ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠪᠣᠯᠤᠨ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ︽ᠪᠢ ᠣᠯᠠᠨ ᠲᠦᠮᠡᠨ ᠳᠤ ᠪᠣᠳᠠᠲᠤ ᠲᠤᠰᠠ ᠳᠡᠮ ᠪᠣᠯᠬᠤ︾ ᠲᠤᠬᠠᠶ ᠢᠳᠬᠠᠯ ᠰᠠᠨᠠᠭᠤᠯᠭ᠎ᠠ ᠬᠤᠷᠢᠶᠠᠬᠤ ᠠᠵᠢᠯ ᠢ ᠥᠷᠨᠢᠭᠦᠯᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/4/20
ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠡᠷᠴᠢᠮᠲᠡᠢ ᠥᠷᠨᠢᠭᠦᠯᠬᠦ ᠶᠢᠨ ᠲᠤᠰᠠᠳᠠ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠯᠠᠱᠠ ᠠᠶᠢᠮᠠᠭ ᠤᠨ ᠨᠠᠮ ᠤᠨ ᠬᠤᠷᠢᠶ᠎ᠠ ᠪᠠ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ︽ᠪᠢ ᠣᠯᠠᠨ ᠲᠦᠮᠡᠨ ᠳᠤ ᠪᠣᠳᠠᠲᠤ ᠲᠤᠰᠠ ᠳᠡᠮ ᠪᠣᠯᠬᠤ︾ ᠦᠢᠯᠡᠳᠦᠯᠭᠡ ᠶᠢᠨ ᠠᠵᠢᠯᠯᠠᠭ᠎ᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠲᠥᠷᠥ ᠶᠢᠨ ᠪᠣᠳᠣᠯᠭ᠎ᠠ ᠶᠢ ᠰᠤᠷᠲᠠᠯᠴᠢᠯᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠤᠶᠢᠯᠠᠭᠠᠨ᠂ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠵᠦ᠂ ᠨᠡᠶᠢᠭᠡᠮ ᠪᠠ ᠣᠯᠠᠨ ᠲᠦᠮᠡᠨ ᠤ ᠬᠢᠨᠠᠯᠲᠠ ᠶᠢ ᠪᠥᠬᠦ ᠲᠠᠯ᠎ᠠ ᠪᠠᠷ ᠭᠥᠯᠢᠶᠡᠨ ᠠᠪᠴᠤ᠂ ᠠᠷᠠᠳ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠠᠶ ᠠᠵᠢᠯ ᠬᠢᠬᠦ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠣᠶ ᠪᠣᠯᠭᠠᠨ᠎ᠠ᠃ ᠤᠳᠤ ︽ᠲᠥᠯᠥᠪᠯᠡᠭᠡ ᠭᠠᠷᠭᠠᠬᠤ ᠳᠤ ᠠᠷᠠᠳ ᠤᠨ ᠰᠠᠨᠠᠭ᠎ᠠ ᠶᠢ ᠰᠣᠨᠣᠰᠴᠤ᠂ ᠪᠣᠳᠣᠯᠭ᠎ᠠ ᠲᠣᠭᠲᠠᠭᠠᠬᠤ ᠳᠤ ᠠᠷᠠᠳ ᠤᠨ ᠬᠦᠰᠡᠯ ᠢ ᠣᠶᠢᠯᠠᠭᠠᠵᠤ᠂ ᠵᠠᠰᠠᠭᠯᠠᠬᠤ ᠳᠠᠭᠠᠨ ᠠᠷᠠᠳ ᠤᠨ ᠰᠠᠨᠠᠭ᠎ᠠ ᠳᠤ ᠨᠡᠶᠢᠴᠡᠭᠦᠯᠬᠦ︾ ᠱᠠᠭᠠᠷᠳᠠᠯᠭ᠎ᠠ ᠶᠣᠰᠣᠭᠠᠷ᠂ ︽ᠪᠢ ᠣᠯᠠᠨ ᠲᠦᠮᠡᠨ ᠳᠤ ᠪᠣᠳᠠᠲᠤ ᠲᠤᠰᠠ ᠳᠡᠮ ᠪᠣᠯᠬᠤ︾ ᠭᠡᠰᠡᠨ ᠰᠠᠨᠠᠭᠤᠯᠭ᠎ᠠ ᠬᠦᠰᠡᠯᠲᠡ ᠶᠢᠨ ᠠᠯᠪᠠᠨ ᠵᠠᠷ ᠢ ᠨᠡᠶᠢᠲᠡᠯᠡᠵᠦ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠪᠠ ᠨᠡᠶᠢᠭᠡᠮ ᠤᠨ ᠡᠯ᠎ᠡ ᠡᠲᠡᠭᠡᠳ ᠠᠴᠠ ᠰᠠᠨᠠᠯ ᠰᠠᠨᠠᠭᠤᠯᠭ᠎ᠠ ᠬᠤᠷᠢᠶᠠᠵᠤ᠂ ᠠᠷᠠᠳ ᠤᠨ ᠲᠥᠯᠥᠭᠡ ᠬᠦᠴᠢᠷ ᠠᠰᠠᠭᠤᠳᠠᠯ ᠢ ᠰᠢᠢᠳᠪᠦᠷᠢᠯᠡᠬᠦ᠂ ᠪᠣᠳᠠᠲᠠᠶ ᠠᠵᠢᠯ ᠬᠢᠬᠦ ᠴᠢᠳᠠᠪᠤᠷᠢ ᠪᠠ ᠬᠢᠷᠢ ᠬᠡᠮᠵᠢᠶ᠎ᠡ ᠪᠠᠨ ᠦᠨᠡᠨ ᠬᠦ ᠳᠡᠭᠡᠭᠰᠢᠯᠡᠭᠦᠯᠦᠨ᠎ᠡ᠃ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠪᠣᠯᠤᠨ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠤᠳᠤᠷᠢᠳᠬᠤ ᠳᠤᠭᠤᠶᠢᠯᠠᠩ ᠠᠴᠠ ᠬᠤᠷᠢᠶᠠᠭᠰᠠᠨ ᠰᠠᠨᠠᠯ ᠰᠠᠨᠠᠭᠤᠯᠭ᠎ᠠ᠂ ᠬᠦᠴᠢᠷᠳᠡᠯ ᠲᠦᠪᠡᠭ᠂ ᠬᠡᠷᠡᠭᠴᠡᠭᠡ ᠱᠠᠭᠠᠷᠳᠠᠯᠭ᠎ᠠ ᠶᠢ ᠢᠳᠡᠪᠬᠢᠲᠡᠶ ᠵᠣᠬᠢᠴᠠᠭᠤᠯᠤᠨ ᠠᠬᠢᠭᠤᠯᠵᠤ᠂ ᠰᠢᠢᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠢ ᠳᠤ ᠨᠢ ᠬᠠᠷᠢᠭᠤ ᠲᠤᠰᠬᠠᠵᠤ᠂ ᠠᠷᠠᠳ ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠪᠣᠳᠠᠲᠠᠶ ᠳᠤ ᠨᠠᠶᠢᠳᠠᠪᠤᠷᠢᠵᠢᠭᠤᠯᠤᠨ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠨᠠᠶᠢᠳᠠᠪᠤᠷᠢᠵᠢᠭᠤᠯᠤᠯᠲᠠ ᠶᠢ ᠳᠥᠯᠭᠢᠨ ᠠᠬᠢᠭᠤᠯᠬᠤ ᠪᠣᠯᠣᠨ᠎ᠠ᠃ ᠨᠢᠭᠡ᠂ ᠬᠦᠯᠢᠶᠡᠨ ᠠᠪᠬᠤ ᠤᠲᠠᠰᠤ᠄ 0483-8180182 ︵ᠬᠦᠯᠢᠶᠡᠨ ᠠᠪᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠦᠳᠡ ᠶᠢᠨ ᠡᠮᠦᠨ᠎ᠡ 9᠄ 00-12᠄ 00᠂ ᠦᠳᠡ ᠶᠢᠨ ᠬᠤᠶᠢᠨ᠎ᠠ 15᠄ 00-18᠄ 00︶ ᠬᠤᠶᠠᠷ᠂ ᠴᠠᠬᠢᠮ ᠰᠢᠤᠳᠠᠨ᠄ azqzfbdjs@163.com ᠭᠤᠷᠪᠠ᠂ ᠪᠠᠶᠢᠷᠢᠷᠰᠢᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠪᠠᠷᠠᠭᠤᠨ ᠴᠡᠴᠡᠷᠯᠢᠭ ᠤᠨ ᠵᠡᠭᠡᠯᠢ ᠶᠢᠨ 009 ᠳ᠋ᠦ᠋ᠭᠡᠷ ᠨᠣᠮᠧᠷ ᠡᠭᠦᠨ ᠤ ᠲᠤᠯᠠ ᠣᠨᠴᠠᠭᠠᠶᠢᠯᠠᠨ ᠵᠠᠷᠯᠠᠪᠠ᠃                                                                                              2021 ᠣᠨ ᠤ 4 ᠳ᠋ᠦ᠋ᠭᠡᠷ ᠰᠠᠷ᠎ᠠ ᠶᠢᠨ 19 ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号