| ᠪᠦᠬᠦ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ ᠪᠤᠶᠢᠵᠢᠭᠤᠯᠬᠤ ᠪᠠ ᠬᠥᠭᠵᠢᠭᠡᠬᠦ | ᠲᠧᠯᠸᠢᠰ ᠤᠲᠠᠰᠤ ᠬᠤᠷᠠᠯ ᠳᠡᠭᠡᠷᠡᠬᠢ ᠶᠠᠷᠢᠶ᠎ᠠ | ᠯᠢ ᠺᠧ ᠴᠢᠶᠠᠩ | ︵2021 ᠣᠨ ᠤ 6 ᠳ᠋ᠤᠭᠠᠷ ᠰᠠᠷ᠎ᠠ ᠶᠢᠨ 2 ᠤᠨ ᠡᠳᠦᠷ︶ | ᠡᠨᠡ ᠤᠳᠠᠭ᠎ᠠ ᠶᠢᠨ ᠬᠤᠷᠠᠯ ᠪᠣᠯ ᠲᠦᠷᠦ ᠶᠢᠨ ᠶᠠᠪᠤᠳᠠᠯ ᠤᠨ ᠬᠤᠷᠢᠶᠠᠨ ᠤ ᠡᠨᠡ ᠵᠢᠯ ᠤᠨ ᠬᠤᠷᠠᠯᠳᠤᠭᠤᠯᠤᠭᠰᠠᠨ | ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠃ ᠡᠭᠦᠨ ᠤ ᠭᠤᠣᠯ ᠡᠭᠦᠷᠭᠡ ᠨᠢ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ | ᠬᠤᠷᠠᠯ ᠪᠣᠯᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠪᠠᠶᠢᠷᠢᠯᠠᠭᠤᠯᠤᠯᠲᠠ ᠶᠢ ᠭᠦᠨᠵᠡᠭᠡᠶ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷᠯᠢᠭ | ᠬᠥᠭᠵᠢᠯᠲᠡ ᠶᠢ ᠠᠬᠢᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠥᠩᠭᠡᠷᠡᠭᠰᠡᠨ ᠨᠢᠭᠡ ᠵᠢᠯ ᠤᠨ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ᠂ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠰᠢᠯᠢᠳᠡᠭᠵᠢᠭᠦᠯᠦᠭᠰᠡᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ | ᠪᠤᠶᠢᠵᠢᠭᠤᠯᠬᠤ ᠪᠠ ᠬᠥᠭᠵᠢᠭᠡᠭᠰᠡᠨ ᠠᠵᠢᠯ ᠢ ᠳ᠋ᠦᠩᠨᠡᠵᠦ᠂ ᠲᠠᠷᠠᠭᠠᠴᠢ ᠶᠢᠨ ᠱᠠᠲᠤᠨ ᠤ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠨᠢᠭᠡ ᠴᠤᠭᠴᠠᠵᠢᠭᠤᠯᠤᠨ ᠠᠬᠢᠭᠤᠯᠬᠤ ᠭᠤᠤᠯᠳᠠᠯᠭ᠎ᠠ ᠲᠠᠢ | ᠡᠭᠦᠷᠭᠡ ᠶᠢ ᠪᠠᠶᠢᠷᠢᠯᠠᠭᠤᠯᠤᠨ᠎ᠠ᠃ | ᠨᠢᠭᠡ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠳᠤ ᠰᠢᠭᠤᠳ ᠬᠠᠨᠳᠤᠭᠤᠯᠤᠨ᠂ | ᠬᠤᠷᠸ᠎ᠠ ᠲᠥᠷᠥ ᠶᠢᠨ ᠪᠣᠳᠣᠯᠭ᠎ᠠ ᠳᠤ ᠰᠢᠨ᠎ᠡ ᠶᠢ ᠡᠭᠦᠳᠦᠨ ᠬᠡᠷᠡᠭᠵᠢᠭᠦᠯᠬᠦ ᠶᠢᠨ ᠬᠠᠮᠲᠤ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠯᠦᠭᠡ ᠬᠠᠷᠢᠯᠴᠠᠨ ᠤᠶᠠᠯᠳᠤᠭᠤᠯᠵᠤ ᠢᠯᠡᠳᠲᠡ ᠦᠷ᠎ᠡ ᠪᠦᠲᠦᠮᠵᠢ ᠣᠯᠣᠨ᠎ᠠ | 2020 ᠣᠨ ᠳᠤ᠂ ᠣᠯᠠᠨ ᠳᠠᠪᠬᠤᠷ ᠬᠦᠨᠳᠦ ᠨᠣᠴᠢᠲᠠᠶ ᠳᠠᠭᠠᠷᠢᠯᠲᠠ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠬᠢᠵᠢᠭ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠴᠠᠭ | ᠲᠤᠬᠠᠶ ᠳᠤ ᠨᠢ ᠡᠷᠡᠰ ᠰᠢᠭᠤᠷᠬᠠᠶ ᠠᠷᠭ᠎ᠠ ᠬᠡᠮᠵᠢᠶ᠎ᠡ ᠠᠪᠤᠭᠰᠠᠨ ᠮᠥᠷᠲᠡᠭᠡᠨ ᠲᠣᠭᠲᠠᠯ ᠬᠦᠴᠦᠨ ᠢᠶᠠᠨ ᠪᠠᠲᠤᠯᠠᠵᠤ᠂ | ︽ᠪᠢᠯᠬᠠᠲᠠᠯ᠎ᠠ ᠤᠰᠤᠯᠠᠬᠤ︾ ᠮᠠᠶ᠋ᠢᠭ ᠢᠶᠠᠷ ᠬᠦᠴᠦᠲᠡᠶ ᠰᠡᠳᠡᠯᠲᠡ ᠥᠭᠬᠦ ᠦᠭᠡᠢ ᠪᠠᠶᠢᠬᠤ ᠶᠢ ᠪᠠᠷᠢᠮᠲᠠᠯᠠᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠪᠠᠴᠢᠮ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠬᠤᠷᠸ᠎ᠠ ᠲᠦᠷᠦ ᠶᠢᠨ | ᠪᠤᠳᠤᠯᠭ᠎ᠠ ᠶᠢ ᠰᠢᠨ᠎ᠡ ᠶᠢ ᠡᠭᠦᠳᠦᠨ ᠬᠡᠷᠡᠭᠵᠢᠭᠦᠯᠦᠭᠰᠡᠨ ᠤ ᠬᠠᠮᠲᠤ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ᠂ | ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠠᠢ ᠤᠶᠠᠯᠳᠤᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠ | ᠠᠮᠢᠵᠢᠷᠠᠯ ᠤᠨ ᠬᠦᠴᠦᠨ ᠢ ᠨᠢ ᠬᠥᠭᠵᠢᠭᠡᠬᠦ ᠶᠢ ᠵᠡᠷᠭᠡ ᠳᠤ ᠨᠢ ᠴᠢᠬᠤᠯᠠᠴᠢᠯᠠᠵᠤ᠂ ᠠᠵᠤ ᠠᠬᠤᠶ ᠶᠢᠨ ᠨᠡᠯᠢᠶᠡᠳ | ᠲᠦᠷᠭᠡᠨ ᠢᠶᠠᠷ ᠰᠡᠷᠭᠦᠨ ᠬᠥᠭᠵᠢᠬᠦ ᠶᠢ ᠬᠦᠴᠦᠲᠡᠶ ᠠᠬᠢᠭᠤᠯᠪᠠ᠃ | ︵ᠨᠢᠭᠡ︶ ᠬᠤᠷᠸ᠎ᠠ ᠲᠥᠷᠥ ᠶᠢᠨ ᠪᠣᠳᠣᠯᠭ᠎ᠠ ᠶᠢ ᠰᠢᠨ᠎ᠡ ᠶᠢ ᠡᠭᠦᠳᠦᠨ ᠬᠡᠷᠡᠭᠵᠢᠭᠦᠯᠬᠦ ᠳᠤᠮᠳᠠ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠰᠡᠳᠬᠢᠮᠵᠢ ᠪᠠ ᠠᠷᠭ᠎ᠠ ᠶᠢ ᠬᠡᠷᠡᠭᠯᠡᠨ᠂ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠬᠦᠴᠢᠷ ᠪᠡᠷᠬᠡᠰᠢᠶᠡᠯ ᠢ ᠲᠤᠭᠤᠯᠬᠤ ᠳᠤ ᠬᠠᠪᠰᠤᠷᠤᠮᠵᠢ ᠦᠵᠡᠭᠦᠯᠪᠡ᠃ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠨᠢ ᠬᠡᠮᠵᠢᠶ᠎ᠡ ᠶᠡᠭᠡ ᠬᠡᠪᠴᠢᠶ᠎ᠡ ᠥᠷᠭᠡᠨ ᠵᠠᠬ᠎ᠠ ᠳᠡᠯᠭᠡᠭᠦᠷ ᠤᠨ ᠭᠤᠣᠯ | ᠴᠣᠭᠴᠠ ᠳᠤ ᠰᠢᠭᠤᠳ ᠳᠠᠭᠠᠷᠢᠯᠲᠠ ᠳᠤ ᠤᠴᠠᠷᠠᠭᠤᠯᠵᠤ᠂ ᠠᠵᠢᠯ ᠣᠯᠭᠤᠯᠲᠠ ᠪᠠ ᠦᠨᠳᠦᠰᠦᠨ ᠠᠷᠠᠳ ᠤᠨ | ᠠᠮᠢᠳᠤᠷᠠᠯ ᠳᠤ ᠬᠦᠨᠳᠦ ᠨᠣᠴᠢᠲᠠᠶ ᠨᠥᠯᠥᠭᠡ ᠦᠵᠡᠭᠦᠯᠪᠡ᠃ ᠪᠢᠳᠡ ︽ᠵᠢᠷᠭᠤᠭ᠎ᠠ ᠶᠢ ᠲᠣᠭᠲᠠᠪᠤᠷᠢᠵᠢᠭᠤᠯᠬᠤ︾ | ᠰᠠᠭᠤᠷᠢᠨ ᠳᠡᠭᠡᠷ᠎ᠡ ︽ᠵᠢᠷᠭᠤᠭ᠎ᠠ ᠶᠢ ᠪᠠᠲᠤᠯᠠᠬᠤ︾ ᠶᠢ ᠲᠣᠳᠣᠷᠬᠠᠶ ᠳᠤᠷᠠᠳᠤᠨ ᠭᠠᠷᠭᠠᠵᠤ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢ ᠪᠠᠲᠤᠯᠠᠬᠤ ᠪᠠᠷ ᠴᠢᠬᠤᠯᠠ ᠠᠴᠠ ᠴᠢᠬᠤᠯᠠ ᠶᠠᠪᠤᠳᠠᠯ ᠪᠣᠯᠭᠠᠵᠤ᠂ ᠡᠭᠦᠨ ᠢᠶᠠᠷ ᠠᠵᠢᠯ | ᠣᠯᠭᠤᠯᠲᠠ ᠪᠠ ᠠᠷᠠᠳ ᠤᠨ ᠠᠮᠢᠳᠤᠷᠠᠯ ᠢ ᠪᠠᠲᠤᠯᠠᠪᠠ᠃ ᠡᠳ᠋ ᠤᠨ ᠵᠠᠰᠠᠭ᠂ ᠵᠣᠭᠤᠰ᠂ ᠠᠵᠢᠯ ᠣᠯᠭᠤᠯᠲᠠ ᠶᠢᠨ | ᠲᠦᠷᠦ ᠶᠢᠨ ᠪᠤᠳᠤᠯᠭ᠎ᠠ ᠨᠢ ᠴᠥᠮ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠣᠭᠤᠷᠢᠨ ᠳᠤ᠂ ᠬᠤᠷᠸ᠎ᠠ | ᠲᠦᠷᠦ ᠶᠢᠨ ᠪᠤᠳᠤᠯᠭ᠎ᠠ ᠪᠠ ᠬᠤᠮᠠᠬᠢ ᠭᠤᠣᠯ ᠴᠣᠭᠴᠠ ᠶᠢ ᠨᠢᠭᠲᠠ ᠤᠶᠠᠯᠳᠤᠭᠤᠯᠵᠤ᠂ ᠰᠢᠭᠤᠳ ᠬᠡᠷᠡᠭᠯᠡᠭᠦᠰᠢᠲᠡᠢ᠂ | ᠨᠠᠷᠢᠯᠢᠭ ᠣᠨᠣᠴᠠᠲᠠᠶ ᠪᠥᠭᠡᠳ ᠥᠨᠳᠥᠷ ᠪᠦᠲᠦᠮᠵᠢᠲᠡᠶ ᠪᠠᠶᠢᠯᠭᠠᠵᠤ᠂ ︽ᠤᠰᠤᠯᠠᠵᠤ ᠪᠤᠷᠳᠤᠭᠤᠷ ᠣᠷᠣᠭᠤᠯᠬᠤ︾ ᠶᠢ | ᠦᠨᠳᠦᠰᠦᠨ ᠠᠴᠠ ᠨᠢ ᠪᠡᠶᠡᠯᠡᠭᠦᠯᠪᠡ᠃ ᠪᠦᠬᠦ ᠵᠢᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠰᠢᠨ᠎ᠡ ᠪᠠᠷ | ᠨᠡᠮᠡᠭᠳᠡᠭᠰᠡᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠤᠭᠰᠠᠨ ᠬᠡᠮᠵᠢᠶ᠎ᠡ 2.6 ᠲᠦᠮᠡᠨ ᠳ᠋ᠦᠩᠰᠢᠭᠤᠷ | ᠲᠥᠭᠦᠷᠢᠭ ᠢ ᠳᠠᠪᠠᠭᠰᠠᠨ ᠤ ᠬᠠᠮᠲᠤ ᠮᠥᠩᠭᠦᠨ ᠭᠦᠢᠯᠭᠡᠭᠡᠨ ᠤ ᠰᠢᠰᠲ᠋ᠧᠮ ᠤᠨ ᠪᠣᠳᠠᠲᠤ ᠴᠣᠭᠴᠠ ᠶᠢᠨ ᠠᠵᠤ | ᠠᠬᠤᠶ ᠳᠤ 1.5 ᠲᠦᠮᠡᠨ ᠳ᠋ᠦᠩᠰᠢᠭᠤᠷ ᠲᠥᠭᠦᠷᠢᠭ ᠤᠨ ᠵᠦᠢ ᠵᠣᠬᠢᠰᠲᠠᠶ ᠠᠰᠢᠭ ᠣᠯᠭᠤᠬᠤ ᠶᠢ ᠠᠬᠢᠭᠤᠯᠪᠠ᠃ | ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠪᠣᠯ ᠬᠠᠮᠤᠭ ᠤᠨ ᠰᠢᠭᠤᠳ᠂ ᠬᠠᠮᠤᠭ ᠤᠨ ᠪᠦᠲᠦᠮᠵᠢᠲᠡᠶ᠂ | ᠬᠠᠮᠤᠭ ᠤᠨ ᠭᠤᠣᠯᠴᠢ ᠠᠷᠭ᠎ᠠ ᠬᠡᠮᠵᠢᠶ᠎ᠡ ᠪᠠᠶᠢᠵᠤ᠂ ᠪᠡᠷᠬᠡ ᠪᠣᠭᠤᠮᠲᠠ ᠶᠢ ᠲᠤᠭᠤᠯᠬᠤ ᠳᠤ ᠴᠢᠬᠤᠯᠠ ᠦᠢᠯᠡᠳᠦᠯ | ᠦᠵᠡᠭᠦᠯᠪᠡ ᠭᠡᠵᠦ ᠠᠵᠤ ᠠᠬᠤᠶᠢᠯᠠᠯ ᠤᠳ ᠨᠡᠶᠢᠳᠡᠮ ᠳᠤ ᠪᠠᠨ ᠲᠤᠰᠬᠠᠵᠤ ᠪᠠᠶᠢᠨ᠎ᠠ᠃ ᠪᠢᠳᠡ ᠪᠠᠰᠠ ᠲᠥᠪ ᠤᠨ | ᠰᠢᠨ᠎ᠡ ᠪᠠᠷ ᠨᠡᠮᠡᠭᠳᠡᠭᠰᠡᠨ ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠬᠦᠷᠭᠡᠬᠦ ᠲᠣᠭᠲᠠᠴᠠ ᠶᠢ ᠰᠢᠨ᠎ᠡ ᠪᠠᠷ | ᠡᠭᠦᠳᠦᠨ ᠪᠠᠶᠢᠭᠤᠯᠵᠤ᠂ ᠪᠡᠯᠡ ᠮᠥᠩᠭᠦ ᠶᠢ ︽ᠢᠷᠤᠭᠠᠷ ᠲᠤ ᠨᠢ ᠲᠤᠯᠭᠠᠵᠤ︾᠂ ᠵᠠᠪᠰᠠᠷ ᠤᠨ ᠭᠤᠭᠴᠤᠭ᠎ᠠ ᠶᠢ | ᠶᠡᠭᠡ ᠪᠠᠷ ᠪᠠᠭᠠᠰᠬᠠᠵᠤ᠂ ᠮᠤᠵᠢ ᠶᠢᠨ ᠱᠠᠲᠤᠨ ᠤ ᠡᠳ᠋ ᠤᠨ ᠵᠠᠰᠠᠭ ᠢ ᠲᠥᠪ ᠤᠨ ᠰᠢᠨ᠎ᠡ ᠪᠠᠷ ᠨᠡᠮᠡᠭᠳᠡᠭᠰᠡᠨ ᠡᠳ᠋ ᠤᠨ | ᠬᠦᠴᠦᠨ ᠤ ᠲᠠᠯ᠎ᠠ ᠪᠠᠷ ᠵᠥᠪᠬᠡᠨ ︽ᠵᠣᠭᠤᠰ ᠳᠠᠮᠵᠢᠭᠤᠯᠤᠭᠴᠢ︾ ᠪᠣᠯᠭᠠᠵᠤ᠂ ᠣᠷᠣᠨ ᠨᠤᠲᠤᠭ ᠤᠨ ᠡᠳ᠋ ᠤᠨ | ᠬᠦᠴᠦᠨ ᠤ ᠲᠠᠯ᠎ᠠ ᠪᠠᠷ ︽ᠬᠠᠷᠢᠭᠤᠴᠠᠯᠭ᠎ᠠ ᠦᠭᠡᠢ ᠳᠠᠷᠤᠭ᠎ᠠ︾ ᠪᠣᠯᠭᠠᠬᠤ ᠦᠭᠡᠢ ᠶᠢ ᠭᠦᠢᠴᠡᠳᠬᠡᠵᠦ᠂ ᠬᠤᠲᠠ | ᠰᠢᠶᠠᠨ ᠤ ᠦᠨᠳᠦᠰᠦᠨ ᠱᠠᠲᠤᠨ ᠤ ᠠᠵᠤ ᠠᠬᠤᠶᠢᠯᠠᠯ ᠳᠤ ᠠᠰᠢᠭ ᠣᠯᠭᠤᠵᠤ ᠠᠷᠠᠳ ᠲᠤ ᠠᠰᠢᠭ ᠬᠦᠷᠲᠡᠭᠡᠬᠦ ᠳᠤ | ᠬᠠᠮᠲᠤ ᠪᠠᠷ ᠡᠳ᠋ ᠤᠨ ᠬᠦᠴᠦᠨ ᠢ ᠲᠦᠷᠭᠡᠨ ᠨᠥᠬᠦᠪᠥᠷᠢᠯᠡᠪᠡ᠃ ᠥᠩᠭᠡᠷᠡᠭᠰᠡᠨ ᠳᠤ ᠲᠥᠪ ᠤᠨ ᠡᠳ᠋ ᠤᠨ ᠵᠠᠰᠠᠭ ᠤᠨ | ᠪᠠᠯᠠ ᠮᠥᠩᠭᠦ ᠶᠢ ᠦᠨᠳᠦᠰᠦᠨ ᠱᠠᠲᠤᠨ ᠳᠤ ᠱᠠᠲᠤ ᠱᠠᠲᠤ ᠪᠠᠷ ᠰᠠᠯᠭᠠᠨ ᠪᠠᠭᠤᠯᠭᠠᠬᠤ ᠳᠤ ᠬᠡᠷᠡᠭᠰᠡᠬᠦ ᠴᠠᠭ ᠨᠢ | ᠳᠤᠮᠳᠠᠴᠢ ᠪᠠᠷ 120 ᠡᠳᠦᠷ ᠢ ᠬᠡᠲᠦᠷᠡᠵᠦ᠂ ᠨᠢᠳᠤᠨᠤᠨ ᠬᠠᠮᠤᠭ ᠤᠨ ᠲᠦᠷᠭᠡᠨ ᠳᠤ ᠪᠠᠨ 7 ᠡᠳᠦᠷ ᠬᠡᠷᠡᠭᠯᠡᠵᠦ᠂ | ᠲᠥᠷᠥ ᠶᠢᠨ ᠪᠣᠳᠣᠯᠭ᠎ᠠ ᠶᠢᠨ ᠰᠠᠶᠢᠨ ᠲᠠᠢ ᠲᠠᠯ᠎ᠠ ᠶᠢ ᠬᠠᠮᠤᠭ ᠤᠨ ᠲᠦᠷᠭᠡᠨ ᠢᠶᠠᠷ ᠵᠠᠬ᠎ᠠ ᠳᠡᠯᠭᠡᠭᠦᠷ ᠤᠨ ᠭᠤᠣᠯ | ᠴᠣᠭᠴᠠ ᠳᠤ ᠬᠦᠷᠲᠡᠭᠡᠪᠡ᠃ ᠰᠢᠭᠤᠳ ᠬᠦᠷᠭᠡᠬᠦ ᠪᠡᠯᠡ ᠮᠥᠩᠭᠦ ᠶᠢ ᠰᠠᠶᠢᠲᠤᠷ ᠬᠠᠮᠢᠶᠠᠷᠴᠤ ᠬᠡᠷᠡᠭᠯᠡᠬᠦ ᠶᠢᠨ ᠲᠥᠯᠥᠭᠡ | ᠂ ᠪᠢᠳᠡ ᠪᠦᠬᠦ ᠬᠡᠯᠬᠢᠶ᠎ᠡ ᠶᠢᠨ ᠬᠢᠨᠠᠯᠲᠠ ᠡᠵᠡᠮᠳᠡᠯ ᠢ ᠴᠢᠩᠭᠠᠳᠬᠠᠵᠤ᠂ ᠪᠡᠯᠡ ᠮᠥᠩᠭᠦ ᠶᠢ ᠮᠡᠬᠡᠯᠡᠨ ᠠᠪᠬᠤ᠂ ᠰᠢᠬᠠᠨ | ᠡᠵᠡᠯᠡᠵᠦ ᠨᠡᠭᠦᠯᠭᠡᠨ ᠬᠡᠷᠡᠭᠯᠡᠬᠦ ᠵᠡᠷᠭᠡ ᠠᠰᠠᠭᠤᠳᠠᠯ ᠢ ᠰᠡᠷᠭᠡᠶᠢᠯᠡᠪᠡ᠃ ᠬᠢᠨᠠᠨ ᠪᠤᠳᠤᠭᠰᠠᠨ ᠦᠷ᠎ᠡ ᠳ᠋ᠦᠩ ᠠᠴᠠ | ᠦᠵᠡᠪᠡᠯ᠂ ᠰᠢᠭᠤᠳ ᠬᠦᠷᠭᠡᠬᠦ ᠪᠠᠯᠠ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠨᠡᠯᠢᠶᠡᠳ ᠰᠠᠶᠢᠨ ᠪᠠᠶᠢᠨ᠎ᠠ᠃ ᠪᠢᠳᠡ | ᠪᠠᠰᠠ ᠵᠣᠭᠤᠰᠣᠨ ᠤ ᠲᠥᠷᠥ ᠶᠢᠨ ᠪᠣᠳᠣᠯᠭ᠎ᠠ ᠶᠢᠨ ᠰᠢᠭᠤᠳ ᠬᠦᠷᠭᠡᠬᠦ ᠪᠠᠭᠠᠵᠢ ᠪᠠᠷ ᠳᠠᠮᠵᠢᠭᠤᠯᠤᠨ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠣᠨᠣᠴᠠᠲᠠᠶ ᠪᠥᠭᠡᠳ | ᠲᠦᠷᠭᠡᠨ ᠳᠡᠮᠵᠢᠪᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠠᠴᠢᠮ ᠬᠡᠷᠡᠭᠴᠡᠭᠡ ᠲᠠᠢ ᠨᠢᠭᠲᠠ | ᠤᠶᠠᠯᠳᠤᠭᠤᠯᠤᠨ ᠬᠦᠴᠢᠷᠳᠡᠯ ᠢ ᠰᠢᠢᠳᠪᠦᠷᠢᠯᠡᠬᠦ᠂ ᠰᠢᠭᠤᠳ ᠬᠦᠷᠭᠡᠬᠦ ᠲᠣᠭᠲᠠᠴᠠ ᠪᠠ ᠪᠠᠭᠠᠵᠢ ᠶᠢ ᠪᠠᠶᠢᠭᠤᠯᠤᠨ | ᠲᠣᠬᠢᠷᠠᠭᠤᠯᠬᠤ ᠪᠣᠯ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠳ᠋ ᠤᠨ ᠵᠠᠰᠠᠭ ᠮᠥᠩᠭᠦᠨ | ᠭᠦᠢᠯᠭᠡᠭᠡᠨ ᠤ ᠬᠦᠷᠢᠶᠡᠨ ᠳᠠᠬᠢ ᠰᠢᠨ᠎ᠡ ᠶᠢ ᠡᠭᠦᠳᠦᠭᠰᠡᠨ ᠦᠢᠯᠡᠳᠦᠯᠭᠡ ᠪᠠᠶᠢᠵᠤ᠂ ᠬᠤᠷᠸ᠎ᠠ ᠲᠦᠷᠦ ᠶᠢᠨ | ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ︽ᠲᠦᠷᠭᠡᠳᠬᠡᠭᠦᠷ︾ ᠪᠠ ᠦᠷ᠎ᠡ ᠪᠦᠲᠦᠮᠵᠢ ᠶᠢᠨ ︽ | ᠨᠡᠮᠡᠭᠳᠡᠭᠦᠯᠦᠭᠴᠢ︾ ᠶᠢᠨ ᠦᠢᠯᠡᠳᠦᠯ ᠢ ᠪᠠᠳᠠᠷᠠᠭᠤᠯᠤᠭᠰᠠᠨ ᠶᠤᠮ ᠭᠡᠵᠦ ᠬᠡᠯᠡᠵᠦ ᠪᠣᠯᠤᠨ᠎ᠠ᠃ ︵ᠬᠤᠶᠠᠷ︶ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠲᠣᠰ ᠪᠡᠶ᠎ᠡ ᠶᠢᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ᠂ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠨᠠᠩ ᠶᠡᠭᠡ ᠡᠷᠴᠢᠮ ᠢᠶᠠᠷ ᠭᠦᠨᠵᠡᠭᠡᠶᠢᠷᠡᠭᠦᠯᠪᠡ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠣᠯ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ | ᠴᠢᠬᠤᠯᠠ ᠠᠭᠤᠯᠭ᠎ᠠ ᠪᠠᠶᠢᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠭᠤᠤᠯ ᠭᠠᠷᠳᠠᠴᠠ | ᠮᠥᠨ᠃ ᠡᠳ᠋ ᠤᠨ ᠵᠠᠰᠠᠭ᠂ ᠵᠣᠭᠤᠰᠣᠨ ᠤ ᠲᠥᠷᠥ ᠶᠢᠨ ᠪᠣᠳᠣᠯᠭ᠎ᠠ ᠲᠠᠢ ᠬᠠᠷᠢᠴᠠᠭᠤᠯᠪᠠᠯ᠂ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠳᠤ ᠦᠨᠳᠦᠰᠦᠨ ᠳᠤ ᠪᠠᠨ ᠵᠣᠭᠤᠰ ᠵᠠᠷᠤᠴᠠᠭᠤᠯᠬᠤ ᠥᠬᠡᠶ ᠪᠤᠶᠤ | ᠮᠠᠰᠢ ᠪᠠᠭ᠎ᠠ ᠵᠣᠭᠤᠰ ᠵᠠᠷᠤᠴᠠᠭᠤᠯᠬᠤ ᠮᠥᠷᠲᠡᠭᠡᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ | ᠬᠦᠴᠦᠨ ᠢ ᠬᠥᠭᠵᠢᠭᠡᠬᠦ ᠲᠠᠯ᠎ᠠ ᠪᠠᠷ ᠪᠠᠭ᠎ᠠ ᠬᠦᠴᠦ ᠣᠷᠣᠭᠤᠯᠵᠤ ᠶᠡᠭᠡ ᠠᠮᠵᠢᠯᠲᠠ ᠤᠯᠬᠤ᠂ ᠨᠢᠭᠡ ᠯᠡ ᠳᠡᠭᠡᠷ᠎ᠡ | ᠣᠯᠠᠨ ᠠᠮᠵᠢᠯᠲᠠ ᠣᠯᠵᠤ ᠴᠢᠳᠠᠬᠤ ᠦᠢᠯᠡᠳᠦᠯ ᠲᠠᠢ ᠶᠤᠮ᠃ ᠵᠠᠰᠠᠭ ᠳᠥᠭᠦᠮ ᠪᠣᠯ ᠬᠡᠷᠡᠭᠵᠢᠭᠦᠯᠬᠦ ᠳᠤ ᠬᠢᠯᠪᠠᠷ᠂ | ᠵᠠᠰᠠᠭ ᠲᠦᠪᠡᠭ ᠪᠣᠯ ᠭᠦᠢᠴᠡᠳᠬᠡᠬᠦ ᠳᠤ ᠬᠦᠴᠢᠷ᠃ ᠪᠢᠳᠡ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ ᠲᠦᠷᠢᠮ︾ ᠢ ᠭᠦᠨᠵᠡᠭᠡᠶ ᠬᠡᠷᠡᠭᠵᠢᠭᠦᠯᠵᠦ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ | ᠠᠯᠳᠠᠭᠳᠠᠯ ᠲᠠᠢ ᠵᠦᠢᠯᠡᠰ ᠤᠨ ᠨᠠᠷᠢᠨ ᠬᠠᠭᠤᠳᠠᠰᠤ ᠶᠢ ᠪᠠᠭᠠᠰᠬᠠᠵᠤ᠂ ᠦᠨᠡᠮᠯᠡᠯ ᠠᠪᠬᠤ᠂ ᠪᠣᠭᠤᠮᠲᠠ ᠪᠠᠷ ᠥᠩᠭᠡᠷᠡᠬᠦ | ᠂ ᠴᠠᠬᠢᠯᠭᠠᠨ ᠭᠠᠷᠭᠠᠬᠤ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ | ᠵᠡᠷᠭᠡ ᠴᠠᠭ ᠢ ᠬᠠᠰᠤᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠯᠲᠠ ᠶᠢ ᠢᠯᠭᠠᠷᠠᠭᠤᠯᠤᠨ | ᠵᠢᠷᠤᠮᠵᠢᠭᠤᠯᠵᠤ᠂ ᠲᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠦᠷᠳᠡᠭ ᠢ ᠪᠠᠭᠤᠷᠠᠭᠤᠯᠪᠠ᠃ ᠵᠠᠰᠠᠭ | ᠳᠥᠭᠦᠮ ᠪᠣᠯ ᠬᠠᠮᠢᠶᠠᠷᠬᠤ ᠳᠤ ᠬᠢᠯᠪᠠᠷ᠂ ᠵᠠᠰᠠᠭ ᠲᠦᠪᠡᠭ ᠪᠣᠯ ᠢᠯᠵᠢᠷᠡᠬᠦ ᠳᠤ ᠬᠢᠯᠪᠠᠷ᠃ ᠪᠢᠳᠠ ᠲᠠᠯᠪᠢᠬᠤ | ᠬᠠᠮᠢᠶᠠᠷᠬᠤ ᠶᠢ ᠤᠶᠠᠯᠳᠤᠭᠤᠯᠬᠤ ᠪᠠ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠢᠳᠡᠭᠡᠨ᠂ ᠡᠮ ᠤᠨ ᠵᠦᠢᠯᠡᠰ᠂ | ᠸᠠᠺᠼᠢᠨ ᠵᠡᠷᠭᠡ ᠭᠤᠣᠯᠳᠠᠯᠭ᠎ᠠ ᠲᠠᠢ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠠᠰᠤ ᠴᠢᠨᠠᠷ | ᠪᠣᠯᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠪᠠ︔ ᠭᠠᠭᠴᠠᠭᠠᠷ ᠡᠵᠡᠮᠰᠢᠯ ᠢ ᠡᠰᠡᠷᠭᠦᠴᠡᠬᠦ | ᠪᠠ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠶᠢ ᠴᠢᠩᠭᠠᠳᠬᠠᠵᠤ᠂ ︽ᠬᠤᠶᠠᠷ ᠢ ᠲᠠᠰᠢᠷᠠᠮ ᠪᠠᠷ ᠪᠠᠶᠢᠴᠠᠭᠠᠵᠤ᠂ | ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ | ᠵᠡᠷᠭᠡ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢ ᠭᠦᠨᠵᠡᠭᠡᠶ ᠠᠬᠢᠭᠤᠯᠵᠤ᠂ ᠭᠤᠣᠯᠴᠢ ᠥᠷᠢᠰᠥᠯᠳᠦᠭᠡᠨ ᠢ | ᠬᠦᠴᠦᠲᠡᠶ ᠬᠠᠮᠠᠭᠠᠯᠠᠪᠠ᠃ ᠵᠠᠰᠠᠭ ᠳᠥᠭᠦᠮ ᠪᠣᠯ ᠠᠷᠠᠳ ᠲᠤ ᠳᠥᠭᠦᠮ᠂ ᠵᠠᠰᠠᠭ ᠲᠦᠪᠡᠭ ᠪᠣᠯ ᠠᠷᠠᠳ ᠲᠤ ᠶᠠᠷᠰᠢᠭ | ᠃ ᠪᠢᠳᠡ ᠨᠡᠩ ᠤᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ | ᠳᠡᠭᠡᠷ᠎ᠡ ᠭᠦᠢᠴᠡᠳᠬᠡᠬᠦ ᠶᠢ ᠠᠬᠢᠭᠤᠯᠵᠤ᠂ ᠬᠠᠮᠤᠭ ᠤᠨ ᠶᠡᠭᠡ ᠪᠠᠷ ᠠᠵᠤ ᠠᠬᠤᠶᠢᠯᠠᠯ ᠳᠤ ᠠᠰᠢᠭ ᠬᠦᠷᠲᠡᠭᠡᠵᠦ | ᠠᠷᠠᠳ ᠲᠤ ᠲᠦᠬᠦᠮ ᠦᠵᠡᠭᠦᠯᠪᠡ᠃ ᠡᠳᠡᠭᠡᠷ ᠥᠭᠡᠷᠡᠴᠢᠯᠡᠯᠲᠡ ᠨᠢ ᠵᠠᠩᠭᠢᠯᠠᠭ᠎ᠠ ᠶᠢᠨ ᠴᠡᠭ ᠢ ᠠᠳᠬᠤᠵᠤ᠂ ᠴᠢᠬᠤᠯᠠ | ᠭᠠᠵᠠᠷ ᠢ ᠬᠥᠨᠳᠡᠭᠡᠭᠰᠡᠨ ᠮᠥᠷᠲᠡᠭᠡᠨ ᠢᠯᠡ ᠲᠣᠳᠣ᠂ ᠳᠥᠭᠦᠮ ᠳᠥᠲᠡ᠂ ᠬᠡᠷᠡᠭᠵᠢᠭᠦᠯᠬᠦ ᠳᠤ ᠬᠢᠯᠪᠡᠷ ᠪᠠᠶᠢᠵᠤ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠲᠠᠯ᠎ᠠ ᠪᠠᠷ ᠦᠷ᠎ᠡ | ᠪᠦᠲᠦᠮᠵᠢ ᠨᠢ ᠡᠳ᠋ ᠤᠨ ᠵᠠᠰᠠᠭ ᠵᠣᠭᠤᠰᠣᠨ ᠤ ᠲᠦᠷᠦ ᠶᠢᠨ ᠪᠤᠳᠤᠯᠭ᠎ᠠ ᠳᠤ ᠣᠷᠣᠭᠤᠯᠤᠭᠰᠠᠨ ᠪᠡᠯᠡ ᠮᠥᠩᠭᠦ ᠠᠴᠠ | ᠳᠣᠣᠷ᠎ᠠ ᠦᠭᠡᠢ ᠪᠠᠶᠢᠵᠤ᠂ ᠡᠭᠦᠨ ᠢ ᠮᠠᠰᠢ ᠪᠦᠲᠦᠮᠵᠢᠲᠡᠶ ︽ᠵᠥᠭᠡᠯᠡᠨ ᠣᠷᠣᠭᠤᠯᠤᠯᠲᠠ︾ ᠭᠡᠵᠦ ᠬᠡᠯᠡᠵᠦ ᠪᠣᠯᠤᠨ᠎ᠠ᠃ | | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠨᠢ ᠬᠢᠵᠢᠭ ᠲᠠᠢ ᠲᠡᠮᠡᠴᠡᠬᠦ ᠳᠤᠮᠳᠠ ᠴᠢᠬᠤᠯᠠ | ᠦᠢᠯᠡᠳᠦᠯ ᠦᠵᠡᠭᠦᠯᠪᠡ᠃ ᠨᠢᠳᠤᠨᠤᠨ ᠬᠢᠵᠢᠭ ᠤᠨ ᠪᠠᠶᠢᠳᠠᠯ ᠬᠠᠮᠤᠭ ᠤᠨ ᠪᠠᠴᠢᠮ ᠪᠠᠶᠢᠭᠰᠠᠨ ᠦᠶ᠎ᠡ ᠳᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠢᠵᠢᠭ ᠢ ᠰᠡᠷᠭᠡᠶᠢᠯᠡᠬᠦ ᠪᠠ ᠡᠮᠴᠢᠯᠡᠭᠡᠨ ᠤ ᠡᠳ᠋ ᠪᠣᠳᠠᠰ ᠤᠨ ᠪᠠᠴᠢᠮ | ᠪᠠᠶᠢᠳᠠᠯ ᠢ ᠠᠷᠭᠠᠴᠠᠭᠠᠬᠤ ᠬᠢᠨᠠᠨ ᠵᠥᠪᠰᠢᠶᠡᠷᠡᠯ ᠢ ᠦᠳᠲᠡᠷ ᠲᠦᠷᠭᠡᠨ ᠡᠬᠢᠯᠡᠭᠦᠯᠦᠭᠰᠡᠨ ᠪᠥᠭᠡᠳ ᠬᠢᠷᠢ ᠲᠡᠩᠴᠡᠬᠦ | ᠦᠭᠡᠢ ᠦᠢᠯᠡᠳᠬᠦᠨ ᠪᠠ ᠬᠠᠤᠯᠢ ᠪᠤᠰᠤ ᠪᠠᠷ ᠡᠵᠡᠩᠨᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠠᠪᠴᠢ᠂ | ᠬᠠᠮᠠᠭᠠᠯᠠᠯᠲᠠ ᠶᠢᠨ ᠬᠤᠪᠴᠠᠰᠤ ᠵᠡᠷᠭᠡ ᠶᠢᠨ ᠦᠢᠯᠡᠳᠪᠦᠷᠢᠯᠡᠬᠦ ᠴᠢᠳᠠᠪᠤᠷᠢ ᠶᠢᠨ ᠦᠳᠲᠡᠷ ᠲᠦᠷᠭᠡᠨ ᠨᠡᠮᠡᠭᠳᠡᠬᠦ ᠶᠢ | ᠠᠬᠢᠭᠤᠯᠪᠠ᠃ ᠬᠢᠵᠢᠭ ᠤᠨ ᠪᠠᠶᠢᠳᠠᠯ ᠤᠨ ᠡᠬᠢᠨ ᠤ ᠬᠤᠭᠤᠴᠠᠭᠠᠨ ᠳᠤ ᠠᠮᠠᠪᠴᠢ ᠶᠢᠨ ᠡᠳᠦᠷ ᠤᠨ ᠭᠠᠷᠤᠯᠲᠠ 600 | ᠲᠦᠮᠡ ᠯᠡ ᠪᠠᠶᠢᠭᠰᠠᠨ ᠪᠣᠯᠪᠠᠴᠤ ᠤᠳᠠᠯ ᠦᠭᠡᠶ ᠨᠡᠮᠡᠭᠳᠡᠵᠦ᠂ ᠣᠳᠣᠬᠠᠨ ᠳᠤ ᠡᠳᠦᠷ ᠤᠨ ᠦᠢᠯᠡᠳᠪᠦᠷᠢᠯᠡᠬᠦ | ᠴᠢᠳᠠᠪᠤᠷᠢ ᠨᠢ ᠨᠢᠭᠡᠨᠲᠡ 12 ᠳ᠋ᠦᠩᠰᠢᠭᠤᠷ ᠢ ᠳᠠᠪᠠᠵᠠᠶ᠃ ᠣᠯᠠᠨ ᠵᠢᠯ ᠤᠨ ᠲᠤᠷᠰᠢ ︽ᠲᠠᠯᠪᠢᠬᠤ ᠬᠠᠮᠢᠶᠠᠷᠬᠤ | ᠦᠢᠯᠡᠴᠢᠯᠡᠬᠦ︾ ᠵᠡᠷᠭᠡ ᠭᠤᠤᠯᠳᠠᠯᠭ᠎ᠠ ᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠠᠵᠤ ᠦᠢᠯᠡᠰ ᠰᠢᠨ᠎ᠡ | ᠡᠵᠡᠩᠨᠡᠯᠲᠡ ᠶᠢᠨ ᠪᠠᠶᠢᠳᠠᠯ ᠰᠢᠨ᠎ᠡ ᠵᠠᠭᠪᠤᠷ ᠤᠨ ᠲᠦᠷᠭᠡᠨ ᠪᠤᠶᠢᠵᠢᠯᠲᠠ ᠳᠤ ᠬᠦᠴᠦᠨ ᠨᠡᠮᠡᠷᠢᠯᠡᠵᠦ᠂ ᠰᠦᠯᠵᠢᠶ᠎ᠡ ᠪᠠᠷ | ᠪᠠᠷᠠᠭ᠎ᠠ ᠬᠤᠳᠠᠯᠳᠤᠨ ᠠᠪᠬᠤ᠂ ᠠᠯᠤᠰ ᠠᠴᠠ ᠠᠯᠪᠠᠯᠠᠬᠤ᠂ ᠰᠦᠯᠵᠢᠶᠡᠨ ᠳᠡᠭᠡᠷ᠎ᠡ ᠵᠢᠭᠠᠨ ᠰᠤᠷᠭᠠᠯᠲᠠ ᠬᠢᠭᠡᠳ | ᠡᠮᠴᠢᠯᠡᠭᠡ ᠵᠡᠷᠭᠡ ᠲᠠᠯ᠎ᠠ ᠪᠠᠷ ᠦᠯᠦ ᠬᠦᠷᠦᠯᠴᠡᠬᠦ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠠᠮᠢᠳᠤᠷᠠᠯ᠂ ᠠᠵᠢᠯ | ᠪᠠ ᠰᠤᠷᠤᠯᠴᠠᠯᠭ᠎ᠠ ᠳᠤ ᠲᠥᠬᠦᠮ ᠦᠵᠡᠭᠦᠯᠪᠡ᠃ ᠡᠳᠡᠭᠡᠷ ᠨᠢ ᠬᠢᠵᠢᠭ ᠲᠠᠢ ᠲᠡᠮᠡᠴᠡᠭᠰᠡᠨ ᠪᠠ ᠰᠡᠷᠭᠡᠶᠢᠯᠡᠨ | ᠬᠤᠷᠢᠭᠯᠠᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢ ᠬᠦᠴᠦᠲᠡᠶ ᠠᠬᠢᠭᠤᠯᠵᠤ᠂ ᠬᠡᠪ ᠤᠨ ᠦᠢᠯᠡᠳᠪᠦᠷᠢᠯᠡᠯ | ᠠᠮᠢᠳᠤᠷᠠᠯ ᠤᠨ ᠡᠮᠬᠢ ᠵᠢᠷᠤᠮ ᠢ ᠬᠠᠮᠠᠭᠠᠯᠠᠪᠠ᠃ | ᠡᠯ᠎ᠡ ᠭᠠᠵᠠᠷ ᠣᠷᠣᠨ ᠨᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠢᠳᠡᠪᠬᠢᠲᠡᠶ ᠬᠠᠶᠢᠨ | ᠰᠦᠪᠡᠭᠴᠢᠯᠡᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠨᠡᠶᠢᠳᠡᠮ ᠳᠤ ᠪᠠᠨ | ᠠᠵᠢᠯ ᠤᠨ ᠭᠤᠤᠯᠳᠠᠯᠭ᠎ᠠ ᠪᠠᠨ ᠪᠣᠯᠭᠠᠵᠤ᠂ ᠮᠠᠰᠢ ᠣᠯᠠᠨ ᠬᠦᠷᠢᠶᠡᠨ ᠳᠤ ︽ᠭᠠᠭᠴᠠ ᠵᠦᠢᠯ ᠤᠨ ᠮᠠᠩᠯᠠᠶ︾᠂ ︽ | ᠨᠢᠭᠡ ᠠᠵᠢᠯ ᠳᠤ ᠨᠢᠭᠡ ᠦᠨᠡᠮᠯᠡᠯ︾᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ︽ | ᠭᠤᠶᠤᠴᠢᠯᠠᠬᠤ ᠥᠬᠡᠶ ᠪᠠᠷ ᠡᠳ᠋ᠯᠡᠬᠦ︾᠂ ᠲᠦᠭᠰᠢᠭᠦᠷᠢ ᠶᠣᠰᠣᠭᠠᠷ ᠲᠠᠰ ᠬᠤᠪᠢᠶᠠᠨ ᠲᠥᠷᠥᠯ ᠠᠩᠭᠢᠯᠠᠵᠤ ᠬᠢᠨᠠᠨ | ᠬᠠᠮᠢᠶᠠᠷᠬᠤ ᠵᠡᠷᠭᠡ ᠰᠢᠨ᠎ᠡ ᠠᠷᠭ᠎ᠠ ᠬᠡᠮᠵᠢᠶ᠎ᠡ ᠶᠢ ᠡᠭᠦᠳᠴᠦ᠂ ᠠᠵᠤ ᠠᠬᠤᠶᠢᠯᠠᠯ ᠪᠠ ᠣᠯᠠᠨ ᠲᠦᠮᠡᠨ ᠤ ᠥᠷᠭᠡᠨ | ᠬᠦᠷᠢᠶᠡᠯᠡᠯ ᠢ ᠣᠯᠪᠠ᠃ | ︵ᠭᠤᠷᠪᠠ︶ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠ ᠠᠮᠢᠵᠢᠷᠠᠯ ᠤᠨ ᠬᠦᠴᠦᠨ ᠢ ᠨᠢ | ᠬᠥᠭᠵᠢᠭᠡᠬᠦ ᠶᠢ ᠵᠡᠷᠭᠡ ᠪᠠᠷ ᠴᠢᠬᠤᠯᠠᠴᠢᠯᠠᠵᠤ᠂ ᠶᠡᠭᠡ ᠬᠡᠮᠵᠢᠶᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠬᠦᠴᠦᠲᠡᠶ ᠪᠠᠲᠤᠯᠠᠵᠤ ᠨᠡᠮᠡᠭᠳᠡᠭᠦᠯᠪᠡ᠃ ᠵᠠᠬ᠎ᠠ ᠳᠡᠯᠭᠡᠭᠦᠷ ᠤᠨ ᠭᠤᠣᠯ ᠴᠣᠭᠴᠠ ᠪᠣᠯ ᠠᠵᠢᠯ ᠣᠯᠭᠤᠯᠲᠠ ᠪᠠ ᠠᠵᠤ | ᠠᠬᠤᠶ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠬᠦᠴᠦᠲᠡᠶ ᠲᠦᠰᠢᠭ ᠮᠥᠨ᠃ ᠨᠢᠳᠤᠨᠤᠨ ᠤ ᠲᠡᠶᠢᠮᠦ | ᠬᠦᠴᠢᠷ ᠲᠠᠢ ᠪᠠᠶᠢᠳᠠᠯ ᠳᠣᠣᠷ᠎ᠠ᠂ ᠰᠢᠨ᠎ᠡ ᠪᠠᠷ ᠪᠠᠶᠢᠭᠤᠯᠤᠭᠳᠠᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠲᠤᠭ᠎ᠠ ᠨᠢᠭᠡᠳᠦᠭᠡᠷ ᠤᠯᠠᠷᠢᠯ ᠳᠤ ᠢᠯᠡᠳᠲᠡ ᠪᠠᠭᠤᠷᠠᠭᠰᠠᠨ ᠪᠣᠯᠪᠠᠴᠤ ᠪᠦᠬᠦ ᠵᠢᠯ ᠳᠤ ᠮᠥᠨ 2500 ᠭᠠᠷᠤᠶ | ᠲᠦᠮᠡᠨ ᠡᠷᠦᠭᠡ ᠳᠤ ᠬᠦᠷᠴᠦ᠂ ᠰᠥᠷᠭᠡᠦ ᠨᠡᠮᠡᠭᠳᠡᠯ ᠢᠯᠡᠷᠡᠪᠡ︔ ᠡᠨᠡ ᠵᠢᠯ ᠤᠨ ᠲᠦᠷᠦᠭᠦᠦ 4 ᠰᠠᠷ᠎ᠠ ᠳᠤ | ᠦᠷᠭᠦᠯᠵᠢᠯᠡᠨ ᠳᠡᠭᠡᠳᠦ ᠬᠤᠷᠳᠤᠴᠠ ᠪᠠᠷ ᠨᠡᠮᠡᠭᠳᠡᠬᠦ ᠶᠢ ᠪᠠᠲᠤᠯᠠᠵᠤ᠂ 900 ᠲᠦᠮᠡ ᠰᠢᠬᠠᠮ ᠵᠠᠬ᠎ᠠ ᠳᠡᠯᠭᠡᠭᠦᠷ ᠤᠨ | ᠭᠤᠣᠯ ᠴᠣᠭᠴᠠ ᠰᠢᠨ᠎ᠡ ᠪᠠᠷ ᠪᠠᠶᠢᠭᠤᠯᠤᠭᠳᠠᠪᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠪᠠᠯ ᠠᠵᠢᠯ | ᠣᠯᠭᠤᠯᠲᠠ ᠶᠢ ᠲᠣᠭᠲᠠᠪᠤᠷᠢᠵᠢᠭᠤᠯᠵᠤ ᠴᠢᠳᠠᠨ᠎ᠠ᠃ ᠨᠢᠳᠤᠨᠤᠨ ᠬᠤᠲᠠ ᠪᠠᠯᠭᠠᠰᠤᠨ ᠤ 1186 ᠲᠦᠮᠡᠨ | ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠭᠰᠠᠨ ᠨᠤᠷᠮ᠎ᠠ | ᠬᠠᠮᠤᠭ ᠤᠨ ᠥᠨᠳᠥᠷ ᠦᠶ᠎ᠡ ᠪᠣᠯᠬᠤ 2 ᠳ᠋ᠤᠭᠠᠷ ᠰᠠᠷ᠎ᠠ ᠳᠤ 6.2% ᠪᠠᠶᠢᠭᠰᠠᠨ ᠠᠴᠠ ᠪᠠᠨ ᠵᠢᠯ ᠤᠨ ᠡᠴᠦᠰ ᠲᠤ | 5.2% ᠪᠤᠯᠵᠤ ᠪᠠᠭᠤᠷᠠᠪᠠ᠃ ᠠᠵᠢᠯ ᠣᠯᠪᠠᠯ ᠣᠷᠣᠯᠭ᠎ᠠ ᠣᠯᠣᠨ᠎ᠠ᠃ ᠨᠢᠳᠤᠨᠤᠨ ᠪᠦᠬᠦ ᠤᠯᠤᠰ ᠤᠨ ᠰᠠᠭᠤᠭᠠᠯᠢ | ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠪᠣᠳᠠᠲᠠᠢ ᠪᠠᠷ 2.1% ᠪᠠᠷ ᠨᠡᠮᠡᠭᠳᠡᠵᠦ᠂ ᠠᠵᠤ | ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ ᠠᠯᠬᠤᠮ ᠨᠢᠭᠡᠳᠴᠡᠢ᠃ ᠰᠢᠨ᠎ᠡ ᠪᠠᠷ ᠪᠠᠶᠢᠭᠤᠯᠤᠭᠳᠠᠭᠰᠠᠨ ᠵᠠᠬ᠎ᠠ | ᠳᠡᠯᠭᠡᠭᠦᠷ ᠤᠨ ᠭᠤᠣᠯ ᠴᠣᠭᠴᠠ ᠨᠢ ᠮᠠᠰᠢ ᠲᠦᠷᠭᠡᠨ ᠢᠶᠠᠷ ᠭᠠᠶᠢᠯᠢ ᠲᠠᠲᠠᠪᠤᠷᠢ ᠶᠢᠨ ᠴᠢᠬᠤᠯᠠ ᠢᠷᠡᠯᠳᠡ ᠪᠣᠯᠪᠠ᠃ | 2013 ᠣᠨ ᠳᠤ᠂ ᠪᠥᠬᠦ ᠤᠯᠤᠰ ᠤᠨ ᠰᠢᠨ᠎ᠡ ᠪᠠᠷ ᠡᠷᠭᠢᠯᠡᠭᠰᠡᠨ ᠭᠠᠶᠢᠯᠢ ᠳᠤ ᠬᠤᠯᠪᠣᠭᠳᠠᠭᠰᠠᠨ ᠵᠠᠬ᠎ᠠ | ᠳᠡᠯᠭᠡᠭᠦᠷ ᠤᠨ ᠭᠤᠣᠯ ᠴᠣᠭᠴᠠ ᠲᠣᠰ ᠵᠢᠯ ᠳᠤ ᠪᠠᠨ 1600 ᠳ᠋ᠦᠩᠰᠢᠭᠤᠷ ᠲᠥᠭᠦᠷᠢᠭ ᠤᠨ ᠭᠠᠶᠢᠯᠢ ᠲᠤᠰᠢᠶᠠᠵᠠᠶ︔ | ᠨᠢᠳᠤᠨᠤᠨ ᠪᠣᠯᠬᠤ ᠳᠤ᠂ ᠣᠶᠢᠷ᠎ᠠ ᠶᠢᠨ ᠬᠡᠳᠦᠨ ᠵᠢᠯ ᠳᠤ ᠰᠢᠨ᠎ᠡ ᠪᠠᠷ ᠡᠷᠭᠢᠯᠡᠭᠰᠡᠨ ᠭᠠᠶᠢᠯᠢ ᠳᠤ ᠬᠤᠯᠪᠣᠭᠳᠠᠭᠰᠠᠨ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠭᠠᠶᠢᠯᠢ ᠲᠤᠰᠢᠶᠠᠭᠰᠠᠨ ᠬᠡᠮᠵᠢᠶ᠎ᠡ ᠨᠡᠶᠢᠲᠡ 3.82 ᠲᠦᠮᠡᠨ | ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠪᠥᠬᠦ ᠤᠯᠤᠰ ᠤᠨ ᠭᠠᠶᠢᠯᠢ ᠶᠢᠨ ᠣᠷᠣᠯᠭ᠎ᠠ ᠶᠢᠨ 1/4 ᠶᠢ | ᠳᠠᠪᠠᠭᠰᠠᠨ ᠪᠥᠭᠡᠳ ᠨᠢᠳᠤᠨᠤᠨ ᠤ ᠰᠢᠨ᠎ᠡ ᠪᠠᠷ ᠨᠡᠮᠡᠭᠳᠡᠭᠰᠡᠨ ᠭᠠᠶᠢᠯᠢ ᠶᠢ ᠬᠥᠩᠭᠡᠯᠡᠵᠦ ᠰᠦᠢᠳᠬᠡᠯ ᠢ | ᠪᠠᠭᠤᠷᠠᠭᠤᠯᠤᠭᠰᠠᠨ ᠬᠡᠪᠴᠢᠶ᠎ᠡ ᠠᠴᠠ ᠴᠦ ᠳᠠᠪᠠᠪᠠ᠃ ᠤᠯᠠᠨ ᠳᠠᠪᠬᠤᠷ ᠬᠦᠨᠳᠦ ᠨᠣᠴᠢᠲᠠᠢ ᠲᠠᠭᠠᠷᠢᠯᠳᠠ ᠶᠢᠨ ᠡᠮᠦᠨ᠎ᠡ | ᠂ ᠳ᠋ᠦᠩᠰᠢᠭᠤᠷ ᠭᠠᠷᠤᠢ ᠵᠠᠬ᠎ᠠ ᠳᠡᠯᠭᠡᠭᠦᠷ ᠤᠨ ᠭᠤᠣᠯ ᠴᠣᠭᠴᠠ ᠨᠢ ᠬᠦᠴᠦᠷᠬᠡᠭ ᠶᠡᠭᠡ ᠤᠶᠠᠨ ᠬᠠᠳᠠᠨ ᠴᠢᠨᠠᠷ ᠢ | ᠢᠯᠡᠷᠡᠭᠦᠯᠪᠡ᠃ ᠵᠠᠬ᠎ᠠ ᠳᠡᠯᠭᠡᠭᠦᠷ ᠤᠨ ᠭᠤᠣᠯ ᠴᠣᠭᠴᠠ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ | ᠬᠦᠴᠦᠨ ᠪᠠᠶᠢᠵᠤ᠂ ᠠᠷᠠᠳ ᠲᠦᠮᠡᠨ ᠪᠣᠯ ᠵᠢᠩᠬᠢᠨᠢ ᠪᠠᠭᠠᠲᠤᠷ ᠮᠥᠨ ᠭᠡᠳᠡᠭ ᠢ ᠦᠢᠯᠡᠳᠦᠯᠭᠡ ᠭᠡᠷᠡᠴᠢᠯᠡᠪᠡ᠃ | ᠡᠨᠡ ᠵᠢᠯ ᠠᠴᠠ ᠨᠠᠭᠠᠰᠢ ᠮᠠᠨ ᠤ ᠤᠯᠤᠰ ᠤᠨ ᠠᠵᠤ ᠠᠬᠤᠶ ᠶᠢᠨ ᠠᠵᠢᠯᠯᠠᠭᠠᠨ ᠦᠷᠭᠦᠯᠵᠢᠯᠡᠨ ᠲᠣᠭᠲᠠᠭᠤᠨ ᠳᠤᠮᠳᠠ | ᠪᠠᠬᠢᠵᠢᠵᠦ᠂ ᠲᠣᠭᠲᠠᠭᠤᠨ ᠳᠤᠮᠳᠠ ᠰᠠᠶᠢᠵᠢᠷᠠᠭᠰᠠᠨ ᠪᠣᠯᠪᠠᠴᠤ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ | ᠨᠥᠬᠦᠴᠡᠯ ᠮᠥᠨ ᠬᠦ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶᠢᠨ᠎ᠠ᠃ ᠪᠦᠬᠦ ᠪᠥᠮᠪᠥᠷᠴᠡᠭ ᠤᠨ | ᠬᠢᠵᠢᠭ ᠤᠨ ᠪᠠᠶᠢᠳᠠᠯ ᠮᠥᠨ ᠯᠡ ᠦᠷᠭᠦᠯᠵᠢᠯᠡᠵᠦ᠂ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ ᠥᠰᠴᠦ᠂ ᠵᠣᠭᠤᠰ | ᠮᠠᠭᠤᠳᠠᠯ ᠵᠢᠱᠢᠯᠲᠡ ᠠᠴᠠ ᠳᠡᠭᠡᠭᠰᠢᠯᠡᠵᠦ ᠪᠠᠶᠢᠨ᠎ᠠ᠃ ᠤᠯᠤᠰ ᠤᠨ ᠳᠣᠲᠣᠭᠠᠳᠤ ᠶᠢᠨ ᠠᠵᠤ ᠠᠬᠤᠶ ᠶᠢᠨ ᠰᠡᠷᠭᠦᠯᠲᠡ | ᠪᠠᠰᠠ ᠲᠡᠩᠴᠡᠭᠦᠷᠢ ᠦᠭᠡᠢ ᠪᠠᠶᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ | ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠴᠥᠭᠡᠨ ᠪᠤᠰᠤ ᠬᠦᠴᠢᠷᠳᠡᠯ ᠳᠤ | ᠲᠤᠯᠭᠠᠷᠠᠭᠰᠠᠭᠠᠷ ᠪᠠᠶᠢᠨ᠎ᠠ᠃ ᠠᠵᠢᠯ ᠣᠯᠭᠤᠯᠲᠠ ᠶᠢᠨ ᠳᠠᠷᠤᠯᠲᠠ ᠮᠥᠨ ᠯᠡ ᠨᠡᠯᠢᠶᠡᠳ ᠶᠡᠭᠡ ᠪᠠᠶᠢᠵᠤ᠂ ᠵᠥᠪᠬᠡᠨ | ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ 909 ᠲᠦᠮᠡ ᠳᠤ ᠬᠦᠷᠴᠡᠶ᠃ ᠬᠡᠳᠦ᠋ᠢᠪᠡᠷ 4 ᠳ᠋ᠦ᠋ᠭᠡᠷ | ᠰᠠᠷ᠎ᠠ ᠳᠤ ᠪᠥᠬᠦ ᠤᠯᠤᠰ ᠤᠨ ᠬᠤᠲᠠ ᠪᠠᠯᠭᠠᠰᠤᠨ ᠤ ᠪᠠᠶᠢᠴᠠᠭᠠᠯᠲᠠ ᠶᠢᠨ ᠠᠵᠢᠯ ᠠᠯᠳᠠᠭᠰᠠᠨ ᠨᠣᠷᠮ᠎ᠠ ᠨᠢᠭᠡᠨᠲᠡ 5. | 1% ᠪᠣᠯᠲᠠᠯ᠎ᠠ ᠪᠠᠭᠤᠷᠠᠭᠰᠠᠨ ᠴᠤ 8 ᠮᠤᠵᠢ ᠣᠷᠣᠨ ᠳᠤ 6% ᠶᠢ ᠳᠠᠪᠠᠪᠠ᠃ ᠪᠢᠳᠡ ᠦᠷᠭᠦᠯᠵᠢᠯᠡᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠠᠩᠬᠠᠷᠤᠯ ᠤᠨ ᠲᠣᠭᠤᠷᠢᠨ ᠳᠤ ᠬᠤᠷᠸ᠎ᠠ ᠲᠦᠷᠦ ᠶᠢᠨ ᠪᠤᠳᠤᠯᠭ᠎ᠠ ᠶᠢ | ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠬᠡᠷᠡᠭᠵᠢᠭᠦᠯᠵᠦ᠂ ᠪᠠᠶᠢᠩᠭᠤᠵᠢᠭᠰᠠᠨ ᠡᠳ᠋ ᠤᠨ ᠵᠠᠰᠠᠭ ᠤᠨ ᠪᠡᠯᠡ | ᠮᠥᠩᠭᠦ ᠶᠢ ᠰᠢᠭᠤᠳ ᠬᠦᠷᠭᠡᠬᠦ ᠲᠣᠭᠲᠠᠴᠠ ᠪᠠ ᠵᠣᠭᠤᠰᠣᠨ ᠤ ᠲᠦᠷᠦ ᠶᠢᠨ ᠪᠤᠳᠤᠯᠭ᠎ᠠ ᠶᠢᠨ ᠰᠢᠭᠤᠳ ᠬᠦᠷᠭᠡᠬᠦ | ᠪᠠᠭᠠᠵᠢ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠳᠠᠭᠠᠤ ᠳᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠵᠡᠷᠭᠡ | ᠭᠤᠣᠯᠳᠠᠯᠭ᠎ᠠ ᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠬᠠᠪᠰᠤᠷᠤᠨ ᠤᠯᠠᠮ ᠨᠢᠭᠡ ᠠᠯᠬᠤᠮ ᠲᠠᠮᠢᠷ ᠲᠡᠩᠬᠡᠭᠡ ᠶᠢ ᠨᠢ ᠰᠡᠷᠭᠦᠭᠡᠵᠦ᠂ ᠠᠵᠤ ᠠᠬᠤᠶ ᠶᠢᠨ ᠬᠥᠭᠵᠢᠯᠲᠡ ᠶᠢᠨ | ᠬᠥᠳᠡᠯᠭᠡᠬᠦ ᠬᠦᠴᠦᠨ ᠢ ᠴᠢᠩᠭᠠᠷᠠᠭᠤᠯᠵᠤ᠂ ᠠᠵᠤ ᠠᠬᠤᠶ ᠶᠢᠨ ᠠᠵᠢᠯᠯᠠᠭᠠᠨ ᠢ ᠵᠦᠢ ᠵᠣᠬᠢᠰᠲᠠᠶ ᠣᠷᠣᠨ ᠪᠠᠶᠢᠷᠢ ᠳᠤ | ᠪᠠᠶᠢᠯᠭᠠᠬᠤ ᠶᠢ ᠪᠠᠲᠤᠯᠠᠬᠤ ᠶᠢᠨ ᠬᠠᠮᠲᠤ ᠬᠤᠶᠢᠰᠢᠳᠠ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠬᠤ | ᠬᠡᠷᠡᠭᠲᠡᠢ᠃ ᠠᠵᠤ ᠠᠬᠤᠶ ᠶᠢᠨ ᠨᠡᠮᠡᠭᠳᠡᠯ ᠤᠨ ᠲᠣᠭᠲᠠᠭᠤᠨ ᠰᠡᠷᠭᠦᠯᠲᠡ ᠶᠢ ᠦᠨᠳᠦᠰᠦᠯᠡᠨ᠂ ᠡᠨᠡ ᠵᠢᠯ ᠪᠢᠳᠡ | ᠱᠠᠳᠤᠴᠢ ᠴᠢᠨᠠᠷᠲᠠᠶ ᠪᠠᠴᠢᠮ ᠪᠠᠶᠢᠳᠠᠯ ᠢ ᠠᠷᠭᠠᠴᠠᠭᠠᠬᠤ ᠬᠡᠰᠡᠭ ᠲᠦᠷᠦ ᠶᠢᠨ ᠪᠤᠳᠤᠯᠭ᠎ᠠ ᠶᠢ ᠳᠠᠬᠢᠵᠤ ᠬᠡᠷᠡᠭᠵᠢᠭᠦᠯᠬᠦ | ᠦᠭᠡᠢ᠂ ᠭᠡᠪᠡᠴᠦ ᠣᠭᠵᠣᠮ ᠡᠷᠭᠢᠯᠲᠡ ᠬᠢᠭᠰᠡᠨ ᠶᠠᠪᠤᠳᠠᠯ ᠪᠢᠰᠢ᠂ ᠬᠠᠷᠢᠨ ᠪᠦᠲᠦᠴᠡ ᠶᠢᠨ ᠴᠢᠨᠠᠷᠲᠠᠶ ᠪᠠᠷ | ᠭᠠᠶᠢᠯᠢ ᠶᠢ ᠬᠥᠩᠭᠡᠯᠡᠬᠦ ᠵᠡᠷᠭᠡ ᠲᠤᠯᠭᠠᠨ ᠬᠠᠰᠤᠬᠤ ᠰᠢᠨ᠎ᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠪᠥᠭᠡᠳ | ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠦᠵᠡᠭᠦᠯᠬᠦ ᠲᠦᠭᠡᠮᠡᠯ | ᠬᠠᠷᠠᠭᠠᠯᠵᠠᠯᠳᠤ ᠮᠥᠩᠭᠦᠨ ᠭᠦᠢᠯᠭᠡᠭᠡᠨ ᠤ ᠳᠡᠮᠵᠢᠯᠭᠡ ᠶᠢ ᠨᠡᠮᠡᠭᠳᠡᠭᠦᠯᠪᠡ᠃ ᠶᠡᠷᠦᠩᠬᠡᠶ ᠳᠤ ᠨᠢ ᠦᠵᠡᠪᠡᠯ ᠡᠳᠡᠭᠡᠷ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠨᠢ ᠨᠡᠯᠢᠶᠡᠳ ᠰᠠᠶᠢᠨ ᠪᠠᠶᠢᠨ᠎ᠠ᠂ ᠭᠡᠪᠡᠴᠦ ᠠᠵᠤ | ᠠᠬᠤᠶᠢᠯᠠᠯ ᠤᠳ ᠤᠨ ᠲᠤᠰᠬᠠᠭᠰᠠᠨ ᠢᠶᠠᠷ᠂ ᠲᠦᠷᠦ ᠶᠢᠨ ᠪᠤᠳᠤᠯᠭ᠎ᠠ ᠶᠢ ᠮᠡᠳᠡᠬᠦ ᠦᠭᠡᠢ᠂ ᠭᠤᠶᠤᠴᠢᠯᠠᠬᠤ ᠭᠠᠷᠳᠠᠮ | ᠬᠠᠷᠢᠴᠠᠩᠭᠤᠢ ᠪᠤᠳᠤᠯᠢᠶᠠᠨᠲᠠᠶ ᠵᠡᠷᠭᠡ ᠰᠢᠯᠲᠠᠭᠠᠨ ᠠᠴᠠ ᠪᠤᠯᠵᠤ᠂ ᠲᠦᠷᠦ ᠶᠢᠨ ᠪᠤᠳᠤᠯᠭ᠎ᠠ ᠶᠢᠨ ᠠᠰᠢᠭᠲᠠᠢ ᠲᠠᠯ᠎ᠠ ᠶᠢ | ᠣᠯᠵᠤ ᠡᠳ᠋ᠯᠡᠬᠦ ᠦᠭᠡᠢ ᠪᠠᠶᠢᠨ᠎ᠠ ᠭᠡᠪᠡ᠃ ᠦᠢᠯᠡᠴᠢᠯᠡᠭᠡᠨ ᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ | ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠰᠢᠯᠢᠳᠡᠭᠵᠢᠭᠦᠯᠵᠦ᠂ ᠤᠳᠤ ᠦᠶ᠎ᠡ ᠶᠢᠨ ᠮᠡᠳᠡᠭᠡ ᠵᠠᠩᠭᠢ ᠶᠢᠨ | ᠮᠡᠷᠭᠡᠵᠢᠯ ᠢ ᠰᠠᠶᠢᠲᠤᠷ ᠬᠡᠷᠡᠭᠯᠡᠵᠦ᠂ ︽ᠬᠥᠮᠦᠨ ᠨᠢ ᠲᠦᠷᠦ ᠶᠢᠨ ᠪᠤᠳᠤᠯᠭ᠎ᠠ ᠶᠢ ᠡᠷᠢᠬᠦ︾ ᠶᠢ ︽ᠲᠦᠷᠦ ᠶᠢᠨ | ᠪᠤᠳᠤᠯᠭ᠎ᠠ ᠨᠢ ᠬᠥᠮᠦᠨ ᠢ ᠡᠷᠢᠬᠦ︾ ᠪᠣᠯᠭᠠᠬᠤ ᠪᠠᠷ ᠴᠢᠷᠮᠠᠶᠢᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ | ᠲᠦᠷᠦ ᠶᠢᠨ ᠪᠤᠳᠤᠯᠭ᠎ᠠ ᠶᠢ ᠡᠳ᠋ᠯᠡᠪᠡᠰᠦ ᠵᠣᠬᠢᠬᠤ ᠳᠤ ᠨᠢ ᠪᠦᠬᠦᠨ ᠢ ᠡᠳ᠋ᠯᠡᠭᠦᠯᠬᠦ᠂ ᠲᠦᠷᠭᠡᠨ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠢ᠃ | ᠬᠤᠶᠠᠷ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠬᠤ ᠲᠠᠯ᠎ᠠ ᠪᠠᠷ ᠬᠦᠴᠦᠯᠡᠵᠦ᠂ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠨᠡᠩ ᠶᠡᠭᠡ ᠪᠠᠷ | ᠬᠥᠭᠵᠢᠭᠡᠨ᠎ᠡ | ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠪᠤᠢ᠃ ᠨᠡᠶᠢᠭᠡᠮ | ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢ ᠬᠥᠭᠵᠢᠭᠦᠯᠬᠦ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠪᠤᠶᠢᠵᠢᠭᠤᠯᠤᠨ ᠬᠥᠭᠵᠢᠭᠡᠬᠦ ᠬᠡᠷᠡᠭᠲᠡᠶ᠃ ᠶᠠᠮᠠᠷ ᠬᠦᠴᠢᠷᠳᠡᠯ | ᠥᠷᠢᠰᠥᠯᠳᠦᠭᠡᠨ ᠳᠤ ᠲᠤᠯᠭᠠᠷᠠᠭᠰᠠᠨ ᠴᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠮᠠᠭᠠᠯᠠᠵᠤ᠂ ︽ | ᠬᠥᠬᠡᠮᠳᠦᠭ ᠠᠭᠤᠯᠠ ᠶᠢ ᠦᠯᠡᠳᠡᠭᠡᠵᠦ︾᠂ ᠲᠡᠷᠡᠴᠢᠯᠡᠨ ᠴᠢᠷᠮᠠᠶᠢᠵᠤ ᠪᠠᠶᠢᠭᠠᠳ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠨᠡᠩ ᠬᠥᠭᠵᠢᠶᠡᠨᠲᠡᠢ ᠪᠣᠯᠭᠠᠵᠤ᠂ ︽ᠬᠥᠬᠡᠮᠳᠦᠭ ᠠᠭᠤᠯᠠ ᠶᠢ ᠡᠭᠦᠷᠢᠳᠡ ᠪᠠᠶᠢᠯᠭᠠᠬᠤ︾ ᠳᠤ ᠬᠦᠷᠪᠡᠯ᠂ | ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠲᠠᠰᠤᠷᠠᠯᠳᠡ ᠦᠭᠡᠢ ᠬᠥᠳᠡᠯᠭᠡᠬᠦ ᠬᠦᠴᠦᠨ ᠲᠠᠢ ᠪᠣᠯᠵᠤ | ᠴᠢᠳᠠᠨ᠎ᠠ᠃ | ︵ᠨᠢᠭᠡ︶ ᠵᠠᠬ᠎ᠠ ᠳᠡᠯᠭᠡᠭᠦᠷ ᠤᠨ ᠭᠤᠣᠯ ᠴᠣᠭᠴᠠ ᠬᠥᠭᠵᠢᠨ ᠪᠤᠵᠠᠭᠠᠶᠢᠷᠠᠵᠤ᠂ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠤᠨ ᠪᠠᠶᠢᠭᠤᠯᠤᠭᠳᠠᠨ ᠲᠡᠭᠦᠯᠳᠡᠷᠵᠢᠬᠦ ᠶᠢ ᠬᠦᠴᠦᠲᠡᠶ ᠠᠬᠢᠭᠤᠯᠪᠠ᠃ | ᠲᠥᠯᠥᠪᠯᠡᠭᠡᠲᠦ ᠠᠵᠤ ᠠᠬᠤᠶ ᠶᠢᠨ ᠦᠶ᠎ᠡ ᠳᠤ᠂ ᠦᠢᠯᠡᠳᠪᠦᠷᠢᠯᠡᠯ ᠤᠨ ᠴᠢᠬᠤᠯᠠ ᠬᠦᠴᠦᠨ ᠵᠦᠢᠯ ᠪᠠ ᠠᠵᠤ | ᠠᠬᠤᠶ ᠶᠢᠨ ᠠᠵᠢᠯᠯᠠᠭ᠎ᠠ ᠶᠢ ᠦᠨᠳᠦᠰᠦᠨ ᠳᠤ ᠪᠠᠨ ᠤᠯᠤᠰ ᠤᠨ ᠲᠥᠯᠥᠪᠯᠡᠭᠡ ᠳᠤ ᠲᠦᠰᠢᠭᠯᠡᠨ ᠲᠣᠬᠢᠷᠠᠭᠤᠯᠵᠤ | ᠪᠠᠶᠢᠪᠠ᠃ ᠥᠭᠡᠷᠡᠴᠢᠯᠡᠯᠲᠡ ᠨᠡᠭᠡᠭᠡᠯᠳᠡ ᠬᠢᠭᠰᠡᠨ ᠤ ᠲᠠᠷᠠᠭ᠎ᠠ᠂ ᠡᠷᠤᠭᠡ ᠳᠤ ᠳᠠᠭᠠᠭᠠᠴᠢᠯᠠᠭᠤᠯᠬᠤ | ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠪᠠᠷ ᠲᠠᠮᠵᠢᠨ᠂ ᠲᠠᠷᠢᠶᠠᠴᠢᠨ ᠡᠷᠤᠭᠡ ᠦᠢᠯᠡᠳᠪᠦᠷᠢᠯᠡᠯ | ᠡᠵᠡᠩᠨᠡᠯᠲᠡ ᠶᠢᠨ ᠭᠤᠣᠯ ᠴᠣᠭᠴᠠ ᠪᠤᠯᠵᠤ᠂ ᠬᠥᠳᠡᠭᠡ ᠲᠣᠰᠬᠤᠨ ᠤ ᠦᠯᠡᠭᠦᠦ ᠬᠥᠳᠡᠯᠮᠦᠷᠢ ᠬᠦᠴᠦᠨ ᠭᠠᠳᠠᠭᠰᠢ | ᠭᠠᠷᠴᠤ ᠬᠥᠯᠥᠰᠥᠨ ᠠᠵᠢᠯ ᠬᠢᠵᠦ ᠪᠣᠯᠬᠤ ᠪᠣᠯᠤᠭᠰᠠᠨ ᠠᠴᠠ ᠢᠳᠡᠵᠦ ᠴᠠᠳᠬᠤ ᠦᠭᠡᠢ ᠠᠰᠠᠭᠤᠳᠠᠯ ᠢ ᠮᠠᠰᠢ | ᠲᠦᠷᠭᠡᠨ ᠰᠢᠢᠳᠪᠦᠷᠢᠯᠡᠭᠰᠡᠨ ᠪᠥᠭᠡᠳ ᠦᠢᠯᠡᠳᠪᠦᠷᠢᠯᠡᠯ ᠤᠨ ᠬᠥᠭᠵᠢᠯᠲᠡ ᠳᠤᠮᠳᠠ ᠠᠮᠢᠳᠤᠷᠠᠯ ᠤᠨ ᠲᠦᠪᠰᠢᠨ ᠢᠶᠠᠨ | ᠠᠯᠬᠤᠮ ᠠᠯᠬᠤᠮ ᠢᠶᠠᠷ ᠳᠡᠭᠡᠭᠰᠢᠯᠡᠭᠦᠯᠵᠡᠶ︔ ᠬᠤᠳᠠ ᠳᠤ ᠪᠠᠨ ᠪᠤᠴᠠᠭᠰᠠᠨ ᠰᠡᠬᠡᠭᠡᠲᠡᠳ ᠤᠨ ᠥᠪᠡᠷ ᠢᠶᠠᠨ ᠠᠵᠢᠯ | ᠤᠯᠬᠤ ᠶᠢ ᠵᠣᠷᠢᠭᠵᠢᠭᠤᠯᠵᠤ᠂ ᠬᠤᠪᠢ ᠶᠢᠨ ᠠᠵᠤ ᠠᠬᠤᠶ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ | ᠬᠥᠭᠵᠢᠯᠲᠡ ᠪᠠᠷ ᠲᠡᠮᠵᠢᠵᠤ᠂ ᠲᠡᠳᠡᠨ ᠢ ᠮᠠᠰᠢ ᠲᠦᠷᠭᠡᠨ ᠢᠶᠠᠷ ᠮᠠᠨ ᠤ ᠤᠯᠤᠰ ᠤᠨ ᠠᠵᠤ ᠠᠬᠤᠶ ᠶᠢᠨ ᠴᠢᠬᠤᠯᠠ | ᠪᠦᠷᠢᠯᠳᠦᠬᠦᠨ ᠬᠡᠰᠡᠭ ᠪᠣᠯᠭᠠᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠳ ᠤᠷᠢᠳ ᠢᠶᠠᠷ | ᠡᠵᠡᠩᠨᠡᠯᠲᠡ ᠶᠢᠨ ᠡᠵᠡᠨ ᠮᠡᠳᠡᠬᠦ ᠡᠷᠬᠡ ᠶᠢ ᠲᠠᠯᠪᠢᠵᠤ᠂ ᠠᠵᠤ ᠠᠬᠤᠶ ᠶᠢᠨ ᠬᠠᠷᠢᠭᠤᠴᠠᠯᠭ᠎ᠠ ᠶᠢᠨ ᠲᠦᠷᠢᠮ ᠢ | ᠬᠡᠷᠡᠭᠵᠢᠭᠦᠯᠦᠨ᠂ ︽ᠠᠰᠢᠭ ᠢ ᠭᠠᠶᠢᠯᠢᠴᠢᠯᠠᠬᠤ︾ ᠶᠢ ᠬᠡᠷᠡᠭᠵᠢᠭᠦᠯᠦᠭᠡᠳ᠂ ᠲᠡᠬᠢᠠ ᠤᠳᠦ ᠦᠶ᠎ᠡ ᠶᠢᠨ ᠠᠵᠤ | ᠠᠬᠤᠶᠢᠯᠠᠯ ᠤᠨ ᠲᠦᠷᠢᠮ ᠲᠡᠶᠢᠰᠢ ᠤᠷᠤᠭᠰᠢᠯᠠᠭᠰᠠᠨ ᠠᠴᠠ᠂ ᠥᠭᠡᠷᠡᠴᠢᠯᠡᠯᠲᠡ ᠳᠤᠮᠳᠠ ᠠᠮᠢᠳᠤ ᠬᠦᠴᠦᠨ ᠪᠦᠬᠦᠢ | ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠪᠠ᠃ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠶᠠᠪᠤᠴᠠ ᠳᠤ | ᠭᠠᠳᠠᠭᠠᠳᠤ ᠶᠢᠨ ᠶᠡᠭᠡ ᠬᠡᠮᠵᠢᠶᠡᠨ ᠤ ᠪᠡᠯᠡ ᠣᠷᠣᠭᠤᠯᠵᠤ ᠡᠵᠡᠩᠨᠡᠭᠰᠡᠨ ᠠᠵᠤ ᠠᠬᠤᠶᠢᠯᠠᠯ ᠤᠳ ᠪᠡᠯᠡ ᠮᠥᠩᠭᠦ᠂ | ᠲᠧᠭᠨᠢᠭ ᠮᠡᠷᠭᠡᠵᠢᠯ ᠪᠠ ᠬᠠᠮᠢᠶᠠᠷᠤᠯᠲᠠ ᠶᠢᠨ ᠲᠤᠷᠰᠢᠯᠭ᠎ᠠ ᠶᠢ ᠠᠪᠴᠢᠷᠠᠵᠤ ᠤᠯᠤᠰ ᠤᠨ ᠳᠣᠲᠣᠭᠠᠳᠤ ᠶᠢᠨ ᠠᠵᠤ | ᠠᠬᠤᠶᠢᠯᠠᠯ ᠲᠠᠢ ᠥᠷᠢᠰᠥᠯᠳᠦᠬᠦ ᠪᠠ ᠬᠠᠮᠲᠤᠷᠠᠨ ᠠᠵᠢᠯᠯᠠᠬᠤ ᠶᠠᠪᠤᠴᠠ ᠳᠤ ᠬᠠᠮᠲᠤ ᠪᠠᠷ ᠬᠥᠭᠵᠢᠨ ᠪᠤᠵᠠᠭᠠᠶᠢᠷᠠᠵᠠᠶ᠃ | ᠵᠠᠬ᠎ᠠ ᠳᠡᠯᠭᠡᠭᠦᠷ ᠤᠨ ᠭᠤᠣᠯ ᠴᠣᠭᠴᠠ ᠪᠣᠯ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠢᠴᠢᠯ ᠰᠠᠭᠤᠷᠢ ᠮᠥᠨ᠃ | ᠶᠠᠮᠠᠷ ᠨᠢᠭᠡᠨ ᠤᠳᠬ᠎ᠠ ᠠᠭᠤᠯᠭ᠎ᠠ ᠠᠴᠠ ᠠᠪᠴᠤ ᠬᠡᠯᠡᠪᠡᠯ᠂ ᠮᠠᠨ ᠤ ᠤᠯᠤᠰ ᠤᠨ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠶ ᠶᠢᠨ ᠬᠥᠭᠵᠢᠯᠲᠡ ᠶᠢᠨ ᠶᠠᠪᠤᠴᠠ ᠪᠣᠯ ᠪᠠᠰᠠ ᠴᠤ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠬᠦᠴᠦᠨ ᠤ ᠲᠠᠰᠤᠷᠠᠯᠳᠠ ᠦᠭᠡᠢ ᠬᠥᠭᠵᠢᠨ ᠪᠤᠵᠠᠭᠠᠶᠢᠷᠬᠠᠰᠠᠨ ᠶᠠᠪᠤᠴᠠ ᠮᠥᠨ᠃ | ᠤᠢᠢᠷ᠎ᠠ ᠶᠢᠨ ᠵᠢᠯ ᠤᠳ ᠲᠤ᠂ ᠪᠢᠳᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠬᠤ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠬᠥᠭᠵᠢᠭᠡᠬᠦ ᠠᠴᠠ ᠡᠭᠦᠰᠦᠨ᠂ | ︽ᠲᠠᠯᠪᠢᠬᠤ ᠬᠠᠮᠢᠶᠠᠷᠬᠤ ᠦᠢᠯᠡᠴᠢᠯᠡᠬᠦ︾ ᠵᠡᠷᠭᠡ ᠭᠤᠣᠯᠳᠠᠯᠭ᠎ᠠ ᠲᠠᠢ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠤᠯᠠᠨ ᠢᠶᠠᠷ ᠢᠶᠠᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠠᠬᠢᠭᠤᠯᠵᠤ᠂ ᠨᠡᠶᠢᠭᠡᠮ | ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠲᠡᠭᠦᠯᠳᠡᠷᠵᠢᠭᠦᠯᠬᠦ ᠬᠡᠷᠡᠭᠴᠡᠭᠡ ᠳᠤ | ᠵᠣᠬᠢᠴᠠᠭᠰᠠᠨ ᠢᠶᠠᠷ ᠪᠠᠷᠠᠬᠤ ᠦᠭᠡᠢ ᠠᠷᠠᠳ ᠤᠯᠠᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠬᠡᠷᠡᠭᠴᠡᠭᠡ ᠳᠤ | ᠵᠣᠬᠢᠴᠠᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠣᠯ ᠵᠠᠬ᠎ᠠ ᠳᠡᠯᠭᠡᠭᠦᠷ ᠤᠨ | ᠬᠠᠨᠳᠤᠯᠭ᠎ᠠ ᠶᠢ ᠪᠠᠷᠢᠮᠲᠠᠯᠠᠬᠤ ᠥᠭᠡᠷᠡᠴᠢᠯᠡᠯᠲᠡ ᠪᠠᠶᠢᠵᠤ᠂ ᠵᠠᠬ᠎ᠠ ᠳᠡᠯᠭᠡᠭᠦᠷ ᠤᠨ ᠡᠬᠢ ᠪᠠᠶᠠᠯᠢᠭ ᠤᠨ | ᠳᠤᠬᠢᠷᠠᠭᠤᠯᠤᠯᠳᠠ ᠳᠠᠬᠢ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠤ | ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠪᠠᠷ ᠵᠣᠷᠢᠯᠲᠠ ᠪᠣᠯᠭᠠᠪᠠ᠃ ᠳᠡᠭᠡᠷ᠎ᠡ ᠬᠤᠭᠤᠴᠠᠭᠠᠨ ᠤ ᠵᠠᠰᠠᠭ ᠤᠨ | ᠣᠷᠳᠣᠨ ᠪᠠᠶᠢᠭᠤᠯᠤᠭᠳᠠᠭᠰᠠᠨ ᠡᠬᠢᠨ ᠤ ᠦᠶ᠎ᠡ ᠳᠤ᠂ ᠪᠢᠳᠡ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ ᠪᠠᠷ | ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ᠂ ᠠᠵᠤ ᠠᠬᠤᠢ ᠶᠢᠨ ᠪᠠᠭᠤᠷᠠᠯᠲᠠ ᠶᠢᠨ | ᠳᠠᠷᠤᠯᠲᠠ ᠶᠢ ᠠᠷᠭᠠᠴᠠᠭᠠᠬᠤ ᠶᠢᠨ ︽ᠲᠡᠷᠢᠭᠦᠨ ᠰᠢᠲᠠᠷ᠎ᠠ︾ ᠪᠣᠯᠭᠠᠵᠤ᠂ ᠬᠤᠳᠠᠯᠳᠤᠭᠠᠨ ᠤ ᠶᠠᠪᠤᠳᠠᠯ ᠤᠨ ᠳᠦᠷᠢᠮ | ᠵᠡᠷᠭᠡ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠬᠦᠯᠢᠶᠡᠰᠦ ᠶᠢ ᠰᠤᠯᠠᠯᠠᠨ ᠳᠠᠷᠤᠭᠠᠰᠤ ᠶᠢ ᠬᠥᠩᠭᠡᠷᠡᠭᠦᠯᠬᠦ ᠪᠠᠷ ᠬᠦᠴᠦᠯᠡᠵᠦ᠂ ᠲᠡᠳᠡᠨ ᠤ ᠬᠥᠭᠵᠢᠨ ᠪᠤᠵᠠᠭᠠᠢᠢᠷᠠᠬᠤ | ᠬᠥᠷᠥᠰᠥ ᠰᠢᠷᠣᠢ ᠶᠢ ᠰᠢᠮᠡᠵᠢᠭᠦᠯᠦᠭᠰᠡᠨ ᠤ ᠬᠠᠮᠲᠤ ᠠᠵᠢᠯ ᠶᠠᠪᠤᠳᠠᠯ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ | ᠡᠷᠬᠡ ᠲᠡᠭᠰᠢ ᠲᠥᠪ ᠭᠤᠣᠯᠴᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠡᠳᠡᠭᠡᠷ ᠵᠢᠯ ᠤᠳ ᠤᠨ ᠰᠢᠨᠲᠠᠷᠠᠰᠢ | ᠦᠭᠡᠢ ᠴᠢᠷᠮᠠᠶᠢᠯᠭ᠎ᠠ ᠪᠠᠷ ᠳᠠᠮᠵᠢᠭᠠᠳ ᠠᠵᠤ ᠠᠬᠤᠶᠢᠯᠠᠯ ᠪᠠ ᠤᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠵᠦ | ᠠᠳᠠᠯ ᠦᠢᠯᠡᠰ ᠴᠣᠭᠴᠠᠯᠠᠬᠤ ᠳᠤ ᠲᠦᠢᠯ ᠤᠨ ᠶᠡᠭᠡ ᠲᠦᠬᠦᠮ ᠦᠵᠡᠭᠦᠯᠦᠭᠰᠡᠨ ᠪᠠᠶᠢᠨ᠎ᠠ᠃ ᠡᠭᠦᠨ ᠤ ᠳᠤᠪᠤᠶᠢᠮ᠎ᠠ | ᠢᠯᠡᠷᠡᠯ ᠨᠢ ᠭᠡᠪᠡᠯ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠲᠣᠭᠲᠠᠯᠴᠠᠭ᠎ᠠ ᠶᠢᠨ ᠳᠠᠰᠤᠷᠠᠯᠳᠠ ᠦᠬᠡᠢ ᠬᠥᠭᠵᠢᠨ | ᠲᠡᠭᠦᠯᠳᠡᠷᠵᠢᠬᠦ ᠶᠠᠪᠤᠴᠠ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠶᠢᠭᠤᠯᠤᠭᠰᠠᠨ ᠶᠠᠪᠤᠳᠠᠯ ᠪᠣᠯᠤᠨ᠎ᠠ᠃ | ᠲᠦᠷᠦᠭᠦᠬᠡᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠳᠤ ︽ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠳᠡᠩᠰᠡᠯᠡᠨ ᠬᠠᠮᠢᠶᠠᠷᠬᠤ ᠲᠦᠷᠢᠮ︾ ᠢ ᠪᠠᠲᠤᠯᠠᠪᠠ᠃ ᠲᠦᠷᠢᠮ ᠢ ᠦᠨᠳᠦᠰᠦᠯᠡᠪᠡᠯ᠂ ᠵᠠᠬ᠎ᠠ | ᠳᠡᠯᠭᠡᠭᠦᠷ ᠤᠨ ᠭᠤᠣᠯ ᠴᠣᠭᠴᠠ ᠳᠤ ᠡᠯ᠎ᠡ ᠲᠦᠷᠦᠯ ᠤᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠪᠠ ᠲᠠᠷᠢᠶᠠᠴᠢᠨ ᠤ ᠲᠤᠰᠬᠠᠢ ᠬᠤᠷᠰᠢᠶᠠᠵᠢᠯ ᠵᠡᠷᠭᠡ ᠪᠠᠭᠲᠠᠨ᠎ᠠ᠃ ᠪᠦᠷᠢᠳᠬᠡᠯ ᠢ | ᠦᠨᠳᠦᠰᠦᠯᠡᠪᠡᠯ᠂ 2013 ᠣᠨ ᠠᠴᠠ ᠨᠠᠭᠠᠰᠢ ᠵᠢᠯ ᠪᠦᠷᠢ ᠳᠤᠮᠳᠠᠴᠢ ᠪᠠᠷ ᠰᠢᠨ᠎ᠡ ᠪᠠᠷ ᠨᠡᠮᠡᠭᠳᠡᠭᠰᠡᠨ ᠵᠠᠬ᠎ᠠ | ᠳᠡᠯᠭᠡᠭᠦᠷ ᠤᠨ ᠭᠤᠣᠯ ᠴᠣᠭᠴᠠ ᠮᠢᠩᠭᠠᠨ ᠲᠦᠮᠡ ᠶᠢ ᠳᠠᠪᠠᠵᠤ᠂ ᠳᠠᠩᠰᠠᠯᠠᠭᠰᠠᠨ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠶᠡᠷᠦᠩᠬᠡᠢ ᠲᠤᠭ᠎ᠠ 2012 ᠣᠨ ᠳᠤ 5500 ᠲᠦᠮᠡ ᠰᠢᠬᠠᠮ ᠡᠷᠦᠬᠡ ᠪᠠᠶᠢᠭᠰᠠᠨ ᠠᠴᠠ ᠪᠠᠨ ᠡᠨᠡ | ᠵᠢᠯ ᠤᠨ 4 ᠰᠠᠷ᠎ᠠ ᠳᠤ 1.43 ᠳ᠋ᠦᠩᠰᠢᠭᠤᠷ ᠡᠷᠦᠬᠡ ᠪᠣᠯᠵᠤ᠂ 1.6 ᠳᠠᠬᠢᠨ ᠢᠶᠠᠷ ᠨᠡᠮᠡᠭᠳᠡᠵᠡᠢ᠃ ᠡᠭᠦᠨ ᠤ | ᠳᠣᠲᠣᠷ᠎ᠠ᠂ ᠠᠵᠤ ᠠᠬᠤᠶᠢᠯᠠᠯ 1300 ᠭᠠᠷᠤᠶ ᠲᠦᠮᠡᠨ ᠡᠷᠦᠬᠡ ᠪᠠᠶᠢᠭᠰᠠᠨ ᠠᠴᠠ ᠪᠠᠨ ᠨᠡᠮᠡᠭᠳᠡᠭᠡᠳ 4500 | ᠭᠠᠷᠤᠶ ᠲᠦᠮᠡᠨ ᠡᠷᠦᠬᠡ ᠪᠤᠯᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 4000 ᠭᠠᠷᠤᠶ ᠲᠦᠮᠡᠨ | ᠡᠷᠦᠬᠡ ᠪᠠᠶᠢᠭᠰᠠᠨ ᠠᠴᠠ ᠪᠠᠨ ᠨᠡᠮᠡᠭᠳᠡᠭᠡᠳ 9600 ᠲᠦᠮᠡ ᠰᠢᠬᠠᠮ ᠡᠷᠦᠬᠡ ᠪᠤᠯᠵᠤ᠂ ᠲᠠᠷᠢᠶᠠᠴᠢᠨ ᠤ ᠲᠤᠰᠬᠠᠶ | ᠬᠤᠷᠰᠢᠶᠠᠵᠢᠯ 70 ᠲᠦᠮᠡ ᠰᠢᠬᠠᠮ ᠡᠷᠦᠬᠡ ᠪᠠᠶᠢᠭᠰᠠᠨ ᠠᠴᠠ ᠪᠠᠨ ᠨᠡᠮᠡᠭᠳᠡᠭᠡᠳ 220 ᠭᠠᠷᠤᠶ ᠲᠦᠮᠡᠨ ᠡᠷᠦᠬᠡ | ᠪᠣᠯᠵᠠᠶ᠃ ᠡᠨᠡ ᠨᠢ ︽ᠲᠦᠷᠪᠡᠨ ᠠᠵᠤ ᠠᠬᠤᠶ ᠶᠢ ᠲᠦᠭᠡᠮᠡᠯᠵᠢᠭᠦᠯᠬᠦ︾ ᠳᠤ ᠲᠤᠰᠬᠠᠭᠰᠠᠨ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠨᠡᠯᠢᠶᠡᠳ ᠲᠦᠷᠭᠡᠨ ᠨᠡᠮᠡᠭᠳᠡᠯ ᠤᠨ ᠪᠠᠶᠢᠳᠠᠯ ᠲᠠᠢ ᠨᠢᠭᠡᠳᠦᠯᠲᠡᠶ ᠶᠤᠮ᠃ ᠬᠡᠯᠡᠯᠭᠡᠨ ᠦᠭᠡᠢ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠦᠵᠡᠬᠦ ᠳᠤ ᠵᠥᠪᠬᠡᠨ ᠲᠤᠭ᠎ᠠ ᠶᠢ ᠨᠢ ᠦᠵᠡᠭᠡᠳ ᠪᠣᠯᠬᠤ ᠦᠭᠡᠢ᠂ ᠪᠠᠰᠠ | ᠢᠳᠡᠪᠬᠢᠵᠢᠯ ᠢ ᠨᠢ ᠦᠵᠡᠬᠦ ᠬᠡᠷᠡᠭᠲᠡᠶ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠨᠥᠬᠦᠴᠡᠯ ᠳᠣᠣᠷ᠎ᠠ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ︽ᠣᠷᠣᠰᠢᠵᠤ ᠤᠰᠠᠳᠬᠤ︾ ᠪᠣᠯ ᠬᠡᠪ ᠤᠨ ᠶᠠᠪᠤᠳᠠᠯ ᠮᠥᠨ᠂ ᠣᠳᠣᠬᠠᠨ ᠤ | ᠢᠳᠡᠪᠬᠢᠵᠢᠯ ᠤᠨ ᠬᠡᠮᠵᠢᠶ᠎ᠡ ᠨᠢ ᠶᠡᠭᠡ ᠲᠥᠯᠥᠪ 70% ᠣᠷᠴᠢᠮ ᠪᠠᠶᠢᠨ᠎ᠠ᠃ | ︵ᠬᠤᠶᠠᠷ︶ ᠳ᠋ᠦᠩᠰᠢᠭᠤᠷ ᠭᠠᠷᠤᠶ ᠵᠠᠬ᠎ᠠ ᠳᠡᠯᠭᠡᠭᠦᠷ ᠤᠨ ᠭᠤᠣᠯ ᠴᠣᠭᠴᠠ ᠪᠣᠯ ᠠᠵᠤ ᠠᠬᠤᠶ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠮᠥᠨ᠃ ᠤᠯᠠᠨ ᠵᠢᠯ ᠤᠨ ᠬᠥᠭᠵᠢᠯᠲᠡ ᠪᠠᠷ ᠳᠠᠮᠵᠢᠭᠠᠳ᠂ ᠮᠠᠨ ᠤ | ᠤᠯᠤᠰ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠤᠭ᠎ᠠ ᠨᠡᠮᠡᠭᠳᠡᠵᠦ᠂ ᠡᠳᠦᠷ ᠢᠷᠡᠬᠦᠶ᠎ᠡ ᠤᠯᠠᠨ | ᠶᠠᠩᠵᠤ ᠶᠢᠨ ᠪᠤᠯᠵᠤ ᠪᠠᠶᠢᠬᠤ ᠪᠠᠷ ᠪᠠᠷᠠᠬᠤ ᠦᠭᠡᠢ᠂ ᠥᠷᠢᠰᠥᠯᠳᠦᠬᠦ ᠬᠦᠴᠦᠨ ᠪᠠ ᠪᠣᠳᠠᠲᠤ ᠬᠦᠴᠦᠨ ᠨᠢ ᠴᠦ | ᠲᠠᠰᠤᠷᠠᠯᠳᠠ ᠦᠭᠡᠢ ᠳᠡᠭᠡᠭᠰᠢᠯᠡᠵᠦ᠂ ᠪᠠᠳᠠᠷᠠᠭᠤᠯᠬᠤ ᠦᠢᠯᠡᠳᠦᠯ ᠨᠢ ᠤᠯᠠᠮ ᠠᠴᠠ ᠤᠯᠠᠮ ᠶᠡᠬᠡᠰᠴᠦ ᠪᠠᠶᠢᠨ᠎ᠠ᠃ | ᠵᠠᠬ᠎ᠠ ᠳᠡᠯᠭᠡᠭᠦᠷ ᠤᠨ ᠭᠤᠣᠯ ᠴᠣᠭᠴᠠ ᠪᠣᠯ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ | ᠥᠷᠭᠡᠳᠬᠡᠬᠦ ︽ᠲᠤᠯᠭᠠᠭᠤᠷᠢ︾ ᠮᠥᠨ᠃ ᠵᠥᠪᠬᠡᠨ ᠡᠳ᠋ ᠤᠨ ᠵᠠᠰᠠᠭ ᠤᠨ ᠬᠤᠭᠤᠯᠠ ᠳᠤ ᠲᠦᠰᠢᠭᠯᠡᠪᠡᠯ ᠠᠵᠢᠯ | ᠣᠯᠭᠤᠯᠲᠠ ᠶᠢ ᠲᠡᠳᠦᠢ ᠨᠡᠮᠡᠭᠳᠡᠭᠦᠯᠵᠦ ᠴᠢᠳᠠᠬᠤ ᠦᠭᠡᠢ ᠪᠥᠭᠡᠳ ᠠᠵᠢᠯ ᠣᠯᠭᠤᠯᠲᠠ ᠶᠢ ᠦᠷᠭᠦᠯᠵᠢᠯᠡᠭᠦᠯᠵᠦ ᠴᠦ | ᠴᠢᠳᠠᠬᠤ ᠦᠭᠡᠢ ᠶᠤᠮ᠂ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠬᠦ ᠳᠤ ᠪᠠᠰᠠ ᠵᠠᠬ᠎ᠠ | ᠳᠡᠯᠭᠡᠭᠦᠷ ᠤᠨ ᠭᠤᠣᠯ ᠴᠣᠭᠴᠠ ᠪᠠᠷ ︽ᠭᠤᠣᠯ ᠳᠦᠷᠢ ᠶᠢ ᠲᠣᠭᠯᠠᠭᠤᠯᠬᠤ︾ ᠬᠡᠷᠡᠭᠲᠡᠶ ᠭᠡᠳᠡᠭ ᠢ ᠦᠢᠯᠡᠳᠦᠯᠭᠡ | ᠭᠡᠷᠡᠴᠢᠯᠡᠵᠡᠶ᠃ ᠤᠢᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠬᠤᠳᠠ ᠪᠠᠯᠭᠠᠰᠤᠨ ᠤ ᠰᠢᠨ᠎ᠡ ᠪᠠᠷ ᠠᠵᠢᠯ | ᠣᠯᠤᠭᠰᠠᠨ ᠬᠥᠮᠦᠨ ᠦᠨᠳᠦᠰᠦᠨ ᠳᠤ ᠪᠠᠨ ᠵᠢᠯ ᠪᠦᠷᠢ 1300 ᠲᠦᠮᠡ ᠶᠢ ᠳᠠᠪᠠᠵᠤ᠂ ᠡᠭᠦᠨ ᠳᠤ ᠵᠣᠩᠬᠢᠯᠠᠬᠤ | ᠤᠯᠠᠨ ᠲᠤᠭ᠎ᠠ ᠶᠢ ᠨᠢ ᠭᠤᠣᠯᠳᠠᠭᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠢᠩᠭᠡᠭᠡᠨ ᠠᠪᠬᠤ ᠳᠤ | ᠲᠦᠰᠢᠭᠯᠡᠭᠰᠡᠨ ᠶᠤᠮ᠃ ᠬᠤᠯᠪᠣᠭᠳᠠᠯ ᠪᠥᠬᠦᠶ ᠲᠥᠰᠥᠭᠡᠯᠡᠯ ᠢ ᠦᠨᠳᠦᠰᠦᠯᠡᠪᠡᠯ᠂ ᠨᠢᠭᠡ ᠵᠠᠬ᠎ᠠ ᠳᠡᠯᠭᠡᠭᠦᠷ ᠤᠨ ᠭᠤᠣᠯ | ᠴᠣᠭᠴᠠ ᠨᠢ ᠳᠤᠮᠳᠠᠴᠢ ᠪᠠᠷ 8 — 10 ᠬᠥᠮᠦᠨ ᠤ ᠠᠵᠢᠯ ᠣᠯᠭᠤᠯᠲᠠ ᠶᠢ ᠳᠠᠶᠢᠴᠢᠯᠠᠵᠤ᠂ ᠪᠣᠳᠠᠲᠠᠶ ᠪᠠᠷ | ᠠᠵᠢᠯᠯᠠᠭᠤᠯᠤᠨ ᠡᠵᠡᠩᠨᠡᠵᠦ ᠪᠠᠶᠢᠭ᠎ᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ 1 ᠳ᠋ᠦᠩᠰᠢᠭᠤᠷ ᠡᠷᠦᠬᠡ ᠠᠴᠠ | ᠳᠡᠭᠡᠭᠰᠢ ᠪᠠᠶᠢᠬᠤ ᠶᠢ ᠪᠠᠲᠤᠯᠠᠳᠠᠭ ᠯᠠ ᠶᠤᠮ ᠪᠣᠯ᠂ ᠮᠠᠨ ᠤ ᠤᠯᠤᠰ ᠤᠨ ᠬᠡᠪᠴᠢᠶ᠎ᠡ ᠪᠠᠷ ᠯᠤᠲᠤ ᠶᠡᠭᠡ ᠬᠥᠳᠡᠯᠮᠦᠷᠢ | ᠬᠦᠴᠦᠨ ᠤ ᠠᠵᠢᠯ ᠣᠯᠭᠤᠯᠲᠠ ᠨᠢ ᠳᠠᠷᠤᠶ ᠲᠣᠭᠲᠠᠭᠤᠨ ᠪᠥᠭᠡᠳ ᠨᠡᠯᠢᠶᠡᠳ ᠭᠦᠢᠴᠡᠳ ᠪᠠᠶᠢᠬᠤ ᠶᠢ ᠪᠠᠲᠤᠯᠠᠵᠤ | ᠴᠢᠳᠠᠨ᠎ᠠ᠃ ᠢᠯᠠᠩᠭᠤᠶ᠎ᠠ ᠥᠷᠭᠡᠨ ᠣᠯᠠᠨ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠭᠡ ᠪᠣᠯ ᠠᠵᠢᠯ ᠣᠯᠭᠤᠯᠲᠠ ᠶᠢᠨ ︽ᠲᠣᠮᠣ ᠰᠠᠪᠠ︾ ᠮᠥᠨ᠂ ᠲᠡᠳᠡ 85% ᠶᠢᠨ ᠬᠤᠳᠠ | ᠪᠠᠯᠭᠠᠰᠤᠨ ᠤ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠬᠠᠩᠭᠠᠵᠤ᠂ ᠬᠤᠳᠠ ᠪᠠᠯᠭᠠᠰᠤᠨ ᠤ 4.4 | ᠳ᠋ᠦᠩᠰᠢᠭᠤᠷ ᠠᠵᠢᠯ ᠣᠯᠤᠭᠰᠠᠳ᠂ 2.9 ᠳ᠋ᠦᠩᠰᠢᠭᠤᠷ ᠰᠢᠬᠠᠮ ᠬᠥᠯᠥᠰᠥᠨ ᠠᠵᠢᠯᠴᠢᠨ ᠤ ᠠᠵᠢᠯ ᠣᠯᠭᠤᠯᠲᠠ ᠶᠢ | ᠨᠡᠯᠢᠶᠡᠳ ᠶᠡᠭᠡ ᠬᠡᠮᠵᠢᠶ᠎ᠡ ᠪᠠᠷ ᠲᠤᠯᠭᠠᠭᠤᠷᠢᠯᠠᠪᠠ᠃ | ᠠᠷᠠᠳ ᠤᠯᠠᠨ ᠪᠣᠯ ᠥᠮᠥᠭ ᠲᠦᠰᠢᠭ ᠮᠥᠨ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯ ᠡᠳ᠋ ᠪᠠᠶᠠᠯᠢᠭ ᠢ | ᠡᠭᠦᠳᠦᠨ ᠪᠦᠲᠦᠭᠡᠬᠦ ᠰᠢᠷᠭᠢᠰᠢ ᠦᠭᠡᠢ ᠪᠤᠯᠠᠭ ᠮᠥᠷᠲᠡᠭᠡᠨ ᠭᠠᠶᠢᠯᠢ ᠲᠠᠲᠠᠪᠤᠷᠢ ᠬᠠᠩᠭᠠᠬᠤ ᠭᠤᠣᠯ ᠢᠷᠡᠯᠳᠡ ᠮᠥᠨ᠃ | ᠤᠢᠢᠷ᠎ᠠ ᠶᠢᠨ ᠵᠢᠯ ᠤᠳ ᠲᠤ᠂ ᠪᠢᠳᠡ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠪᠠᠷ | ᠥᠷᠢᠰᠥᠯᠳᠦᠭᠡᠨ ᠢ ᠠᠷᠭᠠᠴᠠᠭᠠᠬᠤ᠂ ᠠᠵᠤ ᠠᠬᠤᠢ ᠶᠢᠨ ᠲᠣᠭᠲᠠᠭᠤᠨ ᠬᠥᠭᠵᠢᠯᠲᠡ ᠶᠢ ᠪᠠᠲᠤᠯᠠᠬᠤ ᠬᠦᠴᠦᠲᠡᠢ | ᠠᠷᠭ᠎ᠠ ᠬᠡᠮᠵᠢᠶ᠎ᠡ ᠪᠣᠯᠭᠠᠵᠤ᠂ ᠲᠦᠷᠢᠮ ᠤᠨ ᠴᠢᠨᠠᠷᠲᠠᠢ ᠲᠤᠬᠢᠷᠠᠭᠤᠯᠤᠯᠳᠠ ᠪᠣᠯᠤᠨ ᠱᠠᠳᠤᠴᠢ ᠴᠢᠨᠠᠷᠲᠠᠢ ᠲᠦᠷᠦ ᠶᠢᠨ | ᠪᠤᠳᠤᠯᠭ᠎ᠠ ᠶᠢ ᠵᠡᠷᠭᠡ ᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ᠴᠡᠭ ᠠᠴᠠ ᠲᠠᠯ᠎ᠠ ᠳᠤ ᠬᠦᠷᠲᠡᠯ᠎ᠡ ᠡᠵᠡᠩᠨᠡᠯᠲᠡ ᠶᠢᠨ | ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠶᠢ ᠠᠬᠢᠭᠤᠯᠵᠤ᠂ ᠶᠡᠭᠡ ᠬᠡᠪᠴᠢᠶ᠎ᠡ ᠪᠠᠷ | ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠶᠢ ᠦᠷᠭᠦᠯᠵᠢᠯᠡᠨ ᠬᠡᠷᠡᠭᠵᠢᠭᠦᠯᠵᠦ᠂ ᠠᠷᠪᠠᠨ ᠭᠤᠷᠪᠠᠳᠤᠭᠠᠷ | ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠰᠢᠨ᠎ᠡ ᠪᠠᠷ ᠨᠡᠮᠡᠭᠳᠡᠭᠰᠡᠨ ᠭᠠᠶᠢᠯᠢ ᠶᠢ ᠬᠥᠩᠭᠡᠯᠡᠵᠦ | ᠰᠦᠢᠳᠬᠡᠯ ᠢ ᠪᠠᠭᠤᠷᠠᠭᠤᠯᠤᠭᠰᠠᠨ ᠬᠡᠮᠵᠢᠶ᠎ᠡ ᠨᠡᠶᠢᠳᠡ 7.6 ᠲᠦᠮᠡᠨ ᠳ᠋ᠦᠩᠰᠢᠭᠤᠷ ᠲᠥᠭᠦᠷᠢᠭ ᠲᠤ ᠬᠦᠷᠴᠡᠢ᠃ ᠡᠨᠡ | ᠬᠦ ᠣᠬᠤᠷᠬᠠᠨ ᠬᠤᠭᠤᠴᠠᠭᠠᠨ ᠳᠤ ᠡᠳ᠋ ᠤᠨ ᠵᠠᠰᠠᠭ ᠤᠨ ᠳᠠᠷᠤᠯᠲᠠ ᠶᠢ ᠨᠡᠮᠡᠭᠳᠡᠭᠦᠯᠦᠭᠰᠡᠨ ᠪᠣᠯᠪᠠᠴᠤ ᠣᠷᠳᠣ | ᠬᠤᠭᠤᠴᠠᠭᠠᠨ ᠠᠴᠠ ᠠᠪᠴᠤ ᠦᠵᠡᠪᠡᠯ ︽ᠤᠰᠤ ᠲᠠᠯᠪᠢᠨ ᠵᠢᠭᠠᠰᠤ ᠲᠡᠵᠢᠭᠡᠵᠦ︾᠂ ᠭᠠᠶᠢᠯᠢ ᠶᠢᠨ ᠢᠷᠡᠯᠲᠡ ᠶᠢ | ᠬᠠᠳᠠᠭᠠᠯᠠᠨ᠂ ᠭᠠᠶᠢᠯᠢ ᠶᠢᠨ ᠰᠠᠭᠤᠷᠢ ᠶᠢ ᠥᠷᠭᠡᠳᠬᠡᠵᠦ᠂ ᠨᠠᠩ ᠣᠯᠠᠨ ᠭᠠᠶᠢᠯᠢ ᠲᠠᠲᠠᠪᠤᠷᠢ ᠬᠤᠷᠢᠶᠠᠬᠤ ᠳᠤ ᠬᠤᠪᠢ | ᠨᠡᠮᠡᠷᠢ ᠦᠵᠡᠭᠦᠯᠵᠦ᠂ ︽ᠤᠰᠤ ᠠᠷᠪᠢᠨ ᠪᠣᠯ ᠵᠢᠭᠠᠰᠤ ᠠᠷᠪᠢᠨ︾ ᠭᠡᠵᠦ ᠬᠡᠯᠡᠵᠦ ᠪᠣᠯᠬᠤ ᠪᠥᠭᠡᠳ ᠰᠠᠶᠢᠨ | ᠣᠷᠴᠢᠯ ᠢ ᠪᠦᠷᠢᠯᠳᠦᠭᠦᠯᠪᠡ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠰᠢᠨ᠎ᠡ ᠪᠠᠷ ᠡᠷᠭᠢᠯᠡᠭᠰᠡᠨ ᠭᠠᠶᠢᠯᠢ ᠲᠠᠢ ᠬᠤᠯᠪᠣᠭᠳᠠᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠩᠭᠡᠷᠡᠭᠰᠡᠨ | ᠲᠠᠪᠤᠨ ᠵᠢᠯ ᠤᠨ ᠭᠠᠶᠢᠯᠢ ᠲᠤᠰᠢᠶᠠᠭᠰᠠᠨ ᠬᠡᠮᠵᠢᠶ᠎ᠡ ᠨᠢ ᠨᠡᠶᠢᠲᠡ 7.8 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ | ᠠᠳᠠᠯᠢ ᠬᠤᠭᠤᠴᠠᠭᠠᠨ ᠤ ᠰᠢᠨ᠎ᠡ ᠪᠠᠷ ᠨᠡᠮᠡᠭᠳᠡᠭᠰᠡᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ | ᠬᠡᠪᠴᠢᠶ᠎ᠡ ᠠᠴᠠ ᠴᠦ ᠶᠡᠭᠡ ᠪᠣᠯᠵᠠᠶ᠃ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠨᠢ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠵᠦ᠂ | ᠰᠢᠨ᠎ᠡ ᠬᠥᠳᠡᠯᠭᠡᠭᠴᠢ ᠡᠨᠧᠷᠭᠢ ᠶᠢ ᠪᠤᠵᠠᠭᠠᠶᠢᠷᠠᠭᠤᠯᠵᠤ᠂ ᠠᠵᠤ ᠠᠬᠤᠶ ᠶᠢᠨ ᠣᠷᠴᠢᠯ ᠤᠨ ᠰᠠᠭᠠᠳ ᠦᠭᠡᠢ | ᠨᠡᠪᠲᠡᠷᠡᠬᠦ ᠶᠢ ᠠᠬᠢᠭᠤᠯᠪᠠ᠃ ᠤᠢᠢᠷ᠎ᠠ ᠶᠢᠨ ᠵᠢᠯ ᠤᠳ ᠲᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠤᠭ᠎ᠠ ᠵᠢᠯ | ᠪᠦᠷᠢ ᠮᠢᠩᠭᠠᠨ ᠲᠦᠮᠡ ᠶᠢᠨ ᠳᠡᠰ ᠢᠶᠠᠷ ᠨᠡᠮᠡᠭᠳᠡᠬᠦ ᠪᠠᠶᠢᠳᠠᠯ ᠢᠯᠡᠷᠡᠵᠦ᠂ ᠶᠡᠭᠡ ᠬᠡᠮᠵᠢᠶᠡᠨ ᠤ ᠰᠢᠨ᠎ᠡ ᠪᠦᠲᠦᠮᠵᠢᠲᠡᠢ | ᠬᠠᠩᠭᠠᠯᠭ᠎ᠠ ᠪᠠ ᠪᠡᠯᠡ ᠣᠷᠣᠭᠤᠯᠤᠯᠲᠠ ᠶᠢᠨ ᠬᠡᠷᠡᠭᠯᠡᠭᠡ ᠱᠠᠭᠠᠷᠳᠠᠯᠭ᠎ᠠ ᠶᠢ ᠪᠤᠢ ᠪᠣᠯᠭᠠᠵᠠᠢ︔ ᠵᠢᠵᠢᠭ ᠪᠢᠴᠢᠯ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠡᠩ ᠴᠤ ᠥᠷᠨᠢᠨ ᠬᠥᠭᠵᠢᠵᠦ᠂ ᠲᠡᠳᠡᠨ ᠤ | ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ︽ᠬᠢᠯᠭᠠᠰᠤᠨ ᠰᠤᠳᠠᠰᠤ︾ ᠪᠠ ᠵᠠᠬ᠎ᠠ ᠳᠡᠯᠭᠡᠭᠦᠷ ᠤᠨ | ︽ᠮᠡᠳᠡᠷᠡᠯ ᠤᠨ ᠰᠡᠵᠢᠭᠦᠷ︾ ᠪᠣᠯᠤᠭᠰᠠᠨ ᠤ ᠬᠤᠪᠢ ᠳᠤ᠂ ᠮᠠᠨ ᠤ ᠤᠯᠤᠰ ᠤᠨ ᠠᠵᠤ ᠦᠢᠯᠡᠰ ᠪᠠ ᠵᠠᠬ᠎ᠠ | ᠳᠡᠯᠭᠡᠭᠦᠷ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠳᠤ ᠥᠪᠡᠷᠮᠢᠴᠡ ᠴᠢᠬᠤᠯᠠ ᠦᠢᠯᠡᠳᠦᠯ ᠢᠶᠠᠨ ᠪᠠᠳᠠᠷᠠᠭᠤᠯᠪᠠ᠃ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ | ᠡᠭᠦᠳᠦᠯᠲᠡ ᠶᠢ ᠠᠬᠢᠭᠤᠯᠵᠤ᠂ ᠠᠵᠤ ᠠᠬᠤᠶ ᠶᠢᠨ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠲᠦᠷᠭᠡᠪᠴᠢᠯᠡᠨ | ᠰᠣᠯᠢᠭᠳᠠᠬᠤ ᠶᠢ ᠠᠬᠢᠭᠤᠯᠤᠭᠰᠠᠨ ᠢ ᠪᠠᠰᠠ ᠣᠯᠵᠤ ᠬᠠᠷᠠᠬᠤ ᠬᠡᠷᠡᠭᠲᠡᠶ᠃ ᠣᠳᠣᠬᠠᠨ ᠳᠤ᠂ ᠮᠠᠨ ᠤ ᠤᠯᠤᠰ ᠤᠨ ︽ | ᠭᠤᠷᠪᠠᠨ ᠰᠢᠨ᠎ᠡ︾ ᠠᠵᠤ ᠠᠬᠤᠶ ᠶᠢᠨ ᠨᠡᠮᠡᠭᠳᠡᠯ ᠥᠷᠲᠡᠭ ᠤᠨ GDP ᠳᠤ ᠡᠵᠡᠯᠡᠬᠦ ᠬᠤᠪᠢ ᠶᠢᠨ ᠵᠢᠩ ᠨᠢᠭᠡᠨᠲᠡ | 16% ᠶᠢ ᠳᠠᠪᠠᠵᠤ᠂ ᠮᠠᠰᠢ ᠣᠯᠠᠨ ᠤᠯᠠᠮᠵᠢᠯᠠᠯᠲᠤ ᠠᠵᠤ ᠦᠢᠯᠡᠰ ᠴᠦ ᠰᠢᠨ᠎ᠡ ᠮᠡᠷᠭᠡᠵᠢᠯ ᠰᠢᠨ᠎ᠡ ᠡᠵᠡᠩᠨᠡᠯᠲᠡ ᠶᠢᠨ | ᠬᠡᠯᠪᠡᠷᠢ ᠪᠠᠶᠢᠳᠠᠯ ᠢᠶᠠᠷ ᠳᠡᠮᠵᠢᠨ ᠰᠤᠳᠤᠯᠤᠨ ᠨᠡᠭᠡᠭᠡᠬᠦ ᠪᠠ ᠦᠢᠯᠡᠳᠪᠦᠷᠢᠯᠡᠵᠦ ᠡᠵᠡᠩᠨᠡᠬᠦ ᠠᠷᠭ᠎ᠠ ᠮᠠᠶ᠋ᠢᠭ ᠢ ᠳᠠᠬᠢᠨ | ᠪᠦᠲᠦᠭᠡᠪᠡ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠥᠬᠦ | ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 7.6 ᠲᠦᠮᠡ ᠪᠠᠶᠢᠭᠰᠠᠨ ᠠᠴᠠ ᠪᠠᠨ 27.5 ᠲᠦᠮᠡ | ᠪᠣᠯᠵᠣ ᠨᠡᠮᠡᠭᠳᠡᠪᠡ᠃ ᠭᠠᠳᠠᠭᠠᠳᠤ ᠶᠢᠨ ᠪᠠᠶᠢᠭᠤᠯᠤᠮᠵᠢ ᠶᠢᠨ ᠪᠦᠷᠢᠳᠬᠡᠭᠰᠡᠨ ᠢᠶᠠᠷ᠂ ᠨᠢᠳᠤᠨᠤᠨ ᠪᠥᠬᠦ ᠳᠡᠯᠡᠬᠡᠶ ᠶᠢᠨ | 500 ᠭᠠᠷᠤᠶ ︽ᠭᠠᠭᠴᠠ ᠡᠪᠡᠷᠲᠦ︾ ᠠᠵᠤ ᠠᠬᠤᠶᠢᠯᠠᠯ ᠳᠣᠲᠣᠷ᠎ᠠ᠂ ᠮᠠᠨ ᠤ ᠤᠯᠤᠰ ᠤᠨ ᠡᠬᠡ ᠬᠠᠭᠤᠷᠠᠶ ᠳᠤ | ᠳᠠᠷᠤᠢ 112 ᠠᠵᠤ ᠠᠬᠤᠶᠢᠯᠠᠯ ᠪᠠᠶᠢᠵᠤ᠂ ᠲᠤᠭ᠎ᠠ ᠬᠡᠮᠵᠢᠶ᠎ᠡ ᠪᠠᠷ ᠬᠤᠶᠠᠳᠤᠭᠠᠷ ᠲᠤ ᠤᠷᠤᠭᠰᠠᠨ ᠪᠠᠶᠢᠨ᠎ᠠ᠃ ︽ | ᠢᠨᠲ᠋ᠧᠷ ᠰᠦᠯᠵᠢᠶ᠎ᠡ +︾ ᠵᠡᠷᠭᠡ ᠶᠢᠨ ᠲᠦᠷᠭᠡᠨ ᠬᠥᠭᠵᠢᠯᠲᠡ ᠨᠢ ᠡᠬᠢ ᠪᠠᠶᠠᠯᠢᠭ ᠤᠨ ᠲᠣᠬᠢᠷᠠᠭᠤᠯᠤᠯᠲᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠢᠯᠢᠳᠡᠭ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠷᠠᠳ ᠤᠨ | ᠠᠮᠢᠳᠤᠷᠠᠯ ᠤᠨ ᠡᠬᠢ ᠪᠠᠶᠠᠯᠢᠭ ᠤᠨ ᠬᠥᠳᠡᠭᠡ ᠲᠣᠰᠬᠤᠨ᠂ ᠪᠤᠶᠢᠳᠠ ᠪᠥᠭᠯᠡᠭᠦᠤ ᠭᠠᠵᠠᠷ ᠣᠷᠣᠨ ᠲᠡᠶᠢᠰᠢ | ᠥᠷᠭᠡᠵᠢᠬᠦ ᠶᠢ ᠠᠬᠢᠭᠤᠯᠤᠭᠰᠠᠨ ᠢᠶᠠᠷ ᠪᠠᠷᠠᠬᠤ ᠥᠬᠡᠶ᠂ ᠵᠠᠬ᠎ᠠ ᠳᠡᠯᠭᠡᠭᠦᠷ ᠤᠨ ᠣᠷᠣᠨ ᠵᠠᠶ ᠶᠢ ᠥᠷᠭᠡᠳᠬᠡᠪᠡ᠃ ᠡᠨᠡ | ᠵᠢᠯ ᠤᠨ 1 — 4 ᠰᠠᠷ᠎ᠠ ᠳᠤ ᠪᠥᠬᠦ ᠤᠯᠤᠰ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢᠨ | ᠨᠡᠶᠢᠭᠡᠮ ᠤᠨ ᠬᠡᠷᠡᠭᠯᠡᠭᠡ ᠶᠢᠨ ᠵᠦᠢᠯᠡᠰ ᠤᠨ ᠵᠢᠵᠢᠭᠯᠡᠨ ᠬᠤᠳᠠᠯᠳᠤᠭᠰᠠᠨ ᠪᠥᠬᠦ ᠲᠣᠭᠠᠨ ᠳᠠᠬᠢ ᠡᠵᠡᠯᠡᠬᠦ ᠬᠤᠪᠢ ᠶᠢᠨ | ᠵᠢᠩ ᠨᠢ 22% ᠢ ᠳᠠᠪᠠᠵᠤ᠂ ᠨᠢᠳᠤᠨᠤᠨ ᠤ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ | ᠬᠠᠮᠢᠶᠠᠷᠤᠯᠲᠠ ᠶᠢᠨ ᠲᠠᠪᠴᠠᠩ ᠤᠨ ᠭᠠᠳᠠᠭᠠᠳᠤ ᠳᠤ ᠭᠠᠷᠭᠠᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ | 150% ᠠᠴᠠ ᠳᠡᠭᠡᠭᠰᠢ ᠨᠡᠮᠡᠭᠳᠡᠵᠡᠶ᠂ ᠡᠨᠡ ᠨᠢ ᠠᠵᠤ ᠦᠢᠯᠡᠳᠪᠦᠷᠢ ᠲᠠᠷᠢᠶᠠᠯᠠᠩ ᠤᠨ ᠦᠢᠯᠡᠳᠪᠦᠷᠢᠯᠡᠯ ᠪᠠ | ᠭᠠᠳᠠᠭᠠᠳᠤ ᠠᠷᠠᠯᠵᠢᠶ᠎ᠠ ᠳᠤ ᠵᠠᠬ᠎ᠠ ᠳᠡᠯᠭᠡᠭᠦᠷ ᠤᠨ ᠰᠢᠨ᠎ᠡ ᠠᠷᠭ᠎ᠠ ᠵᠠᠮ ᠢ ᠨᠡᠭᠡᠭᠡᠵᠦ ᠥᠭᠭᠦᠭᠰᠡᠨ ᠪᠠᠶᠢᠨ᠎ᠠ᠃ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠠᠶᠢᠳᠠᠯ ᠨᠢ ᠪᠠᠰᠠ ᠣᠷᠣᠨ ᠪᠦᠰᠡ ᠶᠢᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠪᠠ ᠰᠡᠯᠭᠦᠬᠦ ᠬᠦᠴᠦᠨ ᠲᠠᠢ ᠬᠤᠯᠪᠣᠭᠳᠠᠳᠠᠭ᠃ ᠦᠢᠯᠡᠳᠦᠯᠭᠡ ᠶᠢᠨ ᠢᠯᠡᠷᠡᠭᠦᠯᠦᠭᠰᠡᠨ ᠢᠶᠠᠷ᠂ | ᠠᠯᠢ ᠭᠠᠵᠠᠷ ᠣᠷᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠨᠢ ᠰᠠᠶᠢᠨ ᠪᠠᠶᠢᠪᠠᠯ᠂ ᠣᠷᠣᠨ | ᠨᠤᠲᠤᠭ ᠤᠨ ᠠᠵᠤ ᠠᠬᠤᠶ ᠶᠢᠨ ᠬᠥᠭᠵᠢᠯᠲᠡ ᠨᠢ ᠳᠠᠷᠤᠶ ᠰᠠᠶᠢᠨ ᠪᠠᠶᠢᠵᠤ᠂ ᠠᠷᠠᠳ ᠤᠨ ᠠᠮᠢᠳᠤᠷᠠᠯ ᠤᠨ | ᠰᠠᠶᠢᠵᠢᠷᠠᠯᠲᠠ ᠨᠢ ᠳᠠᠷᠤᠶ ᠲᠦᠷᠭᠡᠨ ᠪᠣᠯᠵᠤ ᠴᠢᠳᠠᠨ᠎ᠠ᠃ ᠤᠢᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠭᠠᠵᠠᠷ | ᠣᠷᠣᠨ ᠤ ᠬᠥᠭᠵᠢᠯᠲᠡ ᠳᠤ ᠵᠥᠷᠢᠶ᠎ᠡ ᠡᠭᠦᠰᠦᠭᠰᠡᠨ ᠨᠢᠭᠡᠨ ᠴᠢᠬᠤᠯᠠ ᠰᠢᠯᠲᠠᠭᠠᠨ ᠪᠣᠯ ᠳᠠᠷᠤᠶ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠬᠥᠭᠵᠢᠯᠲᠡ ᠶᠢᠨ ᠪᠠᠶᠢᠳᠠᠯ ᠠᠳᠠᠯᠢ ᠪᠤᠰᠤ ᠪᠠᠶᠢᠬᠤ ᠠᠴᠠ ᠪᠣᠯᠵᠠᠢ᠃ ᠵᠠᠷᠢᠮ ᠭᠠᠵᠠᠷ | ᠣᠷᠣᠨ ᠳᠤ ᠰᠢᠨ᠎ᠡ ᠪᠠᠷ ᠪᠤᠢ ᠪᠣᠯᠤᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ ᠴᠥᠭᠡᠨ ᠪᠠᠶᠢᠬᠤ ᠪᠠᠷ ᠪᠠᠷᠠᠬᠤ | ᠦᠭᠡᠢ᠂ ᠴᠢᠨᠠᠭᠰᠢᠯᠠᠪᠠᠯ ᠤᠤᠯ ᠤᠨ ᠪᠠᠶᠢᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ ᠨᠢ ᠴᠤ ᠲᠠᠰᠤᠷᠠᠯᠳᠠ ᠦᠭᠡᠢ | ᠤᠬᠤᠷᠢᠨ ᠭᠠᠷᠤᠭᠰᠠᠨ ᠠᠴᠠ᠂ ᠠᠵᠤ ᠠᠬᠤᠶ ᠶᠢᠨ ᠬᠥᠭᠵᠢᠯᠲᠡ ᠨᠢ ᠠᠮᠢᠵᠢᠷᠠᠯ ᠤᠨ ᠬᠦᠴᠦᠨ ᠳᠤᠲᠠᠵᠤ᠂ ᠰᠠᠭᠤᠭᠠᠯᠢ | ᠠᠷᠠᠳ ᠤᠨ ᠠᠵᠢᠯ ᠣᠯᠭᠤᠯᠲᠠ᠂ ᠣᠷᠣᠯᠭ᠎ᠠ ᠵᠡᠷᠭᠡ ᠨᠢ ᠴᠦ ᠨᠥᠯᠥᠭᠡᠯᠡᠭᠳᠡᠪᠡ᠃ ᠡᠨᠡ ᠨᠢ ᠠᠳᠠᠯᠢ ᠪᠤᠰᠤ ᠭᠠᠵᠠᠷ | ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠵᠥᠷᠢᠶ᠎ᠡ ᠶᠢ ᠲᠤᠰᠬᠠᠵᠤ ᠪᠠᠶᠢᠨ᠎ᠠ᠃ ᠬᠤᠯᠪᠣᠭᠳᠠᠯ | ᠪᠦᠬᠦᠢ ᠭᠠᠵᠠᠷ ᠣᠷᠣᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠰᠠᠶᠢᠵᠢᠷᠠᠯᠲᠠ ᠶᠢ ᠴᠢᠩᠭ᠎ᠠ | ᠠᠳᠬᠤᠵᠤ᠂ ᠵᠥᠷᠢᠶ᠎ᠡ ᠶᠢ ᠳᠠᠯᠳᠠ ᠬᠦᠴᠦᠨ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ | ᠪᠤᠵᠠᠭᠠᠶᠢᠷᠠᠭᠤᠯᠬᠤ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠡᠭᠦᠨ ᠢᠶᠠᠷ | ᠳᠠᠮᠵᠢᠨ ᠭᠠᠵᠠᠷ ᠣᠷᠣᠨ ᠤ ᠬᠥᠭᠵᠢᠯᠲᠡ ᠶᠢᠨ ᠦᠷᠢᠰᠦᠯᠳᠦᠬᠦ ᠬᠦᠴᠦᠨ ᠪᠣᠯᠤᠨ ᠶᠡᠷᠦᠩᠬᠡᠶᠢᠯᠡᠭᠰᠡᠨ ᠪᠣᠳᠠᠲᠤ | ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ | ᠣᠳᠣᠬᠠᠨ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠳᠠᠯ ᠦᠢᠯᠡᠰ ᠴᠣᠭᠴᠠᠯᠠᠬᠤ ᠬᠥᠭᠵᠢᠯᠲᠡ ᠨᠢ ᠮᠥᠨ ᠬᠦ | ᠪᠠᠭ᠎ᠠ ᠪᠤᠰᠤ ᠬᠠᠷᠰᠢ ᠰᠠᠭᠠᠳ ᠲᠤ ᠲᠤᠯᠭᠠᠷᠠᠵᠤ ᠪᠠᠶᠢᠨ᠎ᠠ᠂ ᠡᠷᠬᠡᠪᠰᠢ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷ ᠲᠦᠪᠡᠭᠲᠡᠢ ᠲᠠᠯ᠎ᠠ ᠠᠴᠠ ᠭᠠᠷᠳᠠᠨ | ᠬᠢᠬᠦ ᠶᠢ ᠪᠠᠷᠢᠮᠲᠠᠯᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ | ᠬᠡᠯᠬᠢᠶ᠎ᠡ ᠪᠠᠷ ᠰᠢᠯᠢᠳᠡᠭᠵᠢᠭᠦᠯᠵᠦ ᠬᠢᠨᠠᠨ ᠵᠥᠪᠰᠢᠶᠡᠷᠡᠬᠦ᠂ ᠪᠦᠬᠦ ᠶᠠᠪᠤᠴᠠ ᠳᠤ ᠲᠥᠪ ᠭᠤᠣᠯᠴᠢ ᠪᠠᠷ ᠬᠢᠨᠠᠨ | ᠬᠠᠮᠢᠶᠠᠷᠬᠤ᠂ ᠪᠦᠬᠦ ᠦᠶᠡᠯᠡᠯ ᠢᠶᠠᠷ ᠦᠢᠯᠡᠴᠢᠯᠡᠭᠡ ᠶᠢ ᠳᠡᠭᠡᠭᠰᠢᠯᠡᠭᠦᠯᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢ ᠨᠡᠩ ᠬᠥᠭᠵᠢᠶᠡᠨᠲᠡᠢ ᠪᠣᠯᠭᠠᠵᠤ᠂ ᠡᠷᠬᠡ ᠲᠡᠭᠰᠢ ᠪᠠᠷ ᠦᠷᠢᠰᠦᠯᠳᠦᠬᠦᠯᠵᠦ᠂ ᠰᠢᠨ᠎ᠡ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠳᠠᠰᠤᠷᠠᠯᠳᠠ ᠦᠬᠡᠢ ᠪᠤᠢ ᠪᠣᠯᠭᠠᠬᠤ ᠬᠡᠷᠡᠭᠲᠡᠢ᠃ ᠵᠠᠰᠠᠭ ᠤᠨ ᠣᠷᠳᠣᠨ ᠪᠠᠰᠠ | ᠤᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ︽ᠬᠤᠶᠠᠷ ᠢ ᠬᠠᠩᠭᠠᠬᠤ︾ ᠲᠠᠯ᠎ᠠ ᠪᠠᠷ ᠨᠡᠩ ᠶᠡᠭᠡ | ᠬᠦᠴᠦ ᠵᠠᠷᠤᠴᠠᠭᠤᠯᠬᠤ ᠬᠡᠷᠡᠭᠲᠡᠶ᠃ ᠨᠢᠭᠡ ᠲᠠᠯ᠎ᠠ ᠪᠠᠷ ᠨᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ | ᠨᠡᠶᠢᠭᠡᠮ ᠤᠨ ᠬᠦᠴᠦᠨ ᠤ ᠢᠳᠡᠪᠬᠢᠵᠢᠯ ᠢ ᠭᠦᠢᠴᠡᠳ ᠲᠠᠶᠢᠴᠢᠯᠠᠵᠤ᠂ ᠤᠰᠤ ᠴᠠᠬᠢᠯᠭᠠᠨ ᠬᠡᠢ ᠢᠯᠴᠢ᠂ ᠵᠠᠮ | ᠬᠠᠷᠢᠯᠴᠠᠭ᠎ᠠ᠂ ᠴᠠᠬᠢᠯᠭᠠᠨ ᠬᠤᠯᠪᠣᠭ᠎ᠠ ᠵᠡᠷᠭᠡ ᠰᠠᠭᠤᠷᠢ ᠪᠡᠯᠡᠳᠬᠡᠮᠵᠢ ᠶᠢᠨ ᠲᠠᠯ᠎ᠠ ᠪᠠᠷ ᠬᠠᠩᠭᠠᠯᠭ᠎ᠠ ᠶᠢ ᠨᠡᠮᠡᠭᠳᠡᠭᠦᠯᠵᠦ᠂ | ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠡᠵᠡᠩᠨᠡᠯᠲᠡ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ᠃ | ᠨᠦᠭᠦᠭᠡ ᠲᠠᠯ᠎ᠠ ᠪᠠᠷ ᠨᠢ ᠠᠷᠠᠳ ᠤᠨ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠵᠤ᠂ ᠴᠢᠳᠠᠯ ᠤᠨ ᠢᠶᠠᠨ ᠬᠢᠷᠢ ᠪᠠᠷ | ᠴᠢᠷᠮᠠᠶᠢᠵᠤ᠂ ᠬᠦᠴᠦᠨ ᠤ ᠪᠠᠨ ᠬᠢᠷᠢ ᠪᠠᠷ ᠬᠢᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ | ᠡᠮᠨᠡᠯᠭᠡ᠂ ᠦᠨᠳᠦᠰᠦᠨ ᠣᠷᠣᠨ ᠰᠠᠭᠤᠴᠠ ᠵᠡᠷᠭᠡ ᠶᠢᠨ ᠪᠠᠲᠤᠯᠠᠭ᠎ᠠ ᠶᠢ ᠭᠤᠣᠯᠳᠠᠯᠭ᠎ᠠ ᠲᠠᠢ ᠴᠢᠩᠭᠠᠳᠬᠠᠵᠤ᠂ ᠠᠵᠢᠯ | ᠠᠯᠳᠠᠭᠰᠠᠳ ᠤᠨ ᠪᠠᠲᠤᠯᠠᠭ᠎ᠠ᠂ ᠠᠮᠢᠳᠤᠯᠢᠭ ᠢᠶᠠᠷ ᠠᠵᠢᠯ ᠣᠯᠤᠭᠰᠠᠳ ᠤᠨ ᠦᠨᠳᠦᠰᠦᠨ ᠡᠷᠬᠡ ᠠᠰᠢᠭ ᠤᠨ | ᠪᠠᠲᠤᠯᠠᠭ᠎ᠠ ᠵᠡᠷᠭᠡ ᠲᠦᠷᠢᠮ ᠢ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠬᠢᠷᠢ ᠲᠦᠪᠰᠢᠨ ᠢ ᠠᠯᠬᠤᠮ ᠠᠯᠬᠤᠮ ᠢᠶᠠᠷ | ᠳᠡᠭᠡᠭᠰᠢᠯᠡᠭᠦᠯᠬᠦ ᠬᠡᠷᠡᠭᠲᠡᠢ᠃ ᠨᠡᠶᠢᠭᠡᠮ ᠤᠨ ᠪᠠᠲᠤᠯᠠᠭ᠎ᠠ ᠶᠢᠨ ︽ᠠᠮᠤᠷ ᠲᠦᠪᠰᠢᠨ ᠤ ᠲᠣᠣᠷ︾ ᠢ ᠨᠢᠭᠲᠠ ᠪᠥᠭᠡᠳ | ᠪᠠᠲᠤ ᠰᠦᠯᠵᠢᠬᠦ ᠪᠠᠷ ᠳᠠᠮᠵᠢᠭᠤᠯᠵᠤ᠂ ᠬᠤᠶᠢᠰᠢᠳᠠ ᠶᠢᠨ ᠵᠣᠪᠠᠨᠢᠯ ᠢ ᠠᠷᠢᠯᠭᠠᠵᠤ᠂ ᠠᠷᠠᠳ ᠤᠯᠠᠨ ᠢ ᠵᠣᠷᠢᠭᠲᠠᠢ ᠪᠠᠷ | ᠠᠳᠠᠯ ᠦᠢᠯᠡᠰ ᠴᠣᠭᠴᠠᠯᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠣᠷᠢᠭᠲᠠᠢ ᠪᠠᠷ ᠰᠢᠨ᠎ᠡ ᠶᠢ ᠡᠭᠦᠳᠦᠨ | ᠬᠥᠭᠵᠢᠭᠦᠯᠬᠦ ᠬᠡᠷᠡᠭᠲᠡᠢ᠃ | ᠭᠤᠷᠪᠠ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠩᠬᠠᠷᠤᠯ ᠳᠤ ᠲᠥᠪᠯᠡᠷᠡᠭᠦᠯᠵᠦ᠂ ᠵᠠᠬ᠎ᠠ ᠳᠡᠯᠭᠡᠭᠦᠷᠴᠢᠯᠡᠭᠰᠡᠨ | ᠬᠠᠤᠯᠢᠵᠢᠭᠰᠠᠨ ᠣᠯᠠᠨ ᠤᠯᠤᠰᠴᠢᠯᠠᠭᠰᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠪᠣᠶ | ᠪᠣᠯᠭᠠᠨ᠎ᠠ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠪᠣᠯ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠤᠯᠭᠠᠷᠠᠵᠤ | ᠪᠠᠶᠢᠭ᠎ᠠ ᠲᠦᠷᠢᠮ ᠤᠨ ᠴᠢᠨᠠᠷᠲᠠᠶ ᠨᠥᠬᠦᠴᠡᠯ ᠮᠥᠨ᠂ ᠲᠡᠳᠡᠨ ᠤ ᠣᠷᠣᠰᠢᠨ ᠲᠣᠭᠲᠠᠨᠢᠵᠤ ᠬᠥᠭᠵᠢᠬᠦ ᠶᠢᠨ ᠬᠥᠷᠥᠰᠥ | ᠰᠢᠷᠣᠶ ᠮᠥᠨ᠃ ᠠᠰᠢᠭᠲᠠᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠪᠣᠯ ᠳᠠᠷᠤᠢ ᠦᠢᠯᠡᠳᠪᠦᠷᠢᠯᠡᠯ ᠤᠨ | ᠬᠦᠴᠦᠨ᠂ ᠦᠷᠢᠰᠦᠯᠳᠦᠬᠦ ᠬᠦᠴᠦᠨ ᠪᠣᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠣᠯ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ᠂ ᠵᠠᠬ᠎ᠠ ᠳᠡᠯᠭᠡᠭᠦᠷᠴᠢᠯᠡᠬᠦ᠂ | ᠬᠠᠤᠯᠢᠵᠢᠬᠤ᠂ ᠣᠯᠠᠨ ᠤᠯᠤᠰᠴᠢᠯᠠᠬᠤ ᠶᠢ ᠪᠦᠬᠦᠯᠢ ᠴᠣᠭᠴᠠ ᠪᠠᠷ ᠠᠬᠢᠭᠤᠯᠬᠤ ᠶᠢ ᠪᠠᠷᠢᠮᠲᠠᠯᠠᠵᠤ᠂ ᠲᠡᠷᠢᠭᠦᠨ ᠤ | ᠡᠵᠡᠩᠨᠡᠯᠲᠡ ᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠲᠤᠮᠤ ᠠᠵᠤ ᠠᠬᠤᠶᠢᠯᠠᠯ ᠢ ︽ᠨᠡᠩ ᠬᠥᠭᠵᠢᠭᠦᠯᠦᠨ | ᠪᠤᠵᠠᠭᠠᠶᠢᠷᠠᠭᠤᠯᠬᠤ︾᠂ ᠵᠢᠵᠢᠭ ᠠᠵᠤ ᠠᠬᠤᠶᠢᠯᠠᠯ ᠢ ︽ᠥᠷᠭᠡᠨ ᠳᠡᠯᠭᠡᠷ ᠪᠤᠶᠢᠵᠢᠭᠤᠯᠬᠤ︾ ᠶᠢ ᠠᠬᠢᠭᠤᠯᠵᠤ᠂ | ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠴᠢᠯᠥᠭᠡᠯᠡᠨ ᠬᠥᠭᠵᠢᠭᠦᠯᠬᠦ ᠬᠡᠷᠡᠭᠲᠡᠢ᠃ | ︵ᠨᠢᠭᠡ︶ ᠵᠠᠬ᠎ᠠ ᠳᠡᠯᠭᠡᠭᠦᠷᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠨ᠎ᠠ | ᠃ ᠵᠠᠰᠠᠭ ᠢ ᠴᠣᠮᠬᠠᠳᠬᠠᠬᠤ ᠶᠣᠰᠣ ᠳᠦᠷᠢᠮ ᠢ ᠬᠦᠴᠦᠯᠡᠨ ᠬᠡᠷᠡᠭᠵᠢᠭᠦᠯᠵᠦ᠂ ᠡᠷᠬᠡ ᠲᠡᠭᠰᠢ ᠲᠥᠪ ᠭᠤᠣᠯᠴᠢ ᠪᠠᠷ | ᠬᠢᠨᠠᠨ ᠬᠠᠮᠢᠶᠠᠷᠬᠤ ᠶᠢ ᠪᠠᠷᠢᠮᠲᠠᠯᠠᠨ᠂ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠠᠮᠢᠵᠢᠷᠠᠯ ᠤᠨ | ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠵᠤ᠂ ᠲᠥᠪ ᠭᠤᠣᠯᠴᠢ ᠪᠠᠷ ᠬᠠᠮᠢᠶᠠᠷᠴᠤ᠂ ᠦᠷ᠎ᠡ | ᠪᠦᠲᠦᠮᠵᠢ ᠲᠠᠢ ᠪᠠᠷ ᠦᠢᠯᠡᠴᠢᠯᠡᠬᠦ ᠬᠡᠷᠡᠭᠲᠡᠢ᠃ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ | ᠬᠡᠷᠡᠭᠲᠡᠶ᠃ ᠡᠨᠡ ᠵᠢᠯ ᠠᠵᠤ ᠠᠬᠤᠶᠢᠯᠠᠯ ᠳᠤ ᠬᠤᠯᠪᠣᠭᠳᠠᠭᠰᠠᠨ ᠬᠢᠨᠠᠨ ᠵᠥᠪᠰᠢᠶᠡᠷᠡᠬᠦ ᠭᠤᠭᠴᠤᠭ᠎ᠠ ᠶᠢ ᠪᠠᠭᠠᠰᠬᠠᠬᠤ᠂ | ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠵᠠᠷᠤᠳᠠᠯ ᠢ ᠪᠠᠭᠠᠰᠬᠠᠬᠤ ᠶᠢ ᠬᠦᠴᠦᠯᠡᠨ | ᠠᠬᠢᠭᠤᠯᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠱᠠᠯᠠᠪᠳᠠᠨ | ᠨᠠᠶᠢᠷᠠᠭᠤᠯᠤᠨ ᠵᠣᠬᠢᠶᠠᠵᠤ ᠨᠡᠶᠢᠲᠡᠯᠡᠬᠦ ᠬᠡᠷᠡᠭᠲᠡᠢ᠃ ᠣᠳᠣᠬᠠᠨ ᠳᠤ᠂ ᠬᠡᠰᠡᠭ ᠬᠦᠷᠢᠶᠡᠨ ᠳᠠᠬᠢ ᠵᠥᠪᠰᠢᠶᠡᠷᠡᠨ | ᠣᠷᠣᠭᠤᠯᠬᠤ ᠪᠠᠬᠢᠯᠡᠯᠲᠡ ᠮᠥᠨ ᠬᠦ ᠴᠥᠭᠡᠨ ᠪᠤᠰᠤ ᠪᠠᠶᠢᠵᠤ᠂ ᠪᠠᠰᠠ ᠵᠠᠷᠢᠮ ᠵᠠᠬ᠎ᠠ ᠳᠡᠯᠭᠡᠭᠦᠷ ᠤᠨ ᠭᠤᠣᠯ | ᠴᠣᠭᠴᠠ ᠨᠢ ᠬᠦᠴᠦᠨ ᠥᠬᠡᠶ ᠪᠣᠯᠭᠠᠬᠤ ᠳᠤ ᠬᠦᠴᠢᠷᠲᠡᠶ ᠠᠴᠠ ᠪᠣᠯᠵᠣ ᠤᠬᠤᠷᠢᠨ ᠭᠠᠷᠴᠤ ᠳᠡᠶᠢᠯᠬᠦ ᠥᠬᠡᠶ ᠪᠠᠶᠢᠨ᠎ᠠ | ᠃ ︽ᠭᠡᠷᠡᠴᠢ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠡᠮᠯᠡᠯ ᠠᠪᠤᠭᠰᠠᠨ ᠤ ᠳᠠᠷᠠᠭ᠎ᠠ | ᠭᠡᠷᠡᠴᠢ ᠶᠢ ᠬᠠᠰᠤᠵᠤ ᠨᠡᠶᠢᠯᠡᠭᠦᠯᠬᠦ ᠶᠢ ᠬᠦᠴᠦᠯᠡᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠢᠯᠠᠩᠭᠤᠶ᠎ᠠ | ᠦᠢᠯᠡᠳᠬᠡᠯ ᠤᠨ ᠦᠢᠯᠡᠰ᠂ ᠡᠩ ᠤᠨ ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠵᠥᠪᠰᠢᠶᠡᠷᠡᠨ ᠣᠷᠣᠭᠤᠯᠬᠤ ᠶᠢ ᠨᠠᠩ ᠲᠥᠬᠦᠮ ᠪᠣᠯᠭᠠᠬᠤ ᠬᠡᠷᠡᠭᠲᠡᠶ︔ ᠰᠠᠯᠠᠭ᠎ᠠ ᠮᠥᠴᠢᠷ ᠤᠳ ᠤᠨ ᠵᠣᠯᠭᠠᠯᠴᠠᠭ᠎ᠠ ᠶᠢ | ᠴᠢᠩᠭᠠᠳᠬᠠᠵᠤ᠂ ᠲᠦᠭᠦᠮ ᠢᠶᠠᠷ ᠬᠦᠴᠦᠨ ᠦᠭᠡᠢ ᠪᠣᠯᠭᠠᠬᠤ ᠬᠡᠪᠴᠢᠶ᠎ᠡ ᠶᠢ ᠥᠷᠭᠡᠳᠬᠡᠵᠦ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠤᠬᠤᠷᠢᠨ ᠭᠠᠷᠬᠤ ᠶᠢ ᠨᠡᠩ ᠰᠢᠯᠤᠭᠤᠳᠬᠠᠵᠤ᠂ ᠵᠠᠬ᠎ᠠ ᠳᠡᠯᠭᠡᠭᠦᠷ ᠤᠨ ᠰᠢᠨ᠎ᠡ ᠬᠠᠭᠤᠴᠢᠨ ᠤ | ᠰᠣᠯᠢᠯᠴᠠᠭ᠎ᠠ ᠶᠢ ᠠᠬᠢᠭᠤᠯᠬᠤ ᠬᠡᠷᠡᠭᠲᠡᠢ᠃ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠬᠦᠷᠢᠶᠡᠨ ᠤ | ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ ᠴᠤᠪᠤᠷᠠᠯ ᠢ | ᠴᠣᠮᠬᠠᠳᠬᠠᠨ ᠨᠡᠶᠢᠯᠡᠭᠦᠯᠵᠦ᠂ ᠤᠯᠠᠨ ᠲᠥᠯᠥᠪᠵᠢᠭᠦᠯᠭᠡ ᠶᠢ ᠨᠢᠭᠡᠳᠬᠡᠬᠦ᠂ ᠤᠯᠠᠨ ᠵᠢᠷᠤᠭ ᠢ ᠬᠠᠮᠲᠤᠷᠠᠨ ᠬᠢᠨᠠᠬᠤ᠂ | ᠬᠠᠮᠲᠤᠷᠠᠨ ᠰᠢᠯᠭᠠᠨ ᠬᠤᠷᠢᠶᠠᠨ ᠠᠪᠬᠤ ᠵᠡᠷᠭᠡ ᠠᠷᠭ᠎ᠠ ᠬᠢᠳᠡᠯ ᠢ ᠬᠡᠷᠡᠭᠵᠢᠭᠦᠯᠵᠦ᠂ ᠠᠮᠤᠷ ᠲᠦᠪᠰᠢᠨ ᠢ ᠦᠨᠡᠨ ᠬᠦ | ᠪᠠᠲᠤᠯᠠᠭᠰᠠᠨ ᠤᠷᠢᠲᠠᠯ ᠳᠣᠣᠷ᠎ᠠ ᠠᠮᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠲᠦᠷᠦᠯ ᠵᠦᠢᠯ ᠢ ᠡᠷᠲᠡ | ᠨᠠᠶᠢᠳᠠᠪᠤᠷᠢᠵᠢᠭᠤᠯᠵᠤ᠂ ᠡᠷᠲᠡ ᠠᠰᠢᠭᠯᠠᠯᠲᠠ ᠳᠤ ᠣᠷᠣᠭᠤᠯᠬᠤ ᠬᠡᠷᠡᠭᠲᠡᠢ᠃ ᠤᠯᠤᠰ ᠤᠨ ᠠᠵᠢᠯ ᠮᠡᠷᠭᠡᠵᠢᠯ ᠤᠨ | ᠬᠢᠷᠢ ᠬᠡᠮ ᠤᠨ ᠭᠠᠷᠴᠠᠭ ᠢ ᠬᠥᠳᠡᠯᠦᠩᠭᠦᠶ ᠪᠠᠷ ᠰᠢᠯᠢᠳᠡᠭᠵᠢᠭᠦᠯᠵᠦ᠂ ᠠᠵᠢᠯ ᠤᠯᠬᠤ ᠪᠠ ᠠᠳᠠᠯ ᠦᠢᠯᠡᠰ | ᠴᠣᠭᠴᠠᠯᠠᠬᠤ ᠪᠠᠷᠢᠮᠵᠢᠶ᠎ᠠ ᠶᠢ ᠤᠯᠠᠮ ᠨᠢᠭᠡ ᠠᠯᠬᠤᠮ ᠳᠣᠷᠣᠭᠰᠢᠯᠠᠭᠤᠯᠬᠤ ᠬᠡᠷᠡᠭᠲᠡᠶ᠃ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠢᠨ᠎ᠡ ᠶᠢ ᠡᠭᠦᠳᠦᠨ ᠬᠥᠭᠵᠢᠬᠦ ᠶᠢ ᠨᠡᠩ ᠬᠥᠭᠵᠢᠶᠡᠨᠲᠡᠢ ᠪᠣᠯᠭᠠᠬᠤ | ᠬᠡᠷᠡᠭᠲᠡᠢ᠃ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ᠂ ᠬᠠᠷᠰᠢ ᠰᠠᠭᠠᠳ ᠢ ᠠᠷᠢᠯᠭᠠᠬᠤ᠂ ᠲᠠᠪᠴᠠᠩ | ᠪᠠᠶᠢᠭᠤᠯᠬᠤ ᠲᠠᠯ᠎ᠠ ᠪᠠᠷ ᠬᠦᠴᠦ ᠲᠠᠯᠪᠢᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ | ᠪᠠᠶᠢᠷᠢ ᠰᠠᠭᠤᠷᠢ ᠶᠢ ᠴᠢᠩᠭᠠᠳᠬᠠᠬᠤ ᠬᠡᠷᠡᠭᠲᠡᠢ᠃ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠵᠡᠷᠭᠡ ᠲᠦᠭᠡᠮᠡᠯ | ᠬᠠᠷᠠᠭᠠᠯᠵᠠᠯᠲᠤ ᠴᠢᠨᠠᠷᠲᠠᠶ ᠲᠦᠷᠦ ᠶᠢᠨ ᠪᠤᠳᠤᠯᠭ᠎ᠠ ᠶᠢ ᠴᠢᠬᠤᠯᠠᠴᠢᠯᠠᠨ ᠬᠡᠷᠡᠭᠯᠡᠵᠦ ᠠᠵᠤ ᠠᠬᠤᠶᠢᠯᠠᠯ ᠤᠨ ᠰᠤᠳᠤᠯᠤᠨ | ᠨᠡᠭᠡᠭᠡᠵᠦ ᠰᠢᠨ᠎ᠡ ᠶᠢ ᠡᠭᠦᠳᠬᠦ ᠶᠢ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃ ︽ᠠᠳᠠᠯ ᠦᠢᠯᠡᠰ ᠴᠣᠭᠴᠠᠯᠠᠵᠤ | ᠰᠢᠨ᠎ᠡ ᠶᠢ ᠡᠭᠦᠳᠬᠦ︾ ᠶᠢ ᠳᠡᠮᠵᠢᠬᠦ ᠡᠷᠴᠢᠮ ᠢᠶᠠᠨ ᠴᠢᠩᠭᠠᠳᠬᠠᠵᠤ᠂ ᠲᠤᠮᠤ ᠳᠤᠮᠳᠠ ᠵᠢᠵᠢᠭ ᠠᠵᠤ ᠠᠬᠤᠶᠢᠯᠠᠯ ᠤᠨ | ᠠᠭᠤᠰᠤᠯᠴᠠᠨ ᠨᠡᠪᠲᠡᠷᠡᠯᠴᠡᠵᠦ ᠰᠢᠨ᠎ᠡ ᠶᠢ ᠡᠭᠦᠳᠬᠦ ᠶᠢ ᠠᠬᠢᠭᠤᠯᠵᠤ᠂ ᠤᠯᠠᠨ ᠤ ᠤᠶᠤᠨ ᠬᠦᠴᠦᠨ ᠢ | ᠬᠤᠷᠠᠮᠳᠤᠭᠤᠯᠵᠤ᠂ ᠰᠢᠨ᠎ᠡ ᠶᠢ ᠡᠭᠦᠳᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ | ᠭᠤᠣᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠡᠮᠬᠢ ᠵᠢᠷᠤᠮ ᠢ ᠦᠨᠡᠨ ᠬᠦ ᠬᠠᠮᠠᠭᠠᠯᠠᠬᠤ ᠬᠡᠷᠡᠭᠲᠡᠶ᠃ | ᠭᠤᠣᠯᠴᠢ ᠪᠠᠷ ᠥᠷᠢᠰᠥᠯᠳᠦᠬᠦ ᠪᠣᠯ ᠵᠠᠬ᠎ᠠ ᠳᠡᠯᠭᠡᠭᠦᠷ ᠤᠨ ᠠᠵᠤ ᠠᠬᠤᠶ ᠶᠢᠨ ᠳᠣᠲᠣᠭᠠᠳᠤ ᠱᠠᠭᠠᠷᠳᠠᠯᠭ᠎ᠠ ᠮᠥᠨ᠃ ︽ | ᠬᠤᠶᠠᠷ ᠤᠭᠲᠤ ᠭᠤᠶᠢᠪᠠᠯᠵᠠᠭᠤᠯᠬᠤ ᠦᠭᠡᠢ︾ ᠶᠢ ᠢᠮᠠᠭᠲᠠ ᠪᠠᠷᠢᠮᠲᠠᠯᠠᠵᠤ᠂ ᠤᠯᠤᠰ ᠤᠨ ᠥᠮᠴᠢᠯᠡᠯᠲᠦ ᠠᠵᠤ | ᠠᠬᠤᠶᠢᠯᠠᠯ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠢ | ᠪᠠᠭᠲᠠᠭᠠᠭᠰᠠᠨ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠢᠭᠡ ᠯᠡ ᠠᠳᠠᠯᠢ ᠪᠠᠷ ᠬᠠᠨᠳᠤᠬᠤ | ᠬᠡᠷᠡᠭᠲᠡᠶ᠃ ᠤᠯᠤᠰ ᠨᠢ ᠲᠠᠪᠴᠠᠩ ᠤᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠪᠣᠯᠪᠠᠴᠤ ᠭᠠᠭᠴᠠᠭᠠᠷ ᠡᠵᠡᠮᠰᠢᠯ | ᠪᠠ ᠵᠦᠢ ᠪᠤᠰᠤ ᠥᠷᠢᠰᠥᠯᠳᠦᠭᠡᠨ ᠢ ᠵᠢᠷᠤᠮᠵᠢᠭᠤᠯᠤᠨ ᠵᠠᠰᠠᠬᠤ ᠬᠡᠷᠡᠭᠲᠡᠶ᠃ ᠭᠠᠭᠴᠠᠭᠠᠷ ᠡᠵᠡᠮᠰᠢᠯ ᠨᠢ ᠭᠤᠣᠯᠴᠢ ᠪᠠᠷ | ᠥᠷᠢᠰᠥᠯᠳᠦᠬᠦ ᠶᠢ ᠬᠠᠷᠰᠢᠯᠠᠵᠤ᠂ ᠰᠢᠨ᠎ᠡ ᠶᠢ ᠡᠭᠦᠳᠬᠦ ᠪᠠ ᠠᠮᠢᠵᠢᠷᠠᠯ ᠤᠨ ᠬᠦᠴᠦᠨ ᠢ ᠬᠤᠷᠢᠭᠯᠠᠵᠤ᠂ ᠵᠠᠬ᠎ᠠ | ᠳᠡᠯᠭᠡᠭᠦᠷ ᠤᠨ ᠠᠵᠤ ᠠᠬᠤᠶ ᠶᠢ ᠬᠥᠭᠵᠢᠭᠦᠯᠬᠦ ᠲᠠᠢ ᠡᠰᠡᠷᠭᠦ ᠲᠡᠰᠡᠷᠭᠦ ᠪᠠᠶᠢᠳᠠᠭ᠃ ᠭᠠᠭᠴᠠᠭᠠᠷ ᠡᠵᠡᠮᠰᠢᠯ ᠪᠠ ᠵᠦᠢ | ᠪᠤᠰᠤ ᠥᠷᠢᠰᠥᠯᠳᠦᠭᠡᠨ ᠢ ᠡᠰᠡᠷᠭᠦᠴᠡᠬᠦ ᠨᠢ ᠲᠠᠪᠴᠠᠩ ᠤᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠳᠤ ᠠᠰᠢᠭᠲᠠᠶ | ᠪᠠᠶᠢᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠵᠢᠵᠢᠭ ᠪᠢᠴᠢᠯ ᠠᠵᠤ ᠠᠬᠤᠶᠢᠯᠠᠯ | ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠠᠤᠯᠢ ᠶᠣᠰᠣᠨ ᠤ ᠡᠷᠬᠡ ᠠᠰᠢᠭ ᠪᠠ | ᠬᠥᠭᠵᠢᠯᠲᠡ ᠶᠢᠨ ᠣᠷᠣᠨ ᠵᠠᠶ ᠶᠢ ᠬᠠᠮᠠᠭᠠᠯᠠᠬᠤ ᠳᠤ ᠠᠰᠢᠭᠲᠠᠶ ᠶᠤᠮ᠃ ᠣᠷᠣᠨ ᠨᠤᠲᠤᠭ ᠤᠨ ᠬᠠᠮᠠᠭᠠᠯᠠᠯᠲᠠ᠂ | ᠠᠵᠢᠯ ᠲᠦᠷᠦᠯ ᠤᠨ ᠭᠠᠭᠴᠠᠭᠠᠷ ᠡᠵᠡᠮᠰᠢᠯ᠂ ᠵᠠᠬ᠎ᠠ ᠳᠡᠯᠭᠡᠭᠦᠷ ᠤᠨ ᠬᠡᠰᠡᠭᠯᠡᠯᠲᠡ ᠵᠡᠷᠭᠡ ᠭᠤᠣᠯᠴᠢ ᠪᠤᠰᠤ ᠠᠷᠭ᠎ᠠ | ᠬᠢᠳᠡᠯ ᠢ ᠴᠡᠪᠡᠷᠯᠡᠨ ᠵᠠᠯᠠᠷᠠᠭᠤᠯᠬᠤ ᠬᠡᠷᠡᠭᠲᠡᠶ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠳᠤ ᠰᠢᠨ᠎ᠡ ᠶᠢ ᠡᠭᠦᠳᠴᠦ ᠲᠡᠭᠦᠯᠳᠡᠷᠵᠢᠭᠦᠯᠬᠦ ᠬᠡᠷᠡᠭᠲᠡᠶ᠃ ᠡᠷᠬᠡ ᠶᠢ | ᠲᠠᠯᠪᠢᠬᠤ ᠨᠢ ᠬᠠᠮᠢᠶᠠᠷᠬᠤ ᠦᠭᠡᠢ ᠭᠡᠰᠡᠨ ᠶᠠᠪᠤᠳᠠᠯ ᠪᠢᠰᠢ᠂ ᠡᠷᠬᠡ ᠶᠢ ᠬᠠᠰᠤᠬᠤ ᠨᠢ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠬᠠᠰᠤᠬᠤ ᠭᠡᠰᠡᠨ ᠶᠠᠪᠤᠳᠠᠯ ᠪᠢᠰᠢ᠂ ︽ᠲᠠᠯᠪᠢᠬᠤ︾ ᠪᠠ ︽ᠬᠠᠮᠢᠶᠠᠷᠬᠤ︾ ᠶᠢ ᠨᠢᠭᠡᠳᠬᠡᠬᠦ ᠶᠢ | ᠪᠠᠷᠢᠮᠲᠠᠯᠠᠵᠤ᠂ ᠪᠦᠲᠦᠮᠵᠢᠲᠡᠶ ᠬᠢᠨᠠᠯᠲᠠ ᠬᠠᠮᠢᠶᠠᠷᠤᠯᠲᠠ ᠪᠠᠷ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ ᠶᠢᠨ | ᠴᠢᠬᠤᠯᠠ ᠪᠦᠬᠦᠢ ᠪᠠᠲᠤᠯᠠᠭ᠎ᠠ ᠪᠣᠯᠭᠠᠬᠤ ᠬᠡᠷᠡᠭᠲᠡᠶ ᠭᠡᠵᠦ ᠪᠢᠳᠡ ᠢᠮᠠᠭᠲᠠ ᠴᠢᠬᠤᠯᠠᠴᠢᠯᠠᠭᠰᠠᠭᠠᠷ ᠢᠷᠡᠭᠰᠡᠨ ᠶᠤᠮ᠃ | ᠡᠲᠡᠭᠡᠷ ᠵᠢᠯ ᠤᠳ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠳᠤ᠂ ︽ᠲᠠᠯᠪᠢᠬᠤ︾ ᠨᠢ | ᠭᠤᠤᠯᠳᠠᠭᠤ ᠠᠮᠤᠷ ᠲᠦᠪᠰᠢᠨ ᠳᠤ ᠬᠤᠯᠪᠣᠭᠳᠠᠬᠤ ᠦᠭᠡᠢ ᠦᠢᠯᠡᠳᠬᠡᠯ ᠤᠨ ᠦᠢᠯᠡᠰ ᠪᠠ ᠡᠩ ᠤᠨ | ᠦᠢᠯᠡᠴᠢᠯᠡᠭᠡᠨ ᠤ ᠦᠢᠯᠡᠰ᠂ ᠠᠶᠤᠯ ᠦᠭᠡᠢ ᠦᠢᠯᠡᠳᠪᠦᠷᠢᠯᠡᠯ᠂ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ | ᠮᠡᠨᠳᠦ ᠪᠠ ᠠᠮᠢ ᠨᠠᠰᠤᠨ ᠤ ᠠᠮᠤᠷ ᠲᠦᠪᠰᠢᠨ ᠳᠤ ᠬᠤᠯᠪᠣᠭᠳᠠᠬᠤ ᠬᠦᠷᠢᠶ᠎ᠡ ᠴᠠᠷᠠᠭ᠎ᠠ ᠪᠠ ᠬᠡᠷᠡᠭ ᠶᠠᠪᠤᠳᠠᠯ ᠳᠤ ᠪᠢᠳᠡ | ᠢᠮᠠᠭᠲᠠ ᠬᠡᠷᠰᠡᠤᠯᠡᠨ ᠪᠣᠯᠭᠤᠮᠵᠢᠯᠠᠵᠤ᠂ ᠪᠦᠬᠦᠨ ᠢ ᠬᠠᠮᠤᠷᠤᠭᠰᠠᠨ ᠴᠢᠩᠭ᠎ᠠ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠵᠦ᠂ ᠥᠴᠦᠬᠡᠨ ᠴᠦ ᠰᠤᠯᠠᠷᠠᠭᠤᠯᠵᠤ ᠥᠬᠡᠶ ᠪᠠᠶᠢᠬᠤ ᠶᠢ ᠴᠢᠬᠤᠯᠠᠴᠢᠯᠠᠭᠰᠠᠭᠠᠷ ᠢᠷᠡᠵᠡᠶ᠃ | ᠲᠠᠷᠠᠭᠠᠴᠢ ᠶᠢᠨ ᠠᠯᠬᠤᠮ ᠳᠤ ᠪᠣᠭᠤᠮᠲᠠ ᠨᠢᠭᠡᠪᠦᠷᠢ ᠶᠢ ᠦᠷᠭᠦᠯᠵᠢᠯᠡᠨ ᠦᠨᠡᠨ ᠬᠦ ᠰᠠᠶᠢᠲᠤᠷ ᠠᠳᠬᠤᠵᠤ᠂ ᠶᠠᠰᠤ | ᠴᠢᠨᠠᠷ ᠪᠣᠯᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠲᠦᠷᠢᠮ ᠢ | ᠪᠦᠷᠢᠨᠰᠢᠬᠦᠯᠵᠤ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠳᠤ ᠰᠢᠨ᠎ᠡ ᠶᠢ ᠡᠭᠦᠳᠴᠦ᠂ ᠠᠵᠢᠯ ᠶᠠᠪᠤᠳᠠᠯ | ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ︽ᠬᠤᠶᠠᠷ ᠢ | ᠲᠠᠰᠢᠷᠠᠮ ᠢᠶᠠᠷ ᠪᠠᠶᠢᠴᠠᠭᠠᠬᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ᠂ ᠰᠠᠯᠠᠭ᠎ᠠ ᠮᠥᠴᠢᠷ | ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ | ᠪᠣᠯᠤᠨ ᠢᠲᠡᠭᠡᠮᠵᠢ ᠶᠢᠨ ᠲᠦᠭᠰᠢᠭᠦᠷᠢ ᠶᠢ ᠲᠦᠷᠦᠯ ᠬᠤᠪᠢᠶᠠᠨ ᠬᠢᠨᠠᠨ ᠬᠠᠮᠢᠶᠠᠷᠬᠤ ᠶᠢ ᠭᠦᠨᠵᠡᠭᠡᠢ ᠠᠬᠢᠭᠤᠯᠵᠤ᠂ | ᠬᠢᠨᠠᠯᠲᠠ ᠬᠠᠮᠢᠶᠠᠷᠤᠯᠲᠠ ᠶᠢᠨ ᠨᠠᠷᠢᠯᠢᠭ ᠣᠨᠣᠪᠴᠢᠲᠤ ᠴᠢᠨᠠᠷ ᠪᠠ ᠪᠦᠳᠤᠮᠵᠢᠳᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ | ᠵᠠᠷᠢᠮ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠭᠰᠠᠨ ᠦᠭᠡᠢ ᠪᠠᠶᠢᠪᠠᠯ | ᠂ ᠦᠨᠳᠦᠰᠦᠨ ᠡᠭᠦᠷᠭᠡ ᠬᠠᠷᠢᠭᠤᠴᠠᠯᠭ᠎ᠠ ᠶᠢ ᠨᠢ ᠲᠣᠳᠣᠷᠬᠠᠶ ᠪᠣᠯᠭᠠᠵᠤ᠂ ᠬᠠᠷᠢᠭᠤᠴᠠᠯᠭ᠎ᠠ ᠡᠭᠦᠷᠭᠡᠯᠡᠯ ᠢ ᠨᠢ | ᠴᠢᠩᠭᠠᠷᠠᠭᠤᠯᠤᠨ᠂ ᠡᠨᠡ ᠲᠠᠯ᠎ᠠ ᠶᠢᠨ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠬᠦ ᠬᠡᠷᠡᠭᠲᠡᠶ᠃ ᠪᠠᠰᠠ | ᠬᠢᠨᠠᠯᠲᠠ ᠬᠠᠮᠢᠶᠠᠷᠤᠯᠲᠠ ᠶᠢ ᠦᠢᠯᠡᠴᠢᠯᠡᠭᠡᠨ ᠤ ᠳᠤᠮᠳᠠ ᠠᠬᠤᠭᠤᠯᠵᠤ᠂ ᠠᠵᠤ ᠠᠬᠤᠶᠢᠯᠠᠯ ᠤᠨ ᠵᠦᠢ ᠶᠣᠰᠣᠨ ᠤ | ᠬᠦᠰᠡᠯ ᠱᠠᠭᠠᠷᠳᠠᠯᠭ᠎ᠠ ᠶᠢ ᠴᠢᠬᠤᠯᠠᠴᠢᠯᠠᠨ᠂ ᠬᠠᠪᠰᠤᠷᠤᠨ ᠲᠡᠳᠬᠦᠵᠦ ᠳᠡᠮᠵᠢᠬᠦ ᠶᠢ ᠴᠢᠩᠭᠠᠳᠬᠠᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠰᠠᠨᠠᠭ᠎ᠠ ᠠᠮᠤᠷ ᠬᠥᠭᠵᠢᠭᠦᠯᠵᠦ᠂ ᠨᠡᠩ ᠰᠠᠶᠢᠲᠤᠷ ᠬᠥᠭᠵᠢᠭᠦᠯᠬᠦ ᠬᠡᠷᠡᠭᠲᠡᠢ᠃ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ᠃ | ᠮᠠᠨ ᠤ ᠤᠯᠤᠰ ᠤᠨ ᠬᠥᠮᠦᠨ ᠪᠠ ᠡᠷᠦᠬᠡ ᠶᠢ ᠰᠠᠯᠭᠠᠭᠰᠠᠨ ᠬᠥᠮᠦᠨ ᠠᠮᠠ ᠨᠢᠭᠡᠨᠲᠡ 4.9 ᠳ᠋ᠦᠩᠰᠢᠭᠤᠷ ᠲᠤ | ᠬᠦᠷᠴᠡᠶ᠂ ᠡᠭᠦᠨ ᠳᠤ ᠮᠤᠵᠢ ᠠᠯᠤᠰᠯᠠᠨ ᠨᠡᠭᠦᠳᠡᠯᠯᠡᠭᠰᠡᠨ ᠬᠥᠮᠦᠨ ᠠᠮᠠ 1.2 ᠳ᠋ᠦᠩᠰᠢᠭᠤᠷ ᠢ ᠳᠠᠪᠠᠵᠤ᠂ | ᠮᠤᠵᠢ ᠶᠢᠨ ᠳᠣᠲᠣᠭᠠᠳᠤ ᠳᠤ ᠨᠡᠶᠢᠳᠡᠮ ᠰᠢᠢᠳᠪᠦᠷᠢᠯᠡᠬᠦ᠂ ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ ᠶᠢ | ᠦᠷᠭᠦᠯᠵᠢᠯᠡᠨ ᠠᠬᠢᠭᠤᠯᠵᠤ᠂ ᠬᠡᠳᠦᠨ ᠳ᠋ᠦᠩᠰᠢᠭᠤᠷ ︽ᠨᠡᠭᠦᠳᠡᠯ ᠬᠥᠮᠦᠰ︾ ᠤᠨ ᠬᠡᠷᠡᠭ ᠡᠷᠬᠢᠯᠡᠬᠦ ᠬᠡᠷᠡᠭᠴᠡᠭᠡ ᠶᠢ | ᠬᠠᠩᠭᠠᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠤᠨ ᠳᠥᠭᠦᠮᠴᠢᠯᠡᠬᠦ ᠶᠢ | ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠰᠠᠶᠢᠲᠤᠷ ᠬᠡᠷᠡᠭᠯᠡᠵᠦ᠂ ᠡᠯᠧᠺᠳ᠋ᠷᠣᠨ ᠭᠡᠷᠡᠴᠢ | ᠦᠨᠡᠮᠯᠡᠯ ᠤᠨ ᠬᠡᠷᠡᠭᠯᠡᠯᠲᠡ ᠶᠢ ᠥᠷᠭᠡᠳᠬᠡᠬᠦ ᠪᠠ ᠪᠦᠬᠦ ᠤᠯᠤᠰ ᠢᠶᠠᠷ ᠢᠶᠠᠨ ᠬᠠᠷᠢᠯᠴᠠᠨ ᠨᠡᠪᠲᠡᠷᠡᠯᠴᠡᠵᠦ ᠬᠠᠷᠢᠯᠴᠠᠨ | ᠮᠡᠳᠡᠷᠡᠬᠦ ᠶᠢ ᠠᠬᠢᠭᠤᠯᠵᠤ᠂ ᠨᠡᠩ ᠤᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠦᠯᠵᠢᠶᠡᠨ ᠳᠡᠭᠡᠷ᠎ᠡ | ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠪᠡᠶᠡᠯᠡᠭᠦᠯᠬᠦ | ᠬᠡᠷᠡᠭᠲᠡᠢ᠃ ᠠᠵᠤ ᠠᠬᠤᠶᠢᠯᠠᠯ ᠪᠠ ᠣᠯᠠᠨ ᠲᠦᠮᠡᠨ ᠤ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠦᠷᠭᠦᠯᠵᠢᠯᠡᠨ | ᠵᠠᠰᠠᠭ ᠤᠨ ᠣᠷᠳᠣᠨ ᠤ ︽ᠰᠡᠳᠬᠢᠯ ᠤᠨ ᠶᠡᠭᠡ ᠶᠠᠪᠤᠳᠠᠯ︾ ᠪᠣᠯᠭᠠᠨ ᠰᠢᠢᠳᠪᠦᠷᠢᠯᠡᠵᠦ᠂ ᠡᠨᠡ ᠵᠢᠯ ᠣᠨᠳᠣᠤ | ᠭᠠᠵᠠᠷ ᠲᠤ ᠡᠮᠴᠢᠯᠡᠭᠦᠯᠦᠭᠰᠡᠨ ᠵᠠᠷᠤᠳᠠᠯ ᠤᠨ ᠲᠠᠩᠰᠠ ᠲᠠᠶᠢᠯᠬᠤ ᠳᠤ ᠬᠦᠴᠢᠷ᠂ ᠮᠠᠰᠢᠨ ᠲᠡᠷᠭᠡᠨ ᠤ ᠪᠠᠶᠢᠴᠠᠭᠠᠯᠲᠠ | ᠬᠢᠬᠦ ᠳᠤ ᠬᠦᠴᠢᠷ᠂ ᠠᠯᠪᠠᠨ ᠭᠡᠷᠡᠴᠢᠯᠡᠭᠡ ᠬᠢᠬᠦ ᠳᠤ ᠬᠦᠴᠢᠷ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ᠠᠵᠤ ᠠᠬᠤᠶᠢᠯᠠᠯ ᠤᠨ ᠡᠩ ᠤᠨ ᠮᠡᠳᠡᠭᠡ ᠵᠠᠩᠭᠢ ᠶᠢ ︽ᠬᠠᠮᠤᠭ ᠣᠯᠠᠨ ᠳᠤ ᠪᠠᠨ ᠨᠢᠭᠡ ᠯᠡ ᠤᠳᠠᠭ᠎ᠠ ᠮᠡᠳᠡᠭᠦᠯᠬᠦ︾ | ᠶᠢ ᠪᠡᠶᠡᠯᠡᠭᠦᠯᠵᠦ᠂ ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠬᠠᠯᠠᠮᠰᠢᠯ ᠤᠲᠠᠰᠤ ᠶᠢ ᠨᠡᠶᠢᠯᠡᠭᠦᠯᠦᠨ ᠨᠢᠭᠡᠳᠬᠡᠬᠦ ᠶᠢ ᠲᠥᠷᠥᠯ ᠬᠤᠪᠢᠶᠠᠨ ᠪᠡᠶᠡᠯᠡᠭᠦᠯᠬᠦ ᠬᠡᠷᠡᠭᠲᠡᠶ᠃ | ᠪᠠᠭᠴᠠᠯᠠᠭᠠᠳ ᠬᠡᠯᠡᠪᠡᠯ᠂ ᠲᠦᠷᠢᠮ ᠪᠠ ᠮᠡᠷᠭᠡᠵᠢᠯ ᠤᠨ ᠠᠷᠭ᠎ᠠ ᠪᠠᠷ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠤᠯᠠᠨ | ᠲᠦᠮᠡᠨ ᠢ ᠲᠦᠷᠢᠮ ᠲᠣᠭᠲᠠᠭᠠᠯ ᠶᠣᠰᠣᠭᠠᠷ ᠠᠵᠢᠯ ᠶᠠᠪᠤᠳᠠᠯ ᠰᠢᠢᠳᠪᠦᠷᠢᠯᠡᠬᠦ ᠳᠤ ᠬᠥᠮᠦᠨ ᠢ ᠭᠤᠶᠤᠬᠤ ᠦᠭᠡᠢ | ᠪᠣᠯᠭᠠᠬᠤ ᠬᠡᠷᠡᠭᠲᠡᠶ᠃ | ︵ᠬᠤᠶᠠᠷ︶ ᠬᠠᠤᠯᠢᠵᠢᠭᠰᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠨ᠎ᠠ᠃ | ᠵᠠᠬ᠎ᠠ ᠳᠡᠯᠭᠡᠭᠦᠷ ᠤᠨ ᠠᠵᠤ ᠠᠬᠤᠶ ᠨᠢ ᠮᠥᠨ ᠴᠤ ᠬᠠᠤᠯᠢ ᠪᠠᠷ ᠵᠠᠰᠠᠬᠤ ᠠᠵᠤ ᠠᠬᠤᠶ ᠮᠥᠨ᠃ ᠬᠠᠤᠯᠢ ᠶᠣᠰᠣᠭᠠᠷ | ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠪᠠᠷ ᠵᠠᠬ᠎ᠠ ᠳᠡᠯᠭᠡᠭᠦᠷ ᠤᠨ ᠭᠤᠣᠯ ᠴᠣᠭᠴᠠ ᠳᠤ | ᠲᠣᠭᠲᠠᠭᠤᠨ᠂ ᠲᠥᠪ ᠭᠤᠣᠯᠴᠢ᠂ ᠢᠯᠡ ᠲᠣᠳᠣ᠂ ᠵᠢᠱᠢᠵᠦ ᠪᠣᠯᠬᠤᠶᠢᠴᠠ ᠣᠷᠴᠢᠨ ᠨᠥᠬᠦᠴᠡᠯ ᠢ ᠪᠤᠢ ᠪᠣᠯᠭᠠᠬᠤ | ᠬᠡᠷᠡᠭᠲᠡᠶ᠃ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠬᠠᠤᠯᠢ ᠲᠣᠭᠲᠠᠭᠠᠯ ᠤᠨ ᠲᠣᠭᠲᠠᠯᠴᠠᠭ᠎ᠠ ᠶᠢ ᠪᠠᠶᠢᠭᠤᠯᠤᠨ | ᠲᠡᠭᠦᠯᠳᠡᠷᠵᠢᠭᠦᠯᠬᠦ ᠬᠡᠷᠡᠭᠲᠡᠶ᠃ ᠰᠠᠶᠢᠨ ᠬᠠᠤᠯᠢ ᠪᠠᠷ ᠰᠠᠶᠢᠲᠤᠷ ᠵᠠᠰᠠᠵᠤ ᠴᠢᠳᠠᠨ᠎ᠠ᠃ ︽ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠢ ᠨᠢᠭᠡᠨᠲᠡ ᠪᠥᠬᠦ ᠲᠠᠯ᠎ᠠ ᠪᠠᠷ ᠬᠡᠷᠡᠭᠵᠢᠭᠦᠯᠵᠦ᠂ ︽ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠳᠡᠩᠰᠡᠯᠡᠨ ᠬᠠᠮᠢᠶᠠᠷᠬᠤ ᠲᠦᠷᠢᠮ︾ ᠢ ᠤᠳᠠᠯ ᠥᠬᠡᠶ ᠨᠡᠶᠢᠲᠡᠯᠡᠬᠦ ᠭᠡᠵᠦ | ᠪᠠᠶᠢᠨ᠎ᠠ᠂ ᠡᠭᠦᠨ ᠢ ᠯᠠᠪᠳᠠᠭᠤᠨ ᠪᠠᠲᠤᠲᠠᠶ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠳ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠲᠠᠯ᠎ᠠ ᠪᠠᠷ ᠬᠢ ᠬᠠᠤᠯᠢ ᠴᠠᠭᠠᠵᠠ | ᠬᠠᠤᠯᠢ ᠲᠣᠭᠲᠠᠭᠠᠯ ᠢ ᠲᠣᠭᠲᠠᠭᠠᠬᠤ᠂ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ᠂ ᠲᠠᠶᠢᠯᠪᠤᠷᠢᠯᠠᠬᠤ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠦᠲᠦᠮᠵᠢᠲᠡᠢ ᠠᠷᠭ᠎ᠠ ᠬᠢᠳᠡᠯ ᠢ ᠲᠦᠷᠢᠮ ᠵᠢᠷᠤᠮᠵᠢᠯ ᠪᠣᠯᠭᠠᠨ | ᠳᠡᠭᠡᠭᠰᠢᠯᠡᠭᠦᠯᠬᠦ ᠬᠡᠷᠡᠭᠲᠡᠢ᠂ ᠣᠳᠣᠬᠠᠨ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠵᠠᠰᠠᠭ ᠵᠠᠬᠢᠷᠭᠠᠨ ᠤ | ᠰᠦᠢᠳᠬᠡᠯ ᠬᠤᠷᠢᠶᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠲᠤᠭ᠎ᠠ ᠪᠠᠷᠢᠮᠲᠠ ᠶᠢ ᠠᠮᠤᠷ ᠲᠦᠪᠰᠢᠨ ᠢᠶᠠᠷ | ᠬᠠᠮᠲᠤ ᠳᠤ ᠪᠠᠨ ᠬᠦᠷᠲᠡᠬᠦ ᠵᠡᠷᠭᠡ ᠬᠦᠷᠢᠶᠡᠨ ᠤ ᠬᠠᠤᠯᠢ ᠲᠣᠭᠲᠠᠭᠠᠯ ᠤᠨ ᠪᠠᠶᠢᠭᠤᠯᠤᠯᠲᠠ ᠶᠢ ᠭᠤᠣᠯᠳᠠᠯᠭ᠎ᠠ ᠲᠠᠢ | ᠰᠠᠶᠢᠲᠤᠷ ᠠᠳᠬᠤᠬᠤ ᠬᠡᠷᠡᠭᠲᠡᠢ᠃ | ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠮᠴᠢᠯᠡᠯ ᠤᠨ ᠡᠷᠬᠡ ᠪᠠ ᠬᠠᠤᠯᠢ ᠶᠣᠰᠣᠨ ᠤ ᠡᠷᠬᠡ | ᠠᠰᠢᠭ ᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠶ᠃ ᠥᠮᠴᠢᠯᠡᠯ ᠤᠨ ᠡᠷᠬᠡ ᠶᠢ ᠬᠠᠮᠠᠭᠠᠯᠠᠬᠤ ᠲᠦᠷᠢᠮ ᠢ | ᠲᠡᠭᠦᠯᠳᠡᠷᠵᠢᠭᠦᠯᠵᠦ᠂ ᠡᠯ᠎ᠡ ᠲᠦᠷᠦᠯ ᠤᠨ ᠥᠮᠴᠢᠯᠡᠯ ᠤᠨ ᠡᠷᠬᠡ ᠶᠢ ᠬᠠᠤᠯᠢ ᠶᠣᠰᠣᠭᠠᠷ ᠪᠦᠬᠦ ᠲᠠᠯ᠎ᠠ ᠪᠠᠷ ᠬᠠᠮᠠᠭᠠᠯᠠᠵᠤ | ᠂ ᠮᠡᠳᠡᠯᠭᠡ ᠶᠢᠨ ᠥᠮᠴᠢᠯᠡᠯ ᠤᠨ ᠡᠷᠬᠡ ᠳᠤ ᠬᠠᠯᠳᠠᠭᠰᠠᠨ ᠢ ᠵᠠᠯᠬᠠᠭᠠᠨ ᠰᠢᠢᠳᠬᠡᠬᠦ ᠴᠢᠨᠠᠷᠲᠠᠢ ᠲᠥᠯᠥᠪᠦᠷᠢ ᠶᠢᠨ | ᠲᠦᠷᠢᠮ ᠢ ᠴᠢᠩᠭ᠎ᠠ ᠬᠡᠷᠡᠭᠵᠢᠭᠦᠯᠵᠦ᠂ ᠡᠷᠬᠡ ᠳᠤ ᠬᠠᠯᠳᠠᠬᠤ ᠥᠪᠡᠷ ᠤᠨ ᠦᠷᠳᠡᠭ ᠳᠣᠣᠷ᠎ᠠ᠂ ᠡᠷᠬᠡ ᠪᠠᠨ | ᠬᠠᠮᠠᠭᠠᠯᠠᠬᠤ ᠥᠪᠡᠷ ᠤᠨ ᠦᠷᠳᠡᠭ ᠥᠨᠳᠥᠷ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ | ᠵᠠᠰᠠᠭ ᠤᠨ ᠣᠷᠳᠣᠨ ᠲᠦᠷᠦᠭᠦᠯᠡᠨ ᠢᠲᠡᠭᠡᠮᠵᠢ ᠶᠢ ᠰᠠᠬᠢᠵᠤ ᠠᠮᠠᠯᠠᠯᠲᠠ ᠪᠠᠨ ᠭᠦᠢᠴᠡᠳᠬᠡᠵᠦ᠂ ᠡᠯ᠎ᠡ ᠭᠠᠵᠠᠷ | ᠣᠷᠣᠨ ᠨᠤᠭᠤᠳ ᠵᠠᠰᠠᠭ ᠤᠨ ᠣᠷᠳᠣᠨ ᠤ ᠠᠵᠤ ᠠᠬᠤᠶᠢᠯᠠᠯ ᠤᠨ ᠬᠠᠤᠯᠢ ᠲᠣᠭᠲᠠᠭᠠᠯ ᠶᠣᠰᠣᠭᠠᠷ ᠠᠮᠠᠯᠠᠭᠰᠠᠨ | ᠵᠦᠢᠯᠡᠰ ᠢ ᠡᠮᠬᠢᠯᠡᠨ ᠳᠢᠭᠯᠡᠵᠦ᠂ ᠲᠣᠭᠲᠠᠭᠰᠠᠨ ᠬᠤᠭᠤᠴᠠᠭᠠᠨ ᠳᠤ ᠪᠠᠨ ᠭᠦᠢᠴᠡᠳᠬᠡᠭᠰᠡᠨ ᠥᠬᠡᠶ ᠶᠢ ᠨᠢ | ᠬᠤᠭᠤᠴᠠᠭ᠎ᠠ ᠬᠢᠵᠠᠭᠠᠷᠯᠠᠨ ᠰᠢᠢᠳᠪᠦᠷᠢᠯᠡᠵᠦ᠂ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠠᠴᠠ ᠪᠣᠯᠵᠣ ᠠᠵᠤ | ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠣᠰᠣᠭᠠᠷ | ᠲᠥᠯᠥᠪᠦᠷᠢ ᠥᠭᠬᠦ ᠬᠡᠷᠡᠭᠲᠡᠶ᠂ ᠶᠠᠭᠠᠬᠢᠭᠰᠠᠨ ᠴᠤ ︽ᠰᠢᠨ᠎ᠡ ᠳᠠᠷᠤᠭ᠎ᠠ ᠬᠠᠭᠤᠴᠢᠨ ᠲᠠᠩᠰᠠ ᠶᠢ ᠬᠠᠮᠢᠶᠠᠷᠬᠤ ᠥᠬᠡᠶ︾ | ᠪᠠᠶᠢᠵᠤ ᠪᠣᠯᠬᠤ ᠥᠬᠡᠶ᠃ | ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠬᠤ ᠬᠡᠷᠡᠭᠲᠡᠢ᠃ ᠬᠠᠤᠯᠢ ᠶᠢ | ᠵᠢᠷᠤᠮᠵᠢᠭᠤᠨ ᠬᠡᠷᠡᠭᠵᠢᠭᠦᠯᠬᠦ ᠦᠭᠡᠢ ᠪᠣᠯ ᠵᠠᠬ᠎ᠠ ᠳᠡᠯᠭᠡᠭᠦᠷ ᠤᠨ ᠢᠲᠡᠭᠡᠯ ᠳᠤ ᠴᠣᠬᠢᠯᠲᠠ ᠪᠣᠯᠬᠤ ᠪᠠᠷ ᠪᠠᠷᠠᠬᠤ ᠦᠭᠡᠢ᠂ | ᠵᠠᠰᠠᠭ ᠤᠨ ᠣᠷᠳᠣᠨ ᠤ ᠨᠡᠶᠢᠲᠡ ᠶᠢ ᠢᠲᠡᠭᠡᠭᠦᠯᠬᠦ ᠬᠦᠴᠦᠨ ᠪᠠ ᠨᠡᠶᠢᠭᠡᠮ ᠤᠨ ᠲᠥᠪ ᠭᠤᠣᠯᠴᠢ ᠰᠢᠳᠤᠷᠭᠤ | ᠶᠣᠰᠣ ᠶᠢ ᠬᠤᠬᠢᠷᠠᠭᠤᠯᠬᠤ ᠪᠣᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ | ᠲᠠᠰᠤᠯᠤᠯᠲᠠ ᠶᠢᠨ ᠡᠷᠬᠡ ᠶᠢ ᠱᠠᠯᠠᠪᠳᠠᠨ ᠰᠤᠳᠤᠯᠤᠨ ᠵᠢᠷᠤᠮᠵᠢᠭᠤᠯᠵᠤ᠂ ᠬᠠᠤᠯᠢ ᠶᠢ ᠴᠢᠩᠭ᠎ᠠ ᠬᠡᠷᠡᠭᠵᠢᠭᠦᠯᠬᠦ ᠦᠭᠡᠢ᠂ | ᠳᠥᠭᠦᠮ ᠪᠦᠳᠦᠭᠦᠯᠢᠭ᠂ ᠬᠡᠳᠦ ᠬᠦᠩᠭᠡᠨ ᠬᠡᠳᠦ ᠬᠦᠨᠳᠦ ᠪᠣᠯᠭᠠᠬᠤ ᠵᠡᠷᠭᠡ ᠦᠢᠯᠡ ᠠᠵᠢᠯᠯᠠᠭ᠎ᠠ ᠶᠢ ᠵᠠᠯᠠᠷᠠᠭᠤᠯᠵᠤ᠂ | ᠬᠠᠤᠯᠢ ᠬᠡᠷᠡᠭᠵᠢᠭᠦᠯᠬᠦ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ᠃ ᠳᠤᠷ᠎ᠠ ᠪᠠᠷ ᠰᠦᠢᠳᠬᠡᠯ ᠬᠤᠷᠢᠶᠠᠬᠤ᠂ | ᠳᠤᠷ᠎ᠠ ᠪᠠᠷ ᠵᠣᠭᠤᠰ ᠢᠶᠠᠷ ᠲᠣᠷᠭᠠᠬᠤ᠂ ᠳᠤᠷ᠎ᠠ ᠪᠠᠷ ᠲᠡᠰᠬᠡᠨ ᠲᠠᠲᠠᠪᠤᠷᠢᠯᠠᠬᠤ ᠶᠠᠪᠤᠳᠠᠯ ᠢ ᠡᠬᠢ ᠦᠨᠳᠦᠰᠦ ᠠᠴᠠ ᠨᠢ | ᠠᠷᠢᠯᠭᠠᠵᠤ᠂ ᠬᠠᠤᠯᠢ ᠪᠠᠷ ᠲᠣᠭᠲᠠᠭᠠᠭᠰᠠᠨ ᠡᠷᠬᠡ ᠶᠢᠨ ᠬᠢᠵᠠᠭᠠᠷ ᠪᠠ ᠵᠢᠷᠤᠮ ᠢ ᠵᠥᠷᠢᠴᠡᠵᠦ ᠲᠣᠭᠲᠠᠭᠠᠭᠰᠠᠨ | ᠵᠣᠭᠤᠰ ᠢᠶᠠᠷ ᠲᠣᠷᠭᠠᠬᠤ ᠵᠦᠢᠯᠡᠰ ᠢ ᠬᠦᠴᠦᠨ ᠦᠭᠡᠢ ᠪᠣᠯᠭᠠᠬᠤ ᠬᠡᠷᠡᠭᠲᠡᠶ᠃ | ︵ᠭᠤᠷᠪᠠ︶ ᠣᠯᠠᠨ ᠤᠯᠤᠰᠴᠢᠯᠠᠭᠰᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠬᠦᠴᠦᠯᠡᠨ ᠪᠣᠶ | ᠪᠣᠯᠭᠠᠨ᠎ᠠ᠃ ᠡᠨᠡ ᠪᠣᠯ ᠮᠠᠨ ᠤ ᠤᠯᠤᠰ ᠤᠨ ᠭᠠᠳᠠᠭᠰᠢ ᠨᠡᠭᠡᠭᠡᠯᠲᠡ ᠬᠢᠬᠦ ᠬᠢᠷᠢ ᠲᠦᠪᠰᠢᠨ ᠢ ᠳᠡᠭᠡᠭᠰᠢᠯᠡᠭᠦᠯᠬᠦ | ᠴᠢᠬᠤᠯᠠ ᠠᠷᠭ᠎ᠠ ᠵᠠᠮ ᠪᠣᠯᠬᠤ ᠮᠥᠷᠲᠡᠭᠡᠨ ᠡᠳᠦᠷ ᠢᠷᠡᠬᠦᠶ᠎ᠡ ᠪᠤᠳᠤᠯᠢᠶᠠᠨᠲᠠᠢ ᠪᠤᠯᠵᠤ ᠪᠠᠶᠢᠭ᠎ᠠ ᠳᠡᠯᠡᠬᠡᠶ ᠶᠢᠨ | ᠪᠠᠶᠢᠳᠠᠯ ᠢ ᠠᠷᠭᠠᠴᠠᠭᠠᠬᠤ ᠪᠦᠲᠦᠮᠵᠢᠲᠡᠶ ᠠᠷᠭ᠎ᠠ ᠬᠡᠮᠵᠢᠶ᠎ᠡ ᠪᠣᠯᠬᠤ ᠶᠤᠮ᠃ ᠬᠡᠳᠦ᠋ᠢᠪᠡᠷ ᠠᠵᠤ ᠠᠬᠤᠢ ᠶᠢᠨ ᠣᠯᠠᠨ | ᠤᠯᠤᠰᠴᠢᠯᠠᠯᠲᠠ ᠣᠬᠤᠷᠬᠠᠨ ᠬᠤᠭᠤᠴᠠᠭᠠᠨ ᠳᠤ ᠰᠥᠷᠭᠡᠦ ᠤᠷᠤᠰᠬᠠᠯ ᠳᠤ ᠤᠴᠠᠷᠠᠭᠰᠠᠨ ᠪᠣᠯᠪᠠᠴᠤ ᠠᠯᠤᠰ | ᠬᠡᠳᠦ ᠠᠴᠠ ᠠᠪᠴᠤ ᠦᠵᠡᠪᠡᠯ ᠮᠥᠨ ᠯᠡ ᠲᠡᠦᠬᠡ ᠶᠢᠨ ᠤᠷᠤᠰᠬᠠᠯ ᠪᠠᠶᠢᠵᠤ᠂ ᠭᠠᠭᠴᠠ ᠲᠠᠯ᠎ᠠ ᠶᠢᠨ ᠦᠵᠡᠯ᠂ | ᠬᠠᠮᠠᠭᠠᠯᠠᠬᠤ ᠦᠵᠡᠯ ᠢ ᠬᠡᠷᠡᠭᠵᠢᠭᠦᠯᠬᠦ ᠨᠢ ᠭᠠᠷᠬᠤ ᠵᠠᠮ ᠦᠭᠡᠢ᠂ ᠦᠷᠭᠦᠯᠵᠢᠯᠡᠵᠦ ᠴᠢᠳᠠᠰᠢ ᠦᠭᠡᠢ ᠶᠤᠮ᠃ | ᠳᠤᠮᠳᠠᠳᠤ ᠤᠯᠤᠰ ᠤᠨ ᠠᠵᠤ ᠠᠬᠤᠢ ᠨᠢᠭᠡᠨᠲᠡ ᠳᠡᠯᠡᠬᠡᠢ ᠳ᠋ᠠᠬᠢᠨ ᠲᠠᠢ ᠭᠦᠨᠵᠡᠭᠡᠢ ᠠᠭᠤᠰᠤᠯᠴᠠᠵᠤ᠂ ︽ᠢᠨᠲ᠋ᠧᠷ | ᠰᠦᠯᠵᠢᠶ᠎ᠡ +︾ ᠶᠢᠨ ᠭᠦᠨᠵᠡᠭᠡᠶᠢᠷᠡᠨ ᠬᠥᠭᠵᠢᠬᠦ ᠶᠢ ᠲᠠᠭᠠᠯᠳᠤᠨ᠂ ᠬᠤᠳᠠ ᠨᠢᠭᠡᠪᠦᠷᠢ ᠴᠢᠨᠠᠭᠰᠢᠯᠠᠪᠠᠯ ᠨᠡᠶᠢᠭᠡᠮ | ᠲᠣᠭᠤᠷᠢᠭ᠂ ᠲᠣᠰᠬᠤᠨ ᠨᠢᠭᠡᠪᠦᠷᠢ ᠴᠥᠮ ᠤᠯᠠᠨ ᠤᠯᠤᠰ ᠤᠨ ᠵᠠᠬ᠎ᠠ ᠳᠡᠯᠭᠡᠭᠦᠷ ᠲᠠᠢ ᠨᠡᠪᠳᠡᠷᠡᠵᠤ ᠮᠡᠳᠡᠨ᠎ᠠ᠃ | ᠡᠭᠦᠳᠡ ᠪᠠᠨ ᠲᠦᠭᠵᠢᠵᠦ ᠪᠢᠲᠡᠭᠦᠮᠵᠢᠯᠡᠪᠡᠯ ᠠᠵᠢᠯᠯᠠᠬᠤ ᠶᠢᠨ ᠠᠷᠭ᠎ᠠ ᠦᠭᠡᠢ ᠶᠤᠮ᠃ ᠵᠠᠬ᠎ᠠ ᠳᠡᠯᠭᠡᠭᠦᠷ ᠤᠨ ᠭᠤᠣᠯ | ᠴᠣᠭᠴᠠ ᠵᠥᠪᠬᠡᠨ ᠵᠠᠰᠠᠭ ᠤᠨ ᠣᠷᠳᠣᠨ ᠤ ᠬᠠᠮᠠᠭᠠᠯᠠᠯᠲᠠ ᠶᠢ ᠲᠦᠰᠢᠭᠯᠡᠬᠦ ᠪᠠᠷ ᠭᠤᠷᠢᠳᠠᠬᠤ ᠨᠢ ᠢᠷᠡᠭᠡᠳᠦᠢ ᠳᠤ ᠵᠠᠮ | ᠦᠭᠡᠢ ᠶᠤᠮ᠃ ᠳᠤᠮᠳᠠᠳᠤ ᠤᠯᠤᠰ ᠤᠨ ᠬᠥᠮᠦᠨ ᠤ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠡᠯᠡᠬᠡᠶ ᠶᠢᠨ | ᠵᠠᠬ᠎ᠠ ᠳᠡᠯᠭᠡᠭᠦᠷ ᠲᠤ ᠵᠣᠷᠢᠭᠲᠠᠶ ᠪᠠᠷ ᠥᠷᠢᠰᠥᠯᠳᠦᠨ ᠲᠡᠮᠡᠴᠡᠵᠦ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠢ | ᠳᠡᠯᠡᠬᠡᠶ ᠶᠢᠨ ᠵᠠᠬ᠎ᠠ ᠳᠡᠯᠭᠡᠭᠦᠷ ᠪᠣᠯᠭᠠᠨ ᠥᠷᠢᠰᠥᠯᠳᠦᠭᠦᠯᠬᠦ ᠬᠡᠷᠡᠭᠲᠡᠶ᠃ ᠳᠡᠯᠡᠬᠡᠶ ᠶᠢᠨ ᠣᠷᠴᠢᠨ ᠲᠣᠭᠤᠷᠢᠨ ᠬᠡᠷᠬᠢᠨ | ᠬᠤᠪᠢᠷᠬᠠᠰᠠᠨ ᠴᠤ ᠪᠢᠳᠡ ᠴᠥᠮ ᠭᠠᠳᠠᠭᠰᠢ ᠨᠡᠭᠡᠭᠡᠯᠳᠡ ᠬᠢᠬᠦ ᠪᠠᠨ ᠡᠷᠡᠰ ᠭᠤᠶᠢᠪᠢᠰᠢ ᠦᠭᠡᠢ ᠪᠠᠷ ᠥᠷᠭᠡᠳᠬᠡᠵᠦ᠂ | ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠢ | ᠨᠡᠩ ᠰᠠᠶᠢᠲᠤᠷ ᠠᠰᠢᠭᠯᠠᠵᠤ᠂ ᠤᠯᠠᠨ ᠤᠯᠤᠰ ᠤᠨ ᠬᠠᠮᠲᠤᠷᠠᠯᠴᠠᠭ᠎ᠠ ᠪᠠ ᠥᠷᠢᠰᠥᠯᠳᠦᠭᠡᠨ ᠤ ᠰᠢᠨ᠎ᠡ ᠳᠠᠪᠠᠭᠤᠯᠢᠭ ᠢ | ᠪᠤᠢ ᠪᠣᠯᠭᠠᠬᠤ ᠬᠡᠷᠡᠭᠲᠡᠶ᠃ | ᠤᠯᠠᠨ ᠤᠯᠤᠰ ᠤᠨ ᠨᠡᠶᠢᠳᠡᠮ ᠬᠡᠷᠡᠭᠯᠡᠵᠦ ᠪᠠᠶᠢᠭ᠎ᠠ ᠬᠤᠯᠪᠣᠭᠳᠠᠯ ᠪᠦᠬᠦᠢ ᠳᠦᠷᠢᠮ ᠵᠢᠷᠤᠮ ᠲᠠᠢ ᠵᠣᠯᠭᠠᠭᠤᠯᠬᠤ ᠶᠢ | ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠪᠦᠬᠦ ᠪᠥᠮᠪᠥᠷᠴᠡᠭ ᠤᠨ ᠵᠠᠬ᠎ᠠ ᠳᠡᠯᠭᠡᠭᠦᠷ ᠤᠨ ᠭᠤᠣᠯ | ᠴᠣᠭᠴᠠ ᠳᠤ ᠠᠪᠴᠤ ᠬᠡᠯᠡᠪᠡᠯ᠂ ᠬᠠᠮᠢᠭᠠᠬᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠰᠠᠶᠢᠨ ᠪᠣᠯ | ᠲᠡᠨᠳᠡᠬᠢ ᠵᠠᠬ᠎ᠠ ᠳᠡᠯᠭᠡᠭᠦᠷ ᠨᠡᠩ ᠢᠯᠡᠭᠦᠦ ᠲᠠᠲᠠᠬᠤ ᠬᠦᠴᠦᠨ ᠲᠠᠢ ᠪᠠᠶᠢᠵᠤ᠂ ᠤᠯᠠᠨ ᠤᠯᠤᠰ ᠤᠨ ᠥᠷᠢᠰᠥᠯᠳᠦᠭᠡᠨ | ᠳᠤᠮᠳᠠ ᠨᠡᠩ ᠢᠯᠡᠭᠦᠦ ᠳᠠᠪᠠᠭᠤᠯᠢᠭ ᠪᠣᠯᠵᠤ ᠪᠣᠯᠤᠨ᠎ᠠ᠃ ᠤᠢᠢᠷ᠎ᠠ ᠶᠢᠨ ᠵᠢᠯ ᠤᠳ ᠲᠤ᠂ ᠪᠢᠳᠠ ᠳᠡᠯᠡᠬᠡᠢ ᠶᠢᠨ | ᠲᠡᠷᠢᠭᠦᠨ ᠤ ᠬᠢ ᠪᠠᠷ ᠪᠠᠷᠢᠮᠵᠢᠶᠠᠯᠠᠵᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢᠶᠠᠨ ᠦᠷᠭᠦᠯᠵᠢᠯᠡᠨ | ᠰᠢᠯᠢᠳᠡᠭᠵᠢᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠳᠡᠯᠡᠬᠡᠢ ᠳᠠᠬᠢ ᠨᠡᠷᠡᠰ ᠤᠨ ᠵᠢᠭᠰᠠᠭᠠᠯᠲᠠ | ᠶᠡᠭᠡ ᠪᠠᠷ ᠳᠡᠭᠡᠭᠰᠢᠯᠡᠵᠡᠢ᠃ ᠭᠡᠪᠡᠴᠦ ᠬᠥᠭᠵᠢᠭᠰᠡᠨ ᠠᠵᠤ ᠠᠬᠤᠶ ᠶᠢᠨ ᠴᠣᠭᠴᠠ ᠲᠠᠢ ᠬᠠᠷᠢᠴᠠᠭᠤᠯᠪᠠᠯ᠂ ᠮᠠᠨ ᠤ | ᠵᠠᠷᠢᠮ ᠬᠦᠷᠢᠶᠡᠨ ᠳᠠᠬᠢ ᠬᠠᠮᠢᠶᠠᠷᠤᠯᠲᠠ ᠶᠢᠨ ᠪᠠᠶᠢᠭᠤᠯᠤᠯ ᠪᠠ ᠲᠦᠷᠢᠮ ᠪᠠᠰᠠ ᠵᠥᠷᠢᠶ᠎ᠡ ᠲᠠᠢ ᠪᠠᠶᠢᠨ᠎ᠠ᠃ ᠮᠠᠨ ᠤ | ᠤᠯᠤᠰ ᠨᠢᠭᠡᠨᠲᠡ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ | ᠬᠡᠯᠡᠯᠴᠡᠭᠡᠷ︾ ᠲᠤ ᠣᠷᠣᠯᠴᠠᠬᠤ ᠪᠠᠷ ᠵᠢᠩᠬᠢᠨᠢ ᠪᠠᠷ ᠭᠠᠷ ᠤᠨ ᠦᠰᠦᠭ ᠵᠢᠷᠤᠪᠠ᠂ ᠡᠭᠦᠨ ᠢᠶᠠᠷ ᠠᠵᠠ ᠲᠣᠬᠢᠶᠠᠯ | ᠪᠣᠯᠭᠠᠵᠤ᠂ ᠠᠷᠠᠯᠵᠢᠶ᠎ᠠ ᠪᠡᠯᠡ ᠣᠷᠣᠭᠤᠯᠤᠯᠲᠠ ᠶᠢ ᠴᠢᠯᠥᠭᠡᠲᠡᠶ ᠪᠣᠯᠭᠠᠬᠤ ᠪᠠ ᠳᠥᠭᠦᠮᠴᠢᠯᠡᠬᠦ᠂ ᠮᠡᠳᠡᠯᠭᠡ ᠶᠢᠨ | ᠥᠮᠴᠢᠯᠡᠯ ᠤᠨ ᠡᠷᠬᠡ ᠶᠢ ᠬᠠᠮᠠᠭᠠᠯᠠᠬᠤ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠵᠡᠷᠭᠡ ᠲᠠᠯ᠎ᠠ ᠪᠠᠷ ᠨᠡᠩ ᠥᠨᠳᠥᠷ ᠪᠠᠷᠢᠮᠵᠢᠶ᠎ᠠ ᠪᠠ ᠳᠦᠷᠢᠮ ᠵᠢᠷᠤᠮ ᠢ ᠬᠡᠷᠡᠭᠵᠢᠭᠦᠯᠬᠦ ᠬᠡᠷᠡᠭᠲᠡᠶ᠃ | ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠰᠢᠨ᠎ᠡ ᠶᠢ ᠡᠭᠦᠳᠦᠨ ᠬᠦᠳᠦᠯᠦᠨ ᠳᠠᠭᠠᠭᠤᠯᠬᠤ ᠦᠢᠯᠡᠳᠦᠯ ᠢ | ᠨᠡᠩ ᠰᠠᠶᠢᠲᠤᠷ ᠪᠠᠳᠠᠷᠠᠭᠤᠯᠵᠤ᠂ ᠲᠦᠷᠢᠮ ᠤᠨ ᠬᠡᠯᠪᠡᠷᠢ ᠶᠢᠨ ᠨᠡᠬᠡᠬᠡᠯᠳᠡ ᠬᠢᠬᠦ ᠲᠠᠯ᠎ᠠ ᠪᠠᠷ ᠨᠡᠩ ᠶᠡᠭᠡ ᠠᠯᠬᠤᠮ | ᠳᠠᠪᠰᠢᠬᠤ ᠬᠡᠷᠡᠭᠲᠡᠢ᠃ ᠨᠡᠭᠡᠭᠡᠯᠳᠡ ᠬᠢᠬᠦ ᠶᠠᠪᠤᠴᠠ ᠳᠤ ᠪᠠᠰᠠ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ | ᠬᠡᠯᠬᠢᠶ᠎ᠡ ᠶᠢᠨ ᠲᠣᠭᠲᠠᠭᠤᠨ ᠪᠠᠶᠢᠳᠠᠯ ᠢ ᠰᠠᠶᠢᠲᠤᠷ ᠬᠠᠮᠠᠭᠠᠯᠠᠵᠤ᠂ ᠤᠯᠤᠰ ᠤᠨ ᠠᠮᠤᠷ ᠲᠦᠪᠰᠢᠨ ᠢ ᠦᠨᠡᠨ ᠬᠦ | ᠬᠠᠮᠠᠭᠠᠯᠠᠬᠤ ᠬᠡᠷᠡᠭᠲᠡᠶ᠃ | ᠭᠠᠳᠠᠭᠠᠳᠤ ᠪᠡᠯᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠬᠡᠷᠡᠭᠲᠡᠶ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠪᠠ | ᠦᠢᠯᠡᠴᠢᠯᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠯᠲᠠ ᠶᠢᠨ ᠬᠠᠤᠯᠢ ᠪᠠ ᠬᠤᠯᠪᠣᠭᠳᠠᠯ ᠪᠦᠬᠦᠢ ᠢᠵᠢ ᠪᠦᠷᠢᠨ ᠬᠠᠤᠯᠢ ᠲᠣᠭᠲᠠᠭᠠᠯ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠵᠥᠪᠰᠢᠶᠡᠷᠡᠨ | ᠣᠷᠣᠭᠤᠯᠬᠤ ᠠᠴᠠ ᠡᠮᠦᠨᠡᠬᠢ ᠤᠯᠤᠰ ᠠᠷᠠᠳ ᠤᠨ ᠬᠠᠷᠠᠭᠠᠯᠵᠠᠯ ᠤᠨ ᠠᠯᠳᠠᠭᠳᠠᠯ ᠲᠠᠢ ᠵᠦᠢᠯᠡᠰ ᠤᠨ ᠨᠠᠷᠢᠨ | ᠬᠠᠭᠤᠳᠠᠰᠤ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠭᠠᠳᠠᠭᠠᠳᠤ ᠪᠡᠯᠡ ᠶᠢᠨ ᠠᠵᠤ | ᠠᠬᠤᠶᠢᠯᠠᠯ ᠤᠨ ᠨᠢᠭᠡᠨᠲᠡ ᠨᠡᠭᠡᠭᠡᠯᠲᠡᠲᠡᠶ ᠪᠣᠯᠤᠭᠰᠠᠨ ᠬᠦᠷᠢᠶᠡᠨ ᠳᠤ ᠬᠠᠤᠯᠢ ᠶᠣᠰᠣᠭᠠᠷ ᠡᠷᠬᠡ ᠲᠡᠭᠰᠢ ᠪᠠᠷ | ᠣᠷᠣᠬᠤ ᠶᠢ ᠪᠠᠲᠤᠯᠠᠵᠤ᠂ ᠮᠠᠨ ᠤ ᠤᠯᠤᠰ ᠢᠶᠠᠨ ᠤᠷᠳᠤ ᠬᠤᠭᠤᠴᠠᠭ᠎ᠠ ᠪᠠᠷ ᠬᠦᠴᠦᠷᠬᠡᠭ ᠶᠡᠭᠡ ᠲᠠᠲᠠᠬᠤ ᠬᠦᠴᠦᠨ | ᠪᠦᠬᠦᠢ ᠪᠡᠯᠡ ᠣᠷᠣᠭᠤᠯᠤᠯᠲᠠ ᠶᠢᠨ ᠵᠣᠷᠢᠭᠰᠠᠨ ᠭᠠᠵᠠᠷ ᠪᠣᠯᠭᠠᠬᠤ ᠬᠡᠷᠡᠭᠲᠡᠢ᠃ ᠡᠭᠦᠨ ᠤ ᠳᠠᠭᠠᠤ ᠳᠤ᠂ ᠳᠡᠯᠡᠬᠡᠶ | ᠳᠡᠭᠡᠷ᠎ᠡ ᠥᠷᠢᠰᠥᠯᠳᠦᠬᠦ ᠬᠦᠴᠦᠨ ᠪᠦᠬᠦᠢ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠴᠢᠳᠠᠪᠤᠷᠢᠲᠠᠨ ᠢ ᠬᠡᠷᠡᠭᠯᠡᠬᠦ | ᠳᠦᠷᠢᠮ ᠢ ᠪᠠᠶᠢᠭᠤᠯᠵᠤ᠂ ᠳᠡᠭᠡᠳᠦ ᠳᠡᠰ ᠳᠠᠪᠬᠤᠷᠭ᠎ᠠ ᠶᠢᠨ ᠭᠠᠳᠠᠭᠠᠳᠤ ᠶᠢᠨ ᠴᠢᠳᠠᠪᠤᠷᠢᠲᠠᠨ ᠤ ᠳᠤᠮᠳᠠᠳᠤ | ᠤᠯᠤᠰ ᠲᠤ ᠢᠷᠡᠵᠦ ᠠᠳᠠᠯ ᠦᠢᠯᠡᠰ ᠴᠣᠭᠴᠠᠯᠠᠨ ᠰᠢᠨ᠎ᠡ ᠶᠢ ᠡᠭᠦᠳᠬᠦ ᠳᠤ ᠳᠦᠭᠦᠮ ᠦᠵᠡᠭᠦᠯᠬᠦ ᠬᠡᠷᠡᠭᠲᠡᠢ᠃ | ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ | ᠬᠡᠷᠡᠭᠲᠡᠶ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠡᠵᠡᠩᠨᠡᠨ ᠬᠤᠳᠠᠯᠳᠤᠭᠠᠯᠠᠬᠤ ᠥᠪᠡᠷ ᠤᠨ ᠦᠷᠳᠡᠭ ᠢ | ᠪᠠᠭᠤᠷᠠᠭᠤᠯᠬᠤ ᠶᠢ ᠦᠷᠭᠦᠯᠵᠢᠯᠡᠨ ᠠᠬᠢᠭᠤᠯᠵᠤ᠂ ᠪᠣᠭᠤᠮᠲᠠ ᠶᠢᠨ ᠰᠦᠢᠳᠬᠡᠯ ᠬᠤᠷᠢᠶᠠᠬᠤ ᠵᠦᠢᠯᠡᠰ ᠢ | ᠢᠯᠭᠠᠷᠠᠭᠤᠯᠤᠨ ᠵᠢᠷᠤᠮᠵᠢᠭᠤᠯᠵᠤ᠂ ᠤᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾ ᠶᠢᠨ | ᠪᠦᠳᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠤᠯᠠᠨ ᠤᠯᠤᠰ ᠤᠨ ᠡᠳ᠋ ᠪᠠᠷᠠᠭᠠᠨ ᠤ ᠭᠦᠢᠯᠭᠡᠭᠡᠨ ᠤ ᠰᠠᠭᠠᠳ | ᠦᠭᠡᠢ ᠨᠡᠪᠲᠡᠷᠡᠬᠦ ᠶᠢ ᠠᠬᠢᠭᠤᠯᠬᠤ ᠬᠡᠷᠡᠭᠲᠡᠢ᠃ ᠳᠤᠮᠳᠠ ᠵᠢᠵᠢᠭ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ | ᠢᠲᠡᠭᠡᠮᠵᠢᠲᠦ ᠵᠢᠭᠡᠯᠡᠯᠭᠡ᠂ ᠳᠠᠭᠠᠳᠬᠠᠯ ᠵᠡᠷᠭᠡ ᠳᠤ ᠦᠵᠡᠭᠦᠯᠬᠦ ᠳᠡᠮᠵᠢᠯᠭᠡ ᠪᠠᠨ ᠨᠡᠮᠡᠭᠳᠡᠭᠦᠯᠵᠦ᠂ ︽ᠭᠠᠳᠠᠭᠠᠳᠤ ᠳᠠᠬᠢ | ᠬᠥᠮᠥᠷᠭᠡ︾ ᠶᠢ ᠠᠬᠢᠭᠤᠯᠤᠨ ᠬᠥᠭᠵᠢᠭᠦᠯᠵᠦ᠂ ᠬᠤᠯᠪᠣᠭᠳᠠᠯ ᠪᠦᠬᠦᠢ ᠪᠠᠷᠢᠮᠵᠢᠶ᠎ᠠ ᠶᠢ ᠣᠯᠠᠨ ᠤᠯᠤᠰ ᠲᠡᠷᠢᠭᠦᠨ | ᠪᠠᠷᠢᠮᠵᠢᠶ᠎ᠠ ᠲᠠᠢ ᠬᠠᠷᠢᠴᠠᠭᠤᠯᠬᠤ ᠶᠢ ᠲᠦᠷᠭᠡᠳᠬᠡᠵᠦ᠂ ᠠᠵᠤ ᠠᠬᠤᠶᠢᠯᠠᠯ ᠢ ᠬᠠᠪᠰᠤᠷᠤᠨ ᠤᠯᠠᠨ ᠤᠯᠤᠰ ᠤᠨ ᠵᠠᠬ᠎ᠠ | ᠳᠡᠯᠭᠡᠭᠦᠷ ᠢ ᠨᠡᠩ ᠰᠠᠶᠢᠨ ᠨᠡᠭᠡᠭᠡᠬᠦ ᠬᠡᠷᠡᠭᠲᠡᠢ᠃ | ᠡᠴᠦᠰ ᠲᠤ ᠴᠢᠬᠤᠯᠠᠴᠢᠯᠠᠬᠤ ᠨᠢ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠨᠢ ᠠᠵᠤ ᠠᠬᠤᠢ | ᠨᠡᠶᠢᠭᠡᠮ ᠤᠨ ᠬᠥᠭᠵᠢᠯᠲᠡ ᠪᠣᠯᠤᠨ ᠠᠷᠠᠳ ᠲᠦᠮᠡᠨ ᠤ ᠪᠤᠶᠠᠨ ᠵᠢᠷᠭᠠᠯ ᠲᠠᠢ ᠬᠤᠯᠪᠣᠭᠳᠠᠵᠤ᠂ ᠨᠢᠭᠡᠨ ᠤᠳᠠᠭᠠᠨ ᠤ | ᠬᠢᠲᠤᠭ᠎ᠠ ᠶᠢᠨ ᠢᠷ ᠢ ᠳᠣᠲᠣᠭᠰᠢ ᠪᠠᠨ ᠬᠠᠨᠳᠤᠭᠤᠯᠵᠤ ᠵᠠᠰᠠᠭ ᠤᠨ ᠣᠷᠳᠣᠨ ᠤ ᠥᠪᠡᠷ ᠤᠨ ᠬᠢ ᠳᠤ ᠬᠢᠭᠰᠡᠨ | ᠬᠤᠪᠢᠰᠬᠠᠯ ᠪᠣᠯᠤᠨ᠎ᠠ᠃ ᠡᠨᠡ ᠤᠳᠠᠭ᠎ᠠ ᠶᠢᠨ ᠬᠤᠷᠠᠯ ᠪᠣᠯ ᠪᠢᠳᠡ ᠶᠢᠰᠦᠨ ᠵᠢᠯ ᠳᠠᠷᠠᠭᠠᠯᠠᠨ ᠬᠤᠷᠠᠯᠳᠤᠭᠤᠯᠤᠭᠰᠠᠨ | ᠶᠢᠰᠦᠳᠡᠬᠢ ᠤᠳᠠᠭᠠᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠲᠤᠬᠠᠶ ᠪᠥᠬᠦ | ᠤᠯᠤᠰ ᠤᠨ ᠲᠧᠯᠸᠢᠰ ᠤᠲᠠᠰᠤ ᠬᠤᠷᠠᠯ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ | ᠬᠠᠷᠢᠭᠤᠴᠠᠯᠭᠠᠲᠤ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠨᠠᠮ ᠪᠣᠯᠤᠨ | ᠤᠯᠤᠰ ᠤᠨ ᠠᠵᠢᠯ ᠦᠢᠯᠡᠰ ᠤᠨ ᠶᠡᠭᠡ ᠲᠠᠯ᠎ᠠ ᠪᠣᠯᠤᠨ ᠠᠷᠠᠳ ᠤᠯᠠᠨ ᠤ ᠦᠨᠳᠦᠰᠦᠨ ᠠᠰᠢᠭ ᠲᠤᠰᠠ ᠠᠴᠠ | ᠡᠭᠦᠰᠴᠦ᠂ ᠬᠡᠰᠡᠭ ᠲᠠᠯ᠎ᠠ ᠶᠢᠨ ᠠᠰᠢᠭ ᠲᠤᠰᠠ᠂ ᠰᠠᠯᠠᠭ᠎ᠠ ᠮᠥᠴᠢᠷ ᠤᠨ ᠠᠰᠢᠭ ᠲᠤᠰᠠ ᠶᠢ ᠵᠣᠷᠢᠭᠲᠠᠢ ᠪᠠᠷ | ᠡᠪᠳᠡᠵᠦ᠂ ᠵᠣᠷᠢᠭᠲᠠᠢ ᠪᠠᠷ ︽ᠬᠦᠴᠢᠷ ᠠᠰᠠᠭᠤᠳᠠᠯ ᠢ ᠰᠢᠢᠳᠪᠦᠷᠢᠯᠡᠬᠦ︾ ᠬᠡᠷᠡᠭᠲᠡᠢ᠃ ᠥᠭᠡᠷᠡᠴᠢᠯᠡᠯᠲᠡ ᠶᠢ | ᠨᠢᠭᠡᠳᠦᠯᠲᠡᠢ ᠲᠥᠯᠥᠪᠵᠢᠭᠦᠯᠦᠨ ᠤᠬᠠᠭᠠᠯᠠᠬᠤ ᠶᠢ ᠴᠢᠩᠭᠠᠳᠬᠠᠬᠤ ᠬᠡᠷᠡᠭᠲᠡᠢ᠃ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠪᠣᠯ ᠨᠢᠭᠡ ᠵᠦᠢᠯ ᠤᠨ ᠰᠢᠰᠲ᠋ᠧᠮᠲᠦ ᠴᠢᠨᠠᠷᠲᠠᠶ ᠢᠨᠵᠧᠨᠧᠷᠢᠩ ᠪᠠᠶᠢᠵᠤ᠂ ︽ | ᠲᠠᠯᠪᠢᠬᠤ︾᠂ ︽ᠬᠠᠮᠢᠶᠠᠷᠬᠤ︾᠂ ︽ᠦᠢᠯᠡᠴᠢᠯᠡᠬᠦ︾ ᠭᠤᠷᠪᠠ ᠨᠢ ᠬᠠᠷᠢᠯᠴᠠᠨ ᠨᠥᠬᠦᠴᠡᠯᠳᠦᠵᠦ᠂ ᠬᠠᠷᠢᠯᠴᠠᠨ | ᠲᠤᠯᠭᠠᠭᠤᠷᠢᠯᠠᠳᠠᠭ ᠪᠣᠯᠬᠤᠷ ᠲᠠᠯᠪᠢᠬᠤ ᠶᠣᠰᠣᠲᠠᠶ ᠶᠢ ᠨᠢ ᠲᠠᠯᠪᠢᠵᠤ᠂ ᠬᠠᠮᠢᠶᠠᠷᠬᠤ ᠶᠣᠰᠣᠲᠠᠶ ᠶᠢ ᠨᠢ ᠰᠠᠶᠢᠲᠤᠷ | ᠬᠠᠮᠢᠶᠠᠷᠴᠤ᠂ ᠵᠠᠰᠠᠭ ᠤᠨ ᠣᠷᠳᠣᠨ ᠤ ᠦᠢᠯᠡᠴᠢᠯᠡᠭᠡᠨ ᠤ ᠡᠭᠦᠷᠭᠡ ᠴᠢᠳᠠᠪᠬᠢ ᠶᠢ ᠦᠨᠡᠨ ᠬᠦ ᠰᠠᠶᠢᠲᠤᠷ | ᠭᠦᠢᠴᠡᠳᠬᠡᠵᠦ᠂ ᠥᠭᠡᠷᠡᠴᠢᠯᠡᠯᠲᠡ ᠶᠢᠨ ᠶᠡᠷᠦᠩᠬᠡᠶᠢᠯᠡᠭᠰᠡᠨ ᠨᠥᠯᠥᠭᠡ ᠦᠢᠯᠡᠳᠦᠯ ᠢ ᠳᠡᠭᠡᠭᠰᠢᠯᠡᠭᠦᠯᠬᠦ ᠬᠡᠷᠡᠭᠲᠡᠶ᠃ | ᠲᠥᠪ ᠤᠨ ᠪᠠ ᠣᠷᠣᠨ ᠨᠤᠲᠤᠭ ᠤᠨ ᠬᠤᠶᠠᠷ ᠲᠠᠯ᠎ᠠ ᠶᠢᠨ ᠢᠳᠡᠪᠬᠢᠵᠢᠯ ᠢ ᠪᠠᠳᠠᠷᠠᠭᠤᠯᠵᠤ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠣᠷᠣᠨ ᠨᠤᠲᠤᠭ ᠲᠠᠬᠢ ᠵᠢᠯᠣᠭᠤᠳᠤᠯᠭ᠎ᠠ ᠪᠠ ᠰᠢᠮᠳᠠᠭᠤᠯᠤᠭᠠ ᠪᠠᠨ ᠴᠢᠩᠭᠠᠳᠬᠠᠵᠤ᠂ | ᠪᠦᠲᠦᠮᠵᠢᠲᠡᠢ ᠠᠷᠭ᠎ᠠ ᠬᠢᠳᠡᠯ ᠢ ᠴᠠᠭ ᠲᠤᠬᠠᠢ ᠳᠤ ᠨᠢ ᠳ᠋ᠦᠩᠨᠡᠨ ᠳᠡᠯᠭᠡᠷᠡᠭᠦᠯᠵᠦ᠂ ᠵᠣᠷᠢᠭᠲᠠᠢ ᠪᠠᠷ ᠥᠭᠡᠷᠡᠴᠢᠯᠡᠯᠲᠡ | ᠬᠢᠭᠰᠡᠨ ᠭᠠᠵᠠᠷ ᠣᠷᠣᠨ ᠪᠠ ᠨᠢᠭᠡᠴᠢ ᠶᠢ ᠬᠥᠬᠢᠭᠦᠯᠦᠨ ᠵᠣᠷᠢᠭᠵᠢᠭᠤᠯᠵᠤ᠂ ᠥᠭᠡᠷᠡᠴᠢᠯᠡᠯᠲᠡ ᠶᠢ | ᠠᠬᠢᠭᠤᠯᠤᠭᠰᠠᠨ ᠢᠶᠠᠷ ᠤᠳᠠᠭᠠᠨ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠪᠣᠯ ᠴᠠᠭ | ᠲᠤᠬᠠᠢ ᠳᠤ ᠨᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ ᠣᠷᠣᠨ ᠨᠤᠲᠤᠭ ᠪᠠ | ᠦᠨᠳᠦᠰᠦᠨ ᠱᠠᠲᠤ ᠨᠢ ᠦᠷᠭᠦᠯᠵᠢᠯᠡᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠭᠠᠴᠢᠯᠠᠭ᠎ᠠ ᠠᠴᠠ ᠪᠠᠨ | ᠰᠦᠪᠡᠭᠴᠢᠯᠡᠵᠦ᠂ ᠪᠡᠶ᠎ᠡ ᠪᠠᠨ ᠳᠠᠭᠠᠭᠠᠨ ᠥᠭᠡᠷᠡᠴᠢᠯᠡᠯᠲᠡ ᠬᠢᠵᠦ᠂ ᠥᠭᠡᠷᠡᠴᠢᠯᠡᠯᠲᠡ ᠶᠢᠨ ︽ᠲᠤᠷᠰᠢᠯᠲᠠ ᠶᠢᠨ | ᠲᠠᠷᠢᠶ᠎ᠠ︾ ᠶᠢ ᠰᠠᠶᠢᠲᠤᠷ ᠲᠠᠷᠢᠬᠤ ᠬᠡᠷᠡᠭᠲᠡᠶ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ | ᠦᠨᠡᠯᠡᠯᠲᠡ ᠶᠢ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠨ ᠤᠯᠠᠨ ᠲᠦᠮᠡᠨ ᠤ ᠪᠣᠳᠠᠲᠠᠢ | ᠲᠦᠷᠦᠭᠳᠡᠯ ᠢᠶᠠᠷ ᠦᠨᠡᠯᠡᠯᠲᠡ ᠬᠢᠬᠦ ᠭᠤᠣᠯ ᠦᠨᠳᠦᠰᠦᠯᠡᠯ ᠪᠣᠯᠭᠠᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ | ᠣᠷᠣᠨ ᠨᠤᠲᠤᠭ ᠪᠣᠯᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠷᠤᠭᠠᠰᠤ ᠶᠢ ᠨᠡᠮᠡᠭᠳᠡᠭᠦᠯᠬᠦ ᠠᠴᠠ | ᠰᠡᠷᠭᠡᠶᠢᠯᠡᠬᠦ ᠬᠡᠷᠡᠭᠲᠡᠢ᠃ | ᠣᠳᠣᠬᠠᠨ ᠳᠤ᠂ ᠪᠦᠬᠦ ᠨᠠᠮ ᠢᠶᠠᠷ ᠢᠶᠠᠨ ᠶᠠᠭ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ | ᠪᠠᠶᠢᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠰᠤᠷᠤᠯᠴᠠᠯᠭ᠎ᠠ ᠬᠥᠮᠦᠵᠢᠯ ᠢᠶᠠᠷ ᠬᠥᠳᠡᠯᠭᠡᠬᠦ ᠬᠦᠴᠦᠨ | ᠪᠣᠯᠭᠠᠨ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢ | ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ | ᠢᠯᠡᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠨ ᠠᠷᠠᠳ ᠤᠯᠠᠨ ᠳᠤ ᠢᠳᠡᠪᠬᠢᠲᠡᠢ ᠪᠠᠷ ᠪᠣᠳᠠᠲᠠᠢ | ᠶᠠᠪᠤᠳᠠᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠨᠠᠩ ᠰᠠᠶᠢᠲᠤᠷ ᠬᠥᠭᠵᠢᠭᠡᠨ᠂ ᠵᠠᠬ᠎ᠠ | ᠳᠡᠯᠭᠡᠭᠦᠷᠴᠢᠯᠡᠬᠦ ᠬᠠᠤᠯᠢᠵᠢᠬᠤ ᠣᠯᠠᠨ ᠤᠯᠤᠰᠴᠢᠯᠠᠬᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠣᠶ | ᠪᠣᠯᠭᠠᠬᠤ ᠳᠤ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠬᠠᠲᠠᠭᠤ ᠪᠡᠷᠬᠡ ᠪᠠᠶᠢᠨ᠎ᠠ᠃ ᠪᠢᠳᠡ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ | ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠥᠭᠡᠳᠡᠯᠡᠨ ᠳᠠᠪᠰᠢᠵᠤ | ᠦᠢᠯᠡᠰ ᠪᠦᠲᠦᠭᠡᠵᠦ᠂ ᠪᠣᠳᠠᠲᠠᠢ ᠪᠠᠷ ᠠᠵᠢᠯᠯᠠᠨ ᠰᠢᠨ᠎ᠡ ᠶᠢ ᠡᠭᠦᠳᠴᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠵᠡᠷᠭᠡ ᠭᠤᠣᠯᠳᠠᠯᠭ᠎ᠠ ᠲᠠᠢ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠵᠢᠯ ᠤᠨ ᠬᠠᠷᠠᠯᠲᠠ | ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ | ᠨᠠᠮ ᠤᠨ ᠵᠠᠭᠤᠨ ᠵᠢᠯ ᠤᠨ ᠤᠢ ᠶᠢᠨ ᠪᠠᠶᠠᠷ ᠢ ᠪᠡᠯᠭᠡᠯᠡᠶ᠎ᠡ᠃ | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |