2021ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠤᠶᠠᠷ︶
ᠨᠡᠶᠢᠲᠡᠯᠡᠭᠰᠡᠨ ᠴᠠᠭ᠄
2021/2/26
2020 ᠣᠨ ᠳᠤ᠂ ᠪᠢᠳᠡ ᠠᠯᠠᠱᠠ ᠵᠡᠭᠦᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠲᠣᠭᠲᠠᠭᠠᠭᠰᠠᠨ ᠡᠯ᠎ᠡ ᠲᠥᠷᠥᠯ ᠤᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠢᠷᠭᠠᠭᠤ  ᠠᠵᠢᠯᠯᠠᠨ᠂  ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠳᠤ ᠠᠰᠤᠷᠤ ᠰᠠᠶᠢᠨ ᠰᠠᠭᠤᠷᠢ ᠲᠠᠯᠪᠢᠪᠠ᠃ᠨᠢᠭᠡ ᠳᠤ᠂ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠢᠯᠡᠳᠲᠡ ᠦᠷ᠎ᠡ ᠪᠦᠲᠦᠮᠵᠢ ᠤᠯᠪᠠ ᠃ ᠬᠦᠨᠳᠦ ᠬᠡᠴᠡᠭᠦᠦ ᠬᠢᠵᠢᠭ ᠤᠨ ᠪᠠᠶᠢᠳᠠᠯ ᠤᠨ ᠡᠮᠣᠨ᠎ᠡ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠰᠢᠢᠳᠪᠦᠷᠢ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠬᠠᠮᠲᠤᠪᠠᠷ ᠢᠶᠠᠨ ᠬᠦᠴᠦᠯᠡᠨ ᠴᠢᠷᠮᠠᠶᠢᠵᠤ᠂ ᠬᠦᠴᠢᠷ ᠪᠡᠷᠬᠡᠰᠢᠶᠡᠯ ᠢ ᠳᠠᠪᠠᠨ ᠲᠤᠭᠤᠯᠵᠤ᠂ ᠬᠠᠮᠲᠤᠷᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠣᠷᠣᠯᠴᠠᠵᠤ ᠣᠯᠠᠨ ᠢᠶᠠᠷ  ᠢᠶᠠᠨ ᠬᠢᠵᠠᠭᠠᠷᠯᠠᠬᠤ ᠪᠠᠶᠢᠩᠭᠤ ᠶᠢᠨ ᠠᠵᠢᠯᠯᠠᠭ᠎ᠠ ᠲᠠᠢ ᠰᠡᠷᠭᠡᠶᠢᠯᠡᠨ ᠡᠵᠡᠮᠳᠡᠬᠦ ᠰᠢᠰᠲ᠋ᠧᠮ ᠢ ᠪᠣᠢ ᠪᠣᠯᠭᠠᠪᠠ᠃ ᠡᠮᠨᠡᠯᠭᠡ  ᠶᠢᠨ ᠠᠵᠢᠯᠲᠠᠨ ᠢ 5263 ᠬᠥᠮᠦᠨ ᠤᠳᠠᠭ᠎ᠠ ᠠᠵᠢᠯᠯᠠᠭᠤᠯᠵᠤ᠂ ᠨᠡᠶᠢᠲᠡ 73.1 ᠲᠦᠮᠡᠨ ᠬᠥᠮᠦᠨ ᠤᠳᠠᠭ᠎ᠠ ᠤᠷᠢᠳᠴᠢᠯᠠᠨ ᠰᠡᠷᠭᠡᠶᠢᠯᠡᠵᠦ ᠪᠠᠶᠢᠴᠠᠭᠠᠨ ᠣᠨᠣᠰᠢᠯᠠᠵᠤ᠂ 122.1 ᠲᠦᠮᠡᠨ ᠬᠥᠮᠦᠨ ᠤᠳᠠᠭ᠎ᠠ ᠬᠢᠨᠠᠨ  ᠪᠠᠶᠢᠴᠠᠭᠠᠪᠠ ᠃ ︽ᠭᠠᠳᠠᠨ᠎ᠠ ᠳᠣᠲᠣᠨ᠎ᠠ ᠶᠢᠨ ᠬᠠᠯᠳᠠᠪᠤᠷᠢ ᠦᠭᠡᠢ︾ ᠪᠠᠶᠢᠬᠤ ᠶᠢ ᠢᠮᠠᠭᠲᠠ ᠪᠠᠲᠤᠯᠠᠪᠠ᠃ᠬᠤᠶᠠᠷ ᠲᠤ᠂ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠲᠣᠭᠲᠠᠪᠤᠷᠢᠲᠠᠢ ᠪᠣᠯᠵᠤ ᠰᠠᠶᠢᠵᠢᠷᠠᠪᠠ᠃ ᠲᠣᠮᠣᠬᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠤᠷᠤᠭᠰᠢᠲᠠᠢ ᠠᠬᠢᠪᠠ᠃ ᠪᠦᠬᠦ ᠬᠤᠰᠢᠭᠤᠨ ᠤ 79 ᠭᠤᠣᠯᠳᠠᠯᠭ᠎ᠠ  ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ 77 ᠳ᠋ᠦᠩᠰᠢᠭᠤᠷ ᠲᠥᠭᠦᠷᠢᠭ ᠤᠨ ᠵᠢᠯ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ 7.66 ᠳ᠋ᠦᠩᠰᠢᠭᠤᠷ ᠲᠥᠭᠦᠷᠢᠭ ᠤᠨ ᠳᠡᠭᠡᠳᠦ ᠱᠠᠲᠤᠨ ᠤ ᠪᠡᠯᠡ ᠮᠥᠩᠭᠦ ᠪᠠ 9 ᠲᠤᠰᠬᠠᠢ ᠲᠥᠷᠥᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠡᠷᠡᠮᠡᠯᠵᠡᠯᠡᠨ ᠣᠯᠪᠠ᠃ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠰᠠᠶᠢᠵᠢᠷᠠᠭᠤᠯᠪᠠ᠃ ᠴᠠᠭᠠᠨ ᠨᠣᠯᠤᠤᠷᠲᠤ ᠢᠮᠠᠭᠠᠨ ᠤ ᠨᠣᠯᠤᠤᠷ᠂ ᠲᠡᠮᠡᠭᠡᠨ ᠮᠢᠬ᠎ᠠ᠂ ᠱᠢᠷᠤᠨ ᠤᠨᠵᠢᠯᠭ᠎ᠠ ᠵᠡᠷᠭᠡ 7 ᠪᠦᠲᠦᠭᠡᠭᠳᠡᠬᠦᠨ ᠢ ᠪᠥᠬᠦ ᠤᠯᠤᠰ ᠤᠨ ︽ᠨᠠᠷᠠᠲᠤ ᠣᠨᠴᠠᠭᠠᠢ ᠰᠢᠯᠢᠳᠡᠭ ᠰᠢᠨ᠎ᠡ︾ ᠮᠠᠯ ᠤᠨ ᠠᠰᠢᠭ ᠰᠢᠮ᠎ᠡ  ᠲᠠᠷᠢᠶᠠᠯᠠᠩ ᠤᠨ ᠪᠦᠲᠦᠭᠡᠭᠳᠡᠬᠦᠨ ᠢᠶᠠᠷ ᠨᠤᠲᠠᠯᠠᠨ ᠲᠣᠭᠲᠠᠭᠠᠪᠠ᠃ ᠲᠠᠷᠢᠶᠠᠯᠠᠩ ᠪᠠ ᠠᠵᠤ ᠠᠬᠤᠶᠢᠯᠠᠯ ᠤᠨ ᠬᠤᠭᠤᠷᠣᠨᠳᠣᠬᠢ ᠠᠰᠢᠭ ᠲᠤᠰᠠ ᠶᠢᠨ ᠬᠠᠷᠢᠯᠴᠠᠭ᠎ᠠ ᠬᠤᠯᠪᠣᠭᠠᠨ ᠤ ᠲᠣᠭᠲᠠᠴᠠ 65.7 % ᠳᠤ ᠬᠦᠷᠴᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠤᠭᠰᠠᠨ ᠦᠶᠯᠡᠳᠬᠦᠨ ᠤ ᠥᠷᠲᠡᠭ 15 ᠳ᠋ᠦᠩᠰᠢᠭᠤᠷ ᠲᠥᠭᠦᠷᠢᠭ ᠲᠤ ᠬᠦᠷᠪᠡ᠃ ᠠᠵᠤ ᠦᠶᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠲᠣᠭᠲᠠᠪᠤᠷᠢᠲᠠᠢ ᠪᠡᠶᠡᠯᠡᠭᠦᠯᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ 12.7 % ᠪᠠᠷ ᠨᠡᠮᠡᠭᠳᠡᠵᠦ᠂ 8.17 ᠳ᠋ᠦᠩᠰᠢᠭᠤᠷ ᠲᠥᠭᠦᠷᠢᠭ ᠤᠨ ᠭᠠᠶᠢᠯᠢ ᠶᠢᠨ ᠣᠷᠣᠯᠭ᠎ᠠ ᠶᠢ ᠪᠡᠶᠡᠯᠡᠭᠦᠯᠪᠡ᠃  ᠣᠮᠠᠷᠠᠲᠣ ᠶᠢᠨ ᠴᠢᠯᠠᠭᠤᠨ ᠲᠣᠰᠣᠨ ᠤ ᠪᠥᠯᠥᠭᠯᠡᠯ ᠤᠨ ᠵᠢᠷᠠᠲᠠᠢ ᠴᠢᠯᠠᠭᠤᠨ ᠲᠤᠰᠤᠨ ᠤ ᠠᠭᠤᠷᠬᠠᠢ ᠶᠢᠨ ᠬᠠᠶᠢᠭᠤᠯ᠂ ᠨᠡᠭᠡᠭᠡᠨ ᠠᠰᠢᠭᠯᠠᠬᠤ ᠲᠦᠷᠦᠯ ᠵᠦᠢᠯ ᠢ ᠤᠷᠤᠭᠰᠢᠲᠠᠢ ᠠᠬᠢᠭᠤᠯᠪᠠ᠃ 160 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠱᠠᠲᠤᠴᠢ ᠴᠢᠨᠠᠷᠲᠠᠶ ᠠᠮᠵᠢᠯᠲᠠ ᠣᠯᠪᠠ᠃ ᠣᠯᠠᠨᠪᠤᠯᠠᠭ ᠠᠵᠤ ᠦᠶᠯᠡᠰ ᠤᠨ ᠬᠦᠷᠢᠶᠡᠯᠡᠩ ᠢ ᠥᠪᠡᠷᠲᠡᠭᠡᠨ ᠵᠠᠰᠠᠬᠤ ᠣᠷᠣᠨ ᠤ ᠠᠵᠤ ᠦᠶᠯᠡᠳᠪᠦᠷᠢ ᠶᠢᠨ ᠬᠦᠷᠢᠶᠡᠯᠡᠩ ᠢ ᠬᠢᠨᠠᠨ ᠬᠠᠷᠭᠤᠭᠤᠯᠬᠤ ᠠᠯᠪᠠᠨ ᠵᠠᠷ ᠤᠨ ᠵᠢᠭᠰᠠᠭᠠᠯᠳᠠ ᠳᠤ ᠣᠷᠣᠭᠤᠯᠪᠠ᠃ ᠠᠶᠠᠯᠠᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠪᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ᠪᠦᠰᠡ ᠨᠤᠲᠤᠭ ᠤᠨ ᠠᠶᠠᠯᠠᠯ ᠵᠢᠭᠤᠯᠴᠢᠯᠠᠯ ᠤᠨ ᠵᠢᠱᠢᠶᠡᠴᠢ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ᠠᠽᠢᠶ᠎ᠠ ᠶᠢᠨ ᠡᠯᠡᠰᠦ ᠮᠠᠩᠬ᠎ᠠ ᠶᠢ ᠲᠤᠭᠤᠯᠬᠤ ᠤᠷᠤᠯᠳᠤᠭᠠᠨ ᠵᠡᠷᠭᠡ ᠲᠣᠮᠣᠬᠠᠨ ᠰᠣᠶᠣᠯ  ᠵᠢᠭᠤᠯᠴᠢᠯᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ᠭᠤᠷᠪᠠ ᠳᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠯᠡᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠪᠡ᠃ 3500 ᠲᠦᠮᠡᠨ ᠲᠥᠭᠦᠷᠢᠭ ᠤᠨ ᠪᠠᠯᠠ ᠣᠷᠣᠭᠤᠯᠵᠤ᠂ 6 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶᠡᠴᠢ ᠴᠡᠭ ᠢ ᠰᠢᠨ᠎ᠡ ᠪᠠᠷ ᠪᠠᠶᠢᠭᠤᠯᠬᠤ ᠪᠤᠶᠤ ᠰᠢᠨᠡᠴᠢᠯᠡᠨ ᠰᠠᠶᠢᠵᠢᠷᠠᠭᠤᠯᠪᠠ᠃ ᠪᠥᠬᠦ ᠣᠷᠣᠨ ᠤ ᠬᠥᠳᠡᠭᠡ ᠲᠣᠰᠬᠤᠨ ᠤ ᠵᠠᠰᠠᠯᠲᠠ ᠶᠢᠨ ᠲᠣᠭᠲᠠᠴᠠ ᠶᠢᠨ ᠪᠠᠶᠢᠭᠤᠯᠤᠯᠲᠠ ᠶᠢᠨ ᠠᠬᠤᠢ ᠲᠠᠯᠠᠪᠠᠢ ᠶᠢᠨ ᠬᠤᠷᠠᠯ ᠢ ᠠᠮᠵᠢᠯᠲᠠ ᠲᠠᠢ ᠡᠷᠬᠢᠯᠡᠪᠡ᠃ ᠭᠠᠴᠠᠭᠠᠨ ᠤ ᠬᠠᠮᠲᠤ ᠶᠢᠨ ᠠᠵᠤ ᠠᠬᠤᠢ ᠶᠢ ᠱᠠᠲᠤ ᠳᠠᠷᠠᠭ᠎ᠠ ᠪᠠᠷ ᠪᠤᠵᠠᠭᠠᠶᠢᠷᠠᠭᠤᠯᠵᠤ᠂ ᠡᠵᠡᠩᠨᠡᠯᠲᠡ ᠶᠢᠨ ᠣᠷᠣᠯᠭ᠎ᠠ ᠶᠢ 5 ᠲᠦᠮᠡᠨ ᠲᠥᠭᠦᠷᠢᠭ ᠠᠴᠠ ᠳᠡᠭᠡᠭᠰᠢ ᠳᠤ ᠬᠦᠷᠭᠡᠪᠠ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢᠰᠢᠯ ᠤᠨ ᠣᠷᠴᠢᠨ ᠢ ᠶᠡᠷᠦᠩᠬᠡᠶᠢᠯᠡᠨ ᠵᠠᠰᠠᠨ ᠴᠡᠭᠴᠡᠯᠡᠬᠦ ᠭᠤᠷᠪᠠᠨ ᠵᠢᠯ  ᠤᠨ ᠠᠵᠢᠯᠯᠠᠭ᠎ᠠ ᠥᠪᠡᠷᠲᠡᠭᠡᠨ ᠵᠠᠰᠠᠬᠤ ᠣᠷᠣᠨ ᠤ ᠰᠢᠯᠭᠠᠨ ᠠᠪᠤᠯᠲᠠ ᠶᠢ  ᠥᠩᠭᠡᠷᠡᠭᠦᠯᠵᠦ ᠰᠢᠯᠢᠳᠡᠭ ᠢᠶᠠᠷ ᠦᠨᠡᠯᠡᠭᠳᠡᠪᠡ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠢ ᠲᠡᠭᠦᠯᠳᠡᠷᠵᠢᠪᠡ᠃ G 1817 ᠲᠦᠷᠭᠡᠨ ᠤ ᠵᠠᠮ ᠢ ᠡᠬᠢᠯᠡᠨ ᠪᠠᠶᠢᠭᠤᠯᠵᠤ᠂ S 315 ᠱᠤᠭᠤᠮ ᠤᠨ ᠪᠠᠶᠠᠨᠬᠤᠲᠠ ᠠᠴᠠ ᠲᠡᠮᠡᠭᠡᠲᠦ ᠬᠦᠷᠬᠦ ᠬᠡᠰᠡᠭ᠂ G 331 ᠱᠤᠭᠤᠮ ᠤᠨ ᠬᠤᠶᠢᠲᠤ ᠢᠩᠭᠡᠨ ᠠᠴᠠ ᠵᠠᠮ ᠤᠨ ᠬᠤᠳᠳᠤᠭ ᠬᠦᠷᠬᠦ ᠬᠡᠰᠡᠭ ᠢ ᠤᠷᠤᠭᠰᠢᠲᠠᠢ ᠲᠦᠯᠬᠢᠨ ᠠᠬᠢᠭᠤᠯᠵᠤ᠂ ᠲᠣᠯᠢ ᠠᠴᠠ ᠳᠡᠷᠡᠰᠤᠨ ᠬᠤᠲᠠ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ  ᠢ ᠠᠰᠢᠭᠯᠠᠯᠲᠠ ᠳᠤ ᠣᠷᠣᠭᠤᠯᠪᠠ᠃ 3715 ᠲᠦᠮᠡᠨ ᠲᠥᠭᠦᠷᠢᠭ ᠤᠨ ᠪᠡᠯᠡ ᠣᠷᠣᠭᠤᠯᠵᠤ᠂ 12 ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠢ ᠬᠡᠷᠡᠭᠵᠢᠭᠦᠯᠵᠦ᠂ ᠲᠡᠭᠡᠭᠡᠪᠦᠷᠢ ᠶᠢᠨ  ᠰᠥᠯᠵᠢᠶ᠎ᠡ ᠤᠯᠠᠮ ᠰᠠᠶᠢᠵᠢᠷᠠᠪᠠ᠃ ᠪᠠᠶᠠᠨᠬᠤᠲᠠ ᠠᠴᠠ ᠢᠷᠭᠠᠢ ᠬᠦᠷᠬᠦ ᠲᠦᠷᠭᠡᠨ ᠬᠤᠷᠳᠤᠴᠠᠲᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠪᠦᠬᠦ ᠲᠠᠯ᠎ᠠ ᠪᠠᠷ ᠡᠬᠢᠯᠡᠪᠡ᠃ ᠠᠵᠢᠯ ᠡᠭᠦᠷᠭᠡ ᠶᠢᠨ ᠨᠢᠰᠬᠡᠯ  ᠤᠨ ᠪᠠᠭᠤᠳᠠᠯ ᠢ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠪᠣᠯᠭᠠᠨ ᠳᠡᠰ ᠳᠡᠪᠰᠢᠭᠦᠯᠬᠦ ᠲᠥᠷᠥᠯ ᠵᠦᠢᠯ ᠢ ᠴᠣᠬᠤᠯᠠᠪᠤᠷᠢᠯᠠᠨ ᠵᠥᠪᠰᠢᠶᠡᠷᠡᠭᠦᠯᠵᠦ᠂ ᠥᠯᠵᠡᠶ ᠪᠣᠭᠤᠮᠲᠠ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠭᠠᠵᠠᠷ ᠰᠣᠩᠭᠤᠬᠤ ᠱᠠᠲᠤᠨ ᠳᠤ ᠣᠷᠣᠪᠠ᠃ᠳᠥᠷᠪᠡ ᠳᠤ᠂ ᠥᠭᠡᠷᠡᠴᠢᠯᠡᠯᠲᠡ ᠬᠥᠭᠵᠢᠯᠲᠡ ᠶᠢᠨ ᠬᠥᠳᠡᠯᠭᠡᠭᠴᠢ ᠬᠦᠴᠦ ᠢᠯᠡᠳᠲᠡ ᠴᠢᠩᠭᠠᠷᠠᠪᠠ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠡᠷᠴᠢᠮᠵᠢᠭᠦᠯᠬᠦ ᠠᠵᠢᠯ ᠢ ᠯᠠᠪᠳᠠᠭᠤᠨ ᠢᠶᠠᠷ ᠬᠡᠷᠡᠭᠵᠢᠭᠦᠯᠪᠡ᠃ ᠡᠳ᠋ ᠤᠨ ᠵᠠᠰᠠᠭ ᠤᠨ ᠭᠠᠶᠢᠯᠢ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠤᠤᠱᠲᠠᠢ ᠥᠷᠨᠢᠭᠦᠯᠵᠦ᠂ ᠠᠷᠠᠳ  ᠠᠴᠠ ᠡᠵᠡᠩᠨᠡᠭᠰᠡᠨ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠳᠡᠮᠵᠢᠬᠦ  ᠪᠤᠳᠤᠯᠭ᠎ᠠ  ᠶᠢ ᠨᠠᠶᠢᠳᠠᠪᠤᠷᠢᠵᠢᠭᠤᠯᠪᠠ᠃ ᠣᠳᠣ ᠦᠶ᠎ᠡ ᠶᠢᠨ ᠣᠯᠣᠰ ᠤᠨ ᠦᠮᠴᠢᠯᠡᠯᠲᠣ ᠠᠵᠤ ᠠᠬᠤᠶᠢᠯᠠᠯ ᠤᠨ ᠰᠢᠰᠲ᠋ᠧᠮ ᠢ ᠲᠡᠭᠦᠯᠳᠡᠷᠵᠢᠭᠦᠯᠵᠣ᠂ ᠬᠤᠰᠢᠭᠤᠨ ᠤ ᠲᠣᠰ ᠱᠠᠲᠤᠨ ᠤ ᠡᠵᠡᠩᠨᠡᠯᠲᠡ ᠶᠢᠨ ᠴᠢᠨᠠᠷᠲᠠᠢ ᠣᠯᠣᠰ ᠤᠨ ᠦᠮᠴᠢᠯᠡᠯᠲᠣ ᠬᠥᠷᠥᠩᠭᠡ ᠶᠢ ᠲᠥᠪᠯᠡᠷᠡᠭᠦᠯᠦᠨ ᠨᠢᠭᠡᠳᠦᠯᠲᠡᠢ ᠬᠢᠨᠠᠨ ᠬᠠᠮᠢᠶᠠᠷᠬᠤ ᠶᠢ ᠪᠡᠶᠡᠯᠡᠭᠦᠯᠪᠠ᠃ ᠮᠠᠯᠵᠢᠬᠤ ᠲᠠᠷᠢᠶᠠᠯᠠᠬᠤ ᠣᠷᠣᠨ  ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠲᠦᠮᠵᠢᠲᠡᠶ  ᠠᠬᠢᠭᠤᠯᠵᠤ᠂ 110 ᠭᠠᠴᠠᠭ᠎ᠠ ᠲᠣᠰᠬᠤᠨ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠪᠡ᠃ ᠠᠷᠠᠯᠵᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ ᠳᠡᠭᠡᠭᠰᠢᠯᠡᠭᠦᠯᠪᠡ᠃ ︽ᠳᠠᠷᠤᠶᠢᠬᠠᠨ ᠭᠦᠶᠴᠡᠳᠬᠡᠬᠦ᠂ ᠨᠢᠭᠡ ᠯᠡ ᠤᠳᠠᠭ᠎ᠠ ᠳᠤ ᠭᠦᠶᠴᠡᠳᠬᠡᠬᠦ᠂ ᠴᠠᠬᠢᠮ ᠢᠶᠠᠷ ᠭᠦᠶᠴᠡᠳᠬᠡᠬᠦ᠂ ᠣᠶᠢᠷ᠎ᠠ ᠬᠠᠪᠢ ᠳᠤᠨᠢ ᠭᠦᠶᠴᠡᠳᠬᠡᠬᠦ︾ ᠠᠵᠢᠯ ᠨᠢ ᠨᠢᠳᠤᠨᠤᠨ ᠤ ᠬᠢ ᠠᠴᠠ ᠲᠣᠰ ᠲᠣᠰ 47.7 %᠂ 36.9 %᠂ 436 %᠂ 131 % ᠪᠠᠷ ᠨᠡᠮᠡᠭᠳᠡᠪᠡ᠃ ᠭᠤᠶᠤᠴᠢᠯᠠᠯᠲᠠ ᠶᠢᠨ ᠮᠠᠲ᠋ᠧᠷᠢᠶᠠᠯ᠂ ᠠᠵᠢᠯ ᠶᠠᠪᠤᠳᠠᠯ ᠭᠦᠶᠴᠡᠳᠬᠡᠬᠦ ᠭᠤᠭᠴᠤᠭ᠎ᠠ᠂ ᠭᠦᠶᠴᠡᠳᠬᠡᠬᠦ ᠴᠠᠭ ᠤᠨ ᠬᠢᠵᠠᠭᠠᠷ ᠨᠢ ᠨᠢᠳᠤᠨᠤᠨ ᠤ ᠬᠢ ᠠᠴᠠ ᠲᠣᠰ ᠲᠣᠰ 8.1 %᠂ 13.3 % ᠪᠠ 32.7 % ᠪᠠᠷ ᠪᠠᠭᠤᠷᠠᠪᠠ᠃ ᠦᠶᠯᠡᠴᠢᠯᠡᠭᠡᠨ ᠤ ᠠᠵᠢᠯ ᠢ ᠲᠢᠩᠬᠢᠮ ᠳᠤ ᠣᠷᠣᠭᠤᠯᠬᠤ ᠨᠣᠷᠮ᠎ᠠ ᠶᠢ 100 % ᠳᠤ ᠬᠦᠷᠭᠡᠪᠡ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠳᠤ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ ᠪᠠ ᠬᠠᠮᠤᠷᠤᠭᠤᠯᠤᠨ ᠬᠢᠨᠠᠨ ᠵᠥᠪᠰᠢᠶᠡᠷᠡᠬᠦ ᠶᠢ ᠠᠩᠬ᠎ᠠ ᠠᠯᠬᠤᠮ ᠪᠡᠶᠡᠯᠡᠭᠦᠯᠪᠠ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠶᠢᠯᠢ ᠶᠢᠨ ᠰᠦᠢᠳᠬᠡᠯ ᠢ 2 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠪᠡ᠃ ︽ᠪᠠᠲᠤᠯᠠᠭᠠᠲᠤ ᠵᠢᠭᠡᠯᠡᠯᠭᠡ ᠪᠠᠷ ᠲᠤᠰᠠᠯᠠᠬᠤ︾  ᠠᠵᠢᠯ ᠢ ᠲᠤᠤᠱᠲᠠᠢ ᠥᠷᠨᠢᠭᠦᠯᠵᠦ᠂ 7 ᠠᠵᠤ ᠠᠬᠤᠶᠢᠯᠠᠯ ᠳᠤ 3439 ᠲᠦᠮᠡᠨ ᠲᠥᠭᠦᠷᠢᠭ ᠤᠨ ᠵᠢᠭᠡᠯᠡᠯᠭᠡ ᠣᠯᠭᠤᠪᠠ᠃ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠦᠭᠰᠡᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠤᠨ ᠰᠦᠶᠳᠬᠡᠯ ᠪᠠᠭᠤᠷᠠᠭᠤᠯᠤᠭᠰᠠᠨ ᠱᠠᠩᠨᠠᠯ ᠨᠥᠬᠦᠪᠥᠷᠢ ᠶᠢᠨ ᠪᠠᠯᠠ ᠮᠥᠩᠭᠦ 726 ᠲᠦᠮᠡᠨ ᠲᠥᠭᠦᠷᠢᠭ ᠲᠤ ᠬᠦᠷᠪᠡ᠃ ᠦᠯᠵᠡᠢ ᠪᠣᠭᠤᠮᠲᠠ ᠶᠢᠨ ᠲᠦᠷ ᠨᠡᠪᠲᠡᠷᠡᠭᠦᠯᠬᠦ ᠠᠵᠢᠯ ᠢ ᠡᠷᠴᠢᠮᠲᠡᠢ ᠠᠬᠢᠭᠤᠯᠪᠠ᠃ 2020 ᠣᠨ ᠤ 12 ᠳ᠋ᠤᠭᠠᠷ ᠰᠠᠷ᠎ᠠ ᠳᠤ᠂ ᠣᠯᠣᠰ ᠤᠨ ᠬᠢᠯᠢ ᠶᠢᠨ ᠪᠣᠭᠤᠮᠲᠠ ᠶᠢᠨ ᠠᠯᠪᠠᠨ ᠬᠡᠷ ᠠᠴᠠ ᠥᠯᠵᠡᠶ ᠬᠢᠯᠢ ᠶᠢᠨ ᠪᠣᠭᠤᠮᠲᠠ ᠶᠢ ᠲᠦᠷ ᠨᠡᠪᠲᠡᠷᠡᠭᠦᠯᠬᠦ ᠶᠢ ᠴᠤᠬᠤᠯᠠᠪᠤᠷᠢᠯᠠᠨ ᠵᠥᠪᠰᠢᠶᠡᠷᠡᠵᠦ᠂ ᠥᠯᠵᠡᠶ ᠬᠢᠯᠢ ᠶᠢᠨ ᠪᠣᠭᠤᠮᠲᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠮᠣᠩᠭᠤᠯ ᠤᠯᠤᠰ  ᠲᠤ ᠨᠡᠭᠡᠭᠡᠯᠲᠡ ᠬᠢᠭᠰᠡᠨ 10 ᠳ᠋ᠤᠭᠠᠷ ᠬᠢᠯᠢ ᠶᠢᠨ ᠪᠣᠭᠤᠮᠲᠠ ᠪᠣᠯᠵᠠᠶ᠃ᠲᠠᠪᠤ ᠳᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠲᠠᠰᠤᠷᠠᠯᠲᠠ ᠥᠬᠡᠶ  ᠰᠠᠶᠢᠵᠢᠷᠠᠪᠠ᠃ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠦᠷᠭᠦᠯᠵᠢᠯᠡᠨ ᠬᠦᠴᠦᠯᠡᠵᠦ ᠪᠠᠶᠢᠨ᠎ᠠ᠃ 9865 ᠲᠦᠮᠡᠨ ᠲᠥᠭᠦᠷᠢᠭ ᠤᠨ ᠪᠠᠯᠠ ᠣᠷᠣᠭᠤᠯᠵᠤ᠂ 26.3 ᠲᠦᠮᠡᠨ ᠮᠥ ᠬᠥᠮᠦᠨ ᠤ ᠬᠦᠴᠦ ᠪᠠᠷ ᠣᠶᠢᠵᠢᠭᠤᠯᠵᠤ᠂ ᠨᠢᠰᠬᠡᠯ ᠢᠶᠠᠷ 20 ᠲᠦᠮᠡᠨ ᠮᠥ ᠳᠠᠷᠢᠵᠤ ᠣᠶᠢᠵᠢᠭᠤᠯᠤᠨ᠂ ᠠᠯᠪᠠᠨ ᠵᠢᠷᠤᠮ ᠢᠶᠠᠷ 50 ᠲᠦᠮᠡᠨ ᠰᠠᠭᠤᠷᠢ ᠮᠣᠳᠣ ᠳᠠᠷᠢᠵᠤ᠂ ᠭᠤᠤᠯᠳᠠᠯᠭ᠎ᠠ ᠲᠠᠢ ᠣᠷᠣᠨ ᠪᠦᠰᠡ ᠳᠤ 1.22 ᠲᠦᠮᠡᠨ ᠮᠥ ᠣᠶᠢᠵᠢᠭᠤᠯᠵᠤ᠂ ᠣᠶ ᠰᠢᠭᠤᠶ ᠶᠢᠨ ᠴᠢᠨᠠᠷ ᠴᠢᠨᠰᠠᠭ᠎ᠠ ᠶᠢ  2 ᠲᠦᠮᠡᠨ ᠮᠥ ᠪᠠᠲᠤᠲᠠᠢ ᠳᠡᠭᠡᠭᠰᠢᠯᠡᠭᠦᠯᠪᠡ᠃ 4528 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠥᠮᠦᠨ ᠤ ᠬᠦᠴᠦ ᠪᠠᠷ 21 ᠲᠦᠮᠡᠨ ᠮᠥ ᠡᠪᠡᠰᠦ ᠳᠠᠷᠢᠪᠠ᠃ 941 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠦᠨᠳᠦ ᠨᠣᠴᠢᠲᠠᠶ ᠴᠥᠯᠡᠷᠬᠡᠭᠵᠢᠭᠰᠡᠨ᠂ ᠳᠤᠮᠳᠠ ᠵᠡᠷᠭᠡ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠬᠦ ᠵᠢᠴᠢ ᠰᠢᠯᠢᠳᠡᠭ ᠰᠠᠶᠢᠨ ᠨᠤᠲᠤᠭ ᠤᠨ ᠡᠪᠡᠰᠦᠨ ᠤ ᠦᠷ᠎ᠡ ᠶᠢ 7.44 ᠲᠦᠮᠡᠨ ᠮᠥ ᠠᠷᠠᠴᠢᠯᠠᠨ ᠪᠣᠶᠢᠵᠢᠭᠤᠯᠪᠠ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠵᠠᠰᠠᠯᠲᠠ ᠶᠢ ᠠᠬᠢᠭᠤᠯᠪᠠ᠃ ︽ᠠᠯᠠᠱᠠ ᠵᠡᠭᠦᠨ ᠬᠤᠰᠢᠭᠤᠨ ᠤ ᠤᠯᠤᠰ  ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ︵2020 — 2035︶︾ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ  ᠶᠢᠨ ᠪᠠᠶᠢᠴᠠᠭᠠᠯᠲᠠ ᠶᠢᠨ ᠠᠵᠢᠯ ᠢ ᠰᠠᠶᠢᠲᠤᠷ  ᠭᠦᠢᠴᠡᠳᠬᠡᠪᠡ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ  ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠵᠠᠰᠠᠨ ᠴᠡᠭᠴᠡᠯᠡᠬᠦ᠂ ᠠᠭᠤᠷᠬᠠᠶ ᠶᠢᠨ ᠡᠬᠢ ᠪᠠᠶᠠᠯᠢᠭ ᠤᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠶ ᠵᠠᠰᠠᠨ ᠴᠡᠭᠴᠡᠯᠡᠬᠦ ᠠᠵᠢᠯ ᠢ ᠡᠷᠴᠢᠮᠲᠡᠢ ᠥᠷᠨᠢᠭᠦᠯᠪᠠ᠃ᠵᠢᠷᠭᠤᠭ᠎ᠠ ᠳᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠦᠷᠭᠦᠯᠵᠢᠯᠡᠨ ᠰᠠᠶᠢᠵᠢᠷᠠᠪᠠ᠃ ᠠᠷᠠᠳ ᠤᠨ ᠠᠮᠢᠳᠤᠷᠠᠯ ᠤᠨ ᠠᠵᠠ ᠵᠢᠷᠭᠠᠯ  ᠤᠨ ᠬᠠᠨᠤᠮᠵᠢ ᠲᠠᠰᠤᠷᠠᠯᠲᠠ ᠥᠬᠡᠶ ᠨᠡᠮᠡᠭᠳᠡᠪᠡ᠃ ᠪᠦᠬᠦ ᠵᠢᠯ ᠳᠤ 3941 ᠠᠵᠢᠯ ᠣᠯᠤᠭᠰᠠᠨ ᠬᠥᠮᠦᠨ ᠰᠢᠨ᠎ᠡ ᠪᠠᠷ ᠨᠡᠮᠡᠭᠳᠡᠪᠡ᠃ 7 ᠰᠤᠮᠤ ᠪᠠᠯᠭᠠᠰᠤ ᠠᠵᠢᠯ ᠣᠯᠭᠤᠵᠤ ᠦᠢᠯᠡᠰ ᠪᠣᠰᠬᠠᠬᠤ ᠰᠤᠷᠭᠠᠯᠲᠠ ᠶᠢᠨ ᠰᠠᠭᠤᠷᠢᠨ ᠭᠠᠵᠠᠷ ᠪᠠᠶᠢᠭᠤᠯᠵᠤ᠂ 1425 ᠲᠦᠮᠡᠨ ᠲᠥᠭᠦᠷᠢᠭ ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠪᠠ᠃ ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ︾ ︽ᠠᠵᠢᠯ ᠣᠯᠭᠤᠯᠲᠠ  ᠶᠢ ᠪᠠᠲᠤᠯᠠᠬᠤ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 181 ᠠᠵᠤ ᠠᠬᠤᠶᠢᠯᠠᠯ ᠳᠤ 380 ᠲᠦᠮᠡᠨ ᠲᠥᠭᠦᠷᠢᠭ ᠤᠨ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠣᠯᠭᠤᠪᠠ᠃ ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠤ ᠨᠠᠭᠠᠳᠣ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠲᠠᠰᠤᠷᠠᠯᠲᠠ ᠦᠭᠡᠢ ᠳᠡᠭᠡᠭᠰᠢᠯᠡᠵᠦ᠂ 1723.3 ᠲᠦᠮᠡᠨ ᠲᠥᠭᠦᠷᠢᠭ ᠤᠨ ᠬᠤᠲᠠ ᠬᠥᠳᠡᠭᠡ ᠶᠢᠨ ᠬᠠᠮᠤᠭ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ᠂ 249 ᠲᠦᠮᠡᠨ ᠲᠥᠭᠦᠷᠢᠭ ᠤᠨ ᠣᠨᠴᠠ ᠬᠦᠴᠢᠷᠳᠡᠯᠲᠡᠢ ᠠᠰᠠᠷᠠᠨ ᠲᠡᠳᠬᠦᠬᠦ ᠮᠥᠩᠭᠦ᠂ 53.1 ᠲᠦᠮᠡᠨ ᠲᠥᠭᠦᠷᠢᠭ ᠤᠨ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠲᠠᠷᠬᠠᠭᠠᠪᠠ᠃ ᠨᠡᠶᠢᠭᠡᠮ ᠤᠨ ᠦᠶᠯᠡᠰ ᠳᠠᠬᠢᠨ ᠰᠢᠨ᠎ᠡ ᠳᠡᠭᠲᠡᠷ ᠲᠤ ᠭᠠᠷᠪᠠ᠃ 1.8 ᠳ᠋ᠦᠩᠰᠢᠭᠤᠷ ᠲᠥᠭᠦᠷᠢᠭ ᠤᠨ ᠲᠤᠰᠬᠠᠢ ᠲᠥᠷᠥᠯ ᠤᠨ ᠪᠡᠯᠡ ᠮᠥᠩᠭᠦ ᠣᠯᠵᠤ᠂ ᠰᠤᠷᠭᠠᠭᠤᠯᠢ ᠡᠷᠬᠢᠯᠡᠬᠦ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠪᠠ᠃ 67 ᠪᠠᠭᠰᠢ ᠶᠢ ᠰᠢᠨ᠎ᠡ ᠪᠠᠷ ᠤᠷᠢᠨ ᠣᠷᠣᠭᠤᠯᠵᠤ᠂ ᠪᠠᠭᠰᠢ ᠶᠢᠨ ᠡᠩᠨᠡᠭᠡ ᠶᠢ ᠲᠠᠰᠤᠷᠠᠯᠲᠠ ᠥᠬᠡᠶ ᠴᠢᠩᠭᠠᠳᠬᠠᠪᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ  ᠢ ᠴᠢᠩᠭᠠᠳᠬᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠬᠡᠷᠡᠭᠯᠡᠬᠦ ᠶᠢ ᠤᠷᠤᠭᠰᠢᠲᠠᠢ ᠪᠡᠶᠡᠯᠡᠭᠦᠯᠪᠡ᠃ ᠰᠣᠶᠣᠯ ᠲᠠᠮᠢᠷ ᠤᠨ ᠦᠢᠯᠡᠰ ᠴᠡᠴᠡᠭᠯᠡᠨ ᠬᠥᠭᠵᠢᠪᠡ᠃ ᠮᠣᠷᠢᠨ ᠬᠢᠯᠭᠠᠰᠤ ᠪᠠᠷ ᠣᠷᠢᠶᠠᠭᠰᠠᠨ ᠲᠠᠩᠺᠠ ᠶᠢᠨ ᠲᠥᠷᠥᠯ ᠵᠦᠶᠯ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠶᠠᠳᠠᠭᠤ  ᠶᠢ ᠲᠡᠳᠬᠦᠵᠦ ᠠᠵᠢᠯ ᠣᠯᠭᠤᠬᠤ ᠦᠶᠯᠡᠳᠪᠦᠷᠢ ᠪᠠᠷ ᠰᠣᠩᠭᠤᠭᠳᠠᠪᠠ᠃ ᠬᠢᠵᠢᠭ ᠲᠠᠢ ᠲᠡᠮᠡᠴᠡᠬᠦ ᠰᠥᠨᠢ ᠶᠢᠨ ᠮᠠᠷᠠᠰᠤᠨ ᠵᠡᠷᠭᠡ ᠪᠡᠶ᠎ᠡ ᠶᠢᠨ ᠲᠠᠮᠢᠷ ᠤᠨ ᠤᠷᠤᠯᠳᠤᠭᠠᠨ ᠢ ᠠᠮᠵᠢᠯᠲᠠ ᠲᠠᠢ ᠡᠷᠭᠢᠯᠡᠪᠡ᠃ ᠡᠯ᠎ᠡ ᠲᠥᠷᠥᠯ ᠤᠨ ᠰᠣᠶᠣᠯ  ᠤᠨ ᠠᠵᠢᠯᠯᠠᠭ᠎ᠠ ᠶᠢ 289 ᠤᠳᠠᠭ᠎ᠠ ᠡᠷᠬᠢᠯᠡᠵᠦ᠂ 5 ᠲᠦᠮᠡ ᠭᠠᠷᠤᠢ ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠠᠮᠤᠷ ᠲᠦᠪᠰᠢᠨ ᠤ ᠰᠠᠭᠤᠷᠢ ᠶᠢ ᠦᠷᠭᠦᠯᠵᠢᠯᠡᠨ ᠪᠠᠬᠢᠵᠢᠭᠦᠯᠪᠡ᠃ ᠠᠶᠤᠯᠭᠦᠢ ᠦᠢᠯᠡᠳᠪᠦᠷᠢᠯᠡᠯ ᠤᠨ ︽ᠵᠠᠭᠤᠨ ᠡᠳᠦᠷ ᠤᠨ ᠠᠵᠢᠯᠯᠠᠭ᠎ᠠ︾ ᠶᠢ ᠲᠥᠪᠯᠡᠷᠡᠩᠭᠦᠢ ᠥᠷᠨᠢᠭᠦᠯᠵᠦ᠂ ᠪᠠᠴᠢᠮ ᠪᠠᠶᠢᠳᠠᠯ ᠢ ᠰᠢᠢᠳᠪᠦᠷᠢᠯᠡᠬᠦ ᠪᠠ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠠᠵᠢᠯ ᠢ ᠲᠠᠰᠤᠷᠠᠯᠲᠠ ᠦᠭᠡᠢ ᠴᠢᠩᠭᠠᠳᠬᠠᠪᠠ᠃ ᠴᠢᠨᠠᠷ ᠴᠢᠨᠰᠠᠭ᠎ᠠ ᠪᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠢ ᠲᠠᠰᠤᠷᠠᠯᠲᠠ ᠥᠬᠡᠶ ᠴᠢᠩᠭᠠᠳᠬᠠᠵᠤ᠂ ᠢᠳᠡᠭᠡᠨ᠂ ᠡᠮ ᠤᠨ ᠵᠦᠶᠯ ᠪᠠ ᠡᠮ ᠡᠮᠨᠡᠯᠭᠡ ᠳᠤ ᠬᠡᠷᠡᠭᠯᠡᠬᠦ ᠲᠤᠨᠤᠭ ᠲᠥᠬᠦᠭᠡᠷᠡᠮᠵᠢ᠂  ᠲᠤᠰᠬᠠᠢ ᠲᠥᠷᠥᠯ ᠤᠨ ᠲᠥᠬᠦᠭᠡᠷᠦᠮᠵᠢ᠂ ᠠᠵᠤ ᠦᠶᠯᠡᠳᠪᠦᠷᠢ ᠶᠢᠨ ᠦᠶᠯᠡᠳᠬᠦᠨ ᠤ ᠴᠢᠨᠠᠷ ᠴᠢᠨᠰᠠᠭ᠎ᠠ ᠶᠢᠨ ᠠᠮᠤᠷ ᠲᠦᠪᠰᠢᠨ ᠢ ᠡᠷᠴᠢᠮᠲᠡᠢ ᠪᠠᠲᠤᠯᠠᠪᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠲᠣᠭᠲᠠᠪᠤᠷᠢᠲᠠᠢ ᠪᠥᠭᠡᠳ ᠡᠮᠬᠢ ᠵᠢᠷᠤᠮ ᠲᠠᠢ ᠶᠠᠪᠤᠭᠳᠠᠵᠤ᠂ ᠬᠦᠯᠢᠶᠡᠨ ᠠᠪᠴᠤ ᠰᠢᠢᠳᠪᠦᠷᠢᠯᠡᠭᠰᠡᠨ ᠨᠤᠷᠮ᠎ᠠ ᠪᠠ ᠰᠢᠢᠳᠪᠦᠷᠢᠯᠡᠵᠦ ᠳᠠᠭᠤᠰᠬᠠᠬᠤ ᠨᠤᠷᠮ᠎ᠠ ᠴᠥᠮ 95 % ᠠᠴᠠ ᠳᠡᠭᠡᠭᠰᠢ ᠳᠤ ᠬᠦᠷᠪᠡ᠃ᠲᠥᠯᠥᠭᠡᠯᠡᠭᠴᠢᠳ ᠡ︕ 2020 ᠣᠨ ᠳᠤ ᠲᠦᠪᠡᠭ ᠪᠤᠳᠤᠯᠢᠶᠠᠨᠲᠠᠢ ᠬᠤᠷᠸ᠎ᠠ ᠠᠵᠤ ᠠᠬᠤᠢ ᠶᠢᠨ ᠪᠠᠶᠢᠳᠠᠯ ᠳᠤ᠂ ᠪᠢᠳᠡ ᠢᠲᠡᠭᠡᠯ ᠵᠣᠷᠢᠭ ᠢᠶᠠᠨ ᠪᠠᠲᠤᠳᠬᠠᠨ᠂ ᠬᠦᠴᠢᠷ ᠪᠡᠷᠬᠡ ᠶᠢ ᠰᠥᠷᠥᠨ ᠲᠤᠭᠤᠯᠵᠤ᠂ ᠰᠣᠷᠢᠯᠲᠠ ᠰᠢᠯᠭᠠᠯᠲᠠ ᠶᠢ ᠳᠠᠭᠠᠭᠠᠨ ᠭᠠᠷᠴᠤ᠂ ᠪᠦᠬᠦ ᠬᠤᠰᠢᠭᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠠᠵᠢᠯ ᠦᠢᠯᠡᠰ ᠲᠣᠭᠲᠠᠪᠤᠷᠢᠲᠠᠢ ᠪᠠᠷ ᠬᠥᠭᠵᠢᠪᠡ᠃ ᠡᠳᠡᠭᠡᠷ ᠠᠮᠵᠢᠯᠲᠠ ᠶᠢ ᠣᠯᠤᠭᠰᠠᠨ ᠨᠢ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠰᠢᠨᠵᠢᠯᠡᠬᠦ ᠤᠬᠠᠭᠠᠨᠴᠢ ᠪᠣᠳᠣᠯᠭ᠎ᠠ ᠰᠢᠢᠳᠪᠦᠷᠢ ᠶᠢᠨ ᠦᠷ᠎ᠡ ᠳ᠋ᠦᠩ ᠪᠣᠯᠬᠤ ᠶᠤᠮ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠬᠠᠤᠯᠢ ᠶᠢᠨ ᠳᠠᠭᠠᠤ ᠬᠢᠨᠠᠯᠲᠠ ᠲᠠᠯᠪᠢᠵᠤ᠂ ᠠᠷᠭ᠎ᠠ ᠪᠣᠳᠣᠯᠭ᠎ᠠ ᠳᠤᠷᠠᠳᠤᠭᠰᠠᠨ ᠤ ᠦᠷ᠎ᠡ ᠳ᠋ᠦᠩ ᠪᠣᠯᠬᠤ ᠶᠤᠮ᠂ ᠪᠦᠬᠦ ᠬᠤᠰᠢᠭᠤᠨ ᠤ ᠲᠥᠯᠥᠭᠡᠯᠡᠭᠴᠢᠳ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠤ ᠪᠦᠯᠬᠦᠮᠳᠡᠨ ᠨᠢᠭᠲᠠᠷᠠᠵᠤ᠂ ᠥᠪᠡᠷ ᠲᠡᠭᠡᠨ ᠬᠦᠴᠦᠷᠬᠡᠭᠵᠢᠨ ᠲᠡᠮᠡᠴᠡᠭᠰᠡᠨ ᠤ ᠦᠷ᠎ᠡ ᠳ᠋ᠦᠩ ᠪᠣᠯᠬᠤ ᠶᠤᠮ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠬᠠᠯᠠᠮᠵᠢ ᠳᠡᠮᠵᠢᠯᠭᠡ ᠶᠢᠨ ᠦᠷ᠎ᠡ ᠳ᠋ᠦᠩ ᠪᠣᠯᠬᠤ ᠶᠤᠮ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠠᠵᠢᠯ ᠤᠨ ᠹᠷᠣᠨᠲ ᠳᠡᠭᠡᠷ᠎ᠡ ᠰᠢᠷᠭᠠᠭᠤ ᠠᠵᠢᠯᠯᠠᠵᠤ ᠪᠠᠶᠢᠭ᠎ᠠ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ᠂ ᠠᠯᠠᠱᠠ ᠵᠡᠭᠦᠨ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠱᠠᠲᠤᠨ ᠤ ᠤᠳᠤᠷᠢᠳᠤᠯᠭ᠎ᠠ ᠪᠠ ᠨᠡᠶᠢᠭᠡᠮ ᠤᠨ ᠪᠦᠬᠦ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠲᠥᠯᠥᠭᠡᠯᠡᠭᠴᠢᠳ ᠡ︕ ᠲᠣᠳᠣᠷᠬᠠᠶᠢᠯᠠᠭᠤᠰᠢᠲᠠᠢ ᠨᠢ᠂ ᠬᠤᠷᠸ᠎ᠠ ᠠᠵᠤ ᠠᠬᠤᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠣᠯᠤᠨ ᠪᠤᠰᠤᠳ ᠬᠦᠴᠦᠨ ᠵᠦᠢᠯ ᠤᠨ ᠬᠢᠵᠠᠭᠠᠷᠯᠠᠯ ᠤᠨ ᠨᠥᠯᠥᠭᠡ ᠳᠠᠪᠬᠤᠴᠠᠭᠰᠠᠨ ᠠᠴᠠ ᠪᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠤ ᠵᠠᠷᠢᠮ ᠠᠵᠤ ᠠᠬᠤᠢ ᠶᠢᠨ ᠭᠦᠢᠴᠡᠳᠬᠡᠯ ᠬᠠᠷᠠᠯᠲᠠ ᠳᠠᠭᠠᠨ ᠬᠦᠷᠴᠦ ᠳᠡᠶᠢᠯᠦᠭᠰᠡᠨ ᠦᠭᠡᠢ᠂ ᠪᠠᠰᠠ ᠮᠠᠰᠢ ᠤᠯᠠᠨ ᠵᠥᠷᠢᠴᠡᠯ ᠲᠠᠢ ᠠᠰᠠᠭᠤᠳᠠᠯ ᠲᠤᠯᠭᠠᠷᠠᠵᠤ ᠪᠠᠶᠢᠨ᠎ᠠ᠃ ᠭᠤᠣᠯ ᠢᠯᠡᠷᠡᠯ ᠨᠢ᠄ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠠᠵᠤ ᠠᠬᠤᠶ ᠶᠢᠨ ᠬᠥᠭᠵᠢᠯᠲᠡ ᠨᠢ ᠡᠬᠢ ᠪᠠᠶᠠᠯᠢᠭ ᠲᠤ ᠬᠡᠲᠦᠷᠬᠡᠢ ᠲᠦᠰᠢᠭᠯᠡᠬᠦ ᠪᠠᠶᠢᠳᠠᠯ ᠦᠨᠳᠦᠰᠦᠨ ᠠᠴᠠ ᠪᠠᠨ ᠥᠭᠡᠷᠡᠴᠢᠯᠡᠭᠳᠡᠭᠡ ᠦᠭᠡᠶ︔ ᠠᠵᠤ ᠦᠢᠯᠡᠰ ᠤᠨ ᠪᠦᠲᠦᠴᠡ ᠵᠦᠢ ᠵᠣᠬᠢᠰ ᠦᠭᠡᠢ᠂ ᠰᠢᠨ᠎ᠡ  ᠪᠠᠷ ᠪᠣᠢ ᠪᠣᠯᠣᠭᠰᠠᠨ ᠠᠵᠣ ᠦᠢᠯᠡᠳᠪᠦᠷᠢᠯᠡᠯ ᠤᠨ ᠭᠦᠭᠵᠢᠯᠳᠡ ᠤᠳᠠᠭᠠᠨ᠃ ᠰᠠᠶᠢᠨ ᠲᠥᠷᠥᠯ ᠵᠦᠢᠯ᠂ ᠲᠣᠮᠣ ᠲᠥᠷᠥᠯ ᠵᠦᠢᠯ ᠢ ᠣᠷᠣᠭᠤᠯᠵᠤ ᠠᠵᠢᠯᠯᠠᠭᠤᠯᠬᠤ ᠲᠠᠯ᠎ᠠ ᠪᠠᠷ ᠳᠤᠲᠠᠮᠠᠭ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠦᠲᠦᠭᠡᠨ ᠪᠠᠶᠢᠭᠤᠯᠬᠤ ᠨᠢ ᠤᠳᠠᠭᠠᠨ᠂ ᠠᠵᠤ ᠠᠬᠤᠢ ᠶᠢᠨ ᠦᠷ᠎ᠡ ᠠᠰᠢᠭ ᠢᠯᠡᠷᠡᠬᠦ ᠳᠤ ᠪᠡᠷᠬᠡ᠂ ᠡᠳ᠋ ᠤᠨ ᠵᠠᠰᠠᠭ ᠤᠨ ᠢᠷᠡᠯᠳᠡ ᠭᠠᠶᠢᠯᠢ ᠲᠠᠲᠠᠪᠤᠷᠢ ᠶᠢᠨ ᠢᠷᠡᠯᠳᠡ ᠳᠤᠲᠠᠮᠠᠭ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠨ᠎ᠠ︔ ᠪᠠᠶᠢᠭᠠᠯᠢ ᠣᠷᠴᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠡᠭᠦᠷᠭᠡ ᠬᠦᠨᠳᠦ ᠬᠡᠴᠡᠭᠦᠦ ᠪᠠᠶᠢᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ︔ ᠠᠷᠠᠯᠵᠢᠶ᠎ᠠ ᠬᠤᠳᠠᠯᠳᠤᠭᠠᠨ ᠤ ᠣᠷᠴᠢᠨ ᠨᠥᠬᠦᠴᠡᠯ ᠢ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠢᠨᠠᠷ ᠴᠢᠨᠰᠠᠭ᠎ᠠ ᠪᠠ ᠠᠵᠢᠯ ᠶᠠᠪᠤᠳᠠᠯ ᠭᠦᠶᠴᠡᠳᠬᠡᠬᠦ ᠦᠷ᠎ᠡ ᠪᠦᠲᠦᠮᠵᠢ ᠨᠢ ᠣᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠰᠠ ᠵᠥᠷᠢᠶ᠎ᠡ ᠲᠠᠢ ᠪᠠᠶᠢᠨ᠎ᠠ︔ ᠴᠥᠭᠡᠨ ᠲᠣᠭᠠᠨ ᠤ ᠺᠠᠳ᠋ᠷ ᠤᠨ ᠣᠪᠣᠷ ᠰᠤᠷᠲᠠᠯ ᠨᠢ ᠲᠥᠪ ᠪᠤᠰᠤ᠂ ᠢᠳᠡᠪᠬᠢᠲᠡᠢ ᠠᠵᠢᠯᠯᠠᠬᠤ ᠦᠭᠡᠢ᠂ ᠳᠤᠷ᠎ᠠ ᠲᠠᠪᠠ ᠪᠠᠷ ᠢᠶᠠᠨ ᠪᠠᠶᠢᠬᠤ ᠦᠵᠡᠭᠳᠡᠯ ᠬᠠᠶᠠ ᠣᠷᠣᠰᠢᠵᠤ ᠪᠠᠶᠢᠨ᠎ᠠ᠃ ᠡᠳᠡᠭᠡᠷ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠷᠴᠢᠮᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠬᠦ ᠪᠣᠯᠣᠨ᠎ᠠ᠃ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠤ ᠬᠥᠭᠵᠢᠯᠲᠡ  ᠶᠢᠨ ᠭᠤᠣᠯ ᠬᠠᠷᠠᠯᠲᠠ ᠡᠭᠦᠷᠭᠡᠬᠤᠶᠢᠰᠢᠳᠠ ᠶᠢᠨ ᠲᠠᠪᠤᠨ ᠵᠢᠯ ᠪᠣᠯ᠂ ᠮᠠᠨ ᠤ ᠬᠤᠰᠢᠭᠤᠨ ᠤ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠨ ᠴᠢᠭᠯᠡᠭᠦᠯᠵᠦ᠂ ᠴᠢᠨᠠᠷᠯᠢᠭ ᠬᠥᠭᠵᠢᠯ ᠤᠨ ᠰᠢᠨ᠎ᠡ ᠵᠠᠮ ᠢᠶᠠᠷ ᠵᠠᠮᠨᠠᠵᠤ᠂ ᠨᠠᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠬᠠᠷᠠᠯᠲᠠ ᠪᠣᠯ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠳᠤᠷᠢᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠲᠤᠤᠱᠲᠠᠢ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ ᠦᠭᠡᠢ ᠂ ᠨᠡᠭᠡᠭᠡᠯᠲᠡ ᠲᠠᠢ᠂ ᠬᠠᠮᠲᠤ ᠪᠠᠷ ᠡᠳ᠋ᠯᠡᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠲᠣᠭᠲᠠᠪᠤᠷᠢᠲᠠᠢ ᠪᠠᠶᠢᠯᠭᠠᠬᠤ ᠶᠢᠨ ᠵᠡᠷᠭᠡᠪᠡᠷ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠴᠢᠨᠠᠷᠯᠢᠭ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ  ᠶᠢᠨ ᠪᠦᠲᠦᠴᠡ ᠶᠢᠨ ᠥᠭᠡᠷᠡᠴᠢᠯᠡᠯᠲᠡ ᠶᠢ ᠡᠷᠴᠢᠮᠵᠢᠭᠦᠯᠬᠦ ᠪᠠᠷ ᠭᠤᠣᠯ ᠰᠢᠵᠢᠮ ᠪᠣᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠲᠠ ᠪᠠᠨ ᠪᠣᠯᠭᠠᠨ᠂ ᠬᠥᠭᠵᠢᠯᠲᠡ ᠪᠠ ᠠᠶᠦᠯᠭᠦᠢ ᠶᠢ ᠪᠠᠲᠤᠯᠠᠬᠤ ᠠᠵᠢᠯ ᠢ ᠨᠢᠭᠡᠳᠦᠯᠲᠡᠶ ᠵᠣᠬᠢᠴᠠᠭᠤᠯᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠲᠣᠭᠲᠠᠭᠠᠯᠲᠠ ᠶᠢ ᠪᠠᠲᠤ ᠪᠠᠷᠢᠮᠲᠠᠯᠠᠵᠤ᠂ ︽ᠵᠢᠷᠭᠤᠭᠠᠨ ᠭᠤᠷᠪᠠ︾ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠠᠶ ᠠᠷᠭ᠎ᠠ ᠬᠡᠮᠵᠢᠶ᠎ᠡ ᠶᠢ ᠪᠦᠷᠢᠨ ᠬᠡᠷᠡᠭᠵᠢᠭᠦᠯᠵᠦ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠥᠷᠭᠡᠳᠬᠡᠨ ᠪᠠᠶᠢᠭᠤᠯᠤᠨ᠎ᠠ᠃ ᠬᠤᠣᠰ ᠣᠷᠴᠢᠯ ᠤᠨ ᠬᠥᠭᠵᠢᠯᠲᠡ ᠶᠢᠨ ᠰᠢᠨ᠎ᠡ ᠲᠣᠭᠲᠠᠴᠠ ᠲᠠᠢ ᠤᠶᠠᠯᠳᠤᠨ ᠦᠢᠯᠡᠴᠢᠯᠡᠵᠦ᠂ ᠪᠠᠶᠢᠭᠠᠯᠢ ᠣᠷᠴᠢᠨ ᠨᠢ ᠠᠷᠢᠭᠤᠨ ᠲᠠᠩᠰᠤᠭ᠂ ᠠᠳᠠᠯ ᠦᠢᠯᠡᠰ ᠨᠢ ᠳᠡᠭᠵᠢᠷᠡᠨ ᠮᠠᠨᠳᠤᠭᠰᠠᠨ᠂ ᠠᠷᠠᠳ ᠲᠦᠮᠡᠨ ᠨᠢ ᠪᠠᠶᠠᠨ ᠴᠢᠨᠡᠭᠡᠯᠢᠭ᠂ ᠡᠶ᠎ᠡ ᠵᠣᠬᠢᠴᠠᠩᠭᠤᠶ ᠦᠵᠡᠰᠬᠦᠯᠡᠩᠲᠦ ᠰᠠᠶᠢᠬᠠᠨ ᠠᠯᠠᠱᠠ ᠵᠡᠭᠦᠨ ᠬᠤᠰᠢᠭᠤ ᠶᠢ ᠪᠦᠲᠦᠭᠡᠨ ᠪᠠᠶᠢᠭᠤᠯᠬᠤ ᠪᠠᠷ ᠴᠢᠷᠮᠠᠶᠢᠨ ᠠᠵᠢᠯᠯᠠᠬᠤ ᠪᠣᠯᠣᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠤ᠂ ᠪᠢᠳᠡ ︽ᠵᠢᠷᠭᠤᠭᠠᠨ ᠭᠤᠷᠪᠠ︾ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠠᠶ ᠠᠷᠭ᠎ᠠ ᠬᠡᠮᠵᠢᠶ᠎ᠡ ᠶᠢ ᠲᠤᠤᠱᠲᠠᠢ ᠬᠡᠷᠡᠭᠵᠢᠭᠦᠯᠦᠨ᠎ᠡ᠃ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ᠂ ᠬᠦᠨᠳᠦ ᠨᠣᠴᠢᠲᠠᠢ ᠠᠶᠤᠯ ᠡᠷᠡᠰᠳᠡᠯ ᠢ ᠰᠡᠷᠭᠡᠶᠢᠯᠡᠨ ᠰᠢᠢᠳᠪᠦᠷᠢᠯᠡᠬᠦ᠂ ᠨᠡᠶᠢᠭᠡᠮ ᠤᠨ ᠵᠠᠰᠠᠭᠯᠠᠯ ᠢ ᠰᠢᠨᠡᠴᠢᠯᠡᠬᠦ ᠭᠤᠷᠪᠠᠨ ᠭᠤᠤᠯᠳᠠᠯᠭ᠎ᠠ ᠲᠠᠢ ᠡᠭᠦᠷᠭᠡ ᠶᠢ ᠡᠷᠴᠢᠮᠲᠡᠢ ᠠᠳᠬᠤᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ︔ ᠭᠤᠷᠪᠠᠨ ᠠᠵᠤ ᠦᠶᠯᠡᠰ ᠤᠨ ᠬᠥᠭᠵᠢᠯᠲᠡ ᠶᠢᠨ ᠴᠢᠨᠠᠷ ᠴᠢᠨᠰᠠᠭ᠎ᠠ ᠶᠢ ᠶᠡᠬᠡᠪᠡᠷ ᠳᠡᠭᠡᠭᠰᠢᠯᠡᠭᠦᠯᠵᠦ᠂ ᠠᠵᠤ ᠠᠬᠤᠶ  ᠶᠢᠨ ᠴᠢᠨᠠᠷᠯᠢᠭ ᠬᠥᠭᠵᠢᠯᠲᠡ ᠲᠠᠢ ᠠᠵᠤ ᠦᠶᠯᠡᠰ ᠤᠨ ᠰᠠᠭᠤᠷᠢ ᠶᠢ ᠲᠤᠤᠱᠲᠠᠢ ᠪᠠᠬᠢᠵᠢᠭᠦᠯᠦᠨ᠎ᠡ︔ ᠣᠯᠠᠨᠪᠤᠯᠠᠭ ᠠᠵᠤ ᠦᠢᠯᠡᠰ ᠤᠨ ᠬᠦᠷᠢᠶᠡᠯᠡᠩ᠂ ᠥᠯᠵᠡᠶ ᠬᠢᠯᠢ ᠶᠢᠨ ᠪᠣᠭᠤᠮᠲᠠ ᠪᠠ ᠪᠠᠶᠠᠨᠬᠤᠲᠠ ᠶᠢᠨ ᠰᠢᠨᠵᠢᠯᠡᠭᠡ ᠮᠡᠷᠭᠡᠵᠢᠯ ᠤᠨ ᠠᠳᠠᠯ ᠦᠢᠯᠡᠰ ᠪᠣᠰᠬᠠᠬᠤ ᠵᠢᠱᠢᠶ᠎ᠡ ᠦᠵᠡᠭᠦᠯᠬᠦ ᠬᠦᠷᠢᠶᠡᠯᠡᠩ ᠵᠡᠷᠭᠡ ᠭᠤᠷᠪᠠᠨ ᠠᠵᠤ ᠦᠢᠯᠡᠰ ᠤᠨ ᠰᠠᠭᠤᠷᠢᠨ ᠭᠠᠵᠠᠷ  ᠢ ᠭᠤᠣᠯᠳᠠᠯᠭ᠎ᠠ ᠲᠠᠢ ᠪᠠᠶᠢᠭᠤᠯᠵᠤ᠂ ᠠᠵᠤ ᠦᠢᠯᠡᠰ ᠤᠨ ᠲᠥᠪᠯᠡᠷᠡᠭᠰᠡᠨ ᠡᠷᠴᠢᠮᠵᠢᠭ᠍ᠰᠡᠨ ᠬᠠᠮᠲᠤ ᠶᠢᠨ ᠬᠥᠭᠵᠢᠯᠲᠡ ᠶᠢ ᠠᠬᠢᠭᠤᠯᠤᠨ᠎ᠠ︔ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠬᠤᠲᠠ ᠬᠥᠳᠡᠭᠡ ᠶᠢᠨ ᠰᠠᠭᠤᠷᠢᠰᠢᠯ ᠤᠨ ᠣᠷᠴᠢᠨ ᠵᠡᠷᠭᠡ ᠭᠤᠷᠪᠠᠨ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠲᠦᠷᠭᠡᠳᠬᠡᠨ ᠰᠠᠶᠢᠵᠢᠷᠠᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷᠯᠢᠭ ᠬᠥᠭᠵᠢᠯᠲᠡ ᠳᠤ ᠬᠦᠴᠦᠲᠡᠢ ᠳᠡᠮᠵᠢᠯᠭᠡ ᠬᠠᠩᠭᠠᠨ᠎ᠠ︔ ᠰᠢᠨ᠎ᠡ ᠶᠢ ᠡᠭᠦᠳᠬᠦ  ᠪᠠᠷ ᠬᠥᠳᠡᠯᠭᠡᠭᠦᠷ ᠪᠣᠯᠭᠠᠬᠤ᠂ ᠴᠡᠷᠢᠭ ᠠᠷᠠᠳ ᠤᠨ ᠤᠶᠠᠯᠳᠤᠯ᠂ ᠬᠠᠮᠲᠤᠪᠠᠷ ᠨᠡᠭᠡᠭᠡᠯᠲᠡ ᠬᠢᠬᠦ ᠭᠤᠷᠪᠠᠨ ᠶᠡᠭᠡ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦ ᠶᠢ ᠢᠳᠡᠪᠬᠢᠲᠡᠶ ᠪᠣᠶᠢᠵᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷᠯᠢᠭ ᠬᠥᠭᠵᠢᠭᠦᠯᠬᠦ ᠳᠤ ᠰᠢᠨ᠎ᠡ ᠡᠷᠴᠢ ᠬᠦᠴᠦᠨ ᠣᠷᠣᠭᠤᠯᠬᠤ ᠪᠠᠷ ᠴᠢᠷᠮᠠᠶᠢᠨ᠎ᠠ︔ ᠠᠵᠢᠯ ᠣᠯᠭᠤᠯᠲᠠ ᠪᠠ ᠦᠢᠯᠡᠰ ᠪᠣᠰᠬᠠᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠴᠢᠳᠠᠪᠤᠷᠢᠲᠠᠨ ᠤ ᠬᠥᠮᠦᠵᠢᠯ ᠵᠡᠷᠭᠡ ᠭᠤᠷᠪᠠᠨ ᠬᠦᠷᠦᠯᠴᠡᠬᠦ ᠦᠭᠡᠢ ᠲᠠᠯ᠎ᠠ ᠶᠢ ᠬᠦᠴᠦᠯᠡᠨ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ᠬᠠᠨᠤᠮᠵᠢ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠠ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠤ ᠲᠣᠭᠲᠠᠪᠤᠷᠢᠲᠠᠢ ᠬᠠᠯᠬᠠᠪᠴᠢ ᠶᠢ ᠰᠠᠶᠢᠲᠤᠷ ᠪᠠᠬᠢᠵᠢᠭᠦᠯᠦᠨ᠎ᠡ᠃ ᠲᠥᠯᠥᠭᠡᠯᠡᠭᠴᠢᠳ ᠡ︕ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠪᠠᠨ ᠪᠠᠷᠠᠯᠠᠬᠤᠶ᠎ᠠ᠂ ᠪᠢᠳᠡ ᠤᠳᠠᠯ ᠥᠬᠡᠶ ᠰᠢᠨ᠎ᠡ ᠠᠶᠠᠨ ᠢᠶᠠᠨ ᠡᠬᠢᠯᠡᠭᠦᠯᠬᠦ ᠪᠣᠯᠤᠨ᠎ᠠ᠂ ᠢᠷᠡᠭᠡᠳᠦᠶ ᠰᠠᠷᠠᠭᠤᠯ᠂ ᠬᠠᠷᠠᠯᠲᠠ ᠲᠣᠳᠣᠷᠬᠠᠢ ᠪᠠᠶᠢᠭ᠎ᠠ ᠨᠢ ᠪᠢᠳᠡᠨ ᠢ ᠤᠷᠮᠠᠰᠢᠭᠤᠯᠤᠨ ᠵᠣᠷᠢᠭᠵᠢᠭᠤᠯᠤᠨ᠎ᠠ᠃ ᠬᠠᠷᠠᠯᠲᠠ ᠪᠠᠨ ᠪᠠᠲᠤ ᠡᠵᠡᠮᠳᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠡᠷᠡᠮᠡᠬᠡᠶᠢᠯᠡᠨ ᠲᠡᠮᠡᠴᠡᠳᠡᠭ ᠯᠡ ᠶᠤᠮ ᠪᠣᠯ ᠲᠠᠪᠤᠨ ᠵᠢᠯ ᠤᠨ ᠠᠤᠭ᠎ᠠ ᠲᠥᠰᠦᠪ ᠯᠠᠪᠲᠠᠢ ᠪᠡᠶᠡᠯᠡᠭᠳᠡᠵᠦ᠂ ᠠᠯᠠᠱᠠ ᠵᠡᠭᠦᠨ ᠬᠤᠰᠢᠭᠤᠨ ᠤ ᠢᠷᠡᠭᠡᠳᠦᠢ ᠯᠠᠪᠲᠠᠢ ᠨᠡᠩ ᠰᠠᠶᠢᠨ ᠰᠠᠶᠢᠬᠠᠨ ᠪᠣᠯᠬᠤ ᠶᠤᠮ ᠡ︕ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号