︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠦᠭᠡᠢ᠂ ᠪᠣᠬᠢᠷᠲᠤᠯ ᠲᠠᠢ︾ ᠠᠵᠤ ᠠᠬᠤᠶᠢᠯᠠᠯ ᠤᠨ ᠲᠣᠬᠠᠢ ᠲᠦᠷᠦ ᠶᠢᠨ ᠪᠣᠳᠣᠯᠭ᠎ᠠ ᠶᠢᠨ ᠲᠠᠶᠢᠯᠣᠮᠵᠢ
ᠨᠡᠶᠢᠲᠡᠯᠡᠭᠰᠡᠨ ᠴᠠᠭ᠄
2021/12/30
    1. ᠶᠠᠭᠤ ᠶᠢ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠦᠭᠡᠢ᠂ ᠪᠣᠬᠢᠷᠲᠤᠯ ᠲᠠᠢ︾ ᠠᠵᠤ ᠠᠬᠤᠶᠢᠯᠠᠯ ᠭᠡᠳᠡᠭ ᠪᠣᠢ︖      ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠦᠭᠡᠢ᠂ ᠪᠣᠬᠢᠷᠲᠤᠯ ᠲᠠᠢ︾ ᠠᠵᠤ ᠠᠬᠤᠶᠢᠯᠠᠯ ᠭᠡᠳᠡᠭ ᠨᠢ ᠠᠵᠤ ᠦᠢᠯᠡᠰ ᠤᠨ ᠲᠦᠷᠦ ᠶᠢᠨ ᠪᠤᠳᠤᠯᠭ᠎ᠠ ᠳᠤ ᠨᠡᠶᠢᠴᠡᠬᠦ ᠦᠭᠡᠢ᠂ ᠲᠤᠬᠠᠶ ᠶᠢᠨ ᠭᠠᠵᠠᠷ ᠤᠨ ᠪᠠᠶᠢᠷᠢᠯᠠᠭᠤᠯᠣᠯᠳᠠ ᠲᠥᠯᠥᠪᠵᠢᠭᠦᠯᠭᠡ ᠳᠤ ᠨᠡᠶᠢᠴᠡᠬᠦ ᠦᠭᠡᠢ᠂ ᠬᠤᠯᠪᠣᠭᠳᠠᠯ ᠪᠦᠬᠦᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠭᠰᠡᠨ ᠦᠭᠡᠢ᠂ ᠪᠣᠬᠢᠷᠳᠣᠯ ᠢ ᠲᠣᠭᠲᠠᠪᠤᠷᠢᠲᠠᠶ ᠪᠠᠷ ᠭᠠᠳᠠᠭᠰᠢᠯᠠᠭᠤᠯᠵᠣ ᠪᠠᠷᠢᠮᠵᠢᠶ᠎ᠠ ᠳᠤ ᠬᠦᠷᠭᠡᠵᠦ ᠴᠢᠳᠠᠬᠤ ᠦᠭᠡᠢ ᠪᠤᠶᠤ ᠬᠠᠮᠢᠶᠠᠷᠣᠯᠳᠠ ᠮᠠᠭᠤᠲᠠᠢ ᠠᠵᠤ ᠠᠬᠤᠶᠢᠯᠠᠯ ᠢ ᠵᠢᠭᠠᠵᠤ ᠪᠠᠶᠢᠨ᠎ᠠ᠃ ︽ᠲᠠᠷᠠᠬᠠᠶ ᠪᠤᠲᠠᠷᠬᠠᠶ︾ ᠭᠡᠳᠡᠭ ᠨᠢ ᠰᠢᠯᠢᠭᠰᠡᠨ ᠭᠠᠵᠠᠷ ᠤᠨ ᠪᠠᠶᠢᠷᠢᠰᠢᠯ ᠨᠢ ᠲᠤᠬᠠᠶ ᠶᠢᠨ ᠭᠠᠵᠠᠷ ᠤᠨ ᠠᠵᠤ ᠦᠢᠯᠡᠰ ᠤᠨ ᠪᠠᠶᠢᠷᠢᠯᠠᠭᠤᠯᠣᠯᠳᠠ ᠲᠥᠯᠥᠪᠵᠢᠭᠦᠯᠭᠡ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ᠂ ᠭᠠᠵᠠᠷ ᠰᠢᠷᠣᠶ ᠶᠢᠨ ᠠᠰᠢᠭᠯᠠᠯᠲᠠ ᠶᠢᠨ ᠲᠥᠯᠥᠪᠵᠢᠭᠦᠯᠭᠡ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠬᠦᠭᠵᠢᠭᠦᠯᠦᠯᠳᠡ ᠲᠥᠯᠥᠪᠵᠢᠭᠦᠯᠭᠡ ᠵᠡᠷᠭᠡ ᠨᠢᠭᠡᠨᠲᠡ ᠬᠦᠴᠦᠨ ᠲᠠᠢ ᠪᠣᠯᠤᠭᠰᠠᠨ ᠡᠯ᠎ᠡ ᠲᠥᠷᠥᠯ ᠤᠨ ᠲᠥᠯᠥᠪᠵᠢᠭᠦᠯᠭᠡ ᠲᠠᠢ ᠵᠥᠷᠢᠴᠡᠯᠳᠦᠭᠰᠡᠨ ᠪᠣᠬᠢᠷᠲᠤᠯ ᠢ ᠭᠠᠳᠠᠭᠰᠢᠯᠠᠭᠤᠯᠬᠤ ᠠᠵᠤ ᠠᠬᠤᠶᠢᠯᠠᠯ ᠢ ᠵᠢᠭᠠᠵᠤ ᠪᠣᠶ᠃ ︽ᠡᠮᠬᠢ ᠵᠠᠮᠪᠠᠷᠠᠭ᠎ᠠ ᠦᠭᠡᠢ︾ ᠭᠡᠳᠡᠭ ᠨᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠥᠬᠡᠶ ᠠᠵᠤ ᠠᠬᠤᠶᠢᠯᠠᠯ᠂ ᠡᠨᠧᠷᠭᠢ ᠠᠷᠪᠢᠯᠠᠬᠤ ᠬᠢᠨᠠᠨ ᠪᠠᠶᠢᠴᠠᠭᠠᠯᠳᠠ ᠶᠢ ᠭᠦᠢᠴᠡᠳᠭᠡᠭᠡᠳᠦᠢ᠂ ᠤᠰᠤ ᠬᠡᠷᠡᠭᠯᠡᠬᠦ ᠵᠥᠪᠰᠢᠶᠡᠷᠡᠯ᠂ ᠬᠥᠷᠥᠰᠥ ᠰᠢᠷᠣᠶ ᠶᠢ ᠬᠠᠮᠠᠭᠠᠯᠠᠬᠤ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠪᠠ ᠬᠢᠨᠠᠨ ᠵᠥᠪᠰᠢᠶᠡᠷᠡᠬᠦ᠂ ᠭᠠᠵᠠᠷ ᠰᠢᠷᠣᠶ ᠶᠢᠨ ᠵᠥᠪᠰᠢᠶᠡᠷᠡᠯ᠂ ᠠᠮᠤᠷ ᠲᠦᠪᠰᠢᠨ ᠢ ᠦᠨᠡᠯᠡᠬᠦ ᠪᠠ ᠬᠢᠨᠠᠨ ᠵᠥᠪᠰᠢᠶᠡᠷᠡᠬᠦ᠂ ᠬᠥᠭᠵᠢᠭᠦᠯᠦᠯᠲᠡ ᠥᠭᠡᠷᠡᠴᠢᠯᠡᠯᠲᠡ ᠶᠢ ᠬᠢᠨᠠᠨ ᠵᠥᠪᠰᠢᠶᠡᠷᠡᠬᠦ / ᠳᠠᠩᠰᠠᠯᠠᠭᠤᠯᠬᠤ / ᠬᠢᠨᠠᠨ ᠵᠥᠪᠰᠢᠶᠡᠷᠡᠬᠦ ᠵᠡᠷᠭᠡ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠬᠡᠬᠦ ᠶᠣᠰᠣᠲᠠᠶ ᠪᠠᠶᠢᠲᠠᠯ᠎ᠠ ᠭᠦᠢᠴᠡᠳᠬᠡᠭᠰᠡᠨ ᠥᠬᠡᠶ ᠪᠣᠬᠢᠷᠲᠤᠯ ᠢ ᠭᠠᠳᠠᠭᠰᠢᠯᠠᠭᠤᠯᠬᠤ ᠠᠵᠤ ᠠᠬᠤᠶᠢᠯᠠᠯ ᠢ ᠵᠢᠭᠠᠵᠤ ᠪᠣᠶ᠃ ︽ᠪᠣᠬᠢᠷᠲᠤᠯ ᠲᠠᠢ︾ ᠭᠡᠳᠡᠭ ᠨᠢ ᠪᠣᠬᠢᠷᠲᠤᠯ ᠢ ᠵᠠᠰᠠᠬᠤ ᠲᠥᠬᠦᠭᠡᠷᠦᠮᠵᠢ ᠶᠢ ᠬᠠᠤᠯᠢ ᠶᠣᠰᠣᠭᠠᠷ ᠤᠭᠰᠠᠷᠠᠬᠤ ᠶᠣᠰᠣᠲᠠᠶ ᠪᠠᠶᠢᠲᠠᠯ᠎ᠠ ᠤᠭᠰᠠᠷᠠᠭᠰᠠᠨ ᠦᠭᠡᠢ ᠪᠤᠶᠤ ᠪᠣᠬᠢᠷᠲᠤᠯ ᠢ ᠵᠠᠰᠠᠬᠤ ᠲᠥᠬᠦᠭᠡᠷᠦᠮᠵᠢ ᠨᠢ ᠪᠦᠷᠢᠨ ᠭᠦᠢᠴᠡᠳ ᠦᠭᠡᠢ᠂ ᠪᠣᠬᠢᠷᠲᠤᠯ ᠢᠶᠠᠨ ᠪᠦᠲᠦᠮᠵᠢᠲᠡᠶ ᠪᠠᠷ ᠴᠤᠭᠯᠠᠭᠤᠯᠵᠤ ᠳᠡᠶᠢᠯᠬᠦ ᠦᠭᠡᠢ᠂ ᠡᠮᠬᠢ ᠵᠠᠮᠪᠠᠷᠠᠭ᠎ᠠ ᠦᠭᠡᠢ  ᠶᠡᠭᠡ ᠪᠠᠷ ᠭᠠᠳᠠᠭᠰᠢᠯᠠᠭᠤᠯᠤᠭᠰᠠᠨ᠂ ᠪᠣᠬᠢᠷᠲᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠶᠢᠨ ᠭᠠᠳᠠᠭᠰᠢᠯᠠᠭᠤᠯᠬᠤ ᠴᠢᠳᠠᠪᠤᠷᠢ ᠨᠢ ᠪᠠᠷᠢᠮᠵᠢᠶ᠎ᠠ ᠳᠤ ᠬᠦᠷᠦᠭᠰᠡᠨ ᠦᠭᠡᠢ ᠠᠵᠤ ᠠᠬᠤᠶᠢᠯᠠᠯ ᠢ ᠵᠢᠭᠠᠵᠤ ᠪᠠᠶᠢᠨ᠎ᠠ᠃         2. ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠦᠭᠡᠢ᠂ ᠪᠣᠬᠢᠷᠲᠤᠯ ᠲᠠᠢ︾ ᠠᠵᠣ ᠠᠬᠤᠶᠢᠯᠠᠯ ᠢ ᠠᠯᠢ ᠠᠯᠢ ᠲᠠᠯ᠎ᠠ ᠪᠠᠷ ᠭᠤᠣᠯᠳᠠᠯᠭ᠎ᠠ ᠲᠠᠢ ᠴᠡᠭᠴᠡᠯᠡᠨ ᠵᠠᠰᠠᠬᠤ ᠪᠤᠢ︖       