ᠠᠯᠠᠱᠠ ᠵᠡᠭᠦᠨ ᠬᠤᠰᠢᠭᠤᠨ ᠤ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠬᠤ ᠲᠤᠬᠠᠶ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/4/1
ᠠᠯᠠᠱᠠ ᠵᠡᠭᠦᠨ ᠬᠤᠰᠢᠭᠤᠨ ᠤ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠬᠤ ᠲᠤᠬᠠᠶ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ    ᠠᠯᠠᠱᠠ ᠵᠡᠭᠦᠨ ᠵᠠᠰᠠᠭ ᠤᠨ ᠠᠯᠪᠠᠨ ᠭᠡᠷ ᠲᠠᠷᠬᠠᠭᠠᠭᠰᠠᠨ 〔2020〕98 ᠳ᠋ᠤᠭᠠᠷ ᠲᠣᠭᠠᠲᠤ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄          ᠳᠤᠮᠳᠠ ᠪᠠᠭ᠎ᠠ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢ ᠦᠨᠡᠨᠬᠦ ᠴᠢᠩᠭᠠᠳᠬᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠯᠠᠱᠠ ᠠᠶᠢᠮᠠᠭ ᠤᠨ ᠨᠠᠮ ᠤᠨ ᠬᠤᠷᠢᠶ᠎ᠠ ᠵᠢᠴᠢ ᠵᠠᠬᠢᠷᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠠᠯᠠᠱᠠ ᠵᠡᠭᠦᠨ ᠬᠤᠰᠢᠭᠤᠨ ᠤ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠤᠰᠬᠠᠶ ᠠᠵᠢᠯ ᠤᠨ ᠳᠤᠭᠤᠶᠢᠯᠠᠩ ︵ᠳᠣᠷᠣᠭᠰᠢ ᠠᠵᠢᠯ ᠤᠨ ᠳᠤᠭᠤᠶᠢᠯᠠᠩ ᠭᠡᠵᠦ ᠲᠣᠪᠴᠢᠯᠠᠨ᠎ᠠ︶᠎ ᠢ ᠪᠠᠶᠢᠭᠤᠯᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄          ᠨᠢᠭᠡ᠂ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ          ᠳᠤᠭᠤᠶᠢᠯᠠᠩ ᠤᠨ ᠳᠠᠷᠤᠭ᠎ᠠ᠄          ᠴᠧᠨ ᠱᠣᠤ ᠶᠦᠨ    ᠬᠤᠰᠢᠭᠤᠨ ᠤ ᠳᠡᠳ᠋ ᠬᠤᠰᠢᠭᠤᠨ ᠳᠠᠷᠤᠭ᠎ᠠ          ᠪᠦᠷᠢᠯᠳᠦᠬᠦᠨ᠄          ᠯᠢ ᠪᠢᠩ    ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠠᠷᠤᠭ᠎ᠠ          ᠸᠠᠩ ᠰᠢᠩ ᠮᠧᠶ    ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ          ᠲᠢᠶᠠᠨ ᠴᠢᠩ ᠱᠠᠨ    ᠬᠤᠰᠢᠭᠤᠨ ᠤ ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ          ᠵᠧᠤ ᠶᠦᠩ ᠮᠢᠩ    ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ          ᠬᠠᠰᠪᠠᠭᠠᠲᠤᠷ    ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ          ᠯᠢ ᠬᠠᠶ ᠹᠤᠩ    ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠᠨ ᠤ ᠲᠣᠪᠴᠢᠶᠠᠨ ᠤ ᠳᠡᠳ᠋ ᠳᠠᠷᠤᠭ᠎ᠠ          ᠵᠠᠩ ᠶᠦᠩ ᠷᠧᠨ    ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ          ᠸᠠᠩ ᡁᠢ ᠷᠦ᠋    ᠠᠮᠢ ᠠᠬᠤᠶ ᠶᠢᠨ ᠣᠷᠴᠢᠨ ᠲᠣᠭᠤᠷᠢᠨ ᠤ ᠠᠯᠠᠱᠠ ᠵᠡᠭᠦᠨ ᠬᠤᠰᠢᠭᠤᠨ ᠤ ᠬᠤᠪᠢᠶᠠᠷᠢ ᠲᠤᠪᠴᠢᠶᠠᠨ ᠤ ᠳᠠᠷᠤᠭ᠎ᠠ          ᠼᠤᠤ ᠮᠢᠩ ᠬᠠᠶ    ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ        ᠪᠠᠲᠤᠵᠢᠷᠭᠠᠯ    ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠳᠡᠳ᠋ ᠳᠠᠷᠤᠭ᠎ᠠ        ᠮᠠ ᠭᠦᠸᠧ ᠹᠧᠩ     ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶᠠᠨ ᠤ ᠳᠠᠷᠤᠭ᠎ᠠ        ᠸᠠᠩ ᠬᠤᠩ ᠳ᠋ᠧ     ᠬᠤᠰᠢᠭᠤᠨ ᠤ ᠤᠰᠤᠨ ᠤ ᠶᠠᠪᠤᠳᠠᠯ ᠤᠨ ᠲᠤᠪᠴᠢᠶᠠᠨ ᠤ ᠳᠠᠷᠤᠭ᠎ᠠ        ᠸᠠᠩ ᠵᠢᠶᠦ᠋ᠨ ᠴᠢ     ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ        ᠯᠢ ᠴᠧᠩ ᠭᠤᠸᠠᠩ     ᠬᠤᠰᠢᠭᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠤ ᠳᠡᠳ᠋ ᠳᠠᠷᠤᠭ᠎ᠠ        ᠯᠢᠦ ᠵᠠᠨ ᠵᠢᠶᠦ᠋ᠨ     ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ        ᠯᠢ ᠬᠠᠶ ᠷᠦᠢ     ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ        ᠯᠢᠦ ᠵᠢᠶᠦ᠋ᠨ     ᠬᠤᠰᠢᠭᠤᠨ ᠤ ᠮᠥᠩᠭᠦᠨ ᠭᠦᠢᠯᠭᠡᠭᠡᠨ ᠤ ᠲᠥᠪ ᠤᠨ ᠡᠷᠬᠢᠯᠡᠭᠴᠢ        ᠬᠤ ᠶᠠᠨ ᠹᠧᠨ     ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠤᠭᠠᠨ ᠤ ᠲᠡᠷᠢᠭᠦᠯᠡᠭᠴᠢ        ᠸᠧᠶ ᠬᠤᠩ ᠭᠤᠸᠠᠩ     ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠤᠪᠴᠢᠶᠠᠨ ᠤ ᠳᠠᠷᠤᠭ᠎ᠠ      ᠠᠵᠢᠯᠯᠠᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠯᠢ ᠪᠢᠩ ᠨᠥᠬᠦᠷ ᠬᠠᠪᠰᠤᠷᠭᠠᠨ ᠬᠠᠷᠢᠭᠤᠴᠠᠨ᠎ᠠ᠃ ᠠᠵᠢᠯᠯᠠᠬᠤ ᠳᠤᠭᠤᠶᠢᠯᠠᠩ ᠵᠢᠴᠢ ᠠᠵᠢᠯᠯᠠᠬᠤ ᠳᠤᠭᠤᠶᠢᠯᠠᠩ ᠤᠨ ᠠᠯᠪᠠᠨ ᠬᠡᠷ ᠲᠤ ᠲᠠᠮᠠᠭ᠎ᠠ ᠰᠡᠶᠢᠯᠬᠦ ᠥᠬᠡᠶ᠂ ᠠᠵᠢᠯ ᠤᠨ ᠬᠡᠷᠡᠭᠴᠡᠭᠡ ᠠᠴᠠ ᠪᠣᠯᠵᠣ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠲᠠᠮᠠᠭ᠎ᠠ ᠣᠷᠣᠯᠠᠨ ᠲᠠᠮᠠᠭᠠᠯᠠᠨ᠎ᠠ᠃ ᠠᠵᠢᠯ ᠤᠨ ᠳᠤᠭᠤᠶᠢᠯᠠᠩ ᠤᠨ ᠪᠦᠷᠢᠯᠳᠦᠬᠦᠨ ᠨᠢ ᠠᠵᠢᠯ ᠤᠨ ᠬᠤᠪᠢᠷᠠᠯᠲᠠ ᠵᠡᠷᠭᠡ ᠠᠴᠠ ᠪᠣᠯᠵᠣ ᠲᠣᠬᠢᠷᠠᠭᠤᠯᠤᠯᠲᠠ ᠬᠢᠬᠦ ᠴᠢᠬᠤᠯᠠᠲᠠᠶ ᠪᠠᠶᠢᠪᠠᠯ᠂ ᠪᠠᠶᠢᠭ᠎ᠠ ᠨᠢᠭᠡᠴᠡ ᠨᠢ ᠠᠯᠪᠠᠨ ᠬᠡᠷ ᠲᠤ ᠳᠤᠷᠠᠳᠤᠨ ᠭᠠᠷᠭᠠᠵᠤ᠂ ᠬᠠᠮᠢᠶ᠎ᠠ ᠪᠥᠬᠦᠶ ᠠᠵᠢᠯ ᠤᠨ ᠡᠭᠦᠷᠭᠡ ᠳᠠᠭᠤᠰᠤᠭᠰᠠᠨ ᠤ ᠳᠠᠷᠠᠭ᠎ᠠ ᠠᠵᠢᠯ ᠤᠨ ᠳᠤᠭᠤᠶᠢᠯᠠᠩ ᠨᠢ ᠥᠪᠡᠷ ᠢᠶᠠᠨ ᠬᠦᠴᠦᠨ ᠥᠬᠡᠶ ᠪᠣᠯᠭᠠᠨ᠎ᠠ᠂ ᠠᠰ ᠲᠤᠨᠢ ᠪᠢᠴᠢᠭ ᠮᠠᠲ᠋ᠧᠷᠢᠶᠠᠯ ᠶᠠᠪᠤᠭᠤᠯᠬᠤ ᠥᠬᠡᠶ᠃        ᠬᠤᠶᠠᠷ᠂ ᠭᠤᠣᠯ ᠡᠭᠦᠷᠭᠡ ᠬᠠᠷᠢᠭᠤᠴᠠᠯᠭ᠎ᠠ        ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠯᠠᠱᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠠᠯᠠᠱᠠ ᠵᠡᠭᠦᠨ ᠬᠤᠰᠢᠭᠤᠨ ᠤ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢ ᠨᠢᠭᠡᠳᠦᠯᠲᠡᠶ ᠲᠥᠯᠥᠪᠯᠡᠨ ᠵᠢᠯᠣᠭᠤᠳᠬᠤ ᠪᠠ ᠰᠢᠪᠠᠳᠠᠨ ᠠᠬᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯᠡᠰ ᠢ ᠪᠡᠶᠡᠯᠡᠭᠦᠯᠦᠨ᠎ᠡ᠃        ᠭᠤᠷᠪᠠ᠂ ᠠᠵᠢᠯ ᠤᠨ ᠲᠣᠭᠲᠠᠴᠠ        ︵ᠨᠢᠭᠡ︶ ᠠᠵᠢᠯᠯᠠᠬᠤ ᠳᠤᠭᠤᠶᠢᠯᠠᠩ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ ᠂ ᠬᠤᠷᠠᠯ ᠢ ᠳᠤᠭᠤᠶᠢᠯᠠᠩ ᠤᠨ ᠳᠠᠷᠤᠭ᠎ᠠ ᠠᠴᠠ ᠡᠷᠭᠢᠯᠡᠬᠦ ᠪᠤᠶᠤ ᠪᠦᠷᠢᠯᠳᠦᠬᠦᠨ ᠨᠢᠭᠡᠴᠡ ᠳᠤ ᠨᠠᠶᠢᠳᠠᠵᠤ ᠡᠷᠭᠢᠯᠡᠭᠦᠯᠦᠨ᠎ᠡ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠤᠯᠪᠣᠭᠳᠠᠯ ᠪᠦᠬᠦᠢ ᠠᠵᠢᠯ ᠢ ᠰᠤᠳᠤᠯᠬᠤ ᠦᠶ᠎ᠡ ᠳᠤ᠂ ᠬᠡᠰᠡᠭ ᠪᠦᠷᠢᠯᠳᠦᠬᠦᠨ ᠨᠢᠭᠡᠴᠡ ᠶᠢᠨ ᠬᠤᠷᠠᠯ ᠢ ᠲᠦᠷ ᠴᠠᠭ ᠬᠤᠷᠠᠯᠳᠤᠭᠤᠯᠵᠤ ᠪᠣᠯᠤᠨ᠎ᠠ᠂ ᠪᠤᠰᠤᠳ ᠰᠠᠯᠠᠭ᠎ᠠ ᠮᠥᠴᠢᠷ ᠢ ᠤᠷᠢᠵᠤ ᠬᠤᠷᠠᠯ ᠳᠤ ᠣᠷᠣᠯᠴᠠᠭᠤᠯᠤᠭᠰᠠᠨ ᠴᠤ ᠪᠣᠯᠤᠨ᠎ᠠ᠃        ︵ᠬᠤᠶᠠᠷ︶ ᠠᠵᠢᠯᠯᠠᠬᠤ ᠳᠤᠭᠤᠶᠢᠯᠠᠩ ᠤᠨ ᠵᠥᠪᠯᠡᠨ ᠲᠣᠭᠲᠠᠭᠠᠭᠰᠠᠨ ᠵᠦᠢᠯᠡᠰ ᠢ ᠠᠵᠢᠯᠯᠠᠬᠤ ᠳᠤᠭᠤᠶᠢᠯᠠᠩ ᠤᠨ ᠨᠡᠷ᠎ᠡ ᠪᠠᠷ ᠬᠤᠷᠠᠯ ᠤᠨ ᠲᠣᠪᠴᠢ ᠲᠡᠮᠳᠡᠭᠯᠡᠯ ᠢ ᠳᠠᠷᠤᠮᠠᠯᠯᠠᠨ ᠲᠠᠷᠬᠠᠭᠠᠵᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ ᠃ ᠠᠵᠢᠯᠯᠠᠬᠤ ᠳᠤᠭᠤᠶᠢᠯᠠᠩ ᠤᠨ ᠠᠯᠪᠠᠨ ᠬᠡᠷ ᠨᠢ ᠵᠥᠪᠯᠡᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠬᠠᠮᠢᠶ᠎ᠠ ᠪᠥᠬᠦᠶ ᠠᠵᠢᠯ ᠢ ᠲᠦᠷᠭᠡᠳᠬᠡᠨ ᠠᠬᠢᠭᠤᠯᠤᠨ᠎ᠠ᠃        ︵ᠭᠤᠷᠪᠠ︶ ᠡᠯ᠎ᠡ ᠪᠦᠷᠢᠯᠳᠦᠬᠦᠨ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠠᠵᠢᠯᠯᠠᠬᠤ ᠳᠤᠭᠤᠶᠢᠯᠠᠩ ᠤᠨ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ᠂ ᠨᠡᠪᠲᠡᠷᠡᠯᠴᠡᠨ ᠬᠠᠷᠢᠯᠴᠠᠬᠤ ᠪᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠨ᠂ ᠠᠵᠢᠯ ᠤᠨ ᠨᠡᠶᠢᠯᠡᠯ ᠬᠦᠴᠦᠨ ᠢ ᠪᠤᠢ ᠪᠣᠯᠭᠠᠨ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠤᠳᠤᠯᠵᠤ᠂ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠪᠠ ᠰᠠᠨᠠᠭᠤᠯᠭ᠎ᠠ ᠳᠤᠷᠠᠳᠴᠤ᠂ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠢ ᠮᠠᠲ᠋ᠧᠷᠢᠶᠠᠯ ᠢᠶᠠᠨ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠶᠢᠨ ᠬᠠᠮᠲᠤ ᠲᠤᠰᠢᠶᠠᠨ ᠰᠢᠢᠳᠪᠦᠷᠢᠯᠡᠭᠦᠯᠬᠦ ᠪᠤᠰᠤᠳ ᠠᠵᠢᠯ ᠢ ᠪᠡᠶᠡᠯᠡᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃                                      2020 ᠣᠨ ᠤ 12 ᠳ᠋ᠤᠭᠠᠷ ᠰᠠᠷ᠎ᠠ ᠶᠢᠨ 10᠎ ᠤ ᠡᠳᠦᠷ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号