ᠠᠯᠪᠠᠨ ᠳᠤ ᠬᠡᠷᠡᠭᠯᠡᠬᠦ ᠲᠡᠷᠭᠡ ᠶᠢ ᠳᠣᠭᠢᠷᠠᠭᠤᠯᠤᠨ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠤᠯᠠᠮ ᠵᠢᠷᠤᠮᠵᠢᠭᠤᠯᠬᠤ ᠲᠤᠬᠠᠶ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/4/19
ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠳᠣᠭᠢᠷᠠᠭᠤᠯᠤᠨ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠤᠯᠠᠮ ᠵᠢᠷᠤᠮᠵᠢᠭᠤᠯᠬᠤ ᠲᠤᠬᠠᠶ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ ᠠᠯᠠᠱᠠ ᠵᠡᠭᠦᠨ ᠵᠠᠰᠠᠭ ᠠᠯᠪᠠᠨ ᠲᠠᠷᠬᠠᠭᠠᠭᠰᠠᠨ ﹇2021﹈ 3 ᠳ᠋ᠤᠭᠠᠷ ᠲᠣᠭᠠᠲᠤ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠠᠯᠪᠠᠨ ᠬᠡᠷ᠂ ᠡᠯ᠎ᠡ ᠠᠷᠠᠳ ᠤᠨ ᠪᠦᠯᠬᠦᠮ ᠪᠠ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠡ᠂ ᠪᠠᠶᠠᠨᠮᠤᠳᠤᠤ ᠲᠠᠷᠢᠶᠠᠯᠠᠩ ᠤᠨ ᠲᠠᠯᠠᠪᠠᠶ᠂ ᠦᠯᠵᠡᠢ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠳᠤ᠄ ᠨᠢᠭᠡ᠂ ᠪᠥᠬᠦ ᠬᠤᠰᠢᠭᠤᠨ ᠤ ᠡᠯ᠎ᠡ ᠨᠢᠭᠡᠴᠡ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠪᠠᠨ ᠰᠢᠨᠡᠳᠬᠡᠬᠦ᠂ ᠬᠡᠷᠡᠭᠯᠡᠭᠡᠨ ᠠᠴᠠ ᠭᠠᠷᠭᠠᠵᠤ ᠰᠢᠢᠳᠪᠦᠷᠢᠯᠡᠬᠦ ᠳᠡᠭᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾᠎ ᠶᠢᠨ ᠬᠠᠮᠢᠶ᠎ᠠ ᠪᠥᠬᠦᠶ ᠪᠠᠷᠢᠮᠵᠢᠶ᠎ᠠ ᠪᠠ ᠱᠠᠭᠠᠷᠳᠠᠯᠭ᠎ᠠ ᠳᠤ ᠴᠢᠩᠭ᠎ᠠ ᠬᠦᠷᠴᠦ᠂ ᠬᠤᠰᠢᠭᠤᠨ ᠵᠠᠰᠠᠭ ᠤᠨ ᠣᠷᠳᠣᠨ ᠳᠤ ᠰᠢᠨ᠎ᠡ ᠪᠠᠷ ᠨᠡᠮᠡᠬᠦ᠂ ᠵᠠᠰᠠᠨ ᠰᠢᠨᠡᠳᠬᠡᠬᠦ᠂ ᠰᠢᠯᠵᠢᠭᠦᠯᠦᠨ ᠥᠭᠬᠦ᠂ ᠬᠠᠨᠳᠢᠪᠯᠠᠬᠤ᠂ ᠬᠡᠷᠡᠭᠯᠡᠭᠡᠨ ᠠᠴᠠ ᠭᠠᠷᠭᠠᠵᠤ ᠰᠢᠢᠳᠪᠦᠷᠢᠯᠡᠬᠦ ᠵᠡᠷᠭᠡ ᠭᠠᠷ ᠭᠦᠢᠴᠡᠳᠬᠡᠯ ᠢ ᠭᠤᠶᠤᠴᠢᠯᠠᠨ ᠭᠦᠢᠴᠡᠳᠬᠡᠨ᠎ᠡ᠃ ᠬᠤᠶᠠᠷ᠂ ᠪᠥᠬᠦ ᠬᠤᠰᠢᠭᠤᠨ ᠤ ᠡᠯ᠎ᠡ ᠨᠢᠭᠡᠴᠡ ᠶᠢᠨ ᠰᠢᠨ᠎ᠡ ᠪᠠᠷ ᠨᠡᠮᠡᠭᠰᠡᠨ᠂ ᠵᠠᠰᠠᠨ ᠰᠢᠨᠡᠳᠬᠡᠭᠰᠡᠨ᠂ ᠳᠡᠭᠡᠳᠦ ᠱᠠᠲᠤᠨ ᠠᠴᠠ ᠰᠢᠯᠵᠢᠭᠦᠯᠦᠨ ᠥᠭᠭᠦᠭᠰᠡᠨ ᠵᠢᠴᠢ ᠪᠡᠯᠡᠭᠯᠡᠨ ᠬᠦᠷᠭᠡᠭᠰᠡᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠬᠤᠯᠪᠣᠭᠳᠠᠯ ᠪᠥᠬᠦᠶ ᠪᠠᠷᠢᠮᠵᠢᠶ᠎ᠠ ᠪᠠ ᠱᠠᠭᠠᠷᠳᠠᠯᠭ᠎ᠠ ᠶᠣᠰᠣᠭᠠᠷ ᠬᠤᠰᠢᠭᠤᠨ ᠵᠠᠰᠠᠭ ᠤᠨ ᠣᠷᠳᠣᠨ ᠳᠤ ᠮᠡᠳᠡᠭᠦᠯᠵᠦ᠂ ᠬᠤᠰᠢᠭᠤᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠠᠷ ᠴᠤᠬᠤᠯᠠᠪᠤᠷᠢᠯᠠᠭᠤᠯᠤᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠡᠷᠭᠡ ᠬᠡᠷᠡᠭᠯᠡᠬᠦ ᠨᠢᠭᠡᠴᠡ ᠠᠴᠠ ᠠᠯᠠᠱᠠ ᠵᠡᠭᠦᠨ ᠬᠤᠰᠢᠭᠤᠨ ᠤ ᠨᠠᠮ ᠵᠠᠰᠠᠭ ᠤᠨ ᠪᠠᠶᠢᠭᠤᠯᠤᠯᠭ᠎ᠠ ᠠᠵᠢᠯ ᠦᠶ᠋ᠯᠡᠰ ᠤᠨ ᠨᠢᠭᠡᠴᠡ ᠶᠢᠨ ᠰᠢᠨ᠎ᠡ ᠪᠠᠷ ᠨᠡᠮᠡᠭᠰᠡᠨ ︵ᠰᠢᠨᠡᠳᠬᠡᠭᠰᠡᠨ︶ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠬᠢᠨᠠᠨ ᠵᠥᠪᠰᠢᠶᠡᠷᠡᠵᠦ ᠳᠡᠩᠰᠡᠯᠡᠨ ᠲᠡᠮᠳᠡᠭᠯᠡᠬᠦ ᠬᠦᠰᠦᠨᠦᠭᠲᠦ ︵ᠳᠠᠭᠠᠯᠳᠤᠭᠤᠯᠤᠯ 1︶᠎ ᠶᠢ ᠲᠠᠭᠯᠠᠬᠤ ᠶᠢᠨ ᠬᠠᠮᠲᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠲᠡᠷᠭᠡ ᠬᠥᠰᠬᠡ ᠬᠤᠳᠠᠯᠳᠤᠨ ᠠᠪᠤᠨ᠎ᠠ᠃ ᠭᠤᠷᠪᠠ᠂ ᠪᠥᠬᠦ ᠬᠤᠰᠢᠭᠤᠨ ᠤ ᠡᠯ᠎ᠡ ᠨᠢᠭᠡᠴᠡ ᠮᠠᠰᠢᠨ ᠲᠡᠷᠭᠡ ᠬᠤᠳᠠᠯᠳᠤᠨ ᠠᠪᠤᠭᠰᠠᠨ ᠤ ᠳᠠᠷᠠᠭ᠎ᠠ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ ᠠᠵᠢᠯ ᠤᠨ ᠠᠯᠪᠠᠨ ᠬᠡᠷ ᠤᠨ ᠴᠣᠬᠤᠯᠠᠪᠤᠷᠢ ᠪᠢᠴᠢᠭ ᠮᠠᠲ᠋ᠧᠷᠢᠶᠠᠯ᠂ ᠮᠠᠰᠢᠨ ᠲᠡᠷᠭᠡ ᠬᠤᠳᠠᠯᠳᠤᠨ ᠠᠪᠤᠭᠰᠠᠨ ᠪᠠᠷᠢᠮᠲᠠ ᠶᠢᠨ ᠬᠠᠭᠤᠯᠪᠤᠷᠢ᠂ ᠮᠡᠷᠭᠡᠵᠢᠯ ᠤᠨ ᠪᠣᠯᠵᠣᠯᠲᠤ ᠲᠤᠭ᠎ᠠ ᠶᠢᠨ ᠬᠦᠰᠦᠨᠦᠭᠲᠦ ᠶᠢᠨ ᠬᠢᠷᠢ ᠲᠡᠩᠴᠡᠭᠰᠡᠨ ᠦᠨᠡᠮᠯᠡᠯ ᠤᠨ ᠬᠠᠭᠤᠯᠪᠤᠷᠢ᠂ ᠠᠯᠠᠱᠠ ᠵᠡᠭᠦᠨ ᠬᠤᠰᠢᠭᠤᠨ ᠤ ᠨᠠᠮ ᠵᠠᠰᠠᠭ ᠤᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠢ ᠶᠢᠨ ᠰᠢᠨ᠎ᠡ ᠪᠠᠷ ᠨᠡᠮᠡᠭᠰᠡᠨ ︵ᠰᠢᠨᠡᠳᠬᠡᠭᠰᠡᠨ︶ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠬᠢᠨᠠᠨ ᠵᠥᠪᠰᠢᠶᠡᠷᠡᠵᠦ ᠳᠠᠩᠰᠠᠯᠠᠬᠤ ᠬᠦᠰᠦᠨᠦᠭ ︵ᠣᠭ ᠮᠠᠲ᠋ᠧᠷᠢᠶᠠᠯ︶᠎ ᠢ ᠠᠪᠴᠤ ᠬᠤᠰᠢᠭᠤᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ ᠠᠯᠪᠠᠨ ᠬᠡᠷ ᠲᠤ ᠬᠦᠷᠴᠦ ᠡᠷᠦᠬᠡ ᠳᠤ ᠣᠷᠣᠬᠤ ᠮᠡᠳᠡᠭᠳᠡᠯ ᠤᠨ ᠬᠠᠭᠤᠳᠠᠰᠤ ᠶᠢ ᠭᠦᠢᠴᠡᠳᠬᠡᠨ᠎ᠡ᠃ ᠳᠥᠷᠪᠡ᠂ ᠪᠥᠬᠦ ᠬᠤᠰᠢᠭᠤᠨ ᠤ ᠡᠯ᠎ᠡ ᠨᠢᠭᠡᠴᠡ ᠶᠢᠨ ᠰᠢᠨ᠎ᠡ ᠪᠠᠷ ᠨᠡᠮᠡᠬᠦ᠂ ᠰᠢᠨᠡᠳᠬᠡᠬᠦ᠂ ᠳᠡᠭᠡᠳᠦ ᠱᠠᠲᠤᠨ ᠠᠴᠠ ᠰᠢᠯᠵᠢᠭᠦᠯᠦᠨ ᠲᠣᠬᠢᠷᠠᠭᠤᠯᠬᠤ᠂ ᠬᠠᠨᠳᠢᠪᠯᠠᠬᠤ ᠳᠤ ︽ᠠᠯᠪᠠᠨ ᠶᠠᠪᠤᠳᠠᠯ ᠳᠤ ᠬᠡᠷᠡᠭᠯᠡᠬᠦ ᠲᠡᠷᠭᠡ︾ ᠪᠤᠶᠤ ᠲᠤᠰᠬᠠᠶ ᠲᠡᠮᠳᠡᠭ ᠢ ᠰᠦᠷᠴᠢᠭᠰᠡᠨ ᠤ ᠳᠠᠷᠠᠭ᠎ᠠ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠡᠷᠦᠬᠡ ᠳᠤ ᠣᠷᠣᠭᠤᠯᠬᠤ ᠭᠠᠷ ᠭᠦᠢᠴᠡᠳᠬᠡᠯ ᠢ ᠭᠦᠢᠴᠡᠳᠬᠡᠬᠦ ᠶᠢᠨ ᠬᠠᠮᠲᠤ 15 ᠠᠵᠢᠯᠯᠠᠬᠤ ᠡᠳᠦᠷ ᠤᠨ ᠳᠣᠲᠣᠷ᠎ᠠ ᠬᠤᠰᠢᠭᠤᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠲᠡᠷᠭᠡ ᠶᠠᠪᠤᠭᠤᠯᠬᠤ ᠦᠨᠡᠮᠯᠡᠯ ᠤᠨ ᠬᠠᠭᠤᠯᠪᠤᠷᠢ ᠶᠢ ᠮᠡᠳᠡᠭᠦᠯᠦᠨ ᠬᠦᠷᠭᠡᠵᠦ᠂ ᠰᠢᠨ᠎ᠡ ᠪᠠᠷ ᠨᠡᠮᠡᠭᠰᠡᠨ᠂ ᠰᠢᠨᠡᠳᠬᠡᠭᠰᠡᠨ ᠵᠡᠷᠭᠡ ᠲᠡᠷᠭᠡ ᠬᠥᠰᠬᠡ ᠶᠢᠨ ᠮᠡᠳᠡᠭᠡ ᠵᠠᠩᠭᠢ ᠶᠢ ᠲᠡᠮᠳᠡᠭᠯᠡᠵᠦ ᠣᠷᠣᠭᠤᠯᠤᠨ᠎ᠠ᠃ ᠲᠠᠪᠤ᠂ ᠪᠥᠬᠦ ᠬᠤᠰᠢᠭᠤᠨ ᠤ ᠡᠯ᠎ᠡ ᠨᠢᠭᠡᠴᠡ ᠶᠢᠨ ᠬᠡᠷᠡᠭᠯᠡᠭᠡᠨ ᠠᠴᠠ ᠭᠠᠷᠭᠠᠵᠤ ᠰᠢᠢᠳᠪᠦᠷᠢᠯᠡᠬᠦ ᠲᠡᠷᠭᠡ ᠬᠥᠰᠬᠡ ᠶᠢ ᠡᠷᠬᠡᠪᠰᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾᠎ ᠶᠢᠨ ᠲᠣᠭᠲᠠᠭᠠᠯ ᠪᠠ ᠱᠠᠭᠠᠷᠳᠠᠯᠭ᠎ᠠ ᠶᠣᠰᠣᠭᠠᠷ᠂ ᠬᠤᠰᠢᠭᠤᠨ ᠵᠠᠰᠠᠭ ᠤᠨ ᠣᠷᠳᠣᠨ ᠳᠤ ᠮᠡᠳᠡᠭᠦᠯᠵᠦ ᠬᠡᠷᠡᠭᠯᠡᠭᠡᠨ ᠠᠴᠠ ᠭᠠᠷᠭᠠᠵᠤ ᠰᠢᠢᠳᠪᠦᠷᠢᠯᠡᠬᠦ ᠪᠠᠷ ᠭᠤᠶᠤᠴᠢᠯᠠᠭᠰᠠᠨ ᠲᠡᠷᠭᠡ ᠬᠥᠰᠬᠡ ᠶᠢ ᠬᠤᠰᠢᠭᠤᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠠᠷ ᠴᠤᠬᠤᠯᠠᠪᠤᠷᠢᠯᠠᠭᠤᠯᠤᠨ ᠵᠥᠪᠰᠢᠶᠡᠷᠡᠭᠦᠯᠦᠭᠰᠡᠨ ᠤ ᠳᠠᠷᠠᠭ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ ᠲᠡᠷᠭᠡᠨ ᠳᠤ ᠲᠤᠰᠢᠶᠠᠵᠤ᠂ ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠠᠰᠤᠭ ᠲᠤ ᠡᠳ᠋ ᠬᠥᠷᠥᠩᠭᠡ ᠶᠢ ᠬᠦᠴᠦᠨ ᠥᠬᠡᠶ ᠪᠣᠯᠭᠠᠬᠤ ᠬᠠᠮᠢᠶ᠎ᠠ ᠪᠥᠬᠦᠶ ᠭᠠᠷᠳᠠᠮ ᠢ ᠭᠦᠢᠴᠡᠳᠬᠡᠨ᠎ᠡ᠃ ᠵᠢᠷᠭᠤᠭ᠎ᠠ᠂ ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠤᠨ ᠵᠢᠵᠢᠭᠦᠷ ᠤᠨ ᠲᠡᠷᠭᠡ ᠪᠦᠬᠦᠨ ᠢ ᠡᠷᠬᠡᠪᠰᠢ ᠠᠯᠪᠠᠨ ᠤ ᠲᠡᠷᠭᠡᠨ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠂ ᠡᠯ᠎ᠡ ᠨᠢᠭᠡᠴᠡ ᠡᠷᠬᠡᠪᠰᠢ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠠᠬᠢ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠢ ᠵᠠᠷᠯᠠᠨ ᠳᠠᠩᠰᠠᠯᠠᠬᠤ ᠬᠦᠰᠦᠨᠦᠭ ︵ᠳᠠᠭᠠᠯᠳᠤᠭᠤᠯᠤᠯ 2︶᠎ ᠢ ᠭᠤᠤᠯ ᠤᠳᠤᠷᠢᠳᠤᠯᠭ᠎ᠠ ᠠᠴᠠ ᠭᠠᠷ ᠤᠨ ᠥᠰᠥᠭ ᠵᠢᠷᠤᠵᠤ᠂ ᠲᠠᠮᠠᠭ᠎ᠠ ᠳᠠᠷᠤᠭᠰᠠᠨ ᠤ ᠳᠠᠷᠠᠭ᠎ᠠ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠠᠴᠠ ᠬᠤᠶᠠᠷ ᠡᠳᠦᠷ ᠤᠨ ᠡᠮᠦᠨ᠎ᠡ ᠠᠯᠪᠠᠨ ᠤ ᠲᠡᠷᠭᠡ ᠶᠢᠨ ᠬᠠᠮᠢᠶᠠᠷᠤᠯᠲᠠ ᠶᠢᠨ ᠲᠠᠰᠤᠭ ᠤᠨ 223 ᠠᠯᠪᠠᠨ ᠬᠡᠷ ᠲᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠶ ︵ᠨᠢᠭᠡ ᠬᠡᠯᠪᠡᠷᠢ ᠶᠢᠨ ᠬᠤᠶᠠᠷ ᠬᠤᠪᠢ᠂ ᠲᠣᠰ ᠨᠢᠭᠡᠴᠡ ᠨᠢᠭᠡ ᠬᠤᠪᠢ ᠵᠠᠷᠯᠠᠨ ᠨᠡᠶᠢᠲᠡᠯᠡᠨ᠎ᠡ︶᠂ ᠱᠠᠭᠠᠷᠳᠠᠯᠭ᠎ᠠ ᠶᠣᠰᠣᠭᠠᠷ ᠮᠡᠳᠡᠭᠦᠯᠦᠨ ᠬᠦᠷᠭᠡᠭᠰᠡᠨ ᠥᠬᠡᠶ ᠶᠢ ᠨᠢ ᠬᠤᠰᠢᠭᠤᠨ ᠵᠠᠰᠠᠭ ᠤᠨ ᠣᠷᠳᠣᠨ ᠤ ᠠᠯᠪᠠᠨ ᠬᠡᠷ ᠤᠨ ᠱᠠᠯᠠᠪᠳᠠᠭᠤᠯᠤᠨ ᠪᠠᠶᠢᠴᠠᠭᠠᠬᠤ ᠲᠠᠰᠤᠭ ᠠᠴᠠ ᠪᠥᠬᠦ ᠬᠤᠰᠢᠭᠤᠨ ᠳᠤ ᠵᠠᠷᠯᠠᠨ ᠮᠡᠳᠡᠭᠳᠡᠨ᠎ᠡ᠃ ᠳᠣᠯᠤᠭ᠎ᠠ᠂ ᠡᠯ᠎ᠡ ᠨᠢᠭᠡᠴᠡ ᠬᠥᠳᠡᠭᠡ ᠪᠠᠭᠤᠵᠤ ᠭᠠᠳᠠᠭᠰᠢ ᠭᠠᠷᠴᠤ ᠲᠡᠷᠭᠡ ᠬᠡᠷᠡᠭᠯᠡᠬᠦ ᠳᠤ ᠡᠷᠬᠡᠪᠰᠢ ᠬᠠᠮᠢᠶ᠎ᠠ ᠪᠥᠬᠦᠶ ᠲᠣᠭᠲᠠᠭᠠᠯ ᠢ ᠵᠢᠷᠤᠮᠯᠠᠬᠤ ᠬᠡᠷᠡᠭᠲᠡᠶ᠂ ᠭᠠᠳᠠᠭᠰᠢ ᠭᠠᠷᠬᠤ ᠳᠤ ᠬᠡᠷᠡᠭᠯᠡᠬᠦ ᠲᠡᠷᠭᠡ ᠶᠢ ᠵᠥᠪᠬᠡᠨ ᠬᠤᠨᠤᠭ ᠤᠨ ᠪᠠᠭᠤᠳᠠᠯ ᠪᠠ ᠵᠣᠴᠢᠳ ᠤᠨ ᠪᠠᠭᠤᠳᠠᠯ ᠤᠨ ᠲᠡᠷᠭᠡᠨ ᠵᠣᠭᠰᠣᠭᠠᠯ ᠳᠤ ᠵᠣᠭᠰᠣᠭᠠᠵᠤ ᠪᠣᠯᠬᠤ ᠠᠴᠠ ᠪᠢᠰᠢ᠂ ᠵᠣᠴᠢᠳ ᠤᠨ ᠪᠠᠭᠤᠳᠠᠯ᠂ ᠵᠤᠭ᠎ᠠ ᠴᠡᠩᠭᠡᠯ ᠤᠨ ᠭᠠᠵᠠᠷ ᠵᠡᠷᠭᠡ ᠭᠠᠵᠠᠷ ᠢᠶᠠᠷ ᠣᠷᠣᠵᠤ ᠭᠠᠷᠴᠤ ᠪᠣᠯᠬᠤ ᠥᠬᠡᠶ᠃ ᠠᠵᠢᠯ ᠢᠶᠠᠷ ᠭᠠᠳᠠᠭᠰᠢ ᠭᠠᠷᠤᠭᠠᠳ ᠬᠥᠳᠡᠭᠡ ᠪᠠᠭᠤᠭᠰᠠᠨ ᠤ ᠳᠠᠷᠠᠭ᠎ᠠ ᠲᠡᠷᠭᠡ ᠬᠥᠰᠬᠡ ᠶᠢ ᠡᠷᠬᠡᠪᠰᠢ ᠡᠯ᠎ᠡ ᠨᠢᠭᠡᠴᠡ ᠶᠢᠨ ᠵᠢᠭᠠᠨ ᠲᠣᠭᠲᠠᠭᠠᠭᠰᠠᠨ ᠲᠡᠷᠭᠡᠨ ᠵᠣᠭᠰᠣᠭᠠᠯ ᠪᠤᠶᠤ ᠲᠡᠷᠭᠡᠨ ᠬᠥᠮᠥᠷᠭᠡ ᠳᠤ ᠵᠣᠭᠰᠣᠭᠠᠬᠤ ᠬᠡᠷᠡᠭᠲᠡᠶ᠂ ᠲᠡᠷᠭᠡ ᠬᠥᠰᠬᠡ ᠶᠢ ᠵᠢᠵᠢᠭ ᠲᠣᠭᠤᠷᠢᠭ ᠲᠤ ᠵᠣᠭᠰᠣᠭᠠᠵᠤ ᠪᠣᠯᠬᠤ ᠥᠬᠡᠶ᠃ ᠳᠠᠭᠠᠯᠳᠤᠭᠤᠯᠤᠯ᠄ 1. ᠠᠯᠠᠱᠠ ᠵᠡᠭᠦᠨ ᠬᠤᠰᠢᠭᠤᠨ ᠤ ᠨᠠᠮ ᠵᠠᠰᠠᠭ ᠤᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠰᠢᠨ᠎ᠡ ᠪᠠᠷ ᠨᠡᠮᠡᠬᠦ ︵ᠰᠢᠨᠡᠳᠬᠡᠬᠦ︶ ᠬᠢᠨᠠᠨ ᠵᠥᠪᠰᠢᠶᠡᠷᠡᠯ ᠤᠨ ᠬᠦᠰᠦᠨᠦᠭᠲᠦ http://www.alszq.gov.cn/module/download/downfile.jsp?classid=0&filename=fb603dac3ce843bfa5650c06fffd6b4d.xls 2. ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠠᠬᠢ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠬᠠᠮᠢᠶᠠᠷᠴᠤ ᠬᠡᠷᠡᠭᠯᠡᠭᠰᠡᠨ ᠪᠠᠶᠢᠳᠠᠯ ᠢ ᠳᠠᠩᠰᠠᠯᠠᠬᠤ ᠬᠦᠰᠦᠨᠦᠭ http://www.alszq.gov.cn/module/download/downfile.jsp?classid=0&filename=f0ceda4f28e342b0907a91e920f84c2d.xls
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号