ᠰᠢᠷ᠂ ᠲᠤᠰᠤᠨ ᠪᠡᠭᠡ᠂ ᠨᠡᠶᠢᠯᠡᠯᠭᠡ ᠠᠷᠠᠰᠤ ᠰᠢᠷᠢ᠂ ᠭᠤᠮ ᠤᠨ ᠪᠦᠲᠦᠭᠡᠭᠳᠡᠬᠦᠨ᠂ ᠰᠦᠯᠢᠶᠣᠣ ᠪᠦᠲᠦᠭᠡᠭᠳᠡᠬᠦᠨ᠂ ᠬᠢᠮᠢ ᠶᠢᠨ ᠰᠢᠷᠬᠡᠭ ᠤᠨ ᠦᠢᠯᠡᠳᠪᠦᠷᠢᠯᠡᠯ ᠵᠡᠷᠭᠡ ᠬᠢᠮᠢ ᠶᠢᠨ ᠠᠵᠤ ᠦᠢᠯᠡᠳᠪᠦᠷᠢ᠂ ᠠᠵᠤ ᠠᠬᠤᠶᠢᠯᠠᠯ ᠳᠤ ᠭᠤᠣᠯᠳᠠᠯᠭ᠎ᠠ ᠲᠠᠢ ᠬᠠᠨᠳᠤᠭᠤᠯᠤᠨ᠎ᠠ᠃ ᠠᠭᠤᠰᠬᠠᠭᠴᠢ ᠬᠡᠯᠪᠡᠷᠢ ᠶᠢᠨ ᠰᠢᠷ᠂ ᠲᠤᠰᠤᠨ ᠪᠡᠭᠡ᠂ ᠨᠠᠭᠠᠯᠳᠤᠭᠤᠯᠤᠭᠴᠢ ᠪᠣᠯᠤᠨ ᠪᠤᠰᠤᠳ ᠣᠷᠭᠠᠨᠢᠭ ᠠᠭᠤᠰᠬᠠᠭᠴᠢ ᠶᠢ ᠬᠡᠷᠡᠭᠯᠡᠭᠰᠡᠨ ᠳᠠᠷᠤᠮᠠᠯᠯᠠᠬᠤ᠂ ᠭᠡᠷ ᠤᠨ ᠬᠡᠷᠡᠭᠰᠡᠯ᠂ ᠪᠤᠯᠤᠳ ᠪᠦᠲᠦᠴᠡ᠂ ᠬᠢᠮᠡᠯ ᠬᠠᠪᠲᠠᠰᠤ᠂ ᠴᠢᠳᠬᠤᠨ ᠱᠤᠭᠤᠬᠤ ᠵᠡᠷᠭᠡ ᠦᠢᠯᠡᠳᠦᠨ ᠡᠳ᠋ᠰᠢᠭᠦᠯᠬᠦ ᠠᠵᠤ ᠠᠬᠤᠶᠢᠯᠠᠯ᠂ ᠮᠠᠰᠢᠨ ᠲᠡᠷᠭᠡ ᠰᠡᠯᠪᠢᠨ ᠵᠠᠰᠠᠬᠤ ᠪᠠ ᠵᠠᠳᠠᠭᠠᠶ ᠭᠠᠵᠠᠷ ᠰᠦᠷᠴᠢᠨ ᠰᠢᠷᠳᠡᠬᠦ  ᠠᠵᠢᠯ ᠵᠡᠷᠭᠡ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠢ ᠭᠠᠳᠠᠭᠰᠢᠯᠠᠭᠤᠯᠬᠤ ᠠᠵᠢᠯ ᠲᠦᠷᠦᠯ ᠵᠢᠴᠢ ᠪᠠᠷᠢᠯᠭ᠎ᠠ ᠶᠢᠨ ᠮᠠᠲ᠋ᠧᠷᠢᠶᠠᠯ᠂ ᠰᠣᠩᠭᠤᠵᠣ ᠣᠯᠪᠣᠷᠢᠯᠠᠬᠤ᠂ ᠵᠢᠵᠢᠭ ᠬᠢᠮᠢ ᠶᠢᠨ ᠠᠵᠤ ᠦᠢᠯᠡᠳᠪᠦᠷᠢ᠂ ᠰᠦᠷᠴᠢᠨ ᠰᠢᠷᠳᠡᠬᠦ ᠵᠡᠷᠭᠡ ᠡᠮᠬᠢ ᠳᠢᠭᠯᠢᠮ ᠦᠭᠡᠢ ᠭᠠᠳᠠᠭᠰᠢᠯᠠᠭᠤᠯᠬᠤ ᠠᠵᠢᠯ ᠲᠦᠷᠦᠯ ᠳᠤ ᠵᠢᠭᠰᠠᠭᠠᠨ ᠪᠠᠶᠢᠴᠠᠭᠠᠯᠲᠠ ᠬᠢᠵᠦ᠂ ᠪᠦᠬᠦ ᠠᠵᠢᠯ ᠲᠦᠷᠦᠯ ᠳᠤ ᠥᠨᠴᠥᠭ ᠪᠤᠯᠤᠩ  ᠦᠯᠡᠳᠡᠭᠡᠬᠦ ᠦᠭᠡᠢ ᠪᠠᠷ ᠵᠢᠭᠰᠠᠭᠠᠨ ᠪᠠᠶᠢᠴᠠᠭᠠᠵᠤ ᠳᠠᠩᠰᠠ ᠡᠪᠬᠡᠮᠡᠯ ᠭᠠᠷᠭᠠᠬᠤ ᠶᠢ ᠪᠡᠶᠡᠯᠡᠭᠦᠯᠦᠨ᠎ᠡ᠃     3. ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠢ ᠰᠢᠢᠳᠪᠦᠷᠢᠯᠡᠬᠦ ᠳᠤ ᠶᠠᠮᠠᠷ ᠶᠠᠮᠠᠷ ᠵᠠᠷᠴᠢᠮ ᠪᠠᠶᠢᠬᠤ ᠪᠣᠶ︖     ︽ᠠᠯᠠᠱᠠ ᠠᠶᠢᠮᠠᠭ ᠤᠨ ︿ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ﹀ ᠠᠵᠤ ᠦᠢᠯᠡᠳᠪᠦᠷᠢ ᠪᠠ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠬᠠᠷᠢᠭᠤᠴᠠᠯᠭ᠎ᠠ ᠶᠢ ᠵᠠᠳᠠᠯᠤᠭᠰᠠᠨ ᠨᠠᠷᠢᠨ ᠬᠠᠭᠤᠳᠠᠰᠤ︾ ︵ᠠᠷᠤ ᠵᠠᠬᠢᠷᠭ᠎ᠠ ᠠᠯᠪᠠᠨ ᠥᠰᠥᠭ ︹ 2019︺ 10 ᠳ᠋ᠤᠭᠠᠷ ᠲᠣᠭᠠᠲᠤ︶᠎ ᠶᠢᠨ ᠱᠠᠭᠠᠷᠳᠠᠯᠭ᠎ᠠ ᠶᠣᠰᠣᠭᠠᠷ᠂ ᠨᠢᠭᠡ ᠪᠦᠯᠦᠭ ᠢ ᠲᠠᠰ ᠳᠡᠪᠰᠢᠭᠦᠯᠦᠨ ᠥᠭᠡᠷᠡᠴᠢᠯᠡᠵᠦ᠂ ᠨᠢᠭᠡ ᠪᠦᠯᠦᠭ ᠢ ᠡᠮᠬᠢᠯᠡᠵᠣ ᠨᠡᠶᠢᠯᠡᠭᠦᠯᠣᠨ ᠨᠡᠭᠦᠯᠭᠡᠵᠣ᠂ ᠨᠢᠭᠡ ᠪᠦᠯᠦᠭ ᠢ ᠬᠠᠭᠠᠵᠣ ᠵᠣᠭᠰᠣᠭᠠᠨ ᠬᠦᠴᠦᠨ ᠥᠬᠡᠶ ᠪᠣᠯᠭᠠᠵᠤ ᠂ ᠬᠠᠤᠯᠢ ᠲᠣᠭᠲᠠᠭᠠᠯ ᠶᠣᠰᠣᠭᠠᠷ ᠲᠥᠷᠥᠯ ᠬᠤᠪᠢᠶᠠᠨ ᠴᠡᠭᠴᠡᠯᠡᠨ ᠵᠠᠰᠠᠬᠤ ᠶᠢ ᠥᠷᠨᠢᠭᠦᠯᠦᠨ᠎ᠡ᠃ ᠪᠠᠶᠢᠷᠢᠯᠠᠭᠤᠯᠣᠯᠳᠠ ᠲᠥᠯᠥᠪᠵᠢᠭᠦᠯᠭᠡ ᠳᠤ ᠨᠡᠶᠢᠴᠡᠵᠣ ᠪᠠᠶᠢᠭ᠎ᠠ ᠪᠠ ᠴᠡᠭᠴᠡᠯᠡᠨ ᠰᠠᠶᠢᠵᠢᠷᠠᠭᠤᠯᠬᠤ ᠪᠠᠷ ᠳᠡᠮᠵᠢᠨ ᠪᠠᠰᠠ ᠦᠷᠭᠦᠯᠵᠢᠯᠡᠨ ᠤᠤᠯ ᠭᠠᠵᠠᠷ ᠲᠤ ᠪᠠᠨ ᠦᠢᠯᠡᠳᠪᠦᠷᠢᠯᠡᠵᠦ ᠪᠣᠯᠬᠤ ᠠᠵᠤ ᠠᠬᠤᠶᠢᠯᠠᠯ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠳᠤ ᠵᠢᠭᠰᠠᠭᠠᠨ ᠣᠷᠣᠭᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠦᠯᠡᠳᠡᠭᠡᠨ᠂ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠭᠠᠷᠳᠠᠮ ᠢ ᠬᠤᠭᠤᠴᠠᠭ᠎ᠠ ᠬᠢᠵᠠᠭᠠᠷᠯᠠᠨ ᠲᠡᠭᠦᠯᠳᠡᠷᠵᠢᠭᠦᠯᠵᠦ᠂ ᠬᠠᠮᠢᠶ᠎ᠠ ᠪᠥᠬᠦᠶ ᠠᠵᠢᠯ ᠲᠥᠷᠥᠯ ᠤᠨ ᠭᠠᠳᠠᠭᠰᠢᠯᠠᠭᠤᠯᠬᠤ ᠪᠠᠷᠢᠮᠵᠢᠶ᠎ᠠ ᠪᠠ ᠠᠷᠢᠭᠤᠨ ᠴᠡᠪᠡᠷ ᠦᠢᠯᠡᠳᠪᠦᠷᠢᠯᠡᠯ ᠤᠨ ᠱᠠᠭᠠᠷᠳᠠᠯᠭ᠎ᠠ ᠲᠠᠢ ᠬᠠᠷᠢᠴᠠᠭᠤᠯᠤᠨ᠂ ᠲᠣᠨᠤᠭ ᠲᠥᠬᠦᠭᠡᠷᠦᠮᠵᠢ᠂ ᠪᠣᠬᠢᠷᠲᠤᠯ ᠢ ᠵᠠᠰᠠᠬᠤ ᠵᠡᠷᠭᠡ ᠲᠠᠯ᠎ᠠ ᠪᠠᠷ ᠳᠡᠭᠡᠭᠰᠢᠯᠡᠭᠦᠯᠦᠨ ᠥᠭᠡᠷᠡᠴᠢᠯᠡᠨ᠎ᠡ᠃ ᠪᠠᠶᠢᠷᠢᠯᠠᠭᠤᠯᠣᠯᠳᠠ ᠨᠢ ᠲᠠᠷᠠᠬᠠᠶ ᠪᠤᠲᠠᠷᠬᠠᠶ ᠪᠣᠯᠪᠠᠴᠤ ᠨᠢᠭᠡᠨᠲᠡ ᠣᠨᠴᠠᠯᠢᠭᠲᠤ ᠠᠵᠤ ᠦᠢᠯᠡᠰ ᠢ ᠪᠦᠷᠢᠯᠳᠦᠭᠦᠯᠦᠭᠰᠡᠨ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ ᠨᠡᠭᠦᠯᠭᠡᠬᠦ ᠲᠥᠷᠥᠯ ᠳᠤ ᠵᠢᠭᠰᠠᠭᠠᠨ ᠣᠷᠣᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠯᠠᠭᠤᠯᠬᠤ ᠶᠢᠨ ᠬᠠᠮᠲᠤ ᠡᠮᠬᠢᠯᠡᠨ ᠨᠡᠶᠢᠯᠡᠭᠦᠯᠬᠦ ᠶᠠᠪᠤᠴᠠ ᠳᠤ ᠠᠵᠤ ᠦᠢᠯᠡᠰ᠂ ᠮᠡᠷᠭᠡᠵᠢᠯ ᠪᠠ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠤᠶᠤ ᠲᠥᠯᠥᠪᠵᠢᠭᠦᠯᠭᠡ ᠪᠠᠶᠢᠷᠢᠯᠠᠭᠤᠯᠣᠯᠳᠠ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ᠂ ᠪᠣᠬᠢᠷᠲᠤᠯ ᠥᠬᠡᠶ ᠪᠠᠷ ᠰᠡᠷᠭᠡᠶᠢᠯᠡᠨ ᠵᠠᠰᠠᠬᠤ ᠲᠦᠬᠦᠭᠡᠷᠦᠮᠵᠢ ᠪᠤᠶᠤ ᠪᠣᠬᠢᠷᠲᠤᠯ ᠢ ᠰᠡᠷᠭᠡᠶᠢᠯᠡᠨ ᠵᠠᠰᠠᠬᠤ ᠲᠦᠬᠦᠭᠡᠷᠦᠮᠵᠢ ᠨᠢ ᠳᠥᠭᠦᠮ ᠪᠦᠳᠦᠭᠦᠯᠢᠭ ᠮᠥᠷᠲᠡᠭᠡᠨ ᠤᠤᠯ ᠭᠠᠵᠠᠷ ᠲᠤᠨᠢ ᠥᠭᠡᠷᠡᠴᠢᠯᠡᠨ ᠲᠠᠰ ᠳᠡᠪᠰᠢᠭᠦᠯᠬᠦ᠂ ᠦᠷᠭᠦᠯᠵᠢᠯᠡᠨ ᠦᠢᠯᠡᠳᠪᠦᠷᠢᠯᠡᠬᠦ ᠨᠥᠬᠦᠴᠡᠯ ᠢ ᠪᠦᠷᠢᠳᠦᠭᠦᠯᠦᠭᠰᠡᠨ ᠥᠬᠡᠶ ᠠᠵᠤ ᠠᠬᠤᠶᠢᠯᠠᠯ ᠢ ᠬᠠᠭᠠᠬᠤ ᠵᠣᠭᠰᠣᠭᠠᠬᠤ ᠴᠠᠭᠠᠵᠠᠯᠠᠬᠤ ᠲᠥᠷᠥᠯ ᠳᠤ ᠵᠢᠭᠰᠠᠭᠠᠨ ᠣᠷᠣᠭᠤᠯᠵᠤ᠂ ᠦᠨᠳᠦᠰᠦᠨ ᠳᠡᠭᠡᠨ ︽ᠬᠤᠶᠠᠷ ᠢ ᠲᠡᠰᠦᠯᠵᠦ ᠭᠤᠷᠪᠠ ᠶᠢ ᠴᠡᠪᠡᠷᠰᠢᠭᠦᠯᠬᠦ︾᠎ ᠶᠢ ᠪᠡᠶᠡᠯᠡᠭᠦᠯᠦᠨ᠎ᠡ᠃       ᠪᠢᠴᠢᠭ ᠮᠠᠲ᠋ᠧᠷᠢᠶᠠᠯ ᠤᠨ ᠲᠤᠬᠠᠢ ᠴᠠᠬᠢᠮ ᠬᠠᠭᠤᠳᠠᠰᠤ         ᠠᠯᠠᠱᠠ ᠵᠡᠭᠦᠨ ᠬᠤᠰᠢᠭᠤᠨ ᠤ ︿ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ﹀ ᠠᠵᠤ  ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭᠠᠨ ᠤ ᠲᠥᠰᠦᠯ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号