| | ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ | ᠬᠤᠷᠠᠯᠳᠤᠭᠤᠯᠪᠠ | ᠠᠷᠭ᠎ᠠ ᠬᠡᠮᠵᠢᠶ᠎ᠡ ᠶᠢ ᠴᠢᠩᠭᠠᠳᠬᠠᠨ ᠳᠦᠷᠢᠮ ᠢ ᠲᠡᠭᠦᠯᠳᠡᠷᠵᠢᠭᠦᠯᠵᠦ ᠠᠵᠤ ᠠᠬᠤᠶᠢᠯᠠᠯ ᠳᠤ ᠬᠤᠯᠪᠣᠭᠳᠠᠭᠰᠠᠨ ᠳᠤᠷ᠎ᠠ ᠪᠠᠷ | ᠰᠦᠢᠳᠬᠡᠯ ᠬᠤᠷᠢᠶᠠᠬᠤ ᠶᠠᠪᠤᠳᠠᠯ ᠢ ᠡᠷᠡᠰ ᠬᠤᠷᠢᠭᠯᠠᠬᠤ ᠲᠤᠬᠠᠶ ᠪᠠᠶᠢᠷᠢᠯᠠᠭᠤᠯᠪᠠ | ᠬᠠᠤᠯᠢ ᠪᠠᠷ ᠲᠣᠭᠲᠠᠭᠠᠭᠰᠠᠨ ᠭᠠᠶᠢᠯᠢ ᠰᠦᠶᠳᠬᠡᠯ ᠲᠠᠲᠠᠪᠤᠷᠢᠯᠠᠨ ᠲᠤᠰᠢᠶᠠᠬᠤ ᠠᠵᠢᠯ ᠢ ᠡᠮᠬᠢ ᠵᠢᠷᠤᠮ ᠲᠠᠢ ᠰᠠᠶᠢᠲᠤᠷ ᠬᠢᠵᠦ | ᠂ ᠠᠵᠤ ᠠᠬᠤᠶᠢᠯᠠᠯ ᠪᠠ ᠣᠯᠠᠨ ᠲᠦᠮᠡᠨ ᠤ ᠵᠣᠬᠢᠰ ᠥᠬᠡᠶ ᠳᠠᠷᠤᠭᠠᠰᠤ ᠶᠢ ᠨᠡᠮᠡᠭᠳᠡᠭᠦᠯᠬᠦ ᠥᠬᠡᠶ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠶ | 1 ᠳ᠋ᠦ᠋ᠭᠡᠷ ᠰᠠᠷ᠎ᠠ ᠶᠢᠨ 20 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠠᠷᠭ᠎ᠠ | ᠬᠡᠮᠵᠢᠶ᠎ᠡ ᠶᠢ ᠴᠢᠩᠭᠠᠳᠬᠠᠨ ᠳᠦᠷᠢᠮ ᠢ ᠲᠡᠭᠦᠯᠳᠡᠷᠵᠢᠭᠦᠯᠵᠦ ᠠᠵᠤ ᠠᠬᠤᠶᠢᠯᠠᠯ ᠳᠤ ᠬᠤᠯᠪᠣᠭᠳᠠᠭᠰᠠᠨ ᠳᠤᠷ᠎ᠠ ᠪᠠᠷ ᠰᠦᠢᠳᠬᠡᠯ | ᠬᠤᠷᠢᠶᠠᠬᠤ ᠶᠠᠪᠤᠳᠠᠯ ᠢ ᠡᠷᠡᠰ ᠬᠤᠷᠢᠭᠯᠠᠬᠤ ᠲᠤᠬᠠᠶ ᠪᠠᠶᠢᠷᠢᠯᠠᠭᠤᠯᠵᠤ᠂ ᠬᠠᠤᠯᠢ ᠪᠠᠷ ᠲᠣᠭᠲᠠᠭᠠᠭᠰᠠᠨ ᠭᠠᠶᠢᠯᠢ ᠰᠦᠶᠳᠬᠡᠯ | ᠲᠠᠲᠠᠪᠤᠷᠢᠯᠠᠨ ᠲᠤᠰᠢᠶᠠᠬᠤ ᠠᠵᠢᠯ ᠢ ᠡᠮᠬᠢ ᠵᠢᠷᠤᠮ ᠲᠠᠢ ᠰᠠᠶᠢᠲᠤᠷ ᠬᠢᠵᠦ᠂ ᠠᠵᠤ ᠠᠬᠤᠶᠢᠯᠠᠯ ᠪᠠ ᠣᠯᠠᠨ ᠲᠦᠮᠡᠨ ᠤ ᠵᠣᠬᠢᠰ | ᠥᠬᠡᠶ ᠳᠠᠷᠤᠭᠠᠰᠤ ᠶᠢ ᠨᠡᠮᠡᠭᠳᠡᠭᠦᠯᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠥᠷᠭᠡᠨ ᠤᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠪᠣᠯ ᠨᠡᠶᠢᠭᠡᠮ ᠵᠢᠷᠤᠮᠲᠤ ᠵᠠᠬ᠎ᠠ | ᠳᠡᠯᠭᠡᠭᠦᠷ ᠤᠨ ᠠᠵᠤ ᠠᠬᠤᠢ ᠶᠢ ᠬᠥᠭᠵᠢᠭᠦᠯᠬᠦ ᠬᠦᠴᠦᠨ ᠴᠢᠳᠠᠯ ᠤᠨ ᠡᠬᠢ ᠰᠤᠷᠪᠤᠯᠵᠢ ᠪᠠᠶᠢᠵᠤ᠂ ᠲᠦᠮᠡᠨ ᠤᠯᠠᠨ ᠤ ᠠᠰᠢᠭ | ᠲᠤᠰᠠ ᠳᠤ ᠰᠢᠭᠤᠳ ᠬᠤᠯᠪᠣᠭᠳᠠᠵᠤ ᠪᠠᠶᠢᠳᠠᠭ᠃ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠳᠤᠮᠳᠠ ᠪᠠᠭ᠎ᠠ | ᠵᠢᠵᠢᠭ ᠠᠵᠤ ᠠᠬᠤᠶᠢᠯᠠᠯ ᠢ ᠳᠡᠮᠵᠢᠬᠦ ᠪᠠ ᠦᠢᠯᠡᠴᠢᠯᠡᠬᠦ ᠶᠢᠨ ᠲᠣᠭᠤᠷᠢᠨ ᠳᠤ᠂ ᠤᠯᠠᠨ ᠪᠣᠳᠠᠲᠠᠢ ᠠᠷᠭ᠎ᠠ ᠬᠡᠮᠵᠢᠶ᠎ᠡ ᠠᠪᠴᠤ | ᠪᠠᠶᠢᠭᠠᠳ ᠲᠡᠳᠡᠨ ᠢ ᠬᠠᠪᠰᠤᠷᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠨ᠂ ᠵᠤᠬᠢᠰ ᠦᠭᠡᠢ ᠳᠠᠷᠤᠭᠠᠰᠤ ᠶᠢ ᠨᠢ | ᠬᠥᠩᠭᠡᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠨᠡᠩ ᠶᠡᠭᠡ ᠪᠠᠷ ᠬᠥᠭᠵᠢᠭᠡᠬᠦ | ᠬᠡᠷᠡᠭᠲᠡᠢ᠃ ᠣᠶᠢᠷ᠎ᠠ ᠶᠢᠨ ᠵᠢᠯ ᠤᠳ ᠲᠤ᠂ ᠡᠯ᠎ᠡ ᠭᠠᠵᠠᠷ ᠣᠷᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠢ ᠶᠡᠭᠡ ᠪᠠᠷ ᠴᠡᠭᠴᠡᠯᠡᠨ ᠵᠢᠷᠤᠮᠵᠢᠭᠤᠯᠵᠤ᠂ ᠲᠥᠪ ᠠᠴᠠ ᠲᠣᠬᠢᠷᠠᠭᠤᠯᠤᠭᠰᠠᠨ | ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠ ᠵᠠᠰᠠᠭ ᠤᠨ ᠣᠷᠳᠣᠨ ᠤ ᠴᠢᠨᠠᠷᠲᠠᠶ ᠰᠠᠭᠤᠷᠢ | ᠮᠥᠩᠭᠦ ᠶᠢ ᠲᠤᠰ ᠲᠤᠰ 70% ᠪᠠ 30% ᠠᠴᠠ ᠳᠡᠭᠡᠭᠰᠢ ᠬᠡᠮᠵᠢᠶ᠎ᠡ ᠪᠠᠷ ᠬᠠᠰᠤᠵᠤ᠂ ᠡᠯ᠎ᠡ ᠭᠠᠵᠠᠷ ᠤᠨ ᠬᠢᠨ ᠴᠦ ᠨᠢᠭᠡ | ᠪᠦᠯᠦᠭ ᠰᠦᠢᠳᠬᠡᠯ ᠬᠤᠷᠢᠶᠠᠬᠤ ᠲᠥᠷᠥᠯ ᠵᠦᠢᠯ ᠢ ᠬᠦᠴᠦᠨ ᠦᠭᠡᠶ ᠪᠣᠯᠭᠠᠪᠠ᠃ ᠢᠯᠠᠩᠭᠤᠶ᠎ᠠ ᠨᠢᠳᠤᠨᠤᠨ ᠤ ᠨᠡᠶᠢᠲᠡᠯᠡᠭᠰᠡᠨ | ᠭᠠᠶᠢᠯᠢ ᠶᠢ ᠬᠥᠩᠭᠡᠯᠡᠵᠦ ᠰᠦᠶᠳᠬᠡᠯ ᠢ ᠪᠠᠭᠤᠷᠠᠭᠤᠯᠬᠤ᠂ ᠨᠡᠶᠢᠭᠡᠮ ᠤᠨ ᠳᠠᠭᠠᠳᠬᠠᠯ ᠤᠨ ᠰᠦᠶᠳᠬᠡᠯ ᠢ ᠱᠠᠲᠤᠴᠢ | ᠴᠢᠨᠠᠷᠲᠠᠶ ᠪᠠᠷ ᠬᠠᠰᠤᠵᠤ ᠭᠡᠯᠳᠦᠷᠢᠭᠦᠯᠬᠦ ᠵᠡᠷᠭᠡ ᠲᠥᠷᠥ ᠶᠢᠨ ᠪᠣᠳᠣᠯᠭ᠎ᠠ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠶᠢ | ᠪᠠᠲᠤᠯᠠᠬᠤ᠂ ᠠᠵᠤ ᠠᠬᠤᠶ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠳᠤ ᠵᠠᠩᠭᠢᠯᠠᠭ᠎ᠠ ᠶᠢᠨ ᠦᠶᠯᠡᠳᠦᠯ | ᠦᠵᠡᠭᠦᠯᠪᠡ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠣᠳᠣᠬᠠᠨ ᠳᠤ ᠬᠢᠵᠢᠭ ᠤᠨ ᠪᠠᠶᠢᠳᠠᠯ ᠪᠣᠯᠤᠨ ᠠᠵᠤ ᠠᠬᠤᠢ ᠶᠢᠨ ᠪᠠᠶᠢᠳᠠᠯ ᠨᠠᠷᠢᠨ | ᠪᠤᠳᠤᠯᠢᠶᠠᠨᠲᠠᠢ ᠪᠠᠶᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠮᠥᠨ ᠬᠦ ᠴᠥᠭᠡᠨ ᠪᠤᠰᠤ ᠬᠦᠴᠢᠷᠳᠡᠯ ᠲᠤᠯᠭᠠᠷᠠᠵᠤ᠂ | ᠦᠩᠭᠡᠨ ᠲᠠᠯ᠎ᠠ ᠪᠠ ᠦᠨᠳᠦᠰᠦ ᠠᠴᠠ ᠨᠢ ᠵᠡᠷᠭᠡ ᠳᠤ ᠨᠢ ᠵᠠᠰᠠᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ | ᠦᠷᠭᠦᠯᠵᠢᠯᠡᠨ ᠵᠠᠰᠠᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ ᠠᠵᠤ ᠠᠬᠤᠢ ᠶᠢᠨ ᠲᠣᠭᠲᠠᠭᠤᠨ ᠢᠶᠠᠷ | ᠰᠡᠷᠭᠦᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠨᠢᠭᠡ ᠳᠤ᠂ ᠪᠦᠬᠦ ᠤᠯᠤᠰ ᠲᠤ ᠠᠵᠤ ᠠᠬᠤᠶᠢᠯᠠᠯ ᠳᠤ ᠬᠤᠯᠪᠣᠭᠳᠠᠬᠤ | ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠪᠠᠶᠢᠳᠠᠯ ᠳᠤ ᠲᠤᠰᠬᠠᠶ ᠵᠦᠢᠯ ᠤᠨ ᠪᠠᠶᠢᠴᠠᠭᠠᠯᠲᠠ ᠬᠢᠬᠦ ᠶᠢ | ᠥᠷᠨᠢᠭᠦᠯᠵᠦ᠂ ᠰᠦᠢᠳᠬᠡᠯ ᠬᠤᠷᠢᠶᠠᠬᠤ ᠲᠥᠷᠥᠯ ᠵᠦᠢᠯ ᠢ ᠳᠤᠷ᠎ᠠ ᠪᠠᠷ ᠲᠣᠬᠢᠷᠠᠭᠤᠯᠬᠤ᠂ ᠲᠠᠲᠠᠪᠤᠷᠢᠯᠠᠬᠤ ᠪᠠᠷᠢᠮᠵᠢᠶ᠎ᠠ ᠪᠠᠨ | ᠳᠡᠭᠡᠭᠰᠢᠯᠡᠭᠦᠯᠬᠦ᠂ ᠲᠠᠲᠠᠪᠤᠷᠢᠯᠠᠬᠤ ᠬᠡᠪᠴᠢᠶ᠎ᠡ ᠪᠠᠨ ᠥᠷᠭᠡᠳᠬᠡᠬᠦ᠂ ᠳᠤᠷ᠎ᠠ ᠪᠠᠷ ᠲᠡᠰᠬᠡᠬᠦ ᠵᠡᠷᠭᠡ ᠠᠰᠠᠭᠤᠳᠠᠯ ᠢ ᠴᠢᠩᠭ᠎ᠠ | ᠪᠠᠶᠢᠴᠠᠭᠠᠨ ᠰᠢᠶᠳᠪᠦᠷᠢᠯᠡᠵᠦ᠂ ᠠᠵᠤ ᠠᠬᠤᠶᠢᠯᠠᠯ ᠤᠨ ᠲᠤᠰᠬᠠᠯ ᠴᠢᠩᠭ᠎ᠠ᠂ ᠨᠡᠶᠢᠭᠡᠮ ᠳᠤ ᠮᠠᠭᠤ ᠨᠥᠯᠥᠭᠡ ᠪᠦᠬᠦᠢ | ᠳᠤᠷ᠎ᠠ ᠪᠠᠷ ᠰᠦᠢᠳᠬᠡᠯ ᠬᠤᠷᠢᠶᠠᠬᠤ ᠦᠢᠯᠡ ᠠᠵᠢᠯᠯᠠᠭ᠎ᠠ ᠶᠢ ᠢᠯᠡᠴᠢᠯᠡᠬᠦ ᠬᠡᠷᠡᠭᠲᠡᠶ᠃ ᠠᠵᠢᠯ ᠲᠥᠷᠥᠯ ᠤᠨ ᠨᠡᠶᠢᠭᠡᠮᠯᠢᠭ ᠪᠠ | ᠬᠤᠳᠠᠯᠳᠤᠭᠠᠴᠢᠨ ᠤ ᠡᠪᠯᠡᠯ ᠤᠨ ᠰᠦᠶᠳᠬᠡᠯ ᠬᠤᠷᠢᠶᠠᠬᠤ ᠠᠵᠢᠯᠯᠠᠭ᠎ᠠ ᠳᠤ ᠥᠪᠡᠰᠦᠪᠡᠨ ᠪᠠᠶᠢᠴᠠᠭᠠᠵᠤ ᠰᠤᠭᠤᠴᠢᠨ | ᠪᠠᠶᠢᠴᠠᠭᠠᠬᠤ ᠶᠢ ᠪᠥᠬᠦ ᠲᠠᠯ᠎ᠠ ᠪᠠᠷ ᠥᠷᠨᠢᠭᠦᠯᠬᠦ ᠬᠡᠷᠡᠭᠲᠡᠢ᠃ ᠬᠤᠶᠠᠷ ᠲᠤ᠂ ᠵᠠᠮ ᠬᠠᠷᠢᠯᠴᠠᠭ᠎ᠠ᠂ ᠭᠠᠶᠢᠯᠢ ᠶᠢᠨ ᠶᠠᠪᠤᠳᠠᠯ᠂ | ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠬᠦᠷᠢᠶᠡᠨ ᠳᠠᠬᠢ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠵᠤ᠂ ᠲᠠᠰᠤᠯᠤᠯᠲᠠ | ᠬᠢᠬᠦ ᠰᠠᠭᠤᠷᠢ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ | ᠬᠥᠩᠭᠡᠪᠲᠦᠷ ᠬᠡᠷᠡᠭ᠂ ᠵᠠᠮ ᠬᠠᠷᠢᠯᠴᠠᠭᠠᠨ ᠤ ᠬᠠᠤᠯᠢ ᠠᠴᠠ ᠠᠩᠬ᠎ᠠ ᠤᠳᠠᠭ᠎ᠠ ᠵᠥᠷᠢᠴᠡᠭᠰᠡᠨ᠂ ᠰᠠᠨᠠᠮᠰᠠᠷ ᠦᠭᠡᠢ | ᠵᠥᠷᠢᠴᠡᠭᠰᠡᠨ ᠵᠡᠷᠭᠡ ᠬᠡᠷᠡᠭ ᠲᠤ ᠴᠢᠳᠠᠬᠤ ᠳᠤ ᠪᠠᠨ ᠰᠡᠷᠡᠮᠵᠢᠯᠡᠭᠦᠯᠬᠦ ᠠᠷᠭ᠎ᠠ ᠬᠡᠮᠵᠢᠶ᠎ᠡ ᠠᠪᠴᠤ᠂ ᠵᠣᠭᠤᠰ ᠢᠶᠠᠷ | ᠲᠣᠷᠭᠠᠬᠤ ᠶᠢ ᠪᠣᠯᠭᠤᠮᠵᠢᠲᠠᠶ ᠬᠡᠷᠡᠭᠯᠡᠬᠦ ᠪᠤᠶᠤ ᠬᠡᠷᠡᠭᠯᠡᠬᠦ ᠥᠬᠡᠶ ᠪᠠᠶᠢᠵᠤ᠂ ᠭᠠᠶᠢᠯᠢ ᠶᠢᠨ ᠶᠠᠪᠤᠳᠠᠯ ᠤᠨ ᠬᠠᠤᠯᠢ ᠬᠡᠷᠡᠭᠵᠢᠭᠦᠯᠬᠦ | ᠬᠦᠷᠢᠶᠡᠨ ᠳᠤ ︽ᠠᠩᠬ᠎ᠠ ᠤᠳᠠᠭ᠎ᠠ ᠵᠥᠷᠢᠴᠡᠭᠰᠡᠨ ᠪᠣᠯ ᠲᠣᠷᠭᠠᠬᠤ ᠥᠬᠡᠶ︾ ᠨᠠᠷᠢᠨ ᠬᠠᠭᠤᠳᠠᠰᠤ ᠶᠢᠨ ᠲᠦᠷᠢᠮ ᠢ | ᠰᠤᠳᠤᠯᠤᠨ ᠳᠡᠯᠭᠡᠷᠡᠭᠦᠯᠬᠦ ᠬᠡᠷᠡᠭᠲᠡᠢ᠃ ᠲᠣᠷᠭᠠᠵᠤ ᠬᠤᠷᠢᠶᠠᠬᠤ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ | ᠲᠡᠭᠦᠯᠳᠡᠷᠵᠢᠭᠦᠯᠵᠦ᠂ ᠲᠣᠷᠭᠠᠵᠤ ᠬᠤᠷᠢᠶᠠᠭᠰᠠᠨ ᠪᠦᠬᠦ ᠣᠷᠣᠯᠭ᠎ᠠ ᠶᠢ ᠤᠯᠤᠰ ᠤᠨ ᠬᠥᠮᠥᠷᠭᠡ ᠳᠤ ᠲᠤᠰᠢᠶᠠᠵᠤ᠂ ︽ | ᠣᠷᠣᠯᠭ᠎ᠠ ᠵᠠᠷᠤᠯᠭ᠎ᠠ ᠶᠢ ᠠᠰ ᠲᠤ ᠨᠢ ᠪᠠᠶᠢᠯᠭᠠᠬᠤ︾ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠭᠤᠷᠪᠠ ᠳᠤ᠂ | ᠭᠤᠤᠯᠳᠠᠯᠭ᠎ᠠ ᠲᠠᠢ ᠬᠦᠷᠢᠶᠡᠨ ᠤ ᠰᠦᠶᠳᠬᠡᠯ ᠬᠤᠷᠢᠶᠠᠬᠤ ᠶᠢ ᠦᠷᠭᠦᠯᠵᠢᠯᠡᠨ ᠴᠡᠭᠴᠡᠯᠡᠨ ᠵᠢᠷᠤᠮᠵᠢᠭᠤᠯᠤᠨ᠎ᠠ᠃ ᠠᠵᠤ | ᠠᠬᠤᠶᠢᠯᠠᠯ ᠠᠴᠠ ᠰᠦᠢᠳᠬᠡᠯ ᠬᠤᠷᠢᠶᠠᠬᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢ ᠰᠢᠨ᠎ᠡ ᠪᠠᠷ | ᠲᠣᠬᠢᠷᠠᠭᠤᠯᠬᠤ ᠳᠤ ᠡᠷᠬᠡᠪᠰᠢ ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠭ᠎ᠠ ᠵᠢᠷᠤᠮᠯᠠᠵᠤ᠂ ᠬᠤᠭᠤᠴᠠᠭ᠎ᠠ ᠨᠢ ᠲᠤᠯᠤᠭᠰᠠᠨ | ᠰᠠᠭᠤᠷᠢ ᠮᠥᠩᠭᠦ ᠶᠢ ᠬᠦᠴᠦᠨ ᠦᠭᠡᠢ ᠪᠣᠯᠭᠠᠬᠤ ᠴᠢᠬᠤᠯᠠᠲᠠᠢ ᠶᠢ ᠨᠢ ᠴᠥᠮ ᠬᠦᠴᠦᠨ ᠦᠭᠡᠢ ᠪᠣᠯᠭᠠᠵᠤ᠂ ᠲᠦᠷ ᠴᠠᠭ | ᠬᠦᠴᠦᠨ ᠦᠭᠡᠢ ᠪᠣᠯᠭᠠᠬᠤ ᠳᠤ ᠪᠡᠷᠬᠡᠲᠡᠢ ᠶᠢ ᠨᠢ ᠲᠠᠲᠠᠪᠤᠷᠢᠯᠠᠬᠤ ᠪᠠᠷᠢᠮᠵᠢᠶ᠎ᠠ ᠶᠢ ᠨᠢ ᠪᠠᠭᠤᠷᠠᠭᠤᠯᠬᠤ ᠬᠡᠷᠡᠭᠲᠡᠢ᠃ ᠵᠠᠰᠠᠭ | ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ | ᠰᠦᠢᠳᠬᠡᠯ ᠬᠤᠷᠢᠶᠠᠬᠤ ᠪᠠᠷᠢᠮᠵᠢᠶ᠎ᠠ ᠨᠢ ᠢᠯᠡᠷᠬᠡᠶ ᠥᠨᠳᠥᠷ ᠪᠠᠶᠢᠭ᠎ᠠ ᠳᠤ ᠨᠢ ᠪᠠᠷᠢᠮᠵᠢᠶ᠎ᠠ ᠶᠢ ᠪᠠᠭᠤᠷᠠᠭᠤᠯᠬᠤ ᠠᠷᠭ᠎ᠠ ᠬᠡᠮᠵᠢᠶ᠎ᠡ | ᠠᠪᠴᠤ᠂ ᠡᠩ ᠤᠨ ᠴᠢᠨᠠᠷᠲᠠᠶ ᠬᠠᠮᠢᠶᠠᠷᠤᠯᠲᠠ ᠶᠢᠨ ᠡᠭᠦᠷᠭᠡ ᠴᠢᠳᠠᠪᠬᠢ ᠶᠢ ᠬᠠᠷᠠᠭᠤᠯᠤᠭᠰᠠᠨ ᠰᠦᠢᠳᠬᠡᠯ ᠬᠤᠷᠢᠶᠠᠬᠤ | ᠲᠥᠷᠥᠯ ᠵᠦᠢᠯ ᠢ ᠬᠦᠴᠦᠨ ᠦᠭᠡᠶ ᠪᠣᠯᠭᠠᠬᠤ ᠬᠡᠷᠡᠭᠲᠡᠶ᠃ ᠳᠥᠷᠪᠡ ᠳᠤ᠂ ᠳᠠᠯᠠᠢ ᠶᠢᠨ ᠲᠡᠭᠡᠭᠡᠪᠦᠷᠢ ᠪᠠ ᠪᠣᠭᠤᠮᠲᠠ ᠶᠢᠨ | ᠰᠦᠢᠳᠬᠡᠯ ᠬᠤᠷᠢᠶᠠᠬᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠣᠭᠤᠮᠲᠠ ᠳᠤ ᠮᠡᠳᠡᠭᠦᠯᠬᠦ᠂ ᠪᠠᠷᠠᠭ᠎ᠠ ᠶᠢᠨ | ᠭᠦᠢᠯᠭᠡᠭᠡᠨ᠂ ᠬᠥᠮᠥᠷᠭᠡᠯᠡᠨ ᠬᠠᠳᠠᠭᠠᠯᠠᠬᠤ᠂ ᠪᠠᠷᠠᠭ᠎ᠠ ᠠᠴᠢᠶᠠᠯᠠᠵᠤ ᠪᠠᠭᠤᠯᠭᠠᠬᠤ ᠵᠡᠷᠭᠡ ᠭᠤᠭᠴᠤᠭ᠎ᠠ ᠶᠢᠨ ᠠᠯᠪᠠᠳᠠᠯᠭ᠎ᠠ ᠶᠢᠨ | ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠ ᠦᠨ᠎ᠡ ᠬᠠᠩᠰᠢ ᠶᠢ ᠢᠯᠡ ᠬᠠᠳᠠᠭᠰᠠᠨ ᠨᠢ ᠵᠢᠷᠤᠮᠵᠢᠯ ᠦᠭᠡᠢ ᠵᠡᠷᠭᠡ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ᠲᠠᠪᠤ ᠳᠤ᠂ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ ᠥᠭᠬᠦ ᠵᠡᠷᠭᠡ ᠲᠠᠯ᠎ᠠ ᠶᠢᠨ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠶᠢ ᠲᠦᠷᠭᠡᠳᠬᠡᠵᠦ᠂ ᠵᠦᠢ ᠵᠣᠬᠢᠰ | ᠦᠭᠡᠶ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠥᠭᠬᠦ ᠵᠦᠢᠯᠡᠰ ᠲᠤ ᠴᠠᠭ ᠲᠤᠬᠠᠶ ᠳᠤ ᠨᠢ ᠵᠠᠰᠠᠪᠤᠷᠢ ᠣᠷᠣᠭᠤᠯᠬᠤ | ᠪᠤᠶᠤ ᠬᠦᠴᠦᠨ ᠦᠭᠡᠶ ᠪᠣᠯᠭᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠳᠤᠷ᠎ᠠ ᠪᠠᠷ ᠰᠦᠢᠳᠬᠡᠯ ᠬᠤᠷᠢᠶᠠᠬᠤ ᠶᠢ | ᠳᠦᠷᠢᠮ ᠤᠨ ᠲᠠᠯ᠎ᠠ ᠠᠴᠠ ᠰᠡᠷᠭᠡᠶᠢᠯᠡᠨ ᠬᠤᠷᠢᠭᠯᠠᠬᠤ ᠬᠡᠷᠡᠭᠲᠡᠶ ᠭᠡᠵᠡᠢ᠃ | ᠬᠤᠷᠠᠯ ᠠᠴᠠ ᠱᠠᠭᠠᠷᠳᠠᠬᠤ ᠳᠤ ᠪᠠᠨ᠂ ᠬᠠᠤᠯᠢ ᠪᠠᠷ ᠲᠣᠭᠲᠠᠭᠠᠭᠰᠠᠨ ᠭᠠᠶᠢᠯᠢ ᠰᠦᠶᠳᠬᠡᠯ ᠢ ᠬᠡᠪ ᠢᠶᠠᠷ ᠲᠠᠲᠠᠪᠤᠷᠢᠯᠠᠨ | ᠲᠤᠰᠢᠶᠠᠬᠤ ᠠᠵᠢᠯ ᠢ ᠰᠠᠶᠢᠲᠤᠷ ᠬᠢᠵᠦ᠂ ᠲᠡᠦᠬᠡᠨ ᠠᠴᠠ ᠥᠷᠢᠲᠦᠵᠦ ᠪᠠᠶᠢᠭᠰᠠᠨ ᠰᠦᠶᠳᠬᠡᠯ ᠢ ᠥᠪᠡᠰᠦᠪᠡᠨ | ᠲᠥᠪᠯᠡᠷᠡᠭᠦᠯᠵᠦ ᠪᠠᠶᠢᠭᠠᠳ ᠢᠯᠭᠠᠨ ᠲᠤᠰᠢᠶᠠᠵᠤ ᠪᠣᠯᠬᠤ ᠥᠬᠡᠶ᠂ ᠨᠡᠶᠢᠭᠡᠮ ᠤᠨ ᠳᠠᠭᠠᠳᠬᠠᠯ ᠤᠨ ᠰᠦᠶᠳᠬᠡᠯ ᠢ | ᠲᠠᠲᠠᠪᠤᠷᠢᠯᠠᠬᠤ ᠡᠭᠦᠷᠭᠡ ᠲᠤᠰᠢᠶᠠᠯ ᠢ ᠬᠤᠪᠢᠶᠠᠷᠢᠯᠠᠨ ᠰᠢᠯᠵᠢᠭᠦᠯᠦᠭᠰᠡᠨ ᠠᠴᠠ ᠪᠣᠯᠵᠤ ᠠᠵᠤ ᠠᠬᠤᠶᠢᠯᠠᠯ ᠢᠯᠠᠩᠭᠤᠶ᠎ᠠ ᠳᠤᠮᠳᠠ | ᠪᠠᠭ᠎ᠠ ᠵᠢᠵᠢᠭ ᠠᠵᠤ ᠠᠬᠤᠶᠢᠯᠠᠯ ᠤᠨ ᠰᠦᠶᠳᠬᠡᠯ ᠲᠤᠰᠢᠶᠠᠬᠤ ᠳᠠᠷᠤᠭᠠᠰᠤ ᠶᠢ ᠨᠡᠮᠡᠭᠳᠡᠭᠦᠯᠵᠦ ᠪᠣᠯᠬᠤ ᠥᠬᠡᠶ᠃ ᠡᠨᠡ ᠵᠢᠯ | ᠪᠤᠢ ᠪᠦᠬᠦᠢ ᠮᠤᠵᠢ ᠣᠷᠣᠨ ᠨᠡᠶᠢᠭᠡᠮ ᠤᠨ ᠳᠠᠭᠠᠳᠬᠠᠯ ᠤᠨ ᠰᠦᠶᠳᠬᠡᠯ ᠢ ᠲᠠᠲᠠᠪᠤᠷᠢᠯᠠᠬᠤ ᠠᠷᠭ᠎ᠠ ᠬᠡᠯᠪᠡᠷᠢ ᠪᠠᠨ | ᠬᠤᠪᠢᠷᠠᠭᠤᠯᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠨᠡᠶᠢᠭᠡᠮ ᠤᠨ ᠳᠠᠭᠠᠳᠬᠠᠯ ᠤᠨ ᠰᠦᠶᠳᠬᠡᠯ ᠲᠤᠰᠢᠶᠠᠬᠤ ᠲᠤᠬᠠᠶᠢᠯᠠᠭᠰᠠᠨ ᠠᠵᠢᠯ ᠤᠨ ᠴᠤᠪᠤᠷᠠᠯ ᠢ | ᠰᠢᠯᠢᠳᠡᠭᠵᠢᠭᠦᠯᠦᠨ᠂ ︽ᠥᠯᠥ ᠬᠦᠷᠦᠯᠴᠡᠬᠦ ᠬᠡᠯᠪᠡᠷᠢ︾ ᠶᠢᠨ ᠦᠶᠯᠡᠴᠢᠯᠡᠭᠡᠨ ᠤ ᠬᠡᠪᠴᠢᠶ᠎ᠡ ᠶᠢ ᠥᠷᠭᠡᠳᠬᠡᠵᠦ᠂ 7 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠶᠳᠬᠡᠯ ᠲᠤᠰᠢᠶᠠᠬᠤ ᠳᠤ | ᠦᠨᠳᠦᠰᠦᠨ ᠳᠤ ᠪᠠᠨ ᠰᠦᠯᠵᠢᠶᠡᠨ ᠳᠡᠭᠡᠷ᠎ᠡ ᠭᠦᠢᠴᠡᠳᠬᠡᠵᠦ ᠴᠢᠳᠠᠬᠤ ᠶᠢ ᠪᠡᠶᠡᠯᠡᠭᠦᠯᠵᠦ᠂ ᠵᠢᠯ ᠤᠨ ᠰᠡᠭᠦᠯᠴᠢ ᠠᠴᠠ ᠡᠮᠦᠨ᠎ᠡ | ᠬᠤᠪᠢ ᠬᠥᠮᠦᠨ ᠤ ᠰᠦᠶᠳᠬᠡᠯ ᠲᠤᠰᠢᠶᠠᠬᠤ ᠳᠤ ᠦᠨᠳᠦᠰᠦᠨ ᠳᠤ ᠪᠠᠨ ︽ᠭᠠᠷ ᠤᠲᠠᠰᠤᠨ ᠳᠡᠭᠡᠷ᠎ᠡ ᠭᠦᠶᠴᠡᠳᠬᠡᠬᠦ︾ ᠶᠢ | ᠪᠡᠶᠡᠯᠡᠭᠦᠯᠬᠦ ᠬᠡᠷᠡᠭᠲᠡᠢ᠃ ᠠᠷᠭ᠎ᠠ ᠬᠡᠮᠵᠢᠶ᠎ᠡ ᠳᠤ ᠰᠢᠨ᠎ᠡ ᠶᠢ ᠡᠭᠦᠳᠴᠦ᠂ ᠨᠠᠰᠤᠲᠠᠶᠢᠴᠤᠳ᠂ ᠬᠦᠨᠳᠦ ᠵᠡᠮᠳᠡᠭᠴᠦᠳ ᠵᠡᠷᠭᠡ | ᠣᠨᠴᠠᠭᠠᠢ ᠬᠥᠮᠦᠰ ᠤᠨ ᠰᠦᠶᠳᠬᠡᠯ ᠲᠤᠰᠢᠶᠠᠬᠤ ᠳᠤ ᠰᠠᠭᠠᠳ ᠥᠬᠡᠶ ᠪᠥᠭᠡᠳ ᠳᠥᠭᠦᠮ ᠳᠥᠲᠡ ᠪᠠᠶᠢᠯᠭᠠᠬᠤ ᠶᠢ ᠭᠦᠶᠴᠡᠳ | ᠪᠠᠲᠤᠯᠠᠬᠤ ᠬᠡᠷᠡᠭᠲᠡᠢ᠃ ᠨᠡᠶᠢᠭᠡᠮ ᠤᠨ ᠳᠠᠭᠠᠳᠬᠠᠯ ᠤᠨ ᠰᠦᠶᠳᠬᠡᠯ ᠢ ᠲᠠᠲᠠᠪᠤᠷᠢᠯᠠᠭᠰᠠᠨ ᠪᠠᠶᠢᠳᠠᠯ ᠢ ᠬᠢᠨᠠᠨ ᠰᠢᠨᠵᠢᠯᠡᠵᠦ | ᠵᠠᠳᠠᠯᠤᠯᠲᠠ ᠬᠢᠬᠦ ᠶᠢ ᠴᠢᠩᠭᠠᠳᠬᠠᠵᠤ᠂ ᠠᠰᠠᠭᠤᠳᠠᠯ ᠢ ᠰᠡᠷᠡᠵᠦ ᠮᠡᠳᠡᠪᠡᠯ ᠴᠠᠭ ᠲᠤᠬᠠᠶ ᠳᠤ ᠨᠢ ᠰᠢᠶᠳᠪᠦᠷᠢᠯᠡᠬᠦ ᠬᠡᠷᠡᠭᠲᠡᠶ᠃ | ᠬᠢᠨᠠᠯᠲᠠ ᠪᠠᠶᠢᠴᠠᠭᠠᠯᠲᠠ ᠪᠠᠨ ᠴᠢᠩᠭᠠᠷᠠᠭᠤᠯᠵᠤ᠂ ᠲᠦᠷᠢᠮ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠳᠤ ᠰᠠᠬᠢᠯᠭ᠎ᠠ | ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠡᠢ᠃ | |