| | ᠨᠡᠷ᠎ᠡ ᠦᠭᠡ ᠶᠢᠨ ᠲᠠᠶᠢᠯᠪᠤᠷᠢ | 1 . ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠄ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ | ᠬᠥᠮᠦᠨ ᠠᠮᠠ ᠶᠢᠨ ᠢᠳᠡᠵᠦ ᠡᠮᠦᠰᠬᠦ ᠳᠡᠭᠡᠨ ᠵᠣᠪᠠᠭ᠋ᠤ ᠥᠬᠡᠶ᠂ ᠠᠯᠪᠠᠨ ᠵᠢᠷᠤᠮ ᠤᠨ ᠰᠤᠷᠭᠠᠨ ᠬᠥᠮᠦᠵᠢᠯ᠂ | ᠦᠨᠳᠦᠰᠦᠨ ᠡᠮ ᠡᠮᠨᠡᠯᠭᠡ ᠪᠠ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠶᠢ ᠬᠡᠯᠡᠨ᠎ᠡ᠃ | 2 . ︽ᠬᠤᠶᠠᠷ ᠢ ᠨᠡᠪᠲᠡᠷᠡᠭᠦᠯᠬᠦ︾ ᠄ ᠭᠠᠴᠠᠭ᠎ᠠ ᠲᠣᠰᠬᠤᠨ ᠤ ᠵᠠᠮ ᠢ ᠬᠠᠲᠠᠭᠤᠷᠠᠭᠤᠯᠬᠤ᠂ ᠠᠶᠠᠨᠴᠢᠳ ᠤᠨ ᠲᠡᠷᠭᠡ | ᠨᠡᠪᠲᠡᠷᠡᠭᠦᠯᠬᠦ ᠶᠢ ᠬᠡᠯᠡᠨ᠎ᠡ᠃ | 3 . ᠲᠠᠯ᠎ᠠ ᠨᠤᠲᠤᠭ ᠤᠨ ︽ᠳᠤᠭᠤᠶᠢᠯᠠᠩ︾ ᠄ ᠲᠠᠯ᠎ᠠ ᠨᠤᠲᠤᠭ ᠤᠨ ︽ᠳᠤᠭᠤᠶᠢᠯᠠᠩ ︾ ᠭᠡᠳᠡᠭ ᠨᠢ | ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠢᠶᠠᠷ ᠲᠦᠰᠢᠭ ᠪᠣᠯᠭᠠᠵᠤ᠂ ᠰᠡᠷᠭᠡᠶᠢᠯᠡᠬᠦ ᠤᠬᠠᠮᠰᠠᠷ | ᠪᠠ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ ᠮᠠᠯᠴᠢᠨ ᠲᠠᠷᠢᠶᠠᠴᠢᠨ ᠢ ᠰᠢᠯᠢᠨ ᠰᠣᠩᠭᠤᠵᠤ᠂ ᠨᠡᠶᠢᠭᠡᠮ ᠤᠨ ᠠᠮᠤᠷ | ᠲᠣᠭᠲᠠᠭᠤᠨ ᠢ ᠬᠠᠮᠠᠭᠠᠯᠠᠬᠤ ᠪᠠ ᠲᠠᠯ᠎ᠠ ᠨᠤᠲᠤᠭ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ | ᠠᠵᠢᠯ ᠢ ᠭᠦᠢᠴᠡᠳᠬᠡᠬᠦ ᠬᠥᠮᠥᠰ ᠢ ᠬᠡᠯᠡᠨ᠎ᠡ᠃ | 4 . ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ᠄ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠶᠯᠡᠴᠢᠯᠡᠭᠡ ᠶᠢ ᠰᠢᠯᠢᠳᠡᠭᠵᠢᠭᠦᠯᠬᠦ ᠶᠢᠨ | ᠲᠣᠪᠴᠢ ᠨᠡᠷᠡᠶᠢᠳᠦᠯ᠃ ︽ᠲᠠᠯᠪᠢᠬᠤ ︾ ᠭᠡᠳᠡᠭ ᠨᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ | ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠶᠢ ᠥᠷᠭᠡᠳᠭᠡᠨ᠎ᠡ᠃ ︽ ᠬᠠᠮᠢᠶᠠᠷᠬᠤ ︾ ᠭᠡᠳᠡᠭ ᠨᠢ ᠳᠠᠷᠤᠢ ᠬᠢᠨᠠᠯᠲᠠ | ᠬᠠᠮᠢᠶᠠᠷᠤᠯᠲᠠ ᠶᠢᠨ ᠰᠢᠨ᠎ᠡ ᠶᠢ ᠡᠭᠦᠳᠴᠦ᠂ ᠭᠤᠣᠯᠴᠢ ᠥᠷᠢᠰᠥᠯᠳᠦᠭᠡᠨ ᠢ ᠠᠬᠢᠭᠤᠯᠬᠤ ᠶᠠᠪᠤᠳᠠᠯ ᠪᠣᠯᠤᠨ᠎ᠠ᠃ ︽ | ᠦᠶᠯᠡᠴᠢᠯᠡᠬᠦ ︾ ᠭᠡᠳᠡᠭ ᠨᠢ ᠳᠠᠷᠤᠶ ᠥᠨᠳᠥᠷ ᠪᠦᠲᠦᠮᠵᠢᠲᠡᠶ ᠦᠶᠯᠡᠴᠢᠯᠡᠵᠦ᠂ ᠳᠥᠭᠦᠮ ᠳᠥᠲᠡ ᠣᠷᠴᠢᠨ | ᠨᠥᠬᠦᠴᠡᠯ ᠢ ᠪᠣᠶ ᠪᠣᠯᠭᠠᠨ᠎ᠠ᠃ | 5 . ︽ᠨᠡᠷᠡᠲᠦ᠂ ᠣᠨᠴᠠᠯᠢᠭᠲᠣ᠂ ᠰᠢᠯᠢᠳᠡᠭ᠂ ᠰᠢᠨ᠎ᠡ︾ ᠄ ᠨᠡᠷᠡᠲᠦ ᠲᠡᠮᠳᠡᠭ᠂ ᠥᠪᠡᠷᠮᠢᠴᠡ ᠣᠨᠴᠠᠯᠢᠭ ᠲᠠᠢ᠂ | ᠴᠢᠨᠠᠷ ᠰᠠᠶᠢᠲᠠᠶ᠂ ᠰᠢᠨ᠎ᠡ ᠮᠠᠶ᠋ᠢᠭ ᠢ ᠬᠡᠯᠡᠨ᠎ᠡ᠃ | 6 . ︽ ᠪᠠᠲᠤᠯᠠᠭᠠᠲᠤ ᠵᠢᠭᠡᠯᠡᠯᠭᠡ ᠪᠠᠷ ᠲᠤᠰᠠᠯᠠᠬᠤ︾ ᠄ ᠳᠤᠮᠳᠠ ᠵᠢᠵᠢᠭ ᠠᠵᠤ ᠠᠬᠤᠶᠢᠯᠠᠯ ᠤᠨ ᠲᠤᠰᠠᠯᠠᠮᠵᠢ ᠶᠢᠨ | ᠳᠠᠭᠠᠳᠬᠠᠯ ᠤᠨ ᠮᠥᠩᠭᠦ ᠶᠢᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠳᠤ ᠠᠵᠤ ᠠᠬᠤᠶᠢᠯᠠᠯ ᠠᠴᠠ ᠵᠣᠬᠢᠬᠤ | ᠪᠠᠲᠤᠯᠠᠭ᠎ᠠ ᠬᠠᠩᠭᠠᠭᠰᠠᠨ ᠰᠠᠭᠤᠷᠢᠨ ᠳᠡᠭᠡᠷ᠎ᠡ᠂ ᠠᠵᠤ ᠠᠬᠤᠶᠢᠯᠠᠯ ᠠᠴᠠ ᠵᠣᠬᠢᠬᠤ ᠬᠠᠷᠢᠴᠠᠯ ᠤᠨ ᠲᠤᠰᠠᠯᠠᠮᠵᠢ ᠶᠢᠨ | ᠳᠠᠭᠠᠳᠬᠠᠯ ᠤᠨ ᠮᠥᠩᠭᠦ ᠲᠤᠰᠢᠶᠠᠬᠤ ᠪᠠ ᠵᠠᠰᠠᠭ ᠤᠨ ᠣᠷᠳᠣᠨ ᠠᠴᠠ ᠬᠠᠩᠭᠠᠭᠰᠠᠨ ᠲᠦᠭᠰᠢᠭᠦᠷᠢ ᠶᠢᠨ ᠨᠥᠬᠦᠪᠥᠷᠢ | ᠮᠥᠩᠭᠦ ᠪᠠᠷ ᠢᠲᠡᠭᠡᠮᠵᠢ ᠶᠢ ᠨᠡᠮᠡᠭᠳᠡᠭᠦᠯᠬᠦ ᠠᠷᠭ᠎ᠠ ᠪᠠᠷᠢᠯ ᠪᠣᠯᠭᠠᠭᠰᠠᠨ ᠢᠲᠡᠭᠡᠮᠵᠢᠲᠦ ᠵᠢᠭᠡᠯᠡᠯᠭᠡ ᠶᠢ ᠬᠡᠯᠡᠨ᠎ᠡ᠃ | 7 . ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ᠄ ᠠᠵᠤ ᠠᠬᠤᠶ ᠶᠢᠨ ᠪᠥᠲᠥᠭᠡᠨ | ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ | ᠪᠠᠶᠢᠭᠤᠯᠤᠯᠲᠠ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠪᠤ ᠶᠢ ᠨᠢᠭᠡ ᠴᠣᠭᠴᠠᠵᠢᠭᠤᠯᠵᠤ᠂ | ᠪᠥᠬᠦ ᠲᠠᠯ᠎ᠠ ᠪᠠᠷ ᠳᠥᠯᠭᠢᠨ ᠠᠬᠢᠭᠤᠯᠬᠤ ᠶᠢ ᠵᠢᠭᠠᠵᠤ ᠪᠠᠶᠢᠨ᠎ᠠ᠃ | 8 . ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ᠄ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠪᠦᠬᠦ ᠲᠠᠯ᠎ᠠ | ᠪᠠᠷ ᠬᠠᠤᠯᠢ ᠶᠢᠨ ᠳᠠᠭᠠᠤ ᠤᠯᠤᠰ ᠢᠶᠠᠨ ᠵᠠᠰᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠬᠡᠯᠡᠨ᠎ᠡ᠃ | 9 . ︽ᠬᠤᠶᠠᠷ ᠬᠠᠯᠬᠠᠪᠴᠢ︾ ᠄ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ | ᠶᠢᠨ ᠠᠮᠤᠷ ᠲᠦᠪᠰᠢᠨ ᠤ ᠬᠠᠯᠬᠠᠪᠴᠢ ᠪᠠ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠪᠤᠷᠢᠲᠠᠢ | ᠬᠠᠯᠬᠠᠪᠴᠢ ᠪᠣᠯᠭᠠᠨ ᠪᠥᠲᠥᠭᠡᠨ ᠪᠠᠶᠢᠭᠤᠯᠬᠤ ᠶᠢ ᠬᠡᠯᠡᠨ᠎ᠡ᠃ | 10 . ︽ᠬᠤᠶᠠᠷ ᠰᠠᠭᠤᠷᠢᠨ ᠭᠠᠵᠠᠷ︾ ᠄ ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ ᠪᠣᠯᠤᠨ ᠪᠣᠬᠢᠷᠲᠤᠯ | ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠦᠢᠯᠡᠳᠪᠦᠷᠢᠯᠡᠵᠦ ᠪᠣᠷᠣᠯᠠᠭᠤᠯᠬᠤ ᠰᠠᠭᠤᠷᠢᠨ | ᠭᠠᠵᠠᠷ ᠢ ᠬᠡᠯᠡᠨ᠎ᠡ᠃ | 11 . ︽ᠨᠢᠭᠡ ᠬᠥᠭᠦᠷᠭᠡᠨ ᠪᠠᠬᠢᠯᠡᠯᠲᠡ︾ ᠄ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠬᠥᠭᠦᠷᠭᠡᠨ ᠪᠠᠬᠢᠯᠡᠯᠲᠡ ᠪᠣᠯᠭᠠᠨ ᠪᠥᠲᠥᠭᠡᠨ ᠪᠠᠶᠢᠭᠤᠯᠬᠤ ᠶᠢ ᠬᠡᠯᠡᠨ᠎ᠡ᠃ | 12 . ︽ᠵᠢᠷᠭᠤᠭᠠᠨ ᠭᠤᠷᠪᠠ︾ ᠄ ᠭᠤᠷᠪᠠᠨ ᠵᠦᠶᠯ ᠤᠨ ᠭᠤᠤᠯᠳᠠᠯᠭ᠎ᠠ ᠲᠠᠢ ᠡᠭᠦᠷᠭᠡ᠂ ᠭᠤᠷᠪᠠᠨ ᠠᠵᠤ ᠦᠶᠯᠡᠰ | ᠤᠨ ᠬᠥᠭᠵᠢᠯᠲᠡ᠂ ᠭᠤᠷᠪᠠᠨ ᠠᠵᠤ ᠦᠶᠯᠡᠰ ᠤᠨ ᠰᠠᠭᠤᠷᠢᠨ ᠭᠠᠵᠠᠷ᠂ ᠭᠤᠷᠪᠠᠨ ᠶᠡᠭᠡ ᠰᠠᠭᠤᠷᠢ ᠲᠥᠬᠦᠭᠡᠷᠦᠮᠵᠢ | ᠶᠢᠨ ᠨᠥᠬᠦᠴᠡᠯ᠂ ᠭᠤᠷᠪᠠᠨ ᠶᠡᠭᠡ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ᠂ ᠭᠤᠷᠪᠠᠨ ᠠᠷᠠᠳ ᠤᠨ | ᠠᠮᠢᠳᠤᠷᠠᠯ ᠤᠨ ᠬᠦᠷᠢᠶᠡᠨ ᠳᠠᠬᠢ ᠬᠦᠷᠦᠯᠴᠡᠬᠦ ᠦᠬᠡᠢ ᠲᠠᠯ᠎ᠠ ᠶᠢ ᠬᠡᠯᠡᠨ᠎ᠡ᠃ | 13 . ︽ᠵᠢᠷᠭᠤᠭ᠎ᠠ ᠶᠢ ᠲᠣᠭᠲᠠᠪᠤᠷᠢᠵᠢᠭᠤᠯᠬᠤ︾ ᠄ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ | ᠭᠦᠶᠯᠭᠡᠭᠡ ᠶᠢ ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠠᠯᠠ ᠶᠢ | ᠲᠣᠭᠲᠠᠪᠤᠷᠢᠵᠢᠭᠤᠯᠬᠤ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠵᠢᠱᠢᠯᠲᠡ ᠶᠢ | ᠲᠣᠭᠲᠠᠪᠤᠷᠢᠵᠢᠭᠤᠯᠬᠤ ᠶᠢ ᠬᠡᠯᠡᠨ᠎ᠡ᠃ | 14 . ︽ᠵᠢᠷᠭᠤᠭ᠎ᠠ ᠶᠢ ᠪᠠᠲᠤᠯᠠᠬᠤ︾ ᠄ ᠣᠷᠣᠰᠢᠨ ᠰᠠᠭᠤᠭᠴᠢᠳ ᠤᠨ ᠠᠵᠢᠯ ᠣᠯᠭᠤᠯᠲᠠ ᠶᠢ ᠪᠠᠲᠤᠯᠠᠬᠤ᠂ | ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠂ ᠠᠮᠤ | ᠪᠤᠳᠠᠭ᠎ᠠ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠶᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ | ᠶᠢᠨ ᠲᠣᠭᠲᠠᠭᠤᠨ ᠪᠠᠶᠢᠬᠤ ᠶᠢ ᠪᠠᠲᠤᠯᠠᠬᠤ᠂ ᠦᠨᠳᠦᠰᠦᠨ ᠱᠠᠲᠤᠨ ᠤ ᠠᠵᠢᠯᠯᠠᠭᠠᠨ ᠢ ᠪᠠᠲᠤᠯᠠᠬᠤ ᠶᠢ ᠬᠡᠯᠡᠨ᠎ᠡ᠃ | 15 . B ᠬᠡᠯᠪᠡᠷᠢ ᠶᠢᠨ ᠭᠠᠶᠢᠯᠢ ᠪᠠᠲᠤᠯᠠᠬᠤ ᠪᠠᠷᠠᠭᠠᠨ ᠤ ᠭᠦᠶᠯᠭᠡᠭᠡᠨ ᠤ ᠲᠥᠪ᠄ ᠪᠣᠭᠤᠮᠲᠠ ᠶᠢᠨ ᠵᠥᠪᠰᠢᠶᠡᠷᠡᠯ | ᠢᠶᠠᠷ᠂ ᠳᠤᠮᠳᠠᠳᠤ ᠤᠯᠤᠰ ᠤᠨ ᠬᠢᠯᠢ ᠳᠣᠲᠣᠷᠠᠬᠢ ᠨᠢᠭᠡ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠡᠵᠡᠩᠨᠡᠵᠦ᠂ | ᠣᠯᠠᠨ ᠠᠵᠤ ᠠᠬᠤᠶᠢᠯᠠᠯ ᠭᠠᠶᠢᠯᠢ ᠪᠠᠲᠤᠯᠠᠬᠤ ᠬᠥᠮᠥᠷᠭᠡᠯᠡᠬᠦ ᠪᠠᠷᠠᠭᠠᠨ ᠤ ᠭᠦᠶᠯᠭᠡᠭᠡᠨ ᠤ ᠲᠤᠬᠠᠶᠢᠯᠠᠭᠰᠠᠨ ᠠᠵᠢᠯ | ᠡᠷᠭᠢᠯᠡᠵᠦ ᠪᠠᠶᠢᠭ᠎ᠠ ᠪᠣᠭᠤᠮᠲᠠ ᠶᠢᠨ ᠲᠥᠪᠯᠡᠷᠡᠭᠦᠯᠦᠨ ᠬᠢᠨᠠᠨ ᠬᠠᠮᠢᠶᠠᠷᠬᠤ ᠲᠠᠯᠠᠪᠤᠷ ᠲᠤ ᠣᠷᠣᠬᠤ ᠶᠢ ᠬᠡᠯᠡᠨ᠎ᠡ᠃ | 16 . ︽ᠳᠥᠷᠪᠡᠨ ᠲᠠᠯ᠎ᠠ ᠶᠢᠨ ᠵᠥᠪᠯᠡᠯᠴᠡᠭᠡᠷ︾ ᠄ ᠠᠯᠠᠱᠠ ᠠᠶᠢᠮᠠᠭ ᠤᠨ ᠵᠠᠬᠢᠷᠭ᠎ᠠ᠂ ᠮᠣᠩᠭᠤᠯ ᠣᠯᠣᠰ ᠤᠨ | ᠰᠠᠩ ᠤᠨ ᠶᠠᠮᠣᠨ ᠤ ︽ᠭᠦᠭᠵᠢᠯ ᠤᠨ ᠬᠦᠲᠣᠴᠢ ᠲᠡᠳ᠋ ᠪᠦᠲᠦᠴᠡ︾ ᠲᠦᠰᠦᠯ ᠬᠡᠷᠡᠭᠵᠢᠭᠦᠯᠬᠦ ᠪᠠᠶᠢᠭᠤᠯᠭ᠎ᠠ᠂ | ᠮᠣᠩᠭᠤᠯ ᠤᠯᠤᠰ ᠤᠨ ᠦᠯᠡᠮᠵᠢ ᠺᠣᠮᠫᠠᠨᠢ᠂ ᠦᠯᠵᠠᠢ ᠪᠣᠭᠤᠮᠳᠠ ᠣᠳᠣᠷᠢᠳᠣᠯᠭ᠎ᠠ ᠮᠧᠨᠧᠵᠧᠮᠧᠨᠧᠲ ᠺᠣᠮᠫᠠᠨᠢ ᠵᠡᠷᠭᠡ | ᠳᠥᠷᠪᠡᠨ ᠲᠠᠯ᠎ᠠ ᠶᠢᠨ ᠭᠠᠷ ᠤᠨ ᠦᠰᠦᠭ ᠵᠢᠷᠤᠭᠰᠠᠨ ︽ ᠲᠤᠰᠠᠯᠠᠨ ᠪᠠᠶᠢᠭᠤᠯᠬᠤ ᠲᠥᠷᠥᠯ ᠵᠦᠶᠯ ᠢ ᠬᠡᠷᠡᠭᠵᠢᠭᠦᠯᠬᠦ | ᠂ ᠬᠢᠨᠠᠯᠲᠠ ᠲᠠᠯᠪᠢᠬᠤ ᠪᠠ ᠵᠣᠬᠢᠶᠠᠨ ᠪᠠᠶᠢᠭᠤᠯᠵᠤ ᠥᠷᠨᠢᠭᠦᠯᠬᠦ ᠲᠤᠬᠠᠶ ᠵᠥᠪᠯᠡᠯᠴᠡᠭᠡᠷ ︾ ᠢ ᠬᠡᠯᠡᠨ᠎ᠡ᠃ | 17 . ︽ᠨᠢᠭᠡ ᠬᠦᠷᠢᠶᠡᠯᠡᠩ ᠬᠤᠶᠠᠷ ᠨᠠᠭᠤᠷ ᠨᠢᠭᠡ ᠡᠷᠲᠡᠨ ᠤ ᠬᠤᠲᠠ︾ ᠄ ᠡᠯᠡᠰᠦᠨ ᠴᠥᠯ ᠤᠨ ᠬᠠᠴᠢᠨ | ᠴᠢᠯᠠᠭᠤᠨ ᠤ ᠠᠵᠤ ᠦᠢᠯᠡᠰ ᠤᠨ ᠬᠦᠷᠢᠶᠡᠯᠡᠩ᠂ ᠬᠠᠯᠲᠠᠷ ᠨᠠᠭᠤᠷ᠂ ᠲᠤᠩᠭᠠᠯᠠᠭ ᠨᠠᠭᠤᠷ᠂ ᠬᠤᠯᠠᠳᠠᠬᠢᠨ ᠢ | ᠲᠣᠭᠲᠠᠭᠠᠭᠴᠢ ᠬᠤᠷᠢᠶ᠎ᠠ ᠶᠢᠨ ᠡᠷᠲᠡᠨ ᠤ ᠬᠤᠲᠠ ᠶᠢ ᠵᠢᠭᠠᠵᠤ ᠪᠤᠢ᠃ | 18 . ︽ᠨᠢᠭᠡ ᠪᠦᠰᠡ ᠨᠢᠭᠡ ᠵᠠᠮ︾ ᠄ ᠲᠣᠷᠭᠠᠨ ᠵᠠᠮ ᠤᠨ ᠠᠵᠤ ᠠᠬᠤᠶ ᠶᠢᠨ ᠪᠦᠰᠡ ᠪᠠ 21 ᠳ᠋ᠦ᠋ᠭᠡᠷ ᠵᠠᠭᠤᠨ | ᠤ ᠳᠠᠯᠠᠶ ᠳᠡᠭᠡᠷᠡᠬᠢ ᠲᠣᠷᠭᠠᠨ ᠵᠠᠮ ᠤᠨ ᠲᠣᠪᠴᠢ ᠨᠡᠷᠡᠶᠢᠳᠦᠯ ᠢ ᠬᠡᠯᠡᠨ᠎ᠡ᠃ | 19 . ︽ᠰᠢᠨᠵᠢᠯᠡᠭᠡ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠦᠨ ᠮᠠᠨᠳᠤᠭᠤᠯᠬᠤ︾ ᠄ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠠᠴᠠ | ᠬᠠᠮᠲᠤᠷᠠᠯᠴᠠᠬᠤ ᠶᠢ ᠠᠬᠢᠭᠤᠯᠬᠤ ᠭᠤᠤᠯᠳᠠᠯᠭ᠎ᠠ ᠲᠠᠢ ᠠᠵᠢᠯ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠠᠬᠢ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠴᠡᠭᠡ | ᠱᠠᠭᠠᠷᠳᠠᠯᠭ᠎ᠠ ᠶᠢᠨ ᠲᠣᠭᠤᠷᠢᠨ ᠳᠤ᠂ ︽ᠨᠡᠭᠡᠭᠡᠯᠲᠡ ᠬᠢᠵᠦ ᠬᠠᠮᠲᠤᠷᠠᠯᠴᠠᠨ ᠰᠢᠨ᠎ᠡ ᠶᠢ ᠡᠭᠦᠳᠬᠦ᠂ ᠵᠠᠩᠭᠢᠯᠠᠭ᠎ᠠ ᠶᠢ | ᠠᠳᠬᠤᠨ ᠰᠢᠨ᠎ᠡ ᠶᠢ ᠡᠭᠦᠳᠬᠦ᠂ ᠣᠨᠴᠠᠯᠢᠭ ᠢᠶᠠᠨ ᠳᠣᠪᠣᠶᠢᠯᠭᠠᠨ ᠰᠢᠨ᠎ᠡ ᠶᠢ ᠡᠭᠦᠳᠬᠦ ︾ ᠶᠢ ᠪᠡᠶᠡᠯᠡᠭᠦᠯᠵᠦ᠂ | ᠵᠡᠭᠦᠨ ᠪᠠᠷᠠᠭᠤᠨ ᠣᠷᠣᠨ ᠬᠤᠯᠪᠣᠭᠠᠯᠠᠨ ᠠᠵᠢᠯᠯᠠᠬᠤ ᠶᠢ ᠴᠢᠩᠭᠠᠳᠬᠠᠬᠤ ᠪᠠᠷ ᠳᠡᠮᠵᠢᠨ᠂ ᠣᠷᠣᠨ ᠪᠦᠰᠡ ᠶᠢᠨ | ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠴᠢᠩᠭᠠᠳᠬᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ | ᠬᠠᠮᠲᠤᠷᠠᠯᠴᠠᠭ᠎ᠠ ᠪᠠᠷ ᠳᠠᠮᠵᠢᠨ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ | ᠪᠦᠬᠦᠯᠢ ᠴᠣᠭᠴᠠ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠠᠵᠤ ᠦᠶᠯᠡᠰ ᠤᠨ | ᠬᠥᠭᠵᠢᠯᠲᠡ ᠶᠢᠨ ᠲᠤᠯᠭᠠᠭᠤᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠬᠡᠯᠡᠨ᠎ᠡ᠃ | 20 . ︽ᠲᠠᠪᠤᠨ ᠬᠥᠮᠦᠵᠢᠯ ᠢ ᠵᠡᠷᠭᠡᠪᠡᠷ ᠠᠳᠬᠤᠬᠤ︾ ᠄ ᠶᠣᠰᠣ ᠰᠤᠷᠲᠠᠬᠤᠨ ᠤ ᠬᠥᠮᠦᠵᠢᠯ᠂ ᠣᠶᠤᠨ ᠤᠬᠠᠭᠠᠨ | ᠤ ᠬᠥᠮᠦᠵᠢᠯ᠂ ᠪᠡᠶ᠎ᠡ ᠮᠠᠬᠠᠪᠣᠳ ᠤᠨ ᠬᠥᠮᠦᠵᠢᠯ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠬᠥᠮᠦᠵᠢᠯ ᠢ ᠡᠶ᠎ᠡ | ᠵᠣᠬᠢᠴᠠᠯ ᠲᠠᠢ ᠬᠥᠭᠵᠢᠭᠦᠯᠬᠦ ᠰᠤᠷᠭᠠᠨ ᠬᠥᠮᠦᠵᠢᠯ ᠢ ᠬᠡᠯᠡᠨ᠎ᠡ᠃ | 21 . ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠄ ᠭᠤᠷᠪᠠ ᠶᠢ ᠲᠥᠪᠯᠡᠷᠡᠭᠦᠯᠬᠦ ᠭᠡᠳᠡᠭ | ᠨᠢ ᠬᠤᠰᠢᠭᠤ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠢᠨᠠᠨ ᠵᠥᠪᠰᠢᠶᠡᠷᠡᠬᠦ ᠵᠦᠶᠯᠡᠰ ᠢ ᠨᠢᠭᠡ | ᠬᠤᠪᠢᠴᠠᠭ᠎ᠠ ᠳᠤ ᠲᠥᠪᠯᠡᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ ᠢ ᠬᠤᠰᠢᠭᠤ ᠰᠢᠶᠠᠨ ᠤ | ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠳᠤ ᠲᠥᠪᠯᠡᠷᠡᠭᠦᠯᠵᠦ᠂ ᠬᠢᠨᠠᠨ ᠵᠥᠪᠰᠢᠶᠡᠷᠡᠬᠦ | ᠵᠦᠶᠯᠡᠰ ᠢ ᠴᠠᠬᠢᠮ ᠢᠶᠠᠷ ᠭᠦᠶᠴᠡᠳᠬᠡᠬᠦ ᠶᠢ ᠲᠥᠪᠯᠡᠷᠡᠭᠦᠯᠬᠦ ᠶᠢ ᠵᠢᠭᠠᠵᠤ ᠪᠣᠶ᠃ ᠭᠤᠷᠪᠠ ᠶᠢ ᠪᠣᠳᠠᠲᠠᠶᠢᠵᠢᠭᠤᠯᠬᠤ | ᠭᠡᠳᠡᠭ ᠨᠢ ᠤᠴᠢᠷ ᠶᠠᠪᠤᠳᠠᠯ ᠢ ᠭᠦᠢᠴᠡᠳᠬᠡᠬᠦ ᠶᠢ ᠪᠣᠳᠠᠲᠠᠶᠢᠵᠢᠭᠤᠯᠬᠤ᠂ ᠬᠢᠨᠠᠨ ᠵᠥᠪᠰᠢᠶᠡᠷᠡᠵᠦ ᠡᠷᠬᠡ ᠣᠯᠭᠤᠬᠤ ᠶᠢ | ᠪᠣᠳᠠᠲᠠᠶᠢᠵᠢᠭᠤᠯᠬᠤ᠂ ᠴᠠᠬᠢᠮ ᠢᠶᠠᠷ ᠬᠢᠨᠠᠨ ᠪᠠᠶᠢᠴᠠᠭᠠᠬᠤ ᠶᠢ ᠪᠣᠳᠠᠲᠠᠶᠢᠵᠢᠭᠤᠯᠬᠤ ᠶᠢ ᠵᠢᠭᠠᠵᠤ ᠪᠣᠶ᠃ | 22 . ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠄ ᠬᠢᠨᠠᠨ ᠬᠠᠮᠢᠶᠠᠷᠬᠤ ᠶᠠᠪᠤᠴᠠ ᠳᠤ | ᠪᠠᠶᠢᠴᠠᠭᠠᠭᠳᠠᠬᠤ ᠡᠲᠡᠭᠡᠳ ᠢ ᠲᠠᠰᠢᠷᠠᠮ ᠳᠠᠭᠠᠤ ᠰᠤᠭᠤᠴᠢᠵᠤ᠂ ᠬᠠᠤᠯᠢ ᠬᠡᠷᠡᠭᠵᠢᠭᠦᠯᠵᠦ ᠪᠠᠶᠢᠴᠠᠭᠠᠬᠤ ᠠᠵᠢᠯᠲᠠᠨ ᠢ | ᠰᠣᠩᠭᠤᠨ ᠲᠣᠮᠢᠯᠠᠵᠤ᠂ ᠰᠤᠭᠤᠴᠢᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ ᠰᠢᠶᠳᠪᠦᠷᠢᠯᠡᠭᠰᠡᠨ ᠦᠷ᠎ᠡ ᠳ᠋ᠦᠩ | ᠢ ᠴᠠᠭ ᠲᠤᠬᠠᠶ ᠳᠤᠨᠢ ᠨᠡᠶᠢᠭᠡᠮ ᠳᠤ ᠢᠯᠡ ᠪᠣᠯᠭᠠᠬᠤ ᠶᠢ ᠬᠡᠯᠡᠨ᠎ᠡ᠃ | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |