2021ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2021/2/26
ᠨᠢᠭᠡ᠂ ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭ᠎ᠠ ᠵᠢᠴᠢ 2020 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠣᠶᠢᠮᠣ ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠤ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠰᠡᠳᠬᠢᠯ ᠨᠢᠭᠡᠳᠴᠦ ᠬᠦᠴᠦ ᠪᠠᠨ ᠬᠠᠮᠲᠤᠳᠬᠠᠨ᠂ ᠰᠢᠷᠭᠠᠭᠤ ᠠᠵᠢᠯᠯᠠᠵᠤ᠂  ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠶᠢ ᠣᠯᠪᠠ᠃ ᠪᠥᠬᠦ ᠬᠤᠰᠢᠭᠤᠨ ᠤ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 2016 ᠣᠨ ᠳᠤ 84.7 ᠳ᠋ᠦᠩᠰᠢᠭᠤᠷ ᠲᠥᠭᠦᠷᠢᠭ ᠪᠠᠶᠢᠭᠰᠠᠨ ᠠᠴᠠ ᠨᠡᠮᠡᠭᠳᠡᠭᠡᠳ 2020 ᠣᠨ ᠪᠣᠯᠬᠤ ᠳᠤ 115.9 ᠳ᠋ᠦᠩᠰᠢᠭᠤᠷ ᠲᠥᠭᠦᠷᠢᠭ ᠪᠣᠯᠵᠣ᠂ ᠵᠢᠯ ᠤᠨ ᠳᠤᠮᠳᠠᠴᠢ ᠨᠡᠮᠡᠭᠳᠡᠯ ᠨᠢ 5.4 %︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠵᠢᠯ ᠤᠨ ᠳᠤᠮᠳᠠᠴᠢ ᠨᠡᠮᠡᠭᠳᠡᠯ ᠨᠢ 2.5 %︔ ᠡᠩ ᠤᠨ ᠨᠡᠶᠢᠲᠡ ᠶᠢᠨ ᠲᠥᠰᠦᠪ ᠤᠨ ᠣᠷᠣᠯᠭ᠎ᠠ 2016 ᠣᠨ ᠳᠤ 11.97 ᠳ᠋ᠦᠩᠰᠢᠭᠤᠷ ᠲᠥᠭᠦᠷᠢᠭ ᠠᠴᠠ ᠨᠡᠮᠡᠭᠳᠡᠭᠡᠳ 2020 ᠣᠨ ᠪᠣᠯᠬᠤ ᠳᠤ 12.14 ᠳ᠋ᠦᠩᠰᠢᠭᠤᠷ ᠲᠥᠭᠦᠷᠢᠭ ᠪᠣᠯᠵᠣ᠂ ᠵᠢᠯ ᠪᠦᠷᠢ ᠳᠤᠮᠳᠠᠴᠢ ᠪᠠᠷ 1.84 % ᠨᠡᠮᠡᠭᠳᠡᠪᠡ︔ ᠬᠤᠲᠠ ᠪᠠᠯᠭᠠᠰᠤᠨ ᠤ ᠪᠠᠶᠢᠩᠭᠤ ᠶᠢᠨ ᠣᠷᠣᠰᠢᠨ ᠰᠠᠭᠤᠭᠴᠢᠳ ᠤᠨ ᠳᠤᠮᠳᠠᠴᠢ ᠣᠷᠣᠯᠭ᠎ᠠ 2016 ᠣᠨ ᠳᠤ 34504 ᠲᠥᠭᠦᠷᠢᠭ ᠠᠴᠠ ᠨᠡᠮᠡᠭᠳᠡᠭᠡᠳ 2020 ᠣᠨ ᠪᠣᠯᠬᠤ ᠳᠤ 43694 ᠲᠥᠭᠦᠷᠢᠭ ᠪᠣᠯᠵᠣ᠂ ᠵᠢᠯ ᠤᠨ ᠳᠤᠮᠳᠠᠴᠢ ᠨᠡᠮᠡᠭᠳᠡᠯ ᠨᠢ 6.4 %︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠶᠢᠨ ᠣᠷᠣᠰᠢᠨ ᠰᠠᠭᠤᠭᠴᠢᠳ ᠤᠨ ᠳᠤᠮᠳᠠᠴᠢ ᠣᠷᠣᠯᠭ᠎ᠠ 2016 ᠣᠨ ᠳᠤ 15953 ᠲᠥᠭᠦᠷᠢᠭ ᠠᠴᠠ  2020 ᠣᠨ ᠪᠣᠯᠬᠤ ᠳᠤ 22191 ᠲᠥᠭᠦᠷᠢᠭ ᠪᠣᠯᠣᠨ ᠨᠡᠮᠡᠭᠳᠡᠵᠦ᠂ ᠵᠢᠯ ᠤᠨ ᠳᠤᠮᠳᠠᠴᠢ ᠨᠡᠮᠡᠭᠳᠡᠯ ᠨᠢ 8.4 %︔ ᠥᠷᠭᠡᠨ ᠬᠡᠷᠡᠭᠯᠡᠭᠡᠨ ᠤ ᠪᠣᠳᠠᠰ  ᠤᠨ ᠵᠢᠵᠢᠭᠯᠡᠨ ᠪᠣᠷᠣᠯᠠᠭᠤᠯᠤᠭᠰᠠᠨ ᠪᠠᠷᠠᠭᠠᠨ ᠤ ᠶᠡᠷᠦᠩᠬᠡᠢ ᠬᠡᠮᠵᠢᠶ᠎ᠡ ᠶᠢᠨ ᠵᠢᠯ ᠤᠨ ᠳᠤᠮᠳᠠᠴᠢ ᠨᠡᠮᠡᠭᠳᠡᠯ ᠨᠢ 1.5 % ᠥᠩᠭᠡᠷᠡᠭᠰᠡᠨ ᠲᠠᠪᠤᠨ ᠵᠢᠯ ᠤᠨ ᠬᠤᠭᠤᠴᠠᠭᠠᠨ ᠳᠤ᠂ ᠪᠢᠳᠡ ᠴᠥᠬᠦᠷᠡᠰᠢ ᠥᠬᠡᠶ ᠴᠢᠷᠮᠠᠶᠢᠵᠤ᠂ ᠪᠡᠷᠬᠡᠰᠢᠶᠡᠯ ᠢ ᠳᠠᠪᠠᠨ ᠲᠤᠭᠤᠯᠵᠤ᠂ ᠬᠥᠭᠵᠢᠯᠲᠡ ᠶᠢᠨ ᠴᠢᠨᠠᠷ ᠴᠢᠨᠰᠠᠭ᠎ᠠ ᠶᠢ ᠰᠠᠶᠢᠵᠢᠷᠠᠭᠤᠯᠪᠠ᠃ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠵᠡᠷᠭᠡᠪᠡᠷ ᠨᠡᠮᠡᠭᠳᠡᠪᠡ᠃ ︽ᠣᠷᠭᠠᠨᠢᠭ᠂ ᠤᠰᠤ ᠠᠷᠪᠢᠯᠠᠯᠲᠠ ᠲᠠᠢ ᠂ ᠥᠨᠳᠥᠷ ᠦᠷ᠎ᠡ ᠠᠰᠢᠭ ᠲᠠᠢ︾ ᠲᠠᠷᠢᠶᠠᠯᠠᠩ ᠢ ᠲᠣᠭᠲᠠᠪᠤᠷᠢᠲᠠᠢ ᠪᠠᠷ ᠬᠥᠭᠵᠢᠭᠦᠯᠵᠦ᠂ 2.67 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 17 ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ  ᠢ ᠬᠡᠷᠡᠭᠵᠢᠭᠦᠯᠵᠦ᠂ 10.13 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠪᠠ᠃ ᠪᠠᠷᠠᠭᠤᠨ ᠬᠥᠳᠡᠭᠡ ᠶᠢᠨ ᠣᠷᠭᠠᠨᠢᠭ ᠪᠤᠭᠤᠳᠠᠢ᠂ ᠤᠨᠳᠤᠷᠤᠯᠲᠤ ᠶᠢᠨ ᠰᠢᠯᠢᠳᠡᠭ ᠡᠮ ᠤᠨ ᠮᠠᠲ᠋ᠧᠷᠢᠶᠠᠯ᠂ ᠴᠠᠬᠠᠷ ᠤᠨ ᠬᠥᠳᠡᠭᠡ ᠶᠢᠨ ᠪᠣᠬᠢᠷᠲᠤᠯ ᠦᠭᠡᠢ ᠲᠠᠷᠪᠤᠰ ᠪᠠ ᠵᠢᠮᠢᠰ ᠤᠨ ᠲᠥᠷᠥᠯ᠂ ᠦᠵᠦᠮ ᠤᠨ ᠬᠥᠳᠡᠭᠡ ᠶᠢᠨ ᠢᠳᠡᠰᠢᠨ ᠨᠣᠭᠤᠭ᠎ᠠ ᠵᠡᠷᠭᠡ ᠣᠨᠴᠠᠯᠢᠭᠲᠤ ᠲᠠᠢ ᠠᠵᠤ ᠦᠢᠯᠡᠰ ᠤᠨ 4 ᠲᠣᠮᠣ ᠰᠠᠭᠤᠷᠢᠨ ᠭᠠᠵᠠᠷ ᠢ ᠪᠦᠲᠦᠭᠡᠨ ᠪᠠᠶᠢᠭᠤᠯᠪᠠ᠃ ᠣᠨᠴᠠᠯᠢᠭᠲᠤ ᠮᠠᠯ ᠠᠵᠤ ᠠᠬᠤᠢ ᠶᠢᠨ ᠬᠡᠪᠴᠢᠶ᠎ᠡ ᠲᠠᠰᠤᠷᠠᠯᠲᠠ ᠦᠭᠡᠢ ᠥᠷᠭᠡᠳᠴᠦ᠂ ᠮᠢᠩᠭᠠᠨ ᠲᠣᠯᠣᠭᠠᠢ ᠠᠴᠠ ᠳᠡᠭᠡᠭᠰᠢᠬᠢ 10 ᠦᠬᠡᠷ ᠮᠠᠯᠵᠢᠬᠤ ᠬᠡᠪᠴᠢᠶᠡᠵᠢᠭᠰᠡᠨ ᠰᠠᠭᠤᠷᠢᠨ ᠭᠠᠵᠠᠷ᠂ 40 ᠰᠢᠶᠣᠤ ᠮᠢᠩ ᠠᠮᠢ ᠠᠬᠤᠢ ᠶᠢᠨ ᠡᠭᠦᠯᠳᠡᠷ ᠤᠨ  ᠲᠡᠵᠢᠭᠡᠬᠦ ᠲᠠᠯᠠᠪᠤᠷ᠂ ᠢᠩᠭᠡᠨ ᠤ ᠰᠦ ᠶᠢᠨ ᠵᠢᠱᠢᠶ᠎ᠡ ᠦᠵᠡᠭᠦᠯᠬᠦ 4 ᠰᠠᠭᠤᠷᠢᠨ ᠭᠠᠵᠠᠷ ᠢ ᠪᠠᠶᠢᠭᠤᠯᠪᠠ ᠃ ᠣᠳᠣᠬᠢᠴᠢᠯᠠᠭᠰᠠᠨ ᠠᠵᠤ ᠦᠢᠯᠡᠳᠪᠦᠷᠢᠵᠢᠯᠲᠡ ᠶᠢᠨ ᠠᠬᠢᠴᠠ ᠶᠢ ᠲᠦᠷᠭᠡᠳᠬᠡᠪᠡ᠃ 100.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 38 ᠠᠵᠤ ᠦᠶᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠪᠡ᠃ 195 ᠲᠦᠮᠡᠨ ᠲᠣᠨ ᠨᠡᠭᠦᠷᠡᠰᠦᠨ ᠤ ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠮᠵᠢ ᠶᠢ ᠬᠡᠷᠡᠭᠯᠡᠯᠲᠡ ᠠᠴᠠ ᠭᠠᠷᠭᠠᠵᠤ᠂ ᠨᠡᠭᠦᠷᠡᠰᠦᠨ ᠤ ᠠᠭᠤᠷᠬᠠᠢ ᠶᠢᠨ ᠨᠡᠶᠢᠲᠡ ᠲᠤᠭ᠎ᠠ ᠶᠢ 18   ᠪᠣᠯᠭᠠᠵᠤ ᠪᠠᠭᠤᠷᠠᠭᠤᠯᠪᠠ᠃ 23 ᠪᠣᠷᠵᠢᠨ ᠴᠢᠯᠠᠭᠤᠨ ᠬᠠᠪᠲᠠᠩ ᠪᠣᠯᠪᠠᠰᠤᠷᠠᠭᠤᠯᠬᠤ ᠠᠵᠤ ᠠᠬᠤᠶᠢᠯᠠᠯ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠪᠠᠨ ᠰᠠᠶᠢᠵᠢᠷᠠᠭᠤᠯᠵᠤ᠂ ᠪᠦᠬᠦ ᠬᠤᠰᠢᠭᠤᠨ ᠤ ᠬᠠᠪᠲᠠᠩ ᠪᠣᠯᠪᠠᠰᠤᠷᠠᠭᠤᠯᠬᠤ ᠬᠡᠮᠵᠢᠶ᠎ᠡ 2600 ᠲᠦᠮᠡᠨ ᠺᠦᠸᠠᠳ᠋ ᠮᠧᠲᠷ ᠲᠤ ᠬᠦᠷᠪᠡ᠃ ᠯᠠᠨ ᠲᠠᠢ ᠳᠠᠪᠤᠰᠤᠨ ᠤ ᠪᠥᠯᠥᠭᠯᠡᠯ ᠤᠨ ᠵᠢᠯ ᠳᠤ 20 ᠲᠦᠮᠡᠨ ᠲᠣᠨ ᠨᠠᠷᠢᠯᠢᠭ ᠳᠠᠪᠤᠰᠤ ᠪᠣᠯᠪᠠᠰᠤᠷᠠᠭᠤᠯᠬᠤ ᠲᠥᠷᠥᠯ ᠵᠦᠢᠯ ᠤᠨ ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠵᠤᠯᠵᠠᠭ᠎ᠠ ᠠᠯᠲᠠ ᠣᠯᠪᠣᠷᠢᠯᠠᠬᠤ ᠲᠥᠷᠥᠯ ᠵᠦᠶᠯ ᠢ ᠤᠷᠤᠭᠰᠢᠲᠠᠢ ᠬᠡᠷᠡᠭᠵᠢᠭᠦᠯᠪᠡ᠃ ᠬᠠᠨᠠᠰ ᠤᠨ ᠨᠢᠭᠡᠳᠦᠭᠡᠷ ᠬᠤᠭᠤᠴᠠᠭᠠᠨ ᠤ 20 ᠲᠦᠮᠡᠨ ᠺᠢᠯᠣᠸᠠᠲ ᠤᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ᠂ ᠴᠧᠨ ᠬᠤᠢ ᠶᠢᠨ 10 ᠲᠦᠮᠡᠨ ᠺᠢᠯᠣᠸᠠᠲ ᠤᠨ ᠭᠡᠷᠡᠯ ᠤᠨ ᠡᠨᠧᠷᠭᠢ ᠪᠠᠷ ᠴᠠᠬᠢᠯᠭᠠᠨ ᠭᠠᠷᠭᠠᠬᠤ ᠵᠡᠷᠭᠡ ᠲᠥᠷᠥᠯ ᠵᠦᠢᠯ ᠠᠰᠢᠭᠯᠠᠯᠲᠠ ᠳᠤ ᠣᠷᠣᠵᠤ᠂ ᠪᠦᠬᠦ ᠬᠤᠰᠢᠭᠤᠨ ᠤ ᠰᠠᠯᠬᠢᠨ ᠤ ᠬᠦᠴᠦ᠂ ᠭᠡᠷᠡᠯ ᠤᠨ ᠡᠨᠧᠷᠭᠢ ᠪᠠᠷ ᠴᠠᠬᠢᠯᠭᠠᠨ ᠭᠠᠷᠭᠠᠬᠤ ᠶᠡᠷᠦᠩᠬᠡᠢ ᠪᠠᠭᠲᠠᠭᠠᠮᠵᠢ 141.5 ᠲᠦᠮᠡᠨ ᠺᠢᠯᠣᠸᠠᠲ ᠲᠤ ᠬᠦᠷᠪᠡ᠃ ᠳᠤᠮᠳᠠᠳᠤ ᠤᠯᠤᠰ ᠤᠨ ᠴᠢᠯᠠᠭᠤᠨ ᠲᠣᠰᠣᠨ ᠤ ᠤᠮᠠᠷᠠᠲᠤ ᠣᠷᠣᠨ ᠤ ᠴᠢᠯᠠᠭᠤᠨ ᠲᠣᠰᠣᠨ ᠤ ᠠᠭᠤᠷᠬᠠᠶ ᠶᠢᠨ ᠬᠤᠪᠢᠶᠠᠷᠢ ᠺᠣᠮᠫᠠᠨᠢ ᠶᠢᠨ ᠮᠠᠨ  ᠤ ᠬᠤᠰᠢᠭᠤᠨ ᠳᠠᠬᠢ ᠲᠣᠰᠣ ᠪᠠ ᠬᠡᠢ ᠶᠢᠨ ᠬᠠᠶᠢᠭᠤᠯ ᠲᠣᠮᠣᠬᠠᠨ ᠠᠬᠢᠴᠠ ᠲᠠᠢ ᠪᠣᠯᠪᠠ᠃ ᠶᠢᠨ ᠪᠤᠯᠠᠭ ᠲᠠᠯᠠᠰᠲᠤ ᠪᠠᠯ ᠴᠢᠯᠠᠭᠤᠨ ᠤ ᠬᠦᠳᠡᠷ ᠢ ᠠᠰᠢᠭᠯᠠᠨ ᠪᠣᠯᠪᠠᠰᠤᠷᠠᠭᠤᠯᠬᠤ ᠲᠥᠷᠥᠯ ᠵᠦᠢᠯ ᠯᠠᠪᠳᠠᠭᠤᠨ ᠠᠬᠢᠵᠤ᠂ ᠰᠢᠨ᠎ᠡ ᠪᠠᠷ ᠬᠥᠭᠵᠢᠵᠦ ᠪᠠᠶᠢᠭ᠎ᠠ ᠠᠵᠤ ᠦᠢᠯᠡᠰ ᠨᠢ  ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠨ᠎ᠡ ᠨᠡᠮᠡᠭᠳᠡᠯ ᠴᠡᠭ ᠪᠣᠯᠪᠠ᠃ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠥᠷᠨᠢᠭᠦᠨ ᠬᠥᠭᠵᠢᠪᠡ᠃ 56.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠯᠠᠱᠠ ᠶᠢᠨ ᠮᠥᠷᠥᠭᠡᠳᠦᠯ ᠤᠨ ᠡᠯᠡᠰᠦ ᠮᠠᠩᠬᠠᠨ ᠤ ᠮᠠᠰᠢᠨ ᠲᠡᠷᠭᠡ ᠠᠭᠠᠷ  ᠤᠨ ᠠᠶᠠᠯᠠᠯ ᠤᠨ ᠭᠤᠣᠯ ᠰᠡᠳᠦᠪᠲᠦ ᠴᠡᠩᠭᠡᠯ ᠤᠨ ᠬᠦᠷᠢᠶᠡᠯᠡᠩ᠂ ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢᠨ ᠡᠷᠲᠡᠨ ᠤ ᠣᠷᠣᠨ ᠰᠠᠭᠤᠴᠠ ᠶᠢ ᠵᠠᠰᠠᠨ ᠰᠢᠨᠡᠳᠬᠡᠬᠦ ᠢᠨᠵᠧᠨᠧᠷᠢᠩ ᠵᠡᠷᠭᠡ 12 ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠬᠡᠷᠡᠭᠵᠢᠭᠦᠯᠵᠦ᠂ A ᠳᠡᠰ ᠤᠨ ᠦᠵᠡᠮᠵᠢ ᠶᠢᠨ ᠣᠷᠣᠨ ᠤ ᠲᠤᠭ᠎ᠠ ᠨᠡᠮᠡᠭᠳᠡᠭᠡᠳ 11 ᠪᠣᠯᠪᠠ᠃ ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠤ᠂ ᠵᠢᠭᠤᠯᠴᠢᠳ ᠢ  ᠨᠡᠶᠢᠲᠡ 3053 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠠᠶᠠᠯᠠᠯ ᠵᠢᠭᠤᠯᠴᠢᠯᠠᠯ ᠤᠨ ᠨᠡᠶᠢᠲᠡ ᠣᠷᠣᠯᠭ᠎ᠠ 282.2 ᠳ᠋ᠦᠩᠰᠢᠭᠤᠷ ᠲᠥᠭᠦᠷᠢᠭ ᠲᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠤ ᠬᠢ ᠠᠴᠠ 302 % ᠪᠠ 342 % ᠢᠶᠠᠷ ᠨᠡᠮᠡᠭᠳᠡᠪᠡ᠃ ᠠᠮᠢ ᠠᠬᠤᠢ ᠶᠢᠨ ᠣᠨᠴᠠᠯᠢᠭᠲᠤ ᠠᠵᠤ ᠦᠢᠯᠡᠰ ᠤᠨ ᠬᠦᠷᠢᠶ᠎ᠡ ᠬᠡᠪᠴᠢᠶ᠎ᠡ ᠥᠷᠭᠡᠵᠢᠪᠡ᠃ 276 ᠲᠦᠮᠡᠨ ᠮᠥ ᠭᠠᠵᠠᠷ ᠲᠤ ᠬᠥᠮᠦᠨ ᠤ ᠬᠦᠴᠦ ᠪᠠᠷ ᠵᠠᠭ ᠲᠠᠷᠢᠵᠤ᠂ 49.8 ᠲᠦᠮᠡᠨ ᠮᠥ ᠴᠠᠭᠠᠨ ᠭᠤᠶᠣᠣ  ᠲᠠᠷᠢᠵᠤ᠂ 97.5 ᠲᠦᠮᠡᠨ ᠮᠥ ᠪᠥᠭᠡᠷᠡᠭ ᠢ ᠪᠢᠲᠡᠭᠦᠮᠵᠢᠯᠡᠵᠦ᠂ 19 ᠲᠦᠮᠡᠨ ᠮᠥ ᠤᠯᠠᠭᠠᠨ ᠭᠤᠶᠣᠣ ᠳᠠᠷᠢᠪᠠ᠃ ᠠᠮᠢ ᠠᠬᠤᠶ ᠶᠢᠨ ᠠᠵᠤ ᠦᠶᠯᠡᠰ ᠤᠨ ᠰᠢᠨᠵᠢᠯᠡᠭᠡ ᠮᠡᠷᠭᠡᠵᠢᠯ ᠤᠨ ᠠᠳᠠᠯ ᠦᠶᠯᠡᠰ ᠪᠣᠰᠬᠠᠬᠤ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠡᠷᠴᠢᠮᠲᠡᠢ ᠠᠬᠢᠭᠤᠯᠵᠤ᠂ ᠮᠠᠨᠳᠤᠯ᠂ ᠳ᠋ᠠ ᠮᠥᠸᠧ ᠡᠾᠦ᠋ᠨ ᠵᠡᠷᠭᠡ ᠨᠢᠭᠡ ᠪᠦᠯᠦᠭ  ᠠᠮᠢ ᠠᠬᠤᠶ ᠶᠢᠨ ᠣᠨᠴᠠᠯᠢᠭᠲᠤ ᠠᠵᠤ ᠦᠶᠯᠡᠰ ᠤᠨ ᠪᠣᠯᠪᠠᠰᠤᠷᠠᠭᠤᠯᠬᠤ᠂ ᠰᠤᠳᠤᠯᠤᠨ ᠬᠥᠭᠵᠢᠭᠦᠯᠬᠦ᠂ ᠪᠣᠷᠣᠯᠠᠭᠤᠯᠬᠤ ᠠᠵᠤ ᠠᠬᠤᠶᠢᠯᠠᠯ ᠢ ᠬᠥᠭᠵᠢᠭᠦᠯᠦᠨ ᠪᠤᠵᠠᠭᠠᠶᠢᠷᠠᠭᠤᠯᠪᠠ᠃ ᠡᠯᠡᠰᠦᠨ ᠤ ᠠᠵᠤ ᠦᠶᠯᠡᠰ ᠤᠨ ᠰᠢᠨ᠎ᠡ ᠶᠢ ᠡᠭᠦᠳᠦᠨ ᠦᠶᠯᠡᠰ ᠪᠣᠰᠬᠠᠬᠤ ᠤᠷᠤᠯᠳᠤᠭᠠᠨ ᠢ ᠭᠤᠷᠪᠠᠨ ᠤᠳᠠᠭ᠎ᠠ ᠠᠮᠵᠢᠯᠲᠠ ᠲᠠᠢ ᠡᠷᠭᠢᠯᠡᠭᠰᠡᠨ ᠪᠥᠭᠡᠳ ᠤᠯᠤᠰ ᠤᠨ ᠤᠷᠤᠯᠳᠤᠭᠠᠨ ᠤ ᠲᠥᠷᠥᠯ ᠵᠦᠢᠯ ᠳᠤ ᠣᠷᠣᠭᠤᠯᠪᠠ᠃ᠥᠩᠭᠡᠷᠡᠭᠰᠡᠨ ᠲᠠᠪᠤᠨ ᠵᠢᠯ ᠤᠨ ᠬᠤᠭᠤᠴᠠᠭᠠᠨ ᠳᠤ᠂ ᠪᠢᠳᠠ ᠢᠲᠡᠭᠡᠯ ᠵᠣᠷᠢᠭ ᠢᠶᠠᠨ ᠪᠠᠲᠤᠳᠬᠠᠵᠤ᠂ ᠰᠡᠳᠬᠢᠯ ᠬᠦᠴᠦ ᠪᠠᠨ ᠲᠥᠪᠯᠡᠷᠡᠭᠦᠯᠵᠦ᠂ ᠭᠤᠷᠪᠠᠨ ᠶᠡᠭᠡ ᠪᠣᠭᠤᠮᠲᠠ ᠶᠢ ᠢᠯᠠᠨ ᠳᠠᠪᠠᠭ᠋ᠤ ᠳᠠᠶᠢᠯᠠᠯᠳᠤᠭᠠᠨ ᠢ ᠡᠷᠴᠢᠮᠲᠠᠢ ᠳᠠᠶᠢᠴᠢᠯᠠᠨ ᠪᠡᠶᠡᠯᠡᠭᠦᠯᠪᠡ᠃ ᠶᠠᠳᠠᠭᠤᠷᠠᠯ ᠠᠴᠠ ᠠᠩᠭᠢᠵᠢᠷᠠᠭᠤᠯᠬᠤ ᠪᠣᠭᠤᠮᠲᠠ ᠶᠢ ᠢᠯᠠᠨ ᠳᠠᠪᠠᠭ᠋ᠤ ᠠᠵᠢᠯ ᠰᠢᠢᠳᠪᠦᠷᠢᠲᠦ ᠴᠢᠨᠠᠷᠲᠠᠢ ᠠᠮᠵᠢᠯᠲᠠ ᠤᠯᠪᠠ᠃ 5.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠶᠠᠳᠠᠭᠤᠷᠠᠯ ᠠᠴᠠ ᠠᠩᠭᠢᠵᠢᠷᠠᠭᠤᠯᠬᠤ ᠪᠣᠭᠤᠮᠲᠠ ᠶᠢ ᠢᠯᠠᠨ ᠳᠠᠪᠠᠭ᠋ᠤ ᠲᠥᠷᠦ ᠶᠢᠨ ᠪᠣᠳᠣᠯᠭ᠎ᠠ ᠶᠢ ᠵᠥᠪ ᠣᠨᠣᠪᠴᠢᠲᠠᠢ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠬᠦᠬᠦ ᠲᠥᠷᠦᠯ ᠵᠦᠢᠯ ᠢ ᠨᠡᠶᠢᠲᠡ 161 ᠬᠡᠷᠡᠭᠵᠢᠭᠦᠯᠵᠦ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠶᠦᠯᠭᠦᠢ ᠶᠢᠨ ᠠᠰᠠᠭᠤᠳᠠᠯ ᠶᠡᠷᠦᠩᠬᠡᠢ ᠳᠡᠭᠡᠨ ᠰᠢᠢᠳᠪᠦᠷᠢᠯᠡᠭᠳᠡᠪᠡ᠃ 2018 ᠣᠨ ᠤ 7 ᠳ᠋ᠤᠭᠠᠷ ᠰᠠᠷ᠎ᠠ ᠳᠤ᠂ ᠠᠯᠠᠱᠠ ᠵᠡᠭᠦᠨ ᠬᠤᠰᠢᠭᠤ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠵᠢᠭᠰᠠᠭᠠᠯᠲᠠ ᠠᠴᠠ ᠭᠠᠷᠴᠤ᠂ ᠪᠦᠬᠦ ᠬᠤᠰᠢᠭᠤᠨ ᠤ 6564 ᠶᠠᠳᠠᠭᠤ ᠬᠦᠴᠢᠷᠳᠡᠯᠲᠡᠢ ᠬᠥᠮᠦᠨ ᠠᠮᠠ ᠪᠦᠬᠦᠨ ᠢᠶᠠᠷ ᠢᠶᠠᠨ ᠶᠠᠳᠠᠭᠤᠷᠠᠯ ᠠᠴᠠ ᠠᠩᠭᠢᠵᠢᠷᠠᠵᠤ᠂ ᠶᠠᠳᠠᠭᠤᠷᠠᠯ ᠤᠨ ᠨᠤᠷᠮ᠎ᠠ ︽ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠰᠡᠭᠦᠯᠴᠢ ᠪᠠᠷ 8.94 % ᠪᠠᠶᠢᠭᠰᠠᠨ ᠠᠴᠠ ᠯᠠᠪᠳᠠᠭᠤᠨ ᠢᠶᠠᠷ ᠪᠠᠭᠤᠷᠠᠭᠠᠳ 2 % ᠠᠴᠠ ᠳᠣᠭᠤᠭᠰᠢ ᠪᠣᠯᠪᠠ᠃ ᠬᠦᠨᠳᠦ ᠨᠣᠴᠢᠲᠠᠢ ᠠᠶᠤᠯ ᠡᠷᠡᠰᠳᠡᠯ ᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ᠂ ᠦᠯᠡᠳᠡᠭᠡᠯ ᠪᠠᠯᠠ ᠮᠥᠩᠭᠦ ᠶᠢ ᠵᠣᠬᠢᠰᠲᠠᠢ ᠬᠡᠷᠡᠭᠯᠡᠬᠦ ᠵᠡᠷᠭᠡ ᠠᠷᠭ᠎ᠠ ᠠᠪᠴᠢᠯ ᠢᠶᠠᠷ ᠳᠠᠮᠵᠢᠭᠤᠯᠤᠨ᠂ ᠵᠠᠰᠠᠭ ᠤᠨ ᠣᠷᠳᠣᠨ ᠤ ᠥᠷᠢ ᠥᠭᠴᠡᠭᠡ ᠶᠢ ᠨᠡᠶᠢᠲᠡ 109.94 ᠳ᠋ᠦᠩᠰᠢᠭᠤᠷ ᠲᠥᠭᠦᠷᠢᠭ ᠲᠥᠯᠥᠵᠦ᠂ ᠡᠳ᠋ ᠤᠨ ᠵᠠᠰᠠᠭ ᠮᠥᠩᠭᠦᠨ ᠭᠦᠶᠯᠭᠡᠭᠡᠨ ᠤ ᠡᠷᠡᠰᠳᠡᠯ ᠢ ᠪᠦᠲᠦᠮᠵᠢᠲᠡᠶ ᠪᠠᠭᠤᠷᠠᠭᠤᠯᠵᠤ᠂ ᠪᠥᠬᠦ ᠬᠤᠰᠢᠭᠤᠨ ᠤ ᠮᠥᠩᠭᠦᠨ ᠭᠦᠶᠯᠭᠡᠭᠡᠨ  ᠤ ᠡᠷᠭᠢᠯᠲᠡ ᠶᠡᠷᠦᠩᠬᠡᠶ ᠳᠡᠭᠡᠨ ᠲᠣᠭᠲᠠᠪᠤᠷᠢᠲᠠᠢ ᠪᠠᠶᠢᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠢᠯᠡᠷᠬᠡᠢ ᠪᠣᠯᠪᠠ᠃ ᠪᠠᠶᠠᠨᠬᠤᠲᠠ ᠲᠣᠭᠤᠷᠢᠭ ᠤᠨ ᠠᠭᠤᠷᠰᠢᠯᠲᠠ ᠨᠢ 10 ᠲᠣᠨ ᠠᠴᠠ ᠳᠣᠷᠣᠭᠰᠢᠬᠢ ᠪᠠᠭ᠎ᠠ ᠬᠡᠯᠪᠡᠷᠢ ᠶᠢᠨ ᠨᠡᠭᠦᠷᠡᠰᠦᠨ ᠤ ᠵᠤᠤᠬ᠎ᠠ ᠶᠢ ᠪᠦᠬᠦᠨ ᠢ ᠵᠣᠭᠰᠣᠭᠠᠵᠤ᠂ ᠠᠭᠠᠷ ᠤᠨ ᠴᠡᠪᠡᠷᠴᠡ ᠶᠢᠨ ᠪᠠᠷᠢᠮᠵᠢᠶ᠎ᠠ ᠳᠤ ᠬᠦᠷᠦᠭᠰᠡᠨ ᠡᠳᠦᠷ ᠤᠨ ᠲᠤᠭ᠎ᠠ ᠨᠢ 320 ᠡᠳᠦᠷ ᠠᠴᠠ ᠳᠡᠭᠡᠭᠰᠢ ᠪᠣᠯᠪᠠ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠬᠡᠷᠡᠭᠯᠡᠭᠰᠡᠨ ᠣᠷᠣᠨ ᠤ ᠬᠡᠷᠡᠭᠯᠡᠬᠦ ᠪᠠ ᠨᠥᠬᠦᠪᠥᠷᠢᠯᠡᠬᠦ ᠶᠢ ᠦᠨᠳᠦᠰᠦᠨ ᠳᠡᠭᠡᠨ ᠲᠡᠩᠴᠡᠭᠦᠷᠢᠲᠡᠢ ᠪᠣᠯᠭᠠᠵᠤ᠂ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠪᠠ᠃ 19.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠣᠷᠴᠢᠨ ᠲᠣᠭᠤᠷᠢᠨ ᠤ ᠵᠠᠰᠠᠨ ᠴᠡᠭᠴᠡᠯᠡᠯᠲᠡ ᠶᠢ ᠦᠷᠭᠦᠯᠵᠢᠯᠡᠨ ᠶᠠᠪᠤᠭᠳᠠᠭᠤᠯᠵᠤ᠂ ᠠᠯᠠᠱᠠ ᠠᠭᠤᠯᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ  ᠤ ᠣᠷᠴᠢᠨ ᠲᠣᠭᠤᠷᠢᠨ ᠤ ᠦᠯᠡᠳᠡᠭᠳᠡᠯ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠪᠡ᠃ ᠲᠥᠪ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠣᠷᠴᠢᠨ ᠤ ᠬᠠᠮᠠᠭᠠᠯᠠᠯᠲᠠ ᠶᠢᠨ 4 ᠤᠳᠠᠭ᠎ᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ 83 ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ ᠵᠢᠭᠰᠠᠭᠠᠯᠲᠠ ᠠᠴᠠ ᠭᠠᠷᠭᠠᠪᠠ᠃ᠥᠩᠭᠡᠷᠡᠭᠰᠡᠨ ᠲᠠᠪᠤᠨ ᠵᠢᠯ ᠤᠨ ᠬᠤᠭᠤᠴᠠᠭᠠᠨ ᠳᠤ᠂ ᠪᠢᠳᠠ ᠦᠨᠳᠦᠰᠦ ᠰᠠᠭᠤᠷᠢ ᠪᠠᠨ ᠪᠠᠬᠢᠵᠢᠭᠦᠯᠵᠦ᠂ ᠦᠷᠭᠦᠯᠵᠢᠯᠡᠭᠦᠯᠦᠨ ᠬᠢᠴᠢᠶᠡᠩᠭᠦ᠋ᠢᠯᠡᠨ ᠠᠵᠢᠯᠯᠠᠵᠤ᠂ ᠬᠥᠭᠵᠢᠯᠲᠡ ᠶᠢᠨ ᠨᠥᠬᠦᠴᠡᠯ ᠢ ᠡᠷᠴᠢᠮᠲᠠᠢ ᠰᠠᠶᠢᠵᠢᠷᠠᠭᠤᠯᠪᠠ᠃ ᠠᠮᠢ ᠠᠬᠤᠢ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠃ ᠨᠤᠲᠤᠭ ᠪᠡᠯᠴᠢᠭᠡᠷ ᠤᠨ ᠱᠠᠩᠨᠠᠯ ᠨᠥᠬᠦᠪᠥᠷᠢ᠂ ᠨᠡᠶᠢᠲᠡ ᠶᠢᠨ ᠠᠰᠢᠭᠯᠠᠮᠵᠢ ᠶᠢᠨ ᠤᠢ ᠶᠢᠨ ᠦᠷ᠎ᠡ ᠠᠰᠢᠭ ᠲᠤ ᠨᠥᠬᠦᠪᠥᠷᠢ ᠣᠯᠭᠤᠬᠤ ᠲᠦᠷᠦ ᠶᠢᠨ ᠪᠤᠳᠤᠯᠭ᠎ᠠ ᠶᠢ ᠲᠤᠤᠱᠲᠠᠢ ᠨᠠᠶᠢᠳᠠᠪᠤᠷᠢᠵᠢᠭᠤᠯᠵᠤ᠂ ᠠᠯᠠᠱᠠ ᠶᠢᠨ SEE ᠠᠮᠢ ᠠᠬᠤᠢ ᠶᠢᠨ ᠨᠡᠶᠢᠭᠡᠮᠯᠢᠭ᠂ ᠳᠤᠮᠳᠠᠳᠤ ᠤᠯᠤᠰ ᠤᠨ ᠣᠶᠢᠵᠢᠭᠤᠯᠤᠯᠲᠠ ᠶᠢᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠨᠡᠶᠢᠭᠡᠮ ᠤᠨ ᠬᠦᠷᠦᠩᠭᠡ ᠶᠢ  ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ 317 ᠲᠦᠮᠡᠨ ᠮᠦ ᠭᠠᠵᠠᠷ ᠢ ᠣᠶᠢᠵᠢᠭᠤᠯᠵᠤ᠂ 248 ᠲᠦᠮᠡᠨ ᠮᠦ ᠪᠡᠯᠴᠢᠭᠡᠷ ᠲᠤ ᠰᠡᠯᠭᠦᠨ ᠮᠠᠯᠵᠢᠵᠤ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ ᠨᠢ  ︽ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠰᠡᠭᠦᠯᠴᠢ ᠳᠤ 12.5 % ᠪᠠ 18 % ᠪᠠᠶᠢᠭᠰᠠᠨ ᠢ ᠲᠤᠰ ᠲᠤᠰ 14.5 % ᠪᠠ 19 % ᠪᠣᠯᠭᠠᠨ ᠨᠡᠮᠡᠭᠳᠡᠭᠦᠯᠪᠡ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ G 7 ᠪᠡᠭᠡᠵᠢᠩ ᠠᠴᠠ ᠰᠢᠨᠵᠢᠶᠠᠩ ᠬᠦᠷᠬᠦ ᠲᠦᠷᠭᠡᠨ ᠤ ᠵᠠᠮ ᠤᠨ ᠯᠢᠨ ᠡᠾᠧ ᠠᠴᠠ ᠴᠠᠭᠠᠨ ᠲᠣᠯᠣᠭᠠᠢ ᠬᠦᠷᠬᠦ ᠬᠡᠰᠡᠭ ᠵᠡᠷᠭᠡ 4 ᠵᠠᠰᠠᠮᠠᠯ ᠵᠠᠮ ᠤᠨ ᠲᠦᠷᠦᠯ ᠵᠦᠢᠯ ᠪᠠᠶᠢᠭᠤᠯᠤᠭᠳᠠᠵᠤ ᠲᠡᠷᠭᠡ ᠨᠡᠪᠲᠡᠷᠡᠪᠡ᠃ 8.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 881.5 ᠺᠢᠯᠣᠮᠧᠲᠷ ᠰᠢᠨ᠎ᠡ ᠪᠠᠷ ᠨᠡᠪᠲᠡᠷᠡᠭᠦᠯᠬᠦ ᠪᠤᠶᠤ ᠰᠢᠨᠡᠳᠬᠡᠨ ᠵᠠᠰᠠᠵᠤ᠂ 114 ᠭᠠᠴᠠᠭ᠎ᠠ ᠲᠤᠰᠬᠤᠨ ᠪᠦᠬᠦᠨ ᠢᠶᠠᠷ ᠢᠶᠠᠨ ︽ᠬᠤᠶᠠᠷ  ᠢ ᠵᠡᠷᠭᠡᠪᠡᠷ ᠨᠡᠪᠲᠡᠷᠡᠭᠦᠯᠬᠦ︾ ᠬᠠᠷᠠᠯᠲᠠ ᠶᠢ ᠪᠡᠶᠡᠯᠡᠭᠦᠯᠪᠡ᠃ ᠪᠦᠬᠦ ᠬᠤᠰᠢᠭᠤᠨ ᠤ ᠵᠠᠮ ᠨᠡᠪᠲᠡᠷᠡᠭᠰᠡᠨ ᠤᠷᠲᠤ ᠨᠢ 5118.8 ᠺᠢᠯᠣᠮᠧᠲᠷ ᠲᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠰᠡᠭᠦᠯᠴᠢ ᠶᠢᠨ ᠬᠢ ᠠᠴᠠ 1249.3 ᠺᠢᠯᠣᠮᠧᠲᠷ ᠨᠡᠮᠡᠭᠳᠡᠪᠡ᠃ ᠪᠥᠬᠦ ᠬᠤᠰᠢᠭᠤᠨ ᠤ ᠭᠠᠴᠠᠭ᠎ᠠ ᠲᠣᠰᠬᠤᠨ ᠪᠦᠷᠢ  ᠳᠤ ᠴᠢᠮᠡᠭᠡ ᠬᠤᠯᠪᠣᠭ᠎ᠠ ᠶᠢ ᠨᠡᠪᠲᠡᠷᠡᠭᠦᠯᠵᠦ᠂ 101 ᠭᠠᠴᠠᠭ᠎ᠠ ᠲᠣᠰᠬᠤᠨ ᠳᠤ ᠴᠠᠬᠢᠮ ᠰᠦᠯᠵᠢᠶ᠎ᠡ ᠨᠡᠪᠲᠡᠷᠡᠪᠡ᠃ ᠬᠤᠲᠠ ᠶᠢᠨ ᠴᠢᠳᠠᠮᠵᠢ ᠡᠳᠦᠷ ᠢᠷᠡᠬᠦᠶ᠎ᠡ ᠰᠠᠶᠢᠵᠢᠷᠠᠪᠠ᠃ 7.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 40 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠰᠢᠨᠡᠳᠬᠡᠨ ᠰᠠᠶᠢᠵᠢᠷᠠᠭᠤᠯᠵᠤ᠂ 1.15 ᠲᠦᠮᠡᠨ ᠢᠵᠢ ᠬᠤᠲᠠ ᠶᠢᠨ ᠪᠥᠷᠭᠡ ᠭᠡᠷ ᠤᠨ ᠲᠣᠭᠤᠷᠢᠭ ᠤᠨ ᠣᠷᠣᠨ ᠰᠠᠭᠤᠴᠠ ᠶᠢ ᠵᠠᠰᠠᠨ ᠰᠠᠶᠢᠵᠢᠷᠠᠭᠤᠯᠪᠠ᠃ 4727.5 ᠲᠦᠮᠡᠨ ᠲᠥᠭᠦᠷᠢᠭ ᠤᠨ ᠪᠡᠯᠡ ᠣᠷᠣᠭᠤᠯᠵᠤ᠂ 23 ᠰᠠᠭᠤᠭᠠᠯᠢ ᠠᠷᠠᠳ ᠤᠨ ᠲᠣᠭᠤᠷᠢᠭ ᠤᠨ ᠨᠢᠭᠡᠨᠲᠡ ᠪᠠᠶᠢᠭ᠎ᠠ ᠪᠠᠷᠢᠯᠭ᠎ᠠ ᠳᠤ ᠡᠨᠧᠷᠭᠢ ᠠᠷᠪᠢᠯᠠᠬᠤ ᠥᠭᠡᠷᠡᠴᠢᠯᠡᠯᠲᠡ ᠬᠢᠵᠦ᠂ 16.6 ᠲᠦᠮᠡᠨ ᠺᠦᠸᠠᠳ᠋ ᠮᠧᠲᠷ ᠲᠠᠯᠠᠪᠠᠢ ᠶᠢ ᠥᠭᠡᠷᠡᠴᠢᠯᠡᠪᠡ᠃ ᠬᠤᠲᠠ ᠶᠢᠨ 13 ᠵᠤᠷᠪᠤᠰ ᠵᠠᠮ ᠢ ᠰᠢᠨᠡᠳᠬᠡᠨ ᠰᠠᠶᠢᠵᠢᠷᠠᠭᠤᠯᠵᠤ᠂ ᠬᠤᠲᠠ ᠶᠢᠨ ᠴᠡᠴᠡᠷᠯᠢᠭᠵᠢᠭᠦᠯᠦᠭᠰᠡᠨ ᠲᠠᠯᠠᠪᠠᠢ 301.4 ᠲᠦᠮᠡᠨ ᠺᠦᠸᠠᠳ᠋ ᠮᠧᠲᠷ ᠰᠢᠨ᠎ᠡ ᠪᠠᠷ ᠨᠡᠮᠡᠭᠳᠡᠪᠡ᠃ ᠤᠯᠤᠰ ᠤᠨ ᠳᠡᠰ ᠤᠨ ᠴᠡᠴᠡᠷᠯᠢᠭᠵᠢᠭᠰᠡᠨ ᠬᠤᠰᠢᠭᠤ ᠰᠢᠶᠠᠨ ᠤ ᠬᠤᠲᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠡᠷᠴᠢᠮᠲᠡᠢ ᠠᠬᠢᠭᠤᠯᠪᠠ᠃ 7000 ᠲᠦᠮᠡᠨ ᠲᠦᠭᠦᠷᠢᠭ ᠤᠨ ᠪᠡᠯᠡ ᠣᠷᠣᠭᠤᠯᠵᠣ᠂ ᠦᠵᠦᠮ ᠤᠨ ᠬᠦᠳᠡᠭᠡ ᠵᠡᠷᠭᠡ 7 ᠬᠦᠳᠡᠭᠡ ᠲᠣᠰᠬᠤᠨ ᠮᠠᠯᠵᠢᠬᠤ ᠣᠷᠣᠨ ᠢ ᠰᠡᠷᠭᠦᠭᠡᠨ ᠮᠡᠨᠳᠣᠭᠤᠯᠬᠤ ᠵᠢᠱᠢᠶ᠎ᠡ ᠴᠡᠭ ᠢ ᠪᠦᠲᠣᠮᠵᠢᠲᠠᠢ ᠪᠠᠶᠢᠭᠤᠯᠵᠣ᠂ ᠳᠠᠶᠢᠴᠢᠯᠠᠨ ᠳᠠᠭᠠᠭᠤᠯᠬᠤ ᠦᠷ᠎ᠡ ᠠᠰᠢᠭ ᠢᠯᠡᠷᠬᠡᠢ ᠪᠣᠯᠣᠭᠰᠠᠨ ᠪᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢᠰᠢᠯ ᠤᠨ ᠣᠷᠴᠢᠨ ᠢ ᠵᠠᠰᠠᠨ ᠴᠡᠭᠴᠡᠯᠡᠬᠦ ᠠᠵᠢᠯᠯᠠᠭ᠎ᠠ ᠶᠢ ᠬᠡᠷᠡᠭᠵᠢᠭᠦᠯᠵᠦ᠂ 3599 ᠡᠷᠦᠬᠡ ᠶᠢᠨ ᠵᠣᠷᠯᠣᠩ ᠢ ᠵᠠᠰᠠᠨ ᠰᠢᠨᠡᠴᠢᠯᠡᠬᠦ ᠠᠵᠢᠯ ᠢ ᠪᠡᠶᠡᠯᠡᠭᠦᠯᠵᠦ᠂ 1519 ᠰᠠᠭᠤᠷᠢ ᠬᠤᠭ ᠨᠣᠪᠰᠢ ᠪᠣᠬᠢᠷ ᠤᠰᠤ ᠶᠢ ᠬᠤᠷᠢᠶᠠᠨ ᠲᠡᠭᠡᠭᠡᠪᠦᠷᠢᠯᠡᠬᠦ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠵᠤ᠂ 3 ᠰᠠᠭᠤᠷᠢ ᠪᠣᠬᠢᠷ ᠤᠰᠤ ᠴᠡᠪᠡᠷᠰᠢᠭᠦᠯᠬᠦ ᠥᠷᠲᠡᠭᠡ ᠶᠢ ᠪᠠᠶᠢᠭᠤᠯᠤᠨ ᠳᠠᠭᠤᠰᠬᠠᠪᠠ᠃ ᠥᠪᠡᠷᠲᠡᠭᠡᠨ ᠵᠠᠰᠠᠬᠤ ᠣᠷᠣᠨ ᠤ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠠᠶᠠᠯᠠᠯ ᠵᠢᠭᠤᠯᠴᠢᠯᠠᠯ ᠤᠨ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠪᠡ᠃ᠥᠩᠭᠡᠷᠡᠭᠰᠡᠨ ᠲᠠᠪᠤᠨ ᠵᠢᠯ ᠤᠨ ᠬᠤᠭᠤᠴᠠᠭᠠᠨ ᠳᠤ᠂ ᠪᠢᠳᠡ ᠬᠠᠷᠢᠭᠤᠴᠠᠯᠭ᠎ᠠ   ᠪᠠᠨ ᠵᠣᠷᠢᠭᠲᠠᠢ ᠡᠭᠦᠷᠭᠡᠯᠡᠨ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ ᠪᠠᠷ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠵᠢᠯ ᠢ ᠡᠷᠴᠢᠮᠲᠡᠢ ᠰᠠᠶᠢᠵᠢᠷᠠᠭᠤᠯᠪᠠ᠃ ᠰᠢᠨᠵᠢᠯᠡᠭᠡ ᠮᠡᠷᠭᠡᠵᠢᠯ ᠢᠶᠠᠷ ᠰᠢᠨ᠎ᠡ ᠶᠢ ᠡᠭᠦᠳᠬᠦ ᠴᠢᠳᠠᠪᠤᠷᠢ ᠪᠠᠨ ᠪᠦᠲᠦᠮᠵᠢᠲᠡᠢ ᠳᠡᠭᠡᠭᠰᠢᠯᠡᠭᠦᠯᠪᠡ ᠃ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ᠂ ᠨᠡᠷᠡᠨ ᠡᠨᠧᠷᠭᠢ ᠶᠢᠨ ᠵᠠᠮ ᠤᠨ ᠳ᠋ᠧᠩ᠂ ᠰᠠᠯᠬᠢᠨ ᠤ ᠬᠦᠴᠦ ᠪᠠ ᠬᠡᠷᠡᠯ ᠤᠨ ᠡᠨᠧᠷᠭᠢ ᠶᠢ ᠵᠡᠷᠭᠡᠪᠡᠷ ᠠᠰᠢᠭᠯᠠᠬᠤ ᠵᠡᠷᠭᠡ ᠰᠢᠨᠵᠢᠯᠡᠭᠡ ᠮᠡᠷᠭᠡᠵᠢᠯ ᠤᠨ 78 ᠲᠥᠷᠥᠯ ᠵᠦᠶᠯ ᠢ ᠠᠮᠵᠢᠯᠲᠠ  ᠲᠠᠢ ᠬᠡᠷᠡᠭᠵᠢᠭᠦᠯᠪᠡ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠲᠠᠷᠢᠶᠠᠯᠠᠩ ᠤᠢ ᠰᠢᠭᠤᠢ  ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠪᠣᠯᠤᠨ ᠪᠤᠰᠤᠳ ᠡᠷᠳᠡᠮ ᠰᠢᠨᠵᠢᠯᠡᠭᠡᠨ ᠤ ᠬᠦᠷᠢᠶᠡᠯᠡᠩ ᠠᠴᠠ 99 ᠲᠤᠰᠬᠠᠢ ᠮᠡᠷᠭᠡᠵᠢᠯᠲᠡᠨ ᠢ ᠰᠣᠩᠭᠤᠨ ᠲᠣᠮᠢᠯᠠᠵᠤ᠂ 6 ᠰᠢᠨᠵᠢᠯᠡᠭᠡ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠠᠵᠢᠯᠯᠠᠬᠤ ᠦᠷᠳᠡᠭᠡ ᠶᠢ ᠪᠠᠶᠢᠭᠤᠯᠵᠤ᠂ ᠮᠠᠯᠴᠢᠨ ᠲᠠᠷᠢᠶᠠᠴᠢᠨ ᠢ 5 ᠲᠦᠮᠡᠨ ᠭᠠᠷᠤᠢ ᠬᠥᠮᠦᠨ ᠤᠳᠠᠭ᠎ᠠ ᠪᠣᠯᠪᠠᠰᠤᠷᠠᠭᠤᠯᠵᠤ᠂ ᠨᠤᠲᠤᠭ ᠤᠨ ᠰᠢᠨᠵᠢᠯᠡᠭᠡ ᠮᠡᠷᠭᠡᠵᠢᠯ ᠤᠨ ᠴᠢᠳᠠᠪᠤᠷᠢᠲᠠᠨ ᠢ 1000 ᠭᠠᠷᠤᠢ ᠬᠥᠮᠦᠵᠢᠭᠦᠯᠪᠡ᠃ ᠭᠠᠳᠠᠭᠰᠢ ᠨᠡᠭᠡᠭᠡᠬᠦ ᠠᠯᠬᠤᠴᠠ ᠪᠠᠨ ᠦᠷᠭᠦᠯᠵᠢᠯᠡᠨ ᠲᠦᠷᠭᠡᠳᠬᠡᠪᠡ᠃ 12.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠥᠯᠵᠡᠶ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ 20 ᠲᠥᠷᠥᠯ ᠵᠦᠢᠯ ᠢ ᠬᠡᠷᠡᠭᠵᠢᠭᠦᠯᠵᠦ᠂ ᠤᠰᠤ᠂ ᠴᠠᠬᠢᠯᠭᠠᠨ᠂ ᠵᠠᠮ ᠵᠡᠷᠭᠡ ᠰᠠᠭᠤᠷᠢ ᠲᠥᠬᠦᠭᠡᠷᠦᠮᠵᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠪᠣᠭᠤᠮᠲᠠ ᠶᠢᠨ ᠬᠠᠮᠲᠤᠷᠠᠨ ᠰᠢᠯᠭᠠᠬᠤ ᠠᠰᠠᠷ᠂ ᠪᠣᠭᠤᠮᠲᠠ ᠶᠢᠨ ᠮᠡᠳᠡᠭᠦᠯᠦᠯᠲᠡ ᠬᠢᠨᠠᠯᠲᠠ ᠶᠢᠨ ᠲᠥᠪ ᠵᠡᠷᠭᠡ ᠪᠣᠭᠤᠮᠲᠠ ᠪᠠᠷ ᠥᠩᠭᠡᠷᠡᠭᠦᠯᠬᠦ ᠪᠠᠶᠢᠴᠠᠭᠠᠨ ᠰᠢᠯᠭᠠᠬᠤ ᠲᠥᠬᠦᠭᠡᠷᠦᠮᠵᠢ ᠶᠢ ᠪᠦᠬᠦᠨ ᠢ ᠪᠠᠶᠢᠭᠤᠯᠤᠨ ᠳᠠᠭᠤᠰᠬᠠᠪᠠ᠃ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠰᠠᠶᠢᠵᠢᠷᠠᠭᠤᠯᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠲᠠᠢ ᠤᠶᠠᠯᠳᠤᠭᠤᠯᠤᠨ᠂ ᠭᠤᠤᠯᠳᠠᠯᠭ᠎ᠠ ᠲᠠᠢ ᠴᠠᠷᠠᠭ᠎ᠠ ᠬᠦᠷᠢᠶ᠎ᠡ ᠪᠠ ᠭᠤᠤᠯᠳᠠᠯᠭ᠎ᠠ  ᠲᠠᠢ ᠠᠵᠢᠯ ᠲᠥᠷᠥᠯ ᠤᠨ 1786 ᠡᠮᠬᠢ ᠵᠠᠮᠪᠠᠷᠠᠭ᠎ᠠ ᠥᠬᠡᠶ  ᠠᠰᠠᠭᠤᠳᠠᠯ ᠢ ᠨᠠᠷᠢᠪᠴᠢᠯᠠᠨ ᠪᠠᠶᠢᠴᠠᠭᠠᠵᠤ ᠵᠠᠰᠠᠨ ᠴᠡᠭᠴᠡᠯᠡᠪᠡ᠃ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠡᠷᠴᠢᠮᠲᠠᠢ ᠰᠢᠶᠳᠪᠦᠷᠢᠯᠡᠵᠦ᠂ 12515 ᠣᠯᠠᠨ ᠲᠦᠮᠡᠨ ᠢ ᠲᠦᠪᠡᠭᠳᠡᠭᠦᠯᠵᠦ ᠪᠠᠶᠢᠭ᠎ᠠ ᠦᠨᠡᠮᠯᠡᠯ ᠠᠪᠬᠤ ᠳᠤ ᠬᠦᠴᠢᠷᠲᠡᠶ᠂ ᠪᠤᠴᠠᠭᠠᠨ ᠨᠡᠭᠦᠯᠭᠡᠬᠦ ᠳᠤ ᠬᠦᠴᠢᠷᠲᠡᠶ ᠣᠷᠣᠨ ᠰᠠᠭᠤᠴᠠ ᠶᠢᠨ ᠠᠰᠠᠭᠤᠳᠠᠯ ᠢ ᠰᠢᠶᠳᠪᠦᠷᠢᠯᠡᠪᠡ᠃ ᠬᠥᠳᠡᠯᠮᠦᠷᠢ ᠶᠢᠨ ᠮᠠᠷᠭᠤᠯᠳᠤᠭᠠᠨ᠂ ᠡᠮᠴᠢᠯᠡᠭᠡᠨ ᠤ ᠵᠢᠭᠤᠷᠠᠯᠳᠤᠭᠠᠨ᠂ ᠣᠷᠤᠭ ᠭᠡᠷ ᠪᠦᠯᠢ ᠵᠡᠷᠭᠡ ᠬᠦᠷᠢᠶᠡᠨ ᠳᠠᠬᠢ ᠵᠢᠭᠤᠷᠠᠯᠳᠤᠭᠠᠨ ᠢ ᠡᠪᠯᠡᠷᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠱᠠᠲᠤᠨ ᠤ ᠠᠷᠠᠳ ᠤᠨ ᠡᠪᠯᠡᠷᠡᠭᠦᠯᠬᠦ ᠵᠣᠬᠢᠶᠠᠨ ᠪᠠᠶᠢᠭᠤᠯᠤᠯᠲᠠ ᠶᠢ ᠪᠦᠷᠢᠨ  ᠬᠠᠮᠤᠷᠤᠭᠤᠯᠪᠠ᠃ ᠪᠥᠬᠦ ᠣᠷᠣᠨ ᠳᠤ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠶ  ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢ ᠬᠠᠮᠤᠭ ᠲᠡᠷᠢᠭᠦᠨ ᠳᠤ ᠪᠠᠶᠢᠭᠤᠯᠪᠠ᠃ ᠴᠡᠷᠢᠭ ᠴᠠᠭᠳᠠᠭ᠎ᠠ ᠣᠷᠣᠨ ᠨᠤᠲᠤᠭ ᠤᠨ ᠬᠠᠮᠲᠤᠷᠠᠨ ᠰᠡᠷᠭᠡᠶᠢᠯᠡᠵᠦ ᠬᠤᠯᠪᠣᠭᠠᠯᠠᠨ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠠᠯ᠎ᠠ ᠨᠤᠲᠤᠭ ᠤᠨ ︽ᠳᠤᠭᠤᠶᠢᠯᠠᠩ︾ ᠵᠡᠷᠭᠡ ᠶᠢᠨ ᠥᠪᠡᠷ ᠤᠨ ᠬᠥᠭᠵᠢᠯᠲᠡ ᠶᠢ ᠳᠡᠮᠵᠢᠵᠦ᠂ ᠬᠢᠯᠢ ᠬᠢᠵᠠᠭᠠᠷ ᠣᠷᠣᠨ ᠳᠤ ᠬᠢᠯᠢ ᠬᠠᠮᠠᠭᠠᠯᠠᠯᠲᠠ ᠶᠢᠨ  99  ᠪᠠᠬᠢᠯᠡᠯᠲᠡ  ᠶᠢᠨ ᠡᠷᠦᠭᠡ ᠶᠢ ᠲᠥᠪᠬᠢᠨᠡᠭᠦᠯᠦᠨ ᠰᠠᠭᠤᠷᠢᠰᠢᠭᠤᠯᠪᠠ᠃ᠥᠩᠭᠡᠷᠡᠭᠰᠡᠨ ᠲᠠᠪᠤᠨ ᠵᠢᠯ ᠤᠨ ᠬᠤᠭᠤᠴᠠᠭᠠᠨ ᠳᠤ᠂ ᠪᠢᠳᠡ ᠡᠳ᠋ ᠤᠨ ᠵᠠᠰᠠᠭ ᠤᠨ ᠬᠦᠴᠦᠨ ᠢᠶᠠᠨ ᠲᠥᠪᠯᠡᠷᠡᠭᠦᠯᠦᠨ᠂ ᠣᠨᠢᠨ ᠳᠡᠭᠡᠷ᠎ᠡ ᠨᠢ ᠬᠦᠴᠦᠯᠡᠵᠦ᠂ ᠠᠷᠠᠳ ᠤᠨ ᠠᠮᠢᠳᠤᠷᠠᠯ ᠤᠨ ᠣᠯᠭᠤᠮᠵᠢ ᠶᠢ ᠲᠤᠤᠱᠲᠠᠢ ᠳᠡᠭᠡᠭᠰᠢᠯᠡᠭᠦᠯᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠡᠷᠴᠢᠮᠲᠡᠢ ᠰᠠᠶᠢᠵᠢᠷᠠᠭᠤᠯᠪᠠ᠃ ᠨᠡᠶᠢᠲᠡ 133.21 ᠳ᠋ᠦᠩᠰᠢᠭᠤᠷ ᠲᠥᠭᠦᠷᠢᠭ ᠢ ᠠᠷᠠᠳ ᠤᠨ ᠠᠮᠢᠳᠤᠷᠠᠯ ᠳᠤ  ᠵᠠᠷᠤᠴᠠᠭᠤᠯᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠳᠠᠯ ᠤᠨ 83.52 % ᠢ ᠡᠵᠡᠯᠡᠵᠦ ᠪᠠᠶᠢᠨ᠎ᠠ᠃ ᠠᠳᠠᠯ ᠦᠢᠯᠡᠰ ᠪᠣᠰᠬᠠᠬᠤ ᠠᠵᠢᠯ ᠣᠯᠭᠤᠯᠲᠠ ᠶᠢ ᠶᠡᠬᠡᠪᠡᠷ ᠳᠡᠮᠵᠢᠵᠦ᠂ 1.1 ᠳ᠋ᠦᠩᠰᠢᠭᠤᠷ ᠲᠥᠭᠦᠷᠢᠭ ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠵᠤ᠂ 3628 ᠬᠥᠮᠦᠨ ᠤ ᠠᠵᠢᠯ ᠣᠯᠭᠤᠯᠲᠠ ᠶᠢ ᠳᠠᠶᠢᠴᠢᠯᠠᠪᠠ᠃ ᠪᠦᠬᠦ ᠬᠤᠰᠢᠭᠤᠨ ᠳᠤ 10740 ᠬᠥᠮᠦᠨ ᠳᠤ ᠰᠢᠨ᠎ᠡ ᠪᠠᠷ ᠠᠵᠢᠯ ᠣᠯᠭᠤᠵᠤ᠂ 3593 ᠬᠥᠮᠦᠨ ᠳᠤ ᠳᠠᠬᠢᠨ ᠠᠵᠢᠯ ᠣᠯᠭᠤᠵᠤ᠂ 10795 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ  ᠶᠢ 3.5 % ᠶᠢᠨ ᠳᠣᠲᠣᠷ᠎ᠠ ᠬᠢᠵᠠᠭᠠᠷᠯᠠᠪᠠ᠃ 5 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ 38 ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠬᠤᠲᠠ ᠬᠥᠳᠡᠭᠡ ᠶᠢᠨ ᠣᠷᠣᠰᠢᠨ ᠰᠠᠭᠤᠭᠴᠢᠳ ᠤᠨ ᠳᠤᠮᠳᠠᠴᠢ ᠶᠢᠨ ᠨᠠᠰᠤᠵᠢᠯ ᠤᠨ ᠠᠰᠠᠷᠠᠮᠵᠢ ᠶᠢᠨ ᠬᠢᠷᠢ ᠲᠦᠪᠰᠢᠨ ᠪᠦᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠠᠵᠢᠯ ᠠᠴᠠ  ᠪᠠᠨ ᠳᠠᠷᠬᠠᠯᠠᠭᠳᠠᠭᠰᠠᠨ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ᠂ ᠬᠤᠲᠠ ᠬᠥᠳᠡᠭᠡ ᠶᠢᠨ ᠠᠮᠢᠳᠤᠷᠠᠯ  ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠬᠢᠯᠢ ᠶᠢᠨ ᠠᠷᠠᠳ ᠤᠨ ᠨᠥᠬᠦᠪᠥᠷᠢ᠂ ᠣᠨᠴᠠ ᠬᠦᠴᠢᠷᠳᠡᠯᠲᠡᠶ ᠬᠥᠮᠦᠰ ᠢ ᠲᠡᠳᠬᠦᠨ ᠲᠤᠰᠠᠯᠠᠬᠤ ᠪᠠᠷᠢᠮᠵᠢᠶ᠎ᠠ ᠶᠢ ᠤᠯᠠᠮ ᠳᠡᠭᠡᠭᠰᠢᠯᠡᠭᠦᠯᠵᠦ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95 % ᠠᠴᠠ ᠳᠡᠭᠡᠭᠰᠢ ᠳᠤ ᠬᠦᠷᠭᠡᠪᠡ᠃ ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠬᠥᠭᠵᠢᠭᠦᠯᠪᠡ᠃ 16.06 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠰᠤᠷᠭᠠᠭᠤᠯᠢ ᠡᠷᠬᠢᠯᠡᠬᠦ ᠨᠥᠬᠦᠴᠡᠯ ᠢ  ᠰᠠᠶᠢᠵᠢᠷᠠᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ ᠢ 81 % ᠪᠣᠯᠭᠠᠨ ᠳᠡᠭᠡᠭᠰᠢᠯᠡᠭᠦᠯᠪᠡ᠃ ᠦᠨᠳᠦᠰᠦᠲᠡᠨ ᠤ ᠰᠤᠷᠭᠠᠨ ᠬᠥᠮᠦᠵᠢᠯ᠂ ᠣᠨᠴᠠᠭᠠᠶ ᠰᠤᠷᠭᠠᠨ ᠬᠥᠮᠦᠵᠢᠯ ᠵᠡᠷᠭᠡ ᠡᠯ᠎ᠡ ᠱᠠᠲᠤᠨ ᠤ ᠲᠥᠷᠥᠯ ᠪᠦᠷᠢ ᠶᠢᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠪᠡ᠃ 7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ  ᠤ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠡᠮᠡᠭᠳᠡᠭᠡᠳ 146 ᠪᠣᠯᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠶᠢ ᠬᠤᠲᠠ ᠬᠥᠳᠡᠭᠡ ᠳᠤ ᠪᠦᠷᠢᠨ ᠬᠠᠮᠤᠷᠤᠭᠤᠯᠪᠠ᠃ ᠮᠠᠨ ᠤ ᠬᠤᠰᠢᠭᠤ ︽ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ︾ ᠤ ᠴᠣᠯᠠ ᠬᠦᠷᠲᠡᠪᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢᠯᠡᠳᠲᠡ ᠦᠷ᠎ᠡ ᠪᠦᠲᠦᠮᠵᠢ ᠣᠯᠵᠤ᠂ ᠪᠣᠳᠠᠰ ᠤᠨ ᠪᠤᠰᠤ ᠰᠣᠶᠣᠯ ᠤᠨ ᠥᠪ ᠪᠠ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢ ᠪᠦᠲᠦᠮᠵᠢᠲᠡᠢ ᠴᠢᠩᠭᠠᠳᠬᠠᠪᠠ᠃ ᠤᠳᠬ᠎ᠠ ᠤᠷᠠᠯᠢᠭ ᠤᠨ ᠪᠦᠲᠦᠭᠡᠯ ᠤᠨ ᠵᠣᠬᠢᠶᠠᠨ ᠪᠦᠲᠦᠭᠡᠯᠭᠡ ᠴᠡᠴᠡᠭᠯᠡᠨ ᠬᠥᠭᠵᠢᠵᠦ᠂ ︽ᠣᠶᠢᠷᠠᠳ ᠨᠤᠲᠤᠭ ᠤᠨ ᠮᠡᠨᠳᠦᠴᠢᠯᠡᠯ︾ ᠵᠡᠷᠭᠡ ᠤᠳᠬ᠎ᠠ ᠤᠷᠠᠯᠢᠭ ᠤᠨ ᠰᠣᠳᠣᠨ ᠪᠦᠲᠦᠭᠡᠯ ᠨᠢ ᠤᠯᠤᠰ ᠤᠨ 11 ᠱᠠᠩᠨᠠᠯ ᠭᠥᠷᠳᠡᠪᠡ᠃ ᠨᠡᠶᠢᠭᠡᠮ ᠤᠨ ᠶᠡᠷᠦᠩᠬᠡᠢ ᠪᠠᠶᠢᠳᠠᠯ ᠲᠣᠭᠲᠠᠪᠤᠷᠢᠲᠠᠢ ᠪᠠᠶᠢᠬᠤ ᠶᠢ ᠪᠠᠲᠤᠯᠠᠪᠠ᠃ ᠨᠠᠮ ᠤᠨ ᠦᠨᠳᠦᠰᠦᠲᠡᠨ ᠤ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 5160 ᠲᠦᠮᠡᠨ ᠲᠥᠭᠦᠷᠢᠭ ᠤᠨ ᠪᠡᠯᠡ ᠣᠷᠣᠭᠤᠯᠵᠤ᠂ 37 ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠪᠦᠬᠦ ᠣᠷᠣᠨ ᠤ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ  ᠵᠢᠱᠢᠶᠡᠴᠢ ᠬᠤᠰᠢᠭᠤ︾ ᠶᠢᠨ ᠴᠣᠯᠠ ᠬᠦᠷᠲᠡᠪᠡ᠃ ᠴᠡᠷᠢᠭ ᠠᠴᠠ ᠬᠠᠯᠠᠭᠳᠠᠭᠰᠠᠳ ᠢ ᠬᠠᠷᠠᠭᠠᠯᠵᠠᠬᠤ ᠲᠥᠷᠦ ᠶᠢᠨ ᠪᠣᠳᠣᠯᠭ᠎ᠠ ᠶᠢ ᠲᠤᠤᠱᠲᠠᠢ ᠨᠠᠶᠢᠳᠠᠪᠤᠷᠢᠵᠢᠭᠤᠯᠵᠤ᠂ 1125 ᠲᠦᠮᠡᠨ ᠲᠥᠭᠦᠷᠢᠭ ᠤᠨ ᠡᠯ᠎ᠡ ᠲᠥᠷᠥᠯ ᠤᠨ ᠬᠠᠷᠠᠭᠠᠯᠵᠠᠯ ᠤᠨ ᠮᠥᠩᠭᠦ  ᠲᠠᠷᠬᠠᠭᠠᠵᠤ᠂ 8 ᠤᠳᠠᠭ᠎ᠠ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠲᠡᠰ ᠤᠨ ︽ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ︾ ᠶᠢᠨ ᠴᠣᠯᠠ ᠬᠦᠷᠲᠡᠪᠡ᠃ᠥᠩᠭᠡᠷᠡᠭᠰᠡᠨ ᠲᠠᠪᠤᠨ ᠵᠢᠯ ᠤᠨ ᠬᠤᠭᠤᠴᠠᠭᠠᠨ ᠳᠤ᠂ ᠪᠢᠳᠡ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠵᠤ᠂ ᠬᠠᠤᠯᠢ  ᠪᠠᠷ ᠵᠠᠰᠠᠭᠯᠠᠬᠤ ᠶᠢ ᠪᠠᠷᠢᠮᠲᠠᠯᠠᠨ᠂ ᠵᠠᠰᠠᠭ  ᠤᠨ ᠣᠷᠳᠣᠨ ᠤ ᠦᠢᠯᠡᠳᠦᠯ ᠴᠢᠳᠠᠪᠤᠷᠢ ᠶᠢ ᠡᠷᠴᠢᠮᠲᠡᠢ ᠳᠡᠭᠡᠭᠰᠢᠯᠡᠭᠦᠯᠪᠡ ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠪᠠ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ  ᠢᠯᠵᠢᠷᠡᠯ ᠢ ᠡᠰᠡᠷᠭᠦᠴᠡᠬᠦ ᠲᠡᠮᠡᠴᠡᠯ ᠢ ᠲᠤᠤᠱᠲᠠᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠦ ᠶᠢᠨ ᠠᠭᠤᠷ ᠠᠮᠢᠰᠬᠤᠯ ᠢ ᠪᠤᠢ ᠪᠣᠯᠭᠠᠪᠠ᠃ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠪᠠᠷ ᠬᠦᠯᠢᠶᠡᠨ ᠠᠪᠴᠤ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ  ᠬᠦᠯᠢᠶᠠᠨ ᠠᠪᠤᠭᠰᠠᠨ ᠪᠠᠶᠢᠨ᠎ᠠ᠃ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠲᠠᠰᠤᠷᠠᠯᠲᠠ ᠦᠭᠡᠢ ᠰᠠᠶᠢᠵᠢᠷᠠᠬᠤ ᠶᠢ ᠲᠦᠯᠬᠢᠨ ᠠᠬᠢᠭᠤᠯᠪᠠ᠃ ︽ᠠᠷᠠᠯᠵᠢᠶ᠎ᠠ ᠬᠤᠳᠠᠯᠳᠤᠭ᠎ᠠ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷᠯᠢᠭ ᠬᠥᠭᠵᠢᠯᠲᠡ  ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ‍ᠤᠨ‌ᠭᠠᠶᠢᠯᠢ᠂ ᠭᠠᠵᠠᠷ ᠰᠢᠷᠣᠶ ᠬᠡᠷᠡᠭᠯᠡᠬᠦ᠂ ᠠᠵᠢᠯᠴᠢᠨ ᠬᠡᠷᠡᠭᠯᠡᠬᠦ ᠥᠪᠡᠷ ᠤᠨ ᠥᠷᠲᠡᠭ ᠢ ᠲᠠᠰᠤᠷᠠᠯᠲᠠ ᠥᠬᠡᠶ ᠪᠠᠭᠤᠷᠠᠭᠤᠯᠵᠤ᠂ 4.5 ᠳ᠋ᠦᠩᠰᠢᠭᠤᠷ ᠲᠥᠭᠦᠷᠢᠭ ᠤᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ᠂  ᠬᠠᠤᠯᠢ ᠪᠠᠷ ᠵᠠᠰᠠᠬᠤ ᠴᠢᠳᠠᠪᠤᠷᠢ  ᠪᠠᠨ ᠦᠷᠭᠦᠯᠵᠢᠯᠡᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢᠨ ᠴᠣᠯᠠ ᠬᠦᠷᠲᠡᠪᠡ᠃   ᠡᠭᠦᠨ ᠤ ᠵᠡᠷᠭᠡᠴᠡᠭᠡ᠂ ᠭᠠᠳᠠᠭᠠᠳᠤ ᠶᠠᠪᠤᠳᠠᠯ ᠬᠠᠷᠢᠶᠠᠲᠤ ᠢᠷᠭᠡᠳ ᠤᠨ ᠶᠠᠪᠤᠳᠠᠯ᠂ ᠦᠨᠳᠦᠰᠦᠲᠡᠨ ᠱᠠᠰᠢᠨ ᠰᠤᠷᠲᠠᠬᠤᠨ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠤᠯᠤᠰ ᠤᠨ ᠪᠠᠲᠤᠯᠠᠨ ᠬᠠᠮᠠᠭᠠᠯᠠᠬᠤ ᠠᠵᠢᠯ ᠤᠨ ᠳᠠᠶᠢᠴᠢᠯᠠᠯᠲᠠ᠂ ᠴᠠᠭ ᠠᠭᠤᠷ ᠵᠡᠷᠭᠡ ᠠᠵᠢᠯ ᠤᠯᠠᠮ ᠡᠷᠴᠢᠮᠵᠢᠵᠦ᠂ ᠠᠵᠢᠯᠴᠢᠨ  ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠶᠢᠨ ᠠᠵᠢᠯ ᠰᠢᠨ᠎ᠡ ᠠᠬᠢᠴᠠ ᠲᠠᠢ ᠪᠣᠯᠪᠠ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号