ᠠᠨᠳᠠ ᠨᠡᠶᠢᠭᠡᠮ ᠲᠣᠭᠤᠷᠢᠭ ᠪᠦᠬᠦ ᠤᠯᠤᠰ ᠤᠨ ᠵᠢᠱᠢᠶ᠎ᠡ ᠦᠵᠡᠭᠦᠯᠬᠦ ᠡᠶᠡᠲᠡᠢ ᠨᠠᠶᠢᠷᠲᠠᠢ ᠨᠠᠰᠤᠲᠠᠶᠢᠴᠤᠳ ᠤᠨ ᠨᠡᠶᠢᠭᠡᠮ ᠲᠣᠭᠤᠷᠢᠭ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2021/6/16
       ︽ᠵᠢᠱᠢᠶ᠎ᠡ ᠦᠵᠡᠭᠦᠯᠬᠦ ᠡᠶᠡᠲᠡᠢ ᠨᠠᠶᠢᠷᠲᠠᠢ ᠨᠠᠰᠤᠲᠠᠶᠢᠴᠤᠳ ᠤᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠤᠯᠤᠰ ᠤᠨ ᠡᠷᠡᠭᠦᠯ ᠬᠠᠮᠠᠭᠠᠯᠠᠯ ᠨᠠᠰᠤᠲᠠᠶᠢᠴᠤᠳ ᠲᠠᠷᠬᠠᠭᠠᠭᠰᠠᠨ ︹ 2020 ︺ 23 ᠳ᠋ᠤᠭᠠᠷ ᠲᠣᠭᠠᠲᠤ︶ ᠪᠠ ︽2021 ᠣᠨ ᠤ ᠪᠥᠬᠦ ᠤᠯᠤᠰ ᠤᠨ ᠵᠢᠱᠢᠶ᠎ᠡ ᠦᠵᠡᠭᠦᠯᠬᠦ   ᠡᠶᠡᠲᠡᠢ ᠨᠠᠶᠢᠷᠲᠠᠢ ᠨᠠᠰᠤᠲᠠᠶᠢᠴᠤᠳ ᠤᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠤᠯᠤᠰ ᠤᠨ ᠡᠷᠡᠭᠦᠯ ᠬᠠᠮᠠᠭᠠᠯᠠᠯ ᠨᠠᠰᠤᠲᠠᠶᠢᠴᠤᠳ ᠤᠨ ᠵᠠᠬᠢᠳᠠᠯ ︹ 2021 ︺ 25 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ ᠨᠠᠰᠤᠲᠠᠶᠢᠴᠤᠳ ᠲᠤ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠵᠢᠯᠣᠭᠤᠳᠣᠯᠭ᠎ᠠ ᠳᠣᠤᠷ᠎ᠠ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ ᠨᠢ ︽ᠪᠥᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠶ ᠬᠤᠲᠠ ᠬᠥᠳᠡᠭᠡ ᠶᠢᠨ ᠨᠠᠰᠤᠲᠠᠶᠢᠴᠤᠳ ᠲᠤ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠤᠨ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠣᠰᠣᠭᠠᠷ ᠡᠭᠦᠳᠦᠨ ᠪᠠᠶᠢᠭᠤᠯᠬᠤ ᠠᠵᠢᠯ ᠢ ᠳᠥᠯᠭᠢᠨ ᠠᠬᠢᠭᠤᠯᠵᠤ᠂ ︽ᠪᠥᠬᠦ ᠤᠯᠤᠰ ᠤᠨ ᠵᠢᠱᠢᠶ᠎ᠡ ᠦᠵᠡᠭᠦᠯᠬᠦ   ᠡᠶᠡᠲᠡᠢ ᠨᠠᠶᠢᠷᠲᠠᠢ ᠨᠠᠰᠤᠲᠠᠶᠢᠴᠤᠳ ᠤᠨ ᠨᠡᠶᠢᠭᠡᠮ ᠲᠣᠭᠤᠷᠢᠭ ᠤᠨ ᠬᠤᠪᠢ ᠲᠣᠭᠲᠠᠭᠠᠬᠤ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ᠢ ᠦᠨᠳᠦᠰᠦᠯᠡᠨ 31 ᠨᠡᠶᠢᠭᠡᠮ ᠲᠣᠭᠤᠷᠢᠭ ᠢ ᠰᠢᠯᠭᠠᠷᠠᠭᠤᠯᠤᠨ ᠭᠠᠷᠭᠠᠪᠠ᠃ ᠡᠭᠦᠨ ᠳᠤ ᠠᠯᠠᠱᠠ ᠵᠡᠭᠦᠨ ᠬᠤᠰᠢᠭᠤᠨ ᠤ ᠡᠷᠲᠡ ᠵᠡᠭᠡᠯᠢ ᠭᠤᠳᠤᠮᠵᠢ ᠶᠢᠨ ᠠᠨᠳᠠ ᠨᠡᠶᠢᠭᠡᠮ ᠲᠣᠭᠤᠷᠢᠭ ᠨᠢ ᠪᠦᠬᠦ ᠤᠯᠤᠰ ᠤᠨ ᠵᠢᠱᠢᠶ᠎ᠡ ᠦᠵᠡᠭᠦᠯᠬᠦ  ᠡᠶᠡᠲᠡᠢ ᠨᠠᠶᠢᠷᠲᠠᠢ ᠨᠠᠰᠤᠲᠠᠶᠢᠴᠤᠳ ᠤᠨ ᠨᠥᠬᠦᠷᠰᠡᠭ ᠨᠡᠶᠢᠭᠡᠮ ᠲᠣᠭᠤᠷᠢᠭ ᠢᠶᠠᠷ ᠰᠣᠩᠭᠤᠭᠳᠠᠵᠠᠢ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号