ᠠᠩᠬᠠᠳᠤᠭᠠᠷ ᠬᠤᠭᠤᠴᠠᠭᠠᠨ ᠤ ᠠᠯᠠᠱᠠ ᠵᠡᠭᠦᠨ ᠬᠤᠰᠢᠭᠤᠨ ᠤ ︽ᠬᠤᠰᠢᠭᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ︾ ᠤᠨ ᠱᠠᠩᠨᠠᠯ ᠣᠯᠭᠤᠬᠤ ᠪᠠᠷ ᠪᠠᠶᠢᠭ᠎ᠠ ᠠᠵᠤ ᠠᠬᠤᠶᠢᠯᠠᠯ ᠢ ᠵᠠᠷᠯᠠᠨ ᠨᠡᠶᠢᠲᠡᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/4/19
︽ᠠᠯᠠᠱᠠ ᠵᠡᠭᠦᠨ ᠬᠤᠰᠢᠭᠤᠨ ᠤ ᠬᠤᠰᠢᠭᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠰᠠᠨᠠᠯ︾ ︵ᠠᠯᠠᠱᠠ ᠵᠡᠭᠦᠨ ᠤᠯᠤᠰ ᠲᠥᠷᠥ ᠶᠢᠨ ᠠᠯᠪᠠᠨ ᠬᠡᠷ ︹ 2020 ︺ 80 ᠳ᠋ᠤᠭᠠᠷ ᠲᠣᠭᠠᠲᠤ︶ ᠢ ᠦᠨᠳᠦᠰᠦᠯᠡᠨ᠂ ᠠᠵᠤ ᠠᠬᠤᠶᠢᠯᠠᠯ ᠠᠴᠠ ᠭᠤᠶᠤᠴᠢᠯᠠᠨ ᠮᠡᠳᠡᠭᠦᠯᠬᠦ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠠᠨᠢᠯᠴᠠᠭᠤᠯᠬᠤ᠂ ᠬᠢᠷᠢ ᠬᠡᠮ ᠢ ᠠᠩᠬ᠎ᠠ ᠬᠢᠨᠠᠬᠤ᠂ ᠮᠠᠲ᠋ᠧᠷᠢᠶᠠᠯ ᠢ ᠬᠢᠨᠠᠨ ᠲᠣᠭᠲᠠᠭᠠᠬᠤ᠂ ᠲᠤᠬᠠᠶ ᠶᠢᠨ ᠲᠠᠯᠠᠪᠤᠷ ᠲᠤ ᠬᠢᠨᠠᠨ ᠲᠣᠭᠲᠠᠭᠠᠬᠤ᠂ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠬᠠᠮᠲᠤᠷᠠᠭᠰᠠᠨ ᠬᠤᠷᠠᠯ ᠢᠶᠠᠷ ᠬᠢᠨᠠᠨ ᠵᠥᠪᠯᠡᠬᠦ᠂ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢ ᠪᠠᠶᠢᠴᠠᠭᠠᠬᠤ᠂ ᠬᠤᠰᠢᠭᠤᠨ ᠤ ᠵᠠᠰᠠᠭ ᠤᠨ ᠣᠷᠳᠣᠨ ᠠᠴᠠ ᠬᠢᠨᠠᠨ ᠲᠣᠭᠲᠠᠭᠠᠵᠤ ᠪᠠᠲᠤᠯᠠᠬᠤ ᠪᠠᠷ ᠳᠡᠮᠵᠢᠨ᠂ ᠨᠢᠭᠡᠳᠦᠭᠡᠷ ᠬᠤᠭᠤᠴᠠᠭᠠᠨ ᠤ ᠠᠯᠠᠱᠠ ᠵᠡᠭᠦᠨ ᠬᠤᠰᠢᠭᠤᠨ ᠤ ᠬᠤᠰᠢᠭᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠠᠵᠤ ᠠᠬᠤᠶᠢᠯᠠᠯ ᠤᠨ ᠨᠡᠷᠡᠰ ᠢ ᠲᠣᠭᠲᠠᠭᠠᠪᠠ᠂ ᠡᠳᠦᠭᠡ ᠵᠠᠷᠯᠠᠨ ᠨᠡᠶᠢᠲᠡᠯᠡᠶ᠎ᠡ᠄ 1. ᠥᠪᠥᠷ ᠮᠣᠩᠭᠤᠯ ᠤᠨ ᠾᠧᠩ ᠳ᠋ᠡ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ 2. ᠥᠪᠥᠷ ᠮᠣᠩᠭᠤᠯ ᠤᠨ ᠹᠧᠩ ᠮᠤᠤ ᠳ᠋ᠧ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠠᠷᠯᠠᠨ ᠨᠡᠶᠢᠲᠡᠯᠡᠬᠦ ᠴᠠᠭ ᠨᠢ 7 ᠠᠵᠢᠯ ᠤᠨ ᠡᠳᠦᠷ ᠪᠠᠶᠢᠵᠤ᠂ 2021 ᠣᠨ ᠤ 4 ᠳ᠋ᠦ᠋ᠭᠡᠷ ᠰᠠᠷ᠎ᠠ ᠶᠢᠨ 16 ᠤ ᠡᠳᠦᠷ ᠠᠴᠠ 2021 ᠣᠨ ᠤ 4 ᠳ᠋ᠦ᠋ᠭᠡᠷ ᠰᠠᠷ᠎ᠠ ᠶᠢᠨ 26 ᠤ ᠡᠳᠦᠷ ᠳᠠᠭᠤᠰᠤᠨ᠎ᠠ᠃ ᠨᠡᠶᠢᠭᠡᠮ ᠤᠨ ᠡᠯ᠎ᠡ ᠡᠲᠡᠭᠡᠳ ᠤᠨ ᠬᠢᠨ ᠬᠡᠷᠪᠡ ᠳᠡᠭᠡᠷ᠎ᠡ ᠳᠤᠷᠠᠳᠤᠭᠰᠠᠨ 2 ᠠᠵᠤ ᠠᠬᠤᠶᠢᠯᠠᠯ ᠤᠨ ᠨᠢᠭᠡᠳᠦᠭᠡᠷ ᠬᠤᠭᠤᠴᠠᠭᠠᠨ ᠤ ᠠᠯᠠᠱᠠ ᠵᠡᠭᠦᠨ ᠬᠤᠰᠢᠭᠤᠨ ᠤ ᠬᠤᠰᠢᠭᠤᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠭᠥᠷᠳᠡᠭᠰᠡᠨ ᠳᠤ ᠠᠳᠠᠯᠢ ᠪᠤᠰᠤ ᠰᠠᠨᠠᠯ ᠲᠠᠢ ᠪᠠᠶᠢᠪᠠᠯ᠂ ᠢᠯᠡ ᠨᠡᠶᠢᠲᠡᠯᠡᠬᠦ ᠬᠤᠭᠤᠴᠠᠭᠠᠨ ᠳᠤ ᠠᠯᠠᠱᠠ ᠵᠡᠭᠦᠨ ᠬᠤᠰᠢᠭᠤᠨ ᠤ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ︵ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ ᠲᠤ ᠳᠤᠷᠠᠳᠤᠭᠠᠷᠠᠶ᠃ ᠤᠲᠠᠰᠤ᠄ 0483-8222933 ᠰᠢᠦᠳᠠᠨ ᠬᠠᠶᠢᠷᠴᠠᠭ᠄ azqsjj@126.com ᠬᠠᠷᠢᠯᠴᠠᠬᠤ ᠬᠥᠮᠦᠨ᠄ ᠭᠦᠸᠧ ᠹᠠᠩ ᠵᠢᠶᠠ ᠬᠤᠩ ᠰᠢᠶᠠ            ᠠᠯᠠᠱᠠ ᠵᠡᠭᠦᠨ ᠬᠤᠰᠢᠭᠤᠨ ᠤ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠬᠡᠷ                  2021 ᠣᠨ ᠤ 4 ᠳ᠋ᠦ᠋ᠭᠡᠷ ᠰᠠᠷ᠎ᠠ ᠶᠢᠨ 16 ᠤ ᠡᠳᠦᠷ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号