢᠭᠠᠯᠲᠠ ᠶᠢ ᠦᠨᠳᠦᠰᠦᠯᠡᠵᠦ | ᠭᠡᠷ᠎ᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠪᠠᠶᠢᠴᠠᠭᠠᠵᠤ ᠰᠢᠯᠭᠠᠨ ᠬᠢᠨᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠂ | ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ | ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠰᠤᠷᠭᠠᠯᠲᠠ ᠶᠢᠨ ᠠᠵᠢᠯ ᠤᠨ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠬᠦᠴᠦᠨ ᠴᠢᠳᠠᠪᠤᠷᠢ ᠶᠢ ᠨᠢᠭᠤᠴᠠ ᠶᠢ | ᠬᠠᠮᠠᠭᠠᠯᠠᠬᠤ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠮᠡᠳᠡᠭᠡ | ᠵᠠᠩᠭᠢ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠰᠤᠷᠭᠠᠯᠲᠠ ᠶᠢᠨ ᠲᠥᠷᠥᠯ ᠵᠦᠢᠯ ᠤᠨ | ᠪᠣᠳᠠᠲᠠᠶ ᠲᠠᠢ ᠤᠶᠠᠯᠳᠤᠭᠤᠯᠤᠨ᠂ ᠰᠤᠷᠬᠤ ᠴᠠᠭ ᠤᠨ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ | ᠬᠡᠷᠡᠭᠲᠡᠶ᠃ ᠴᠡᠷᠢᠭ ᠠᠩᠬᠢ ᠪᠠ ᠣᠷᠣᠨ ᠨᠤᠲᠤᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠴᠡᠷᠢᠭ ᠤᠨ | ᠶᠠᠪᠤᠳᠠᠯ ᠤᠨ ᠲᠤᠰᠬᠠᠢ ᠮᠡᠷᠭᠡᠵᠢᠯ ᠬᠢᠭᠡᠳ ᠠᠵᠢᠯ ᠮᠡᠷᠭᠡᠵᠢᠯ ᠤᠨ ᠬᠠᠷᠠᠭᠠᠯᠵᠠᠭᠰᠠᠨ ᠭᠠᠷᠴᠠᠭ ᠪᠠ ᠴᠡᠷᠢᠭ ᠠᠩᠬᠢ ᠪᠠ | ᠣᠷᠣᠨ ᠨᠤᠲᠤᠭ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠦᠨᠡᠮᠯᠡᠯ ᠢ ᠵᠣᠯᠭᠠᠭᠤᠯᠬᠤ ᠲᠣᠭᠲᠠᠴᠠ ᠶᠢ | ᠪᠠᠶᠢᠭᠤᠯᠬᠤ ᠶᠢ ᠲᠦᠯᠬᠢᠨ ᠠᠬᠢᠭᠤᠯᠵᠤ᠂ ᠴᠡᠷᠢᠭ ᠤᠨ ᠶᠠᠪᠤᠳᠠᠯ ᠤᠨ ᠲᠤᠰᠬᠠᠢ ᠮᠡᠷᠭᠡᠵᠢᠯ ᠤᠨ ᠬᠢᠷᠢ ᠬᠡᠮ ᠤᠨ | ᠦᠨᠡᠮᠯᠡᠯ ᠢ ᠣᠷᠣᠨ ᠨᠤᠲᠤᠭ ᠤᠨ ᠬᠢᠨ ᠬᠠᠷᠠᠭᠠᠯᠵᠠᠭᠰᠠᠨ ᠠᠵᠢᠯ ᠮᠡᠷᠭᠡᠵᠢᠯ ᠤᠨ ᠠᠳᠠᠯᠢ ᠱᠠᠲᠤᠨ ᠤ ᠤᠷ᠎ᠠ | ᠴᠢᠳᠠᠪᠤᠷᠢ ᠶᠢᠨ ᠦᠨᠡᠮᠯᠡᠯ ᠢᠶᠠᠷ ᠦᠵᠡᠵᠦ᠂ ᠠᠳᠠᠯᠢ ᠬᠦᠴᠦᠨ ᠲᠠᠢ ᠪᠣᠯᠭᠠᠵᠤ᠂ ᠳᠠᠬᠢᠵᠤ ᠬᠢᠨᠠᠨ ᠲᠣᠭᠲᠠᠭᠠᠵᠤ | ᠦᠨᠡᠯᠡᠬᠦ ᠦᠭᠡᠢ᠃ | ᠳᠥᠷᠪᠡ᠂ ᠰᠤᠷᠤᠯᠭ᠎ᠠ ᠶᠢᠨ ᠨᠠᠮᠲᠠᠷ ᠢᠶᠠᠨ ᠳᠡᠭᠡᠭᠰᠢᠯᠡᠭᠦᠯᠬᠦ ᠶᠢ ᠪᠥᠬᠦ ᠲᠠᠯ᠎ᠠ ᠪᠠᠷ ᠳᠡᠮᠵᠢᠨ᠎ᠡ | ︵ᠵᠢᠷᠭᠤᠭ᠎ᠠ︶ ᠳᠡᠭᠡᠳᠦ ᠰᠤᠷᠭᠠᠭᠤᠯᠢ ᠠᠴᠠ ᠴᠡᠷᠢᠭ ᠲᠤ ᠡᠯᠰᠡᠭᠳᠡᠭᠰᠡᠨ ᠪᠠᠶᠢᠯᠳᠤᠭᠴᠢᠳ ᠤᠨ ᠴᠡᠷᠢᠭ ᠠᠴᠠ | ᠬᠠᠯᠠᠭᠳᠠᠭᠰᠠᠨ ᠤ ᠳᠠᠷᠠᠭ᠎ᠠ ᠰᠤᠷᠤᠯᠭ᠎ᠠ ᠪᠠᠨ ᠰᠡᠷᠭᠦᠭᠡᠵᠦ ᠭᠦᠨᠵᠡᠭᠡᠶ ᠰᠤᠷᠤᠯᠴᠠᠬᠤ ᠶᠢ ᠳᠡᠮᠵᠢᠨ᠎ᠡ᠃ ᠴᠡᠷᠢᠭ ᠲᠤ | ᠣᠷᠣᠬᠤ ᠠᠴᠠ ᠡᠮᠣᠨ᠎ᠡ ᠦᠨ᠎ᠡ ᠨᠢᠭᠡᠨᠲᠡ ᠡᠩ ᠤᠨ ᠳᠡᠭᠡᠳᠦ ᠰᠤᠷᠭᠠᠭᠤᠯᠢ ᠳᠤ ᠡᠯᠰᠡᠭᠳᠡᠭᠰᠡᠨ ᠪᠥᠭᠡᠳ | ᠰᠤᠷᠭᠠᠭᠤᠯᠢ ᠳᠤ ᠣᠷᠣᠬᠤ ᠬᠢᠷᠢ ᠬᠡᠮ ᠢᠶᠠᠨ ᠦᠯᠡᠳᠡᠭᠡᠭᠰᠡᠨ ᠪᠤᠶᠤ ᠰᠤᠷᠭᠠᠭᠤᠯᠢ ᠶᠢᠨ ᠬᠠᠷᠢᠶ᠎ᠠ ᠪᠠᠨ ᠦᠯᠡᠳᠡᠭᠡᠭᠰᠡᠨ | ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠰᠤᠷᠭᠠᠭᠤᠯᠢ ᠳᠤ ᠣᠷᠣᠬᠤ ᠪᠤᠶᠤ ᠰᠤᠷᠤᠯᠭ᠎ᠠ ᠪᠠᠨ ᠰᠡᠷᠭᠦᠭᠡᠬᠦ ᠶᠢ | ᠳᠡᠮᠵᠢᠵᠦ᠂ ᠰᠤᠷᠭᠠᠭᠤᠯᠢ ᠪᠠᠷ ᠵᠥᠪᠰᠢᠶᠡᠷᠡᠭᠦᠯᠬᠦ ᠶᠢᠨ ᠬᠠᠮᠲᠤ ᠬᠠᠮᠢᠶ᠎ᠠ ᠪᠥᠬᠦᠶ ᠲᠠᠰ ᠳᠠᠷᠠᠭᠠᠯᠠᠯ ᠢ | ᠭᠦᠢᠴᠡᠳᠬᠡᠭᠰᠡᠨ ᠤ ᠳᠠᠷᠠᠭ᠎ᠠ ᠲᠣᠰ ᠰᠤᠷᠭᠠᠭᠤᠯᠢ ᠶᠢᠨ ᠢᠶᠠᠨ ᠪᠤᠰᠤᠳ ᠲᠤᠰᠬᠠᠶ ᠮᠡᠷᠭᠡᠵᠢᠯ ᠳᠤ ᠰᠢᠯᠵᠢᠨ ᠣᠷᠣᠵᠤ | ᠰᠤᠷᠤᠯᠴᠠᠵᠤ ᠪᠣᠯᠤᠨ᠎ᠠ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ᠂ ᠴᠡᠷᠢᠭ ᠤᠨ ᠶᠠᠪᠤᠳᠠᠯ ᠤᠨ ᠮᠡᠷᠭᠡᠵᠢᠯ ᠴᠢᠳᠠᠪᠤᠷᠢ | ᠪᠠ ᠴᠡᠷᠢᠭ ᠤᠨ ᠶᠠᠪᠤᠳᠠᠯ ᠤᠨ ᠣᠨᠣᠯ ᠵᠡᠷᠭᠡ ᠬᠢᠴᠢᠶᠡᠯ ᠢ ᠰᠤᠷᠬᠤ ᠥᠬᠡᠶ᠂ ᠵᠣᠬᠢᠬᠤ ᠬᠢᠴᠢᠶᠡᠯ ᠤᠨ ᠰᠤᠷᠤᠯᠭ᠎ᠠ ᠶᠢᠨ | ᠬᠤᠪᠢ ᠶᠢ ᠰᠢᠭᠤᠳ ᠣᠯᠵᠤ᠂ ᠰᠤᠷᠬᠤ ᠬᠤᠭᠤᠴᠠᠭ᠎ᠠ ᠶᠢ ᠵᠣᠬᠢᠬᠤ ᠬᠡᠮᠵᠢᠶ᠎ᠡ ᠪᠠᠷ ᠤᠷᠲᠤᠳᠬᠠᠬᠤ ᠶᠢ ᠵᠥᠪᠰᠢᠶᠡᠷᠡᠨ᠎ᠡ | ᠃ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠶ ᠠᠩᠭᠢ︶ ᠠᠴᠠ ᠡᠩ ᠤᠨ ᠵᠢᠩᠬᠢᠨᠢ ᠠᠩᠭᠢ ᠳᠤ ᠳᠡᠪᠰᠢᠵᠦ᠂ | ᠨᠠᠰᠤᠨ ᠳᠤ ᠭᠦᠷᠦᠭᠰᠡᠳ ᠤᠨ ᠵᠢᠩᠬᠢᠨᠢ ᠠᠩᠭᠢ ᠳᠤ ᠵᠢᠭᠠᠯᠲᠠ ᠶᠢ ᠦᠨᠳᠦᠰᠦᠯᠡᠵᠦ ᠰᠢᠯᠭᠠᠯᠲᠠ ᠬᠢᠬᠦ ᠥᠬᠡᠶ ᠪᠠᠷ | ᠨᠥᠬᠦᠴᠡᠯ ᠳᠤ ᠨᠡᠶᠢᠴᠡᠬᠦ ᠴᠡᠷᠢᠭ ᠠᠴᠠ ᠬᠠᠯᠠᠭᠳᠠᠭᠰᠠᠨ ᠣᠶᠤᠲᠠᠨ ᠪᠠᠶᠢᠯᠳᠤᠭᠴᠢᠳ ᠪᠥᠬᠦ ᠤᠯᠤᠰ ᠤᠨ ᠠᠰᠫᠢᠷᠠᠨᠲ | ᠡᠯᠰᠡᠬᠦ ᠰᠢᠯᠭᠠᠯᠲᠠ ᠳᠤ ᠣᠷᠣᠯᠴᠠᠬᠤ ᠳᠤ ᠬᠤᠯᠪᠣᠭᠳᠠᠯ ᠪᠥᠬᠦᠶ ᠵᠢᠭᠠᠯᠲᠠ ᠶᠢ ᠦᠨᠳᠦᠰᠦᠯᠡᠵᠦ ᠬᠤᠪᠢ ᠨᠡᠮᠡᠬᠦ | ᠬᠠᠷᠠᠭᠠᠯᠵᠠᠯ ᠭᠥᠷᠳᠡᠨ᠎ᠡ᠃ ᠠᠯᠪᠠ ᠬᠠᠭᠠᠵᠤ ᠪᠠᠶᠢᠭ᠎ᠠ ᠬᠤᠭᠤᠴᠠᠭᠠᠨ ᠳᠠᠭᠠᠨ ᠬᠤᠶᠠᠳᠤᠭᠠᠷ ᠳᠡᠰ ᠤᠨ ᠭᠠᠪᠢᠶ᠎ᠠ ᠠᠴᠠ | ᠳᠡᠭᠡᠭᠰᠢᠬᠢ ᠱᠠᠩᠨᠠᠯ ᠭᠥᠷᠳᠡᠭᠰᠡᠨ᠂ ᠪᠥᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ | ᠨᠥᠬᠦᠴᠡᠯ ᠳᠤ ᠨᠡᠶᠢᠴᠡᠭᠰᠡᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠠᠩᠬᠠᠨ ᠤ ᠰᠢᠯᠭᠠᠯᠲᠠ ᠠᠴᠠ | ᠭᠡᠯᠳᠦᠷᠢᠭᠦᠯᠵᠦ ᠠᠰᠫᠢᠷᠠᠨᠲ ᠤᠨ ᠠᠰᠫᠢᠷᠠᠨᠲ ᠢᠶᠠᠷ ᠰᠤᠷᠤᠯᠴᠠᠬᠤ ᠪᠠᠷ ᠭᠤᠶᠤᠴᠢᠯᠠᠵᠤ ᠪᠣᠯᠤᠨ᠎ᠠ᠃ ︽ᠴᠡᠷᠢᠭ ᠠᠴᠠ | ᠬᠠᠯᠠᠭᠳᠠᠭᠰᠠᠨ ᠣᠶᠤᠲᠠᠨ ᠪᠠᠶᠢᠯᠳᠤᠭᠴᠢ︾ ᠶᠢᠨ ᠲᠤᠰᠬᠠᠶ ᠵᠦᠢᠯ ᠤᠨ ᠠᠰᠫᠢᠷᠠᠨᠲ ᠡᠯᠰᠡᠬᠦ ᠲᠥᠯᠥᠪᠯᠡᠭᠡ ᠶᠢᠨ | ᠬᠡᠪᠴᠢᠶ᠎ᠡ ᠶᠢ ᠵᠣᠬᠢᠰᠲᠠᠶ ᠪᠠᠷ ᠥᠷᠭᠡᠳᠬᠡᠨ᠎ᠡ᠃ | ︵ᠳᠣᠯᠤᠭ᠎ᠠ︶ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ ᠴᠡᠷᠢᠭ ᠠᠴᠠ ᠬᠠᠯᠠᠭᠳᠠᠭᠰᠠᠨ ᠴᠡᠷᠢᠭ ᠠᠴᠠ ᠬᠠᠯᠠᠭᠳᠠᠭᠰᠠᠨ | ᠪᠠᠶᠢᠯᠳᠤᠭᠴᠢᠳ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠣᠷᠣᠯᠴᠠᠬᠤ ᠳᠤ ᠳᠡᠩᠰᠡᠯᠡᠵᠦ | ᠰᠢᠯᠭᠠᠭᠤᠯᠬᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠨᠡᠷ᠎ᠡ ᠮᠡᠳᠡᠭᠦᠯᠵᠦ ᠰᠣᠶᠣᠯ ᠤᠨ ᠬᠡᠪ | ᠴᠢᠨᠠᠷ ᠤᠨ ᠰᠢᠯᠭᠠᠯᠲᠠ ᠶᠢ ᠨᠥᠬᠦᠴᠡᠯ ᠳᠤ ᠨᠡᠶᠢᠴᠡᠬᠦ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠪᠥᠬᠦ | ᠤᠯᠤᠰ ᠤᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ᠂ ᠨᠠᠰᠤᠨ ᠳᠤ | ᠭᠦᠷᠦᠭᠰᠡᠳ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠣᠷᠣᠯᠴᠠᠬᠤ ᠳᠤ | ᠵᠢᠭᠠᠯᠲᠠ ᠶᠢ ᠦᠨᠳᠦᠰᠦᠯᠡᠵᠦ ᠬᠤᠪᠢ ᠨᠡᠮᠡᠬᠦ ᠬᠠᠷᠠᠭᠠᠯᠵᠠᠯ ᠬᠦᠷᠲᠡᠭᠡᠨ᠎ᠡ᠃ ᠳᠡᠭᠡᠳᠦ ᠵᠡᠷᠭᠡ ᠶᠢᠨ | ᠰᠤᠷᠭᠠᠭᠤᠯᠢ ᠨᠤᠭᠤᠳ ᠵᠢᠭᠠᠯᠲᠠ ᠶᠢ ᠦᠨᠳᠦᠰᠦᠯᠡᠵᠦ ᠠᠰ ᠲᠤᠨᠢ ᠲᠥᠯᠥᠪᠯᠡᠭᠡ ᠲᠣᠭᠲᠠᠭᠠᠬᠤ᠂ ᠠᠰ ᠲᠤᠨᠢ | ᠰᠣᠷᠣᠭᠴᠢ ᠡᠯᠰᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠢ | ᠰᠢᠯᠭᠠᠵᠤ ᠪᠣᠯᠤᠨ᠎ᠠ᠃ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠠᠯᠪᠠ ᠬᠠᠭᠠᠬᠤ ᠬᠤᠭᠤᠴᠠᠭᠠᠨ ᠤ | ᠰᠤᠷᠤᠯᠴᠠᠭᠰᠠᠨ ᠨᠠᠮᠲᠠᠷ ᠤᠨ ᠰᠤᠷᠭᠠᠨ ᠬᠥᠮᠦᠵᠢᠯ ᠪᠣᠯᠤᠨ ᠰᠤᠷᠤᠯᠴᠠᠭᠰᠠᠨ ᠨᠠᠮᠲᠠᠷ ᠤᠨ ᠪᠤᠰᠤ ᠰᠤᠷᠭᠠᠨ | ᠬᠥᠮᠦᠵᠢᠯ ᠤᠨ ᠰᠤᠷᠤᠯᠴᠠᠭᠰᠠᠨ ᠦᠷ᠎ᠡ ᠪᠦᠲᠦᠭᠡᠯ ᠢ ᠵᠢᠭᠠᠯᠲᠠ ᠶᠢ ᠦᠨᠳᠦᠰᠦᠯᠡᠵᠦ ᠤᠯᠤᠰ ᠤᠨ ᠰᠤᠷᠤᠯᠭ᠎ᠠ ᠶᠢᠨ | ᠬᠤᠪᠢ ᠶᠢᠨ ᠪᠠᠩᠬᠢ ᠳᠤ ᠲᠡᠮᠳᠡᠭᠯᠡᠨ ᠣᠷᠣᠭᠤᠯᠵᠤ᠂ ᠴᠡᠷᠢᠭ ᠤᠨ ᠠᠯᠪᠠᠨ ᠠᠴᠠ ᠪᠠᠭᠤᠬᠤ ᠶᠢᠨ ᠡᠮᠣᠨ᠎ᠡ ᠬᠤᠶᠢᠨᠠᠬᠢ | ᠰᠤᠷᠤᠯᠴᠠᠭᠰᠠᠨ ᠦᠷ᠎ᠡ ᠪᠦᠲᠦᠭᠡᠯ ᠢ ᠨᠡᠪᠲᠡᠷᠡᠭᠦᠯᠦᠨ ᠦᠷᠭᠦᠯᠵᠢᠯᠡᠭᠦᠯᠬᠦ ᠶᠢ ᠪᠡᠶᠡᠯᠡᠭᠦᠯᠬᠦ ᠬᠡᠷᠡᠭᠲᠡᠶ᠃ ᠠᠵᠢᠯ | ᠲᠥᠷᠥᠯ ᠤᠨ ᠰᠤᠷᠭᠠᠨ ᠬᠥᠮᠦᠵᠢᠯ ᠤᠨ ᠬᠤᠷᠰᠢᠯᠴᠠᠬᠤ ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ ᠴᠡᠷᠢᠭ ᠠᠴᠠ | ᠬᠠᠯᠠᠭᠳᠠᠭᠰᠠᠨ ᠪᠠᠶᠢᠯᠳᠤᠭᠴᠢᠳ ᠤᠨ ᠠᠵᠢᠯ ᠤᠯᠬᠤ ᠳᠤ ᠲᠤᠬᠢᠷᠠᠬᠤ ᠠᠵᠢᠯ ᠲᠥᠷᠥᠯ ᠳᠤ ᠪᠣᠯ ᠠᠵᠢᠯ ᠲᠥᠷᠥᠯ ᠤᠨ | ᠰᠢᠰᠲ᠋ᠧᠮ ᠤᠨ ᠳᠣᠲᠣᠷᠠᠬᠢ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠡᠷᠴᠢᠮ ᠢᠶᠠᠨ ᠨᠡᠮᠡᠭᠳᠡᠭᠦᠯᠦᠨ᠂ ᠲᠤᠰᠬᠠᠶ | ᠮᠡᠷᠭᠡᠵᠢᠯ ᠤᠨ ᠰᠤᠷᠭᠠᠨ ᠬᠥᠮᠦᠵᠢᠯ ᠢᠶᠠᠷ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠠᠵᠢᠯ ᠤᠯᠬᠤ ᠳᠤ | ᠣᠷᠣᠬᠤ ᠶᠢ ᠠᠬᠢᠭᠤᠯᠵᠤ᠂ ︽ᠰᠤᠷᠭᠠᠭᠤᠯᠢ ᠳᠤ ᠣᠷᠣᠮᠠᠭᠴᠠ ᠠᠵᠢᠯ ᠳᠤ ᠣᠷᠣᠬᠤ︾ ᠶᠢ ᠴᠢᠷᠮᠠᠶᠢᠨ ᠪᠡᠶᠡᠯᠡᠭᠦᠯᠬᠦ | ᠬᠡᠷᠡᠭᠲᠡᠶ᠃ | ︵ᠨᠠᠢᠮᠠ︶ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠬᠤᠯᠠᠴᠢᠯᠠᠨ᠎ᠠ᠃ ᠴᠡᠷᠢᠭ ᠠᠴᠠ | ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠰᠤᠷᠤᠯᠭ᠎ᠠ ᠶᠢᠨ ᠰᠦᠢᠳᠬᠡᠯ ᠢ ᠬᠠᠰᠤᠵᠤ ᠭᠡᠯᠳᠦᠷᠢᠭᠦᠯᠬᠦ | ᠲᠥᠷᠥ ᠶᠢᠨ ᠪᠣᠳᠣᠯᠭ᠎ᠠ ᠶᠢ ᠦᠨᠳᠦᠰᠦᠯᠡᠨ ᠴᠡᠷᠢᠭ ᠤᠨ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠳ | ᠤᠯᠤᠰ ᠤᠨ ᠬᠤᠯᠪᠣᠭᠳᠠᠯ ᠪᠥᠬᠦᠶ ᠵᠢᠭᠠᠯᠲᠠ ᠶᠢ ᠦᠨᠳᠦᠰᠦᠯᠡᠵᠦ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠢ | ᠬᠥᠮᠦᠵᠢᠭᠦᠯᠬᠦ ᠶᠠᠪᠤᠴᠠ ᠶᠢ ᠵᠢᠷᠤᠮᠵᠢᠭᠤᠯᠵᠤ᠂ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠴᠢᠬᠤᠯᠠ ᠬᠦᠴᠦᠨ | ᠵᠦᠢᠯ ᠪᠣᠯᠭᠠᠨ ᠳᠡᠭᠡᠳᠦ ᠰᠤᠷᠭᠠᠭᠤᠯᠢ ᠶᠢᠨ ᠰᠢᠯᠭᠠᠨ ᠬᠢᠨᠠᠵᠤ ᠰᠢᠯᠢᠳᠡᠭ ᠢ ᠰᠢᠯᠭᠠᠷᠠᠭᠤᠯᠬᠤ ᠭᠦᠢᠴᠡᠳᠬᠡᠯ | ᠲᠤᠭ᠎ᠠ ᠶᠢᠨ ᠰᠢᠰᠲ᠋ᠧᠮᠵᠢ ᠳᠤ ᠣᠷᠣᠭᠤᠯᠬᠤ ᠬᠡᠷᠡᠭᠲᠡᠶ᠃ ᠬᠥᠮᠦᠵᠢᠭᠦᠯᠬᠦ ᠳᠡᠭᠡᠳᠦ ᠰᠤᠷᠭᠠᠭᠤᠯᠢ ᠨᠤᠭᠤᠳ | ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠣᠨᠴᠠᠯᠢᠭ ᠲᠤ ᠨᠡᠶᠢᠴᠡᠬᠦ ᠴᠢᠳᠠᠪᠤᠷᠢᠲᠠᠨ ᠬᠥᠮᠦᠵᠢᠭᠦᠯᠬᠦ | ᠲᠥᠰᠦᠯ ᠢ ᠲᠥᠯᠥᠪᠯᠡᠨ᠂ ᠣᠷᠣᠨ ᠨᠤᠲᠤᠭ ᠤᠨ ᠵᠠᠬᠢᠶᠠᠯᠠᠭ᠎ᠠ ᠪᠠᠷ ᠬᠠᠨᠳᠤᠯᠭ᠎ᠠ ᠲᠠᠢ ᠬᠥᠮᠦᠵᠢᠭᠦᠯᠬᠦ ᠵᠡᠷᠭᠡ ᠠᠷᠭ᠎ᠠ | ᠮᠠᠶ᠋ᠢᠭ ᠢ ᠠᠪᠴᠤ᠂ ᠵᠢᠭᠠᠨ ᠰᠤᠷᠭᠠᠬᠤ ᠶᠠᠰᠤ ᠴᠢᠨᠠᠷ ᠪᠣᠯᠤᠨ ᠰᠤᠷᠭᠠᠨ ᠬᠥᠮᠦᠵᠢᠯ ᠤᠨ ᠰᠠᠬᠢᠯᠭ᠎ᠠ ᠪᠠᠲᠤ ᠶᠢᠨ | ᠪᠣᠭᠤᠮᠲᠠ ᠶᠢ ᠴᠢᠩᠭ᠎ᠠ ᠠᠳᠬᠤᠵᠤ᠂ ᠰᠤᠷᠤᠯᠭ᠎ᠠ ᠶᠢᠨ ᠬᠢᠨᠠᠨ ᠰᠢᠯᠭᠠᠯᠲᠠ ᠶᠢᠨ ᠲᠠᠯ᠎ᠠ ᠪᠠᠷ ᠴᠡᠷᠢᠭ ᠠᠴᠠ | ᠬᠠᠯᠠᠭᠳᠠᠭᠰᠠᠨ ᠪᠠᠶᠢᠯᠳᠤᠭᠴᠢᠳ ᠪᠣᠯᠤᠨ ᠰᠤᠷᠭᠠᠭᠤᠯᠢ ᠳᠤ ᠪᠠᠶᠢᠭ᠎ᠠ ᠪᠤᠰᠤᠳ ᠰᠤᠷᠤᠭᠴᠢᠳ ᠲᠤ ︽ᠠᠳᠠᠯᠢ | ᠬᠥᠲᠥᠯᠪᠦᠷᠢ᠂ ᠠᠳᠠᠯᠢ ᠪᠠᠷᠢᠮᠵᠢᠶ᠎ᠠ ᠲᠠᠢ︾ ᠪᠠᠶᠢᠯᠭᠠᠬᠤ ᠬᠡᠷᠡᠭᠲᠡᠶ᠃ | ᠲᠠᠪᠤ᠂ ᠨᠠᠰᠤᠨ ᠲᠤᠷᠰᠢᠳᠠ ᠶᠢᠨ ᠬᠥᠮᠦᠵᠢᠯ ᠰᠤᠷᠭᠠᠯᠲᠠ ᠶᠢ ᠦᠷᠨᠢᠭᠦᠯᠦᠨ᠎ᠡ | ︵ᠶᠢᠰᠦ︶ ᠠᠵᠢᠯ ᠮᠡᠷᠭᠡᠵᠢᠯ ᠤᠨ ᠠᠮᠢᠳᠤᠷᠠᠯ ᠤᠨ ᠪᠥᠬᠦ ᠶᠠᠪᠤᠴᠠ ᠶᠢᠨ ᠰᠤᠷᠭᠠᠯᠲᠠ ᠶᠢ ᠬᠡᠷᠡᠭᠵᠢᠭᠦᠯᠦᠨ᠎ᠡ᠃ | ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠰᠤᠷᠭᠠᠯᠲᠠ ᠢ ᠤᠯᠤᠰ ᠤᠨ ᠨᠠᠰᠤᠨ ᠲᠤᠷᠰᠢᠳᠠ ᠶᠢᠨ ᠡᠷᠬᠢᠯᠡᠭᠰᠡᠨ | ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠰᠤᠷᠭᠠᠯᠲᠠ ᠶᠢᠨ ᠲᠥᠷᠢᠮ ᠤᠨ ᠲᠣᠭᠲᠠᠯᠴᠠᠭ᠎ᠠ ᠳᠤ ᠣᠷᠣᠭᠤᠯᠬᠤ ᠠᠵᠢᠯ | ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠮᠡᠷᠭᠡᠵᠢᠯ ᠢ ᠰᠢᠨᠡᠳᠬᠡᠬᠦ᠂ ᠮᠡᠷᠭᠡᠵᠢᠯ ᠤᠨ ᠴᠢᠳᠠᠪᠤᠷᠢ ᠶᠢᠨ ᠵᠡᠷᠭᠡ | ᠳᠡᠰ ᠢ ᠳᠡᠪᠰᠢᠭᠦᠯᠬᠦ ᠪᠠᠷ ᠬᠥᠮᠦᠵᠢᠭᠦᠯᠬᠦ ᠬᠠᠷᠠᠯᠲᠠ ᠪᠣᠯᠭᠠᠵᠤ᠂ ᠬᠥᠮᠦᠨ ᠬᠡᠷᠡᠭᠯᠡᠬᠦ ᠨᠢᠭᠡᠴᠢ ᠶᠢᠨ ᠴᠡᠷᠢᠭ ᠠᠴᠠ | ᠬᠠᠯᠠᠭᠳᠠᠭᠰᠠᠨ ᠪᠠᠶᠢᠯᠳᠤᠭᠴᠢᠳ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠠᠵᠢᠯ ᠤᠨ | ᠪᠠᠶᠢᠷᠢ ᠶᠢᠨ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠠ ᠮᠡᠳᠡᠯᠭᠡ ᠶᠢ ᠰᠢᠨᠡᠳᠬᠡᠬᠦ ᠰᠤᠷᠭᠠᠯᠲᠠ ᠳᠤ | ᠣᠷᠣᠯᠴᠠᠭᠤᠯᠬᠤ ᠶᠢ ᠵᠣᠷᠢᠭᠵᠢᠭᠤᠯᠵᠤ᠂ ᠠᠵᠢᠯ ᠮᠡᠷᠭᠡᠵᠢᠯ ᠤᠨ ᠳᠡᠭᠡᠭᠰᠢᠯᠡᠬᠦ ᠣᠷᠣᠨ ᠵᠠᠶ ᠶᠢ ᠥᠷᠭᠡᠳᠬᠡᠨ᠎ᠡ᠃ | ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠠᠵᠢᠯ ᠣᠯᠭᠤᠬᠤ ᠠᠵᠤ ᠠᠬᠤᠶᠢᠯᠠᠯ ᠤᠨ | ᠬᠠᠮᠲᠤᠷᠠᠨ ᠠᠵᠢᠯᠯᠠᠬᠤ ᠭᠡᠷ᠎ᠡ ᠲᠣᠭᠲᠠᠬᠤ ᠲᠣᠭᠲᠠᠴᠠ ᠳᠤ ᠲᠦᠰᠢᠭᠯᠡᠨ᠂ ᠬᠤᠷᠰᠢᠭᠰᠠᠨ ᠠᠵᠤ ᠠᠬᠤᠶᠢᠯᠠᠯ ᠤᠨ | ᠴᠡᠷᠢᠭ ᠠᠴᠠ ᠬᠠᠯᠠᠭᠳᠠᠭᠰᠠᠳ ᠲᠤ ᠣᠯᠠᠨ ᠠᠷᠭ᠎ᠠ ᠵᠠᠮ᠂ ᠣᠯᠠᠨ ᠲᠠᠰ ᠳᠠᠪᠬᠤᠷᠭ᠎ᠠ᠂ ᠣᠯᠠᠨ ᠤᠳᠠᠭᠠᠨ ᠤ | ᠬᠥᠮᠦᠵᠢᠯ ᠰᠤᠷᠭᠠᠯᠲᠠ ᠬᠠᠩᠭᠠᠬᠤ ᠶᠢ ᠳᠡᠮᠵᠢᠬᠦ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠦᠢᠯᠡᠴᠢᠯᠡᠬᠦ ᠶᠢᠨ ᠲᠣᠭᠤᠷᠢᠨ ᠳᠤ᠂ ︽ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠲᠠᠰ | ᠳᠡᠪᠰᠢᠬᠦ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢ ᠪᠣᠶ ᠪᠣᠯᠭᠠᠵᠤ᠂ ᠴᠡᠷᠢᠭ ᠠᠴᠠ ᠬᠠᠯᠠᠭᠳᠠᠭᠰᠠᠨ | ᠪᠠᠶᠢᠯᠳᠤᠭᠴᠢᠳ ᠤᠨ ᠠᠳᠠᠯ ᠦᠢᠯᠡᠰ ᠴᠣᠭᠴᠠᠯᠠᠬᠤ ᠰᠤᠷᠭᠠᠯᠲᠠ ᠶᠢ ᠦᠷᠨᠢᠭᠦᠯᠦᠨ᠎ᠡ᠃ | ︵ᠠᠷᠪᠠ︶ ᠪᠥᠬᠦ ᠤᠯᠤᠰ ᠤᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠰᠦᠯᠵᠢᠶ᠎ᠡ ᠪᠠᠷ | ᠰᠤᠷᠤᠯᠴᠠᠬᠤ ᠲᠠᠪᠴᠠᠩ ᠢ ᠪᠠᠶᠢᠭᠤᠯᠤᠨ᠎ᠠ᠃ ᠣᠲᠣ ᠶᠢᠨ ᠪᠠᠶᠢᠭ᠎ᠠ ᠡᠬᠢ ᠪᠠᠶᠠᠯᠢᠭ ᠲᠠᠭᠠᠨ ᠲᠦᠰᠢᠭᠯᠡᠨ᠂ | ᠰᠦᠯᠵᠢᠶ᠎ᠡ ᠪᠠᠷ ᠵᠢᠭᠠᠨ ᠰᠤᠷᠭᠠᠬᠤ᠂ ᠮᠡᠳᠡᠭᠡ ᠵᠠᠩᠭᠢ ᠬᠦᠷᠭᠡᠬᠦ᠂ ᠠᠵᠢᠯ ᠮᠡᠷᠭᠡᠵᠢᠯ ᠤᠨ ᠴᠢᠳᠠᠪᠤᠷᠢ ᠶᠢᠨ ᠬᠡᠯᠪᠡᠷᠢᠯ ᠢ | ᠰᠢᠯᠭᠠᠬᠤ᠂ ᠰᠤᠷᠤᠯᠴᠠᠯᠭ᠎ᠠ ᠶᠢᠨ ᠡᠬᠡ ᠲᠠᠩᠰᠠ ᠶᠢ ᠲᠡᠮᠳᠡᠭᠯᠡᠬᠦ᠂ ᠪᠦᠷᠢᠳᠬᠡᠨ ᠵᠠᠳᠠᠯᠬᠤ ᠵᠡᠷᠭᠡ ᠴᠢᠳᠠᠮᠵᠢ ᠶᠢ | ᠬᠤᠷᠠᠮᠳᠤᠭᠤᠯᠤᠨ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠰᠦᠯᠵᠢᠶ᠎ᠡ ᠪᠠᠷ ᠵᠣᠬᠢᠴᠠᠬᠤ ᠴᠢᠨᠠᠷᠲᠠᠶ | ᠰᠤᠷᠭᠠᠯᠲᠠ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ᠂ ᠰᠤᠷᠤᠯᠭ᠎ᠠ ᠶᠢᠨ ᠨᠠᠮᠲᠠᠷ ᠤᠨ ᠬᠥᠮᠦᠵᠢᠯ | ᠪᠠ ᠨᠠᠰᠤᠨ ᠲᠤᠷᠰᠢᠳᠠ ᠶᠢᠨ ᠰᠤᠷᠭᠠᠨ ᠬᠥᠮᠦᠵᠢᠯ ᠤᠨ ᠰᠤᠷᠭᠠᠯᠲᠠ ᠳᠤ ᠣᠷᠣᠯᠴᠠᠬᠤ ᠳᠤ ᠲᠠᠪᠴᠠᠩ ᠤᠨ | ᠲᠤᠯᠭᠠᠭᠤᠷᠢᠯᠠᠯ ᠬᠠᠩᠭᠠᠨ᠎ᠠ᠃ ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠤᠭᠰᠠᠨ᠂ ᠣᠯᠠᠨ ᠲᠠᠯ᠎ᠠ ᠶᠢᠨ ᠬᠢᠨ | ᠣᠷᠣᠯᠴᠠᠭᠰᠠᠨ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠵᠤ᠂ ᠡᠯ᠎ᠡ | ᠲᠥᠷᠥᠯ ᠤᠨ ᠰᠤᠷᠭᠠᠨ ᠬᠥᠮᠦᠵᠢᠯ ᠤᠨ ᠰᠤᠷᠭᠠᠯᠲᠠ ᠶᠢᠨ ᠪᠠᠶᠢᠭᠤᠯᠤᠮᠵᠢ ᠶᠢᠨ ᠰᠦᠯᠵᠢᠶ᠎ᠡ ᠪᠠᠷ ᠰᠤᠷᠤᠯᠴᠠᠬᠤ | ᠲᠠᠪᠴᠠᠩ ᠳᠤ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠲᠤ ᠰᠢᠯᠢᠳᠡᠭ ᠬᠢᠴᠢᠶᠡᠯ ᠨᠡᠶᠢᠲᠡᠯᠡᠬᠦ ᠶᠢ | ᠵᠣᠷᠢᠭᠵᠢᠭᠤᠯᠵᠤ᠂ ᠰᠦᠯᠵᠢᠶᠡᠨ ᠳᠡᠭᠡᠷᠡᠬᠢ ᠰᠤᠷᠭᠠᠯᠲᠠ ᠶᠢ ᠥᠷᠨᠢᠭᠦᠯᠦᠨ᠂ ᠵᠢᠭᠠᠨ ᠰᠤᠷᠭᠠᠯᠲᠠ ᠶᠢᠨ | ᠬᠠᠮᠢᠶᠠᠷᠤᠯᠲᠠ ᠶᠢ ᠬᠡᠷᠡᠭᠵᠢᠭᠦᠯᠵᠦ᠂ ᠰᠤᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠵᠢᠷᠭᠤᠭ᠎ᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ | ︵ᠠᠷᠪᠠᠨ ᠨᠢᠭᠡ︶ ᠬᠠᠮᠵᠢᠯᠴᠠᠨ ᠬᠦᠴᠦᠯᠡᠬᠦ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠪᠣᠯᠪᠠᠰᠤᠷᠠᠯ ᠰᠤᠷᠭᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ᠂ ᠣᠯᠠᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠵᠢᠭᠦᠯᠵᠦ᠂ ᠪᠣᠳᠠᠲᠤ ᠦᠷ᠎ᠡ ᠪᠦᠲᠦᠮᠵᠢ | ᠭᠠᠷᠭᠠᠬᠤ ᠶᠢ ᠠᠳᠬᠤᠬᠤ ᠬᠡᠷᠡᠭᠲᠡᠶ᠃ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠦ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠰᠠᠯᠠᠭ᠎ᠠ ᠮᠥᠴᠢᠷ ᠤᠳ | ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ | ᠲᠤᠰᠢᠶᠠᠯ ᠢᠶᠠᠨ ᠭᠦᠢᠴᠡᠳᠬᠡᠨ᠂ ᠵᠣᠬᠢᠴᠠᠭᠤᠯᠤᠨ ᠬᠠᠮᠵᠢᠯᠴᠠᠵᠤ᠂ ᠴᠡᠷᠢᠭ ᠠᠴᠠ ᠬᠠᠯᠠᠭᠳᠠᠭᠰᠠᠳ ᠤᠨ ᠪᠣᠯᠪᠠᠰᠤᠷᠠᠯ | ᠰᠤᠷᠭᠠᠯᠲᠠ ᠶᠢᠨ ᠠᠵᠢᠯ ᠢ ᠨᠢᠭᠡᠳᠦᠯᠲᠡᠶ ᠲᠥᠯᠥᠪᠰᠢᠭᠦᠯᠦᠨᠡ᠃ ᠣᠷᠣᠨ ᠪᠦᠰᠡ ᠶᠢᠨ ᠬᠤᠭᠤᠷᠣᠨᠳᠣᠬᠢ | ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠ ᠣᠷᠣᠨ ᠪᠦᠰᠡ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠳᠤ ᠲᠦᠰᠢᠭᠯᠡᠨ᠂ ᠰᠢᠯᠢᠳᠡᠭ ᠰᠤᠷᠭᠠᠨ | ᠬᠥᠮᠦᠵᠢᠯ ᠤᠨ ᠰᠤᠷᠭᠠᠯᠲᠠ ᠶᠢᠨ ᠡᠬᠢ ᠪᠠᠶᠠᠯᠢᠭ ᠢ ᠵᠣᠯᠭᠠᠭᠤᠯᠵᠤ ᠬᠠᠮᠲᠤᠪᠠᠷ ᠡᠳ᠋ᠯᠡᠨ᠎ᠡ᠃ ᠡᠯ᠎ᠡ ᠭᠠᠵᠠᠷ | ᠣᠷᠣᠨ ᠨᠤᠭᠤᠳ ᠪᠣᠳᠠᠲᠠᠶ ᠲᠠᠢ ᠪᠠᠨ ᠤᠶᠠᠯᠳᠤᠭᠤᠯᠤᠨ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠠᠴᠠ | ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠨᠠᠰᠤᠨ ᠲᠤᠷᠰᠢᠳᠠ ᠶᠢᠨ ᠪᠣᠯᠪᠠᠰᠤᠷᠠᠯ ᠰᠤᠷᠭᠠᠯᠲᠠ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠣᠨ ᠤ | ᠮᠡᠳᠡᠭᠦᠯᠦᠯᠲᠡ᠂ ᠪᠠᠶᠢᠴᠠᠭᠠᠯᠲᠠ ᠪᠠ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ | ︵ᠠᠷᠪᠠᠨ ᠬᠤᠶᠠᠷ︶ ᠵᠠᠷᠤᠳᠠᠯ ᠤᠨ ᠪᠠᠲᠤᠯᠠᠭ᠎ᠠ ᠶᠢ ᠰᠢᠯᠢᠳᠡᠭᠵᠢᠭᠦᠯᠦᠨ᠎ᠡ᠃ 2019 ᠣᠨ ᠤ ᠨᠠᠮᠤᠷ ᠤᠨ | ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠥᠬᠦ ᠤᠯᠤᠰ ᠤᠨ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠪᠤᠶᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠲᠥᠷᠥᠯ ᠬᠤᠪᠢᠶᠠᠨ ᠰᠢᠯᠭᠠᠨ ᠡᠯᠰᠡᠬᠦ ᠠᠷᠭ᠎ᠠ ᠮᠠᠶ᠋ᠢᠭ ᠢᠶᠠᠷ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠳᠤ ᠰᠢᠯᠭᠠᠨ | ᠣᠷᠣᠭᠰᠠᠨ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠪᠡᠶ᠎ᠡ ᠪᠠᠨ ᠳᠠᠭᠠᠭᠠᠵᠤ ᠠᠵᠢᠯ ᠣᠯᠤᠭᠰᠠᠨ | ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ᠰᠤᠷᠤᠭᠴᠢᠳ ᠲᠤ ᠴᠥᠮ ᠰᠤᠷᠤᠯᠭ᠎ᠠ ᠶᠢᠨ ᠰᠦᠢᠳᠬᠡᠯ ᠢ ᠬᠠᠰᠤᠵᠤ | ᠭᠡᠯᠳᠦᠷᠢᠭᠦᠯᠬᠦ ᠶᠢ ᠬᠡᠷᠡᠭᠵᠢᠭᠦᠯᠦᠨ᠎ᠡ᠃ | ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠵᠣᠬᠢᠴᠠᠬᠤ | ᠴᠢᠨᠠᠷᠲᠠᠶ ᠰᠤᠷᠭᠠᠯᠲᠠ᠂ ᠡᠷᠬᠢᠯᠡᠵᠤ ᠬᠢᠬᠦ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠰᠤᠷᠭᠠᠯᠲᠠ ᠶᠢᠨ ᠵᠠᠷᠤᠳᠠᠯ ᠢ | ᠴᠡᠷᠢᠭ ᠠᠴᠠ ᠬᠠᠯᠠᠭᠳᠠᠭᠰᠠᠨ ᠢ ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ ᠢᠶᠠᠷ ᠳᠠᠮᠵᠢᠭᠤᠯᠤᠨ ᠭᠠᠷᠭᠠᠵᠤ ᠪᠣᠯᠤᠨ᠎ᠠ᠃ | ᠣᠷᠣᠨ ᠨᠤᠲᠤᠭ ᠤᠨ ᠡᠳ᠋ ᠵᠠᠰᠠᠭ ᠠᠴᠠ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠪᠣᠯᠪᠠᠰᠤᠷᠠᠯ | ᠰᠤᠷᠭᠠᠯᠲᠠ ᠶᠢᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠂ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ ᠶᠢ | ᠲᠣᠭᠲᠠᠭᠠᠨ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠲᠥᠪ ᠤᠨ | ᠡᠳ᠋ ᠤᠨ ᠵᠠᠰᠠᠭ ᠠᠴᠠ ᠨᠥᠬᠦᠪᠥᠷᠢ ᠥᠭᠬᠦ ᠪᠠᠷᠢᠮᠵᠢᠶ᠎ᠠ ᠶᠢ ᠵᠦᠢ ᠵᠣᠬᠢᠰᠲᠠᠶ ᠲᠣᠭᠲᠠᠭᠠᠨ᠎ᠠ᠃ ᠨᠥᠬᠦᠴᠡᠯ ᠲᠠᠢ ᠭᠠᠵᠠᠷ | ᠣᠷᠣᠨ ᠨᠢ ᠵᠠᠷᠤᠳᠠᠯ ᠤᠨ ᠲᠠᠯ᠎ᠠ ᠪᠠᠷ ᠪᠠᠶᠢᠯᠳᠤᠭᠠᠨ ᠳᠤ ᠣᠷᠣᠯᠴᠠᠭᠰᠠᠨ᠂ ᠴᠡᠷᠢᠭ ᠤᠨ ᠨᠠᠰᠤ ᠨᠢ ᠣᠷᠳᠣ᠂ ᠭᠠᠪᠢᠶ᠎ᠠ | ᠪᠠᠶᠢᠭᠤᠯᠵᠤ ᠱᠠᠩᠨᠠᠯ ᠭᠥᠷᠳᠡᠭᠰᠡᠨ ᠢᠯᠡᠷᠡᠯ ᠲᠠᠢ᠂ ᠰᠣᠷᠣᠭᠰᠠᠨ ᠮᠡᠷᠭᠡᠵᠢᠯ ᠴᠢᠳᠠᠪᠤᠷᠢ ᠨᠢ ᠣᠯᠠᠨ ᠵᠡᠷᠭᠡ ᠳᠡᠰ ᠢᠶᠠᠷ | ᠥᠨᠳᠥᠷ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ᠰᠤᠷᠤᠭᠴᠢᠳ ᠢ ᠵᠣᠬᠢᠬᠤ ᠬᠡᠮᠵᠢᠶ᠎ᠡ ᠪᠠᠷ ᠬᠡᠯᠪᠠᠶᠢᠯᠭᠡᠵᠦ᠂ | ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠪᠣᠯᠪᠠᠰᠤᠷᠠᠯ ᠰᠤᠷᠭᠠᠯᠲᠠ ᠶᠢᠨ ᠵᠠᠷᠤᠳᠠᠯ ᠢ ᠣᠲᠣ ᠶᠢᠨ ᠪᠠᠶᠢᠭ᠎ᠠ | ᠠᠷᠭ᠎ᠠ ᠵᠠᠮ ᠢᠶᠠᠷ ᠰᠠᠯᠭᠠᠨ ᠥᠭᠬᠦ ᠬᠡᠷᠡᠭᠲᠡᠶ᠃ | ︵ᠠᠷᠪᠠᠨ ᠭᠤᠷᠪᠠ︶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ | ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠴᠡᠷᠢᠭ ᠠᠴᠠ ᠬᠠᠯᠠᠭᠳᠠᠭᠰᠠᠳ ᠤᠨ | ᠬᠥᠮᠦᠵᠢᠯ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠰᠣᠷᠣᠭᠴᠢ ᠡᠯᠰᠡᠬᠦ | ᠂ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠮᠡᠷᠭᠡᠵᠢᠯ ᠤᠨ ᠴᠢᠳᠠᠪᠤᠷᠢ ᠶᠢ ᠬᠢᠨᠠᠨ ᠲᠣᠭᠲᠠᠭᠠᠵᠤ ᠦᠨᠡᠯᠡᠬᠦ᠂ ᠲᠤᠭ᠎ᠠ | ᠪᠠᠷᠢᠮᠲᠠ ᠶᠢ ᠬᠠᠮᠲᠤᠪᠠᠷ ᠭᠥᠷᠳᠡᠬᠦ ᠵᠡᠷᠭᠡ ᠠᠵᠢᠯ ᠢ ᠰᠠᠶᠢᠲᠤᠷ ᠬᠢᠨ᠎ᠠ︔ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ | ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠪᠣᠯᠪᠠᠰᠤᠷᠠᠯ ᠰᠤᠷᠭᠠᠯᠲᠠ ᠶᠢᠨ ᠬᠠᠮᠢᠶ᠎ᠠ ᠪᠥᠬᠦᠶ ᠵᠠᠷᠤᠳᠠᠯ ᠤᠨ | ᠪᠠᠲᠤᠯᠠᠭ᠎ᠠ ᠶᠢ ᠴᠡᠷᠢᠭ ᠠᠩᠭᠢ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠪᠠᠶᠢᠯᠳᠤᠭᠴᠢᠳ ᠤᠨ ᠠᠯᠪᠠ | ᠬᠠᠭᠠᠬᠤ ᠬᠤᠭᠤᠴᠠᠭᠠᠨ ᠳᠠᠬᠢ ᠦᠷᠭᠦᠯᠵᠢᠯᠡᠭᠰᠡᠨ ᠰᠤᠷᠭᠠᠨ ᠬᠥᠮᠦᠵᠢᠯ᠂ ᠴᠡᠷᠢᠭ ᠠᠩᠭᠢ ᠠᠴᠠ ᠰᠠᠯᠬᠤ ᠠᠴᠠ | ᠡᠮᠦᠨᠡᠬᠢ ᠰᠤᠷᠭᠠᠨ ᠬᠥᠮᠦᠵᠢᠯ ᠪᠠ ᠴᠡᠷᠢᠭ ᠠᠴᠠ ᠬᠠᠯᠠᠭᠳᠠᠭᠰᠠᠨ ᠤ ᠳᠠᠷᠠᠭᠠᠬᠢ ᠰᠤᠷᠭᠠᠨ ᠬᠥᠮᠦᠵᠢᠯ ᠤᠨ | ᠰᠤᠷᠭᠠᠯᠲᠠ ᠶᠢᠨ ᠲᠠᠩᠰᠠ ᠡᠪᠬᠡᠮᠡᠯ ᠤᠨ ᠮᠠᠲ᠋ᠧᠷᠢᠶᠠᠯ ᠢ ᠰᠢᠯᠵᠢᠭᠦᠯᠦᠨ ᠲᠤᠰᠢᠶᠠᠬᠤ ᠵᠡᠷᠭᠡ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ | ︵ᠠᠷᠪᠠᠨ ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠬᠤᠯᠠᠴᠢᠯᠠᠨ᠎ᠠ᠃ ᠤᠬᠠᠭᠤᠯᠬᠤ ᠠᠷᠭ᠎ᠠ | ᠮᠠᠶ᠋ᠢᠭ ᠲᠤ ᠰᠢᠨ᠎ᠡ ᠶᠢ ᠡᠭᠦᠳᠴᠦ᠂ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ ᠬᠡᠷᠡᠭᠯᠡᠨ᠂ | ᠠᠮᠢᠳᠤᠯᠢᠭ ᠪᠥᠭᠡᠳ ᠣᠯᠠᠨ ᠶᠠᠩᠵᠤ ᠶᠢᠨ ᠠᠷᠭ᠎ᠠ ᠮᠠᠶ᠋ᠢᠭ ᠢ ᠠᠪᠴᠤ᠂ ᠴᠡᠷᠢᠭ ᠠᠴᠠ ᠬᠠᠯᠠᠭᠳᠠᠭᠰᠠᠨ | ᠪᠠᠶᠢᠯᠳᠤᠭᠴᠢᠳ ᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ ᠤᠨ ᠤᠬᠠᠭᠤᠯᠤᠨ ᠲᠠᠶᠢᠯᠪᠤᠷᠢᠯᠠᠵᠤ ᠲᠦᠭᠡᠮᠡᠯᠵᠢᠭᠦᠯᠬᠦ | ᠠᠵᠢᠯ ᠢ ᠰᠠᠶᠢᠲᠤᠷ ᠬᠢᠵᠦ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠨᠥᠯᠥᠭᠡᠯᠡᠬᠦ ᠬᠦᠴᠦᠨ ᠪᠠ ᠣᠶᠢᠯᠠᠭᠠᠬᠤ | ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠨ | ᠪᠠᠶᠢᠯᠳᠤᠭᠴᠢᠳ ᠤᠨ ᠨᠤᠲᠤᠭ ᠲᠠᠭᠠᠨ ᠪᠤᠴᠠᠵᠤ ᠨᠡᠷ᠎ᠡ ᠮᠡᠳᠡᠭᠦᠯᠬᠦ ᠪᠠ ᠠᠵᠢᠯ ᠤᠯᠬᠤ ᠠᠴᠠ ᠡᠮᠦᠨᠡᠬᠢ ᠴᠣᠩᠬᠤᠨ ᠤ | ᠬᠤᠭᠤᠴᠠᠭᠠᠨ ᠳᠤ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠰᠤᠷᠭᠠᠯᠲᠠ ᠳᠤ ᠡᠷᠲᠡᠬᠡᠨ | ᠣᠷᠣᠯᠴᠠᠬᠤ ᠶᠢ ᠵᠣᠷᠢᠭᠵᠢᠭᠤᠯᠤᠨ᠎ᠠ᠃ ᠡᠯ᠎ᠡ ᠲᠥᠷᠥᠯ ᠤᠨ ᠰᠣᠯᠢᠯᠴᠠᠭ᠎ᠠ ᠶᠢᠨ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠵᠦ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠬᠥᠮᠦᠵᠢᠯ ᠰᠤᠷᠭᠠᠯᠲᠠ ᠳᠤ ᠣᠷᠣᠯᠴᠠᠭᠰᠠᠨ | ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠪᠣᠯᠪᠠᠰᠤᠷᠠᠯ ᠰᠤᠷᠭᠠᠯᠲᠠ ᠶᠢᠨ ᠠᠵᠢᠯ ᠤᠨ ᠲᠠᠲᠠᠬᠤ ᠬᠦᠴᠦᠨ ᠢ | ᠳᠡᠭᠡᠭᠰᠢᠯᠡᠭᠦᠯᠬᠦ ᠬᠡᠷᠡᠭᠲᠡᠶ᠃ ᠨᠡᠶᠢᠲᠡᠯᠢᠭ ᠵᠢᠱᠢᠶ᠎ᠡ ᠪᠠᠷ ᠬᠥᠲᠥᠯᠦᠨ ᠳᠠᠭᠠᠭᠤᠯᠬᠤ ᠶᠢ ᠴᠢᠩᠭᠠᠷᠠᠭᠤᠯᠤᠨ᠂ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠥᠴᠢᠷ ᠤᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠬᠥᠮᠦᠵᠢᠯ ᠰᠤᠷᠭᠠᠯᠲᠠ | ᠥᠷᠨᠢᠭᠦᠯᠬᠦ ᠶᠢ ᠢᠳᠡᠪᠬᠢᠲᠡᠶ ᠤᠬᠠᠭᠤᠯᠵᠤ᠂ ᠦᠢᠯᠡᠴᠢᠯᠡᠭᠡᠨ ᠤ ᠶᠠᠰᠤ ᠴᠢᠨᠠᠷ ᠤᠨ ᠲᠤᠷᠰᠢᠯᠭ᠎ᠠ ᠬᠢᠭᠡᠳ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠬᠥᠮᠦᠵᠢᠯ ᠰᠤᠷᠭᠠᠯᠲᠠ ᠶᠢ | ᠳᠡᠮᠵᠢᠬᠦ ᠪᠠ ᠦᠢᠯᠡᠴᠢᠯᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ | ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠢ ᠭᠦᠢᠴᠡᠳᠬᠡᠬᠦ ᠬᠡᠯᠲᠡᠰ | ᠰᠤᠷᠭᠠᠨ ᠬᠥᠮᠦᠵᠢᠯ ᠤᠨ ᠶᠠᠮᠤᠨ | ᠡᠳ᠋ ᠤᠨ ᠵᠠᠰᠠᠭ ᠤᠨ ᠶᠠᠮᠤᠨ | ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭᠠᠨ ᠤ ᠬᠡᠯᠲᠡᠰ | ᠲᠥᠪ ᠤᠨ ᠴᠡᠷᠢᠭ ᠤᠨ ᠶᠠᠪᠤᠳᠠᠯ ᠤᠨ ᠤᠯᠤᠰ ᠲᠥᠷᠥ ᠶᠢᠨ ᠠᠵᠢᠯ ᠤᠨ ᠬᠡᠯᠲᠡᠰ | ᠲᠥᠪ ᠤᠨ ᠴᠡᠷᠢᠭ ᠤᠨ ᠶᠠᠪᠤᠳᠠᠯ ᠤᠨ ᠰᠤᠷᠭᠠᠯᠲᠠ ᠶᠢᠨ ᠬᠡᠯᠲᠡᠰ | ᠲᠥᠪ ᠤᠨ ᠴᠡᠷᠢᠭ ᠤᠨ ᠶᠠᠪᠤᠳᠠᠯ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠬᠡᠯᠲᠡᠰ | 2021 ᠣᠨ ᠤ 9 ᠳ᠋ᠦ᠋ᠭᠡᠷ ᠰᠠᠷ᠎ᠠ ᠶᠢᠨ 7 | | | ᠬᠤᠯᠪᠣᠭᠳᠠᠬᠤ ᠪᠢᠴᠢᠭ ᠮᠠᠲ᠋ᠧᠷᠢᠶᠠᠯ ᠬᠤᠶᠠᠷ᠄ | | | ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ ᠵᠡᠷᠭᠡ 7 ᠰᠠᠯᠠᠭ᠎ᠠ ᠮᠥᠴᠢᠷ ᠬᠠᠮᠲᠤᠷᠠᠨ ︽ | ᠴᠡᠷᠢᠭ ᠠᠴᠠ ᠬᠠᠯᠠᠭᠳᠠᠭᠰᠠᠳ ᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ | ᠲᠤᠬᠠᠶ ᠵᠢᠯᠣᠭᠤᠳᠬᠤ ᠰᠠᠨᠠᠯ︾ ᠢ ᠬᠡᠪᠯᠡᠨ ᠲᠠᠷᠬᠠᠭᠠᠪᠠ | ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠡᠳ᠋ ᠤᠨ | ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠪᠣᠯᠤᠨ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠥᠷᠥ ᠶᠢᠨ ᠠᠵᠢᠯ ᠤᠨ ᠶᠠᠮᠤᠨ᠂ ᠪᠣᠯᠪᠠᠰᠤᠷᠠᠯ ᠤᠨ | ᠬᠠᠮᠢᠶᠠᠷᠤᠯᠲᠠ ᠶᠢᠨ ᠶᠠᠮᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠶᠠᠮᠤᠨ ᠣᠶᠢᠷ᠎ᠠ ᠳᠤ | ᠬᠠᠮᠲᠤᠷᠠᠨ ︽ᠴᠡᠷᠢᠭ ᠠᠴᠠ ᠬᠠᠯᠠᠭᠳᠠᠭᠰᠠᠳ ᠤᠨ ᠪᠣᠯᠪᠠᠰᠤᠷᠠᠯ ᠰᠤᠷᠭᠠᠯᠲᠠ ᠶᠢᠨ ᠠᠵᠢᠯ ᠢ ᠪᠥᠬᠦ ᠲᠠᠯ᠎ᠠ ᠪᠠᠷ | ᠰᠠᠶᠢᠲᠤᠷ ᠬᠢᠬᠦ ᠲᠤᠬᠠᠶ ᠵᠢᠯᠣᠭᠤᠳᠬᠤ ᠰᠠᠨᠠᠯ︾ ︵ᠳᠣᠷᠣᠭᠰᠢ ︽ᠰᠠᠨᠠᠯ︾ ᠭᠡᠵᠦ ᠨᠡᠷᠡᠶᠢᠳ᠋ᠦᠨᠡ ᠴᠡᠷᠢᠭ ᠠᠴᠠ | ᠬᠠᠯᠠᠭᠳᠠᠭᠰᠠᠳ ᠤᠨ ᠠᠵᠢᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠠᠴᠠ | ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠡᠯ᠎ᠡ ᠭᠠᠵᠠᠷ ᠤᠨ | ᠴᠡᠷᠢᠭ ᠠᠴᠠ ᠬᠠᠯᠠᠭᠳᠠᠭᠰᠠᠳ ᠤᠨ ᠪᠣᠯᠪᠠᠰᠤᠷᠠᠯ ᠰᠤᠷᠭᠠᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ | ᠬᠢᠬᠦ ᠶᠢ ᠤᠯᠠᠮ ᠨᠢᠭᠡ ᠠᠯᠬᠤᠮ ᠵᠢᠯᠣᠭᠤᠳᠴᠤ᠂ ᠴᠡᠷᠢᠭ ᠠᠴᠠ ᠬᠠᠯᠠᠭᠳᠠᠭᠰᠠᠳ ᠢ | ︽ᠰᠠᠨᠠᠯ︾ ᠳᠤ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠨᠡᠶᠢᠭᠡᠮ ᠠᠴᠠ ᠳᠡᠮᠵᠢᠬᠦ ᠵᠠᠷᠴᠢᠮ ᠢ | ᠪᠠᠷᠢᠮᠲᠠᠯᠠᠨ᠂ ᠴᠡᠷᠢᠭ ᠠᠴᠠ ᠬᠠᠯᠠᠭᠳᠠᠭᠰᠠᠨ ᠲᠦᠷᠦᠭᠦᠴᠢ ᠪᠠ ᠴᠡᠷᠢᠭ ᠠᠴᠠ ᠬᠠᠯᠠᠭᠳᠠᠭᠰᠠᠨ ᠠᠯᠪᠠᠨ ᠵᠢᠷᠤᠮ ᠤᠨ | ᠴᠡᠷᠢᠭ ᠲᠤ ᠬᠠᠨᠳᠤᠭᠤᠯᠤᠨ᠂ ᠵᠣᠬᠢᠴᠠᠬᠤ ᠴᠢᠨᠠᠷᠲᠠᠶ ᠰᠤᠷᠭᠠᠯᠲᠠ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠰᠤᠷᠭᠠᠯᠲᠠ᠂ ᠰᠤᠷᠤᠯᠭ᠎ᠠ ᠶᠢᠨ ᠨᠠᠮᠲᠠᠷ ᠤᠨ ᠬᠥᠮᠦᠵᠢᠯ ᠪᠠ ᠨᠠᠰᠤᠨ ᠲᠤᠷᠰᠢᠳᠠ ᠰᠤᠷᠤᠯᠴᠠᠬᠤ ᠶᠢ ᠪᠠᠭᠲᠠᠭᠠᠭᠰᠠᠨ | ᠰᠤᠷᠭᠠᠨ ᠬᠥᠮᠦᠵᠢᠯ ᠤᠨ ᠰᠤᠷᠭᠠᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠵᠣᠬᠢᠴᠠᠬᠤ ᠴᠢᠨᠠᠷᠲᠠᠶ ᠰᠤᠷᠭᠠᠯᠲᠠ ᠶᠢ | ᠥᠷᠨᠢᠭᠦᠯᠵᠦ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠢ ᠬᠠᠪᠰᠤᠷᠤᠨ ᠳᠦᠷᠢ ᠲᠥᠷᠬᠦ ᠶᠢ ᠨᠢ ᠲᠦᠷᠭᠡᠬᠡᠨ | ᠬᠤᠪᠢᠷᠠᠭᠤᠯᠵᠤ ᠨᠡᠶᠢᠭᠡᠮ ᠳᠤ ᠠᠭᠤᠰᠤᠯᠴᠠᠭᠤᠯᠬᠤ ᠬᠡᠷᠡᠭᠲᠡᠶ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠰᠤᠷᠭᠠᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠰᠤᠷᠤᠯᠭ᠎ᠠ ᠶᠢᠨ ᠨᠠᠮᠲᠠᠷ ᠤᠨ ᠦᠨᠡᠮᠯᠡᠯ + ᠡᠳᠦᠶ ᠲᠡᠳᠦᠶ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠤᠨ ᠲᠦᠷᠢᠮ ︵1+X ᠦᠨᠡᠮᠯᠡᠯ ᠤᠨ | ᠲᠦᠷᠢᠮ︶ ᠪᠠ ᠰᠤᠷᠤᠯᠭ᠎ᠠ ᠶᠢᠨ ᠬᠤᠪᠢ ᠶᠢᠨ ᠪᠠᠩᠬᠢ ᠶᠢᠨ ᠲᠦᠷᠢᠮ ᠢ ᠬᠡᠷᠡᠭᠵᠢᠭᠦᠯᠵᠦ᠂ ᠰᠤᠷᠤᠯᠭ᠎ᠠ ᠶᠢᠨ ᠦᠷ᠎ᠡ | ᠪᠦᠲᠦᠭᠡᠯ ᠢ ᠮᠠᠭᠠᠳᠯᠠᠨ ᠲᠣᠭᠲᠠᠭᠠᠬᠤ᠂ ᠬᠤᠷᠠᠮᠳᠤᠭᠤᠯᠬᠤ ᠪᠠ ᠬᠤᠪᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ | ᠰᠤᠷᠭᠠᠯᠲᠠ ᠶᠢᠨ ᠡᠬᠡ ᠲᠠᠩᠰᠠ ᠪᠠᠶᠢᠭᠤᠯᠵᠤ᠂ ᠰᠤᠷᠭᠠᠯᠲᠠ ᠶᠢᠨ ᠪᠠᠯᠠ ᠮᠥᠩᠭᠦ ᠶᠢ ᠮᠤᠵᠢ ᠶᠢᠨ ᠱᠠᠲᠤᠨ ᠳᠤ | ᠨᠢᠭᠡᠳᠦᠯᠲᠡᠶ ᠲᠥᠯᠥᠪᠯᠡᠬᠦ ᠲᠣᠭᠲᠠᠴᠠ ᠶᠢ ᠪᠠᠶᠢᠭᠤᠯᠤᠨ᠂ ᠰᠤᠷᠭᠠᠯᠲᠠ ᠶᠢᠨ ᠣᠯᠭᠤᠮᠵᠢ ᠶᠢ ᠮᠤᠵᠢ ᠶᠢᠨ | ᠬᠡᠪᠴᠢᠶᠡᠨ ᠳᠤ ᠨᠡᠶᠢᠳᠡᠮ ᠰᠣᠯᠢᠬᠤ ᠶᠢ ᠪᠡᠶᠡᠯᠡᠭᠦᠯᠦᠨ᠎ᠡ᠃ ᠣᠲᠣ ᠶᠢᠨ ᠪᠠᠶᠢᠭ᠎ᠠ ᠡᠬᠢ ᠪᠠᠶᠠᠯᠢᠭ ᠲᠠᠭᠠᠨ ᠲᠦᠰᠢᠭᠯᠡᠨ | ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠬᠦᠷᠢᠶᠡᠯᠡᠩ ᠭᠠᠵᠠᠷ ᠢ ᠨᠢᠭᠡᠳᠦᠯᠲᠡᠶ | ᠲᠥᠯᠥᠪᠯᠡᠨ ᠪᠠᠶᠢᠭᠤᠯᠵᠤ᠂ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠎ᠠ᠃ ᠠᠳᠠᠯᠢ ᠪᠤᠰᠤ ᠰᠤᠷᠤᠯᠭ᠎ᠠ ᠶᠢᠨ | ᠨᠠᠮᠲᠠᠷ ᠤᠨ ᠲᠠᠰ ᠳᠠᠪᠬᠤᠷᠭ᠎ᠠ ᠶᠢᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠠᠵᠢᠯ ᠲᠦᠷᠦᠯ ᠤᠨ | ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ | ᠰᠤᠷᠭᠠᠭᠤᠯᠢ ᠳᠤ ᠣᠷᠣᠮᠠᠭᠴᠠ ᠠᠵᠢᠯ ᠤᠨ ᠪᠠᠶᠢᠷᠢ ᠳᠤ ᠣᠷᠣᠬᠤ︾ ᠶᠢ ᠴᠢᠷᠮᠠᠶᠢᠨ ᠪᠡᠶᠡᠯᠡᠭᠦᠯᠦᠨ᠎ᠡ᠃ ᠴᠡᠷᠢᠭ ᠠᠴᠠ | ᠬᠠᠯᠠᠭᠳᠠᠭᠰᠠᠨ ᠪᠠᠶᠢᠯᠳᠤᠭᠴᠢᠳ ᠤᠨ ᠰᠤᠷᠭᠠᠯᠲᠠ ᠢ ᠤᠯᠤᠰ ᠤᠨ ᠨᠠᠰᠤᠨ ᠲᠤᠷᠰᠢᠳᠠ ᠶᠢᠨ ᠡᠷᠬᠢᠯᠡᠭᠰᠡᠨ ᠠᠵᠢᠯ ᠤᠨ | ᠮᠡᠷᠭᠡᠵᠢᠯ ᠤᠨ ᠴᠢᠳᠠᠪᠤᠷᠢ ᠶᠢᠨ ᠰᠤᠷᠭᠠᠯᠲᠠ ᠶᠢᠨ ᠲᠥᠷᠢᠮ ᠤᠨ ᠲᠣᠭᠲᠠᠯᠴᠠᠭ᠎ᠠ ᠳᠤ ᠣᠷᠣᠭᠤᠯᠬᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠶᠢᠨ ᠲᠣᠭᠤᠷᠢᠨ ᠳᠤ᠂ ︽ᠦᠢᠯᠡᠰ ᠴᠣᠭᠴᠠᠯᠠᠵᠤ | ᠰᠢᠨ᠎ᠡ ᠶᠢ ᠡᠭᠦᠳᠬᠦ︾ ᠲᠠᠰ ᠳᠡᠪᠰᠢᠬᠦ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢ ᠪᠣᠶ ᠪᠣᠯᠭᠠᠵᠤ᠂ ᠴᠡᠷᠢᠭ ᠠᠴᠠ | ᠬᠠᠯᠠᠭᠳᠠᠭᠰᠠᠨ ᠪᠠᠶᠢᠯᠳᠤᠭᠴᠢᠳ ᠤᠨ ᠠᠳᠠᠯ ᠦᠢᠯᠡᠰ ᠴᠣᠭᠴᠠᠯᠠᠬᠤ ᠰᠤᠷᠭᠠᠯᠲᠠ ᠶᠢ ᠦᠷᠨᠢᠭᠦᠯᠦᠨ᠎ᠡ᠃ | ︽ᠰᠠᠨᠠᠯ︾ ᠳᠤ ᠱᠠᠭᠠᠷᠳᠠᠭᠰᠠᠨ ᠨᠢ᠂ ᠴᠡᠷᠢᠭ ᠠᠩᠭᠢ ᠶᠢᠨ ᠬᠢᠨ ᠵᠢᠩᠬᠢᠨᠢ ᠠᠯᠪᠠᠨ ᠤ ᠪᠠᠶᠢᠯᠳᠤᠭᠴᠢᠳ ᠲᠤ | ᠬᠠᠨᠳᠤᠭᠤᠯᠤᠭᠰᠠᠨ ᠬᠥᠮᠦᠵᠢᠯ ᠰᠤᠷᠭᠠᠯᠲᠠ ᠶᠢ ᠰᠠᠶᠢᠲᠤᠷ ᠬᠢᠵᠦ᠂ ᠲᠡᠳᠡᠨ ᠤ ᠴᠡᠷᠢᠭ ᠤᠨ ᠠᠯᠪᠠ ᠬᠠᠭᠠᠵᠤ ᠪᠠᠶᠢᠬᠤ | ᠬᠤᠭᠤᠴᠠᠭᠠᠨ ᠳᠠᠭᠠᠨ ᠣᠯᠠᠨ ᠵᠦᠢᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠰᠤᠷᠤᠯᠴᠠᠨ ᠨᠥᠭᠡᠴᠡᠯᠡᠵᠦ᠂ | ᠨᠠᠩ ᠣᠯᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠲᠠᠰ ᠤᠨ ᠦᠨᠡᠮᠯᠡᠯ ᠤᠯᠬᠤ ᠶᠢ ᠳᠡᠮᠵᠢᠬᠦ ᠬᠡᠷᠡᠭᠲᠡᠶ︔ | ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠴᠡᠷᠢᠭ ᠠᠩᠬᠢ ᠠᠴᠠ ᠰᠠᠯᠬᠤ ᠠᠴᠠ ᠡᠮᠦᠨᠡᠬᠢ ᠰᠤᠷᠭᠠᠨ | ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠴᠡᠷᠢᠭ ᠠᠩᠬᠢ ᠪᠠ ᠣᠷᠣᠨ | ᠨᠤᠲᠤᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠴᠡᠷᠢᠭ ᠤᠨ ᠶᠠᠪᠤᠳᠠᠯ ᠤᠨ ᠲᠤᠰᠬᠠᠶ ᠮᠡᠷᠭᠡᠵᠢᠯ ᠬᠢᠭᠡᠳ ᠠᠵᠢᠯ | ᠮᠡᠷᠭᠡᠵᠢᠯ ᠤᠨ ᠵᠣᠬᠢᠴᠠᠯᠳᠤᠬᠤ ᠭᠠᠷᠴᠠᠭ ᠪᠠ ᠴᠡᠷᠢᠭ ᠠᠩᠬᠢ ᠪᠠ ᠣᠷᠣᠨ ᠨᠤᠲᠤᠭ ᠤᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠦᠨᠡᠮᠯᠡᠯ ᠢ ᠵᠣᠯᠭᠠᠭᠤᠯᠬᠤ ᠲᠣᠭᠲᠠᠴᠠ ᠶᠢ ᠬᠥᠮᠦᠵᠢᠭᠦᠯᠬᠦ ᠳᠡᠭᠡᠳᠦ ᠰᠤᠷᠭᠠᠭᠤᠯᠢ ᠨᠤᠭᠤᠳ | ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠣᠨᠴᠠᠯᠢᠭ ᠲᠤ ᠨᠡᠶᠢᠴᠡᠬᠦ ᠴᠢᠳᠠᠪᠤᠷᠢᠲᠠᠨ ᠬᠥᠮᠦᠵᠢᠭᠦᠯᠬᠦ | ᠲᠥᠰᠦᠯ ᠢ ᠵᠢᠷᠤᠭᠯᠠᠨ ᠲᠥᠯᠥᠪᠯᠡᠵᠦ᠂ ᠣᠷᠣᠨ ᠨᠤᠲᠤᠭ ᠤᠨ ᠵᠠᠬᠢᠶᠠᠯᠠᠭ᠎ᠠ ᠪᠠᠷ ᠬᠠᠨᠳᠤᠯᠭ᠎ᠠ ᠲᠠᠢ ᠪᠠᠷ ᠬᠥᠮᠦᠵᠢᠭᠦᠯᠬᠦ | ᠵᠡᠷᠭᠡ ᠠᠷᠭ᠎ᠠ ᠮᠠᠶ᠋ᠢᠭ ᠢ ᠬᠡᠷᠡᠭᠯᠡᠨ᠂ ᠵᠢᠭᠠᠨ ᠰᠤᠷᠭᠠᠯᠲᠠ ᠶᠢᠨ ᠶᠠᠰᠤ ᠴᠢᠨᠠᠷ ᠪᠠ ᠰᠤᠷᠭᠠᠨ ᠬᠥᠮᠦᠵᠢᠯ ᠤᠨ ᠰᠠᠬᠢᠯᠭ᠎ᠠ | ᠪᠠᠲᠤ ᠶᠢᠨ ᠪᠣᠭᠤᠮᠲᠠ ᠶᠢ ᠴᠢᠩᠭ᠎ᠠ ᠡᠵᠡᠮᠳᠡᠬᠦ ᠬᠡᠷᠡᠭᠲᠡᠶ᠃ ᠬᠥᠮᠦᠨ ᠬᠡᠷᠡᠭᠯᠡᠬᠦ ᠨᠢᠭᠡᠴᠢ ᠶᠢ ᠵᠣᠷᠢᠭᠵᠢᠭᠤᠯᠵᠤ ᠪᠠᠶᠢᠭᠠᠳ | ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ | ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠠ ᠮᠡᠳᠡᠯᠭᠡ ᠶᠢ ᠰᠢᠨᠡᠳᠬᠡᠬᠦ ᠰᠤᠷᠭᠠᠯᠲᠠ ᠳᠤ | ᠣᠷᠣᠯᠴᠠᠭᠤᠯᠵᠤ᠂ ᠠᠵᠢᠯ ᠮᠡᠷᠭᠡᠵᠢᠯ ᠤᠨ ᠳᠡᠭᠡᠭᠰᠢᠯᠡᠬᠦ ᠠᠵᠢᠯ ᠣᠯᠭᠤᠯᠲᠠ ᠶᠢᠨ ᠬᠠᠮᠲᠤᠷᠠᠯᠴᠠᠭ᠎ᠠ ᠶᠢᠨ ᠭᠡᠷ᠎ᠡ | ᠲᠣᠭᠲᠠᠭᠰᠠᠨ ᠠᠵᠤ ᠠᠬᠤᠶᠢᠯᠠᠯ ᠤᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠲᠤ ᠣᠯᠠᠨ ᠠᠷᠭ᠎ᠠ ᠵᠠᠮ᠂ | ᠣᠯᠠᠨ ᠲᠠᠰ ᠳᠠᠪᠬᠤᠷᠭ᠎ᠠ᠂ ᠣᠯᠠᠨ ᠤᠳᠠᠭᠠᠨ ᠤ ᠬᠥᠮᠦᠵᠢᠯ ᠰᠤᠷᠭᠠᠯᠲᠠ ᠬᠠᠩᠭᠠᠬᠤ ᠶᠢ ᠳᠡᠮᠵᠢᠨ᠎ᠡ᠃ | ︽ᠰᠠᠨᠠᠯ︾ ᠳᠤ ᠳᠤᠷᠠᠳᠤᠭᠰᠠᠨ ᠨᠢ᠂ 2019 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ | ᠬᠤᠭᠤᠴᠠᠭ᠎ᠠ ᠠᠴᠠ ᠡᠬᠢᠯᠡᠨ᠂ ᠪᠥᠬᠦ ᠤᠯᠤᠰ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ | ᠰᠢᠯᠭᠠᠯᠲᠠ ᠪᠤᠶᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠥᠷᠥᠯ ᠬᠤᠪᠢᠶᠠᠨ ᠰᠢᠯᠭᠠᠨ | ᠡᠯᠰᠡᠬᠦ ᠠᠷᠭ᠎ᠠ ᠮᠠᠶ᠋ᠢᠭ ᠢᠶᠠᠷ ᠡᠩ ᠤᠨ ᠳᠡᠭᠡᠳᠦ ᠰᠤᠷᠭᠠᠭᠤᠯᠢ ᠳᠤ ᠰᠢᠯᠭᠠᠨ ᠣᠷᠣᠭᠰᠠᠨ ᠪᠦᠬᠦᠯᠢ ᠡᠳᠦᠷ ᠤᠨ | ᠳᠦᠷᠢᠮᠲᠦ ᠰᠤᠷᠭᠠᠭᠤᠯᠢ ᠳᠤ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ | ᠰᠣᠷᠣᠭᠴᠢ ᠳᠤ ᠴᠥᠮ ᠰᠤᠷᠤᠯᠭ᠎ᠠ ᠶᠢᠨ ᠰᠦᠢᠳᠬᠡᠯ ᠢ ᠬᠠᠰᠤᠵᠤ ᠭᠡᠯᠳᠦᠷᠢᠭᠦᠯᠬᠦ ᠶᠢ ᠬᠡᠷᠡᠭᠵᠢᠭᠦᠯᠵᠦ᠂ ᠬᠠᠰᠤᠵᠤ | ᠭᠡᠯᠳᠦᠷᠢᠭᠦᠯᠬᠦ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠲᠣᠭᠲᠠᠭᠠᠭᠰᠠᠨ ᠪᠠᠷᠢᠮᠵᠢᠶ᠎ᠠ ᠪᠠᠷ ᠬᠡᠷᠡᠭᠵᠢᠭᠦᠯᠦᠨ᠎ᠡ︔ | ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠪᠠᠶᠢᠭ᠎ᠠ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ | ᠰᠤᠷᠤᠭᠴᠢᠳ ᠴᠥᠮ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ ᠶᠢᠨ ᠤᠯᠤᠰ ᠤᠨ | ᠨᠥᠬᠦᠴᠡᠯ ᠲᠠᠢ ᠭᠠᠵᠠᠷ ᠣᠷᠣᠨ ᠨᠢ ᠵᠠᠷᠤᠳᠠᠯ ᠤᠨ ᠲᠠᠯ᠎ᠠ ᠪᠠᠷ ᠪᠠᠶᠢᠯᠳᠤᠭᠠᠨ ᠳᠤ ᠣᠷᠣᠯᠴᠠᠭᠰᠠᠨ᠂ ᠴᠡᠷᠢᠭ ᠲᠤ | ᠣᠷᠣᠭᠰᠠᠨ ᠣᠨ ᠵᠢᠯ ᠨᠢ ᠣᠷᠳᠣ᠂ ᠭᠠᠪᠢᠶ᠎ᠠ ᠪᠠᠶᠢᠭᠤᠯᠵᠤ ᠱᠠᠩᠨᠠᠯ ᠭᠥᠷᠳᠡᠭᠰᠡᠨ ᠢᠯᠡᠷᠡᠯ ᠲᠠᠢ᠂ ᠰᠣᠷᠣᠭᠰᠠᠨ | ᠮᠡᠷᠭᠡᠵᠢᠯ ᠴᠢᠳᠠᠪᠤᠷᠢ ᠨᠢ ᠣᠯᠠᠨ ᠵᠡᠷᠭᠡ ᠳᠡᠰ ᠢᠶᠠᠷ ᠥᠨᠳᠥᠷ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ | ᠰᠤᠷᠤᠭᠴᠢᠳ ᠢ ᠵᠣᠬᠢᠬᠤ ᠬᠡᠮᠵᠢᠶ᠎ᠡ ᠪᠠᠷ ᠬᠡᠯᠪᠠᠶᠢᠯᠭᠡᠵᠦ᠂ ᠡᠳ᠋ ᠤᠨ ᠵᠠᠰᠠᠭ ᠤᠨ ᠪᠠᠲᠤᠯᠠᠭ᠎ᠠ ᠶᠢᠨ ᠪᠦᠲᠦᠮᠵᠢᠲᠦ ᠴᠢᠨᠠᠷ | ᠪᠠ ᠠᠮᠢᠳᠤᠯᠢᠭ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ | ︽ᠰᠠᠨᠠᠯ︾ ᠳᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ | ᠪᠣᠯᠪᠠᠰᠤᠷᠠᠯ ᠰᠤᠷᠭᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠣᠯᠠᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠵᠦ᠂ ᠪᠣᠳᠠᠲᠠᠶ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠰᠠᠯᠠᠭ᠎ᠠ ᠮᠥᠴᠢᠷ ᠤᠨ ᠬᠤᠭᠤᠷᠣᠨᠳᠣᠬᠢ | ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠶᠢᠨ ᠬᠤᠭᠤᠷᠣᠨᠳᠣᠬᠢ | ᠵᠣᠬᠢᠴᠠᠯᠳᠤᠨ ᠬᠤᠯᠪᠣᠯᠳᠤᠬᠤ ᠶᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ᠃ ᠪᠡᠶ᠎ᠡ ᠪᠠᠨ ᠳᠠᠭᠠᠭᠠᠵᠤ ᠠᠵᠢᠯ | ᠣᠯᠤᠭᠰᠠᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠨᠤᠲᠤᠭ ᠲᠠᠭᠠᠨ ᠪᠤᠴᠠᠵᠤ ᠨᠡᠷ᠎ᠡ ᠮᠡᠳᠡᠭᠦᠯᠬᠦ ᠪᠠ | ᠠᠵᠢᠯ ᠤᠯᠬᠤ ᠠᠴᠠ ᠡᠮᠦᠨᠡᠬᠢ ᠴᠣᠩᠬᠤᠨ ᠤ ᠬᠤᠭᠤᠴᠠᠭᠠᠨ ᠳᠤ ᠡᠷᠬᠢᠯᠡᠭᠰᠡᠨ ᠠᠵᠢᠯ ᠤᠨ ᠮᠡᠷᠭᠡᠵᠢᠯ ᠤᠨ | ᠴᠢᠳᠠᠪᠤᠷᠢ ᠶᠢᠨ ᠰᠤᠷᠭᠠᠯᠲᠠ ᠳᠤ ᠡᠷᠲᠡᠬᠡᠨ ᠣᠷᠣᠯᠴᠠᠬᠤ ᠶᠢ ᠵᠣᠷᠢᠭᠵᠢᠭᠤᠯᠤᠨ᠎ᠠ᠃ ᠡᠯ᠎ᠡ ᠲᠥᠷᠥᠯ ᠤᠨ | ᠰᠣᠯᠢᠯᠴᠠᠭᠠᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠡᠶᠢᠲᠡᠯᠢᠭ ᠵᠢᠱᠢᠶ᠎ᠡ ᠪᠠᠷ ᠬᠥᠲᠥᠯᠦᠨ | ᠳᠠᠭᠠᠭᠤᠯᠬᠤ ᠶᠢ ᠴᠢᠩᠭᠠᠷᠠᠭᠤᠯᠤᠨ᠂ ᠲᠤᠷᠰᠢᠯᠭ᠎ᠠ ᠦᠷ᠎ᠡ ᠪᠦᠲᠦᠮᠵᠢ ᠶᠢ ᠢᠳᠡᠪᠬᠢᠲᠡᠶ ᠤᠬᠠᠭᠤᠯᠵᠤ᠂ ᠴᠡᠷᠢᠭ ᠠᠴᠠ | ᠬᠠᠯᠠᠭᠳᠠᠭᠰᠠᠨ ᠪᠠᠶᠢᠯᠳᠤᠭᠴᠢᠳ ᠤᠨ ᠬᠥᠮᠦᠵᠢᠯ ᠰᠤᠷᠭᠠᠯᠲᠠ ᠶᠢ ᠳᠡᠮᠵᠢᠬᠦ ᠪᠠ ᠦᠢᠯᠡᠴᠢᠯᠡᠬᠦ ᠰᠠᠶᠢᠨ ᠰᠠᠶᠢᠬᠠᠨ | ᠣᠷᠴᠢᠨ ᠲᠣᠭᠤᠷᠢᠨ ᠢ ᠪᠣᠶ ᠪᠣᠯᠭᠠᠨ᠎ᠠ᠃ | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | |