ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠴᠢᠩᠯᠢᠩ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠴᠢᠩᠯᠢᠩ ᠨᠡᠭᠦᠷᠡᠰᠦᠨ ᠠᠭᠤᠷᠬᠠᠶ ᠶᠢᠨ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ ᠢ ᠬᠢᠨᠠᠨ ᠪᠠᠶᠢᠴᠠᠭᠠᠭᠰᠠᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2021/4/20
︽ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠲᠦᠷᠢᠮ︾ ︽ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠭᠲᠠᠭᠠᠯ︾ ᠪᠠ ︽ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠲᠥᠰᠦᠯ ᠢ ᠨᠠᠶᠢᠷᠠᠭᠤᠯᠤᠨ ᠮᠡᠳᠡᠭᠦᠯᠬᠦ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠤᠯᠤᠰ ᠤᠨ ᠭᠠᠵᠠᠷ ᠰᠢᠷᠣᠶ ᠡᠬᠢ ᠪᠠᠶᠠᠯᠢᠭ ᠲᠣᠭᠲᠠᠭᠠᠯ ︹ 2016 ︺ 21 ᠳ᠋ᠦ᠋ᠭᠡᠷ ᠲᠣᠭᠠᠲᠤ︶᠎ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠠᠯᠠᠱᠠ ᠵᠡᠭᠦᠨ ᠬᠤᠰᠢᠭᠤᠨ ᠤ ᠴᠢᠩᠯᠢᠩ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠴᠢᠩᠯᠢᠩ ᠨᠡᠭᠦᠷᠡᠰᠦᠨ ᠠᠭᠤᠷᠬᠠᠢ ᠶᠢᠨ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ ᠳᠤ ᠬᠢᠨᠠᠨ ᠲᠣᠭᠲᠠᠭᠠᠯᠲᠠ ᠬᠢᠪᠡ᠃ ᠡᠳᠦᠭᠡ ᠬᠢᠨᠠᠨ ᠲᠣᠭᠲᠠᠭᠠᠵᠤ ᠪᠠᠲᠤᠯᠠᠭᠰᠠᠨ ︽ᠲᠥᠰᠦᠯ︾᠎ ᠢ ᠢᠯᠡ ᠨᠡᠶᠢᠲᠡᠯᠡᠶ᠎ᠡ᠂ ᠢᠯᠡ ᠨᠡᠶᠢᠲᠡᠯᠡᠬᠦ ᠬᠤᠭᠤᠴᠠᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠲᠤᠲᠤᠷ᠎ᠠ᠃ ᠶᠠᠮᠠᠷᠪᠠ ᠨᠢᠭᠡᠴᠡ᠂ ᠬᠤᠪᠢ ᠬᠥᠮᠦᠨ ᠵᠠᠷᠯᠠᠨ ᠨᠡᠶᠢᠲᠡᠯᠡᠭᠰᠡᠨ ᠦᠷ᠎ᠡ ᠳ᠋ᠦᠩ ᠳᠤ ᠣᠨᠳᠣᠤ ᠰᠠᠨᠠᠯ ᠲᠠᠢ ᠪᠠᠶᠢᠪᠠᠯ᠂ ᠵᠠᠷᠯᠠᠨ ᠨᠡᠶᠢᠲᠡᠯᠡᠭᠰᠡᠨ ᠬᠤᠭᠤᠴᠠᠭᠠᠨ ᠳᠤ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠬᠢᠭᠡᠳ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠲᠠᠰᠤᠭ ᠲᠠᠢ ᠬᠠᠷᠢᠯᠴᠠᠬᠤ ᠶᠢᠨ ᠬᠠᠮᠲᠤ ᠬᠤᠯᠪᠣᠭᠳᠠᠯ ᠪᠥᠬᠦᠶ ᠮᠠᠲ᠋ᠧᠷᠢᠶᠠᠯ ᠢ ᠬᠠᠩᠭᠠᠭᠠᠷᠠᠶ᠃ ᠨᠢᠭᠡᠴᠡ ᠠᠴᠠ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ ᠳᠠᠷᠤᠬᠤ ᠬᠡᠷᠡᠭᠲᠡᠶ᠂ ᠬᠤᠪᠢ ᠬᠥᠮᠦᠨ ᠠᠴᠠ ᠪᠠᠶᠢᠳᠠᠯ ᠢᠶᠠᠨ ᠲᠤᠰᠬᠠᠬᠤ ᠳᠤ ᠬᠦᠴᠦᠨ ᠪᠥᠬᠦᠶ ᠪᠡᠶ᠎ᠡ ᠶᠢᠨ ᠦᠨᠡᠮᠯᠡᠯ ᠢ ᠬᠠᠩᠭᠠᠬᠤ ᠶᠢᠨ ᠬᠠᠮᠲᠤ ᠬᠠᠷᠢᠯᠴᠠᠬᠤ ᠤᠲᠠᠰᠤ᠂ ᠬᠠᠶ᠋ᠢᠭ᠂ ᠰᠢᠤᠳᠠᠨ ᠳ᠋ᠤᠭᠠᠷ ᠢᠶᠠᠨ ᠦᠯᠡᠳᠡᠭᠡᠬᠦ ᠬᠡᠷᠡᠭᠲᠡᠶ᠃ ᠬᠠᠷᠢᠯᠴᠠᠬᠤ ᠤᠲᠠᠰᠤ᠄ 0483-8228103 2021 ᠣᠨ ᠤ 4 ᠰᠠᠷ᠎ᠠ ᠶᠢᠨ 20᠎ ᠤ ᠡᠳᠤᠷ http://www.alszq.gov.cn/module/download/downfile.jsp?classid=0&filename=2265362c3fda405783454034674616b5.pdf http://www.alszq.gov.cn/module/download/downfile.jsp?classid=0&filename=09eacaa06cd0497ca97c4bf4e304c6bf.pdfᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号