| | ᠣᠶᠢᠷ᠎ᠠ ᠳᠤ᠂ ᠠᠯᠠᠱᠠ ᠵᠡᠭᠦᠨ ᠬᠤᠰᠢᠭᠤ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ | ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠳᠤ ᠲᠣᠬᠢᠷᠠᠭᠤᠯᠤᠯᠲᠠ ᠬᠢᠪᠠ᠃ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠭᠤᠤᠯᠳᠠᠯᠭ᠎ᠠ ᠲᠠᠢ ᠡᠨᠧᠷᠭᠢ ᠬᠡᠷᠡᠭᠯᠡᠬᠦ | ᠠᠵᠤ ᠠᠬᠤᠶᠢᠯᠠᠯ ᠳᠤ 12 ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ | ᠬᠡᠷᠡᠭᠵᠢᠭᠦᠯᠬᠦ ᠪᠠᠷ ᠲᠥᠯᠥᠪᠯᠡᠵᠦ᠂ ᠨᠡᠶᠢᠲᠡ 393 ᠲᠦᠮᠡᠨ ᠲᠥᠭᠦᠷᠢᠭ ᠤᠨ ᠪᠠᠯᠠ ᠣᠷᠣᠭᠤᠯᠤᠨ᠎ᠠ︔ | ᠲᠠᠷᠠᠭᠠᠴᠢ ᠶᠢᠨ ᠠᠯᠬᠤᠮ ᠳᠤ᠂ ᠠᠯᠠᠱᠠ ᠵᠡᠭᠦᠨ ᠬᠤᠰᠢᠭᠤᠨ ᠤ ᠬᠢᠨ ᠠᠵᠤ ᠠᠬᠤᠶᠢᠯᠠᠯ ᠲᠠᠢ ᠵᠣᠯᠭᠠᠭᠤᠯᠬᠤ ᠶᠢ | ᠦᠷᠭᠦᠯᠵᠢᠯᠡᠨ ᠰᠠᠶᠢᠲᠤᠷ ᠠᠳᠬᠤᠵᠤ᠂ ᠬᠥᠲᠥᠯᠦᠨ ᠵᠢᠯᠣᠭᠤᠳᠬᠤ ᠪᠠ ᠪᠠᠶᠢᠴᠠᠭᠠᠵᠤ ᠬᠢᠨᠠᠯᠲᠠ ᠲᠠᠯᠪᠢᠬᠤ ᠶᠢ | ᠲᠠᠰᠤᠷᠠᠯᠲᠠ ᠥᠬᠡᠶ ᠥᠷᠨᠢᠭᠦᠯᠵᠦ᠂ ᠨᠠᠷᠢᠪᠴᠢᠯᠠᠨ ᠪᠠᠶᠢᠴᠠᠭᠠᠬᠤ ᠪᠠ ᠬᠢᠨᠠᠨ ᠬᠠᠮᠢᠶᠠᠷᠬᠤ ᠡᠷᠴᠢᠮ ᠢᠶᠠᠨ | ᠴᠢᠩᠭᠠᠷᠠᠭᠤᠯᠵᠤ᠂ ᠡᠨᠧᠷᠭᠢ ᠠᠷᠪᠢᠯᠠᠬᠤ ᠠᠷᠭ᠎ᠠ ᠬᠡᠮᠵᠢᠶ᠎ᠡ ᠶᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠳᠤ | ᠦᠷᠭᠦᠯᠵᠢᠯᠡᠨ ᠡᠨᠧᠷᠭᠢ ᠠᠷᠪᠢᠯᠠᠬᠤ ᠲᠠᠯ᠎ᠠ ᠪᠠᠷ ᠬᠢᠨᠠᠨ ᠮᠠᠭᠠᠳᠯᠠᠵᠤ᠂ ᠠᠵᠤ ᠠᠬᠤᠶᠢᠯᠠᠯ ᠢ ᠬᠠᠪᠰᠤᠷᠤᠨ ᠨᠠᠩ ᠣᠯᠠᠨ | ᠡᠨᠧᠷᠭᠢ ᠠᠷᠪᠢᠯᠠᠬᠤ ᠳᠠᠯᠳᠠ ᠬᠦᠴᠦᠨ ᠢ ᠠᠭᠤᠳᠠᠯᠵᠤ᠂ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ | ᠠᠯᠢ ᠲᠦᠷᠭᠡᠨ ᠢᠶᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠠᠯᠠᠱᠠ ᠵᠡᠭᠦᠨ ᠬᠤᠰᠢᠭᠤᠨ ᠤ | ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠡᠭᠦᠷᠭᠡ ᠶᠢ ᠤᠷᠤᠭᠰᠢᠲᠠᠶ ᠪᠡᠶᠡᠯᠡᠭᠦᠯᠬᠦ ᠳᠤ ᠵᠣᠬᠢᠬᠤ ᠬᠤᠪᠢ | ᠨᠡᠮᠡᠷᠢ ᠪᠠᠨ ᠦᠵᠡᠭᠦᠯᠦᠨ᠎ᠡ᠃ | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | |