| | ᠭᠤᠷᠪᠠ᠂ 2021 ᠣᠨ ᠤ ᠭᠤᠣᠯᠳᠠᠯᠭ᠎ᠠ ᠲᠠᠢ ᠠᠵᠢᠯ | ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠬᠢᠯᠡᠯᠲᠡ ᠶᠢᠨ | ᠵᠢᠯ ᠮᠥᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ | ᠠᠶᠠᠨ ᠢ ᠡᠬᠢᠯᠡᠭᠦᠯᠦᠭᠰᠡᠨ ᠠᠩᠬᠠᠨ ᠤ ᠵᠢᠯ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 | ᠵᠢᠯ ᠤᠨ ᠣᠶ ᠪᠣᠯᠬᠤ ᠶᠤᠮ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ | ᠰᠢᠢᠳᠪᠦᠷᠢ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠪᠤᠷᠢᠲᠠᠢ | ᠪᠠᠶᠢᠯᠭᠠᠬᠤ ᠶᠢᠨ ᠵᠡᠷᠭᠡᠪᠡᠷ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠨ᠎ᠡ᠃ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ | ᠲᠤᠤᠱᠲᠠᠢ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠷᠢᠨ ᠬᠡᠷᠡᠭᠵᠢᠭᠦᠯᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠦᠨᠡᠨ ᠬᠦ ᠪᠠᠲᠤᠯᠠᠵᠤ᠂ ᠰᠢᠯᠢᠳᠡᠭ ᠠᠮᠵᠢᠯᠲᠠ ᠪᠠᠷ ᠢᠶᠠᠨ | ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠨ᠎ᠡ᠃ ᠡᠨᠡ ᠵᠢᠯ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ | ᠢ 7 % ᠪᠠᠷ ᠨᠡᠮᠡᠭᠳᠡᠭᠦᠯᠵᠦ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 8 % ᠪᠠᠷ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 5 | % ᠪᠠᠷ ᠨᠡᠮᠡᠭᠳᠡᠭᠦᠯᠵᠦ᠂ ᠥᠷᠭᠡᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 5 % | ᠪᠠᠷ ᠨᠡᠮᠡᠭᠳᠡᠭᠦᠯᠵᠦ᠂ ᠬᠤᠲᠠ ᠬᠥᠳᠡᠭᠡ ᠶᠢᠨ ᠣᠷᠣᠰᠢᠨ ᠰᠠᠭᠤᠭᠴᠢᠳ ᠤᠨ ᠣᠷᠣᠯᠭ᠎ᠠ ᠶᠢ ᠲᠣᠭᠲᠠᠪᠤᠷᠢᠲᠠᠢ ᠪᠠᠷ | ᠨᠡᠮᠡᠭᠳᠡᠭᠦᠯᠵᠦ᠂ ᠡᠯ᠎ᠡ ᠲᠥᠷᠥᠯ ᠤᠨ ᠬᠢᠵᠠᠭᠠᠷᠯᠠᠬᠤ ᠴᠢᠨᠠᠷᠲᠠᠶ ᠭᠦᠢᠴᠡᠳᠬᠡᠬᠦ ᠲᠤᠭ᠎ᠠ ᠶᠢ ᠳᠡᠭᠡᠳᠦ ᠱᠠᠲᠤᠨ ᠠᠴᠠ | ᠪᠠᠭᠤᠯᠭᠠᠭᠰᠠᠨ ᠭᠦᠢᠴᠡᠳᠬᠡᠬᠦ ᠲᠤᠭ᠎ᠠ ᠶᠢᠨ ᠳᠣᠲᠣᠷ᠎ᠠ ᠬᠢᠵᠠᠭᠠᠷᠯᠠᠨ᠎ᠠ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠤᠰᠠᠳᠠ᠂ ᠳᠠᠷᠠᠭᠠᠬᠢ ᠳᠣᠯᠣᠭᠠᠨ ᠲᠠᠯ᠎ᠠ ᠶᠢᠨ ᠠᠵᠢᠯ ᠢ ᠴᠢᠬᠤᠯᠠᠴᠢᠯᠠᠨ | ᠰᠠᠶᠢᠲᠤᠷ ᠬᠢᠨ᠎ᠡ᠃ | ︵ᠨᠢᠭᠡ︶ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠣᠨᠴᠠᠯᠢᠭᠲᠤ ᠠᠵᠤ ᠦᠢᠯᠡᠰ ᠤᠨ ᠰᠠᠭᠤᠷᠢᠨ ᠭᠠᠵᠠᠷ ᠢ ᠡᠷᠴᠢᠮᠲᠠᠢ ᠪᠠᠶᠢᠭᠤᠯᠤᠨ᠎ᠠ | ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠣᠷᠣᠭᠤᠯᠤᠯᠲᠠ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠨ᠎ᠠ | ᠃ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ᠂ ᠤᠯᠤᠰ ᠤᠨ ᠣᠷᠣᠨ ᠨᠤᠲᠤᠭ ᠤᠨ ᠵᠠᠰᠠᠭ ᠤᠨ | ᠣᠷᠳᠣᠨ ᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠵᠡᠷᠭᠡ ᠪᠠᠯᠠ ᠮᠥᠩᠭᠦ ᠶᠢᠨ ᠳᠡᠮᠵᠢᠯᠭᠡ ᠶᠢ ᠪᠥᠬᠦ | ᠬᠦᠴᠦᠨ ᠢᠶᠠᠷ ᠢᠶᠠᠨ ᠣᠯᠵᠤ᠂ ᠲᠥᠷᠥᠯ ᠵᠦᠶᠯ ᠤᠨ ᠨᠥᠭᠡᠴᠡᠯᠡᠬᠦ ᠠᠵᠢᠯ ᠢ ᠰᠠᠶᠢᠲᠤᠷ ᠬᠢᠨ᠎ᠠ᠃ 2021 ᠣᠨ ᠳᠤ | ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ 86 ᠲᠥᠷᠥᠯ ᠵᠦᠶᠯ ᠢ ᠬᠡᠷᠡᠭᠵᠢᠭᠦᠯᠬᠦ ᠪᠠᠷ ᠲᠥᠯᠥᠪᠯᠡᠵᠦ᠂ | ᠨᠡᠶᠢᠲᠡ 667 ᠳ᠋ᠦᠩᠰᠢᠭᠤᠷ ᠪᠡᠯᠡ ᠣᠷᠣᠭᠤᠯᠵᠤ᠂ ᠪᠦᠬᠦ ᠵᠢᠯ ᠳᠤ 108 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠬᠤ ᠪᠠᠷ ᠲᠥᠯᠥᠪᠯᠡᠵᠦ ᠪᠣᠶ᠃ ᠠᠶᠢᠮᠠᠭ ᠤᠨ ᠲᠡᠰ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠳᠤ ᠪᠡᠯᠡ ᠣᠷᠣᠭᠤᠯᠬᠤ ᠪᠠᠷ ᠲᠥᠯᠥᠪᠯᠡᠵᠦ᠂ 8 ᠲᠣᠮᠣ ᠲᠥᠷᠥᠯ 31 ᠪᠠᠶᠢᠵᠤ᠂ ᠨᠡᠶᠢᠲᠡ ᠪᠡᠯᠡ | ᠣᠷᠣᠭᠤᠯᠤᠯᠲᠠ 510 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 81 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠬᠤ ᠪᠠᠷ ᠲᠥᠯᠥᠪᠯᠡᠵᠦ ᠪᠤᠢ᠃ ᠡᠮᠦᠨᠡᠬᠢ ᠬᠤᠭᠤᠴᠠᠭᠠᠨ ᠤ ᠲᠥᠷᠥᠯ ᠵᠦᠶᠯ 58 ᠪᠠᠶᠢᠵᠤ᠂ ᠨᠡᠶᠢᠲᠡ | 465 ᠳ᠋ᠦᠩᠰᠢᠭᠤᠷ ᠲᠥᠭᠦᠷᠢᠭ ᠪᠡᠯᠡ ᠣᠷᠣᠭᠤᠯᠤᠨ᠎ᠠ᠃ ᠪᠢᠳᠡ ᠠᠵᠤ ᠠᠬᠤᠶᠢᠯᠠᠯ ᠳᠤ ᠦᠢᠯᠡᠴᠢᠯᠡᠬᠦ ᠶᠢ | ᠪᠠᠷᠢᠮᠲᠠᠯᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠰᠢᠭᠯᠠᠯᠲᠠ ᠳᠤ ᠣᠷᠣᠭᠤᠯᠬᠤ ᠪᠠᠷ | ᠴᠢᠨᠠᠷᠯᠢᠭ ᠬᠥᠭᠵᠢᠯᠲᠡ ᠶᠢ ᠲᠤᠯᠭᠠᠭᠤᠷᠢᠯᠠᠨ᠎ᠠ᠃ | ᠭᠤᠷᠪᠠᠨ ᠶᠡᠭᠡ ᠠᠵᠤ ᠦᠶᠯᠡᠰ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠣᠯᠠᠨᠪᠤᠯᠠᠭ ᠠᠵᠤ ᠦᠶᠯᠡᠰ | ᠤᠨ ᠬᠦᠷᠢᠶᠡᠯᠡᠩ ᠲᠣᠭᠤᠷᠢᠭ ᠢ ᠭᠤᠤᠯᠳᠠᠯᠭ᠎ᠠ ᠲᠠᠢ ᠪᠠᠶᠢᠭᠤᠯᠤᠨ᠎ᠠ᠃ ᠮᠣᠩᠭᠤᠯ ᠲᠠᠢ ᠬᠥᠷᠰᠢᠯᠡᠵᠦ ᠣᠷᠣᠰ ᠲᠠᠢ | ᠨᠡᠪᠲᠡᠷᠡᠯᠴᠡᠭᠰᠡᠨ ᠬᠢᠯᠢ ᠶᠢᠨ ᠣᠷᠣᠨ ᠪᠠᠶᠢᠷᠢ ᠶᠢᠨ ᠳᠠᠪᠠᠭᠤᠯᠢᠭ ᠢ ᠭᠦᠶᠴᠡᠳ ᠪᠠᠳᠠᠷᠠᠭᠤᠯᠤᠨ᠂ ᠡᠮᠦᠨᠡᠲᠦ ᠤᠮᠠᠷᠠᠲᠤ | ᠶᠢ ᠬᠤᠯᠪᠣᠵᠤ᠂ ᠵᠡᠭᠦᠨᠰᠢ ᠪᠠᠷᠠᠭᠤᠨᠰᠢ ᠨᠡᠪᠲᠡᠷᠡᠬᠦ ᠵᠠᠮ ᠬᠠᠷᠢᠯᠴᠠᠭᠠᠨ ᠤ ᠬᠦᠶᠰᠦ ᠶᠢᠨ ᠳᠠᠪᠠᠭᠤᠯᠢᠭ᠂ ᠪᠠᠶᠢᠭᠠᠯᠢ ᠶᠢᠨ | ᠡᠬᠢ ᠪᠠᠶᠠᠯᠢᠭ ᠤᠨ ᠥᠪᠡᠷᠮᠢᠴᠡ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠪᠠᠯ ᠴᠢᠯᠠᠭᠤ᠂ ᠴᠢᠯᠠᠭᠤᠨ ᠲᠣᠰᠣ᠂ | ᠰᠢᠨ᠎ᠡ ᠡᠨᠧᠷᠭᠢ᠂ ᠬᠤᠶᠢᠲᠤ ᠠᠭᠤᠯᠠᠨ ᠤ ᠠᠭᠤᠷᠬᠠᠶ ᠶᠢᠨ ᠪᠦᠰᠡ ᠪᠠ ᠠᠭᠤᠷᠬᠠᠢ ᠶᠢᠨ ᠪᠠᠶᠠᠯᠢᠭ᠂ ᠭᠠᠳᠠᠭᠠᠳᠤ ᠠᠴᠠ | ᠣᠷᠣᠭᠤᠯᠤᠭᠰᠠᠨ ᠡᠬᠢ ᠪᠠᠶᠠᠯᠢᠭ ᠢ ᠪᠣᠯᠪᠠᠰᠤᠷᠠᠭᠤᠯᠬᠤ ᠦᠢᠯᠡᠳᠪᠦᠷᠢᠯᠡᠯ ᠤᠨ ᠲᠣᠭᠤᠷᠢᠨ ᠳᠤ ᠨᠡᠭᠦᠷᠡᠰᠦ ᠬᠢᠮᠢ ᠶᠢᠨ | ᠠᠵᠤ ᠦᠶᠯᠡᠳᠪᠦᠷᠢ᠂ ᠨᠠᠷᠢᠯᠢᠭ ᠬᠢᠮᠢ ᠶᠢᠨ ᠠᠵᠤ ᠦᠶᠯᠡᠳᠪᠦᠷᠢ᠂ ᠴᠢᠯᠠᠭᠤᠨ ᠲᠣᠰᠣ ᠬᠢᠮᠢ ᠶᠢᠨ ᠠᠵᠤ | ᠦᠶᠯᠡᠳᠪᠦᠷᠢ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠶᠯᠭᠡᠭᠡ ᠵᠡᠷᠭᠡ ᠠᠵᠤ ᠦᠶᠯᠡᠰ ᠢ ᠶᠡᠬᠡᠪᠡᠷ ᠬᠥᠭᠵᠢᠭᠦᠯᠵᠦ | ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠪᠠᠯ | ᠴᠢᠯᠠᠭᠤᠨ ᠲᠣᠰᠣ ᠪᠣᠯᠪᠠᠰᠤᠷᠠᠭᠤᠯᠬᠤ᠂ ᠪᠠᠷᠠᠭᠤᠨ ᠬᠡᠰᠡᠭ ᠤᠨ ᠭᠠᠵᠠᠷ ᠣᠷᠣᠨ ᠤ ᠴᠢᠯᠠᠭᠤᠨ ᠲᠣᠰᠣ ᠣᠯᠪᠣᠷᠢᠯᠠᠬᠤ | ᠶᠡᠷᠦᠩᠬᠡᠶᠢᠯᠡᠭᠰᠡᠨ ᠠᠵᠤ ᠦᠶᠯᠡᠰ᠂ ᠳᠤᠮᠳᠠᠳᠤ ᠮᠣᠩᠭᠤᠯ ᠤᠨ ᠬᠢᠯᠢ ᠶᠢᠨ ᠠᠭᠤᠷᠬᠠᠶ ᠶᠢᠨ ᠦᠶᠯᠡᠳᠬᠦᠨ ᠤ | ᠭᠦᠢᠯᠭᠡᠭᠡ ᠪᠠ ᠪᠣᠯᠪᠠᠰᠤᠷᠠᠭᠤᠯᠬᠤ ᠰᠢᠨ᠎ᠡ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠥᠯᠵᠡᠶ | ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ᠪᠣᠭᠤᠮᠲᠠ ᠶᠢᠨ ᠬᠠᠮᠲᠤᠷᠠᠨ | ᠰᠢᠯᠭᠠᠬᠤ ᠠᠰᠠᠷ᠂ ᠪᠠᠷᠠᠭ᠎ᠠ ᠶᠢ ᠪᠠᠶᠢᠴᠠᠭᠠᠨ ᠰᠢᠯᠭᠠᠬᠤ ᠲᠥᠬᠦᠭᠡᠷᠦᠮᠵᠢ᠂ ᠬᠢᠯᠢ ᠶᠢᠨ ᠪᠠᠶᠢᠴᠠᠭᠠᠯᠲᠠ ᠶᠢᠨ ᠲᠥᠪ | ᠵᠡᠷᠭᠡ 11 ᠲᠥᠷᠥᠯ ᠵᠦᠶᠯ ᠢ ᠭᠤᠤᠯᠳᠠᠯᠭ᠎ᠠ ᠲᠠᠢ ᠠᠬᠢᠭᠤᠯᠵᠤ᠂ B ᠬᠡᠯᠪᠡᠷᠢ ᠶᠢᠨ ᠭᠠᠶᠢᠯᠢ ᠪᠠᠲᠤᠯᠠᠬᠤ ᠪᠠᠷᠠᠭᠠᠨ ᠤ | ᠭᠦᠶᠯᠭᠡᠭᠡᠨ ᠤ ᠲᠥᠪ᠂ ᠠᠭᠤᠷᠬᠠᠶ ᠶᠢᠨ ᠭᠠᠷᠤᠯᠲᠠ ᠶᠢᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠶᠯᠭᠡᠭᠡᠨ ᠤ | ᠲᠣᠬᠢᠷᠠᠭᠤᠯᠤᠨ ᠬᠦᠷᠭᠡᠬᠦ ᠲᠥᠪ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠵᠡᠷᠭᠡ ᠶᠢ | ᠡᠬᠢᠯᠡᠭᠦᠯᠦᠨ᠎ᠡ᠃ ᠮᠣᠩᠭᠤᠯ ᠤᠯᠤᠰ ᠤᠨ ︽ᠳᠥᠷᠪᠡᠨ ᠲᠠᠯ᠎ᠠ ᠶᠢᠨ ᠵᠥᠪᠯᠡᠯᠴᠡᠭᠡᠷ︾ ᠲᠤ ᠭᠠᠷ ᠤᠨ ᠥᠰᠥᠭ | ᠵᠢᠷᠤᠬᠤ ᠠᠵᠢᠯ ᠢ ᠢᠳᠡᠪᠬᠢᠲᠡᠶ ᠠᠬᠢᠭᠤᠯᠵᠤ᠂ ᠲᠤᠰᠠᠯᠠᠨ ᠪᠠᠶᠢᠭᠤᠯᠬᠤ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠂ ᠵᠢᠯ ᠲᠤᠷᠰᠢ ᠪᠣᠭᠤᠮᠲᠠ ᠪᠠᠷ ᠬᠡᠪ ᠤᠨ ᠶᠣᠰᠣᠭᠠᠷ ᠪᠠᠷᠠᠭ᠎ᠠ ᠥᠩᠭᠡᠷᠡᠭᠦᠯᠬᠦ ᠶᠢ | ᠴᠢᠷᠮᠠᠶᠢᠨ ᠪᠡᠶᠡᠯᠡᠭᠦᠯᠦᠨ᠎ᠡ᠃ ᠪᠠᠶᠠᠨᠬᠤᠲᠠ ᠶᠢᠨ ᠰᠢᠨᠵᠢᠯᠡᠭᠡ ᠮᠡᠷᠭᠡᠵᠢᠯ ᠤᠨ ᠠᠳᠠᠯ ᠦᠢᠯᠡᠰ ᠪᠣᠰᠬᠠᠬᠤ ᠵᠢᠱᠢᠶ᠎ᠡ | ᠦᠵᠡᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃ ᠠᠮᠢ ᠠᠬᠤᠢ ᠶᠢᠨ | ᠣᠨᠴᠠᠯᠢᠭᠲᠤ ᠠᠵᠤ ᠦᠢᠯᠡᠰ ᠢᠶᠠᠷ ᠭᠤᠣᠯ ᠪᠣᠯᠭᠠᠵᠤ᠂ ᠣᠶᠤᠨᠴᠢ ᠲᠣᠨᠤᠭ ᠲᠥᠬᠦᠭᠡᠷᠦᠮᠵᠢ ᠦᠢᠯᠡᠳᠬᠦ᠂ ᠠᠭᠠᠷ | ᠰᠠᠨᠰᠠᠷ ᠤᠨ ᠠᠵᠤ ᠦᠢᠯᠡᠰ᠂ ᠴᠡᠷᠢᠭ ᠠᠷᠠᠳ ᠤᠨ ᠤᠶᠠᠯᠳᠤᠯ ᠢ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ | ᠵᠢᠱᠢᠶ᠎ᠡ ᠦᠵᠡᠭᠦᠯᠬᠦ ᠬᠦᠷᠢᠶᠡᠯᠡᠩ ᠢ ᠶᠡᠬᠡᠪᠡᠷ ᠬᠥᠭᠵᠢᠭᠦᠯᠵᠦ᠂ ᠳ᠋ᠠ ᠮᠥᠸᠧ ᠡᠾᠦ᠋ᠨ ᠡᠯᠡᠰᠦᠨ ᠤ ᠪᠦᠲᠦᠭᠡᠭᠳᠡᠬᠦᠨ ᠤ | ᠬᠢᠲᠠᠳ ᠡᠮ ᠢ ᠨᠠᠷᠢᠯᠢᠭ ᠪᠣᠯᠪᠠᠰᠤᠷᠠᠭᠤᠯᠬᠤ᠂ ᠮᠠᠨᠳᠤᠯ ᠴᠠᠭᠠᠨ ᠭᠤᠶᠣᠣ ᠶᠢᠨ ᠪᠦᠬᠦ ᠠᠵᠤ ᠦᠢᠯᠡᠰ ᠤᠨ | ᠬᠤᠯᠪᠣᠭ᠎ᠠ ᠶᠢᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠡᠷᠴᠢᠮᠲᠡᠢ ᠠᠬᠢᠭᠤᠯᠤᠨ᠎ᠠ᠃ ᠥᠪᠥᠷ ᠮᠣᠩᠭᠤᠯ ᠤᠨ ᠴᠠᠬᠢᠯᠭᠠᠨ ᠤ ᠪᠦᠲᠦᠭᠡᠨ ᠪᠠᠶᠢᠭᠤᠯᠤᠯᠲᠠ | ᠶᠢᠨ ᠰᠠᠯᠬᠢᠨ ᠤ ᠡᠨᠧᠷᠭᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ | ᠪᠠᠷ ᠴᠢᠷᠮᠠᠶᠢᠵᠤ᠂ ᠨᠠᠮᠵᠢᠭᠤᠨ ᠤᠷᠤᠰᠬᠠᠯᠲᠤ ᠳᠠᠪᠬᠤᠷᠭ᠎ᠠ ᠶᠢᠨ ᠨᠢᠰᠬᠦ ᠣᠩᠭᠤᠴᠠ ᠶᠢᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠠᠬᠢᠨ ᠡᠬᠢᠯᠡᠭᠦᠯᠦᠨ᠎ᠡ᠃ | ︵ᠬᠤᠶᠠᠷ︶ ᠭᠤᠷᠪᠠᠨ ᠠᠵᠤ ᠦᠶᠯᠡᠰ ᠤᠨ ᠬᠥᠭᠵᠢᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠣᠲᠣ | ᠦᠶ᠎ᠡ ᠶᠢᠨ ᠠᠵᠤ ᠦᠶᠯᠡᠰ ᠤᠨ ᠲᠣᠭᠲᠠᠴᠠ ᠶᠢ ᠲᠦᠷᠭᠡᠳᠬᠡᠨ ᠪᠠᠶᠢᠭᠤᠯᠤᠨ᠎ᠠ | ᠲᠠᠷᠢᠶᠠᠯᠠᠩ ᠮᠠᠯ ᠠᠵᠤ ᠠᠬᠤᠶ ᠶᠢ ᠴᠢᠨᠠᠷᠯᠢᠭ ᠥᠨᠳᠥᠷ ᠦᠷ᠎ᠡ ᠠᠰᠢᠭ ᠲᠠᠢ ᠪᠠᠷ ᠬᠥᠭᠵᠢᠭᠦᠯᠦᠨ᠎ᠡ᠃ ᠣᠷᠭᠠᠨᠢᠭ | ᠲᠠᠷᠢᠶᠠᠯᠠᠩ ᠢ ᠶᠡᠭᠡ ᠪᠠᠷ ᠬᠥᠭᠵᠢᠭᠦᠯᠵᠦ᠂ 1.5 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ | ᠪᠠᠷ ᠪᠠᠶᠢᠭᠤᠯᠵᠤ᠂ ᠣᠷᠭᠠᠨᠢᠭ ᠪᠣᠭᠤᠳᠠᠶ᠂ ᠪᠣᠬᠢᠷᠲᠤᠯ ᠥᠬᠡᠶ ᠲᠠᠷᠪᠤᠰ ᠪᠠ ᠵᠢᠮᠢᠰ ᠤᠨ ᠲᠥᠷᠥᠯ᠂ ᠰᠢᠯᠢᠳᠡᠭ ᠡᠮ | ᠤᠨ ᠮᠠᠲ᠋ᠧᠷᠢᠶᠠᠯ ᠵᠡᠷᠭᠡ ᠲᠠᠷᠢᠮᠠᠯ ᠤᠨ ᠲᠠᠯᠠᠪᠠᠶ ᠶᠢ ᠲᠠᠰᠤᠷᠠᠯᠲᠠ ᠥᠬᠡᠶ ᠥᠷᠭᠡᠳᠬᠡᠨ᠎ᠡ᠃ ᠠᠮᠤ ᠪᠤᠳᠠᠭᠠᠨ ᠤ ᠲᠠᠷᠢᠮᠠᠯ | ᠳᠠᠷᠢᠬᠤ ᠲᠠᠯᠠᠪᠠᠶ ᠶᠢ 20 ᠲᠦᠮᠡᠨ ᠮᠥ ᠳᠤ ᠲᠣᠭᠲᠠᠪᠤᠷᠢᠵᠢᠭᠤᠯᠵᠤ᠂ ᠪᠠᠴᠢᠮ ᠪᠠᠶᠢᠳᠠᠯ ᠳᠤ ᠬᠡᠷᠡᠭᠯᠡᠬᠦ ᠠᠮᠤ ᠲᠣᠰᠣᠨ | ᠤ ᠬᠥᠮᠥᠷᠭᠡ ᠪᠠ ᠡᠳ᠋ ᠪᠣᠳᠠᠰ ᠨᠥᠭᠡᠴᠡᠯᠡᠬᠦ ᠬᠥᠮᠥᠷᠭᠡ ᠶᠢ ᠱᠠᠲᠤ ᠳᠠᠷᠠᠭ᠎ᠠ ᠲᠠᠢ ᠪᠠᠷ ᠪᠥᠲᠥᠭᠡᠨ ᠪᠠᠶᠢᠭᠤᠯᠤᠨ᠎ᠠ᠃ | ᠬᠥᠳᠡᠭᠡ ᠲᠣᠰᠬᠤᠨ ᠤ ᠠᠷᠠᠳ ᠤᠨ ᠬᠤᠨᠣᠴᠠ᠂ ᠠᠵᠤ ᠦᠶᠯᠡᠰ ᠤᠨ ᠵᠢᠭᠤᠯᠴᠢᠯᠠᠯ᠂ ᠲᠠᠷᠢᠶᠠᠯᠠᠩ ᠤᠨ ᠶᠠᠪᠤᠳᠠᠯ ᠢ | ᠪᠡᠶᠡᠴᠢᠯᠡᠨ ᠣᠶᠢᠯᠠᠭᠠᠬᠤ ᠵᠡᠷᠭᠡ ᠰᠡᠯᠡᠭᠦᠴᠡᠯ ᠤᠨ ᠲᠠᠷᠢᠶᠠᠯᠠᠩ ᠤᠨ ᠡᠵᠡᠩᠨᠡᠯᠲᠡ ᠶᠢᠨ ᠪᠠᠶᠢᠳᠠᠯ ᠪᠠ ᠦᠶᠯᠡᠴᠢᠯᠡᠭᠡᠨ ᠤ | ᠴᠢᠳᠠᠮᠵᠢ ᠶᠢ ᠦᠷᠭᠦᠯᠵᠢᠯᠡᠨ ᠪᠠᠶᠠᠯᠢᠭᠵᠢᠭᠤᠯᠵᠤ᠂ ᠳᠦᠷᠢᠮᠵᠢᠭᠦᠯᠦᠨ ᠡᠵᠡᠩᠨᠡᠬᠦ ᠵᠠᠭᠪᠤᠷ ᠢ ᠰᠦᠪᠡᠭᠴᠢᠯᠡᠨ | ᠪᠠᠶᠢᠭᠤᠯᠤᠨ᠎ᠠ᠃ ᠳᠡᠭᠡᠳᠦ ᠰᠢᠨᠵᠢᠯᠡᠭᠡ ᠮᠡᠷᠭᠡᠵᠢᠯ ᠤᠨ ᠮᠠᠯ ᠠᠵᠤ ᠠᠬᠤᠶ ᠶᠢ ᠢᠳᠡᠪᠬᠢᠲᠡᠶ ᠪᠠᠷ ᠬᠥᠭᠵᠢᠭᠦᠯᠵᠦ᠂ | ᠠᠯᠠᠱᠠ ᠶᠢᠨ ᠮᠣᠩᠭᠤᠯ ᠦᠬᠡᠷ ᠤᠨ ᠬᠠᠮᠠᠭᠠᠯᠠᠯᠲᠠ ᠶᠢᠨ ᠣᠷᠣᠨ᠂ ᠡᠭᠦᠯᠳᠡᠷ ᠬᠠᠮᠠᠭᠠᠯᠠᠬᠤ ᠲᠠᠯᠠᠪᠠᠶ ᠪᠣᠯᠤᠨ | ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠲᠥᠷᠥᠯ ᠵᠦᠢᠯ ᠢ ᠡᠷᠡᠮᠡᠯᠵᠡᠯᠡᠨ᠎ᠡ᠃ ᠪᠠᠶᠠᠨᠬᠤᠲᠠ ᠶᠢᠨ ᠢᠩᠭᠡᠨ ᠤ ᠰᠦ | ᠶᠢ ᠨᠠᠷᠢᠯᠢᠭ ᠪᠣᠯᠪᠠᠰᠤᠷᠠᠭᠤᠯᠬᠤ ᠰᠠᠭᠤᠷᠢᠨ ᠭᠠᠵᠠᠷ ᠢ ᠪᠠᠶᠢᠭᠤᠯᠵᠤ᠂ ᠠᠯᠲᠠᠨ ᠭᠤᠪᠢ ᠵᠡᠷᠭᠡ ᠠᠵᠤ ᠠᠬᠤᠶᠢᠯᠠᠯ ᠳᠤ | ᠲᠦᠰᠢᠭᠯᠡᠨ ᠢᠩᠭᠡᠨ ᠤ ᠰᠦ ᠶᠢᠨ 4 ᠰᠠᠭᠤᠷᠢᠨ ᠭᠠᠵᠠᠷ ᠢ ᠪᠠᠶᠢᠭᠤᠯᠤᠨ᠎ᠠ᠃ ᠠᠯᠠᠱᠠ ᠶᠢᠨ ᠮᠣᠩᠭᠤᠯ ᠦᠬᠡᠷ᠂ | ᠬᠤᠤᠰ ᠪᠥᠬᠦᠲᠦ ᠲᠡᠮᠡᠭᠡ᠂ ᠴᠠᠭᠠᠨ ᠨᠣᠯᠤᠤᠷᠲᠤ ᠢᠮᠠᠭᠠᠨ ᠤ ᠳᠠᠪᠠᠭᠤᠯᠢᠭ ᠣᠨᠴᠠᠯᠢᠭ ᠲᠠᠢ ᠠᠵᠤ ᠦᠶᠯᠡᠰ ᠢ ᠪᠣᠢ | ᠪᠣᠯᠭᠠᠨ᠎ᠠ᠃ ᠠᠯᠠᠱᠠ ᠶᠢᠨ ᠮᠣᠩᠭᠤᠯ ᠮᠣᠷᠢᠨ ᠤ ᠡᠭᠦᠯᠳᠡᠷ ᠬᠠᠮᠠᠭᠠᠯᠠᠬᠤ ᠪᠠ ᠪᠣᠶᠢᠵᠢᠭᠤᠯᠬᠤ ᠰᠠᠭᠤᠷᠢᠨ ᠭᠠᠵᠠᠷ ᠢ | ᠪᠠᠶᠢᠭᠤᠯᠤᠨ᠎ᠠ᠃ ᠠᠳᠦ᠋ ᠮᠢᠬᠠᠨ ᠤ ᠬᠤᠨᠢᠨ ᠤ ᠲᠥᠷᠥᠯ ᠵᠦᠶᠯ ᠢ ᠢᠳᠡᠪᠬᠢᠲᠡᠶ ᠡᠷᠡᠮᠡᠯᠵᠡᠵᠦ ᠤᠯᠤᠰ ᠤᠨ | ᠬᠡᠮᠵᠢᠶᠡᠨ ᠳᠤ ᠰᠢᠯᠭᠠᠨ ᠵᠥᠪᠰᠢᠶᠡᠷᠡᠭᠦᠯᠵᠦ ᠲᠤᠰᠬᠠᠢ ᠨᠡᠷᠡᠲᠦ ᠲᠡᠮᠳᠡᠭ ᠪᠣᠯᠭᠠᠬᠤ ᠪᠠᠷ ᠴᠢᠷᠮᠠᠶᠢᠨ᠎ᠠ᠃ ᠡᠳ᠋ | ᠪᠠᠷᠠᠭ᠎ᠠ ᠶᠢ ᠰᠣᠷᠭᠤᠭ ᠢᠶᠠᠷ ᠨᠢ ᠬᠥᠮᠥᠷᠭᠡᠯᠡᠨ ᠬᠠᠳᠠᠭᠠᠯᠠᠬᠤ ᠲᠡᠭᠡᠭᠡᠪᠦᠷᠢᠯᠡᠬᠦ ᠭᠦᠢᠯᠭᠡᠭᠡᠨ ᠤ ᠲᠣᠭᠲᠠᠴᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ | ᠤ ᠲᠣᠭᠲᠠᠴᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︽ᠹᠧᠩ ᠮᠤᠤ ᠳ᠋ᠧ︾ ᠢᠶᠠᠷ ᠭᠤᠣᠯ | ᠪᠣᠯᠭᠠᠭᠰᠠᠨ ᠣᠷᠭᠠᠨᠢᠭ ᠲᠠᠷᠢᠶᠠᠯᠠᠩ ᠤᠨ ᠨᠡᠷᠡᠲᠦ ᠲᠡᠮᠳᠡᠭ᠂ ᠴᠠᠬᠠᠷ ᠤᠨ ᠬᠥᠳᠡᠭᠡ ᠶᠢᠨ ᠲᠠᠷᠪᠤᠰ ᠢᠶᠠᠷ ᠭᠤᠣᠯ | ᠪᠣᠯᠭᠠᠭᠰᠠᠨ ᠪᠣᠬᠢᠷᠲᠤᠯ ᠦᠭᠡᠢ ᠲᠠᠷᠪᠤᠰ ᠪᠠ ᠵᠢᠮᠢᠰ ᠤᠨ ᠲᠥᠷᠥᠯ ᠤᠨ ᠨᠡᠷᠡᠲᠦ ᠲᠡᠮᠳᠡᠭ᠂ ᠠᠯᠠᠱᠨ ᠮᠣᠩᠭᠤᠯ ᠰᠢᠷ᠎ᠠ | ᠦᠬᠡᠷ ᠢᠶᠠᠷ ᠭᠤᠣᠯ ᠪᠣᠯᠭᠠᠭᠰᠠᠨ ᠣᠨᠴᠠᠯᠢᠭᠲᠤ ᠦᠬᠡᠷ ᠬᠤᠨᠢᠨ ᠤ ᠮᠢᠬᠠᠨ ᠤ ᠨᠡᠷᠡᠲᠦ ᠲᠡᠮᠳᠡᠭ ᠢ ᠭᠤᠣᠯᠳᠠᠯᠭ᠎ᠠ ᠲᠠᠢ | ᠪᠤᠢ ᠪᠣᠯᠭᠠᠨ᠎ᠠ᠃ ᠪᠡᠭᠡᠵᠢᠩ ᠪᠠ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠮᠵᠢᠯᠴᠠᠨ ᠶᠠᠳᠠᠭᠤ ᠶᠢ | ᠲᠡᠳᠬᠦᠬᠦ ᠲᠥᠷᠥᠯ ᠵᠦᠢᠯ ᠢ ᠢᠳᠡᠪᠬᠢᠯᠡᠨ ᠡᠷᠡᠮᠡᠯᠵᠡᠵᠦ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠠᠪᠴᠠᠩ ᠢ | ᠪᠠᠶᠢᠭᠤᠯᠵᠤ᠂ ᠠᠯᠠᠱᠠ ᠵᠡᠭᠦᠨ ᠬᠤᠰᠢᠭᠤᠨ ᠤ ᠴᠢᠨᠠᠷᠯᠢᠭ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠪᠡᠭᠡᠵᠢᠩ ᠤᠨ ᠵᠠᠬ᠎ᠠ ᠳᠡᠯᠭᠡᠭᠦᠷ ᠲᠤ ᠣᠷᠣᠭᠤᠯᠬᠤ ᠶᠢ ᠪᠡᠶᠡᠯᠡᠭᠦᠯᠦᠨ᠎ᠡ᠃ ᠲᠠᠷᠢᠶᠠᠴᠢᠳ ᠪᠠ ᠠᠵᠤ | ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠠᠰᠢᠭ ᠲᠤᠰᠠ ᠶᠢᠨ ᠬᠠᠮᠲᠤᠷᠠᠯᠴᠠᠭ᠎ᠠ ᠶᠢᠨ ᠲᠣᠭᠲᠠᠴᠠ ᠶᠢ | ᠢᠳᠡᠪᠬᠢᠲᠡᠶ ᠪᠠᠶᠢᠭᠤᠯᠵᠤ᠂ ᠮᠠᠯᠴᠢᠨ ᠲᠠᠷᠢᠶᠠᠴᠢᠨ ᠳᠤ ᠨᠠᠩ ᠣᠯᠠᠨ ᠪᠣᠳᠠᠲᠤ ᠠᠰᠢᠭ ᠬᠦᠷᠲᠡᠭᠡᠨ᠎ᠡ᠃ | ᠠᠵᠤ ᠦᠶᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠨ᠎ᠡ᠃ | ᠵᠢᠯ ᠳᠤ 53.4 ᠳ᠋ᠦᠩᠰᠢᠭᠤᠷ ᠲᠦᠭᠦᠷᠢᠭ ᠤᠨ ᠬᠦᠷᠦᠩᠭᠡ ᠣᠷᠣᠭᠤᠯᠵᠣ᠂ ᠷᠦᠨ ᠱᠧᠩ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠲᠣᠰᠣ ᠪᠠ ᠬᠡᠶ ᠶᠢᠨ ᠠᠭᠤᠷᠬᠠᠶ ᠶᠢᠨ ᠬᠠᠶᠠᠭᠳᠠᠮᠠᠯ ᠪᠣᠳᠠᠰ ᠢ | ᠲᠥᠪᠯᠡᠷᠡᠭᠦᠯᠦᠨ ᠰᠢᠶᠳᠪᠦᠷᠢᠯᠡᠬᠦ᠂ ᠯᠦᠩ ᠱᠧᠩ ᠪᠠᠷᠢᠯᠭ᠎ᠠ ᠶᠢᠨ ᠮᠠᠲ᠋ᠧᠷᠢᠶᠠᠯ ᠪᠠᠷᠢᠯᠭ᠎ᠠ ᠶᠢᠨ ᠬᠤᠭ ᠨᠣᠪᠰᠢ ᠶᠢᠨ | ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠡᠷᠭᠡ 11 ᠲᠥᠷᠥᠯ ᠵᠦᠶᠯ ᠢ ᠰᠢᠨ᠎ᠡ ᠪᠠᠷ ᠪᠠᠶᠢᠭᠤᠯᠵᠤ᠂ ᠨᠢᠯᠬ᠎ᠠ | ᠬᠡᠦᠬᠡᠳ ᠤᠨ 2 ᠲᠦᠮᠡᠨ ᠲᠣᠨ ᠣᠷᠭᠠᠨᠢᠭ ᠰᠦᠨ ᠲᠠᠯᠬ᠎ᠠ ᠵᠡᠷᠭᠡ 10 ᠲᠥᠷᠥᠯ ᠵᠦᠶᠯ ᠢ ᠦᠷᠭᠦᠯᠵᠢᠯᠡᠨ | ᠪᠠᠶᠢᠭᠤᠯᠵᠤ᠂ ᠵᠤᠯᠵᠠᠭ᠎ᠠ ᠠᠯᠲᠠᠨ ᠤ ᠠᠵᠤ ᠦᠶᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠵᠤ᠂ ᠬᠠᠶᠠᠭᠳᠠᠮᠠᠯ | ᠴᠢᠯᠠᠭᠤ ᠶᠢ ᠳᠠᠬᠢᠨ ᠬᠤᠷᠢᠶᠠᠨ ᠦᠨᠡᠲᠦ ᠲᠡᠮᠦᠷᠯᠢᠭ ᠪᠣᠯᠭᠠᠬᠤ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ | ᠪᠠᠶᠠᠠᠨᠢᠷᠤᠭᠤᠨ ᠤ ᠭᠠᠵᠠᠷ ᠣᠷᠣᠨ ᠤ ᠪᠣᠷᠵᠢᠨ ᠴᠢᠯᠠᠭᠤᠨ ᠤ ᠬᠠᠶᠠᠭᠳᠠᠮᠠᠯ ᠡᠳ᠋ ᠢ ᠶᠡᠷᠦᠩᠬᠡᠶᠢᠯᠡᠨ ᠠᠰᠢᠭᠯᠠᠬᠤ ᠶᠢ | ᠥᠷᠨᠢᠭᠦᠯᠵᠦ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠯᠠᠱᠠ ᠠᠴᠠ ᠱᠠᠩᠬᠠᠢ ᠰᠦᠮ᠎ᠡ ᠬᠦᠷᠬᠦ 160 ᠲᠦᠮᠡᠨ | ᠺᠢᠯᠣᠸᠠᠲ ᠤᠨ ᠰᠠᠯᠬᠢᠨ ᠤ ᠡᠨᠧᠷᠭᠢ ᠪᠠᠷ ᠴᠠᠬᠢᠯᠭᠠᠨ ᠭᠠᠷᠭᠠᠬᠤ ᠢᠨᠵᠧᠨᠧᠷᠢᠩ᠂ ᠬᠤᠤ ᠶᠠ ᠪᠥᠯᠥᠭᠯᠡᠯ ᠤᠨ 500 | ᠺᠢᠯᠣᠸᠠᠲ ᠤᠨ ᠬᠦᠴᠦᠳᠡᠯ ᠬᠤᠪᠢᠰᠬᠠᠬᠤ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠶᠢᠨ ᠪᠤᠯᠠᠭ ᠲᠠᠯᠠᠰᠲᠤ ᠪᠠᠯ | ᠴᠢᠯᠠᠭᠤᠨ ᠤ ᠬᠦᠳᠡᠷ ᠢ ᠠᠰᠢᠭᠯᠠᠵᠤ ᠪᠣᠯᠪᠠᠰᠤᠷᠠᠭᠤᠯᠬᠤ ᠲᠥᠷᠥᠯ ᠵᠦᠢᠯ ᠢ ᠠᠬᠢᠭᠤᠯᠵᠤ᠂ ᠤᠮᠠᠷᠠᠲᠤ ᠶᠢᠨ ᠴᠢᠯᠠᠭᠤᠨ | ᠲᠣᠰᠤᠨ ᠤ ᠪᠥᠯᠥᠭᠯᠡᠯ ᠤᠨ ᠵᠢᠷᠠᠲᠠᠢ ᠶᠢᠨ ᠴᠢᠯᠠᠭᠤᠨ ᠲᠣᠰᠣᠨ ᠤ ᠠᠭᠤᠷᠬᠠᠢ ᠶᠢᠨ 40 ᠲᠦᠮᠡᠨ ᠲᠣᠨ ᠲᠦᠭᠦᠬᠡᠢ | ᠲᠣᠰᠣ ᠦᠢᠯᠡᠳᠪᠦᠷᠢᠯᠡᠬᠦ ᠴᠢᠳᠠᠪᠬᠢ ᠶᠢ ᠪᠤᠢ ᠪᠣᠯᠭᠠᠨ᠎ᠠ᠃ ᠥᠯᠵᠡᠶ — ᠢᠩᠭᠡᠨ — ᠣᠯᠠᠨᠪᠤᠯᠠᠭ 400 ᠲᠦᠮᠡᠨ | ᠺᠢᠯᠣᠸᠠᠲ ᠤᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ | ᠣᠯᠠᠨᠪᠤᠯᠠᠭ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ 100 ᠲᠦᠮᠡᠨ ᠲᠣᠨ ᠤ ᠪᠠᠷᠤᠭᠰᠢᠨ | ᠦᠢᠯᠡᠳᠪᠦᠷᠢᠯᠡᠯ ᠤᠨ ᠲᠥᠷᠥᠯ ᠵᠦᠢᠯ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠦᠨ᠎ᠡ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠪᠠᠶᠠᠨᠬᠤᠲᠠ ᠶᠢᠨ ᠣᠷᠣᠰᠢᠨ | ᠰᠠᠭᠤᠬᠤ ᠳᠤ ᠲᠣᠬᠢᠷᠠᠮᠵᠢᠲᠠᠶ ᠦᠶᠯᠡᠰ ᠪᠦᠲᠦᠭᠡᠬᠦ ᠳᠤ ᠲᠣᠬᠢᠷᠠᠮᠵᠢᠲᠠᠶ ᠠᠶᠠᠯᠠᠯ ᠵᠢᠭᠤᠯᠴᠢᠯᠠᠯ ᠤᠨ ᠬᠤᠲᠠ ᠶᠢᠨ | ᠪᠥᠲᠥᠭᠡᠨ ᠪᠠᠶᠢᠭᠤᠯᠤᠯᠲᠠ ᠶᠢ ᠠᠬᠢᠭᠤᠯᠬᠤ ᠪᠠᠷ ᠭᠤᠣᠯ ᠪᠣᠯᠭᠠᠵᠤ᠂ ︽ᠨᠢᠭᠡ ᠬᠦᠷᠢᠶᠡᠯᠡᠩ ᠬᠤᠶᠠᠷ ᠨᠠᠭᠤᠷ ᠨᠢᠭᠡ | ᠡᠷᠲᠡᠨ ᠤ ᠬᠤᠲᠠ︾ ᠶᠢᠨ 4 A ᠳᠡᠰ ᠤᠨ ᠠᠶᠠᠯᠠᠯ ᠵᠢᠭᠤᠯᠴᠢᠯᠠᠯ ᠤᠨ ᠲᠥᠪᠯᠡᠷᠡᠯ᠂ ᠠᠯᠠᠱᠠ ᠠᠭᠤᠯᠠᠨ ᠤ | ᠪᠠᠷᠠᠭᠤᠨ ᠬᠤᠷᠮᠣᠶ ᠶᠢᠨ ᠠᠮᠢ ᠠᠬᠤᠶ ᠶᠢᠨ ᠠᠶᠠᠯᠠᠯ ᠵᠢᠭᠤᠯᠴᠢᠯᠠᠯ ᠤᠨ ᠣᠷᠣᠨ᠂ ᠠᠯᠠᠱᠠ ᠠᠭᠤᠯᠠᠨ ᠤ ᠣᠶ ᠰᠢᠭᠤᠶ | ᠶᠢᠨ ᠡᠷᠡᠭᠦᠯᠵᠢᠯ ᠰᠤᠪᠢᠯᠠᠯᠲᠠ ᠶᠢᠨ ᠠᠮᠢ ᠠᠬᠤᠶ ᠶᠢᠨ ᠠᠶᠠᠯᠠᠯ ᠵᠢᠭᠤᠯᠴᠢᠯᠠᠯ ᠤᠨ ᠣᠷᠣᠨ ᠢ ᠪᠠᠶᠢᠭᠤᠯᠤᠨ᠎ᠠ᠃ | ᠣᠯᠠᠨᠪᠤᠯᠠᠭ ᠠᠶᠠᠯᠠᠯ ᠵᠢᠭᠤᠯᠴᠢᠯᠠᠯ ᠤᠨ ᠣᠷᠣᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠵᠦ᠂ ᠡᠯᠡᠰᠦᠨ ᠴᠦᠯ ᠤᠨ ᠬᠠᠴᠢᠨ ᠴᠢᠯᠠᠭᠤᠨ ᠤ ᠠᠵᠤ ᠦᠢᠯᠡᠰ ᠤᠨ ᠬᠦᠷᠢᠶᠡᠯᠡᠩ ᠤᠨ ᠰᠣᠶᠣᠯ | ᠠᠶᠠᠯᠠᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠠᠬᠢᠭᠤᠯᠤᠨ᠎ᠠ᠃ ᠳᠡᠨᠵᠢ ᠶᠢᠨ | ᠫᠦᠰᠡ ᠬᠤᠪᠢᠰᠬᠠᠯᠲᠤ ᠰᠣᠶᠣᠯ ᠤᠨ ᠭᠤᠤᠯ ᠰᠡᠳᠦᠪᠲᠦ ᠬᠥᠮᠦᠵᠢᠯ ᠤᠨ ᠦᠶᠯᠡᠳᠦᠯᠭᠡ ᠶᠢᠨ ᠰᠠᠭᠤᠷᠢᠨ᠂ ︽ᠠᠯᠠᠱᠠ | ᠶᠢᠨ ᠢᠨᠲ᠋ᠧᠷᠨᠠᠼᠢᠣᠨᠠᠯ ᠤᠨ ᠨᠢᠭᠤᠴᠠ ᠵᠠᠮ︾ ᠬᠤᠪᠢᠰᠬᠠᠯᠲᠤ ᠵᠢᠭᠤᠯᠴᠢᠯᠠᠯ ᠤᠨ ᠱᠤᠭᠤᠮ ᠢ ᠴᠣᠭᠴᠠᠯᠠᠨ᠎ᠠ᠃ | ᠪᠠᠶᠢᠭᠠᠯᠢ ᠶᠢᠨ ᠠᠮᠢ ᠠᠬᠤᠶ ᠪᠠ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠶᠴᠡᠳ ᠪᠠᠳᠠᠷᠠᠭᠤᠯᠵᠤ᠂ ︽ | ᠬᠠᠨ ᠲᠡᠭᠷᠢ ᠠᠯᠠᠱᠠ︾ ︽ᠠᠯᠠᠱᠠ ᠶᠢᠨ ᠪᠠᠭᠠᠲᠤᠷᠴᠤᠳ ᠤᠨ ᠴᠤᠭᠯᠭᠠᠨ︾ ︽ᠳᠤᠮᠳᠠᠳᠤ ᠤᠯᠤᠰ ᠤᠨ ᠦᠵᠡᠮᠦᠷᠢ | ᠶᠢᠨ ᠴᠢᠯᠠᠭᠤᠨ ᠤ ᠬᠤᠲᠠ︾ ᠵᠡᠷᠭᠡ ᠭᠤᠤᠯᠳᠠᠯᠭ᠎ᠠ ᠲᠠᠢ ᠠᠶᠠᠯᠠᠯ ᠵᠢᠭᠤᠯᠴᠢᠯᠠᠯ ᠤᠨ ᠨᠠᠷᠠᠲᠤ ᠲᠡᠮᠳᠡᠭ ᠤᠨ | ᠲᠣᠭᠤᠷᠢᠨ ᠳᠤ᠂ ᠮᠠᠰᠢᠨ ᠲᠡᠷᠭᠡᠨ ᠤ ᠤᠷᠤᠯᠳᠤᠭᠠᠨ᠂ ᠬᠡᠭᠡᠷ᠎ᠡ ᠭᠠᠳᠠᠨ᠎ᠠ ᠶᠢᠨ ᠪᠡᠶᠡᠴᠢᠯᠡᠨ ᠣᠶᠢᠯᠠᠭᠠᠬᠤ ᠭᠠᠵᠠᠷ᠂ | ᠠᠮᠢ ᠠᠬᠤᠶ ᠶᠢᠨ ᠡᠷᠡᠭᠦᠯᠵᠢᠯ ᠰᠤᠪᠢᠯᠠᠯᠲᠠ ᠶᠢᠨ ᠭᠠᠵᠠᠷ᠂ ᠰᠤᠷᠭᠠᠨ ᠬᠥᠮᠦᠵᠢᠯ ᠤᠨ ᠰᠤᠳᠤᠯᠭᠠᠨ ᠤ ᠭᠠᠵᠠᠷ ᠵᠡᠷᠭᠡ | ᠣᠨᠴᠠᠯᠢᠭᠲᠤ ᠠᠶᠠᠯᠠᠯ ᠵᠢᠭᠤᠯᠴᠢᠯᠠᠯ ᠢ ᠠᠭᠤᠰᠤᠯᠴᠠᠨ ᠬᠥᠭᠵᠢᠭᠦᠯᠦᠨ᠎ᠡ᠃ ᠤᠯᠤᠰ ᠤᠨ ᠲᠠᠰ ᠤᠨ ᠪᠥᠬᠦ ᠣᠷᠣᠨ | ᠪᠦᠰᠡ ᠶᠢᠨ ᠠᠶᠠᠯᠠᠯ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠠ ᠪᠠᠶᠠᠨᠬᠤᠲᠠ ᠶᠢᠨ ᠥᠪᠡᠷᠲᠡᠭᠡᠨ ᠵᠠᠰᠠᠬᠤ | ᠣᠷᠣᠨ ᠤ ᠲᠠᠰ ᠤᠨ ᠠᠶᠠᠯᠠᠯ ᠵᠢᠭᠤᠯᠴᠢᠯᠠᠯ ᠠᠮᠠᠷᠠᠯᠲᠠ ᠶᠢᠨ ᠣᠷᠣᠨ ᠢ ᠲᠦᠷᠭᠡᠳᠬᠡᠨ ᠡᠭᠦᠳᠦᠨ ᠪᠠᠶᠢᠭᠤᠯᠤᠨ᠎ᠠ᠃ | ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢᠨ ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠶ ᠪᠠ ᠰᠣᠶᠣᠯ ᠤᠨ | ᠡᠭᠦᠳᠦᠯᠲᠡ ᠶᠢᠨ ᠠᠵᠤ ᠦᠶᠯᠡᠰ ᠢ ᠬᠥᠭᠵᠢᠭᠦᠯᠦᠨ᠎ᠡ᠃ ︽ᠴᠠᠬᠢᠮ ᠢᠶᠠᠷ ᠠᠪᠬᠤ︾ ︽ᠱᠧᠩ ᠴᠤᠸᠠᠩ ᠰᠢᠯᠢᠳᠡᠭ | ᠰᠣᠩᠭᠤᠯᠲᠠ︾ ᠵᠡᠷᠭᠡ ᠴᠠᠬᠢᠮ ᠬᠤᠳᠠᠯᠳᠤᠭᠠᠨ ᠤ ᠲᠠᠪᠴᠠᠩ ᠤᠨ ᠬᠥᠭᠵᠢᠯᠲᠡ ᠶᠢ ᠲᠡᠳᠬᠦᠨ ᠳᠡᠮᠵᠢᠨ᠎ᠡ᠃ | ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ ᠲᠣᠭᠲᠠᠪᠤᠷᠢᠲᠠᠢ ᠪᠠᠷ ᠨᠡᠮᠡᠭᠳᠡᠭᠦᠯᠦᠨ᠎ᠡ᠃ | ︵ᠭᠤᠷᠪᠠ︶ ᠬᠥᠭᠵᠢᠯᠲᠡ ᠶᠢᠨ ᠰᠠᠭᠤᠷᠢ ᠨᠥᠬᠦᠴᠡᠯ ᠢ ᠲᠠᠰᠤᠷᠠᠯᠲᠠ ᠥᠬᠡᠶ ᠪᠠᠬᠢᠵᠢᠭᠦᠯᠵᠦ᠂ ᠬᠤᠲᠠ ᠬᠥᠳᠡᠭᠡ | ᠶᠢᠨ ᠣᠶᠠᠯᠳᠣᠨ ᠬᠦᠭᠵᠢᠬᠦ ᠶᠢ ᠦᠷᠭᠦᠯᠵᠢᠯᠡᠨ ᠠᠬᠢᠭᠤᠯᠣᠨ᠎ᠠ | ᠭᠤᠤᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠪᠠᠶᠠᠨᠬᠤᠲᠠ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠠᠵᠢᠯ ᠢ ᠡᠬᠢᠯᠡᠭᠦᠯᠦᠨ ᠪᠠᠶᠢᠭᠤᠯᠵᠤ᠂ ᠠᠵᠢᠯ | ᠡᠭᠦᠷᠭᠡ ᠶᠢᠨ ᠨᠢᠰᠬᠡᠯ ᠤᠨ ᠪᠠᠭᠤᠳᠠᠯ ᠢ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠪᠣᠯᠭᠠᠨ ᠳᠡᠰ ᠳᠡᠪᠰᠢᠭᠦᠯᠬᠦ | ᠲᠥᠷᠥᠯ ᠵᠦᠢᠯ ᠢ ᠬᠡᠷᠡᠭᠵᠢᠭᠦᠯᠦᠨ᠎ᠡ᠃ ᠵᠢᠯ ᠳᠤ 13 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ G | 1817 ᠪᠠᠶᠠᠨᠬᠤᠳᠤᠭ ᠠᠴᠠ ᠪᠠᠶᠠᠨᠬᠤᠲᠠ ᠬᠦᠷᠬᠦ ᠬᠡᠰᠡᠭ᠂ G 331 ᠱᠤᠭᠤᠮ ᠤᠨ ᠬᠤᠶᠢᠲᠤ ᠢᠩᠭᠡᠨ ᠠᠴᠠ | ᠵᠠᠮ ᠤᠨ ᠬᠤᠳᠳᠤᠭ ᠬᠦᠷᠬᠦ ᠵᠡᠷᠭᠡ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠡᠷᠡᠭᠵᠢᠭᠦᠯᠦᠨ᠎ᠡ᠃ 2.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ | ᠢ ᠰᠢᠨ᠎ᠡ ᠪᠠᠷ ᠪᠠᠶᠢᠭᠤᠯᠬᠤ᠂ ᠵᠠᠰᠠᠨ ᠰᠢᠨᠡᠴᠢᠯᠡᠬᠦ ᠲᠥᠷᠦᠯ ᠵᠦᠢᠯ ᠢ ᠬᠡᠷᠡᠭᠵᠢᠭᠦᠯᠵᠦ᠂ ᠠᠵᠤ ᠦᠢᠯᠡᠰ ᠤᠨ ᠵᠠᠮ᠂ | ᠵᠢᠭᠤᠯᠴᠢᠯᠠᠯ ᠤᠨ ᠵᠠᠮ ᠵᠡᠷᠭᠡ ᠵᠠᠮ ᠤᠨ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠵᠠᠮ ᠢ ᠨᠡᠶᠢᠳᠡᠮ ᠨᠡᠪᠲᠡᠷᠡᠭᠦᠯᠦᠨ᠎ᠡ᠃ ᠣᠪᠣᠭᠠᠨ ᠭᠤᠤ ᠶᠢᠨ ᠦᠶᠡᠷ ᠢ | ᠰᠡᠷᠭᠡᠶᠢᠯᠡᠬᠦ᠂ ᠠᠶᠤᠯ ᠡᠷᠡᠰᠳᠡᠯ ᠲᠠᠢ ᠤᠰᠤᠨ ᠴᠥᠭᠦᠷᠥᠮ ᠢ ᠰᠡᠯᠪᠢᠨ ᠵᠠᠰᠠᠬᠤ᠂ ᠤᠤᠭᠤᠬᠤ ᠤᠰᠤᠨ ᠤ ᠠᠮᠤᠷ | ᠲᠦᠪᠰᠢᠨ ᠵᠢᠴᠢ ᠭᠠᠩ ᠬᠠᠭᠰᠠᠷᠠᠭᠠᠨ ᠲᠠᠢ ᠲᠡᠮᠡᠴᠡᠬᠦ ᠤᠰᠤᠨ ᠰᠤᠷᠪᠤᠯᠵᠢ ᠶᠢᠨ ᠢᠨᠵᠧᠨᠧᠷᠢᠩ ᠢ ᠬᠡᠷᠡᠭᠵᠢᠭᠦᠯᠵᠦ᠂ | ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠠᠶᠤᠯ ᠦᠭᠡᠶ ᠠᠵᠢᠯᠯᠠᠭᠠᠨ ᠢ ᠦᠨᠡᠨᠬᠦ ᠪᠠᠲᠤᠯᠠᠨ᠎ᠠ᠃ 6774 | ᠲᠦᠮᠡᠨ ᠲᠥᠭᠦᠷᠢᠭ ᠤᠨ ᠪᠡᠯᠡ ᠣᠷᠣᠭᠤᠯᠵᠤ᠂ ᠴᠠᠬᠢᠯᠭᠠᠨ ᠬᠦᠴᠦᠨ ᠤ ᠲᠣᠣᠷ ᠲᠣᠬᠢᠷᠠᠭᠤᠯᠬᠤ ᠲᠥᠷᠥᠯ ᠵᠦᠢᠯ ᠢ | ᠬᠡᠷᠡᠭᠵᠢᠭᠦᠯᠦᠨ᠎ᠡ᠃ LNG ᠠᠷᠭᠠᠴᠠᠭᠠᠬᠤ ᠨᠥᠭᠡᠴᠡ ᠲᠥᠬᠦᠭᠡᠷᠦᠮᠵᠢ ᠵᠡᠷᠭᠡ ᠶᠢᠨ ᠲᠥᠷᠥᠯ ᠵᠦᠶᠯ ᠢ | ᠦᠷᠭᠦᠯᠵᠢᠯᠡᠨ ᠶᠠᠪᠤᠭᠳᠠᠭᠤᠯᠤᠨ᠎ᠠ᠃ 5 G ᠰᠠᠭᠤᠷᠢ ᠥᠷᠲᠡᠭᠡ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ 5 | G ᠴᠢᠮᠡᠭᠡ ᠬᠤᠯᠪᠣᠭᠠᠨ ᠤ ᠳᠣᠬᠢᠶ᠎ᠠ ᠪᠠᠷ ᠦᠶᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ | ᠴᠢᠷᠮᠠᠶᠢᠨ᠎ᠠ᠃ | ᠬᠤᠲᠠ ᠪᠠᠯᠭᠠᠰᠤᠨ ᠤ ᠰᠠᠭᠤᠷᠢᠰᠢᠬᠤ ᠳᠤ ᠲᠣᠬᠢᠷᠠᠮᠵᠢᠲᠠᠢ ᠬᠢᠷᠢ ᠲᠦᠪᠰᠢᠨ ᠢ ᠡᠷᠴᠢᠮᠲᠠᠢ ᠳᠡᠭᠡᠭᠰᠢᠯᠡᠭᠦᠯᠦᠨ᠎ᠡ᠃ 7. | 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ 13 | ᠭᠤᠣᠯᠳᠠᠯᠭ᠎ᠠ ᠲᠠᠢ ᠲᠥᠷᠦᠯ ᠵᠦᠢᠯ ᠢ ᠬᠡᠷᠡᠭᠵᠢᠭᠦᠯᠦᠨ᠎ᠡ᠃ ᠬᠤᠲᠠ ᠶᠢᠨ ᠴᠢᠳᠠᠪᠬᠢ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠪᠠᠶᠠᠨᠬᠤᠲᠠ ᠶᠢᠨ ᠬᠤᠲᠠ ᠶᠢᠨ ᠲᠣᠭᠤᠷᠢᠭ ᠤᠨ ᠤᠰᠤ ᠬᠠᠩᠭᠠᠵᠤ ᠭᠠᠳᠠᠭᠰᠢᠯᠠᠭᠤᠯᠬᠤ | ᠬᠤᠭᠤᠯᠠᠢ ᠲᠣᠣᠷ ᠢ ᠥᠭᠡᠷᠡᠴᠢᠯᠡᠬᠦ ᠵᠢᠴᠢ ᠤᠰᠤᠨ ᠤ ᠴᠢᠨᠠᠷ ᠢ ᠳᠡᠭᠡᠭᠰᠢᠯᠡᠭᠦᠯᠵᠦ᠂ ᠤᠰᠤᠨ ᠤ ᠬᠤᠭᠤᠯᠠᠢ ᠳᠠᠬᠢ | ᠤᠰᠤᠨ ᠤ ᠬᠤᠷᠣᠭᠳᠠᠯ ᠢ ᠬᠦᠴᠦᠯᠡᠨ ᠪᠠᠭᠠᠰᠬᠠᠨ᠎ᠠ᠃ ᠪᠣᠬᠢᠷ ᠤᠰᠤ ᠶᠢ ᠴᠡᠪᠡᠷᠰᠢᠭᠦᠯᠦᠨ ᠲᠡᠰ ᠳᠡᠪᠰᠢᠭᠦᠯᠬᠦ | ᠥᠭᠡᠷᠡᠴᠢᠯᠡᠯᠲᠡ᠂ ᠪᠠᠶᠢᠭᠠᠯᠢ ᠶᠢᠨ ᠰᠢᠲᠠᠮᠠᠬᠠᠢ ᠬᠡᠢ ᠶᠢ ᠶᠡᠷᠦᠩᠬᠡᠶᠢᠯᠡᠨ ᠠᠰᠢᠭᠯᠠᠬᠤ ᠪᠠ ᠬᠤᠲᠠ ᠶᠢᠨ ᠲᠣᠭᠤᠷᠢᠭ ᠤᠨ | ᠨᠢᠭᠡᠳᠦᠯᠲᠡᠢ ᠳᠤᠯᠠᠭᠠᠯᠠᠭ᠎ᠠ ᠬᠠᠩᠭᠠᠬᠤ ᠬᠤᠭᠤᠯᠠᠢ ᠲᠣᠣᠷ ᠵᠡᠷᠭᠡ ᠲᠥᠷᠦᠯ ᠵᠦᠢᠯ ᠢ ᠪᠡᠶᠡᠯᠡᠭᠦᠯᠦᠨ᠎ᠡ᠃ 650 | ᠪᠦᠷᠭᠡ ᠭᠡᠷ ᠤᠨ ᠲᠣᠭᠤᠷᠢᠭ ᠤᠨ ᠣᠷᠣᠨ ᠰᠠᠭᠤᠴᠠ᠂ 21 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ | ᠰᠢᠨᠡᠴᠢᠯᠡᠨ ᠰᠢᠨᠡᠳᠬᠡᠵᠦ᠂ ᠬᠤᠲᠠ ᠪᠠᠯᠭᠠᠰᠤᠨ ᠤ ᠰᠠᠭᠤᠷᠢᠰᠢᠯ ᠤᠨ ᠨᠥᠬᠦᠴᠡᠯ ᠢ ᠰᠠᠶᠢᠵᠢᠷᠠᠭᠤᠯᠤᠨ᠎ᠠ᠃ ᠲᠥᠷᠥ | ᠶᠢᠨ ᠪᠣᠳᠣᠯᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ | ᠵᠣᠷᠢᠭᠵᠢᠭᠤᠯᠵᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠩᠭᠠᠯᠭ᠎ᠠ ᠶᠢ ᠥᠷᠭᠡᠳᠬᠡᠨ᠎ᠡ᠃ ᠡᠶ᠎ᠡ | ᠵᠣᠬᠢᠴᠠᠯᠳᠤ ᠵᠠᠮ ᠵᠡᠷᠭᠡ ᠬᠤᠲᠠ ᠶᠢᠨ ᠮᠤᠬᠤᠷ ᠵᠠᠮ ᠢ ᠨᠡᠪᠲᠡᠷᠡᠭᠦᠯᠵᠦ᠂ ᠴᠡᠴᠡᠷᠯᠢᠭᠵᠢᠭᠦᠯᠦᠭᠰᠡᠨ ᠣᠶᠤᠨᠴᠢ | ᠬᠠᠮᠢᠶᠠᠷᠤᠯᠲᠠ ᠲᠠᠢ ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠤᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠵᠦ᠂ 2 ᠣᠶᠤᠨᠴᠢ ᠲᠣᠭᠤᠷᠢᠭ ᠪᠠ 4 ᠵᠢᠱᠢᠶᠡᠴᠢ ᠲᠣᠭᠤᠷᠢᠭ ᠢ ᠡᠭᠦᠳᠦᠨ | ᠪᠠᠶᠢᠭᠤᠯᠤᠨ᠎ᠠ᠃ ︽ᠤᠯᠤᠰ ᠤᠨ ᠳᠡᠰ ᠤᠨ ᠴᠡᠴᠡᠷᠯᠢᠭᠲᠦ ᠬᠤᠰᠢᠭᠤ ᠰᠢᠶᠡᠨ︾ ᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ 2450 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠨᠠᠨ ᠲᠢᠶᠠᠨ | ᠲᠤᠰᠬᠤᠨ ᠤ ᠠᠮᠢ ᠠᠬᠤᠶ ᠶᠢ ᠵᠠᠰᠠᠨ ᠰᠢᠨᠡᠴᠢᠯᠡᠬᠦ ᠵᠡᠷᠭᠡ 3 ᠲᠥᠷᠥᠯ ᠵᠦᠶᠯ ᠢ ᠬᠡᠷᠡᠭᠵᠢᠭᠦᠯᠦᠨ᠎ᠡ᠃ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠡᠷᠴᠢᠮᠲᠡᠢ ᠠᠬᠢᠭᠤᠯᠵᠤ᠂ ᠬᠤᠲᠠ ᠶᠢᠨ ᠥᠩᠭᠡ ᠲᠥᠷᠬᠦ ᠪᠠ | ᠰᠣᠶᠣᠯ ᠤᠨ ᠠᠭᠤᠯᠤᠭᠳᠠᠬᠤᠨ ᠤ ᠬᠤᠤᠰ ᠳᠡᠭᠡᠭᠰᠢᠯᠡᠯᠲᠡ ᠶᠢ ᠪᠡᠶᠡᠯᠡᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ | ᠶᠠᠳᠠᠭᠤᠷᠠᠯ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠰᠠᠶᠢᠲᠤᠷ ᠬᠢᠵᠦ᠂ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠲᠣᠭᠲᠠᠪᠤᠷᠢᠲᠠᠢ ᠪᠠᠶᠢᠬᠤ ᠶᠢ ᠪᠠᠲᠤᠯᠠᠨ᠎ᠠ᠃ | ᠮᠠᠯᠵᠢᠬᠤ ᠲᠠᠷᠢᠶᠠᠯᠠᠬᠤ ᠣᠷᠣᠨ ᠤ ᠰᠠᠭᠤᠷᠢᠰᠢᠯ ᠤᠨ ᠨᠥᠬᠦᠴᠡᠯ ᠢ ᠵᠠᠰᠠᠨ ᠴᠡᠭᠴᠡᠯᠡᠬᠦ ᠠᠵᠢᠯ ᠢ ᠦᠷᠭᠦᠯᠵᠢᠯᠡᠨ | ᠥᠷᠨᠢᠭᠦᠯᠵᠦ᠂ 300 ᠡᠷᠦᠬᠡ ᠶᠢᠨ ᠵᠣᠷᠯᠣᠩ ᠢ ᠰᠢᠨᠡᠴᠢᠯᠡᠨ᠂ 5 ᠰᠠᠭᠤᠷᠢ ᠨᠡᠶᠢᠲᠡ ᠶᠢᠨ ᠵᠣᠷᠯᠣᠩ ᠢ ᠰᠢᠨ᠎ᠡ ᠪᠠᠷ | ᠪᠠᠶᠢᠭᠤᠯᠤᠨ᠎ᠠ᠃ ᠠᠮᠢᠳᠤᠷᠠᠯ ᠤᠨ ᠬᠤᠭ ᠨᠣᠪᠰᠢ ᠶᠢᠨ ᠵᠠᠰᠠᠯᠲᠠ ᠶᠢ ᠠᠬᠢᠭᠤᠯᠵᠤ᠂ 2 ᠰᠠᠭᠤᠷᠢ ᠬᠤᠭ ᠨᠣᠪᠰᠢ | ᠰᠢᠢᠳᠪᠦᠷᠢᠯᠡᠬᠦ ᠥᠷᠲᠡᠭᠡ ᠶᠢ ᠰᠢᠨ᠎ᠡ ᠪᠠᠷ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 3 | ᠲᠤᠷᠰᠢᠯᠲᠠ ᠶᠢᠨ ᠭᠠᠴᠠᠭ᠎ᠠ ᠲᠣᠰᠬᠤᠨ ᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠴᠡᠭ ᠲᠤ ᠴᠠᠬᠢᠮᠴᠢᠯᠠᠯᠲᠠ | ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠭᠠᠴᠠᠭ᠎ᠠ | ᠲᠣᠰᠬᠤᠨ ᠤ ᠠᠷᠠᠳ ᠤᠨ ᠥᠪᠡᠷ ᠲᠡᠭᠡᠨ ᠵᠠᠰᠠᠬᠤ ᠦᠶᠯᠡᠳᠦᠯᠭᠡ ᠶᠢ ᠭᠦᠨᠵᠡᠭᠡᠶᠢᠷᠡᠭᠦᠯᠵᠦ᠂ 5 ᠪᠣᠯᠪᠠᠰᠤᠨ | ᠪᠦᠯᠬᠦᠮᠳᠡᠯ ᠤᠨ ᠬᠡᠲᠦ ᠳᠡᠯᠭᠡᠭᠦᠷ᠂ 3 ᠬᠠᠮᠲᠤᠷᠠᠨ ᠰᠡᠷᠭᠡᠶᠢᠯᠡᠬᠦ ︽ᠳᠤᠭᠤᠶᠢᠯᠠᠩ︾ ᠤᠨ ᠠᠩᠭᠢ ᠶᠢ ᠳᠢᠭ ᠵᠢᠷᠤᠮ | ᠲᠠᠢ ᠠᠵᠢᠯᠯᠠᠭᠤᠯᠤᠨ᠎ᠠ᠃ ᠣᠳᠣᠨ ᠲᠠᠰ ᠤᠨ ᠪᠣᠯᠪᠠᠰᠤᠨ ᠡᠷᠦᠬᠡ᠂ ᠪᠣᠯᠪᠠᠰᠤᠨ ᠬᠡᠷ ᠪᠦᠯᠢ᠂ ᠶᠣᠰᠣ ᠰᠤᠷᠲᠠᠬᠤᠨ ᠤ | ᠵᠢᠱᠢᠶᠡᠴᠢ ᠵᠡᠷᠭᠡ ᠶᠢ ᠰᠢᠯᠭᠠᠷᠠᠭᠤᠯᠬᠤ ᠠᠵᠢᠯᠯᠠᠭ᠎ᠠ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠢ ᠨᠡᠮᠡᠷᠢᠯᠡᠨ᠎ᠡ᠃ | ︵ᠲᠦᠷᠪᠡ︶ ᠭᠤᠷᠪᠠᠨ ᠶᠡᠭᠡ ᠶᠠᠪᠤᠳᠠᠯ ᠢ ᠡᠷᠡᠰ ᠲᠤᠤᠱᠲᠠᠢ ᠠᠳᠬᠤᠵᠤ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ | ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠰᠡᠷᠭᠦᠭᠡᠯᠲᠡ ᠶᠢ ᠳᠡᠭᠡᠭᠰᠢᠯᠡᠭᠦᠯᠦᠨ᠎ᠡ᠃ 38 ᠲᠦᠮᠡᠨ ᠮᠦ | ᠣᠶᠢᠵᠢᠭᠤᠯᠵᠤ᠂ 50 ᠲᠦᠮᠡᠨ ᠰᠠᠭᠤᠷᠢ ᠠᠯᠪᠠᠨ ᠵᠢᠷᠤᠮ ᠤᠨ ᠣᠶᠢᠵᠢᠭᠤᠯᠤᠯᠲᠠ ᠶᠢᠨ ᠠᠵᠢᠯᠯᠠᠭ᠎ᠠ ᠥᠷᠨᠢᠭᠦᠯᠵᠦ᠂ | 5 ᠲᠦᠮᠡᠨ ᠮᠦ ᠬᠥᠮᠦᠨ ᠤ ᠬᠦᠴᠦ ᠪᠠᠷ ᠡᠪᠡᠰᠦ ᠲᠠᠷᠢᠬᠤ᠂ 1 ᠲᠦᠮᠡᠨ ᠮᠦ ᠬᠤᠣᠷᠲᠤ ᠡᠪᠡᠰᠦ ᠶᠢ ᠰᠡᠷᠭᠡᠶᠢᠯᠡᠨ | ᠵᠠᠰᠠᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠬᠦᠨᠳᠦ ᠨᠣᠴᠢᠲᠠᠶ ᠴᠥᠯᠡᠷᠬᠡᠭᠵᠢᠭᠰᠡᠨ᠂ 7.26 ᠲᠦᠮᠡᠨ | ᠮᠥ ᠳᠤᠮᠳᠠ ᠵᠡᠷᠭᠡ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ | ᠪᠡᠶᠡᠯᠡᠭᠦᠯᠦᠨ᠎ᠡ᠃ ᠵᠠᠭᠲᠤ ᠶᠢᠨ ᠤᠯᠤᠰ ᠤᠨ ᠳᠡᠰ ᠤᠨ ᠲᠠᠴᠢᠷᠳᠠᠯ ᠠᠴᠠ ᠬᠠᠮᠠᠭᠠᠯᠠᠬᠤ ᠣᠷᠣᠨ ᠤ ᠲᠥᠷᠥᠯ ᠵᠦᠢᠯ | ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠦᠨ᠎ᠡ᠃ 5 ᠲᠦᠮᠡᠨ ᠮᠦ ᠲᠠᠯ᠎ᠠ ᠨᠤᠲᠤᠭ ᠤᠨ ᠠᠮᠢ | ᠠᠬᠤᠢ ᠶᠢ ᠰᠡᠷᠭᠦᠭᠡᠬᠦ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠲᠥᠷᠦᠯ | ᠵᠦᠢᠯ ᠢ ᠪᠡᠶᠡᠯᠡᠭᠦᠯᠦᠨ᠎ᠡ᠃ ᠠᠯᠠᠱᠠ ᠠᠭᠤᠯᠠᠨ ᠤ ᠠᠮᠢ ᠠᠬᠤᠶ ᠶᠢᠨ ᠬᠤᠩᠭᠢᠯ ᠪᠠ ᠠᠯᠠᠱᠠ ᠠᠭᠤᠯᠠᠨ ᠤ ᠤᠯᠤᠰ ᠤᠨ | ᠴᠡᠴᠡᠷᠯᠢᠭ ᠢ ᠪᠦᠲᠦᠭᠡᠨ ᠪᠠᠶᠢᠭᠤᠯᠤᠨ᠎ᠠ᠃ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ | ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ ᠵᠠᠰᠠᠨ ᠴᠡᠭᠴᠡᠯᠡᠬᠦ ᠠᠵᠢᠯᠯᠠᠭ᠎ᠠ ᠶᠢ ᠡᠷᠴᠢᠮᠲᠡᠢ ᠥᠷᠨᠢᠭᠦᠯᠵᠦ᠂ | ᠣᠶ ᠶᠢᠨ ᠳᠠᠷᠤᠭ᠎ᠠ ᠶᠢᠨ ᠲᠦᠷᠢᠮ᠂ ᠡᠪᠡᠰᠦᠨ ᠤ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠬᠥᠬᠡ ᠲᠡᠭᠷᠢ᠂ ᠬᠥᠬᠡᠮᠳᠦᠭ ᠤᠰᠤ᠂ ᠠᠷᠢᠭᠤᠨ ᠬᠥᠷᠥᠰᠥ ᠶᠢ | ᠬᠠᠮᠠᠭᠠᠯᠠᠬᠤ ᠳᠠᠶᠢᠯᠠᠯᠳᠤᠭᠠᠨ ᠳᠤ ᠢᠯᠠᠯᠲᠠ ᠣᠯᠬᠤ ᠪᠠᠷ ᠴᠢᠷᠮᠠᠶᠢᠨ ᠠᠵᠢᠯᠯᠠᠨ᠎ᠠ᠃ ᠤᠰᠤᠨ ᠤ ᠡᠬᠢ ᠪᠠᠶᠠᠯᠢᠭ ᠤᠨ | ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠬᠡᠲᠦᠷᠡᠲᠡᠯ᠎ᠡ ᠮᠠᠯᠲᠠᠭᠰᠠᠨ ᠣᠷᠣᠨ ᠤ | ᠵᠠᠰᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠥᠪᠵᠢᠭᠦᠯᠭᠡ ᠪᠠ ᠬᠡᠷᠡᠭᠯᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ︽ᠵᠢᠷᠤᠭ ᠲᠥᠰᠥᠪ︾ ᠢ ᠪᠠᠶᠢᠭᠤᠯᠤᠨ᠎ᠠ᠃ ᠭᠠᠵᠠᠷ | ᠰᠢᠨᠵᠢᠯᠡᠭᠡᠨ ᠤ ᠣᠷᠴᠢᠨ ᠲᠣᠭᠤᠷᠢᠨ ᠪᠠ ᠭᠠᠵᠠᠷ ᠬᠥᠷᠥᠰᠥ ᠶᠢ ᠳᠠᠬᠢᠨ ᠬᠠᠭᠠᠯᠪᠤᠷᠢᠯᠠᠬᠤ ᠶᠢ ᠵᠠᠰᠠᠨ ᠴᠡᠭᠴᠡᠯᠡᠬᠦ | ᠠᠵᠢᠯ ᠢ ᠲᠤᠤᠱᠲᠠᠢ ᠬᠢᠨ᠎ᠡ᠃ ᠬᠠᠲᠤᠨ ᠭᠤᠤᠯ ᠳᠠᠭᠠᠤ ᠣᠷᠣᠨ ᠤ ᠪᠣᠬᠢᠷᠲᠤᠯ ᠢ ᠰᠡᠷᠭᠡᠶᠢᠯᠡᠵᠦ ᠬᠢᠵᠠᠭᠠᠷᠯᠠᠬᠤ | ᠬᠠᠮᠲᠤ ᠶᠢᠨ ᠲᠣᠭᠲᠠᠴᠠ ᠶᠢ ᠪᠠᠶᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢ ᠬᠠᠮᠠᠭᠠᠯᠠᠨ | ᠴᠢᠨᠠᠷᠯᠢᠭ ᠬᠥᠭᠵᠢᠭᠦᠯᠦᠨ᠎ᠡ᠃ | ᠬᠦᠨᠳᠦ ᠨᠣᠴᠢᠲᠠᠢ ᠠᠶᠤᠯ ᠡᠷᠡᠰᠳᠡᠯ ᠠᠴᠠ ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ᠃ ᠵᠠᠰᠠᠭ ᠤᠨ ᠣᠷᠳᠣᠨ ᠤ | ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠥᠷᠢ ᠥᠭᠴᠡᠭᠡ ᠶᠢ | ᠲᠥᠯᠥᠬᠦ ᠬᠥᠷᠥᠩᠭᠡ ᠴᠤᠭᠯᠠᠭᠤᠯᠬᠤ ᠡᠷᠴᠢᠮ ᠢᠶᠠᠨ ᠨᠡᠮᠡᠭᠳᠡᠭᠦᠯᠦᠨ᠎ᠡ᠃ ᠪᠣᠳᠠᠲᠤ ᠴᠣᠭᠴᠠ ᠶᠢᠨ ᠠᠵᠤ ᠠᠬᠤᠢ ᠶᠢᠨ | ᠡᠷᠴᠢ ᠬᠦᠴᠦᠨ ᠢ ᠤᠯᠠᠮ ᠰᠠᠶᠢᠵᠢᠷᠠᠭᠤᠯᠵᠤ᠂ ᠭᠠᠶᠢᠯᠢ ᠶᠢᠨ ᠲᠠᠲᠠᠪᠤᠷᠢᠯᠠᠯᠲᠠ ᠪᠠ ᠬᠠᠮᠢᠶᠠᠷᠤᠯᠲᠠ ᠶᠢ ᠴᠢᠩᠭᠠᠳᠬᠠᠨ᠎ᠠ | ᠃ ︽ᠣᠷᠣᠯᠭ᠎ᠠ ᠪᠠᠨ ᠦᠨᠳᠦᠰᠦᠯᠡᠨ ᠵᠠᠷᠤᠯᠭ᠎ᠠ ᠪᠠᠨ ᠲᠣᠬᠢᠷᠠᠭᠤᠯᠬᠤ︾ ᠵᠠᠷᠴᠢᠮ ᠢ ᠪᠠᠷᠢᠮᠲᠠᠯᠠᠵᠤ᠂ ᠡᠳ᠋ ᠤᠨ | ᠵᠠᠰᠠᠭ ᠤᠨ ᠲᠥᠰᠦᠪ ᠤᠨ ᠴᠢᠩᠭ᠎ᠠ ᠬᠢᠵᠠᠭᠠᠷᠯᠠᠯ ᠢ ᠴᠢᠩᠭᠠᠳᠬᠠᠨ᠂ ᠡᠳ᠋ ᠤᠨ ᠵᠠᠰᠠᠭ ᠤᠨ ᠵᠠᠷᠤᠯᠭ᠎ᠠ ᠶᠢ ᠵᠣᠬᠢᠰᠲᠠᠢ | ᠲᠣᠬᠢᠷᠠᠭᠤᠯᠵᠤ᠂ ︽ᠭᠤᠷᠪᠠ ᠶᠢ ᠪᠠᠲᠤᠯᠠᠬᠤ︾ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠢᠵᠠᠭᠠᠷ ᠱᠤᠭᠤᠮ ᠢ ᠦᠨᠡᠨᠬᠦ | ᠪᠠᠲᠤᠯᠠᠨ᠎ᠠ᠃ ᠳᠡᠭᠡᠳᠦ ᠱᠠᠲᠤᠨ ᠤ ᠲᠤᠰᠬᠠᠢ ᠲᠥᠷᠥᠯ ᠤᠨ ᠪᠡᠯᠡ ᠮᠥᠩᠭᠦ ᠶᠢ ᠢᠳᠡᠪᠬᠢᠲᠡᠢ ᠡᠷᠡᠮᠡᠯᠵᠡᠵᠦ᠂ ᠪᠦᠬᠦ | ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦᠨ ᠤ | ᠬᠡᠷᠡᠭᠴᠡᠭᠡ ᠶᠢ ᠪᠠᠲᠤᠯᠠᠨ᠎ᠠ᠃ ᠳᠠᠯᠳᠠ ᠥᠷᠢ ᠥᠭᠴᠡᠭᠡ ᠶᠢᠨ ᠨᠡᠮᠡᠭᠳᠡᠬᠦ ᠶᠢ ᠡᠷᠡᠰ ᠬᠤᠷᠢᠭᠯᠠᠵᠤ᠂ ᠳᠠᠯᠳᠠ ᠥᠷᠢ | ᠥᠭᠴᠡᠭᠡ ᠶᠢᠨ ᠦᠯᠡᠳᠡᠭᠳᠡᠯ ᠢ ᠲᠤᠤᠱᠲᠠᠢ ᠰᠢᠢᠳᠪᠦᠷᠢᠯᠡᠨ᠂ ᠰᠢᠰᠲ᠋ᠧᠮ ᠤᠨ ᠴᠢᠨᠠᠷᠲᠠᠶ ᠡᠷᠡᠰᠳᠡᠯ ᠥᠯᠥ ᠡᠭᠦᠰᠬᠦ | ᠬᠤᠷᠢᠭ᠎ᠠ ᠱᠤᠭᠤᠮ ᠢ ᠡᠷᠡᠰ ᠰᠠᠬᠢᠨ᠎ᠠ᠃ | ᠨᠡᠶᠢᠭᠡᠮ ᠤᠨ ᠵᠠᠰᠠᠯᠲᠠ ᠶᠢᠨ ᠰᠢᠨᠡᠴᠢᠯᠡᠯ ᠢ ᠲᠠᠰᠤᠷᠠᠯᠲᠠ ᠦᠭᠡᠢ ᠲᠦᠯᠬᠢᠨ ᠠᠬᠢᠭᠤᠯᠤᠨ᠎ᠠ᠃ ᠠᠷᠠᠳ ᠤᠨ | ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢ ᠬᠤᠯᠪᠣᠯᠳᠤᠭᠤᠯᠤᠭᠰᠠᠨ | ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠪᠠ | ᠬᠢᠮᠤᠷᠠᠯ ᠢ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠷᠬᠡ ᠶᠢ ᠳᠣᠷᠣᠭᠰᠢ ᠪᠠᠭᠤᠯᠭᠠᠨ ᠴᠢᠳᠠᠮᠵᠢ ᠶᠢ | ᠨᠡᠭᠡᠭᠡᠯᠲᠡ ᠲᠠᠢ ᠪᠣᠯᠭᠠᠵᠤ᠂ ᠨᠡᠶᠢᠭᠡᠮ ᠤᠨ ᠵᠠᠰᠠᠯᠲᠠ ᠶᠢᠨ ᠭᠤᠣᠯᠳᠠᠯᠭ᠎ᠠ ᠶᠢ ᠦᠨᠳᠦᠰᠦᠨ ᠱᠠᠲᠤᠨ ᠳᠤ | ᠰᠢᠯᠵᠢᠭᠦᠯᠦᠨ᠎ᠡ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠠᠵᠢᠯ ᠢ ᠡᠬᠢᠯᠡᠭᠦᠯᠦᠨ ᠬᠡᠷᠡᠭᠵᠢᠭᠦᠯᠵᠦ᠂ ᠤᠯᠠᠨ ᠨᠡᠶᠢᠲᠡ ᠶᠢᠨ ᠦᠨᠳᠦᠰᠦᠨ ᠬᠠᠤᠯᠢ ᠴᠠᠭᠠᠵᠠ ᠶᠢᠨ ᠦᠢᠯᠡᠴᠢᠯᠡᠭᠡᠨ | ᠤ ᠲᠡᠩᠴᠡᠭᠦᠷᠢᠲᠡᠢ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠠᠵᠢᠯ ᠢ ᠪᠠᠶᠢᠩᠭᠤ ᠥᠷᠨᠢᠭᠦᠯᠵᠦ᠂ ᠴᠠᠬᠢᠯᠭᠠᠨ ᠬᠤᠯᠪᠣᠭ᠎ᠠ ᠪᠠ ᠴᠠᠬᠢᠮ ᠰᠦᠯᠵᠢᠶᠡᠨ ᠤ ᠮᠡᠬᠡᠯᠡᠯ᠂ ︽ | ᠱᠠᠯᠢᠭ ᠵᠠᠪᠬᠠᠶ ᠵᠦᠶᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠵᠡᠷᠭᠡ ᠵᠠᠰᠠᠨ | ᠴᠡᠭᠴᠡᠯᠡᠬᠦ ᠲᠤᠰᠬᠠᠶ ᠠᠵᠢᠯ ᠢ ᠠᠬᠢᠭᠤᠯᠵᠤ᠂ ᠠᠮᠤᠷ ᠠᠮᠤᠭᠤᠯᠠᠩ ᠠᠯᠠᠱᠠ ᠵᠡᠭᠦᠨ ᠬᠤᠰᠢᠭᠤᠨ ᠤ ᠪᠥᠲᠥᠭᠡᠨ | ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠳᠡᠭᠡᠭᠰᠢᠯᠡᠭᠦᠯᠦᠨ᠎ᠡ᠃ ᠳᠠᠬᠢᠨ ᠳᠠᠪᠲᠠᠨ ᠰᠤᠷᠪᠤᠯᠵᠢᠯᠠᠬᠤ ᠶᠢ | ᠲᠥᠪᠯᠡᠷᠡᠭᠦᠯᠦᠨ ᠵᠠᠰᠠᠬᠤ ᠠᠵᠢᠯ ᠢ ᠥᠷᠨᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠥᠩᠭᠡᠷᠡᠭᠰᠡᠨ ᠤ ᠬᠡᠷᠡᠭ ᠢ | ᠵᠣᠬᠢᠰᠲᠠᠢ ᠰᠢᠢᠳᠪᠦᠷᠢᠯᠡᠨ᠎ᠡ᠃ ᠢᠳᠡᠭᠡᠨ ᠪᠠ ᠡᠮ ᠤᠨ ᠵᠦᠶᠯᠡᠰ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ | ᠦᠷᠭᠦᠯᠵᠢᠯᠡᠨ ᠴᠢᠩᠭᠠᠳᠬᠠᠵᠤ᠂ ᠴᠢᠨᠠᠷ ᠴᠢᠨᠰᠠᠭ᠎ᠠ ᠪᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠢ | ᠡᠷᠴᠢᠮᠵᠢᠭᠦᠯᠦᠨ᠎ᠡ᠃ ᠠᠶᠤᠯᠭᠦᠢ ᠦᠢᠯᠡᠳᠪᠦᠷᠢᠯᠡᠯ ᠤᠨ ᠭᠤᠷᠪᠠᠨ ᠵᠢᠯ ᠤᠨ ᠵᠠᠰᠠᠨ ᠴᠡᠭᠴᠡᠯᠡᠯᠲᠡ ᠶᠢᠨ ᠲᠤᠰᠬᠠᠢ | ᠠᠵᠢᠯᠯᠠᠭ᠎ᠠ ᠶᠢ ᠡᠷᠴᠢᠮᠲᠡᠢ ᠶᠠᠪᠤᠭᠳᠠᠭᠤᠯᠵᠤ᠂ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ | ᠵᠠᠰᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠲᠠᠪᠤ︶ ᠣᠷᠣᠨ ᠪᠦᠰᠡ ᠶᠢᠨ ᠬᠥᠭᠵᠢᠯᠲᠡ ᠶᠢᠨ ᠭᠤᠷᠪᠠᠨ ᠶᠡᠭᠡ ᠰᠢᠨ᠎ᠡ ᠬᠥᠳᠡᠯᠭᠡᠭᠴᠢ ᠬᠦᠴᠦ ᠶᠢ | ᠪᠣᠶᠢᠵᠢᠭᠤᠯᠵᠤ᠂ ᠠᠵᠤ ᠠᠬᠤᠢ ᠶᠢᠨ ᠨᠡᠮᠡᠭᠳᠡᠯ ᠤᠨ ᠡᠷᠴᠢᠮᠲᠡᠢ ᠬᠥᠳᠡᠯᠭᠡᠭᠦᠷ ᠢ ᠪᠣᠢ ᠪᠣᠯᠭᠠᠨ᠎ᠠ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︽ᠰᠢᠨᠵᠢᠯᠡᠭᠡ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢᠨ ᠲᠣᠭᠤᠷᠢᠨ ᠳᠤ ᠳᠡᠭᠡᠳᠦ | ᠰᠢᠨᠵᠢᠯᠡᠭᠡ ᠮᠡᠷᠭᠡᠵᠢᠯ ᠢᠶᠠᠷ᠂ ᠣᠶᠤᠨᠴᠢ ᠴᠠᠬᠢᠮ ᠢᠶᠠᠷ᠂ ᠪᠣᠬᠢᠷᠲᠤᠯ ᠥᠬᠡᠶ ᠪᠠᠷ ᠤᠯᠠᠮᠵᠢᠯᠠᠯᠲᠤ ᠠᠵᠤ ᠦᠶᠯᠡᠰ ᠢ | ᠡᠷᠴᠢᠮᠲᠡᠢ ᠬᠥᠭᠵᠢᠭᠦᠯᠦᠨ᠎ᠡ᠃ ᠮᠣᠩᠭᠤᠯ ᠬᠢᠲᠠᠳ ᠡᠮ ᠡᠮᠨᠡᠯᠭᠡ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ | ᠰᠢᠨ᠎ᠡ ᠪᠠᠷ ᠪᠤᠶ ᠪᠣᠯᠤᠭᠰᠠᠨ ᠠᠵᠤ ᠦᠢᠯᠡᠰ ᠤᠨ ᠲᠣᠭᠤᠷᠢᠨ ᠳᠤ᠂ ᠰᠢᠨ᠎ᠡ ᠡᠨᠧᠷᠭᠢ᠂ ᠮᠣᠩᠭᠤᠯ ᠬᠢᠲᠠᠳ ᠡᠮ | ᠡᠮᠨᠡᠯᠭᠡ ᠵᠡᠷᠭᠡ ᠴᠠᠷᠠᠭ᠎ᠠ ᠬᠦᠷᠢᠶᠡᠨ ᠤ ᠮᠡᠷᠭᠡᠵᠢᠯ ᠤᠨ ᠪᠣᠭᠤᠮᠲᠠ ᠶᠢ ᠳᠠᠪᠠᠨ ᠲᠤᠭᠤᠯᠬᠤ ᠪᠠ ᠦᠷ᠎ᠡ ᠠᠰᠢᠭ ᠢ | ᠰᠠᠶᠢᠵᠢᠷᠠᠭᠤᠯᠤᠨ ᠬᠤᠪᠢᠷᠠᠭᠤᠯᠬᠤ ᠲᠥᠷᠥᠯ ᠵᠦᠢᠯ ᠢ ᠢᠳᠡᠪᠬᠢᠲᠡᠶ ᠡᠷᠡᠮᠡᠯᠵᠡᠯᠡᠨ᠎ᠡ᠃ ᠠᠮᠢ ᠠᠬᠤᠢ ᠶᠢᠨ ᠣᠨᠴᠠᠯᠢᠭᠲᠤ | ᠠᠵᠤ ᠦᠢᠯᠡᠰ ᠢ ᠠᠬᠢᠭᠤᠯᠵᠤ᠂ ᠲᠤᠭ᠎ᠠ ᠪᠠᠷᠢᠮᠲᠠ ᠪᠠᠷ ᠨᠠᠷᠢᠯᠢᠭᠵᠢᠭᠤᠯᠬᠤ ᠵᠡᠷᠭᠡ ᠠᠵᠤ ᠦᠢᠯᠡᠰ ᠢ ᠡᠷᠴᠢᠮᠲᠡᠢ | ᠬᠥᠭᠵᠢᠭᠦᠯᠦᠨ᠎ᠡ᠃ ︽ᠤᠶᠤᠨᠲᠤ ᠠᠯᠠᠱᠠ ᠵᠡᠭᠦᠨ ᠬᠤᠰᠢᠭᠤ︾ ᠶᠢᠨ ᠮᠡᠳᠡᠭᠡ ᠵᠠᠩᠭᠢ ᠶᠢᠨ ᠲᠠᠪᠴᠠᠩ ᠢ ᠬᠦᠴᠦᠯᠡᠨ | ᠪᠠᠶᠢᠭᠤᠯᠵᠤ᠂ ᠴᠠᠬᠢᠮᠴᠢᠯᠠᠭᠰᠠᠨ ᠵᠠᠰᠠᠭ ᠤᠨ ᠣᠷᠳᠣᠨ᠂ ᠴᠠᠬᠢᠮᠴᠢᠯᠠᠭᠰᠠᠨ ᠨᠡᠶᠢᠭᠡᠮ ᠢ ᠡᠷᠴᠢᠮᠲᠡᠢ ᠪᠠᠶᠢᠭᠤᠯᠤᠨ᠎ᠠ᠃ | ᠮᠠᠰᠢᠨᠴᠢᠯᠠᠭᠰᠠᠨ ᠲᠠᠷᠢᠶᠠᠯᠠᠩ᠂ ᠮᠠᠯ ᠠᠵᠤ ᠠᠬᠤᠶ᠂ ᠠᠮᠢ ᠠᠬᠤᠶ ᠶᠢᠨ ᠣᠨᠴᠠᠯᠢᠭᠲᠤ ᠠᠵᠤ ᠦᠢᠯᠡᠰ ᠤᠨ ᠲᠠᠯ᠎ᠠ ᠪᠠᠷ | ᠦᠨᠳᠦᠰᠦᠨ ᠱᠠᠲᠤᠨ ᠤ ᠮᠠᠯᠴᠢᠳ ᠲᠠᠷᠢᠶᠠᠴᠢᠳ ᠪᠣᠯᠤᠨ ᠠᠵᠤ ᠠᠬᠤᠶᠢᠯᠠᠯ ᠳᠤ ᠦᠢᠯᠡᠴᠢᠯᠡᠬᠦ ᠰᠢᠨᠵᠢᠯᠡᠭᠡ ᠮᠡᠷᠭᠡᠵᠢᠯ | ᠤᠨ ᠴᠢᠳᠠᠪᠤᠷᠢᠲᠠᠨ ᠤ ᠬᠢᠷᠢ ᠲᠥᠪᠰᠢᠨ ᠢ ᠳᠡᠭᠡᠭᠰᠢᠯᠡᠭᠦᠯᠵᠦ᠂ ᠮᠠᠯᠴᠢᠳ ᠲᠠᠷᠢᠶᠠᠴᠢᠳ ᠤᠨ ᠣᠷᠣᠯᠭ᠎ᠠ ᠪᠠᠨ | ᠨᠡᠮᠡᠭᠳᠡᠭᠦᠯᠦᠨ ᠴᠢᠨᠡᠭᠡᠯᠢᠭᠵᠢᠭᠦᠯᠬᠦ ᠠᠷᠭ᠎ᠠ ᠵᠠᠮ ᠢ ᠥᠷᠭᠡᠵᠢᠭᠦᠯᠦᠨ᠎ᠡ᠃ | ᠨᠡᠭᠡᠭᠡᠯᠲᠡ ᠬᠢᠵᠦ ᠬᠠᠮᠲᠤᠷᠠᠯᠴᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ ᠥᠯᠵᠡᠶ ᠬᠢᠯᠢ ᠶᠢᠨ | ᠪᠣᠭᠤᠮᠲᠠ ᠳᠤ ᠲᠦᠰᠢᠭᠯᠡᠨ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢ ᠪᠠᠶᠢᠭᠤᠯᠵᠤ᠂ ᠬᠢᠯᠢ ᠶᠢᠨ | ᠪᠣᠭᠤᠮᠲᠠ ᠶᠢ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ | ᠬᠤᠩᠭᠢᠯ ᠤᠨ ᠴᠢᠬᠤᠯᠠ ᠲᠤᠯᠭᠠᠭᠤᠷᠢᠯᠠᠬᠤ ᠴᠡᠭ ᠪᠣᠯᠭᠠᠵᠤ᠂ ᠮᠣᠩᠭᠤᠯ ᠤᠯᠤᠰ ᠯᠤᠭ᠎ᠠ ᠶᠢᠨ ᠡᠬᠢ ᠪᠠᠶᠠᠯᠢᠭ ᠢ | ᠨᠡᠭᠡᠭᠡᠨ ᠠᠰᠢᠭᠯᠠᠬᠤ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠨᠢᠩᠰᠢᠶᠠ ᠶᠢᠨ ᠬᠤᠳᠠ ᠶᠢᠨ | ᠲᠥᠪᠯᠡᠷᠡᠯ᠂ ᠬᠥᠬᠡᠬᠤᠲᠠ ᠪᠤᠭᠤᠲᠤ ᠢᠷᠭᠠᠢ ᠲᠡᠮᠡᠭᠡᠲᠦ ᠬᠤᠲᠠ ᠪᠣᠯᠤᠨ ᠯᠢᠶᠠᠨ ᠶᠦᠨ ᠭᠠᠩ ᠠᠴᠠ ᠭᠠᠨᠰᠤ᠂ | ᠭᠠᠨᠰᠤ ᠠᠴᠠ ᠰᠢᠨᠵᠢᠶᠠᠩ ᠬᠦᠷᠬᠦ ᠠᠵᠤ ᠠᠬᠤᠢ ᠶᠢᠨ ᠪᠦᠰᠡ ᠵᠡᠷᠭᠡ ᠡᠷᠬᠢᠨ ᠲᠣᠭᠤᠷᠢᠨ ᠤ ᠣᠷᠣᠨ ᠪᠦᠰᠡ ᠯᠦᠭᠡ | ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠵᠤ᠂ ᠪᠡᠯᠡ ᠣᠷᠣᠭᠤᠯᠬᠤ᠂ ᠡᠬᠢ | ᠪᠠᠶᠠᠯᠢᠭ ᠵᠡᠷᠭᠡ ᠵᠠᠬ᠎ᠠ ᠳᠡᠯᠭᠡᠭᠦᠷ ᠤᠨ ᠲᠠᠯ᠎ᠠ ᠪᠠᠷ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ ᠠᠯᠠᠱᠠ ᠢᠷᠭᠠᠢ | ᠯᠠᠨᠵᠧᠦ ᠰᠢ ᠠᠨ ᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠨᠠᠷᠢᠨ ᠲᠥᠯᠥᠪᠵᠢᠭᠦᠯᠵᠦ᠂ ᠡᠮ ᠡᠮᠨᠡᠯᠭᠡ ᠡᠷᠡᠭᠦᠯ | ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠨᠡᠶᠢᠭᠡᠮ ᠤᠨ ᠵᠠᠰᠠᠯᠲᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ | ᠲᠦᠷᠭᠡᠳᠬᠡᠨ᠎ᠡ᠃ ᠡᠷᠬᠢᠨ ᠲᠣᠭᠤᠷᠢᠨ ᠤ ᠭᠠᠵᠠᠷ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ | ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠵᠤ᠂ ᠪᠠᠷᠠᠭᠤᠨ ᠬᠤᠶᠢᠲᠤ ᠶᠢᠨ ᠣᠷᠣᠨ ᠪᠦᠰᠡ ᠶᠢᠨ | ᠴᠢᠳᠠᠪᠤᠷᠢᠲᠠᠨ ᠲᠠᠢ ᠰᠤᠷᠭᠠᠨ ᠬᠥᠮᠦᠵᠢᠯ᠂ ᠰᠢᠨᠵᠢᠯᠡᠭᠡ ᠮᠡᠷᠭᠡᠵᠢᠯ ᠤᠨ ᠲᠠᠯ᠎ᠠ ᠪᠠᠷ ᠬᠠᠮᠲᠤᠷᠠᠯᠴᠠᠨ᠎ᠠ᠃ | ᠴᠡᠷᠢᠭ ᠠᠷᠠᠳ ᠤᠨ ᠤᠶᠠᠯᠳᠤᠭ᠎ᠠ ᠲᠠᠢ ᠠᠵᠤ ᠦᠢᠯᠡᠰ ᠢ ᠠᠬᠢᠭᠤᠯᠤᠨ ᠬᠥᠭᠵᠢᠭᠦᠯᠦᠨ᠎ᠡ᠃ ᠰᠠᠭᠤᠭ᠎ᠠ ᠴᠡᠷᠢᠭ | ᠠᠩᠭᠢ ᠶᠢᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯᠤᠨ ᠬᠤᠶᠠᠷ ᠢ ᠬᠦᠷᠢᠶᠡᠯᠡᠵᠦ ᠬᠠᠮᠲᠤᠪᠠᠷ | ᠪᠠᠶᠢᠭᠤᠯᠬᠤ ᠠᠵᠢᠯ ᠢ ᠲᠠᠰᠤᠷᠠᠯᠲᠠ ᠤᠢᠭᠡᠢ ᠴᠢᠩᠭᠠᠳᠬᠠᠨ᠎ᠠ᠃ ᠴᠡᠷᠢᠭ ᠠᠩᠭᠢ ᠪᠠ ᠣᠷᠣᠨ ᠨᠤᠲᠤᠭ ᠤᠨ ᠨᠢᠭᠲᠠ | ᠬᠠᠷᠢᠯᠴᠠᠭ᠎ᠠ ᠰᠢᠨ᠎ᠡ ᠵᠠᠭᠪᠤᠷ ᠢ ᠰᠦᠪᠡᠭᠴᠢᠯᠡᠵᠦ᠂ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠰᠤᠳᠤᠯᠭᠠᠨ | ᠤ ᠪᠠᠶᠢᠭᠤᠯᠤᠮᠵᠢ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨ᠎ᠡ ᠮᠠᠲ᠋ᠧᠷᠢᠶᠠᠯ᠂ ᠠᠭᠠᠷ ᠤᠨ ᠠᠶᠠᠯᠠᠯ ᠰᠠᠨᠰᠠᠷ | ᠤᠨ ᠠᠶᠠᠯᠠᠯ ᠵᠡᠷᠭᠡ ᠳᠠᠪᠠᠭᠤᠯᠢᠭ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠴᠡᠷᠢᠭ ᠤᠨ ᠶᠠᠪᠤᠳᠠᠯ | ᠤᠨ ᠲᠤᠷᠰᠢᠯᠲᠠ᠂ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠤ ᠦᠢᠯᠡᠰ ᠵᠡᠷᠭᠡ ᠲᠥᠬᠦᠭᠡᠷᠦᠮᠵᠢ ᠪᠠ | ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠤᠨ ᠠᠵᠢᠯ ᠢ ᠡᠷᠴᠢᠮᠲᠠᠢ ᠭᠦᠢᠴᠡᠳᠬᠡᠨ᠎ᠡ᠃ ᠰᠢᠨᠵᠢᠯᠡᠬᠦ | ᠤᠬᠠᠭᠠᠨ ᠮᠡᠷᠭᠡᠵᠢᠯ ᠢ ᠰᠤᠳᠤᠯᠤᠨ ᠨᠡᠭᠡᠭᠡᠬᠦ᠂ ᠳᠡᠭᠡᠳᠦ ᠲᠡᠰ ᠤᠨ ᠲᠣᠨᠣᠭᠯᠠᠯ ᠦᠢᠯᠡᠳᠬᠦ᠂ ᠴᠡᠷᠢᠭ ᠤᠨ ᠶᠠᠪᠤᠳᠠᠯ | ᠤᠨ ᠰᠢᠨᠵᠢᠯᠡᠭᠡ ᠮᠡᠷᠭᠡᠵᠢᠯ ᠰᠣᠶᠣᠯ ᠤᠨ ᠠᠶᠠᠯᠠᠯ ᠵᠢᠭᠤᠯᠴᠢᠯᠠᠯ ᠢ ᠨᠢᠭᠡ ᠴᠤᠬᠴᠠᠵᠢᠭᠤᠯᠤᠭᠰᠠᠨ ᠴᠡᠷᠢᠭ ᠠᠷᠠᠳ ᠢ | ᠠᠭᠤᠰᠤᠯᠳᠤᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠬᠢᠯᠢ ᠶᠢᠨ ᠬᠠᠮᠠᠭᠠᠯᠠᠯᠲᠠ ᠶᠢᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠠᠬᠢᠵᠢᠭᠦᠯᠦᠨ ᠲᠡᠭᠦᠯᠳᠡᠷᠵᠢᠭᠦᠯᠵᠦ᠂ ᠨᠠᠮ ᠵᠠᠰᠠᠭ | ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ | ᠪᠠᠬᠢᠵᠢᠭᠦᠯᠬᠦ ᠠᠵᠢᠯ ᠢ ᠲᠤᠤᠱᠲᠠᠢ ᠠᠬᠢᠭᠤᠯᠤᠨ᠎ᠠ᠃ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢᠨ ᠦᠷ᠎ᠡ ᠪᠦᠲᠦᠮᠵᠢ ᠲᠠᠢ ᠪᠣᠯᠬᠤ ᠶᠢ ᠠᠬᠢᠭᠤᠯᠤᠨ᠎ᠠ᠃ ᠠᠵᠤ | ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠡᠷᠴᠢᠮᠲᠠᠢ | ᠬᠥᠭᠵᠢᠯᠲᠡ ᠶᠢ ᠠᠬᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠵᠤ | ᠳᠠᠩᠰᠠᠯᠠᠬᠤ ᠶᠢ ᠪᠡᠶᠡᠯᠡᠭᠦᠯᠦᠨ᠎ᠡ᠃ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠤᠯᠤᠰ ᠤᠨ ᠥᠮᠴᠢᠯᠡᠯᠲᠤ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯᠲᠤ ᠠᠵᠤ | ᠠᠬᠤᠶᠢᠯᠠᠯ ᠤᠨ ᠡᠳ᠋ ᠬᠥᠷᠥᠩᠭᠡ ᠪᠠᠨ ᠪᠦᠷᠢᠳᠬᠡᠨ ᠬᠠᠷᠭᠤᠭᠤᠯᠬᠤ ᠶᠢ ᠪᠡᠶᠡᠯᠡᠭᠦᠯᠵᠦ᠂ ᠤᠯᠤᠰ ᠤᠨ ᠥᠮᠴᠢᠯᠡᠯᠲᠤ | ᠡᠳ᠋ ᠬᠥᠷᠥᠩᠭᠡ ᠶᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠤᠨ᠎ᠠ᠃ ᠠᠰᠢᠭ ᠣᠯᠵᠠᠪᠤᠷᠢ ᠪᠠᠷ ᠭᠤᠣᠯ | ᠪᠣᠯᠭᠠᠭᠰᠠᠨ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠵᠤ᠂ ᠴᠠᠯᠢᠩ ᠬᠥᠯᠥᠰᠥ ᠶᠢᠨ ᠳᠦᠷᠢᠮ ᠤᠨ ᠥᠭᠡᠷᠡᠴᠢᠯᠡᠯᠲᠡ | ᠶᠢ ᠪᠦᠬᠦ ᠲᠠᠯ᠎ᠠ ᠪᠠᠷ ᠶᠠᠪᠤᠭᠳᠠᠭᠤᠯᠤᠨ᠎ᠠ᠃ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ | ᠲᠣᠭᠲᠠᠴᠠ ᠶᠢ ᠵᠢᠷᠤᠮᠵᠢᠭᠤᠯᠵᠤ᠂ ᠠᠵᠤ ᠠᠬᠤᠶᠢᠯᠠᠯ ᠤᠨ ᠠᠰᠢᠭ ᠣᠯᠵᠠᠪᠤᠷᠢ ᠤᠯᠬᠤ ᠴᠢᠳᠠᠪᠤᠷᠢ ᠶᠢ | ᠳᠡᠭᠡᠭᠰᠢᠯᠡᠭᠦᠯᠦᠨ᠂ ᠤᠯᠤᠰ ᠤᠨ ᠥᠮᠴᠢᠯᠡᠯᠲᠤ ᠠᠵᠤ ᠠᠬᠤᠢ ᠶᠢᠨ ᠠᠮᠢᠳᠤᠯᠢᠭ ᠬᠦᠴᠦᠨ ᠢ ᠴᠢᠩᠭᠠᠷᠠᠭᠤᠯᠵᠤ᠂ | ᠤᠯᠤᠰ ᠤᠨ ᠥᠮᠴᠢᠯᠡᠯᠲᠤ ᠬᠦᠷᠦᠩᠭᠡ ᠶᠢᠨ ᠦᠷᠳᠡᠭ ᠢ ᠪᠠᠲᠤᠯᠠᠵᠤ ᠨᠡᠮᠡᠭᠳᠡᠭᠦᠯᠦᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠦᠷᠦᠯᠴᠡᠬᠦ ᠦᠭᠡᠢ ᠲᠠᠯ᠎ᠠ ᠶᠢ ᠰᠠᠶᠢᠲᠤᠷ | ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ | ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠤᠨ᠎ᠠ᠃ ᠠᠵᠢᠯ ᠣᠯᠭᠤᠯᠲᠠ ᠶᠢᠨ ᠦᠶᠯᠡᠴᠢᠯᠡᠭᠡᠨ | ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠶᠯᠡᠰ | ᠪᠣᠰᠬᠠᠬᠤ ᠰᠢᠨ᠎ᠡ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠳ᠂ | ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠡᠷᠴᠢᠮᠲᠡᠢ | ᠠᠬᠢᠭᠤᠯᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.5 % ᠶᠢᠨ | ᠳᠣᠲᠣᠷ᠎ᠠ ᠬᠢᠵᠠᠭᠠᠷᠯᠠᠨ᠎ᠠ᠃ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠮᠤᠷᠬᠤ | ᠬᠡᠪᠴᠢᠶ᠎ᠡ ᠶᠢ ᠥᠷᠭᠡᠳᠬᠡᠨ᠎ᠡ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠠᠶᠢᠮᠠᠭ ᠤᠨ ᠱᠠᠲᠤ ᠲᠠᠢ | ᠨᠢᠭᠡᠳᠦᠯᠲᠡᠶ ᠲᠥᠯᠥᠪᠯᠡᠬᠦ ᠶᠢ ᠪᠡᠶᠡᠯᠡᠭᠦᠯᠵᠦ᠂ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ | ᠪᠤᠳᠤᠬᠤ ᠶᠢ ᠨᠠᠶᠢᠳᠠᠪᠤᠷᠢᠵᠢᠭᠤᠯᠤᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ | ᠰᠠᠶᠢᠵᠢᠷᠠᠭᠤᠯᠵᠤ᠂ ᠪᠠᠶᠠᠨᠬᠤᠲᠠ ᠶᠢᠨ ᠵᠡᠭᠦᠨ ᠲᠣᠭᠤᠷᠢᠭ ᠪᠣᠯᠤᠨ ᠪᠠᠷᠠᠭᠤᠨ ᠲᠣᠭᠤᠷᠢᠭ ᠲᠤ ᠼᠢ ᠰᠢᠨ ᠶᠤᠸᠠᠨ | ᠪᠣᠯᠤᠨ ᠳ᠋ᠧ ᠰᠢᠶᠠᠩ ᠶᠡᠷᠦᠩᠬᠡᠶᠢᠯᠡᠭᠰᠡᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠰᠢᠨ᠎ᠡ ᠪᠠᠷ | ᠪᠠᠶᠢᠭᠤᠯᠵᠤ᠂ ᠠᠨᠳᠠ᠂ ᠦᠷᠡᠰ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠡᠶᠢᠭᠡᠮ ᠲᠣᠭᠤᠷᠢᠭ ᠤᠨ ᠨᠠᠰᠤᠵᠢᠯ | ᠤᠨ ᠠᠰᠠᠷᠠᠮᠵᠢ ᠶᠢᠨ ᠵᠢᠱᠢᠶ᠎ᠡ ᠦᠵᠡᠭᠦᠯᠬᠦ ᠬᠤᠶᠠᠷ ᠴᠡᠭ ᠢ ᠭᠤᠣᠯᠳᠠᠯᠭ᠎ᠠ ᠲᠠᠢ ᠪᠠᠶᠢᠭᠤᠯᠤᠨ᠎ᠠ᠃ ᠬᠤᠲᠠ ᠬᠥᠳᠡᠭᠡ | ᠶᠢᠨ ᠣᠷᠣᠰᠢᠨ ᠰᠠᠭᠤᠭᠴᠢᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ | ᠲᠡᠭᠦᠯᠳᠡᠷᠵᠢᠭᠦᠯᠵᠦ᠂ ᠣᠨᠴᠠ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠵᠦᠶᠯ ᠢ ᠪᠠᠲᠤᠯᠠᠬᠤ ᠶᠢ ᠡᠷᠴᠢᠮᠲᠡᠢ | ᠰᠠᠶᠢᠲᠤᠷ ᠬᠢᠨ᠎ᠡ᠃ | ᠨᠡᠶᠢᠭᠡᠮ ᠤᠨ ᠦᠢᠯᠡᠰ ᠤᠨ ᠬᠥᠭᠵᠢᠯᠲᠡ ᠶᠢ ᠦᠨᠡᠨᠬᠦ ᠲᠦᠷᠭᠡᠳᠬᠡᠨ᠎ᠡ᠃ ᠰᠤᠷᠭᠠᠨ ᠬᠥᠮᠦᠵᠢᠯ ᠤᠨ ᠬᠥᠭᠵᠢᠯᠲᠡ | ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠲᠠᠪᠤᠨ ᠬᠥᠮᠦᠵᠢᠯ ᠢ ᠵᠡᠷᠭᠡᠪᠡᠷ ᠬᠥᠭᠵᠢᠭᠦᠯᠬᠦ︾ | ᠰᠤᠷᠭᠠᠨ ᠬᠥᠮᠦᠵᠢᠯ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠲᠠᠪᠤᠳᠤᠭᠠᠷ ᠪᠠᠭ᠎ᠠ ᠰᠤᠷᠭᠠᠭᠤᠯᠢ᠂ | ᠲᠠᠪᠤᠳᠤᠭᠠᠷ ᠬᠡᠤᠬᠡᠳ ᠤᠨ ᠴᠡᠴᠡᠷᠯᠢᠭ᠂ ᠵᠢᠷᠭᠤᠳᠤᠭᠠᠷ ᠬᠡᠤᠬᠡᠳ ᠤᠨ ᠴᠡᠴᠡᠷᠯᠢᠭ᠂ ᠥᠯᠵᠡᠶ ᠵᠢᠭᠠᠨ ᠰᠤᠷᠭᠠᠯᠲᠠ | ᠶᠢᠨ ᠴᠡᠭ ᠤᠨ ᠪᠠᠶᠢᠭᠤᠯᠤᠯᠲᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠭᠤᠷᠪᠠᠨ ᠲᠦᠷᠦᠯ ᠤᠨ ᠬᠢᠴᠢᠶᠡᠯ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠭᠦᠢᠴᠡᠳᠬᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠷᠡᠰ ᠭᠤᠶᠢᠪᠢᠰᠢ ᠦᠭᠡᠢ | ᠲᠦᠭᠡᠮᠡᠯᠵᠢᠭᠦᠯᠵᠦ᠂ ᠪᠠᠭᠰᠢ ᠶᠢᠨ ᠡᠩᠨᠡᠭᠡ ᠶᠢ ᠪᠦᠷᠢᠨ ᠲᠤᠬᠢᠷᠠᠭᠤᠯᠤᠨ ᠬᠦᠴᠦᠷᠬᠡᠭᠵᠢᠭᠦᠯᠵᠦ᠂ ᠵᠢᠭᠠᠨ ᠰᠤᠷᠭᠠᠯᠲᠠ | ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠷᠡᠭᠦᠯ ᠡᠩᠬᠡ | ᠥᠪᠥᠷ ᠮᠣᠩᠭᠤᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠥᠮᠦᠨ ᠠᠮᠠ ᠶᠢᠨ ᠨᠠᠰᠤᠵᠢᠯ ᠤᠨ ᠠᠵᠢᠯ ᠢ | ᠲᠤᠤᠱᠲᠠᠢ ᠭᠦᠢᠴᠡᠳᠬᠡᠨ᠎ᠡ᠃ ᠲᠣᠮᠣ ᠡᠷᠡᠭᠦᠯ ᠮᠡᠨᠳᠦ ᠶᠢᠨ ᠦᠶᠯᠡᠴᠢᠯᠡᠭᠡᠨ ᠤ ᠰᠢᠰᠲ᠋ᠧᠮ ᠢ ᠤᠯᠠᠮ | ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ | ᠳᠡᠭᠡᠭᠰᠢᠯᠡᠭᠦᠯᠬᠦ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠮᠣᠩᠭᠤᠯ | ᠬᠢᠲᠠᠳ ᠡᠮᠨᠡᠯᠭᠡ ᠶᠢᠨ ᠬᠤᠷᠢᠶ᠎ᠠ ᠶᠢᠨ ᠥᠯᠵᠡᠶ ᠰᠠᠯᠪᠤᠷᠢ ᠬᠤᠷᠢᠶ᠎ᠠ ᠪᠠ ᠡᠬᠡ ᠨᠢᠯᠬᠠᠰ ᠤᠨ ᠡᠷᠡᠭᠦᠯᠵᠢᠯ ᠤᠨ | ᠬᠤᠷᠢᠶ᠎ᠠ ᠶᠢ ᠰᠢᠨ᠎ᠡ ᠪᠠᠷ ᠪᠠᠶᠢᠭᠤᠯᠤᠨ᠎ᠠ᠃ ᠬᠢᠲᠠᠳ ᠡᠮ ᠡᠮᠨᠡᠯᠭᠡ᠂ ᠮᠣᠩᠭᠤᠯ ᠡᠮ ᠡᠮᠨᠡᠯᠭᠡ ᠶᠢ ᠤᠯᠠᠮᠵᠢᠯᠠᠨ | ᠵᠠᠯᠭᠠᠮᠵᠢᠯᠠᠵᠤ ᠰᠢᠨ᠎ᠡ ᠶᠢ ᠡᠭᠦᠳᠦᠨ᠎ᠡ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ | ᠮᠡᠨᠳᠦ ᠶᠢᠨ ᠬᠠᠮᠲᠤᠷᠠᠨ ᠬᠥᠭᠵᠢᠬᠦ ᠶᠢ ᠠᠬᠢᠭᠤᠯᠵᠤ᠂ ︽ᠤᠯᠤᠰ ᠤᠨ ᠳᠡᠰ ᠤᠨ ᠡᠷᠡᠭᠦᠯ ᠬᠠᠮᠠᠭᠠᠯᠠᠯ ᠤᠨ ᠬᠤᠰᠢᠭᠤ | ᠰᠢᠶᠡᠨ︾ ᠤ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ︽ᠭᠠᠳᠠᠨ᠎ᠠ ᠳᠣᠲᠣᠨ᠎ᠠ ᠶᠢᠨ ᠬᠠᠯᠳᠠᠪᠤᠷᠢ | ᠡᠭᠦᠰᠬᠦ ᠠᠴᠠ ᠰᠡᠷᠭᠡᠶᠢᠯᠡᠬᠦ︾ ᠶᠢ ᠪᠠᠷᠢᠮᠲᠠᠯᠠᠵᠤ᠂ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ | ᠢ ᠪᠠᠶᠢᠩᠭᠤ ᠰᠠᠶᠢᠲᠤᠷ ᠬᠢᠵᠦ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠬᠡᠪᠴᠢᠶ᠎ᠡ ᠶᠢ | ᠥᠷᠭᠡᠳᠬᠡᠵᠦ᠂ ᠡᠳ᠋ ᠪᠠᠷᠠᠭ᠎ᠠ ᠶᠢ ᠰᠣᠷᠭᠤᠭ ᠢᠶᠠᠷ ᠨᠢ ᠬᠥᠮᠥᠷᠭᠡᠯᠡᠨ ᠬᠠᠳᠠᠭᠠᠯᠠᠬᠤ ᠲᠡᠭᠡᠭᠡᠪᠦᠷᠢᠯᠡᠬᠦ ᠭᠦᠢᠯᠭᠡᠭᠡᠨ᠂ | ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠵᠡᠷᠭᠡ ᠭᠤᠣᠯᠳᠠᠯᠭ᠎ᠠ ᠲᠠᠢ ᠭᠤᠭᠴᠤᠭ᠎ᠠ ᠶᠢᠨ ᠬᠠᠮᠢᠶᠠᠷᠤᠯᠲᠠ ᠶᠢ | ᠴᠢᠩᠭᠠᠳᠬᠠᠵᠤ᠂ ᠠᠮᠢᠲᠠᠨ ᠤ ᠬᠦᠨᠳᠦ ᠨᠣᠴᠢᠲᠠᠢ ᠬᠢᠵᠢᠭ ᠡᠪᠡᠳᠴᠢᠨ ᠤ ᠬᠠᠯᠳᠠᠪᠤᠷᠢ ᠠᠴᠠ ᠤᠷᠢᠳᠴᠢᠯᠠᠨ | ᠰᠡᠷᠭᠡᠶᠢᠯᠡᠬᠦ ᠠᠵᠢᠯ ᠢ ᠰᠠᠶᠢᠲᠤᠷ ᠭᠦᠢᠴᠡᠳᠬᠡᠨ᠎ᠡ᠃ | ᠰᠣᠶᠣᠯ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ | ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠲᠣᠭᠯᠠᠯᠲᠠ | ᠵᠡᠷᠭᠡ ᠣᠯᠠᠨ ᠲᠦᠮᠡᠨᠴᠢ ᠴᠢᠨᠠᠷᠲᠠᠶ ᠠᠵᠢᠯᠯᠠᠭ᠎ᠠ ᠶᠢ ᠡᠷᠬᠢᠯᠡᠵᠦ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ | ᠠᠮᠢᠳᠤᠷᠠᠯ ᠢ ᠲᠠᠰᠤᠷᠠᠯᠲᠠ ᠤᠢᠭᠡᠢ ᠪᠠᠶᠠᠯᠢᠭᠵᠢᠭᠤᠯᠤᠨ᠎ᠠ᠃ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ | ᠳᠡᠮᠵᠢᠨ᠎ᠡ᠃ ᠲᠡᠮᠡᠭᠡᠨ ᠰᠣᠶᠣᠯ ᠤᠨ ᠨᠠᠶᠢᠷ᠂ ᠠᠳᠤᠭᠤᠨ ᠰᠣᠶᠣᠯ ᠤᠨ ᠨᠠᠶᠢᠷ᠂ ᠮᠠᠯᠴᠢᠨ ᠲᠠᠷᠢᠶᠠᠴᠢᠨ ᠤ ᠡᠯᠪᠡᠭ | ᠬᠤᠷᠢᠶᠠᠯᠲᠠ ᠶᠢᠨ ᠨᠠᠶᠢᠷ ᠵᠡᠷᠭᠡ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠤᠨ᠎ᠠ᠃ ᠬᠤᠪᠢᠰᠬᠠᠯ ᠤᠨ | ᠰᠣᠶᠣᠯ ᠤᠨ ᠨᠡᠷᠡᠲᠦ ᠲᠡᠮᠳᠡᠭ ᠢ ᠲᠦᠷᠭᠡᠳᠬᠡᠨ ᠪᠣᠶᠢᠵᠢᠭᠤᠯᠵᠤ᠂ ᠬᠤᠪᠢᠰᠬᠠᠯ ᠤᠨ ᠰᠣᠶᠣᠯ ᠤᠨ ᠰᠤᠷᠭᠠᠨ ᠬᠥᠮᠦᠵᠢᠯ | ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠪᠢᠰᠬᠠᠯ ᠤᠨ ᠰᠣᠶᠣᠯ ᠤᠨ ᠠᠤᠳᠢᠤ᠋ ᠰᠣᠳᠣᠨ ᠪᠦᠲᠦᠭᠡᠯ ᠢ | ᠭᠠᠷᠭᠠᠨ᠎ᠠ᠃ ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢᠨ ᠰᠣᠶᠣᠯ ᠤᠨ ᠡᠷᠲᠡᠨ ᠤ ᠬᠤᠲᠠ ᠶᠢ ᠡᠭᠦᠳᠦᠨ | ᠪᠠᠶᠢᠭᠤᠯᠬᠤ ᠲᠥᠷᠥᠯ ᠵᠦᠢᠯ ᠢ ᠡᠬᠢᠯᠡᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠠᠶᠦᠯᠭᠦᠢ ᠶᠢᠨ | ᠪᠠᠶᠢᠳᠠᠯ ᠢ ᠲᠣᠭᠤᠷᠢᠨ ᠬᠠᠮᠠᠭᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠷᠲᠤ ᠴᠠᠭᠠᠨ ᠬᠡᠷᠡᠮ ᠤᠨ | ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠣᠳᠠᠰ ᠤᠨ ᠪᠤᠰᠤ ᠰᠣᠶᠣᠯ ᠤᠨ ᠥᠪ | ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠪᠣᠳᠠᠰ ᠤᠨ ᠪᠤᠰᠤ ᠰᠣᠶᠣᠯ ᠤᠨ ᠥᠪ ᠢ | ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ᠢ ᠭᠠᠷᠭᠠᠵᠤ᠂ ᠱᠠᠯᠪᠤᠷ ᠪᠥᠬᠡ ᠶᠢᠨ ᠣᠷᠳᠣᠨ ᠢ ᠰᠢᠨ᠎ᠡ ᠪᠠᠷ | ᠪᠠᠶᠢᠭᠤᠯᠤᠨ᠎ᠠ᠃ ᠮᠣᠷᠢᠨ ᠤᠷᠤᠯᠳᠤᠭᠠᠨ ᠤ ᠲᠠᠯᠠᠪᠠᠢ ᠶᠢ ᠳᠡᠰ ᠳᠡᠪᠰᠢᠭᠦᠯᠦᠨ ᠥᠭᠡᠷᠡᠴᠢᠯᠡᠬᠦ ᠪᠠ ᠪᠡᠶ᠎ᠡ ᠶᠢᠨ ᠲᠠᠮᠢᠷ | ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠣᠯᠠᠨ ᠲᠦᠮᠡᠨ ᠤ ᠦᠵᠡᠵᠦ ᠰᠣᠨᠢᠷᠬᠠᠬᠤ | ᠳᠤᠷᠠᠲᠠᠢ ᠰᠣᠶᠣᠯ ᠲᠠᠮᠢᠷ ᠤᠨ ᠬᠥᠳᠡᠯᠭᠡᠭᠡᠨ ᠢ ᠦᠷᠭᠦᠯᠵᠢᠯᠡᠨ ᠰᠠᠶᠢᠲᠤᠷ ᠡᠷᠬᠢᠯᠡᠨ᠎ᠡ᠃ | ︵ᠳᠣᠯᠤᠭ᠎ᠠ︶ ᠠᠷᠠᠯᠵᠢᠶ᠎ᠠ ᠬᠤᠳᠠᠯᠳᠤᠭᠠᠨ ᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ | ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠷᠴᠢ ᠬᠦᠴᠦᠨ ᠢ ᠲᠠᠰᠤᠷᠠᠯᠲᠠ ᠥᠬᠡᠶ | ᠬᠥᠭᠵᠢᠭᠦᠯᠦᠨ᠎ᠡ | ᠥᠨᠳᠥᠷ ᠪᠦᠲᠦᠮᠵᠢᠲᠡᠶ ᠳᠥᠭᠦᠮ ᠳᠥᠲᠡ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠪᠣᠶ ᠪᠣᠯᠭᠠᠨ᠎ᠠ᠃ ︽ | ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ︽ᠲᠠᠯᠪᠢᠬᠤ ᠬᠠᠮᠢᠶᠠᠷᠬᠤ | ᠦᠶᠯᠡᠴᠢᠯᠡᠬᠦ︾ ᠥᠭᠡᠷᠡᠴᠢᠯᠡᠯᠲᠡ ᠶᠢᠨ ᠡᠷᠴᠢᠮ ᠢ ᠤᠯᠠᠮ ᠴᠢᠩᠭᠠᠷᠠᠭᠤᠯᠤᠨ᠂ ︽ᠭᠤᠷᠪᠠ ᠶᠢ ᠲᠥᠪᠯᠡᠷᠡᠭᠦᠯᠵᠦ | ᠭᠤᠷᠪᠠ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠭᠠᠷᠮᠠᠭᠠᠢ | ᠦᠢᠯᠡᠴᠢᠯᠡᠭᠴᠢ︾ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ︽ᠳᠠᠷᠤᠶᠢᠬᠠᠨ ᠭᠦᠶᠴᠡᠳᠬᠡᠬᠦ᠂ ᠴᠠᠬᠢᠮ | ᠰᠦᠯᠵᠢᠶ᠎ᠡ ᠪᠠᠷ ᠭᠦᠶᠴᠡᠳᠬᠡᠬᠦ᠂ ᠨᠢᠭᠡ ᠯᠡ ᠤᠳᠠᠭ᠎ᠠ ᠳᠤ ᠭᠦᠶᠴᠡᠳᠬᠡᠬᠦ︾᠂ ᠣᠨᠴᠠᠭᠠᠢ ᠪᠠᠶᠢᠳᠠᠯ ᠳᠤ ᠬᠡᠷ ᠲᠤᠨᠢ | ᠬᠦᠷᠴᠦ ᠭᠦᠶᠴᠡᠳᠬᠡᠬᠦ ᠶᠢ ᠲᠦᠷᠭᠡᠨ ᠪᠡᠶᠡᠯᠡᠭᠦᠯᠦᠨ᠎ᠡ᠃ ᠡᠷᠬᠡ ᠲᠡᠭᠰᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ | ᠣᠷᠴᠢᠨ ᠨᠥᠬᠦᠴᠡᠯ ᠢ ᠪᠤᠢ ᠪᠣᠯᠭᠠᠨ᠎ᠠ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ | ᠨᠠᠷᠢᠨ ᠵᠢᠭᠰᠠᠭᠠᠯᠲᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠠᠯᠠᠭ᠎ᠠ ᠮᠥᠴᠢᠷ ᠠᠯᠤᠰᠯᠠᠨ | ᠬᠠᠮᠲᠤᠷᠠᠯᠴᠠᠵᠤ᠂ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠵᠢᠭᠦᠯᠦᠨ᠎ᠡ᠃ ᠭᠠᠶᠢᠯᠢ ᠶᠢ ᠬᠥᠩᠭᠡᠯᠡᠵᠦ | ᠰᠦᠶᠳᠬᠡᠯ ᠢ ᠪᠠᠭᠤᠷᠠᠭᠤᠯᠬᠤ ᠬᠠᠷᠠᠭᠠᠯᠵᠠᠯ ᠤᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠪᠠᠲᠤᠯᠠᠭᠠᠨ ᠤ | ᠴᠢᠨᠠᠷᠲᠠᠢ ᠲᠤᠰᠠᠯᠠᠬᠤ ᠮᠥᠩᠭᠦ︾ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠪᠠ ᠠᠵᠤ ᠠᠬᠤᠶᠢᠯᠠᠯ ᠳᠤ ᠠᠰᠢᠭ | ᠬᠦᠷᠲᠡᠭᠡᠬᠦ ᠬᠡᠪᠴᠢᠶ᠎ᠡ ᠶᠢ ᠥᠷᠭᠡᠳᠬᠡᠨ᠂ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠠᠷᠭ᠎ᠠ ᠵᠠᠮ ᠢ ᠥᠷᠭᠡᠳᠬᠡᠵᠦ | ᠂ ᠠᠵᠤ ᠠᠬᠤᠶᠢᠯᠠᠯ ᠤᠨ ᠲᠣᠭᠲᠠᠪᠤᠷᠢᠲᠠᠢ ᠪᠥᠭᠡᠳ ᠡᠷᠡᠭᠦᠯ ᠢᠶᠠᠷ ᠬᠥᠭᠵᠢᠬᠦ ᠳᠤ ᠪᠠᠲᠤᠯᠠᠭ᠎ᠠ ᠬᠠᠩᠭᠠᠨ᠎ᠠ᠃ ᠬᠠᠤᠯᠢ | ᠪᠠᠷ ᠵᠠᠰᠠᠭᠯᠠᠬᠤ ᠬᠠᠤᠯᠢ ᠶᠢᠨ ᠣᠷᠴᠢᠨ ᠢ ᠪᠣᠶ ᠪᠣᠯᠭᠠᠨ᠎ᠠ᠃ ︽ᠲᠥᠪ ᠭᠤᠣᠯᠴᠢ ᠪᠥᠭᠡᠳ ᠨᠢᠭᠡᠳᠦᠯᠲᠡᠢ ᠪᠠᠶᠢᠬᠤ︾ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠢ ᠦᠷᠭᠦᠯᠵᠢᠯᠡᠨ ᠠᠭᠤᠵᠢᠭᠤ ᠲᠠᠯᠪᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ | ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠨ᠎ᠠ᠃ ᠪᠣᠯᠪᠠᠰᠤᠨ ᠪᠥᠭᠡᠳ | ᠵᠢᠷᠤᠮᠵᠢᠭᠤᠨ ᠬᠦᠮᠦᠡᠯᠢᠭ ᠣᠷᠴᠢᠨ ᠨᠥᠬᠦᠴᠡᠯ ᠢ ᠪᠤᠢ ᠪᠣᠯᠭᠠᠨ᠎ᠠ᠃ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ | ᠶᠢ ᠴᠢᠩᠭᠠᠷᠠᠭᠤᠯᠵᠤ᠂ ᠠᠵᠢᠯ ᠲᠥᠷᠥᠯ ᠤᠨ ᠬᠥᠭᠵᠢᠯᠲᠡ ᠶᠢ ᠵᠢᠷᠤᠮᠵᠢᠭᠤᠯᠤᠨ᠎ᠠ᠃ ᠲᠤᠰᠬᠠᠶ ᠲᠣᠭᠤᠷᠢᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ | ᠪᠣᠳᠠᠲᠤ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠨ᠂ ᠨᠢᠭᠡ ᠠᠴᠠ ᠨᠥᠭᠦᠭᠡ ᠶᠢ ᠵᠦᠢᠴᠢᠯᠡᠵᠦ᠂ | ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠴᠢᠩᠭ᠎ᠠ ᠬᠠᠲᠠᠭᠤ ᠠᠷᠭ᠎ᠠ | ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ | ᠶᠢ ᠠᠬᠢᠭᠤᠯᠵᠤ᠂ ᠠᠵᠢᠯ ᠤᠨ ᠰᠤᠷᠲᠠᠯ ᠤᠨ ᠬᠤᠪᠢᠷᠠᠯᠲᠠ ᠪᠠᠷ ᠠᠷᠠᠯᠵᠢᠶ᠎ᠠ ᠬᠤᠳᠠᠯᠳᠤᠭᠠᠨ ᠤ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠬᠦ ᠶᠢ ᠳᠠᠶᠢᠴᠢᠯᠠᠨ᠎ᠠ᠃ | ᠳᠥᠷᠪᠡ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ ᠥᠪᠡᠷ ᠤᠨ | ᠪᠠᠶᠢᠭᠤᠯᠤᠯᠲᠠ ᠶᠢ ᠴᠢᠩᠭᠠᠳᠬᠠᠨ᠎ᠠ | ᠨᠠᠮ ᠤᠨ ᠤᠳᠤᠷᠢᠳᠤᠯᠭ᠎ᠠ ᠶᠢ ᠢᠮᠠᠭᠲᠠ ᠲᠤᠤᠱᠯᠠᠭᠤᠯᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ ᠡᠭᠦᠷᠭᠡ | ᠴᠢᠳᠠᠪᠤᠷᠢ ᠶᠢ ᠲᠦᠷᠭᠡᠳᠬᠡᠨ ᠬᠤᠪᠢᠷᠠᠭᠤᠯᠵᠤ᠂ ᠵᠠᠰᠠᠭ ᠤᠨ ᠣᠷᠳᠣᠨ ᠤ ᠬᠦᠴᠦᠨ ᠴᠢᠳᠠᠪᠤᠷᠢ ᠶᠢ ᠲᠠᠰᠤᠷᠠᠯᠲᠠ | ᠤᠢᠭᠡᠢ ᠳᠡᠭᠡᠭᠰᠢᠯᠡᠭᠦᠯᠦᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠪᠣᠯᠤᠨ ᠦᠢᠯᠡᠴᠢᠯᠡᠭᠡᠨ ᠤ ᠬᠡᠯᠪᠡᠷᠢ ᠶᠢᠨ | ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠠᠶᠢᠲᠤᠷ | ᠰᠤᠷᠤᠯᠴᠠᠨ ᠲᠤᠤᠱᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ | ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ | ᠬᠤᠷᠢᠶ᠎ᠠ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢ ᠪᠠᠶᠢᠷᠢᠯᠠᠭᠤᠯᠤᠯᠲᠠ ᠶᠢ ᠶᠣᠰᠣ | ᠵᠢᠷᠤᠮ ᠢᠶᠠᠷ ᠨᠢ ᠨᠠᠶᠢᠳᠠᠪᠤᠷᠢᠵᠢᠭᠤᠯᠤᠨ᠎ᠠ᠃ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠡᠷᠴᠢᠮᠵᠢᠭᠦᠯᠬᠦ ᠲᠠᠢ | ᠤᠶᠠᠯᠳᠤᠭᠤᠯᠤᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠨ᠎ᠡ᠃ | ᠬᠠᠤᠯᠢ ᠪᠠᠷ ᠵᠠᠰᠠᠭᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ | ᠰᠠᠨᠠᠭ᠎ᠠ ᠶᠢ ᠰᠠᠶᠢᠲᠤᠷ ᠲᠤᠤᠱᠯᠠᠭᠤᠯᠵᠤ᠂ ᠵᠠᠰᠠᠭ ᠤᠨ ᠣᠷᠳᠣᠨ ᠤ ᠠᠵᠢᠯ ᠢ ᠬᠠᠤᠯᠢ ᠪᠠᠷ ᠵᠠᠰᠠᠬᠤ ᠵᠠᠮ ᠳᠤ ᠪᠦᠬᠦ | ᠲᠠᠯ᠎ᠠ ᠪᠠᠷ ᠣᠷᠣᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠨ ᠠᠪᠴᠤ᠂ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠶᠢ ᠢᠳᠡᠪᠬᠢᠲᠡᠢ ᠬᠦᠯᠢᠶᠠᠨ ᠠᠪᠴᠤ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠤᠨ᠎ᠠ᠃ ᠬᠢᠨᠠᠨ ᠪᠣᠳᠣᠯᠲᠠ ᠪᠠ ᠬᠢᠨᠠᠨ ᠪᠤᠳᠤᠬᠤ ᠬᠢᠨᠠᠯᠲᠠ ᠶᠢ | ᠴᠢᠩᠭᠠᠳᠬᠠᠨ᠎ᠠ᠃ ︽ᠢᠷᠭᠡᠨ ᠤ ᠬᠠᠤᠯᠢ ᠶᠢᠨ ᠪᠢᠴᠢᠭ︾ ᠢ ᠪᠦᠬᠦ ᠲᠠᠯ᠎ᠠ ᠪᠠᠷ ᠰᠤᠷᠲᠠᠯᠴᠢᠯᠠᠨ ᠬᠡᠷᠡᠭᠵᠢᠭᠦᠯᠵᠦ᠂ ︽ | ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠦᠷᠢᠮ︾ ᠢ ᠡᠷᠡᠰ ᠲᠤᠤᠱᠯᠠᠭᠤᠯᠤᠨ | ᠨᠠᠶᠢᠳᠠᠪᠤᠷᠢᠵᠢᠭᠤᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠲᠡᠷᠢᠭᠦᠯᠡᠨ ᠬᠠᠤᠯᠢ ᠶᠢ ᠰᠤᠷᠴᠤ ᠬᠠᠤᠯᠢ ᠶᠢ | ᠮᠡᠳᠡᠵᠦ ᠬᠠᠤᠯᠢ ᠶᠢ ᠬᠡᠷᠡᠭᠯᠡᠬᠦ ᠶᠢ ᠤᠳᠤᠷᠢᠳᠤᠨ ᠵᠢᠯᠣᠭᠤᠳᠴᠤ᠂ ᠬᠠᠤᠯᠢ ᠪᠠᠷ ᠵᠠᠰᠠᠬᠤ ᠠᠯᠠᠱᠠ ᠵᠡᠭᠦᠨ ᠬᠤᠰᠢᠭᠤᠨ | ᠤ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ | ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠡᠷᠡᠭᠵᠢᠭᠦᠯᠬᠦ ᠦᠵᠡᠯ | ᠤᠬᠠᠮᠰᠠᠷ ᠪᠠ ᠴᠠᠭᠴᠢ ᠦᠵᠡᠯ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠡᠯ᠎ᠡ ᠱᠠᠲᠤᠨ ᠤ ᠲᠣᠭᠤᠷᠢᠨ | ᠪᠠᠶᠢᠴᠠᠭᠠᠬᠤ᠂ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠡᠷᠴᠢᠮᠲᠡᠢ ᠠᠳᠬᠤᠵᠤ᠂ ᠡᠯ᠎ᠡ ᠲᠥᠷᠥᠯ ᠤᠨ ᠰᠢᠢᠳᠪᠦᠷᠢ ᠶᠢᠨ ᠬᠡᠷᠡᠭᠵᠢᠭᠦᠯᠦᠯᠲᠡ ᠶᠢᠨ ᠠᠮᠵᠢᠯᠲᠠ ᠲᠠᠢ᠂ ᠴᠢᠬᠤᠯᠠ | ᠠᠵᠢᠯ ᠢ ᠡᠷᠴᠢᠮᠲᠡᠢ ᠠᠬᠢᠭᠤᠯᠬᠤ ᠶᠢ ᠦᠨᠡᠨᠬᠦ ᠪᠠᠲᠤᠯᠠᠨ᠎ᠠ᠃ ︽ᠠᠷᠠᠳ ᠲᠦᠮᠡᠨ ᠳᠤ ᠦᠨᠡᠨᠴᠢ ᠰᠢᠳᠤᠷᠭᠤ ᠪᠠᠷ | ᠵᠢᠳᠬᠦᠨ᠂ ᠰᠢᠨ᠎ᠡ ᠶᠢ ᠡᠭᠦᠳᠦᠨ ᠬᠥᠭᠵᠢᠭᠦᠯᠵᠦ᠂ ᠬᠠᠲᠠᠭᠤᠵᠢᠯᠲᠠᠢ ᠲᠡᠮᠡᠴᠡᠬᠦ︾ ᠵᠣᠷᠢᠭ ᠰᠠᠨᠠᠭ᠎ᠠ ᠶᠢ ᠶᠡᠬᠡᠪᠡᠷ | ᠪᠠᠳᠠᠷᠠᠭᠤᠯᠤᠨ᠎ᠠ᠃ ᠺᠠᠳ᠋ᠷ ᠤᠨ ᠡᠩᠨᠡᠭᠡᠨ ᠤ ᠬᠥᠮᠦᠵᠢᠯ ᠬᠠᠮᠢᠶᠠᠷᠤᠯᠲᠠ ᠶᠢ ᠴᠢᠩᠭᠠᠳᠬᠠᠵᠤ᠂ ᠺᠠᠳ᠋ᠷ ᠤᠨ ᠠᠵᠢᠯ ᠬᠢᠬᠦ | ᠰᠠᠨᠠᠭ᠎ᠠ ᠲᠠᠢ᠂ ᠠᠵᠢᠯ ᠬᠢᠵᠦ ᠳᠡᠶᠢᠯᠬᠦ᠂ ᠠᠵᠢᠯ ᠪᠦᠲᠦᠭᠡᠵᠦ ᠳᠡᠶᠢᠯᠬᠦ ᠶᠢ ᠬᠦᠳᠦᠯᠦᠨ ᠵᠢᠯᠣᠭᠤᠳᠴᠤ᠂ ᠦᠨᠡᠨᠴᠢ | ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ | ᠺᠠᠳ᠋ᠷ ᠤᠨ ᠡᠩᠨᠡᠭᠡ ᠶᠢ ᠴᠢᠷᠮᠠᠶᠢᠨ ᠪᠠᠶᠢᠭᠤᠯᠤᠨ᠎ᠠ᠃ | ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭᠯᠠᠬᠤ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭᠯᠠᠬᠤ ᠪᠠᠶᠢᠭᠤᠯᠤᠯᠲᠠ ᠵᠢᠴᠢ | ᠢᠯᠵᠢᠷᠡᠯ ᠢ ᠡᠰᠡᠷᠭᠦᠴᠡᠬᠦ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠤᠤᠱᠲᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠦᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ | ᠴᠡᠭᠡᠷᠯᠡᠭᠦᠯᠦᠨ᠎ᠡ᠃ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠪᠠᠯᠠ ᠮᠥᠩᠭᠦ | ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ | ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠵᠠᠰᠠᠨ ᠴᠡᠭᠴᠡᠯᠡᠬᠦ ᠠᠵᠢᠯ ᠢ | ᠦᠷᠭᠦᠯᠵᠢᠯᠡᠨ ᠲᠤᠤᠱᠲᠠᠢ ᠠᠬᠢᠭᠤᠯᠵᠤ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠢᠯᠵᠢᠷᠡᠯ ᠤᠨ | ᠠᠰᠠᠭᠤᠳᠠᠯ ᠢ ᠵᠠᠰᠠᠨ ᠴᠡᠭᠴᠡᠯᠡᠬᠦ ᠠᠵᠢᠯ ᠢ ᠡᠷᠴᠢᠮᠲᠡᠢ ᠥᠷᠨᠢᠭᠦᠯᠦᠨ᠂ ᠴᠢᠬᠡᠴᠢ ᠵᠠᠰᠠᠭ ᠤᠨ ᠡᠷᠡᠰᠳᠡᠯ ᠢ | ᠪᠦᠲᠦᠮᠵᠢᠲᠡᠶ ᠰᠡᠷᠭᠡᠶᠢᠯᠡᠨ᠎ᠡ᠃ ᠺᠠᠳ᠋ᠷᠴᠤᠳ ᠲᠥᠪ ᠰᠢᠳᠤᠷᠭᠤ᠂ ᠵᠠᠰᠠᠭ ᠤᠨ ᠣᠷᠳᠣᠨ ᠠᠷᠢᠭᠤᠨ ᠴᠢᠬᠡᠴᠢ᠂ ᠤᠯᠤᠰ | ᠲᠥᠷᠥ ᠬᠡᠪ ᠲᠦᠷᠢᠮ ᠲᠠᠢ ᠵᠠᠰᠠᠭ ᠤᠨ ᠣᠷᠴᠢᠨ ᠨᠥᠬᠦᠴᠡᠯ ᠢ ᠡᠷᠴᠢᠮᠲᠡᠢ ᠪᠦᠷᠢᠳᠦᠭᠦᠯᠦᠨ᠎ᠡ᠃ | ᠦᠵᠡᠯ ᠤᠬᠠᠮᠰᠠᠷ ᠤᠨ ᠬᠡᠯᠪᠡᠷᠢᠰᠢᠯ ᠤᠨ ᠠᠵᠢᠯ ᠢ ᠴᠢᠩᠭ᠎ᠠ ᠠᠳᠬᠤᠨ᠎ᠠ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ | ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠮᠤᠷ | ᠲᠦᠪᠰᠢᠨ ᠢ ᠬᠠᠮᠠᠭᠠᠯᠠᠨ᠎ᠠ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠎ᠡ᠃ ᠡᠬᠡ | ᠣᠷᠣᠨᠴᠢ ᠦᠵᠡᠯ ᠤᠨ ᠬᠥᠮᠦᠵᠢᠯ ᠢ ᠲᠤᠤᠱᠲᠠᠢ ᠥᠷᠨᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ | ᠢ ᠵᠠᠯᠭᠠᠮᠵᠢᠯᠠᠨ ᠪᠠᠳᠠᠷᠠᠭᠤᠯᠤᠨ᠎ᠠ᠃ ᠰᠦᠯᠵᠢᠶᠡᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠪᠦᠬᠦ | ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠵᠦ᠂ ᠪᠣᠯᠪᠠᠰᠤᠨ ᠥᠪᠥᠷ ᠮᠣᠩᠭᠤᠯ ᠤᠨ ᠪᠠᠶᠢᠭᠤᠯᠤᠯᠲᠠ ᠶᠢ | ᠡᠷᠴᠢᠮᠲᠡᠢ ᠠᠬᠢᠭᠤᠯᠤᠨ᠎ᠠ᠃ | ᠲᠥᠯᠥᠭᠡᠯᠡᠭᠴᠢᠳ ᠡ︕ ᠳᠠᠷᠬᠠᠨ ᠡᠭᠦᠷᠭᠡ ᠨᠢ ᠲᠤᠰᠢᠶᠠᠯ ᠬᠠᠷᠢᠭᠤᠴᠠᠯᠭ᠎ᠠ ᠶᠢ ᠤᠷᠢᠶᠠᠯᠠᠵᠤ᠂ ᠪᠣᠳᠠᠲᠠᠢ | ᠠᠵᠢᠯᠯᠠᠭ᠎ᠠ ᠪᠠᠷ ᠢᠷᠡᠭᠡᠳᠦᠢ ᠪᠠᠨ ᠴᠣᠭᠴᠠᠯᠠᠶ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ | ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠠᠶᠢᠮᠠᠭ ᠤᠨ ᠨᠠᠮ ᠤᠨ ᠬᠤᠷᠢᠶ᠎ᠠ | ᠵᠠᠬᠢᠷᠭ᠎ᠠ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠴᠥᠬᠦᠷᠡᠰᠢ | ᠦᠭᠡᠢ ᠣᠶᠤᠨ ᠰᠠᠨᠠᠭᠠᠨ ᠤ ᠲᠦᠷᠬᠦ ᠪᠠᠶᠢᠳᠠᠯ ᠪᠣᠯᠤᠨ ᠴᠤᠴᠠᠯᠲᠠ ᠥᠬᠡᠶ ᠤᠷᠤᠭᠰᠢᠯᠠᠬᠤ ᠲᠡᠮᠡᠴᠡᠯ ᠤᠨ ᠳᠦᠷᠢ | ᠪᠠᠶᠢᠳᠠᠯ ᠢᠶᠠᠷ ᠠᠵᠢᠯ ᠤᠨ ᠡᠭᠦᠷᠭᠡ ᠪᠠᠨ ᠲᠤᠤᠱᠲᠠᠢ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ︾ ᠶᠢᠨ ᠬᠥᠭᠵᠢᠯᠲᠡ ᠶᠢᠨ ᠰᠢᠨ᠎ᠡ ᠡᠬᠢᠯᠡᠯᠲᠡ᠂ ᠰᠢᠨ᠎ᠡ ᠠᠶᠠᠨ ᠢᠶᠠᠨ ᠥᠭᠡᠳᠡ ᠲᠠᠢ ᠥᠩᠭᠡ ᠲᠠᠢ | ᠡᠬᠢᠯᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ | 100 ᠵᠢᠯ ᠤᠨ ᠣᠶ ᠶᠢ ᠪᠡᠯᠭᠡᠯᠡᠰᠦᠭᠡᠢ︕ | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |