ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠬᠤᠲᠠ ᠶᠢᠨ ᠲᠣᠭᠤᠷᠢᠭ ᠲᠤ 9 ᠵᠤᠷᠪᠤᠰ ᠲᠡᠷᠭᠡ ᠵᠣᠭᠰᠤᠬᠤ ᠶᠢ ᠴᠠᠭᠠᠵᠠᠯᠠᠬᠤ ᠵᠠᠮ ᠤᠨ ᠬᠡᠰᠡᠭ ᠢ ᠰᠢᠨ᠎ᠡ ᠪᠠᠷ ᠨᠡᠮᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/3/11
ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠵᠤ᠂ ᠬᠤᠲᠠ ᠶᠢᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠵᠤ᠂ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠨ ᠪᠠᠭᠠᠰᠬᠠᠬᠤ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠬᠤᠲᠠ ᠶᠢᠨ ᠲᠣᠭᠤᠷᠢᠭ ᠲᠤ ᠰᠢᠨ᠎ᠡ ᠪᠠᠷ ᠨᠡᠮᠡᠭᠰᠡᠨ ᠲᠡᠷᠭᠡ ᠵᠣᠭᠰᠣᠭᠠᠬᠤ ᠶᠢ ᠴᠠᠭᠠᠵᠠᠯᠠᠬᠤ ᠵᠠᠮ ᠤᠨ ᠬᠡᠰᠡᠭ ᠨᠢ ᠳᠣᠤᠷᠠᠬᠢ ᠮᠡᠲᠦ ᠪᠠᠷ ᠨᠡᠶᠢᠲᠡᠯᠡᠶ᠎ᠡ 1. ᠰᠢᠨᠬᠤᠸᠠ ᠵᠡᠭᠦᠨ ᠵᠡᠭᠡᠯᠢ ᠶᠢᠨ ᠬᠡᠰᠡᠭ ᠵᠡᠭᠦᠨ ᠠᠴᠠ ᠰᠢᠨᠬᠤᠸᠠ ᠵᠡᠭᠦᠨ ᠵᠡᠭᠡᠯᠢ ᠪᠣᠯᠤᠨ ᠷᠦ ᠢ ᠵᠠᠮ ᠤᠨ ᠠᠭᠤᠯᠵᠠᠷ ᠠᠴᠠ ᠪᠠᠷᠠᠭᠤᠨᠰᠢ ᠰᠢᠨᠬᠤᠸᠠ ᠵᠡᠭᠡᠯᠢ ᠪᠣᠯᠤᠨ ᠡᠮᠦᠨ᠎ᠡ ᠶᠡᠭᠡ ᠵᠡᠭᠡᠯᠢ ᠶᠢᠨ ᠠᠭᠤᠯᠵᠠᠷ ᠲᠤ ᠬᠦᠷᠦᠨ᠎ᠡ︔
2. ᠰᠢᠨᠬᠤᠸᠠ ᠵᠡᠭᠡᠯᠢ ᠵᠡᠭᠦᠨ ᠠᠴᠠ ᠰᠢᠨᠬᠤᠸᠠ ᠵᠡᠭᠡᠯᠢ ᠪᠣᠯᠤᠨ ᠡᠮᠦᠨ᠎ᠡ ᠶᠡᠭᠡ ᠵᠡᠭᠡᠯᠢ ᠶᠢᠨ ᠠᠭᠤᠯᠵᠠᠷ ᠠᠴᠠ ᠪᠠᠷᠠᠭᠤᠨᠰᠢ ᠰᠢᠨᠬᠤᠸᠠ ᠵᠡᠭᠡᠯᠢ ᠪᠣᠯᠤᠨ ᠲᠩᠷᠢ ᠵᠠᠮ ᠤᠨ ᠠᠭᠤᠯᠵᠠᠷ ᠲᠤ ᠬᠦᠷᠦᠨ᠎ᠡ︔
3. ᠰᠢ ᠬᠤᠸᠠ ᠶᠤᠸᠠᠨ ᠵᠡᠭᠡᠯᠢ ᠵᠡᠭᠦᠨ ᠠᠴᠠ ᠰᠢᠨᠬᠤᠸᠠ ᠵᠡᠭᠡᠯᠢ ᠪᠣᠯᠤᠨ ᠲᠩᠷᠢ ᠵᠠᠮ ᠤᠨ ᠠᠭᠤᠯᠵᠠᠷ ᠠᠴᠠ ᠪᠠᠷᠠᠭᠤᠨᠰᠢ ᠰᠢ ᠬᠤᠸᠠ ᠶᠤᠸᠠᠨ ᠵᠡᠭᠡᠯᠢ ᠪᠣᠯᠤᠨ ᠵᠠᠰᠠᠭ ᠤᠨ ᠣᠷᠳᠣᠨ ᠤ ᠪᠠᠷᠠᠭᠤᠨ ᠵᠠᠮ ᠤᠨ ᠠᠭᠤᠯᠵᠠᠷ ᠲᠤ ᠬᠦᠷᠦᠨ᠎ᠡ︔
4. ᠴᠡᠴᠡᠷᠯᠢᠭ ᠤᠨ ᠵᠡᠭᠦᠨ ᠵᠠᠮ ᠡᠮᠦᠨ᠎ᠡ ᠠᠴᠠ ᠦᠭᠡᠯᠡᠳ ᠪᠠᠷᠠᠭᠤᠨ ᠵᠠᠮ ᠪᠣᠯᠤᠨ ᠴᠡᠴᠡᠷᠯᠢᠭ ᠤᠨ ᠵᠡᠭᠦᠨ ᠵᠠᠮ ᠤᠨ ᠠᠭᠤᠯᠵᠠᠷ ᠠᠴᠠ ᠤᠮᠠᠷᠠᠰᠢ ᠴᠡᠴᠡᠷᠯᠢᠭ ᠤᠨ ᠵᠡᠭᠦᠨ ᠵᠠᠮ ᠪᠣᠯᠤᠨ ᠬᠤᠶᠢᠲᠤ ᠲᠣᠭᠤᠷᠢᠯ ᠵᠠᠮ ᠤᠨ ᠠᠭᠤᠯᠵᠠᠷ ᠲᠤ ᠬᠦᠷᠦᠨ᠎ᠡ︔
5. ᠴᠡᠷᠢᠭ ᠢᠶᠠᠨ ᠬᠦᠷᠢᠶᠡᠯᠡᠬᠦ ᠵᠠᠮ ᠡᠮᠦᠨ᠎ᠡ ᠠᠴᠠ ᠵᠢᠷᠠᠲᠠᠢ ᠵᠡᠭᠦᠨ ᠵᠠᠮ ᠪᠣᠯᠤᠨ ᠴᠡᠷᠢᠭ ᠢᠶᠠᠨ ᠬᠦᠷᠢᠶᠡᠯᠡᠬᠦ ᠵᠠᠮ ᠤᠨ ᠠᠭᠤᠯᠵᠠᠷ ᠠᠴᠠ ᠬᠤᠶᠢᠰᠢ ᠴᠡᠷᠢᠭ ᠢᠶᠠᠨ ᠬᠦᠷᠢᠶᠡᠯᠡᠬᠦ ᠵᠠᠮ ᠪᠣᠯᠤᠨ ᠦᠭᠡᠯᠡᠳ ᠵᠡᠭᠦᠨ ᠵᠠᠮ ᠤᠨ ᠠᠭᠤᠯᠵᠠᠷ ᠲᠤ ᠬᠦᠷᠦᠨ᠎ᠡ︔
6. ᠴᠡᠩᠭᠡᠯ ᠵᠠᠮ ᠡᠮᠦᠨ᠎ᠡ ᠠᠴᠠ ᠬᠤᠨᠳᠣ ᠨᠠᠭᠤᠷ ᠪᠣᠯᠤᠨ ᠴᠡᠩᠭᠡᠯ ᠵᠠᠮ ᠤᠨ ᠠᠭᠤᠯᠵᠠᠷ ᠠᠴᠠ ᠬᠤᠶᠢᠰᠢ ᠮᠠᠨᠳᠤᠯ᠎ᠠ ᠵᠠᠮ ᠪᠣᠯᠤᠨ ᠴᠡᠩᠭᠡᠯ ᠵᠠᠮ ᠤᠨ ᠠᠭᠤᠯᠵᠠᠷ ᠲᠤ ᠬᠦᠷᠦᠨ᠎ᠡ︔
7. ᠬᠤᠨᠳᠣ ᠨᠠᠭᠤᠷ ᠤᠨ ᠵᠠᠮ ᠵᠡᠭᠦᠨ ᠠᠴᠠ ᠳᠡᠭᠦᠯᠢᠯ ᠵᠠᠮ ᠪᠣᠯᠤᠨ ᠬᠤᠨᠳᠣ ᠨᠠᠭᠤᠷ ᠤᠨ ᠵᠠᠮ ᠤᠨ ᠠᠭᠤᠯᠵᠠᠷ ᠠᠴᠠ ᠪᠠᠷᠠᠭᠤᠨᠰᠢ ᠬᠤᠨᠳᠣ ᠨᠠᠭᠤᠷ ᠤᠨ ᠵᠠᠮ ᠪᠣᠯᠤᠨ ᠠᠨᠳᠠ ᠵᠡᠭᠡᠯᠢ ᠶᠢᠨ ᠠᠭᠤᠯᠵᠠᠷ ᠲᠤ ᠬᠦᠷᠦᠨ᠎ᠡ︔
8. ᠰᠢᠤᠸᠠᠢ ᠹᠦ᠋ ᠵᠠᠮ ᠵᠡᠭᠦᠨ ᠠᠴᠠ ᠳᠡᠭᠦᠯᠢᠯ ᠵᠠᠮ ᠪᠣᠯᠤᠨ ᠰᠢᠤᠸᠠᠢ ᠹᠦ᠋ ᠵᠠᠮ ᠤᠨ ᠠᠭᠤᠯᠵᠠᠷ ᠠᠴᠠ ᠪᠠᠷᠠᠭᠤᠨᠰᠢ ᠪᠠᠶ ᠭᠦᠸᠧ ᠴᠢ ᠯᠢᠨ ᠬᠡᠤᠬᠡᠳ ᠤᠨ ᠴᠡᠴᠡᠷᠯᠢᠭ ᠤᠨ ᠡᠭᠦᠳᠡᠨ ᠳᠤ ᠬᠦᠷᠦᠨ᠎ᠡ︔
9. ᠪᠠᠳᠠᠶ ᠶᠢᠨ ᠵᠢᠷᠠᠨ ᠵᠠᠮ ᠵᠡᠭᠦᠨ ᠠᠴᠠ ᠨᠠᠨ ᠯᠢᠶᠠᠩ ᠵᠡᠭᠡᠯᠢ ᠪᠣᠯᠤᠨ ᠪᠠᠳᠠᠢ ᠶᠢᠨ ᠵᠢᠷᠠᠨ ᠵᠠᠮ ᠤᠨ ᠠᠭᠤᠯᠵᠠᠷ ᠠᠴᠠ ᠪᠠᠷᠠᠭᠤᠨᠰᠢ ᠪᠠᠨ ᠲᠩᠷᠢ ᠵᠠᠮ ᠪᠣᠯᠤᠨ ᠪᠠᠳᠠᠢ ᠶᠢᠨ ᠵᠢᠷᠠᠨ ᠵᠠᠮ ᠤᠨ ᠠᠭᠤᠯᠵᠠᠷ ︵ᠳᠠᠷᠤᠢ ᠲᠦᠸᠧ ᠵᠦᠩ ᠸᠠᠩ ᠤᠨ ᠲᠣᠨᠣᠯᠵᠢᠨ ᠵᠠᠮ ᠠᠴᠠ ᠬᠤᠩ ᠴᠢ ᠵᠣᠴᠢᠳ ᠤᠨ ᠪᠠᠭᠤᠳᠠᠯ ᠤᠨ ᠲᠣᠨᠣᠯᠵᠢᠨ ᠵᠠᠮ ᠳᠤ ᠬᠦᠷᠬᠦ︶ ᠬᠦᠷᠦᠨ᠎ᠡ︔
ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠵᠥᠷᠢᠴᠡᠭᠰᠡᠨ﹀ ᠢ ᠬᠡᠷᠡᠭᠵᠢᠭᠦᠯᠬᠦ ᠠᠷᠭ᠎ᠠ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠵᠦ᠂ ᠬᠠᠤᠯᠢ ᠠᠴᠠ ᠵᠥᠷᠢᠴᠡᠭᠰᠡᠨ ᠲᠡᠷᠭᠡ ᠬᠥᠰᠬᠡ ᠶᠢ ᠰᠢᠳᠬᠡᠨ ᠲᠣᠷᠭᠠᠵᠤ᠂ ᠥᠷᠭᠡᠨ ᠤᠯᠠᠨ ᠵᠢᠯᠣᠭᠤᠴᠢ ᠶᠢᠨ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠳᠡᠮᠳᠡᠭ ᠲᠠᠢ ᠲᠡᠷᠭᠡ ᠵᠣᠭᠰᠣᠬᠤ ᠭᠠᠵᠠᠷ ᠤᠨ ᠭᠠᠵᠠᠷ ᠵᠣᠭᠰᠣᠭᠠᠬᠤ ᠶᠢ ᠬᠦᠰᠡᠨ᠎ᠡ᠃ ᠲᠣᠰ ᠠᠯᠪᠠᠨ ᠵᠠᠷ ᠢ 2021 ᠣᠨ ᠤ 3 ᠳ᠋ᠤᠭᠠᠷ ᠰᠠᠷ᠎ᠠ ᠶᠢᠨ 19 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠣᠨᠴᠠᠭᠠᠶᠢᠯᠠᠨ ᠵᠠᠷᠯᠠᠪᠠ᠃             ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠲᠣᠪᠴᠢᠶ᠎ᠠ                            2021 ᠣᠨ ᠤ 3 ᠳ᠋ᠤᠭᠠᠷ ᠰᠠᠷ᠎ᠠ ᠶᠢᠨ 10 ᠤ ᠡᠳᠤᠷᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号